【ᠠᠵᠤ ᠠᠬᠤᠢ ᠶᠢᠨ ᠬᠠᠮᠲᠤᠷᠠᠯᠴᠠᠭᠠᠨ ᠤ ᠲᠣᠶᠢᠮᠤ ᠪᠠᠶᠢᠳᠠᠯ】2017 ᠣᠨ ᠳᠤ ᠭᠠᠳᠠᠭᠠᠳᠤ ᠲᠠᠢ ᠠᠵᠤ ᠠᠬᠤᠶ ᠶᠢᠨ ᠲᠠᠯ᠎ᠠ ᠪᠠᠷ ᠬᠠᠮᠲᠤᠷᠠᠨ ᠠᠵᠢᠯᠯᠠᠭᠰᠠᠨ ᠲᠦᠢᠮᠣ  ᠪᠠᠶᠢᠳᠠᠯ
ᠨᠡᠶᠢᠲᠡᠯᠡᠭᠰᠡᠨ ᠴᠠᠭ᠄
2019/3/25
     2017 ᠣᠨ ᠳᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠶ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠬᠤᠪᠢᠳᠠᠨ ᠬᠠᠮᠢᠶᠠᠷᠴᠤ ᠪᠠᠶᠢᠬᠤ ᠳᠠᠷᠤᠭ᠎ᠠ ᠶᠢᠨ ᠰᠢᠭᠤᠳ ᠤᠳᠤᠷᠢᠳᠤᠯᠭ᠎ᠠ ᠳᠣᠣᠷ᠎ᠠ᠂ ᠲᠠᠷᠢᠶᠠᠯᠠᠩ ᠮᠠᠯ ᠠᠵᠤ ᠠᠬᠤᠶ ᠶᠢᠨ ᠭᠤᠣᠯ ᠠᠵᠢᠯ ᠳᠤ ᠨᠢᠮᠪᠠᠢ ᠦᠢᠯᠡᠴᠢᠯᠡᠨ᠂ ᠪᠦᠯᠬᠦᠮᠳᠡᠨ ᠬᠠᠮᠵᠢᠯᠴᠠᠵᠦ᠂ ᠪᠦᠬᠦ ᠵᠢᠯ ᠤᠨ ᠠᠵᠢᠯ ᠤᠨ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠦᠭᠰᠡᠨ ᠪᠠᠶᠢᠨ᠎ᠠ᠃      ᠨᠢᠭᠡ᠂ ᠭᠠᠳᠠᠭᠠᠳᠤ ᠲᠠᠢ ᠬᠠᠮᠲᠤᠷᠠᠨ ᠠᠵᠢᠯᠯᠠᠬᠤ᠂ ᠣᠷᠣᠨ ᠪᠦᠰᠡ ᠶᠢᠨ ᠬᠠᠮᠲᠤᠷᠠᠯᠴᠠᠭ᠎ᠠ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢᠶᠠᠨ ᠨᠠᠷᠢᠨ ᠬᠢᠨᠠᠮᠠᠭᠠᠶ ᠦᠷᠨᠢᠭᠦᠯᠦᠨ ᠴᠢᠩᠭᠠᠳᠬᠠᠪᠠ᠃      ︵ᠨᠢᠭᠡ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠲᠠᠷᠢᠶᠠᠯᠠᠩ ᠤᠨ ᠭᠠᠳᠠᠭᠠᠳᠤ ᠬᠠᠮᠲᠤᠷᠠᠯᠴᠠᠭ᠎ᠠ ᠶᠢᠨ ᠠᠵᠢᠯ ᠤᠨ ᠦᠷ᠎ᠡ ᠪᠦᠲᠦᠮᠵᠢ ᠶᠢ ᠤᠷᠲᠤᠳᠬᠠᠬᠤ ᠬᠠᠮᠢᠶᠠᠷᠤᠯᠲᠠ ᠶᠢ ᠬᠡᠷᠡᠭᠵᠢᠭᠦᠯᠬᠦ ᠲᠤᠬᠠᠶ ᠲᠥᠰᠦᠯ︾ ᠢ ᠲᠣᠭᠲᠠᠭᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠲᠠᠷᠢᠶᠠᠯᠠᠩ ᠤᠨ ᠭᠠᠳᠠᠭᠠᠳᠤ ᠬᠠᠮᠲᠤᠷᠠᠯᠴᠠᠭ᠎ᠠ ᠶᠢᠨ ᠠᠵᠢᠯ ᠤᠨ ᠦᠷ᠎ᠡ ᠪᠦᠲᠦᠮᠵᠢ ᠶᠢ ᠤᠷᠲᠤᠳᠬᠠᠬᠤ ᠬᠠᠮᠢᠶᠠᠷᠤᠯᠲᠠ ᠶᠢ ᠬᠡᠷᠡᠭᠵᠢᠭᠦᠯᠬᠦ ᠤᠳᠤᠷᠢᠳᠬᠤ ᠳᠤᠭᠤᠶᠢᠯᠠᠩ ᠢ ᠪᠠᠶᠢᠭᠤᠯᠵᠦ᠂ ᠭᠠᠳᠠᠭᠠᠳᠤ ᠲᠠᠢ ᠬᠠᠮᠲᠤᠷᠠᠨ ᠠᠵᠢᠯᠯᠠᠬᠤ ᠠᠵᠢᠯ ᠤᠨ ᠨᠠᠶᠢᠳᠠᠪᠤᠷᠢᠵᠢᠭᠤᠯᠤᠯᠲᠠ ᠬᠢᠭᠡᠳ ᠭᠦᠨᠵᠡᠭᠡᠶᠢᠷᠡᠯ ᠢ ᠲᠦᠯᠬᠢᠨ ᠠᠬᠢᠭᠤᠯᠵᠠᠢ  ᠃     ︵ᠬᠤᠶᠠᠷ︶ ᠲᠠᠷᠢᠶᠠᠯᠠᠩ ᠤᠨ ᠶᠠᠮᠤᠨ ᠤ ᠱᠠᠭᠠᠷᠳᠠᠯᠭ᠎ᠠ ᠶᠣᠰᠣᠭᠠᠷ᠂  ᠲᠢᠩᠬᠢᠮ ᠤᠨ ᠬᠠᠷᠢᠶᠠᠲᠤ ᠪᠠᠶᠢᠭᠤᠯᠭ᠎ᠠ᠂ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠵᠢᠴᠢ ᠬᠤᠯᠪᠣᠭᠳᠠᠯ ᠪᠦᠭᠦᠢ ᠠᠵᠤ ᠠᠬᠤᠶᠢᠯᠠᠯ ᠢ ᠢᠳᠡᠪᠬᠢᠲᠡᠶ ᠪᠠᠷ ᠵᠣᠬᠢᠶᠠᠨ ᠪᠠᠶᠢᠭᠤᠯᠵᠤ᠂ ᠲᠠᠷᠢᠶᠠᠯᠠᠩ ᠤᠨ ᠶᠠᠮᠤᠨ ᠤ ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠲᠦᠷᠤᠯ ᠵᠦᠢᠯ ᠵᠢᠴᠢ ᠠᠽᠢᠶ᠎ᠠ ᠲᠢᠪ ᠤᠨ ᠲᠤᠰᠬᠠᠶ ᠲᠥᠷᠥᠯ ᠵᠦᠢᠯ ᠢ ᠮᠡᠳᠡᠭᠦᠯᠪᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠳᠤ ᠳᠣᠮᠳᠠᠲᠤ ᠬᠠᠩᠭᠠᠷᠢ ᠶᠢᠨ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠬᠠᠮᠲᠤᠷᠠᠯᠴᠠᠭ᠎ᠠ ᠶᠢᠨ ᠪᠣᠯᠪᠠᠰᠤᠷᠠᠯ ᠵᠢᠴᠢ ᠠᠵᠢᠯ ᠤᠨ ᠬᠤᠷᠠᠯ ᠢ ᠡᠷᠬᠢᠯᠡᠵᠦ᠂ ᠱᠠᠨᠰᠢ  ᠂ ᠱᠠᠨ ᠰᠢ᠂  ᠭᠠᠨᠰᠦ ᠵᠡᠷᠭᠡ ᠮᠤᠵᠢ ᠬᠤᠲᠠ ᠶᠢᠨ ᠬᠠᠮᠲᠤᠷᠠᠨ ᠠᠵᠢᠯᠯᠠᠬᠤ ᠪᠠᠶᠢᠭᠤᠯᠭ᠎ᠠ ᠶᠢᠨ ᠲᠤᠰᠬᠠᠶ ᠮᠡᠷᠭᠡᠵᠢᠯᠲᠡᠨ ᠬᠤᠷᠠᠯ ᠳᠤ  ᠣᠷᠣᠯᠴᠠᠪᠠ᠃ ᠡᠯ᠎ᠡ ᠠᠶᠢᠮᠠᠭ ᠬᠤᠳᠠ ᠵᠢᠴᠢ ᠬᠠᠮᠢᠶ᠎ᠠ ᠪᠥᠬᠦᠢ ᠪᠠᠶᠢᠭᠤᠯᠭ᠎ᠠ ᠨᠢᠭᠡᠴᠢ ᠳᠤ ᠲᠠᠷᠢᠶᠠᠯᠠᠩ ᠤᠨ ᠶᠠᠮᠤᠨ ᠤ ︽ᠲᠠᠷᠢᠶᠠᠯᠠᠩ ᠤᠨ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭᠠᠨ ᠤ ᠲᠦᠷᠦᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠲᠠᠷᠬᠠᠭᠠᠵᠤ᠂ 2015 ᠣᠨ ᠪᠠ 2016 ᠣᠨ ᠤ ᠥᠪᠡᠷᠲᠡᠭᠡᠨ ᠵᠠᠰᠠᠬᠤ ᠣᠷᠣᠨ ᠤ 4 ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠲᠦᠷᠤᠯ ᠵᠦᠢᠯ ᠳᠤ ᠥᠪᠡᠷ ᠤᠨ ᠪᠠᠶᠢᠴᠠᠭᠠᠯᠲᠠ ᠬᠢᠵᠦ᠂ ᠲᠦᠷᠦᠯ ᠵᠦᠢᠯ ᠤᠨ ᠬᠢᠨᠠᠨ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠳᠦᠷᠢᠮᠵᠢᠯ ᠢ ᠠᠬᠢᠭᠤᠯᠪᠠ᠃      ︵ᠭᠤᠷᠪᠠ︶ ᠮᠠᠨ ᠤ ᠲᠢᠩᠬᠢᠮ ᠤᠨ ᠳᠤᠮᠳᠠᠳᠤ ᠮᠣᠩᠭᠤᠯ ᠤᠨ ᠨᠠᠠ ᠨᠠᠠ  ᠬᠠᠮᠲᠤᠷᠠᠯᠴᠠᠭᠠᠨ ᠤ ᠲᠠᠪᠴᠠᠩ ᠪᠠ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠠᠰᠢᠭᠯᠠᠵᠤ᠂ ᠠᠵᠤ ᠠᠬᠤᠶᠢᠯᠠᠯ ᠪᠤᠯᠤᠨ ᠮᠣᠩᠭᠤᠯ ᠤᠯᠤᠰ ᠤᠨ ᠲᠠᠷᠢᠶᠠᠯᠠᠩ ᠮᠠᠯ ᠠᠵᠤ ᠠᠬᠤᠶ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠵᠢᠱᠢᠶᠡᠯᠡᠪᠡᠯ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠧ ᠮᠤ᠋ ᠮᠠᠯᠵᠢᠯ ᠤᠨ ᠺᠣᠮᠫᠠᠨᠢ ᠪᠣᠯᠤᠨ ᠮᠣᠩᠭᠤᠯ ᠤᠯᠤᠰ ᠤᠨ ᠲᠥᠪ ᠠᠶᠢᠮᠠᠭ ᠤᠨ ᠨᠢᠭᠡᠨ ᠣᠷᠭᠠᠨᠢᠭ ᠢᠳᠡᠭᠡᠨ ᠤ ᠺᠣᠮᠫᠠᠨᠢ ᠳᠤ ᠬᠠᠪᠰᠤᠷᠤᠨ ᠵᠢᠯᠤᠭᠤᠳᠴᠦ ᠲᠤᠲᠤᠷᠭ᠎ᠠ᠂ ᠰᠢᠷ᠎ᠠ ᠪᠤᠷᠴᠠᠭ᠂ ᠡᠯᠳᠡᠪ ᠪᠤᠷᠴᠠᠭ ᠤᠨ ᠲᠦᠷᠦᠯ ᠵᠡᠷᠭᠡ ᠬᠦᠷᠢᠶ᠎ᠡ ᠴᠠᠷᠠᠭ᠎ᠠ ᠳᠤ ᠲᠤᠷᠰᠢᠨ ᠵᠢᠱᠢᠶ᠎ᠡ ᠦᠵᠡᠭᠦᠯᠦᠨ ᠬᠠᠮᠲᠤᠷᠠᠨ ᠠᠵᠢᠯᠯᠠᠬᠤ ᠬᠡᠯᠡᠯᠴᠡᠭᠡᠷ ᠲᠣᠭᠲᠠᠪᠠ᠂ ᠨᠢᠳᠤᠨᠤᠨ ᠵᠢᠯ ᠤᠨ ᠲᠤᠷᠰᠢᠨ ᠲᠠᠷᠢᠭᠰᠠᠨ ᠰᠠᠭᠤᠷᠢᠨ ᠳᠡᠭᠡᠷ᠎ᠡ᠂ ᠡᠨᠡ ᠵᠢᠯ ᠬᠠᠷᠠᠮᠥ᠋ᠷᠡᠨ ᠮᠤᠵᠢ ᠠᠴᠠ ᠭᠧᠨ ᠾᠧ ᠠᠴᠠ ᠭᠤᠷᠪᠠᠨ ᠲᠦᠷᠦᠯ ᠤᠨ ᠡᠷᠲᠡ ᠪᠣᠯᠪᠠᠰᠤᠷᠠᠬᠤ ᠤᠰᠤᠨ ᠲᠤᠲᠤᠷᠭ᠎ᠠ ᠶᠢᠨ ᠡᠭᠦᠯᠳᠡᠷ ᠢ  ᠣᠷᠤᠭᠤᠯᠵᠦ᠂ ᠮᠣᠩᠭᠤᠯ ᠤᠯᠤᠰ ᠤᠨ ᠲᠥᠪ ᠠᠶᠢᠮᠠᠭ ᠤᠨ ᠪᠤᠷᠤᠨᠠᠭᠤᠷ ᠰᠢᠶᠠᠨ ᠤ ᠲᠠᠷᠢᠶᠠᠯᠠᠩ ᠤᠨ ᠬᠦᠯᠡᠮᠵᠢ ᠳᠤ ᠴᠢᠬᠢ ᠮᠣᠳᠣ ᠪᠣᠶᠢᠵᠢᠭᠤᠯᠬᠤ ᠶᠢᠨ ᠬᠠᠮᠲᠦ᠂ ᠵᠠᠳᠠᠭᠠᠶ ᠭᠠᠵᠠᠷ ᠰᠢᠯᠵᠢᠭᠦᠯᠦᠨ ᠵᠠᠶᠢᠯᠠᠵᠠᠢ᠃      ᠲᠢᠩᠬᠢᠮ ᠤᠨ ᠠᠯᠪᠠᠨ ᠭᠡᠷ᠂ ᠠᠵᠤ ᠦᠢᠯᠡᠰ ᠤᠨ ᠭᠠᠵᠠᠷ ᠠᠴᠠ ᠳᠠᠭᠠᠭᠠᠴᠢᠯᠠᠨ ᠡᠷᠬᠢᠯᠡᠭᠰᠡᠨ ᠳᠤᠮᠳᠠᠳᠤ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠬᠠᠮᠲᠤᠷᠠᠯᠴᠠᠭ᠎ᠠ ᠵᠢᠴᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ  ᠡᠳ᠋ᠰᠢᠭᠦᠯᠦᠨ ᠪᠣᠯᠪᠠᠰᠤᠷᠠᠭᠤᠯᠬᠤ ᠵᠥᠪᠳᠡᠯᠴᠡᠬᠡᠷ ᠤᠨ ᠬᠤᠷᠠᠯ ᠢ ᠬᠠᠪᠰᠤᠷᠤᠨ ᠡᠷᠬᠢᠯᠡᠵᠠᠢ᠃ ᠲᠠᠷᠢᠶᠠᠯᠠᠩ ᠤᠨ ᠶᠠᠮᠤᠨ ᠤ ᠠᠷᠠᠯᠵᠢᠶ᠎ᠠ ᠶᠢ ᠠᠬᠢᠭᠤᠯᠬᠤ  ᠲᠥᠪ ᠤᠨ ᠤᠳᠤᠷᠢᠳᠤᠯᠭ᠎ᠠ᠂ ᠮᠣᠩᠭᠤᠯ ᠤᠯᠤᠰ ᠤᠨ ᠲᠠᠯ᠎ᠠ ᠶᠢᠨ ᠬᠢᠨ ᠤ ᠬᠤᠷᠠᠯ ᠳᠤ ᠣᠷᠤᠯᠴᠠᠬᠤ ᠤᠳᠤᠷᠢᠳᠤᠯᠭ᠎ᠠ ᠪᠠ ᠬᠠᠮᠲᠤᠷᠠᠯᠴᠠᠭ᠎ᠠ ᠪᠠᠨ ᠵᠣᠯᠭᠠᠭᠤᠯᠬᠤ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠶᠠᠷᠢᠶ᠎ᠠ ᠲᠠᠯᠪᠢᠬᠤ ᠵᠣᠴᠢᠳ ᠲᠠᠢ ᠬᠠᠷᠢᠯᠴᠠᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠮᠣᠩᠭᠤᠯ ᠤᠯᠤᠰ ᠤᠨ ᠬᠠᠮᠢᠶ᠎ᠠ ᠪᠦᠬᠦᠢ ᠬᠠᠮᠲᠤᠷᠠᠯᠴᠠᠭ᠎ᠠ ᠶᠢ ᠲᠦᠯᠬᠢᠨ ᠠᠬᠢᠭᠤᠯᠵᠠᠢ᠃      ᠭᠠᠳᠠᠭᠠᠳᠤ ᠠᠷᠠᠯᠵᠢᠶ᠎ᠠ ᠶᠢᠨ ᠲᠥᠪ ᠤᠨ ᠱᠠᠭᠠᠷᠳᠠᠯᠭ᠎ᠠ ᠶᠣᠰᠣᠭᠠᠷ᠂ ︽ᠨᠢᠭᠡ ᠪᠦᠰᠡ ᠨᠢᠭᠡ ᠵᠠᠮ︾ ᠤᠨ ᠲᠦᠷᠦᠭᠦᠴᠦᠳ ᠤᠨ ᠶᠠᠷᠢᠯᠴᠠᠭᠠᠨ ᠤ ᠲᠠᠪᠴᠠᠩ ᠳᠤ ︽ᠳᠤᠮᠳᠠᠳᠤ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠬᠠᠮᠲᠤᠷᠠᠯᠴᠠᠭᠠᠨ ᠤ ᠵᠥᠪᠯᠡᠯᠴᠡᠭᠡᠷ︾ ᠲᠤ ᠭᠠᠷ ᠤᠨ ᠦᠰᠦᠭ ᠵᠢᠷᠤᠬᠤ ᠶᠢ ᠨᠠᠶᠢᠳᠠᠪᠤᠷᠢᠵᠢᠭᠤᠯᠬᠤ ᠶᠢᠨ ᠲᠦᠯᠦᠭᠡ᠂ ᠪᠢᠳᠡ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠠᠯ ᠠᠵᠤ ᠠᠬᠤᠢ ᠶᠢᠨ ᠰᠤᠳᠤᠯᠭᠠᠨ ᠤ ᠭᠠᠵᠠᠷ᠂ ᠬᠢᠩᠭᠠᠨ ᠠᠶᠢᠮᠠᠭ ᠤᠨ ᠲᠧ ᠮᠦ ᠮᠠᠯᠵᠢᠯ ᠤᠨ ᠺᠣᠮᠫᠠᠨᠢ᠂ ᠪᠤᠭᠤᠲᠤ ᠶᠢᠨ ᠪᠸᠢ ᠴᠧᠨ ᠲᠡᠵᠢᠭᠡᠯ ᠪᠣᠷᠳᠣᠭᠠᠨ ᠤ ᠺᠣᠮᠫᠠᠨᠢ ᠵᠡᠷᠭᠡ ᠶᠢᠨ ᠮᠣᠩᠭᠤᠯ ᠤᠯᠤᠰ ᠲᠠᠢ ᠬᠠᠮᠲᠤᠷᠠᠨ ᠰᠣᠯᠢᠯᠴᠠᠭᠰᠠᠨ ᠪᠠᠶᠢᠳᠠᠯ ᠬᠢᠭᠡᠳ ᠳᠠᠷᠠᠭᠠᠴᠢ ᠶᠢᠨ ᠠᠯᠬᠤᠮ ᠳᠤ ᠬᠠᠮᠲᠤᠷᠠᠨ ᠠᠵᠢᠯᠯᠠᠬᠤ ᠭᠤᠣᠯᠳᠠᠯᠭ᠎ᠠ ᠵᠢᠴᠢ ᠰᠠᠨᠠᠭᠤᠯᠭ᠎ᠠ ᠶᠢ ᠬᠠᠩᠭᠠᠪᠠ᠃     ︵ᠳᠥᠷᠪᠡ︶ ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠠᠵᠢᠯ ᠢ ᠵᠣᠬᠢᠴᠠᠭᠤᠯᠬᠤ ᠳᠤᠭᠤᠶᠢᠯᠠᠩ ᠤᠨ ᠠᠵᠢᠯ ᠤᠨ ᠲᠥᠯᠥᠪᠯᠡᠭᠡ ᠶᠢ ᠦᠨᠳᠦᠰᠦᠯᠡᠵᠦ᠂ ᠪᠡᠭᠡᠵᠢᠩ ᠬᠤᠲᠠ ᠶᠢᠨ ᠲᠠᠷᠢᠶᠠᠯᠠᠩ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠠᠢ ᠵᠦᠪᠳᠡᠯᠴᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠲᠢᠩᠬᠢᠮ ᠤᠨ ᠬᠠᠷᠢᠶ᠎ᠠ ᠪᠠᠶᠢᠭᠤᠯᠭ᠎ᠠ ᠨᠢᠭᠡᠴᠢ ᠠᠴᠠ ᠰᠠᠨᠠᠯ ᠬᠤᠷᠢᠶᠠᠵᠤ᠂ ᠮᠠᠨ ᠤ ᠲᠢᠩᠬᠢᠮ ᠤᠨ 2017 ᠣᠨ ᠤ ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠬᠠᠮᠲᠤᠷᠠᠯᠴᠠᠭ᠎ᠠ ᠶᠢᠨ ᠪᠡᠭᠡᠵᠢᠩ ᠪᠣᠯᠤᠨ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠦᠨᠳᠦᠰᠦᠨ ᠱᠠᠲᠤᠨ ᠤ  ᠮᠡᠷᠭᠡᠵᠢᠯᠲᠡᠨ ᠴᠢᠳᠠᠪᠤᠷᠢᠲᠠᠨ ᠢ ᠪᠣᠯᠪᠠᠰᠤᠷᠠᠭᠤᠯᠬᠤ ᠲᠥᠰᠦᠯ ᠢ ᠲᠤᠭᠲᠠᠭᠠᠵᠠᠢ᠃ 9 ᠰᠠᠷ᠎ᠠ ᠳᠤ᠂ ᠪᠡᠭᠡᠵᠢᠩ ᠤᠨ ᠲᠠᠷᠢᠶᠠᠯᠠᠩ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ︽ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ  ᠦᠢᠯᠡᠰ ᠤᠨ ᠴᠢᠳᠠᠪᠤᠷᠢᠲᠠᠨ ᠤ ᠪᠣᠯᠪᠠᠰᠤᠷᠠᠯ ᠤᠨ ᠠᠩᠭᠢ︾ ᠶᠢ ᠡᠷᠬᠢᠯᠡᠵᠦ᠂ ᠬᠥᠬᠡᠬᠤᠲᠠ᠂ ᠪᠤᠭᠤᠲᠤ᠂ ᠤᠯᠠᠭᠠᠨᠬᠠᠳᠠ ᠵᠡᠷᠭᠡ 6 ᠠᠶᠢᠮᠠᠭ ᠬᠤᠲᠠ ᠶᠢᠨ 60 ᠬᠥᠮᠦᠨ ᠨᠢᠭᠡ ᠭᠠᠷᠠᠭ ᠤᠨ ᠪᠣᠯᠪᠠᠰᠤᠷᠠᠯ ᠳᠤ ᠣᠷᠣᠯᠴᠠᠵᠠᠢ᠃ 10 ᠰᠠᠷ᠎ᠠ ᠳᠤ ᠬᠥᠬᠡᠬᠤᠲᠠ ᠳᠤ ︽ᠠᠮᠢᠲᠠᠨ ᠤ ᠡᠭᠦᠯᠳᠡᠷ ᠰᠠᠶᠢᠵᠢᠷᠠᠭᠤᠯᠬᠤ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠠᠩᠭᠢ︾ ᠪᠣᠯᠤᠨ ︽ᠠᠵᠤ ᠠᠬᠤᠶ ᠶᠢᠨ ᠲᠠᠷᠢᠮᠠᠯ ᠤᠨ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠠᠩᠭᠢ︾ ᠶᠢ ᠲᠤᠰ ᠲᠤᠰ ᠡᠷᠬᠢᠯᠡᠵᠦ᠂ ᠨᠡᠶᠢᠲᠡ 160 ᠭᠠᠷᠤᠶ ᠬᠥᠮᠦᠨ ᠪᠤᠯᠪᠠᠰᠤᠷᠠᠯ ᠳᠤ ᠣᠷᠣᠯᠴᠠᠵᠤ᠂ ᠪᠣᠯᠪᠠᠰᠤᠷᠠᠯ ᠨᠢ ᠨᠡᠯᠢᠶᠡᠳ‌‍ᠰᠠᠶᠢᠨ ᠦᠷ᠎ᠡ ᠪᠦᠲᠦᠮᠵᠢ ᠣᠯᠵᠠᠶ᠃     ︵ᠲᠠᠪᠤ︶ ᠵᠢᠯ ᠤᠨ ᠡᠬᠢᠨ ᠳᠤ᠂ ᠡᠯ᠎ᠡ ᠠᠶᠢᠮᠠᠭ ᠬᠤᠲᠠ ᠶᠢ ᠵᠤᠬᠢᠶᠠᠨ ᠪᠠᠶᠢᠭᠤᠯᠵᠦ᠂ 240 ᠭᠠᠷᠤᠶ ᠲᠠᠷᠢᠶᠠᠯᠠᠩ ᠮᠠᠯ ᠠᠵᠤ ᠠᠬᠤᠶ ᠶᠢᠨ ᠬᠠᠮᠢᠶ᠎ᠠ ᠪᠦᠬᠦᠢ ᠬᠤᠳᠠᠯᠳᠤᠭᠠᠴᠢᠨ ᠤᠷᠢᠵᠦ ᠬᠠᠮᠲᠤᠷᠠᠨ ᠠᠵᠢᠯᠯᠠᠬᠤ ᠲᠦᠷᠦᠯ ᠵᠦᠢᠯ ᠢ ᠬᠢᠨᠠᠮᠠᠭᠠᠶ ᠪᠠᠷ ᠴᠤᠭᠯᠠᠭᠤᠯᠵᠤ ᠮᠡᠳᠡᠭᠦᠯᠦᠭᠰᠡᠨ ᠪᠥᠭᠡᠳ 200 ᠭᠠᠷᠤᠶ ᠲᠥᠷᠥᠯ ᠵᠦᠢᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠮᠡᠳᠡᠭᠡ ᠵᠠᠩᠭᠢ ᠶᠢᠨ ᠰᠦᠯᠵᠢᠶᠡᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠤᠰᠬᠠᠶ ᠪᠤᠯᠤᠩ ᠳᠤ ᠲᠠᠯᠪᠢᠵᠤ᠂ ᠭᠠᠳᠠᠭᠠᠳᠤ ᠳᠠᠬᠢ ᠤᠬᠠᠭᠤᠯᠭ᠎ᠠ ᠪᠠ ᠬᠤᠳᠠᠯᠳᠤᠭᠠᠴᠢᠨ  ᠤᠷᠢᠵᠦ ᠬᠠᠮᠲᠤᠷᠠᠨ ᠠᠵᠢᠯᠯᠠᠬᠤ ᠶᠢ ᠴᠢᠩᠭᠠᠳᠬᠠᠨ᠂ ᠲᠦᠷᠦᠯ ᠵᠦᠢᠯ ᠤᠨ ᠨᠠᠶᠢᠳᠠᠪᠤᠷᠢᠵᠢᠭᠤᠯᠬᠤ ᠪᠠ ᠬᠠᠮᠲᠤᠷᠠᠯᠴᠠᠭ᠎ᠠ  ᠪᠠᠶᠢᠭᠤᠯᠬᠤ ᠶᠢ ᠠᠬᠢᠭᠤᠯᠪᠠ᠃          ᠬᠤᠶᠠᠷ᠂ ᠭᠠᠳᠠᠭᠠᠳᠤ ᠶᠠᠪᠤᠳᠠᠯ ᠤᠨ ᠵᠣᠴᠢᠯᠠᠯᠲᠠ᠂ ᠭᠠᠷ ᠭᠦᠢᠴᠡᠳᠬᠡᠯ ᠵᠢᠴᠢ ᠭᠠᠳᠠᠭᠠᠳᠤ ᠲᠠᠢ ᠬᠠᠷᠢᠯᠴᠠᠬᠤ ᠠᠵᠢᠯ ᠢ ᠨᠠᠷᠢᠨ ᠬᠢᠨᠠᠮᠠᠭᠠᠶ ᠬᠦᠢᠴᠡᠳᠬᠡᠪᠡ᠃      ︵ᠨᠢᠭᠡ︶ ᠲᠠᠷᠢᠶᠠᠯᠠᠩ ᠤᠨ ᠶᠠᠮᠤᠨ ᠤ ᠣᠯᠠᠨ ᠤᠯᠤᠰ ᠤᠨ ᠬᠡᠯᠲᠡᠰ ᠤᠨ ᠲᠤᠬᠢᠷᠠᠭᠤᠯᠤᠯᠲᠠ ᠶᠢ ᠦᠨᠳᠦᠰᠦᠯᠡᠵᠦ᠂ ᠣᠯᠠᠨ ᠤᠯᠤᠰ ᠤᠨ ᠰᠣᠯᠢᠯᠴᠠᠭᠠᠨ ᠤ ᠲᠥᠪ ᠤᠨ ᠯᠢᠨ ᠡᠷᠬᠢᠯᠡᠭᠴᠢ ᠵᠡᠷᠭᠡ ᠶᠢᠨ ᠳᠠᠭᠠᠭᠤᠯᠤᠭᠰᠠᠨ ᠡᠸ᠋ᠽᠢᠦᠫᠢᠶ᠎ᠠ ᠶᠢᠨ ᠲᠠᠷᠢᠶᠠᠯᠠᠩ ᠤᠨ ᠠᠵᠢᠯ ᠮᠡᠷᠭᠡᠵᠢᠯ ᠤᠨ ᠰᠤᠷᠭᠠᠭᠤᠯᠢ ᠶᠢᠨ ᠵᠠᠬᠢᠷᠤᠯ ᠤᠨ ᠲᠣᠭᠤᠷᠢᠨ ᠪᠠᠶᠢᠴᠠᠭᠠᠬᠤ ᠪᠦᠯᠬᠦᠮ᠂ ᠠᠮᠧᠷᠢᠺᠠ ᠶᠢᠨ ᠮᠠᠯᠵᠢᠯ ᠤᠨ ᠲᠠᠯᠠᠪᠠᠢ ᠶᠢᠨ ᠰᠣᠯᠢᠯᠴᠠᠭᠠᠨ ᠤ ᠪᠦᠯᠬᠦᠮ ᠢ ᠬᠦᠯᠢᠶᠡᠨ ᠠᠪᠴᠤ ᠵᠣᠴᠢᠯᠠᠭᠠᠳ᠂ ᠮᠠᠨ ᠤ ᠣᠷᠣᠨ ᠤ ᠬᠠᠮᠢᠶ᠎ᠠ ᠪᠦᠬᠦᠢ ᠠᠵᠤ ᠠᠬᠤᠶᠢᠯᠠᠯ ᠺᠣᠮᠫᠠᠨᠢ ᠶᠢ ᠲᠤᠭᠤᠷᠢᠨ ᠦᠵᠡᠬᠦ ᠠᠵᠢᠯ ᠢ ᠵᠤᠬᠢᠶᠠᠨ ᠪᠠᠶᠢᠭᠤᠯᠵᠤ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠲᠠᠷᠢᠶᠠᠯᠠᠩ ᠤᠨ ᠶᠡᠭᠡ ᠰᠤᠷᠭᠠᠭᠤᠯᠢ ᠲᠠᠢ ᠬᠠᠮᠲᠦ ᠡᠷᠳᠡᠮ ᠰᠢᠨᠵᠢᠯᠡᠭᠡᠨ ᠤ ᠰᠣᠯᠢᠯᠴᠠᠭᠠᠨ ᠤ ᠶᠠᠷᠢᠯᠴᠠᠬᠤ ᠬᠤᠷᠠᠯ ᠡᠷᠬᠢᠯᠡᠭᠰᠡᠨ ᠪᠠᠶᠢᠨ᠎ᠠ᠃ ᠪᠠᠰᠠ ︽ᠨᠢᠭᠡ ᠪᠦᠰᠡ ᠨᠢᠭᠡ ᠵᠠᠮ︾ ᠤᠨ ᠤᠯᠤᠰ ᠤᠨ ᠲᠠᠷᠢᠶᠠᠯᠠᠩ ᠤᠨ ᠬᠠᠮᠢᠶᠠᠷᠤᠯᠲᠠ ᠬᠢᠭᠡᠳ ᠬᠡᠷᠡᠭᠯᠡᠭᠡᠨ ᠤ ᠮᠡᠷᠭᠡᠵᠢᠯ᠂ ᠲᠠᠷᠢᠶᠠᠯᠠᠩ ᠤᠨ ᠪᠦᠲᠦᠭᠡᠭᠳᠡᠬᠦᠨ ᠪᠠ ᠠᠮᠤ ᠪᠤᠳᠠᠭᠠᠨ ᠤ ᠠᠮᠤᠷ ᠲᠦᠪᠰᠢᠨ ᠭᠡᠬᠦ ᠬᠤᠶᠠᠷ ᠰᠤᠳᠤᠯᠤᠨ ᠰᠤᠷᠤᠯᠴᠠᠬᠤ ᠠᠩᠭᠢ ᠶᠢᠨ ᠲᠥᠯᠥᠭᠡᠯᠡᠭᠴᠢᠳ ᠤᠨ ᠪᠦᠯᠬᠦᠮ ᠢ ᠬᠦᠯᠢᠶᠡᠨ ᠠᠪᠴᠦ᠂ ᠲᠡᠳᠡ ᠨᠠᠷ  ᠨᠢ ᠲᠤᠰ ᠲᠤᠰ ᠴᠠᠭᠠᠨ ᠣᠷᠣᠰ ᠵᠡᠷᠭᠡ 13 ᠤᠯᠤᠰ ᠪᠠ ᠮᠣᠩᠭᠤᠯ ᠤᠯᠤᠰ ᠵᠡᠷᠭᠡ 10 ᠤᠯᠤᠰ ᠠᠴᠠ ᠢᠷᠡᠭᠰᠡᠨ ᠨᠡᠶᠢᠲᠡ 81 ᠬᠦᠮᠦᠨ ᠢ ᠵᠣᠴᠢᠯᠠᠵᠠᠢ᠃ ᠡᠨᠡ ᠬᠤᠭᠤᠴᠠᠭᠠᠨ ᠳᠤ ᠬᠥᠬᠡᠬᠤᠲᠠ ᠪᠣᠯᠤᠨ ᠤᠯᠠᠭᠠᠨᠴᠠᠪ ᠬᠤᠳᠠ ᠳᠤ ᠬᠦᠷᠴᠦ ᠠᠬᠤᠢ ᠲᠠᠯᠠᠪᠠᠢ ᠶᠢ ᠲᠣᠭᠤᠷᠢᠨ ᠦᠵᠡᠬᠦ ᠪᠠ ᠤᠨᠤᠯ ᠤᠨ ᠰᠤᠷᠤᠯᠴᠠᠯᠭ᠎ᠠ ᠵᠢᠴᠢ ᠶᠠᠷᠢᠯᠴᠠᠭ᠎ᠠ ᠰᠣᠯᠢᠯᠴᠠᠭᠠᠨ ᠶᠠᠪᠤᠭᠤᠯᠪᠠ᠃ ᠡᠭᠦᠨ ᠤ ᠬᠠᠮᠲᠤ ᠲᠣᠭᠲᠠᠭᠠᠯ ᠶᠣᠰᠣᠭᠠᠷ ᠴᠠᠭ ᠲᠤᠬᠠᠶ ᠳᠤᠨᠢ ᠬᠤᠯᠪᠣᠭᠳᠠᠯ ᠪᠦᠬᠦᠢ ᠠᠯᠪᠠᠨ ᠶᠠᠪᠤᠳᠠᠯ ᠢᠶᠠᠷ ᠭᠠᠳᠠᠭᠠᠳᠤ ᠳᠤ ᠠᠶᠢᠯᠴᠢᠯᠠᠬᠤ ᠭᠠᠷ ᠭᠦᠢᠴᠡᠳᠬᠡᠯ ᠢᠶᠠᠨ ᠬᠢᠵᠠᠢ᠃      ︵ᠬᠤᠶᠠᠷ︶ 8 ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠶᠢ ᠵᠣᠬᠢᠶᠠᠨ ᠪᠠᠶᠢᠭᠤᠯᠵᠦ ᠲᠤᠰ ᠲᠤᠰ ᠲᠠᠷᠢᠢᠶᠠᠯᠠᠩ ᠤᠨ ᠶᠠᠮᠤᠨ ᠪᠠ ᠣᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠡᠷᠭᠢᠯᠡᠭᠰᠡᠨ ᠳᠤᠮᠳᠠᠳᠤ ᠭᠧᠷᠮᠠᠨ ᠤ ᠲᠠᠷᠢᠶᠠᠯᠠᠩ ᠤᠨ ᠠᠵᠤ ᠠᠬᠤᠶᠢᠯᠠᠯ ᠤᠨ ᠶᠠᠷᠢᠯᠴᠠᠭᠠᠨ ᠤ ᠬᠤᠷᠠᠯ᠂ ᠳᠤᠮᠳᠠᠳᠤ ᠤᠷᠤᠰ ᠤᠨ ᠦᠵᠡᠰᠬᠦᠯᠡᠩ ᠤᠨ ᠴᠤᠭᠯᠠᠭᠠᠨ ᠤ ᠲᠠᠷᠢᠶᠠᠯᠠᠩ ᠤᠨ ᠦᠭᠦᠯᠡᠯ ᠤᠨ ᠳᠠᠪᠴᠠᠩ᠂ ᠳᠤᠮᠳᠠᠳᠤ ᠤᠯᠤᠰ ᠤᠨ ᠲᠠᠷᠢᠶᠠᠯᠠᠩ ᠤᠨ ᠠᠵᠤ ᠠᠬᠤᠶᠢᠯᠠᠯ ᠤᠨ ︽ᠭᠠᠳᠠᠭᠰᠢ ᠭᠠᠷᠬᠤ︾  ᠪᠣᠯᠪᠠᠰᠤᠷᠠᠯ ᠵᠢᠴᠢ ᠯᠠᠲ᠋ᠢᠨ ᠠᠮᠧᠷᠢᠺᠠ ᠲᠢᠪ ᠤᠨ ᠤᠯᠤᠰ ᠤᠳ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠵᠦᠪᠳᠡᠯᠴᠡᠭᠡᠨ ᠤ ᠬᠤᠷᠠᠯ ᠳᠤ ᠣᠷᠣᠯᠴᠠᠭᠤᠯᠵᠠᠢ᠃ ᠮᠠᠨ ᠤ ᠣᠷᠣᠨ ᠤ ᠬᠡᠰᠡᠭ ᠪᠦᠯᠦᠭ ᠴᠥᠭᠡᠨ ᠲᠣᠭᠠᠲᠤ ᠦᠨᠳᠦᠰᠦᠲᠡᠨ ᠤ ᠤᠨᠴᠠᠯᠢᠬᠳᠤ ᠲᠣᠰᠬᠤᠨ ᠤ ᠳᠠᠷᠤᠭ᠎ᠠ ᠶᠢ ᠵᠤᠬᠢᠶᠠᠨ ᠪᠠᠶᠢᠭᠤᠯᠵᠦ ᠲᠠᠷᠢᠶᠠᠯᠠᠩ ᠤᠨ ᠶᠠᠮᠤᠨ ᠤ ᠴᠥᠭᠡᠨ ᠲᠣᠭᠠᠲᠤ ᠦᠨᠳᠦᠰᠦᠲᠡᠨ ᠤ ᠤᠠᠴᠠᠯᠢᠬᠳᠦ ᠲᠤᠰᠬᠤᠨ ᠤ ᠳᠠᠷᠤᠭ᠎ᠠ ᠳᠤᠮᠳᠠᠳᠤ ᠺᠠᠮᠪᠣᠵᠠ ᠯᠠᠤᠰ ᠪᠢᠷᠮᠠ ᠲᠠᠢ ᠤᠯᠤᠰ ᠤᠨ ᠲᠤᠰᠬᠤᠨ ᠤ ᠳᠠᠷᠤᠭ᠎ᠠ ᠶᠢᠨ ᠶᠠᠷᠢᠯᠴᠠᠭᠠᠨ ᠤ ᠳᠠᠪᠴᠠᠩ ᠳᠤ ᠤᠷᠤᠯᠴᠠᠭᠤᠯᠵᠦ᠂ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠱᠠᠩᠬᠠᠢ ᠳᠤ ᠶᠠᠪᠤᠭᠳᠠᠭᠰᠠᠨ 2017 ᠣᠨ ᠤ ᠳᠤᠮᠳᠠᠳᠤ ᠤᠯᠤᠰ ᠤᠨ ᠤᠯᠠᠨ ᠤᠯᠤᠰ ᠤᠨ ᠠᠮᠲᠠ ᠣᠷᠣᠭᠤᠯᠬᠤ ᠡᠳ᠋ ᠪᠣᠯᠤᠨ ᠢᠳᠡᠭᠡᠨ ᠤ ᠳᠠᠭᠠᠯᠲᠠ ᠵᠦᠢᠯ ᠤᠨ ᠦᠵᠡᠰᠬᠦᠯᠡᠩ ᠳᠤ ᠤᠷᠤᠯᠴᠠᠭᠤᠯᠵᠠᠢ᠃ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠤᠨ ᠭᠠᠳᠠᠭᠠᠳᠤ ᠲᠠᠢ ᠰᠣᠯᠢᠯᠴᠠᠭ᠎ᠠ ᠬᠢᠬᠦ ᠪᠠ ᠬᠠᠮᠲᠤᠷᠠᠨ ᠠᠵᠢᠯᠯᠠᠬᠤ ᠠᠵᠢᠯᠯᠠᠭ᠎ᠠ ᠳᠤ ᠢᠳᠡᠪᠬᠢᠲᠡᠶ ᠣᠷᠤᠯᠴᠠᠬᠤ ᠶᠢ ᠲᠦᠯᠬᠢᠨ ᠠᠬᠢᠭᠤᠯᠵᠦ᠂ ᠮᠠᠨ ᠤ ᠤᠯᠤᠰ ᠪᠣᠯᠤᠨ ᠬᠠᠮᠢᠶ᠎ᠠ ᠪᠦᠬᠦᠢ ᠤᠯᠤᠰ ᠣᠷᠣᠨ ᠤ ᠭᠠᠳᠠᠭᠠᠳᠤ ᠲᠠᠢ ᠬᠠᠮᠲᠤᠷᠠᠨ ᠠᠵᠢᠯᠯᠠᠬᠤ ᠲᠦᠷᠦ ᠶᠢᠨ ᠪᠤᠳᠤᠯᠭ᠎ᠠ ᠶᠢ ᠤᠶᠢᠯᠠᠭᠠᠭᠤᠯᠵᠠᠢ᠃     ︵ᠭᠤᠷᠪᠠ︶ ᠲᠢᠩᠬᠢᠮ ᠤᠨ ᠬᠠᠷᠢᠶᠠᠲᠤ ᠪᠠᠶᠢᠭᠤᠯᠭ᠎ᠠ ᠨᠢᠭᠡᠴᠢ ᠵᠢᠴᠢ ᠬᠠᠮᠢᠶ᠎ᠠ ᠪᠦᠬᠦᠢ ᠠᠶᠢᠮᠠᠭ ᠬᠤᠲᠠ ᠶᠢᠨ 4 ᠨᠡᠷ᠎ᠡ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯᠲᠡᠨ ᠰᠤᠩᠭᠤᠨ ᠱᠧᠩ ᠳ᠋ᠦᠸᠧ ᠮᠸᠢ— ᠫᠦ᠋ ᠯᠢᠨ ᠰᠢ ᠲᠠᠷᠢᠶᠠᠯᠠᠩ ᠤᠨ ᠮᠡᠷᠭᠡᠵᠢᠯ ᠤᠨ ᠲᠥᠷᠥᠯ ᠵᠦᠢᠯ᠂ ᠡᠸ᠋ᠽᠢᠦᠫᠢᠶ᠎ᠠ ᠶᠢᠨ ᠲᠠᠷᠢᠶᠠᠯᠠᠩ ᠤᠨ ᠮᠡᠷᠭᠡᠵᠢᠯ ᠤᠨ ᠰᠤᠷᠭᠠᠨ ᠬᠥᠮᠦᠵᠢᠯ ᠤᠨ ᠲᠦᠷᠦᠯ ᠵᠦᠢᠯ ᠢ ᠲᠤᠰᠠᠯᠠᠬᠤ ᠪᠡᠯᠡᠳᠬᠡᠯ ᠲᠤᠰᠬᠠᠶ ᠮᠡᠷᠭᠡᠵᠢᠯᠲᠡᠨ ᠪᠠᠷ ᠲᠠᠨᠢᠯᠴᠠᠭᠤᠯᠪᠠ᠃ ᠲᠠᠷᠢᠶᠠᠯᠠᠩ ᠤᠨ ᠶᠠᠮᠤᠨ ᠤ ᠠᠷᠠᠯᠵᠢᠶ᠎ᠠ ᠶᠢ ᠠᠬᠢᠭᠤᠯᠬᠤ ᠲᠥᠪ ᠪᠣᠯᠤᠨ ᠠᠮᠤ ᠪᠤᠳᠠᠭ᠎ᠠ ᠲᠠᠷᠢᠶᠠᠯᠠᠩ ᠤᠨ ᠵᠣᠬᠢᠶᠠᠨ ᠪᠠᠶᠢᠭᠤᠯᠤᠯᠲᠠ᠂ ᠭᠠᠳᠠᠭᠠᠳᠤ  ᠠᠵᠤ ᠠᠬᠤᠢ ᠶᠢᠨ ᠲᠥᠪ ᠲᠠᠢ ᠬᠠᠮᠵᠢᠯᠴᠠᠨ ︽ᠳᠤᠮᠳᠠᠳᠤ ᠤᠯᠤᠰ—ᠮᠣᠩᠭᠤᠯ ᠤᠯᠤᠰ ᠤᠨ ᠦᠬᠡᠷ ᠤᠨ ᠮᠢᠬ᠎ᠠ ᠶᠢᠨ ᠠᠷᠠᠯᠵᠢᠶᠠᠨ ᠤ ᠪᠣᠯᠤᠮᠵᠢ ᠶᠢᠨ ᠲᠤᠬᠠᠶ ᠰᠤᠳᠤᠯᠭᠠᠨ ᠤ ᠲᠤᠰᠬᠠᠢ ᠰᠡᠳᠦᠪᠲᠦ ᠮᠡᠳᠡᠭᠦᠯᠦᠯᠲᠡ︾ ᠵᠢᠴᠢ ᠣᠷᠣᠰ ᠲᠠᠢ ᠬᠤᠷᠰᠢᠭᠰᠠᠨ ᠠᠵᠤ ᠠᠬᠤᠶᠢᠯᠠᠯ ᠤᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠡᠢ᠃ ᠲᠠᠷᠢᠶᠠᠯᠠᠩ ᠤᠨ ᠶᠠᠮᠤᠨ ᠤ ᠤᠯᠠᠨ ᠤᠯᠤᠰ ᠤᠨ ᠬᠠᠮᠲᠤᠷᠠᠯᠴᠠᠭᠠᠨ ᠤ ᠬᠡᠯᠲᠡᠰ ᠢ ᠬᠠᠮᠵᠢᠯᠴᠠᠵᠤ ︽ᠬᠢᠯᠢ ᠪᠣᠭᠤᠮᠲᠠ ᠪᠠᠷ ᠶᠠᠪᠤᠬᠤ︾ ᠲᠣᠰᠬᠠᠢ ᠰᠡᠳᠦᠪ  ᠤᠨ ᠦᠰᠦᠭ ᠪᠢᠴᠢᠭ ᠪᠠ ᠵᠢᠷᠤᠭ ᠮᠠᠲ᠋ᠧᠷᠢᠶᠠᠯ ᠢ ᠴᠤᠭᠯᠠᠭᠤᠯᠤᠨ ᠬᠠᠩᠭᠠᠵᠠᠢ᠃      ᠭᠤᠷᠪᠠ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠤᠬᠢᠷᠠᠯ ᠤᠨ ᠬᠢᠨᠠᠨ ᠰᠢᠯᠭᠠᠵᠤ ᠦᠨᠡᠯᠡᠬᠦ ᠪᠠ ᠠᠵᠤ ᠠᠬᠤᠶᠢᠯᠠᠯ ᠤᠨ ᠬᠢᠯᠢ ᠶᠢᠨ ᠭᠠᠳᠠᠨᠠᠬᠢ ᠲᠠᠷᠢᠶᠠᠯᠠᠩ ᠮᠠᠯ ᠠᠵᠤ ᠠᠬᠤᠶ ᠶᠢᠨ ᠪᠡᠯᠡ ᠣᠷᠣᠭᠤᠯᠤᠯᠲᠠ ᠶᠢᠨ ᠮᠡᠳᠡᠭᠡ ᠵᠠᠩᠭᠢ ᠶᠢ ᠴᠤᠭᠯᠠᠭᠤᠯᠬᠤ ᠠᠵᠢᠯ ᠢ ᠦᠨᠡᠨ ᠬᠦ ᠰᠠᠶᠢᠲᠤᠷ ᠬᠢᠪᠡ᠃        ᠮᠠᠨ ᠤ ᠣᠷᠣᠨ ᠤ 14 ᠬᠢᠨᠠᠨ ᠬᠡᠮᠵᠢᠬᠦ‍ ᠴᠢᠭ ᠤᠨ 6 ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠬᠢᠨᠠᠨ ᠬᠡᠮᠵᠢᠭᠰᠡᠨ ᠲᠤᠭ᠎ᠠ ᠪᠠᠷᠢᠮᠲᠠ ᠪᠠ ᠤᠷᠢᠳᠴᠢᠯᠠᠨ ᠰᠡᠷᠡᠮᠵᠢᠯᠡᠭᠦᠯᠬᠦ ᠵᠠᠳᠠᠯᠤᠯᠲᠠ ᠶᠢ ᠴᠠᠭ ᠲᠤᠬᠠᠶ ᠳᠤᠨᠢ ᠮᠡᠳᠡᠭᠦᠯᠦᠨ ᠬᠦᠷᠭᠡᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠲᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠠᠮᠤᠷ ᠲᠦᠪᠰᠢᠨ ᠪᠠ ᠬᠠᠮᠠᠭᠠᠯᠠᠯᠲᠠ ᠶᠢᠨ ᠳᠦᠷᠦ ᠶᠢᠨ ᠪᠤᠳᠤᠯᠭ᠎ᠠ ᠳᠤ ᠦᠨᠳᠦᠰᠦ ᠪᠠᠷᠢᠮᠲᠠ ᠬᠠᠩᠭᠠᠵᠠᠢ᠃ ᠲᠠᠷᠢᠶᠠᠯᠠᠩ ᠤᠨ ᠶᠠᠮᠤᠨ ᠤ ᠠᠵᠤ ᠠᠬᠤᠶᠢᠯᠠᠯ ᠤᠨ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠮᠡᠳᠡᠭᠡ ᠵᠠᠩᠭᠢ ᠴᠤᠭᠯᠠᠭᠤᠯᠬᠤ ᠠᠵᠢᠯᠲᠠᠳ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠵᠢᠴᠢ ᠠᠵᠢᠯ ᠤᠨ ᠬᠤᠷᠠᠯ ᠳᠤ ᠣᠷᠣᠯᠴᠠᠵᠤ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠮᠡᠳᠡᠭᠡ ᠵᠠᠩᠭᠢ ᠴᠤᠭᠯᠠᠭᠤᠯᠬᠤ ᠮᠡᠳᠡᠭᠳᠡᠯ ᠢ ᠴᠠᠭ ᠲᠤᠬᠠᠢ ᠳᠤᠨᠢ ᠪᠠᠭᠤᠯᠭᠠᠵᠤ᠂ ᠠᠵᠢᠯ ᠤᠨ ᠪᠠᠶᠢᠷᠢᠯᠠᠭᠤᠯᠤᠯᠲᠠ ᠬᠢᠵᠦ᠂ ᠮᠡᠳᠡᠭᠡ ᠵᠠᠩᠭᠢ ᠶᠢᠨ ᠲᠤᠭ᠎ᠠ ᠪᠠᠷᠢᠮᠲᠠ ᠴᠤᠭᠯᠠᠭᠤᠯᠬᠤ ᠠᠵᠢᠯ ᠢ ᠲᠣᠭᠲᠠᠭᠰᠠᠨ ᠴᠠᠭ ᠶᠣᠰᠤᠭᠠᠷ ᠪᠡᠶᠡᠯᠡᠭᠦᠯᠪᠠ᠃ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠬᠢᠯᠢ ᠶᠢᠨ ᠭᠠᠳᠠᠨᠠᠬᠢ ᠲᠠᠷᠢᠶᠠᠯᠠᠩ ᠮᠠᠯ ᠠᠵᠤ ᠠᠬᠤᠶ ᠳᠠᠬᠢ ᠪᠡᠯᠡ ᠣᠷᠣᠭᠤᠯᠤᠯᠲᠠ ᠶᠢᠨ ᠪᠠᠶᠢᠳᠠᠯ ᠤᠨ ᠵᠠᠳᠠᠯᠤᠯᠲᠠ ᠶᠢᠨ ᠮᠡᠳᠡᠭᠦᠯᠦᠯᠲᠡ ᠶᠢ ᠪᠡᠶᠡᠯᠡᠭᠦᠯᠵᠠᠢ᠃      ᠲᠠᠷᠢᠶᠠᠯᠠᠩ ᠤᠨ ᠶᠠᠮᠤᠨ ᠤ ᠠᠷᠠᠯᠵᠢᠶ᠎ᠠ ᠶᠢ ᠠᠬᠢᠭᠤᠯᠬᠤ ᠲᠥᠪ ᠪᠠ ᠬᠤᠳᠠᠯᠳᠤᠭᠠᠨ ᠤ ᠶᠠᠪᠤᠳᠠᠯ ᠤᠨ ᠶᠠᠮᠤᠨ ᠤ ᠠᠷᠠᠯᠵᠢᠶᠠᠨ ᠤ ᠠᠪᠤᠷᠠᠨ ᠲᠡᠮᠵᠢᠬᠦ ᠪᠠᠶᠢᠴᠠᠭᠠᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠰᠢᠷ᠎ᠠ ᠪᠤᠷᠴᠠᠭ ᠤᠨ ᠠᠵᠤ ᠦᠢᠯᠡᠰ ᠲᠠᠢ ᠬᠠᠪᠰᠤᠷᠠᠯᠴᠠᠨ᠂ ᠮᠠᠨ ᠤ ᠣᠷᠣᠨ ᠤ ᠬᠥᠯᠥᠨ ᠪᠤᠶᠢᠷ ᠬᠤᠳᠠ ᠶᠢᠨ ᠮᠤᠷᠢᠨᠳᠠᠪᠠᠭ᠎ᠠ ᠳᠠᠭᠤᠷ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤ᠂ ᠠᠷᠤᠨ ᠬᠤᠰᠢᠭᠤ ᠳᠤ ᠬᠦᠷᠴᠦ ᠰᠢᠷ᠎ᠠ ᠪᠤᠷᠴᠠᠭ ᠤᠨ ᠠᠵᠤ ᠦᠢᠯᠡᠰ ᠤᠨ ᠲᠤᠬᠠᠢ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠶᠢ ᠦᠷᠨᠢᠭᠦᠯᠬᠦ ᠶᠢᠨ ᠬᠠᠮᠲᠦ ᠠᠷᠤᠨ ᠬᠤᠰᠢᠭᠤᠨ ᠳᠤ ᠰᠢᠷ᠎ᠠ ᠪᠤᠷᠴᠠᠭ ᠤᠨ ᠠᠵᠤ ᠦᠢᠯᠡᠰ ᠤᠨ ᠬᠤᠬᠢᠷᠠᠯ ᠤᠨ ᠪᠠᠶᠢᠴᠠᠭᠠᠯᠲᠠ ᠶᠢᠨ ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号