ᠨᠢᠭᠡ᠂ ᠲᠠᠷᠢᠮᠠᠯ ᠤᠨ ᠦᠢᠯᠡᠰ ᠤᠨ ᠡᠬᠢ ᠪᠠᠶᠠᠯᠢᠭ ᠵᠢᠴᠢ ᠪᠠᠶᠢᠭᠠᠯᠢ ᠶᠢᠨ ᠭᠠᠢ ᠭᠠᠮᠰᠢᠭ ᠤᠨ ᠪᠠᠶᠢᠳᠠᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠶ ᠶᠢᠨ ᠡᠬᠢ ᠪᠠᠶᠠᠯᠢᠭ ᠡᠯᠪᠡᠭ ᠳᠡᠯᠪᠡᠭ᠂ | ᠪᠦᠬᠦ ᠤᠷᠤᠨ ᠤ ᠶᠡᠷᠦᠩᠬᠡᠶ ᠲᠠᠯᠠᠪᠠᠶ ᠨᠢ 118.3 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠬᠥᠷᠰᠢ | ᠵᠡᠷᠭᠡᠯᠡᠳᠡᠭᠡ ᠮᠤᠵᠢ ᠣᠷᠣᠨ ᠲᠠᠢ ᠠᠳᠠᠯᠢᠳᠬᠠᠪᠠᠯ᠂ ᠬᠠᠷᠠᠮᠥ᠋ᠷᠡᠨ ᠮᠤᠵᠢ ᠶᠢᠨ 2.5 ᠳᠠᠬᠢᠨ᠂ ᠯᠢᠶᠣᠤᠨᠢᠩ | ᠮᠤᠵᠢ ᠶᠢᠨ 8.1 ᠳᠠᠬᠢᠨ᠂ ᠪᠡᠭᠡᠵᠢᠩ ᠬᠤᠲᠠ ᠶᠢᠨ 72.0 ᠳᠠᠬᠢᠨ᠃ ᠳᠡᠯᠡᠬᠡᠢ ᠶᠢᠨ ᠵᠠᠷᠢᠮ ᠤᠯᠤᠰ ᠲᠠᠢ | ᠠᠳᠠᠯᠢᠳᠬᠠᠪᠠᠯ᠂ ᠶᠠᠫᠤᠨ ᠤ 3.1 ᠳᠠᠬᠢᠨ᠂ ᠹᠷᠠᠨᠼᠢ ᠶᠢᠨ 2.1 ᠳᠠᠬᠢᠨ᠂ ᠢᠲ᠋ᠠᠯᠢ ᠶᠢᠨ 3.9 ᠳᠠᠬᠢᠨ᠃ | ᠲᠡᠭᠰᠢᠳᠭᠡᠪᠡᠯ᠂ ᠬᠥᠮᠦᠨ ᠪᠦᠷᠢ ᠳᠤ ᠨᠣᠭᠳᠠᠬᠤ ᠭᠠᠵᠠᠷ ᠲᠠᠷᠢᠶᠠᠨ ᠤ ᠲᠠᠯᠠᠪᠠᠢ ᠨᠢ 73.3 ᠮᠦ᠂ ᠪᠦᠬᠦ ᠤᠯᠤᠰ ᠤᠨ | ᠳᠤᠮᠳᠠᠴᠢ ᠲᠤᠭ᠎ᠠ ᠶᠢᠨ 6.8 ᠳᠠᠬᠢᠨ᠃ ᠤᠳᠤ ᠪᠠᠶᠢᠭ᠎ᠠ ᠲᠠᠷᠢᠶᠠᠨ ᠭᠠᠵᠠᠷ ᠤᠨ ᠲᠠᠯᠠᠪᠠᠢ ᠨᠢ 1. 39 ᠳ᠋ᠦᠩᠰᠢᠭᠤᠷ | ᠮᠥ ᠪᠠᠶᠢᠵᠤ᠂ ᠳᠤᠮᠳᠠᠴᠢ ᠪᠠᠷ ᠬᠥᠮᠦᠨ ᠪᠦᠷᠢ ᠳᠤ 5.5 ᠮᠥ ᠲᠠᠷᠢᠶᠠᠨ ᠭᠠᠵᠠᠷ ᠨᠤᠭᠳᠠᠨ᠎ᠠ᠃ ᠪᠥᠬᠦ ᠣᠷᠣᠨ ᠤ | ᠤᠰᠤᠯᠠᠯᠲᠠ ᠶᠢᠨ ᠲᠠᠯᠠᠪᠠᠢ 4698 ᠲᠦᠮᠡᠨ ᠮᠦ ᠪᠠᠶᠢᠨ᠎ᠠ᠃ | ᠮᠠᠨ ᠤ ᠣᠷᠣᠨ ᠤ ᠵᠢᠯ ᠤᠨ ᠬᠤᠷ᠎ᠠ ᠲᠤᠨᠳᠠᠰᠤᠨ ᠤ ᠪᠠᠶᠢᠳᠠᠯ᠄ ᠪᠦᠬᠦ ᠣᠷᠣᠨ ᠤ ᠬᠤᠷ᠎ᠠ ᠲᠤᠨᠳᠠᠰᠤ ᠡᠩ ᠤᠨ | ᠪᠠᠶᠢᠳᠠᠯ ᠳᠤ 50 — 450 ᠮᠢᠯᠢᠮᠧᠲᠷ᠂ ᠵᠡᠭᠦᠨ ᠠᠴᠠ ᠪᠠᠷᠠᠭᠤᠨᠰᠢ ᠪᠠᠭᠠᠰᠤᠨ᠎ᠠ᠃ ᠬᠥᠯᠥᠨ ᠪᠤᠶᠢᠷ ᠬᠤᠲᠠ ᠶᠢᠨ | ᠵᠡᠭᠦᠨ ᠬᠤᠶᠢᠲᠤ ᠬᠡᠰᠡᠭ ᠲᠤ 450 — 480 ᠮᠢᠯᠢᠮᠧᠲᠷ᠂ ᠬᠤᠷ᠎ᠠ ᠲᠤᠨᠳᠠᠰᠤᠨ ᠤ ᠬᠡᠮᠵᠢᠶ᠎ᠡ ᠨᠢ ᠬᠠᠮᠤᠭ ᠤᠨ | ᠶᠡᠭᠡ᠃ ᠠᠯᠠᠱᠠ ᠠᠶᠢᠮᠠᠭ ᠤᠨ ᠪᠠᠷᠠᠭᠤᠨ ᠬᠡᠰᠡᠭ ᠲᠤ 40 — 100 ᠮᠢᠯᠢᠮᠧᠲᠷ᠂ ᠲᠤᠨᠳᠠᠰᠤᠨ ᠤ ᠬᠡᠮᠵᠢᠶ᠎ᠡ ᠨᠢ | ᠬᠠᠮᠤᠭ ᠪᠠᠭ᠎ᠠ ᠪᠠᠶᠢᠳᠠᠭ᠃ ᠵᠢᠯ ᠤᠨ ᠲᠤᠨᠳᠠᠰᠤᠨ ᠤ ᠬᠡᠮᠵᠢᠶᠡᠨ ᠤ ᠲᠠᠷᠬᠠᠯᠲᠠ ᠶᠢᠨ ᠪᠠᠶᠢᠳᠠᠯ᠄ ᠠᠭᠤᠯᠠᠷᠬᠠᠭ | ᠣᠷᠣᠨ ᠤ ᠬᠤᠷ᠎ᠠ ᠲᠤᠨᠳᠠᠰᠤᠨ ᠤ ᠬᠡᠮᠵᠢᠶ᠎ᠡ ᠨᠢ ᠲᠠᠯ᠎ᠠ ᠭᠠᠵᠠᠷ ᠪᠤᠶᠤ ᠥᠨᠳᠦᠷᠯᠢᠭ ᠠᠴᠠ ᠢᠯᠡᠭᠦᠦ᠂ ᠠᠭᠤᠯᠠᠨ | ᠡᠩᠭᠡᠷ ᠨᠢ ᠠᠭᠤᠯᠠᠨ ᠠᠷᠤ ᠠᠴᠠ ᠢᠯᠡᠭᠦᠦ ᠪᠠᠶᠢᠳᠠᠭ᠃ ᠬᠤᠷ᠎ᠠ ᠲᠤᠨᠳᠠᠰᠤᠨ ᠤ ᠵᠢᠯ ᠤᠨ ᠬᠤᠪᠢᠷᠠᠯᠲᠠ ᠮᠠᠰᠢ ᠶᠡᠭᠡ᠂ | ᠡᠪᠦᠯ ᠬᠠᠪᠤᠷ ᠲᠠᠭᠠᠨ ᠪᠣᠷᠣᠭᠠᠨ ᠴᠠᠰᠤ ᠪᠠᠭ᠎ᠠ ᠂ ᠬᠠᠪᠤᠷ ᠤᠨ ᠬᠠᠪᠰᠠᠷᠭ᠎ᠠ ᠨᠢ ᠬᠦᠨᠳᠦ ᠨᠣᠴᠢᠲᠠᠶ᠂ ᠵᠠᠷᠢᠮ ᠳᠠᠭᠠᠨ᠂ | ᠬᠠᠪᠤᠷ ᠵᠤᠨ ᠨᠠᠮᠤᠷ ᠦᠷᠭᠦᠯᠵᠢᠯᠡᠭᠰᠡᠨ ᠭᠠᠩ ᠪᠣᠯᠳᠠᠭ᠂ ᠡᠨᠡ ᠨᠢ ᠲᠠᠷᠢᠶᠠᠯᠠᠩ ᠮᠠᠯ ᠠᠵᠤ ᠠᠬᠤᠶ ᠶᠢᠨ | ᠦᠢᠯᠡᠳᠪᠦᠷᠢᠯᠡᠯ ᠲᠣᠭᠲᠠᠭᠤᠨ ᠦᠭᠡᠢ ᠶᠢᠨ ᠴᠢᠬᠤᠯᠠ ᠬᠦᠴᠦᠨ ᠵᠦᠢᠯ ᠶᠤᠮ᠃ ᠬᠤᠷ᠎ᠠ ᠲᠤᠨᠳᠠᠰᠤ ᠬᠠᠮᠤᠭ ᠤᠨ | ᠲᠥᠪᠯᠡᠷᠡᠭᠰᠡᠨ ᠬᠤᠭᠤᠴᠠᠭ᠎ᠠ ᠪᠣᠯ 6 — 8 ᠰᠠᠷ᠎ᠠ ᠶᠢᠨ ᠦᠶ᠎ᠡ ᠪᠠᠶᠢᠵᠦ᠂ ᠪᠦᠬᠦ ᠵᠢᠯ ᠤᠨ ᠶᠡᠷᠥᠩᠬᠡᠢ ᠬᠤᠷ᠎ᠠ | ᠲᠤᠨᠳᠠᠰᠤᠨ ᠤ ᠬᠡᠮᠵᠢᠶ᠎ᠡ ᠶᠢᠨ 60 — 70% ᠶᠢ ᠡᠵᠡᠯᠡᠵᠦ᠂ ᠬᠠᠪᠤᠷ ᠨᠠᠮᠤᠷ ᠬᠤᠶᠠᠷ ᠤᠯᠠᠷᠢᠯ ᠲᠤᠰ ᠪᠦᠷᠢ | 15% ᠣᠷᠴᠢᠮ ᠶᠢ ᠡᠵᠡᠯᠡᠵᠦ᠂ ᠡᠪᠦᠯ ᠤᠨ ᠤᠯᠠᠷᠢᠯ ᠨᠢ 1 — 3% ᠶᠢ ᠡᠵᠡᠯᠡᠳᠡᠭ᠃ ᠪᠣᠷᠣᠭᠠᠨ ᠬᠢᠭᠡᠳ | ᠬᠠᠯᠠᠭᠤᠨ ᠨᠢ ᠠᠳᠠᠯᠢ ᠬᠤᠭᠤᠴᠠᠭ᠎ᠠ ᠶᠢᠨ ᠦᠶᠡᠰ᠂ ᠬᠤᠷ᠎ᠠ ᠠᠷᠪᠢᠨ᠂ ᠲᠠᠷᠢᠶᠠᠯᠠᠩ ᠮᠠᠯ ᠠᠵᠤ ᠠᠬᠤᠶ ᠶᠢᠨ | ᠦᠢᠯᠡᠳᠪᠦᠷᠢᠯᠡᠯ ᠳᠤ ᠲᠤᠩ ᠠᠰᠢᠭᠲᠠᠶ᠃ | ᠮᠠᠨ ᠤ ᠣᠷᠣᠨ ᠤ ᠲᠠᠷᠢᠶᠠᠯᠠᠩ ᠤᠨ ᠭᠠᠮᠰᠢᠭ ᠤᠨ ᠲᠥᠷᠥᠯ ᠵᠦᠢᠯ ᠨᠢ ᠨᠡᠯᠢᠶᠡᠳ ᠣᠯᠠᠨ᠂ ᠭᠠᠩ ᠬᠠᠭᠤᠷᠠᠶ | ᠪᠣᠯ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠥᠷᠢᠯᠡᠯ ᠳᠤ ᠲᠤᠬᠢᠶᠠᠯᠳᠤᠬᠤ ᠭᠤᠣᠯ | ᠪᠤᠯᠠᠬᠤ ᠪᠠᠶᠢᠭᠠᠯᠢ ᠶᠢᠨ ᠭᠠᠶ ᠭᠠᠮᠰᠢᠭ᠂ ᠨᠢᠭᠡ ᠳᠤ᠂ ᠭᠠᠩ ᠬᠠᠭᠤᠷᠠᠶ ᠶᠢᠨ ᠬᠡᠪᠴᠢᠶ᠎ᠡ ᠨᠢ ᠥᠷᠭᠡᠨ᠂ ᠥᠪᠥᠷ | ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠪᠠᠷᠠᠭᠤᠨ ᠬᠡᠰᠡᠭ ᠪᠠ ᠤᠯᠠᠭᠠᠨᠴᠠᠪ ᠤᠨ ᠥᠷᠭᠡᠨ ᠠᠭᠤᠳᠠᠮ ᠭᠠᠵᠠᠷ | ᠣᠷᠣᠨ ᠵᠢᠴᠢ ᠤᠯᠠᠭᠠᠨᠬᠠᠳᠠ ᠬᠤᠲᠠ᠂ ᠲᠦᠩᠯᠢᠶᠣᠤ ᠬᠤᠲᠠ ᠶᠢᠨ ᠬᠡᠰᠡᠭ ᠭᠠᠵᠠᠷ ᠣᠷᠣᠨ ᠨᠢ ᠪᠦᠷ ᠭᠠᠩ | ᠬᠠᠭᠤᠷᠠᠶ᠂ ᠵᠠᠷᠢᠮᠳᠤᠭ ᠭᠠᠩ ᠬᠠᠭᠤᠷᠠᠢ ᠭᠠᠵᠠᠷ ᠣᠷᠣᠨ ᠪᠣᠯᠤᠨ᠎ᠠ᠃ ᠭᠠᠩ ᠬᠠᠭᠤᠷᠠᠶ ᠪᠠ ᠵᠠᠷᠢᠮᠳᠤᠭ ᠭᠠᠩ | ᠬᠠᠭᠤᠷᠠᠶ ᠭᠠᠵᠠᠷ ᠣᠷᠣᠨ ᠤ ᠲᠠᠯᠠᠪᠠᠶ ᠨᠢ ᠪᠠᠷᠤᠭ ᠪᠥᠬᠦ ᠣᠷᠣᠨ ᠤ ᠶᠡᠷᠦᠩᠬᠡᠶ ᠲᠠᠯᠠᠪᠠᠶ ᠶᠢᠨ 3 / 5 ᠠᠴᠠ ᠳᠡᠭᠡᠭᠰᠢ | ᠪᠠᠶᠢᠳᠠᠭ᠃ ᠬᠤᠶᠠᠷ ᠲᠤ᠂ ᠭᠠᠩᠰᠢᠬᠤ ᠪᠣᠯᠤᠮᠵᠢ ᠶᠡᠭᠡ᠂ ᠲᠡᠦᠬᠡ ᠶᠢᠨ ᠮᠠᠲ᠋ᠧᠷᠢᠶᠠᠯ ᠠᠴᠠ ᠦᠵᠡᠪᠡᠯ᠂ ᠭᠠᠩ ᠭᠠᠴᠢᠭ | ᠵᠢᠯ 70 — 75% ᠶᠢ ᠡᠵᠡᠯᠡᠵᠦ ᠪᠠᠶᠢᠳᠠᠭ ᠪᠣᠯᠬᠤᠷ᠂ ︽ᠭᠤᠷᠪᠠᠨ ᠵᠢᠯ ᠤᠨ ᠬᠤᠶᠠᠷ ᠵᠢᠯ ᠨᠢ ᠭᠠᠩᠰᠢᠵᠦ᠂ | ᠲᠤᠯᠤᠭᠠᠨ ᠵᠢᠯ ᠣᠷᠴᠢᠮ ᠨᠢᠭᠡ ᠶᠡᠭᠡ ᠭᠠᠩ ᠪᠣᠯᠳᠠᠭ︾᠃ ᠭᠤᠷᠪᠠ ᠳᠤ᠂ ᠭᠠᠩ ᠬᠠᠭᠰᠠᠷᠠᠭᠠᠨ ᠦᠷᠭᠦᠯᠵᠢᠯᠡᠬᠦ | ᠴᠠᠭ ᠨᠢ ᠤᠷᠲᠤ᠂ ᠵᠢᠯ ᠢᠶᠠᠷ ᠢᠶᠠᠨ ᠭᠠᠩᠰᠢᠬᠤ ᠨᠢ ᠭᠠᠩᠰᠢᠭᠰᠠᠨ ᠵᠢᠯ ᠤᠨ ᠪᠦᠬᠦ ᠲᠣᠭᠠᠨ ᠤ 54% ᠣᠷᠴᠢᠮ᠂ | ᠦᠷᠭᠦᠯᠵᠢᠯᠡᠨ ᠬᠤᠶᠠᠷ ᠵᠢᠯ ᠤᠨ ᠭᠠᠩᠰᠢᠭᠰᠠᠨ ᠨᠢ ᠪᠠᠷᠤᠭ 20% — 30% ᠶᠢ ᠡᠵᠡᠯᠡᠵᠦ᠂ ᠥᠷᠭᠦᠯᠵᠢᠯᠡᠨ | ᠭᠤᠷᠪᠠᠨ ᠵᠢᠯ ᠤᠨ ᠭᠠᠩᠰᠢᠭᠰᠠᠨ ᠨᠢ ᠪᠠᠷᠤᠭ 10 — 15% ᠶᠢ ᠡᠵᠡᠯᠡᠵᠦ᠂ ᠬᠠᠮᠤᠭ ᠣᠷᠳᠣ ᠵᠢᠯ | ᠬᠤᠭᠤᠴᠠᠭ᠎ᠠ ᠭᠠᠩᠰᠢᠭᠰᠠᠨ ᠨᠢ ᠳᠤᠯᠤᠭᠠᠨ ᠵᠢᠯ ᠦᠷᠭᠦᠯᠵᠢᠯᠡᠭᠰᠡᠨ ᠭᠠᠩ ᠪᠤᠯᠵᠤ ᠥᠩᠭᠡᠷᠡᠪᠠ᠃ | ᠶᠡᠭᠡ ᠰᠠᠯᠬᠢ ᠪᠤᠯᠤᠨ ᠡᠯᠡᠰᠦᠨ ᠰᠢᠭᠤᠷᠭ᠎ᠠ ᠶᠢᠨ ᠲᠠᠷᠢᠶᠠᠯᠠᠩ ᠮᠠᠯ ᠠᠵᠤ ᠠᠬᠤᠶ ᠳᠠᠬᠢ ᠬᠤᠣᠷ ᠬᠥᠨᠥᠭᠡᠯ ᠄ | ᠨᠢᠭᠡ ᠳᠤ᠂ ᠰᠠᠯᠬᠢ ᠳᠤ ᠬᠥᠷᠦᠰᠦᠨ ᠤ ᠭᠠᠳᠠᠷᠭᠤ ᠢᠳᠡᠭᠳᠡᠵᠦ ᠡᠯᠡᠰᠦᠷᠬᠡᠭᠵᠢᠯ ᠢ ᠡᠭᠦᠰᠬᠡᠳᠡᠭ᠃ ᠬᠤᠶᠠᠷ ᠲᠤ᠂ | ᠬᠠᠪᠤᠷ ᠤᠨ ᠤᠯᠠᠷᠢᠯ ᠳᠤ ᠰᠠᠯᠬᠢ ᠶᠡᠬᠡᠲᠠᠢ᠂ ᠡᠯᠡᠰᠦ ᠰᠢᠷᠣᠢ ᠨᠢᠯᠬ᠎ᠠ ᠴᠢᠬᠢ ᠶᠢ ᠳᠠᠷᠤᠬᠤ ᠪᠤᠶᠤ ᠤᠷᠭᠤᠮᠠᠯ ᠤᠨ | ᠦᠨᠳᠦᠰᠦ ᠨᠢ ᠢᠯᠡ ᠭᠠᠷᠴᠦ᠂ ᠴᠢᠨᠠᠭᠰᠢᠯᠠᠪᠠᠯ ᠤᠷᠭᠤᠮᠠᠯ ᠤᠨ ᠦᠷ᠎ᠡ ᠨᠢ ᠦᠯᠢᠶᠡᠭᠳᠡᠵᠦ ᠬᠡᠶᠢᠰᠴᠦ᠂ ᠬᠦᠨᠳᠦ | ᠨᠤᠴᠢᠲᠠᠢ ᠬᠤᠪᠢᠷᠠᠨ᠎ᠠ᠃ ᠭᠤᠷᠪᠠ ᠳᠤ᠂ ᠶᠡᠭᠡ ᠡᠯᠡᠰᠦᠨ ᠳᠣᠪᠤ ᠰᠢᠯᠵᠢᠭᠡᠳ ᠲᠠᠷᠢᠶᠠᠨ ᠭᠠᠵᠠᠷ᠂ ᠪᠡᠯᠴᠢᠭᠡᠷ ᠢ | ᠳᠠᠷᠤᠭᠰᠠᠨ ᠪᠠᠶᠢᠨ᠎ᠠ᠃ | ᠬᠢᠷᠠᠭᠤ ᠤᠨᠠᠬᠤ ᠳᠤ᠂ ᠬᠠᠪᠤᠷ ᠤᠨ ᠬᠢᠷᠠᠭᠤ ᠪᠠ ᠨᠠᠮᠤᠷ ᠤᠨ ᠬᠢᠷᠠᠭᠤ ᠭᠡᠵᠦ ᠬᠤᠪᠢᠶᠠᠳᠠᠭ᠃ ᠥᠪᠥᠷ | ᠮᠣᠩᠭᠤᠯ ᠣᠷᠣᠨ ᠳᠤ ᠬᠢᠷᠠᠭᠤ ᠤᠨᠠᠬᠤ ᠡᠳᠦᠷ ᠨᠢ ᠶᠡᠷᠦ ᠳᠡᠭᠡᠨ 180 — 275 ᠡᠳᠦᠷ᠂ ᠪᠠᠷᠠᠭᠤᠨ ᠠᠴᠠ | ᠵᠡᠭᠦᠨᠰᠢ ᠬᠤᠭᠤᠴᠠᠭ᠎ᠠ ᠨᠢ ᠨᠡᠮᠡᠭᠳᠡᠨ᠎ᠡ᠃ ᠥᠪᠥᠷ ᠮᠣᠩᠭᠤᠯ ᠤᠨ ᠬᠢᠷᠠᠭᠤ ᠤᠨᠠᠬᠤ ᠣᠨᠴᠠᠯᠢᠭ ᠲᠤ᠄ ① ᠨᠠᠮᠦᠷ ᠤᠨ | ᠬᠢᠷᠠᠭᠤ ᠶᠢᠨ ᠬᠤᠬᠢᠷᠠᠯ ᠨᠢ ᠬᠠᠪᠤᠷ ᠤᠨ ᠬᠢᠷᠠᠭᠤ ᠠᠴᠠ ᠶᠡᠭᠡ ② ᠲᠡᠭᠰᠢ ᠤᠷᠤᠰᠬᠠᠯ ᠤᠨ ᠬᠢᠷᠠᠭᠤ ᠬᠠᠮᠤᠭ ᠤᠨ | ᠬᠦᠨᠳᠦ ᠨᠣᠴᠢᠲᠠᠶ᠃ ③ ︽ᠬᠠᠷ᠎ᠠ ᠬᠢᠷᠠᠭᠤ︾ ᠣᠯᠠᠨ᠂ ᠬᠥᠨᠥᠭᠡᠯ ᠨᠢ ᠶᠡᠭᠡ᠃ | ᠬᠤᠶᠠᠷ᠂ ᠠᠮᠤ ᠪᠤᠳᠠᠭᠠᠨ ᠤ ᠦᠢᠯᠡᠳᠪᠦᠷᠢᠯᠡᠯ ᠤᠨ ᠬᠥᠭᠵᠢᠯᠲᠡ ᠶᠢᠨ ᠶᠠᠪᠤᠴᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠮᠠᠨ ᠤ ᠤᠯᠤᠰ ᠤᠨ 13 ᠠᠮᠤ ᠪᠤᠳᠠᠭᠠᠨ ᠤ | ᠭᠤᠣᠯ ᠭᠠᠷᠤᠯᠲᠠ ᠶᠢᠨ ᠮᠤᠵᠢ ᠣᠷᠣᠨ ᠤ ᠨᠢᠭᠡ᠂ ᠵᠢᠯ ᠪᠦᠷᠢ ᠤᠯᠤᠰ ᠲᠤ ᠲᠠᠸᠠᠷ ᠤᠨ ᠠᠮᠤ 200 ᠳ᠋ᠦᠩᠰᠢᠭᠤᠷ | ᠵᠢᠩ ᠢᠯᠡᠭᠦᠦ ᠬᠠᠩᠭᠠᠵᠤ ᠂ ᠪᠦᠬᠦ ᠤᠯᠤᠰ ᠤᠨ ᠠᠮᠤ ᠪᠤᠳᠠᠭᠠᠨ ᠤ ᠴᠡᠪᠡᠷ ᠭᠠᠷᠭᠠᠯᠲᠠ ᠶᠢᠨ ᠲᠠᠪᠤᠨ ᠮᠤᠵᠢ | ᠣᠷᠣᠨ ᠤ ᠨᠢᠭᠡ ᠪᠣᠯᠤᠨ᠎ᠠ᠂ ᠲᠠᠷᠢᠶᠠᠴᠢᠳ ᠤᠨ ᠬᠥᠮᠦᠨ ᠪᠦᠷᠢ ᠶᠢᠨ ᠬᠠᠳᠠᠭᠠᠯᠠᠯᠲᠠ ᠶᠢᠨ ᠠᠮᠤ ᠪᠤᠳᠠᠭ᠎ᠠ ᠪᠣᠯᠤᠨ | ᠬᠥᠮᠦᠨ ᠪᠦᠷᠢ ᠳᠤ ᠳᠤᠮᠳᠠᠴᠢ ᠪᠠᠷ ᠨᠣᠭᠳᠠᠬᠤ ᠠᠮᠤ ᠪᠤᠳᠠᠭ᠎ᠠ ᠲᠤᠰ ᠪᠦᠷᠢ ᠪᠦᠬᠦ ᠤᠯᠤᠰ ᠤᠨ ᠬᠤᠶᠠᠷ ᠪᠠ | ᠭᠤᠷᠪᠠᠳᠤᠭᠠᠷ ᠲᠤ ᠣᠷᠣᠵᠤ ᠪᠠᠢᠨ᠎ᠠ᠃ ᠥᠪᠥᠷ ᠮᠣᠩᠭᠤᠯ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠬᠦᠭᠵᠢᠯᠲᠡ᠂ | ᠳᠦᠷᠪᠡᠨ ᠱᠠᠲᠣ ᠶᠢ ᠥᠩᠭᠡᠷᠡᠭᠡᠭᠰᠡᠨ ᠪᠠᠶᠢᠨ᠎ᠠ᠂ ᠨᠢᠭᠡᠳᠦᠭᠡᠷ ᠱᠠᠲᠤ ︵1947 ᠣᠨ — 1978 ᠣᠨ︶᠂ | ᠠᠮᠤ ᠪᠤᠳᠠᠭᠠᠨ ᠤ ᠭᠠᠷᠤᠯᠲᠠ ᠶᠢᠨ ᠨᠡᠮᠡᠭᠳᠡᠯ ᠤᠳᠠᠭᠠᠨ ᠪᠠᠶᠢᠬᠤ ᠱᠠᠳᠤ ᠦᠶ᠎ᠡ ᠪᠣᠯᠤᠨ᠎ᠠ᠃ ᠠᠮᠤ ᠪᠤᠳᠠᠭᠠᠨ ᠤ | ᠭᠠᠷᠤᠯᠲᠠ ᠲᠤᠭ᠎ᠠ 37 ᠳ᠋ᠦᠩᠰᠢᠭᠤᠷ ᠵᠢᠩ ᠠᠴᠠ 100 ᠳ᠋ᠦᠩᠰᠢᠭᠤᠷ ᠵᠢᠩ ᠬᠦᠷᠲᠡᠯ᠎ᠡ ᠨᠡᠮᠡᠭᠳᠡᠵᠦ᠂ | ᠨᠡᠮᠡᠭᠳᠡᠯ ᠤᠨ ᠬᠡᠮᠵᠢᠶ᠎ᠡ ᠨᠢ 170.3% ᠂ ᠵᠢᠯ ᠪᠦᠷᠢ ᠳᠤᠮᠳᠠᠴᠢ ᠪᠠᠷ 3.26% ᠳᠠᠬᠢᠨ ᠨᠡᠮᠡᠭᠳᠡᠨ᠎ᠡ᠃ ᠡᠨᠡ ᠬᠦ | 31 ᠵᠢᠯ ᠤᠨ ᠶᠠᠪᠤᠴᠠ ᠳᠤ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠭᠤᠣᠯ ᠬᠦᠴᠦᠨ ᠵᠦᠢᠯ ᠨᠢ ᠨᠢᠭᠡᠴᠢ | ᠲᠠᠯᠠᠪᠠᠢ ᠶᠢᠨ ᠤᠨᠠᠯᠲᠠ ᠶᠢ ᠨᠡᠮᠡᠭᠳᠡᠭᠦᠯᠵᠦ ᠪᠠᠶᠢᠭᠠᠳ ᠪᠡᠶᠡᠯᠡᠭᠦᠯᠦᠭᠰᠡᠨ ᠶᠤᠮ᠂ ᠨᠢᠭᠡᠴᠢ ᠲᠠᠯᠠᠪᠠᠢ ᠶᠢᠨ ᠤᠨᠠᠯᠲᠠ ᠶᠢ | ᠨᠡᠮᠡᠭᠳᠡᠭᠦᠯᠵᠦ᠂ ᠠᠮᠤ ᠪᠤᠳᠠᠭᠠᠨ ᠤ ᠶᠡᠷᠦᠩᠬᠡᠶ ᠤᠨᠠᠯᠲᠠ ᠶᠢ ᠨᠡᠮᠡᠭᠳᠡᠭᠦᠯᠬᠦ ᠳᠤ ᠬᠤᠪᠢ ᠨᠡᠮᠡᠷᠢ ᠦᠵᠡᠭᠦᠯᠦᠭᠰᠡᠨ | ᠨᠤᠷᠮ᠎ᠠ ᠨᠢ 65.4%᠂ ᠭᠡᠲᠡᠯ᠎ᠡ ᠲᠠᠷᠢᠶᠠᠯᠠᠬᠤ ᠲᠠᠯᠠᠪᠠᠢ ᠶᠢ ᠨᠡᠮᠡᠭᠳᠡᠭᠦᠯᠬᠦ ᠪᠠᠷ ᠳᠠᠮᠵᠢᠨ ᠠᠮᠤ ᠪᠤᠳᠠᠭᠠᠨ ᠤ ᠶᠡᠷᠦᠩᠬᠡᠶ | ᠤᠨᠠᠯᠲᠠ ᠶᠢ ᠨᠡᠮᠡᠭᠳᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠨᠢ ᠵᠥᠪᠬᠡᠨ 16.7%᠃ ᠬᠤᠶᠠᠳᠤᠭᠠᠷ ᠱᠠᠲᠤ | ︵1979 ᠣᠨ — 1998 ᠣᠨ︶ ᠠᠮᠤ ᠪᠤᠳᠠᠭᠠᠨ ᠤ ᠭᠠᠷᠤᠯᠲᠠ ᠲᠦᠷᠭᠡᠨ ᠢᠶᠠᠷ ᠨᠡᠮᠡᠭᠳᠡᠬᠦ ᠱᠠᠳᠤ ᠪᠣᠯᠤᠨ᠎ᠠ᠃ | ᠠᠮᠤ ᠪᠤᠳᠠᠭᠠᠨ ᠤ ᠭᠠᠷᠤᠯᠲᠠ 102 ᠳ᠋ᠦᠩᠰᠢᠭᠤᠷ ᠵᠢᠩ ᠠᠴᠠ 315 ᠳ᠋ᠦᠩᠰᠢᠭᠤᠷ ᠵᠢᠩ ᠪᠣᠯᠲᠠᠯ᠎ᠠ ᠨᠡᠮᠡᠭᠳᠡᠭᠰᠡᠨ | ᠪᠠᠶᠢᠨ᠎ᠠ᠂ ᠨᠡᠮᠡᠭᠳᠡᠯ ᠤᠨ ᠬᠡᠮᠵᠢᠶ᠎ᠡ ᠨᠢ 208.8%᠂ ᠳᠤᠮᠳᠠᠴᠢ ᠪᠠᠷ ᠵᠢᠯ ᠪᠦᠷᠢ 6.1% ᠪᠠᠷ ᠨᠡᠮᠡᠭᠳᠡᠵᠦ᠂ ᠠᠮᠤ | ᠪᠤᠳᠠᠭᠠᠨ ᠤ ᠭᠠᠷᠤᠯᠲᠠ ᠲᠦᠷᠭᠡᠨ ᠢᠶᠠᠷ ᠨᠡᠮᠡᠭᠳᠡᠵᠦ᠂ ᠮᠠᠨ ᠤ ᠣᠷᠣᠨ ᠤ 25 ᠵᠢᠯ ᠪᠤᠴᠠᠭᠠᠨ ᠪᠤᠷᠤᠯᠠᠭᠤᠯᠬᠤ | ᠪᠤᠳᠠᠭ᠎ᠠ ᠢᠳᠡᠵᠦ ᠪᠠᠶᠢᠭᠰᠠᠨ ᠲᠡᠤᠬᠡ ᠶᠢ ᠡᠴᠦᠰᠯᠡᠭᠦᠯᠵᠦ᠂ ᠨᠢᠭᠡ ᠯᠡ ᠳᠡᠭᠡᠷ᠎ᠡ ᠤᠯᠤᠰ ᠤᠨ ᠴᠢᠬᠤᠯᠠ ᠠᠮᠤ | ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠨᠢᠭᠡ ᠪᠤᠯᠤᠭᠰᠠᠨ ᠪᠠᠶᠢᠨ᠎ᠠ᠂ ᠮᠠᠨ ᠤ ᠣᠷᠣᠨ 1992 ᠣᠨ ᠠᠴᠠ | ᠠᠮᠤ ᠪᠤᠳᠠᠭ᠎ᠠ ᠶᠢᠨ ᠥᠪᠡᠷ ᠤᠨ ᠬᠠᠩᠭᠠᠯᠲᠠ ᠶᠢ ᠪᠡᠶᠡᠯᠡᠭᠦᠯᠦᠭᠰᠡᠨ ᠪᠠᠶᠢᠨ᠎ᠠ᠃ ᠡᠨᠡ ᠬᠦ ᠱᠠᠲᠤᠨ ᠳᠤ ᠠᠮᠤ | ᠪᠤᠳᠠᠭᠠᠨ ᠤ ᠮᠦ ᠪᠦᠷᠢ ᠶᠢᠨ ᠬᠤᠷᠢᠶᠠᠯᠲᠠ 168 ᠵᠢᠩ ᠠᠴᠠ 418 ᠵᠢᠩ ᠪᠤᠯᠤᠨ ᠨᠡᠮᠡᠭᠳᠡᠵᠦ᠂ ᠨᠡᠮᠡᠭᠳᠡᠯ ᠤᠨ | ᠬᠡᠮᠵᠢᠶ᠎ᠡ ᠨᠢ ᠳᠤᠮᠳᠠᠴᠢ ᠪᠠᠷ ᠵᠢᠯ ᠪᠦᠷᠢ 4.9% ᠨᠡᠮᠡᠭᠳᠡᠵᠦ᠂ ᠨᠢᠭᠡᠴᠢ ᠲᠠᠯᠠᠪᠠᠢ ᠶᠢᠨ ᠬᠤᠷᠢᠶᠠᠯᠲᠠ ᠶᠢ | ᠳᠡᠭᠡᠭᠰᠢᠯᠡᠭᠦᠯᠬᠦ ᠨᠣᠷᠮ᠎ᠠ ᠨᠢ 71.3%᠃ ᠭᠤᠷᠪᠠᠳᠤᠭᠠᠷ ᠱᠠᠲᠤ ︵1999 ᠣᠨ — 2003 ᠣᠨ︶ ᠠᠮᠤ | ᠪᠤᠳᠠᠭᠠᠨ ᠤ ᠭᠠᠷᠤᠯᠲᠠ ᠲᠦᠷᠭᠡᠨ ᠪᠠᠭᠤᠷᠠᠬᠤ ᠱᠠᠲᠤ ᠦᠶ᠎ᠡ ᠪᠣᠯᠤᠨ᠎ᠠ᠃ 1998 ᠣᠨ ᠳᠤ 315 ᠳ᠋ᠦᠩᠰᠢᠭᠤᠷ | ᠵᠢᠩ ᠠᠴᠠ 2003 ᠣᠨ ᠳᠤ 272 ᠳ᠋ᠦᠩᠰᠢᠭᠤᠷ ᠵᠢᠩ ᠬᠦᠷᠲᠡᠯ᠎ᠡ ᠲᠦᠷᠭᠡᠨ ᠳᠣᠷᠣᠭᠰᠢᠯᠠᠭᠠᠳ᠂ 43 | ᠳ᠋ᠦᠩᠰᠢᠭᠤᠷ ᠵᠢᠩ ᠪᠠᠭᠠᠰᠬᠠᠵᠤ᠂ 15.8% ᠳᠣᠷᠤᠭᠰᠢᠯᠠᠭᠰᠠᠨ ᠪᠠᠶᠢᠨ᠎ᠠ᠃ ᠠᠮᠤ ᠪᠤᠳᠠᠭᠠᠨ ᠤ ᠬᠤᠷᠢᠶᠠᠯᠲᠠ | ᠬᠠᠰᠤᠭᠳᠠᠭᠰᠠᠨ ᠤ ᠭᠤᠣᠯ ᠰᠢᠯᠲᠠᠭᠠᠨ ᠨᠢ ᠠᠮᠤ ᠪᠤᠳᠠᠭ᠎ᠠ ᠳᠠᠷᠢᠬᠤ ᠲᠠᠯᠠᠪᠠᠶ ᠨᠢ ᠲᠦᠷᠭᠡᠨ ᠪᠠᠭᠤᠷᠠᠭᠰᠠᠨ ᠠᠴᠠ | ᠪᠤᠯᠵᠦ᠂ ᠲᠠᠯᠠᠪᠠᠶ ᠨᠢ 1998 ᠣᠨ ᠤ 7546 ᠮᠦ ᠠᠴᠠ 6076 ᠲᠦᠮᠡᠨ ᠮᠦ ᠬᠦᠷᠲᠡᠯ᠎ᠡ ᠪᠠᠭᠠᠰᠴᠦ᠂ 1470 | ᠲᠦᠮᠡᠨ ᠮᠦ ᠬᠠᠰᠤᠭᠳᠠᠭᠰᠠᠨ ᠪᠠᠶᠢᠨ᠎ᠠ᠂ ᠬᠠᠰᠣᠭᠳᠠᠭᠰᠠᠨ ᠬᠡᠮᠵᠢᠶ᠎ᠡ ᠨᠢ 27.2 % ᠬᠦᠷᠴᠦ᠂ ᠲᠠᠷᠢᠶᠠᠯᠠᠬᠤ | ᠲᠠᠯᠠᠪᠠᠶ ᠪᠠᠭᠠᠰᠤᠭᠰᠠᠨ ᠨᠢ ᠠᠮᠤ ᠪᠤᠳᠠᠭᠠᠨ ᠤ ᠤᠨᠠᠯᠲᠠ ᠳᠠᠬᠢ ᠨᠥᠯᠥᠭᠡ ᠨᠢ 172.15%᠃ ᠳᠥᠷᠪᠡᠳᠦᠭᠡᠷ | ᠱᠠᠲᠤ ︵2004 ᠣᠨ ᠠᠴᠠ ᠣᠳᠣ ᠪᠤᠯᠲᠠᠯ᠎ᠠ︶ ᠠᠮᠤ ᠪᠤᠳᠠᠭᠠᠨ ᠤ ᠭᠠᠷᠤᠯᠲᠠ ᠶᠢ ᠲᠦᠷᠭᠡᠨ ᠢᠶᠠᠷ ᠰᠡᠷᠭᠦᠭᠡᠬᠦ ᠪᠠ | ᠲᠣᠭᠲᠠᠭᠤᠨ ᠬᠥᠭᠵᠢᠯᠲᠡ ᠶᠢᠨ ᠱᠠᠲᠤᠨ ᠳᠤ ᠣᠷᠣᠪᠠ᠃ ᠠᠮᠤ ᠪᠤᠳᠠᠭᠠᠨ ᠤ ᠭᠠᠷᠤᠯᠲᠠ ᠲᠦᠷᠭᠡᠨ ᠳᠡᠭᠡᠭᠰᠢᠯᠡᠭᠡᠳ | 2003 ᠣᠨ ᠤ 272 ᠳ᠋ᠦᠩᠰᠢᠭᠤᠷ ᠵᠢᠩ ᠠᠴᠠ 2017 ᠣᠨ ᠳᠤ 553.7 ᠳ᠋ᠦᠩᠰᠢᠭᠤᠷ ᠵᠢᠩ ᠬᠦᠷᠲᠡᠯ᠎ᠡ | ᠳᠡᠭᠡᠭᠰᠢᠯᠡᠭᠰᠡᠨ ᠪᠠᠶᠢᠨ᠎ᠠ᠃ ︽ᠦᠷᠭᠦᠯᠵᠢᠯᠡᠭᠰᠡᠨ ᠠᠷᠪᠠᠨ ᠳᠦᠷᠪᠡᠨ ᠵᠢᠯ ᠤᠨ ᠡᠯᠪᠡᠭ ᠬᠤᠷᠢᠶᠡᠯᠲᠠ︾ ᠶᠢ | ᠪᠡᠶᠡᠯᠡᠭᠦᠯᠵᠦ᠂ ᠶᠡᠷᠦᠩᠬᠡᠶ ᠤᠨᠠᠯᠲᠠ ᠨᠢ ᠪᠦᠬᠦ ᠤᠯᠤᠰ ᠤᠨ ᠡᠮᠦᠨ᠎ᠡ ᠠᠷᠪᠠᠳᠤᠭᠠᠷ ᠪᠠᠶᠢᠷᠢᠨ ᠳᠤ ᠣᠷᠣᠵᠠᠶ᠃ | ᠭᠤᠷᠪᠠ᠂ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠤᠨ ᠪᠦᠲᠦᠴᠡ᠂ ᠣᠷᠣᠨ ᠪᠦᠰᠡ ᠶᠢᠨ ᠪᠠᠶᠢᠷᠢᠰᠢᠯ | ᠵᠢᠴᠢ ᠪᠦᠬᠦ ᠤᠯᠤᠰ ᠲᠠᠬᠢ ᠪᠠᠶᠢᠷᠢ ᠰᠠᠭᠤᠷᠢ | ᠥᠪᠥᠷ ᠮᠣᠩᠭᠤᠯ ᠤᠨ ᠠᠮᠤ ᠪᠤᠳᠠᠭᠠᠨ ᠤ ᠦᠢᠯᠡᠳᠪᠦᠷᠢᠯᠡᠯ ᠨᠢ ᠡᠷᠳᠡᠨᠢ ᠰᠢᠰᠢ᠂ ᠪᠤᠭᠤᠲᠠᠢ᠂ ᠤᠰᠦᠠ | ᠲᠤᠲᠤᠷᠭ᠎ᠠ᠂ ᠰᠢᠷ᠎ᠠ ᠪᠤᠷᠴᠠᠭ᠂ ᠲᠥᠮᠥᠰᠥ ᠵᠡᠷᠭᠡ ᠲᠠᠪᠤᠨ ᠶᠡᠭᠡ ᠲᠠᠷᠢᠮᠠᠯ ᠪᠠ ᠨᠠᠷᠢᠮᠤ᠂ ᠰᠢᠰᠢ᠂ ᠶᠤᠤᠮᠠᠶ᠂ ᠰᠢᠯᠦᠬᠡᠶ᠂ | ᠮᠣᠩᠭᠤᠯ ᠠᠮᠤ᠂ ᠨᠣᠭᠤᠭᠠᠨ ᠪᠤᠷᠴᠠᠭ ᠵᠡᠷᠭᠡ ᠡᠯᠳᠡᠪ ᠠᠮᠤ ᠶᠢᠨ ᠲᠦᠷᠦᠯ ᠢᠶᠠᠷ ᠭᠤᠣᠯᠯᠠᠵᠤ ᠪᠠᠶᠢᠨ᠎ᠠ᠃ | ᠣᠳᠣᠬᠠᠨ ᠳᠤ ᠨᠢᠭᠡᠨᠲᠡ ᠠᠩᠬ᠎ᠠ ᠠᠯᠬᠤᠮ ᠪᠦᠷᠢᠯᠳᠦᠭᠦᠯᠵᠦ᠂ ᠠᠳᠠᠯᠢ ᠪᠤᠰᠤ ᠣᠷᠣᠨ ᠪᠦᠰᠡ ᠶᠢᠨ ᠣᠨᠴᠠᠯᠢᠭ ᠲᠠᠢ | ᠪᠠ ᠳᠠᠪᠠᠭᠤᠯᠢᠭ ᠲᠠᠯ᠎ᠠ ᠲᠠᠢ ᠠᠮᠤ ᠪᠤᠳᠠᠭᠠᠨ ᠤ ᠦᠢᠯᠡᠳᠪᠦᠷᠢᠯᠡᠯ ᠤᠨ ᠰᠠᠭᠤᠷᠢᠨ ᠭᠠᠵᠠᠷ᠂ ᠵᠢᠱᠢᠶᠡᠯᠡᠪᠡᠯ | ᠪᠣᠷᠣᠲᠣᠬᠤᠢ᠂ ᠲᠦᠮᠡᠳ ᠤᠨ ᠲᠠᠯ᠎ᠠ᠂ ᠶᠡᠭᠡ ᠬᠢᠩᠭᠠᠨ ᠳᠠᠪᠠᠭᠠᠨ ᠤ ᠬᠤᠶᠢᠲᠤ ᠬᠡᠰᠡᠭ ᠤᠨ ᠭᠠᠵᠠᠷ ᠣᠷᠣᠨ ᠤ | ᠰᠢᠯᠢᠳᠡᠭ ᠪᠤᠭᠤᠳᠠᠢ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠯᠢᠶᠣᠤᠾᠧ ᠭᠤᠣᠯ ᠤᠨ ᠪᠠᠷᠠᠭᠤᠨ ᠬᠡᠰᠡᠭ ᠤᠨ | ᠲᠠᠯ᠎ᠠ ᠭᠠᠵᠠᠷ ᠵᠢᠴᠢ ᠳᠤᠮᠳᠠ ᠪᠠᠷᠠᠭᠤᠨ ᠬᠡᠰᠡᠭ ᠣᠷᠣᠨ ᠤ ᠥᠷᠭᠡᠨ ᠠᠭᠤᠳᠠᠮ ᠭᠠᠵᠠᠷ ᠣᠷᠣᠨ ᠤ ᠰᠢᠯᠢᠳᠡᠭ ᠡᠷᠳᠡᠨᠢ | ᠰᠢᠰᠢ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠶᠡᠭᠡ ᠬᠢᠩᠭᠠᠨ ᠳᠠᠪᠠᠭᠠᠨ ᠤ ᠵᠡᠭᠦᠨ ᠡᠮᠦᠨ᠎ᠡ ᠬᠡᠰᠡᠭ ᠤᠨ | ᠰᠢᠯᠢᠳᠡᠭ ᠰᠢᠷ᠎ᠠ ᠪᠤᠷᠴᠠᠭ᠂ ᠤᠰᠤᠨ ᠲᠤᠲᠤᠷᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠳᠤᠮᠳᠠ ᠪᠠᠷᠠᠭᠤᠨ | ᠣᠷᠣᠨ ᠤ ᠳᠣᠪᠣᠷᠴᠠᠭ ᠭᠠᠵᠠᠷ ᠤᠨ ᠬᠠᠭᠤᠷᠠᠢ ᠲᠠᠷᠢᠶᠠᠯᠠᠭ᠎ᠠ ᠶᠢᠨ ᠣᠷᠣᠨ ᠤ ᠰᠢᠯᠢᠳᠡᠭ ᠲᠥᠮᠥᠰᠥ᠂ ᠡᠯᠳᠡᠪ ᠠᠮᠤ | ᠪᠤᠷᠴᠠᠭ ᠤᠨ ᠲᠦᠷᠦᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠵᠡᠷᠭᠡ ᠪᠤᠢ᠃ ᠡᠷᠳᠡᠨᠢ ᠰᠢᠰᠢ ᠳᠠᠷᠢᠬᠤ ᠳᠠᠯᠠᠪᠠᠢ | ᠪᠣᠯᠤᠨ ᠭᠠᠷᠤᠯᠲᠠ ᠨᠢ ᠪᠦᠬᠦ ᠤᠯᠤᠰ ᠲᠤ ᠭᠤᠷᠪᠠᠳᠤᠭᠠᠷ ᠲᠤ ᠂ ᠰᠢᠷ᠎ᠠ ᠪᠤᠷᠴᠠᠭ ᠳᠠᠷᠢᠬᠤ ᠳᠠᠯᠠᠪᠠᠢ ᠪᠣᠯᠤᠨ | ᠭᠠᠷᠤᠯᠲᠠ ᠨᠢ ᠪᠦᠬᠦ ᠤᠯᠤᠰ ᠲᠤ ᠭᠤᠷᠪᠠᠳᠤᠭᠠᠷ ᠲᠤ᠂ ᠲᠥᠮᠥᠰᠥ ᠳᠠᠷᠢᠬᠤ ᠳᠠᠯᠠᠪᠠᠢ ᠨᠢ ᠪᠦᠬᠦ ᠤᠯᠤᠰ ᠤᠨ | ᠲᠠᠪᠤᠳᠤᠭᠠᠷ ᠲᠤ᠂ ᠭᠠᠷᠤᠯᠲᠠ ᠨᠢ ᠪᠦᠬᠦ ᠤᠯᠤᠰ ᠲᠤ ᠳᠥᠷᠪᠡᠳᠦᠭᠡᠷ ᠪᠠᠶᠢᠷᠢᠨ ᠳᠤ ᠣᠷᠣᠪᠠ᠃ ᠡᠯᠳᠡᠪ ᠠᠮᠤ | ᠪᠤᠷᠴᠠᠭ ᠤᠨ ᠳᠤᠮᠳᠠ᠂ ᠰᠢᠰᠢ ᠶᠢᠨ ᠲᠠᠯᠠᠪᠠᠶ ᠪᠠ ᠭᠠᠷᠤᠯᠲᠠ ᠨᠢ ᠪᠦᠷ ᠪᠦᠬᠦ ᠤᠯᠤᠰ ᠲᠤ ᠬᠤᠶᠠᠳᠤᠭᠠᠷ ᠪᠠᠶᠢᠷᠢᠨ ᠳᠤ | ᠣᠷᠣᠵᠤ ᠪᠠᠶᠢᠨ᠎ᠠ᠃ ᠨᠠᠷᠢᠮᠤ ᠶᠢᠨ ᠲᠠᠯᠠᠪᠠᠶ᠂ ᠭᠠᠷᠤᠯᠲᠠ ᠨᠢ ᠪᠦᠬᠦ ᠤᠯᠤᠰ ᠲᠤ ᠬᠤᠶᠠᠳᠤᠭᠠᠷ ᠪᠠᠶᠢᠷᠢᠨ ᠳᠤ ᠣᠷᠣᠵᠤ᠂ | ᠤᠯᠠᠭᠠᠨ ᠪᠤᠷᠴᠠᠭ ᠤᠨ ᠲᠠᠯᠠᠪᠠᠶ ᠪᠠ ᠭᠠᠷᠤᠯᠲᠠ ᠨᠢ ᠲᠣᠰ ᠲᠣᠰ ᠪᠦᠬᠦ ᠤᠯᠤᠰ ᠲᠤ ᠬᠤᠶᠠᠷ ᠭᠤᠷᠪᠠᠳᠤᠭᠠᠷ᠂ | ᠨᠣᠭᠤᠭᠠᠨ ᠪᠤᠷᠴᠠᠭ ᠤᠨ ᠲᠠᠯᠠᠪᠠᠶ ᠪᠠ ᠭᠠᠷᠤᠯᠲᠠ ᠨᠢ ᠪᠦᠷ ᠪᠦᠬᠦ ᠤᠯᠤᠰ ᠲᠤ ᠬᠤᠶᠠᠳᠤᠭᠠᠷ ᠪᠠᠶᠢᠷᠢᠨ ᠳᠤ ᠣᠷᠣᠵᠤ᠂ | ᠨᠡᠷᠡᠨ ᠬᠤᠸᠠᠷ ᠤᠨ ᠲᠠᠯᠠᠪᠠᠶ ᠪᠠ ᠭᠠᠷᠤᠯᠲᠠ ᠴᠥᠮ ᠪᠥᠬᠦ ᠤᠯᠤᠰ ᠤᠨ ᠲᠡᠷᠢᠭᠦᠨ ᠳᠤ ᠣᠷᠣᠪᠠ᠃ ᠰᠢᠬᠢᠷ | ᠯᠤᠤᠪᠠᠩ ᠤᠨ ᠲᠠᠯᠠᠪᠠᠢ ᠪᠠ ᠭᠠᠷᠤᠯᠲᠠ ᠨᠢ ᠪᠦᠷ ᠪᠦᠬᠦ ᠤᠯᠤᠰ ᠲᠤ ᠬᠤᠶᠠᠳᠤᠭᠠᠷ ᠲᠤ ᠣᠷᠣᠵᠤ᠂ ᠥᠪᠥᠷ ᠮᠣᠩᠭᠤᠯ | ᠤᠷᠤᠨ ᠨᠢ ᠮᠠᠨ ᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠬᠢᠯᠢ ᠬᠢᠵᠠᠭᠠᠷ ᠣᠷᠣᠨ᠂ ᠤᠯᠤᠰ ᠤᠨ | ᠭᠤᠣᠯ ᠪᠣᠯᠬᠤ ᠠᠮᠤ ᠪᠤᠳᠠᠭᠠᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠬᠤ ᠪᠠᠷ ᠪᠠᠷᠠᠬᠤ ᠦᠭᠡᠢ᠂ ᠪᠠᠰᠠ | ᠳᠤᠮᠳᠠᠳᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠮᠥᠨ᠃ |