ᠰᠤᠷᠪᠤᠯᠵᠢᠯᠠᠭᠰᠠᠨ ᠴᠠᠭ᠄ 2017 ᠣᠨ ᠤ 11 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨᠡᠬᠢ 10 ᠴᠠᠭ | | ᠰᠤᠷᠪᠤᠯᠵᠢᠯᠠᠭᠰᠠᠨ ᠵᠣᠴᠢᠨ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ | ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠵᠢᠶ᠋ᠨ ᠶᠣᠸᠠᠢ ᠹᠧᠩ | | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠲᠦᠷᠢᠮ ᠤᠨ ᠲᠤᠷᠰᠢᠯᠲᠠ ᠶᠢ ᠰᠦᠪᠡᠭᠴᠢᠯᠡᠨ ᠬᠡᠷᠡᠭᠵᠢᠭᠦᠯᠬᠦ ᠪᠣᠯ | ᠲᠥᠪ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠪᠠᠶᠢᠷᠢᠯᠠᠭᠤᠯᠤᠭᠰᠠᠨ ᠴᠢᠬᠤᠯᠠ | ᠶᠡᠭᠡ ᠥᠭᠡᠷᠡᠴᠢᠯᠡᠯᠲᠡ ᠶᠢᠨ ᠡᠭᠦᠷᠭᠡ ᠮᠥᠨ᠃ ᠡᠭᠦᠨ ᠤ ᠵᠣᠷᠢᠯᠭ᠎ᠠ ᠶᠢ ᠬᠡᠷᠡᠭᠯᠡᠬᠦ ᠪᠠ ᠥᠩᠰᠢᠭᠦᠯᠬᠦ ᠶᠢ | ᠤᠶᠠᠯᠳᠤᠭᠤᠯᠬᠤ ᠪᠠᠷ ᠳᠠᠮᠵᠢᠨ ᠡᠷᠳᠡᠨᠢ ᠰᠢᠰᠢ ᠲᠠᠷᠢᠬᠤ ᠶᠢ ᠪᠠᠭᠠᠰᠬᠠᠨ᠂ ᠪᠦᠲᠦᠴᠡ ᠶᠢ ᠰᠢᠯᠢᠳᠡᠭᠵᠢᠭᠦᠯᠦᠨ | ᠣᠷᠣᠯᠭ᠎ᠠ ᠶᠢ ᠪᠠᠲᠤᠯᠠᠵᠤ᠂ ᠬᠠᠮᠤᠭ ᠡᠴᠦᠰ ᠲᠤ ᠬᠡᠪᠰᠢᠭᠰᠡᠨ ᠡᠭᠡᠯᠵᠢᠯᠡᠨ ᠲᠠᠷᠢᠬᠤ ᠳᠦᠷᠢᠮ ᠢ ᠪᠦᠷᠢᠯᠳᠦᠭᠦᠯᠦᠨ᠎ᠡ | ᠬᠡᠮᠡᠨ ᠬᠤᠷᠢᠶᠠᠩᠭᠤᠶᠢᠯᠠᠵᠤ ᠪᠣᠯᠣᠨ᠎ᠠ᠃ ᠡᠨᠡ ᠪᠣᠯ ᠨᠢᠭᠡᠨ ᠥᠭᠡᠷᠡᠴᠢᠯᠡᠯᠲᠡ ᠶᠢᠨ ᠡᠭᠦᠷᠭᠡ᠂ ᠡᠷᠬᠡᠪᠰᠢ ᠲᠠᠷᠢᠶᠠᠨ | ᠭᠠᠵᠠᠷ ᠤᠨ ᠡᠭᠡᠯᠵᠢᠯᠡᠨ ᠲᠠᠷᠢᠬᠤ ᠲᠦᠷᠢᠮ ᠤᠨ ᠲᠤᠷᠰᠢᠯᠲᠠ ᠪᠠᠷ ᠲᠠᠪᠴᠠᠩ ᠪᠣᠯᠭᠠᠵᠤ᠂ ᠲᠠᠷᠢᠶᠠᠯᠠᠩ ᠤᠨ | ᠣᠨᠣᠯᠵᠢᠬᠤᠨ ᠳᠤ ᠰᠢᠨ᠎ᠡ ᠶᠢ ᠡᠭᠦᠳᠬᠦ᠂ ᠮᠡᠷᠭᠡᠵᠢᠯ ᠤᠨ ᠵᠠᠭᠪᠤᠷ ᠲᠤ ᠰᠢᠨ᠎ᠡ ᠶᠢ ᠡᠭᠦᠳᠬᠦ᠂ ᠣᠷᠣᠭᠤᠯᠤᠯᠲᠠ | ᠭᠠᠷᠭᠠᠯᠲᠠ ᠶᠢᠨ ᠦᠷ᠎ᠡ ᠠᠰᠢᠭ ᠤᠨ ᠵᠠᠭᠪᠤᠷ ᠲᠤ ᠰᠢᠨ᠎ᠡ ᠶᠢ ᠡᠭᠦᠳᠬᠦ᠂ ᠨᠡᠮᠡᠭᠦᠷᠢ ᠶᠢᠨ ᠲᠣᠭᠲᠠᠴᠠ ᠳᠤ ᠰᠢᠨ᠎ᠡ ᠶᠢ | ᠡᠭᠦᠳᠬᠦ ᠪᠠ ᠠᠯᠤᠰ ᠮᠡᠳᠡᠷᠡᠮᠵᠢ ᠶᠢᠨ ᠮᠡᠷᠭᠡᠵᠢᠯ ᠢᠶᠠᠷ ᠰᠠᠭᠤᠷᠢ ᠪᠣᠯᠭᠠᠭᠰᠠᠨ ᠬᠥᠳᠡᠭᠡ ᠠᠵᠤ ᠠᠬᠤᠶ ᠶᠢᠨ ᠡᠵᠡᠩᠨᠡᠯᠲᠡ | ᠬᠠᠮᠢᠶᠠᠷᠤᠯᠲᠠ ᠶᠢᠨ ᠲᠣᠭᠲᠠᠴᠠ ᠶᠢᠨ ᠲᠠᠯ᠎ᠠ ᠪᠠᠷ ᠬᠢ ᠰᠢᠨ᠎ᠡ ᠡᠭᠦᠳᠦᠯᠲᠡ ᠳᠤ ᠰᠢᠪᠲᠤᠯᠤᠯᠲᠠ ᠭᠠᠷᠭᠠᠬᠤ ᠪᠠᠷ | ᠴᠢᠷᠮᠠᠶᠢᠵᠤ᠂ ᠲᠤᠷᠰᠢᠯᠲᠠ ᠳᠠᠭᠤᠰᠤᠭᠰᠠᠨ ᠤ ᠳᠠᠷᠠᠭ᠎ᠠ ᠵᠣᠬᠢᠶᠠᠨ ᠪᠠᠶᠢᠭᠤᠯᠬᠤ ᠠᠷᠭ᠎ᠠ ᠬᠡᠯᠪᠡᠷᠢ᠂ ᠮᠡᠷᠭᠡᠵᠢᠯ ᠤᠨ | ᠵᠠᠭᠪᠤᠷ᠂ ᠲᠦᠷᠦ ᠶᠢᠨ ᠪᠤᠳᠤᠯᠭ᠎ᠠ ᠶᠢᠨ ᠪᠣᠷᠣ ᠲᠥᠯᠥᠪ ᠢᠶᠠᠷ ᠭᠤᠣᠯ ᠴᠣᠭᠴᠠ ᠪᠣᠯᠭᠠᠭᠰᠠᠨ ᠲᠠᠷᠢᠶᠠᠨ ᠭᠠᠵᠠᠷ ᠤᠨ | ᠡᠭᠡᠯᠵᠢᠯᠡᠨ ᠲᠠᠷᠢᠬᠤ ᠪᠦᠷᠢᠨ ᠲᠡᠭᠦᠯᠳᠡᠷ ᠳᠦᠷᠢᠮ ᠢ ᠪᠦᠷᠢᠯᠳᠦᠭᠦᠯᠬᠦ ᠶᠢ ᠱᠠᠭᠠᠷᠳᠠᠪᠠ᠃ | | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ᠄ | | | ᠬᠥᠲᠥᠯᠥᠭᠴᠢ᠄ | ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠣᠰ ᠬᠤᠭᠤᠴᠠᠭᠠᠨ ᠤ《ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠰᠦᠯᠵᠢᠶᠡᠨ ᠳᠠᠬᠢ ᠰᠤᠷᠪᠤᠯᠵᠢᠯᠠᠭ᠎ᠠ ᠶᠢᠨ ᠪᠤᠯᠤᠩ》 ᠢ ᠭᠥᠯᠢᠶᠡᠨ ᠠᠪᠴᠤ | ᠦᠵᠡᠭᠰᠡᠨ ᠳᠤ ᠪᠠᠶᠠᠷᠯᠠᠯ᠎ᠠ᠃ ᠥᠨᠥᠳᠦᠷ ᠪᠢᠳᠡ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠡᠳ᠋ ᠳᠠᠷᠤᠭ᠎ᠠ | ᠵᠢᠶ᠋ᠨ ᠶᠣᠸᠠᠢ ᠹᠧᠩ ᠢ ᠤᠷᠢᠵᠤ᠂ ᠮᠠᠨ ᠤ ᠣᠷᠣᠨ ᠤ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠲᠦᠷᠢᠮ ᠤᠨ | ᠲᠤᠷᠰᠢᠯᠲᠠ ᠶᠢᠨ ᠠᠵᠢᠯ ᠤᠨ ᠲᠤᠬᠠᠶ ᠣᠯᠠᠨ ᠲᠠᠢ ᠰᠠᠨᠠᠯ ᠰᠣᠯᠢᠯᠴᠠᠬᠤ ᠶᠢᠨ ᠬᠠᠮᠲᠤ ᠰᠦᠯᠵᠢᠶᠡᠨ ᠠᠨᠳᠠ ᠶᠢᠨ | ᠠᠰᠠᠭᠤᠯᠲᠠ ᠶᠢ ᠬᠠᠷᠢᠭᠤᠯᠬᠤ ᠪᠠᠷ ᠪᠣᠯᠣᠯ᠎ᠠ᠃ ᠵᠢᠶᠠ ᠲᠢᠩᠬᠢᠮ ᠤᠨ ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ | ᠪᠠᠶᠢᠨ᠎ᠠ︕ | | ᠵᠢᠶ᠋ᠨ ᠶᠣᠸᠠᠢ ᠹᠧᠩ᠄ | ᠬᠥᠲᠥᠯᠥᠭᠴᠢ ᠰᠠᠶᠢᠨ ᠪᠠᠶᠢᠨ᠎ᠠ ᠦᠦ᠂ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠠ | ᠪᠦᠬᠦᠨ ᠲᠠᠢ ᠰᠠᠨᠠᠯ ᠢᠶᠠᠨ ᠰᠣᠯᠢᠯᠴᠠᠬᠤ ᠪᠣᠯᠣᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃ | | ᠬᠥᠲᠥᠯᠥᠭᠴᠢ᠄ | ᠶᠠᠭᠤᠨ ᠳᠤ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠳᠦᠷᠢᠮ ᠤᠨ ᠲᠤᠷᠰᠢᠯᠲᠠ ᠶᠢ ᠪᠠᠶᠢᠭᠤᠯᠬᠤ ᠭᠡᠵᠦ | ᠪᠠᠶᠢᠭ᠎ᠠ ᠪᠠᠨ ᠶᠠᠭᠤᠨ ᠤ ᠤᠷᠢᠳ ᠣᠯᠠᠨ ᠳᠤ ᠲᠠᠨᠢᠯᠴᠠᠭᠤᠯᠤᠭᠠᠳ ᠥᠭᠭᠦᠨ᠎ᠡ ᠦᠦ︖ | | ᠵᠢᠶ᠋ᠨ ᠶᠣᠸᠠᠢ ᠹᠧᠩ᠄ | ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠲᠦᠷᠢᠮ ᠤᠨ ᠲᠤᠷᠰᠢᠯᠲᠠ ᠶᠢ ᠰᠦᠪᠡᠭᠴᠢᠯᠡᠨ ᠬᠡᠷᠡᠭᠵᠢᠭᠦᠯᠬᠦ ᠪᠣᠯ | ᠲᠥᠪ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠪᠠᠶᠢᠷᠢᠯᠠᠭᠤᠯᠤᠭᠰᠠᠨ ᠴᠢᠬᠤᠯᠠ | ᠶᠡᠭᠡ ᠥᠭᠡᠷᠡᠴᠢᠯᠡᠯᠲᠡ ᠶᠢᠨ ᠡᠭᠦᠷᠭᠡ ᠮᠥᠨ᠃ ᠡᠭᠦᠨ ᠤ ᠵᠣᠷᠢᠯᠭ᠎ᠠ ᠶᠢ ᠬᠡᠷᠡᠭᠯᠡᠬᠦ ᠪᠠ ᠥᠩᠰᠢᠭᠦᠯᠬᠦ ᠶᠢ | ᠤᠶᠠᠯᠳᠤᠭᠤᠯᠵᠤ ᠡᠷᠳᠡᠨᠢ ᠰᠢᠰᠢ ᠲᠠᠷᠢᠬᠤ ᠶᠢ ᠪᠠᠭᠠᠰᠬᠠᠨ᠂ ᠪᠦᠲᠦᠴᠡ ᠶᠢ ᠰᠢᠯᠢᠳᠡᠭᠵᠢᠭᠦᠯᠦᠨ ᠣᠷᠣᠯᠭ᠎ᠠ ᠶᠢ | ᠪᠠᠲᠤᠯᠠᠵᠤ᠂ ᠡᠴᠦᠰ ᠲᠤ ᠬᠡᠪᠰᠢᠭᠰᠡᠨ ᠡᠭᠡᠯᠵᠢᠯᠡᠨ ᠲᠠᠷᠢᠬᠤ ᠳᠦᠷᠢᠮ ᠢ ᠪᠦᠷᠢᠯᠳᠦᠭᠦᠯᠦᠨ᠎ᠡ ᠬᠡᠮᠡᠨ | ᠬᠤᠷᠢᠶᠠᠩᠭᠤᠶᠢᠯᠠᠵᠤ ᠪᠣᠯᠣᠨ᠎ᠠ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ | ᠪᠥᠬᠦᠳᠡ ᠬᠤᠷᠠᠯ ᠠᠴᠠ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠲᠦᠷᠢᠮ ᠤᠨ ᠲᠤᠷᠰᠢᠯᠲᠠ ᠥᠷᠨᠢᠭᠦᠯᠬᠦ ᠶᠢ | ᠳᠤᠷᠠᠳᠴᠤ᠂ 2016 ᠣᠨ᠂ 2017 ᠣᠨ ᠳᠤ ᠬᠤᠶᠠᠷ ᠵᠢᠯ ᠳᠠᠷᠠᠭᠠᠯᠠᠨ ᠲᠥᠪ ᠤᠨ ᠨᠢᠭᠡᠳᠦᠭᠡᠷ ᠲᠣᠭᠠᠲᠤ | ᠪᠢᠴᠢᠭ ᠮᠠᠲ᠋ᠧᠷᠢᠶᠠᠯ ᠳᠤ ᠲᠤᠷᠰᠢᠯᠲᠠ ᠥᠷᠨᠢᠭᠦᠯᠬᠦ ᠲᠣᠬᠠᠢ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠨᠢ | ᠲᠥᠪ ᠠᠴᠠ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠡᠷᠡᠰ ᠵᠣᠷᠢᠭ ᠢ ᠭᠦᠢᠴᠡᠳ ᠬᠠᠷᠠᠭᠤᠯᠵᠠᠶ᠃ ᠡᠨᠡ ᠬᠦ | ᠠᠵᠢᠯ ᠢ ᠰᠠᠶᠢᠲᠤᠷ ᠠᠳᠬᠤᠵᠤ ᠴᠢᠳᠠᠬᠤ ᠡᠰᠡᠬᠦ ᠪᠣᠯ ᠬᠥᠳᠡᠭᠡ ᠠᠵᠤ ᠠᠬᠤᠶ ᠶᠢᠨ ᠰᠠᠯᠠᠭ᠎ᠠ ᠮᠥᠴᠢᠷ ᠤᠨ ᠰᠢᠨ᠎ᠡ ᠶᠢ | ᠡᠭᠦᠳᠬᠦ ᠤᠬᠠᠮᠰᠠᠷ ᠪᠣᠯᠤᠨ ᠠᠵᠢᠯᠯᠠᠬᠤ ᠴᠢᠳᠠᠪᠤᠷᠢ ᠳᠠᠬᠢ ᠰᠢᠯᠭᠠᠯᠲᠠ ᠪᠣᠯᠬᠤ ᠶᠤᠮ᠃ ᠡᠨᠡ ᠪᠣᠯ ᠨᠢᠭᠡᠨ | ᠥᠭᠡᠷᠡᠴᠢᠯᠡᠯᠲᠡ ᠶᠢᠨ ᠡᠭᠦᠷᠭᠡ᠂ ᠡᠷᠬᠡᠪᠰᠢ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠲᠦᠷᠢᠮ ᠤᠨ | ᠲᠤᠷᠰᠢᠯᠲᠠ ᠪᠠᠷ ᠲᠠᠪᠴᠠᠩ ᠪᠣᠯᠭᠠᠵᠤ᠂ ᠲᠠᠷᠢᠶᠠᠯᠠᠩ ᠤᠨ ᠣᠨᠣᠯᠵᠢᠬᠤᠨ ᠳᠤ ᠰᠢᠨ᠎ᠡ ᠶᠢ ᠡᠭᠦᠳᠬᠦ᠂ ᠮᠡᠷᠭᠡᠵᠢᠯ ᠤᠨ | ᠵᠠᠭᠪᠤᠷ ᠲᠤ ᠰᠢᠨ᠎ᠡ ᠶᠢ ᠡᠭᠦᠳᠬᠦ᠂ ᠣᠷᠣᠭᠤᠯᠤᠯᠲᠠ ᠭᠠᠷᠭᠠᠯᠲᠠ ᠶᠢᠨ ᠦᠷ᠎ᠡ ᠠᠰᠢᠭ ᠤᠨ ᠵᠠᠭᠪᠤᠷ ᠲᠤ ᠰᠢᠨ᠎ᠡ ᠶᠢ | ᠡᠭᠦᠳᠬᠦ ᠂ ᠨᠡᠮᠡᠭᠦᠷᠢ ᠶᠢᠨ ᠲᠣᠭᠲᠠᠴᠠ ᠳᠤ ᠰᠢᠨ᠎ᠡ ᠶᠢ ᠡᠭᠦᠳᠬᠦ ᠪᠠ ᠠᠯᠤᠰ ᠮᠡᠳᠡᠷᠡᠮᠵᠢ ᠶᠢᠨ ᠮᠡᠷᠭᠡᠵᠢᠯ ᠢᠶᠠᠷ ᠰᠠᠭᠤᠷᠢ | ᠪᠣᠯᠭᠠᠭᠰᠠᠨ ᠬᠥᠳᠡᠭᠡ ᠠᠵᠤ ᠠᠬᠤᠶ ᠶᠢᠨ ᠡᠵᠡᠩᠨᠡᠯᠲᠡ ᠬᠠᠮᠢᠶᠠᠷᠤᠯᠲᠠ ᠶᠢᠨ ᠲᠣᠭᠲᠠᠴᠠ ᠶᠢᠨ ᠲᠠᠯ᠎ᠠ ᠪᠠᠷ ᠬᠢ ᠰᠢᠨ᠎ᠡ | ᠡᠭᠦᠳᠦᠯᠲᠡ ᠳᠤ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠲᠤᠷᠰᠢᠯᠲᠠ ᠳᠠᠭᠤᠰᠤᠭᠰᠠᠨ ᠤ ᠳᠠᠷᠠᠭ᠎ᠠ ᠵᠣᠬᠢᠶᠠᠨ | ᠪᠠᠶᠢᠭᠤᠯᠬᠤ ᠠᠷᠭ᠎ᠠ ᠬᠡᠯᠪᠡᠷᠢ᠂ ᠮᠡᠷᠭᠡᠵᠢᠯ ᠤᠨ ᠵᠠᠭᠪᠤᠷ᠂ ᠲᠦᠷᠦ ᠶᠢᠨ ᠪᠤᠳᠤᠯᠭ᠎ᠠ ᠶᠢᠨ ᠪᠣᠷᠣ ᠲᠥᠯᠥᠪ ᠢᠶᠠᠷ ᠭᠤᠣᠯ | ᠴᠣᠭᠴᠠ ᠪᠣᠯᠭᠠᠭᠰᠠᠨ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠪᠦᠷᠢᠨ ᠲᠡᠭᠦᠯᠳᠡᠷ ᠳᠦᠷᠢᠮ ᠢ ᠪᠦᠷᠢᠯᠳᠦᠭᠦᠯᠬᠦ ᠶᠢ | ᠱᠠᠭᠠᠷᠳᠠᠪᠠ᠃ ᠡᠶᠢᠮᠦ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠨᠡ ᠬᠦ | ᠠᠵᠢᠯ ᠢ ᠴᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠶᠢᠨ ᠬᠠᠮᠲᠤ ᠣᠨ ᠤ ᠭᠤᠣᠯᠳᠠᠯᠭ᠎ᠠ ᠲᠠᠢ ᠰᠢᠮᠳᠠᠭᠤᠯᠤᠨ | ᠪᠠᠶᠢᠴᠠᠭᠠᠬᠤ ᠠᠵᠢᠯ ᠳᠤ ᠵᠢᠭᠰᠠᠭᠠᠨ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠶ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠪᠠᠰᠠ ᠤᠯᠠᠨ ᠤᠳᠠᠭᠠᠨ ᠤ ᠲᠤᠰᠬᠠᠢ ᠵᠦᠢᠯ ᠤᠨ | ᠲᠤᠰᠬᠠᠶ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠬᠤᠯᠪᠣᠭᠳᠠᠯ ᠪᠦᠬᠦᠢ ᠠᠶᠢᠮᠠᠭ ᠬᠤᠳᠠ ᠪᠣᠯᠤᠨ | ᠲᠥᠷᠥᠯ ᠵᠦᠢᠯ ᠲᠠᠢ ᠬᠤᠰᠢᠭᠤ ᠰᠢᠶᠠᠨ ᠡᠷᠬᠡᠪᠰᠢ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠥᠩᠭᠡᠷᠡᠭᠰᠡᠨ ᠤ ᠰᠢᠭ | ᠴᠤᠯᠤ ᠲᠥᠷᠥᠯ ᠵᠦᠢᠯ ᠬᠡᠮᠡᠨ ᠬᠠᠨᠳᠤᠵᠤ ᠪᠣᠯᠬᠤ ᠦᠭᠡᠢ᠂ ᠬᠠᠷᠢᠨ ᠬᠠᠷᠢᠭᠤᠴᠠᠯᠭᠠᠲᠤ ᠰᠡᠳᠬᠢᠯᠭᠡ ᠂ ᠡᠭᠦᠷᠭᠡᠲᠦ | ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠨᠡᠮᠡᠭᠳᠡᠭᠦᠯᠦᠨ᠂ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠵᠤ᠂ ᠵᠣᠬᠢᠴᠠᠭᠤᠯᠬᠤ ᠪᠠᠨ ᠴᠢᠩᠭᠠᠳᠬᠠᠵᠤ᠂ ᠬᠦᠴᠦ ᠪᠠᠨ ᠬᠠᠮᠲᠤᠳᠬᠠᠨ ᠳᠥᠯᠭᠢᠨ | ᠠᠬᠢᠭᠤᠯᠵᠤ᠂ ᠪᠣᠳᠠᠲᠠᠶᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃ | | ᠬᠥᠲᠥᠯᠥᠭᠴᠢ᠄ | ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠲᠦᠷᠢᠮ ᠤᠨ ᠲᠤᠷᠰᠢᠯᠲᠠ ᠪᠠᠷ ᠳᠠᠮᠵᠢᠨ ᠶᠠᠮᠠᠷ ᠬᠠᠷᠠᠯᠲᠠ ᠶᠢ | ᠪᠡᠶᠡᠯᠡᠭᠦᠯᠬᠦ ᠪᠤᠢ︖ | | ᠵᠢᠶ᠋ᠨ ᠶᠣᠸᠠᠢ ᠹᠧᠩ᠄ | ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠲᠦᠷᠢᠮ ᠤᠨ ᠲᠤᠷᠰᠢᠯᠲᠠ ᠥᠷᠨᠢᠭᠦᠯᠬᠦ ᠪᠠᠷ ᠳᠠᠮᠵᠢᠨ᠂ ᠣᠷᠣᠨ | ᠨᠤᠲᠤᠭ ᠢ ᠬᠥᠲᠥᠯᠥᠨ ᠵᠢᠯᠣᠭᠤᠳᠴᠤ ᠪᠠᠶᠢᠭᠠᠳ ᠦᠢᠯᠡᠳᠪᠦᠷᠢᠯᠡᠯ ᠤᠨ ᠣᠨᠣᠯᠵᠢᠬᠤᠨ ᠢ ᠨᠢ ᠬᠤᠪᠢᠷᠠᠭᠤᠯᠵᠤ᠂ | ᠲᠤᠭ᠎ᠠ ᠬᠡᠮᠵᠢᠶ᠎ᠡ ᠶᠢ ᠴᠢᠬᠤᠯᠠᠴᠢᠯᠠᠵᠤ ᠪᠠᠶᠢᠭᠰᠠᠨ ᠠᠴᠠ ᠲᠤᠭ᠎ᠠ ᠬᠡᠮᠵᠢᠶ᠎ᠡ᠂ ᠶᠠᠰᠤ ᠴᠢᠨᠠᠷ ᠢ ᠵᠡᠷᠭᠡ ᠪᠠᠷ | ᠴᠢᠬᠤᠯᠠᠴᠢᠯᠠᠬᠤ ᠵᠦᠭ ᠬᠤᠪᠢᠷᠠᠭᠤᠯᠤᠨ᠂ ᠭᠠᠷᠤᠯᠲᠠ ᠪᠠ ᠦᠷ᠎ᠡ ᠠᠰᠢᠭ ᠢ ᠨᠡᠮᠡᠭᠳᠡᠭᠦᠯᠬᠦ ᠶᠢ ᠨᠢᠭᠡᠳᠬᠡᠵᠤ᠂ | ᠦᠢᠯᠡᠳᠪᠦᠷᠢᠯᠡᠯ ᠠᠮᠢ ᠠᠬᠤᠶ ᠶᠢ ᠬᠠᠷᠢᠯᠴᠠᠨ ᠵᠣᠬᠢᠴᠠᠭᠤᠯᠬᠤ ᠶᠢ ᠪᠡᠶᠡᠯᠡᠭᠦᠯᠦᠨ᠎ᠡ︔ ᠲᠠᠷᠢᠶᠠᠴᠢᠳ ᠢ ᠬᠥᠲᠥᠯᠥᠨ | ᠵᠢᠯᠣᠭᠤᠳᠴᠤ ᠪᠠᠶᠢᠭᠠᠳ ᠲᠠᠷᠢᠮᠠᠯ ᠲᠠᠷᠢᠬᠤ ᠳᠠᠳᠬᠠᠯ ᠢ ᠨᠢ ᠬᠤᠪᠢᠷᠠᠭᠤᠯᠵᠤ᠂ ᠢᠵᠢᠯ ᠨᠢᠭᠡ ᠭᠠᠵᠠᠷ ᠲᠤ ᠵᠢᠯ | ᠳᠠᠷᠠᠭᠠᠯᠠᠨ ᠠᠳᠠᠯᠢ ᠵᠦᠢᠯ ᠤᠨ ᠲᠠᠷᠢᠮᠠᠯ ᠲᠠᠷᠢᠬᠤ ᠪᠠᠶᠢᠳᠠᠯ ᠢ ᠦᠭᠡᠶᠢᠰᠬᠡᠨ᠂ ᠢᠯᠠᠩᠭᠤᠶ᠎ᠠ ᠲᠠᠷᠢᠶᠠᠴᠢᠳ ᠢ ᠬᠥᠲᠥᠯᠥᠨ | ᠵᠢᠯᠣᠭᠤᠳᠴᠤ ᠪᠠᠶᠢᠭᠠᠳ ︽ᠲᠡᠮᠦᠷ ᠡᠰᠢᠲᠦ ᠡᠷᠳᠡᠨᠢ ᠰᠢᠰᠢ ︾ ᠲᠠᠷᠢᠬᠤ ᠳᠠᠳᠬᠠᠯ ᠢ ᠨᠢ ᠬᠤᠪᠢᠷᠠᠭᠤᠯᠵᠤ᠂ ᠲᠠᠷᠢᠶᠠᠨ | ᠭᠠᠵᠠᠷ ᠬᠡᠷᠡᠭᠯᠡᠵᠦ ᠬᠥᠷᠥᠰᠥ ᠥᠩᠰᠢᠭᠦᠯᠬᠦ ᠶᠢ ᠣᠶᠠᠯᠳᠤᠭᠤᠯᠬᠤ ᠶᠢ ᠪᠡᠶᠡᠯᠡᠭᠦᠯᠦᠨ᠎ᠡ᠃ 3— 5 ᠵᠢᠯ ᠤᠨ | ᠬᠤᠭᠤᠴᠠᠭᠠᠨ ᠳᠤ ᠬᠦᠴᠦᠯᠡᠵᠦ ᠪᠠᠶᠢᠭᠠᠳ᠂ ᠨᠢᠭᠡ ᠪᠦᠯᠦᠭ ᠲᠠᠷᠢᠶ᠎ᠠ ᠲᠠᠷᠢᠬᠤ ᠪᠠ ᠲᠠᠷᠢᠶᠠᠨ ᠭᠠᠵᠠᠷ ᠥᠩᠰᠢᠭᠦᠯᠬᠦ ᠶᠢ | ᠤᠶᠠᠯᠳᠤᠭᠤᠯᠤᠭᠰᠠᠨ ᠦᠢᠯᠡᠳᠪᠦᠷᠢᠯᠡᠯ ᠤᠨ ᠮᠡᠷᠭᠡᠵᠢᠯ ᠢ ᠬᠤᠷᠠᠮᠳᠤᠭᠤᠯᠤᠨ ᠳᠡᠯᠭᠡᠷᠡᠭᠦᠯᠵᠦ᠂ ᠲᠠᠷᠢᠶᠠᠨ ᠭᠠᠵᠠᠷ ᠤᠨ | ᠡᠭᠡᠯᠵᠢᠯᠡᠨ ᠲᠠᠷᠢᠬᠤ ᠳᠦᠷᠢᠮ ᠤᠨ ᠵᠢᠷᠤᠮᠯᠠᠨ ᠳᠠᠭᠤᠷᠢᠶᠠᠵᠤ ᠪᠣᠯᠬᠤᠶᠢᠴᠠ ᠵᠠᠭᠪᠤᠷ ᠢ ᠰᠦᠪᠡᠭᠴᠢᠯᠡᠨ ᠳᠡᠯᠭᠡᠷᠡᠭᠦᠯᠬᠦ | ᠪᠥᠭᠡᠳ ᠡᠭᠡᠯᠵᠢᠯᠡᠨ ᠲᠠᠷᠢᠬᠤ ᠲᠤᠷᠰᠢᠯᠲᠠ ᠶᠢᠨ ᠣᠷᠣᠨ ᠤ ᠲᠠᠷᠢᠶᠠᠨ ᠭᠠᠵᠠᠷ ᠤᠨ ᠶᠠᠰᠤ ᠴᠢᠨᠠᠷ ᠤᠨ ᠣᠳᠣᠬᠢ | ᠪᠠᠶᠢᠳᠠᠯ ᠪᠠ ᠬᠤᠪᠢᠷᠠᠯᠲᠠ ᠶᠢᠨ ᠬᠠᠨᠳᠤᠰᠢ ᠵᠢᠴᠢ ᠡᠭᠡᠯᠵᠢᠯᠡᠨ ᠲᠠᠷᠢᠬᠤ ᠳᠦᠷᠢᠮ ᠤᠨ ᠬᠡᠷᠡᠭᠵᠢᠭᠦᠯᠦᠯᠲᠡ ᠨᠢ ᠲᠠᠷᠢᠶᠠᠨ | ᠭᠠᠵᠠᠷ ᠤᠨ ᠶᠠᠰᠤ ᠴᠢᠨᠠᠷ ᠤᠨ ᠬᠤᠪᠢᠷᠠᠯᠲᠠ ᠳᠤ ᠦᠵᠡᠭᠦᠯᠦᠭᠰᠡᠨ ᠨᠥᠯᠥᠭᠡ ᠶᠢ ᠡᠵᠡᠮᠰᠢᠨ᠎ᠠ᠃ | | ᠬᠦᠲᠦᠯᠦᠭᠴᠢ᠄ | ᠲᠡᠭᠡᠪᠡᠯ ᠮᠠᠨ ᠤ ᠣᠷᠣᠨ ᠤ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠳᠦᠷᠢᠮ ᠤᠨ ᠲᠤᠷᠰᠢᠯᠲᠠ ᠶᠢᠨ | ᠠᠵᠢᠯ ᠢ ᠲᠤᠷᠰᠢᠬᠤ ᠣᠷᠣᠨ ᠪᠤᠯ︖ | | ᠵᠢᠶᠠ ᠶᠤᠸᠠᠢ ᠹᠧᠩ᠄ | ᠭᠤᠤᠯᠳᠠᠭᠤ ᠮᠠᠨ ᠤ ᠣᠷᠣᠨ ᠤ ᠥᠨᠳᠥᠷ ᠥᠷᠭᠡᠷᠢᠭ ᠤᠨ ᠬᠦᠢᠲᠡᠨ ᠰᠡᠷᠢᠭᠦᠨ ᠣᠷᠣᠨ᠂ ᠲᠠᠷᠢᠶᠠᠯᠠᠩ ᠮᠠᠯ | ᠠᠵᠤ ᠠᠬᠤᠶ ᠰᠣᠯᠪᠢᠴᠠᠭᠰᠠᠨ ᠣᠷᠣᠨ ᠪᠠ ᠪᠦᠲᠦᠴᠡ ᠪᠠᠷ ᠳᠠᠩ ᠴᠤᠯᠭᠤᠢ ᠦᠷ᠎ᠡ ᠵᠠᠯᠭᠠᠭᠤᠯᠤᠨ ᠲᠠᠷᠢᠭᠰᠠᠨ | ᠬᠦᠨᠳᠦ ᠨᠣᠴᠢᠲᠠᠶ ᠭᠠᠵᠠᠷ ᠣᠷᠣᠨ ᠳᠤ ︽ᠨᠢᠭᠡ ᠵᠦᠢᠯ ᠤᠨ ᠲᠠᠷᠢᠮᠠᠯ ᠢᠶᠠᠷ ᠭᠤᠣᠯᠯᠠᠭᠤᠯᠵᠤ ᠤᠯᠠᠨ ᠵᠦᠢᠯ ᠤᠨ | ᠲᠠᠷᠢᠮᠠᠯ ᠢ ᠬᠠᠪᠰᠤᠷᠭᠠᠬᠤ︾ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ 200 ᠲᠦᠮᠡᠨ ᠮᠥ ᠲᠤᠷᠰᠢᠯᠲᠠ | ᠦᠷᠨᠢᠭᠦᠯᠵᠦ᠂ ᠡᠭᠦᠨ ᠳᠤ 2016 ᠣᠨ ᠤ 100 ᠲᠦᠮᠡᠨ ᠮᠦ ᠳᠡᠭᠡᠷ᠎ᠡ 2017 ᠣᠨ ᠳᠤ ᠰᠢᠨ᠎ᠡ ᠪᠠᠷ ᠨᠡᠮᠡᠭᠰᠡᠨ | 100 ᠲᠦᠮᠡᠨ ᠮᠦ ᠶᠢ ᠪᠠᠭᠲᠠᠭᠠᠪᠠ᠃ ᠡᠳᠡᠭᠡᠷ ᠨᠢ ᠲᠤᠰ ᠲᠤᠰ᠄ ᠬᠥᠯᠥᠨ ᠪᠤᠶᠢᠷ ᠬᠤᠲᠠ ᠶᠢᠨ ︵ᠠᠲᠠᠷ | ᠬᠠᠭᠠᠯᠪᠤᠷᠢᠯᠠᠭᠰᠠᠨ ᠭᠠᠵᠠᠷ ᠪᠠᠭᠲᠠᠨ᠎ᠠ︶ 65 ᠲᠦᠮᠡᠨ ᠮᠥ᠂ ᠬᠢᠩᠭᠠᠨ ᠠᠶᠢᠮᠠᠭ ᠤᠨ 25 ᠲᠦᠮᠡᠨ ᠮᠥ᠂ | ᠲᠦᠩᠯᠢᠶᠣᠤ ᠬᠤᠲᠠ ᠶᠢᠨ 40 ᠲᠦᠮᠡᠨ ᠮᠥ᠂ ᠤᠯᠠᠭᠠᠨᠬᠠᠳᠠ ᠬᠤᠲᠠ ᠶᠢᠨ 10 ᠲᠦᠮᠡᠨ ᠮᠦ᠂ ᠰᠢᠯᠢ ᠶᠢᠨ ᠭᠤᠣᠯ | ᠠᠶᠢᠮᠠᠭ ᠤᠨ 10 ᠲᠦᠮᠡᠨ ᠮᠦ᠂ ᠤᠯᠠᠭᠠᠨᠴᠠᠪ ᠬᠤᠲᠠ ᠶᠢᠨ 15 ᠲᠦᠮᠡᠨ ᠮᠦ᠂ ᠬᠥᠬᠡᠬᠤᠲᠠ ᠶᠢᠨ 5 ᠲᠦᠮᠡᠨ ᠮᠥ᠂ | ᠪᠤᠭᠤᠲᠤ ᠬᠤᠳᠠ ᠶᠢᠨ 5 ᠲᠦᠮᠡᠨ ᠮᠥ᠂ ᠤᠷᠳᠤᠰ ᠬᠤᠳᠠ ᠶᠢᠨ 10 ᠲᠦᠮᠡᠨ ᠮᠦ᠂ ᠪᠠᠶᠠᠨᠨᠠᠭᠤᠷ ᠬᠤᠳᠠ ᠶᠢᠨ | 10 ᠲᠦᠮᠡᠨ ᠮᠦ᠂ ᠠᠯᠠᠱᠠ ᠠᠶᠢᠮᠠᠭ ᠤᠨ 5 ᠲᠦᠮᠡᠨ ᠮᠥ ᠪᠤᠯᠤᠨ᠎ᠠ᠃ ᠡᠯ᠎ᠡ ᠭᠠᠵᠠᠷ ᠤᠨ ᠬᠢᠨ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠲᠤᠬᠠᠶ ᠶᠢᠨ ᠭᠠᠵᠠᠷ ᠤᠨ ᠢᠶᠠᠨ ᠪᠣᠳᠠᠲᠠᠶ ᠳᠤ ᠨᠡᠶᠢᠴᠡᠭᠰᠡᠨ ᠡᠭᠡᠯᠵᠢᠯᠡᠨ ᠳᠠᠷᠢᠬᠤ | ᠵᠠᠭᠪᠤᠷ ᠢ ᠲᠤᠭᠲᠠᠭᠠᠬᠤ ᠬᠡᠷᠡᠭᠲᠡᠢ᠃ | | ᠬᠥᠲᠥᠯᠥᠭᠴᠢ᠄ | ᠮᠠᠨ ᠤ ᠣᠷᠣᠨ ᠤ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠳᠦᠷᠢᠮ ᠤᠨ ᠲᠤᠷᠰᠢᠯᠲᠠ ᠶᠢᠨ ᠴᠢᠭ ᠤᠨ | ᠠᠵᠢᠯ ᠤᠨ ᠮᠡᠷᠭᠡᠵᠢᠯ ᠤᠨ ᠠᠷᠭ᠎ᠠ ᠬᠡᠮᠵᠢᠶ᠎ᠡ ᠨᠢ ᠶᠠᠭᠤ ᠪᠤᠢ︖ | | ᠵᠢᠶᠠ ᠶᠤᠸᠠᠢ ᠹᠧᠩ᠄ | ︽ᠨᠢᠭᠡ ᠵᠦᠢᠯ ᠤᠨ ᠲᠠᠷᠢᠮᠠᠯ ᠢᠶᠠᠷ ᠭᠤᠣᠯᠯᠠᠭᠤᠯᠵᠤ ᠤᠯᠡᠨ ᠵᠦᠢᠯ ᠤᠨ ᠲᠠᠷᠢᠮᠠᠯ ᠢ ᠬᠠᠪᠰᠤᠷᠭᠠᠬᠤ︾ | ᠵᠠᠭᠪᠤᠷ ᠢ ᠭᠤᠣᠯᠳᠠᠯᠭ᠎ᠠ ᠲᠠᠢ ᠳᠡᠯᠭᠡᠷᠡᠭᠦᠯᠦᠨ᠎ᠡ᠃ ︽ᠨᠢᠭᠡ ᠵᠦᠢᠯ ᠤᠨ ᠲᠠᠷᠢᠮᠠᠯ ᠢᠶᠠᠷ ᠭᠤᠤᠯᠯᠠᠭᠤᠯᠬᠤ︾᠄ | ᠲᠤᠬᠠᠶᠢᠯᠠᠪᠠᠯ ᠡᠷᠳᠡᠨᠢ ᠰᠢᠰᠢ ᠪᠠ ᠰᠢᠷ᠎ᠠ ᠪᠤᠷᠴᠠᠭ ᠢ ᠡᠭᠡᠯᠵᠢᠯᠡᠨ ᠲᠠᠷᠢᠵᠤ᠂ ᠰᠢᠷ᠎ᠠ ᠪᠤᠷᠴᠠᠭ ᠤᠨ ᠦᠨᠳᠦᠰᠦᠨ ᠤ | ᠪᠡᠳᠡᠬᠢ ᠶᠢᠨ ᠠᠽᠣᠲ ᠲᠤᠭᠲᠠᠭᠠᠵᠤ ᠲᠠᠷᠢᠶᠠᠨ ᠭᠠᠵᠠᠷ ᠢ ᠦᠩᠰᠢᠭᠦᠯᠬᠦ ᠦᠢᠯᠡᠳᠦᠯ ᠢ ᠪᠠᠳᠠᠷᠠᠭᠤᠯᠵᠤ᠂ ᠬᠥᠷᠥᠰᠥᠨ ᠤ | ᠥᠩ ᠰᠢᠮ᠎ᠡ ᠶᠢ ᠳᠡᠭᠡᠭᠰᠢᠯᠡᠭᠦᠯᠦᠨ᠂ ᠢᠳᠡᠰᠢᠨ ᠤ ᠰᠢᠯᠢᠳᠡᠭ ᠰᠢᠷ᠎ᠠ ᠪᠤᠷᠴᠠᠭ ᠤᠨ ᠬᠠᠩᠭᠠᠯᠭ᠎ᠠ ᠶᠢ ᠨᠡᠮᠡᠭᠳᠡᠭᠦᠯᠬᠦ | ᠪᠤᠯᠤᠨ᠎ᠠ᠃ ︽ᠤᠯᠡᠨ ᠵᠦᠢᠯ ᠤᠨ ᠲᠠᠷᠢᠮᠠᠯ ᠢ ᠬᠠᠪᠰᠤᠷᠭᠠᠬᠤ︾᠄ ᠲᠤᠬᠠᠶᠢᠯᠠᠪᠠᠯ ᠡᠷᠳᠡᠨᠢ ᠰᠢᠰᠢ ᠬᠢᠭᠡᠳ ᠲᠥᠮᠥᠰᠥ᠂ | ᠪᠤᠭᠤᠲᠠᠢ᠂ ᠲᠣᠰᠤᠨ ᠮᠠᠲ᠋ᠧᠷᠢᠶᠠᠯ᠂ ᠡᠯᠳᠡᠪ ᠠᠮᠤ ᠪᠤᠷᠴᠠᠭ ᠤᠨ ᠲᠦᠷᠦᠯ᠂ ᠴᠠᠷᠭᠠᠰᠤ᠂ ᠪᠣᠷᠳᠤᠭᠠᠨ ᠳᠤ ᠬᠡᠷᠡᠭᠯᠡᠬᠦ | ᠨᠣᠬᠠᠶ ᠶᠢᠨ ᠬᠤᠰᠢᠭᠤ ᠵᠡᠷᠭᠡ ᠲᠠᠷᠢᠮᠠᠯ ᠢ ᠡᠭᠡᠯᠵᠢᠯᠡᠨ ᠲᠠᠷᠢᠬᠤ ᠶᠢ ᠬᠡᠷᠡᠭᠵᠢᠭᠦᠯᠵᠦ᠂ ᠦᠷ᠎ᠡ ᠵᠠᠯᠭᠠᠭᠤᠯᠤᠨ ᠲᠠᠷᠢᠬᠤ | ᠪᠤᠶᠤ ᠦᠨᠵᠢᠭᠦᠯᠦᠨ ᠲᠠᠷᠢᠬᠤ ᠶᠢ ᠬᠤᠪᠢᠷᠠᠭᠤᠯᠵᠤ᠂ ᠰᠢᠷᠣᠶ ᠪᠠᠷ ᠲᠠᠷᠬᠠᠬᠤ ᠡᠪᠡᠳᠴᠢᠨ ᠬᠤᠷᠣᠬᠠᠶ ᠶᠢᠨ ᠬᠥᠨᠥᠭᠡᠯ ᠢ | ᠬᠥᠩᠭᠡᠷᠡᠭᠦᠯᠬᠦ᠂ ᠰᠢᠮ᠎ᠡ ᠲᠡᠵᠢᠭᠡᠯ ᠢ ᠠᠰᠢᠭᠯᠠᠬᠤ ᠶᠢ ᠲᠡᠩᠴᠡᠭᠦᠷᠢᠰᠢᠭᠦᠯᠦᠨ᠂ ᠬᠦᠷᠦᠰᠦᠨ ᠤ ᠹᠢᠽᠢᠺ ᠤᠨ ᠰᠢᠨᠵᠢ | ᠪᠠᠶᠢᠳᠠᠯ ᠢ ᠰᠠᠶᠢᠵᠢᠷᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠪᠦᠲᠦᠴᠡ ᠶᠢ | ᠰᠢᠯᠢᠳᠡᠭᠵᠢᠭᠦᠯᠦᠨ᠂ ᠲᠡᠵᠢᠭᠡᠬᠦ ᠪᠠᠷ ᠲᠠᠷᠢᠬᠤ ᠶᠢ ᠳᠠᠭᠠᠭᠤᠯᠬᠤ᠂ ᠲᠠᠷᠢᠬᠤ ᠪᠠᠷ ᠲᠡᠵᠢᠭᠡᠬᠦ ᠶᠢ ᠠᠬᠢᠭᠤᠯᠬᠤ ᠶᠢ ᠲᠦᠯᠬᠢᠨ | ᠠᠬᠢᠭᠤᠯᠤᠨ᠎ᠠ᠃ ᠡᠭᠦᠨ ᠤ ᠬᠠᠮᠲᠤ ᠣᠷᠣᠨ ᠨᠤᠲᠤᠭ ᠤᠨ ᠳᠠᠪᠠᠭᠤᠯᠢᠭ ᠴᠢᠨᠠᠷ ᠲᠠᠢ ᠤᠨᠴᠠᠯᠢᠬᠳᠤ ᠲᠠᠷᠢᠮᠠᠯ ᠢ ᠪᠤᠰᠤᠳ | ᠲᠠᠷᠢᠮᠠᠯ ᠯᠤᠭ᠎ᠠ ᠡᠭᠡᠯᠵᠢᠯᠡᠨ ᠲᠠᠷᠢᠬᠤ ᠵᠠᠭᠪᠤᠷ ᠢ ᠰᠦᠪᠡᠭᠴᠢᠯᠡᠨ ᠥᠷᠨᠢᠭᠦᠯᠬᠦ ᠶᠢ ᠢᠳᠡᠪᠬᠢᠲᠡᠶ ᠪᠠᠷ ᠵᠣᠷᠢᠭᠵᠢᠭᠤᠯᠤᠨ᠎ᠠ᠃ | | | ᠬᠥᠲᠥᠯᠥᠭᠴᠢ᠄ | ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠲᠦᠷᠢᠮ ᠤᠨ ᠲᠤᠷᠰᠢᠯᠲᠠ ᠶᠢᠨ ᠳᠠᠷᠠᠭᠠᠴᠢ ᠶᠢᠨ ᠠᠯᠬᠤᠮ ᠤᠨ | ᠠᠵᠢᠯ ᠤᠨ ᠭᠤᠣᠯᠳᠠᠯᠭ᠎ᠠ ᠨᠢ ᠶᠠᠭᠤ ᠪᠤᠢ︖ | | ᠵᠢᠶᠠ ᠶᠤᠸᠠᠢ ᠹᠧᠩ᠄ | ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠲᠦᠷᠢᠮ ᠤᠨ ᠲᠤᠷᠰᠢᠯᠲᠠ ᠪᠣᠯ ᠡᠭᠦᠳᠦᠯᠲᠡ ᠶᠢᠨ ᠴᠢᠨᠠᠷᠲᠠᠶ | ᠠᠵᠢᠯ ᠮᠥᠨ᠃ ᠲᠤᠷᠰᠢᠯᠲᠠ ᠶᠢᠨ ᠠᠵᠢᠯ ᠢᠶᠠᠷ ᠲᠠᠪᠴᠠᠩ ᠪᠣᠯᠭᠠᠵᠤ᠂ ᠲᠠᠷᠢᠶᠠᠯᠠᠩ ᠤᠨ ᠤᠨᠤᠯᠵᠢᠬᠤᠨ ᠳᠤ | ᠰᠢᠨ᠎ᠡ ᠶᠢ ᠡᠭᠦᠳᠬᠦ᠂ ᠮᠡᠷᠭᠡᠵᠢᠯ ᠤᠨ ᠵᠠᠭᠪᠤᠷ ᠲᠤ ᠰᠢᠨ᠎ᠡ ᠶᠢ ᠡᠭᠦᠳᠬᠦ᠂ ᠤᠷᠤᠭᠤᠯᠤᠯᠲᠠ ᠭᠠᠷᠭᠠᠯᠲᠠ ᠶᠢᠨ ᠦᠷ᠎ᠡ | ᠠᠰᠢᠭ ᠤᠨ ᠵᠠᠭᠪᠤᠷ ᠲᠤ ᠰᠢᠨ᠎ᠡ ᠶᠢ ᠡᠭᠦᠳᠬᠦ᠂ ᠨᠡᠮᠡᠭᠦᠷᠢ ᠶᠢᠨ ᠲᠣᠭᠲᠠᠴᠠ ᠳᠤ ᠰᠢᠨ᠎ᠡ ᠶᠢ ᠡᠭᠦᠳᠬᠦ᠂ ᠠᠯᠤᠰ | ᠮᠡᠳᠡᠷᠡᠮᠵᠢ ᠶᠢᠨ ᠮᠡᠷᠭᠡᠵᠢᠯ ᠢᠶᠠᠷ ᠰᠠᠭᠤᠷᠢ ᠪᠣᠯᠭᠠᠭᠰᠠᠨ ᠬᠥᠳᠡᠭᠡ ᠠᠵᠤ ᠠᠬᠤᠶ ᠶᠢᠨ ᠡᠵᠡᠩᠨᠡᠯᠲᠡ ᠬᠠᠮᠢᠶᠠᠷᠤᠯᠲᠠ ᠶᠢᠨ | ᠲᠣᠭᠲᠠᠴᠠ ᠶᠢᠨ ᠲᠠᠯ᠎ᠠ ᠪᠠᠷ ᠬᠢ ᠰᠢᠨ᠎ᠡ ᠡᠭᠦᠳᠦᠯᠲᠡ ᠳᠤ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ︽ᠨᠢᠭᠡ | ᠲᠠᠪᠴᠠᠩ ᠪᠠᠶᠢᠭᠤᠯᠵᠤ᠂ ᠲᠠᠪᠤᠨ ᠰᠢᠨ᠎ᠡ ᠶᠢ ᠡᠭᠦᠳᠬᠦ︾ ᠪᠠᠶᠢᠷᠢᠰᠢᠯ ᠢ ᠴᠤᠭᠴᠠᠯᠠᠨ ᠪᠠᠶᠢᠭᠤᠯᠬᠤ ᠬᠡᠷᠡᠭᠲᠡᠶ᠃ | ᠨᠢᠭᠡ ᠳᠤ᠂ ᠲᠠᠷᠢᠶᠠᠯᠠᠩ ᠤᠨ ᠤᠨᠤᠯᠵᠢᠬᠤᠨ ᠳᠤ ᠰᠢᠨ᠎ᠡ ᠶᠢ ᠡᠭᠦᠳᠬᠦ ᠶᠢ ᠬᠦᠴᠦᠯᠡᠨ ᠠᠬᠢᠭᠤᠯᠬᠤ ᠬᠡᠷᠡᠭᠲᠡᠶ᠃ | ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠲᠦᠷᠢᠮ ᠤᠨ ᠲᠤᠷᠰᠢᠯᠲᠠ ᠥᠷᠨᠢᠭᠦᠯᠬᠦ ᠪᠠᠷ ᠳᠠᠮᠵᠢᠭᠤᠯᠤᠨ᠂ ᠣᠷᠣᠨ | ᠨᠤᠲᠤᠭ ᠢ ᠬᠥᠲᠥᠯᠥᠨ ᠵᠢᠯᠣᠭᠤᠳᠴᠤ ᠪᠠᠶᠢᠭᠠᠳ ᠦᠢᠯᠡᠳᠪᠦᠷᠢᠯᠡᠯ ᠤᠨ ᠤᠨᠤᠯᠵᠢᠬᠤᠨ ᠢ ᠨᠢ ᠬᠤᠪᠢᠷᠠᠭᠤᠯᠵᠤ᠂ | ᠲᠤᠭ᠎ᠠ ᠬᠡᠮᠵᠢᠶ᠎ᠡ ᠶᠢ ᠴᠢᠬᠤᠯᠠᠴᠢᠯᠠᠵᠤ ᠪᠠᠶᠢᠭᠰᠠᠨ ᠠᠴᠠ ᠲᠤᠭ᠎ᠠ ᠬᠡᠮᠵᠢᠶ᠎ᠡ᠂ ᠶᠠᠰᠤ ᠴᠢᠨᠠᠷ ᠢ ᠵᠡᠷᠭᠡ ᠪᠠᠷ | ᠴᠢᠬᠤᠯᠠᠴᠢᠯᠠᠬᠤ ᠵᠦᠭ ᠬᠤᠪᠢᠷᠠᠭᠤᠯᠤᠨ᠂ ᠭᠠᠷᠤᠯᠲᠠ ᠪᠠ ᠦᠷ᠎ᠡ ᠠᠰᠢᠭ ᠢ ᠨᠡᠮᠡᠭᠳᠡᠭᠦᠯᠬᠦ ᠶᠢ ᠨᠢᠭᠡᠳᠬᠡᠬᠦ᠂ | ᠦᠢᠯᠡᠳᠪᠦᠷᠢᠯᠡᠯ ᠠᠮᠢ ᠠᠬᠤᠢ ᠶᠢ ᠬᠠᠷᠢᠯᠴᠠᠨ ᠵᠣᠬᠢᠴᠠᠯᠳᠤᠭᠤᠯᠬᠤ ᠶᠢ ᠪᠡᠶᠡᠯᠡᠭᠦᠯᠬᠦ ᠬᠡᠷᠡᠭᠲᠡᠶ︔ ᠲᠠᠷᠢᠶᠠᠴᠢᠳ ᠢ | ᠬᠥᠲᠥᠯᠥᠨ ᠵᠢᠯᠣᠭᠤᠳᠴᠤ ᠪᠠᠶᠢᠭᠠᠳ ᠲᠠᠷᠢᠮᠠᠯ ᠲᠠᠷᠢᠬᠤ ᠳᠠᠳᠬᠠᠯ ᠢ ᠨᠢ ᠬᠤᠪᠢᠷᠠᠭᠤᠯᠵᠤ᠂ ᠠᠳᠠᠯᠢ ᠨᠢᠭᠡ ᠭᠠᠵᠠᠷ ᠲᠤ | ᠵᠢᠯ ᠳᠠᠷᠠᠭᠠᠯᠠᠨ ᠠᠳᠠᠯᠢ ᠵᠦᠢᠯ ᠤᠨ ᠲᠠᠷᠢᠮᠠᠯ ᠲᠠᠷᠢᠬᠤ ᠪᠠᠶᠢᠳᠠᠯ ᠢ ᠦᠭᠡᠶᠢᠰᠭᠡᠨ᠂ ᠢᠯᠠᠩᠭᠤᠶ᠎ᠠ ᠲᠠᠷᠢᠶᠠᠴᠢᠳ ᠢ | ᠬᠥᠲᠥᠯᠥᠨ ᠵᠢᠯᠣᠭᠤᠳᠴᠤ ᠪᠠᠶᠢᠭᠠᠳ ︽ᠲᠡᠮᠦᠷ ᠡᠰᠢᠲᠦ ᠡᠷᠳᠡᠨᠢ ᠰᠢᠰᠢ︾ ᠲᠠᠷᠢᠬᠤ ᠳᠠᠳᠬᠠᠯ ᠢ ᠨᠢ | ᠬᠤᠪᠢᠷᠠᠭᠤᠯᠵᠤ᠂ ᠲᠠᠷᠢᠶᠠᠨ ᠭᠠᠵᠠᠷ ᠬᠡᠷᠡᠭᠯᠡᠵᠦ ᠦᠩᠰᠢᠭᠦᠯᠬᠦ ᠶᠢ ᠬᠠᠷᠢᠯᠴᠠᠨ ᠤᠶᠠᠯᠳᠤᠭᠤᠯᠬᠤ ᠶᠢ ᠪᠡᠶᠡᠯᠡᠭᠦᠯᠦᠨ᠎ᠡ᠃ | ᠬᠤᠶᠠᠷ ᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠵᠠᠭᠪᠤᠷ ᠲᠤ ᠰᠢᠨ᠎ᠡ ᠶᠢ ᠡᠭᠦᠳᠬᠦ ᠶᠢ ᠬᠦᠴᠦᠯᠡᠨ ᠠᠬᠢᠭᠤᠯᠬᠤ | ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠳᠤ ᠲᠦᠰᠢᠭᠯᠡᠨ᠂ ᠲᠠᠷᠢᠶᠠᠯᠠᠬᠤ ᠳᠦᠷᠢᠮ ᠢ | ᠰᠠᠶᠢᠵᠢᠷᠠᠭᠤᠯᠬᠤ ᠪᠠ ᠮᠡᠷᠭᠡᠵᠢᠯ ᠤᠨ ᠵᠠᠭᠪᠤᠷ ᠲᠤ ᠰᠢᠨ᠎ᠡ ᠶᠢ ᠡᠭᠦᠳᠬᠦ ᠶᠢ ᠠᠬᠢᠭᠤᠯᠵᠤ᠂ ᠡᠬᠢ ᠪᠠᠶᠠᠯᠢᠭ ᠪᠠ | ᠮᠡᠷᠭᠡᠵᠢᠯ᠂ ᠦᠢᠯᠡᠳᠪᠦᠷᠢᠯᠡᠯ ᠪᠣᠯᠤᠨ ᠠᠮᠢ ᠠᠬᠤᠶ ᠶᠢᠨ ᠵᠤᠬᠢᠴᠠᠯᠳᠤᠯ ᠢ ᠪᠡᠶᠡᠯᠡᠭᠦᠯᠬᠦ ᠬᠡᠷᠡᠭᠲᠡᠶ᠃ ᠲᠠᠷᠢᠮᠠᠯ ᠤᠨ | ᠭᠤᠤᠷᠰᠤ ᠶᠢ ᠰᠢᠯᠢᠳᠡᠭᠵᠢᠭᠦᠯᠵᠦ᠂ ᠡᠷᠳᠡᠨᠢ ᠰᠢᠰᠢ ᠪᠠ ᠰᠢᠷ᠎ᠠ ᠪᠤᠷᠴᠠᠭ ᠵᠡᠷᠭᠡ ᠪᠤᠰᠤᠳ ᠵᠦᠢᠯ ᠤᠨ ᠲᠠᠷᠢᠮᠠᠯ ᠢ | ᠡᠭᠡᠯᠵᠢᠯᠡᠨ ᠲᠠᠷᠢᠬᠤ ᠪᠠ ᠰᠡᠯᠭᠦᠭᠡᠨ ᠲᠠᠷᠢᠬᠤ ᠶᠢ ᠬᠡᠷᠡᠭᠵᠢᠭᠦᠯᠵᠦ᠂ ᠭᠠᠵᠠᠷ ᠣᠷᠣᠨ ᠤ ᠤᠨᠴᠠᠯᠢᠭᠲᠤ ᠲᠠᠷᠢᠮᠠᠯ ᠢ | ᠡᠭᠡᠯᠵᠢᠯᠡᠨ ᠲᠠᠷᠢᠬᠤ ᠵᠠᠭᠪᠤᠷ ᠰᠦᠪᠡᠭᠴᠢᠯᠡᠬᠦ ᠶᠢ ᠵᠤᠷᠢᠭᠵᠢᠭᠤᠯᠤᠨ᠂ ᠦᠷ᠎ᠡ ᠵᠠᠯᠭᠠᠭᠤᠯᠤᠨ ᠲᠠᠷᠢᠬᠤ ᠪᠤᠶᠤ | ᠦᠨᠵᠢᠭᠦᠯᠦᠨ ᠲᠠᠷᠢᠬᠤ ᠶᠢᠨ ᠰᠠᠭᠠᠳ ᠢ ᠬᠥᠩᠭᠡᠯᠡᠵᠦ᠂ ᠲᠠᠷᠢᠶᠠᠨ ᠭᠠᠵᠠᠷ ᠤᠨ ᠰᠢᠮ᠎ᠡ ᠲᠡᠵᠢᠭᠡᠯ ᠢ ᠠᠰᠢᠭᠯᠠᠬᠤ ᠶᠢ | ᠲᠡᠩᠴᠡᠭᠦᠷᠢᠰᠢᠭᠦᠯᠦᠨ᠎ᠡ᠃ ᠣᠷᠣᠨ ᠪᠦᠰᠡ ᠬᠤᠪᠢᠶᠠᠨ᠂ ᠦᠷ᠎ᠡ ᠡᠭᠦᠯᠳᠡᠷ ᠬᠤᠪᠢᠶᠠᠨ ᠬᠤᠷᠠᠮᠠᠯ ᠪᠦᠭᠡᠳ ᠪᠣᠬᠢᠷᠲᠤᠯ | ᠦᠭᠡᠢ ᠥᠨᠳᠥᠷ ᠦᠷ᠎ᠡ ᠠᠰᠢᠭ ᠲᠠᠢ ᠮᠡᠷᠭᠡᠵᠢᠯ ᠤᠨ ᠵᠠᠭᠪᠤᠷ ᠢ ᠰᠦᠪᠡᠭᠴᠢᠯᠡᠵᠦ᠂ ᠣᠷᠣᠯᠠᠬᠤ ᠦᠷ᠎ᠡ ᠡᠭᠦᠯᠳᠡᠷ | ᠪᠣᠯᠤᠨ ᠠᠮᠢ ᠠᠬᠤᠶ ᠶᠢᠨ ᠨᠦᠭᠦᠴᠡᠯ ᠢ ᠬᠠᠷᠢᠯᠴᠠᠨ ᠵᠤᠬᠢᠴᠠᠭᠤᠯᠬᠤ᠂ ᠲᠠᠷᠢᠶᠠᠯᠠᠩ ᠤᠨ ᠮᠠᠰᠢᠨ ᠪᠠ ᠲᠠᠷᠢᠶᠠᠯᠠᠩ ᠤᠨ | ᠮᠡᠷᠭᠡᠵᠢᠯ ᠤᠨ ᠬᠠᠷᠢᠯᠴᠠᠨ ᠠᠭᠤᠰᠤᠯᠴᠠᠬᠤ ᠶᠢ ᠠᠬᠢᠭᠤᠯᠤᠨ᠎ᠠ᠃ ᠭᠤᠷᠪᠠ ᠳᠤ᠂ ᠤᠷᠤᠭᠤᠯᠤᠯᠲᠠ ᠭᠠᠷᠭᠠᠯᠲᠠ ᠶᠢᠨ | ᠦᠷ᠎ᠡ ᠠᠰᠢᠭ ᠤᠨ ᠵᠠᠭᠪᠤᠷ ᠲᠤ ᠰᠢᠨ᠎ᠡ ᠶᠢ ᠡᠭᠦᠳᠬᠦ ᠶᠢ ᠬᠦᠴᠦᠯᠡᠨ ᠠᠬᠢᠭᠤᠯᠬᠤ ᠬᠡᠷᠡᠭᠲᠡᠢ᠃ ᠦᠩᠭᠡᠷᠡᠭᠰᠡᠨ ᠤ | ᠬᠦᠴᠦᠨ ᠵᠦᠢᠯ ᠤᠨ ᠣᠷᠣᠭᠤᠯᠤᠯᠲᠠ ᠶᠢ ᠴᠢᠬᠤᠯᠠᠴᠢᠯᠠᠬᠤ ᠪᠦᠳᠦᠭᠦᠯᠢᠭ ᠬᠥᠭᠵᠢᠯᠲᠡ ᠶᠢᠨ ᠠᠷᠭ᠎ᠠ ᠬᠡᠯᠪᠡᠷᠢ ᠶᠢ | ᠬᠤᠪᠢᠷᠠᠭᠤᠯᠵᠤ᠂ ᠥᠪᠡᠷ ᠤᠨ ᠥᠷᠲᠡᠭ ᠢ ᠪᠠᠭᠤᠷᠠᠭᠤᠯᠵᠤ ᠬᠤᠷᠣᠭᠳᠠᠭᠤᠯᠤᠯ ᠢ ᠳᠣᠷᠣᠭᠰᠢᠯᠠᠭᠤᠯᠤᠨ ᠶᠠᠰᠤ ᠴᠢᠨᠠᠷ ᠢ | ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠬᠠᠮᠤᠭ ᠤᠨ ᠰᠢᠯᠢᠳᠡᠭ ᠤᠷᠤᠭᠤᠯᠤᠯᠲᠠ ᠭᠠᠷᠭᠠᠯᠲᠠ ᠶᠢᠨ ᠬᠡᠪ | ᠵᠠᠭᠪᠤᠷ ᠢ ᠰᠦᠪᠡᠭᠴᠢᠯᠡᠨ᠎ᠡ᠃ ︽ᠳᠦᠷᠪᠡ ᠶᠢ ᠠᠬᠢᠭᠤᠯᠵᠤ ᠳᠦᠷᠪᠡ ᠶᠢ ᠡᠵᠡᠮᠳᠡᠬᠦ︾ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠭᠠᠵᠠᠷ ᠤᠨ ᠬᠦᠴᠦ ᠰᠢᠮ᠎ᠡ ᠶᠢ ᠳᠡᠭᠡᠭᠰᠢᠯᠡᠭᠦᠯᠬᠦ ᠶᠢ ᠠᠬᠢᠭᠤᠯᠵᠤ ᠪᠤᠷᠳᠤᠭᠤᠷ ᠢ ᠡᠵᠡᠮᠳᠡᠨ ᠦᠷ᠎ᠡ | ᠠᠰᠢᠭ ᠢ ᠨᠡᠮᠡᠭᠳᠡᠭᠦᠯᠬᠦ ᠶᠢ ᠪᠡᠶᠡᠯᠡᠭᠦᠯᠬᠦ᠂ ᠨᠢᠭᠡᠳᠦᠯᠲᠡᠶ ᠰᠡᠷᠭᠡᠶᠢᠯᠡᠵᠦ ᠵᠠᠰᠠᠬᠤ ᠶᠢ ᠠᠬᠢᠭᠤᠯᠵᠤ ᠡᠮ ᠢ ᠡᠵᠡᠮᠳᠡᠨ | ᠬᠦᠨᠦᠭᠡᠯ ᠢ ᠪᠠᠭᠠᠰᠬᠠᠬᠤ ᠶᠢ ᠪᠡᠶᠡᠯᠡᠭᠦᠯᠬᠦ᠂ ᠥᠨᠳᠥᠷ ᠦᠷ᠎ᠡ ᠪᠦᠲᠦᠮᠵᠢᠲᠡᠶ ᠪᠠᠷ ᠤᠰᠤ ᠠᠷᠪᠢᠯᠠᠬᠤ ᠶᠢ ᠠᠬᠢᠭᠤᠯᠵᠤ | ᠤᠰᠤ ᠶᠢ ᠡᠵᠡᠮᠳᠡᠨ ᠬᠤᠷᠣᠭᠳᠠᠯ ᠢ ᠪᠠᠭᠠᠰᠬᠠᠬᠤ ᠶᠢ ᠪᠡᠶᠡᠯᠡᠭᠦᠯᠵᠦ᠂ ᠬᠢᠯᠪᠠᠷ ᠳᠦᠬᠦᠮᠬᠡᠨ ᠢᠶᠠᠷ ᠲᠠᠷᠢᠬᠤ ᠶᠢ | ᠠᠬᠢᠭᠤᠯᠵᠤ ᠪᠦᠷᠬᠦᠭᠦᠯ ᠢ ᠡᠵᠡᠮᠳᠡᠨ ᠦᠷ᠎ᠡ ᠠᠰᠢᠭ ᠢ ᠳᠡᠭᠡᠭᠰᠢᠯᠡᠭᠦᠯᠬᠦ ᠶᠢ ᠪᠡᠶᠡᠯᠡᠭᠦᠯᠵᠦ᠂ ᠢᠵᠢ ᠪᠦᠷᠢᠳᠦᠭᠦᠯᠬᠦ | ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠪᠦᠷᠢᠨᠰᠢᠭᠦᠯᠵᠦ᠂ ᠨᠠᠷᠢᠯᠢᠭᠵᠢᠭᠤᠯᠵᠤ᠂ ᠭᠠᠷᠤᠯᠲᠠ | ᠪᠠ ᠦᠷ᠎ᠡ ᠠᠰᠢᠭ ᠢ ᠨᠡᠮᠡᠭᠳᠡᠭᠦᠯᠬᠦ᠂ ᠦᠪᠡᠷ ᠤᠨ ᠦᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠶᠢ | ᠪᠡᠶᠡᠯᠡᠭᠦᠯᠦᠨ᠎ᠡ᠃ ᠪᠣᠬᠢᠷᠲᠤᠯ ᠦᠭᠡᠢ ᠤᠨᠠᠯᠲᠠ ᠰᠠᠶᠢᠲᠠᠢ ᠥᠨᠳᠥᠷ ᠦᠷ᠎ᠡ ᠠᠰᠢᠭ ᠪᠦᠬᠦᠢ ᠡᠭᠦᠳᠦᠯᠲᠡ | ᠬᠡᠷᠡᠭᠵᠢᠭᠦᠯᠬᠦ ᠲᠠᠢ ᠤᠶᠠᠯᠳᠤᠭᠤᠯᠤᠨ᠂ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢ ᠠᠬᠢᠭᠤᠯᠤᠨ᠂ ᠦᠢᠯᠡᠳᠬᠦᠨ ᠤ | ᠶᠠᠰᠤ ᠴᠢᠨᠠᠷ ᠢ ᠳᠡᠭᠡᠭᠰᠢᠯᠡᠭᠦᠯᠵᠦ᠂ ᠨᠡᠷᠡᠳᠥ ᠲᠡᠮᠳᠡᠭᠲᠦ ᠡᠭᠦᠳᠬᠦ ᠪᠠᠨ ᠲᠦᠷᠭᠡᠳᠬᠡᠵᠦ᠂ ᠪᠣᠬᠢᠷᠲᠤᠯ ᠦᠭᠡᠢ ᠴᠢᠨᠠᠷ | ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠦᠨ᠂ ᠴᠢᠨᠠᠷ ᠢᠶᠠᠷ ᠰᠠᠶᠢᠲᠠᠢ ᠦᠨ᠎ᠡ ᠪᠠᠷ | ᠲᠤᠬᠢᠲᠠᠢ ᠪᠤᠯᠭᠠᠵᠤ᠂ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ | ᠲᠦᠷᠪᠡ ᠳᠤ᠂ ᠨᠡᠮᠡᠭᠦᠷᠢ ᠶᠢᠨ ᠲᠣᠭᠲᠠᠴᠠ ᠳᠤ ᠰᠢᠨ᠎ᠡ ᠶᠢ ᠡᠭᠦᠳᠬᠦ ᠶᠢ ᠬᠦᠴᠦᠯᠡᠨ ᠠᠬᠢᠭᠤᠯᠬᠤ ᠬᠡᠷᠡᠭᠲᠡᠢ᠃ | ᠪᠣᠬᠢᠷᠲᠤᠯ ᠦᠭᠡᠢ ᠠᠮᠢ ᠠᠬᠤᠶ ᠪᠠᠷ ᠤᠳᠤᠷᠢᠳᠤᠮᠵᠢ ᠪᠣᠯᠭᠠᠭᠰᠠᠨ ᠲᠠᠷᠢᠶᠠᠯᠠᠩ ᠤᠨ ᠨᠡᠮᠡᠭᠦᠷᠢ ᠤᠯᠭᠤᠬᠤ ᠲᠦᠷᠢᠮ ᠢ | ᠨᠠᠶᠢᠳᠠᠪᠤᠷᠢᠵᠢᠭᠤᠯᠵᠤ᠂ ᠡᠭᠡᠯᠵᠢᠯᠡᠨ ᠳᠠᠷᠢᠬᠤ ᠳᠤ ᠨᠡᠮᠡᠭᠦᠷᠢ ᠤᠯᠭᠤᠬᠤ ᠲᠣᠭᠲᠠᠴᠠ ᠶᠢ ᠠᠯᠬᠤᠮ ᠠᠯᠬᠤᠮ ᠢᠶᠠᠷ | ᠲᠡᠭᠦᠯᠳᠡᠷᠵᠢᠭᠦᠯᠬᠦ ᠬᠡᠷᠡᠭᠲᠡᠶ᠃ ᠲᠠᠷᠢᠶᠠᠴᠢᠳ ᠤᠨ ᠣᠷᠣᠯᠭ᠎ᠠ ᠶᠢ ᠨᠥᠯᠥᠭᠡᠯᠡᠬᠦ ᠦᠭᠡᠢ ᠤᠷᠢᠲᠠᠯ ᠳᠤᠤᠷ᠎ᠠ᠂ | ᠡᠭᠡᠯᠵᠢᠯᠡᠨ ᠲᠠᠷᠢᠬᠤ ᠡᠭᠦᠷᠭᠡ ᠶᠢ ᠳᠠᠭᠠᠭᠠᠭᠰᠠᠨ ᠲᠠᠷᠢᠶᠠᠴᠢᠨ ᠡᠷᠦᠬᠡ ᠳᠤ ᠤᠤᠯ ᠤᠨ ᠲᠠᠷᠢᠭᠰᠠᠨ ᠲᠠᠷᠢᠮᠠᠯ ᠤᠨ | ᠠᠰᠢᠭ ᠤᠷᠤᠯᠭ᠎ᠠ ᠶᠣᠰᠣᠭᠠᠷ ᠴᠢᠬᠤᠯᠠ ᠪᠥᠬᠦᠢ ᠨᠡᠮᠡᠭᠦᠷᠢ ᠣᠯᠭᠤᠵᠤ᠂ ᠡᠭᠡᠯᠵᠢᠯᠡᠨ ᠲᠠᠷᠢᠭᠰᠠᠨ ᠤ ᠳᠠᠷᠠᠭᠠᠬᠢ ᠠᠰᠢᠭ | ᠤᠷᠤᠯᠭ᠎ᠠ ᠶᠢ ᠬᠠᠰᠤᠭᠳᠠᠭᠤᠯᠬᠤ ᠦᠭᠡᠢ ᠪᠠᠶᠢᠬᠤ ᠶᠢ ᠪᠠᠲᠤᠯᠠᠨ᠎ᠠ᠃ | ᠬᠦᠲᠦᠯᠦᠭᠴᠢ᠄ | ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠲᠦᠷᠢᠮ ᠤᠨ ᠲᠤᠷᠰᠢᠯᠲᠠ ᠶᠢᠨ ᠠᠵᠢᠯ ᠢ ᠤᠷᠤᠭᠰᠢᠲᠠᠶ | ᠶᠠᠪᠤᠭᠳᠠᠬᠤ ᠶᠢ ᠪᠠᠲᠤᠯᠠᠬᠤ ᠶᠢᠨ ᠲᠤᠰᠠᠳᠠ᠂ ᠮᠠᠨ ᠤ ᠣᠷᠣᠨ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ︖ | | ᠵᠢᠶ᠋ᠨ ᠶᠤᠸᠠᠢ ᠹᠧᠩ᠄ | ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠦᠷᠤᠯ ᠵᠦᠢᠯ ᠤᠨ | ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠨᠢᠭᠡᠨᠲᠡ | ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠥᠬᠦᠢ ᠳᠡᠳ᠋ ᠲᠡᠷᠢᠭᠦᠯᠡᠭᠴᠢ ᠪᠠᠷ ᠳᠤᠭᠤᠶᠢᠯᠠᠩ ᠤᠨ ᠳᠠᠷᠤᠭ᠎ᠠ | ᠪᠣᠯᠭᠠᠭᠰᠠᠨ 10 ᠰᠠᠯᠠᠭ᠎ᠠ ᠮᠥᠴᠢᠷ ᠬᠠᠮᠲᠤᠷᠠᠨ ᠠᠵᠢᠯᠯᠠᠬᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠨᠢ ᠬᠤᠪᠢᠳᠠᠨ ᠬᠠᠮᠢᠶᠠᠷᠴᠤ ᠪᠦᠬᠦᠢ | ᠳᠡᠳ᠋ ᠲᠢᠩᠬᠢᠮ ᠤᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠲᠤᠷᠰᠢᠯᠲᠠ ᠶᠢᠨ ᠠᠵᠢᠯ ᠢ | ᠵᠣᠬᠢᠴᠠᠭᠤᠯᠬᠤ ᠲᠤᠰᠬᠠᠶ ᠮᠡᠷᠭᠡᠵᠢᠯᠲᠡᠨ ᠤ ᠵᠢᠯᠣᠭᠤᠳᠬᠤ ᠳᠤᠭᠤᠶᠢᠯᠠᠩ ᠪᠠᠶᠢᠭᠤᠯᠪᠠ᠃ ᠡᠯ᠎ᠡ ᠬᠤᠯᠪᠣᠭᠳᠠᠯ ᠪᠥᠬᠦᠢ | ᠠᠶᠢᠮᠠᠭ ᠬᠤᠳᠠ ᠨᠤᠭᠤᠳ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠲᠤᠷᠰᠢᠯᠲᠠ ᠶᠢᠨ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ | ᠪᠥᠬᠦᠢ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠤᠳᠤᠷᠢᠳᠬᠤ ᠳᠤᠭᠤᠶᠢᠯᠠᠩ ᠢ ᠪᠠᠶᠢᠭᠤᠯᠪᠠ᠃ | ᠬᠤᠰᠢᠭᠤ ᠰᠢᠶᠠᠨ ᠨᠤᠭᠤᠳ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ | ᠪᠣᠯᠭᠠᠭᠰᠠᠨ ᠤᠳᠤᠷᠢᠳᠬᠤ ᠳᠤᠭᠤᠶᠢᠯᠠᠩ ᠪᠣᠯᠣᠨ ᠲᠠᠷᠢᠶᠠᠯᠠᠩ ᠮᠠᠯ ᠠᠵᠤ ᠠᠬᠤᠶ ᠶᠢᠨ ᠲᠤᠪᠴᠢᠶᠠᠨ ᠳᠠᠷᠤᠭ᠎ᠠ ᠪᠠᠷ | ᠮᠡᠷᠭᠡᠵᠢᠯ ᠤᠨ ᠬᠠᠷᠢᠭᠤᠴᠠᠯᠭᠠᠲᠠᠨ ᠪᠣᠯᠭᠠᠭᠰᠠᠨ ᠲᠤᠰᠬᠠᠶ ᠮᠡᠷᠭᠡᠵᠢᠯᠲᠡᠨ ᠤ ᠵᠢᠯᠣᠭᠤᠳᠬᠤ ᠳᠤᠭᠤᠶᠢᠯᠠᠩ ᠢ | ᠪᠠᠶᠢᠭᠤᠯᠵᠤ᠂ ᠭᠤᠷᠪᠠᠨ ᠱᠠᠲᠤᠨ ᠤ ᠠᠮᠠᠯᠠᠯᠲᠠ ᠶᠢ ᠦᠨᠡᠨᠬᠦ ᠪᠠᠲᠤᠯᠠᠨ᠂ ᠬᠠᠷᠢᠭᠤᠴᠠᠯᠭ᠎ᠠ ᠶᠢ ᠬᠦᠮᠦᠨ ᠪᠦᠬᠦᠨ ᠳᠤ | ᠨᠠᠶᠢᠳᠠᠪᠤᠷᠢᠵᠢᠭᠤᠯᠵᠦ ᠪᠠᠶᠢᠨ᠎ᠠ᠃ ᠬᠤᠶᠠᠷ ᠲᠤ᠂ ᠠᠵᠢᠯ ᠤᠨ ᠲᠥᠰᠦᠯ ᠢᠶᠠᠨ ᠲᠣᠭᠲᠠᠭᠠᠵᠤ᠂ ᠡᠭᠦᠷᠭᠡ ᠶᠢ ᠠᠬᠢᠭᠤᠯᠬᠤ | ᠠᠷᠭ᠎ᠠ ᠬᠡᠮᠵᠢᠶ᠎ᠡ ᠶᠢ ᠨᠠᠷᠢᠯᠢᠭᠵᠢᠭᠤᠯᠪᠠ᠃ ᠠᠶᠢᠮᠠᠭ ᠬᠤᠳᠠ ᠨᠤᠭᠤᠳ ᠥᠪᠡᠷᠲᠡᠭᠡᠨ ᠵᠠᠰᠠᠬᠤ ᠣᠷᠣᠨ ᠤ ᠠᠵᠢᠯ ᠤᠨ | ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ᠂ ᠠᠬᠢᠭᠤᠯᠬᠤ ᠪᠣᠳᠠᠲᠠᠶ ᠲᠥᠰᠦᠯ ᠢ ᠲᠦᠷᠭᠡᠬᠡᠨ ᠲᠣᠭᠲᠠᠭᠠᠵᠤ᠂ | ᠠᠬᠢᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠬᠡᠷᠡᠭᠵᠢᠭᠦᠯᠬᠦ ᠠᠭᠤᠯᠭ᠎ᠠ᠂ ᠲᠤᠷᠰᠢᠯᠲᠠ ᠶᠢᠨ ᠣᠷᠣᠨ ᠪᠦᠰᠡ᠂ | ᠮᠡᠷᠭᠡᠵᠢᠯ ᠤᠨ ᠠᠷᠭ᠎ᠠ ᠵᠠᠮ᠂ ᠨᠡᠮᠡᠭᠦᠷᠢ ᠣᠯᠭᠤᠬᠤ ᠠᠵᠢᠯᠯᠠᠭᠠᠨ ᠤ ᠠᠷᠭ᠎ᠠ ᠮᠠᠶ᠋ᠢᠭ᠂ ᠪᠠᠲᠤᠯᠠᠬᠤ ᠠᠷᠭ᠎ᠠ ᠬᠡᠮᠵᠢᠶ᠎ᠡ ᠵᠡᠷᠭᠡ | ᠠᠭᠤᠯᠭ᠎ᠠ ᠶᠢ ᠲᠣᠳᠣᠷᠬᠠᠶᠢᠯᠠᠬᠤ ᠶᠢᠨ ᠬᠠᠮᠲᠤ ᠲᠤᠷᠰᠢᠯᠲᠠ ᠬᠢᠬᠦ ᠬᠤᠰᠢᠭᠤ ᠰᠢᠶᠠᠨ ᠨᠤᠭᠤᠳ ᠨᠢ ᠦᠨᠳᠦᠰᠦᠨ | ᠵᠠᠷᠴᠢᠮ ᠶᠣᠰᠣᠭᠠᠷ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠣᠳᠠᠲᠠᠶ ᠨᠠᠶᠢᠳᠠᠪᠤᠷᠢᠵᠢᠭᠤᠯᠤᠯᠲᠠ ᠶᠢᠨ | ᠲᠥᠰᠦᠯ ᠢᠶᠠᠨ ᠲᠣᠭᠲᠠᠭᠠᠬᠤ ᠬᠡᠷᠡᠭᠲᠡᠢ᠃ ᠭᠤᠷᠪᠠ ᠳᠤ᠂ ᠵᠥᠪᠯᠡᠯᠴᠡᠭᠡᠷ ᠲᠣᠭᠲᠠᠭᠠᠬᠤ ᠶᠢ ᠵᠢᠷᠤᠮᠵᠢᠭᠤᠯᠵᠤ᠂ ᠳᠠᠩᠰᠠ | ᠡᠪᠬᠡᠮᠡᠯ ᠤᠨ ᠬᠠᠮᠢᠶᠠᠷᠤᠯᠲᠠ ᠶᠢ ᠪᠦᠷᠢᠨᠰᠢᠭᠦᠯᠪᠡ᠃ ᠲᠤᠷᠰᠢᠯᠲᠠ ᠶᠢᠨ ᠬᠤᠰᠢᠭᠤ ᠰᠢᠶᠠᠨ ᠨᠢ ᠳᠠᠩᠰᠠ ᠡᠪᠬᠡᠮᠡᠯ ᠤᠨ | ᠬᠠᠮᠢᠶᠠᠷᠤᠯᠲᠠ ᠪᠠᠨ ᠪᠦᠷᠢᠨᠰᠢᠭᠦᠯᠵᠦ᠂ ︽ᠳᠥᠷᠪᠡᠨ ᠪᠠᠶᠢᠬᠤ︾ ᠶᠢ ᠪᠡᠶᠡᠯᠡᠭᠦᠯᠪᠡ᠂ ᠲᠤᠬᠠᠶᠢᠯᠠᠪᠠᠯ᠄ ᠡᠭᠡᠯᠵᠢᠯᠡᠨ | ᠲᠠᠷᠢᠬᠤ ᠭᠠᠵᠠᠷ ᠲᠠᠷᠢᠶ᠎ᠠ ᠶᠢᠨ ᠳᠣᠯᠪᠣᠲᠣ ᠵᠢᠷᠤᠭ ᠬᠠᠳᠠᠭᠰᠠᠨ ᠭᠠᠵᠠᠷ ᠰᠢᠷᠣᠶ ᠶᠢᠨ ᠠᠰᠢᠭᠯᠠᠯᠲᠠ ᠶᠢᠨ ᠣᠳᠣᠬᠢ | ᠪᠠᠶᠢᠳᠠᠯ ᠤᠨ ᠵᠢᠷᠤᠭ ᠪᠠᠶᠢᠬᠤ᠂ ᠵᠥᠪᠯᠡᠯᠴᠡᠭᠡᠷ ᠪᠠᠶᠢᠬᠤ᠂ ᠠᠵᠢᠯ ᠤᠨ ᠲᠥᠰᠦᠯ ᠪᠠᠶᠢᠬᠤ᠂ ᠮᠡᠷᠭᠡᠵᠢᠯ ᠤᠨ ᠲᠥᠰᠦᠯ | ᠪᠠᠶᠢᠬᠤ ᠶᠢ ᠵᠢᠭᠠᠨ᠎ᠠ᠃ ᠵᠥᠪᠯᠡᠯᠴᠡᠭᠡᠷ ᠢ ᠵᠠᠷᠴᠢᠮ ᠳᠡᠭᠡᠷ᠎ᠡ ᠪᠠᠨ ᠬᠤᠰᠢᠭᠤ ᠰᠢᠶᠠᠨ ᠤ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ ᠨᠢ ᠲᠠᠷᠢᠶᠠᠴᠢᠨ ᠡᠷᠦᠬᠡ ︵ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠣᠯ ᠴᠣᠭᠴᠠ︶ ᠯᠦᠭᠡ | ᠲᠣᠭᠲᠠᠭᠠᠵᠤ᠂ ᠭᠤᠷᠪᠠᠨ ᠵᠢᠯ ᠤᠨ ᠡᠭᠡᠯᠵᠢᠯᠡᠨ ᠳᠠᠷᠢᠬᠤ ᠵᠠᠭᠪᠤᠷ᠂ ᠬᠠᠮᠢᠶ᠎ᠠ ᠪᠦᠬᠦᠢ ᠡᠷᠬᠡ᠂ ᠬᠠᠷᠢᠭᠤᠴᠠᠯᠭ᠎ᠠ ᠪᠣᠯᠣᠨ | ᠡᠭᠦᠷᠭᠡ ᠶᠢ ᠲᠣᠳᠣᠷᠬᠠᠶᠢᠯᠠᠨ᠂ ᠲᠤᠷᠰᠢᠯᠲᠠ ᠶᠢᠨ ᠠᠵᠢᠯ ᠤᠨ ᠬᠠᠤᠯᠢ ᠲᠣᠭᠲᠠᠭᠠᠯ ᠶᠣᠰᠣᠭᠠᠷ ᠡᠮᠬᠢ ᠵᠢᠷᠤᠮ ᠲᠠᠢ | ᠥᠷᠨᠢᠬᠦ ᠶᠢ ᠦᠨᠡᠨᠬᠦ ᠪᠠᠲᠤᠯᠠᠵᠦ᠂ ᠵᠥᠪᠯᠡᠯᠴᠡᠭᠡᠷ ᠢ ᠠᠳᠠᠯᠢᠬᠠᠨ ᠬᠤᠶᠠᠷ ᠬᠤᠪᠢ ᠭᠠᠷᠭᠠᠨ᠂ ᠲᠤᠰ ᠲᠤᠰ ᠬᠤᠰᠢᠭᠤ | ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠣᠯᠣᠨ ᠲᠠᠷᠢᠶᠠᠴᠢᠨ ᠡᠷᠦᠬᠡ ᠳᠤ ᠬᠠᠳᠠᠭᠠᠯᠠᠭᠤᠯᠵᠤ᠂ ᠡᠯ᠎ᠡ | ᠭᠠᠵᠠᠷ ᠤᠨ ᠬᠢᠨ ᠴᠦ ᠠᠵᠢᠯ ᠤᠨ ᠬᠡᠷᠡᠭᠴᠡᠭᠡ ᠪᠠᠨ ᠦᠨᠳᠦᠰᠦᠯᠡᠨ ᠳᠡᠰ ᠳᠠᠷᠠᠭᠠᠯᠠᠯ ᠢᠶᠠᠨ ᠨᠠᠷᠢᠯᠢᠭᠵᠢᠭᠤᠯᠵᠤ ᠪᠠᠶᠢᠨ᠎ᠠ᠃ | ᠭᠠᠴᠠᠭᠠᠨ ᠤ ᠱᠠᠲᠤ ᠨᠢ ᠡᠭᠡᠯᠵᠢᠯᠡᠨ ᠲᠠᠷᠢᠬᠤ ᠲᠤᠷᠰᠢᠯᠲᠠ ᠶᠢᠨ ᠲᠠᠷᠢᠶᠠᠴᠢᠨ ᠡᠷᠦᠬᠡ ᠶᠢᠨ ᠡᠭᠡ ᠲᠠᠩᠰᠠ ᠶᠢ | ᠪᠠᠶᠢᠭᠤᠯᠬᠤ ᠶᠢᠨ ᠬᠠᠮᠲᠤ ᠮᠡᠳᠡᠭᠡ ᠵᠠᠩᠭᠢ ᠶᠢ ᠢᠯᠡ ᠨᠡᠶᠢᠲᠡᠯᠡᠵᠦ᠂ ᠡᠭᠦᠨ ᠳᠤ ᠲᠠᠷᠢᠶᠠᠴᠢᠨ ᠡᠷᠦᠬᠡ ᠶᠢᠨ ᠨᠡᠷ᠎ᠡ᠂ | ᠭᠠᠵᠠᠷ ᠲᠠᠷᠢᠶ᠎ᠠ ᠶᠢᠨ ᠪᠠᠶᠢᠷᠢᠰᠢᠯ᠂ ᠳᠡᠯᠡᠪᠡᠢ᠂ ᠳᠥᠷᠪᠡᠨ ᠲᠠᠯ᠎ᠠ ᠶᠢᠨ ᠣᠷᠣᠨ ᠪᠠᠶᠢᠷᠢᠰᠢᠯ ᠪᠣᠯᠣᠨ ᠨᠡᠮᠡᠭᠦᠷᠢ ᠣᠯᠭᠤᠬᠤ | ᠵᠣᠭᠤᠰ ᠤᠨ ᠲᠤᠭ᠎ᠠ ᠵᠡᠷᠭᠡ ᠠᠭᠤᠯᠭ᠎ᠠ ᠶᠢ ᠪᠠᠭᠲᠠᠭᠠᠵᠤ᠂ ᠢᠯᠡ ᠲᠣᠳᠣ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ | ᠲᠦᠷᠪᠡ ᠳᠤ᠂ ᠮᠡᠷᠭᠡᠵᠢᠯ ᠤᠨ ᠦᠢᠯᠡᠴᠢᠯᠡᠭᠡ ᠶᠢ ᠴᠢᠩᠭᠠᠷᠠᠭᠤᠯᠵᠤ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ | ᠰᠠᠶᠢᠲᠤᠷ ᠬᠢᠪᠡ᠃ ᠠᠶᠢᠮᠠᠭ ᠬᠤᠳᠠ᠂ ᠬᠤᠰᠢᠭᠤ ᠰᠢᠶᠠᠨ ᠨᠤᠭᠤᠳ ᠲᠤᠷᠰᠢᠯᠲᠠ ᠬᠢᠵᠦ ᠵᠢᠱᠢᠶ᠎ᠡ ᠦᠵᠡᠭᠦᠯᠬᠦ | ᠠᠵᠢᠯᠯᠠᠭ᠎ᠠ ᠶᠢ ᠬᠠᠨᠳᠤᠯᠭᠠᠲᠤ ᠴᠢᠨᠠᠷ ᠲᠠᠢ ᠪᠠᠷ ᠦᠷᠨᠢᠭᠦᠯᠵᠦ᠂ ᠪᠣᠳᠠᠲᠤ ᠪᠠᠶᠢᠳᠠᠯ ᠳᠤ ᠨᠡᠶᠢᠴᠡᠬᠦ ᠳᠡᠯᠭᠡᠷᠡᠭᠦᠯᠵᠦ | ᠳᠠᠭᠤᠷᠢᠶᠠᠵᠤ ᠪᠣᠯᠬᠤᠶᠢᠴᠠ ᠡᠭᠡᠯᠵᠢᠯᠡᠨ ᠲᠠᠷᠢᠬᠤ ᠮᠡᠷᠭᠡᠵᠢᠯ ᠤᠨ ᠵᠠᠭᠪᠤᠷ ᠢ ᠰᠦᠪᠡᠭᠴᠢᠯᠡᠨ ᠳ᠋ᠦᠩᠨᠡᠬᠦ ᠬᠡᠷᠡᠭᠲᠡᠢ᠃ | ᠮᠡᠷᠭᠡᠵᠢᠯ ᠤᠨ ᠪᠣᠯᠪᠠᠰᠤᠷᠠᠭᠤᠯᠤᠯ ᠤᠨ ᠦᠢᠯᠡᠴᠢᠯᠡᠭᠡ ᠶᠢ ᠢᠳᠡᠪᠬᠢᠲᠡᠶ ᠪᠠᠷ ᠥᠷᠨᠢᠭᠦᠯᠵᠦ᠂ ᠲᠠᠷᠢᠶᠠᠴᠢᠳ ᠢ | ᠵᠢᠯᠣᠭᠤᠳᠤᠨ ᠮᠡᠷᠭᠡᠵᠢᠯ ᠤᠨ ᠠᠷᠭ᠎ᠠ ᠳᠡᠮ ᠢ ᠠᠯᠢ ᠲᠥᠷᠭᠡᠨ ᠢᠶᠠᠷ ᠡᠵᠡᠮᠰᠢᠭᠦᠯᠦᠨ᠂ ᠮᠧᠬᠠᠨᠢᠭ ᠪᠠᠭᠠᠵᠢ ᠶᠢ | ᠥᠭᠡᠷᠡᠴᠢᠯᠡᠨ ᠲᠣᠨᠣᠭᠯᠠᠵᠤ ᠢᠵᠢ ᠪᠦᠷᠢᠳᠦᠭᠦᠯᠬᠦ ᠠᠵᠢᠯ ᠢ ᠰᠠᠶᠢᠲᠤᠷ ᠬᠢᠵᠦ᠂ ᠣᠷᠣᠯᠠᠭᠤᠯᠬᠤ ᠲᠠᠷᠢᠮᠠᠯ ᠤᠨ ᠦᠷ᠎ᠡ ᠶᠢ | ᠨᠠᠶᠢᠳᠠᠪᠤᠷᠢᠵᠢᠭᠤᠯᠤᠨ᠂ ᠡᠭᠡᠯᠵᠢᠯᠡᠨ ᠲᠠᠷᠢᠬᠤ ᠵᠠᠩᠭᠢᠯᠠᠭ᠎ᠠ ᠶᠢᠨ ᠮᠡᠷᠭᠡᠵᠢᠯ ᠢ ᠨᠠᠶᠢᠳᠠᠪᠤᠷᠢᠵᠢᠭᠤᠯᠬᠤ ᠬᠡᠷᠡᠭᠲᠡᠢ᠃ | ᠵᠠᠭᠤᠴᠢᠯᠠᠭᠤᠷ ᠤᠳ ᠢ ᠭᠦᠢᠴᠡᠳ ᠠᠰᠢᠭᠯᠠᠨ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ | ᠴᠢᠩᠭᠠᠷᠠᠭᠤᠯᠵᠤ᠂ ᠥᠷᠭᠡᠨ ᠤᠯᠠᠠ ᠲᠠᠷᠢᠶᠠᠴᠢᠳ ᠲᠤ ᠤᠯᠤᠰ ᠤᠨ ᠬᠠᠮᠢᠶ᠎ᠠ ᠪᠦᠭᠦᠢ ᠲᠦᠷᠦ ᠶᠢᠨ ᠪᠣᠳᠣᠯᠭ᠎ᠠ ᠶᠢ ᠪᠦᠬᠦ | ᠲᠠᠯ᠎ᠠ ᠪᠠᠷ᠂ ᠵᠥᠪ ᠣᠨᠣᠪᠴᠢᠲᠠᠶ ᠪᠠᠷ ᠣᠶᠢᠯᠠᠭᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠠᠩᠬᠠᠷᠤᠯ ᠢ ᠲᠠᠲᠠᠬᠤ ᠪᠠᠷ | ᠳᠠᠮᠵᠢᠨ ᠲᠤᠷᠰᠢᠯᠲᠠ ᠶᠢᠨ ᠠᠵᠢᠯ ᠳᠤ ᠳᠡᠮᠵᠢᠯᠭᠡ ᠦᠵᠡᠭᠦᠯᠬᠦ ᠬᠡᠷᠡᠭᠲᠡᠢ᠃ ᠲᠠᠪᠤ ᠳᠤ᠂ ᠳᠡᠰ ᠱᠡᠳᠦ ᠶᠢᠨ | ᠬᠠᠮᠢᠶᠠᠷᠤᠯᠲᠠ ᠶᠢ ᠬᠡᠷᠡᠭᠵᠢᠭᠦᠯᠵᠦ᠂ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠶᠢ ᠴᠢᠩᠭᠠᠳᠬᠠᠪᠠ᠃ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠨᠢ ᠲᠤᠷᠰᠢᠯᠲᠠ ᠶᠢᠨ ᠠᠵᠢᠯ ᠤᠨ ᠥᠷᠨᠢᠭᠦᠯᠵᠦ | ᠪᠠᠶᠢᠭ᠎ᠠ ᠪᠠᠶᠢᠳᠠᠯ ᠳᠤ ᠲᠠᠰᠢᠷᠠᠮ ᠢᠶᠠᠷ ᠰᠢᠮᠳᠠᠭᠤᠯᠤᠨ ᠪᠠᠶᠢᠴᠠᠭᠠᠯᠲᠠ ᠬᠢᠵᠦ᠂ ᠵᠣᠬᠢᠶᠠᠨ ᠪᠠᠶᠢᠭᠤᠯᠤᠯᠲᠠ ᠶᠢᠨ | ᠠᠵᠢᠯ ᠢᠶᠠᠷ ᠬᠦᠴᠦ ᠰᠤᠯᠠᠪᠲᠤᠷ᠂ ᠪᠡᠯᠡ ᠮᠦᠩᠭᠦ ᠬᠡᠷᠡᠭᠯᠡᠬᠦ ᠪᠠᠷ ᠵᠢᠷᠤᠮᠵᠢᠯ ᠦᠭᠡᠢ᠂ ᠬᠠᠮᠢᠶᠠᠷᠤᠯᠲᠠ ᠶᠢᠨ ᠠᠷᠭ᠎ᠠ | ᠪᠠᠷᠢᠯ ᠢᠶᠠᠷ ᠲᠣᠶᠢᠯᠪᠦᠷᠢ ᠦᠭᠡᠢ ᠶᠢ ᠨᠢ ᠲᠤᠷᠰᠢᠬᠤ ᠬᠡᠪᠴᠢᠶᠡᠨ ᠠᠴᠠ ᠪᠤᠴᠠᠭᠠᠨ ᠭᠠᠷᠭᠠᠨ᠎ᠠ᠃ ᠠᠶᠢᠮᠠᠭ ᠬᠤᠳᠠ ᠶᠢᠨ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠲᠤᠷᠰᠢᠯᠲᠠ ᠶᠢᠨ ᠬᠤᠰᠢᠭᠤ ᠰᠢᠶᠠᠨ ᠤ ᠠᠵᠢᠯ ᠤᠨ ᠦᠷᠨᠢᠭᠰᠡᠨ | ᠪᠠᠶᠢᠳᠠᠯ ᠢ ᠴᠠᠭ ᠲᠤᠬᠠᠢ ᠳᠤᠨᠢ ᠬᠢᠨᠠᠨ ᠡᠵᠡᠮᠳᠡᠬᠦ ᠶᠢ ᠬᠠᠷᠢᠭᠤᠴᠠᠨ᠂ ᠣᠷᠣᠰᠢᠵᠤ ᠪᠠᠶᠢᠭ᠎ᠠ ᠠᠰᠠᠭᠤᠳᠠᠯ ᠢ ᠴᠠᠭ | ᠲᠤᠬᠠᠶ ᠳᠤᠨᠢ ᠢᠯᠡᠷᠡᠭᠦᠯᠵᠦ᠂ ᠲᠤᠷᠰᠢᠯᠲᠠ ᠶᠢᠨ ᠬᠤᠰᠢᠭᠤ ᠰᠢᠶᠠᠨ ᠢ ᠰᠢᠮᠳᠠᠭᠤᠯᠵᠤ ᠪᠠᠶᠢᠭᠠᠳ ᠡᠯ᠎ᠡ ᠵᠦᠢᠯ ᠤᠨ | ᠠᠵᠢᠯ ᠤᠨ ᠴᠠᠭ ᠲᠠᠭᠠᠨ ᠶᠠᠪᠤᠭᠳᠠᠬᠤ ᠶᠢ ᠠᠬᠢᠭᠤᠯᠤᠨ᠎ᠠ᠃ ᠬᠤᠰᠢᠭᠤ ᠰᠢᠶᠠᠨ ᠨᠤᠭᠤᠳ ᠨᠢ ᠰᠢᠶᠠᠨ ᠠᠴᠠ | ᠨᠢᠭᠡᠳᠦᠯᠲᠡᠶ ᠲᠥᠯᠥᠪᠯᠡᠬᠦ᠂ ᠰᠢᠶᠠᠩ ᠠᠴᠠ ᠬᠢᠨᠠᠨ ᠬᠠᠮᠢᠶᠠᠷᠬᠤ᠂ ᠭᠠᠴᠠᠭ᠎ᠠ ᠠᠴᠠ ᠨᠠᠶᠢᠳᠠᠪᠤᠷᠢᠵᠢᠭᠤᠯᠬᠤ ᠮᠠᠶ᠋ᠢᠭ ᠤᠨ | ᠡᠭᠡᠯᠵᠢᠯᠡᠨ ᠲᠠᠷᠢᠬᠤ ᠶᠢᠨ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ᠂ ᠲᠤᠷᠰᠢᠯᠲᠠ ᠶᠢᠨ ᠳᠠᠩᠰᠠ ᠡᠪᠬᠡᠮᠡᠯ ᠢ | ᠪᠠᠶᠢᠭᠤᠯᠤᠨ ᠲᠡᠭᠦᠯᠳᠡᠷᠵᠢᠭᠦᠯᠵᠦ᠂ ᠲᠤᠷᠰᠢᠯᠲᠠ ᠶᠢᠨ ᠡᠭᠦᠷᠭᠡ ᠶᠢ ᠨᠠᠷᠢᠯᠢᠭ ᠣᠨᠤᠪᠴᠢᠲᠠᠢ ᠪᠠᠷ ᠨᠠᠶᠢᠳᠠᠪᠤᠷᠢᠵᠢᠭᠤᠯᠬᠤ | ᠬᠡᠷᠡᠭᠲᠡᠢ᠃ ᠲᠤᠷᠰᠢᠯᠲᠠ ᠶᠢᠨ ᠰᠢᠶᠠᠩ ᠪᠠᠯᠭᠠᠰᠤ ᠪᠤᠶᠤ ᠭᠠᠴᠠᠭ᠎ᠠ ᠨᠢ ᠲᠤᠷᠰᠢᠯᠲᠠ ᠬᠢᠬᠦ ᠲᠠᠷᠢᠶᠠᠴᠢᠨ ᠡᠷᠤᠭᠡ᠂ | ᠲᠠᠷᠢᠶᠠᠨ ᠭᠠᠵᠠᠷ᠂ ᠲᠠᠯᠠᠪᠠᠢ ᠪᠣᠯᠤᠨ ᠨᠡᠮᠡᠭᠦᠷᠢ ᠶᠢᠨ ᠵᠣᠭᠤᠰ ᠤᠨ ᠲᠤᠭ᠎ᠠ ᠶᠢ ᠴᠠᠭ ᠲᠤᠬᠠᠶ ᠳᠤᠨᠢ ᠵᠠᠷᠯᠠᠨ ᠨᠡᠶᠢᠲᠡᠯᠡᠵᠦ᠂ | ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ᠃ ᠵᠢᠷᠭᠤᠭ᠎ᠠ ᠳᠤ᠂ ᠠᠵᠢᠯ ᠤᠨ ᠳ᠋ᠥᠩᠨᠡᠯᠲᠡ ᠪᠠᠨ ᠴᠢᠩᠭᠠᠳᠬᠠᠵᠤ᠂ | ᠬᠡᠷᠡᠭᠵᠢᠭᠦᠯᠦᠯᠲᠡ ᠶᠢ ᠳᠠᠷᠠᠭᠠᠯᠠᠨ ᠠᠬᠢᠭᠤᠯᠪᠠ᠃ ᠠᠶᠢᠮᠠᠭ ᠬᠤᠳᠠ᠂ ᠬᠤᠰᠢᠭᠤ ᠰᠢᠶᠠᠨ ᠨᠤᠭᠤᠳ ᠲᠤᠷᠰᠢᠯᠲᠠ ᠶᠢᠨ | ᠠᠵᠢᠯ ᠢ ᠨᠠᠷᠢᠨ ᠬᠢᠨᠠᠮᠠᠭᠠᠶ ᠳ᠋ᠥᠩᠨᠡᠵᠦ᠂ ᠲᠤᠷᠰᠢᠯᠲᠠ ᠶᠢᠨ ᠲᠤᠷᠰᠢᠯᠭ᠎ᠠ ᠶᠢ ᠳ᠋ᠦᠩᠨᠡᠨ ᠬᠤᠷᠢᠶᠠᠩᠭᠤᠶᠢᠯᠠᠵᠤ᠂ | ᠲᠠᠰᠤᠷᠠᠯᠲᠠ ᠦᠭᠡᠢ ᠮᠡᠷᠭᠡᠵᠢᠯ ᠢᠶᠠᠨ ᠪᠦᠷᠢᠨᠰᠢᠭᠦᠯᠬᠦ᠂ ᠲᠣᠭᠲᠠᠴᠠ ᠪᠠᠨ ᠰᠠᠶᠢᠵᠢᠷᠠᠭᠤᠯᠬᠤ ᠪᠥᠭᠡᠳ ᠲᠠᠷᠢᠶᠠᠨ | ᠭᠠᠵᠠᠷ ᠤᠨ ᠡᠭᠡᠯᠵᠢᠯᠡᠨ ᠲᠠᠷᠢᠬᠤ ᠳᠦᠷᠢᠮ ᠢ ᠪᠠᠶᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ | ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠶᠢᠨ ᠮᠡᠷᠭᠡᠵᠢᠯ ᠤᠨ ᠵᠠᠭᠪᠤᠷ᠂ ᠵᠣᠬᠢᠶᠠᠨ ᠪᠠᠶᠢᠭᠤᠯᠤᠯᠲᠠ ᠶᠢᠨ ᠠᠷᠭ᠎ᠠ | ᠮᠠᠶ᠋ᠢᠭ᠂ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠰᠦᠪᠡᠭᠴᠢᠯᠡᠨ ᠪᠦᠷᠢᠯᠳᠦᠭᠦᠯᠵᠦ᠂ ᠭᠤᠷᠪᠠᠨ ᠵᠢᠯ ᠳᠠᠷᠠᠭᠠᠯᠠᠨ | ᠬᠡᠷᠡᠭᠵᠢᠭᠦᠯᠬᠦ ᠪᠠᠷ ᠳᠠᠮᠵᠢᠨ ᠵᠢᠱᠢᠭᠰᠡᠨ ᠦᠷ᠎ᠡ ᠠᠰᠢᠭ ᠲᠠᠭᠠᠨ ᠬᠦᠷᠬᠦ ᠶᠢ ᠪᠠᠲᠤᠯᠬᠠᠤ ᠬᠡᠷᠡᠭᠲᠡᠢ᠃ | | ᠬᠦᠲᠦᠯᠦᠭᠴᠢ᠄ | ᠵᠠ ᠰᠠᠶᠢᠨ ᠪᠣᠯᠣᠯ᠎ᠠ᠂ ᠵᠢᠶᠠ ᠲᠢᠩᠬᠢᠮ ᠤᠨ ᠳᠠᠷᠤᠭ᠎ᠠ ᠶᠢᠨ ᠬᠦᠯᠢᠴᠡᠩᠭᠦᠶ ᠪᠠᠷ ᠲᠠᠶᠢᠯᠤᠮᠵᠢ ᠬᠢᠭᠰᠡᠨ ᠳᠤ | ᠲᠠᠯᠠᠷᠬᠠᠵᠤ ᠪᠠᠶᠢᠨ᠎ᠠ᠃ ᠴᠠᠭ ᠤᠨ ᠬᠠᠷᠠᠭᠠᠨ ᠠᠴᠠ ᠪᠣᠯᠵᠤ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ | ᠭᠦᠷᠦᠭᠡᠳ ᠥᠨᠳᠦᠷᠯᠡᠯ᠎ᠡ᠂ ᠲᠠᠷᠠᠭᠠᠴᠢ ᠶᠢᠨ ᠫᠷᠤᠭ᠍ᠷᠠᠮ ᠳᠤ ᠪᠠᠶᠠᠷᠲᠠᠶ ᠵᠣᠯᠭᠠᠶ᠎ᠠ︕ |