ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠯᠪᠠᠨ ᠲᠢᠩᠬᠢᠮ ᠤᠨ | ︽︿ᠡᠯ᠎ᠡ ᠦᠨᠳᠦᠰᠦᠲᠡᠨ ᠤ ᠨᠠᠮ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠲᠥᠯᠥᠭᠡᠯᠡᠭᠴᠢ ᠬᠥᠮᠦᠰ ᠤᠨ | 2017 ᠣᠨ ᠤ ᠭᠤᠤᠯᠳᠠᠯᠭᠠᠲᠦ ᠰᠤᠳᠤᠯᠭᠠᠨ ᠤ ᠰᠡᠳᠦᠪ ᠤᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ | ᠨᠠᠶᠢᠳᠠᠪᠦᠷᠢᠵᠢᠭᠤᠯᠬᠤ ᠠᠵᠢᠯ ᠤᠨ ᠬᠤᠪᠢᠶᠠᠷᠢᠯᠠᠯ ᠤᠨ ᠲᠥᠰᠦᠯ﹀ ᠢ ᠲᠠᠷᠬᠠᠭᠠᠬᠤ ᠲᠤᠬᠠᠶ ᠮᠡᠳᠡᠭᠳᠡᠯ︾ ᠤᠨ | ︽ ᠨᠠᠷᠢᠯᠢᠭ ᠤᠨᠤᠪᠴᠢᠲᠠᠢ ᠪᠠᠷ ᠶᠠᠳᠠᠭᠤ ᠶᠢ ᠲᠡᠳᠬᠦᠬᠦ ᠶᠠᠪᠤᠴᠠ ᠳᠤ ᠶᠠᠳᠠᠭᠤ ᠬᠦᠴᠢᠷᠳᠡᠯᠲᠡᠶ ᠪᠤᠰᠤ ᠬᠤᠰᠢᠭᠤ | ᠰᠢᠶᠠᠨ ᠤ ᠶᠠᠳᠠᠭᠤ ᠬᠦᠴᠢᠷᠳᠡᠯᠲᠡᠶ ᠬᠥᠮᠦᠨ ᠠᠮᠠ ᠳᠤ ᠠᠩᠬᠠᠷᠣᠯ ᠢᠶᠠᠨ ᠬᠠᠨᠳᠤᠭᠤᠯᠬᠤ︾ ᠶᠢᠨ ᠱᠠᠭᠠᠷᠳᠠᠯᠭ᠎ᠠ | ᠶᠣᠰᠣᠭᠠᠷ᠂ 8 ᠰᠠᠷ᠎ᠠ ᠶᠢᠨ 30 ᠤ ᠡᠳᠦᠷ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠡᠳ᠋ ᠳᠠᠷᠤᠭ᠎ᠠ ᠵᠤᠤ | ᠶᠦᠩ ᠬᠤᠸᠠ᠂ ᠬᠥᠭᠵᠢᠯᠲᠡ ᠲᠥᠯᠥᠪᠵᠢᠭᠦᠯᠭᠡ ᠶᠢᠨ ᠭᠠᠵᠠᠷ ᠤᠨ ᠸᠠᠩ ᠶᠠ ᠮᠧᠶ ᠪᠤᠯᠤᠨ ᠬᠥᠬᠡᠬᠤᠲᠠ ᠶᠢᠨ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠦᠮᠦᠰ ᠲᠠᠢ ᠬᠠᠮᠲᠦ᠂ ᠮᠠᠨ ᠤ ᠣᠷᠣᠨ ᠤ ᠶᠠᠳᠠᠭᠤ | ᠬᠦᠴᠢᠷᠳᠡᠯᠲᠡᠶ ᠪᠤᠰᠤ ᠬᠤᠰᠢᠭᠤ ᠪᠣᠯᠬᠤ ᠲᠣᠭᠲᠠᠬᠤ ᠰᠢᠶᠠᠨ ᠳᠤ ᠬᠦᠷᠴᠦ ᠶᠠᠳᠠᠭᠤ ᠬᠦᠴᠢᠷᠳᠡᠯᠲᠡᠢ ᠬᠥᠮᠦᠨ ᠠᠮᠠ ᠶᠢ | ᠨᠠᠷᠢᠯᠢᠭ ᠤᠨᠤᠪᠴᠢᠲᠠᠢ ᠪᠠᠷ ᠶᠠᠳᠠᠭᠤ ᠶᠢ ᠲᠡᠳᠬᠦᠬᠦ ᠨᠠᠷᠢᠯᠢᠭ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ | ᠠᠵᠢᠯ ᠳᠤ ᠪᠠᠶᠢᠴᠠᠭᠠᠨ ᠰᠣᠳᠣᠯᠣᠯᠲᠠ ᠬᠢᠭᠰᠡᠨ ᠪᠠᠶᠢᠨ᠎ᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠤᠬᠠᠶ ᠶᠢᠨ ᠭᠠᠵᠠᠷ ᠤᠨ ᠳᠠᠶᠢᠴᠢᠯᠠᠬᠤ ᠴᠢᠳᠠᠪᠤᠷᠢ ᠲᠠᠢ | ᠲᠠᠷᠢᠶᠠᠯᠠᠩ ᠲᠡᠵᠢᠭᠡᠯᠭᠡ ᠶᠢᠨ ᠠᠵᠤ ᠠᠬᠤᠶᠢᠯᠠᠯ᠂ ᠲᠠᠷᠢᠶᠠᠴᠢᠨ ᠤ ᠳᠤᠰᠬᠠᠶᠢᠵᠢᠭᠰᠠᠨ ᠬᠤᠷᠰᠢᠶᠠᠵᠢᠯ ᠪᠠ ᠶᠠᠳᠠᠭᠤ | ᠬᠦᠴᠢᠷᠳᠡᠯᠲᠠᠢ ᠭᠡᠷ ᠪᠦᠯᠢ ᠳᠤ ᠬᠦᠷᠴᠦ ᠪᠠᠶᠢᠳᠠᠯ ᠣᠶᠢᠯᠠᠭᠠᠬᠤ ᠶᠢᠨ ᠬᠠᠮᠳᠦ᠂ ᠰᠢᠶᠠᠨ ᠤ ᠵᠠᠰᠠᠭ ᠤᠨ ᠣᠷᠳᠣᠨ | ᠵᠢᠴᠢ ᠶᠠᠳᠠᠭᠤ ᠶᠢ ᠲᠡᠳᠬᠦᠬᠦ ᠠᠯᠪᠠᠨ ᠬᠡᠷ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ | ᠰᠠᠯᠠᠭ᠎ᠠ ᠮᠥᠴᠢᠷ ᠪᠣᠯᠤᠨ ᠶᠠᠳᠠᠭᠤ ᠶᠢ ᠲᠡᠳᠬᠦᠬᠦ ᠬᠢᠨᠠᠨ ᠵᠢᠯᠣᠭᠤᠳᠬᠤ ᠳᠤᠭᠤᠶᠢᠯᠠᠩ ᠤᠨ ᠬᠢᠨ ᠲᠠᠢ ᠶᠠᠷᠢᠯᠴᠠᠵᠦ | ᠰᠠᠨᠠᠯ ᠢᠶᠠᠨ ᠰᠣᠯᠢᠯᠴᠠᠪᠠ᠃ ᠣᠶᠢᠯᠠᠭᠠᠭᠰᠠᠨ ᠢᠶᠠᠷ᠂ ᠲᠣᠭᠲᠠᠬᠤ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ | ᠨᠢ ︽ᠵᠢᠷᠭᠤᠭᠠᠨ ᠨᠠᠷᠢᠯᠢᠭ ᠤᠨᠤᠪᠴᠢᠲᠠᠢ᠂ ᠲᠠᠪᠤᠨ ᠨᠢᠭᠡ ᠪᠦᠯᠦᠭ︾ ᠤᠨ ᠲᠣᠭᠤᠷᠢᠨ ᠳᠤ᠂ ᠠᠵᠤ ᠦᠢᠯᠡᠰ ᠢᠶᠠᠷ | ᠨᠠᠷᠢᠯᠢᠭ ᠤᠨᠤᠪᠴᠢᠲᠠᠢ ᠪᠠᠷ ᠶᠠᠳᠠᠭᠤ ᠶᠢ ᠲᠡᠳᠬᠦᠬᠦ᠂ ᠮᠥᠩᠭᠦᠨ ᠭᠦᠢᠯᠭᠡᠭᠡ ᠪᠠᠷ ᠨᠠᠷᠢᠯᠢᠭ ᠤᠨᠤᠪᠴᠢᠲᠠᠢ ᠪᠠᠷ | ᠶᠠᠳᠠᠭᠤ ᠶᠢ ᠲᠡᠳᠬᠦᠬᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠦᠢᠯᠡᠰ ᠪᠤᠰᠬᠠᠵᠤ ᠠᠵᠢᠯ ᠣᠯᠭᠤᠬᠤ ᠶᠢ | ᠳᠡᠮᠵᠢᠬᠦ᠂ ᠡᠷᠡᠭᠦᠯ ᠮᠡᠨᠳᠤ ᠪᠠᠷ ᠶᠠᠳᠠᠭᠤ ᠶᠢ ᠲᠡᠳᠬᠦᠬᠦ᠂ ᠵᠡᠮᠳᠡᠭᠴᠦᠳ ᠤᠨ ᠶᠠᠳᠠᠭᠤ ᠶᠢ ᠲᠡᠳᠬᠦᠬᠦ᠂ ᠰᠢᠨ᠎ᠡ ᠬᠥᠳᠡᠭᠡ | ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠬᠠᠮᠢᠶᠠᠷᠴᠦ ᠶᠠᠳᠠᠭᠤ ᠶᠢ | ᠲᠡᠳᠬᠦᠬᠦ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ ᠠᠮᠢ ᠠᠬᠤᠢ ᠪᠠᠷ ᠶᠠᠳᠠᠭᠤ ᠶᠢ ᠲᠡᠳᠬᠦᠬᠦ᠂ | ᠨᠡᠶᠢᠭᠡᠮ ᠤᠨ ᠠᠪᠤᠷᠠᠨ ᠲᠤᠰᠠᠯᠠᠬᠤ ᠪᠠᠷ ᠶᠠᠳᠠᠭᠤ ᠶᠢ ᠲᠡᠳᠬᠦᠬᠦ ᠵᠡᠷᠭᠡ 11 ᠵᠦᠢᠯ ᠤᠨ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠲᠣᠭᠲᠠᠭᠠᠨ ᠬᠡᠷᠡᠭᠵᠢᠭᠦᠯᠵᠡᠢ᠃ ᠣᠳᠣᠬᠠᠨ ᠳᠤ ᠡᠯ᠎ᠡ ᠵᠦᠢᠯ ᠤᠨ ᠬᠠᠪᠰᠤᠷᠤᠨ ᠲᠡᠳᠬᠦᠬᠦ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠢ ᠤᠯᠠᠮ ᠨᠢᠭᠡ ᠠᠯᠬᠤᠮ ᠣᠨᠣᠪᠴᠢᠲᠠᠶ ᠪᠣᠳᠠᠲᠠᠶᠢᠵᠢᠭᠤᠯᠤᠨ | ᠨᠠᠶᠢᠳᠠᠪᠦᠷᠢᠵᠢᠭᠤᠯᠬᠤ ᠶᠢᠨ ᠬᠠᠮᠲᠦ ᠨᠠᠷᠢᠯᠢᠭᠵᠢᠭᠤᠯᠵᠤ ᠪᠤᠢ᠃ | ᠵᠤᠤ ᠶᠦᠩ ᠬᠤᠸᠠ ᠳᠡᠳ᠋ ᠲᠢᠩᠬᠢᠮ ᠤᠨ ᠳᠠᠷᠤᠭ᠎ᠠ ᠲᠣᠭᠲᠠᠬᠤ ᠰᠢᠶᠠᠨ ᠤ ᠠᠵᠤ ᠦᠢᠯᠡᠰ ᠢᠶᠠᠷ ᠶᠠᠳᠠᠭᠤ ᠶᠢ | ᠲᠡᠳᠬᠦᠬᠦ ᠠᠵᠢᠯ ᠳᠤᠮᠳᠠᠬᠢ ᠠᠷᠭᠠᠯ ᠢ ᠠᠰᠢᠭᠯᠠᠵᠤ ᠴᠢᠭᠢᠭ ᠤᠨ ᠤᠯᠠᠭᠠᠨ ᠬᠤᠷᠣᠬᠠᠶ ᠲᠡᠵᠢᠭᠡᠬᠦ᠂ ᠴᠢᠭᠢᠭ ᠤᠨ | ᠤᠯᠠᠭᠠᠨ ᠬᠤᠷᠣᠬᠠᠶ ᠶᠢᠨ ᠪᠠᠭᠠᠰᠤ ᠶᠢ ᠲᠠᠷᠢᠶᠠᠨ ᠭᠠᠵᠠᠷ ᠪᠤᠴᠠᠭᠠᠵᠤ ᠬᠤᠵᠢᠷᠯᠢᠬ ᠬᠦᠷᠦᠰᠦ ᠶᠢ ᠰᠠᠶᠢᠵᠢᠷᠠᠭᠤᠯᠬᠤ᠂ | ᠣᠷᠴᠢᠯᠲᠤ ᠲᠠᠷᠢᠵᠤ ᠲᠡᠵᠢᠭᠡᠬᠦ ᠦᠢᠯᠡᠰ ᠢ ᠬᠦᠭᠵᠢᠭᠦᠯᠬᠦ ᠠᠷᠭ᠎ᠠ ᠬᠡᠮᠵᠢᠶ᠎ᠡ ᠶᠢ ᠭᠦᠢᠴᠡᠳ ᠨᠣᠲᠠᠯᠠᠬᠤ ᠶᠢᠨ ᠬᠠᠮᠲᠦ | ᠬᠦᠷᠦᠯᠴᠡᠬᠦ ᠦᠭᠡᠢ ᠲᠠᠯ᠎ᠠ ᠪᠠ ᠬᠤᠶᠢᠰᠢᠳᠠ ᠶᠢᠨ ᠬᠥᠭᠵᠢᠯᠲᠡ ᠶᠢᠨ ᠲᠤᠬᠠᠶ ᠰᠠᠨᠠᠭᠤᠯᠭ᠎ᠠ ᠳᠤᠷᠠᠳᠴᠠᠢ᠃ | |