2017 ᠣᠨ ᠳᠤ ᠪᠦᠬᠦ ᠣᠷᠣᠨ ᠤ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠢ ᠨᠢ ︽ᠬᠥᠭᠵᠢᠯᠲᠡ | ᠲᠦᠷᠭᠡᠨ᠂ ᠪᠠᠶᠢᠷᠢᠰᠢᠭᠤᠯᠤᠯᠲᠠ ᠰᠢᠯᠢᠳᠡᠭᠵᠢᠭᠰᠡᠨ᠂ ᠶᠠᠰᠤ ᠴᠢᠨᠠᠷ ᠳᠡᠭᠡᠭᠰᠢᠯᠡᠭᠰᠡᠨ᠂ ᠬᠦᠷᠢᠶ᠎ᠡ ᠴᠠᠷᠠᠭ᠎ᠠ | ᠦᠷᠭᠡᠵᠢᠭᠰᠡᠨ︾ ᠰᠠᠶᠢᠨ ᠪᠠᠶᠢᠳᠠᠯ ᠢᠯᠡᠷᠡᠵᠦ᠂ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠭᠢᠯᠠᠰ ᠴᠡᠭ ᠪᠣᠯᠵᠤ᠂ 2017 | ᠣᠨ ᠤ ᠡᠴᠦᠰ ᠪᠣᠯᠲᠠᠯ᠎ᠠ᠂ ᠪᠦᠬᠦ ᠣᠷᠣᠨ ᠤ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠢ ᠵᠢᠨᠡᠵᠡᠩᠨᠡᠯᠲᠡ ᠶᠢᠨ | ᠭᠤᠤᠯ ᠴᠣᠭᠴᠠ 3000 ᠳᠤ ᠬᠦᠷᠴᠦ᠂ ᠠᠵᠢᠯᠯᠠᠵᠤ ᠪᠠᠶᠢᠭ᠎ᠠ ᠬᠦᠮᠦᠨ ᠤ ᠲᠤᠭ᠎ᠠ 6.8 ᠲᠦᠮᠨ ᠳᠤ ᠬᠦᠷᠴᠦ᠂ | ᠡᠭᠦᠨ ᠤ ᠳᠣᠲᠣᠷ᠎ᠠ 5.7 ᠲᠦᠮᠡᠨ ᠮᠠᠯᠴᠢᠨ ᠲᠠᠷᠢᠶᠠᠴᠢᠳ ᠲᠤ ᠠᠵᠢᠯ ᠣᠯᠭᠤᠵᠤ᠂ 10.5 ᠲᠦᠮᠡᠨ ᠮᠠᠯᠵᠢᠬᠤ | ᠲᠠᠷᠢᠶᠠᠯᠠᠬᠤ ᠡᠷᠦᠬᠡ ᠶᠢ ᠳᠠᠶᠢᠴᠢᠯᠠᠵᠠᠢ᠃ ᠵᠢᠯ ᠳᠤ ᠬᠦᠯᠢᠶᠡᠨ ᠵᠣᠴᠢᠯᠠᠭᠰᠠᠨᠵᠢᠭᠤᠯᠴᠢᠯᠠᠭᠰᠠᠳ ᠨᠡᠶᠢᠳᠡ 2500 | ᠲᠦᠮᠡᠨ ᠬᠥᠮᠦᠨ ᠤᠳᠠᠭ᠎ᠠ ᠬᠦᠷᠴᠦ᠂ ᠠᠳᠠᠯᠢ ᠬᠤᠭᠤᠴᠠᠭᠠᠨ ᠠᠴᠠ 8% ᠪᠠᠷ ᠨᠡᠮᠡᠭᠳᠡᠵᠡᠶ᠃ ᠡᠵᠡᠩᠨᠡᠯᠲᠡ ᠶᠢᠨ | ᠣᠷᠣᠯᠭ᠎ᠠ 64.7 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠠᠴᠠ 12% ᠢᠶᠠᠷ ᠨᠡᠮᠡᠭᠳᠡᠪᠡ᠃ | ᠤᠯᠤᠰ ᠤᠨ ᠲᠠᠰ ᠤᠨ ᠰᠡᠯᠡᠭᠦᠴᠡᠯ ᠤᠨ ᠲᠠᠷᠢᠶᠠᠯᠠᠩ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ | ᠦᠵᠡᠭᠦᠯᠬᠦ ᠰᠢᠶᠠᠨ 9᠂ ᠵᠢᠱᠢᠶ᠎ᠡ ᠦᠵᠡᠭᠦᠯᠬᠦ ᠴᠡᠭ 17᠂ ᠥᠪᠡᠷᠲᠡᠭᠡᠨ ᠵᠠᠰᠠᠬᠤ ᠣᠷᠣᠨ ᠤ ᠲᠠᠰ ᠤᠨ | ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠵᠢᠭᠤᠯᠴᠢᠯᠠᠯ ᠤᠨ | ᠵᠢᠱᠢᠶ᠎ᠡ ᠦᠵᠡᠭᠦᠯᠬᠦ ᠬᠤᠰᠢᠭᠤ ︵ᠰᠢᠶᠠᠨ᠂ ᠲᠣᠭᠤᠷᠢᠭ︶ 18᠂ ᠵᠢᠱᠢᠶ᠎ᠡ ᠦᠵᠡᠭᠦᠯᠬᠦ ᠴᠡᠭ 107 ᠪᠠᠶᠢᠨ᠎ᠠ᠃ | ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠵᠤᠭᠠᠴᠠᠯ ᠰᠡᠯᠡᠭᠦᠴᠡᠯ ᠤᠨ ᠲᠣᠰᠬᠤᠨ14᠂ ᠳᠤᠮᠳᠠᠳᠤ | ᠤᠯᠤᠰ ᠤᠨ ᠦᠵᠡᠰᠬᠦᠯᠡᠩᠲᠦ ᠰᠠᠶᠢᠬᠠᠨ ᠬᠥᠳᠡᠭᠡ ᠨᠤᠲᠤᠭ 9 ᠶᠢ ᠬᠢᠨᠠᠨ ᠲᠣᠭᠲᠠᠭᠠᠵᠤ ᠲᠠᠨᠢᠯᠴᠠᠭᠤᠯᠤᠨ᠂ | ᠬᠠᠮᠠᠭᠠᠯᠠᠯᠲᠠ ᠶᠢᠨ ᠦᠨ᠎ᠡ ᠦᠷᠳᠡᠭ ᠪᠦᠬᠦᠢ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠰᠢᠰᠲ᠋ᠧᠮ | 6 ᠶᠢ ᠢᠯᠡᠷᠡᠭᠦᠯᠵᠦ᠂ ᠳᠤᠮᠳᠠᠳᠤ ᠤᠯᠤᠰ ᠤᠨ ᠲᠠᠷᠢᠶᠠᠯᠠᠩ ᠤᠨ ᠴᠢᠬᠤᠯᠠ ᠰᠣᠶᠣᠯ ᠤᠨ ᠥᠪ 3 ᠶᠢ ᠬᠢᠨᠠᠨ | ᠲᠤᠭᠲᠠᠭᠠᠵᠤ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ | ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠪᠡ᠃ |