【ᠪᠤᠰᠤᠳ ᠲᠠᠯ᠎ᠠ】ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠲᠦᠢᠮᠣ ᠪᠠᠶᠢᠳᠠᠯ ︵2017 ᠣᠨ︶
ᠨᠡᠶᠢᠲᠡᠯᠡᠭᠰᠡᠨ ᠴᠠᠭ᠄
2019/3/25
     ᠤᠢᠢᠷ᠎ᠠ ᠶᠢᠨ ᠵᠢᠯ ᠳᠤ᠂ ᠮᠠᠨ ᠤ ᠣᠷᠣᠨ  ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠨᠢ ᠥᠪᠡᠷᠲᠡᠭᠡᠨ ᠵᠠᠰᠠᠬᠤ ᠣᠷᠣᠨ ᠤ ᠪᠤᠳᠠᠳᠤ ᠪᠠᠶᠢᠳᠠᠯ ᠳᠤ ᠰᠠᠭᠤᠷᠢᠯᠠᠨ᠂ ᠪᠥᠬᠦ ᠣᠷᠣᠨ ᠤ ︽ᠭᠤᠷᠪᠠᠨ ᠲᠠᠷᠢᠶᠠᠯᠠᠬᠤ  ᠭᠤᠷᠪᠠᠨ ᠮᠠᠯᠵᠢᠬᠤ︾ ᠳᠤ ᠦᠢᠯᠡᠴᠢᠯᠡᠬᠦ ᠪᠠᠷ ᠠᠵᠢᠯ ᠤᠨ ᠵᠣᠷᠢᠯᠲᠠ ᠪᠠᠨ ᠪᠣᠯᠭᠠᠵᠤ᠂ ᠬᠠᠤᠯᠢ ᠬᠡᠷᠡᠭᠵᠢᠭᠦᠯᠬᠦ ᠰᠢᠰᠲ᠋ᠧᠮ᠂ ᠬᠠᠤᠯᠢ ᠬᠡᠷᠡᠭᠵᠢᠭᠦᠯᠬᠦ ᠴᠢᠳᠠᠪᠬᠢ ᠪᠠ ᠬᠠᠤᠯᠢ ᠬᠡᠷᠡᠭᠵᠢᠭᠦᠯᠬᠦ ᠲᠦᠷᠢᠮ ᠤᠨ ᠪᠠᠶᠢᠭᠤᠯᠤᠯᠲᠠ ᠶᠢ ᠠᠬᠢᠭᠤᠯᠬᠤ ᠪᠠᠨ ᠴᠢᠩᠭᠠᠳᠬᠠᠵᠤ᠂ ᠲᠠᠷᠢᠶᠠᠯᠠᠩ ᠤᠨ ᠮᠠᠲ᠋ᠧᠷᠢᠶᠠᠯ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠪᠦᠲᠦᠮᠵᠢᠲᠡᠶ ᠳᠦᠷᠢᠮᠵᠢᠭᠦᠯᠵᠦ᠂  ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠨᠢ ᠤᠯᠠᠮ ᠨᠢᠭᠡ ᠠᠯᠬᠤᠮ ᠪᠠᠲᠤᠯᠠᠭ᠎ᠠ ᠲᠠᠢ ᠪᠤᠯᠵᠦ᠂ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠲᠣᠭᠲᠠᠭᠤᠨ ᠪᠦᠭᠡᠳ ᠠᠮᠤᠷ ᠲᠦᠪᠰᠢᠨ  ᠥᠷᠭᠦᠯᠵᠢᠯᠡᠭᠰᠡᠨ ᠬᠥᠭᠵᠢᠯᠲᠡ ᠵᠢᠴᠢ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢᠨ ᠲᠦᠯᠦᠭᠡ᠂ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠠᠬᠤᠢ ᠶᠢ ᠪᠤᠢ ᠪᠣᠯᠭᠠᠵᠤ ᠴᠢᠳᠠᠭᠰᠠᠨ ᠪᠠᠶᠢᠨ᠎ᠠ᠃      ᠨᠢᠭᠡ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠦᠨ᠂ ᠬᠠᠤᠯᠢ ᠬᠡᠷᠡᠭᠵᠢᠭᠦᠯᠬᠦ ᠦᠨᠳᠦᠰᠦ ᠶᠢ ᠪᠠᠲᠤᠳᠬᠠᠬᠤ      2017 ᠣᠨ ᠤ ᠡᠴᠦᠰ ᠪᠣᠯᠲᠠᠯ᠎ᠠ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ 115᠂ ᠠᠵᠢᠯ ᠤᠨ ᠪᠠᠶᠢᠷᠢ ᠳᠠᠬᠢ ᠬᠠᠤᠯᠢ ᠬᠡᠷᠡᠭᠵᠢᠭᠦᠯᠬᠦ ᠠᠵᠢᠯᠲᠠᠨ 1352 ᠬᠥᠮᠦᠨ ᠲᠠᠢ᠃ ᠡᠭᠦᠨ ᠳᠤ᠂ ᠮᠠᠨ ᠤ ᠣᠷᠣᠨ ᠤ ᠬᠠᠷᠢᠶ᠎ᠠ ᠠᠶᠢᠮᠠᠭ ᠬᠤᠲᠠ ᠨᠢᠭᠡᠨᠲᠡ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠪᠤᠷᠢ ︵ᠬᠠᠤᠯᠢ ᠬᠡᠷᠡᠭᠵᠢᠭᠦᠯᠬᠦ ᠲᠣᠪᠴᠢᠶ᠎ᠠ︶ 11 ᠪᠠᠶᠢᠭᠤᠯᠵᠦ᠂ ᠪᠥᠬᠦ ᠣᠷᠣᠨ ᠤ 12 ᠠᠶᠢᠮᠠᠭ ᠬᠤᠲᠠ ᠶᠢᠨ 91.7% ᠶᠢ ᠡᠵᠡᠯᠡᠵᠦ᠂ ᠴᠦᠮ ᠢᠶᠠᠷ ᠢᠶᠠᠨ ᠣᠷᠣᠨ ᠲᠤᠭ᠎ᠠ ᠶᠢᠨ ᠪᠠᠶᠢᠭᠤᠯᠤᠮᠵᠢ ᠶᠢᠨ ᠵᠥᠪᠰᠢᠶᠡᠷᠡᠯ ᠢ ᠣᠯᠵᠠᠢ᠃ ᠬᠠᠷᠢᠶ᠎ᠠ ᠬᠤᠰᠢᠭᠤ ︵ᠰᠢᠶᠠᠨ ᠲᠤᠭᠤᠷᠢᠭ᠂ ᠬᠤᠲᠠ︶ ᠳᠤ ᠨᠢᠭᠡᠨᠲᠡ104 ᠲᠠᠷᠢᠶᠠᠯᠠᠩ ᠮᠠᠯ ᠠᠵᠥ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ  ᠠᠩᠭᠢ ︵ᠬᠠᠤᠯᠢ ᠬᠡᠷᠡᠭᠵᠢᠭᠦᠯᠬᠦ ᠲᠤᠪᠴᠢᠶ᠎ᠠ︶ ᠪᠠᠶᠢᠭᠤᠯᠵᠦ᠂ ᠴᠦᠮ ᠢᠶᠠᠷ ᠢᠶᠠᠨ ᠲᠤᠬᠠᠢ ᠶᠢᠨ ᠭᠠᠵᠠᠷ ᠤᠨ ᠣᠷᠣᠨ ᠲᠤᠭ᠎ᠠ ᠶᠢᠨ ᠪᠠᠶᠢᠭᠤᠯᠤᠮᠵᠢ ᠳᠤ ᠵᠥᠪᠰᠢᠶᠡᠷᠡᠭᠳᠡᠨ᠂ ᠦᠨᠳᠦᠰᠦᠨ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠢᠰᠲ᠋ᠧᠮ ᠢ ᠪᠠᠲᠤ ᠪᠠᠬᠢ ᠲᠣᠭᠲᠠᠭᠤᠨ ᠪᠤᠯᠭᠠᠪᠠ᠃      ᠬᠤᠶᠠᠷ᠂ ᠪᠡᠯᠡ ᠣᠷᠣᠭᠤᠯᠤᠯᠲᠠ ᠵᠢᠨ‌‍ᠪᠠᠲᠤᠯᠭᠠᠲᠦ ᠪᠠᠶᠢᠭᠤᠯᠤᠮᠵᠢ ᠶᠢ ᠪᠠᠶᠢᠭᠤᠯᠵᠤ᠂ ᠬᠠᠤᠯᠢ ᠬᠡᠷᠡᠭᠵᠢᠭᠦᠯᠬᠦ ᠴᠢᠳᠠᠪᠬᠢ ᠪᠠᠨ ᠳᠡᠭᠡᠭᠰᠢᠯᠡᠭᠦᠯᠪᠡ      2011 ᠣᠨ ᠠᠴᠠ ᠡᠬᠢᠯᠡᠵᠦ᠂ ᠪᠥᠬᠦ ᠣᠷᠣᠨ ᠠᠴᠠ ᠵᠢᠯ ᠪᠦᠷᠢ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠳᠦᠷᠢᠮᠵᠢᠭᠰᠡᠨ ᠪᠦᠲᠦᠭᠡᠨ ᠪᠠᠶᠢᠭᠤᠯᠤᠯᠲᠠ  ᠶᠢᠨ ᠲᠦᠷᠦᠯ ᠵᠦᠢᠯ ᠳᠤ 120 ᠲᠦᠮᠡᠨ ᠲᠥᠭᠦᠷᠢᠭ ᠵᠤᠬᠢᠴᠠᠭᠤᠯᠤᠨ ᠲᠣᠬᠢᠷᠠᠭᠤᠯᠵᠤ᠂ 12 ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠪᠤᠷᠢ ᠠᠩᠭᠢ ︵ᠲᠣᠪᠴᠢᠶ᠎ᠠ︶᠂ ᠳᠤᠭᠤᠶᠢᠯᠠᠩ ︵ᠬᠠᠤᠯᠢ ᠬᠡᠷᠡᠭᠵᠢᠭᠦᠯᠬᠦ ᠲᠣᠪᠴᠢᠶ᠎ᠠ︶ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠳᠤ ᠵᠠᠷᠤᠳᠠᠯ ᠮᠥᠩᠭᠦ ᠶᠢᠨ ᠳᠡᠮᠵᠢᠯᠭᠡ ᠦᠵᠡᠭᠦᠯᠪᠡ᠃ 2014 ᠣᠨ ᠠᠴᠠ ᠡᠬᠢᠯᠡᠨ᠂ ᠲᠤᠰᠬᠠᠶ ᠪᠡᠯᠡ ᠮᠥᠩᠭᠦ ᠭᠠᠷᠭᠠᠵᠤ᠂ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠨᠢ ᠴᠥᠮ ᠢᠶᠠᠷ ᠢᠶᠠᠨ ︽ᠲᠠᠷᠢᠶᠠᠯᠠᠩ ᠤᠨ ᠬᠠᠤᠯᠢ ᠬᠡᠷᠡᠭᠵᠢᠭᠦᠯᠬᠦ︾ ᠰᠢᠰᠲ᠋ᠧᠮ ᠤᠨ ᠵᠥᠭᠡᠯᠡᠨ ᠲᠤᠨᠤᠭᠯᠠᠯ ᠢ ᠬᠡᠷᠡᠭᠯᠡᠨ ᠠᠰᠢᠭᠯᠠᠵᠤ᠂ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠬᠢᠨᠠᠯᠲᠠ ᠬᠠᠮᠢᠶᠠᠷᠤᠯᠲᠠ᠂ ᠬᠠᠤᠯᠢ ᠬᠡᠷᠡᠭᠵᠢᠭᠦᠯᠬᠦ᠂ ᠬᠡᠷᠡᠭ ᠰᠢᠢᠳᠪᠥᠷᠢᠯᠡᠬᠦ ᠶᠢᠨ ︽ᠭᠤᠷᠪᠠᠨ ᠳᠡᠭᠡᠭᠰᠢᠯᠡᠯᠲᠡ︾ ᠶᠢ ᠪᠥᠲᠦᠮᠵᠢᠲᠡᠢ ᠠᠬᠢᠭᠤᠯᠪᠠ᠃ 2015 ᠣᠨ ᠳᠤ᠂ ᠤᠯᠤᠰ ᠪᠠ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ ᠱᠠᠭᠠᠷᠳᠠᠯᠭ᠎ᠠ ᠪᠠᠷ᠂ ᠮᠠᠨ ᠤ ᠲᠢᠩᠬᠢᠮ ᠠᠴᠠ ᠮᠥᠩᠭᠦ ᠴᠤᠭᠯᠠᠭᠤᠯᠤᠨ᠂ ᠪᠥᠬᠦ ᠣᠷᠣᠨ ᠤ ᠬᠡᠷᠡᠭ ᠰᠢᠢᠳᠪᠦᠷᠢᠯᠡᠬᠦ ᠲᠤᠭ᠎ᠠ ᠬᠡᠮᠵᠢᠶ᠎ᠡ ᠨᠢ ᠬᠠᠷᠢᠴᠠᠩᠭᠤᠢ ᠣᠯᠠᠨ ᠪᠥᠭᠡᠳ ᠬᠠᠤᠯᠢ ᠬᠡᠷᠡᠭᠵᠢᠭᠦᠯᠬᠦ ᠡᠭᠦᠷᠭᠡ ᠨᠡᠯᠢᠶᠡᠳ ᠬᠦᠨᠳᠦ 60 ᠬᠠᠤᠯᠢ ᠬᠡᠷᠡᠭᠵᠢᠭᠦᠯᠬᠦ ᠪᠠᠶᠢᠭᠤᠯᠤᠮᠵᠢ ᠳᠤ᠂ ︽ᠳᠠᠩ ᠴᠠᠭᠳᠠᠭ᠎ᠠ ᠶᠢᠨ ᠬᠠᠤᠯᠢ ᠬᠡᠷᠡᠭᠵᠢᠭᠦᠯᠬᠦ ᠳᠠᠭᠤ ᠳᠦᠷᠰᠦ ᠰᠢᠩᠭᠡᠭᠡᠯᠲᠡ ᠶᠢᠨ ᠮᠠᠰᠢᠨ︾ ᠢ ᠲᠣᠬᠢᠷᠠᠭᠤᠯᠵᠤ᠂ ᠳᠦᠷᠢᠮᠵᠢᠭᠰᠡᠨ ᠬᠠᠤᠯᠢ ᠬᠡᠷᠡᠭᠵᠢᠭᠦᠯᠬᠦ ᠠᠷᠭ᠎ᠠ ᠪᠠᠷᠢᠯ ᠢ ᠤᠯᠠᠮ ᠨᠢᠭᠡ ᠠᠯᠬᠤᠮ ᠴᠢᠩᠭᠠᠳᠬᠠᠪᠠ᠃      ᠭᠤᠷᠪᠠ᠂ ᠳᠦᠷᠢᠮ ᠳᠤᠭᠲᠠᠭᠠᠯ ᠤᠨ ᠪᠠᠳᠤᠯᠠᠭ᠎ᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠶᠢᠨ ᠳᠦᠷᠢᠮᠵᠢᠭᠰᠡᠨ ᠪᠠᠶᠢᠭᠤᠯᠤᠯᠲᠠ ᠶᠢ  ᠠᠬᠢᠭᠤᠯᠪᠠ      ᠡᠯ᠎ᠡ ᠭᠠᠵᠠᠷ ᠤᠨ ᠬᠢᠨ ᠨᠡᠶᠢᠳᠡᠮ ᠳᠡᠭᠡᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ᠂ ᠬᠠᠤᠯᠢ ᠬᠡᠷᠡᠭᠵᠢᠭᠦᠯᠦᠯᠲᠡ ᠶᠢᠨ ᠵᠠᠷᠯᠠᠨ ᠨᠡᠶᠢᠲᠡᠯᠡᠬᠦ ᠲᠦᠷᠢᠮ᠂ ᠬᠠᠤᠯᠢ ᠬᠡᠷᠡᠭᠵᠢᠭᠦᠯᠦᠯᠲᠡ ᠶᠢᠨ ᠠᠯᠳᠠᠭ᠎ᠠ ᠪᠤᠷᠤᠭᠤ ᠶᠢᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠥᠷᠢᠮ᠂ ᠵᠡᠷᠭᠡ ᠲᠥᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠡᠭᠦᠨ ᠤ ᠬᠠᠮᠲᠤ  ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ ᠲᠦᠷᠢᠮ ᠢ ᠳᠦᠯᠬᠢᠨ ᠠᠬᠢᠭᠤᠯᠵᠦ᠂ ᠬᠠᠤᠯᠢ ᠬᠡᠷᠡᠭᠵᠢᠭᠦᠯᠬᠦ ᠶᠢᠨ ᠡᠷᠬᠡ ᠲᠡᠭᠰᠢ᠂ ᠭᠤᠣᠯᠴᠢ᠂ ᠢᠯᠠ ᠪᠠᠶᠢᠬᠤ ᠶᠢ ᠪᠠᠲᠤᠯᠠᠪᠠ᠃ 2017 ᠣᠨ ᠳᠤ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠭᠰᠠᠨ ᠰᠠᠭᠤᠷᠢᠨ ᠳᠡᠭᠡᠷ᠎ᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠪᠠᠷᠢᠮᠵᠢᠶ᠎ᠠ︾ ᠶᠢ ᠳᠠᠬᠢᠨ ᠵᠠᠰᠠᠪᠤᠷᠢ ᠣᠷᠣᠭᠤᠯᠵᠤ ᠨᠡᠶᠢᠲᠡᠯᠡᠵᠡᠶ᠃ ᠲᠤᠰ ᠵᠢᠯ ᠳᠤ᠂ ᠬᠤᠶᠠᠳᠤᠭᠠᠷ ᠪᠤᠳᠢ ᠬᠡᠷᠡᠭ ᠤᠨ ᠲᠡᠮᠳᠡᠭᠯᠡᠯ ᠨᠢ ᠲᠠᠷᠢᠶᠠᠯᠠᠩ ᠤᠨ ᠶᠠᠮᠤᠨ ᠤ ᠰᠢᠯᠢᠳᠡᠭ ᠬᠡᠷᠡᠭ ᠤᠨ ᠲᠡᠮᠳᠡᠭᠯᠡᠯ ᠢᠶᠠᠷ ᠦᠨᠡᠯᠡᠭᠳᠡᠵᠦ᠂ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠳᠥᠷᠢᠮᠵᠢᠯᠡᠯ ᠤᠨ ᠪᠦᠲᠦᠭᠡᠨ ᠪᠠᠶᠢᠭᠤᠯᠤᠯᠲᠠ ᠶᠢ ᠪᠦᠲᠦᠮᠵᠢᠲᠡᠶ ᠠᠬᠢᠭᠤᠯᠪᠠ᠃      ᠳᠥᠷᠪᠡ᠂ ᠲᠤᠰᠬᠠᠶ ᠵᠦᠢᠯ ᠤᠨ ᠴᠡᠭᠴᠡᠯᠡᠨ ᠵᠠᠰᠠᠬᠤ ᠠᠵᠢᠯ ᠢ ᠴᠢᠬᠤᠯᠠᠴᠢᠯᠠᠵᠤ᠂ ︽ᠢᠳᠡᠭᠡᠨ ᠤ ᠠᠮᠤᠷ ᠲᠦᠪᠰᠢᠨ︾ ᠢ ᠪᠠᠲᠤᠯᠠᠬᠤ      ᠤᠢᠢᠷ᠎ᠠ ᠶᠢᠨ ᠬᠡᠳᠦᠨ ᠵᠢᠯ ᠤᠨ ᠲᠤᠷᠰᠢ᠂ ᠪᠥᠬᠦ ᠣᠷᠣᠨ ᠤ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠠᠴᠠ ᠭᠤᠣᠯᠳᠠᠯᠭ᠎ᠠ ᠲᠠᠢ ᠴᠠᠭ᠂ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠵᠠᠬ᠎ᠠ ᠳᠡᠯᠭᠡᠭᠦᠷ᠂ ᠭᠤᠣᠯᠳᠠᠯᠭ᠎ᠠ ᠲᠠᠢ ᠠᠵᠤ ᠠᠬᠤᠶᠢᠯᠠᠯ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠳᠬᠠᠪᠠ᠃ ᠭᠤᠣᠯᠳᠠᠯᠭ᠎ᠠ ᠲᠠᠢ ᠴᠣᠬᠢᠯᠲᠠ ᠥᠭᠬᠦ ᠪᠠ ᠪᠠᠶᠢᠩᠭᠤ ᠶᠢᠨ ᠪᠠᠶᠢᠴᠠᠭᠠᠨ ᠰᠢᠢᠳᠪᠥᠷᠢᠯᠡᠬᠦ ᠶᠢ ᠤᠶᠠᠯᠳᠤᠭᠤᠯᠵᠤ᠂ ᠲᠠᠷᠢᠶᠠᠨ ᠦᠷ᠎ᠡ᠂ ᠲᠠᠷᠢᠶᠠᠨ ᠡᠮ᠂ ᠪᠤᠷᠳᠤᠭᠤᠷ᠂ ᠲᠡᠵᠢᠭᠡᠯ ᠪᠣᠷᠳᠤᠭ᠎ᠠ ᠵᠡᠷᠭᠡ ᠲᠤᠰᠬᠠᠶ ᠵᠦᠢᠯ ᠢ ᠴᠡᠭᠴᠡᠯᠡᠨ ᠵᠠᠰᠠᠪᠠ᠃ 2017 ᠣᠨ ᠳᠤ᠂ ᠪᠦᠬᠦ ᠣᠷᠣᠨ ᠳᠤ ᠨᠡᠶᠢᠳᠡ 51431 ᠬᠥᠮᠦᠨ ᠤᠳᠠᠭ᠎ᠠ ᠬᠠᠤᠯᠢ ᠬᠡᠷᠡᠭᠵᠢᠭᠦᠯᠬᠦ ᠠᠵᠢᠯᠲᠠᠨ ᠬᠥᠳᠦᠯᠦᠯᠴᠡᠨ᠂ ᠡᠯ᠎ᠡ ᠲᠥᠷᠥᠯ ᠤᠨ ᠲᠠᠷᠢᠶᠠᠯᠠᠩ ᠤᠨ ᠮᠠᠲ᠋ᠧᠷᠢᠶᠠᠯ ᠡᠵᠡᠩᠨᠡᠵᠦ ᠪᠠᠶᠢᠭ᠎ᠠ ᠡᠭᠦᠳᠡᠨ ᠳᠡᠯᠭᠡᠭᠦᠷ 23313 ᠶᠢ ᠪᠠᠶᠢᠴᠠᠭᠠᠵᠤ᠂ ᠬᠠᠤᠯᠢ ᠶᠢ ᠵᠥᠷᠢᠴᠡᠭᠰᠡᠨ ᠡᠯ᠎ᠡ ᠲᠦᠷᠦᠯ ᠤᠨ ᠬᠡᠷᠡᠭ 1961 ᠶᠢ ᠪᠠᠶᠢᠴᠠᠭᠠᠨ ᠰᠢᠢᠳᠪᠥᠷᠢᠯᠡᠵᠦ᠂ ᠮᠠᠯᠴᠢᠨ ᠲᠠᠷᠢᠶᠠᠴᠢᠨ ᠤ ᠠᠵᠤ ᠠᠬᠤᠶ ᠶᠢᠨ ᠬᠤᠬᠢᠷᠠᠯ 3072 ᠲᠦᠮᠡᠨ ᠲᠥᠭᠦᠷᠢᠭ ᠢ ᠡᠷᠬᠢᠭᠦᠯᠵᠦ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠮᠤᠷ ᠲᠦᠪᠰᠢᠨ ᠢ ᠪᠥᠳᠦᠮᠵᠢᠲᠠᠢ ᠪᠠᠲᠤᠯᠠᠵᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠡᠮᠬᠢ ᠵᠢᠷᠤᠮ ᠪᠠ ᠥᠷᠭᠡᠨ ᠤᠯᠠᠨ ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠬᠠᠮᠠᠭᠠᠯᠠᠭᠰᠠᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号