ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢᠶᠠᠷ ᠶᠠᠳᠠᠭᠤ ᠶᠢ ᠳᠡᠳᠭᠦᠭᠦ ᠬᠦᠭᠵᠢᠯᠲᠡ ᠶᠢᠨ ᠰᠠᠭᠤᠷᠢ ᠮᠥᠩᠭᠦᠨ ᠤ ᠭᠡᠷ᠎ᠡ ᠳᠣᠭᠲᠠᠬᠤ ᠶᠣᠰᠤᠯᠠᠯ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2019/4/16
     4 ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠬᠥᠭᠵᠢᠯᠲᠡ ᠶᠢᠨ ᠰᠠᠭᠤᠷᠢ ᠮᠥᠩᠭᠦᠨ ᠤ ᠭᠡᠷ᠎ᠡ ᠲᠣᠭᠲᠠᠬᠤ ᠶᠣᠰᠣᠯᠠᠯ ᠬᠥᠬᠡᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠶᠠᠳᠠᠭᠤ ᠶᠢ ᠲᠡᠳᠬᠦᠬᠦ ᠠᠯᠪᠠᠨ ᠬᠡᠷ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠨᠢ 10 ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠮᠲᠦ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠮᠲᠤᠷᠠᠨ ᠪᠠᠶᠢᠭᠤᠯᠤᠭᠰᠠᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠬᠥᠭᠵᠢᠯᠲᠡ ᠶᠢᠨ ᠰᠠᠭᠤᠷᠢ ᠮᠥᠩᠭᠦᠨ ᠤ ᠪᠦᠳᠦᠭᠦᠪᠴᠢ ᠬᠡᠯᠡᠯᠴᠡᠭᠡᠷ︾ ᠳᠤ ᠭᠠᠷ ᠤᠨ ᠦᠰᠦᠭ ᠵᠢᠷᠤᠭᠰᠠᠨ ᠪᠠᠶᠢᠨ᠎ᠠ  ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠬᠤᠸᠠ ᠭᠠᠷ ᠤᠨ ᠦᠰᠦᠭ ᠵᠢᠷᠤᠬᠤ ᠶᠣᠰᠣᠯᠠᠯ ᠳᠤ ᠣᠷᠤᠯᠴᠠᠭᠰᠠᠨ ᠪᠥᠭᠡᠳ ᠶᠠᠷᠢᠶ᠎ᠠ ᠲᠠᠯᠪᠢᠪᠠ᠃      ᠵᠠᠩ ᠬᠤᠸᠠ ᠴᠢᠬᠤᠯᠠᠴᠢᠯᠠᠭᠰᠠᠨ ᠨᠢ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠰᠠᠭᠤᠷᠢ ᠮᠦᠩᠭᠦ ᠨᠢ ᠵᠠᠪᠠᠯ ᠣᠨᠢᠨ ᠳᠡᠭᠡᠷ᠎ᠡ ᠨᠢ ᠶᠠᠳᠠᠭᠤ ᠶᠢ ᠳᠡᠳᠭᠦᠭᠦ᠂ ᠣᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠣᠷᠣᠯᠭ᠎ᠠ ᠪᠠᠨ ᠨᠡᠮᠡᠭᠳᠡᠭᠦᠯᠦᠨ ᠶᠠᠳᠠᠭᠤ ᠠᠴᠠ ᠠᠩᠭᠢᠵᠢᠷᠠᠬᠤ ᠡᠨᠡ ᠬᠦ ᠭᠤᠣᠯᠳᠠᠯᠭ᠎ᠠ ᠶᠢᠨ ᠲᠣᠭᠤᠷᠢᠨ ᠳᠤ᠂ ᠨᠢᠭᠲᠠ ᠬᠡᠯᠪᠡᠷᠢ ᠶᠢᠨ ᠠᠰᠢᠭ ᠲᠤᠰᠠ ᠶᠢᠨ ᠬᠤᠯᠪᠤᠭᠠᠯᠠᠯ ᠪᠠᠶᠢᠭᠤᠯᠬᠤ ᠪᠠᠷ ᠬᠤᠯᠪᠣᠭᠠᠰᠤ ᠪᠠ ᠬᠦᠴᠦᠯᠡᠬᠦ ᠴᠡᠭ ᠪᠣᠯᠭᠠᠵᠤ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠳᠤᠰ ᠪᠡᠶ᠎ᠡ ᠶᠢᠨ ᠢᠶᠠᠨ ᠬᠥᠭᠵᠢᠯᠲᠡ ᠶᠢᠨ ᠳᠠᠪᠠᠭᠤᠯᠢᠭ ᠣᠨᠴᠠᠯᠢᠭ ᠪᠦᠬᠦᠢ ᠠᠵᠤ ᠦᠢᠯᠡᠰ ᠢ ᠡᠩ ᠲᠡᠷᠢᠭᠦᠨ ᠳᠤ ᠲᠡᠳᠬᠦᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠳᠤ ᠠᠵᠤ ᠦᠢᠯᠡᠰ ᠤᠨ ᠬᠡᠯᠬᠢᠶ᠎ᠡ ᠪᠠ ᠦᠷᠲᠡᠭ ᠤᠨ ᠬᠡᠯᠬᠢᠶ᠎ᠡ ᠶᠢᠨ ᠥᠷᠲᠡᠭ ᠨᠡᠮᠡᠭᠳᠡᠯ ᠠᠴᠠ ᠠᠪᠴᠢᠷᠠᠭᠰᠠᠨ ᠴᠡᠪᠡᠷ ᠠᠰᠢᠭ ᠢ ᠡᠳ᠋ᠯᠡᠭᠦᠯᠡᠨ᠂ ᠦᠷᠭᠦᠯᠵᠢᠯᠡᠨ ᠲᠣᠭᠲᠠᠭᠤᠨ ᠢᠶᠠᠷ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠤᠨ ᠪᠠᠶᠠᠨ ᠴᠢᠨᠡᠭᠡᠯᠢᠭ ᠪᠣᠯᠭᠠᠬᠤ ᠠᠯᠬᠤᠴᠠ ᠪᠠᠨ ᠲᠥᠷᠭᠡᠳᠭᠡᠨ᠎ᠡ᠃      ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠡᠳ᠋ ᠳᠠᠷᠤᠭ᠎ᠠ ᠸᠠᠩ ᠭᠥᠸᠧ ᠯᠢᠨ  ᠭᠠᠷ ᠤᠨ ᠦᠰᠦᠭ ᠵᠢᠷᠤᠬᠤ ᠶᠣᠰᠣᠯᠠᠯ ᠳᠤ ᠣᠷᠤᠯᠴᠠᠵᠤ ᠬᠡᠯᠡᠭᠰᠡᠨ ᠨᠢ᠄ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠬᠥᠭᠵᠢᠯᠲᠡ ᠶᠢᠨ ᠰᠠᠭᠤᠷᠢ ᠮᠥᠩᠭᠦ ᠪᠣᠯ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠪᠤᠭᠤᠮᠲᠠ ᠰᠢᠪᠲᠤᠯᠤᠯᠳᠠ ᠶᠢᠨ ᠰᠢᠨ᠎ᠡ ᠠᠷᠭ᠎ᠠ ᠬᠡᠮᠵᠢᠶ᠎ᠡ ᠮᠥᠨ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠨᠢ ᠬᠤᠶᠢᠰᠢᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠬᠥᠭᠵᠢᠯᠲᠡ ᠶᠢᠨ ᠰᠠᠭᠤᠷᠢ  ᠮᠥᠩᠭᠦ ᠶᠢ ᠬᠡᠷᠡᠭᠵᠢᠭᠦᠯᠬᠦ ᠳᠤᠮᠳᠠ᠂ ᠯᠠᠪᠳᠠᠭᠤᠨ ᠪᠠᠲᠤᠲᠠᠶ ᠪᠠᠶᠢᠴᠠᠭᠠᠨ ᠰᠤᠳᠤᠯᠤᠯᠲᠠ ᠬᠢᠵᠦ᠂ ᠭᠦᠢᠴᠡᠳ ᠨᠣᠲᠠᠯᠠᠨ᠂ ᠰᠢᠨᠵᠢᠯᠡᠬᠦ ᠤᠬᠠᠭᠠᠨᠴᠢ ᠪᠠᠷ ᠵᠠᠳᠠᠯᠵᠦ᠂ ᠲᠥᠷᠦᠯ ᠵᠥᠢᠯ ᠤᠨ ᠲᠠᠨᠢᠯᠴᠠᠭᠤᠯᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠪᠤᠰᠤᠳ ᠬᠠᠮᠢᠭ᠎ᠠ ᠪᠦᠬᠦᠢ ᠰᠠᠯᠠᠭ᠎ᠠ ᠮᠥᠴᠢᠷ ᠲᠠᠢ ᠬᠠᠮᠲᠤ ᠪᠠᠷ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠥᠷᠭᠦᠯᠵᠢᠯᠡᠬᠦᠶᠢᠴᠡ ᠬᠡᠪ ᠵᠠᠭᠪᠤᠷ ᠢ ᠬᠠᠶᠢᠨ ᠰᠦᠪᠡᠭᠴᠢᠯᠡᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠤᠭᠤᠮᠲᠠ ᠰᠢᠪᠲᠤᠯᠣᠯᠲᠠ ᠶᠢᠨ ᠠᠵᠢᠯ ᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠲᠦᠯᠬᠢᠨ ᠠᠬᠢᠭᠤᠯᠤᠨ᠎ᠠ᠃      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠠᠴᠠ 20 ᠳ᠋ᠦᠩᠰᠢᠭᠤᠷ ᠲᠥᠭᠦᠷᠢᠭ ᠤᠨ ᠤᠳᠤᠷᠢᠳᠬᠤ ᠰᠠᠭᠤᠷᠢ ᠮᠥᠩᠭᠦ ᠲᠣᠬᠢᠷᠠᠭᠤᠯᠵᠤ᠂ ᠮᠥᠩᠭᠦᠨ ᠭᠦᠢᠯᠭᠡᠭᠡᠨ ᠤ ᠪᠡᠯᠡ ᠮᠥᠩᠭᠦ ᠪᠠ ᠨᠡᠶᠢᠭᠡᠮ ᠤᠨ ᠬᠥᠷᠥᠩᠭᠡ ᠣᠷᠣᠭᠤᠯᠤᠯᠲᠠ ᠶᠢ ᠰᠢᠩᠭᠡᠨ ᠠᠪᠬᠤ ᠪᠠᠷ ᠱᠠᠭᠠᠷᠳᠠᠵᠤ ᠪᠠᠶᠢᠨ᠎ᠠ᠃ ᠣᠳᠣᠬᠠᠨ ᠳᠤ ᠪᠡᠯᠡ ᠮᠥᠩᠭᠦ ᠶᠢ ᠤᠷᠢᠳᠴᠢᠯᠠᠨ ᠪᠤᠯᠵᠤᠭᠰᠠᠨ ᠶᠡᠷᠦᠩᠬᠡᠶ ᠬᠡᠮᠵᠢᠶ᠎ᠡ ᠨᠢᠭᠡᠨᠲᠡ 160 ᠳ᠋ᠦᠩᠰᠢᠭᠤᠷ ᠲᠥᠭᠦᠷᠢᠭ ᠲᠤ ᠬᠦᠷᠴᠦ᠂ ᠶᠠᠳᠠᠭᠤ ᠬᠦᠴᠢᠷᠳᠡᠯᠲᠡᠢ ᠡᠷᠤᠬᠡ ᠶᠢᠨ ᠣᠷᠣᠯᠭ᠎ᠠ ᠶᠢᠨ ᠳᠣᠭᠲᠠᠭᠤᠨ ᠨᠡᠮᠡᠭᠳᠡᠯ ᠢ ᠳᠠᠶᠢᠴᠢᠯᠠᠵᠦ ᠳᠡᠶᠢᠯᠬᠦ ᠶᠠᠳᠠᠭᠤ ᠶᠢ ᠲᠡᠳᠬᠦᠬᠦ ᠲᠤᠯᠤᠭᠠᠶᠢᠯᠠᠭᠴᠢ ᠠᠵᠤ ᠠᠬᠤᠶᠢᠯᠠᠯ ᠢ ᠭᠤᠣᠯᠳᠠᠯᠭ᠎ᠠ ᠲᠠᠢ ᠳᠡᠮᠵᠢᠨ᠎ᠡ᠃

 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号