【ᠲᠡᠵᠢᠭᠡᠯ ᠪᠣᠷᠳᠤᠭᠤᠷ ᠤᠨ ᠠᠵᠤ ᠦᠢᠯᠡᠳᠪᠦᠷᠢ ᠶᠢᠨ ᠬᠦᠭᠵᠢᠯᠲᠡ ᠶᠢᠨ ᠲᠣᠶᠢᠮᠤ ᠪᠠᠶᠢᠳᠠᠯ】2017 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠵᠢᠭᠡᠯ ᠪᠣᠷᠳᠣᠭᠠᠨ ᠤ ᠠᠵᠤ ᠦᠢᠯᠡᠰ ᠤᠨ  ᠬᠥᠭᠵᠢᠯᠲᠡ ᠶᠢᠨ ᠲᠦᠢᠮᠣ ᠪᠠᠶᠢᠳᠠᠯ
ᠨᠡᠶᠢᠲᠡᠯᠡᠭᠰᠡᠨ ᠴᠠᠭ᠄
2019/3/25
     ᠲᠡᠵᠢᠭᠡᠯ ᠪᠣᠷᠳᠤᠭᠠᠨ ᠤ ᠦᠢᠯᠡᠳᠪᠦᠷᠢᠯᠡᠯ ᠄  2017 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠵᠢᠭᠡᠯ ᠪᠣᠷᠳᠤᠭᠠᠨ ᠤ ᠶᠡᠷᠦᠩᠬᠡᠶ ᠭᠠᠷᠤᠯᠲᠠ ᠨᠢ 327 ᠲᠦᠮᠡᠨ ᠲᠣᠨ‌‍ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.35% ᠪᠠᠷ ᠨᠡᠮᠡᠭᠳᠡᠪᠡ᠃ ᠦᠢᠯᠡᠳᠪᠦᠷᠢᠯᠡᠯ ᠤᠨ ᠶᠡᠷᠦᠩᠬᠡᠢ ᠦᠷᠲᠡᠭ 85.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.12% ᠢᠶᠠᠷ ᠨᠡᠮᠡᠭᠳᠡᠪᠡ᠂ ᠡᠵᠡᠩᠨᠡᠯᠲᠡ ᠶᠢᠨ ᠣᠷᠣᠯᠭ᠎ᠠ ᠨᠢ 84.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.73% ᠪᠠᠷ ᠨᠡᠮᠡᠭᠳᠡᠪᠡ᠃ ᠪᠦᠲᠦᠬᠡᠭᠳᠡᠭᠦᠨ ᠢᠶᠠᠷ ᠬᠤᠪᠢᠶᠠᠪᠠᠯ᠄ ᠨᠠᠶᠢᠷᠠᠯᠭᠠᠲᠤ ᠪᠣᠷᠳᠣᠭᠠᠨ ᠤ ᠭᠠᠷᠤᠯᠲᠠ 257.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.55% ᠪᠠᠷ ᠨᠡᠮᠡᠭᠳᠡᠪᠡ᠃ ᠠᠭᠰᠢᠭᠠᠭᠰᠠᠨ ᠪᠣᠷᠳᠤᠭᠠᠨ ᠤ ᠭᠠᠷᠤᠯᠲᠠ 66.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.53% ᠪᠠᠷ ᠨᠡᠮᠡᠭᠳᠡᠪᠡ᠃ ᠨᠡᠮᠡᠯᠲᠡ ᠡᠳ᠋ ᠬᠤᠯᠢᠭᠰᠠᠨ ᠪᠣᠷᠳᠣᠭᠠᠨ ᠤ ᠭᠠᠷᠤᠯᠲᠠ ᠨᠢ 3.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25.64% ᠪᠠᠷ ᠪᠠᠭᠤᠷᠠᠵᠠᠢ᠃ ᠪᠦᠲᠦᠭᠡᠭᠲᠡᠬᠦᠨ ᠤ ᠲᠦᠷᠦᠯ ᠠᠩᠭᠢ ᠪᠠᠷ ᠬᠤᠪᠢᠶᠠᠪᠠᠯ᠄ ᠭᠠᠭ᠋ᠠᠶ ᠶᠢᠨ ᠪᠣᠷᠳᠣᠭᠠᠨ ᠤ ᠭᠠᠷᠤᠯᠲᠠ 49.9 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 99.73% ᠪᠠᠷ ᠨᠡᠮᠡᠭᠳᠡᠪᠡ᠃ ᠦᠨᠳᠡᠭᠡᠨ ᠬᠡᠷᠡᠭᠴᠡᠭᠡᠲᠦ ᠵᠢᠭᠦᠷᠲᠡᠨ ᠤ ᠪᠣᠷᠳᠣᠭᠠᠨ ᠤ ᠭᠠᠷᠤᠯᠲᠠ 23 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ15.33% ᠪᠠᠷ ᠪᠠᠭᠤᠷᠠᠵᠠᠢ᠃ ᠮᠢᠬᠠᠨ ᠬᠡᠷᠡᠭᠴᠡᠭᠡᠲᠦ ᠵᠢᠭᠦᠷᠲᠡᠨ ᠤ ᠪᠣᠷᠳᠤᠭᠠᠨ ᠤ ᠭᠠᠷᠤᠯᠲᠠ 26.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.04% ᠪᠠᠷ ᠨᠡᠮᠡᠭᠳᠡᠪᠡ᠃ ᠬᠡᠪᠢᠭᠴᠢ ᠠᠮᠢᠲᠠᠨ ᠤ ᠪᠣᠷᠳᠤᠭᠠᠨ ᠤ ᠭᠠᠷᠤᠯᠲᠠ 215ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ12.45% ᠪᠠᠷ ᠨᠡᠮᠡᠭᠳᠡᠪᠡ᠃      ᠲᠡᠵᠢᠭᠡᠯ ᠪᠣᠷᠳᠣᠭᠠᠨ ᠤ ᠨᠡᠮᠡᠯᠲᠡ ᠡᠳ᠋ ᠤᠨ ᠭᠠᠷᠤᠯᠲᠠ 58.25 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.02% ᠢᠶᠠᠷ ᠨᠡᠮᠡᠭᠳᠡᠪᠡ᠂ ᠡᠵᠡᠩᠨᠡᠯᠲᠡ ᠶᠢᠨ ᠣᠷᠣᠯᠭ᠎ᠠ ᠨᠢ 63.79 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 57.07% ᠪᠠᠷ ᠨᠡᠮᠡᠭᠳᠡᠪᠡ᠂ ᠦᠢᠯᠡᠳᠪᠦᠷᠢᠯᠡᠯ ᠤᠨ ᠶᠡᠷᠦᠩᠬᠡᠢ ᠦᠷᠲᠡᠭ 64.28 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ56.30% ᠪᠠᠷ ᠨᠡᠮᠩᠳᠡᠪᠡ᠃      ᠪᠦᠬᠦ ᠣᠷᠣᠨ ᠤ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ ᠤᠨ ᠳᠠᠩ ᠡᠭᠡᠯᠵᠢᠲᠦ ᠦᠢᠯᠡᠳᠪᠦᠷᠢᠯᠡᠬᠦ ᠴᠢᠳᠠᠪᠬᠢ ᠨᠢ 400 ᠲᠦᠮᠡᠨ ᠲᠣᠨ ᠠᠴᠠ ᠳᠡᠭᠡᠭᠰᠢ ᠬᠦᠷᠴᠦ᠂ ᠠᠵᠢᠯᠯᠠᠵᠤ ᠪᠠᠶᠢᠭ᠎ᠠ ᠬᠥᠮᠦᠨ ᠤ ᠲᠤᠭ᠎ᠠ 1.5 ᠲᠦᠮᠡ ᠬᠦᠷᠴᠠᠢ᠃ ᠵᠢᠯ ᠤᠨ ᠪᠣᠳᠠᠲᠠᠶ ᠭᠠᠷᠤᠯᠲᠠ ᠨᠢ 5 ᠲᠦᠮᠡᠨ ᠲᠣᠨ ᠠᠴᠠ ᠳᠠᠪᠠᠭᠰᠠᠨ ᠠᠵᠤ ᠠᠬᠤᠶᠢᠯᠠᠯ 13 ᠪᠠᠶᠢᠵᠤ᠂ ᠲᠡᠳᠡᠭᠡᠷ ᠤᠨ ᠭᠠᠷᠤᠯᠲᠠ ᠨᠢ ᠶᠡᠷᠦᠩᠬᠡᠶ ᠭᠠᠷᠤᠯᠲᠠ ᠶᠢᠨ 50% ᠶᠢ ᠡᠵᠡᠯᠡᠵᠦ ᠪᠠᠶᠢᠨ᠎ᠠ᠃      ᠲᠡᠵᠢᠭᠡᠯ ᠪᠣᠷᠳᠣᠭᠠᠨ ᠤ ᠵᠠᠰᠠᠭ ᠵᠠᠬᠢᠷᠭᠠᠨ ᠤ ᠵᠥᠪᠰᠢᠶᠡᠷᠡᠯ᠄ 2017 ᠣᠨ ᠤ ᠡᠴᠦᠰ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠵᠢᠭᠡᠯ ᠪᠣᠷᠳᠤᠭ᠎ᠠ ᠪᠣᠯᠤᠨ ᠲᠡᠵᠢᠭᠡᠯ ᠪᠣᠷᠳᠣᠭᠠᠨ ᠤ ᠨᠡᠮᠡᠯᠲᠡ ᠡᠳ᠋ ᠦᠢᠯᠡᠳᠪᠦᠷᠢᠯᠡᠬᠦ ᠠᠵᠤ ᠠᠬᠤᠶᠢᠯᠠᠯ 329 ᠪᠠᠶᠢᠨ᠎ᠠ᠃ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ 377 ᠶᠢ ᠬᠢᠨᠠᠨ ᠵᠦᠪᠰᠢᠶᠡᠵᠦ ᠣᠯᠭᠤᠵᠤ᠂ ᠡᠭᠦᠨ ᠤ ᠳᠣᠲᠣᠷ᠎ᠠ᠂ 36 ᠪᠣᠷᠳᠣᠭᠠᠨ ᠤ ᠨᠡᠮᠡᠯᠲᠡ ᠡᠳ᠋ ᠦᠢᠯᠡᠳᠪᠦᠷᠢᠯᠡᠬᠦ ᠶᠢ ᠵᠦᠪᠰᠢᠶᠡᠷᠡᠭᠰᠡᠨ ᠦᠨᠡᠮᠯᠡᠯ᠂ 29 ᠬᠤᠯᠢᠮᠠᠭ ᠬᠡᠯᠪᠡᠷᠢᠲᠦ ᠪᠣᠷᠳᠣᠭᠠᠨ ᠤ ᠨᠡᠮᠡᠯᠲᠡ ᠡᠳ᠋ ᠦᠢᠯᠡᠳᠪᠦᠷᠢᠯᠡᠬᠦ ᠶᠢ ᠵᠦᠪᠰᠢᠶᠡᠷᠡᠭᠰᠡᠨ ᠦᠨᠡᠮᠯᠡᠯ᠂ 29 ᠨᠡᠮᠡᠯᠲᠡ ᠡᠳ᠋ ᠬᠤᠯᠢᠭᠰᠠᠨ ᠪᠣᠷᠳᠤᠭ᠎ᠠ ᠦᠢᠯᠡᠳᠪᠦᠷᠢᠯᠡᠬᠦ ᠶᠢ ᠵᠦᠪᠰᠢᠶᠡᠷᠡᠭᠰᠡᠨ ᠦᠨᠡᠮᠯᠡᠯ᠂ 63 ᠲᠡᠵᠢᠭᠡᠯ ᠪᠣᠷᠳᠤᠭ᠎ᠠ ᠦᠢᠯᠡᠳᠪᠦᠷᠢᠯᠡᠬᠦ ᠶᠢ ᠵᠦᠪᠰᠢᠶᠡᠷᠡᠭᠰᠡᠨ ᠦᠨᠡᠮᠯᠡᠯ᠂ ᠨᠠᠶᠢᠷᠠᠯᠭᠠᠲᠤ ᠪᠣᠷᠳᠤᠭ᠎ᠠ᠂ ᠠᠭᠰᠢᠭᠠᠮᠠᠯ ᠪᠣᠷᠳᠤᠭ᠎ᠠ᠂ ᠨᠠᠷᠢᠯᠢᠭ ᠪᠣᠷᠳᠤᠭᠠᠨ ᠤ ᠨᠥᠬᠦᠪᠥᠷᠢ ᠪᠣᠷᠳᠤᠭ᠎ᠠ ᠦᠢᠯᠡᠳᠪᠦᠷᠢᠯᠡᠬᠦ ᠶᠢ ᠵᠥᠪᠰᠢᠶᠡᠷᠡᠭᠰᠡᠨ ᠦᠨᠡᠮᠯᠡᠯ 220 ᠪᠠᠶᠢᠨ᠎ᠠ᠃ 2017 ᠣᠨ ᠳᠤ ᠬᠦᠴᠦᠨ ᠥᠭᠡᠢ ᠪᠣᠯᠭᠠᠬᠤ ᠶᠢ ᠵᠥᠪᠰᠢᠶᠡᠷᠡᠭᠰᠡᠨ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ 4 ᠪᠠᠶᠢᠨ᠎ᠠ᠃       ᠲᠡᠵᠢᠭᠡᠯ ᠪᠣᠷᠳᠣᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮᠵᠢᠭᠰᠡᠨ ᠵᠢᠱᠢᠶ᠎ᠡ ᠦᠵᠡᠭᠦᠯᠬᠦ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ᠄ 2017 ᠣᠨ ᠤ ᠡᠴᠦᠰ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠭᠰᠠᠨ ᠶᠠᠮᠤᠨ ᠤ ᠲᠠᠰ ᠤᠨ ︽ᠲᠡᠵᠢᠭᠡᠯ ᠪᠣᠷᠳᠣᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮᠵᠢᠯ︾ ᠤᠨ ᠵᠢᠱᠢᠶ᠎ᠡ ᠦᠵᠡᠭᠦᠯᠬᠦ ᠠᠵᠤ ᠠᠬᠤᠶᠢᠯᠠᠯ 6 ᠪᠠᠶᠢᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠲᠡᠵᠢᠭᠡᠯ ᠪᠣᠷᠳᠤᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮᠵᠢᠯ︾ ᠤᠨ ᠵᠢᠱᠢᠶ᠎ᠡ ᠦᠵᠡᠭᠦᠯᠬᠦ ᠠᠵᠤ ᠠᠬᠤᠶᠢᠯᠠᠯ 18 ᠪᠠᠶᠢᠨ᠎ᠠ᠃      ᠲᠡᠵᠢᠭᠡᠯ ᠪᠣᠷᠳᠣᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ        ᠬᠠᠤᠯᠢ ᠲᠣᠭᠲᠠᠭᠠᠯ ᠶᠣᠰᠣᠭᠠᠷ ᠦᠢᠯᠡᠳᠪᠦᠷᠢᠯᠡᠯ ᠤᠨ ᠵᠥᠪᠰᠢᠶᠡᠷᠡᠯ ᠣᠯᠭᠤᠵᠦ᠂ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠵᠠᠰᠠᠭ ᠵᠠᠬᠢᠷᠭᠠᠨ ᠤ ᠵᠥᠪᠰᠢᠶᠡᠷᠡᠯ ᠢ ᠬᠢᠨᠠᠨ ᠵᠥᠪᠰᠢᠶᠡᠷᠡᠬᠦ ᠳᠦᠷᠢᠮ᠂ ᠶᠠᠪᠤᠴᠠ ᠶᠢ ᠲᠠᠰᠤᠷᠠᠯᠲᠠ ᠦᠭᠡᠢ  ᠲᠡᠭᠦᠯᠳᠡᠷᠵᠢᠭᠦᠯᠦᠨ᠂ ᠬᠢᠨᠠᠨ ᠬᠠᠷᠭᠤᠭᠤᠯᠬᠤ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠳᠦᠷᠢᠮᠵᠢᠯᠲᠦ ᠴᠢᠨᠠᠷ ᠢ ᠪᠦᠬᠦ ᠲᠠᠯ᠎ᠠ ᠪᠠᠷ ᠴᠢᠩᠭᠠᠳᠬᠠᠵᠠᠢ᠃      ᠲᠡᠵᠢᠭᠡᠯ ᠪᠣᠷᠳᠣᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠡᠵᠢᠭᠡᠯ ᠪᠤᠷᠳᠤᠭᠠᠨ ᠤ ᠦᠢᠯᠡᠳᠪᠦᠷᠢᠯᠡᠯ ᠤᠨ ᠪᠥᠬᠦ ᠶᠠᠪᠤᠴᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠨᠠᠶᠢᠳᠠᠪᠦᠷᠢᠵᠢᠭᠤᠯᠬᠤ ᠪᠠ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠯᠠᠪᠳᠠᠭᠤᠨ ᠢᠶᠠᠷ ᠲᠦᠯᠬᠢᠨ ᠠᠬᠢᠭᠤᠯᠵᠠᠢ᠃      ᠢᠳᠡᠪᠬᠢᠲᠡᠶ ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠴᠠᠭᠠᠨ ᠴᠣᠬᠢᠯᠲᠠ ᠥᠭᠬᠦ ᠠᠵᠢᠯ ᠳᠤ ᠬᠠᠮᠲᠤᠷᠠᠨ ᠬᠥᠳᠡᠯᠦᠯᠴᠡᠬᠦ ᠶᠢ ᠦᠷᠨᠢᠭᠦᠯᠪᠡ᠃ 2017 ᠣᠨ ᠳᠤ᠂ ᠡᠯ᠎ᠡ ᠲᠦᠷᠦᠯ ᠤᠨ ᠲᠡᠵᠢᠭᠡᠯ  ᠪᠤᠷᠳᠤᠭᠠᠨ ᠤ ᠦᠯᠢᠭᠡᠷ ᠪᠣᠯᠤᠨ ᠦᠬᠡᠷ ᠬᠤᠨᠢᠨ ᠤ ᠰᠢᠭᠡᠰᠦᠨ ᠤ ᠦᠯᠢᠬᠡᠷ ᠲᠤ 17931 ᠤᠳᠠᠭ᠎ᠠ ᠬᠢᠨᠠᠯᠲᠠ ᠲᠠᠯᠪᠢᠨ ᠰᠤᠭᠤᠴᠢᠨ ᠪᠠᠶᠢᠴᠠᠭᠠᠵᠠᠢ᠃ ᠡᠯ᠎ᠡ ᠲᠦᠷᠦᠯ ᠤᠨ ᠲᠡᠵᠢᠭᠡᠯ ᠪᠤᠷᠳᠤᠭᠠᠨ ᠤ ᠦᠯᠢᠭᠡᠷ ᠲᠤ 3540 ᠤᠳᠠᠭ᠎ᠠ ᠰᠤᠭᠤᠴᠢᠨ ᠪᠠᠶᠢᠴᠠᠭᠠᠵᠤ᠂ ᠶᠡᠷᠦᠩᠬᠡᠢ ᠬᠢᠷᠢ ᠲᠡᠩᠴᠡᠭᠰᠡᠨ ᠨᠤᠷᠮ᠎ᠠ 95.97% ᠬᠦᠷᠴᠦ᠂ ᠬᠢᠷᠢ ᠲᠡᠩᠴᠡᠭᠰᠡᠨ ᠨᠤᠷᠮ᠎ᠠ ᠨᠢ 5 ᠵᠢᠯ ᠳᠠᠷᠠᠭᠠᠯᠠᠨ 95% ᠠᠴᠠ ᠳᠡᠭᠡᠭᠰᠢ ᠬᠦᠷᠴᠠᠢ᠃ ᠲᠣᠭᠲᠠᠭᠠᠯ ᠢ ᠵᠥᠷᠢᠴᠡᠨ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ 25᠂ ᠡᠵᠡᠩᠨᠡᠯᠲᠡ ᠶᠢᠨ ᠬᠤᠷᠰᠢᠶ᠎ᠠ 96 ᠶᠢ ᠪᠠᠶᠢᠴᠠᠭᠠᠨ ᠰᠢᠢᠳᠭᠡᠵᠦ᠂ ᠵᠦᠪᠰᠢᠶᠡᠷᠡᠯ ᠤᠨ ᠦᠨᠡᠮᠯᠡᠯ ᠦᠭᠡᠢ ᠠᠵᠤ ᠠᠬᠤᠶᠢᠯᠠᠯ 5 ᠶᠢ ᠡᠭᠦᠳᠡ ᠶᠢ ᠨᠢ ᠬᠠᠭᠠᠯᠭᠠᠪᠠ᠃       ᠳᠦᠷᠢᠮᠵᠢᠭᠰᠡᠨ ᠮᠥᠷ ᠰᠤᠷᠠᠭᠴᠢᠯᠠᠭᠰᠠᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠪᠡ᠃ ᠭᠤᠷᠪᠠᠳᠤᠭᠠᠷ ᠳᠡᠰ ᠤᠨ ᠲᠡᠵᠢᠭᠡᠯ ᠪᠤᠷᠳᠤᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠨᠢ    ︽212︾ ᠲᠣᠭᠤᠷᠢᠨ ᠪᠠᠶᠢᠴᠠᠭᠠᠬᠤ ᠳᠦᠷᠢᠮ ᠢ ᠦᠨᠳᠦᠰᠦᠯᠡᠨ᠂ ᠲᠡᠵᠢᠭᠡᠯ ᠪᠣᠷᠳᠤᠭ᠎ᠠ ᠦᠢᠯᠡᠳᠪᠦᠷᠢᠯᠡᠬᠦ᠂ ᠬᠡᠷᠡᠭᠯᠡᠬᠦ ᠪᠠ ᠡᠵᠡᠩᠨᠡᠬᠦ ᠭᠤᠭᠴᠤᠭ᠎ᠠ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ︽ᠪᠠᠶᠢᠩᠭᠤ ᠶᠢᠨ᠂ ᠮᠥᠷ ᠰᠤᠷᠠᠭᠴᠢᠯᠠᠭᠰᠠᠨ᠂ ᠨᠢᠭᠡᠳᠦᠯᠵᠢᠭᠦᠯᠬᠦ︾  ᠬᠡᠯᠪᠡᠷᠢ ᠪᠣᠯᠭᠠᠨ ᠬᠡᠷᠡᠭᠵᠢᠭᠦᠯᠪᠡ᠃ ᠨᠡᠶᠢᠲᠡ 11628 ᠤᠳᠠᠭ᠎ᠠ ᠲᠣᠭᠤᠷᠢᠨ ᠪᠠᠶᠢᠴᠠᠭᠠᠵᠤ᠂ ᠲᠡᠵᠢᠭᠡᠯ ᠪᠣᠷᠳᠤᠭ᠎ᠠ ᠦᠢᠯᠡᠳᠪᠦᠷᠢᠯᠡᠬᠦ᠂ ᠡᠵᠡᠩᠨᠡᠬᠦ᠂ ᠬᠡᠷᠡᠭᠯᠡᠬᠦ ᠠᠵᠤ ᠠᠬᠤᠶᠢᠯᠠᠯ  ᠢ 4843 ᠤᠳᠠᠭ᠎ᠠ ᠪᠠᠶᠢᠴᠠᠭᠠᠪᠠ᠃      ᠬᠠᠤᠯᠢ ᠶᠢ ᠵᠥᠷᠢᠴᠡᠵᠦ ᠳᠤᠷ᠎ᠠ ᠪᠠᠷ ᠡᠮ ᠬᠡᠷᠡᠭᠯᠡᠬᠦ ᠪᠠᠶᠢᠳᠠᠯ ᠳᠤ ᠲᠤᠰᠬᠠᠢ ᠠᠵᠢᠯᠯᠠᠭ᠎ᠠ ᠥᠷᠨᠢᠭᠦᠯᠵᠦ ᠬᠦᠴᠦᠲᠡᠶ ᠴᠣᠬᠢᠯᠲᠠ ᠦᠭᠴᠡᠢ᠃ ᠲᠡᠵᠢᠭᠡᠯ ᠪᠣᠷᠳᠤᠭ᠎ᠠ ᠪᠣᠯᠤᠨ ᠲᠡᠵᠢᠭᠡᠯ ᠪᠣᠷᠳᠣᠭᠠᠨ ᠤ ᠨᠡᠮᠡᠯᠲᠡ ᠡᠳ᠋ ᠦᠢᠯᠡᠳᠪᠦᠷᠢᠯᠡᠵᠦ ᠡᠵᠡᠩᠨᠡᠬᠦ ᠠᠵᠤ ᠠᠬᠤᠶᠢᠯᠠᠯ ᠤᠨ ᠬᠠᠤᠯᠢ ᠪᠤᠰᠤ ᠪᠠᠷ ᠮᠠᠯ ᠤᠨ ᠪᠠᠺᠲ᠋ᠧᠷᠢ ᠡᠰᠡᠷᠭᠦᠴᠡᠬᠦ ᠡᠮᠲᠦ ᠪᠤᠳᠠᠰ ᠬᠡᠷᠡᠭᠯᠡᠬᠦ ᠦᠢᠯᠡ ᠠᠵᠢᠯᠯᠠᠭ᠎ᠠ ᠳᠤ ᠪᠦᠬᠦ ᠲᠠᠯ᠎ᠠ ᠶᠢᠨ ᠲᠤᠰᠬᠠᠶᠢᠵᠢᠭᠰᠠᠨ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠪᠡ᠃ ᠲᠡᠵᠢᠭᠡᠯ ᠪᠣᠷᠳᠤᠭ᠎ᠠ ᠪᠣᠯᠤᠨ ᠲᠡᠵᠢᠭᠡᠯ ᠪᠣᠷᠳᠣᠭᠠᠨ ᠤ ᠨᠡᠮᠡᠯᠲᠡ ᠡᠳ᠋ ᠦᠢᠯᠡᠳᠪᠦᠷᠢᠯᠡᠬᠦ ᠠᠵᠤ ᠠᠬᠤᠶᠢᠯᠠᠯ 736 ᠡᠷᠦᠬᠡ( ᠤᠳᠠᠭ᠎ᠠ)᠂  ᠡᠵᠡᠩᠨᠡᠯᠲᠡ ᠶᠢᠨ ᠡᠭᠦᠳᠡᠨ ᠳᠡᠯᠭᠡᠭᠦᠷ ᠢ 5802 ᠪᠠᠶᠢᠴᠠᠭᠠᠵᠠᠢ᠃ ᠦᠨᠳᠡᠭᠡᠨ ᠬᠡᠷᠡᠭᠴᠡᠭᠡᠲᠦ ᠵᠢᠭᠦᠷᠲᠡᠨ ᠤ ᠲᠡᠵᠢᠭᠡᠯ ᠪᠣᠷᠳᠣᠭᠠᠨ ᠤ ᠦᠢᠯᠡᠳᠪᠦᠷᠢᠯᠡᠬᠦ᠂ ᠬᠡᠷᠡᠭᠯᠡᠬᠦ ᠠᠵᠤ ᠠᠬᠤᠶᠢᠯᠠᠯ ᠳᠤ ᠨᠡᠶᠢᠳᠡᠮ ᠤᠨ ᠴᠢᠨᠠᠷ ᠲᠠᠢ ᠶᠡᠭᠡ ᠪᠠᠶᠢᠴᠠᠭᠠᠯᠲᠠ ᠥᠷᠨᠢᠭᠦᠯᠵᠦ᠂ ᠹᠦ᠋ ᠴᠥᠩ ᠵᠢᠩ ᠤᠨ ᠪᠣᠬᠢᠷᠲᠤᠯ ᠤᠨ ᠠᠶᠤᠯ ᠲᠦᠭᠰᠢᠭᠦᠷᠢ ᠶᠢᠨ ᠲᠠᠯᠲᠠ ᠭᠡᠮ ᠢ ᠴᠠᠭ ᠲᠤᠬᠠᠢ ᠳᠤᠨᠢ ᠪᠠᠶᠢᠴᠠᠭᠠᠪᠠ᠃ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ141᠂ ᠲᠡᠵᠢᠭᠡᠯᠭᠡ ᠶᠢᠨ ᠲᠠᠯᠠᠪᠠᠢ 664 ᠡᠷᠦᠬᠡ(ᠤᠳᠠᠭ᠎ᠠ)ᠪᠠᠶᠢᠴᠠᠭᠠᠪᠠ᠃     ︽ᠬᠠᠷ᠎ᠠ ᠮᠢᠬᠠᠯᠠᠭᠤᠯᠬᠤ ᠬᠠᠨᠳᠠ ︾ ᠶᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ᠄ ᠳᠡᠭᠡᠷ᠎ᠡ ᠳᠤᠤᠷ᠎ᠠ ᠱᠠᠲᠦ᠂ ᠣᠷᠣᠨ ᠪᠦᠰᠡ᠂ ᠰᠠᠯᠠᠭ᠎ᠠ ᠮᠥᠴᠢᠷ ᠤᠨ ᠬᠤᠭᠤᠷᠤᠨᠳᠣᠬᠢ ᠬᠠᠮᠲᠤᠷᠠᠨ ᠬᠥᠳᠡᠯᠦᠯᠴᠡᠬᠦ ᠲᠣᠭᠲᠠᠯᠴᠠᠭ᠎ᠠ ᠶᠢ ᠪᠠᠶᠢᠭᠤᠯᠤᠨ ᠴᠢᠩᠭᠠᠳᠬᠠᠵᠤ᠂ ᠢᠳᠡᠪᠬᠢᠲᠡᠶ ᠠᠷᠭ᠎ᠠ ᠬᠡᠮᠵᠢᠶ᠎ᠡ ᠠᠪᠴᠤ᠂ ᠦᠬᠡᠷ ᠬᠤᠨᠢᠨ ᠤ ︽ᠬᠠᠷ᠎ᠠ ᠮᠢᠬᠠᠯᠠᠭᠤᠯᠬᠤ ᠬᠠᠨᠳᠠ︾ ᠶᠢᠨ ᠠᠰᠠᠭᠤᠳᠠᠯ ᠢ ᠡᠷᠡᠰ ᠬᠤᠷᠢᠭᠯᠠᠨ᠂ 2017 ᠣᠨ ᠳᠤ ᠨᠡᠶᠢᠲᠡ 4521 ᠲᠡᠵᠢᠭᠡᠯ ᠪᠣᠷᠳᠤᠭ᠎ᠠ ᠦᠢᠯᠡᠳᠪᠦᠷᠢᠯᠡᠬᠦ᠂ ᠡᠵᠡᠩᠨᠡᠬᠦ ᠠᠵᠤ ᠠᠬᠤᠶᠢᠯᠠᠯ ᠪᠣᠯᠤᠨ ᠲᠡᠵᠢᠭᠡᠨ ᠦᠷᠡᠵᠢᠭᠦᠯᠬᠦ ᠲᠡᠯᠡᠪᠡᠢ ᠡᠷᠦᠭᠡ ᠶᠢ ᠪᠠᠶᠢᠴᠠᠭᠠᠪᠠ᠃3110 ᠡᠷᠦᠬᠡ ᠲᠡᠵᠢᠭᠡᠯᠭᠡ ᠶᠢᠨ ᠲᠠᠯᠠᠪᠠᠶ‌‍ᠳᠦ ︽ᠬᠠᠷ᠎ᠠ ᠮᠢᠬᠠᠯᠠᠭᠤᠯᠬᠤ ᠬᠠᠨᠳᠠ︾ ᠶᠢᠨ ᠲᠤᠰᠬᠠᠶ ᠲᠦᠷᠦᠯ ᠤᠨ ᠬᠢᠨᠠᠯᠲᠠ ᠲᠠᠯᠪᠢᠨ ᠰᠤᠭᠤᠴᠢᠨ ᠪᠠᠶᠢᠴᠠᠭᠠᠵᠤ᠂ 14391 ᠤᠳᠠᠭ᠎ᠠ ᠦᠬᠡᠷ ᠬᠤᠨᠢ ᠭᠠᠭ᠋ᠠᠶ ᠶᠢᠨ ᠰᠢᠭᠡᠰᠦᠨ ᠦᠯᠢᠭᠡᠷ ᠢ ᠰᠤᠭᠤᠴᠢᠨ ᠪᠠᠶᠢᠴᠠᠭᠠᠵᠤ᠂ ︽ᠬᠠᠷ᠎ᠠ ᠮᠢᠬᠠᠯᠠᠭᠤᠯᠬᠤ ᠬᠠᠨᠳᠠ︾ ᠵᠡᠷᠭᠡ ᠬᠤᠷᠢᠭᠠᠲᠠᠢ ᠨᠡᠮᠡᠯᠲᠡ ᠡᠳ᠋ ᠪᠠᠶᠢᠴᠠᠭᠠᠯᠲᠠ ᠳᠤ ᠢᠯᠡᠷᠡᠭᠰᠡᠨ ᠦᠬᠡᠢ᠂ ᠬᠢᠷᠢ ᠲᠡᠩᠴᠡᠭᠰᠡᠨ ᠨᠤᠷᠮ᠎ᠠ ᠨᠢ 100 % ᠳᠤ ᠬᠦᠷᠴᠡᠢ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号