【ᠤᠰᠤᠨ ᠭᠠᠷᠤᠯᠲᠠ ᠶᠢᠨ ᠠᠵᠤ ᠦᠢᠯᠡᠰ】 2017 ᠣᠨ ᠤ ᠵᠢᠭᠠᠰᠤᠨ ᠤ ᠠᠵᠤ ᠦᠢᠯᠡᠰ ᠤᠨ ᠲᠣᠶᠢᠮᠣ ᠪᠠᠶᠢᠳᠠᠯ
ᠨᠡᠶᠢᠲᠡᠯᠡᠭᠰᠡᠨ ᠴᠠᠭ᠄
2019/3/25
     2017 ᠣᠨ ᠳᠤ᠂ ︽ᠲᠠᠷᠢᠶᠠᠯᠠᠩ ᠤᠨ ᠶᠠᠮᠤᠨ ᠤ ᠵᠢᠭᠠᠰᠤᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠪᠦᠲᠦᠴᠡ ᠪᠠᠨ ᠲᠣᠬᠢᠷᠠᠭᠤᠯᠬᠤ ᠶᠢ ᠲᠦᠷᠭᠡᠳᠭᠡᠬᠦ ᠲᠤᠬᠠᠶ ᠵᠢᠯᠣᠭᠤᠳᠬᠤ ᠰᠠᠨᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠲᠣ ᠦᠶ᠎ᠡ ᠶᠢᠨ ᠵᠢᠭᠠᠰᠤᠨ ᠠᠵᠤ ᠦᠢᠯᠡᠰ ᠤᠨ ᠬᠦᠭᠵᠢᠯᠲᠡ ᠶᠢ ᠲᠦᠷᠭᠡᠳᠭᠡᠬᠦ ᠲᠤᠬᠠᠶ ᠬᠡᠷᠡᠭᠵᠢᠭᠦᠯᠬᠦ ᠰᠠᠨᠠᠯ︾ ᠪᠤᠯᠤᠨ ᠪᠦᠬᠦ ᠤᠯᠤᠰ ᠤᠨ ᠵᠢᠭᠠᠰᠤᠨ ᠤ ᠠᠵᠤ ᠦᠢᠯᠡᠰ᠂ ᠵᠢᠭᠠᠰᠤᠨ ᠤ ᠠᠵᠤ ᠦᠢᠯᠡᠰ ᠤᠨ ᠵᠠᠰᠠᠭ ᠵᠠᠬᠢᠷᠭᠠᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠠᠯᠠᠭᠤᠯᠤᠨ ᠨᠠᠶᠢᠳᠠᠪᠤᠷᠢᠵᠢᠭᠤᠯᠵᠦ᠂ ︽ᠠᠮᠢ ᠠᠬᠤᠢ ᠶᠢ ᠲᠡᠷᠢᠭᠦᠨ ᠳᠤ ᠲᠠᠯᠪᠢᠬᠤ᠂ ᠲᠡᠵᠢᠭᠡᠬᠦ ᠪᠠᠷ ᠭᠤᠣᠯ ᠪᠣᠯᠭᠠᠬᠤ︾ ᠬᠥᠭᠵᠢᠯᠲᠡ ᠶᠢᠨ ᠴᠢᠭᠯᠡᠯᠲᠡ ᠶᠢ ᠪᠠᠷᠢᠮᠲᠠᠯᠠᠵᠤ᠂ ᠵᠢᠭᠠᠰᠤᠨ ᠤ ᠠᠵᠤ ᠦᠢᠯᠡᠰ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠢᠭᠠᠰᠤᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠦ ᠪᠦᠲᠦᠴᠡ ᠪᠠᠨ ᠲᠣᠬᠢᠷᠠᠭᠤᠯᠬᠤ ᠶᠢ ᠲᠦᠷᠭᠡᠳᠬᠡᠨ ᠠᠬᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ᠂  ᠪᠤᠵᠠᠷᠲᠤᠯ ᠥᠬᠡᠶ ᠬᠥᠭᠵᠢᠯᠲᠡ᠂ ᠵᠢᠭᠠᠰᠤᠴᠢᠨ ᠢ ᠴᠢᠨᠡᠭᠡᠯᠢᠭᠵᠢᠭᠦᠯᠬᠦ ᠪᠠᠷ ᠬᠠᠷᠠᠯᠲᠠ ᠪᠠᠨ ᠪᠣᠯᠭᠠᠵᠤ᠂ ᠡᠷᠡᠭᠦᠯ ᠲᠡᠵᠢᠭᠡᠯᠭᠡ᠂ ᠡᠬᠢ ᠪᠠᠶᠠᠯᠢᠭ ᠢ ᠬᠠᠮᠠᠭᠠᠯᠠᠬᠤ᠂ ᠵᠦᠢ ᠵᠣᠬᠢᠰᠲᠠᠶ ᠠᠩᠨᠠᠵᠤ ᠱᠦᠭᠦᠬᠦ᠂ ᠠᠵᠤ ᠦᠢᠯᠡᠰ ᠢ ᠬᠦᠴᠦᠷᠬᠡᠭᠵᠢᠭᠦᠯᠬᠦ ᠪᠠᠷ ᠴᠢᠭᠯᠡᠯ ᠪᠣᠯᠭᠠᠵᠤ᠂ ᠪᠦᠬᠦ ᠣᠷᠣᠨ ᠤ ᠵᠢᠭᠠᠰᠤᠨ ᠤ ᠠᠵᠤ ᠦᠢᠯᠡᠰ ᠦᠷᠭᠦᠯᠵᠢᠯᠡᠨ ᠡᠷᠡᠭᠦᠯ ᠢᠶᠠᠷ ᠬᠥᠭᠵᠢᠪᠡ᠃ 2017 ᠣᠨ ᠳᠤ᠂ ᠪᠥᠬᠦ ᠣᠷᠣᠨ ᠤ ᠤᠰᠤᠨ ᠭᠠᠷᠤᠯᠲᠠ ᠶᠢᠨ ᠪᠥᠬᠦ ᠭᠠᠷᠣᠯᠲᠠ 15.62 ᠲᠦᠮᠡᠨ ᠲᠣᠨ᠂ ᠲᠡᠵᠢᠭᠡᠯᠭᠡ ᠶᠢᠨ ᠤᠰᠤᠨ ᠭᠠᠷᠤᠯᠲᠠ ᠶᠢᠨ ᠪᠦᠬᠦ ᠭᠠᠷᠤᠯᠲᠠ 12.8 ᠲᠦᠮᠡᠨ ᠲᠣᠨ ᠳᠤ ᠬᠦᠷᠬᠦ ᠪᠠᠷ ᠲᠥᠰᠦᠭᠡᠯᠡᠵᠦ ᠪᠠᠶᠢᠨ᠎ᠠ᠃      ( ᠨᠢᠭᠡ ) ᠬᠡᠯᠪᠡᠷᠢ ᠪᠠᠨ ᠬᠤᠪᠢᠷᠠᠭᠤᠯᠵᠤ᠂ ᠪᠦᠲᠦᠴᠡ ᠪᠠᠨ ᠲᠣᠬᠢᠷᠠᠭᠤᠯᠵᠤ᠂ ᠤᠰᠤᠨ ᠭᠠᠷᠤᠯᠲᠠ ᠶᠢᠨ ᠡᠷᠡᠭᠦᠯ ᠲᠡᠵᠢᠭᠡᠨ ᠦᠷᠡᠵᠢᠭᠦᠯᠭᠡ ᠶᠢ ᠠᠬᠢᠭᠤᠯᠤᠨ᠎ᠠ      ᠲᠠᠷᠢᠶᠠᠯᠠᠩ ᠤᠨ ᠶᠠᠮᠤᠨ ᠤ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠭᠡ ᠶᠢᠨ ᠵᠢᠱᠢᠶ᠎ᠡ ᠦᠵᠡᠭᠦᠯᠬᠦ ᠲᠠᠯᠠᠪᠠᠢ10 ᠶᠢ ᠪᠠᠶᠢᠭᠤᠯᠵᠠᠢ᠃ ᠨᠡᠷᠡᠳᠦ ᠰᠢᠯᠢᠳᠡᠭ ᠣᠨᠴᠠᠯᠢᠭᠳᠤ ᠣᠰᠤᠨ ᠭᠠᠷᠤᠯᠲᠠ ᠶᠢᠨ ᠲᠡᠵᠢᠭᠡᠯᠭᠡ ᠶᠢᠨ ᠲᠠᠯᠠᠪᠠᠢ ᠶᠢ ᠥᠷᠭᠡᠳᠬᠡᠵᠦ᠂  ᠲᠡᠵᠢᠭᠡᠯᠭᠡ ᠶᠢᠨ ᠭᠠᠷᠤᠯᠲᠠ 25777 ᠲᠣᠨ ᠬᠦᠷᠪᠡ᠃ ᠵᠢᠭᠠᠰᠤ ᠨᠣᠭᠤᠭ᠎ᠠ ᠶᠢ ᠬᠠᠮᠲᠤ ᠳᠤᠨᠢ ᠠᠮᠢᠳᠤᠷᠠᠭᠤᠯᠬᠤ᠂ ᠴᠡᠩᠭᠡᠭ ᠤᠰᠤᠨ ᠲᠡᠵᠢᠭᠡᠯᠭᠡ ᠶᠢᠨ ᠲᠠᠯᠠᠪᠠᠢ᠂ ᠬᠦᠢᠲᠡᠨ ᠤᠰᠤᠨ ᠤ ᠵᠢᠭᠠᠰᠤ ᠵᠡᠷᠭᠡ ᠲᠡᠵᠢᠭᠡᠯᠭᠡ ᠶᠢᠨ ᠮᠡᠷᠭᠡᠵᠢᠯ ᠢ ᠲᠥᠭᠡᠮᠡᠯᠵᠢᠭᠦᠯᠵᠦ᠂ ᠮᠠᠰᠢ ᠰᠠᠶᠢᠨ ᠦᠷ᠎ᠡ ᠪᠦᠲᠦᠮᠵᠢ ᠤᠯᠪᠠ᠃ ᠲᠧᠭᠨᠢᠭ ᠮᠡᠷᠭᠡᠵᠢᠯ ᠢ ᠳᠡᠯᠭᠡᠷᠡᠭᠦᠯᠬᠦ ᠠᠵᠢᠯ ᠢ ᠥᠷᠨᠢᠭᠦᠯᠵᠦ᠂ ᠰᠢᠨ᠎ᠡ ᠡᠭᠦᠯᠳᠡᠷ ᠢ ᠭᠠᠳᠠᠨ᠎ᠠ ᠠᠴᠠ ᠣᠷᠣᠭᠤᠯᠬᠤ᠂ ᠡᠪᠡᠳᠴᠢᠨ ᠤ ᠭᠠᠮᠰᠢᠭ ᠢ ᠰᠡᠷᠭᠡᠶᠢᠯᠡᠨ ᠵᠠᠰᠠᠬᠤ᠂ ᠤᠰᠤᠨ ᠤ ᠴᠢᠨᠠᠷ ᠢ ᠲᠣᠬᠢᠷᠠᠭᠤᠯᠬᠤ᠂ ᠡᠨᠧᠷᠭᠢ ᠠᠷᠪᠢᠯᠠᠵᠤ ᠪᠣᠬᠢᠷᠲᠤᠯ ᠢ ᠪᠠᠭᠠᠰᠬᠠᠬᠤ ᠵᠡᠷᠭᠡ ᠲᠠᠯ᠎ᠠ ᠪᠠᠷ ᠲᠤᠷᠰᠢᠯᠲᠠ ᠶᠢᠨ ᠵᠢᠱᠢᠶ᠎ᠡ ᠦᠵᠡᠭᠦᠯᠬᠦ ᠪᠠ ᠮᠡᠷᠭᠡᠵᠢᠯ ᠤᠨ ᠰᠢᠨ᠎ᠡ ᠶᠢ ᠡᠭᠦᠳᠦᠪᠡ᠃ ᠭᠠᠷᠤᠯᠲᠠ ᠶᠢᠨ ᠤᠷᠤᠨ ᠤ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠ ᠦᠢᠯᠡᠳᠪᠦᠷᠢᠯᠡᠭᠴᠢ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠪᠠ᠃ ᠭᠠᠷᠤᠯᠲᠠ ᠶᠢᠨ ᠣᠷᠣᠨ ᠤ ᠤᠰᠤᠨ ᠭᠠᠷᠤᠯᠲᠠ ᠶᠢ ᠰᠤᠭᠤᠴᠠᠨ ᠪᠠᠶᠢᠴᠠᠭᠠᠬᠤ ᠠᠵᠢᠯᠯᠠᠭ᠎ᠠ ᠶᠢ ᠦᠷᠨᠢᠭᠦᠯᠵᠦ᠂ ᠤᠰᠦᠠ ᠠᠮᠢᠳᠡᠠ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠷᠭᠦᠯᠵᠢᠯᠡᠨ ᠴᠢᠩᠭᠠᠳᠬᠠᠪᠠ᠃      (  ᠬᠤᠶᠠᠷ  ) ᠤᠰᠤᠨ ᠳᠤ ᠠᠮᠢᠳᠤᠷᠠᠬᠤ ᠠᠮᠢᠳᠤ ᠪᠣᠳᠠᠰ ᠢ ᠦᠷᠡᠵᠢᠭᠦᠯᠦᠨ ᠠᠮᠢᠳᠤᠷᠠᠭᠤᠯᠬᠤ ᠵᠢᠷᠠᠭᠠᠬᠠᠢ ᠲᠠᠯᠪᠢᠬᠤ ᠠᠵᠢᠯ ᠢ ᠥᠷᠨᠢᠭᠦᠯᠵᠦ᠂ ᠵᠢᠭᠠᠰᠤᠨ ᠤ ᠠᠵᠤ ᠦᠢᠯᠡᠰ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠨ᠎ᠠ      ︽ᠲᠠᠷᠢᠶᠠᠯᠠᠩ ᠤᠨ ᠶᠠᠮᠤᠨ ᠤ ︿ᠠᠷᠪᠠᠨ ᠭᠤᠷᠪᠠᠳᠤᠭᠠᠷ ᠲᠠᠪᠤᠨ ᠵᠢᠯ﹀ ᠤᠨ ᠵᠢᠭᠠᠰᠤᠨ ᠤ ᠠᠵᠤ ᠦᠢᠯᠡᠰ ᠤᠨ ᠡᠬᠢ ᠪᠠᠶᠠᠯᠢᠭ ᠢ ᠨᠡᠮᠡᠭᠳᠡᠭᠦᠯᠵᠦ ᠵᠢᠷᠠᠭᠠᠬᠠᠢ ᠲᠠᠯᠪᠢᠬᠤ ᠲᠤᠬᠠᠶ ᠵᠢᠯᠣᠭᠤᠳᠬᠤ ᠰᠠᠨᠠᠯ︾ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠯᠢ ᠶᠢᠨ ᠳᠤᠳᠤᠷᠠᠬᠢ ᠭᠤᠣᠯ ᠮᠥᠷᠡᠨ᠂ ᠨᠠᠭᠤᠷ ᠴᠥᠬᠦᠷᠦᠮ᠂ ᠲᠤᠮᠤ ᠬᠡᠯᠪᠡᠷᠢ ᠶᠢᠨ ᠤᠰᠤᠨ ᠴᠥᠭᠦᠷᠥᠮ ᠳᠤ ᠡᠯ᠎ᠡ ᠲᠥᠷᠥᠯ ᠤᠨ ᠵᠢᠷᠠᠭᠠᠬᠠᠢ ᠲᠠᠯᠪᠢᠬᠤ ᠠᠵᠢᠯᠯᠠᠭ᠎ᠠ ᠨᠡᠶᠢᠲᠡ 92 ᠤᠳᠠᠭ᠎ᠠ ᠶᠠᠪᠤᠭᠳᠠᠵᠤ᠂ ᠨᠡᠶᠢᠲᠡ 9331 ᠲᠦᠮᠡᠨ ᠵᠢᠷᠠᠭᠠᠬᠠᠢ ᠲᠠᠯᠪᠢᠵᠠᠢ᠃ ᠤᠰᠤᠨ ᠳᠤ ᠠᠮᠢᠳᠤᠷᠠᠬᠤ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠵᠦ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠤᠰᠤᠨ ᠳᠤ ᠠᠮᠢᠳᠤᠷᠠᠬᠤ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠥᠯᠥᠨ ᠨᠠᠭᠤᠷ ᠪᠠ ᠤᠯᠠᠭᠠᠨᠰᠤᠬᠠᠢ ᠨᠠᠭᠤᠷ ᠤᠨ ᠠᠮᠢ ᠠᠬᠤᠶ ᠶᠢ ᠶᠡᠷᠦᠩᠬᠡᠶᠢᠯᠡᠨ ᠵᠠᠰᠠᠬᠤ ᠵᠢᠭᠠᠰᠤᠨ ᠤ ᠠᠵᠤ ᠦᠢᠯᠡᠰ ᠲᠤ ᠬᠤᠯᠪᠤᠭᠳᠠᠬᠤ ᠠᠵᠢᠯ ᠢ ᠥᠷᠭᠦᠯᠵᠢᠯᠡᠨ ᠨᠡᠶᠢᠲᠡᠪᠦᠷᠢᠵᠢᠭᠤᠯᠬᠤ ᠬᠡᠷᠡᠭᠲᠡᠢ᠃ 6 ᠰᠠᠷ᠎ᠠ ᠶᠢᠨ 6 ᠤ ᠡᠳᠦᠷ᠂ ᠪᠥᠬᠦ ᠣᠷᠣᠨ ᠤ 10 ᠠᠶᠢᠮᠠᠭ ᠬᠤᠲᠠ ᠶᠢᠨ13 ᠵᠢᠷᠠᠭᠠᠬᠠᠢ ᠲᠠᠯᠪᠢᠬᠤ ᠴᠡᠭ ᠵᠡᠷᠭᠡ ᠳᠤᠨᠢ ︽ᠤᠰᠤᠨ ᠤ ᠠᠮᠢᠳᠤ ᠪᠣᠳᠠᠰ ᠢ ᠦᠷᠡᠵᠢᠭᠦᠯᠦᠨ ᠨᠡᠮᠡᠭᠳᠡᠭᠦᠯᠵᠦ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠭᠰᠠᠨ ᠵᠢᠷᠠᠭᠠᠬᠠᠢ ᠲᠠᠯᠪᠢᠬᠤ ᠠᠵᠢᠯᠯᠠᠭ᠎ᠠ ᠶᠠᠪᠤᠭᠳᠠᠭᠤᠯᠪᠠ᠃      ( ᠭᠤᠷᠪᠠ ) ᠰᠡᠯᠡᠭᠦᠴᠡᠯ ᠤᠨ ᠵᠢᠭᠠᠰᠤᠨ ᠤ ᠠᠵᠤ ᠦᠢᠯᠡᠰ ᠢ ᠬᠦᠭᠵᠢᠭᠦᠯᠵᠦ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ      ᠡᠯ᠎ᠡ ᠱᠠᠲᠤᠨ ᠤ ᠵᠢᠭᠠᠰᠤᠨ ᠤ ᠠᠵᠤ ᠦᠢᠯᠡᠰ ᠤᠨ ᠰᠠᠯᠠᠭ᠎ᠠ ᠮᠥᠴᠢᠷ ᠤᠨ ᠰᠡᠯᠡᠭᠦᠴᠡᠯ ᠤᠨ ᠵᠢᠭᠠᠰᠤᠨ ᠤ ᠠᠵᠤ ᠦᠢᠯᠡᠰ ᠤᠨ ᠬᠥᠭᠵᠢᠯᠲᠡ ᠶᠢ ᠬᠥᠲᠥᠯᠦᠨ ᠵᠢᠯᠤᠭᠤᠳᠤᠪᠠ᠃ ᠡᠯ᠎ᠡ ᠭᠠᠵᠠᠷ ᠤᠨ ᠬᠢᠨ ᠵᠢᠭᠠᠰᠤᠴᠢᠨ ᠪᠠ ᠵᠢᠭᠠᠰᠤᠨ ᠤ ᠠᠵᠤ  ᠦᠢᠯᠡᠰ ᠤᠨ ᠠᠵᠤ ᠠᠬᠤᠶᠢᠯᠠᠯ ᠨᠢ ᠰᠡᠯᠡᠭᠦᠴᠡᠯ ᠤᠨ  ᠵᠢᠭᠠᠰᠤᠨ ᠤ ᠠᠵᠤ ᠦᠢᠯᠡᠰ ᠲᠠᠬᠢ ᠪᠡᠯᠡ ᠤᠷᠤᠭᠤᠯᠤᠯᠲᠠ ᠪᠠᠨ ᠨᠡᠮᠡᠭᠳᠡᠭᠦᠯᠵᠦ᠂ ᠦᠢᠯᠡᠴᠢᠯᠡᠭᠡᠨ ᠤ ᠣᠷᠴᠢᠨ ᠠᠬᠤᠢ ᠪᠠᠨ ᠰᠢᠯᠢᠳᠡᠭᠵᠢᠭᠦᠯᠵᠦ᠂ ᠦᠢᠯᠡᠴᠢᠯᠡᠭᠡᠨ  ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠰᠡᠯᠡᠭᠦᠴᠡᠯ  ᠤᠨ ᠵᠢᠭᠠᠰᠤᠨ ᠤ ᠠᠵᠤ ᠦᠢᠯᠡᠰ ᠤᠨ ᠬᠥᠭᠵᠢᠯᠲᠡ ᠶᠢᠨ ᠰᠠᠶᠢᠨ ᠪᠠᠶᠢᠳᠠᠯ ᠢ ᠢᠯᠡᠷᠡᠭᠦᠯᠵᠦ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠳᠤᠨ ᠬᠥᠭᠵᠢᠬᠦ ᠶᠢ ᠠᠬᠢᠭᠤᠯᠤᠭᠰᠠᠨ ᠪᠠᠶᠢᠨ᠎ᠠ᠃ ᠪᠦᠬᠦ ᠣᠷᠣᠨ ᠤ ᠰᠡᠯᠡᠭᠦᠴᠡᠯ ᠤᠨ ᠵᠢᠭᠠᠰᠤᠨ ᠤ ᠠᠵᠤ ᠦᠢᠯᠡᠰ ᠤᠨ ᠦᠢᠯᠡᠳᠪᠥᠷᠢᠯᠡᠯ ‍ᠦᠨ‌ᠥᠷᠲᠡᠭ 29578 ᠲᠦᠮᠡᠨ ᠲᠥᠭᠦᠷᠢᠭ ᠬᠦᠷᠴᠦ᠂ ᠳᠡᠭᠡᠷ᠎ᠡ ᠵᠢᠯ ᠤᠨ ᠬᠢ ᠠᠴᠠ14.9% ᠪᠠᠷ ᠨᠡᠮᠡᠭᠳᠡᠵᠡᠢ᠃ ᠪᠥᠬᠦ  ᠤᠯᠤᠰ ᠤᠨ ᠰᠡᠯᠡᠭᠦᠴᠡᠯ ᠤᠨ ᠵᠢᠭᠠᠰᠤᠨ ᠤ ᠠᠵᠤ ᠦᠢᠯᠡᠰ ᠤᠨ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠬᠥᠯᠥᠨ ᠨᠠᠭᠤᠷ ᠤᠨ ᠵᠢᠭᠠᠰᠤᠨ ᠤ ᠠᠵᠤ  ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠣᠨ ᠪᠠᠶᠠᠨᠨᠠᠭᠤᠷ ᠬᠤᠳᠠ ᠶᠢᠨ ᠨᠠᠷᠢᠨ ᠨᠠᠭᠤᠷ ᠲᠠᠷᠢᠶᠠᠯᠠᠩ ᠤᠢ ᠰᠢᠭᠤᠶ ᠤᠰᠤᠨ ᠭᠠᠷᠤᠯᠲᠠ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠨᠢ ︽ᠪᠦᠬᠦ ᠤᠯᠤᠰ ᠤᠨ ᠰᠣᠳᠣᠨ ᠰᠡᠯᠡᠭᠦᠴᠡᠯ ᠤᠨ ᠵᠢᠭᠠᠰᠤᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠢᠶᠠᠷ ᠪᠠᠳᠤᠯᠠᠭᠳᠠᠵᠤ᠂ ᠪᠠᠶᠠᠨᠨᠠᠭᠤᠷ ᠬᠤᠲᠠ ᠶᠢᠨ ᠥᠪᠥᠷ ᠮᠣᠩᠭᠤᠯ ᠤᠨ ᠯᠢᠣᠢ ᠶᠧ ᠱᠠᠨ ᠱᠦᠢ ᠲᠠᠷᠢᠶᠠᠯᠠᠩ ᠤᠨ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ ᠪᠤᠯᠤᠨ ᠳ᠋ᠧᠩᠺᠸᠦ ᠰᠢᠶᠠᠨ ᠤ ᠶᠢᠨ ᠮᠠ ᠨᠠᠭᠤᠷ ᠴᠥᠭᠦᠷᠥᠮ ᠤᠨ ᠠᠮᠢ ᠠᠬᠤᠶ ᠶᠢᠨ ᠲᠡᠵᠢᠭᠡᠯᠭᠡ ᠶᠢᠨ ᠲᠤᠰᠬᠠᠶᠢᠵᠢᠭᠰᠠᠨ ᠬᠤᠷᠰᠢᠶᠠᠵᠢᠯ ᠨᠢ ᠪᠦᠬᠦ ᠤᠯᠤᠰ ᠤᠨ ᠰᠡᠯᠡᠭᠦᠴᠡᠯ ᠤᠨ ᠵᠢᠭᠠᠰᠤᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠪᠠᠳᠤᠯᠠᠭᠳᠠᠪᠠ᠃      ( ᠳᠥᠷᠪᠡ ) ᠵᠢᠭᠠᠰᠤᠨ ᠤ ᠠᠵᠤ ᠦᠢᠯᠡᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢ ᠴᠢᠩᠭᠠᠳᠬᠠᠵᠤ᠂ ᠵᠢᠭᠠᠰᠤᠨ ᠤ ᠠᠵᠤ ᠦᠢᠯᠡᠰ ᠤᠨ ᠡᠬᠢ ᠪᠠᠶᠠᠯᠢᠭ ᠢ ᠬᠠᠮᠠᠭᠠᠯᠠᠬᠤ      ᠵᠢᠭᠠᠰᠤᠨ ᠤ ᠠᠵᠤ ᠦᠢᠯᠡᠰ ᠤᠨ ᠬᠠᠤᠯᠢ ᠴᠠᠭᠠᠵᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠵᠦ᠂ ᠵᠢᠭᠠᠰᠤᠨ ᠤ ᠠᠵᠤ ᠦᠢᠯᠡᠰ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠴᠢᠩᠭᠠᠳᠬᠠᠪᠠ᠃ ︽2017 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠠᠰᠤ ᠠᠩᠨᠠᠬᠤ ᠬᠤᠷᠢᠭ᠎ᠠ ᠲᠠᠢ ᠬᠤᠭᠤᠴᠠᠭ᠎ᠠ ᠬᠤᠷᠢᠭ᠎ᠠ ᠲᠠᠢ ᠭᠠᠵᠠᠷ ᠤᠨ ᠠᠯᠪᠠᠨ ᠵᠠᠷᠯᠠᠯ︾ ᠢ ᠪᠠᠭᠤᠯᠭᠠᠵᠤ᠂ ᠵᠢᠭᠠᠰᠤ ᠠᠩᠨᠠᠬᠤ ᠬᠤᠷᠢᠭ᠎ᠠ ᠶᠢᠨ ᠬᠠᠮᠢᠶᠠᠷᠤᠯᠲᠠ ᠶᠢ ᠴᠢᠩᠭᠠᠳᠬᠠᠪᠠ᠃ ᠡᠬᠢ ᠪᠠᠶᠠᠯᠢᠭ ᠤᠨ ᠬᠠᠮᠠᠭᠠᠯᠠᠯᠲᠠ᠂ ᠤᠰᠤᠨ ᠭᠠᠷᠤᠯᠲᠠ ᠶᠢᠨ ᠲᠡᠵᠢᠭᠡᠯᠭᠡ᠂ ᠬᠢᠯᠢ ᠳᠠᠭᠠᠤ ᠤᠷᠤᠨ ᠤ ᠤᠰᠤᠨ ᠪᠥᠰᠡ ᠶᠢᠨ ᠬᠠᠮᠢᠶᠠᠷᠤᠯᠲᠠ᠂ ᠠᠶᠤᠯᠭᠦᠶ ᠦᠢᠯᠡᠳᠪᠦᠷᠢᠯᠡᠯ ᠪᠠ ᠵᠢᠭᠠᠰᠤᠨ ᠤ ᠠᠵᠤ ᠦᠢᠯᠡᠰ ᠲᠤ ᠬᠤᠯᠪᠤᠭᠳᠠᠬᠤ ︽ᠭᠤᠷᠪᠠ ᠦᠬᠡᠢ︾ ᠵᠢᠭᠠᠰᠤᠨ ᠣᠩᠭᠤᠴᠠ᠂ ︽ᠤᠭ ᠢ ᠨᠢ ᠲᠠᠰᠤᠯᠬᠤ ᠲᠤᠤᠷ︾᠂ ᠴᠠᠬᠢᠯᠭᠠᠨ᠂ ᠬᠤᠣᠷᠲᠤ ᠪᠤᠳᠠᠰ ᠳᠡᠯᠪᠡᠴᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠤᠬᠢᠯᠲᠠ ᠥᠭᠬᠦ ᠲᠤᠰᠬᠠᠶ ᠠᠵᠢᠯᠯᠠᠭ᠎ᠠ ᠶᠠᠪᠤᠭᠳᠠᠭᠤᠯᠵᠤ᠂ ᠵᠢᠭᠠᠰᠤᠨ ᠤ ᠠᠵᠤ ᠦᠢᠯᠡᠰ  ᠤᠨ ᠬᠡᠪ ᠤᠨ ᠦᠢᠯᠡᠳᠪᠦᠷᠢᠯᠡᠯ ᠤᠨ ᠡᠮᠬᠢ ᠵᠢᠷᠤᠮ ᠢ ᠪᠠᠳᠤᠯᠠᠪᠠ᠃ ᠬᠤᠪᠣᠷ ᠴᠤᠬᠠᠭ᠂ ᠤᠬ ᠨᠢ ᠲᠠᠰᠤᠷᠠᠬᠤ ᠰᠢᠬᠠᠭᠰᠠᠨ ᠤᠰᠦᠠ ᠳᠤ ᠠᠮᠢᠳᠤᠷᠠᠬᠤ ᠵᠡᠷᠯᠢᠭ ᠠᠮᠢᠲᠠᠨ ᠤᠷᠭᠤᠮᠠᠯ ᠤᠨ ᠬᠠᠮᠠᠭᠠᠯᠠᠯᠲᠠ ᠶᠢ ᠴᠢᠩᠭᠠᠳᠬᠠᠪᠠ᠃ 2017 ᠣᠨ ᠳᠤ ᠪᠥᠬᠦ ᠣᠷᠣᠨ ᠤ ᠬᠡᠪᠴᠢᠶᠡᠨ ᠳᠤ ︽ᠯᠢᠶᠠᠩ  ᠵᠢᠶᠠᠨ 2017︾ ᠵᠢᠭᠠᠰᠤᠨ ᠤ ᠠᠵᠤ ᠦᠢᠯᠡᠰ ᠤᠨ ᠵᠠᠰᠠᠭ ᠵᠠᠬᠢᠷᠭᠠᠨ ᠤ ᠰᠢᠷᠢᠰ ᠬᠠᠤᠯᠢ ᠬᠡᠷᠡᠭᠵᠢᠭᠦᠯᠬᠦ ᠲᠤᠰᠬᠠᠶ ᠠᠵᠢᠯᠯᠠᠭ᠎ᠠ  ᠶᠠᠪᠤᠭᠳᠠᠭᠤᠯᠪᠠ᠃ ᠮᠠᠨ ᠤ ᠣᠷᠣᠨ ᠤ  ᠳᠥᠷᠪᠡᠨ ᠵᠢᠭᠠᠰᠤᠨ ᠤ ᠠᠵᠤ ᠦᠢᠯᠡᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠨᠢᠭᠡᠴᠡ ᠪᠠ 4 ᠨᠡᠷ᠎ᠡ ᠵᠢᠭᠠᠰᠤᠨ ᠤ ᠠᠵᠤ ᠦᠢᠯᠡᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠴᠢ ᠨᠢ ᠲᠠᠷᠢᠶᠠᠯᠠᠩ ᠤᠨ ᠶᠠᠮᠤᠨ ᠤ ︽ᠯᠢᠶᠠᠩ ᠵᠢᠶᠠᠨ 2017︾ ᠵᠢᠭᠠᠰᠤᠨ ᠤ ᠠᠵᠤ ᠦᠢᠯᠡᠰ ᠤᠨ ᠵᠠᠰᠠᠭ ᠵᠠᠬᠢᠷᠭᠠᠨ ᠤ ᠰᠢᠷᠢᠰ ᠬᠠᠤᠯᠢ ᠬᠡᠷᠡᠭᠵᠢᠭᠦᠯᠬᠦ ᠲᠤᠰᠬᠠᠶ ᠠᠵᠢᠯᠯᠠᠭᠠᠨ ᠳᠠᠬᠢ ᠠᠵᠢᠯ ᠤᠨ ᠪᠥᠳᠦᠮᠵᠢ ᠲᠤᠪᠤᠶᠢᠮ᠎ᠠ ᠬᠠᠮᠲᠤ ᠨᠡᠶᠢᠳᠡ ᠪᠠ ᠬᠤᠪᠢ ᠬᠥᠮᠦᠨ ᠢᠶᠠᠷ ᠱᠠᠩᠨᠠᠭᠳᠠᠪᠠ᠃ ᠵᠢᠭᠠᠰᠤᠨ ᠤ ᠠᠵᠤ ᠦᠢᠯᠡᠰ ᠤᠨ ᠵᠠᠰᠠᠭ ᠵᠠᠬᠢᠷᠭᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠢᠭᠠᠰᠤᠨ ᠤ ᠠᠵᠤ ᠦᠢᠯᠡᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠤᠨ ᠪᠤᠯᠪᠠᠰᠤᠷᠠᠯ ᠤᠨ ᠠᠵᠢᠯᠯᠠᠭ᠎ᠠ ᠥᠷᠨᠢᠭᠦᠯᠵᠦ᠂ 11 ᠰᠠᠷ᠎ᠠ ᠶᠢᠨ 25 ᠤ ᠡᠳᠦᠷ᠂ ᠪᠥᠬᠦ ᠣᠷᠣᠨ ᠤ ᠵᠢᠭᠠᠰᠤᠨ ᠤ ᠠᠵᠤ ᠦᠢᠯᠡᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠳᠠᠳ ᠢ ᠵᠣᠬᠢᠶᠠᠨ ᠪᠠᠶᠢᠭᠤᠯᠵᠤ ᠪᠦᠬᠦ ᠤᠯᠤᠰ ᠤᠨ ᠵᠢᠭᠠᠰᠤᠨ ᠤ ᠠᠵᠤ ᠦᠢᠯᠡᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠳᠡᠨ ᠤ ᠬᠠᠤᠯᠢ ᠬᠡᠷᠡᠭᠵᠢᠭᠦᠯᠬᠦ ᠬᠢᠷᠢ ᠬᠡᠮ ᠤᠨ ᠨᠢᠭᠡᠳᠦᠯᠲᠡᠶ ᠰᠢᠯᠭᠠᠯᠲᠠ ᠳᠤ ᠤᠷᠤᠯᠴᠠᠭᠤᠯᠪᠠ᠃     ( ᠲᠠᠪᠤ ) ᠵᠢᠭᠠᠰᠤᠨ ᠤ ᠠᠵᠤ ᠦᠢᠯᠡᠰ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠠᠮᠤᠭᠤᠯᠠᠩ ᠵᠢᠭᠠᠰᠤᠨ ᠤ ᠠᠵᠤ ᠦᠢᠯᠡᠰ ᠢ ᠪᠠᠶᠢᠭᠤᠯᠤᠨ᠎ᠠ      ᠵᠢᠭᠠᠰᠤᠨ ᠤ ᠠᠵᠤ ᠦᠢᠯᠡᠰ ᠤᠨ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠢᠭᠠᠰᠤᠨ ᠤ ᠠᠵᠤ ᠦᠢᠯᠡᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠴᠢᠩᠭᠠᠳᠬᠠᠬᠤ᠂ ᠵᠢᠭᠠᠰᠤᠴᠢᠨ ᠤ ᠠᠶᠤᠯᠭᠦᠶ ᠦᠢᠯᠡᠳᠪᠦᠷᠢᠯᠡᠯ ᠤᠨ ᠦᠵᠡᠯ ᠤᠬᠠᠮᠰᠠᠷ ᠢ ᠳᠡᠭᠡᠭᠰᠢᠭᠦᠯᠦᠨ᠎ᠡ᠃ ᠤᠬᠠᠭᠤᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠦᠢᠯᠡᠳᠪᠦᠷᠢᠯᠡᠯ ᠢ ᠪᠠᠶᠢᠴᠠᠭᠠᠬᠤ᠂ ᠲᠠᠯᠳᠠ ᠭᠡᠮ ᠢ ᠠᠷᠢᠯᠭᠠᠬᠤ᠂ ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠬᠦ᠂ ᠣᠩᠭᠤᠴᠠᠨ ᠳᠤ ᠬᠡᠷᠡᠭᠯᠡᠬᠦ  ᠪᠥᠲᠦᠭᠡᠭᠳᠡᠭᠦᠨ ᠤ ᠶᠠᠰᠤ ᠴᠢᠨᠠᠷ ᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ᠂ ᠠᠶᠤᠯᠭᠦᠶ ᠦᠢᠯᠡᠳᠪᠥᠷᠢᠯᠡᠯ ᠤᠨ ᠰᠠᠷ᠎ᠠ ᠵᠡᠷᠭᠡ ᠠᠯᠢ ᠣᠯᠠᠨ ᠬᠢᠨᠠᠨ ᠪᠠᠶᠢᠴᠠᠭᠠᠬᠤ᠂ ᠰᠢᠯᠭᠠᠨ ᠪᠠᠶᠢᠴᠠᠭᠠᠬᠤ ᠠᠵᠢᠯᠯᠠᠭ᠎ᠠ ᠶᠠᠪᠤᠭᠳᠠᠭᠤᠯᠪᠠ᠃ ᠡᠭᠦᠨ ᠤ ᠬᠠᠮᠳᠤ ᠪᠦᠬᠦ ᠣᠷᠣᠨ ᠤ 12 ᠠᠶᠢᠮᠠᠭ ᠬᠤᠳᠠ ᠶᠢᠨ 38 ᠬᠤᠰᠢᠭᠤ ᠰᠢᠶᠠᠨ ᠤ 40 ᠭᠠᠷᠣᠢ ᠤᠰᠤᠨ  ᠪᠥᠰᠡ ᠳᠤ ᠵᠢᠭᠠᠰᠤᠨ ᠤ ᠠᠵᠤ ᠦᠢᠯᠡᠰ ᠤᠨ ᠠᠶᠤᠯᠭᠦᠢ ᠦᠢᠯᠡᠳᠪᠦᠷᠢᠯᠡᠯ ᠤᠨ ᠠᠬᠤᠢ ᠲᠠᠯᠠᠪᠠᠢ ᠶᠢᠨ ᠬᠢᠨᠠᠨ ᠪᠠᠶᠢᠴᠠᠭᠠᠬᠤ᠂ ︽ᠡᠷᠬᠢᠨ ᠬᠠᠷᠠᠬᠤ︾ ᠴᠡᠭᠴᠡᠯᠡᠨ ᠵᠠᠰᠠᠬᠤ ᠠᠵᠢᠯ ᠢ ᠶᠠᠪᠤᠭᠳᠠᠭᠤᠯᠪᠠ᠃ ᠲᠠᠷᠢᠶᠠᠯᠠᠩ ᠤᠨ ᠶᠠᠮᠤᠨ ᠤ ᠵᠢᠭᠠᠰᠤᠨ ᠤ ᠠᠵᠤ ᠦᠢᠯᠡᠰ ᠤᠨ ᠠᠶᠤᠯᠭᠦᠢ ᠦᠢᠯᠡᠳᠪᠦᠷᠢᠯᠡᠯ  ᠤᠨ ᠰᠣᠯᠪᠢᠴᠠᠨ ᠪᠠᠶᠢᠴᠠᠭᠠᠬᠤ ᠳᠣᠯᠣᠳᠤᠭᠠᠷ ᠪᠠᠶᠢᠴᠠᠭᠠᠬᠤ ᠳᠤᠭᠤᠶᠢᠯᠠᠩ ᠤᠨ ᠪᠠᠶᠢᠴᠠᠭᠠᠯᠲᠠ ᠶᠢ ᠬᠦᠯᠢᠶᠡᠨ ᠠᠪᠤᠪᠠ᠃ ᠪᠦᠬᠦ ᠣᠷᠣᠨ ᠤ ᠵᠢᠭᠠᠰᠤᠨ ᠤ ᠠᠵᠤ ᠦᠢᠯᠡᠰ ᠤᠨ ᠣᠩᠭᠤᠴᠠ ᠰᠠᠯ ᠤᠨ ᠤᠰᠤᠨ ᠳᠡᠭᠡᠷᠡᠬᠢ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠣᠯᠤᠨ ᠠᠶᠤᠯᠭᠦᠶ ᠶᠢᠨ ᠬᠥᠮᠦᠵᠢᠯ ᠪᠣᠯᠪᠠᠰᠤᠷᠠᠯ ᠤᠨ ᠠᠩᠭᠢ ᠶᠢ ᠡᠷᠬᠢᠯᠡᠪᠡ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号