︽ᠲᠠᠷᠢᠶᠠᠯᠠᠩ ᠬᠥᠳᠡᠭᠡ ᠠᠵᠤ ᠠᠬᠤᠢ ᠶᠢᠨ ᠶᠠᠮᠣᠨ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠬᠡᠷ ᠠᠴᠠ ᠶᠠᠳᠠᠭᠤ ᠬᠦᠴᠢᠷᠳᠡᠯᠲᠡᠶ ᠡᠷᠦᠬᠡ ᠶᠢᠨ ᠠᠵᠤ ᠦᠢᠯᠡᠰ ᠤᠨ ᠬᠥᠭᠵᠢᠯᠲᠡ ᠶᠢᠨ ᠵᠢᠭᠠᠨ ᠵᠢᠯᠤᠭᠤᠳᠤᠭᠴᠢ ᠶᠢᠨ ᠳᠦᠷᠢᠮ ᠢ ᠪᠠᠶᠢᠭᠤᠯᠬᠤ ᠲᠤᠬᠠᠢ ᠮᠡᠳᠡᠭᠳᠡᠯ︾ ᠢ ᠳᠠᠮᠵᠢᠭᠤᠯᠤᠨ ᠲᠠᠷᠬᠠᠭᠠᠬᠤ
ᠨᠡᠶᠢᠲᠡᠯᠡᠭᠰᠡᠨ ᠴᠠᠭ᠄
2019/4/16
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠭᠡᠷ :      ᠦᠢᠷ᠎ᠠ ᠶᠢᠨ ᠡᠳᠦᠷ᠂ ᠲᠠᠷᠢᠶᠠᠯᠠᠩ ᠬᠥᠳᠡᠭᠡ ᠠᠵᠤ ᠠᠬᠤᠢ ᠶᠢᠨ ᠶᠠᠮᠤᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠬᠡᠷ ᠠᠴᠠ ︽ᠲᠠᠷᠢᠶᠠᠯᠠᠩ ᠬᠥᠳᠡᠭᠡ ᠠᠵᠤ ᠠᠬᠤᠢ ᠶᠢᠨ ᠶᠠᠮᠤᠨ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠬᠡᠷ ᠠᠴᠠ ᠶᠠᠳᠠᠭᠤ ᠬᠦᠴᠢᠷᠳᠡᠯᠲᠡᠶ ᠡᠷᠦᠬᠡ ᠶᠢᠨ ᠠᠵᠤ ᠦᠢᠯᠡᠰ ᠤᠨ ᠬᠥᠭᠵᠢᠯᠲᠡ ᠶᠢᠨ ᠵᠢᠭᠠᠨ ᠵᠢᠯᠤᠭᠤᠳᠤᠭᠴᠢ ᠶᠢᠨ ᠳᠦᠷᠢᠮ ᠢ ᠪᠠᠶᠢᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠡᠳᠦᠭᠡ ᠮᠡᠳᠡᠭᠳᠡᠯ ᠢ ᠲᠠᠨᠠᠷ ᠲᠤ ᠳᠠᠮᠵᠢᠭᠤᠯᠤᠶ᠎ᠠ᠂ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠶᠢᠲᠤᠷ ᠠᠳᠬᠤᠵᠤ ᠬᠢᠨᠠᠮᠠᠭᠠᠶ ᠨᠠᠶᠢᠳᠠᠪᠤᠷᠢᠵᠢᠭᠤᠯᠤᠭᠠᠷᠠᠢ᠃      ᠡᠯ᠎ᠡ ᠭᠠᠵᠠᠷ ᠤᠨ ᠬᠢᠨ ᠨᠢ ᠠᠵᠤ ᠦᠢᠯᠡᠰ ᠤᠨ ᠵᠢᠭᠠᠨ ᠵᠢᠯᠤᠭᠤᠳᠤᠭᠴᠢ ᠶᠢᠨ ᠲᠦᠷᠢᠮ ᠢ ᠪᠠᠶᠢᠭᠤᠯᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠦ᠂  ᠡᠭᠦᠨ ᠠᠴᠠ ᠬᠤᠶᠢᠰᠢᠬᠢ ᠭᠤᠷᠪᠠᠨ ᠵᠢᠯ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠲᠦᠯᠬᠢᠨ ᠠᠬᠢᠭᠤᠯᠬᠤ ᠶᠢᠨ ᠴᠢᠬᠤᠯᠠ ᠭᠠᠷᠳᠠᠴᠠ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠱᠠᠭᠠᠷᠳᠠᠯᠭ᠎ᠠ ᠶᠢ ᠲᠣᠳᠣᠷᠬᠠᠶᠢᠯᠠᠵᠤ᠂ ᠵᠢᠯᠣᠭᠤᠳᠣᠯᠭ᠎ᠠ ᠪᠠᠷᠢᠮᠵᠢᠶ᠎ᠠ ᠳᠤ ᠬᠦᠷᠦᠭᠰᠡᠨ᠂ ᠦᠢᠯᠡᠴᠢᠯᠡᠭᠡ ᠨᠠᠷᠢᠯᠢᠭ ᠤᠨᠤᠴᠠᠳᠤ᠂ ᠶᠠᠳᠠᠭᠤ ᠬᠦᠴᠢᠷᠳᠡᠯᠲᠡᠶ ᠡᠷᠦᠬᠡ ᠪᠦᠬᠦᠨ ᠢ ᠬᠠᠮᠤᠷᠤᠭᠰᠠᠨ ᠨᠢᠭᠡᠨ ᠠᠵᠤ ᠦᠢᠯᠡᠰ ᠤᠨ ᠵᠢᠯᠤᠭᠤᠳᠤᠭᠴᠢ ᠶᠢᠨ ᠡᠩᠨᠡᠭᠡ ᠶᠢ ᠠᠯᠢ ᠲᠦᠷᠭᠡᠨ ᠢᠶᠠᠷ ᠪᠠᠶᠢᠭᠤᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠪᠡᠶᠡᠯᠡᠭᠦᠯᠬᠦ ᠬᠠᠷᠠᠯᠲᠠ ᠳᠤ ᠴᠢᠬᠤᠯᠠ ᠲᠦᠰᠢᠭ ᠲᠤᠯᠭᠠᠭᠤᠷᠢ ᠬᠠᠩᠭᠠᠨ᠎ᠠ᠃      ᠡᠯ᠎ᠡ ᠠᠶᠢᠮᠠᠭ ᠬᠤᠲᠠ ᠬᠤᠰᠢᠭᠤ ᠰᠢᠶᠠᠨ ᠨᠢ ᠵᠠᠪᠠᠯ 12 ᠰᠠᠷ᠎ᠠ ᠶᠢᠨ 28 ᠤ ᠡᠳᠦᠷ ᠠᠴᠠ ᠡᠮᠦᠨ᠎ᠡ ᠶᠠᠳᠠᠭᠤ ᠬᠦᠴᠢᠷᠳᠡᠯᠲᠡᠶ ᠡᠷᠦᠬᠡ ᠶᠢᠨ ᠠᠵᠤ ᠦᠢᠯᠡᠰ ᠤᠨ ᠬᠥᠭᠵᠢᠯᠲᠡ ᠶᠢᠨ ᠵᠢᠭᠠᠨ ᠵᠢᠯᠤᠭᠤᠳᠤᠭᠴᠢ ᠶᠢ ᠰᠤᠩᠭᠤᠨ ᠤᠷᠢᠬᠤ ᠠᠵᠢᠯ ᠢ ᠪᠡᠶᠡᠯᠡᠭᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠠᠵᠤ ᠦᠢᠯᠡᠰ ᠤᠨ ᠬᠥᠭᠵᠢᠯᠲᠡ ᠶᠢᠨ ᠵᠢᠭᠠᠨ ᠵᠢᠯᠤᠭᠤᠳᠤᠭᠴᠢ ᠶᠢᠨ ᠦᠨᠳᠦᠰᠦᠨ ᠵᠠᠩᠭᠢ ᠶᠢᠨ ᠬᠦᠰᠦᠨᠦᠭᠲᠦ ᠶᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠳᠣᠰᠬᠤᠨ ᠮᠠᠯᠵᠢᠬᠤ ᠤᠷᠤᠨ ᠤ ᠲᠢᠩᠬᠢᠮ᠂ ᠶᠠᠳᠠᠭᠤ ᠶᠢ ᠲᠡᠳᠬᠦᠬᠦ ᠠᠯᠪᠠᠨ ᠭᠡᠷ ᠲᠤ ᠮᠡᠳᠡᠭᠦᠯᠦᠨ᠎ᠡ᠃ᠳᠠᠭᠠᠯᠳᠤᠭᠤᠯᠤᠯ᠄ ᠶᠠᠳᠠᠭᠤ ᠬᠦᠴᠢᠷᠳᠡᠯᠲᠡᠶ ᠡᠷᠦᠬᠡ ᠶᠢᠨ ᠠᠵᠤ ᠦᠢᠯᠡᠰ ᠤᠨ ᠬᠥᠭᠵᠢᠯᠲᠡ ᠶᠢᠨ ᠵᠢᠭᠠᠨ ᠵᠢᠯᠤᠭᠤᠳᠤᠭᠴᠢ ᠶᠢᠨ ᠦᠨᠳᠦᠰᠦᠨ ᠵᠠᠩᠭᠢ ᠶᠢᠨ ᠬᠦᠰᠦᠨᠦᠭ ᠬᠠᠷᠢᠯᠴᠠᠬᠤ ᠬᠥᠮᠦᠨ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠳᠣᠰᠬᠤᠨ ᠮᠠᠯᠵᠢᠬᠤ ᠤᠷᠤᠨ ᠤ ᠲᠢᠩᠬᠢᠮ   ᠸᠠᠩ ᠶᠠ ᠮᠧᠶ ᠤᠲᠠᠰᠤ᠄ 0471—6652168ᠢᠮᠧᠯ᠄ nmgcyfp@163.com      ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠳᠡᠳᠭᠦᠭᠦ ᠠᠯᠪᠠᠨ ᠭᠡᠷ   ᠴᠠᠩ ᠹᠡᠩ ᠶᠢᠩᠤᠲᠠᠰᠤ᠄ 0471—4918270ᠢᠮᠧᠯ᠄ nmgfpxmglz@163.comᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠳᠣᠰᠬᠤᠨ ᠮᠠᠯᠵᠢᠬᠤ ᠤᠷᠤᠨ ᠤ ᠲᠢᠩᠬᠢᠮ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠭᠡᠷ                                   2018 ᠣᠨ 12 ᠰᠠᠷ᠎ᠠ 10 ᠡᠳᠦᠷ ᠬᠦᠰᠦᠨᠥᠭᠳᠦᠵᠡᠭᠦᠯᠲᠡ᠄ ᠶᠠᠳᠠᠭᠤ ᠬᠦᠴᠢᠷᠳᠡᠯᠲᠡᠶ ᠡᠷᠦᠬᠡ ᠶᠢᠨ ᠠᠵᠤ ᠦᠢᠯᠡᠰ ᠤᠨ ᠬᠥᠭᠵᠢᠯᠲᠡ ᠶᠢ ᠵᠢᠭᠠᠨ ᠵᠢᠯᠤᠭᠤᠳᠤᠭᠴᠢ ᠶᠢᠨ ᠦᠨᠳᠦᠰᠦᠨ ᠵᠠᠩᠭᠢ ᠶᠢᠨ ᠬᠦᠰᠦᠨᠦᠭ ________________________________ᠠᠶᠢᠮᠠᠭ ᠬᠤᠲᠠ________________________________ ᠬᠤᠰᠢᠭᠤ ᠰᠢᠶᠠᠨ
     ᠵᠡᠭᠦᠯᠲᠡ᠄ ᠰᠣᠩᠭᠤᠨ ᠤᠷᠢᠬᠤ ᠬᠡᠯᠪᠡᠷᠢ᠄ ᠲᠣᠰᠬᠤᠨ ᠳᠤ ᠰᠠᠭᠤᠭ᠎ᠠ ᠠᠵᠢᠯᠯᠠᠬᠤ ᠳᠤᠭᠤᠶᠢᠯᠠᠩ ᠤᠨ ᠭᠡᠰᠢᠭᠦᠨ᠂ ᠬᠤᠣᠰᠯᠠᠯ ᠪᠣᠯᠵᠦ ᠬᠠᠪᠰᠤᠷᠤᠨ ᠲᠡᠳᠬᠦᠬᠦ ᠺᠠᠳ᠋ᠷ᠂ ᠭᠠᠴᠠᠭ᠎ᠠ ᠳᠤᠭᠤᠶᠢᠯᠠᠩ ᠤᠨ ᠺᠠᠳ᠋ᠷ᠂ ᠣᠨᠴᠠ ᠤᠷᠢᠭᠰᠠᠨ ᠮᠡᠷᠭᠡᠵᠢᠯᠲᠡᠨ᠂ ᠠᠵᠢᠯ ᠠᠴᠠ ᠪᠠᠨ ᠠᠮᠠᠷᠠᠭᠰᠠᠨ ᠲᠠᠷᠢᠶᠠᠯᠠᠩ ᠤᠨ ᠮᠡᠷᠭᠡᠵᠢᠯᠲᠡᠨ᠂ ᠲᠤᠬᠠᠶ ᠶᠢᠨ ᠭᠠᠵᠠᠷ ᠤᠨ ᠨᠤᠲᠤᠭ ᠤᠨ ᠮᠡᠷᠭᠡᠵᠢᠯᠲᠡᠨ᠂ ᠳᠠᠷᠢᠵᠤ ᠲᠡᠵᠢᠭᠡᠬᠦ ᠴᠢᠳᠠᠪᠤᠷᠢᠲᠠᠨ᠂ ᠨᠤᠲᠤᠭ ᠲᠠᠭᠠᠨ ᠪᠤᠴᠠᠵᠤ ᠦᠢᠯᠡᠰ  ᠪᠤᠰᠬᠠᠭᠴᠢᠳ᠂ ᠰᠢᠨ᠎ᠡ ᠮᠠᠶ᠋ᠢᠭ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠳᠠᠭᠠᠭᠤᠯᠤᠭᠴᠢ ᠵᠡᠷᠭᠡ ᠳᠤᠲᠤᠷ᠎ᠠ ᠠᠴᠠ ᠨᠢᠭᠡ ᠵᠦᠢᠯ ᠢ ᠰᠤᠩᠭᠤᠵᠦ ᠲᠠᠭᠯᠠᠨ᠎ᠠ᠃      ᠠᠵᠤ ᠦᠢᠯᠡᠰ ᠤᠨ ᠬᠡᠯᠪᠡᠷᠢ᠄ ᠠᠵᠤ ᠦᠢᠯᠡᠰ ᠤᠨ ᠪᠠᠭ᠎ᠠ ᠲᠦᠷᠦᠯ ᠬᠦᠷᠳᠡᠯ᠎ᠡ ᠨᠠᠷᠢᠯᠢᠭᠵᠢᠭᠤᠯᠤᠨ ᠰᠣᠩᠭᠤᠵᠤ ᠲᠠᠭᠯᠠᠨ᠎ᠠ᠃ ᠵᠢᠱᠢᠶᠡᠯᠡᠪᠡᠯ᠄ ᠮᠢᠬᠠᠨ ᠦᠬᠡᠷ᠂ ᠨᠣᠯᠤᠤᠷ ᠤᠨ ᠢᠮᠠᠭ᠎ᠠ᠂ ᠲᠥᠮᠥᠰᠥ᠂ ᠣᠷᠣᠰ ᠰᠣᠩᠭᠢᠨ᠎ᠠ ᠵᠡᠷᠭᠡ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号