ᠰᠤᠷᠪᠤᠯᠵᠢᠯᠠᠭᠰᠠᠨ ᠴᠠᠭ᠄ 2016 ᠤᠨ ᠤ 9 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨᠡᠬᠢ 9 ᠴᠠᠭ | | ᠰᠤᠷᠪᠤᠯᠵᠢᠯᠠᠭᠰᠠᠨ ᠵᠤᠴᠢᠨ᠄ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠡᠳ᠋ ᠳᠠᠷᠤᠭ᠎ᠠ ᠵᠤᠤ ᠶᠦᠡᠭ | ᠬᠤᠸᠠ | | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ︽12 · 5︾ ᠶᠢᠨ ᠲᠦᠯᠦᠪᠵᠢᠬᠦᠯᠭᠡ ᠶᠢᠨ ᠬᠤᠭᠤᠴᠠᠭᠠᠨ ᠳᠤ᠂ ᠮᠠᠨ ᠤ ᠣᠷᠣᠨ ᠤ ᠡᠯ᠎ᠡ ᠱᠠᠲᠤᠨ ᠤ | ᠵᠠᠰᠠᠭ ᠤᠨ ᠣᠷᠳᠣᠨ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠰᠢᠰᠲ᠋ᠧᠮ ᠤᠨ ᠬᠢᠨ ᠰᠢᠨ᠎ᠡ ᠶᠢ ᠡᠭᠦᠳᠬᠦ | ᠮᠠᠶ᠋ᠢᠭ ᠤᠨ ᠤᠯᠤᠰ ᠢ ᠪᠥᠳᠥᠭᠡᠨ ᠪᠠᠶᠢᠭᠤᠯᠬᠤ ᠲᠤᠬᠠᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ | ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠪᠠᠶᠢᠭᠤᠯᠤᠯ ᠤᠨ | ᠲᠣᠭᠲᠠᠴᠠ ᠶᠢ ᠪᠦᠷᠢᠨᠰᠢᠬᠦᠯᠬᠦ᠂ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ᠂ ᠦᠢᠯᠡᠴᠢᠯᠡᠭᠡᠨ ᠤ ᠦᠷ᠎ᠡ | ᠠᠰᠢᠭ ᠢ ᠨᠡᠮᠡᠭᠳᠡᠭᠦᠯᠬᠦ ᠵᠡᠷᠭᠡ ᠲᠠᠯ᠎ᠠ ᠪᠠᠷ ᠮᠠᠰᠢ ᠤᠯᠠᠨ ᠠᠰᠢᠭ ᠲᠠᠢ ᠰᠦᠪᠡᠭᠴᠢᠯᠡᠯᠳᠡ ᠪᠤᠯᠤᠨ ᠦᠢᠯᠡᠳᠦᠯᠭᠡ ᠬᠢᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠠᠯᠬᠤᠴᠠ ᠲᠦᠷᠭᠡᠳᠦᠭᠰᠡᠨ ᠪᠠᠶᠢᠨ᠎ᠠ᠃ 2015 | ᠣᠨ ᠪᠣᠯᠬᠤ ᠳᠤ᠂ ᠮᠠᠨ ᠤ ᠣᠷᠣᠨ ᠤ ᠭᠤᠣᠯ ᠪᠣᠯᠬᠤ ᠲᠠᠷᠢᠮᠠᠯ ᠤᠨ ᠰᠠᠶᠢᠨ ᠦᠷ᠎ᠡ ᠶᠢᠨ ᠪᠦᠷᠬᠦᠴᠡ ᠶᠢᠨ ᠨᠤᠷᠮ᠎ᠠ | 95% ᠠᠴᠠ ᠳᠡᠭᠡᠭᠰᠢ ᠳᠤ ᠬᠦᠷᠴᠦ᠂ ᠭᠡᠷ ᠤᠨ ᠲᠡᠵᠢᠭᠡᠪᠦᠷᠢ ᠶᠢᠨ ᠡᠭᠦᠯᠳᠡᠷ ᠢ ᠰᠠᠶᠢᠵᠢᠷᠠᠭᠤᠯᠤᠭᠰᠠᠨ ᠨᠣᠷᠮ᠎ᠠ | 98% ᠠᠴᠠ ᠳᠡᠭᠡᠭᠰᠢ ᠳᠤ ᠬᠦᠷᠴᠦ᠂ ᠲᠠᠷᠢᠮᠠᠯ ᠤᠨ ᠶᠡᠷᠦᠩᠭᠡᠶᠢᠯᠡᠭᠰᠡᠨ ᠮᠠᠰᠢᠨᠴᠢᠯᠠᠯᠲᠠ ᠶᠢᠨ ᠬᠡᠮᠵᠢᠶ᠎ᠡ 81% ᠳᠤ | ᠬᠦᠷᠴᠦ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠳᠤ ᠦᠵᠡᠭᠦᠯᠦᠭᠰᠡᠨ | ᠬᠤᠪᠢ ᠨᠡᠮᠡᠷᠢ ᠶᠢᠨ ᠨᠣᠷᠮ᠎ᠠ 51.8% ᠳᠤ ᠬᠦᠷᠴᠦ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ | ᠮᠡᠷᠭᠡᠵᠢᠯ ᠨᠢ ᠪᠦᠬᠦ ᠣᠷᠣᠨ ᠤ ᠠᠮᠤ ᠪᠤᠳᠠᠭᠠᠨ ᠤ ︽ᠠᠷᠪᠠᠨ ᠬᠤᠶᠠᠷ ᠵᠢᠯ ᠳᠠᠷᠠᠭᠠᠯᠠᠭᠰᠠᠨ ᠡᠯᠪᠡᠭ ᠬᠤᠷᠢᠶᠠᠯᠲᠠ︾᠂ | ᠮᠠᠯ ᠠᠵᠤ ᠠᠬᠤᠶ ᠶᠢᠨ ︽ᠠᠷᠪᠠᠨ ᠨᠢᠭᠡᠨ ᠵᠢᠯ ᠳᠠᠷᠠᠭᠠᠯᠠᠭᠰᠠᠨ ᠲᠣᠭᠲᠠᠭᠤᠨ ᠦᠰᠦᠯᠲᠡ︾ ᠮᠠᠯᠴᠢᠨ | ᠲᠠᠷᠢᠶᠠᠴᠢᠳ ᠤᠨ ︽ᠠᠷᠪᠠᠨ ᠬᠤᠶᠠᠷ ᠵᠢᠯ ᠳᠠᠷᠠᠭᠠᠯᠠᠭᠰᠠᠨ ᠣᠷᠣᠯᠭ᠎ᠠ ᠶᠢᠨ ᠨᠡᠮᠡᠭᠳᠡᠯ︾ ᠲᠠᠢ ᠪᠤᠯᠬᠤ ᠳᠤ ᠴᠢᠬᠤᠯᠠ | ᠲᠤᠯᠭᠠᠭᠤᠷᠢᠯᠠᠬᠤ ᠦᠢᠯᠡᠳᠦᠯ ᠦᠵᠡᠭᠦᠯᠪᠡ᠃ | | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ᠄ | | | ᠬᠥᠲᠥᠯᠥᠭᠴᠢ᠄ | ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠣᠰ ᠬᠤᠭᠤᠴᠠᠭᠠᠨ ᠤ ︽ᠳᠤᠮᠳᠠᠳᠤ ᠤᠯᠤᠰ · | ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠭᠰᠡᠨ ᠳᠤ | ᠪᠠᠶᠠᠷᠯᠠᠵᠤ ᠪᠠᠶᠢᠨ᠎ᠠ︕ ᠥᠨᠥᠳᠦᠷ ᠪᠢᠳᠡ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠡᠳ᠋ ᠳᠠᠷᠤᠭ᠎ᠠ ᠵᠤᠤ | ᠶᠦᠡᠭ ᠬᠤᠸᠠ ᠶᠢ ᠤᠷᠢᠵᠤ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠤᠬᠠᠶ ᠲᠠ ᠪᠦᠬᠦᠨ ᠲᠠᠢ ᠰᠦᠯᠵᠢᠶ᠎ᠡ ᠪᠠᠷ ᠳᠠᠮᠵᠢᠨ ᠰᠣᠯᠢᠯᠴᠠᠬᠤ ᠶᠢᠨ | ᠬᠠᠮᠲᠤ᠂ ᠰᠦᠯᠵᠢᠶᠡᠨ ᠠᠨᠳᠠ ᠨᠠᠷ ᠤᠨ ᠠᠰᠠᠭᠤᠯᠲᠠ ᠶᠢ ᠬᠠᠷᠢᠭᠤᠯᠬᠤ ᠪᠣᠯᠤᠨ᠎ᠠ᠃ ᠵᠣᠣ ᠲᠢᠩᠬᠢᠮ ᠤᠨ ᠳᠠᠷᠤᠭ᠎ᠠ ᠶᠢ | ᠪᠠᠶᠠᠷᠯᠠᠨ ᠤᠭᠲᠤᠵᠤ ᠪᠠᠶᠢᠨ᠎ᠠ︕ | | ᠵ᠊ᠤᠤ ᠶᠦᠡᠭ ᠬᠤᠸᠠ᠄ | ᠬᠥᠲᠥᠯᠥᠭᠴᠢ ᠰᠠᠶᠢᠨ ᠪᠠᠶᠢᠨ᠎ᠠ ᠤᠤ᠂ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠠ | ᠣᠯᠠᠨ ᠲᠠᠢ ᠰᠦᠯᠵᠢᠶ᠎ᠡ ᠪᠠᠷ ᠶᠠᠷᠢᠯᠴᠠᠬᠤ ᠪᠤᠯᠤᠭᠰᠠᠨ ᠳᠠᠭᠠᠨ ᠰᠡᠳᠬᠢᠯ ᠮᠠᠰᠢ ᠦᠨᠳᠦᠷ ᠪᠠᠶᠢᠨ᠎ᠠ᠃ | | ᠬᠥᠲᠥᠯᠥᠭᠴᠢ᠄ | ︽12 · 5︾ ᠶᠢᠨ ᠲᠦᠯᠦᠪᠵᠢᠬᠦᠯᠭᠡ ᠶᠢᠨ ᠬᠤᠭᠤᠴᠠᠭᠠᠨ ᠳᠤ᠂ ᠮᠠᠨ ᠤ ᠣᠷᠣᠨ ᠲᠠᠷᠢᠶᠠᠯᠠᠩ ᠮᠠᠯ ᠠᠵᠤ | ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ | ᠪᠤᠢ︖ | | ᠵᠤᠤ ᠶᠦᠡᠭ ᠬᠤᠸᠠ᠄ | ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ | ᠪᠣᠯᠭᠠᠬᠤ ᠪᠠᠶᠢᠯᠳᠤᠬᠤ ᠪᠤᠳᠤᠯᠭ᠎ᠠ ᠶᠢᠨ ᠱᠠᠭᠠᠷᠳᠠᠯᠭ᠎ᠠ ᠪᠣᠯᠤᠨ ᠪᠠᠶᠢᠷᠢᠯᠠᠭᠤᠯᠤᠯᠲᠠ ᠶᠢᠨ ᠲᠤᠭᠤᠷᠢᠨ ᠳᠤ᠂ ᠮᠠᠨ ᠤ | ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ | ᠲᠤᠬᠠᠶᠢᠯᠠᠭᠰᠠᠨ ᠠᠵᠢᠯ ᠤᠨ ᠪᠣᠳᠠᠲᠠᠶ ᠲᠠᠢ ᠤᠶᠠᠯᠳᠤᠭᠤᠯᠤᠨ ᠭᠤᠤᠯᠳᠠᠭᠤ ᠳᠣᠣᠷᠠᠬᠢ ᠭᠤᠷᠪᠠᠨ ᠲᠠᠯ᠎ᠠ ᠶᠢᠨ | ᠪᠦᠳᠦᠭᠡᠨ ᠪᠠᠶᠢᠭᠤᠯᠤᠯᠲᠠ ᠶᠢ ᠳᠤᠪᠤᠶᠢᠯᠭᠠᠪᠠ᠄ ᠨᠢᠭᠡ ᠳᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠰᠢᠰᠲ᠋ᠧᠮᠵᠢ ᠶᠢ ᠬᠦᠴᠦᠯᠡᠨ ᠪᠠᠶᠢᠭᠤᠯᠪᠠ᠃ ᠰᠢᠨ᠎ᠡ ᠴᠠᠭ | ᠦᠶ᠎ᠡ ᠳᠠᠬᠢ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ | ᠶᠣᠰᠣᠭᠠᠷ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ | ᠬᠤᠳᠠ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠪᠠᠷ | ᠭᠤᠣᠯᠳᠠᠯᠭ᠎ᠠ ᠪᠣᠯᠭᠠᠨ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠢᠶᠠᠷ | ᠭᠤᠤᠯᠯᠠᠭᠴᠢ ᠪᠤᠯᠭᠠᠵᠤ᠂ ᠥᠪᠡᠷᠲᠡᠭᠡᠨ ᠵᠠᠰᠠᠬᠤ ᠣᠷᠣᠨ ᠤ ᠴᠡᠴᠡᠷᠯᠢᠭ ᠤᠨ ᠮᠡᠷᠭᠡᠵᠢᠯ ᠤᠨ ᠰᠤᠳᠤᠯᠤᠯ ᠤᠨ | ᠬᠦᠷᠢᠶᠡᠯᠡᠩ ᠪᠤᠯᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠶᠢᠨ ᠪᠠᠶᠢᠴᠠᠭᠠᠬᠤ | ᠲᠥᠯᠥᠪᠵᠢᠭᠦᠯᠭᠡ ᠶᠢᠨ ᠬᠦᠷᠢᠶᠡᠯᠡᠩ ᠢᠶᠠᠷ ᠨᠥᠬᠦᠪᠥᠷᠢ ᠪᠣᠯᠭᠠᠵᠤ᠂ ᠣᠷᠣᠨ ᠨᠤᠲᠤᠭ ᠤᠨ ᠶᠡᠭᠡ ᠳᠡᠭᠡᠳᠦ ᠰᠤᠷᠭᠠᠭᠤᠯᠢ | ᠪᠤᠯᠤᠨ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠢᠶᠠᠷ ᠤᠳᠤᠷᠢᠳᠬᠠᠯ | ᠪᠤᠯᠭᠠᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢ | ᠪᠠᠶᠢᠭᠤᠯᠪᠠ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠳᠠ ᠶᠢᠨ ᠱᠠᠲᠤᠨ ᠤ ᠰᠢᠨᠵᠢᠯᠡᠬᠦ | ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢ 22 ᠪᠠᠶᠢᠭᠤᠯᠵᠤ᠂ 1760 ᠠᠵᠢᠯᠲᠠᠨ ᠲᠠᠢ︔ ᠮᠠᠯ ᠠᠵᠤ ᠠᠬᠤᠶ | ᠲᠠᠷᠢᠶᠠᠯᠠᠩ ᠲᠠᠢ ᠬᠤᠯᠪᠣᠭᠳᠠᠬᠤ ᠭᠤᠣᠯᠳᠠᠯᠭ᠎ᠠ ᠲᠠᠢ ᠨᠡᠭᠡᠭᠡᠯᠲᠡᠲᠦ ᠲᠤᠷᠰᠢᠯᠲᠠ ᠶᠢᠨ ᠲᠠᠰᠤᠭ 10᠂ | ᠢᠨᠵᠧᠨᠧᠷᠢᠩ ᠤᠨ ᠮᠡᠷᠭᠡᠵᠢᠯ ᠤᠨ ᠰᠤᠳᠤᠯᠤᠯ ᠤᠨ ᠲᠥᠪ 23 ᠂ ᠰᠢᠨᠵᠢᠯᠡᠬᠦ ᠤᠬᠠᠭᠠᠨ ᠤ ᠰᠤᠳᠤᠯᠤᠯ ᠤᠨ ᠰᠠᠭᠤᠷᠢᠨ | ᠭᠠᠵᠠᠷ ᠢ 24 ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠰᠢᠨ᠎ᠡ | ᠡᠭᠦᠳᠦᠯᠲᠡ ᠶᠢᠨ ᠲᠠᠪᠴᠠᠩ ᠢ ᠠᠩᠬ᠎ᠠ ᠠᠯᠬᠤᠮ ᠪᠠᠶᠢᠭᠤᠯᠪᠠ᠃ ᠦᠨᠳᠦᠰᠦᠨ ᠱᠠᠲᠤᠨ ᠤ ᠲᠠᠷᠢᠶᠠᠯᠠᠩ ᠮᠠᠯ ᠠᠵᠤ | ᠠᠬᠤᠶ ᠶᠢᠨ ᠬᠥᠭᠵᠢᠯᠲᠡ ᠪᠤᠯᠤᠨ ᠮᠠᠯᠴᠢᠨ ᠲᠠᠷᠢᠶᠠᠴᠢᠳ ᠤᠨ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠪᠠᠷ | ᠭᠤᠣᠯ ᠪᠣᠯᠭᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ᠂ ᠰᠤᠮᠤ ᠰᠢᠶᠠᠩ | ᠪᠠᠯᠭᠠᠰᠤ ᠲᠥᠷᠪᠡᠨ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠰᠢᠰᠲ᠋ᠧᠮᠵᠢ ᠪᠣᠯᠤᠨ | ᠠᠮᠢᠲᠠᠨ ᠤ ᠬᠢᠵᠢᠭ ᠢ ᠰᠡᠷᠭᠡᠶᠢᠯᠡᠬᠦ ᠬᠢᠭᠡᠳ ᠬᠢᠨᠠᠯᠲᠠ ᠲᠠᠯᠪᠢᠬᠤ ᠰᠢᠰᠲ᠋ᠧᠮᠵᠢ᠂ ᠭᠤᠷᠪᠠᠨ ᠱᠠᠲᠤᠨ ᠤ ᠲᠠᠷᠢᠮᠠᠯ ᠤᠨ | ᠡᠪᠡᠳᠴᠢᠨ ᠬᠤᠷᠣᠬᠠᠶ ᠶᠢᠨ ᠬᠥᠨᠥᠭᠡᠯ ᠢ ᠤᠷᠢᠳᠴᠢᠯᠠᠨ ᠰᠡᠷᠭᠡᠶᠢᠯᠡᠬᠦ ᠬᠢᠨᠠᠨ ᠬᠡᠮᠵᠢᠬᠦ ᠰᠢᠰᠲ᠋ᠧᠮᠵᠢ ᠪᠣᠯᠤᠨ ᠮᠠᠯ ᠤᠨ | ᠠᠰᠢᠭ ᠰᠢᠮ᠎ᠡ ᠲᠠᠷᠢᠶᠠᠯᠠᠩ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢᠨ | ᠰᠢᠰᠲ᠋ᠧᠮᠵᠢ ᠶᠢ ᠪᠠᠶᠢᠭᠤᠯᠵᠤ᠂ ᠳᠡᠯᠭᠡᠷᠡᠭᠦᠯᠬᠦ ᠪᠠᠶᠢᠭᠤᠯᠤᠮᠵᠢ ︵ᠡᠭᠦᠨ ᠳᠤ ᠥᠪᠡᠷᠲᠡᠭᠡᠨ ᠵᠠᠰᠠᠬᠤ ᠣᠷᠣᠨ ᠤ | ᠱᠠᠲᠤᠨ ᠤ 12᠂ ᠠᠶᠢᠮᠠᠭ ᠬᠤᠲᠠ ᠶᠢᠨ ᠱᠠᠲᠤᠨ ᠤ 131᠂ ᠬᠤᠰᠢᠭᠤ ᠰᠢᠶᠠᠨ ᠠᠴᠠ ᠳᠣᠷᠣᠭᠰᠢᠬᠢ 2086︶ ᠶᠢ | ᠨᠡᠶᠢᠲᠡ 2229 ᠪᠠᠶᠢᠭᠤᠯᠵᠤ᠂ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠠᠵᠢᠯᠲᠠᠨ 2 ᠲᠦᠮᠡ ᠪᠠᠶᠢᠵᠤ᠂ ᠡᠯ᠎ᠡ | ᠵᠦᠢᠯ ᠤᠨ ᠮᠡᠷᠭᠡᠵᠢᠯ ᠤᠨ ᠳᠡᠯᠭᠡᠷᠡᠭᠦᠯᠦᠯᠲᠡ ᠪᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠡᠭᠦᠷᠭᠡᠯᠡᠬᠦ | ᠴᠢᠳᠠᠪᠤᠷᠢ ᠶᠢ ᠪᠦᠷᠢᠳᠦᠬᠦᠯᠪᠡ᠃ ᠬᠤᠶᠠᠷ ᠲᠤ᠂ ᠪᠠᠶᠢᠭᠤᠯᠤᠯ ᠲᠣᠭᠲᠠᠴᠠ ᠶᠢᠨ ᠰᠢᠨ᠎ᠡ ᠡᠭᠦᠳᠦᠯᠲᠡ ᠳᠤ ᠰᠠᠭᠤᠷᠢᠯᠠᠨ᠂ | ᠰᠢᠨᠵᠢᠯᠡᠬᠦ ᠤᠬᠠᠭᠠᠨ ᠮᠡᠷᠭᠡᠵᠢᠯ ᠤᠨ ᠥᠭᠡᠷᠡᠴᠢᠯᠡᠯᠲᠡ ᠬᠢᠵᠦ ᠬᠠᠶᠢᠨ ᠰᠦᠪᠡᠭᠴᠢᠯᠡᠬᠦ ᠠᠯᠬᠤᠴᠠ ᠪᠠᠨ ᠬᠦᠴᠦᠯᠡᠨ | ᠲᠦᠷᠭᠡᠳᠬᠡᠪᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠦᠴᠦᠨ | ᠴᠢᠳᠠᠯ ᠢᠶᠠᠨ ᠨᠢᠭᠲᠠᠷᠠᠭᠤᠯᠬᠤ ᠶᠢᠨ ᠲᠤᠰᠠᠳᠠ᠂ ᠲᠥᠷᠥᠯ ᠵᠦᠢᠯ ᠢᠶᠠᠷ ᠬᠤᠯᠪᠣᠭᠠᠰᠤ ᠪᠣᠯᠭᠠᠨ᠂ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠪᠣᠯᠤᠨ ᠠᠶᠢᠮᠠᠭ ᠬᠤᠳᠠ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠤ 6 ᠪᠠᠶᠢᠭᠤᠯᠤᠮᠵᠢ ᠲᠠᠢ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ | ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ︔ ᠲᠠᠷᠢᠶᠠᠯᠠᠩ ᠮᠠᠯ ᠠᠵᠤ ᠠᠬᠤᠶ ᠶᠢᠨ ᠭᠤᠣᠯ ᠤᠳᠤᠷᠢᠳᠤᠮᠵᠢ | ᠪᠣᠯᠬᠤ ᠠᠵᠤ ᠦᠢᠯᠡᠰ ᠤᠨ ᠲᠤᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ | ᠲᠢᠩᠬᠢᠮ ᠠᠴᠠ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ ᠪᠠ ᠰᠤᠮᠤ ᠪᠠᠯᠭᠠᠰᠤᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠬᠥᠮᠦᠰ ᠣᠷᠣᠯᠴᠠᠭᠰᠠᠨ ᠭᠤᠣᠯᠳᠠᠯᠭ᠎ᠠ ᠲᠠᠢ ᠠᠵᠤ | ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠵᠢᠱᠢᠶ᠎ᠡ ᠦᠵᠡᠭᠦᠯᠦᠨ ᠳᠡᠯᠭᠡᠷᠡᠭᠦᠯᠬᠦ ᠪᠦᠯᠬᠦᠮ ᠢ | ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠳᠲᠡᠷ ᠲᠦᠷᠭᠡᠨ ᠪᠣᠳᠠᠲᠠᠶᠢᠵᠢᠬᠤ ᠶᠢ | ᠲᠦᠯᠬᠢᠨ ᠠᠬᠢᠭᠤᠯᠪᠠ᠃ ᠡᠯ᠎ᠡ ᠬᠤᠰᠢᠭᠤ ᠰᠢᠶᠠᠨ ᠨᠢ ᠠᠵᠢᠯᠲᠠᠨ ᠤᠷᠢᠵᠤ ᠬᠡᠷᠡᠭᠯᠡᠬᠦ ᠲᠦᠷᠢᠮ ᠂ ᠠᠵᠢᠯ ᠤᠨ ᠰᠢᠯᠭᠠᠨ | ᠦᠨᠡᠯᠡᠬᠦ ᠲᠦᠷᠢᠮ᠂ ᠳᠡᠯᠭᠡᠷᠡᠭᠦᠯᠬᠦ ᠬᠠᠷᠢᠭᠤᠴᠠᠯᠭ᠎ᠠ ᠶᠢᠨ ᠲᠦᠷᠢᠮ᠂ ᠠᠵᠢᠯᠲᠠᠳ ᠤᠨ ᠪᠣᠯᠪᠠᠰᠤᠷᠠᠭᠤᠯᠤᠯ ᠤᠨ | ᠳᠦᠷᠢᠮ ᠪᠠ ᠣᠯᠠᠨ ᠡᠰᠢᠴᠢᠯᠡᠭᠰᠡᠨ ᠳᠡᠯᠭᠡᠷᠡᠭᠦᠯᠬᠦ ᠲᠦᠷᠢᠮ ᠵᠡᠷᠭᠡ ᠲᠠᠪᠤᠨ ᠵᠦᠢᠯ ᠤᠨ ᠠᠵᠢᠯ ᠤᠨ ᠲᠦᠷᠢᠮ ᠢ ᠴᠥᠮ | ᠪᠠᠶᠢᠭᠤᠯᠤᠨ ᠲᠡᠭᠦᠯᠳᠡᠷᠵᠢᠭᠦᠯᠵᠦ᠂ ᠲᠤᠬᠠᠶᠢᠯᠠᠪᠠᠯ ︽ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠬᠠᠷᠢᠭᠤᠴᠠᠯᠭ᠎ᠠ ᠲᠠᠢ | ᠬᠥᠮᠥᠨ︾᠂ ︽ᠰᠢᠨᠵᠢᠯᠡᠭᠡ ᠮᠡᠷᠭᠡᠵᠢᠯ ᠤᠨ ᠣᠨᠴᠠ ᠲᠣᠮᠢᠯᠠᠭᠳᠠᠭᠰᠠᠳ︾᠂ ︽ᠲᠤᠰᠬᠠᠢ ᠮᠡᠷᠭᠡᠵᠢᠯᠲᠡᠨ — | ᠮᠡᠷᠭᠡᠵᠢᠯ ᠤᠨ ᠵᠢᠭᠠᠨ ᠵᠢᠯᠤᠭᠤᠳᠤᠭᠴᠢ — ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠬᠡ | —ᠨᠥᠯᠥᠭᠡᠯᠡᠨ ᠳᠠᠶᠢᠴᠢᠯᠠᠬᠤ ᠡᠷᠦᠬᠡ︾ ᠵᠡᠷᠭᠡ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠨᠡᠨ ᠬᠦ | ᠪᠦᠲᠦᠮᠵᠢᠲᠡᠶ ᠰᠢᠨ᠎ᠡ ᠲᠣᠭᠲᠠᠴᠠ᠂ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ ᠪᠦᠷᠢᠯᠳᠦᠭᠦᠯᠪᠡ᠃ ᠭᠤᠷᠪᠠ ᠳᠤ᠂ | ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠬᠤ ᠳᠤ ᠰᠠᠭᠤᠷᠢᠯᠠᠨ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠡᠭᠦᠳᠦᠯᠲᠡ ᠪᠠᠷ ᠬᠥᠲᠥᠯᠥᠨ ᠳᠠᠭᠠᠭᠤᠯᠬᠤ ᠶᠢ ᠬᠦᠴᠦᠯᠡᠨ ᠠᠬᠢᠭᠤᠯᠪᠠ᠃ ︽12 · 5︾ | ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠦᠬᠦ ᠣᠷᠣᠨ ᠤ ᠡᠯ᠎ᠡ ᠱᠠᠲᠤᠨ ᠤ ᠲᠠᠷᠢᠶᠠᠯᠠᠩ ᠮᠠᠯ ᠠᠵᠤ | ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠰᠠᠯᠠᠭ᠎ᠠ ᠮᠥᠴᠢᠷ ᠤᠳ ᠤᠯᠤᠰ᠂ ᠥᠪᠡᠷᠲᠡᠭᠡᠨ ᠵᠠᠰᠠᠬᠤ | ᠣᠷᠣᠨ ᠵᠢᠴᠢ ᠣᠷᠣᠨ ᠨᠤᠲᠤᠭ ᠤᠨ ᠡᠯ᠎ᠡ ᠲᠦᠷᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ | 1023 ᠵᠦᠢᠯ ᠢ ᠳᠠᠭᠠᠭᠠᠵᠤ ᠠᠪᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ ᠂ ᠥᠪᠡᠷᠲᠡᠭᠡᠨ ᠵᠠᠰᠠᠬᠤ | ᠣᠷᠣᠨ ᠤ ᠠᠮᠢᠳᠡᠠ ᠤᠷᠭᠤᠮᠠᠯ ᠤᠨ ᠲᠦᠷᠦᠯ ᠡᠭᠦᠯᠳᠡᠷ ᠢ 102 ᠬᠢᠨᠠᠨ ︵ᠦᠨᠡᠮᠰᠢᠨ︶ ᠲᠤᠭᠲᠠᠭᠠᠵᠤ᠂ | ᠤᠯᠤᠰ ᠤᠨ ᠲᠡᠰ᠂ ᠮᠤᠵᠢ ᠶᠠᠮᠤᠨ ᠤ ᠲᠡᠰ ᠵᠢᠴᠢ ᠠᠶᠢᠮᠠᠭ ᠬᠤᠳᠠ ᠶᠢᠨ ᠲᠡᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠱᠠᠩᠨᠠᠯ ᠢ 101 ᠣᠯᠪᠠ᠃ ᠡᠯ᠎ᠡ ᠵᠦᠢᠯ ᠤᠨ ᠰᠢᠨ᠎ᠡ ᠲᠥᠷᠥᠯ ᠡᠭᠦᠯᠳᠡᠷ ᠢ 130 ᠭᠠᠷᠤᠶ | ᠳᠡᠯᠭᠡᠷᠡᠭᠦᠯᠵᠦ᠂ ᠰᠢᠨ᠎ᠡ ᠮᠡᠷᠭᠡᠵᠢᠯ ᠢ ᠲᠥᠪᠯᠡᠷᠡᠭᠦᠯᠦᠨ ᠵᠢᠱᠢᠶ᠎ᠡ ᠦᠵᠡᠭᠦᠯᠦᠭᠰᠡᠨ ᠨᠢ 80 ᠭᠠᠷᠤᠶ ᠪᠠᠶᠢᠨ᠎ᠠ᠃ | ᠲᠠᠷᠢᠮᠠᠯ ᠤᠨ ᠦᠢᠯᠡᠰ ᠲᠤ ᠠᠮᠤ ᠪᠤᠳᠠᠭ᠎ᠠ ᠲᠤᠰᠤ ᠲᠠᠷᠢᠮᠠᠯ ᠤᠨ ᠥᠨᠳᠥᠷ ᠤᠨᠠᠯᠲᠠ ᠶᠢ ᠡᠭᠦᠳᠦᠨ ᠪᠠᠶᠢᠭᠤᠯᠬᠤ ᠂ | ᠡᠷᠳᠡᠨᠢ ᠰᠢᠰᠢ ᠶᠢ ︽ᠬᠤᠶᠠᠷ ᠢ ᠬᠤᠶᠠᠷ ᠵᠠᠭᠤ ᠨᠡᠮᠡᠭᠳᠡᠭᠦᠯᠬᠦ︾ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ | ᠦᠢᠯᠡᠴᠢᠯᠡᠭᠡᠨ ᠤ ᠠᠵᠢᠯᠯᠠᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ | ᠰᠢᠨᠵᠢᠯᠡᠬᠦ ᠤᠬᠠᠭᠠᠨ ᠮᠡᠷᠭᠡᠵᠢᠯ ᠬᠢᠭᠡᠳ ᠦᠢᠯᠡᠳᠪᠦᠷᠢᠯᠡᠯ ᠢ ᠨᠢᠭᠲᠠ ᠤᠶᠠᠯᠳᠤᠭᠤᠯᠬᠤ ᠶᠢ ᠠᠬᠢᠭᠤᠯᠪᠠ᠃ ᠠᠮᠤ | ᠪᠤᠳᠠᠭᠠᠨ ᠤ ᠳᠠᠩ ᠬᠤᠷᠢᠶᠠᠯᠲᠠ ᠨᠢ 2010 ᠣᠨ ᠳᠤ ᠮᠦ ᠪᠦᠷᠢ ᠳᠡᠭᠡᠨ 261.6 ᠺᠢᠯᠣᠭ᠍ᠷᠠᠮ | ᠪᠠᠶᠢᠭᠰᠠᠨ ᠠᠴᠠ ᠪᠠᠨ ᠨᠡᠮᠡᠭᠳᠡᠭᠡᠳ 2015 ᠣᠨ ᠳᠤ 329.1 ᠺᠢᠯᠣᠭ᠍ᠷᠠᠮ ᠪᠣᠯᠵᠤ᠂ 25.8 % ᠪᠠᠷ ᠨᠡᠮᠡᠭᠳᠡᠵᠦ᠂ | ᠠᠮᠤ ᠪᠤᠳᠠᠭᠠᠨ ᠤ ᠬᠤᠷᠢᠶᠠᠯᠲᠠ ᠳᠤ ᠨᠢᠭᠡᠴᠢ ᠲᠠᠯᠠᠪᠠᠢ ᠶᠢᠨ ᠤᠨᠠᠯᠲᠠ ᠳᠡᠭᠡᠭᠰᠢᠯᠡᠭᠦᠯᠬᠦ ᠳᠤ ᠦᠵᠡᠭᠦᠯᠦᠭᠰᠡᠨ ᠬᠤᠪᠢ | ᠨᠡᠮᠡᠷᠢ ᠶᠢᠨ ᠨᠤᠷᠮ᠎ᠠ ᠨᠢ 83.2% ᠲᠤ ᠬᠦᠷᠪᠡ᠃ ᠮᠠᠯ ᠠᠵᠤ ᠠᠬᠤᠶ ᠶᠢᠨ ᠬᠡᠪᠴᠢᠶᠡᠵᠢᠭᠦᠯᠦᠭᠰᠡᠨ ᠲᠡᠵᠢᠭᠡᠨ | ᠦᠷᠡᠵᠢᠭᠦᠯᠬᠦ᠂ ᠰᠢᠯᠢᠳᠡᠭ ᠡᠭᠦᠯᠳᠡᠷ ᠢ ᠰᠣᠩᠭᠤᠨ ᠪᠤᠶᠢᠵᠢᠭᠤᠯᠬᠤ ᠪᠠ ᠨᠤᠲᠤᠭ ᠤᠨ ᠡᠭᠦᠯᠳᠡᠷ ᠰᠠᠶᠢᠵᠢᠷᠠᠭᠤᠯᠤᠭᠰᠠᠨ | ᠵᠡᠷᠭᠡ ᠳᠤ ᠲᠡᠷᠢᠭᠦᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠮᠠᠯ ᠤᠨ ᠪᠣᠳᠠᠭᠠᠯᠢ ︵ᠪᠡᠶ᠎ᠡ︶ ᠶᠢᠨ ᠭᠠᠷᠤᠯᠲᠠ ᠶᠢ | ᠳᠡᠭᠡᠭᠰᠢᠯᠡᠭᠦᠯᠬᠦ ᠳᠤ ᠵᠠᠩᠭᠢᠯᠠᠭ᠎ᠠ ᠶᠢᠨ ᠦᠢᠯᠡᠳᠦᠯ ᠭᠠᠷᠭᠠᠪᠠ᠃ ᠳ᠋ᠦ᠋ ᠪᠦᠸᠧ ᠬᠤᠨᠢ᠂ ᠠᠦ᠋ᠰᠲᠷᠠᠯᠢᠶ᠎ᠠ ᠶᠢᠨ ᠴᠠᠭᠠᠨ | ᠬᠤᠨᠢ ᠶᠢ ᠲᠤᠰ ᠭᠠᠵᠠᠷ ᠤᠨ ᠬᠤᠨᠢ ᠲᠠᠢ ᠡᠷᠯᠢᠰᠡᠵᠢᠭᠦᠯᠦᠭᠡᠳ᠂ 4 ᠰᠠᠷ᠎ᠠ ᠪᠣᠯᠣᠭᠰᠠᠨ ᠬᠤᠷᠠᠭ᠎ᠠ ᠨᠢ ᠲᠤᠰ | ᠭᠠᠵᠠᠷ ᠤᠨ ᠬᠢ ᠠᠴᠠ 300 ᠲᠥᠭᠦᠷᠢᠭ ᠤᠨ ᠣᠷᠣᠯᠭ᠎ᠠ ᠨᠡᠮᠡᠭᠳᠡᠭᠦᠯᠵᠦ᠂ ᠬᠤᠨᠢᠨ ᠮᠢᠬᠠᠨ ᠤ ᠦᠨ᠎ᠡ | ᠪᠠᠭᠤᠷᠠᠭᠰᠠᠨ ᠤ ᠳᠠᠷᠠᠭᠠᠬᠢ ᠥᠪᠥᠷ ᠮᠣᠩᠭᠤᠯ ᠤᠨ ᠬᠤᠨᠢᠨ ᠤ ᠦᠰᠦᠯᠲᠡ ᠶᠢᠨ ᠴᠢᠭᠯᠡᠯᠲᠦ ᠠᠰᠠᠭᠤᠳᠠᠯ ᠢ | ᠰᠢᠢᠳᠪᠦᠷᠢᠯᠡᠪᠡ᠃ ᠦᠢᠯᠡᠳᠪᠦᠷᠢᠯᠡᠬᠦ ᠴᠢᠨᠠᠷ ᠴᠢᠳᠠᠪᠤᠷᠢ ᠶᠢᠨ ᠬᠡᠮᠵᠢᠨ ᠲᠣᠭᠲᠠᠭᠠᠯᠲᠠ ᠶᠢ ᠦᠨᠳᠦᠰᠦᠯᠡᠪᠡᠯ᠂ | ᠬᠤᠰᠲ᠋ᠠᠨ ᠰᠠᠭᠠᠯᠢ ᠶᠢᠨ ᠦᠨᠢᠶᠡᠨ ᠤ ᠭᠠᠷᠤᠯᠲᠠ ᠨᠢ 2010 ᠣᠨ ᠤ ᠬᠢ ᠠᠴᠠ 862 ᠺᠢᠯᠣᠭ᠍ᠷᠠᠮ ᠨᠡᠮᠡᠭᠳᠡᠵᠦ᠂ | ᠰᠥᠨᠢᠳ ᠬᠤᠨᠢ ᠪᠣᠯᠤᠨ ᠰᠢᠮᠧᠨ᠋ᠲᠡᠷ ᠦᠬᠡᠷ ᠤᠨ ᠬᠡᠩᠭᠦᠳᠡᠭ ᠤᠨ ᠬᠦᠨᠳᠦ ᠨᠢ ᠲᠤᠰ ᠲᠤᠰ 2.6 ᠺᠢᠯᠣᠭ᠍ᠷᠠᠮ ᠪᠠ | 20.5 ᠺᠢᠯᠣᠭ᠍ᠷᠠᠮ ᠨᠡᠮᠡᠭᠳᠡᠪᠡ᠃ | | ᠬᠥᠲᠥᠯᠥᠭᠴᠢ᠄ | ᠣᠳᠣᠬᠠᠨ ᠳᠤ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠡᠭᠦᠳᠦᠯᠲᠡ ᠶᠢᠨ ᠲᠠᠯ᠎ᠠ ᠪᠠᠷ ᠪᠠᠰᠠ ᠶᠠᠮᠠᠷ ᠶᠠᠮᠠᠷ ᠲᠣᠪᠤᠶᠢᠮ᠎ᠠ ᠠᠰᠠᠭᠤᠳᠠᠯ ᠣᠷᠣᠰᠢᠵᠤ ᠪᠠᠶᠢᠬᠤ ᠪᠤᠢ︖ | | ᠵᠤᠤ ᠶᠦᠩ ᠬᠤᠸᠠ᠄ | ᠨᠢᠭᠡ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠬᠥᠳᠡᠯᠭᠡᠬᠦ ᠬᠦᠴᠦ ᠬᠦᠷᠦᠯᠴᠡᠬᠦ | ᠦᠭᠡᠢ ᠪᠠᠶᠢᠨ᠎ᠠ᠃ ︽ᠲᠥᠷᠥᠯ ᠵᠦᠢᠯ ᠲᠣᠭᠲᠠᠭᠠᠬᠤ — ᠦᠷ᠎ᠡ ᠪᠦᠲᠦᠭᠡᠯ — ᠲᠤᠰᠢᠶᠠᠯ ᠤᠨ ᠴᠣᠯᠠ︾ ᠶᠢᠨ | ᠤᠳᠤᠷᠢᠳᠤᠮᠵᠢ ᠨᠢ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠤ ᠰᠢᠨᠵᠢᠯᠡᠬᠦ | ᠤᠬᠠᠭᠠᠨ ᠤ ᠰᠤᠳᠤᠯᠤᠯ ᠤᠨ ᠰᠡᠳᠦᠪ ᠲᠣᠭᠲᠠᠭᠠᠬᠤ ᠶᠢᠨ ᠡᠬᠢᠨ ᠤ ᠵᠣᠷᠢᠯᠭ᠎ᠠ ᠨᠢ ᠦᠷ᠎ᠡ ᠪᠦᠲᠦᠭᠡᠯ ᠢ ᠦᠨᠡᠯᠡᠬᠦ᠂ | ᠲᠤᠰᠢᠶᠠᠯ ᠤᠨ ᠴᠣᠯᠠ ᠳᠡᠪᠰᠢᠭᠦᠯᠬᠦ ᠶᠢᠨ ᠲᠥᠯᠥᠭᠡ ᠯᠠ ᠪᠣᠯᠵᠤ ᠪᠠᠶᠢᠨ᠎ᠠ︔ ᠵᠠᠷᠢᠮ ᠬᠤᠰᠢᠭᠤ ᠰᠢᠶᠠᠨ ᠵᠢᠴᠢ | ᠲᠡᠭᠦᠨ ᠠᠴᠠ ᠳᠣᠷᠣᠭᠰᠢᠬᠢ ᠦᠨᠳᠦᠰᠦᠨ ᠱᠠᠲᠤᠨ ᠤ ᠮᠡᠷᠭᠡᠵᠢᠯ ᠤᠨ ᠠᠵᠢᠯᠳᠠᠨ ᠪᠠ ︽ᠨᠤᠲᠤᠭ ᠤᠨ ᠮᠡᠷᠭᠡᠵᠢᠯᠲᠡᠨ︾ | ᠨᠢ ᠰᠤᠷᠤᠯᠭ᠎ᠠ ᠶᠢᠨ ᠨᠠᠮᠲᠠᠷ ᠳᠣᠣᠷ᠎ᠠ ᠪᠤᠶᠤ ᠱᠠᠩᠨᠠᠯ ᠣᠯᠬᠤ ᠵᠡᠷᠭᠡ ᠨᠥᠬᠦᠴᠡᠯ ᠤᠨ ᠬᠢᠵᠠᠭᠠᠷᠯᠠᠯ ᠠᠴᠠ ᠪᠤᠯᠵᠤ᠂ | ᠲᠤᠰᠢᠶᠠᠯ ᠤᠨ ᠴᠣᠯᠠ ᠨᠢ ᠳᠡᠪᠰᠢᠭᠳᠡᠬᠦ ᠦᠭᠡᠢ ᠠᠴᠠ ᠪᠣᠯᠵᠤ ᠠᠵᠢᠯ ᠤᠨ ᠢᠳᠡᠪᠬᠢᠵᠢᠯ ᠨᠢ ᠨᠥᠯᠥᠭᠡᠯᠡᠭᠳᠡᠵᠦ ᠪᠠᠶᠢᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠨᠡᠯᠡᠯᠲᠡ ᠳᠤ ᠡᠷᠳᠡᠮ ᠰᠢᠨᠵᠢᠯᠡᠭᠡᠨ ᠢ ᠬᠦᠨᠳᠦᠳᠬᠡᠵᠦ | ᠬᠡᠷᠡᠭᠯᠡᠭᠡᠨ ᠢ ᠬᠥᠩᠭᠡᠪᠴᠢᠯᠡᠭᠰᠡᠨ ᠠᠴᠠ ᠪᠣᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠰᠢᠨᠵᠢᠯᠡᠬᠦ | ᠤᠬᠠᠭᠠᠨ ᠮᠡᠷᠭᠡᠵᠢᠯ ᠢ ᠰᠤᠳᠤᠯᠤᠨ ᠨᠡᠭᠡᠭᠡᠬᠦ ᠪᠠ ᠰᠢᠨᠵᠢᠯᠡᠬᠦ ᠤᠬᠠᠭᠠᠨ ᠮᠡᠷᠭᠡᠵᠢᠯ ᠢ ᠳᠡᠯᠭᠡᠷᠡᠭᠦᠯᠬᠦ ᠳᠤ ᠴᠥᠮ ᠠᠰᠢᠭ | ᠣᠯᠵᠠᠪᠤᠷᠢ ᠣᠯᠬᠤ ᠦᠭᠡᠢ ᠪᠤᠶᠤ ᠠᠰᠢᠭ ᠣᠯᠵᠠᠪᠤᠷᠢ ᠬᠢᠭᠡᠳ ᠬᠦᠴᠦ ᠬᠦᠯᠦᠰᠦ ᠵᠠᠷᠤᠴᠠᠭᠤᠯᠤᠭᠰᠠᠨ ᠯᠤᠭ᠎ᠠ ᠶᠢᠨ | ᠬᠠᠷᠢᠴᠠᠯ ᠨᠢ ᠲᠡᠩᠴᠡᠵᠦ ᠣᠴᠢᠬᠤ ᠦᠭᠡᠢ ᠠᠴᠠ ᠪᠣᠯᠵᠤ ᠰᠢᠨ᠎ᠡ ᠶᠢ ᠡᠭᠦᠳᠬᠦ ᠢᠳᠡ ᠵᠣᠷᠢᠭ ᠨᠢ ᠭᠦᠢᠴᠡᠳ ᠦᠭᠡᠢ | ᠪᠣᠯᠵᠤ ᠪᠠᠶᠢᠨ᠎ᠠ᠃ ᠬᠤᠶᠠᠷ ᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠭᠤᠣᠯ ᠰᠡᠳᠦᠪ | ᠵᠤᠭᠰᠤᠩᠭᠤᠶᠢᠷᠠᠨ ᠬᠤᠴᠣᠷᠴᠤ ᠪᠠᠶᠢᠨ᠎ᠠ᠃ ᠦᠨᠳᠦᠰᠦᠨ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ | ᠳᠡᠯᠭᠡᠷᠡᠭᠦᠯᠬᠦ ᠦᠢᠯᠡᠴᠢᠯᠡᠭᠡᠨ ᠤ 90% ᠠᠴᠠ ᠳᠡᠭᠡᠭᠰᠢᠬᠢ ᠪᠠᠶᠢᠭᠤᠯᠤᠮᠵᠢ ᠶᠢᠨ ︽ᠭᠤᠷᠪᠠᠨ ᠡᠷᠬᠡ︾ ︵ᠬᠥᠮᠦᠨ᠂ | ᠵᠣᠭᠤᠰ ᠮᠥᠩᠭᠦ᠂ ᠡᠳ᠋ ᠪᠣᠳᠠᠰ︶ ᠶᠢ ᠰᠤᠮᠤ ᠰᠢᠶᠠᠩ ᠪᠠᠯᠭᠠᠰᠤ ᠬᠠᠮᠢᠶᠠᠷᠴᠤ᠂ ᠲᠤᠬᠠᠶᠢᠯᠠᠭᠰᠠᠨ ᠠᠵᠢᠯ ᠤᠨ | ᠵᠢᠯᠤᠭᠤᠳᠤᠯᠭ᠎ᠠ ᠶᠢ ᠬᠤᠰᠢᠭᠤ ᠰᠢᠶᠠᠨ ᠤ ᠱᠠᠲᠤᠨ ᠤ ᠳᠡᠯᠭᠡᠷᠡᠭᠦᠯᠬᠦ ᠪᠠᠶᠢᠭᠤᠯᠤᠮᠵᠢ ᠬᠠᠷᠢᠭᠤᠴᠠᠵᠤ ᠪᠠᠶᠢᠬᠤ ᠠᠴᠠ | ᠪᠤᠯᠵᠤ᠂ ︽ᠬᠤᠶᠠᠭᠤᠯᠠ ᠪᠠᠨ ᠬᠠᠮᠢᠶᠠᠷᠬᠤ ᠦᠯᠦ ᠬᠠᠮᠢᠶᠠᠷᠬᠤ︾ ᠪᠤᠰᠤᠳᠴᠢ ᠪᠠᠶᠢᠳᠠᠯ ᠢ ᠪᠤᠶ ᠪᠣᠯᠭᠠᠨ᠂ ᠰᠤᠮᠤ | ᠰᠢᠶᠠᠩ ᠪᠠᠯᠭᠠᠰᠤ ᠶᠢᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠦᠢᠯᠡᠴᠢᠯᠡᠭᠡᠨ ᠤ | ᠪᠠᠶᠢᠭᠤᠯᠤᠮᠵᠢ ᠨᠢ ᠡᠳᠦᠷ ᠲᠤᠳᠤᠮ ᠤᠨ ᠠᠵᠢᠯ ᠦᠷᠨᠢᠭᠦᠯᠬᠦ ᠳᠡᠭᠡᠨ ᠵᠦᠪᠬᠡᠨ ᠰᠤᠮᠤ ᠰᠢᠶᠠᠩ ᠪᠠᠯᠭᠠᠰᠤ ᠶᠢᠨ ᠭᠤᠤᠯ | ᠪᠤᠯᠬᠤ ᠵᠠᠰᠠᠭ ᠤᠨ ᠶᠠᠪᠤᠳᠠᠯ ᠤᠨ ᠲᠤᠭᠤᠷᠢᠨ ᠳᠤ ᠠᠵᠢᠯ ᠬᠢᠵᠦ᠂ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ | ᠳᠡᠯᠭᠡᠷᠡᠭᠦᠯᠬᠦ ᠦᠢᠯᠡᠴᠢᠯᠡᠭᠡᠨ ᠤ ︽ᠳᠤᠲᠠᠭᠤᠳᠠᠯ︾ ᠪᠤᠯᠪᠠ᠃ ᠣᠯᠠᠩᠬᠢ ᠲᠣᠭᠠᠨ ᠤ ᠲᠠᠷᠢᠶᠠᠯᠠᠩ ᠮᠠᠯ ᠠᠵᠤ | ᠠᠬᠤᠶ ᠶᠢᠨ ᠮᠡᠷᠭᠡᠵᠢᠯ ᠳᠡᠯᠭᠡᠷᠡᠭᠦᠯᠬᠦ ᠨᠢᠭᠡᠴᠡ ᠨᠦᠭᠦᠳ ᠴᠢᠬᠤᠯᠠ ᠪᠦᠬᠦᠢ ᠲᠤᠷᠰᠢᠯᠲᠠ ᠬᠢᠵᠦ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠪᠠ ᠲᠥᠬᠦᠭᠡᠷᠦᠮᠵᠢ ᠪᠠᠷ ᠳᠤᠲᠠᠭᠳᠠᠵᠤ᠂ ᠲᠤᠷᠰᠢᠯᠭ᠎ᠠ ᠳᠠᠭᠠᠨ ᠲᠦᠰᠢᠭᠯᠡᠨ᠂ ᠦᠵᠡᠭᠦᠯᠵᠦ ᠵᠢᠭᠠᠬᠤ | ᠠᠷᠭ᠎ᠠ ᠬᠡᠯᠪᠡᠷᠢ ᠪᠠᠷ ᠮᠠᠯᠴᠢᠨ ᠲᠠᠷᠢᠶᠠᠴᠢᠳ ᠲᠤ ᠦᠢᠯᠡᠴᠢᠯᠡᠵᠦ ᠪᠠᠶᠢᠨ᠎ᠠ᠃ ᠰᠢᠨ᠎ᠡ ᠡᠭᠦᠳᠦᠯᠲᠡ ᠶᠢᠨ ᠭᠤᠤᠯ | ᠴᠣᠭᠴᠠ ᠪᠤᠯᠬᠤ — ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠢᠯᠲᠠᠨ ᠴᠥᠭᠡᠨ ᠪᠠᠶᠢᠨ᠎ᠠ᠃ ᠭᠤᠷᠪᠠ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠴᠢᠳᠠᠪᠤᠷᠢᠲᠠᠨ ᠤ ᠡᠩᠨᠡᠭᠡᠨ ᠤ ᠪᠦᠲᠦᠴᠡ ᠵᠦᠢ ᠵᠤᠬᠢᠰ ᠦᠭᠡᠢ ᠪᠠᠶᠢᠨ᠎ᠠ᠃ ᠰᠢᠨᠵᠢᠯᠡᠬᠦ ᠤᠬᠠᠭᠠᠨ ᠤ | ᠰᠤᠳᠤᠯᠭᠠᠨ ᠤ ᠴᠢᠳᠠᠪᠤᠷᠢᠲᠠᠨ ᠤ ᠡᠩᠨᠡᠭᠡ ᠶᠢᠨ ᠪᠦᠲᠦᠴᠡ ᠵᠦᠢ ᠵᠤᠬᠢᠰ ᠦᠭᠡᠢ ᠪᠠᠶᠢᠬᠤ ᠪᠦᠭᠡᠳ ᠨᠢᠭᠡᠳᠦᠭᠡᠷ | ᠹᠷᠣᠨᠲ ᠲᠤ ᠠᠵᠢᠯᠯᠠᠬᠤ ᠰᠢᠨᠵᠢᠯᠡᠬᠦ ᠤᠬᠠᠭᠠᠨ ᠤ ᠰᠤᠳᠤᠯᠭᠠᠨ ᠤ ᠵᠠᠯᠠᠭᠤ ᠠᠵᠢᠯᠳᠡᠠ ᠪᠠ ᠰᠢᠨᠵᠢᠯᠡᠬᠦ ᠤᠬᠠᠭᠠᠨ ᠤ | ᠰᠤᠳᠤᠯᠭᠠᠨ ᠤ ᠲᠤᠰᠠᠯᠠᠭᠴᠢ ᠠᠵᠢᠯᠳᠡᠠ ᠳᠤᠲᠠᠭᠳᠠᠵᠤ ᠪᠠᠶᠢᠨ᠎ᠠ᠃ ᠡᠭᠦᠨ ᠠᠴᠠ ᠭᠠᠳᠠᠨ᠎ᠠ᠂ ᠮᠠᠨ ᠤ ᠤᠷᠤᠨ ᠤ | ᠮᠠᠯᠵᠢᠬᠤ ᠲᠠᠷᠢᠶᠠᠯᠠᠬᠤ ᠤᠷᠤᠨ ᠤ ᠬᠥᠳᠡᠯᠮᠦᠷᠢ ᠶᠢᠨ ᠬᠦᠴᠦᠨ ᠢᠯᠠᠩᠭᠤᠶ᠎ᠠ ᠵᠠᠯᠠᠭᠤ ᠢᠳᠡᠷ ᠬᠥᠳᠡᠯᠮᠦᠷᠢ ᠬᠦᠴᠦᠨ | ᠦᠷᠭᠦᠯᠵᠢᠯᠡᠨ ᠰᠢᠯᠵᠢᠬᠦ ᠶᠢ ᠳᠠᠭᠠᠯᠳᠤᠨ᠂ ︽ᠬᠡᠨ ᠲᠠᠷᠢᠶ᠎ᠠ ᠲᠠᠷᠢᠬᠤ︾ ︽ᠬᠡᠷᠬᠢᠨ ᠲᠠᠷᠢᠶ᠎ᠠ ᠲᠠᠷᠢᠬᠤ︾ | ᠶᠠᠪᠤᠳᠠᠯ ᠨᠢ ᠨᠢᠭᠡᠨᠲᠡ ᠪᠣᠳᠠᠲᠠᠶ ᠪᠥᠭᠡᠳ ᠲᠤᠯᠭᠠᠮ᠎ᠠ ᠠᠰᠠᠭᠤᠳᠠᠯ ᠪᠣᠯᠤᠭᠰᠠᠨ ᠪᠠᠶᠢᠨ᠎ᠠ᠂ ᠮᠠᠨ ᠤ ᠤᠷᠤᠨ ᠤ ᠰᠢᠨ᠎ᠡ | ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠬᠦᠮᠦᠵᠢᠭᠦᠯᠬᠦ ᠳᠤ ᠥᠪᠡᠷᠲᠡᠭᠡᠨ ᠵᠠᠰᠠᠬᠤ ᠣᠷᠣᠨ ᠤ | ᠲᠤᠰᠬᠠᠶ ᠵᠦᠢᠯ ᠤᠨ ᠪᠡᠯᠡ ᠮᠥᠩᠭᠦ ᠪᠠᠶᠢᠬᠤ ᠦᠭᠡᠢ ᠪᠤᠯᠬᠤᠷ᠂ ᠪᠦᠷᠢᠮᠦᠰᠦᠨ 2014 ᠣᠨ ᠠᠴᠠ ᠡᠬᠢᠯᠡᠨ | ᠬᠡᠷᠡᠭᠵᠢᠭᠦᠯᠦᠭᠰᠡᠨ ᠲᠦᠪ ᠤᠨ ᠲᠦᠷᠦᠯ ᠵᠦᠢᠯ ᠳᠤ ᠲᠦᠰᠢᠭᠯᠡᠵᠦ᠂ ᠵᠢᠯ ᠪᠦᠷᠢ 5000 ᠬᠥᠮᠦᠨ ᠪᠤᠯᠪᠠᠰᠤᠷᠠᠭᠤᠯᠵᠤ᠂ | ᠡᠨᠡ ᠵᠢᠯ 1000 ᠬᠦᠮᠦᠨ ᠪᠤᠯᠭᠠᠨ ᠨᠡᠮᠡᠭᠳᠡᠭᠦᠯᠬᠦ ᠪᠠᠷ ᠪᠠᠶᠢᠨ᠎ᠠ᠂ ᠡᠨᠡ ᠨᠢ ᠮᠠᠯᠴᠢᠨ ᠲᠠᠷᠢᠶᠠᠴᠢᠳ ᠤᠨ | ᠪᠣᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠶᠢ ᠮᠦᠨ ᠯᠡ ᠬᠠᠩᠭᠠᠵᠤ ᠳᠡᠶᠢᠯᠬᠦ ᠦᠭᠡᠢ ᠪᠠᠶᠢᠨ᠎ᠠ᠃ | ᠲᠦᠷᠪᠡ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠡᠯᠡ ᠮᠥᠩᠭᠦ ᠶᠢᠨ ᠣᠷᠣᠭᠤᠯᠤᠯᠲᠠ | ᠬᠦᠷᠦᠯᠴᠡᠬᠦ ᠦᠭᠡᠢ ᠪᠠᠶᠢᠨ᠎ᠠ᠃ ᠤᠢᠢᠷ᠎ᠠ ᠶᠢᠨ ᠵᠢᠯ ᠤᠨ ᠲᠤᠷᠰᠢ ᠮᠠᠨ ᠤ ᠣᠷᠣᠨ ᠤ ᠲᠠᠷᠢᠶᠠᠯᠠᠩ ᠮᠠᠯ ᠠᠵᠤ | ᠠᠬᠤᠶ ᠶᠢᠨ ᠰᠢᠨ᠎ᠡ ᠶᠢ ᠡᠭᠦᠳᠬᠦ ᠰᠠᠭᠤᠷᠢ ᠮᠦᠩᠭᠦ ᠶᠢᠨ ᠲᠤᠰᠬᠠᠶ ᠵᠦᠢᠯ ᠨᠢ ᠬᠡᠳᠦ᠋ᠢᠪᠡᠷ ᠡᠳᠦᠢ ᠲᠡᠳᠦᠢ ᠨᠡᠮᠡᠭᠳᠡᠭᠰᠡᠨ | ᠪᠤᠯᠪᠠᠴᠤ ᠪᠦᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠯᠦᠭᠡ ᠬᠠᠷᠢᠴᠠᠭᠤᠯᠬᠤ ᠳᠤ ᠪᠠᠰᠠ ᠪᠠᠭ᠎ᠠ ᠪᠤᠰᠤ | ᠵᠥᠷᠢᠶ᠎ᠡ ᠲᠠᠢ ᠪᠠᠶᠢᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠢᠮ ᠰᠠᠶᠢᠨ ᠰᠢᠨ᠎ᠡ ᠡᠭᠦᠳᠦᠯᠲᠡ ᠶᠢᠨ ᠵᠦᠢᠯ ᠨᠢ | ᠦᠷᠭᠦᠯᠵᠢᠯᠡᠨ ᠲᠣᠭᠲᠠᠭᠤᠨ ᠳᠡᠮᠵᠢᠯᠭᠡ ᠪᠠᠷ ᠳᠤᠲᠠᠮᠠᠭ ᠪᠠᠶᠢᠨ᠎ᠠ᠃ ᠪᠦᠬᠦ ᠣᠷᠣᠨ ᠳᠤ ᠮᠡᠷᠭᠡᠵᠢᠯ ᠢ ᠳᠡᠯᠭᠡᠷᠡᠭᠦᠯᠬᠦ | ᠵᠠᠷᠤᠳᠠᠯ ᠪᠠᠶᠢᠬᠤ ᠦᠭᠡᠢ ᠪᠤᠯᠬᠤᠷ᠂ ᠳᠡᠯᠭᠡᠷᠡᠭᠦᠯᠬᠦ ᠠᠵᠢᠯ ᠨᠢ ᠭᠤᠣᠯᠳᠠᠭᠤ ᠲᠥᠪ ᠪᠠ ᠥᠪᠡᠷᠲᠡᠭᠡᠨ ᠵᠠᠰᠠᠬᠤ | ᠣᠷᠣᠨ ᠤ ᠲᠦᠷᠦᠯ ᠵᠦᠢᠯ ᠳᠤ ᠲᠦᠰᠢᠭᠯᠡᠵᠦ᠂ ᠲᠣᠭᠲᠠᠭᠤᠨ ᠵᠠᠷᠤᠳᠠᠯ ᠤᠨ ᠳᠡᠮᠵᠢᠯᠭᠡ ᠪᠠᠶᠢᠬᠤ ᠦᠭᠡᠢ᠃ | ᠥᠪᠡᠷᠲᠡᠭᠡᠨ ᠵᠠᠰᠠᠬᠤ ᠣᠷᠣᠨ ᠳᠤ ᠲᠤᠷᠰᠢᠯᠲᠠ ᠶᠢᠨ ᠲᠠᠰᠤᠭ᠂ ᠮᠡᠷᠭᠡᠵᠢᠯ ᠤᠨ ᠰᠤᠳᠤᠯᠤᠯ ᠤᠨ ᠲᠥᠪ᠂ | ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠰᠠᠭᠤᠷᠢ ᠨᠥᠬᠦᠴᠡᠯ ᠤᠨ ᠪᠡᠯᠡ ᠮᠦᠩᠭᠦ ᠶᠢᠨ | ᠤᠷᠤᠭᠤᠯᠤᠯᠲᠠ ᠪᠠᠶᠢᠬᠤ ᠦᠭᠡᠢ ᠪᠤᠯᠬᠤᠷ᠂ ᠤᠯᠤᠰ ᠤᠨ ᠲᠦᠷᠦᠯ ᠵᠦᠢᠯ ᠤᠨ ᠣᠯᠠᠩᠬᠢ ᠳᠤᠨᠢ ᠰᠠᠭᠤᠷᠢ ᠪᠦᠲᠦᠭᠡᠨ | ᠪᠠᠶᠢᠭᠤᠯᠤᠯᠲᠠ ᠬᠢᠬᠦ ᠶᠢ ᠵᠦᠪᠰᠢᠶᠡᠷᠡᠬᠦ ᠦᠭᠡᠢ ᠪᠠᠶᠢᠨ᠎ᠠ᠂ ᠡᠶᠢᠮᠦ ᠠᠴᠠ ᠲᠤᠷᠰᠢᠯᠲᠠ ᠬᠢᠬᠦ ᠲᠥᠬᠦᠭᠡᠷᠦᠮᠵᠢ ᠶᠢ | ᠰᠢᠨᠡᠳᠬᠡᠵᠦ ᠴᠢᠳᠠᠬᠤ ᠦᠭᠡᠢ᠂ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠰᠢᠢᠳᠪᠦᠷᠢᠯᠡᠵᠦ | ᠴᠢᠳᠠᠬᠤ ᠦᠬᠡᠢ ᠪᠠᠶᠢᠨ᠎ᠠ᠃ | | ᠬᠥᠲᠥᠯᠥᠭᠴᠢ᠄ | ᠳᠠᠷᠠᠭᠠᠴᠢ ᠶᠢᠨ ᠠᠯᠬᠤᠮ ᠳᠤ ᠮᠠᠨ ᠤ ᠤᠷᠤᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠡᠭᠦᠳᠦᠯᠲᠡ ᠶᠢ ᠲᠦᠯᠬᠢᠨ ᠠᠬᠢᠭᠤᠯᠬᠤ ᠶᠢᠨ ᠭᠤᠣᠯᠳᠠᠯᠭ᠎ᠠ ᠲᠠᠢ ᠠᠵᠢᠯ ᠶᠠᠭᠤ ᠶᠠᠭᠤ ᠪᠠᠶᠢᠬᠤ | ᠪᠤᠢ︖ | | ᠵᠣᠣ ᠶᠥᠩ ᠬᠤᠸᠠ᠄ | ᠨᠢᠭᠡ ᠳᠤ᠂ ᠬᠥᠲᠥᠯᠥᠨ ᠳᠠᠭᠠᠭᠤᠯᠬᠤ ᠴᠢᠨᠠᠷᠲᠠᠶ ᠰᠢᠨ᠎ᠡ ᠡᠭᠦᠳᠦᠯᠲᠡ ᠶᠢ ᠴᠢᠩᠭᠠᠳᠬᠠᠨ᠎ᠠ᠃ ᠤᠳᠤ | ᠦᠶ᠎ᠡ ᠶᠢᠨ ᠦᠷ᠎ᠡ ᠡᠭᠦᠯᠳᠡᠷ ᠤᠨ ᠦᠢᠯᠡᠰ᠂ ᠤᠶᠤᠨᠴᠢ ᠲᠠᠷᠢᠶᠠᠯᠠᠩ ᠮᠠᠯ ᠠᠵᠤ ᠠᠬᠤᠶ᠂ ᠲᠠᠷᠢᠶᠠᠯᠠᠩ ᠮᠠᠯ ᠠᠵᠤ | ᠠᠬᠤᠶ ᠶᠢᠨ ᠡᠬᠢ ᠪᠠᠶᠠᠯᠢᠭ ᠣᠷᠴᠢᠨ ᠲᠤᠭᠤᠷᠢᠨ᠂ ᠲᠠᠷᠢᠶᠠᠯᠠᠩ ᠮᠠᠯ ᠠᠵᠤ ᠠᠬᠤᠶ ᠶᠢᠨ ᠮᠡᠳᠡᠭᠡ ᠵᠠᠩᠭᠢᠵᠢᠯᠲᠠ ᠵᠡᠷᠭᠡ | ᠵᠠᠩᠭᠢᠯᠠᠭ᠎ᠠ ᠶᠢᠨ ᠭᠤᠤᠯᠯᠠᠬᠤ ᠰᠢᠨᠵᠢᠯᠡᠬᠦ ᠤᠬᠠᠭᠠᠨ ᠤ ᠮᠡᠷᠭᠡᠵᠢᠯ ᠤᠨ ᠰᠤᠳᠤᠯᠤᠨ ᠨᠡᠭᠡᠭᠡᠵᠦ ᠠᠰᠢᠭᠯᠠᠬᠤ ᠶᠢ | ᠲᠦᠷᠭᠡᠳᠬᠡᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ ᠲᠦᠷᠦᠯ ᠡᠭᠦᠯᠳᠡᠷ᠂ ᠰᠢᠨ᠎ᠡ ᠮᠡᠷᠭᠡᠵᠢᠯ ᠪᠠ | ᠰᠢᠨ᠎ᠡ ᠲᠤᠨᠤᠬ ᠲᠥᠬᠦᠭᠡᠷᠦᠮᠵᠢ ᠳᠤ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ᠬᠤᠶᠠᠷ ᠲᠤ᠂ | ᠰᠢᠰᠲ᠋ᠧᠮ ᠤᠨ ᠴᠢᠨᠠᠷᠲᠠᠶ ᠰᠢᠨ᠎ᠡ ᠡᠭᠦᠳᠦᠯᠲᠡ ᠶᠢ ᠴᠢᠩᠭᠠᠳᠬᠠᠨ᠎ᠠ᠃ ︽ᠭᠠᠵᠠᠷ ᠰᠢᠷᠤᠢ ᠪᠠᠨ ᠪᠠᠲᠤᠯᠠᠨ᠂ | ᠤᠨᠠᠯᠲᠠ ᠪᠠᠨ ᠳᠡᠭᠡᠭᠰᠢᠯᠡᠭᠦᠯᠬᠦ︾ ᠪᠠ ︽ᠬᠤᠨᠢ ᠢᠮᠠᠭ᠎ᠠ ᠶᠢᠨ ᠲᠤᠭ᠎ᠠ ᠲᠤᠯᠤᠭᠠᠢ ᠶᠢ ᠲᠤᠭᠲᠠᠭᠤᠨ ᠪᠠᠶᠢᠯᠭᠠᠵᠤ | ᠦᠬᠡᠷ ᠭᠠᠭ᠋ᠠᠶ ᠭᠡᠷ ᠤᠨ ᠲᠡᠵᠢᠭᠡᠪᠦᠷᠢ ᠵᠢᠭᠦᠷᠲᠡᠨ ᠤ ᠲᠤᠭ᠎ᠠ ᠶᠢ ᠨᠡᠮᠡᠭᠳᠡᠭᠦᠯᠬᠦ︾ ᠪᠠᠶᠢᠯᠳᠤᠬᠤ ᠪᠤᠳᠤᠯᠭ᠎ᠠ ᠶᠢ | ᠭᠤᠣᠯᠳᠠᠯᠭ᠎ᠠ ᠲᠠᠢ ᠲᠤᠤᠱᠯᠠᠭᠤᠯᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠬᠢᠭᠡᠳ ᠲᠦᠷᠦᠯ ᠵᠦᠢᠯ | ᠳᠡᠭᠡᠭᠰᠢᠯᠡᠭᠦᠯᠬᠦ ᠶᠢ ᠰᠠᠶᠢᠲᠤᠷ ᠬᠡᠷᠡᠭᠵᠢᠭᠦᠯᠵᠦ᠂ ᠠᠮᠤ ᠪᠤᠳᠠᠭᠠᠨ ᠤ ᠪᠤᠬᠢᠷᠳᠤᠯ ᠦᠭᠡᠢ ᠥᠨᠳᠥᠷ ᠪᠦᠲᠦᠮᠵᠢᠲᠡᠶ ᠪᠠᠷ | ᠬᠤᠷᠢᠶᠠᠯᠲᠠ ᠶᠢ ᠨᠢ ᠨᠡᠮᠡᠭᠳᠡᠭᠦᠯᠬᠦ ᠮᠡᠷᠭᠡᠵᠢᠯ ᠤᠨ ᠳᠡᠯᠭᠡᠷᠡᠭᠦᠯᠬᠦ ᠶᠢ ᠭᠦᠨᠵᠡᠭᠡᠢ ᠦᠷᠨᠢᠭᠦᠯᠵᠦ᠂ ᠲᠡᠵᠢᠭᠡᠨ | ᠦᠷᠡᠵᠢᠭᠦᠯᠬᠦ ᠮᠡᠷᠭᠡᠵᠢᠯ ᠢ ᠪᠠᠷᠢᠮᠵᠢᠶᠠᠵᠢᠭᠤᠯᠤᠨ ᠬᠡᠪᠴᠢᠶᠡᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ | ᠬᠤᠷᠢᠶᠠᠯᠲᠠ ᠤᠨᠠᠯᠲᠠ ᠶᠢ ᠲᠣᠭᠲᠠᠪᠤᠷᠢᠵᠢᠭᠤᠯᠤᠨ ᠨᠡᠮᠡᠭᠳᠡᠭᠦᠯᠬᠦ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ | ᠲᠠᠯ᠎ᠠ ᠪᠠᠷ ᠶᠡᠷᠦᠩᠬᠡᠶᠢᠯᠡᠭᠰᠡᠨ ᠰᠢᠢᠳᠪᠦᠷᠢᠯᠡᠬᠦ ᠲᠤᠤᠱᠲᠠᠢ ᠲᠥᠰᠦᠯ ᠢ ᠰᠤᠳᠤᠯᠵᠤ ᠳᠤᠷᠠᠳᠤᠨ ᠭᠠᠷᠭᠠᠬᠤ ᠪᠠᠷ | ᠴᠢᠷᠮᠠᠶᠢᠨ᠎ᠠ᠃ ᠭᠤᠷᠪᠠ ᠳᠤ᠂ ᠪᠦᠬᠦᠯᠢ ᠴᠣᠭᠴᠠ ᠶᠢᠨ ᠴᠢᠨᠠᠷᠲᠠᠶ ᠰᠢᠨ᠎ᠡ ᠡᠭᠦᠳᠦᠯᠲᠡ ᠶᠢ ᠴᠢᠩᠭᠠᠳᠬᠠᠨ᠎ᠠ᠃ ᠡᠯ᠎ᠡ | ᠲᠠᠯ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠨᠢᠭᠡᠳᠦᠯᠲᠡᠶ | ᠲᠥᠯᠥᠪᠯᠡᠵᠦ᠂ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠢ | ᠵᠣᠯᠭᠠᠭᠤᠯᠬᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠪᠣᠯᠣᠨ ᠮᠡᠷᠭᠡᠵᠢᠯ ᠢ ᠵᠣᠯᠭᠠᠭᠤᠯᠬᠤ᠂ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠤᠯ ᠬᠢᠭᠡᠳ ᠳᠡᠯᠭᠡᠷᠡᠭᠦᠯᠦᠯᠲᠡ ᠶᠢ ᠵᠣᠯᠭᠠᠭᠤᠯᠬᠤ ᠪᠠᠷ ᠳᠠᠮᠵᠢᠭᠤᠯᠤᠨ᠂ | ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤ ᠶᠢᠨ ᠴᠣᠭᠴᠠ ᠪᠣᠯᠤᠨ ᠪᠥᠬᠦ | ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠢ ︽ᠵᠣᠬᠢᠴᠠᠯᠳᠤᠨ ᠳᠠᠭᠠᠯᠳᠤᠭᠰᠠᠨ ᠪᠠᠶᠢᠳᠠᠯ︾ ᠲᠠᠢ ᠪᠣᠯᠭᠠᠨ᠎ᠠ᠃ | ᠳᠦᠷᠪᠡ ᠳᠤ᠂ ᠲᠦᠷᠢᠮ ᠤᠨ ᠴᠢᠨᠠᠷᠲᠠᠶ ᠰᠢᠨ᠎ᠡ ᠡᠭᠦᠳᠦᠯᠲᠡ ᠶᠢ ᠴᠢᠩᠭᠠᠳᠬᠠᠨ᠎ᠠ᠃ ᠲᠠᠷᠢᠶᠠᠯᠠᠩ ᠮᠠᠯ ᠠᠵᠤ | ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠡᠷᠬᠡ ᠠᠰᠢᠭ | ᠬᠤᠪᠢᠶᠠᠷᠢᠯᠠᠬᠤ ᠶᠢ ᠪᠦᠷᠢᠨᠰᠢᠭᠦᠯᠵᠦ᠂ ᠦᠷ᠎ᠡ ᠪᠦᠲᠦᠭᠡᠯ ᠤᠨ ᠡᠷᠬᠡ ᠠᠰᠢᠭ ᠢ ᠬᠤᠪᠢᠶᠠᠨ ᠡᠳ᠋ᠯᠡᠬᠦ᠂ ᠰᠢᠯᠵᠢᠭᠦᠯᠦᠨ | ᠤᠯᠠᠷᠢᠭᠤᠯᠬᠤ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ ᠢ ᠲᠦᠷᠦᠯ ᠬᠤᠪᠢᠶᠠᠨ ᠬᠠᠮᠢᠶᠠᠷᠬᠤ | ᠲᠣᠭᠲᠠᠴᠠ ᠶᠢ ᠬᠠᠶᠢᠨ ᠰᠦᠪᠡᠭᠴᠢᠯᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ ᠤ ᠦᠷ᠎ᠡ | ᠪᠦᠲᠦᠭᠡᠯ ᠢᠶᠠᠨ ᠤᠯᠠᠷᠢᠭᠤᠯᠤᠨ ᠠᠰᠢᠭ ᠣᠷᠣᠯᠭ᠎ᠠ ᠬᠤᠪᠢᠶᠠᠨ ᠡᠳ᠋ᠯᠡᠬᠦ ᠬᠠᠷᠢᠴᠠᠯ ᠢ ᠳᠡᠭᠡᠭᠰᠢᠯᠡᠭᠦᠯᠦᠨ᠂ ᠲᠠᠷᠢᠶᠠᠯᠠᠩ | ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠣᠯᠣᠨ ᠠᠵᠢᠯᠳᠠᠨ ᠢ ᠲᠥᠷᠥᠯ | ᠬᠤᠪᠢᠶᠠᠨ ᠦᠨᠡᠯᠡᠬᠦ ᠶᠢ ᠲᠥᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠶᠢᠨ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠷᠠᠭᠤᠯᠤᠨ᠂ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯᠲᠠᠳ ᠤᠨ ᠰᠢᠨ᠎ᠡ ᠶᠢ ᠡᠭᠦᠳᠬᠦ ᠠᠮᠢᠳᠤᠯᠢᠭ ᠬᠦᠴᠦᠨ ᠢ ᠬᠥᠭᠵᠢᠭᠡᠨ᠎ᠡ᠃ | | ᠬᠥᠲᠥᠯᠥᠭᠴᠢ᠄ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠢ ᠠᠯᠢ | ᠬᠡᠳᠦᠨ ᠲᠠᠯ᠎ᠠ ᠪᠠᠷ ᠰᠢᠢᠳᠪᠦᠷᠢᠯᠡᠬᠦ ᠴᠢᠬᠤᠯᠠ ᠲᠠᠢ ᠪᠤᠶ︖ | | ᠵᠣᠣ ᠶᠥᠡᠭ ᠬᠤᠸᠠ᠄ | ᠨᠢᠭᠡ ᠳᠤ᠂ ᠰᠢᠨᠵᠢᠯᠡᠬᠦ ᠤᠬᠠᠭᠠᠨ ᠤ ᠰᠤᠳᠤᠯᠭᠠᠨ ᠬᠢᠭᠡᠳ ᠮᠡᠷᠭᠡᠵᠢᠯ ᠢ ᠳᠡᠯᠭᠡᠷᠡᠭᠦᠯᠬᠦ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠵᠤ᠂ ᠪᠥᠯᠥᠭ ᠬᠡᠰᠡᠭᠯᠡᠯ ᠪᠣᠯᠣᠨ ᠥᠮᠴᠢᠯᠡᠯ ᠤᠨ | ᠳᠦᠷᠢᠮ ᠤᠨ ᠵᠠᠭᠠᠭ ᠬᠢᠵᠠᠭᠠᠷ ᠢ ᠡᠪᠳᠡᠵᠦ᠂ ᠥᠪᠥᠷ ᠮᠣᠩᠭᠤᠯ ᠤᠨ ᠣᠨᠴᠠᠯᠢᠭ ᠪᠥᠬᠦᠢ ᠲᠠᠷᠢᠶᠠᠯᠠᠩ ᠮᠠᠯ ᠠᠵᠤ | ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢ ᠪᠤᠢ ᠪᠣᠯᠭᠠᠨ᠎ᠠ︔ | ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠪᠠᠶᠢᠭᠤᠯᠤᠮᠵᠢ ᠶᠢᠨ ᠡᠭᠦᠷᠭᠡᠯᠡᠵᠦ ᠪᠠᠶᠢᠭ᠎ᠠ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠭᠦᠷᠭᠡ ᠴᠢᠳᠠᠪᠤᠷᠢ ᠶᠢ ᠲᠣᠳᠣᠷᠬᠠᠶᠢᠯᠠᠵᠤ᠂ ᠬᠤᠰᠢᠭᠤ ᠰᠢᠶᠠᠨ ᠰᠤᠮᠤ | ᠰᠢᠶᠠᠩ ᠤᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠪᠠᠶᠢᠭᠤᠯᠤᠮᠵᠢ ᠪᠠᠨ ᠵᠦᠢ ᠵᠣᠬᠢᠰᠲᠠᠶ | ᠪᠠᠶᠢᠷᠢᠯᠠᠭᠤᠯᠤᠨ᠂ ᠬᠠᠮᠢᠶᠠᠷᠤᠯᠲᠠ ᠶᠢᠨ ᠪᠠᠶᠢᠭᠤᠯᠤᠯ ᠢ ᠰᠢᠯᠤᠭᠤᠳᠬᠠᠨ᠂ ︽ᠭᠤᠷᠪᠠᠨ ᠡᠷᠬᠡ ᠶᠢ ᠬᠤᠰᠢᠭᠤ | ᠰᠢᠶᠠᠨ ᠳᠤ ᠪᠤᠴᠠᠭᠠᠬᠤ︾ ᠶᠢ ᠠᠯᠬᠤᠮ ᠠᠯᠬᠤᠮ ᠢᠶᠠᠷ ᠬᠡᠷᠡᠭᠵᠢᠭᠦᠯᠦᠨ ᠶᠠᠪᠤᠭᠳᠠᠭᠤᠯᠤᠨ᠎ᠠ᠃ ᠠᠵᠢᠯ ᠤᠨ ᠵᠠᠷᠤᠳᠠᠯ ᠢ | ᠲᠣᠬᠢᠷᠠᠭᠤᠯᠤᠨ᠂ ᠬᠠᠮᠢᠶ᠎ᠡ ᠪᠦᠬᠦᠢ ᠲᠤᠰᠬᠠᠶ ᠮᠡᠷᠭᠡᠵᠢᠯ ᠢ ᠳᠡᠯᠭᠡᠷᠡᠭᠦᠯᠬᠦ ᠠᠵᠢᠯ ᠤᠨ ᠬᠡᠪ ᠤᠨ ᠪᠠᠶᠢᠳᠠᠯ ᠢᠶᠠᠷ | ᠥᠷᠨᠢᠬᠦ ᠶᠢ ᠪᠠᠲᠤᠯᠠᠨ᠎ᠠ᠃ ᠬᠤᠶᠠᠷ ᠲᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠴᠢᠳᠠᠪᠤᠷᠢᠲᠠᠨ ᠢ | ᠬᠥᠮᠦᠵᠢᠭᠦᠯᠬᠦ᠂ ᠲᠠᠲᠠᠨ ᠠᠪᠴᠢᠷᠠᠬᠤ ᠪᠠ ᠬᠡᠷᠡᠭᠯᠡᠬᠦ ᠳᠤᠮᠳᠠᠬᠢ ᠬᠥᠮᠦᠨ ᠬᠡᠷᠡᠭᠯᠡᠬᠦ ᠨᠢᠭᠡᠴᠡ ᠶᠢᠨ ᠭᠤᠣᠯᠯᠠᠬᠤ ᠪᠠᠶᠢᠷᠢ | ᠰᠠᠭᠤᠷᠢ ᠶᠢ ᠭᠦᠢᠴᠡᠳ ᠪᠠᠳᠠᠷᠠᠭᠤᠯᠵᠤ᠂ ᠬᠡᠷᠡᠭᠴᠡᠭᠡ ᠪᠠᠨ ᠦᠨᠳᠦᠰᠦᠯᠡᠨ ᠴᠢᠳᠠᠪᠤᠷᠢᠲᠠᠨ ᠢ ᠣᠷᠣᠭᠤᠯᠤᠨ | ᠠᠪᠴᠢᠷᠠᠬᠤ ᠪᠠ ᠪᠦᠲᠦᠴᠡ ᠶᠢ ᠰᠢᠯᠢᠳᠡᠭᠵᠢᠭᠦᠯᠦᠨ᠂ ᠬᠥᠮᠦᠨ ᠬᠡᠷᠡᠭᠯᠡᠬᠦ ᠨᠢᠭᠡᠴᠡ ᠳᠤ ᠴᠢᠳᠠᠪᠤᠷᠢᠲᠠᠨ ᠢ ᠤᠷᠢᠨ | ᠬᠡᠷᠡᠭᠯᠡᠬᠦ ᠶᠢᠨ ᠡᠵᠡᠨ ᠮᠡᠳᠡᠬᠦ ᠡᠷᠬᠡ ᠪᠠ ᠠᠮᠢᠳᠤᠯᠢᠭ ᠪᠠᠶᠢᠬᠤ ᠲᠥᠷᠥ ᠶᠢᠨ ᠪᠣᠳᠣᠯᠭ᠎ᠠ ᠶᠢ ᠣᠯᠭᠤᠵᠣ᠂ ᠰᠢᠨᠵᠢᠯᠡᠬᠦ | ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠪᠦᠲᠦᠴᠡ ᠶᠢᠨ ᠠᠰᠠᠭᠤᠳᠠᠯ ᠢ ᠰᠢᠢᠳᠪᠦᠷᠢᠯᠡᠨ᠎ᠡ︔ ᠴᠢᠳᠠᠪᠤᠷᠢᠲᠠᠨ ᠢ | ᠦᠨᠡᠯᠡᠵᠦ ᠰᠢᠯᠭᠠᠨ ᠬᠢᠨᠠᠬᠤ ᠠᠷᠭ᠎ᠠ ᠮᠠᠶ᠋ᠢᠭ ᠢ ᠰᠠᠶᠢᠵᠢᠷᠠᠭᠤᠯᠵᠤ᠂ ᠴᠢᠳᠠᠪᠤᠷᠢᠲᠠᠨ ᠢ ᠬᠢᠨᠠᠨ ᠰᠢᠯᠭᠠᠷᠠᠭᠤᠯᠵᠤ | ᠲᠣᠭᠲᠠᠭᠠᠬᠤ ᠳᠤᠮᠳᠠᠬᠢ ᠬᠥᠮᠦᠨ ᠬᠡᠷᠡᠭᠯᠡᠬᠦ ᠨᠢᠭᠡᠴᠡ ᠶᠢᠨ ᠭᠤᠣᠯ ᠤᠳᠤᠷᠢᠳᠤᠮᠵᠢ ᠶᠢᠨ ᠦᠢᠯᠡᠳᠦᠯ ᠢ ᠳᠣᠪᠤᠶᠢᠯᠭᠠᠨ᠂ | ︽ᠰᠤᠷᠤᠯᠭ᠎ᠠ ᠶᠢᠨ ᠨᠠᠮᠲᠠᠷ ᠢ ᠯᠠ ᠬᠥᠭᠡᠭᠡᠴᠡᠯᠳᠦᠬᠦ᠂ ᠲᠤᠰᠢᠶᠠᠯ ᠤᠨ ᠴᠣᠯᠠ ᠶᠢ ᠯᠠ ᠬᠥᠭᠡᠭᠡᠴᠡᠯᠳᠦᠬᠦ᠂ ᠥᠭᠦᠯᠡᠯ | ᠨᠡᠶᠢᠲᠡᠯᠡᠬᠦ ᠶᠢ ᠯᠡ ᠬᠥᠭᠡᠭᠡᠴᠡᠯᠳᠦᠬᠦ᠂ ᠱᠠᠩᠨᠠᠯ ᠬᠦᠷᠲᠡᠬᠦ ᠶᠢ ᠯᠠ ᠬᠥᠭᠡᠭᠡᠴᠡᠯᠳᠦᠬᠦ︾ ᠦᠵᠡᠭᠳᠡᠯ ᠠᠴᠠ ᠵᠠᠶᠢᠯᠠᠰᠬᠢᠨ᠎ᠠ᠃ | ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠢ ᠬᠥᠮᠦᠵᠢᠭᠦᠯᠬᠦ ᠲᠤᠰᠬᠠᠶ ᠵᠦᠢᠯ ᠢ | ᠬᠡᠷᠡᠭᠵᠢᠭᠦᠯᠵᠦ᠂ ᠠᠵᠢᠯ ᠤᠨ ᠵᠣᠬᠢᠴᠠᠭᠤᠯᠬᠤ ᠪᠠᠶᠢᠭᠤᠯᠤᠮᠵᠢ ᠶᠢ ᠪᠠᠶᠢᠭᠤᠯᠤᠨ᠂ ᠲᠤᠰᠬᠠᠶ ᠵᠦᠢᠯ ᠤᠨ ᠪᠡᠯᠡ | ᠮᠥᠩᠭᠦ ᠶᠢ ᠲᠣᠬᠢᠷᠠᠭᠤᠯᠵᠤ᠂ ᠬᠥᠮᠦᠵᠢᠭᠦᠯᠬᠦ ᠬᠡᠪᠴᠢᠶ᠎ᠡ ᠪᠠᠨ ᠥᠷᠭᠡᠳᠬᠡᠨ᠂ ᠨᠡᠩ ᠤᠯᠠᠨ ᠮᠠᠯᠴᠢᠨ ᠲᠠᠷᠢᠶᠠᠴᠢᠳ ᠲᠤ | ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠤᠨ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ | ᠬᠥᠷᠲᠡᠭᠡᠬᠦ ᠠᠵᠠ ᠵᠠᠪᠰᠢᠶᠠᠨ ᠣᠯᠭᠤᠨ᠎ᠠ᠃ ᠭᠤᠷᠪᠠ ᠳᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠣᠭᠤᠯᠤᠯᠲᠠ ᠪᠠᠨ ᠨᠡᠮᠡᠭᠳᠡᠭᠦᠯᠦᠨ᠎ᠡ᠃ ︽ᠰᠢᠨᠵᠢᠯᠡᠬᠦ ᠤᠬᠠᠭᠠᠨ | ᠮᠡᠷᠭᠡᠵᠢᠯ ᠤᠨ ᠲᠠᠪᠰᠢᠯᠳᠠ ᠶᠢᠨ ᠬᠠᠤᠯᠢ︾᠂ ︽ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠣᠯᠠᠷᠢᠯᠲᠠ ᠶᠢ ᠠᠬᠢᠭᠤᠯᠬᠤ ᠬᠠᠤᠯᠢ︾᠂ ︽ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠬᠠᠤᠯᠢ︾ ᠵᠡᠷᠭᠡ ᠬᠠᠤᠯᠢ | ᠴᠠᠭᠠᠵᠠ ᠬᠠᠤᠯᠢ ᠲᠣᠭᠲᠠᠭᠠᠯ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ | ᠦᠢᠯᠡᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ | ᠵᠠᠰᠠᠭ ᠠᠴᠠ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠪᠣᠯᠣᠨ | ᠳᠡᠯᠭᠡᠷᠡᠭᠦᠯᠦᠯᠲᠡ ᠳᠤ ᠬᠡᠷᠡᠭᠰᠡᠬᠦ ᠵᠠᠷᠤᠳᠠᠯ ᠢ ᠤᠷᠳᠤ ᠬᠤᠭᠤᠴᠠᠭᠠᠨ ᠤ ᠵᠠᠰᠠᠭ ᠤᠨ ᠣᠷᠳᠣᠨ ᠤ ᠬᠥᠲᠥᠯᠥᠨ | ᠵᠢᠯᠤᠭᠤᠳᠬᠤ ᠣᠷᠣᠭᠤᠯᠤᠯᠲᠠ ᠪᠣᠯᠭᠠᠨ ᠡᠳ᠋ ᠤᠨ ᠵᠠᠰᠠᠭ ᠤᠨ ᠲᠥᠰᠦᠪ ᠲᠤ ᠣᠷᠤᠭᠤᠯᠵᠤ᠂ ᠲᠠᠷᠢᠶᠠᠯᠠᠩ ᠮᠠᠯ ᠠᠵᠤ | ᠠᠬᠤᠶ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠᠶᠢᠭᠤᠯᠬᠤ ᠶᠢ ᠳᠡᠮᠵᠢᠵᠦ᠂ ᠲᠠᠷᠢᠶᠠᠯᠠᠩ ᠮᠠᠯ | ᠠᠵᠤ ᠠᠬᠤᠶ ᠳᠤ ᠰᠢᠨ᠎ᠡ ᠮᠡᠷᠭᠡᠵᠢᠯ᠂ ᠰᠢᠨ᠎ᠡ ᠲᠦᠷᠦᠯ ᠡᠭᠦᠯᠳᠡᠷ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ᠂ | ᠦᠷ᠎ᠡ ᠪᠦᠲᠦᠭᠡᠯ ᠢ ᠤᠯᠠᠷᠢᠭᠤᠯᠬᠤ ᠵᠢᠴᠢ ᠳᠡᠯᠭᠡᠷᠡᠭᠦᠯᠬᠦ ᠳᠤ ᠨᠥᠬᠦᠴᠡᠯ ᠪᠦᠷᠢᠯᠳᠦᠭᠦᠯᠵᠦ ᠥᠭᠬᠦ ᠶᠢᠨ ᠬᠠᠮᠲᠤ᠂ | ᠡᠳ᠋ ᠤᠨ ᠬᠦᠴᠦᠨ ᠤ ᠪᠠᠲᠤᠯᠠᠭ᠎ᠠ ᠬᠠᠨᠭ᠍ᠭᠠᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠡᠭᠦᠳᠦᠯᠲᠡ ᠶᠢ ᠲᠣᠭᠲᠠᠭᠤᠨ ᠢᠶᠠᠷ ᠳᠡᠮᠵᠢᠨ᠎ᠡ᠃ | | ᠬᠥᠲᠥᠯᠥᠭᠴᠢ᠄ | ᠵᠣᠣ ᠳᠠᠷᠤᠭ᠎ᠠ ᠶᠢᠨ ᠲᠠᠶᠢᠯᠦᠮᠵᠢ ᠬᠢᠭᠰᠡᠨ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠨᠠᠶᠢᠵᠠ ᠨᠠᠷ ᠤᠨ | ᠣᠷᠣᠯᠴᠠᠭᠰᠠᠨ ᠳᠤ ᠪᠠᠶᠠᠷᠯᠠᠵᠤ ᠪᠠᠶᠢᠨ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠵᠠᠪᠰᠠᠷᠯᠠᠯ᠎ᠠ᠂ | ᠳᠠᠷᠠᠭᠠᠴᠢ ᠶᠢᠨ ᠬᠤᠭᠤᠴᠠᠭᠠᠨ ᠤ ᠫᠷᠤᠭ᠍ᠷᠠᠮ ᠳᠤ ᠪᠠᠶᠠᠷᠲᠠᠢ ᠵᠣᠯᠭᠠᠶ᠎ᠠ︕ |