【ᠲᠠᠷᠢᠶᠠᠯᠠᠩ ᠤᠨ ᠮᠠᠰᠢᠨᠴᠢᠯᠠᠯᠲᠠ】2017 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠬᠥᠭᠵᠢᠯᠲᠡ ᠶᠢᠨ ᠲᠦᠢᠮᠣ ᠪᠠᠶᠢᠳᠠᠯ
ᠨᠡᠶᠢᠲᠡᠯᠡᠭᠰᠡᠨ ᠴᠠᠭ᠄
2019/3/25
     2017 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠦᠢᠯᠡᠰ ᠦᠷᠭᠦᠯᠵᠢᠯᠡᠨ ᠡᠷᠡᠭᠦᠯ ᠪᠥᠭᠡᠳ ᠲᠣᠭᠲᠠᠭᠤᠨ ᠢᠶᠠᠷ ᠬᠥᠭᠵᠢᠭᠰᠡᠨ ᠪᠠᠶᠢᠨ᠎ᠠ᠃ ᠪᠦᠬᠦ ᠣᠷᠣᠨ ᠤ ᠲᠠᠷᠢᠶᠠᠯᠠᠩ ᠤᠨ ᠮᠠᠰᠢᠨ ᠤ ᠶᠡᠷᠦᠩᠬᠡᠶ ᠬᠥᠳᠡᠯᠭᠡᠭᠴᠢ ᠬᠦᠴᠦᠨ 3484 ᠲᠦᠮᠡᠨ ᠺᠢᠯᠣᠸᠠᠲ ᠲᠤ ᠬᠦᠷᠴᠡᠢ᠃ ᠲᠷᠠᠺᠲ᠋ᠣᠷ ᠤᠨ ᠲᠤᠭ᠎ᠠ 115.4  ᠲᠦᠮᠡᠨ ᠰᠠᠭᠤᠷᠢ᠂ ᠡᠭᠦᠨ ᠤ ᠳᠣᠲᠣᠷ᠎ᠠ 20 ᠠᠴᠠ ᠳᠡᠭᠡᠭᠰᠢ ᠮᠤᠷᠢᠨ ᠤ ᠬᠦᠴᠦ ᠲᠠᠢ ᠲᠷᠠᠺᠲ᠋ᠣᠷ 79.7 ᠲᠦᠮᠡᠨ ᠰᠠᠭᠤᠷᠢ ᠬᠦᠷᠴᠦ᠂ ᠠᠳᠠᠯᠢ ᠬᠤᠭᠤᠴᠠᠭᠠᠨ ᠤ ᠬᠢ ᠠᠴᠠ 2.5% ᠪᠠᠷ ᠨᠡᠮᠡᠭᠳᠡᠪᠡ᠃ ᠬᠠᠳᠤᠵᠤ ᠬᠤᠷᠢᠶᠠᠬᠤ ᠬᠠᠮᠲᠤᠷᠠᠭᠰᠠᠨ ᠮᠠᠰᠢᠨ ᠰᠢᠨ᠎ᠡ ᠪᠠᠷ 2217 ᠰᠠᠭᠤᠷᠢ ᠨᠡᠮᠡᠭᠳᠡᠵᠦ᠂  ᠨᠡᠶᠢᠲᠡ 3.5 ᠲᠦᠮᠡᠨ ᠰᠠᠭᠤᠷᠢ ᠬᠦᠷᠦᠭᠰᠡᠨ ᠪᠠᠶᠢᠨ᠎ᠠ᠃ ᠮᠠᠰᠢᠨᠴᠢᠯᠠᠯᠲᠠ ᠶᠢᠨ ᠬᠢᠷᠢ ᠬᠡᠮᠵᠢᠶ᠎ᠡ ᠤᠯᠠᠮ ᠨᠢᠭᠡ ᠠᠯᠬᠤᠮ ᠳᠡᠭᠡᠭᠰᠢᠯᠡᠪᠡ᠃ ᠪᠦᠬᠦ ᠣᠷᠣᠨ ᠤ ᠲᠠᠷᠢᠮᠠᠯ ᠤᠨ ᠮᠠᠰᠢᠨ ᠢᠶᠠᠷ ᠬᠠᠭᠠᠯᠪᠥᠷᠢᠯᠡᠵᠦ᠂ ᠮᠠᠰᠢᠨ ᠢᠶᠠᠷ ᠲᠠᠷᠢᠬᠤ᠂ ᠮᠠᠰᠢᠨ ᠢᠶᠠᠷ ᠬᠤᠷᠢᠶᠠᠬᠤ ᠨᠤᠷᠮ᠎ᠠ ᠨᠢ ᠲᠣᠰ ᠲᠣᠰ 92.3%᠂ 88.8%᠂ 66.4% ᠬᠦᠷᠴᠡᠢ᠃ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠬᠢᠷᠢ ᠬᠡᠮᠵᠢᠶ᠎ᠡ 83.5%  ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1% ᠪᠠᠷ ᠳᠡᠭᠡᠭᠰᠢᠯᠡᠭᠰᠡᠨ ᠪᠠᠶᠢᠨ᠎ᠠ᠃ ᠭᠤᠣᠯ ᠪᠤᠯᠠᠬᠤ ᠲᠠᠷᠢᠮᠠᠯ ᠡᠷᠳᠡᠨᠢ ᠰᠢᠰᠢ᠂ ᠲᠥᠮᠥᠰᠥ ᠶᠢ ᠮᠠᠰᠢᠨ ᠢᠶᠠᠷ ᠬᠤᠷᠢᠶᠠᠬᠤ ᠬᠡᠮᠵᠢᠶ᠎ᠡ ᠨᠢ 64.4% ᠪᠠ 79.5% ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.7% ᠪᠣᠯᠤᠨ 7.7% ᠪᠠᠷ ᠳᠡᠭᠡᠭᠰᠢᠯᠡᠭᠰᠡᠨ ᠪᠠᠶᠢᠨ᠎ᠠ᠃ ᠲᠠᠷᠢᠶᠠᠯᠠᠩ ᠤᠨ ᠮᠠᠰᠢᠨᠴᠢᠯᠠᠯᠲᠠ ᠶᠢᠨ ᠰᠢᠨ᠎ᠡ ᠮᠡᠷᠭᠡᠵᠢᠯ ᠤᠨ ᠬᠡᠷᠡᠭᠯᠡᠭᠡ ᠶᠢ ᠤᠯᠠᠮ ᠨᠢᠭᠡ ᠠᠯᠬᠤᠮ ᠦᠷᠭᠡᠳᠭᠡᠭᠰᠡᠨ ᠪᠠᠶᠢᠨ᠎ᠠ᠃ ᠪᠦᠬᠦ ᠣᠷᠣᠨ ᠤ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠵᠢᠨ‌‍ᠲ᠋ᠠᠯᠠᠪᠠᠢ 2068.7 ᠲᠦᠮᠡᠨ ᠮᠦ ᠬᠦᠷᠴᠦ᠂ ᠳᠡᠭᠡᠷ᠎ᠡ ᠵᠢᠯ ᠤᠨ ᠬᠢ ᠠᠴᠠ 55 ᠲᠦᠮᠡᠨ ᠮᠦ ᠨᠡᠮᠡᠭᠳᠡᠭᠰᠡᠨ ᠪᠠᠶᠢᠨ᠎ᠠ᠃ ᠮᠠᠰᠢᠨ ᠢᠶᠠᠷ ᠭᠦᠨ ᠬᠠᠭᠠᠯᠪᠥᠷᠢᠯᠡᠵᠦ ᠲᠡᠭᠰᠢᠯᠡᠬᠦ ᠶᠢ 1422.5 ᠲᠦᠮᠡᠨ ᠮᠦ ᠪᠡᠶᠡᠯᠡᠭᠦᠯᠦᠭᠰᠡᠨ ᠪᠠᠶᠢᠨ᠎ᠠ᠃ ᠮᠠᠰᠢᠨᠴᠢᠯᠠᠭᠰᠠᠨ ᠨᠠᠷᠢᠯᠢᠭ ᠬᠡᠮᠵᠢᠶ᠎ᠡ ᠪᠠᠷ ᠲᠡᠷᠢᠬᠤ᠂ ᠤᠰᠤ ᠠᠷᠪᠢᠯᠠᠬᠤ ᠤᠰᠤᠯᠠᠯᠲᠠ᠂ ᠡᠰᠢ ᠰᠦᠷᠡᠯ ᠢ ᠲᠠᠷᠢᠶᠠᠨ ᠭᠠᠵᠠᠷ ᠲᠤ ᠪᠣᠴᠠᠭᠠᠬᠤ ᠵᠡᠷᠭᠡ ᠰᠢᠨ᠎ᠡ ᠮᠡᠷᠭᠡᠵᠢᠯ ᠢ ᠳᠡᠯᠭᠡᠷᠡᠭᠦᠯᠦᠭᠰᠡᠨ ᠲᠠᠯᠠᠪᠠᠢ ᠲᠤᠰᠪᠥᠷᠢ 6615 ᠲᠦᠮᠡᠨ ᠮᠥ  ᠂ 2774.5 ᠲᠦᠮᠡᠨ ᠮᠥ ᠪᠠ 2505 ᠲᠦᠮᠡᠨ ᠮᠦ  ᠬᠦᠷᠪᠡ᠃ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ ᠦᠢᠯᠡᠴᠢᠯᠡᠭᠡ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠪᠠ᠃ ᠪᠦᠬᠦ ᠣᠷᠣᠨ ᠤ ᠲᠠᠷᠢᠶᠠᠯᠠᠩ ᠤᠨ ᠮᠠᠰᠢᠨ ᠤ ᠲᠤᠰᠬᠠᠶᠢᠵᠢᠭᠰᠠᠨ ᠬᠤᠷᠰᠢᠶᠠᠵᠢᠯ 2521 ᠬᠦᠷᠴᠦ᠂ ᠳᠡᠭᠡᠷ᠎ᠡ ᠵᠢᠯ ᠤᠨ ᠬᠢ ᠠᠴᠠ 434 ᠡᠷᠦᠬᠡ ᠨᠡᠮᠡᠭᠳᠡᠭᠰᠡᠨ ᠪᠠᠶᠢᠨ᠎ᠠ᠃ ᠲᠠᠷᠢᠶᠠᠯᠠᠩ ᠤᠨ ᠮᠠᠰᠢᠨ ᠤ ᠤᠤᠯ ᠤᠨ ᠥᠷᠲᠡᠭ ᠨᠢ 20 ᠲᠦᠮᠡᠨ ᠲᠥᠭᠦᠷᠢᠭ ᠠᠴᠠ ᠳᠡᠭᠡᠭᠰᠢᠬᠢ ᠲᠠᠷᠢᠶᠠᠯᠠᠩ ᠤᠨ ᠮᠠᠰᠢᠨᠴᠢᠯᠠᠯᠲᠠ ᠶᠢᠨ ᠲᠤᠮᠤ ᠡᠷᠦᠭᠡ 2.64 ᠲᠦᠮᠡ᠃ ᠲᠠᠷᠢᠶᠠᠯᠠᠩ ᠤᠨ ᠮᠠᠰᠢᠨ ᠤ  ᠲᠤᠰᠬᠠᠶᠢᠵᠢᠭᠰᠠᠨ ᠬᠤᠷᠰᠢᠶᠠᠵᠢᠯ ᠪᠠ ᠲᠠᠷᠢᠶᠠᠯᠠᠩ ᠤᠨ ᠮᠠᠰᠢᠨᠴᠢᠯᠠᠯᠲᠠ ᠶᠢᠨ ᠲᠣᠮᠣ ᠡᠷᠦᠬᠡ ᠪᠠᠷ ᠭᠤᠣᠯ ᠬᠦᠴᠦᠨ ᠪᠣᠯᠭᠠᠭᠰᠠᠨ ᠲᠠᠷᠢᠶᠠᠨ ᠭᠠᠵᠠᠷ ᠲᠤ ᠠᠵᠢᠯᠯᠠᠬᠤ ᠨᠡᠶᠢᠭᠡᠮᠴᠢᠯᠡᠭᠰᠡᠨ ᠦᠢᠯᠡᠴᠢᠯᠡᠭᠡᠨ ᠤ ᠬᠤᠪᠢ ᠶᠢᠨ ᠵᠢᠩ ᠨᠢ 46% ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.9% ᠪᠠᠷ ᠳᠡᠭᠡᠭᠰᠢᠯᠡᠭᠰᠡᠨ ᠪᠠᠶᠢᠨ᠎ᠠ᠃ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ ᠨᠡᠯᠢᠶᠡᠳ ᠰᠠᠶᠢᠨ ᠨᠠᠶᠢᠳᠠᠪᠤᠷᠢᠵᠢᠭᠤᠯᠪᠠ᠃ 2017 ᠣᠨ ᠳᠤ᠂ ᠲᠠᠷᠢᠶᠠᠯᠠᠩ ᠤᠨ ᠶᠠᠮᠤᠨ ᠠᠴᠠ ᠮᠠᠨ ᠤ ᠣᠷᠣᠨ ᠳᠤ ᠲᠤᠬᠢᠷᠠᠭᠤᠯᠤᠭᠰᠠᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠲᠥᠪ ᠤᠨ ᠡᠳ᠋ ᠤᠨ ᠵᠠᠰᠠᠭ ᠤᠨ ᠨᠥᠬᠦᠪᠥᠷᠢ ᠮᠥᠩᠭᠦ 11.228 ᠳ᠋ᠦᠩᠰᠢᠭᠤᠷ ᠲᠥᠭᠦᠷᠢᠭ ᠬᠦᠷᠴᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠲᠤᠬᠢᠷᠠᠭᠤᠯᠤᠭᠰᠠᠨ ᠨᠡᠮᠡᠨ ᠨᠥᠬᠦᠪᠥᠷᠢᠯᠡᠬᠦ ᠨᠥᠬᠦᠪᠥᠷᠢ ᠮᠥᠩᠭᠦ ᠬᠤᠳᠠᠯᠳᠤᠨ ᠠᠪᠤᠭᠰᠠᠨ ᠠᠬᠢᠭᠤᠯᠤᠨ ᠨᠡᠮᠡᠬᠦ ᠨᠥᠬᠦᠪᠥᠷᠢ ᠶᠢᠨ ᠪᠡᠯᠡ ᠮᠥᠩᠭᠦ 6441ᠲᠦᠮᠡᠨ ᠲᠥᠭᠦᠷᠢᠭ ᠬᠦᠷᠪᠡ᠃ ᠪᠥᠬᠦ ᠣᠷᠣᠨ ᠠᠴᠠ 7.36 ᠲᠦᠮᠡᠨ ᠰᠠᠭᠤᠷᠢ ᠲᠠᠷᠢᠶᠠᠯᠠᠩ ᠤᠨ ᠮᠠᠰᠢᠨ ᠳᠤ ᠨᠥᠬᠦᠪᠥᠷᠢ ᠥᠭᠴᠦ᠂ ᠨᠡᠶᠢᠲᠡ 6.26 ᠲᠦᠮᠡᠨ ᠮᠠᠯᠴᠢᠨ ᠲᠠᠷᠢᠶᠠᠴᠢᠨ ᠡᠷᠦᠬᠡ ᠠᠰᠢᠭ ᠬᠦᠷᠲᠡᠪᠡ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号