ᠮᠢᠬᠠᠨ ᠦᠬᠡᠷ ᠨᠢ ᠠᠷᠠᠳ ᠲᠤ ᠪᠠᠶᠠᠵᠢᠯ ᠤᠨ ᠵᠠᠮ ᠨᠡᠭᠡᠭᠡᠨ ᠥᠭᠪᠡ
ᠨᠡᠶᠢᠲᠡᠯᠡᠭᠰᠡᠨ ᠴᠠᠭ᠄
2019/4/16
     ᠤᠢᠢᠷ᠎ᠠ ᠶᠢᠨ ᠵᠢᠯ ᠳᠤ᠂ ᠮᠠᠢ ᠭᠠᠢ ᠲᠢ ᠰᠢᠶᠠᠨ ︵麦盖提县︶ ᠨᠢ ᠪᠦᠬᠦ ᠬᠦᠴᠦᠨ ᠢᠶᠠᠨ ᠲᠦᠪᠯᠡᠷᠡᠭᠦᠯᠵᠦ ᠣᠳᠣ ᠦᠶ᠎ᠡ ᠶᠢᠨ ᠮᠠᠯ ᠠᠵᠤ ᠠᠬᠤᠢ ᠶᠢᠨ ᠬᠦᠭᠵᠢᠯᠲᠡ ᠶᠢ ᠲᠦᠯᠬᠢᠨ ᠠᠬᠢᠭᠤᠯᠵᠦ᠂ ᠮᠠᠯ ᠠᠵᠤ ᠠᠬᠤᠢ ᠶᠢᠨ ᠲᠠᠰ ᠳᠡᠪᠰᠢᠬᠦ ᠶᠢ ᠲᠦᠷᠭᠡᠳᠬᠡᠵᠦ᠂  ᠮᠠᠯ ᠠᠵᠤ ᠠᠬᠤᠢ ᠶᠢ ᠪᠦᠬᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠶᠢᠨ ᠲᠤᠯᠭᠠᠭᠤᠷᠢ ᠠᠵᠤ ᠦᠢᠯᠡᠰ ᠪᠣᠯᠭᠠᠭᠰᠠᠨ ᠪᠠᠶᠢᠨ᠎ᠠ᠃      ᠦᠢᠷ᠎ᠠ ᠶᠢᠨ ᠡᠳᠦᠷ᠂ ᠮᠠᠢ ᠭᠠᠢ ᠲᠢ ᠰᠢᠶᠠᠨ ᠤ ᠴᠡᠪᠡᠷ ᠡᠭᠦᠯᠳᠡᠷ ᠤᠨ ᠠᠩᠭᠧᠰ ᠦᠬᠡᠷ ︵安格斯牛︶ ᠤᠨ ᠲᠠᠪᠤᠳᠤᠭᠠᠷ ᠡᠭᠦᠯᠳᠡᠷ ᠪᠤᠶᠢᠵᠢᠭᠤᠯᠬᠤ ᠲᠠᠯᠠᠪᠠᠶ ᠶᠢᠨ ᠠᠵᠢᠯᠲᠠᠨ ᠠᠢ ᠽᠧ ᠮᠦ · ᠠ ᠢᠦᠢ ᠹᠦ᠋ ︵艾则孜·阿玉甫︶ ᠲᠤᠰᠬᠠᠢ ᠮᠡᠷᠭᠡᠵᠢᠯᠲᠡᠨ ᠠᠴᠠ ᠬᠡᠭᠡᠯ ᠪᠠᠶᠢᠴᠠᠭᠠᠯᠲᠠ ᠶᠢᠨ ᠮᠡᠷᠭᠡᠵᠢᠯ ᠢ ᠰᠤᠷᠤᠯᠴᠠᠵᠤ ᠪᠠᠶᠢᠨ᠎ᠠ᠃ ᠳᠠᠷᠠᠭᠠᠴᠢ ᠪᠠᠷ ᠲᠡᠷᠡ ᠴᠡᠪᠡᠷ ᠡᠭᠦᠯᠳᠡᠷ ᠤᠨ ᠠᠩᠭᠧᠰ ᠡᠬᠡ ᠮᠠᠯ ᠤᠨ ᠬᠡᠭᠡᠯ ᠪᠠᠶᠢᠴᠠᠭᠠᠯᠲᠠ ᠶᠢᠨ ᠠᠵᠢᠯ ᠳᠤ ᠣᠷᠤᠯᠴᠠᠬᠤ ᠪᠠᠷ ᠪᠠᠶᠢᠨ᠎ᠠ᠂ ᠬᠡᠳᠦᠶᠢᠪᠡᠷ ᠠᠵᠢᠯ ᠳᠤ ᠭᠠᠷᠤᠭᠠᠳ ᠤᠳᠠᠭᠠᠳᠤᠢ ᠪᠣᠯᠪᠠᠴᠦ ᠬᠡᠳᠦᠨ ᠤᠳᠠᠭᠠᠨ ᠤ ᠰᠢᠰᠲ᠋ᠧᠮ ᠲᠠᠢ ᠪᠣᠯᠪᠠᠰᠤᠷᠠᠯ ᠢᠶᠠᠷ ᠳᠠᠮᠵᠢᠵᠤ᠂ ᠠᠵᠢᠯᠯᠠᠬᠤ ᠳᠠᠭᠠᠨ ᠡᠮᠬᠢ ᠴᠡᠭᠴᠡ  ᠲᠠᠢ ᠪᠠᠶᠢᠳᠠᠭ᠃       ᠡᠭᠦᠯᠳᠡᠷ ᠪᠤᠶᠢᠵᠢᠭᠤᠯᠬᠤ ᠲᠠᠯᠠᠪᠠᠶ ᠨᠢ ᠠᠢ ᠽᠧ ᠮᠦ ᠶᠢᠨ ᠭᠡᠷ ᠠᠴᠠ ᠤᠶᠢᠷᠠᠬᠠᠨ ᠪᠠᠶᠢᠳᠠᠭ᠃ ᠲᠡᠷᠡ ︽ᠮᠢᠨᠤ ᠡᠳᠦᠷ ᠪᠦᠷᠢ ᠶᠢᠨ ᠠᠵᠢᠯ ᠨᠢ ᠡᠪᠡᠰᠦ ᠪᠣᠷᠳᠤᠭ᠎ᠠ ᠨᠡᠮᠡᠵᠦ᠂ ᠦᠬᠡᠷ ᠤᠨ ᠦᠰᠦᠯᠲᠡ ᠪᠣᠶᠢᠵᠢᠯᠲᠠ ᠶᠢᠨ ᠪᠠᠶᠢᠳᠠᠯ ᠢ ᠠᠵᠢᠭᠯᠠᠨ᠎ᠠ᠂ ᠠᠵᠢᠯᠯᠠᠵᠤ ᠠᠮᠠᠷᠠᠬᠤ ᠴᠠᠭ ᠨᠢ ᠨᠡᠯᠢᠶᠡᠳ ᠲᠣᠭᠲᠠᠪᠤᠷᠢᠲᠠᠶ᠂ ᠬᠤᠭᠤᠯᠠ ᠬᠤᠨᠤᠭ ᠢ ᠲᠠᠯᠠᠪᠠᠢ ᠠᠴᠠ ᠬᠠᠷᠢᠭᠤᠴᠠᠵᠤ᠂ ᠨᠢᠭᠡ ᠰᠠᠷ᠎ᠠ 3000 ᠭᠠᠷᠤᠶ ᠲᠥᠭᠦᠷᠢᠭ ᠣᠯᠵᠤ ᠳᠡᠶᠢᠯᠦᠨ᠎ᠡ᠃︾      2018 ᠣᠨ ᠳᠤ᠂ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠶᠢᠨ ᠵᠦᠪᠯᠡᠯ ᠤᠨ ᠲᠠᠨᠢᠯᠴᠠᠭᠤᠯᠭ᠎ᠠ ᠳᠣᠣᠷ᠎ᠠ᠂ ᠾᠧᠩ ᠳ᠋ᠠ ᠪᠦᠯᠦᠭᠯᠡᠯ ᠮᠠᠢ ᠭᠠᠢ ᠲᠢ ᠰᠢᠶᠠᠨ ᠤ ᠮᠠᠯ ᠠᠵᠣ ᠠᠬᠤᠢ ᠶᠢᠨ ᠳᠡᠰ ᠳᠠᠪᠰᠢᠬᠦ ᠳᠤ 5 ᠳ᠋ᠦᠩᠰᠢᠭᠤᠷ ᠲᠥᠭᠦᠷᠢᠭ ᠲᠤᠰᠠᠯᠠᠨ ᠳᠡᠮᠵᠢᠵᠦ᠂ ᠪᠦᠬᠦ ᠰᠢᠶᠠᠨ ᠳᠤ 7 ᠬᠡᠪᠴᠢᠶᠡᠵᠢᠭᠰᠡᠨ ᠲᠡᠵᠢᠭᠡᠯᠭᠡ ᠶᠢᠨ ᠲᠠᠯᠠᠪᠠᠢ ᠪᠠᠶᠢᠭᠤᠯᠵᠤ᠂ ᠰᠢᠨᠵᠢᠶᠠᠩ ᠤᠨ ᠳ᠋ᠤᠤ ᠯᠠᠩ ᠶᠠᠩ ᠭᠤᠸᠠᠩ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠬᠤᠪᠢ ᠣᠷᠤᠭᠤᠯᠤᠭᠰᠠᠨ ᠬᠢᠵᠠᠭᠠᠷᠲᠤ ᠺᠤᠮᠫᠠᠨᠢ ᠠᠴᠠ ᠬᠠᠷᠢᠭᠤᠴᠠᠵᠤ ᠠᠦ᠋ᠰᠲᠷᠠᠯᠢᠶ᠎ᠠ ᠠᠴᠠ ᠴᠡᠪᠡᠷ ᠡᠭᠦᠯᠳᠡᠷ ᠤᠨ ᠠᠩᠭᠧᠰ ᠡᠬᠡ ᠮᠠᠯ ᠢ ᠤᠷᠤᠭᠤᠯᠵᠠᠢ᠃ ᠪᠦᠬᠦ ᠰᠢᠶᠠᠨ ᠨᠢ ︽ᠺᠣᠮᠫᠠᠨᠢ ᠠᠴᠠ ᠭᠦᠢᠴᠡᠳᠬᠡᠵᠦ᠂ ᠲᠣᠰᠬᠤᠨ ︵ᠨᠡᠶᠢᠭᠡᠮ ᠲᠣᠭᠤᠷᠢᠭ︶ ᠬᠤᠪᠢ ᠡᠵᠡᠮᠰᠢᠬᠦ᠂ ᠶᠠᠳᠠᠭᠤ ᠬᠦᠴᠢᠷᠳᠡᠯᠲᠡᠶ ᠡᠷᠦᠬᠡ ᠣᠷᠣᠯᠭ᠎ᠠ ᠬᠤᠪᠢᠶᠠᠷᠢᠯᠠᠵᠤ ᠠᠰᠢᠭ ᠬᠦᠷᠳᠡᠬᠦ︾ ᠤᠷᠳᠤ ᠤᠳᠠᠭᠠᠨ ᠴᠢᠨᠠᠷᠲᠠᠶ ᠬᠠᠪᠰᠤᠷᠤᠨ ᠳᠡᠳᠬᠦᠬᠦ ᠬᠡᠯᠪᠡᠷᠢ ᠶᠢ ᠰᠦᠪᠡᠭᠴᠢᠯᠡᠨ ᠦᠢᠯᠡᠳᠦᠯᠭᠡᠵᠢᠭᠦᠯᠵᠡᠢ᠃ ᠡᠨᠡ ᠬᠦ ᠣᠳᠤ ᠥᠶ᠎ᠡ ᠶᠢᠨ ᠮᠠᠯ ᠠᠵᠣ ᠠᠬᠤᠢ ᠶᠢᠨ ᠪᠣᠷᠤ ᠲᠦᠰᠦᠪ ᠨᠢ᠂ ᠠᠢ ᠽᠧ ᠮᠦ ᠠᠳᠠᠯᠢᠬᠠᠨ ᠦᠯᠡᠭᠦᠦ ᠬᠦᠳᠡᠯᠮᠦᠷᠢ ᠬᠦᠴᠦᠨ ᠳᠤ ᠪᠠᠶᠠᠵᠢᠯ ᠤᠨ ᠰᠢᠨ᠎ᠡ ᠵᠠᠮ ᠢ ᠨᠡᠭᠡᠭᠡᠭᠰᠡᠨ ᠢᠶᠠᠷ ᠪᠠᠷᠠᠬᠤ ᠦᠭᠡᠢ ᠪᠠᠰᠠ ᠴᠦᠭᠡᠨ ᠪᠤᠰᠤ ᠬᠦᠰᠡᠯ ᠵᠣᠷᠢᠭ ᠲᠠᠢ ᠵᠠᠯᠠᠭᠤᠴᠤᠳ ᠤᠨ ᠨᠤᠲᠤᠭ ᠲᠠᠭᠠᠨ ᠪᠤᠴᠠᠵᠤ ᠠᠵᠢᠯ ᠤᠯᠬᠤ ᠶᠢ ᠵᠤᠷᠢᠭᠵᠢᠭᠤᠯᠵᠠᠢ᠃      ᠮᠠᠢ ᠭᠠᠢ ᠲᠢ ᠰᠢᠶᠠᠨ ᠤ ᠴᠡᠪᠡᠷ ᠡᠭᠦᠯᠳᠡᠷ ᠤᠨ ᠠᠩᠭᠧᠰ ᠦᠬᠡᠷ ᠤᠨ ᠳᠥᠷᠪᠡ᠂ ᠲᠠᠪᠤᠳᠤᠭᠠᠷ ᠡᠭᠦᠯᠳᠡᠷ ᠪᠤᠶᠢᠵᠢᠭᠤᠯᠬᠤ ᠲᠠᠯᠠᠪᠠᠢ ᠶᠢᠨ ᠳᠠᠷᠤᠭ᠎ᠠ ᠯᠦᠸᠧ ᠭᠤᠸᠠᠩ ᠽᠦᠩ ᠬᠡᠯᠡᠭᠰᠡᠨ ᠨᠢ᠄ ︽ᠪᠢᠳᠡ ᠣᠳᠣᠬᠠᠨ ᠳᠤ ᠭᠤᠣᠯᠳᠠᠭᠤ ᠣᠶᠢᠷ᠎ᠠ ᠬᠠᠪᠢ ᠶᠢᠨ ᠲᠠᠷᠢᠶᠠᠴᠢᠨ᠂ ᠶᠠᠳᠠᠭᠤ ᠬᠦᠴᠢᠷᠳᠡᠯᠲᠠᠢ ᠡᠷᠦᠭᠡ᠂ ᠠᠵᠢᠯ ᠬᠦᠯᠢᠶᠡᠵᠦ ᠪᠠᠶᠢᠭ᠎ᠠ ᠵᠠᠯᠠᠭᠤᠴᠤᠳ ᠳᠤ ᠠᠵᠢᠯ ᠤᠨ ᠪᠠᠶᠢᠷᠢ ᠣᠯᠭᠤᠵᠤ᠂ ᠲᠡᠳᠡᠨᠦᠰ ᠲᠤ ᠠᠷᠠᠴᠢᠯᠠᠭ᠎ᠠ ᠲᠡᠵᠢᠭᠡᠯᠭᠡ ᠬᠠᠮᠢᠶᠠᠷᠤᠯᠲᠠ ᠵᠡᠷᠭᠡ ᠲᠠᠯ᠎ᠠ ᠪᠠᠷ ᠬᠢ ᠮᠡᠷᠭᠡᠵᠢᠯ ᠢ ᠰᠤᠷᠭᠠᠵᠤ᠂ ᠠᠵᠤ ᠦᠢᠯᠡᠰ ᠢ ᠬᠥᠭᠵᠢᠭᠦᠯᠦᠭᠰᠡᠨ ᠮᠥᠷᠲᠡᠭᠡᠨ ᠡᠳᠡᠭᠡᠷ ᠲᠤᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠦᠨ ᠶᠠᠳᠠᠭᠤ ᠠᠴᠠ ᠠᠩᠭᠢᠵᠢᠷᠠᠬᠤ ᠳᠤ ᠲᠤᠩ ᠰᠠᠶᠢᠨ ᠲᠣᠬᠢᠶᠠᠯ ᠲᠠᠪᠴᠠᠩ ᠢ ᠬᠠᠩᠭᠠᠵᠠᠢ︾ ᠭᠡᠪᠡ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号