ᠬᠤᠨᠢᠨ ᠤ ᠦᠷᠡᠵᠢᠯ ᠤᠨ ᠴᠢᠳᠠᠪᠤᠷᠢ ᠶᠢ ᠬᠡᠷᠬᠢᠨ ᠳᠡᠭᠡᠭᠰᠢᠯᠡᠭᠦᠯᠬᠦ
ᠨᠡᠶᠢᠲᠡᠯᠡᠭᠰᠡᠨ ᠴᠠᠭ᠄
2019/4/16
     ᠨᠢᠭᠡ᠂ ᠡᠭᠦᠯᠳᠡᠷ ᠰᠣᠩᠭᠤᠬᠤ ᠪᠠ ᠰᠣᠩᠭᠤᠨ ᠬᠡᠭᠡᠯᠳᠦᠭᠦᠯᠭᠡ ᠶᠢ ᠴᠢᠩᠭᠠᠳᠬᠠᠨ᠋᠎ᠠ᠃ ᠦᠷ᠎ᠡ ᠶᠢᠨ ᠮᠠᠯ ᠰᠤᠩᠭᠤᠬᠤ᠄ ᠦᠷᠡᠵᠢᠯ ᠤᠨ ᠴᠢᠳᠠᠪᠤᠷᠢ ᠦᠭᠡᠢ ᠦᠷ᠎ᠡ ᠶᠢᠨ ᠮᠠᠯ ᠢ ᠴᠠᠭ ᠲᠤᠬᠠᠶ ᠳᠤᠨᠢ ᠲᠠᠶᠠᠭᠳᠠᠵᠤ᠂ ᠦᠷᠡᠵᠢᠯ ᠤᠨ ᠴᠢᠳᠠᠪᠤᠷᠢ ᠥᠨᠳᠥᠷ ᠡᠬᠡ ᠮᠠᠯ ᠤᠨ ᠬᠤᠶᠢᠴᠢ ᠦᠶ᠎ᠡ ᠠᠴᠠ ᠦᠷ᠎ᠡ ᠶᠢᠨ ᠮᠠᠯ ᠰᠣᠩᠭᠤᠨ᠎ᠠ᠃      ᠬᠤᠶᠠᠷ᠂ ᠣᠯᠠᠨ ᠲᠥᠯ ᠲᠠᠢ ᠭᠧᠨ ᠢ ᠠᠰᠢᠭᠯᠠᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠬᠤᠨᠢ ᠲᠡᠵᠢᠭᠡᠬᠦ ᠦᠢᠯᠡᠳᠦᠯᠭᠡ ᠠᠴᠠ ᠮᠡᠳᠡᠭᠰᠡᠨ ᠨᠢ᠂ ᠣᠯᠠᠨ ᠬᠦᠪᠦᠷᠡᠯ ᠤᠨ ᠡᠭᠦᠯᠳᠡᠷ ᠢ ᠣᠷᠣᠨ ᠨᠤᠲᠤᠭ ᠤᠨ ᠡᠭᠦᠯᠳᠡᠷ ᠤᠨ ᠬᠤᠨᠢ ᠲᠠᠢ ᠡᠷᠯᠢᠰᠡᠵᠢᠭᠦᠯᠬᠦ ᠨᠢ ᠦᠷᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠲᠦᠷᠭᠡᠨ᠂ ᠪᠦᠲᠤᠮᠵᠢᠲᠠᠢ ᠪᠥᠭᠡᠳ ᠳᠥᠭᠦᠮ ᠳᠥᠲᠡ ᠬᠢᠯᠪᠡᠷ ᠶᠠᠪᠤᠭᠳᠠᠬᠤ ᠠᠷᠭ᠎ᠠ ᠪᠣᠯᠣᠨ᠎ᠠ᠂ ᠭᠠᠳᠠᠭᠠᠲᠤ ᠤᠯᠤᠰ ᠯᠠᠨᠳ᠋ᠷᠠᠰ ᠬᠤᠨᠢ ︵兰德瑞斯羊︶᠂ ᠫᠷᠦᠯᠠ ᠬᠤᠨᠢ(布鲁拉羊)᠂ ᠷᠤᠮᠠᠨᠤᠹ ᠬᠤᠨᠢ(罗曼诺夫羊) ᠶᠢ ᠠᠰᠢᠭᠯᠠᠵᠤ ᠪᠠᠶᠢᠬᠤ ᠲᠠᠢ ᠠᠳᠠᠯᠢᠬᠠᠨ᠂ ᠤᠯᠤᠰ ᠤᠨ ᠳᠣᠲᠣᠭᠠᠳᠤ ᠳᠤ ᠣᠬᠤᠷ ᠰᠡᠭᠦᠯᠲᠦ ᠬᠠᠨᠶᠠᠩ ᠬᠤᠨᠢ(小尾寒羊) ᠪᠠ ᠬᠤᠶᠠᠩ ᠬᠤᠨᠢ(湖羊)ᠵᠡᠷᠭᠡ ᠤᠯᠠᠨ ᠲᠥᠯ ᠲᠠᠢ ᠡᠭᠦᠯᠳᠡᠷ ᠢᠶᠠᠷ ᠡᠴᠢᠭᠡ ᠪᠡᠶ᠎ᠡ ᠪᠣᠯᠭᠠᠨ ᠡᠷᠯᠢᠰᠡᠵᠢᠭᠦᠯᠦᠭᠰᠡᠨ ᠨᠢ᠂ ᠲᠥᠯ ᠤᠨ ᠲᠤᠭ᠎ᠠ ᠶᠢ ᠢᠯᠡᠳᠲᠡ ᠨᠡᠮᠡᠭᠳᠡᠭᠦᠯᠪᠡ᠃      ᠭᠤᠷᠪᠠ᠂ ᠦᠷᠡᠵᠢᠯ ᠢ ᠡᠵᠡᠮᠰᠢᠬᠦ ᠮᠡᠷᠭᠡᠵᠢᠯ᠃ ᠦᠷᠡᠵᠢᠯ ᠤᠨ ᠰᠢᠨ᠎ᠡ ᠮᠡᠷᠭᠡᠵᠢᠯ ᠢ ᠬᠡᠷᠡᠭᠯᠡᠵᠦ᠂ ᠦᠷᠡᠵᠢᠯ ᠤᠨ ᠦᠶᠡᠯᠡᠯ ᠤᠨ ᠬᠤᠭᠤᠴᠠᠭ᠎ᠠ ᠶᠢ ᠡᠵᠡᠮᠰᠢᠵᠦ ᠲᠥᠯᠯᠡᠯᠲᠡ ᠶᠢᠨ ᠠᠯᠤᠰᠯᠠᠬᠤ ᠬᠤᠭᠤᠴᠠᠭ᠎ᠠ ᠶᠢ ᠪᠤᠭᠤᠨᠢᠰᠬᠠᠨ᠎ᠠ᠃ ᠲᠥᠯᠯᠡᠬᠦ ᠳᠠᠪᠲᠠᠮᠵᠢ ᠪᠣᠯᠤᠨ ᠬᠡᠭᠡᠯᠳᠦᠬᠦ ᠤᠷᠮ᠎ᠠ ᠶᠢ ᠳᠡᠭᠡᠭᠰᠢᠯᠡᠬᠦᠯᠵᠦ᠂ ᠤᠳᠠᠭ᠎ᠠ ᠪᠦᠷᠢ ᠶᠢᠨ ᠲᠥᠯ ᠤᠨ ᠲᠤᠭ᠎ᠠ ᠶᠢ ᠨᠡᠮᠡᠭᠳᠡᠭᠦᠯᠵᠦ᠂ ᠦᠷᠡᠵᠢᠯ ᠤᠨ ᠳᠠᠯᠳᠠ ᠬᠦᠴᠦᠨ ᠢ ᠭᠦᠢᠴᠡᠳ ᠠᠭᠤᠳᠠᠯᠯᠠᠨ᠎ᠠ᠃      ᠳᠥᠷᠪᠡ᠂ ᠲᠡᠷᠢᠭᠦᠨ ᠤ ᠦᠷ᠎ᠡ ᠳᠠᠮᠵᠢᠭᠤᠯᠬᠤ ᠮᠡᠷᠭᠡᠵᠢᠯ ᠢ ᠬᠡᠷᠡᠭᠯᠡᠬᠦ᠃      ᠲᠠᠪᠤ᠂ ᠰᠢᠮ᠎ᠡ ᠲᠡᠵᠢᠭᠡᠯ ᠢ ᠨᠡᠮᠡᠭᠳᠡᠭᠦᠯᠵᠦ᠂ ᠨᠡᠯᠢᠶᠡᠳ ᠰᠠᠶᠢᠨ ᠪᠡᠶ᠎ᠡ ᠶᠢᠨ ᠪᠠᠶᠢᠳᠠᠯ ᠢ ᠪᠠᠲᠤᠯᠠᠨ᠎ᠠ᠃      ᠵᠢᠷᠭᠤᠭ᠎ᠠ᠂ ᠬᠦᠪᠦᠷᠡᠯ ᠰᠢᠯᠵᠢᠭᠦᠯᠬᠦ ᠪᠠ ᠬᠦᠪᠦᠷᠡᠯ ᠢ ᠰᠠᠯᠭᠠᠬᠤ ᠮᠡᠷᠭᠡᠵᠢᠯ ᠢ ᠬᠡᠷᠡᠭᠯᠡᠨ᠎ᠡ᠃ ᠬᠦᠪᠦᠷᠡᠯ ᠰᠢᠯᠵᠢᠭᠦᠯᠬᠦ ᠮᠡᠷᠭᠡᠵᠢᠯ ᠢ ᠠᠰᠢᠭᠯᠠᠬᠤ ᠨᠢ ᠰᠢᠯᠢᠳᠡᠭ ᠡᠭᠦᠯᠳᠡᠷ ᠤᠨ ᠬᠤᠨᠢᠨ ᠤ ᠰᠦᠷᠦᠭᠵᠢᠯ ᠢ ᠲᠦᠷᠭᠡᠳᠭᠡᠵᠦ᠂ ᠡᠬᠡ ᠮᠠᠯ ᠤᠨ ᠦᠷᠡᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号