— 2014 ᠣᠨ ᠤ 1 ᠳ᠋ᠣᠭᠡᠷ ᠰᠠᠷ᠎ᠠ ᠶᠢᠨ 15 ᠤ ᠡᠳᠦᠷ |
| | ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠣᠭᠠᠷ |
| ᠬᠤᠭᠤᠴᠠᠭᠠᠨ ᠤ ᠠᠷᠠᠳ ᠣᠨᠲ᠋ᠦ᠋ᠯᠦᠭᠡᠯᠡᠭᠴᠢᠳ ᠣᠨᠶᠡᠭᠡ ᠬᠤᠷᠠᠯ ᠤᠨ |
| ᠬᠤᠶᠠᠳᠣᠭᠠᠷ ᠬᠤᠷᠠᠯᠳᠣᠭᠠᠨ ᠳᠡᠭᠡᠷ᠎ᠡ |
| | | ᠦᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠭᠠᠲᠣᠷ |
| | | ᠣᠳᠣ᠂ ᠪᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ |
| ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠦᠪᠯᠡᠬᠦ ᠪᠣᠯᠪᠠᠣ᠂ ᠲᠡᠷᠡᠴᠢᠯᠡᠨ ᠦᠪᠡᠷᠲᠡᠭᠡᠨ |
| ᠵᠠᠰᠠᠬᠤ ᠣᠷᠣᠨ ᠤ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ ᠪᠣᠯᠣᠨ ᠬᠤᠷᠠᠯ ᠳᠤ ᠰᠣᠯᠠ ᠣᠷᠣᠯᠴᠠᠭᠰᠠᠳ |
| ᠰᠠᠨᠠᠯ ᠢᠶᠠᠨ ᠳᠣᠷᠠᠳᠬᠤ ᠪᠣᠯᠪᠠᠣ᠃ |
| ᠨᠢᠭᠡ᠂ ᠦᠡᠭᠭᠡᠷᠡᠭᠰᠡᠨ ᠨᠢᠭᠡ ᠵᠢᠯ ᠤᠨ ᠠᠵᠢᠯ ᠤᠨ ᠡᠷᠬᠢᠴᠡᠭᠦᠯᠦᠯ |
| 2013 ᠣᠨ ᠪᠣᠯ ᠲᠣᠰ ᠬᠤᠭᠤᠴᠠᠭᠠᠨ ᠤ ᠵᠠᠰᠠᠭ ᠤᠨ ᠣᠷᠳᠣᠨ ᠤ ᠡᠬᠢᠯᠡᠯᠲᠡ ᠶᠢᠨ ᠣᠨ ᠪᠣᠯᠬᠤ ᠪᠦᠭᠡᠳ |
| ᠮᠦᠨ ᠴᠦ ᠬᠠᠲᠠᠭᠤ ᠴᠢᠩᠭ᠎ᠠ ᠰᠢᠯᠭᠠᠯᠲᠠ ᠪᠠᠷ ᠳᠠᠮᠵᠢᠭᠠᠳ ᠰᠢᠨ᠎ᠡ ᠠᠮᠵᠢᠯᠲᠠ ᠣᠯᠣᠭᠰᠠᠨ ᠨᠢᠭᠡ ᠵᠢᠯ ᠪᠣᠯᠣᠨ᠎ᠠ᠃ |
| ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠣᠳᠠᠯ ᠤᠨ ᠬᠤᠷᠢᠶ᠎ᠠ ᠪᠣᠯᠣᠨ ᠦᠪᠡᠷᠲᠡᠭᠡᠨ ᠵᠠᠰᠠᠬᠤ ᠣᠷᠣᠨ ᠤ ᠨᠠᠮ ᠤᠨ |
| ᠲᠦᠪ ᠬᠤᠷᠢᠶᠠᠨ ᠤ ᠵᠦᠪ ᠣᠨᠣᠪᠴᠢᠲᠠᠢ ᠣᠳᠣᠷᠢᠳᠣᠯᠭ᠎ᠠ ᠳᠣᠣᠷ᠎ᠠ᠂ ᠦᠪᠡᠷᠲᠡᠭᠡᠨ ᠵᠠᠰᠠᠬᠤ ᠣᠷᠣᠨ ᠤ ᠵᠠᠰᠠᠭ ᠤᠨ |
| ᠣᠷᠳᠣᠨ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠨᠢᠭᠲᠠ ᠲᠦᠰᠢᠭᠯᠡᠨ᠂ ᠨᠠᠮ ᠤᠨ ᠠᠷᠪᠠᠨ |
| ᠨᠠᠢᠮᠠᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠦᠪᠡᠷᠲᠡᠭᠡᠨ ᠵᠠᠰᠠᠬᠤ ᠣᠷᠣᠨ ᠤ ︽8337︾ |
| ᠬᠦᠭᠵᠢᠯᠲᠡ ᠶᠢᠨ ᠰᠡᠳᠭᠢᠴᠡ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠯᠠᠪᠳᠠᠭᠤᠨ ᠢᠶᠠᠷ |
| ᠣᠷᠣᠭᠰᠢ ᠳᠠᠪᠰᠢᠭᠤᠯᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠨ᠂ ᠨᠡᠮᠡᠭᠳᠡᠯ ᠢ ᠯᠠᠪᠳᠠᠭᠤᠨ |
| ᠪᠠᠶᠢᠯᠭᠠᠬᠤ᠂ ᠪᠦᠲᠦᠴᠡ ᠶᠢ ᠲᠣᠬᠢᠷᠠᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠠᠷᠠᠳ ᠤᠨ ᠠᠮᠢᠳᠣᠷᠠᠯ ᠢ |
| ᠬᠠᠷᠭᠠᠯᠵᠠᠬᠤ ᠵᠡᠷᠭᠡ ᠡᠯ᠎ᠡ ᠵᠦᠢᠯ ᠤᠨ ᠠᠵᠢᠯ ᠢ ᠨᠢᠬᠡᠳᠦᠯᠲᠡᠢ ᠲᠦᠯᠦᠪᠯᠡᠨ ᠠᠬᠢᠭᠤᠯᠵᠣ᠂ ᠠᠵᠣ ᠠᠬᠤᠢ ᠪᠠᠭᠤᠷᠠᠵᠣ |
| ᠪᠠᠶᠢᠭ᠎ᠠ ᠳᠠᠷᠣᠯᠲᠠ ᠶᠢ ᠴᠢᠷᠮᠠᠶᠢᠨ ᠢᠯᠠᠨ ᠳᠠᠪᠠᠵᠣ᠂ ᠰᠢᠨᠵᠢᠯᠡᠬᠦ ᠣᠬᠠᠭᠠᠨᠴᠢ ᠬᠦᠭᠵᠢᠯᠲᠡ ᠶᠢ ᠲᠦᠯᠬᠢᠨ ᠠᠬᠢᠭᠤᠯᠬᠤ᠂ |
| ᠠᠷᠠᠳ ᠢ ᠪᠠᠶᠠᠵᠢᠭᠤᠯᠣᠨ ᠣᠷᠣᠨ ᠢᠶᠠᠨ ᠬᠦᠴᠦᠷᠬᠡᠭᠵᠢᠬᠦᠯᠬᠦ ᠵᠠᠮ ᠢᠶᠠᠷ ᠰᠢᠨ᠎ᠡ ᠠᠯᠬᠤᠮ ᠢ ᠠᠯᠬᠤᠪᠠ᠃ |
| ︵ᠨᠢᠭᠡ︶ ᠠᠵᠣ ᠠᠬᠤᠢ ᠶᠢᠨ ᠬᠦᠭᠵᠢᠯᠲᠡ ᠲᠣᠭᠲᠠᠭᠤᠨ ᠪᠠᠶᠢᠬᠤ ᠶᠢᠨ ᠳᠠᠭᠠᠣ ᠳᠤ ᠰᠠᠶᠢᠵᠢᠷᠠᠯ ᠲᠠᠢ |
| ᠪᠠᠶᠢᠳᠠᠯ ᠢᠯᠡᠷᠡᠪᠡ᠃ ᠨᠢᠳᠣᠨᠣᠨ᠂ ᠮᠠᠨ ᠤ ᠣᠷᠣᠨ ᠤ ᠠᠵᠣ ᠠᠬᠤᠢ ᠶᠢᠨ ᠬᠦᠭᠵᠢᠯᠲᠡ ᠳᠤ ᠣᠶᠢᠷ᠎ᠠ ᠶᠢᠨ ᠵᠢᠯ |
| ᠴᠦᠬᠡᠨ ᠲᠣᠬᠢᠶᠠᠯᠳᠣᠭᠰᠠᠨ ᠬᠦᠴᠢᠷᠳᠡᠯ ᠲᠠᠢ ᠪᠠᠶᠢᠳᠠᠯ ᠭᠠᠷᠪᠠ᠃ ᠣᠯᠣᠰ ᠤᠨ ᠲᠣᠲᠣᠭᠠᠲᠣ ᠭᠠᠳᠠᠭᠠᠲᠣ ᠶᠢᠨ |
| ᠲᠦᠪᠡᠭ ᠪᠣᠳᠣᠯᠢᠶᠠᠨᠲᠠᠢ ᠪᠠᠶᠢᠳᠠᠯ ᠪᠣᠯᠣᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠲᠠᠯᠭ᠎ᠠ ᠬᠦᠷᠦᠯᠴᠡᠬᠦ ᠦᠭᠡᠢ᠂ |
| ᠠᠵᠣ ᠠᠬᠤᠶᠢᠯᠠᠯ ᠤᠨ ᠦᠷ᠎ᠡ ᠠᠰᠢᠭ ᠪᠠᠭᠤᠷᠠᠭᠰᠠᠨ᠂ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ |
| ᠣᠳᠠᠭᠠᠰᠢᠷᠠᠭᠰᠠᠨ ᠵᠡᠷᠭᠡ ᠬᠠᠲᠠᠭᠤ ᠴᠢᠩᠭ᠎ᠠ ᠦᠷᠢᠰᠦᠳᠦᠯᠭᠡᠨ ᠳᠤ ᠬᠠᠨᠳᠣᠨ᠂ ᠲᠦᠷᠦ ᠶᠢᠨ ᠪᠣᠳᠣᠯᠭ᠎ᠠ ᠶᠢᠨ |
| ᠲᠣᠬᠢᠷᠠᠭᠤᠯᠭ᠎ᠠ ᠡᠵᠡᠮᠳᠡᠯ ᠪᠣᠯᠣᠨ ᠪᠡᠯᠡ ᠣᠷᠣᠭᠤᠯᠣᠯᠲᠠ ᠶᠢᠨ ᠲᠣᠯᠭᠠᠭᠤᠷᠢᠯᠠᠯ ᠢ ᠣᠯᠠᠮ ᠨᠢᠭᠡ ᠠᠯᠬᠤᠮ |
| ᠴᠢᠩᠭᠠᠷᠠᠭᠤᠯᠣᠨ᠂ ᠠᠵᠣ ᠠᠬᠤᠢ ᠶᠢᠨ ᠨᠡᠮᠡᠭᠳᠡᠯ ᠢ ᠪᠦᠬᠦ ᠬᠦᠴᠦᠨ ᠢᠶᠠᠷ ᠢᠶᠠᠨ ᠲᠣᠭᠲᠠᠪᠦᠷᠢᠵᠢᠭᠤᠯᠣᠭᠠᠳ᠂ ᠠᠵᠣ |
| ᠠᠬᠤᠢ ᠶᠢᠨ ᠭᠤᠣᠯ ᠪᠣᠯᠬᠤ ᠭᠦᠢᠴᠡᠳᠭᠡᠬᠦ ᠲᠤᠭ᠎ᠠ ᠶᠢᠨ ᠨᠡᠮᠡᠭᠳᠡᠯ ᠤᠨ ᠬᠤᠷᠳᠣᠴᠠ ᠶᠢ ᠵᠣᠬᠢᠰᠲᠠᠢ ᠪᠠᠶᠢᠷᠢᠨ ᠳᠤ |
| ᠪᠠᠶᠢᠯᠭᠠᠪᠠ᠃ ᠪᠦᠬᠦ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 1.68 ᠲᠦᠮᠡᠨ ᠳ᠋ᠦᠡᠭᠰᠢᠭᠤᠷ |
| ᠲᠦᠭᠦᠷᠢᠭ ᠪᠡᠶᠡᠯᠡᠭᠦᠯᠵᠦ᠂ 9% ᠪᠠᠷ ᠨᠡᠮᠡᠭᠳᠡᠪᠡ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ |
| ᠣᠷᠣᠯᠭ᠎ᠠ1719.5 ᠳ᠋ᠦᠡᠭᠰᠢᠭᠤᠷ ᠲᠦᠭᠦᠷᠢᠭ ᠪᠠᠶᠢᠵᠣ᠂ 10.7% ᠪᠠᠷ ᠨᠡᠮᠡᠭᠳᠡᠪᠡ︔ ᠪᠦᠬᠦ ᠨᠡᠶᠢᠬᠡᠮ ᠤᠨ |
| ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠶᠢ 1.55 ᠲᠦᠮᠡᠨ ᠳ᠋ᠦᠡᠭᠰᠢᠭᠤᠷ ᠪᠡᠶᠡᠯᠡᠭᠦᠯᠵᠦ᠂18.4% ᠪᠠᠷ |
| ᠨᠡᠮᠡᠭᠳᠡᠪᠡ᠃ ᠲᠠᠷᠢᠶᠠᠯᠠᠩ ᠮᠠᠯ ᠠᠵᠣ ᠠᠬᠤᠢ ᠶᠢᠨ ᠦᠨᠳᠦᠰᠦᠨ ᠰᠠᠭᠤᠷᠢ ᠪᠠᠶᠢᠷᠢ ᠶᠢ ᠲᠠᠰᠣᠷᠠᠯᠲᠠ ᠦᠭᠡᠢ |
| ᠴᠢᠩᠭᠠᠷᠠᠭᠤᠯᠪᠠ᠃ ᠲᠠᠷᠢᠶᠠᠯᠠᠩ ᠮᠠᠯ ᠠᠵᠣ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠣᠷᠢ ᠶᠢ |
| ᠯᠠᠪᠳᠠᠭᠤᠨ ᠢᠶᠠᠷ ᠳᠡᠭᠡᠭᠰᠢᠯᠡᠭᠦᠯᠵᠦ᠂ ᠠᠮᠣ ᠪᠣᠳᠠᠭᠠᠨ ᠤ ᠬᠤᠷᠢᠶᠠᠯᠲᠠ ᠲᠡᠣᠬᠡ ᠶᠢᠨ ᠰᠢᠨ᠎ᠡ ᠦᠨᠳᠦᠷ ᠬᠤᠷᠢᠶᠠᠯᠲᠠ ᠶᠢ |
| ᠲᠠᠬᠢᠨᠲᠠ ᠡᠭᠦᠳᠴᠦ᠂ ᠶᠡᠷᠦᠩᠬᠡᠢ ᠬᠤᠷᠢᠶᠠᠯᠲᠠ 554.6 ᠳ᠋ᠦᠡᠭᠰᠢᠭᠤᠷ ᠵᠢᠩ ᠳᠤ ᠬᠦᠷᠴᠦ᠂ 48.9 ᠳ᠋ᠦᠡᠭᠰᠢᠭᠤᠷ |
| ᠵᠢᠩ ᠨᠡᠮᠡᠭᠳᠡᠵᠦ᠂ 9.7% ᠪᠠᠷ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠪᠣᠯᠣᠨ ᠨᠡᠮᠡᠭᠳᠡᠯ ᠤᠨ ᠬᠡᠪᠴᠢᠶ᠎ᠡ ᠴᠦᠮ ᠪᠦᠬᠦ |
| ᠣᠯᠣᠰ ᠤᠨ ᠲᠡᠷᠢᠭᠦᠨ ᠳᠤ ᠣᠷᠣᠪᠠ︔ ᠲᠡᠵᠢᠭᠡᠵᠦ ᠪᠠᠶᠢᠭ᠎ᠠ ᠮᠠᠯ 9 ᠵᠢᠯ ᠳᠠᠷᠠᠭᠠᠯᠠᠨ 1 ᠳ᠋ᠦᠡᠭᠰᠢᠭᠤᠷ ᠲᠤᠭ᠎ᠠ |
| ᠲᠣᠯᠣᠭᠠᠢ ᠠᠴᠠ ᠳᠡᠭᠡᠭᠰᠢ ᠶᠢ ᠪᠠᠲᠣᠯᠠᠵᠣ᠂ ᠮᠠᠯ ᠤᠨ ᠮᠢᠬ᠎ᠠ᠂ ᠰᠦ᠂ ᠨᠣᠣᠰᠣ ᠨᠣᠣᠯᠣᠷ ᠤᠨ ᠭᠠᠷᠣᠯᠲᠠ |
| ᠦᠷᠭᠦᠯᠵᠢᠯᠡᠨ ᠪᠦᠬᠦ ᠣᠯᠣᠰ ᠤᠨ ᠲᠡᠷᠢᠭᠦᠨ ᠳᠤ ᠣᠷᠣᠪᠠ᠃ ᠠᠵᠣ ᠠᠬᠤᠶᠢᠯᠠᠯ ᠤᠨ ᠦᠢᠯᠡᠳᠪᠦᠷᠢᠯᠡᠯ |
| ᠡᠵᠡᠩᠨᠡᠯᠲᠡ ᠶᠢ ᠪᠦᠬᠦ ᠬᠦᠴᠦᠨ ᠢᠶᠠᠷ ᠢᠶᠠᠨ ᠲᠣᠭᠲᠠᠪᠣᠷᠢᠵᠢᠭᠤᠯᠪᠠ᠃ ᠮᠠᠨ ᠤ ᠣᠷᠣᠨ ᠤ ᠴᠠᠬᠢᠯᠭᠠᠨ ᠬᠦᠴᠦᠨ ᠤ |
| ᠳᠠᠪᠠᠭᠤᠯᠢᠭ ᠪᠣᠯᠣᠨ ᠴᠠᠬᠢᠯᠭᠠᠨ ᠤ ᠦᠨ᠎ᠡ ᠶᠢᠨ ᠬᠦᠰᠢᠭᠦᠷᠭᠡ ᠶᠢᠨ ᠦᠢᠯᠡᠳᠦᠯ ᠢ ᠪᠠᠳᠠᠷᠠᠭᠤᠯᠣᠨ᠂ ᠴᠠᠬᠢᠯᠠᠭᠠᠨ |
| ᠬᠦᠴᠦᠨ ᠤ ᠶᠡᠷᠦᠩᠬᠡᠶᠢᠯᠡᠨ ᠲᠡᠳᠬᠦᠬᠦ ᠲᠦᠷᠦ ᠶᠢᠨ ᠪᠣᠳᠣᠯᠭ᠎ᠠ ᠶᠢ ᠨᠡᠶᠢᠲᠡᠯᠡᠵᠦ᠂ ᠠᠵᠣ ᠦᠢᠯᠡᠳᠪᠦᠷᠢ ᠶᠢᠨ ᠬᠡᠷᠡᠭᠯᠡᠬᠦ |
| ᠴᠠᠬᠢᠯᠭᠠᠨ ᠤ ᠬᠡᠮᠵᠢᠶ᠎ᠡ ᠶᠢ 170 ᠳ᠋ᠦᠡᠭᠰᠢᠭᠤᠷ ᠺᠢᠯᠣᠸᠠᠲ ᠴᠠᠭ ᠨᠡᠮᠭᠳᠡᠭᠦᠯᠵᠦ᠂ ᠦᠢᠯᠡᠳᠪᠦᠷᠢᠯᠡᠯ ᠢᠶᠠᠨ |
| ᠵᠣᠭᠰᠣᠭᠠᠭᠰᠠᠨ ᠪᠠ ᠬᠠᠭᠠᠰ ᠵᠣᠭᠰᠣᠭᠠᠭᠰᠠᠨ ᠬᠡᠪᠴᠢᠶᠡᠵᠢᠯ ᠠᠴᠠ ᠳᠡᠭᠡᠭᠰᠢᠬᠢ 261 ᠡᠷᠦᠬᠡ ᠠᠵᠣ ᠠᠬᠤᠶᠢᠯᠠᠯ |
| ᠦᠢᠯᠡᠳᠪᠦᠷᠢᠯᠡᠯ ᠢᠶᠠᠨ ᠰᠡᠷᠭᠦᠭᠡᠭᠡᠳ᠂ ᠭᠠᠶᠢᠯᠢ ᠶᠢᠨ ᠣᠷᠣᠯᠭ᠎ᠠ ᠶᠢ 950 ᠳ᠋ᠦᠡᠭᠰᠢᠭᠤᠷ ᠲᠦᠭᠦᠷᠢᠭ ᠨᠡᠮᠡᠭᠳᠡᠭᠦᠯᠪᠡ᠃ |
| ᠮᠦᠡᠭᠭᠦᠨ ᠬᠦᠢᠯᠭᠡᠭᠡᠨ ᠢᠶᠠᠷ ᠪᠣᠲᠠᠲᠣ ᠴᠣᠭᠴᠠ ᠠᠵᠣ ᠠᠬᠤᠢ ᠶᠢ ᠳᠡᠮᠵᠢᠬᠦᠯᠬᠦ᠂ ᠡᠬᠢ ᠪᠠᠶᠠᠯᠢᠭ ᠤᠨ |
| ᠲᠣᠬᠢᠷᠠᠭᠤᠯᠣᠯᠲᠠ ᠶᠢ ᠲᠡᠭᠦᠯᠳᠡᠷᠵᠢᠭᠦᠯᠬᠦ᠂ ᠡᠬᠢ ᠪᠠᠶᠠᠯᠢᠭ ᠢ ᠬᠦᠷᠦᠩᠭᠡᠵᠢᠭᠦᠯᠦᠨ ᠠᠵᠢᠯᠯᠠᠭᠤᠯᠬᠤ ᠶᠢ ᠲᠦᠯᠬᠢᠨ |
| ᠠᠬᠢᠭᠤᠯᠬᠤ᠂ ᠠᠵᠣ ᠠᠬᠤᠶᠢᠯᠠᠯ ᠳᠤ ᠬᠤᠯᠪᠣᠭᠳᠠᠬᠤ ᠰᠦᠢᠳᠭᠡᠯ ᠬᠤᠷᠢᠶᠠᠬᠤ ᠲᠦᠷᠦᠯ ᠵᠦᠢᠯ ᠢ ᠪᠠᠭᠠᠰᠬᠠᠬᠤ ᠵᠡᠷᠭᠡ |
| ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠣᠷᠢᠵᠢᠭᠤᠯᠣᠨ᠂ ᠠᠵᠣ ᠦᠢᠯᠡᠳᠪᠦᠷᠢ ᠶᠢᠨ ᠠᠵᠣ |
| ᠠᠬᠤᠢ ᠶᠢᠨ ᠨᠡᠮᠡᠭᠳᠡᠯ ᠤᠨ ᠬᠤᠷᠳᠣᠴᠠ ᠶᠢ ᠳᠡᠭᠡᠭᠰᠢᠯᠡᠭᠦᠯᠬᠦ᠂ ᠠᠵᠣ ᠠᠬᠤᠶᠢᠯᠠᠯ ᠤᠨ ᠠᠰᠢᠭ ᠣᠯᠵᠠᠪᠣᠷᠢ ᠶᠢᠨ |
| ᠪᠠᠭᠤᠷᠠᠬᠤ ᠬᠡᠪᠴᠢᠶ᠎ᠡ ᠶᠢ ᠪᠠᠭᠠᠰᠠᠬᠠᠬᠤ᠂ ᠨᠡᠭᠦᠷᠡᠰᠦ ᠴᠠᠬᠢᠯᠭᠠᠨ ᠲᠣᠰᠣ ᠲᠡᠭᠡᠭᠡᠪᠦᠷᠢ ᠵᠡᠷᠭᠡ ᠶᠢᠨ ᠤᠷᠢᠳᠠᠪᠡᠷ |
| ᠬᠡᠷᠡᠭᠵᠢᠭᠦᠯᠬᠦ ᠭᠦᠢᠴᠡᠳᠭᠡᠬᠦ ᠲᠤᠭ᠎ᠠ ᠶᠢᠨ ᠯᠠᠪᠳᠠᠭᠤᠨ ᠢᠶᠠᠷ ᠰᠠᠶᠢᠵᠢᠷᠠᠬᠤ ᠶᠢ ᠠᠬᠢᠭᠤᠯᠣᠭᠠᠳ᠂ ᠬᠡᠪᠴᠢᠶᠡᠵᠢᠯ ᠠᠴᠠ |
| ᠳᠡᠭᠡᠭᠰᠢ ᠠᠵᠣ ᠦᠢᠯᠡᠳᠪᠦᠷᠢᠯᠡᠯ ᠶᠢᠨ ᠨᠡᠮᠡᠭᠳᠡᠯ ᠦᠷᠲᠡᠭ 12% ᠢᠶᠠᠷ ᠨᠡᠮᠡᠭᠳᠡᠪᠡ᠃ ᠦᠢᠯᠡᠴᠢᠯᠡᠭᠡᠨ ᠤ ᠦᠢᠯᠡᠰ ᠢ |
| ᠶᠡᠬᠡᠪᠡᠷ ᠬᠦᠭᠵᠢᠭᠦᠯᠪᠡ᠃ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢ ᠠᠬᠢᠭᠤᠯᠬᠤ ᠵᠢᠯᠣᠭᠤᠳᠬᠤ ᠰᠠᠨᠠᠯ |
| ᠪᠣᠯᠣᠨ ᠲᠦᠬᠦᠷ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠵᠢᠭᠤᠯᠴᠢᠯᠠᠯ᠂ ᠪᠠᠷᠠᠭ᠎ᠠ ᠶᠢᠨ |
| ᠭᠦᠢᠯᠭᠡᠭᠡᠨ᠂ ᠮᠦᠡᠭᠭᠦᠨ ᠭᠦᠢᠯᠭᠡᠭᠡᠨ᠂ ᠡᠯᠧᠺᠲᠷᠣᠨ ᠬᠤᠳᠠᠯᠳᠣᠭᠠᠨ ᠤ ᠶᠡᠪᠣᠳᠠᠯ ᠵᠡᠷᠭᠡ ᠣᠳᠣ ᠦᠶ᠎ᠡ ᠶᠢᠨ |
| ᠦᠢᠯᠡᠴᠢᠯᠡᠭᠡᠨ ᠤ ᠦᠢᠯᠡᠰ ᠤᠨ ᠬᠦᠭᠵᠢᠯᠲᠡ ᠲᠦᠷᠭᠡᠳᠭᠡᠴᠦ᠂ ᠪᠦᠬᠦ ᠣᠷᠣᠨ ᠤ ᠵᠢᠭᠤᠯᠴᠢᠯᠠᠯ ᠤᠨ ᠦᠢᠯᠡᠰ ᠤᠨ |
| ᠶᠡᠷᠦᠩᠬᠡᠢ ᠣᠷᠣᠯᠭ᠎ᠠ 18% ᠪᠠᠷ ᠨᠡᠮᠡᠭᠳᠡᠨ᠂ ᠮᠦᠡᠭᠭᠦᠨ ᠭᠦᠢᠯᠭᠡᠭᠡᠨ ᠤ ᠪᠠᠶᠢᠭᠤᠯᠣᠮᠵᠢ ᠶᠢᠨ ᠰᠢᠨ᠎ᠡ ᠪᠠᠷ |
| ᠨᠡᠮᠡᠭᠳᠡᠭᠰᠡᠨ ᠬᠠᠳᠠᠭᠠᠯᠠᠮᠵᠢ ᠠᠴᠠ 47.6 ᠳ᠋ᠦᠡᠭᠰᠢᠭᠤᠷ ᠲᠦᠭᠦᠷᠢᠭ ᠳᠠᠪᠠᠵᠣ᠂ ᠨᠡᠶᠢᠬᠡᠮ ᠤᠨ ᠬᠡᠷᠡᠭᠯᠡᠭᠡᠨ ᠤ |
| ᠬᠡᠷᠡᠭᠰᠡᠯ ᠤᠨ ᠵᠢᠵᠢᠭᠯᠡᠨ ᠬᠤᠳᠠᠯᠳᠣᠭᠰᠠᠨ ᠶᠡᠷᠦᠩᠬᠡᠢ ᠬᠡᠮᠵᠢᠶ᠎ᠡ 11.8% ᠪᠠᠷ ᠨᠡᠮᠡᠭᠳᠡᠪᠡ᠃ |
| ︵ᠬᠤᠶᠠᠷ︶ ᠠᠵᠣ ᠠᠬᠤᠢ ᠶᠢᠨ ᠪᠦᠲᠦᠴᠡ ᠶᠢᠨ ᠲᠣᠬᠢᠷᠠᠭᠤᠯᠣᠯᠲᠠ ᠰᠢᠨ᠎ᠡ ᠠᠬᠢᠴᠠ ᠲᠠᠢ ᠪᠣᠯᠪᠠ᠃ |
| ᠯᠠᠪᠳᠠᠭᠤᠨ ᠢᠶᠠᠷ ᠨᠡᠮᠡᠭᠳᠡᠭᠦᠯᠬᠦ ᠶᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠯᠤᠭ᠎ᠠ ᠬᠠᠷᠢᠯᠴᠠᠨ |
| ᠣᠶᠠᠯᠳᠣᠭᠤᠯᠬᠤ ᠶᠢ ᠪᠠᠷᠢᠮᠲᠠᠯᠠᠨ᠂ ᠠᠵᠣ ᠦᠢᠯᠡᠰ ᠤᠨ ᠪᠦᠲᠦᠴᠡ ᠶᠢᠨ ᠲᠣᠬᠢᠷᠠᠭᠤᠯᠣᠯᠲᠠ ᠶᠢᠨ ᠵᠢᠯᠣᠭᠤᠳᠬᠤ ᠰᠠᠨᠠᠯ |
| ᠪᠣᠯᠣᠨ 11 ᠭᠤᠣᠯᠳᠠᠯᠭ᠎ᠠ ᠲᠠᠢ ᠲᠣᠰᠬᠠᠢ ᠵᠦᠢᠯ ᠤᠨ ᠲᠦᠯᠦᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ᠂ ᠠᠵᠣ |
| ᠠᠬᠤᠢ ᠶᠢᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠣᠨ ᠳᠡᠰ ᠳᠡᠪᠰᠢᠬᠦ ᠪᠠ ᠬᠦᠭᠵᠢᠯᠲᠡ ᠶᠢᠨ ᠠᠷᠭ᠎ᠠ |
| ᠮᠠᠶ᠋ᠢᠭ ᠢᠶᠠᠨ ᠬᠤᠪᠢᠷᠠᠭᠤᠯᠬᠤ ᠶᠢ ᠲᠦᠯᠬᠢᠨ ᠠᠬᠢᠭᠤᠯᠪᠠ᠃ ᠲᠠᠪᠣᠨ ᠶᠡᠭᠡ ᠰᠠᠭᠤᠷᠢᠨ ᠭᠠᠵᠠᠷ ᠤᠨ ᠪᠦᠲᠦᠭᠡᠨ |
| ᠪᠠᠶᠢᠭᠤᠯᠣᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ᠨᠡᠭᠦᠷᠡᠰᠦ ᠶᠢ ᠪᠣᠯᠪᠠᠰᠣᠷᠠᠭᠤᠯᠣᠨ ᠬᠤᠪᠢᠷᠠᠭᠤᠯᠬᠤ ᠪᠠ |
| ᠶᠡᠷᠦᠩᠬᠡᠶᠢᠯᠡᠨ ᠠᠰᠢᠭᠯᠠᠬᠤ ᠨᠢᠭᠡ ᠪᠦᠯᠦᠭ ᠲᠦᠷᠦᠯ ᠵᠦᠢᠯ ᠢ ᠪᠠᠶᠢᠭᠤᠯᠣᠭᠰᠠᠨ ᠪᠣᠶᠣ ᠪᠠᠷᠢᠯᠭ᠎ᠠ ᠡᠬᠢᠯᠡᠭᠦᠯᠦᠨ |
| ᠪᠦᠲᠦᠭᠡᠨ ᠪᠠᠶᠢᠭᠤᠯᠵᠣ᠂ ᠴᠠᠬᠢᠯᠭᠠᠨ ᠬᠦᠴᠦᠨ ᠤ ᠮᠠᠰᠢᠨ ᠴᠣᠭᠴᠠᠯᠪᠦᠷᠢ ᠶᠢ 500 ᠲᠦᠮᠡᠨ ᠺᠢᠯᠣᠸᠠᠲ ᠰᠢᠨ᠎ᠡ ᠪᠠᠷ |
| ᠨᠡᠮᠡᠭᠳᠡᠭᠦᠯᠦᠨ᠂ ᠭᠠᠳᠠᠭᠰᠢ ᠬᠦᠷᠭᠡᠭᠰᠡᠨ ᠴᠠᠬᠢᠯᠭᠠᠨ ᠤ ᠬᠡᠮᠵᠢᠶ᠎ᠡ 1400 ᠳ᠋ᠦᠡᠭᠰᠢᠭᠤᠷ ᠺᠢᠯᠣᠸᠠᠲ ᠴᠠᠭ ᠪᠠᠶᠢᠵᠣ᠂ |
| ᠨᠡᠭᠦᠷᠡᠰᠦ ᠶᠢ ᠬᠡᠢ ᠪᠣᠯᠭᠠᠵᠣ 120 ᠳ᠋ᠦᠡᠭᠰᠢᠭᠤᠷ ᠪᠣᠰᠤᠭ᠎ᠠ ᠳᠦᠷᠪᠡᠯᠵᠢᠨ ᠮᠧᠲᠷ ᠤᠨ ᠬᠢ ᠰᠢᠨ᠎ᠡ ᠪᠠᠷ ᠪᠠᠷᠢᠯᠭ᠎ᠠ |
| ᠡᠬᠢᠯᠡᠭᠦᠯᠪᠡ᠃ ᠪᠣᠷᠣᠯᠠᠭᠤᠯᠭ᠎ᠠ ᠶᠢᠨ ᠣᠷᠣᠯᠭ᠎ᠠ ᠨᠢ 500 ᠲᠦᠮᠡᠨ ᠲᠦᠭᠦᠷᠢᠭ ᠠᠴᠠ ᠳᠡᠭᠡᠭᠰᠢᠬᠢ ᠲᠠᠷᠢᠶᠠᠯᠠᠩ ᠤᠨ |
| ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠠᠵᠣ ᠠᠬᠤᠶᠢᠯᠠᠯ ᠪᠣᠷᠣᠯᠠᠭᠤᠯᠭ᠎ᠠ ᠶᠢᠨ ᠣᠷᠣᠯᠭ᠎ᠠ ᠶᠢ |
| 3455.6 ᠳ᠋ᠦᠡᠭᠰᠢᠭᠤᠷ ᠲᠦᠭᠦᠷᠢᠭ ᠪᠡᠶᠡᠯᠡᠭᠦᠯᠵᠦ᠂ 14.5% ᠪᠠᠷ ᠨᠡᠮᠡᠭᠳᠡᠪᠡ᠃ ᠣᠳᠣ ᠦᠶ᠎ᠡ ᠶᠢᠨ ᠲᠣᠨᠤᠭ |
| ᠲᠦᠬᠦᠭᠡᠷᠦᠮᠵᠢ ᠦᠢᠯᠡᠳᠬᠦ᠂ ᠡᠭᠦᠯᠡᠨ ᠪᠣᠳᠣᠯᠲᠠ ᠵᠡᠷᠭᠡ ᠰᠢᠨ᠎ᠡ ᠪᠠᠷ ᠪᠣᠢ ᠪᠣᠯᠣᠭᠰᠠᠨ ᠠᠵᠣ ᠦᠢᠯᠡᠰ ᠲᠦᠷᠭᠡᠨ |
| ᠪᠣᠶᠢᠵᠢᠵᠣ᠂ ᠡᠭᠦᠯᠡᠨ ᠪᠣᠳᠣᠯᠲᠠ ᠶᠢᠨ ᠦᠢᠯᠡᠴᠢᠯᠡᠭᠦᠷ ᠢ 16.5 ᠲᠦᠮᠡᠨ ᠰᠠᠣᠷᠢ ᠪᠠᠶᠢᠭᠤᠯᠪᠠ᠃ ᠨᠡᠶᠢᠲᠡ ᠶᠢᠨ |
| ᠦᠮᠴᠢᠯᠡᠯ ᠤᠨ ᠪᠣᠰᠣ ᠠᠵᠣ ᠠᠬᠤᠢ ᠶᠢ ᠶᠡᠬᠡᠪᠡᠷ ᠬᠦᠭᠵᠢᠭᠦᠯᠪᠡ᠃ ᠨᠡᠶᠢᠲᠡ ᠶᠢᠨ ᠦᠮᠴᠢᠯᠡᠯ ᠤᠨ ᠪᠣᠰᠣ ᠠᠵᠣ |
| ᠠᠬᠤᠢ ᠶᠢᠨ ᠬᠦᠭᠵᠢᠯᠲᠡ ᠶᠢ ᠠᠬᠢᠭᠤᠯᠬᠤ 70 ᠵᠣᠷᠪᠣᠰ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ |
| ᠨᠡᠶᠢᠲᠡᠯᠡᠵᠦ᠂ ᠴᠢᠬᠤᠯᠠ ᠬᠦᠴᠦᠨ ᠵᠦᠢᠯ ᠤᠨ ᠪᠠᠲᠣᠯᠠᠭ᠎ᠠ ᠶᠢ ᠴᠢᠩᠭᠠᠷᠠᠭᠤᠯᠣᠨ᠂ ᠲᠣᠮᠳᠠ ᠪᠠᠭ᠎ᠠ ᠠᠵᠣ |
| ᠠᠬᠤᠶᠢᠯᠠᠯ ᠤᠨ ᠨᠡᠮᠡᠭᠳᠡᠯ ᠦᠷᠲᠡᠭ 13% ᠪᠠᠷ ᠨᠡᠮᠡᠭᠳᠡᠨ᠂ ᠬᠤᠪᠢ ᠶᠢᠨ ᠠᠵᠣ ᠦᠢᠯᠡᠳᠪᠦᠷᠢ ᠬᠤᠳᠠᠯᠳᠤᠭ᠎ᠠ ᠶᠢᠨ |
| ᠡᠷᠦᠬᠡ100 ᠲᠦᠮᠡᠨ ᠶᠢ ᠳᠠᠪᠠᠪᠠ᠃ ᠬᠤᠲᠠ ᠬᠦᠳᠡᠭᠡ ᠶᠢ ᠨᠢᠭᠡᠳᠦᠯᠲᠡᠢ ᠲᠦᠯᠣᠪᠯᠡᠨ ᠬᠦᠭᠵᠢᠭᠦᠯᠬᠦ ᠶᠢ |
| ᠢᠳᠡᠪᠬᠢᠲᠡᠢ ᠪᠠᠷ ᠠᠬᠢᠭᠤᠯᠪᠠ᠃ ᠵᠢᠯᠣᠭᠤᠳᠬᠤ ᠰᠠᠨᠠᠯ ᠪᠣᠯᠣᠨ ᠲᠡᠳᠬᠦᠬᠦ ᠲᠦᠷᠦ ᠶᠢᠨ ᠪᠣᠳᠣᠯᠭ᠎ᠠ ᠶᠢ ᠲᠣᠭᠲᠠᠭᠠᠨ᠂ |
| ᠰᠢᠶᠠᠨ ᠤ ᠬᠡᠪᠴᠢᠶᠡᠨ ᠤ ᠠᠵᠣ ᠠᠬᠤᠢ ᠶᠢ ᠶᠡᠬᠡᠪᠡᠷ ᠬᠦᠭᠵᠢᠬᠦᠯᠵᠦ᠂ 80 ᠬᠤᠰᠢᠭᠤ ᠰᠢᠶᠠᠨ ︵ᠬᠤᠲᠠ︶ ᠤ |
| ᠡᠳ᠋ ᠤᠨ ᠵᠠᠰᠠᠭ ᠤᠨ ᠣᠷᠣᠯᠭ᠎ᠠ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ᠂ ᠬᠡᠪᠴᠢᠶᠡᠵᠢᠯ ᠠᠴᠠ |
| ᠳᠡᠭᠡᠭᠰᠢᠬᠢ ᠠᠵᠣ ᠦᠢᠯᠡᠳᠪᠦᠷᠢ ᠶᠢᠨ ᠨᠡᠮᠡᠭᠳᠡᠯ ᠦᠷᠲᠡᠭ ᠤᠨ ᠨᠡᠮᠡᠭᠳᠡᠯ ᠤᠨ ᠬᠤᠷᠳᠣᠴᠠ ᠪᠦᠬᠦ ᠣᠷᠣᠨ ᠤ ᠳᠣᠮᠳᠠᠴᠢ |
| ᠬᠢᠷᠢ ᠬᠡᠮᠵᠢᠶ᠎ᠡ ᠠᠴᠠ ᠳᠡᠭᠡᠭᠦᠷ ᠪᠣᠯᠪᠠ᠃ ᠬᠤᠲᠠ ᠪᠠᠯᠭᠠᠰᠣ ᠳᠤ 28.7 ᠲᠦᠮᠡᠨ ᠬᠦᠮᠦᠨ ᠠᠮᠠ ᠰᠢᠨ᠎ᠡ ᠪᠠᠷ |
| ᠨᠡᠮᠡᠭᠳᠡᠭᠦᠯᠵᠦ᠂ ᠪᠦᠬᠦ ᠣᠷᠣᠨ ᠤ ᠬᠤᠲᠠ ᠪᠠᠯᠭᠠᠰᠣᠴᠢᠯᠠᠭᠰᠠᠨ ᠨᠣᠷᠮ᠎ᠠ 58.7% ᠳᠤ ᠬᠦᠷᠪᠡ᠃ ᠰᠢᠨᠵᠢᠯᠡᠬᠦ |
| ᠣᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠣᠷᠢ ᠶᠢ ᠯᠠᠪᠳᠠᠭᠤᠨ ᠢᠶᠠᠷ ᠳᠡᠭᠡᠭᠰᠢᠯᠡᠭᠦᠯᠪᠡ᠃ ᠨᠢᠭᠡ ᠪᠦᠯᠦᠭ |
| ᠰᠢᠨ᠎ᠡ ᠬᠡᠯᠪᠡᠷᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠣᠨ ᠨᠡᠭᠡᠭᠡᠬᠦ ᠪᠠᠶᠢᠭᠤᠯᠣᠮᠵᠢ ᠶᠢ ᠵᠣᠬᠢᠶᠠᠨ |
| ᠪᠠᠶᠢᠭᠤᠯᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠴᠢᠬᠤᠯᠠ ᠶᠡᠭᠡ ᠲᠣᠰᠬᠠᠢ ᠵᠦᠢᠯ ᠤᠳ ᠢ ᠬᠡᠷᠡᠭᠵᠢᠭᠦᠯᠵᠦ᠂ |
| ᠬᠦᠬᠡᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠣ ᠦᠢᠯᠡᠰ ᠤᠨ ᠬᠦᠷᠢᠶᠡᠯᠡᠩ ᠵᠡᠷᠭᠡ ᠰᠢᠨ᠎ᠡ ᠶᠢ ᠡᠭᠦᠳᠬᠦ |
| ᠰᠠᠭᠤᠷᠢᠨ ᠭᠠᠵᠠᠷ ᠤᠨ ᠵᠡᠷᠭᠡ ᠳᠡᠰ ᠢᠶᠠᠨ ᠦᠰᠭᠡᠬᠦ ᠶᠢ ᠲᠦᠯᠬᠢᠨ ᠠᠬᠢᠭᠤᠯᠵᠣ᠂ ᠪᠡᠶ᠎ᠡ ᠪᠠᠨ ᠳᠠᠭᠠᠭᠠᠵᠣ ᠰᠢᠨ᠎ᠡ ᠶᠢ |
| ᠡᠭᠦᠳᠬᠦ ᠪᠠ ᠰᠢᠨᠵᠢᠯᠡᠬᠦ ᠣᠬᠠᠭᠠᠨ ᠤ ᠰᠣᠳᠣᠯᠣᠯ ᠤᠨ ᠦᠷ᠎ᠡ ᠪᠦᠲᠦᠭᠡᠯ ᠢ ᠬᠤᠪᠢᠷᠠᠭᠤᠯᠣᠨ ᠬᠡᠷᠡᠭᠯᠡᠬᠦ ᠴᠢᠳᠠᠪᠣᠷᠢ |
| ᠢᠯᠡᠳᠲᠡ ᠳᠡᠭᠡᠭᠰᠢᠯᠡᠪᠡ᠃ ᠪᠦᠬᠦ ᠨᠡᠶᠢᠬᠡᠮ ᠤᠨ ᠰᠣᠳᠣᠯᠣᠨ ᠨᠡᠬᠡᠬᠡᠬᠦ ᠵᠠᠷᠣᠳᠠᠯ ᠤᠨ ᠣᠷᠣᠭᠤᠯᠣᠯᠲᠠ ᠶᠢ 26.8 |
| ᠳ᠋ᠦᠡᠭᠰᠢᠭᠤᠷ ᠲᠦᠭᠦᠷᠢᠭ ᠣᠷᠣᠭᠤᠯᠵᠣ᠂ ᠲᠣᠰᠬᠠᠢ ᠠᠰᠢᠭ ᠤᠨ ᠡᠷᠬᠡ ᠣᠯᠭᠤᠭᠰᠠᠨ ᠬᠡᠮᠵᠢᠶ᠎ᠡ 24.1% ᠪᠠᠷ |
| ᠨᠡᠮᠡᠭᠳᠡᠵᠦ᠂ ᠳᠡᠭᠡᠲᠦ ᠰᠢᠨ᠎ᠡ ᠮᠡᠷᠭᠡᠵᠢᠯ ᠤᠨ ᠠᠵᠣ ᠠᠬᠤᠶᠢᠯᠠᠯ 180 ᠡᠷᠦᠬᠡ ᠳᠤ ᠬᠦᠷᠴᠦ᠂ ᠦᠪᠡᠷᠲᠡᠭᠡᠨ ᠵᠠᠰᠠᠬᠤ |
| ᠣᠷᠣᠨ ᠤ ᠭᠤᠣᠯᠳᠠᠯᠭ᠎ᠠ ᠲᠠᠢ ᠲᠣᠷᠰᠢᠯᠲᠠ ᠶᠢᠨ ᠲᠠᠰᠤᠭ᠂ ᠢᠨᠵᠧᠨᠧᠷᠢᠩ ᠤᠨ ᠮᠡᠷᠭᠡᠵᠢᠯ ᠤᠨ ᠰᠣᠳᠣᠯᠣᠯ ᠤᠨ ᠲᠦᠪ |
| ᠲᠣᠰ ᠲᠣᠰ 79 ᠡᠷᠦᠬᠡ ᠪᠠ 86 ᠡᠷᠦᠬᠡ ᠳᠤ ᠬᠦᠷᠪᠠ᠃ |
| ︵ᠭᠤᠷᠪᠠ︶ ᠦᠷᠭᠦᠯᠵᠢᠯᠡᠨ ᠬᠦᠭᠵᠢᠬᠦ ᠴᠢᠳᠠᠪᠣᠷᠢ ᠢᠯᠡᠳᠲᠡ ᠨᠡᠮᠡᠭᠳᠡᠪᠡ᠃ ᠪᠡᠯᠡ ᠣᠷᠣᠭᠤᠯᠣᠯᠲᠠ ᠪᠣᠯᠣᠨ |
| ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠶᠢᠨ ᠡᠷᠴᠢᠮ ᠢ ᠨᠡᠮᠡᠭᠳᠡᠭᠦᠯᠪᠡ᠃ ᠴᠢᠬᠤᠯᠠ ᠶᠡᠭᠡ ᠲᠦᠷᠦᠯ ᠵᠦᠢᠯ ᠢ |
| ᠲᠣᠰᠬᠠᠢ ᠵᠦᠢᠯ ᠢᠶᠠᠷ ᠲᠦᠯᠬᠢᠨ ᠠᠬᠢᠭᠤᠯᠬᠤ ᠲᠣᠭᠲᠠᠴᠠ ᠶᠢ ᠪᠠᠶᠢᠭᠤᠯᠵᠣ᠂ ᠪᠦᠬᠦ ᠣᠷᠣᠨ ᠤ ᠴᠢᠬᠤᠯᠠ ᠶᠡᠭᠡ |
| ᠲᠦᠷᠦᠯ ᠵᠦᠢᠯ ᠤᠨ ᠬᠡᠷᠡᠭᠵᠢᠭᠦᠯᠬᠦ ᠲᠦᠯᠦᠪᠯᠡᠯᠭᠡ ᠳᠤ ᠵᠢᠭᠰᠠᠭᠠᠭᠰᠠᠨ ᠲᠦᠷᠦᠯ ᠵᠦᠢᠯ 623 ᠪᠠᠶᠢᠵᠣ᠂ 4647. |
| 2 ᠳ᠋ᠦᠡᠭᠰᠢᠭᠤᠷ ᠲᠦᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠭᠦᠯᠪᠠ᠃ ᠲᠦᠷᠦᠯ ᠵᠦᠢᠯ ᠤᠨ ᠡᠮᠦᠨᠡᠬᠢ |
| ᠬᠤᠭᠤᠴᠠᠭᠠᠨ ᠤ ᠠᠵᠢᠯ ᠴᠢᠬᠤᠯᠠ ᠶᠡᠭᠡ ᠰᠢᠪᠲᠣᠯᠣᠯᠲᠠ ᠲᠠᠢ ᠪᠣᠯᠵᠣ᠂ ᠵᠦᠡᠭ ᠲᠢᠶᠠᠨ ᠡᠾᠧ ᠴᠣᠸᠠᠩ ᠤᠨ 360 |
| ᠲᠦᠮᠡᠨ ᠲᠣᠨ ᠮᠧᠲ᠋ᠢᠯ ᠠᠯᠺᠣᠣᠯ ᠵᠡᠷᠭᠡ 13 ᠭᠤᠣᠯᠳᠠᠯᠭ᠎ᠠ ᠲᠠᠢ ᠲᠦᠷᠦᠯ ᠵᠦᠢᠯ ᠣᠯᠣᠰ ᠤᠨ ᠬᠢᠨᠠᠨ |
| ᠵᠦᠪᠰᠢᠶᠡᠷᠡᠯ ᠢ ᠣᠯᠵᠣ᠂ 200 ᠳ᠋ᠦᠡᠭᠰᠢᠭᠤᠷ ᠪᠣᠰᠤᠭ᠎ᠠ ᠳᠦᠷᠪᠡᠯᠵᠢᠨ ᠮᠧᠲᠷ ᠪᠦᠬᠦᠢ ᠨᠡᠭᠦᠷᠡᠰᠦ ᠶᠢ ᠬᠡᠢ ᠪᠣᠯᠭᠠᠵᠣ᠂ |
| ᠢ ᠲᠠᠢ ᠶᠢᠨ 200 ᠲᠦᠮᠡᠨ ᠨᠡᠭᠦᠷᠡᠰᠦ ᠪᠠᠷ ᠲᠣᠰᠣ ᠬᠢᠬᠦ ᠵᠡᠷᠭᠡ 14 ᠭᠤᠣᠯᠳᠠᠯᠭ᠎ᠠ ᠲᠠᠢ ᠲᠦᠷᠦᠯ ᠵᠦᠢᠯ ᠭᠠᠷᠳᠠᠨ |
| ᠡᠬᠢᠯᠡᠭᠦᠯᠬᠦ ᠳᠡᠭᠡᠨ ᠣᠷᠣᠵᠣ᠂ ᠪᠡᠯᠡ ᠣᠷᠣᠭᠤᠯᠣᠯᠲᠠ ᠶᠢᠨ ᠶᠡᠷᠦᠩᠬᠡᠢ ᠬᠡᠪᠴᠢᠶ᠎ᠡ ᠨᠢ 2700 ᠳ᠋ᠦᠡᠭᠰᠢᠭᠤᠷ |
| ᠲᠦᠭᠦᠷᠢᠭ ᠪᠣᠯᠣᠭᠰᠠᠨ ᠪᠠᠶᠢᠨ᠎ᠠ᠃ ᠡᠬᠢ ᠪᠠᠶᠠᠯᠢᠭ ᠢ ᠬᠠᠶᠢᠨ ᠪᠠᠶᠢᠴᠠᠭᠠᠬᠤ ᠡᠷᠴᠢᠮ ᠢ ᠨᠡᠮᠡᠭᠳᠡᠭᠦᠯᠵᠦ᠂ |
| ᠨᠡᠭᠦᠷᠦᠰᠦᠨ ᠤ ᠡᠬᠢ ᠪᠠᠶᠠᠯᠢᠭ ᠤᠨ ᠬᠠᠶᠢᠨ ᠢᠯᠡᠷᠡᠭᠦᠯᠦᠭᠰᠡᠨ ᠬᠠᠳᠠᠭᠠᠯᠠᠭᠳᠠᠴᠠ ᠶᠢ 450 ᠳ᠋ᠦᠡᠭᠰᠢᠭᠤᠷ ᠲᠣᠨ |
| ᠰᠢᠨ᠎ᠡ ᠪᠠᠷ ᠨᠡᠮᠡᠭᠳᠡᠬᠦᠯᠪᠡ᠃ ᠵᠠᠮ ᠬᠠᠷᠢᠯᠴᠠᠭ᠎ᠠ᠂ ᠣᠰᠣᠨ ᠠᠰᠢᠭᠯᠠᠯᠲᠠ᠂ ᠴᠠᠬᠢᠯᠭᠠᠨ ᠬᠦᠴᠦᠨ ᠵᠡᠷᠭᠡ ᠰᠠᠭᠤᠷᠢ |
| ᠪᠡᠯᠡᠳᠭᠡᠮᠵᠢ ᠶᠢᠨ ᠪᠦᠲᠦᠭᠡᠨ ᠪᠠᠶᠢᠭᠤᠯᠣᠯᠲᠠ ᠶᠢ ᠲᠦᠷᠭᠡᠳᠬᠡᠪᠡ᠃ ᠵᠠᠰᠠᠮᠠᠯ ᠵᠠᠮ ᠤᠨ ᠪᠦᠲᠦᠭᠡᠨ ᠪᠠᠶᠢᠭᠤᠯᠣᠯᠲᠠ ᠳᠤ |
| 656 ᠳ᠋ᠦᠡᠭᠰᠢᠭᠤᠷ ᠲᠦᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠭᠦᠯᠵᠦ᠂ ᠣᠷᠣᠨ ᠠᠴᠠ ᠭᠠᠷᠬᠤ 30 |
| ᠵᠣᠷᠪᠣᠰ ᠳᠡᠭᠡᠲᠦ ᠳᠡᠰ ᠤᠨ ᠵᠠᠰᠠᠮᠠᠯ ᠵᠠᠮ ᠢ ᠪᠦᠬᠦᠨ ᠢ ᠨᠡᠪᠲᠡᠷᠡᠭᠦᠯᠵᠦ᠂ ᠳᠡᠭᠡᠲᠦ ᠬᠤᠷᠳᠣ ᠶᠢᠨ ᠵᠠᠰᠠᠮᠠᠯ ᠵᠠᠮ ᠤᠨ |
| ᠣᠷᠳᠣ 4080 ᠺᠢᠯᠣᠮᠧᠲᠷ ᠲᠤ ᠬᠦᠷᠴᠦ᠂ ᠨᠢᠭᠡᠲᠦᠭᠡᠷ ᠳᠡᠰ ᠤᠨ ᠵᠠᠰᠠᠮᠠᠯ ᠵᠠᠮ 5578 ᠺᠢᠯᠣᠮᠧᠲᠷ ᠲᠤ ᠬᠦᠷᠴᠦ᠂ |
| ᠪᠠᠷᠣᠭᠰᠢᠨ ᠱᠦᠢᠨᠢ ᠵᠠᠮ ᠨᠡᠪᠲᠡᠷᠡᠭᠰᠡᠨ ᠭᠠᠴᠠᠭ᠎ᠠ ᠲᠣᠰᠬᠤᠨ ᠢ 1021 ᠶᠢ ᠰᠢᠨ᠎ᠡ ᠪᠠᠷ ᠨᠡᠮᠡᠭᠳᠡᠭᠦᠯᠪᠡ᠃ ᠲᠡᠮᠦᠷ |
| ᠵᠠᠮ ᠤᠨ ᠪᠦᠲᠦᠭᠡᠨ ᠪᠠᠶᠢᠭᠤᠯᠣᠯᠲᠠ ᠳᠤ 140 ᠳ᠋ᠦᠡᠭᠰᠢᠭᠤᠷ ᠲᠦᠭᠦᠷᠢᠭ ᠤᠨ ᠪᠡᠯᠡ ᠣᠷᠣᠭᠤᠯᠣᠯᠲᠠ ᠶᠢ |
| ᠪᠡᠶᠡᠯᠡᠭᠦᠯᠵᠦ᠂ 700 ᠺᠢᠯᠣᠮᠧᠲᠷ ᠲᠡᠮᠦᠷ ᠵᠠᠮ ᠢ ᠰᠢᠨ᠎ᠡ ᠪᠠᠷ ᠪᠠᠶᠢᠭᠤᠯᠵᠣ᠂ ᠲᠡᠮᠦᠷ ᠵᠠᠮ ᠤᠨ ᠲᠡᠭᠡᠭᠡᠪᠦᠷᠢ |
| ᠡᠵᠡᠩᠨᠡᠭᠰᠡᠨ ᠶᠡᠷᠦᠩᠬᠡᠢ ᠣᠷᠲᠣ 1.1 ᠲᠦᠮᠡᠨ ᠺᠢᠯᠣᠮᠧᠲᠷ ᠲᠤ ᠬᠦᠷᠴᠦ᠂ ᠪᠦᠬᠦ ᠣᠯᠣᠰ ᠤᠨ ᠲᠡᠷᠢᠭᠦᠨ |
| ᠪᠠᠶᠢᠷᠢᠨ ᠳᠤ ᠣᠷᠣᠪᠠ᠃ ᠨᠢᠰᠭᠡᠯ ᠤᠨ ᠪᠠᠭᠤᠳᠠᠯ ᠤᠨ ᠪᠦᠲᠦᠭᠡᠨ ᠪᠠᠶᠢᠭᠤᠯᠣᠯᠲᠠ ᠳᠤ16 ᠳ᠋ᠦᠡᠭᠰᠢᠭᠤᠷ |
| ᠲᠦᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠭᠦᠯᠵᠦ᠂ 60% ᠪᠠᠷ ᠨᠡᠮᠡᠭᠳᠡᠨ᠂ ᠠᠯᠠᠱᠠ ᠶᠢᠨ ᠵᠢᠵᠢᠭ |
| ᠬᠡᠯᠪᠡᠷᠢ ᠶᠢᠨ ᠨᠢᠰᠭᠡᠯ ᠤᠨ ᠪᠠᠭᠤᠳᠠᠯ ᠤᠨ ᠠᠶᠠᠯᠠᠯ ᠢ ᠨᠡᠪᠲᠡᠷᠡᠭᠦᠯᠵᠦ᠂ ᠦᠪᠦᠷ ᠮᠣᠩᠭᠤᠯ ᠤᠨ ᠠᠭᠠᠷ ᠤᠨ |
| ᠲᠡᠭᠡᠭᠡᠪᠦᠷᠢ ᠶᠢᠨ ᠺᠣᠮᠫᠠᠨᠢ ᠠᠰᠢᠭᠯᠠᠯᠲᠠ ᠳᠤ ᠣᠷᠣᠵᠣ ᠲᠡᠭᠡᠭᠡᠪᠦᠷᠢ ᠡᠵᠡᠩᠨᠡᠨ᠂ ᠪᠦᠬᠦ ᠣᠷᠣᠨ ᠤ ᠨᠢᠰᠭᠡᠯ ᠤᠨ |
| ᠪᠠᠭᠤᠳᠠᠯ ᠤᠨ ᠶᠡᠷᠦᠩᠬᠡᠢ ᠲᠤᠭ᠎ᠠ 18 ᠳᠤ ᠬᠦᠷᠪᠡ᠃ ᠣᠰᠣᠨ ᠠᠰᠢᠭᠯᠠᠯᠲᠠ ᠶᠢᠨ ᠪᠦᠲᠦᠭᠡᠨ ᠪᠠᠶᠢᠭᠤᠯᠣᠯᠲᠠ ᠳᠤ |
| 130 ᠳ᠋ᠦᠡᠭᠰᠢᠭᠤᠷ ᠲᠦᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠭᠦᠯᠵᠦ᠂ ᠬᠠᠶᠢᠷᠦᠪ ᠤᠨ ᠲᠣᠬᠤᠢ ᠶᠢᠨ |
| ᠣᠰᠣᠨ ᠠᠰᠢᠭᠯᠠᠯᠲᠠ ᠶᠢᠨ ᠵᠠᠩᠭᠢᠯᠠᠭ᠎ᠠ ᠵᠡᠷᠭᠡ ᠭᠤᠣᠯᠳᠠᠯᠭ᠎ᠠ ᠲᠠᠢ ᠣᠰᠣ ᠠᠰᠢᠭᠯᠠᠯᠲᠠ ᠶᠢᠨ ᠪᠠᠷᠢᠯᠭ᠎ᠠ |
| ᠣᠷᠣᠭᠰᠢᠲᠠᠢ ᠠᠬᠢᠪᠠ᠃ ᠴᠠᠬᠢᠯᠭᠠᠨ ᠬᠦᠴᠦᠨ ᠤ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠣᠯᠲᠠ ᠶᠢ |
| ᠲᠡᠭᠦᠯᠳᠡᠷᠵᠢᠭᠦᠯᠵᠦ᠂ ᠬᠦᠳᠡᠭᠡ ᠲᠣᠰᠬᠤᠨ ᠤ ᠴᠠᠬᠢᠯᠭᠠᠨ ᠤ ᠲᠣᠣᠷ ᠤᠨ ᠥᠭᠡᠷᠡᠴᠢᠯᠡᠵᠦ ᠳᠡᠰ ᠳᠡᠪᠰᠢᠭᠦᠯᠬᠦ ᠶᠢ |
| ᠲᠦᠷᠭᠡᠳᠭᠡᠨ᠂ ᠲᠠᠷᠢᠶᠠᠯᠠᠬᠤ ᠮᠠᠯᠵᠢᠬᠤ ᠣᠷᠣᠨ ᠤ ᠡᠷᠦᠬᠡ ᠪᠣᠯᠭᠠᠨ ᠳᠤ ᠴᠠᠬᠢᠯᠭᠠᠨ ᠨᠡᠪᠲᠡᠷᠡᠭᠦᠯᠬᠦ ᠶᠢ ᠦᠨᠳᠦᠰᠦᠨ |
| ᠳᠡᠭᠡᠨ ᠪᠡᠶᠡᠯᠡᠭᠦᠯᠪᠡ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠡᠬᠢ ᠪᠠᠶᠠᠯᠢᠭ ᠢ ᠠᠷᠪᠢᠯᠠᠵᠣ |
| ᠠᠰᠢᠭᠯᠠᠬᠤ ᠶᠢ ᠴᠢᠩᠭᠠᠳᠬᠠᠪᠠ᠃ ᠭᠤᠣᠯᠳᠠᠯᠭ᠎ᠠ ᠲᠠᠢ ᠠᠮᠢ ᠠᠬᠤᠢ ᠶᠢᠨ ᠲᠦᠷᠦᠯ ᠵᠦᠢᠯ ᠢ ᠬᠡᠷᠡᠭᠵᠢᠭᠦᠯᠵᠦ᠂ ᠣᠢ |
| ᠰᠢᠭᠤᠢ ᠶᠢᠨ ᠲᠠᠯᠠᠪᠠᠢ ᠶᠢ 1205 ᠲᠦᠮᠡᠨ ᠮᠦ ᠪᠡᠶᠡᠯᠡᠭᠦᠯᠵᠦ᠂ ᠡᠭᠦᠨ ᠳᠤ ᠵᠢᠷᠭᠤᠭᠠᠨ ᠲᠣᠮᠣ ᠭᠤᠣᠯᠳᠠᠯᠭ᠎ᠠ ᠲᠠᠢ |
| ᠣᠷᠣᠨ ᠪᠦᠰᠡ 196 ᠲᠦᠮᠡᠨ ᠮᠦ ᠮᠣᠳᠣ ᠲᠠᠷᠢᠵᠣ ᠣᠶᠢᠵᠢᠭᠤᠯᠪᠠ᠃ ᠨᠣᠲᠤᠭ ᠪᠡᠯᠴᠢᠭᠡᠷ ᠤᠨ ᠠᠮᠢ ᠠᠬᠤᠢ ᠶᠢᠨ |
| ᠲᠣᠰᠠᠯᠠᠵᠣ ᠱᠠᠩᠨᠠᠬᠤ ᠲᠣᠭᠲᠠᠴᠠ ᠶᠢ ᠨᠠᠶᠢᠳᠠᠪᠣᠷᠢᠵᠢᠭᠤᠯᠣᠨ᠂ ᠱᠠᠲᠣ ᠦᠶ᠎ᠡ ᠶᠢᠨ ᠴᠢᠨᠠᠷᠲᠠᠢ ᠮᠠᠯᠵᠢᠬᠤ ᠶᠢ |
| ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠨᠣᠲᠤᠭ |
| ᠪᠡᠯᠴᠢᠭᠡᠷ ᠤᠨ ᠪᠦᠲᠦᠭᠡᠨ ᠪᠠᠶᠢᠭᠤᠯᠣᠯᠲᠠ ᠶᠢᠨ ᠶᠡᠷᠦᠩᠬᠡᠢ ᠬᠡᠪᠴᠢᠶ᠎ᠡ 5307.3 ᠲᠦᠮᠡᠨ ᠮᠦ ᠪᠠᠶᠢᠵᠣ᠂ ᠨᠣᠲᠤᠭ |
| ᠪᠡᠯᠴᠢᠭᠡᠷ ᠤᠨ ᠳᠣᠮᠳᠠᠴᠢ ᠣᠷᠭᠤᠮᠠᠯ ᠤᠨ ᠬᠤᠴᠢᠯᠭ᠎ᠠ ᠶᠢᠨ ᠪᠦᠷᠬᠦᠴᠡ 44.1% ᠪᠣᠯᠵᠣ᠂ ᠵᠠᠭᠤᠨ ᠤ |
| ᠨᠢᠭᠡᠴᠢ ᠶᠢᠨ 1 ᠪᠠᠷ ᠳᠡᠭᠡᠭᠰᠢᠯᠡᠵᠦ᠂ ᠬᠦᠷᠦᠰᠦ ᠰᠢᠷᠣᠢ ᠶᠢ ᠬᠠᠮᠠᠭᠠᠯᠠᠬᠤ ᠶᠡᠷᠦᠩᠬᠡᠶᠢᠯᠡᠨ ᠵᠠᠰᠠᠬᠤ ᠲᠠᠯᠠᠪᠠᠢ ᠶᠢ 650 |
| ᠲᠦᠮᠡᠨ ᠮᠦ ᠪᠡᠶᠡᠯᠡᠭᠦᠯᠪᠡ᠃ ᠪᠡᠭᠡᠵᠢᠩ ᠲᠢᠶᠠᠨᠵᠢᠨ ᠡᠾᠧᠪᠸᠢ ᠬᠢᠭᠡᠳ ᠣᠷᠴᠢᠨ ᠲᠣᠭᠤᠷᠢᠨ ᠤ ᠭᠠᠵᠠᠷ ᠣᠷᠣᠨ ᠤ |
| ᠠᠭᠠᠷ ᠮᠠᠨᠳᠠᠯ ᠤᠨ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯᠠᠯᠭ᠎ᠠ ᠶᠢᠨ ᠲᠦᠯᠦᠪᠯᠡᠯᠭᠡ ᠶᠢ ᠬᠢᠨᠠᠮᠠᠭᠠᠢ |
| ᠨᠠᠶᠢᠳᠠᠪᠣᠷᠢᠵᠢᠭᠤᠯᠣᠨ᠂ ᠭᠤᠣᠯᠳᠠᠯᠭ᠎ᠠ ᠲᠠᠢ ᠰᠠᠪᠠ ᠭᠠᠵᠠᠷ ᠤᠨ ᠣᠰᠣᠨ ᠤ ᠪᠣᠬᠢᠷᠳᠣᠯ᠂ ᠬᠦᠨᠳᠦ ᠲᠡᠮᠦᠷᠯᠢᠭ ᠤᠨ |
| ᠪᠣᠬᠢᠷᠳᠣᠯ ᠢ ᠰᠡᠷᠭᠡᠶᠢᠯᠡᠨ ᠵᠠᠰᠠᠬᠤ ᠪᠠ ᠭᠤᠣᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠢ |
| ᠶᠡᠷᠦᠩᠬᠡᠶᠢᠯᠡᠨ ᠵᠠᠰᠠᠬᠤ ᠶᠢ ᠲᠦᠯᠬᠢᠨ ᠠᠬᠢᠭᠤᠯᠵᠣ᠂ ᠣᠷᠴᠢᠯ ᠠᠵᠣ ᠠᠬᠤᠢ ᠶᠢ ᠶᠡᠬᠡᠪᠡᠷ ᠬᠦᠭᠵᠢᠭᠦᠯᠦᠨ᠂ |
| ᠬᠤᠴᠣᠷᠣᠩᠭᠤᠢ ᠦᠢᠯᠡᠳᠪᠦᠷᠢᠯᠡᠬᠦ ᠴᠢᠳᠠᠪᠣᠷᠢ ᠶᠢ ᠲᠦᠷᠭᠡᠳᠭᠡᠨ ᠰᠢᠭᠰᠢᠭᠳᠡᠭᠦᠯᠵᠦ᠂ ᠨᠢᠭᠡᠴᠢ ᠦᠢᠯᠡᠳᠪᠦᠷᠢᠯᠡᠯ ᠤᠨ |
| ᠶᠡᠷᠦᠩᠬᠡᠢ ᠦᠷᠲᠡᠭ ᠲᠠᠬᠢ ᠡᠨᠧᠷᠬᠢ ᠶᠢᠨ ᠬᠤᠷᠣᠭᠳᠠᠭᠤᠯᠭ᠎ᠠ ᠪᠣᠯᠣᠨ ᠨᠡᠭᠦᠷᠡᠰᠦᠳᠦᠷᠦᠭᠴᠢ ᠶᠢᠨ ᠳᠠᠪᠬᠤᠷ ᠢᠰᠦᠯ ᠤᠨ |
| ᠭᠠᠳᠠᠭᠰᠢᠯᠠᠭᠤᠯᠬᠤ ᠬᠡᠮᠵᠢᠶ᠎ᠡ ᠶᠢ ᠲᠣᠰ ᠲᠣᠰ 4.5% ᠪᠠ 5% ᠪᠠᠷ ᠪᠠᠭᠤᠷᠠᠭᠤᠯᠵᠣ᠂ ᠣᠯᠣᠰ ᠤᠨ |
| ᠪᠠᠭᠤᠯᠭᠠᠭᠰᠠᠨ ᠬᠠᠷᠠᠯᠲᠠ ᠶᠢᠨ ᠡᠭᠦᠷᠬᠡ ᠶᠢ ᠳᠠᠪᠠᠭᠤᠯᠣᠨ ᠪᠡᠶᠡᠯᠡᠭᠦᠯᠪᠡ᠃ ᠭᠠᠵᠠᠷ ᠰᠢᠷᠣᠢ᠂ ᠣᠰᠣ ᠬᠢᠭᠡᠳ |
| ᠠᠭᠤᠷᠠᠬᠠᠢ ᠶᠢᠨ ᠭᠠᠷᠣᠯᠲᠠ ᠶᠢᠨ ᠡᠬᠢ ᠪᠠᠶᠠᠯᠢᠭ ᠤᠨ ᠬᠠᠮᠢᠶᠠᠷᠣᠯᠲᠠ ᠶᠢ ᠴᠢᠩᠳᠠᠯᠠᠵᠣ᠂ ᠡᠬᠢ ᠪᠠᠶᠠᠯᠢᠭ ᠢ |
| ᠶᠡᠷᠦᠩᠬᠡᠶᠢᠯᠡᠨ ᠨᠡᠬᠡᠬᠡᠨ ᠠᠰᠢᠭᠯᠠᠬᠤ ᠬᠢᠷᠢ ᠬᠡᠮᠵᠢᠶ᠎ᠡ ᠣᠯᠠᠮ ᠨᠢᠭᠡ ᠠᠯᠬᠤᠮ ᠳᠡᠭᠡᠭᠰᠢᠯᠡᠪᠠ᠃ |
| ︵ᠳᠦᠷᠪᠡ︶ ᠥᠭᠡᠷᠡᠴᠢᠯᠡᠯᠲᠡ ᠨᠡᠬᠡᠬᠡᠯᠲᠡ ᠲᠠᠰᠣᠷᠠᠯᠲᠠ ᠦᠭᠡᠢ ᠭᠦᠨᠵᠡᠭᠡᠶᠢᠷᠡᠪᠡ᠃ ᠵᠠᠰᠠᠭ ᠵᠠᠬᠢᠷᠭᠠᠨ ᠤ |
| ᠬᠢᠨᠠᠨ ᠵᠦᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠲᠦᠷᠭᠡᠳᠭᠡᠨ᠂ ᠵᠠᠰᠠᠭ ᠢ ᠶᠡᠬᠡᠪᠡᠷ ᠴᠣᠮᠬᠠᠳᠬᠠᠨ ᠡᠷᠬᠡ ᠶᠢ |
| ᠲᠠᠯᠪᠢᠵᠣ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠢ 103 ᠶᠢ ᠬᠦᠴᠦᠨ ᠦᠭᠡᠢ ᠪᠣᠯᠭᠠᠭᠰᠠᠨ ᠪᠠ |
| ᠳᠣᠷᠣᠭᠰᠢ ᠪᠠᠭᠤᠯᠭᠠᠵᠣ᠂ ᠡᠯ᠎ᠡ ᠲᠦᠷᠦᠯ ᠤᠨ ᠰᠦᠢᠳᠭᠡᠯ ᠬᠤᠷᠢᠶᠠᠬᠤ 116 ᠵᠦᠢᠯᠡᠰ ᠢ ᠢᠯᠭᠠᠷᠠᠭᠤᠯᠣᠨ |
| ᠵᠢᠷᠣᠮᠵᠢᠭᠤᠯᠪᠠ᠃ ᠣᠯᠣᠰ ᠤᠨ ᠦᠮᠴᠢᠯᠡᠯᠲᠦ ᠬᠦᠷᠦᠩᠬᠡ ᠶᠢ ᠳᠠᠬᠢᠨ ᠵᠣᠬᠢᠶᠠᠨ ᠪᠠᠶᠢᠭᠤᠯᠬᠤ ᠪᠠ ᠲᠣᠬᠢᠷᠠᠭᠤᠯᠬᠤ ᠶᠢ |
| ᠲᠦᠷᠭᠡᠳᠭᠡᠨ᠂ ᠦᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠠᠭᠤᠷᠬᠠᠢ ᠶᠢᠨ ᠦᠢᠯᠡᠰ ᠡᠨᠧᠷᠬᠢ ᠶᠢᠨ |
| ᠪᠦᠲᠦᠭᠡᠨ ᠪᠠᠶᠢᠭᠤᠯᠣᠯᠲᠠ᠂ ᠵᠠᠮ ᠬᠠᠷᠢᠯᠴᠠᠭᠠᠨ ᠤ ᠪᠡᠯᠡ ᠣᠷᠣᠭᠤᠯᠣᠯᠲᠠ ᠵᠡᠷᠭᠡ ᠭᠤᠷᠪᠠᠨ ᠶᠡᠭᠡ ᠪᠦᠯᠦᠭᠯᠡᠯ ᠢ |
| ᠵᠣᠬᠢᠶᠠᠨ ᠪᠠᠶᠢᠭᠤᠯᠵᠣ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠠᠶᠢᠭᠤᠯᠣᠯᠲᠠ ᠶᠢᠨ ᠲᠦᠰᠦᠯ ᠢ ᠰᠣᠳᠣᠯᠣᠨ |
| ᠨᠡᠶᠢᠳᠡᠯᠡᠵᠦ᠂ ᠰᠢᠣᠳᠠᠨ ᠬᠤᠯᠪᠣᠭ᠎ᠠ ᠬᠢᠭᠡᠳ ᠲᠡᠮᠦᠷ ᠵᠠᠮ ᠤᠨ ᠲᠡᠭᠡᠭᠡᠪᠦᠷᠢ ᠶᠢᠨ ᠦᠢᠯᠡᠰ ᠤᠨ ᠡᠵᠡᠩᠨᠡᠯᠲᠡ ᠶᠢᠨ |
| ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠴᠢᠯᠡᠬᠦ ᠲᠣᠷᠰᠢᠯᠲᠠ ᠶᠢᠨ ᠴᠢᠭ᠋ ᠤᠨ ᠠᠵᠢᠯ ᠢ |
| ᠡᠬᠢᠯᠡᠭᠦᠯᠵᠦ᠂ ᠡᠬᠢ ᠪᠠᠶᠠᠯᠢᠭ ᠤᠨ ᠭᠠᠶᠢᠯᠢ ᠵᠢᠨᠥᠭᠡᠷᠡᠴᠢᠯᠡᠯᠲᠡ ᠶᠢᠨ ᠡᠷᠴᠢᠮ ᠢ ᠨᠡᠮᠡᠭᠳᠡᠭᠦᠯᠪᠡ᠃ ᠬᠤᠲᠠ |
| ᠬᠦᠳᠡᠭᠡ ᠶᠢ ᠨᠢᠭᠡᠳᠦᠯᠲᠡᠢ ᠲᠦᠯᠦᠪᠯᠡᠨ ᠬᠦᠭᠵᠢᠭᠦᠯᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ |
| ︽ᠡᠷᠬᠡ ᠶᠢ ᠦᠷᠭᠡᠳᠭᠡᠨ ᠰᠢᠶᠠᠨ ᠢ ᠬᠦᠴᠦᠷᠬᠡᠭᠵᠢᠭᠦᠯᠬᠦ︾ ᠪᠠ ᠲᠠᠷᠢᠶᠠᠯᠠᠬᠤ ᠮᠠᠯᠵᠢᠬᠤ ᠣᠷᠣᠨ ᠶᠡᠷᠦᠩᠬᠡᠶᠢᠯᠡᠭᠰᠡᠨ |
| ᠥᠭᠡᠷᠡᠴᠢᠯᠡᠯᠲᠡ ᠶᠢᠨ ᠲᠣᠷᠰᠢᠯᠲᠠ ᠶᠢᠨ ᠴᠢᠭ᠋ ᠤᠨ ᠠᠵᠢᠯ ᠢ ᠦᠷᠨᠢᠭᠦᠯᠵᠦ᠂ ᠨᠡᠶᠢᠬᠡᠮ ᠤᠨ ᠦᠢᠯᠡᠰ ᠤᠨ ᠬᠦᠷᠢᠶᠡᠨ ᠤ |
| ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠲᠣᠲᠣᠭᠠᠳᠣ ᠭᠠᠳᠠᠭᠠᠳᠣ ᠨᠡᠬᠡᠬᠡᠯᠲᠡ ᠶᠢ ᠣᠯᠠᠮ |
| ᠨᠢᠭᠡ ᠠᠯᠬᠤᠮ ᠦᠷᠭᠡᠳᠭᠡᠨ᠂ ᠦᠪᠦᠷ ᠮᠣᠩᠭᠤᠯ ᠭᠤᠸᠠᠩᠳᠦ᠋ᠡᠭ ᠤᠨ ᠰᠢᠨᠵᠢᠯᠡᠬᠦ ᠣᠬᠠᠭᠠᠨ ᠮᠡᠷᠭᠡᠵᠢᠯ ᠤᠨ |
| ᠬᠤᠷᠰᠢᠯᠴᠠᠭᠠᠨ ᠤ ᠠᠵᠢᠯᠠᠯᠭ᠎ᠠ ᠶᠢᠨ ᠭᠠᠷᠠᠭ᠂ ᠦᠪᠦᠷ ᠮᠣᠩᠭᠤᠯ ᠰᠢᠶᠠᠩᠭᠠᠡᠭ ᠣᠣᠮᠧᠨ ᠤ ᠠᠵᠣ ᠠᠬᠤᠢ |
| ᠠᠷᠠᠯᠵᠢᠶᠠᠨ ᠤ ᠬᠤᠷᠰᠢᠯᠴᠠᠭᠠᠨ ᠤ ᠭᠠᠷᠠᠭ ᠪᠣᠯᠣᠨ ᠵᠡᠭᠦᠨ ᠬᠤᠶᠢᠲᠣ ᠶᠢᠨ ᠳᠦᠷᠪᠡᠨ ᠮᠣᠵᠢ ᠣᠷᠣᠨ ᠤ ᠵᠠᠰᠠᠭ |
| ᠵᠠᠬᠢᠷᠭᠠᠨ ᠤ ᠳᠠᠷᠤᠭ᠎ᠠ ᠶᠢᠨ ᠬᠠᠮᠲᠣᠷᠠᠭᠰᠠᠨ ᠬᠤᠷᠠᠯᠳᠣᠭᠠᠨ ᠢ ᠠᠮᠵᠢᠯᠲᠠ ᠲᠠᠢ ᠡᠷᠬᠢᠯᠡᠵᠦ᠂ ᠣᠯᠣᠰ ᠤᠨ ᠲᠣᠲᠣᠭᠠᠲᠣ |
| ︵ᠣᠷᠣᠨ ᠤ ᠭᠠᠳᠠᠨ᠎ᠠ︶ ᠶᠢᠨ 4400 ᠳ᠋ᠦᠡᠭᠰᠢᠭᠤᠷ ᠲᠦᠭᠦᠷᠢᠭ ᠤᠨ ᠪᠡᠯᠡ ᠮᠦᠡᠭᠭᠦ ᠶᠢ ᠣᠷᠣᠭᠤᠯᠵᠣ ᠢᠷᠠᠨ |
| ᠪᠣᠳᠠᠲᠠᠶᠢᠵᠢᠭᠤᠯᠵᠣ᠂ 25% ᠪᠠᠷ ᠨᠡᠮᠡᠭᠳᠡᠪᠡ᠃ ᠣᠮᠠᠷᠠᠰᠢ ᠨᠡᠬᠡᠬᠡᠯᠲᠡ ᠬᠢᠬᠦ ᠪᠠᠶᠢᠯᠳᠣᠬᠤ ᠪᠣᠳᠣᠯᠭ᠎ᠠ ᠶᠢ |
| ᠲᠦᠷᠭᠡᠳᠭᠡᠨ ᠠᠬᠢᠭᠤᠯᠵᠣ᠂ ᠭᠠᠳᠠᠭᠠᠳᠣ ᠠᠵᠣ ᠠᠬᠤᠢ ᠠᠷᠠᠯᠵᠢᠶ᠎ᠠ ᠪᠣᠯᠣᠨ ᠪᠣᠭᠤᠮᠲᠠ ᠶᠢᠨ ᠬᠦᠭᠵᠢᠯᠲᠡ ᠶᠢ |
| ᠠᠬᠢᠭᠤᠯᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠂ ᠭᠠᠳᠠᠭᠠᠲᠣ ᠠᠷᠠᠯᠵᠢᠶ᠎ᠠ |
| ᠰᠡᠷᠭᠦᠯᠲᠡ ᠶᠢᠨ ᠴᠢᠨᠠᠷᠲᠠᠢ ᠨᠡᠮᠡᠭᠳᠡᠯ ᠢ ᠪᠡᠶᠡᠯᠡᠭᠦᠯᠵᠦ᠂ ᠭᠠᠳᠠᠭᠠᠳᠣ ᠠᠴᠠ ᠣᠷᠣᠭᠤᠯᠵᠣ ᠭᠠᠳᠠᠭᠠᠲᠣ ᠳᠤ ᠭᠠᠷᠭᠠᠬᠤ |
| ᠶᠡᠷᠦᠩᠬᠡᠢ ᠲᠤᠭ᠎ᠠ ᠶᠢ 120 ᠳ᠋ᠦᠡᠭᠰᠢᠭᠤᠷ ᠳ᠋ᠣᠯᠯᠠᠷ ᠪᠡᠶᠡᠯᠡᠭᠦᠯᠵᠦ᠂ 6.5% ᠣᠷᠴᠢᠮ ᠢᠶᠠᠷ ᠨᠡᠮᠡᠭᠳᠡᠪᠡ︔ |
| ᠭᠠᠳᠠᠭᠠᠳᠣ ᠪᠡᠯᠡ ᠶᠢ 44 ᠳ᠋ᠦᠡᠭᠰᠢᠭᠤᠷ ᠳ᠋ᠣᠯᠯᠠᠷ ᠪᠣᠲᠠᠲᠠᠢ ᠠᠰᠢᠭᠯᠠᠵᠣ᠂ 12% ᠢᠶᠠᠷ ᠨᠡᠮᠡᠭᠳᠡᠪᠡ᠃ |
| ︵ᠲᠠᠪᠤ︶ ᠠᠷᠠᠳ ᠤᠨ ᠠᠮᠢᠳᠣᠷᠠᠯ ᠢ ᠪᠠᠲᠣᠯᠠᠨ ᠰᠠᠶᠢᠵᠢᠷᠠᠭᠤᠯᠬᠤ ᠡᠷᠴᠢᠮ ᠢ ᠨᠡᠮᠡᠭᠳᠡᠭᠦᠯᠪᠡ᠃ ᠡᠳ᠋ ᠤᠨ |
| ᠵᠠᠰᠠᠭ ᠤᠨ ᠣᠷᠣᠯᠭ᠎ᠠ ᠵᠠᠷᠣᠯᠭ᠎ᠠ ᠶᠢᠨ ᠵᠦᠷᠢᠴᠡᠯ ᠳᠣᠪᠣᠶᠢᠮ᠎ᠠ ᠪᠠᠶᠢᠭ᠎ᠠ ᠪᠠᠶᠢᠳᠠᠯ ᠤᠨ ᠳᠣᠣᠷ᠎ᠠ᠂ ︽ᠠᠯᠪᠠᠨ ᠤ |
| ᠭᠤᠷᠪᠠᠨ ᠵᠦᠢᠯ ᠤᠨ ᠵᠠᠷᠣᠳᠠᠯ︾ ᠪᠣᠯᠣᠨ ᠡᠩ ᠤᠨ ᠴᠢᠨᠠᠷᠲᠠᠢ ᠵᠠᠷᠣᠯᠭ᠎ᠠ ᠶᠢ ᠪᠠᠭᠠᠰᠬᠠᠬᠤ ᠵᠡᠷᠭᠡ ᠠᠷᠭ᠎ᠠ |
| ᠬᠡᠮᠵᠢᠶ᠎ᠡ ᠪᠠᠷ ᠳᠠᠮᠵᠢᠭᠤᠯᠣᠨ᠂ ᠠᠷᠠᠳ ᠤᠨ ᠠᠮᠢᠳᠣᠷᠠᠯ ᠤᠨ ᠣᠷᠣᠭᠤᠯᠣᠯᠲᠠ ᠶᠢ ᠪᠦᠬᠦ ᠬᠦᠴᠦᠨ ᠢᠶᠠᠷ ᠢᠶᠠᠨ |
| ᠪᠠᠳᠣᠯᠠᠪᠠ᠃ ᠪᠦᠬᠦ ᠣᠷᠣᠨ ᠤ ᠡᠳ᠋ ᠤᠨ ᠵᠠᠰᠠᠭ ᠤᠨ ᠠᠷᠠᠳ ᠤᠨ ᠠᠮᠢᠳᠣᠷᠠᠯ ᠳᠠᠬᠢ ᠵᠠᠷᠣᠯᠭ᠎ᠠ 2340 |
| ᠳ᠋ᠦᠡᠭᠰᠢᠭᠤᠷ ᠲᠦᠭᠦᠷᠢᠭ ᠪᠠᠶᠢᠵᠣ᠂ ᠣᠯᠠᠨ ᠨᠡᠶᠢᠲᠡ ᠶᠢᠨ ᠡᠳ᠋ ᠤᠨ ᠵᠠᠰᠠᠭ ᠲᠦᠰᠦᠪ ᠤᠨ ᠵᠠᠷᠣᠯᠭ᠎ᠠ ᠶᠢᠨ 63. |
| 6% ᠶᠢ ᠡᠵᠡᠯᠡᠪᠡ᠃ ᠬᠤᠲᠠ ᠪᠠᠯᠭᠠᠰᠣ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠦ ᠪᠣᠯᠬᠤ |
| ᠳᠣᠮᠳᠠᠴᠢ ᠣᠷᠣᠯᠭ᠎ᠠ ᠵᠢᠱᠢᠯᠲᠡ ᠪᠠᠷ 25497 ᠲᠦᠭᠦᠷᠢᠭ ᠪᠠᠶᠢᠵᠣ᠂ 10.1% ᠪᠠᠷ ᠨᠡᠮᠡᠭᠳᠡᠪᠡ︔ ᠮᠠᠯᠴᠢᠨ |
| ᠲᠠᠷᠢᠶᠠᠴᠢᠨ ᠬᠦᠮᠦᠨ ᠪᠦᠷᠢ ᠶᠢᠨ ᠳᠣᠮᠳᠠᠴᠢ ᠴᠡᠪᠡᠷ ᠣᠷᠣᠯᠭ᠎ᠠ 8596 ᠲᠦᠭᠦᠷᠢᠭ ᠪᠠᠶᠢᠵᠣ᠂12.9% ᠪᠠᠷ |
| ᠨᠡᠮᠡᠭᠳᠡᠵᠦ᠂ ᠴᠦᠮ ᠠᠵᠣ ᠠᠬᠤᠢ ᠶᠢᠨ ᠨᠡᠮᠡᠭᠳᠡᠯ ᠤᠨ ᠬᠤᠷᠳᠣᠴᠠ ᠶᠢ ᠳᠠᠪᠠᠪᠠ᠃ ᠠᠳᠠᠯ ᠦᠢᠯᠡᠰ ᠴᠣᠭᠴᠠᠯᠠᠬᠤ ᠪᠠᠷ |
| ᠠᠵᠢᠯ ᠣᠯᠭᠤᠬᠤ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠪᠡ᠃ ᠠᠵᠢᠯ ᠣᠯᠭᠤᠬᠤ ᠪᠣᠯᠪᠠᠰᠣᠷᠠᠭᠤᠯᠣᠯ ᠪᠣᠯᠣᠨ |
| ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠢ ᠴᠢᠩᠭᠠᠳᠬᠠᠨ᠂ ᠳᠡᠭᠡᠳᠦ ᠰᠣᠷᠭᠠᠭᠤᠯᠢ ᠲᠡᠭᠦᠰᠦᠭᠰᠡᠳ |
| ᠵᠡᠷᠭᠡ ᠭᠤᠣᠯᠳᠠᠯᠭ᠎ᠠ ᠲᠠᠢ ᠬᠦᠮᠦᠰ ᠲᠤ ᠠᠵᠢᠯ ᠣᠯᠭᠤᠬᠤ ᠶᠢ ᠠᠬᠢᠭᠤᠯᠵᠣ᠂ ᠬᠤᠲᠠ ᠪᠠᠯᠭᠠᠰᠣ ᠶᠢᠨ ᠠᠵᠢᠯ |
| ᠣᠯᠭᠤᠯᠲᠠ ᠳᠤ ᠰᠢᠨ᠎ᠡ ᠪᠠᠷ 27.1 ᠲᠦᠮᠡᠨ ᠬᠦᠮᠦᠨ ᠨᠡᠮᠡᠭᠳᠡᠭᠦᠯᠵᠦ᠂14 ᠲᠦᠮᠡᠨ ᠳᠡᠭᠡᠳᠦ ᠰᠣᠷᠭᠠᠭᠤᠯᠢ |
| ᠲᠡᠭᠦᠰᠭᠡᠭᠰᠡᠳ ᠲᠤ ᠠᠵᠢᠯ ᠣᠯᠭᠤᠭᠰᠠᠨ ᠪᠣᠶᠣ ᠠᠵᠢᠯ ᠣᠯᠭᠤᠬᠤ ᠬᠠᠨᠳᠣᠰᠢ ᠶᠢ ᠨᠢ ᠨᠠᠶᠢᠳᠠᠪᠣᠷᠢᠵᠢᠭᠤᠯᠣᠨ᠂ |
| ᠲᠠᠶᠢᠷᠶᠠᠯᠠᠬᠤ ᠮᠠᠯᠵᠢᠬᠤ ᠣᠷᠣᠨ ᠤ ᠬᠦᠳᠡᠯᠮᠦᠷᠢ ᠬᠦᠴᠦᠨ ᠢ 259.3 ᠲᠦᠮᠡᠨ ᠬᠦᠮᠦᠨ ᠣᠳᠠᠭ᠎ᠠ ᠰᠢᠯᠵᠢᠭᠦᠯᠦᠨ |
| ᠠᠵᠢᠯ ᠣᠯᠭᠤᠵᠣ᠂ ᠠᠳᠠᠯ ᠦᠢᠯᠡᠰ ᠴᠣᠭᠴᠠᠯᠠᠬᠤ ᠪᠠᠷ 15.37 ᠲᠦᠮᠡᠨ ᠬᠦᠮᠦᠨ ᠳᠤ ᠠᠵᠢᠯ ᠣᠯᠭᠤᠵᠣ᠂ ᠬᠤᠲᠠ |
| ᠪᠠᠯᠭᠠᠰᠣ ᠶᠢᠨ ᠠᠵᠢᠯ ᠠᠯᠳᠠᠯᠲᠠ ᠶᠢᠨ ᠳᠠᠩᠰᠣᠯᠠᠭᠤᠯᠬᠤ ᠨᠣᠷᠮ᠎ᠠ ᠶᠢ 3.66% ᠶᠢᠨ ᠨᠡᠯᠢᠶᠡᠳ ᠳᠣᠣᠷ᠎ᠠ ᠬᠢᠷᠢ |
| ᠬᠡᠮᠵᠢᠶᠡᠨ ᠳᠤ ᠬᠢᠵᠠᠭᠠᠷᠯᠠᠪᠠ᠃ ᠨᠡᠶᠢᠬᠡᠮ ᠤᠨ ᠪᠠᠲᠣᠯᠠᠭ᠎ᠠ ᠶᠢᠨ ᠬᠢᠷᠢ ᠬᠡᠮᠵᠢᠶᠡᠨ ᠶᠢ ᠯᠠᠪᠳᠠᠭᠤᠨ ᠢᠶᠠᠷ |
| ᠳᠡᠭᠡᠭᠰᠢᠯᠡᠭᠦᠯᠪᠡ᠃ ᠠᠵᠣ ᠠᠬᠤᠶᠢᠯᠠᠯ ᠤᠨ ᠠᠵᠢᠯ ᠠᠴᠠ ᠪᠠᠨ ᠪᠠᠭᠤᠭᠰᠠᠨ ᠬᠦᠮᠦᠰ ᠤᠨ ᠨᠠᠰᠣᠵᠢᠯ ᠶᠢ ᠮᠦᠡᠭᠭᠦ᠂ |
| ᠬᠤᠲᠠ ᠬᠦᠳᠡᠭᠡ ᠶᠢᠨ ᠠᠮᠢᠳᠣᠷᠠᠯ ᠤᠨ ᠨᠠᠭᠠᠳᠣ ᠵᠠᠬ᠎ᠠ ᠶᠢᠨ ᠪᠠᠲᠣᠯᠠᠭ᠎ᠠ ᠵᠡᠷᠭᠡ ᠨᠡᠶᠢᠬᠡᠮ ᠤᠨ ᠪᠠᠲᠣᠯᠠᠭ᠎ᠠ ᠶᠢᠨ |
| ᠪᠠᠷᠢᠮᠵᠢᠶ᠎ᠠ ᠶᠢ ᠴᠦᠮ 10% ᠠᠴᠠ ᠳᠡᠭᠡᠭᠰᠢ ᠪᠠᠷ ᠳᠡᠭᠡᠭᠰᠢᠯᠡᠭᠦᠯᠵᠦ ᠬᠤᠲᠠ ᠬᠦᠳᠡᠭᠡ ᠶᠢᠨ ᠠᠮᠢᠳᠣᠷᠠᠯ ᠨᠠᠭᠠᠳᠣ |
| ᠵᠠᠬ᠎ᠠ ᠶᠢᠨ ᠪᠠᠲᠣᠯᠠᠭ᠎ᠠ᠂ ᠲᠠᠷᠢᠶᠠᠯᠠᠬᠤ ᠮᠠᠯᠵᠢᠬᠤ ᠣᠷᠣᠨ ᠣᠷᠣᠨ ᠤ ︽ᠲᠠᠪᠣᠨ ᠪᠠᠲᠣᠯᠠᠭ᠎ᠠ︾᠂ ᠬᠤᠲᠠ |
| ᠪᠠᠯᠭᠠᠰᠣ ᠶᠢᠨ ︽ᠭᠤᠷᠪᠠᠨ ᠦᠭᠡᠢ︾ ᠬᠦᠮᠦᠰ ᠪᠣᠯᠣᠨ ᠦᠨᠦᠴᠢᠨ ᠬᠡᠣᠬᠡᠳ ᠲᠤ ᠲᠣᠰᠠᠯᠠᠬᠤ ᠪᠠᠷᠢᠮᠵᠢᠶ᠎ᠠ ᠪᠦᠬᠦ |
| ᠣᠯᠣᠰ ᠤᠨ ᠡᠮᠦᠨᠡᠭᠦᠷ ᠣᠷᠣᠵᠣ᠂ ᠶᠠᠳᠠᠭᠤ ᠬᠦᠴᠢᠷᠳᠡᠯᠲᠡᠢ ᠣᠶᠣᠲᠠᠨ᠂ ᠭᠠᠮᠰᠢᠭᠳᠠᠭᠰᠠᠨ ᠣᠯᠠᠨ ᠲᠦᠮᠡᠨ ᠢ |
| ᠪᠦᠲᠦᠮᠵᠢᠲᠡᠢ ᠲᠡᠩᠬᠡᠷᠡᠭᠦᠯᠦᠨ ᠲᠣᠰᠠᠯᠠᠪᠠ᠃ ᠬᠠᠰᠣᠵᠣ ᠪᠠᠭᠠᠰᠬᠠᠭᠰᠠᠨ ︽ᠠᠯᠪᠠᠨ ᠤ ᠭᠤᠷᠪᠠᠨ ᠵᠦᠢᠯ ᠤᠨ ᠵᠠᠷᠣᠳᠠᠯ︾ |
| ᠤᠨ ᠲᠣᠲᠣᠷ᠎ᠠ ᠠᠴᠠ18 ᠳ᠋ᠦᠡᠭᠰᠢᠭᠤᠷ ᠲᠦᠭᠦᠷᠢᠭ ᠲᠣᠬᠢᠷᠠᠭᠤᠯᠵᠣ᠂ 295 ᠲᠦᠮᠡᠨ ᠣᠷᠣᠯᠭ᠎ᠠ ᠪᠠᠭ᠎ᠠ ᠲᠠᠢ |
| ᠲᠠᠷᠢᠶᠠᠯᠠᠬᠤ ᠮᠠᠯᠵᠢᠬᠤ ᠡᠷᠦᠬᠡ ᠶᠢᠨ ᠡᠷᠦᠬᠡ ᠪᠦᠷᠢ ᠳᠤ 1 ᠲᠣᠨ ᠳᠣᠯᠠᠭᠠᠯᠠᠯᠠᠭᠠ ᠶᠢᠨ ᠨᠡᠭᠦᠷᠡᠰᠦ ᠣᠯᠭᠤᠪᠠ᠃ |
| ᠠᠷᠠᠳ ᠤᠨ ᠠᠮᠢᠳᠣᠷᠠᠯ ᠤᠨ ᠣᠰᠣᠨ ᠠᠰᠢᠭᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠲᠠᠷᠢᠶᠠᠯᠠᠬᠤ ᠮᠠᠯᠵᠢᠬᠤ |
| ᠣᠷᠣᠨ ᠤ 100 ᠲᠦᠮᠡᠨ ᠬᠦᠮᠦᠨ ᠤ ᠠᠶᠣᠯ ᠦᠭᠡᠢ ᠣᠣᠭᠤᠬᠤ ᠣᠰᠣᠨ ᠤ ᠠᠰᠠᠭᠤᠳᠠᠯ ᠢ ᠰᠢᠢᠳᠪᠦᠷᠢᠯᠡᠪᠡ᠃ |
| ᠶᠠᠳᠠᠭᠤ ᠶᠢ ᠲᠡᠳᠬᠦᠨ ᠪᠣᠭᠤᠮᠲᠠ ᠰᠢᠪᠲᠣᠯᠬᠤ ᠢᠨᠵᠧᠨᠧᠷᠢᠩ ᠢ ᠶᠡᠬᠡᠪᠡᠷ ᠲᠦᠯᠬᠢᠨ ᠠᠬᠢᠭᠤᠯᠪᠠ᠃ ᠮᠣᠵᠢ ᠶᠢᠨ |
| ᠲᠡᠰ ᠤᠨ ᠣᠳᠣᠷᠢᠳᠬᠤ ᠺᠠᠳ᠋ᠷ ᠤᠨ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠲᠠᠢ ᠬᠠᠷᠢᠯᠴᠠᠬᠤ ᠠᠵᠢᠯ ᠢ |
| ᠨᠠᠶᠢᠳᠠᠪᠣᠷᠢᠵᠭᠤᠯᠵᠣ᠂ 23 ᠠᠵᠢᠯ ᠲᠦᠷᠦᠯ᠂ 38 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠶᠠᠳᠠᠭᠤ ᠶᠢ |
| ᠲᠡᠳᠭᠦᠵᠦ ᠨᠡᠭᠡᠭᠡᠨ ᠬᠦᠭᠵᠢᠭᠦᠯᠬᠦ ᠲᠦᠯᠦᠪᠵᠢᠭᠦᠯᠭᠡ ᠶᠢ ᠨᠠᠶᠢᠷᠠᠭᠤᠯᠣᠨ ᠵᠣᠬᠢᠶᠠᠵᠣ᠂ ᠶᠠᠳᠠᠭᠤ ᠶᠢ ᠳᠡᠳᠬᠦᠬᠦ |
| ᠣᠷᠣᠭᠤᠯᠣᠯᠲᠠ 100 ᠳ᠋ᠦᠡᠭᠰᠢᠭᠤᠷ ᠲᠦᠭᠦᠷᠢᠭ ᠢ ᠳᠠᠪᠠᠵᠣ᠂ ᠶᠠᠳᠠᠭᠤ ᠶᠢ ᠳᠡᠳᠬᠦᠵᠦ ᠨᠡᠭᠡᠭᠡᠨ ᠬᠦᠭᠵᠢᠭᠦᠯᠬᠦ |
| ᠲᠦᠷᠦᠯ ᠵᠦᠢᠯ 961 ᠶᠢ ᠬᠡᠷᠡᠭᠵᠢᠭᠦᠯᠵᠦ᠂ 40.8 ᠲᠦᠮᠡᠨ ᠶᠠᠳᠠᠭᠤ ᠬᠦᠴᠢᠷᠳᠡᠯᠲᠡᠢ ᠬᠦᠮᠦᠨ ᠠᠮᠠ ᠶᠢ |
| ᠲᠣᠭᠲᠠᠭᠤᠨ ᠢᠶᠠᠷ ᠶᠠᠳᠠᠭᠤ ᠠᠴᠠ ᠨᠢ ᠠᠩᠬᠢᠵᠢᠷᠠᠭᠤᠯᠬᠤ ᠶᠢ ᠪᠡᠶᠡᠯᠡᠭᠦᠯᠵᠦ᠂ ᠶᠠᠳᠠᠭᠤ ᠬᠦᠴᠢᠷᠳᠡᠯ ᠲᠠᠢ ᠶᠢᠨ ᠪᠣᠢ |
| ᠪᠣᠯᠬᠤ ᠨᠣᠷᠮ᠎ᠠ 17.8% ᠪᠠᠶᠢᠭᠰᠠᠨ ᠠᠴᠠ ᠨᠢ 14.9% ᠪᠣᠯᠲᠠᠯ᠎ᠠ ᠪᠠᠭᠤᠷᠠᠭᠤᠯᠵᠤ᠂ ᠶᠠᠳᠠᠭᠤ ᠬᠦᠴᠢᠷᠳᠡᠯᠲᠡᠢ |
| ᠬᠦᠮᠦᠨ ᠠᠮᠠ ᠶᠢᠨ ᠳᠤᠮᠳᠠᠴᠢ ᠣᠷᠣᠯᠭ᠎ᠠ ᠶᠢ16% ᠠᠴᠠ ᠳᠡᠭᠡᠭᠰᠢ ᠨᠡᠮᠡᠭᠳᠡᠭᠦᠯᠪᠡ᠃ ᠠᠷᠠᠳ ᠣᠯᠠᠨ ᠤ ᠬᠢᠮᠲᠠ |
| ᠣᠷᠣᠨ ᠰᠠᠭᠤᠴᠠ ᠶᠢᠨ ᠢᠨᠵᠧᠨᠧᠷᠢᠩ ᠢ ᠯᠠᠪᠳᠠᠭᠤᠨ ᠪᠠᠲᠣᠲᠠᠢ ᠲᠦᠯᠬᠢᠨ ᠠᠬᠢᠭᠤᠯᠪᠠ᠃ ᠪᠠᠲᠣᠯᠠᠭ᠎ᠠ ᠶᠢᠨ ᠴᠢᠨᠠᠷᠲᠠᠢ |
| ᠣᠷᠣᠨ ᠰᠠᠭᠤᠴᠠ ᠶᠢᠨ ᠪᠦᠲᠦᠭᠡᠨ ᠪᠠᠶᠢᠭᠤᠯᠣᠯᠲᠠ ᠪᠣᠯᠣᠨ ᠲᠠᠷᠢᠶᠠᠯᠠᠬᠤ ᠮᠠᠯᠵᠢᠬᠤ ᠣᠷᠣᠨ ᠤ ᠨᠣᠷᠠᠬᠤ ᠠᠶᠣᠯ ᠲᠠᠢ |
| ᠭᠡᠷ ᠪᠠᠶᠢᠰᠢᠩ ᠢ ᠰᠢᠨᠡᠳᠭᠡᠨ ᠵᠠᠰᠠᠬᠤ ᠠᠯᠬᠤᠴᠠ ᠶᠢ ᠲᠦᠷᠭᠡᠳᠭᠡᠨ᠂ ᠪᠣᠭᠤᠲᠣ ᠶᠢᠨ ᠬᠤᠶᠢᠲᠣ ᠬᠢᠷ᠎ᠡ ᠵᠡᠷᠭᠡ |
| ᠲᠦᠬᠦᠮ ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ ᠢ ᠲᠦᠪᠯᠡᠷᠡᠭᠦᠯᠦᠨ ᠰᠢᠨᠡᠳᠭᠡᠨ ᠵᠠᠰᠠᠬᠤ ᠲᠦᠷᠦᠯ |
| ᠵᠦᠢᠯ ᠢ ᠪᠦᠬᠦ ᠲᠠᠯ᠎ᠠ ᠪᠠᠷ ᠡᠬᠢᠯᠡᠭᠦᠯᠵᠦ᠂ ᠡᠯ᠎ᠡ ᠲᠦᠷᠦᠯ ᠤᠨ ᠪᠠᠲᠣᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ 17. |
| 8 ᠲᠦᠮᠡᠨ ᠢᠵᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠣ᠂ ᠪᠠᠷᠢᠯᠭ᠎ᠠ ᠡᠬᠢᠯᠡᠭᠦᠯᠦᠭᠰᠡᠨ ᠨᠣᠷᠮ᠎ᠠ 101. |
| 6% ᠪᠣᠯᠪᠠ︔ ᠲᠠᠷᠢᠶᠠᠯᠠᠬᠤ ᠮᠠᠯᠵᠢᠬᠤ ᠣᠷᠣᠨ ᠤ 12.75 ᠲᠦᠮᠡᠨ ᠡᠷᠦᠬᠡ ᠶᠢᠨ ᠨᠣᠷᠠᠬᠤ ᠠᠶᠣᠯ ᠲᠠᠢ ᠭᠡᠷ |
| ᠪᠠᠶᠢᠰᠢᠩ ᠢ ᠰᠢᠨᠡᠳᠭᠡᠨ ᠵᠠᠰᠠᠬᠤ ᠶᠢ ᠪᠡᠶᠡᠯᠡᠭᠦᠯᠵᠦ᠂ ᠣᠯᠣᠰ ᠠᠴᠠ ᠪᠠᠭᠤᠯᠭᠠᠭᠰᠠᠨ 3.65 ᠲᠦᠮᠡᠨ ᠡᠷᠦᠬᠡ ᠶᠢᠨ |
| ᠡᠭᠦᠷᠭᠡ ᠠᠴᠠ ᠳᠠᠪᠠᠪᠠ᠃ ᠡᠯ᠎ᠡ ᠵᠦᠢᠯ ᠤᠨ ᠨᠡᠶᠢᠬᠡᠮ ᠤᠨ ᠦᠢᠯᠡᠰ ᠢ ᠪᠦᠬᠦ ᠲᠠᠯ᠎ᠠ ᠪᠠᠷ ᠬᠦᠭᠵᠢᠭᠦᠯᠪᠡ᠃ ᠰᠣᠷᠬᠤ |
| ᠨᠠᠰᠣᠨ ᠠᠴᠠ ᠡᠮᠦᠨᠡᠬᠢ ᠰᠣᠷᠭᠠᠨ ᠬᠦᠮᠦᠵᠢᠯ ᠤᠨ ᠭᠤᠷᠪᠠᠨ ᠵᠢᠯ ᠤᠨ ᠠᠵᠢᠯᠠᠯᠭ᠎ᠠ ᠶᠢᠨ ᠲᠦᠯᠦᠪᠯᠡᠯᠭᠡ ᠶᠢ |
| ᠦᠨᠳᠦᠰᠦᠨ ᠳᠤ ᠪᠠᠨ ᠪᠡᠶᠡᠯᠡᠭᠦᠯᠵᠦ᠂ ᠳᠣᠮᠲᠠ ᠵᠡᠷᠭᠡ ᠶᠢᠨ ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ |
| ᠥᠭᠡᠷᠡᠴᠢᠯᠡᠯᠲᠡ ᠪᠣᠯᠣᠨ ᠬᠦᠭᠵᠢᠯᠲᠡ ᠶᠢ ᠣᠷᠣᠭᠰᠢᠲᠠᠢ ᠲᠦᠯᠬᠢᠨ ᠠᠬᠢᠭᠤᠯᠵᠣ᠂ ᠠᠯᠪᠠᠨ ᠵᠢᠷᠣᠮ ᠤᠨ ᠰᠣᠷᠭᠠᠨ |
| ᠬᠦᠮᠦᠵᠢᠯ᠂ ᠦᠨᠳᠦᠷ ᠵᠡᠷᠭᠡ ᠶᠢᠨ ᠲᠣᠮᠲᠠᠲᠣ ᠰᠣᠷᠭᠠᠭᠤᠯᠢ ᠶᠢᠨ ᠱᠠᠲᠣ ᠦᠶ᠎ᠡ ᠶᠢᠨ ᠰᠦᠢᠳᠭᠡᠯ ᠬᠤᠷᠢᠶᠠᠬᠤ ᠦᠭᠡᠢ |
| ᠰᠣᠷᠠᠭᠠᠨ ᠬᠦᠮᠦᠵᠢᠯ ᠤᠨ ᠵᠠᠷᠣᠳᠠᠯ ᠪᠣᠯᠣᠨ ᠭᠤᠣᠯᠳᠠᠯᠭ᠎ᠠ ᠲᠠᠢ ᠰᠣᠷᠭᠠᠨ ᠬᠦᠮᠦᠵᠢᠯ ᠤᠨ ᠢᠨᠵᠧᠨᠧᠷᠢᠩ ᠤᠨ |
| ᠪᠦᠲᠦᠭᠡᠨ ᠪᠠᠶᠢᠭᠤᠯᠣᠯᠲᠠ ᠶᠢᠨ ᠲᠦᠷᠦᠯ ᠵᠦᠢᠯ ᠤᠨ ᠪᠡᠯᠡ ᠮᠦᠡᠭᠭᠦ ᠶᠢ ᠪᠦᠬᠦᠨ ᠢ ᠨᠠᠶᠢᠳᠠᠪᠣᠷᠢᠵᠢᠭᠤᠯᠵᠣ᠂ ᠡᠯ᠎ᠡ |
| ᠱᠠᠲᠣᠨ ᠤ ᠡᠯ᠎ᠡ ᠲᠦᠷᠦᠯ ᠤᠨ ᠰᠣᠷᠭᠠᠨ ᠬᠦᠮᠦᠵᠢᠯ ᠵᠣᠬᠢᠴᠠᠩᠭᠤᠢ ᠪᠠᠷ ᠬᠦᠭᠵᠢᠪᠡ᠃ ᠬᠤᠲᠠ ᠬᠦᠳᠡᠭᠡ ᠶᠢᠨ |
| ᠡᠮᠨᠡᠯᠭᠡ ᠪᠣᠯᠣᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ |
| ᠪᠠᠶᠢᠭᠤᠯᠣᠯᠲᠠ ᠶᠢ ᠴᠢᠩᠭᠠᠳᠬᠠᠨ᠂ ᠠᠯᠪᠠᠨ ᠠᠴᠠ ᠪᠠᠶᠢᠭᠤᠯᠣᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ᠂ |
| ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠲᠣᠷᠰᠢᠯᠲᠠ ᠵᠡᠷᠭᠡ ᠠᠵᠢᠯ ᠢ |
| ᠣᠷᠣᠭᠰᠢᠲᠠᠢ ᠠᠬᠢᠭᠤᠯᠪᠠ᠃ ᠨᠡᠶᠢᠭᠡᠮ ᠵᠢᠷᠣᠮ ᠤᠨ ᠭᠤᠣᠯᠯᠠᠬᠤ ᠦᠷᠲᠡᠭ ᠤᠨ ᠰᠢᠰᠲ᠋ᠧᠮᠵᠢ ᠶᠢᠨ ᠪᠠᠶᠢᠭᠤᠯᠣᠯᠲᠠ ᠶᠢ |
| ᠭᠦᠨᠵᠡᠭᠡᠢ ᠲᠦᠯᠬᠢᠨ ᠠᠬᠢᠭᠤᠯᠵᠣ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ |
| ᠲᠡᠭᠦᠯᠳᠡᠷᠵᠢᠭᠦᠯᠦᠨ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ ᠠᠷᠪᠠᠳᠣᠭᠠᠷ |
| ᠬᠤᠭᠤᠴᠠᠭᠠᠨ ᠤ ᠲᠠᠯ᠎ᠠ ᠨᠣᠲᠤᠭ ᠤᠨ ᠰᠣᠶᠣᠯ ᠤᠨ ᠨᠠᠶᠢᠷ ᠢ ᠠᠮᠵᠢᠯᠲᠠ ᠲᠠᠢ ᠡᠷᠬᠢᠯᠡᠵᠦ᠂ ᠰᠣᠶᠣᠯ ᠤᠨ |
| ᠪᠠᠶᠢᠭᠤᠯᠣᠯ ᠤᠨ ᠥᠭᠡᠷᠡᠴᠢᠯᠡᠯᠲᠡ ᠪᠣᠯᠣᠨ ᠰᠣᠶᠣᠯ ᠤᠨ ᠠᠵᠣ ᠦᠢᠯᠡᠰ ᠤᠨ ᠬᠦᠭᠵᠢᠯᠲᠡ ᠶᠢ ᠲᠦᠷᠭᠡᠳᠭᠡᠭᠡᠳ᠂ |
| ᠣᠯᠠᠨ ᠲᠦᠮᠡᠨ ᠤ ᠣᠶᠣᠨ ᠤ ᠰᠣᠶᠣᠯ ᠤᠨ ᠠᠮᠢᠳᠣᠷᠠᠯ ᠡᠳᠦᠷ ᠢᠷᠡᠬᠦᠶ᠎ᠡ ᠡᠯᠪᠡᠭ ᠪᠠᠶᠠᠯᠢᠭ ᠪᠣᠯᠪᠠ᠃ ᠣᠶᠣᠨ |
| ᠪᠢᠯᠢᠭ ᠲᠠᠢ ᠬᠤᠲᠠ ᠪᠠ ᠨᠡᠶᠢᠬᠡᠮ ᠲᠣᠭᠤᠷᠢᠭ ᠤᠨ ᠪᠠᠶᠢᠭᠤᠯᠣᠯᠲᠠ ᠶᠢ ᠲᠦᠯᠬᠢᠨ ᠠᠬᠢᠭᠤᠯᠵᠣ᠂ ᠮᠣᠩᠭᠤᠯ ᠦᠭᠡ |
| ᠬᠡᠯᠡ ᠦᠰᠦᠭ ᠪᠢᠴᠢᠭ ᠤᠨ ᠮᠡᠳᠡᠭᠡ ᠵᠠᠩᠬᠢᠵᠢᠭᠤᠯᠣᠯᠲᠠ ᠶᠢᠨ ᠪᠠᠶᠢᠭᠤᠯᠣᠯᠲᠠ ᠶᠢ ᠲᠣᠰᠬᠠᠢ ᠵᠦᠢᠯ ᠢᠶᠠᠷ ᠲᠡᠳᠬᠦᠵᠦ᠂ |
| ᠭᠠᠷ ᠣᠲᠠᠰᠣ ᠪᠠᠷ ᠮᠣᠩᠭᠤᠯ ᠣᠬᠤᠷ ᠴᠢᠮᠡᠭᠡ ᠢᠯᠡᠭᠡᠬᠦ ᠪᠠ ᠮᠡᠳᠡᠭᠡ ᠵᠠᠩᠬᠢ ᠬᠡᠷᠡᠭᠯᠡᠬᠦ ᠶᠢ ᠪᠡᠶᠡᠯᠡᠭᠦᠯᠪᠡ᠃ ᠮᠠᠯᠵᠢᠬᠤ |
| ᠲᠠᠷᠢᠶᠠᠯᠠᠬᠤ ᠣᠷᠣᠨ ᠤ ︽ᠵᠢᠷᠭᠤᠭ᠎ᠠ ᠪᠠᠷ ᠪᠦᠬᠦᠨ ᠢ ᠬᠠᠮᠣᠷᠬᠤ︾ ᠢᠨᠵᠧᠨᠧᠷᠢᠩ ᠢ ᠬᠡᠷᠡᠭᠵᠢᠬᠦᠯᠵᠦ᠂ ᠬᠤᠲᠠ |
| ᠬᠦᠳᠡᠭᠡ ᠶᠢᠨ ᠣᠯᠠᠨ ᠨᠡᠶᠢᠲᠡ ᠶᠢᠨ ᠦᠨᠳᠦᠰᠣᠨ ᠦᠢᠯᠡᠴᠢᠯᠡᠭᠡᠨ ᠤ ᠲᠡᠩᠴᠡᠭᠦᠷᠢᠰᠢᠯ ᠤᠨ ᠤᠨ ᠬᠢᠷᠢ ᠬᠡᠮᠵᠢᠶ᠎ᠡ |
| ᠦᠷᠭᠦᠯᠵᠢᠯᠡᠨ ᠳᠡᠭᠡᠭᠰᠢᠯᠡᠪᠡ᠃ ᠰᠣᠨᠢᠨ ᠮᠡᠳᠡᠭᠡ ᠬᠡᠪᠯᠡᠯ᠂ ᠷᠠᠳᠢᠣ᠋ ᠺᠢᠨᠣ᠋ ᠲᠧᠯᠸᠢᠰ᠂ ᠭᠦᠨ ᠣᠬᠠᠭᠠᠨ ᠨᠡᠶᠢᠬᠡᠮ ᠤᠨ |
| ᠰᠢᠨᠵᠢᠯᠡᠬᠦ ᠣᠬᠠᠭᠠᠨ ᠤ ᠠᠵᠢᠯ ᠦᠢᠯᠡᠰ ᠴᠡᠴᠡᠭᠯᠡᠨ ᠬᠦᠭᠵᠢᠵᠦ᠂ ᠬᠦᠮᠦᠨ ᠠᠮᠠ ᠬᠢᠭᠡᠳ ᠲᠦᠯᠦᠪᠯᠡᠭᠡᠲᠦ |
| ᠦᠷᠡᠵᠢᠯ ᠤᠨ ᠠᠵᠢᠯ ᠠᠬᠢᠭᠤᠯᠣᠭᠳᠠᠵᠣ᠂ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠠᠵᠢᠯᠠᠯᠭ᠎ᠠ |
| ᠪᠠᠳᠠᠷᠠᠩᠭᠤᠢ ᠦᠷᠨᠢᠵᠦ᠂ ᠦᠨᠳᠦᠰᠦᠨ ᠱᠠᠰᠢᠨ ᠰᠣᠷᠲᠠᠬᠤᠨ ᠤ ᠠᠵᠢᠯ ᠴᠢᠩᠭᠠᠳᠬᠠᠭᠲᠠᠨ᠂ ᠴᠠᠭ ᠠᠭᠤᠷ᠂ |
| ᠠᠷᠠᠳ ᠤᠨ ᠠᠭᠠᠷ ᠤᠨ ᠰᠡᠷᠭᠡᠶᠢᠯᠡᠯᠲᠡ᠂ ᠭᠠᠵᠠᠷ ᠬᠦᠲᠡᠯᠦᠯᠲᠡ ᠪᠣᠯᠣᠨ ᠡᠮᠡᠭᠲᠡᠶᠢᠴᠦᠳ ᠬᠡᠣᠬᠡᠳ᠂ ᠦᠲᠡᠭᠦᠰ |
| ᠵᠡᠷᠭᠡ ᠶᠢᠨ ᠠᠵᠢᠯ ᠯᠠᠪᠳᠠᠭᠤᠨ ᠪᠠᠲᠣᠲᠠᠢ ᠠᠬᠢᠪᠠ᠃ ᠨᠠᠶᠢᠬᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ |
| ᠦᠨᠡᠨᠬᠦ ᠬᠠᠮᠠᠭᠠᠯᠠᠪᠠ᠃ ︽ᠰᠣᠷᠪᠣᠯᠵᠢᠯᠠᠯ ᠢ ᠶᠡᠬᠡᠪᠡᠷ ᠬᠦᠯᠢᠶᠡᠨ ᠠᠪᠬᠤ︾ ᠠᠵᠢᠯᠠᠯᠭ᠎ᠠ ᠶᠢ ᠭᠦᠨᠵᠡᠭᠡᠢ ᠦᠷᠨᠢᠭᠦᠯᠵᠦ᠂ |
| ᠨᠢᠭᠡ ᠪᠦᠯᠦᠭ ᠭᠤᠣᠯᠳᠠᠯᠭ᠎ᠠ ᠲᠠᠢ ᠵᠠᠬᠢᠲᠠᠯ ᠰᠣᠷᠪᠣᠯᠵᠢᠯᠠᠯ ᠤᠨ ᠠᠰᠠᠭᠤᠳᠠᠯ ᠢ ᠰᠢᠢᠳᠪᠦᠷᠢᠯᠡᠨ᠂ ᠪᠦᠬᠦ ᠣᠷᠣᠨ ᠤ |
| ᠵᠠᠬᠢᠲᠠᠯ ᠰᠣᠷᠪᠣᠯᠵᠢᠯᠠᠯ ᠤᠨ ᠬᠡᠮᠵᠢᠶ᠎ᠡ 25.5% ᠪᠠᠷ ᠪᠠᠭᠤᠷᠠᠪᠠ᠃ ︽ᠠᠮᠣᠭᠤᠯᠠᠩ ᠲᠠᠶᠢᠪᠤᠡᠭ ᠦᠪᠦᠷ ᠮᠣᠩᠭᠤᠯ ᠢ |
| ᠡᠭᠦᠳᠦᠨ ᠪᠠᠶᠢᠭᠤᠯᠬᠤ ᠢᠨᠵᠧᠨᠧᠷᠢᠩ︾ ᠢ ᠯᠠᠪᠳᠠᠭᠤᠨ ᠪᠠᠲᠣᠲᠠᠢ ᠲᠦᠯᠬᠢᠨ ᠠᠬᠢᠭᠤᠯᠵᠣ᠂ ᠡᠯ᠎ᠡ ᠲᠦᠷᠦᠯ ᠤᠨ |
| ᠬᠠᠣᠯᠢ ᠠᠴᠠ ᠵᠦᠷᠢᠴᠡᠭᠰᠡᠨ ᠶᠠᠯᠠᠲᠣ ᠠᠵᠢᠯᠠᠯᠭ᠎ᠠ ᠳᠤ ᠴᠢᠩᠭ᠎ᠠ ᠴᠣᠬᠢᠯᠲᠠ ᠦᠭᠴᠦ᠂ ᠨᠡᠶᠢᠬᠡᠮ ᠤᠨ ᠡᠶ᠎ᠡ ᠵᠣᠬᠢᠴᠠᠯ |
| ᠲᠠᠢ ᠲᠣᠭᠲᠠᠭᠤᠨ ᠪᠠᠶᠢᠬᠤ ᠶᠢ ᠪᠠᠲᠣᠯᠠᠪᠠ᠃ ᠠᠶᠣᠯ ᠦᠭᠡᠢ ᠦᠢᠯᠡᠳᠪᠦᠷᠢᠯᠡᠯ ᠪᠣᠯᠣᠨ ᠢᠳᠡᠭᠡᠨ ᠪᠠ ᠡᠮ ᠤᠨ |
| ᠵᠦᠢᠯ ᠤᠨ ᠠᠶᠣᠯ ᠦᠭᠡᠢ ᠬᠢᠨᠠᠯᠲᠠ ᠬᠠᠮᠢᠶᠠᠷᠣᠯᠲᠠ ᠶᠢ ᠴᠢᠩᠭᠠᠷᠠᠭᠤᠯᠵᠣ᠂ ᠠᠶᠣᠯ ᠦᠭᠡᠢ ᠶᠢᠨ ᠠᠲᠡᠯ ᠭᠠᠷᠬᠤ |
| ᠲᠤᠭ᠎ᠠ ᠪᠣᠯᠣᠨ ᠠᠲᠡᠭᠰᠡᠨ ᠬᠦᠮᠦᠨ ᠤ ᠲᠤᠭ᠎ᠠ ᠶᠢᠨ ︽ᠬᠤᠶᠠᠭᠤᠯᠠ ᠶᠢ ᠪᠠᠭᠤᠷᠠᠭᠤᠯᠬᠤ︾ ᠶᠢ ᠪᠡᠶᠡᠯᠡᠭᠦᠯᠪᠡ᠃ |
| ᠣᠯᠣᠰ ᠤᠨ ᠪᠠᠲᠣᠯᠠᠨ ᠬᠠᠮᠠᠭᠠᠯᠠᠯᠲᠠ ᠪᠣᠯᠣᠨ ᠴᠡᠷᠢᠭ ᠠᠩᠬᠢ ᠶᠢᠨ ᠣᠳᠣᠬᠢᠴᠢᠯᠠᠬᠤ ᠪᠦᠲᠦᠭᠡᠨ ᠪᠠᠶᠢᠭᠤᠯᠣᠯᠲᠠ ᠶᠢ |
| ᠢᠳᠡᠪᠬᠢᠲᠡᠢ ᠳᠡᠮᠵᠢᠵᠣ᠂ ᠣᠯᠣᠰ ᠤᠨ ᠪᠠᠲᠣᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠣᠯᠣᠨ ᠪᠡᠯᠡᠳᠭᠡᠯ ᠬᠦᠴᠦᠨ ᠤ |
| ᠪᠠᠶᠢᠭᠤᠯᠣᠯᠲᠠ ᠰᠢᠨ᠎ᠡ ᠠᠬᠢᠴᠠ ᠲᠠᠢ ᠪᠣᠯᠪᠠ᠃ |
| ︵ᠵᠢᠷᠭᠤᠭ᠎ᠠ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠣᠯᠲᠠ ᠴᠢᠩᠭᠠᠳᠬᠠᠭᠳᠠᠪᠠ᠃ |
| ᠠᠩᠬᠠᠳᠠᠭᠴᠢ ᠪᠦᠯᠦᠭ ᠨᠠᠮ ᠤᠨ ᠣᠯᠠᠨ ᠲᠦᠮᠡᠨᠴᠢ ᠱᠣᠭᠤᠮ ᠤᠨ ᠬᠦᠮᠦᠵᠢᠯ ᠦᠢᠯᠡᠳᠦᠯᠡᠭᠡ ᠶᠢᠨ ᠠᠵᠢᠯᠠᠯᠭ᠎ᠠ ᠶᠢ |
| ᠬᠢᠨᠠᠮᠠᠭᠠᠢ ᠦᠷᠨᠢᠭᠦᠯᠵᠦ᠂ ᠲᠦᠪ ᠤᠨ ᠨᠠᠢᠮᠠᠨ ᠵᠦᠢᠯ ᠤᠨ ᠲᠣᠭᠲᠠᠭᠠᠯ ᠪᠣᠯᠣᠨ ᠦᠪᠡᠷᠲᠡᠭᠡᠨ ᠵᠠᠰᠠᠬᠤ ᠣᠷᠣᠨ ᠤ 28 |
| ᠵᠦᠢᠯ ᠤᠨ ᠲᠦᠬᠦᠷ ᠲᠣᠭᠲᠠᠭᠠᠯ ᠢ ᠴᠢᠩᠭ᠎ᠠ ᠨᠠᠶᠢᠳᠠᠪᠣᠷᠢᠵᠢᠭᠤᠯᠣᠨ᠂ ᠦᠡᠭᠭᠡ ᠦᠨᠳᠦᠰᠦ ᠶᠢ ᠨᠢ ᠬᠠᠮᠲᠣᠲᠠ ᠨᠢ |
| ᠵᠠᠰᠠᠵᠣ᠂ ᠠᠪᠣᠨ ᠳᠣᠣᠷ᠎ᠠ ᠨᠢ ᠥᠭᠡᠷᠡᠴᠢᠯᠡᠬᠦ ᠶᠢ ᠪᠠᠷᠢᠮᠲᠠᠯᠠᠨ᠂ ᠴᠡᠴᠡᠭᠯᠡᠨ ᠰᠠᠶᠢᠵᠢᠷᠠᠭᠤᠯᠬᠤ ᠪᠠ ᠳᠦᠷᠢᠮ |
| ᠲᠣᠭᠲᠠᠭᠠᠯ ᠪᠠᠶᠢᠭᠤᠯᠬᠤ ᠠᠵᠢᠯ ᠢ ᠳᠣᠪᠣᠶᠢᠮ᠎ᠠ ᠰᠠᠶᠢᠳᠣᠷ ᠠᠳᠬᠤᠨ᠂ ︽ᠳᠦᠷᠪᠡᠨ ᠰᠣᠷᠲᠠᠯ︾ ᠤᠨ ᠲᠠᠯ᠎ᠠ ᠪᠠᠷ ᠬᠢ |
| ᠳᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠠᠮ ᠪᠠ ᠣᠯᠠᠨ ᠲᠦᠮᠡᠨ ᠤ ᠬᠠᠷᠢᠴᠠᠭ᠎ᠠ ᠶᠢ ᠣᠯᠠᠮ ᠨᠢᠭᠡ |
| ᠠᠯᠬᠤᠮ ᠨᠢᠭᠲᠠᠷᠠᠭᠤᠯᠣᠨ᠂ ᠵᠠᠰᠠᠭ ᠵᠠᠬᠢᠷᠭᠠᠨ ᠤ ᠪᠠᠶᠢᠭᠤᠯᠣᠯᠭ᠎ᠠ ᠪᠣᠯᠣᠨ ᠺᠠᠳ᠋ᠷ ᠤᠨ ᠰᠣᠷᠲᠠᠯ ᠢᠯᠡᠷᠡᠬᠡᠢ ᠰᠠᠶᠢᠵᠢᠷᠠᠵᠣ᠂ |
| ᠵᠠᠰᠠᠭ ᠵᠠᠬᠢᠷᠭᠠᠨ ᠤ ᠬᠦᠴᠦᠨ ᠴᠢᠳᠠᠪᠣᠷᠢ ᠲᠠᠰᠣᠷᠠᠯᠲᠠ ᠦᠭᠡᠢ ᠳᠡᠭᠡᠭᠰᠢᠯᠡᠪᠡ᠃ ᠰᠣᠷᠣᠯᠴᠠᠬᠤ ᠰᠣᠷᠲᠠᠯ ᠵᠣᠬᠢᠶᠠᠯ ᠤᠨ |
| ᠰᠣᠷᠲᠠᠯ ᠬᠤᠷᠠᠯ ᠤᠨ ᠰᠣᠷᠲᠠᠯ ᠶᠡᠬᠡᠪᠡᠷ ᠬᠠᠯᠠᠨ ᠰᠠᠶᠢᠵᠢᠷᠠᠭᠤᠯᠵᠣ᠂ ᠰᠣᠷᠲᠠᠯ ᠢ ᠲᠦᠪ ᠪᠣᠯᠭᠠᠵᠣ ᠰᠠᠬᠢᠯᠭ᠎ᠠ ᠪᠠᠲᠣ ᠶᠢ |
| ᠲᠦᠪ ᠴᠢᠩᠭ᠎ᠠ ᠪᠣᠯᠭᠠᠬᠤ ᠲᠣᠰᠬᠠᠢ ᠵᠦᠢᠯ ᠤᠨ ᠠᠵᠢᠯᠠᠯᠭ᠎ᠠ ᠶᠢ ᠭᠦᠨᠵᠡᠭᠡᠢ ᠦᠷᠨᠢᠭᠦᠯᠦᠨ᠂ ᠪᠠᠷᠢᠮᠵᠢᠶ᠎ᠠ ᠠᠴᠠ |
| ᠬᠡᠲᠦᠷᠡᠭᠰᠡᠨ ᠠᠵᠢᠯᠯᠠᠬᠤ ᠭᠡᠷ ᠪᠣᠯᠣᠨ ᠠᠯᠪᠠᠨ ᠶᠠᠪᠣᠳᠠᠯ ᠳᠤ ᠬᠡᠷᠡᠭᠯᠡᠬᠦ ᠲᠡᠷᠭᠡ ᠶᠢ ᠪᠦᠬᠦ ᠲᠠᠯ᠎ᠠ ᠪᠠᠷ ᠢᠯᠭᠠᠷᠠᠭᠤᠯᠵᠣ᠂ |
| ᠵᠠᠰᠠᠭ ᠤᠨ ᠣᠷᠳᠣᠨ ᠤ ᠴᠢᠨᠠᠷᠲᠠᠢ ᠠᠰᠠᠷ ᠲᠠᠩᠬᠢᠮ ᠪᠠᠭᠤᠳᠠᠯ ᠭᠠᠵᠠᠷ ᠪᠠᠶᠢᠭᠤᠯᠬᠤ ᠶᠢ ᠴᠢᠩᠭ᠎ᠠ ᠴᠠᠭᠠᠵᠠᠯᠠᠨ᠂ |
| ᠡᠩ ᠤᠨ ᠴᠢᠨᠠᠷᠲᠠᠢ ᠵᠠᠷᠣᠯᠭ᠎ᠠ ᠶᠢ ᠴᠢᠩᠭ᠎ᠠ ᠬᠢᠵᠠᠭᠠᠷᠯᠠᠵᠣ᠂ ᠪᠦᠬᠦ ᠣᠷᠣᠨ ᠤ ᠵᠠᠰᠠᠭ ᠵᠠᠬᠢᠷᠭᠠᠨ ᠤ ᠠᠵᠢᠯ |
| ᠦᠢᠯᠡᠰ ᠤᠨ ᠨᠢᠭᠡᠴᠡ ᠶᠢᠨ ︽ᠠᠯᠪᠠᠨ ᠤ ᠭᠤᠷᠪᠠᠨ ᠵᠦᠢᠯ ᠤᠨ ᠵᠠᠷᠣᠳᠠᠯ︾ 34% ᠪᠠᠷ ᠪᠠᠭᠤᠷᠠᠵᠣ᠂ ᠦᠪᠡᠷᠲᠡᠭᠡᠨ |
| ᠵᠠᠰᠠᠬᠤ ᠣᠷᠣᠨ ᠤ ᠵᠠᠰᠠᠭ ᠤᠨ ᠣᠷᠳᠣᠨ ᠤ ᠬᠤᠷᠠᠯ ᠪᠠ ᠲᠠᠷᠬᠠᠭᠠᠬᠤ ᠪᠢᠴᠢᠭ ᠮᠠᠲ᠋ᠧᠷᠢᠶᠠᠯ ᠤᠨ ᠲᠤᠭ᠎ᠠ ᠬᠡᠮᠵᠢᠶ᠎ᠡ |
| ᠲᠣᠰ ᠲᠣᠰ 14% ᠪᠠ 17% ᠪᠠᠷ ᠪᠠᠭᠠᠰᠪᠠ᠃ ᠦᠪᠡᠷᠲᠡᠭᠡᠨ ᠵᠠᠰᠠᠬᠤ ᠣᠷᠣᠨ ᠤ ᠠᠷᠠᠳ ᠤᠨ |
| ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠡᠭᠭᠤ ᠶᠢᠨ ᠬᠤᠷᠢᠶᠠᠨ ᠤ ᠲᠣᠭᠲᠠᠭᠠᠯ ᠢ ᠬᠢᠨᠠᠮᠠᠭᠠᠢ |
| ᠬᠡᠷᠡᠭᠵᠢᠭᠦᠯᠵᠦ᠂ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ |
| ᠣᠬᠠᠮᠰᠠᠷ ᠠᠴᠠ ᠪᠠᠨ ᠬᠦᠯᠢᠶᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠵᠣ ᠦᠢᠯᠡᠳᠪᠦᠷᠢ ᠬᠤᠳᠠᠯᠳᠣᠭᠠᠨ ᠤ |
| ᠬᠤᠯᠪᠣᠭ᠎ᠠ ᠪᠣᠯᠣᠨ ᠨᠠᠮ ᠪᠦᠯᠦᠭ ᠤᠨ ᠪᠣᠰᠣ ᠬᠦᠮᠦᠰ ᠤᠨ ᠰᠠᠨᠠᠯ ᠢ ᠦᠷᠭᠡᠨ ᠢᠶᠠᠷ ᠰᠣᠨᠣᠰᠴᠣ᠂ ᠠᠷᠠᠳ ᠤᠨ |
| ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠵᠦᠪᠯᠡᠯᠭᠡ᠂ ᠰᠠᠨᠠᠭᠤᠯᠭ᠎ᠠ ᠪᠣᠯᠣᠨ ᠣᠯᠣᠰ |
| ᠲᠦᠷᠦ ᠶᠢᠨ ᠵᠦᠪᠯᠡᠯᠭᠡᠨ ᠤ ᠬᠡᠰᠢᠭᠦᠳ ᠢ ᠳᠣᠷᠠᠳᠣᠯᠭ᠎ᠠ ᠶᠢ ᠴᠠᠭ ᠲᠣᠬᠠᠢ ᠳᠤᠨᠢ ᠭᠦᠢᠴᠡᠳᠭᠡᠪᠡ᠃ ᠵᠠᠰᠠᠭ ᠤᠨ |
| ᠣᠷᠳᠣᠨ ᠤ ᠬᠠᠣᠯᠢ ᠳᠦᠷᠢᠮ ᠤᠨ ᠠᠵᠢᠯ ᠢ ᠴᠢᠩᠭᠠᠳᠬᠠᠨ᠂ ᠠᠷᠠᠳ ᠤᠨ ᠠᠮᠢᠳᠣᠷᠠᠯ ᠤᠨ ᠬᠦᠷᠢᠶᠡᠨ ᠤ ᠵᠠᠰᠠᠭ |
| ᠵᠠᠬᠢᠷᠭᠠᠨ ᠤ ᠬᠠᠣᠯᠢ ᠲᠣᠭᠲᠠᠭᠠᠬᠤ ᠶᠢ ᠴᠢᠩᠭᠠᠷᠠᠭᠤᠯᠵᠣ᠂ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠬᠢᠷᠢ ᠬᠡᠮᠵᠢᠶ᠎ᠡ |
| ᠣᠯᠠᠮ ᠨᠢᠭᠡ ᠠᠯᠬᠤᠮ ᠳᠡᠭᠡᠭᠰᠢᠯᠡᠪᠡ᠃ ᠵᠠᠰᠠᠭ ᠤᠨ ᠶᠠᠪᠣᠳᠠᠯ ᠢ ᠢᠯᠡ ᠪᠣᠯᠭᠠᠬᠤ ᠶᠢ ᠢᠳᠡᠪᠬᠢᠲᠡᠢ ᠪᠠᠷ ᠲᠦᠯᠬᠢᠨ |
| ᠠᠬᠢᠭᠤᠯᠵᠣ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ᠂ ᠠᠵᠣ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠣᠳᠣᠬᠤ |
| ᠪᠠ ᠨᠡᠶᠢᠬᠡᠮ ᠤᠨ ᠬᠢᠨ ᠤ ᠬᠢᠨᠠᠯᠲᠠ ᠲᠠᠯᠪᠢᠬᠤ ᠶᠢ ᠴᠢᠩᠭᠠᠳᠬᠠᠪᠠ᠃ |
| ᠲᠦᠯᠦᠭᠡᠯᠡᠭᠴᠢᠳ ᠡ᠂ ᠦᠡᠭᠭᠡᠷᠡᠭᠰᠡᠨ ᠨᠢᠭᠡ ᠵᠢᠯ ᠤᠨ ᠠᠮᠵᠢᠯᠲᠠ ᠣᠯᠣᠭᠰᠠᠨ ᠨᠢ ᠬᠢᠯᠪᠠᠷ ᠪᠣᠰᠣ ᠶᠣᠮ᠃ |
| ᠡᠨᠡ ᠨᠢ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠣᠳᠠᠯ ᠤᠨ ᠬᠤᠷᠢᠶ᠎ᠠ ᠪᠣᠯᠣᠨ ᠦᠪᠡᠷᠲᠡᠭᠡᠨ ᠵᠠᠰᠠᠬᠤ ᠣᠷᠣᠨ ᠤ |
| ᠨᠠᠮ ᠤᠨ ᠬᠤᠷᠢᠶᠠᠨ ᠤ ᠵᠦᠪ ᠣᠨᠣᠪᠴᠢᠲᠠᠢ ᠣᠳᠣᠷᠢᠳᠣᠭᠰᠠᠨ ᠤ ᠦᠷ᠎ᠡ ᠳ᠋ᠦᠡᠭ᠂ ᠪᠦᠬᠦ ᠣᠷᠣᠨ ᠤ |
| ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠢᠷᠭᠠᠭᠤ ᠪᠠᠷ ᠲᠡᠮᠡᠴᠡᠨ᠂ ᠬᠠᠲᠠᠭᠤᠵᠢᠯᠲᠠᠢ ᠴᠢᠷᠮᠠᠶᠢᠭᠰᠠᠨ ᠤ |
| ᠦᠷ᠎ᠡ ᠳ᠋ᠦᠡᠭ ᠪᠣᠯᠬᠤ ᠪᠦᠭᠡᠳ ᠮᠦᠨᠴᠦ ᠨᠡᠶᠢᠬᠡᠮ ᠤᠨ ᠡᠯ᠎ᠡ ᠡᠲᠡᠭᠡᠳ ᠤᠨ ᠬᠢᠨ ᠶᠡᠬᠡᠬᠡᠨ ᠳᠡᠮᠵᠢᠵᠣ |
| ᠬᠠᠪᠰᠣᠷᠣᠭᠰᠠᠨ ᠤ ᠦᠷ᠎ᠡ ᠳ᠋ᠦᠡᠭ ᠪᠣᠯᠬᠤ ᠶᠣᠮ᠃ ᠠᠳᠡ᠂ ᠪᠢ ᠦᠪᠡᠷᠲᠡᠭᠡᠨ ᠵᠠᠰᠠᠬᠤ ᠣᠷᠣᠨ ᠤ ᠠᠷᠠᠳ ᠤᠨ |
| ᠵᠠᠰᠠᠭ ᠤᠨ ᠣᠷᠳᠣᠨ ᠤ ᠡᠮᠦᠨ᠎ᠡ ᠠᠴᠠ ᠰᠢᠷᠭᠠᠭᠤ ᠪᠠᠷ ᠠᠵᠢᠯᠯᠠᠵᠤ ᠪᠠᠶᠢᠭ᠎ᠠ ᠪᠦᠬᠦ ᠣᠷᠣᠨ ᠤ |
| ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ |
| ᠲᠦᠯᠦᠭᠡᠯᠡᠭᠴᠢ᠂ ᠣᠯᠣᠰ ᠲᠦᠷᠦ ᠶᠢᠨ ᠵᠦᠪᠯᠡᠯᠭᠡᠨ ᠤ ᠬᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠪᠣᠯᠣᠨ |
| ᠠᠷᠠᠳ ᠤᠨ ᠪᠦᠯᠬᠦᠮ᠂ ᠦᠪᠦᠷ ᠮᠣᠩᠭᠤᠯ ᠤᠨ ᠪᠦᠲᠦᠭᠡᠨ ᠪᠠᠶᠢᠭᠤᠯᠣᠯᠲᠠ ᠬᠢᠭᠡᠳ ᠬᠦᠭᠵᠢᠯᠲᠡ ᠶᠢ ᠬᠠᠯᠠᠮᠵᠢᠯᠠᠨ |
| ᠳᠡᠮᠵᠢᠭᠰᠡᠨ ᠪᠣᠢ ᠪᠦᠬᠦᠢ ᠨᠦᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ |
| ᠠᠮᠵᠢᠯᠲᠠ ᠪᠠᠨ ᠣᠯᠵᠣ ᠬᠠᠷᠠᠭᠰᠠᠨ ᠤ ᠳᠠᠭᠠᠣ ᠪᠢᠳᠡ ᠪᠠᠰᠠ ᠠᠵᠣ ᠠᠬᠤᠢ ᠨᠡᠶᠢᠬᠡᠮ ᠤᠨ ᠬᠦᠭᠵᠢᠯᠲᠡ ᠳᠤ |
| ᠣᠷᠣᠰᠢᠵᠣ ᠪᠠᠶᠢᠭ᠎ᠠ ᠠᠰᠠᠭᠤᠳᠠᠯ ᠪᠣᠯᠣᠨ ᠲᠣᠯᠭᠠᠷᠠᠵᠣ ᠪᠦᠬᠦᠢ ᠬᠦᠴᠢᠷᠳᠡᠯ ᠢ ᠰᠡᠷᠭᠡᠭ ᠢᠶᠠᠷ ᠣᠯᠵᠣ ᠲᠠᠨᠢᠪᠠ᠃ |
| ᠨᠢᠭᠡ ᠳᠤ ᠠᠵᠣ ᠠᠬᠤᠢ ᠶᠢᠨ ᠪᠠᠭᠤᠷᠠᠵᠣ ᠪᠠᠶᠢᠭ᠎ᠠ ᠳᠠᠷᠣᠯᠲᠠ ᠨᠡᠮᠡᠭᠳᠡᠪᠡ᠃ ᠵᠠᠬ᠎ᠠ ᠳᠡᠯᠭᠡᠭᠦᠷ ᠤᠨ ᠬᠡᠷᠡᠭᠴᠡᠭᠡ |
| ᠱᠠᠭᠠᠷᠲᠠᠯᠭ᠎ᠠ ᠬᠦᠷᠦᠯᠴᠡᠬᠦ ᠦᠭᠡᠢ᠂ ᠭᠤᠣᠯ ᠪᠣᠯᠬᠤ ᠠᠵᠣ ᠦᠢᠯᠡᠳᠪᠦᠷᠢ ᠶᠢᠨ ᠦᠢᠯᠡᠳᠬᠦᠨ ᠤ ᠦᠨ᠎ᠡ ᠬᠠᠨᠭ᠍ᠰᠢ |
| ᠪᠠᠭᠤᠷᠠᠭᠰᠠᠨ ᠵᠡᠷᠭᠡ ᠬᠦᠴᠦᠨ ᠵᠦᠢᠯ ᠤᠨ ᠨᠦᠯᠦᠭᠡᠯᠡᠯ ᠠᠴᠠ ᠪᠣᠯᠵᠣ᠂ ᠠᠵᠣ ᠠᠬᠤᠢ ᠶᠢᠨ ᠨᠡᠮᠡᠭᠳᠡᠯ ᠤᠨ ᠬᠤᠷᠳᠣᠴᠠ |
| ᠣᠳᠠᠭᠠᠰᠢᠷᠠᠨ᠂ ᠵᠠᠷᠢᠮ ᠳᠠᠪᠠᠭᠤᠯᠢᠭ ᠠᠵᠣ ᠦᠢᠯᠡᠰ ᠤᠨ ᠠᠰᠢᠭ ᠣᠯᠵᠠᠪᠣᠷᠢ ᠶᠢᠨ ᠣᠷᠣᠨ ᠵᠠᠢ ᠢᠪᠴᠣᠣᠷᠠᠵᠣ᠂ |
| ᠡᠳ᠋ ᠤᠨ ᠵᠠᠰᠠᠭ ᠤᠨ ᠣᠷᠣᠯᠭ᠎ᠠ ᠶᠢ ᠨᠡᠮᠡᠭᠳᠡᠭᠦᠯᠬᠦ ᠬᠦᠴᠢᠷᠳᠡᠯ ᠶᠡᠭᠡᠰᠭᠡᠪᠡ᠃ ᠬᠤᠶᠠᠷ ᠲᠤ ᠠᠵᠣ ᠠᠬᠤᠢ ᠶᠢᠨ |
| ᠪᠦᠲᠦᠴᠡ ᠵᠦᠢ ᠵᠣᠬᠢᠰ ᠦᠭᠡᠢ ᠪᠠᠶᠢᠨ᠎ᠠ᠃ ᠠᠩᠬᠠᠨ ᠤ ᠪᠦᠲᠦᠭᠡᠭᠳᠡᠬᠦᠨ ᠤ ᠬᠤᠪᠢ ᠶᠢᠨ ᠵᠢᠩ ᠶᠡᠭᠡ ᠪᠠᠶᠢᠵᠣ᠂ |
| ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ ᠣᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠ |
| ᠲᠠᠢ ᠪᠠᠶᠢᠵᠣ᠂ ᠦᠢᠯᠡᠴᠢᠯᠡᠭᠡᠨ ᠤ ᠦᠢᠯᠡᠰ ᠪᠣᠯᠣᠨ ᠳᠣᠮᠲᠠ ᠪᠠᠭ᠎ᠠ ᠠᠵᠣ ᠠᠬᠤᠶᠢᠯᠠᠯ ᠤᠨ ᠬᠦᠭᠵᠢᠯᠲᠡ ᠬᠤᠴᠣᠷᠠᠵᠣ᠂ |
| ᠪᠡᠶ᠎ᠡ ᠪᠠᠨ ᠳᠠᠭᠠᠭᠠᠵᠣ ᠰᠢᠨ᠎ᠡ ᠶᠢ ᠡᠭᠦᠳᠬᠦ ᠴᠢᠳᠠᠪᠣᠷᠢ ᠴᠢᠩᠭ᠎ᠠ ᠪᠣᠰᠣ᠂ ᠬᠦᠭᠵᠢᠯᠲᠡ ᠶᠢᠨ ᠠᠷᠭ᠎ᠠ ᠮᠠᠶ᠋ᠢᠭ ᠪᠠᠰᠠ |
| ᠨᠡᠯᠢᠶᠡᠳ ᠪᠦᠳᠦᠭᠦᠯᠢᠩ᠂ ᠨᠡᠶᠢᠲᠡ ᠶᠢᠨ ᠦᠮᠴᠢᠯᠡᠯ ᠤᠨ ᠪᠣᠰᠣ ᠠᠵᠣ ᠠᠬᠤᠢ ᠪᠣᠯᠣᠨ ᠰᠢᠶᠠᠨ ᠤ ᠬᠡᠪᠴᠢᠶᠡᠨ ᠤ |
| ᠠᠵᠣ ᠠᠬᠤᠢ ᠶᠢᠨ ᠬᠦᠭᠵᠢᠯᠲᠡ ᠲᠣᠲᠠᠮᠠᠭ᠂ ᠬᠤᠲᠠ ᠬᠦᠳᠡᠭᠡ᠂ ᠣᠷᠣᠨ ᠪᠦᠰᠡ ᠶᠢᠨ ᠬᠦᠭᠵᠢᠯᠲᠡ ᠲᠡᠩᠴᠡᠭᠦᠷᠢ |
| ᠦᠭᠡᠢ ᠪᠠᠶᠢᠨ᠎ᠠ᠃ ᠭᠤᠷᠪᠠ ᠳᠤ ᠰᠠᠭᠤᠷᠢ ᠪᠡᠯᠡᠳᠭᠡᠮᠵᠢ ᠶᠢᠨ ᠪᠣᠭᠤᠮᠢ ᠬᠢᠵᠠᠭᠠᠷᠯᠠᠯ ᠮᠦᠨ ᠬᠦ ᠬᠦᠨᠳᠦ ᠨᠣᠴᠢᠲᠠᠢ |
| ᠪᠠᠶᠢᠨ᠎ᠠ᠃ ᠡᠨᠧᠷᠬᠢ ᠶᠢᠨ ᠨᠡᠪᠲᠡᠷᠡᠯ ᠵᠠᠮ ᠤᠨ ᠪᠦᠲᠦᠭᠡᠨ ᠪᠠᠶᠢᠭᠤᠯᠣᠯᠲᠠ ᠬᠠᠷᠢᠴᠠᠩᠭᠤᠢ ᠬᠤᠴᠣᠷᠠᠵᠣ᠂ ᠪᠠᠷᠠᠭ᠎ᠠ ᠶᠢ |
| ᠭᠠᠳᠠᠭᠰᠢ ᠲᠡᠭᠡᠭᠡᠪᠦᠷᠢᠯᠡᠬᠦ᠂ ᠴᠠᠬᠢᠯᠭᠠᠨ ᠬᠦᠴᠦᠨ ᠢ ᠭᠠᠷᠭᠠᠬᠤ ᠴᠢᠳᠠᠪᠣᠷᠢ ᠬᠦᠷᠦᠯᠴᠡᠬᠦ ᠦᠭᠡᠢ᠂ ᠣᠰᠣᠨ |
| ᠠᠰᠢᠭᠯᠠᠯᠲᠠ ᠶᠢᠨ ᠰᠠᠭᠤᠷᠢ ᠪᠡᠯᠡᠳᠭᠡᠮᠵᠢ ᠪᠠᠭᠤᠷᠠᠢ᠂ ᠣᠰᠣᠨ ᠤ ᠡᠬᠢ ᠪᠠᠶᠠᠯᠢᠭ ᠢ ᠪᠠᠲᠣᠯᠠᠬᠤ ᠴᠢᠳᠠᠪᠣᠷᠢ ᠴᠢᠩᠭ᠎ᠠ |
| ᠪᠣᠰᠣ ᠪᠠᠶᠢᠨ᠎ᠠ᠃ ᠳᠦᠷᠪᠡ ᠳᠤ ᠠᠷᠠᠳ ᠤᠨ ᠠᠮᠢᠳᠣᠷᠠᠯ ᠪᠣᠯᠣᠨ ᠨᠡᠶᠢᠬᠡᠮ ᠤᠨ ᠪᠠᠶᠢᠭᠤᠯᠣᠯᠲᠠ ᠶᠢ ᠣᠯᠠᠮ ᠨᠢᠭᠡ |
| ᠠᠯᠬᠤᠮ ᠴᠢᠩᠭᠠᠳᠬᠠᠬᠤ ᠴᠢᠬᠤᠯᠠᠲᠠᠢ ᠪᠠᠶᠢᠨ᠎ᠠ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ |
| ᠨᠡᠮᠡᠭᠳᠡᠭᠦᠯᠬᠦ ᠬᠦᠴᠢᠷᠳᠡᠯ ᠶᠡᠬᠡᠰᠴᠦ᠂ ᠭᠡᠰᠡᠭ ᠣᠯᠠᠨ ᠲᠦᠮᠡᠨ ᠤ ᠠᠮᠢᠳᠣᠷᠠᠯ ᠪᠣᠯᠣᠨ ᠪᠠᠰᠠ ᠨᠡᠯᠢᠶᠡᠳ ᠬᠦᠴᠢᠷᠳᠡᠯ |
| ᠲᠠᠢ ᠪᠠᠶᠢᠭ᠎ᠠ ᠪᠦᠭᠡᠳ ᠰᠣᠷᠭᠠᠨ ᠬᠦᠮᠦᠵᠢᠯ᠂ ᠡᠮᠨᠡᠯᠭᠡ᠂ ᠨᠡᠶᠢᠬᠡᠮ ᠤᠨ ᠪᠠᠲᠣᠯᠠᠭ᠎ᠠ᠂ ᠢᠳᠡᠭᠡᠨ ᠪᠠ ᠡᠮ ᠤᠨ |
| ᠵᠦᠢᠯ ᠤᠨ ᠠᠶᠣᠯ ᠦᠭᠡᠢ ᠶᠢᠨ ᠵᠡᠷᠭᠡ ᠲᠠᠯ᠎ᠠ ᠪᠠᠷ ᠪᠠᠰᠠ ᠣᠯᠠᠨ ᠲᠦᠮᠡᠨ ᠤ ᠲᠣᠰᠬᠠᠯ ᠳᠣᠪᠣᠶᠢᠮ᠎ᠠ ᠪᠠᠶᠢᠭ᠎ᠠ ᠴᠦᠬᠡᠨ |
| ᠪᠣᠰᠣ ᠠᠰᠠᠭᠤᠳᠠᠯ ᠣᠷᠣᠰᠢᠵᠣ ᠪᠠᠶᠢᠨ᠎ᠠ᠃ ᠲᠠᠪᠤ ᠳᠤ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢᠨ ᠡᠭᠦᠷᠭᠡ |
| ᠬᠠᠲᠠᠭᠤ ᠪᠡᠷᠬᠡ ᠪᠠᠶᠢᠨ᠎ᠠ᠃ ᠬᠡᠰᠡᠭ ᠵᠠᠷᠢᠮ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠮᠦᠨ ᠬᠦ |
| ᠮᠠᠭᠤᠵᠢᠷᠠᠵᠣ᠂ ᠡᠯᠡᠰᠦᠷᠭᠡᠭᠵᠢᠯ ᠡᠯᠡᠰᠦᠨ ᠤ ᠬᠦᠨᠦᠭᠡᠯ᠂ ᠬᠦᠷᠦᠰᠦ ᠰᠢᠷᠣᠢ ᠢᠳᠡᠭᠳᠡᠵᠦ ᠪᠠᠶᠢᠭ᠎ᠠ ᠦᠵᠡᠭᠳᠡᠯ ᠮᠦᠨ |
| ᠬᠦ ᠬᠦᠨᠳᠦ ᠨᠣᠴᠢᠲᠠᠢ ᠪᠠᠶᠢᠵᠣ᠂ ᠣᠰᠣ᠂ ᠠᠭᠠᠷ ᠮᠠᠨᠳᠠᠯ᠂ ᠬᠦᠨᠳᠦ ᠲᠡᠮᠦᠷᠯᠢᠭ ᠤᠨ ᠪᠣᠬᠢᠷᠳᠣᠯ ᠢ ᠰᠡᠷᠭᠡᠶᠢᠯᠡᠨ |
| ᠵᠠᠰᠠᠬᠤ ᠡᠭᠦᠷᠭᠡ ᠬᠦᠨᠳᠦ ᠵᠠᠮ ᠬᠤᠯᠠ ᠪᠠᠶᠢᠨ᠎ᠠ᠃ ᠵᠢᠷᠭᠤᠭ᠎ᠠ ᠳᠤ ᠵᠠᠰᠠᠭ ᠤᠨ ᠣᠷᠳᠣᠨ ᠤ ᠡᠭᠦᠷᠭᠡ ᠴᠢᠳᠠᠪᠣᠷᠢ ᠶᠢᠨ |
| ᠬᠤᠪᠢᠷᠠᠭᠤᠯᠣᠯᠲᠠ ᠬᠦᠷᠦᠯᠴᠡᠬᠦ ᠦᠭᠡᠢ ᠪᠠᠶᠢᠨ᠎ᠠ᠃ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ᠂ ᠨᠡᠶᠢᠬᠡᠮ ᠤᠨ |
| ᠬᠠᠷᠢᠴᠠᠭ᠎ᠠ ᠪᠠᠰᠠ ᠰᠢᠯᠣᠭᠤᠳᠣᠭᠠᠳᠣᠢ ᠪᠠᠶᠢᠵᠣ᠂ ᠣᠯᠠᠨ ᠨᠡᠶᠢᠲᠡ ᠶᠢᠨ ᠦᠢᠯᠡᠴᠢᠯᠡᠭᠡᠨ᠂ ᠵᠠᠬ᠎ᠠ ᠳᠡᠯᠭᠡᠭᠦᠷ ᠤᠨ |
| ᠬᠢᠨᠠᠯᠲᠠ ᠬᠠᠮᠢᠶᠠᠷᠣᠯᠲᠠ ᠵᠡᠷᠭᠡ ᠡᠭᠦᠷᠭᠡ ᠴᠢᠳᠠᠪᠣᠷᠢ ᠪᠠᠨ ᠪᠠᠳᠠᠷᠠᠭᠤᠯᠬᠤ ᠶᠠᠪᠣᠳᠠᠯ ᠪᠠᠰᠠ ᠬᠦᠷᠦᠯᠴᠡᠬᠦ ᠦᠭᠡᠢ ᠪᠠᠶᠢᠵᠣ᠂ |
| ︽ᠳᠦᠷᠪᠡᠨ ᠰᠣᠷᠲᠠᠯ︾ ᠤᠨ ᠠᠰᠠᠭᠤᠳᠠᠯ ᠮᠦᠨ ᠬᠦ ᠠᠳᠠᠯᠢ ᠪᠣᠰᠣ ᠬᠡᠮᠵᠢᠶ᠎ᠡ ᠪᠠᠷ ᠣᠷᠣᠰᠢᠵᠣ ᠪᠠᠶᠢᠨ᠎ᠠ᠃ ᠡᠭᠦᠨ ᠢ |
| ᠪᠢᠳᠡ ᠬᠢᠨᠠᠮᠠᠭᠠᠢ ᠰᠢᠢᠳᠪᠦᠷᠢᠯᠡᠬᠦ ᠬᠡᠷᠡᠭᠲᠡᠢ᠃ |
| ᠬᠤᠶᠠᠷ᠂ ᠡᠨᠡ ᠵᠢᠯ ᠤᠨ ᠭᠤᠣᠯ ᠡᠭᠦᠷᠭᠡ |
| 2014 ᠣᠨ ᠪᠣᠯ ᠨᠠᠮ ᠤᠨ ᠠᠷᠪᠠᠨ ᠨᠠᠢᠮᠠᠳᠣᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠣᠭᠠᠷ |
| ᠪᠦᠬᠦᠲᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠣᠨ ᠨᠠᠶᠢᠳᠠᠪᠦᠷᠢᠵᠢᠭᠤᠯᠵᠣ᠂ |
| ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠬᠦᠯᠬᠦ ᠡᠬᠢᠯᠡᠯᠲᠡ ᠶᠢᠨ ᠵᠢᠯ ᠪᠣᠯᠬᠤ ᠪᠦᠭᠡᠳ ᠮᠦᠨ ᠴᠦ |
| ᠦᠪᠡᠷᠲᠡᠬᠡᠨ ᠵᠠᠰᠠᠬᠤ ᠣᠷᠣᠨ ᠤ ︽8337︾ ᠬᠦᠭᠵᠢᠯᠲᠡ ᠶᠢᠨ ᠰᠡᠳᠬᠢᠴᠡ ᠶᠢ ᠲᠣᠭᠤᠰᠢᠯᠠᠭᠤᠯᠣᠨ |
| ᠨᠠᠶᠢᠳᠠᠪᠦᠷᠢᠵᠢᠭᠤᠯᠬᠤ ᠶᠢ ᠲᠦᠯᠬᠢᠨ ᠠᠬᠢᠭᠤᠯᠬᠤ᠂ ︽12.5︾ ᠶᠢᠨ ᠲᠦᠯᠦᠪᠵᠢᠭᠦᠯᠭᠡ ᠶᠢᠨ ᠲᠡᠮᠡᠴᠡᠬᠦ |
| ᠬᠠᠷᠠᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠡᠨᠡ ᠵᠢᠯ ᠤᠨ ᠠᠵᠣ ᠠᠬᠤᠢ ᠨᠡᠶᠢᠬᠡᠮ ᠤᠨ |
| ᠬᠦᠭᠵᠢᠯᠲᠡ ᠶᠢᠨ ᠣᠷᠴᠢᠨ ᠠᠬᠤᠢ ᠮᠦᠨ ᠬᠦ ᠪᠣᠳᠣᠯᠢᠶᠠᠨᠲᠠᠢ ᠪᠦᠭᠡᠳ ᠬᠠᠲᠠᠭᠤ ᠴᠢᠩᠭ᠎ᠠ ᠪᠠᠶᠢᠵᠣ᠂ ᠲᠣᠭᠲᠠᠭᠤᠨ |
| ᠪᠠᠶᠢᠬᠤ ᠶᠢᠨ ᠳᠠᠭᠠᠣ ᠲᠦᠭᠰᠢᠭᠦᠷᠢ ᠲᠠᠢ᠂ ᠠᠵᠣ ᠲᠣᠬᠢᠶᠠᠯ ᠪᠣᠯᠣᠨ ᠦᠷᠢᠰᠦᠯᠳᠦᠭᠡᠨ ᠬᠠᠮᠲᠣ ᠣᠷᠣᠰᠢᠵᠣ ᠪᠣᠢ᠃ |
| ᠪᠢᠳᠡ ᠲᠣᠯᠭᠠᠷᠠᠵᠣ ᠮᠡᠳᠡᠬᠦ ᠬᠦᠴᠢᠷᠳᠡᠯ ᠪᠣᠯᠣᠨ ᠦᠷᠢᠰᠦᠯᠳᠦᠭᠡᠨ ᠢ ᠭᠦᠢᠴᠡᠳ ᠵᠢᠱᠢᠵᠦ᠂ ᠦᠷᠢᠳᠠᠰᠠ ᠰᠠᠶᠢᠳᠣᠷ |
| ᠪᠡᠯᠡᠳᠬᠡᠯ ᠬᠢᠵᠦ᠂ ᠬᠡᠮ ᠢ ᠢᠷᠡᠬᠦ ᠠᠴᠠ ᠨᠢ ᠡᠮᠦᠨ᠎ᠡ ᠰᠡᠷᠭᠡᠶᠢᠯᠡᠬᠦ ᠬᠡᠷᠡᠭᠲᠡᠢ ᠮᠦᠷᠲᠡᠬᠡᠨ ᠪᠠᠰᠠ ᠢᠲᠡᠭᠡᠯ ᠵᠣᠷᠢᠭ ᠢᠶᠠᠨ |
| ᠪᠠᠳᠣᠳᠬᠠᠨ᠂ ᠰᠢᠨᠵᠢᠯᠡᠬᠦ ᠣᠬᠠᠭᠠᠨᠴᠢ ᠪᠠᠷ ᠠᠷᠭᠠᠴᠠᠵᠣ᠂ ᠡᠯ᠎ᠡ ᠵᠦᠢᠯ ᠤᠨ ᠠᠵᠢᠯ ᠢᠶᠠᠨ ᠯᠠᠪᠲᠠᠭᠤᠨ ᠪᠠᠲᠣᠲᠠᠢ |
| | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠲᠠᠯᠭ᠎ᠠ ᠪᠣᠯ᠄ ᠲᠣᠮᠲᠠᠲᠣ ᠣᠯᠣᠰ ᠤᠨ |
| ᠣᠨᠴᠠᠯᠢᠭ ᠪᠦᠬᠦᠢ ᠨᠡᠶᠢᠬᠡᠮ ᠵᠢᠷᠣᠮ ᠤᠨ ᠠᠭᠤᠣ ᠶᠡᠭᠡ ᠲᠤᠭ ᠢ ᠦᠨᠳᠦᠷ ᠮᠠᠨᠳᠣᠭᠤᠯᠣᠨ᠂ ᠳ᠋ᠸᠡᠭ ᠰᠢᠶᠣᠣ ᠫᠢᠡᠭ ᠤᠨ |
| ᠣᠨᠣᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠣᠬᠠᠭᠠᠨᠴᠢ ᠬᠦᠭᠵᠢᠯᠲᠡ ᠶᠢᠨ |
| ᠦᠵᠡᠯᠲᠡ ᠪᠠᠷ ᠵᠢᠯᠣᠭᠤᠳᠠᠯᠭ᠎ᠠ ᠪᠣᠯᠭᠠᠵᠣ᠂ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ᠂ ᠠᠷᠪᠠᠨ ᠨᠠᠢᠮᠠᠳᠣᠭᠠᠷ |
| ᠬᠤᠭᠤᠴᠠᠭᠠᠨ ᠤ ᠲᠦᠪ ᠬᠤᠷᠢᠶᠠᠨ ᠤ ᠬᠤᠶᠠᠳᠣᠭᠠᠷ᠂ ᠭᠤᠷᠪᠠᠳᠣᠭᠠᠷ ᠪᠦᠬᠦᠲᠡ ᠬᠤᠷᠠᠯ᠂ ᠲᠦᠪ ᠤᠨ ᠠᠵᠣ |
| ᠠᠬᠤᠢ ᠶᠢᠨ ᠠᠵᠢᠯ ᠤᠨ ᠬᠤᠷᠠᠯ ᠪᠣᠯᠣᠨ ᠰᠢ ᠶᠢᠨ ᠫᠢᠡᠭ ᠶᠡᠷᠦᠩᠬᠡᠢ ᠱᠦᠵᠢ ᠶᠢᠨ ᠠᠯᠢ ᠣᠯᠠᠨ ᠴᠢᠬᠤᠯᠠ ᠶᠠᠷᠢᠶᠠᠨ ᠤ |
| ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠣᠨ ᠨᠠᠶᠢᠳᠠᠪᠦᠷᠢᠵᠢᠭᠤᠯᠵᠣ᠂ ᠦᠪᠡᠷᠲᠡᠭᠡᠨ ᠵᠠᠰᠠᠬᠤ ᠣᠷᠣᠨ ᠤ |
| ︽8337︾ ᠬᠦᠭᠵᠢᠯᠲᠡ ᠶᠢᠨ ᠰᠡᠳᠬᠢᠴᠡ ᠪᠣᠯᠣᠨ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ |
| ᠶᠢᠰᠦᠳᠦᠭᠡᠷ ᠬᠤᠭᠤᠴᠠᠭᠠᠨ ᠤ ᠪᠦᠬᠦ ᠬᠡᠰᠢᠭᠦᠳ ᠤᠨ ᠬᠤᠷᠠᠯ ᠶᠢᠰᠦᠳᠦᠭᠡᠷ ᠬᠤᠭᠤᠴᠠᠭᠠᠨ ᠤ ᠠᠷᠪᠠᠳᠣᠭᠠᠷ |
| ᠣᠳᠠᠭᠠᠨ ᠤ ᠪᠦᠬᠦ ᠬᠡᠰᠢᠭᠦᠳ ᠤᠨ ᠬᠤᠷᠠᠯ ᠵᠢᠴᠢ ᠪᠦᠬᠦ ᠣᠷᠣᠨ ᠤ ᠠᠵᠣ ᠠᠬᠤᠢ ᠶᠢᠨ ᠠᠵᠢᠯ ᠤᠨ |
| ᠬᠤᠷᠠᠯᠳᠣᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠣᠨ ᠨᠠᠶᠢᠳᠠᠪᠣᠷᠢᠵᠢᠭᠤᠯᠵᠣ᠂ ᠯᠠᠪᠳᠠᠭᠤᠨ ᠢᠶᠠᠷ |
| ᠣᠷᠣᠭᠰᠢ ᠳᠠᠪᠰᠢᠭᠤᠯᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠨ᠂ ᠥᠭᠡᠷᠡᠴᠢᠯᠡᠯᠲᠡ ᠬᠢᠵᠦ |
| ᠰᠢᠨ᠎ᠡ ᠶᠢ ᠡᠭᠦᠳᠬᠦ ᠶᠢ ᠠᠵᠣ ᠠᠬᠤᠢ ᠨᠡᠶᠢᠬᠡᠮ ᠤᠨ ᠬᠦᠭᠵᠢᠯᠲᠡ ᠶᠢᠨ ᠡᠯ᠎ᠡ ᠬᠦᠷᠢᠶᠡᠨ ᠤ ᠵᠠᠩᠬᠢᠯᠭ᠎ᠠ ᠨᠢᠭᠡᠪᠦᠷᠢ ᠳᠤ |
| ᠲᠣᠭᠤᠰᠢᠯᠠᠵᠣ᠂ ᠪᠦᠲᠦᠮᠵᠢᠲᠡᠢ ᠪᠡᠯᠡ ᠣᠷᠣᠭᠤᠯᠣᠯᠲᠠ ᠶᠢ ᠦᠷᠭᠡᠳᠭᠡᠬᠦ ᠪᠠᠷ ᠭᠤᠣᠯᠳᠠᠯᠭ᠎ᠠ ᠪᠣᠯᠭᠠᠨ ᠠᠵᠣ |
| ᠠᠬᠤᠢ ᠶᠢᠨ ᠨᠡᠮᠡᠭᠳᠡᠯ ᠢ ᠲᠣᠭᠲᠠᠪᠣᠷᠢᠵᠢᠭᠤᠯᠵᠣ᠂ ︽ᠲᠠᠪᠣᠨ ᠶᠡᠭᠡ ᠰᠠᠭᠤᠷᠢᠨ ᠭᠠᠵᠠᠷ︾ ᠢ ᠪᠦᠲᠦᠭᠡᠨ |
| ᠪᠠᠶᠢᠭᠤᠯᠬᠤ ᠪᠠᠷ ᠭᠤᠣᠯᠳᠠᠯᠭ᠎ᠠ ᠪᠣᠯᠭᠠᠨ ᠠᠵᠣ ᠦᠢᠯᠡᠰ ᠤᠨ ᠪᠦᠲᠦᠴᠡ ᠳᠤ ᠲᠣᠬᠢᠷᠠᠭᠤᠯᠣᠯᠲᠠ ᠬᠢᠵᠦ᠂ ᠠᠷᠠᠳ ᠤᠨ |
| ᠠᠮᠢᠳᠣᠷᠠᠯ ᠤᠨ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠬᠦ ᠪᠠᠷ ᠭᠤᠣᠯᠳᠠᠯᠭ᠎ᠠ ᠪᠣᠯᠭᠠᠨ ᠬᠤᠲᠠ ᠬᠦᠳᠡᠭᠡ ᠶᠢᠨ |
| ᠵᠣᠬᠢᠴᠠᠩᠭᠤᠢ ᠪᠠᠷ ᠬᠦᠭᠵᠢᠬᠦ ᠶᠢ ᠨᠢᠭᠡᠳᠦᠯᠲᠡᠢ ᠲᠦᠯᠦᠪᠯᠡᠵᠦ᠂ ᠠᠵᠣ ᠠᠬᠤᠢ ᠶᠢᠨ ᠪᠠᠶᠢᠭᠤᠯᠣᠯ ᠤᠨ |
| ᠥᠭᠡᠷᠡᠴᠢᠯᠡᠯᠲᠡ ᠶᠢ ᠲᠦᠷᠭᠡᠳᠬᠡᠬᠦ ᠪᠠᠷ ᠭᠤᠣᠯᠳᠠᠯᠭ᠎ᠠ ᠪᠣᠯᠭᠠᠨ ᠥᠭᠡᠷᠡᠴᠢᠯᠡᠯᠲᠡ ᠨᠡᠬᠡᠬᠡᠯᠲᠡ ᠶᠢ ᠪᠦᠬᠦ ᠲᠠᠯ᠎ᠠ ᠪᠠᠷ |
| ᠭᠦᠨᠵᠡᠭᠡᠶᠢᠷᠡᠭᠦᠯᠵᠦ᠂ ᠠᠵᠣ ᠠᠬᠤᠢ ᠶᠢᠨ ᠬᠦᠭᠵᠢᠯᠲᠡ ᠶᠢᠨ ᠶᠠᠰᠣ ᠴᠢᠨᠠᠷ ᠪᠣᠯᠣᠨ ᠦᠷ᠎ᠡ ᠠᠰᠢᠭ ᠢ ᠦᠨᠡᠨᠬᠦ |
| ᠳᠡᠭᠡᠭᠰᠢᠯᠡᠭᠦᠯᠦᠨ᠂ ᠠᠷᠠᠳ ᠤᠨ ᠠᠮᠢᠳᠣᠷᠠᠯ ᠤᠨ ᠶᠠᠰᠣ ᠴᠢᠨᠠᠷ ᠪᠣᠯᠣᠨ ᠬᠢᠷᠢ ᠬᠡᠮᠵᠢᠶ᠎ᠡ ᠶᠢ ᠲᠠᠰᠣᠷᠠᠯᠲᠠ ᠦᠭᠡᠢ |
| ᠳᠡᠭᠡᠭᠰᠢᠯᠡᠭᠦᠯᠵᠦ᠂ ᠰᠠᠭᠤᠷᠢ ᠪᠡᠯᠡᠳᠭᠡᠮᠵᠢ ᠪᠣᠯᠣᠨ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢ ᠴᠢᠩᠭᠠᠳᠬᠠᠨ᠂ |
| ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠬᠦ ᠪᠠ ᠲᠡᠭᠦᠯᠳᠡᠷᠵᠢᠭᠦᠯᠵᠦ᠂ |
| ᠨᠡᠶᠢᠬᠡᠮ ᠤᠨ ᠡᠯ᠎ᠡ ᠵᠦᠢᠯ ᠤᠨ ᠦᠢᠯᠡᠰ ᠢ ᠪᠦᠬᠦ ᠲᠠᠯ᠎ᠠ ᠪᠠᠷ ᠬᠦᠭᠵᠢᠭᠦᠯᠦᠨ᠂ ᠵᠠᠰᠠᠭ ᠤᠨ ᠣᠷᠳᠣᠨ ᠤ ᠡᠭᠦᠷᠭᠡ |
| ᠴᠢᠳᠠᠪᠣᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠣ᠂ ᠠᠵᠣ ᠠᠬᠤᠢ ᠶᠢᠨ ᠦᠷᠭᠦᠯᠵᠢᠯᠡᠨ ᠡᠷᠡᠭᠦᠯ ᠢᠶᠠᠷ |
| ᠬᠦᠭᠵᠢᠬᠦ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠠᠬᠢᠭᠤᠯᠬᠤ ᠪᠣᠯᠣᠨ᠎ᠠ᠃ ᠭᠤᠣᠯ ᠵᠢᠱᠢᠭᠰᠡᠨ |
| ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠭᠡᠢ ᠦᠷᠲᠡᠭ ᠢ 9% ᠣᠷᠴᠢᠮ ᠢᠶᠠᠷ ᠨᠡᠮᠡᠭᠳᠡᠭᠦᠯᠵᠦ |
| ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ 7% ᠪᠠᠷ ᠨᠡᠮᠡᠭᠳᠡᠭᠦᠯᠦᠨ᠂ ᠪᠦᠬᠦ |
| ᠨᠡᠶᠢᠬᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠶᠢ 15% ᠪᠠᠷ ᠨᠡᠮᠡᠭᠳᠡᠭᠦᠯᠵᠦ᠂ |
| ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠶᠢᠨ ᠨᠡᠮᠡᠭᠳᠡᠯ ᠢ 12% ᠢᠶᠠᠷ ᠨᠡᠮᠡᠭᠳᠡᠭᠦᠯᠵᠦ᠂ ᠬᠤᠲᠠ |
| ᠪᠠᠯᠭᠠᠰᠣ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠦ ᠪᠣᠯᠬᠤ ᠳᠣᠮᠳᠠᠴᠢ ᠣᠷᠣᠯᠭ᠎ᠠ ᠶᠢ 9% ᠪᠠᠷ |
| ᠨᠡᠮᠡᠭᠳᠡᠭᠦᠯᠵᠦ᠂ ᠮᠠᠯᠴᠢᠨ ᠲᠠᠷᠢᠶᠠᠴᠢᠨ ᠬᠦᠮᠦᠨ ᠪᠦᠷᠢ ᠶᠢᠨ ᠳᠣᠮᠳᠠᠴᠢ ᠴᠡᠪᠡᠷ ᠣᠷᠣᠯᠭ᠎ᠠ ᠶᠢ 10% ᠪᠠᠷ |
| ᠨᠡᠮᠡᠭᠳᠡᠭᠦᠯᠵᠦ᠂ ᠨᠡᠶᠢᠬᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠬᠤᠳᠠᠯᠳᠣᠬᠤ ᠶᠡᠷᠦᠩᠬᠡᠢ ᠲᠤᠭ᠎ᠠ ᠶᠢ |
| 12% ᠢᠶᠠᠷ ᠨᠡᠮᠡᠭᠳᠡᠭᠦᠯᠦᠨ᠎ᠡ︔ ᠬᠤᠲᠠ ᠪᠠᠯᠭᠠᠰᠣ ᠶᠢᠨ ᠳᠠᠩᠰᠠᠯᠠᠭᠤᠯᠬᠤ ᠠᠵᠢᠯ ᠤᠨ ᠠᠯᠳᠠᠯᠲᠠ ᠶᠢᠨ ᠨᠣᠷᠮ᠎ᠠ ᠶᠢ |
| 4% ᠶᠢᠨ ᠲᠣᠲᠣᠷ᠎ᠠ ᠬᠢᠵᠠᠭᠠᠷᠯᠠᠵᠣ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠨᠭ᠍ᠰᠢ ᠶᠢᠨ ᠶᠡᠷᠦᠩᠬᠡᠢ ᠬᠢᠷᠢ |
| ᠬᠡᠮᠵᠢᠶ᠎ᠡ ᠶᠢᠨ ᠦᠰᠦᠯᠲᠡ ᠶᠢᠨ ᠬᠡᠮᠵᠢᠶ᠎ᠡ ᠶᠢ 3.5% ᠶᠢᠨ ᠣᠷᠴᠢᠮ ᠳᠤ ᠬᠢᠵᠠᠭᠠᠷᠯᠠᠵᠣ᠂ ᠨᠢᠭᠡᠴᠢ |
| ᠦᠢᠯᠡᠳᠪᠦᠷᠢᠯᠡᠯ ᠤᠨ ᠶᠡᠷᠦᠩᠬᠡᠢ ᠦᠷᠲᠡᠭ ᠲᠠᠬᠢ ᠡᠨᠧᠷᠬᠢ ᠶᠢᠨ ᠬᠤᠷᠣᠭᠳᠠᠭᠤᠯᠭ᠎ᠠ ᠪᠣᠯᠣᠨ ᠨᠡᠭᠦᠷᠡᠰᠦᠳᠦᠷᠦᠭᠴᠢ ᠶᠢᠨ |
| ᠲᠠᠪᠬᠤᠷ ᠢᠰᠦᠯ ᠤᠨ ᠭᠠᠳᠠᠭᠰᠢᠯᠠᠭᠤᠯᠬᠤ ᠬᠡᠮᠵᠢᠶ᠎ᠡ ᠶᠢ ᠴᠦᠮ 2.2% ᠠᠴᠠ ᠳᠡᠭᠡᠭᠰᠢ ᠪᠠᠷ ᠪᠠᠭᠤᠷᠭᠤᠯᠬᠤ ᠪᠣᠯᠣᠨ᠎ᠠ᠃ |
| | ᠠᠵᠣ ᠠᠬᠤᠢ ᠨᠡᠶᠢᠬᠡᠮ ᠤᠨ ᠬᠦᠭᠵᠢᠯᠲᠡ ᠶᠢᠨ ᠬᠠᠷᠠᠯᠲᠠ ᠶᠢᠨ ᠡᠭᠦᠷᠬᠡ ᠶᠢ ᠪᠡᠶᠡᠯᠡᠭᠦᠯᠬᠦ ᠳᠤ᠂ ᠭᠤᠷᠪᠠᠨ |
| ᠲᠠᠯ᠎ᠠ ᠶᠢ ᠰᠠᠶᠢᠳᠣᠷ ᠡᠵᠡᠮᠰᠢᠬᠦ ᠬᠡᠷᠡᠭᠲᠡᠢ᠄ ᠨᠢᠭᠡ ᠳᠤ ᠯᠠᠪᠳᠠᠭᠤᠨ ᠢᠶᠠᠷ ᠣᠷᠣᠭᠰᠢ ᠳᠠᠪᠰᠢᠭᠤᠯᠬᠤ ᠶᠢ ᠪᠠᠷᠢᠮᠲᠠᠯᠠᠬᠤ |
| ᠬᠡᠷᠡᠭᠲᠡᠢ᠃ ᠣᠳᠣᠬᠠᠨ ᠤ ᠪᠠ ᠬᠤᠶᠢᠰᠢᠲᠠ ᠶᠢᠨ ᠨᠢᠭᠡᠨ ᠬᠤᠭᠤᠴᠠᠭᠠᠨ ᠳᠤ᠂ ᠬᠡᠳᠦᠶᠢᠪᠡᠷ ᠮᠠᠨ ᠤ ᠣᠷᠣᠨ ᠤ ᠠᠵᠣ |
| ᠠᠬᠤᠢ ᠨᠡᠶᠢᠬᠡᠮ ᠤᠨ ᠬᠦᠭᠵᠢᠯᠲᠡ ᠶᠢᠨ ᠣᠷᠲᠣ ᠬᠤᠭᠤᠴᠠᠭ᠎ᠠ ᠪᠠᠷ ᠰᠠᠶᠢᠵᠢᠷᠠᠯ ᠲᠠᠢ ᠪᠠᠶᠢᠬᠤ ᠦᠨᠳᠦᠰᠦᠨ ᠪᠠᠶᠢᠳᠠᠯ |
| ᠬᠤᠪᠢᠷᠭᠠᠲᠣᠢ ᠪᠣᠯᠪᠠᠴᠣ᠂ ᠭᠠᠳᠠᠭᠠᠲᠣ ᠣᠷᠴᠢᠨ ᠠᠬᠤᠢ ᠪᠣᠯᠣᠨ ᠲᠣᠯᠭᠠᠭᠤᠷᠢᠯᠠᠬᠤ ᠨᠦᠭᠦᠴᠡᠯ ᠳᠤ ᠢᠯᠡᠷᠡᠬᠡᠢ |
| ᠬᠤᠪᠢᠷᠠᠯᠲᠠ ᠭᠠᠷᠴᠣ᠂ ᠶᠠᠭ ᠠᠵᠣ ᠠᠬᠤᠢ ᠬᠤᠷᠳᠣᠴᠠ ᠪᠠᠨ ᠨᠡᠮᠡᠭᠳᠡᠭᠦᠯᠬᠦ ᠳᠡᠰ ᠢᠶᠠᠨ ᠰᠣᠯᠢᠬᠤ ᠬᠤᠭᠤᠴᠠᠭ᠎ᠠ ᠪᠠ |
| ᠪᠦᠲᠦᠴᠡ ᠶᠢᠨ ᠲᠣᠬᠢᠷᠠᠭᠤᠯᠣᠯᠲᠠ ᠦᠶ᠎ᠡ ᠦᠶ᠎ᠡ ᠬᠦᠨᠳᠡᠬᠦ ᠬᠤᠭᠤᠴᠠᠭᠠᠨ ᠳᠤ ᠣᠷᠣᠰᠢᠬᠤ ᠪᠣᠯᠣᠨ᠎ᠠ᠃ ᠡᠨᠡᠬᠦ |
| ᠬᠤᠭᠤᠴᠠᠭᠠᠨ ᠳᠤ ᠠᠵᠣ ᠠᠬᠤᠢ ᠶᠢᠨ ᠯᠠᠪᠳᠠᠭᠤᠨ ᠲᠣᠭᠲᠠᠭᠤᠨ ᠪᠦᠭᠡᠳ ᠨᠡᠯᠢᠶᠡᠳ ᠲᠦᠷᠭᠡᠨ ᠨᠡᠮᠡᠭᠳᠡᠯ ᠢ ᠪᠠᠲᠣᠯᠠᠵᠣ |
| ᠂ ᠠᠵᠢᠯ ᠣᠯᠭᠤᠯᠲᠠ ᠶᠢ ᠦᠷᠭᠡᠳᠭᠡᠬᠦ᠂ ᠡᠳ᠋ ᠤᠨ ᠬᠦᠴᠦᠨ ᠢ ᠨᠡᠮᠡᠭᠳᠡᠭᠦᠯᠬᠦ᠂ ᠠᠷᠠᠳ ᠤᠨ ᠠᠮᠢᠳᠣᠷᠠᠯ ᠢ |
| ᠰᠠᠶᠢᠵᠢᠷᠠᠭᠤᠯᠬᠤ᠂ ᠨᠡᠶᠢᠭᠡᠮ ᠢ ᠲᠣᠭᠲᠠᠭᠤᠨ ᠪᠠᠶᠢᠯᠭᠠᠬᠤ ᠵᠢᠱᠢᠯᠲᠡ ᠳᠤ ᠪᠠᠲᠣᠯᠠᠭ᠎ᠠ ᠬᠠᠨᠭ᠍ᠭᠠᠬᠤ ᠬᠡᠷᠡᠭᠲᠡᠢ ᠮᠦᠷᠲᠡᠭᠡᠨ |
| ᠪᠠᠰᠠ ᠠᠵᠣ ᠠᠬᠤᠢ ᠶᠢᠨ ᠨᠡᠮᠡᠭᠳᠡᠯ ᠤᠨ ᠬᠤᠷᠳᠣᠴᠠ ᠶᠢ ᠵᠦᠢ ᠵᠣᠬᠢᠰᠲᠠᠢ ᠣᠷᠣᠨ ᠳᠤ ᠬᠢᠵᠠᠭᠠᠷᠯᠠᠵᠣ᠂ ᠠᠷᠭ᠎ᠠ |
| ᠮᠠᠶ᠋ᠢᠭ ᠢᠶᠠᠨ ᠬᠤᠪᠢᠷᠠᠭᠤᠯᠬᠤ᠂ ᠪᠦᠲᠦᠴᠡ ᠶᠢ ᠲᠣᠬᠢᠷᠠᠭᠤᠯᠬᠤ ᠳᠤ ᠣᠷᠣᠨ ᠵᠠᠢ ᠦᠯᠡᠳᠡᠭᠡᠵᠦ ᠦᠭᠬᠦ ᠬᠡᠷᠡᠭᠲᠡᠢ᠃ |
| ᠡᠶᠢᠮᠦ ᠠᠴᠠ᠂ ᠡᠷᠬᠡᠪᠰᠢ ᠯᠠᠪᠳᠠᠭᠤᠨ ᠢᠶᠠᠷ ᠣᠷᠣᠭᠰᠢ ᠲᠠᠪᠰᠢᠭᠤᠯᠬᠤ᠂ ᠯᠠᠪᠳᠠᠭᠤᠨ ᠢᠶᠠᠷ ᠦᠢᠯᠡᠰ ᠪᠦᠳᠦᠭᠡᠬᠦ᠂ |
| ᠯᠠᠪᠳᠠᠭᠤᠨ ᠢᠶᠠᠷ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠨ᠂ ᠠᠵᠣ ᠠᠬᠤᠢ ᠶᠢᠨ ᠦᠷᠭᠦᠯᠵᠢᠯᠡᠨ ᠡᠷᠡᠭᠦᠯ ᠢᠶᠠᠷ |
| ᠬᠦᠭᠵᠢᠬᠦ᠂ ᠨᠡᠶᠢᠭᠡᠮ ᠤᠨ ᠡᠶ᠎ᠡ ᠵᠣᠬᠢᠴᠠᠯ ᠲᠠᠢ ᠪᠦᠭᠡᠳ ᠲᠣᠭᠲᠠᠭᠤᠨ ᠪᠠᠶᠢᠬᠤ ᠶᠢ ᠲᠦᠯᠬᠢᠨ ᠠᠬᠢᠭᠤᠯᠬᠤ ᠬᠡᠷᠡᠭᠲᠡᠢ᠃ |
| ᠬᠤᠶᠠᠷ ᠲᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠬᠤ ᠬᠡᠷᠡᠭᠲᠡᠢ᠃ ᠲᠦᠪ ᠠᠴᠠ |
| ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠴᠢᠬᠤᠯᠠ ᠶᠡᠭᠡ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠣᠯᠲᠠ |
| ᠬᠢᠭᠰᠡᠨ ᠶᠠᠪᠣᠳᠠᠯ ᠨᠢ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠳᠡᠰ ᠳᠡᠪᠰᠢᠭᠦᠯᠬᠦ ᠪᠠᠷ ᠭᠤᠣᠯ |
| ᠪᠣᠯᠭᠠᠭᠰᠠᠨ ᠰᠢᠨ᠎ᠡ ᠨᠢᠭᠡᠨ ᠡᠭᠡᠯᠵᠢ ᠶᠢᠨ ᠬᠦᠭᠵᠢᠯᠲᠡ ᠶᠢ ᠲᠦᠯᠬᠢᠨ ᠠᠬᠢᠭᠤᠯᠬᠤ ᠪᠣᠯᠣᠨ᠎ᠠ᠂ ᠬᠡᠷᠪᠡ ᠰᠢᠨ᠎ᠡ ᠡᠷᠡᠨ |
| ᠵᠠᠭᠤᠨ ᠤ ᠲᠦᠷᠦᠭᠦᠦ ᠠᠷᠪᠠᠨ ᠵᠢᠯ ᠳᠤ ᠦᠪᠦᠷ ᠮᠣᠩᠭᠤᠯ ᠮᠠᠨ ᠤ ᠣᠯᠣᠰ ᠤᠨ ᠠᠵᠣ ᠠᠬᠤᠢ ᠶᠢᠨ ᠲᠦᠷᠭᠡᠨ |
| ᠨᠡᠮᠡᠭᠳᠡᠯ ᠤᠨ ᠬᠤᠭᠤᠴᠠᠭᠠᠨ ᠳᠤ ᠣᠷᠣᠭᠰᠠᠨ ᠴᠢᠬᠤᠯᠠ ᠶᠡᠭᠡ ᠠᠵᠠ ᠲᠣᠬᠢᠶᠠᠯ ᠢ ᠵᠠᠪᠳᠣᠨ᠂ ᠡᠬᠢ ᠪᠠᠶᠠᠯᠢᠭ ᠤᠨ |
| ᠳᠠᠪᠠᠭᠤᠯᠢᠭ ᠢᠶᠠᠨ ᠪᠠᠳᠠᠷᠠᠭᠤᠯᠬᠤ ᠪᠠᠷ ᠳᠠᠮᠵᠢᠭᠤᠯᠣᠨ ᠠᠵᠣ ᠠᠬᠤᠢ ᠶᠢᠨ ᠨᠢᠰᠬᠦ ᠮᠡᠲᠦ ᠲᠦᠷᠭᠡᠨ ᠬᠦᠭᠵᠢᠬᠦ ᠶᠢ |
| ᠪᠡᠶᠡᠯᠡᠭᠦᠯᠪᠡ ᠭᠡᠬᠦ ᠳᠤ ᠬᠦᠷᠪᠡᠯ᠂ ᠣᠳᠣ ᠪᠠᠷ ᠢᠶᠠᠨ ᠰᠢᠨ᠎ᠡ ᠨᠢᠭᠡᠨ ᠡᠭᠡᠯᠵᠢ ᠶᠢᠨ ᠥᠭᠡᠷᠡᠴᠢᠯᠡᠯᠲᠡ ᠶᠢ ᠪᠦᠬᠦ |
| ᠲᠠᠯ᠎ᠠ ᠪᠠᠷ ᠭᠦᠨᠵᠡᠭᠡᠶᠢᠷᠡᠭᠦᠯᠦᠨ᠂ ᠥᠭᠡᠷᠡᠴᠢᠯᠡᠯᠲᠡ ᠪᠠᠷ ᠬᠦᠭᠵᠢᠯᠲᠡ ᠶᠢ ᠠᠬᠢᠭᠤᠯᠵᠣ ᠠᠷᠭ᠎ᠠ ᠮᠠᠶ᠋ᠢᠭ ᠢᠶᠠᠨ |
| ᠬᠤᠪᠢᠷᠠᠭᠤᠯᠬᠤ ᠪᠠᠷ ᠪᠦᠲᠦᠴᠡ ᠶᠢᠨ ᠲᠣᠬᠢᠷᠠᠭᠤᠯᠣᠯᠲᠠ ᠶᠢ ᠠᠬᠢᠭᠤᠯᠵᠣ᠂ ᠠᠷᠠᠳ ᠤᠨ ᠠᠮᠢᠳᠣᠷᠠᠯ ᠢ |
| ᠰᠠᠶᠢᠵᠢᠷᠠᠭᠤᠯᠬᠤ ᠶᠢ ᠠᠬᠢᠭᠤᠯᠵᠣ᠂ ᠥᠭᠡᠷᠡᠴᠢᠯᠡᠯᠲᠡ ᠬᠢᠵᠦ ᠰᠢᠨ᠎ᠡ ᠡᠭᠦᠳᠬᠦ ᠪᠠᠷ ᠳᠠᠮᠵᠢᠭᠤᠯᠣᠨ ᠠᠵᠣ ᠠᠬᠤᠢ |
| ᠨᠡᠶᠢᠭᠡᠮ ᠤᠨ ᠬᠦᠭᠵᠢᠯᠲᠡ ᠶᠢᠨ ᠲᠣᠲᠣᠭᠠᠲᠣ ᠬᠦᠳᠡᠯᠭᠡᠬᠦ ᠬᠦᠴᠦᠨ ᠪᠣᠯᠣᠨ ᠠᠮᠢᠵᠢᠷᠠᠯ ᠶᠢᠨ ᠬᠦᠴᠦᠨ ᠢ ᠭᠦᠢᠴᠡᠳ |
| ᠭᠠᠷᠭᠠᠨ᠂ ᠨᠡᠩ ᠰᠠᠶᠢᠨ ᠶᠠᠰᠣ ᠴᠢᠨᠠᠷ᠂ ᠨᠡᠩ ᠢᠯᠡᠭᠦᠦ ᠦᠷ᠎ᠡ ᠠᠰᠢᠭ᠂ ᠨᠡᠩ ᠦᠷᠭᠦᠯᠵᠢᠯᠡᠬᠦ ᠬᠦᠭᠵᠢᠯᠲᠡ ᠶᠢ |
| ᠪᠡᠶᠡᠯᠡᠭᠦᠯᠬᠦ ᠬᠡᠷᠡᠭᠲᠡᠢ᠃ ᠭᠤᠷᠪᠠ ᠳᠤ ᠠᠷᠠᠳ ᠤᠨ ᠠᠮᠢᠳᠣᠷᠠᠯ ᠢ ᠡᠩ ᠲᠡᠷᠢᠭᠦᠨ ᠳᠤ ᠪᠠᠶᠢᠯᠭᠠᠬᠤ ᠶᠢ ᠪᠠᠷᠢᠮᠲᠠᠯᠠᠬᠤ |
| ᠬᠡᠷᠡᠭᠲᠡᠢ᠃ ᠲᠦᠪ ᠤᠨ ︽ᠨᠠᠭᠠᠲᠣ ᠵᠠᠬ᠎ᠠ ᠶᠢᠨ ᠨᠦᠭᠦᠴᠡᠯ ᠪᠣᠯᠣᠮᠵᠢ ᠪᠠᠨ ᠪᠠᠷᠢᠮᠲᠠᠯᠠᠬᠤ᠂ ᠭᠤᠣᠯᠳᠠᠭ᠎ᠠ ᠶᠢ |
| ᠳᠣᠪᠣᠶᠢᠯᠭᠠᠬᠤ᠂ ᠳᠦᠷᠢᠮ ᠢ ᠲᠡᠭᠦᠯᠳᠡᠷᠵᠢᠭᠦᠯᠬᠦ᠂ ᠶᠠᠷᠢᠶ᠎ᠠ ᠬᠡᠯᠡᠯᠴᠡᠭᠡᠨ ᠢ ᠬᠦᠳᠦᠯᠦᠨ ᠵᠢᠯᠣᠭᠤᠳᠬᠤ︾ |
| ᠱᠠᠠᠭᠠᠷᠲᠠᠯᠭᠠ ᠶᠣᠰᠣᠭᠠᠷ᠂ ᠦᠪᠡᠷᠲᠡᠭᠡᠨ ᠵᠠᠰᠠᠬᠤ ᠣᠷᠣᠨ ᠤ ᠪᠣᠲᠠᠲᠣ ᠪᠠᠶᠢᠳᠠᠯ ᠲᠠᠢ ᠣᠶᠠᠯᠳᠣᠭᠤᠯᠣᠨ᠂ ᠠᠵᠢᠯ |
| ᠣᠯᠭᠤᠬᠤ᠂ ᠰᠣᠷᠭᠠᠨ ᠬᠦᠮᠦᠵᠢᠯ᠂ ᠣᠷᠣᠨ ᠰᠠᠭᠤᠴᠠ᠂ ᠨᠡᠶᠢᠭᠡᠮ ᠤᠨ ᠪᠠᠲᠣᠯᠠᠭ᠎ᠠ᠂ ᠣᠷᠣᠯᠭ᠎ᠠ ᠶᠢᠨ |
| ᠬᠤᠪᠢᠶᠠᠷᠢᠯᠠᠯᠲᠠ᠂ ᠣᠯᠠᠨ ᠨᠡᠶᠢᠲᠡ ᠶᠢᠨ ᠠᠮᠣᠷ ᠲᠦᠪᠰᠢᠨ ᠵᠡᠷᠭᠡ ᠠᠷᠠᠳ ᠤᠨ ᠠᠮᠢᠳᠣᠷᠠᠯ ᠤᠨ ᠡᠯ᠎ᠡ ᠵᠦᠢᠯ ᠤᠨ |
| ᠠᠵᠢᠯ ᠢ ᠨᠢᠭᠡᠲᠦᠯᠲᠡᠢ ᠲᠦᠯᠦᠪᠯᠡᠨ ᠰᠠᠶᠢᠳᠣᠷ ᠬᠢᠵᠦ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ |
| ᠰᠢᠰᠲ᠋ᠧᠮᠵᠢ ᠶᠢ ᠪᠠᠶᠢᠭᠤᠯᠣᠯᠲᠠ ᠶᠢ ᠲᠦᠷᠭᠡᠳᠭᠡᠨ ᠠᠬᠢᠭᠤᠯᠵᠣ᠂ ᠪᠦᠬᠦ ᠰᠡᠳᠭᠢᠯ ᠪᠠᠶᠢᠳᠠᠭ ᠴᠢᠳᠠᠯ ᠢᠶᠠᠷ ᠢᠶᠠᠨ |
| ᠠᠷᠠᠳ ᠣᠯᠠᠨ ᠳᠤ ᠪᠣᠲᠠᠲᠣ ᠶᠠᠪᠣᠳᠠᠯ ᠬᠢᠵᠦ ᠦᠭᠵᠦ ᠬᠦᠴᠢᠷ ᠶᠠᠪᠣᠳᠠᠯ ᠢ ᠨᠢ ᠰᠢᠢᠳᠪᠦᠷᠢᠯᠡᠵᠦ᠂ ᠪᠦᠬᠦ ᠣᠷᠣᠨ ᠤ |
| ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠥᠭᠡᠷᠡᠴᠢᠯᠡᠯᠲᠡ ᠬᠦᠭᠵᠢᠯᠲᠡ ᠶᠢ ᠦᠷ᠎ᠡ ᠪᠦᠲᠦᠭᠡᠯ ᠢ ᠭᠦᠢᠴᠡᠳ |
| | ᠡᠨᠡ ᠵᠢᠯ ᠲᠣᠣᠷᠠᠬᠢ ᠠᠷᠪᠠᠨ ᠠᠵᠢᠯ ᠢ ᠭᠤᠣᠯᠳᠠᠯᠭ᠎ᠠ ᠲᠠᠢ ᠰᠠᠶᠢᠳᠣᠷ ᠠᠳᠬᠤᠬᠤ ᠬᠡᠷᠡᠭᠲᠡᠢ᠃ |
| ︵ᠨᠢᠭᠡ︶ ᠪᠦᠲᠦᠮᠵᠢᠲᠠᠢ ᠬᠡᠷᠡᠭᠴᠡᠭᠡ ᠶᠢ ᠴᠢᠷᠮᠠᠶᠢᠨ ᠦᠷᠭᠡᠳᠬᠡᠵᠤ᠂ ᠠᠵᠤ ᠠᠬᠤᠢ ᠶᠢᠨ ᠲᠤᠭᠲᠠᠭᠤᠨ ᠢᠶᠠᠷ |
| | ᠪᠡᠯᠡ ᠤᠷᠤᠭᠤᠯᠤᠯᠲᠠ ᠶᠢ ᠳᠤᠪᠤᠶᠢᠮ᠎ᠠ ᠰᠠᠶᠢᠲᠤᠷ ᠠᠳᠬᠤᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ︽ |
| ᠦᠪᠦᠷ ᠮᠤᠩᠭᠤᠯ ᠤᠨ ᠠᠵᠤ ᠠᠬᠤᠢ ᠨᠡᠶᠢᠭᠡᠮ ᠤᠨ ᠴᠢᠨᠠᠷᠯᠢᠭ ᠪᠦᠭᠡᠳ ᠲᠦᠷᠭᠡᠨ ᠬᠦᠭᠵᠢᠯᠲᠠ ᠶᠢ ᠠᠬᠢᠭᠤᠯᠬᠤ |
| ᠲᠤᠬᠠᠢ ᠰᠠᠨᠠᠯ ᠤᠳ︾ ᠢ ᠤᠯᠠᠮ ᠨᠢᠭᠡ ᠠᠯᠬᠤᠮ ᠨᠡᠶᠢᠳᠠᠪᠤᠷᠢᠵᠢᠭᠤᠯᠵᠤ᠂ ᠪᠤᠭᠤᠮᠢ ᠬᠢᠵᠠᠭᠠᠷᠯᠠᠯ ᠢ ᠰᠢᠪᠲᠤᠯᠬᠤ᠂ |
| ᠠᠵᠤ ᠦᠢᠯᠡᠰ ᠤᠨ ᠪᠦᠲᠦᠴᠡ ᠶᠢ ᠲᠤᠬᠢᠷᠠᠭᠤᠯᠬᠤ ᠪᠠ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢ |
| ᠴᠢᠩᠭᠠᠳᠬᠤᠵᠤ ᠪᠡᠯᠡ ᠤᠷᠤᠭᠤᠯᠤᠯᠲᠠ ᠶᠢ ᠠᠳᠬᠤᠬᠤ ᠲᠤᠭᠤᠷᠢᠨ ᠳᠤ᠂ ᠵᠠᠮ ᠬᠠᠷᠢᠯᠴᠠᠭ᠎ᠠ ᠲᠡᠬᠡᠬᠡᠪᠦᠷᠢ ᠶᠢᠨ |
| ᠰᠢᠰᠲ᠋ᠧᠮᠵᠢ᠂ ᠡᠨᠧᠷᠬᠢ ᠶᠢ ᠭᠠᠳᠠᠭᠰᠢ ᠬᠦᠷᠭᠡᠬᠦ ᠨᠡᠪᠲᠡᠷᠡᠯ ᠵᠠᠮ᠂ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠪᠠ |
| ᠮᠡᠳᠡᠭᠡ ᠵᠠᠩᠬᠢ ᠶᠢᠨ ᠲᠤᠤᠷ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ︽ᠲᠠᠪᠤᠨ ᠶᠡᠭᠡ |
| ᠰᠠᠭᠤᠷᠢᠨ ᠭᠠᠵᠠᠷ︾ ᠤᠨ ᠭᠤᠤᠯᠳᠠᠯᠭ᠎ᠠ ᠲᠠᠢ ᠲᠦᠯᠦᠪᠵᠢᠭᠦᠯᠭᠡ ᠶᠢᠨ ᠲᠦᠷᠦᠯ ᠵᠦᠢᠯ ᠢ ᠶᠡᠬᠡᠪᠡᠷ ᠲᠦᠯᠬᠢᠨ |
| ᠠᠬᠢᠭᠤᠯᠵᠤ᠂ ᠲᠡᠷᠢᠶᠠᠯᠠᠩ ᠮᠠᠯ ᠠᠵᠤ ᠠᠬᠤᠢ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ᠂ ᠠᠮᠢ |
| ᠠᠬᠤᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠤ ᠪᠡᠯᠡ ᠤᠷᠤᠭᠤᠯᠤᠯᠲᠠ ᠶᠢ ᠪᠦᠲᠦᠮᠵᠢᠲᠠᠢ ᠪᠠᠷ |
| ᠨᠡᠮᠡᠭᠳᠡᠭᠦᠯᠦᠨ᠎ᠡ᠃ ᠤᠯᠠᠨ ᠲᠠᠯ᠎ᠠ ᠠᠴᠠ ᠪᠡᠯᠡ ᠤᠷᠤᠭᠤᠯᠬᠤ᠂ ᠵᠠᠬ᠎ᠠ ᠳᠡᠯᠭᠡᠬᠦᠷ ᠢᠶᠠᠷ ᠠᠵᠢᠯᠯᠠᠭᠤᠯᠬᠤ᠂ ᠲᠦᠷᠦ ᠶᠢᠨ |
| ᠪᠤᠳᠤᠯᠭ᠎ᠠ ᠶᠢ ᠲᠦᠬᠦᠷᠵᠢᠭᠦᠯᠬᠦ ᠦᠨᠳᠦᠰᠦᠨ ᠰᠡᠳᠬᠢᠴᠡ ᠶᠢ ᠪᠠᠷᠢᠮᠲᠠᠯᠠᠨ᠂ ᠪᠡᠯᠡ ᠲᠤᠬᠢᠷᠠᠭᠤᠯᠬᠤ ᠠᠷᠭ᠎ᠠ ᠵᠠᠮ ᠢ |
| ᠤᠯᠠᠮ ᠨᠢᠭᠡ ᠠᠯᠬᠤᠮ ᠦᠷᠭᠡᠳᠭᠡᠨ᠎ᠡ᠃ ᠤᠯᠤᠰ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠤᠨᠤᠪᠴᠢᠲᠠᠢ |
| ᠡᠵᠡᠮᠰᠢᠨ᠂ ᠲᠦᠪ ᠤᠨ ᠲᠦᠰᠦᠪ ᠤᠨ ᠲᠤᠲᠤᠷᠠᠬᠢ ᠪᠡᠯᠡ ᠮᠦᠡᠭᠭᠦ ᠶᠢ ᠢᠳᠡᠪᠬᠢᠯᠡᠨ ᠤᠯᠵᠤ᠂ ᠮᠦᠡᠭᠭᠦᠨ |
| ᠬᠦᠢᠯᠭᠡᠭᠡᠨ ᠤ ᠪᠠᠶᠢᠭᠤᠯᠤᠮᠵᠢ ᠶᠢᠨ ᠪᠡᠯᠡ ᠲᠤᠬᠢᠷᠠᠭᠤᠯᠬᠤ ᠬᠡᠪᠴᠢᠶ᠎ᠡ ᠪᠠᠨ ᠦᠷᠭᠡᠳᠬᠡᠬᠦ ᠶᠢ ᠳᠡᠮᠵᠢᠵᠤ ᠬᠦᠲᠦᠯᠦᠨ |
| ᠵᠢᠯᠦᠭᠤᠳᠤᠨ᠎ᠠ᠃ ᠪᠡᠯᠡ ᠤᠷᠤᠭᠤᠯᠬᠤ ᠪᠡᠯᠡ ᠲᠤᠬᠢᠷᠠᠭᠤᠯᠬᠤ ᠪᠠᠶᠢᠭᠤᠯᠤᠯ ᠲᠤᠭᠲᠠᠴᠠ ᠶᠢᠨ ᠰᠢᠨ᠎ᠠ ᠶᠢ ᠡᠭᠦᠳᠴᠤ᠂ |
| ᠪᠡᠯᠡ ᠤᠷᠤᠭᠤᠯᠵᠤ ᠪᠡᠯᠡ ᠲᠤᠬᠢᠷᠠᠭᠤᠯᠬᠤ ᠤᠷᠴᠢᠨ ᠨᠦᠬᠦᠴᠡᠯ ᠢ ᠶᠡᠬᠡᠪᠡᠷ ᠰᠠᠶᠢᠵᠢᠷᠠᠭᠤᠯᠤᠨ᠂ ᠵᠠᠬ᠎ᠠ ᠳᠡᠯᠭᠡᠬᠦᠷ ᠤᠨ |
| ᠭᠤᠤᠯ ᠴᠤᠭᠴᠠ ᠶᠢᠨ ᠪᠡᠯᠡ ᠤᠷᠤᠭᠤᠯᠬᠤ ᠢᠲᠡᠭᠡᠯ ᠵᠤᠷᠢᠭ ᠢ ᠨᠡᠮᠡᠭᠳᠡᠭᠦᠯᠵᠤ᠂ ᠠᠷᠠᠳ ᠤᠨ ᠪᠡᠯᠡ |
| ᠤᠷᠤᠭᠤᠯᠤᠯᠲᠠ ᠶᠢᠨ ᠳᠠᠯᠳᠠ ᠬᠦᠴᠦᠨ ᠢ ᠬᠦᠢᠴᠡᠳ ᠠᠭᠤᠲᠠᠯᠯᠠᠨᠠ᠃ ᠵᠠᠰᠠᠭ ᠤᠨ ᠤᠷᠳᠤᠨ ᠤ ᠪᠡᠯᠡ |
| ᠤᠷᠤᠭᠤᠯᠤᠯᠲᠠ ᠶᠢᠨ ᠬᠦᠰᠢᠭᠦᠷᠬᠡ ᠶᠢᠨ ᠦᠢᠯᠡᠳᠦᠯ ᠢ ᠪᠠᠳᠠᠷᠠᠭᠤᠯᠤᠨ᠂ ᠡᠬᠢ ᠪᠠᠶᠠᠯᠢᠭ᠂ ᠡᠳ᠋ ᠬᠦᠷᠦᠩᠭᠡ᠂ |
| ᠬᠦᠷᠦᠩᠭᠡ ᠶᠢ ᠨᠢᠭᠡ ᠴᠤᠭᠴᠠᠵᠢᠭᠤᠯᠤᠨ ᠠᠵᠢᠯᠯᠠᠭᠤᠯᠬᠤ ᠶᠢ ᠲᠦᠯᠬᠢᠨ ᠠᠬᠢᠭᠤᠯᠵᠤ᠂ ᠬᠦᠭᠵᠢᠭᠦᠯᠦᠯᠲᠡ ᠶᠢᠨ |
| ᠰᠠᠭᠤᠷᠢ ᠮᠦᠡᠭᠭᠦ ᠪᠠᠶᠢᠭᠤᠯᠬᠤ᠂ ᠵᠢᠭᠡᠯᠡᠯᠭᠡ ᠶᠢᠨ ᠲᠡᠮᠳᠡᠭᠲᠤ ᠲᠠᠷᠬᠠᠭᠠᠬᠤ᠂ ᠰᠲ᠋ᠤᠺ ᠤᠨ ᠡᠷᠬᠡ ᠶᠢ ᠬᠢᠮᠳᠡ ᠪᠠᠷ |
| ᠬᠤᠳᠠᠯᠳᠤᠬᠤ ᠵᠡᠷᠭᠡ ᠪᠡᠯᠡ ᠲᠤᠬᠢᠷᠠᠭᠤᠯᠬᠤ ᠠᠷᠭ᠎ᠠ ᠮᠠᠶ᠋ᠢᠭ ᠢ ᠬᠠᠶᠢᠨ ᠰᠦᠪᠡᠭᠴᠢᠯᠡᠵᠤ᠂ ᠪᠠᠶᠢᠯᠳᠤᠬᠤ |
| ᠪᠤᠳᠤᠯᠭ᠎ᠠ ᠶᠢᠨ ᠰᠢᠨ᠎ᠡ ᠶᠢ ᠡᠭᠦᠳᠬᠦ ᠠᠵᠤ ᠦᠢᠯᠡᠰ ᠤᠨ ᠰᠠᠭᠤᠷᠢ ᠮᠦᠡᠭᠭᠦ ᠶᠢᠨ ᠠᠵᠢᠯᠯᠠᠭᠠᠨ ᠢ ᠠᠬᠢᠭᠤᠯᠤᠨ᠎ᠠ᠃ |
| ᠭᠤᠤᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠎ᠡ᠃ ᠪᠦᠬᠦ ᠲᠠᠯ᠎ᠠ ᠶᠢᠨ |
| ᠴᠢᠨᠠᠷ᠂ ᠰᠠᠭᠤᠷᠢ ᠴᠢᠨᠠᠷ ᠪᠠ ᠪᠠᠶᠢᠯᠳᠤᠬᠤ ᠪᠤᠳᠤᠯᠭ᠎ᠠ ᠶᠢᠨ ᠴᠢᠨᠠᠷ ᠪᠦᠬᠦᠢ ᠨᠦᠯᠦᠭᠡ ᠲᠠᠢ ᠨᠢᠭᠡ ᠪᠦᠯᠦᠭ ᠴᠢᠬᠤᠯᠡ |
| ᠶᠡᠭᠡ ᠲᠦᠷᠦᠯ ᠵᠦᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠵᠤ᠂ ᠤᠮᠠᠷᠠᠲᠤ ᠤᠷᠤᠨ᠂ ᠵᠡᠭᠦᠨ ᠬᠤᠶᠢᠲᠤ ᠤᠷᠤᠨ᠂ |
| ᠳᠤᠮᠳᠠᠲᠤ ᠤᠷᠤᠨ ᠪᠤᠯᠤᠨ ᠲᠤᠷᠤᠨᠠᠲᠤ ᠤᠷᠤᠨ ᠲᠠᠰᠢ ᠬᠠᠨᠳᠤᠭᠤᠯᠤᠭᠰᠠᠨ ᠴᠡᠪᠡᠷ ᠡᠨᠧᠷᠬᠢ ᠭᠠᠷᠭᠠᠬᠤ ᠨᠡᠪᠲᠡᠷᠡᠯ ᠵᠠᠮ |
| ᠬᠢᠭᠡᠳ ᠢᠵᠢ ᠪᠦᠷᠢᠯᠳᠦᠬᠦᠯᠦᠭᠰᠡᠨ ᠴᠠᠬᠢᠯᠭᠠᠨ ᠡᠭᠦᠰᠬᠡᠭᠴᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ |
| ᠰᠠᠶᠢᠲᠤᠷ ᠠᠳᠬᠤᠵᠤ᠂ ᠴᠠᠬᠢᠯᠭᠠᠨ ᠬᠦᠴᠦᠨ᠂ ᠲᠤᠰᠦ ᠬᠡᠢ ᠶᠢ ᠭᠠᠳᠠᠭᠰᠢ ᠬᠦᠷᠭᠡᠬᠦ ᠨᠡᠪᠲᠡᠷᠡᠯ ᠵᠠᠮ ᠤᠨ ᠲᠦᠷᠦᠯ |
| ᠵᠦᠢᠯ ᠤᠨ ᠵᠦᠪᠰᠢᠶᠡᠷᠡᠯ ᠢ ᠲᠦᠷᠭᠡᠬᠡᠨ ᠤᠯᠬᠤ ᠪᠠᠷ ᠴᠢᠷᠮᠠᠶᠢᠨ᠎ᠠ᠃ ᠳᠡᠭᠡᠲᠤ ᠬᠤᠷᠲᠤ ᠶᠢᠨ ᠵᠠᠰᠠᠮᠠᠯ ᠵᠠᠮ ᠤᠨ ᠲᠤᠤᠷ |
| ᠪᠠ ᠤᠯᠤᠰ ᠪᠤᠯᠤᠨ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ |
| ᠲᠦᠷᠭᠡᠳᠬᠡᠨ᠂ ᠬᠤᠰᠢᠭᠤ ᠰᠢᠶᠠᠨ ᠳᠤ ᠨᠡᠪᠲᠡᠷᠡᠬᠦ ᠨᠢᠭᠡᠳᠤᠭᠡᠷ ᠳᠡᠰ ᠤᠨ ᠵᠠᠰᠠᠮᠠᠯ ᠵᠠᠮ ᠪᠠ ᠭᠠᠴᠠᠭ᠎ᠠ ᠲᠤᠰᠬᠤᠨ ᠳᠤ |
| ᠨᠡᠪᠲᠡᠷᠡᠬᠦ ᠪᠠᠷᠤᠭᠰᠢᠨ ᠱᠦᠢᠨᠢ ᠵᠠᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠡᠭᠡᠵᠢᠩ ᠠᠴᠠ |
| ᠰᠢᠨᠵᠢᠶᠠᠩ ᠬᠦᠷᠬᠦ ᠳᠡᠭᠡᠲᠤ ᠬᠤᠷᠲᠤ ᠶᠢᠨ ᠵᠠᠰᠠᠮᠠᠯ ᠵᠠᠮ ᠤᠨ ᠯᠢᠩᠾᠧ ᠠᠴᠠ ᠦᠪᠦᠷ ᠮᠤᠩᠭᠤᠯ ᠭᠠᠨᠰᠤ ᠶᠢᠨ ᠵᠠᠭᠠᠭ |
| ᠬᠦᠷᠬᠦ᠂ ᠷᠦᠡᠭ ᠴᠸᠡᠭ ᠠᠴᠠ ᠦᠬᠠᠢ ᠬᠦᠷᠬᠦ ᠳᠡᠭᠡᠲᠤ ᠬᠤᠷᠲᠤ ᠶᠢᠨ ᠵᠠᠰᠠᠮᠠᠯ ᠵᠠᠮ ᠤᠨ ᠦᠵᠦᠬᠦᠷ ᠪᠠᠯᠭᠠᠰᠤ ᠠᠴᠠ |
| ᠦᠬᠠᠢ ᠬᠦᠷᠬᠦ᠂ ᠳ᠋ᠠᠨᠳᠦ᠋ᠡᠭ ᠠᠴᠠ ᠰᠢᠯᠢᠩᠬᠤᠲᠠ ᠬᠦᠷᠬᠦ ᠳᠡᠭᠡᠲᠤ ᠬᠤᠷᠲᠤ ᠶᠢᠨ ᠵᠠᠰᠠᠮᠠᠯ ᠵᠠᠮ ᠤᠨ ᠪᠢᠷᠠᠭᠤ |
| ᠪᠠᠯᠭᠠᠰᠤ ᠠᠴᠠ ᠰᠢᠯᠢᠩᠬᠤᠲᠠ ᠬᠦᠷᠬᠦ ᠳᠡᠭᠡᠲᠤ ᠬᠤᠷᠳᠤ ᠶᠢᠨ ᠵᠠᠰᠠᠮᠠᠯ ᠵᠠᠮ ᠪᠤᠯᠤᠨ ᠤᠯᠠᠭᠠᠨᠬᠤᠲᠠ ᠠᠴᠠ ᠷᠠᠰᠢᠶᠠᠨ |
| ᠬᠦᠷᠬᠦ ᠨᠢᠭᠡᠳᠤᠭᠡᠷ ᠳᠡᠰ ᠤᠨ ᠵᠠᠰᠠᠮᠠᠯ ᠵᠠᠮ ᠤᠨ ᠦᠭᠡᠷᠡᠴᠢᠯᠡᠨ ᠪᠠᠶᠢᠭᠤᠯᠬᠤ ᠵᠡᠷᠭᠡ ᠲᠦᠷᠦᠯ ᠵᠦᠢᠯ ᠢ ᠰᠢᠨ᠎ᠡ ᠪᠠᠷ |
| ᠠᠵᠢᠯ ᠡᠬᠢᠯᠡᠭᠦᠯᠵᠤ᠂ ᠳᠡᠭᠡᠲᠤ ᠬᠤᠷᠲᠤ ᠶᠢᠨ ᠵᠠᠰᠠᠮᠠᠯ ᠵᠠᠮ 1990 ᠺᠢᠯᠤᠮᠧᠲᠷ᠂ ᠭᠠᠴᠠᠭ᠎ᠠ ᠲᠤᠰᠬᠤᠨ ᠳᠤ |
| ᠨᠡᠪᠲᠡᠷᠡᠬᠦ ᠪᠠᠷᠤᠭᠰᠢᠨ ᠱᠦᠢᠨᠢ ᠵᠠᠮ ᠢ ᠰᠢᠨ᠎ᠡ ᠪᠠᠷ 700 ᠶᠢ ᠨᠡᠮᠡᠭᠳᠡᠭᠦᠯᠬᠦ ᠶᠢ ᠪᠠᠭᠲᠠᠭᠠᠭᠰᠠᠨ ᠵᠠᠰᠠᠮᠠᠯ ᠵᠠᠮ ᠤᠨ |
| ᠬᠡᠪᠴᠢᠶ᠎ᠡ ᠶᠢ 1.4 ᠲᠦᠮᠡᠨ ᠺᠢᠯᠤᠮᠧᠲᠷ ᠪᠦᠲᠦᠭᠡᠨ ᠪᠠᠶᠢᠭᠤᠯᠤᠨ᠎ᠠ᠃ ᠬᠦᠬᠡᠬᠤᠲᠠ ᠠᠴᠠ ᠴᠢᠭᠤᠯᠤᠯᠲᠤ ᠬᠠᠭᠠᠯᠭ᠎ᠠ |
| ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠢ ᠱᠤᠭᠤᠮ ᠤᠨ ᠲᠡᠮᠦᠷ ᠵᠠᠮ᠂ ᠬᠦᠬᠡᠬᠤᠲᠠ ᠠᠴᠠ ᠵᠡᠭᠦᠨᠭᠠᠷ |
| ᠤᠷᠳᠤᠰ ᠬᠦᠷᠬᠦ ᠲᠦᠷᠭᠡᠨ ᠬᠤᠷᠳᠤ ᠶᠢᠨ ᠲᠡᠮᠦᠷ ᠵᠠᠮ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ |
| ᠲᠦᠷᠭᠡᠳᠬᠡᠨ᠂ ᠦᠪᠦᠷ ᠮᠤᠩᠭᠤᠯ ᠤᠨ ᠪᠠᠷᠠᠭᠤᠨ ᠬᠡᠰᠡᠭ ᠠᠴᠠ ᠳᠤᠮᠳᠠᠲᠤ ᠤᠷᠤᠨ ᠬᠦᠷᠬᠦ᠂ ᠡᠵᠡᠨ᠎ᠡ ᠠᠴᠠ ᠬᠠᠮᠢ |
| ᠬᠦᠷᠬᠦ᠂ ᠪᠠᠶᠢᠴᠸᠡᠭ ᠠᠴᠠ ᠷᠠᠰᠢᠶᠠᠨ ᠬᠦᠷᠬᠦ ᠲᠡᠮᠦᠷ ᠵᠠᠮ ᠤᠨ ᠴᠢᠳᠠᠪᠤᠷᠢ ᠶᠢ ᠦᠷᠭᠡᠳᠬᠡᠨ ᠦᠭᠡᠷᠡᠴᠢᠯᠡᠨ |
| ᠪᠠᠶᠢᠭᠤᠯᠬᠤ ᠪᠠ ᠬᠠᠷᠪᠢᠨ ᠠᠴᠠ ᠮᠠᠨᠵᠤᠤᠷ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠤᠨ ᠦᠭᠡᠷᠡᠴᠢᠯᠡᠬᠦ ᠵᠡᠷᠬᠡ |
| ᠲᠦᠷᠦᠯ ᠵᠦᠢᠯ ᠢ ᠰᠢᠨ᠎ᠡ ᠪᠠᠷ ᠪᠠᠷᠢᠯᠭ᠎ᠠ ᠡᠬᠢᠯᠡᠬᠦᠯᠵᠤ᠂ ᠲᠦᠡᠭᠯᠢᠶᠤᠤ᠂ ᠤᠯᠠᠭᠠᠨᠬᠠᠳᠠ ᠠᠴᠠ ᠪᠡᠭᠡᠵᠢᠩ ᠮᠦᠭᠳᠡᠨ |
| ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠢ ᠱᠤᠭᠤᠮ ᠤᠨ ᠲᠡᠮᠦᠷ ᠵᠠᠮ ᠤᠨ ᠬᠤᠯᠪᠤᠬᠤ ᠱᠤᠭᠤᠮ ᠤᠨ ᠡᠮᠦᠨᠡᠬᠦ |
| ᠬᠤᠭᠤᠴᠠᠭᠠᠨ ᠤ ᠠᠵᠢᠯ ᠢ ᠲᠦᠯᠬᠢᠨ ᠠᠬᠢᠭᠤᠯᠵᠤ᠂ 1800 ᠺᠢᠯᠤᠮᠧᠲᠷ ᠤᠷᠲᠤ ᠲᠡᠮᠦᠷ ᠵᠠᠮ ᠢ ᠰᠢᠨ᠎ᠡ ᠪᠠᠷ |
| ᠪᠠᠷᠢᠯᠭ᠎ᠠ ᠡᠬᠢᠯᠡᠬᠦᠯᠦᠨ᠂ ᠲᠡᠭᠡᠭᠡᠪᠦᠷᠢ ᠡᠵᠡᠩᠨᠡᠬᠦ ᠤᠷᠲᠤ ᠶᠢ1100 ᠺᠢᠯᠤᠮᠧᠲᠷ ᠰᠢᠨ᠎ᠡ ᠪᠠᠷ ᠨᠡᠮᠡᠭᠳᠡᠬᠦᠯᠦᠨ᠎ᠡ᠃ |
| ᠬᠦᠬᠡᠬᠤᠲᠠ ᠨᠢᠰᠬᠡᠯ ᠤᠨ ᠪᠠᠭᠤᠳᠠᠯ ᠤᠨ ᠨᠡᠬᠦᠯᠬᠡᠵᠤ ᠪᠠᠶᠢᠭᠤᠯᠬᠤ ᠠᠵᠢᠯ ᠢ ᠲᠦᠷᠭᠡᠳᠬᠡᠨ᠂ ᠬᠤᠤᠯᠢᠨ ᠭᠤᠤᠯ᠂ |
| ᠤᠯᠠᠭᠠᠨᠴᠠᠪ ᠤᠨ ᠨᠢᠰᠬᠡᠯ ᠤᠨ ᠪᠠᠭᠤᠳᠠᠯ ᠢ ᠪᠠᠶᠢᠭᠤᠯᠵᠤ ᠳᠠᠭᠤᠰᠬᠠᠨ᠂ ᠪᠤᠭᠤᠲᠤ᠂ ᠤᠯᠠᠭᠠᠨᠬᠤᠲᠠ᠂ |
| ᠤᠯᠠᠭᠠᠨᠬᠠᠳᠠ ᠶᠢᠨ ᠨᠢᠰᠬᠡᠯ ᠤᠨ ᠪᠠᠭᠤᠳᠠᠯ ᠤᠨ ᠦᠭᠡᠷᠡᠴᠢᠯᠡᠵᠤ ᠦᠷᠬᠡᠳᠬᠡᠨ ᠪᠠᠷᠢᠯᠭ᠎ᠠ ᠶᠢ ᠪᠡᠶᠡᠯᠡᠭᠦᠯᠵᠤ᠂ |
| ᠤᠯᠤᠰ ᠤᠨ ᠳᠡᠰ ᠤᠨ ᠠᠵᠢᠯ ᠡᠬᠦᠷᠬᠡ ᠬᠦᠢᠴᠡᠳᠬᠡᠬᠦ ᠨᠡᠶᠢᠳᠡᠮ ᠬᠡᠷᠡᠭᠯᠡᠭᠡᠨ ᠤ ᠠᠭᠠᠷ ᠤᠨ ᠲᠡᠭᠡᠭᠡᠪᠦᠷᠢ ᠶᠢᠨ |
| ᠲᠤᠷᠰᠢᠯᠲᠠ ᠶᠢᠨ ᠠᠵᠢᠯ ᠢ ᠲᠦᠯᠬᠢᠨ ᠠᠬᠢᠭᠤᠯᠵᠤ᠂ ᠨᠡᠶᠢᠳᠡᠮ ᠬᠡᠷᠡᠭᠯᠡᠬᠡᠨ ᠤ ᠨᠢᠰᠬᠡᠯ ᠤᠨ ᠪᠠᠭᠤᠳᠠᠯ ᠢ ᠪᠠᠶᠢᠭᠤᠯᠵᠤ |
| ᠳᠠᠭᠤᠰᠬᠠᠬᠤ ᠪᠠᠷ ᠴᠢᠷᠮᠠᠶᠢᠨ᠎ᠠ᠃ ᠦᠨᠳᠡᠭᠡᠨ᠂ ︽ᠴᠤᠤᠯ ᠭᠤᠤᠯ ᠤᠨ ᠤᠰᠤ ᠶᠢ ᠲᠠᠲᠠᠵᠤ ᠯᠢᠶᠤᠤ ᠡᠾᠧ |
| ᠭᠤᠤᠯ ᠳᠤ ᠨᠡᠮᠡᠷᠢᠯᠡᠬᠦ︾᠂ ᠬᠠᠲᠤᠨ ᠭᠤᠤᠯ ᠤᠨ ᠦᠶᠡᠷ ᠰᠡᠷᠭᠡᠶᠢᠯᠡᠬᠦ ᠪᠠᠷᠢᠯᠭ᠎ᠠ ᠶᠢᠨ ᠬᠤᠶᠠᠳᠤᠭᠠᠷ ᠬᠤᠭᠤᠴᠠᠭ᠎ᠠ |
| ᠵᠡᠷᠭᠡ ᠭᠤᠤᠯᠳᠠᠯᠭ᠎ᠠ ᠲᠠᠢ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ |
| ᠠᠬᠢᠭᠤᠯᠵᠤ᠂ ᠤᠯᠢᠶᠠᠰᠤᠲᠠᠢ ᠨᠠᠭᠤᠷ ᠪᠤᠯᠤᠨ ᠬᠦᠯᠦᠨ ᠨᠠᠭᠤᠷ ᠤᠨ ᠤᠰᠤᠨ ᠤ ᠤᠷᠴᠢᠨ ᠲᠤᠭᠤᠷᠢᠨ ᠢ ᠵᠠᠰᠠᠬᠤ |
| ᠶᠠᠪᠤᠳᠠᠯ ᠢ ᠰᠠᠶᠢᠲᠤᠷ ᠠᠳᠬᠤᠨ᠂ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠪᠠᠲᠤᠯᠭ᠎ᠠ ᠶᠢᠨ |
| ᠴᠢᠳᠠᠪᠤᠷᠢ ᠶᠢ ᠳᠡᠭᠡᠭᠰᠢᠯᠡᠭᠦᠯᠦᠨ᠎ᠡ᠃ |
| ᠬᠡᠷᠡᠭᠯᠡᠭᠡᠨ ᠪᠠ ᠭᠠᠳᠠᠭᠠᠲᠤ ᠬᠡᠷᠡᠭᠴᠡᠭᠡ ᠶᠢ ᠬᠦᠴᠦᠯᠡᠨ ᠦᠷᠭᠡᠳᠬᠡᠨ᠎ᠡ᠃ ᠬᠡᠷᠡᠭᠯᠡᠬᠡᠨ ᠤ ᠰᠠᠭᠤᠷᠢ |
| ᠦᠢᠯᠡᠳᠦᠯ ᠢ ᠬᠦᠢᠴᠡᠳ ᠪᠠᠳᠠᠷᠠᠭᠤᠯᠤᠨ᠂ ᠬᠡᠷᠡᠭᠯᠡᠬᠡᠨ ᠢ ᠵᠤᠷᠢᠭᠵᠢᠭᠤᠯᠬᠤ ᠡᠳ᠋ ᠤᠨ ᠵᠠᠰᠠᠭ ᠭᠠᠶᠢᠯᠢ᠂ ᠢᠲᠡᠭᠡᠮᠵᠢᠲᠤ |
| ᠵᠢᠭᠡᠯᠡᠯᠭᠡ ᠪᠠ ᠢᠲᠡᠭᠡᠮᠵᠢᠲᠤ ᠬᠡᠷᠡᠭᠯᠡᠭᠡᠨ ᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠮᠡᠳᠡᠭᠡ ᠵᠠᠩᠬᠢ᠂ |
| ᠰᠤᠶᠤᠯ ᠵᠢᠭᠤᠯᠴᠢᠯᠠᠯ᠂ ᠨᠠᠰᠤᠵᠢᠯ ᠡᠷᠡᠭᠦᠯ ᠮᠡᠨᠲᠤ᠂ ᠬᠡᠷ ᠤᠨ ᠠᠳᠡᠯ ᠠᠬᠤᠢ ᠶᠢᠨ ᠦᠢᠯᠡᠴᠢᠯᠡᠭᠡᠨ ᠵᠡᠷᠭᠡ |
| ᠬᠡᠷᠡᠭᠯᠡᠭᠡᠨ ᠤ ᠬᠠᠯᠠᠮᠰᠢᠯ ᠴᠢᠭ᠋ ᠢ ᠪᠤᠶᠢᠵᠢᠭᠤᠯᠵᠤ᠂ ᠰᠢᠨ᠎ᠡ ᠮᠠᠶ᠋ᠢᠭ ᠤᠨ ᠬᠡᠷᠡᠭᠯᠡᠭᠡᠨ ᠤ ᠲᠦᠯᠦᠪ ᠪᠠᠶᠢᠳᠠᠯ ᠢ |
| ᠬᠦᠭᠵᠢᠭᠦᠯᠦᠨ᠂ ᠬᠡᠷᠡᠭᠯᠡᠬᠡᠨ ᠤ ᠤᠷᠤᠨ ᠵᠠᠢ ᠶᠢ ᠲᠠᠰᠤᠷᠠᠯᠲᠠ ᠦᠭᠡᠢ ᠦᠷᠭᠡᠵᠢᠭᠦᠯᠦᠨ᠎ᠡ᠃ ᠤᠳᠤ ᠦᠶ᠎ᠡ ᠶᠢᠨ |
| ᠬᠦᠢᠯᠬᠡᠬᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠨ᠂ ᠬᠦᠢᠯᠭᠡᠭᠡᠨ ᠤ ᠭᠤᠤᠯ ᠴᠤᠭᠴᠠ ᠶᠢ |
| ᠪᠤᠶᠢᠵᠢᠭᠤᠯᠤᠨ᠂ ᠬᠦᠢᠯᠬᠡᠬᠡᠨ ᠤ ᠠᠵᠤ ᠦᠢᠯᠡᠰ ᠢ ᠪᠤᠵᠠᠭᠠᠶᠢᠷᠠᠭᠤᠯᠵᠤ᠂ ︽ᠲᠦᠮᠡᠨ ᠲᠤᠰᠬᠤᠨ ᠮᠢᠩᠭᠠᠨ |
| ᠰᠢᠶᠠᠩ ᠤᠨ ᠵᠠᠬ᠎ᠠ ᠳᠡᠯᠭᠡᠭᠦᠷ︾ ᠤᠨ ᠢᠨᠵᠧᠨᠧᠷᠢᠩ ᠢ ᠬᠦᠨᠵᠡᠬᠡᠢ ᠬᠡᠷᠡᠭᠵᠢᠭᠦᠯᠵᠤ᠂ ᠬᠦᠳᠡᠭᠡ ᠠᠶᠢᠯ ᠤᠨ ᠳᠡᠯᠭᠡᠭᠦᠷ ᠢ |
| ᠪᠦᠲᠦᠭᠡᠨ ᠪᠠᠶᠢᠭᠤᠯᠬᠤ ᠪᠠ ᠦᠭᠡᠷᠡᠴᠢᠯᠡᠨ ᠪᠠᠶᠢᠭᠤᠯᠤᠨ᠎ᠠ᠃ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠶᠡᠬᠡᠪᠡᠷ |
| ᠴᠡᠭᠴᠡᠯᠡᠨ ᠵᠢᠷᠤᠮᠵᠢᠭᠤᠯᠵᠤ᠂ ᠪᠠᠷᠠᠭ᠎ᠠ ᠶᠢᠨ ᠦᠨ᠎ᠡ ᠬᠠᠨᠭ᠍ᠰᠢ ᠶᠢ ᠲᠤᠭᠲᠠᠭᠤᠨ ᠢᠶᠠᠷ ᠬᠢᠵᠠᠭᠠᠷᠯᠠᠬᠤ ᠲᠦᠷᠦ ᠶᠢᠨ |
| ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠦᠢᠯᠡᠳᠭᠦᠨ ᠤ ᠶᠠᠰᠤ ᠴᠢᠨᠠᠷ ᠤᠨ ᠠᠶᠤᠯ |
| ᠦᠭᠡᠢ ᠶᠢᠨ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠬᠤᠳᠠᠯᠳᠤᠭᠠᠨ ᠤ ᠮᠡᠬᠡᠯᠡᠨ ᠬᠢᠬᠠᠬᠤ᠂ |
| ᠬᠤᠳᠠᠯ ᠬᠠᠭᠤᠷᠮᠠᠭ ᠴᠢᠨᠠᠷ ᠮᠠᠭᠤ ᠦᠢᠯᠡᠳᠭᠦᠨ ᠦᠢᠯᠡᠳᠴᠤ ᠪᠤᠷᠤᠯᠠᠭᠤᠯᠬᠤ ᠦᠢᠯᠡ ᠠᠵᠢᠯᠯᠠᠭ᠎ᠠ ᠳᠤ ᠴᠢᠩᠭ᠎ᠠ |
| ᠴᠤᠬᠢᠯᠲᠠ ᠦᠭᠴᠤ᠂ ᠬᠡᠷᠡᠭᠯᠡᠭᠡᠨ ᠤ ᠰᠠᠶᠢᠨ ᠰᠠᠶᠢᠬᠠᠨ ᠤᠷᠴᠢᠨ ᠠᠬᠤᠢ ᠶᠢ ᠪᠠᠶᠢᠭᠤᠯᠤᠨ᠎ᠠ᠃ ᠭᠠᠳᠠᠭᠠᠲᠤ |
| ᠬᠡᠷᠡᠭᠴᠡᠭᠡ ᠶᠢ ᠢᠳᠡᠪᠬᠢᠲᠠᠢ ᠪᠠᠷ ᠦᠷᠭᠡᠵᠢᠭᠦᠯᠦᠨ᠂ ᠭᠠᠳᠠᠭᠠᠲᠤ ᠳᠤ ᠭᠠᠷᠭᠠᠬᠤ ᠭᠠᠳᠠᠭᠠᠲᠤ ᠠᠴᠠ ᠤᠷᠤᠭᠤᠯᠬᠤ |
| ᠪᠦᠲᠦᠴᠡ ᠶᠢ ᠰᠢᠯᠢᠳᠡᠭᠵᠢᠭᠦᠯᠵᠤ᠂ ᠳᠠᠪᠠᠭᠤᠯᠢᠭ ᠦᠢᠯᠡᠳᠭᠦᠨ ᠤ ᠭᠠᠳᠠᠭᠠᠲᠤ ᠳᠤ ᠭᠠᠷᠭᠠᠬᠤ ᠶᠢ ᠦᠷᠭᠡᠳᠭᠡᠨ᠂ |
| ᠡᠨᠧᠷᠬᠢ᠂ ᠲᠦᠬᠦᠬᠡᠢ ᠮᠠᠲ᠋ᠧᠷᠢᠶᠠᠯ ᠵᠢᠴᠢ ᠲᠡᠷᠢᠭᠦᠨ ᠤ ᠮᠡᠷᠭᠡᠵᠢᠯ ᠪᠠ ᠲᠦᠭᠦᠬᠡᠷᠤᠮᠵᠢ ᠶᠢ ᠭᠠᠳᠠᠭᠠᠲᠤ ᠠᠴᠠ |
| ᠤᠷᠤᠭᠤᠯᠬᠤ ᠶᠢ ᠨᠡᠮᠡᠭᠳᠡᠭᠦᠯᠦᠨ᠎ᠡ᠃ ︽ᠭᠠᠳᠠᠭᠰᠢ ᠭᠠᠷᠬᠤ︾ ᠠᠯᠬᠤᠴᠠ ᠶᠢ ᠲᠦᠷᠭᠡᠳᠬᠡᠨ᠂ ᠬᠢᠯᠢ ᠶᠢᠨ ᠭᠠᠳᠠᠨ᠎ᠠ |
| ᠪᠡᠯᠡ ᠤᠷᠤᠭᠤᠯᠬᠤ ᠶᠢ ᠵᠤᠷᠢᠭᠵᠢᠭᠤᠯᠵᠤ᠂ ᠲᠤᠮᠦ ᠠᠵᠤ ᠠᠬᠤᠶᠢᠯᠠᠯ ᠤᠨ ᠤᠯᠠᠨ ᠤᠯᠤᠰ ᠲᠠᠬᠢ ᠦᠷᠢᠰᠦᠯᠳᠦᠬᠦ |
| ᠴᠢᠳᠠᠯ ᠢ ᠳᠡᠭᠡᠭᠰᠢᠯᠡᠭᠦᠯᠦᠨ᠂ ᠳᠤᠮᠳᠠ ᠪᠠᠭ᠎ᠠ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ |
| ᠤᠳ ᠤᠨ ᠤᠯᠠᠨ ᠵᠦᠢᠯ ᠤᠨ ᠬᠡᠯᠪᠡᠷᠢ ᠮᠠᠶ᠋ᠢᠭ ᠢᠶᠠᠷ ᠭᠠᠳᠠᠭᠠᠲᠤ ᠳᠤ ᠪᠡᠯᠡ ᠤᠷᠤᠭᠤᠯᠵᠤ ᠬᠤᠷᠰᠢᠯᠴᠠᠬᠤ ᠠᠵᠢᠯ |
| ᠦᠷᠨᠢᠭᠦᠯᠬᠦ ᠶᠢ ᠬᠦᠲᠦᠯᠦᠨ ᠵᠢᠯᠤᠭᠤᠳᠴᠤ᠂ ᠬᠢᠯᠢ ᠶᠢᠨ ᠭᠠᠳᠠᠨ᠎ᠠ ᠡᠬᠢ ᠪᠠᠶᠠᠯᠢᠭ ᠤᠨ ᠨᠡᠭᠡᠭᠡᠯᠲᠡ ᠬᠢᠬᠦ᠂ |
| ᠲᠠᠷᠢᠶᠠᠯᠠᠩ ᠮᠠᠯ ᠠᠵᠤ ᠠᠬᠤᠢ ᠶᠢᠨ ᠲᠠᠯ᠎ᠠ ᠪᠠᠷ ᠬᠤᠷᠰᠢᠯᠴᠠᠬᠤ ᠵᠡᠷᠬᠡ ᠲᠦᠷᠦᠯ ᠵᠦᠢᠯ ᠢ ᠭᠤᠤᠯᠳᠠᠯᠭ᠎ᠠ ᠲᠠᠢ |
| | ︵ᠬᠤᠶᠠᠷ︶ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠶᠢ ᠲᠦᠯᠬᠢᠨ ᠠᠬᠢᠭᠤᠯᠵᠤ᠂ |
| ᠬᠦᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠶᠢ ᠠᠬᠢᠭᠤᠯᠤᠨ᠎ᠠ |
| ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠠᠯᠬᠤᠴᠠ ᠶᠢ ᠲᠦᠷᠭᠡᠳᠬᠡᠨ᠎ᠡ᠃ ︽ |
| ᠲᠠᠪᠤᠨ ᠶᠡᠭᠡ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢᠨ ᠲᠤᠭᠤᠷᠢᠨ ᠳᠤ᠂ ᠬᠡᠮᠵᠢᠶ᠎ᠡ ᠶᠢ ᠨᠡᠮᠡᠭᠳᠡᠭᠦᠯᠬᠦ |
| ᠶᠡᠪᠤᠳᠠᠯ ᠢᠶᠠᠷ ᠪᠦᠲᠦᠴᠡ ᠶᠢᠨ ᠲᠤᠬᠢᠷᠠᠭᠤᠯᠤᠯᠲᠠ ᠶᠢ ᠳᠠᠶᠢᠴᠢᠯᠠᠨ᠂ ᠰᠢᠨ᠎ᠡ ᠶᠢ ᠡᠭᠦᠳᠬᠦ ᠶᠠᠪᠤᠳᠠᠯ ᠢᠶᠠᠷ ᠠᠵᠤ |
| ᠦᠢᠯᠡᠰ ᠤᠨ ᠲᠡᠰ ᠲᠡᠪᠰᠢᠬᠦ ᠶᠢ ᠠᠬᠢᠭᠤᠯᠵᠤ᠂ ᠠᠵᠤ ᠠᠬᠤᠢ ᠶᠢᠨ ᠬᠦᠭᠵᠢᠯᠲᠡ ᠶᠢᠨ ᠶᠠᠰᠤ ᠴᠢᠨᠠᠷ ᠪᠠ ᠦᠷ᠎ᠡ |
| ᠠᠰᠢᠭ ᠢ ᠬᠦᠴᠦᠯᠡᠨ ᠳᠡᠭᠡᠭᠰᠢᠯᠡᠭᠦᠯᠦᠨ᠎ᠡ᠃ ᠤᠯᠤᠰ ᠠᠴᠠ ᠠᠭᠠᠷ ᠮᠠᠨᠳᠠᠯ ᠤᠨ ᠪᠤᠬᠢᠷᠳᠤᠯ ᠢ ᠵᠠᠰᠠᠬᠤ᠂ |
| ᠦᠢᠯᠡᠳᠪᠦᠷᠢᠯᠡᠬᠦ ᠴᠢᠳᠠᠪᠤᠷᠢ ᠬᠡᠲᠤ ᠢᠯᠡᠭᠦᠳᠡᠵᠤ ᠪᠠᠶᠢᠭ᠎ᠠ ᠶᠢ ᠠᠷᠢᠯᠭᠠᠬᠤ ᠠᠵᠠ ᠲᠤᠬᠢᠶᠠᠯ ᠢ ᠵᠠᠪᠳᠤᠨ᠂ ᠡᠨᠧᠷᠬᠢ᠂ |
| ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠴᠢᠬᠤᠯᠠ ᠶᠡᠭᠡ ᠲᠦᠷᠦᠯ ᠵᠦᠢᠯ ᠤᠨ ᠪᠠᠷᠢᠯᠭ᠎ᠠ |
| ᠡᠬᠢᠯᠡᠭᠦᠯᠵᠤ ᠪᠦᠲᠦᠭᠡᠨ ᠪᠠᠶᠢᠭᠤᠯᠬᠤ ᠶᠢ ᠲᠤᠪᠤᠶᠢᠮ᠎ᠠ ᠰᠠᠶᠢᠲᠤᠷ ᠠᠳᠬᠤᠵᠤ᠂ ᠠᠵᠤ ᠦᠢᠯᠡᠰ ᠤᠨ ᠰᠢᠯᠵᠢᠯᠲᠡ ᠶᠢ |
| ᠬᠡᠪᠴᠢᠶᠡᠵᠢᠭᠦᠯᠦᠨ᠂ ᠬᠡᠯᠬᠢᠶᠡᠵᠢᠭᠦᠯᠤᠨ᠂ ᠪᠦᠯᠦᠭᠯᠡᠯᠵᠢᠭᠦᠯᠦᠨ ᠵᠠᠯᠭᠠᠨ ᠠᠪᠴᠤ᠂ ᠨᠡᠭᠦᠷᠡᠰᠦ ᠪᠠᠷ ᠲᠤᠰᠤ ᠬᠢᠬᠦ |
| 450 ᠲᠦᠮᠡᠨ ᠳᠤᠨ᠂ ᠨᠡᠭᠦᠷᠠᠰᠦ ᠪᠠᠷ ᠠᠯᠺᠸᠠ ᠬᠢᠬᠦ 220 ᠲᠦᠮᠡᠨ ᠳᠤᠨ᠂ ᠨᠡᠭᠦᠷᠠᠰᠤ ᠶᠢ ᠬᠡᠢ ᠪᠤᠯᠭᠠᠬᠤ 200 |
| ᠳ᠋ᠦᠡᠭᠰᠢᠭᠤᠷ ᠪᠤᠰᠤᠭ᠎ᠠ ᠲᠦᠷᠪᠡᠯᠵᠢᠨ ᠮᠧᠲᠷ᠂ ᠴᠠᠬᠢᠯᠭᠠᠨ ᠬᠦᠴᠦᠨ ᠤ ᠮᠠᠰᠢᠨ ᠴᠤᠭᠴᠠᠯᠠᠪᠤᠷᠢ ᠶᠢᠨ 600 ᠲᠦᠮᠡᠨ |
| ᠺᠢᠯᠤᠸ᠋ᠲ ᠤᠨ ᠬᠢ ᠶᠢ ᠰᠢᠨ᠎ᠡ ᠪᠠᠷ ᠪᠠᠷᠢᠯᠭ᠎ᠠ ᠡᠬᠢᠯᠡᠬᠦᠯᠬᠦ ᠪᠠᠷ ᠴᠢᠷᠮᠠᠶᠢᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ |
| ᠴᠢᠭ᠋ ᠢ ᠪᠤᠶᠢᠵᠢᠭᠤᠯᠤᠨ᠎ᠠ᠃ ᠤᠯᠠᠮᠵᠢᠯᠠᠯᠲᠤ ᠲᠠᠪᠠᠭᠤᠯᠢᠭ ᠤᠨᠴᠠᠯᠢᠭ ᠪᠦᠬᠦᠢ ᠠᠵᠤ ᠦᠢᠯᠡᠰ ᠢ ᠦᠭᠡᠷᠡᠴᠢᠯᠡᠵᠤ ᠲᠡᠰ |
| ᠲᠡᠪᠰᠢᠬᠦᠯᠬᠦ ᠶᠢ ᠲᠦᠷᠭᠡᠳᠬᠡᠨ᠂ ᠠᠵᠤ ᠦᠢᠯᠡᠰ ᠢ ᠡᠮᠬᠢᠯᠡᠨ ᠨᠡᠶᠢᠯᠡᠭᠦᠯᠵᠤ ᠲᠠᠬᠢᠨ ᠵᠤᠬᠢᠶᠠᠨ ᠪᠠᠶᠢᠭᠤᠯᠬᠤ ᠶᠢ |
| ᠲᠦᠯᠬᠢᠨ ᠠᠬᠢᠭᠤᠯᠵᠤ᠂ ᠨᠡᠭᠦᠷᠡᠰᠦᠨ ᠤ ᠭᠠᠷᠭᠠᠯᠲᠠ ᠶᠢ ᠲᠤᠭᠲᠠᠭᠤᠨ ᠪᠠᠶᠢᠯᠭᠠᠵᠤ᠂ ᠨᠡᠭᠦᠷᠠᠰᠤ ᠶᠢ ᠬᠡᠤᠳᠠᠰᠦᠵᠢᠬᠦᠯᠬᠦ |
| ᠂ ᠡᠾᠯᠤᠷᠲᠤ ᠱᠦᠯᠲᠤ ᠶᠢᠨ ᠬᠢᠮᠢ ᠶᠢᠨ ᠠᠵᠤ ᠦᠢᠯᠡᠳᠪᠦᠷᠢ᠂ ᠹᠯᠤᠷ ᠤᠨ ᠬᠢᠮᠢ ᠶᠢᠨ ᠠᠵᠤ ᠦᠢᠯᠡᠳᠪᠦᠷᠢ ᠵᠡᠷᠭᠡ |
| ᠠᠵᠤ ᠦᠢᠯᠡᠰ ᠤᠨ ᠳᠡᠰ ᠲᠠᠪᠬᠤᠷᠭ᠎ᠠ ᠶᠢ ᠲᠦᠷᠭᠡᠳᠬᠡᠨ ᠳᠡᠭᠡᠭᠰᠢᠯᠡᠬᠦᠯᠵᠤ᠂ ᠨᠠᠷᠢᠯᠢᠭ ᠬᠢᠮᠢ ᠶᠢᠨ ᠠᠵᠤ |
| ᠦᠢᠯᠡᠳᠪᠦᠷᠢ ᠶᠢᠨ ᠦᠢᠯᠡᠳᠬᠦᠨ ᠤ ᠬᠤᠪᠢ ᠶᠢᠨ ᠵᠢᠩ ᠢ ᠳᠡᠭᠡᠭᠰᠢᠯᠡᠭᠦᠯᠦᠨ᠂ ᠠᠵᠤ ᠦᠢᠯᠡᠰ ᠤᠨ ᠬᠦᠭᠵᠢᠯᠲᠡ ᠶᠢᠨ |
| ᠰᠢᠨ᠎ᠡ ᠳᠠᠪᠠᠭᠤᠯᠢᠭ ᠢ ᠪᠦᠲᠦᠭᠡᠨ᠎ᠡ᠃ ᠨᠡᠭᠦᠷᠡᠰᠦ ᠴᠠᠬᠢᠯᠭᠠᠨ ᠲᠡᠮᠦᠷᠯᠢᠭ᠂ ᠬᠠᠶᠢᠬᠤ ᠮᠠᠯᠲᠠᠬᠤ ᠰᠢᠯᠢᠬᠦ |
| ᠪᠤᠯᠪᠠᠰᠤᠷᠠᠭᠤᠯᠬᠤ ᠶᠢ ᠨᠢᠭᠡ ᠴᠤᠭᠴᠠᠵᠢᠭᠤᠯᠤᠨ ᠬᠦᠭᠵᠢᠭᠦᠯᠬᠦ ᠶᠢ ᠲᠦᠯᠬᠢᠨ ᠠᠬᠢᠭᠤᠯᠵᠤ᠂ ᠦᠡᠭᠭᠡᠲᠤ |
| ᠲᠡᠮᠦᠷᠯᠢᠭ ᠤᠨ ᠠᠵᠤ ᠦᠢᠯᠡᠰ ᠤᠨ ᠤᠷᠲᠤᠳᠬᠠᠨ ᠡᠳ᠋ᠰᠢᠬᠦᠯᠬᠦ ᠨᠤᠷᠮ᠎ᠠ ᠶᠢ 30% ᠠᠴᠠ ᠳᠡᠭᠡᠭᠰᠢ ᠳᠤ |
| ᠬᠦᠷᠦᠭᠦᠯᠦᠨ᠂ ᠸᠠᠭᠠᠷ ᠱᠠᠭᠠᠵᠠᠩ᠂ ᠭᠡᠷᠡᠯ ᠸᠤᠯᠲᠲᠤ ᠰᠢᠯ ᠵᠡᠷᠭᠡ ᠨᠠᠷᠢᠯᠢᠭ ᠬᠦᠨᠵᠡᠬᠡᠢ ᠡᠳ᠋ᠰᠢᠭᠦᠯᠦᠭᠰᠡᠨ |
| ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠭᠦᠨ ᠢ ᠲᠦᠷᠭᠡᠳᠬᠡᠨ ᠬᠦᠭᠵᠢᠭᠦᠯᠦᠨ᠎ᠡ᠃ ᠡᠬᠢ ᠪᠠᠶᠠᠯᠢᠭ ᠤᠨ ᠪᠤᠰᠤ |
| ᠬᠡᠯᠪᠡᠷᠢ ᠶᠢᠨ ᠠᠵᠤ ᠦᠢᠯᠡᠰ ᠪᠤᠯᠤᠨ ᠪᠠᠶᠢᠯᠲᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠪᠤᠢ ᠪᠤᠯᠤᠭᠰᠠᠨ ᠠᠵᠤ |
| ᠦᠢᠯᠡᠰ ᠢ ᠶᠡᠬᠡᠪᠡᠷ ᠬᠦᠭᠵᠢᠭᠦᠯᠦᠨ᠂ ᠡᠬᠦᠯᠡᠨ ᠪᠤᠳᠤᠯᠲᠠ ᠶᠢᠨ ᠲᠤᠭ᠎ᠠ ᠪᠠᠷᠢᠮᠲᠠ ᠶᠢᠨ ᠲᠦᠪ ᠤᠨ ᠪᠦᠲᠦᠭᠡᠨ |
| ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠡᠬᠦᠯᠡᠨ ᠪᠤᠳᠤᠯᠲᠠ ᠶᠢᠨ ᠬᠡᠷᠡᠭᠯᠡᠯᠲᠡ ᠶᠢᠨ ᠦᠢᠯᠡᠴᠢᠯᠡᠬᠡᠨ ᠪᠠ ᠬᠠᠲᠠᠭᠤ |
| ᠬᠡᠷᠡᠭᠰᠡᠯ ᠤᠨ ᠲᠦᠭᠦᠭᠡᠷᠤᠮᠵᠢ ᠦᠢᠯᠡᠳᠬᠦ ᠶᠢ ᠢᠳᠡᠪᠬᠢᠲᠠᠢ ᠪᠠᠷ ᠬᠦᠭᠵᠢᠭᠦᠯᠦᠨ᠂ ᠴᠢ ᠷᠦᠢ ᠲᠡᠮᠳᠡᠭᠲᠤ ᠮᠠᠰᠢᠨ |
| ᠲᠡᠷᠭᠡ᠂ ᠤᠮᠠᠷᠠᠲᠤ ᠶᠢᠨ ᠪᠧᠨ ᠤᠤᠢ ᠲᠡᠮᠳᠡᠭᠲᠤ ᠬᠦᠨᠲᠤ ᠠᠴᠢᠶᠠᠨ ᠤ ᠮᠠᠰᠢᠨ ᠲᠡᠷᠭᠡ ᠵᠡᠷᠭᠡ ᠲᠤᠨᠤᠭ ᠲᠦᠬᠦᠭᠡᠷᠦᠮᠵᠢ |
| ᠦᠢᠯᠡᠳᠬᠦ ᠦᠢᠯᠡᠰ ᠤᠨ ᠭᠤᠤᠯᠳᠠᠯᠭ᠎ᠠ ᠲᠠᠢ ᠲᠦᠷᠦᠯ ᠵᠦᠢᠯ ᠢ ᠰᠠᠶᠢᠲᠤᠷ ᠠᠳᠬᠤᠨ᠎ᠠ᠂ ᠰᠢᠨ᠎ᠡ ᠡᠨᠧᠷᠬᠢ᠂ ᠬᠤᠪᠤᠷ |
| ᠰᠢᠷᠤᠢ ᠶᠢᠨ ᠰᠢᠨ᠎ᠡ ᠮᠠᠲ᠋ᠧᠷᠢᠶᠠᠯ᠂ ᠠᠮᠢᠲᠤ ᠪᠤᠳᠠᠰ ᠤᠨ ᠡᠮ ᠬᠢᠬᠦ᠂ ᠡᠯᠧᠺᠲᠷᠤᠨ ᠮᠡᠳᠡᠭᠡ ᠵᠠᠩᠬᠢ᠂ ᠡᠨᠧᠷᠬᠢ |
| ᠠᠷᠪᠢᠯᠠᠵᠤ ᠤᠷᠴᠢᠨ ᠲᠤᠭᠤᠷᠢᠨ ᠢ ᠬᠠᠮᠠᠭᠠᠯᠠᠬᠤ ᠵᠡᠷᠭᠡ ᠠᠵᠤ ᠦᠢᠯᠡᠰ ᠢ ᠲᠦᠷᠭᠡᠳᠭᠡᠨ ᠬᠦᠭᠵᠢᠭᠦᠯᠵᠤ᠂ ᠶᠡᠷᠤᠩᠬᠡᠢ |
| ᠬᠡᠮᠵᠢᠶ᠎ᠡ ᠪᠠ ᠬᠡᠪᠴᠢᠶ᠎ᠡ ᠶᠢ ᠨᠢ ᠪᠤᠵᠠᠭᠠᠶᠢᠷᠠᠭᠤᠯᠤᠨ᠂ ᠰᠢᠨ᠎ᠡ ᠲᠤᠯᠭᠠᠭᠤᠷᠢ ᠠᠵᠤ ᠦᠢᠯᠡᠰ ᠢ ᠪᠤᠢ ᠪᠤᠯᠭᠠᠨ᠎ᠠ᠃ |
| ᠤᠳᠤ ᠦᠶ᠎ᠡ ᠶᠢᠨ ᠦᠢᠯᠡᠴᠢᠯᠡᠭᠡᠨ ᠤ ᠠᠵᠤ ᠦᠢᠯᠡᠰ ᠢ ᠶᠡᠬᠡᠪᠡᠷ ᠬᠦᠭᠵᠢᠭᠦᠯᠦᠨ᠎ᠡ᠃ ᠦᠢᠯᠡᠳᠪᠦᠷᠢᠯᠡᠯ ᠤᠨ |
| ᠴᠢᠨᠠᠷᠲᠠᠢ ᠪᠠ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠢ ᠵᠡᠷᠭᠡ ᠳᠤᠨᠢ ᠴᠢᠬᠤᠯᠠᠴᠢᠯᠠᠬᠤ᠂ ᠤᠯᠠᠮᠵᠢᠯᠠᠯᠲᠤ ᠪᠠ |
| ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠵᠡᠷᠭᠡ ᠳᠤᠨᠢ ᠡᠷᠬᠢᠮᠯᠡᠬᠦ ᠶᠢ ᠪᠠᠷᠢᠮᠲᠠᠯᠠᠨ᠂ ᠦᠢᠯᠡᠴᠢᠯᠡᠭᠡᠨ ᠤ |
| ᠦᠢᠯᠡᠰ ᠤᠨ ᠬᠦᠭᠵᠢᠯᠲᠡ ᠶᠢᠨ ᠬᠤᠷᠳᠤᠴᠠ ᠪᠠᠨ ᠲᠦᠷᠭᠡᠳᠭᠡᠬᠦ᠂ ᠬᠤᠪᠢ ᠶᠢᠨ ᠵᠢᠩ ᠢᠶᠠᠨ ᠳᠡᠭᠡᠭᠰᠢᠯᠡᠭᠦᠯᠬᠦ᠂ ᠬᠢᠷᠢ |
| ᠬᠡᠮᠵᠢᠶ᠎ᠡ ᠶᠢ ᠳᠡᠭᠡᠭᠰᠢᠯᠡᠬᠦᠯᠬᠦ ᠶᠢ ᠲᠦᠯᠬᠢᠨ ᠠᠬᠢᠭᠤᠯᠤᠨ᠎ᠠ᠃ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠢ |
| ᠲᠦᠪᠯᠡᠷᠡᠭᠦᠯᠦᠨ ᠪᠦᠲᠦᠭᠡᠨ ᠪᠠᠶᠢᠭᠤᠯᠵᠤ᠂ ᠤᠨᠴᠠᠯᠢᠭ ᠢᠶᠠᠷ ᠢᠯᠡ ᠲᠤᠳᠤ᠂ ᠬᠡᠪᠴᠢᠶ᠎ᠡ ᠪᠠᠷ ᠨᠡᠯᠢᠶᠡᠳ ᠶᠡᠭᠡ᠂ |
| ᠨᠦᠯᠦᠭᠡᠯᠡᠨ ᠲᠠᠶᠢᠴᠢᠯᠠᠬᠤ ᠬᠦᠴᠦᠨ ᠢᠶᠠᠷ ᠴᠢᠩᠭ᠎ᠠ ᠪᠦᠬᠦᠢ ᠦᠢᠯᠡᠴᠢᠯᠡᠭᠡᠨ ᠤ ᠦᠢᠯᠡᠰ ᠴᠤᠭᠯᠠᠷᠠᠭᠰᠠᠨ ᠤᠷᠤᠨ ᠢ |
| 30—50 ᠶᠢ ᠪᠠᠶᠢᠭᠤᠯᠤᠨ᠎ᠠ᠃ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠦᠭᠵᠢᠯᠲᠠ ᠶᠢᠨ ᠲᠦᠯᠦᠪᠵᠢᠭᠦᠯᠬᠡ |
| ᠪᠠ ᠲᠦᠷᠦ ᠶᠢᠨ ᠪᠤᠳᠤᠯᠭ᠎ᠠ ᠶᠢ ᠲᠤᠭᠲᠠᠭᠠᠨ᠂ ︽ᠦᠷᠭᠡᠨ ᠪᠦᠰᠡᠲᠤ ᠦᠪᠦᠷ ᠮᠤᠩᠭᠤᠯ︾ ᠢᠨᠵᠧᠨᠧᠷᠢᠩ ᠢ |
| ᠬᠦᠨᠵᠡᠭᠡᠢ ᠬᠡᠷᠡᠭᠵᠢᠭᠦᠯᠵᠤ᠂ ᠡᠯᠧᠺᠲᠷᠤᠨ ᠬᠤᠳᠠᠯᠳᠤᠭᠠᠨ ᠤ ᠶᠠᠪᠤᠳᠠᠯ ᠢ ᠶᠡᠬᠡᠪᠡᠷ ᠬᠦᠭᠵᠢᠭᠦᠯᠦᠨ᠎ᠡ᠃ ᠠᠷᠠᠯᠵᠢᠶᠠᠯᠠᠬᠤ |
| ᠂ ᠳᠡᠯᠭᠡᠨ ᠦᠵᠡᠭᠦᠯᠬᠦ᠂ ᠬᠦᠮᠦᠷᠭᠡᠯᠡᠨ ᠬᠠᠳᠠᠭᠠᠯᠠᠬᠤ᠂ ᠡᠳ᠋ᠰᠢᠭᠦᠯᠬᠦ᠂ ᠲᠤᠬᠢᠷᠠᠭᠤᠯᠤᠨ ᠬᠦᠷᠭᠡᠬᠦ ᠶᠢ ᠨᠢᠭᠡ |
| ᠴᠤᠭᠴᠠᠵᠢᠭᠤᠯᠤᠭᠰᠠᠨ ᠨᠢᠭᠡ ᠪᠦᠯᠦᠭ ᠶᠡᠷᠦᠩᠭᠡᠶᠢᠯᠡᠭᠰᠡᠨ ᠪᠠᠷᠠᠭ᠎ᠠ ᠶᠢᠨ ᠬᠦᠢᠯᠭᠡᠭᠡᠨ ᠤ ᠬᠦᠷᠢᠶᠡᠯᠡᠩ ᠲᠤᠭᠤᠷᠢᠭ ᠢ |
| ᠪᠦᠲᠦᠭᠡᠨ ᠪᠠᠶᠢᠭᠤᠯᠵᠤ᠂ ᠬᠤᠳᠠᠯᠳᠤᠭ᠎ᠠ ᠠᠷᠠᠯᠵᠢᠶ᠎ᠠ ᠶᠢᠨ ᠬᠦᠢᠯᠬᠡᠬᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ |
| ᠲᠦᠯᠬᠢᠨ ᠠᠬᠢᠭᠤᠯᠤᠨ᠎ᠠ᠃ ᠬᠦᠬᠡᠬᠤᠲᠠ ᠵᠡᠷᠭᠡ ᠲᠦᠪ ᠬᠤᠲᠠ ᠪᠠ ᠮᠠᠨᠵᠤᠤᠷ᠂ ᠡᠷᠢᠶᠡᠨ ᠬᠤᠲᠠ ᠵᠡᠷᠭᠡ ᠪᠤᠭᠤᠮᠲᠠ |
| ᠬᠤᠲᠠ ᠪᠡ ᠭᠤᠤᠯᠳᠠᠯᠭ᠎ᠠ ᠪᠤᠯᠭᠠᠨ᠂ ︽ᠡᠬᠡ ᠬᠠᠭᠤᠷᠠᠢ ᠶᠢᠨ ᠭᠠᠷᠠᠮ ᠤᠨ ᠠᠵᠤ ᠠᠬᠤᠢ︾ ᠶᠢ ᠢᠳᠡᠪᠬᠢᠲᠠᠢ ᠪᠠᠷ |
| ᠬᠦᠭᠵᠢᠭᠦᠯᠦᠨ᠎ᠡ᠃ ᠤᠷᠤᠨ ᠨᠤᠲᠤᠭ ᠤᠨ ᠮᠦᠡᠭᠭᠦᠨ ᠬᠦᠢᠯᠭᠡᠭᠡᠨ ᠤ ᠪᠠᠶᠢᠭᠤᠯᠤᠮᠵᠢ ᠨᠤᠭᠤᠳ ᠤᠨ ᠪᠡᠯᠡ ᠬᠦᠷᠦᠩᠭᠡ |
| ᠪᠠᠨ ᠨᠡᠮᠡᠭᠳᠡᠭᠦᠯᠵᠤ ᠰᠲ᠋ᠤᠺ ᠢᠶᠠᠨ ᠦᠷᠭᠡᠳᠬᠡᠬᠦ ᠳᠤ ᠡᠯ᠎ᠡ ᠲᠦᠷᠦᠯ ᠤᠨ ᠬᠦᠷᠦᠩᠭᠡ ᠶᠢᠨ ᠤᠷᠤᠯᠴᠠᠬᠤ ᠶᠢ |
| ᠵᠤᠷᠢᠭᠵᠢᠭᠤᠯᠤᠨ᠂ ᠠᠷᠠᠳ ᠠᠴᠠ ᠡᠵᠡᠩᠨᠡᠭᠰᠡᠨ ᠪᠠᠩᠬᠢ ᠶᠢ ᠡᠬᠦᠰᠬᠡᠨ ᠪᠠᠶᠢᠭᠤᠯᠵᠤ᠂ ᠲᠤᠰᠬᠤᠨ ᠪᠠᠯᠭᠠᠰᠤ ᠶᠢᠨ |
| ᠪᠠᠩᠬᠢ᠂ ᠪᠡᠯᠡ ᠮᠦᠡᠭᠭᠦ ᠶᠢᠨ ᠲᠠᠯ᠎ᠠ ᠪᠠᠷ ᠬᠠᠪᠰᠤᠷᠤᠯᠴᠠᠬᠤ ᠬᠤᠷᠰᠢᠶ᠎ᠡ ᠵᠡᠷᠭᠡ ᠰᠢᠨ᠎ᠡ ᠬᠡᠯᠪᠡᠷᠢ ᠶᠢᠨ ᠮᠦᠡᠭᠭᠦᠨ |
| ᠬᠦᠢᠯᠭᠡᠭᠡᠨ ᠤ ᠪᠠᠶᠢᠭᠤᠯᠤᠮᠵᠢ ᠶᠢ ᠲᠦᠷᠭᠡᠳᠭᠡᠨ ᠵᠤᠬᠢᠶᠠᠨ ᠪᠠᠶᠢᠭᠤᠯᠵᠤ᠂ ᠢᠲᠡᠭᠡᠮᠵᠢᠲᠤ ᠵᠢᠭᠡᠯᠡᠯᠭᠡ ᠶᠢᠨ |
| ᠪᠦᠲᠦᠴᠡ ᠶᠢ ᠰᠢᠯᠢᠳᠡᠭᠵᠢᠭᠦᠯᠦᠨ᠂ ᠤᠯᠠᠨ ᠲᠡᠰ ᠲᠠᠪᠬᠤᠷᠭ᠎ᠠ ᠪᠦᠬᠦᠢ ᠬᠦᠷᠦᠩᠭᠡ ᠶᠢᠨ ᠵᠠᠬ᠎ᠠ ᠳᠡᠯᠭᠡᠭᠦᠷ ᠢ |
| ᠲᠦᠡᠭᠡᠳᠬᠡᠨ ᠬᠦᠭᠵᠢᠭᠦᠯᠵᠤ᠂ ᠰᠢᠭᠤᠳ ᠪᠡᠯᠡ ᠲᠤᠬᠢᠷᠠᠭᠤᠯᠬᠤ ᠬᠤᠪᠢ ᠶᠢᠨ ᠵᠢᠩ ᠢ ᠳᠡᠭᠡᠭᠰᠢᠯᠡᠭᠦᠯᠦᠨ᠎ᠡ᠃ |
| ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠵᠢᠭᠤᠯᠴᠢᠯᠠᠯ ᠤᠨ ᠠᠵᠤ |
| ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠵᠢᠭᠤᠯᠴᠢᠯᠠᠯ ᠤᠨ ᠪᠦᠲᠦᠭᠡᠭᠳᠡᠭᠦᠨ ᠤ ᠰᠢᠰᠲ᠋ᠧᠮᠵᠢ ᠶᠢ |
| ᠳᠡᠭᠦᠯᠳᠡᠷᠵᠢᠭᠦᠯᠦᠨ᠂ ᠵᠢᠭᠤᠯᠴᠢᠯᠠᠯ ᠤᠨ ᠰᠤᠶᠤᠯ ᠤᠨ ᠠᠭᠤᠯᠤᠭᠳᠠᠬᠤᠨ ᠢ ᠨᠡᠮᠡᠭᠳᠡᠭᠦᠯᠦᠨ᠎ᠡ᠃ ᠵᠢᠭᠤᠯᠴᠢᠯᠠᠵᠤ |
| ᠲᠤᠭᠤᠷᠢᠨ ᠦᠵᠡᠬᠦ᠂ ᠰᠡᠯᠡᠭᠦᠴᠡᠵᠤ ᠠᠮᠠᠷᠠᠨ ᠵᠤᠭᠠᠴᠠᠬᠤ ᠶᠢ ᠳᠤᠪᠤᠶᠢᠯᠭᠠᠨ᠂ ᠬᠢᠯᠢ ᠶᠢᠨ ᠵᠢᠭᠤᠯᠴᠢᠯᠠᠯ ᠢ |
| ᠲᠦᠷᠭᠡᠳᠬᠡᠨ ᠬᠦᠭᠵᠢᠭᠦᠯᠵᠤ᠂ ᠬᠢᠯᠢ ᠠᠯᠤᠰᠯᠠᠨ ᠵᠢᠭᠤᠯᠴᠢᠯᠠᠬᠤ ᠬᠤᠷᠰᠢᠯᠴᠠᠭᠠᠨ ᠤ ᠤᠷᠤᠨ ᠢ ᠰᠦᠪᠡᠭᠴᠢᠯᠡᠨ |
| ᠪᠠᠶᠢᠭᠤᠯᠵᠤ᠂ ᠤᠯᠤᠰ ᠤᠨ ᠲᠤᠲᠤᠭᠠᠲᠤ ᠶᠢᠨ ᠵᠢᠭᠤᠯᠴᠢᠯᠠᠯ ᠤᠨ ᠤᠷᠤᠨ ᠪᠦᠰᠡ ᠶᠢᠨ ᠬᠠᠮᠵᠢᠯᠴᠠᠭ᠎ᠠ ᠶᠢ |
| | ᠨᠠᠶᠢᠲᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠲᠠ ᠶᠢᠨ ᠬᠢᠷᠢ ᠬᠡᠮᠵᠢᠶ᠎ᠡ ᠶᠢ |
| ᠳᠡᠭᠡᠭᠰᠢᠯᠡᠭᠦᠯᠦᠨ᠎ᠡ᠃ ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠲᠡ ᠳᠤ ᠠᠷᠠᠳ ᠤᠨ ᠪᠡᠯᠡ |
| ᠤᠷᠤᠭᠤᠯᠵᠤ ᠳᠡᠮᠵᠢᠬᠦ ᠶᠢ ᠵᠤᠷᠢᠭᠵᠢᠭᠤᠯᠬᠤ ᠲᠦᠷᠦᠯ ᠤᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠢ |
| ᠨᠠᠶᠢᠳᠠᠪᠤᠷᠢᠵᠢᠭᠤᠯᠵᠤ᠂ ᠵᠠᠬ᠎ᠠ ᠳᠡᠯᠭᠡᠬᠦᠷ ᠲᠤ ᠵᠦᠪᠰᠢᠶᠡᠷᠡᠨ ᠤᠷᠤᠭᠤᠯᠬᠤ ᠨᠢᠭᠡᠲᠤᠯᠲᠠᠢ ᠳᠦᠷᠢᠮ ᠢ ᠬᠡᠷᠡᠭᠵᠢᠭᠦᠯᠤᠨ᠂ |
| ᠤᠯᠤᠰ ᠤᠨ ᠨᠠᠵᠠᠭᠠᠢ ᠲᠠᠯ᠎ᠠ ᠶᠢᠨ ᠨᠠᠷᠢᠨ ᠳᠠᠩᠰᠠ ᠠᠴᠠ ᠭᠠᠳᠠᠨᠠᠬᠢ ᠬᠦᠷᠢᠶᠡᠨ ᠳᠤ ᠡᠯ᠎ᠡ ᠲᠦᠷᠦ ᠶᠢᠨ ᠵᠠᠬ᠎ᠠ |
| ᠳᠡᠯᠭᠡᠬᠦᠷ ᠤᠨ ᠭᠤᠤᠯ ᠴᠤᠭᠴᠠ ᠶᠢᠨ ᠬᠠᠤᠯᠢ ᠶᠤᠰᠤᠭᠠᠷ ᠡᠷᠬᠡ ᠲᠡᠭᠰᠢ ᠪᠠᠷ ᠤᠷᠤᠬᠤ ᠶᠢ ᠦᠨᠡᠨᠬᠦ ᠪᠠᠲᠤᠯᠠᠨ᠎ᠠ᠃ |
| ᠰᠠᠭᠤᠷᠢ ᠠᠵᠤ ᠦᠢᠯᠡᠰ᠂ ᠰᠠᠭᠤᠷᠢ ᠪᠡᠯᠡᠳᠭᠡᠮᠵᠢ᠂ ᠨᠡᠶᠢᠭᠡᠮ ᠤᠨ ᠦᠢᠯᠡᠰ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ |
| ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠵᠡᠷᠭᠡ ᠬᠦᠷᠢᠶᠡᠨ ᠳᠤ ᠠᠷᠠᠳ ᠤᠨ ᠬᠦᠷᠦᠩᠭᠡ ᠶᠢᠨ ᠤᠷᠤᠬᠤ ᠶᠢ |
| ᠳᠡᠮᠵᠢᠵᠤ᠂ ᠳᠤᠮᠳᠠ ᠪᠠᠭ᠎ᠠ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠦᠲᠦᠯᠦᠨ |
| ᠵᠢᠯᠤᠭᠤᠳᠴᠤ ᠪᠠᠶᠢᠭᠠᠳ ᠲᠦᠬᠦᠷ ᠬᠠᠮᠵᠢᠯᠴᠠᠭ᠎ᠠ ᠶᠢ ᠰᠠᠶᠢᠲᠤᠷ ᠬᠢᠯᠬᠡᠨ᠎ᠡ᠃ ᠤᠨᠴᠠ ᠵᠦᠪᠰᠢᠶᠡᠷᠡᠭᠰᠡᠨ |
| ᠡᠵᠡᠩᠨᠡᠯᠲᠡ ᠶᠢᠨ ᠬᠦᠷᠢᠶᠡᠨ ᠳᠤ ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠶᠢᠯᠠᠯ ᠤᠨ ᠤᠷᠤᠬᠤ ᠪᠤᠲᠠᠲᠠᠢ |
| ᠠᠷᠭ᠎ᠠ ᠶᠢ ᠲᠤᠭᠲᠠᠭᠠᠬᠤ᠂ ᠪᠠᠭ᠎ᠠ ᠵᠢᠵᠢᠭ ᠠᠵᠤ ᠠᠬᠤᠶᠢᠯᠠᠯ ᠤᠨ ᠵᠢᠭᠡᠯᠡᠯᠭᠡ ᠶᠢᠨ ᠲᠦᠭᠰᠢᠭᠦᠷᠢ ᠶᠢᠨ ᠨᠦᠬᠦᠪᠦᠷᠢ |
| ᠮᠦᠡᠭᠭᠦ ᠪᠠᠶᠢᠭᠤᠯᠬᠤ᠂ ᠢᠲᠡᠭᠡᠮᠵᠢ ᠶᠢᠨ ᠳᠠᠭᠠᠭᠠᠯᠲᠠ ᠬᠢᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠵᠡᠷᠭᠡ |
| ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ︽ᠵᠦᠪᠰᠢᠶᠡᠷᠡᠯ ᠢᠶᠠᠷ |
| ᠤᠷᠤᠬᠤ ᠳᠤ ᠬᠦᠴᠢᠷ ᠪᠠᠶᠢᠬᠤ᠂ ᠪᠡᠯᠡ ᠲᠤᠬᠢᠷᠠᠭᠤᠯᠬᠤ ᠳᠤ ᠬᠦᠴᠢᠷ ᠪᠠᠶᠢᠬᠤ᠂ ᠪᠡᠯᠡ ᠲᠤᠬᠢᠷᠠᠭᠤᠯᠬᠤ ᠳᠤ ᠦᠨᠡᠲᠠᠢ |
| ᠪᠠᠶᠢᠬᠤ︾ ᠵᠡᠷᠭᠡ ᠳᠤᠪᠤᠶᠢᠮ᠎ᠠ ᠠᠰᠠᠭᠤᠳᠠᠯ ᠤᠳ ᠢ ᠲᠠᠶᠢᠯᠵᠤ᠂ ᠨᠡᠶᠢᠲᠡ ᠶᠢᠨ ᠦᠮᠴᠢᠯᠡᠯ ᠤᠨ ᠪᠤᠰᠤ ᠠᠵᠤ |
| ᠠᠬᠤᠢ ᠶᠢᠨ ᠬᠦᠭᠵᠢᠯᠲᠡ ᠶᠢᠨ ᠠᠮᠢᠵᠢᠷᠠᠯ ᠤᠨ ᠬᠦᠴᠦᠨ ᠪᠠ ᠳᠠᠯᠲᠠ ᠴᠢᠳᠠᠪᠤᠷᠢ ᠶᠢ ᠬᠦᠢᠴᠡᠳ ᠭᠠᠷᠭᠠᠨ᠎ᠠ᠃ |
| ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠦᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ |
| ᠃ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠢᠶᠠᠷ ᠤᠷᠤᠨ ᠢᠶᠠᠨ ᠬᠦᠭᠵᠢᠭᠦᠯᠬᠦ ᠪᠠᠶᠢᠯᠲᠤᠬᠤ ᠪᠤᠳᠤᠯᠭ᠎ᠠ ᠶᠢ ᠶᠡᠬᠡᠪᠡᠷ |
| ᠬᠡᠷᠭᠵᠢᠭᠦᠯᠵᠤ᠂ ᠰᠢᠨ᠎ᠡ ᠶᠢ ᠡᠭᠦᠳᠬᠦ ᠪᠠᠷ ᠬᠦᠳᠡᠯᠭᠡᠬᠦᠷ ᠪᠤᠯᠭᠠᠭᠰᠠᠨ ᠬᠦᠭᠵᠢᠯᠲᠡ ᠶᠢᠨ ᠡᠨᠡᠬᠦ ᠵᠠᠩᠬᠢᠯᠠᠭ᠎ᠠ ᠶᠢ |
| ᠠᠳᠬᠤᠵᠤ᠂ ᠰᠢᠨ᠎ᠡ ᠮᠠᠶ᠋ᠢᠭ ᠤᠨ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ᠂ ᠲᠤᠨᠤᠭ ᠲᠦᠭᠦᠬᠡᠷᠦᠮᠵᠢ |
| ᠦᠢᠯᠡᠳᠭᠦ᠂ ᠰᠢᠨ᠎ᠡ ᠡᠨᠧᠷᠬᠢ ᠰᠢᠨ᠎ᠡ ᠮᠠᠲ᠋ᠧᠷᠢᠶᠠᠯ ᠵᠡᠷᠭᠡ ᠭᠤᠤᠯᠳᠠᠯᠭ᠎ᠠ ᠲᠠᠢ ᠠᠵᠤ ᠦᠢᠯᠡᠰ ᠤᠨ ᠬᠦᠷᠢᠶᠡᠨ ᠤ |
| ᠵᠠᠩᠬᠢᠯᠠᠭ᠎ᠠ ᠶᠢᠨ ᠨᠡᠶᠢᠲᠡᠯᠢᠭ ᠴᠢᠨᠠᠷ ᠪᠦᠬᠦᠢ ᠮᠡᠷᠭᠡᠵᠢᠯ ᠤᠨ ᠪᠤᠭᠤᠮᠲᠠ ᠰᠢᠪᠲᠤᠯᠬᠤ ᠶᠢ ᠴᠢᠩᠭᠠᠳᠬᠠᠨ᠂ ᠨᠡᠩ ᠤᠯᠠᠨ |
| ᠬᠦᠷᠢᠶᠡᠨ ᠳᠤ ᠤᠨᠤᠯ ᠬᠢᠭᠡᠳ ᠮᠡᠷᠭᠡᠵᠢᠯ ᠤᠨ ᠰᠢᠪᠲᠤᠯᠤᠯᠲᠠ ᠶᠢ ᠴᠢᠷᠮᠠᠶᠢᠨ ᠪᠡᠶᠡᠯᠡᠭᠦᠯᠦᠨ᠎ᠡ᠃ ᠮᠡᠷᠭᠡᠵᠢᠯ ᠤᠨ |
| ᠰᠢᠨ᠎ᠡ ᠶᠢ ᠡᠭᠦᠳᠬᠦ ᠳᠠᠬᠢ ᠠᠵᠤ ᠠᠬᠤᠶᠢᠯᠠᠯ ᠤᠨ ᠭᠤᠤᠯ ᠴᠤᠭᠴᠠ ᠪᠤᠯᠬᠤ ᠪᠠᠶᠢᠷᠢ ᠰᠠᠭᠤᠷᠢ ᠶᠢ ᠲᠠᠰᠤᠷᠠᠯᠲᠠ ᠦᠭᠡᠢ |
| ᠴᠢᠩᠭᠠᠷᠠᠭᠤᠯᠵᠤ᠂ ᠠᠵᠤ ᠠᠬᠤᠶᠢᠯᠠᠯ ᠢᠶᠠᠷ ᠭᠤᠤᠯ ᠴᠤᠭᠴᠠ ᠪᠤᠯᠭᠠᠭᠰᠠᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ |
| ᠪᠤᠯᠭᠠᠭᠰᠠᠨ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠨᠢᠭᠲᠠ ᠤᠶᠠᠯᠳᠤᠭᠤᠯᠤᠭᠰᠠᠨ ᠮᠡᠷᠭᠡᠵᠢᠯ ᠤᠨ |
| ᠰᠢᠨ᠎ᠡ ᠶᠢ ᠡᠭᠦᠳᠬᠦ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ |
| ᠪᠠᠶᠢᠭᠤᠯᠤᠯ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠵᠤ᠂ ᠮᠡᠷᠭᠡᠵᠢᠯ ᠤᠨ ᠰᠢᠨ᠎ᠡ ᠶᠢ ᠡᠭᠦᠳᠬᠦ ᠵᠠᠬ᠎ᠠ ᠳᠡᠯᠭᠡᠬᠦᠷ ᠤᠨ |
| ᠤᠳᠤᠷᠢᠳᠤᠮᠵᠢ ᠶᠢᠨ ᠲᠤᠭᠲᠠᠴᠠ ᠶᠢ ᠪᠦᠷᠢᠨᠰᠢᠭᠦᠯᠦᠨ᠂ ᠠᠵᠤ ᠠᠬᠤᠶᠢᠯᠠᠯ ᠢᠶᠠᠷ ᠭᠤᠤᠯ ᠴᠤᠭᠴᠠ ᠪᠤᠯᠭᠠᠭᠰᠠᠨ᠂ |
| ᠨᠡᠶᠢᠭᠡᠮ ᠤᠨ ᠬᠦᠴᠦᠨ ᠦᠷᠭᠡᠨ ᠢᠶᠠᠷ ᠤᠷᠤᠯᠴᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠤᠯᠠᠨ ᠡᠰᠢᠵᠢᠭᠰᠡᠨ |
| ᠤᠷᠤᠭᠤᠯᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ︽ᠴᠢᠳᠠᠪᠤᠷᠢᠲᠠᠨ ᠢᠶᠠᠷ ᠤᠷᠤᠨ ᠢᠶᠠᠨ ᠬᠦᠴᠦᠷᠬᠡᠭᠵᠢᠭᠦᠯᠬᠦ︾ |
| ᠢᠨᠵᠧᠨᠧᠷᠢᠩ ᠢ ᠬᠦᠨᠵᠡᠭᠡᠢ ᠬᠡᠷᠡᠭᠵᠢᠭᠦᠯᠵᠤ᠂ ᠴᠢᠳᠠᠪᠤᠷᠢᠲᠠᠨ ᠬᠦᠮᠦᠵᠢᠭᠦᠯᠬᠦ ᠪᠠ ᠤᠷᠤᠭᠤᠯᠵᠤ ᠢᠷᠡᠬᠦ ᠪᠠᠶᠢᠭᠤᠯᠤᠯ |
| ᠲᠤᠭᠲᠠᠴᠠ ᠶᠢᠨ ᠦᠭᠡᠷᠡᠴᠢᠯᠡᠯᠲᠡ ᠶᠢ ᠲᠦᠷᠭᠡᠳᠬᠡᠨ᠂ ᠮᠡᠳᠡᠯᠭᠡ ᠶᠢᠨ ᠦᠷ᠎ᠡ ᠪᠦᠲᠦᠭᠡᠯ ᠤᠨ ᠦᠮᠴᠢᠯᠡᠬᠦ ᠡᠷᠭᠡ ᠶᠢ |
| ᠬᠠᠮᠠᠭᠠᠯᠠᠬᠤ ᠪᠠ ᠬᠡᠷᠡᠭᠯᠡᠬᠦ ᠪᠠᠷ ᠭᠤᠤᠯ ᠪᠤᠯᠭᠠᠭᠰᠠᠨ ᠰᠢᠨ᠎ᠡ ᠶᠢ ᠡᠬᠦᠳᠬᠦ ᠶᠢ ᠤᠷᠠᠮᠰᠢᠭᠤᠯᠬᠤ ᠲᠦᠷᠦ ᠶᠢᠨ |
| ᠪᠤᠳᠤᠯᠭ᠎ᠠ ᠶᠢ ᠲᠤᠭᠲᠠᠭᠠᠨ ᠬᠡᠷᠡᠭᠵᠢᠭᠦᠯᠵᠤ᠂ ᠰᠢᠨ᠎ᠡ ᠶᠢ ᠡᠭᠦᠳᠬᠦ ᠡᠯ᠎ᠡ ᠲᠦᠷᠦᠯ ᠤᠨ ᠴᠢᠬᠤᠯᠠ ᠬᠦᠴᠦᠨ ᠵᠦᠢᠯ |
| ᠪᠤᠯᠤᠨ ᠴᠢᠳᠠᠪᠤᠷᠢᠲᠠᠨ ᠤ ᠠᠮᠢᠵᠢᠷᠠᠯ ᠤᠨ ᠬᠦᠴᠦᠨ ᠦᠷᠢᠰᠦᠯᠳᠤᠨ ᠪᠠᠳᠠᠷᠠᠭᠰᠠᠨ ᠠᠮᠢᠳᠤ ᠴᠤᠪᠤᠭᠤᠯᠢᠭ ᠪᠠᠶᠢᠳᠠᠯ ᠢ |
| | ︵ᠭᠤᠷᠪᠠ︶ ᠲᠠᠷᠢᠶᠡᠯᠠᠩ ᠮᠠᠯ ᠠᠵᠤ ᠠᠬᠤᠢ ᠲᠠᠷᠢᠶᠠᠯᠠᠬᠤ ᠮᠡᠯᠵᠢᠬᠤ ᠤᠷᠤᠨ ᠲᠠᠷᠢᠶᠠᠴᠢᠨ ᠮᠠᠯᠴᠢᠳ ᠤᠨ |
| ᠠᠵᠢᠯ ᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ |
| | ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠲᠦᠷᠭᠡᠳᠬᠡᠨ ᠬᠦᠭᠵᠢᠭᠦᠯᠦᠨ᠎ᠡ᠃ ᠠᠮᠦ ᠪᠤᠳᠠᠭᠠᠨ ᠤ |
| ᠦᠢᠯᠡᠳᠪᠦᠷᠢᠯᠡᠯ ᠢ ᠦᠴᠦᠭᠡᠨ ᠴᠤ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠲᠠᠷᠢᠮᠠᠯ ᠤᠨ ᠶᠡᠷᠤᠩᠬᠡᠢ ᠲᠠᠷᠢᠬᠤ |
| ᠲᠠᠯᠠᠪᠠᠢ ᠪᠠ ᠠᠮᠤ ᠪᠤᠳᠠᠭᠠᠨ ᠤ ᠲᠠᠷᠢᠮᠠᠯ ᠤᠨ ᠲᠠᠷᠢᠬᠤ ᠲᠠᠯᠠᠪᠠᠢ ᠶᠢ ᠲᠤᠰ ᠲᠤᠰ 1 ᠳ᠋ᠦᠡᠭᠰᠢᠭᠤᠷ ᠮᠤ᠋ ᠪᠠ 8000 |
| ᠲᠦᠮᠡᠨ ᠮᠤ᠋ ᠠᠴᠠ ᠳᠡᠭᠡᠭᠰᠢ ᠳᠤ ᠲᠤᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠲᠠᠷᠢᠶᠠᠯᠠᠩ ᠮᠠᠯ ᠠᠵᠤ |
| ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠳᠡᠯᠭᠡᠷᠡᠭᠦᠯᠬᠦ ᠡᠷᠴᠢᠮ ᠢ ᠨᠡᠮᠡᠭᠳᠡᠭᠦᠯᠦᠨ᠂ ᠲᠡᠷᠢᠶᠠᠯᠠᠩ ᠮᠠᠯ ᠠᠵᠤ |
| ᠠᠬᠤᠢ ᠶᠢᠨ ᠮᠠᠰᠢᠨᠴᠢᠯᠠᠬᠤ ᠬᠢᠷᠢ ᠬᠡᠮᠵᠢᠶ᠎ᠡ ᠶᠢ ᠳᠡᠬᠡᠭᠰᠢᠯᠡᠬᠦᠯᠵᠤ᠂ ᠡᠷᠳᠡᠨᠢ ᠰᠢᠰᠢ᠂ ᠪᠤᠭᠤᠳᠠᠢ᠂ ᠲᠦᠮᠦᠰᠤ᠂ |
| ᠴᠠᠷᠭᠠᠰᠤ ᠵᠡᠷᠭᠡ ᠶᠢᠨ ᠰᠠᠶᠢᠨ ᠦᠷ᠎ᠡ ᠪᠤᠶᠢᠵᠢᠭᠤᠯᠬᠤ᠂ ᠡᠭᠦᠯᠳᠡᠷ ᠪᠤᠶᠢᠵᠢᠭᠤᠯᠬᠤ ᠰᠠᠭᠤᠷᠢᠨ ᠭᠠᠵᠠᠷ ᠪᠠ ᠡᠮᠦᠨ᠎ᠡ |
| ᠬᠡᠰᠡᠭ ᠲᠤ ᠦᠷᠡᠵᠢᠭᠦᠯᠵᠤ ᠡᠭᠦᠯᠳᠡᠷ ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ |
| ᠠᠬᠢᠭᠤᠯᠤᠨ᠂ ᠵᠠᠭᠤᠨ ᠳ᠋ᠦᠡᠭᠰᠢᠭᠤᠷ ᠵᠢᠩ ᠠᠮᠦ ᠪᠤᠳᠠᠭᠠᠨ ᠤ ᠬᠤᠷᠢᠶᠠᠯᠲᠠ ᠨᠡᠮᠡᠭᠳᠡᠭᠦᠯᠬᠦ ᠢᠨᠵᠧᠨᠧᠷᠢᠩ᠂ ︽ |
| ᠳᠦᠷᠪᠡᠨ ᠤᠷᠤᠨ ᠤ ᠮᠢᠩᠭᠠᠨ ᠲᠦᠮᠡᠨ ᠮᠤ᠋︾ ᠶᠢᠨ ᠦᠨᠳᠦᠷ ᠦᠷ᠎ᠡ ᠪᠦᠲᠦᠮᠵᠢᠲᠠᠢ ᠤᠰᠤ ᠠᠷᠪᠢᠯᠠᠵᠤ ᠤᠰᠤᠯᠠᠬᠤ |
| ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠤ᠂ ᠤᠰᠤ ᠠᠷᠪᠢᠯᠠᠵᠤ ᠤᠰᠤᠯᠠᠬᠤ ᠲᠠᠯᠠᠪᠠᠢ ᠶᠢ 450 ᠲᠦᠮᠡᠨ |
| ᠮᠤ᠋ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠪᠠ |
| ᠪᠠᠶᠢᠭᠠᠯᠢ ᠶᠢᠨ ᠭᠠᠮᠰᠢᠭ ᠢ ᠡᠰᠡᠷᠭᠦᠴᠡᠬᠦ ᠴᠢᠳᠠᠪᠤᠷᠢ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠲᠠᠷᠢᠮᠠᠯ ᠤᠨ |
| ᠪᠦᠲᠦᠴᠡ ᠪᠠ ᠡᠭᠦᠯᠳᠡᠷ ᠤᠨ ᠪᠦᠲᠦᠴᠡ ᠶᠢ ᠰᠢᠯᠢᠳᠡᠭᠵᠢᠭᠦᠯᠵᠤ᠂ ᠦᠨᠳᠦᠷ ᠤᠨᠠᠯᠲᠠ ᠲᠠᠢ ᠴᠢᠨᠠᠷ ᠰᠠᠶᠢᠨᠲᠠᠢ |
| ᠦᠨᠳᠦᠷ ᠦᠷ᠎ᠡ ᠠᠰᠢᠭ ᠲᠠᠢ ᠠᠶᠤᠯ ᠦᠭᠡᠢ ᠲᠠᠷᠢᠮᠠᠯ ᠤᠨ ᠠᠵᠤ ᠦᠢᠯᠡᠰ ᠤᠨ ᠬᠦᠭᠵᠢᠯᠲᠠ ᠶᠢ ᠠᠬᠢᠭᠤᠯᠤᠨ᠎ᠠ᠃ |
| ᠰᠢᠨ᠎ᠡ ᠨᠢᠭᠡᠨ ᠡᠬᠡᠯᠵᠢ ᠶᠢᠨ ︽ᠬᠤᠯᠢᠰᠢᠨ ᠢᠳᠡᠭᠡᠨ︾ ᠤ ᠢᠨᠵᠧᠨᠧᠷᠢᠩ ᠤᠨ ᠪᠠᠶᠢᠭᠤᠯᠤᠯᠲᠠ ᠶᠢ ᠰᠠᠶᠢᠲᠤᠷ |
| ᠠᠳᠬᠤᠵᠤ᠂ ᠪᠡᠯᠡᠳᠬᠡᠮᠵᠢᠲᠤ ᠢᠳᠡᠰᠢᠨ ᠨᠤᠭᠤᠭ᠎ᠠ ᠶᠢᠨ ᠲᠠᠯᠠᠪᠠᠢ ᠶᠢ 20 ᠲᠦᠮᠡᠨ ᠮᠤ᠋ ᠰᠢᠨ᠎ᠡ ᠪᠠᠷ ᠨᠡᠮᠡᠭᠳᠡᠭᠦᠯᠦᠨ᠎ᠡ |
| ᠃ ︽ᠠᠮᠤ ᠪᠤᠳᠠᠭᠠᠨ ᠤ ᠠᠮᠤᠷ ᠲᠦᠪᠰᠢᠨ ᠤ ᠢᠨᠵᠧᠨᠧᠷᠢᠩ︾ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ |
| ᠬᠦᠮᠦᠷᠬᠡᠯᠡᠨ ᠬᠠᠳᠠᠭᠠᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠠᠮᠤ ᠪᠤᠳᠠᠭ᠎ᠠ ᠶᠢ |
| ᠤᠷᠤᠭᠰᠢᠲᠠᠢ ᠬᠤᠳᠠᠯᠲᠤᠨ ᠠᠪᠬᠤ ᠶᠢ ᠪᠠᠲᠤᠯᠠᠨ᠎ᠠ᠃ ᠮᠠᠯ ᠠᠵᠤ ᠠᠬᠤᠢ ᠶᠢᠨ ᠬᠦᠭᠵᠢᠯᠲᠡ ᠶᠢᠨ ᠠᠷᠭ᠎ᠠ ᠮᠠᠶ᠋ᠢᠭ ᠢ |
| ᠲᠦᠷᠭᠡᠳᠬᠡᠨ ᠬᠤᠪᠢᠷᠠᠭᠤᠯᠵᠤ᠂ ᠰᠦ ᠰᠠᠭᠠᠯᠢ ᠶᠢᠨ ᠦᠢᠯᠡᠰ᠂ ᠢᠳᠡᠰᠢᠨ ᠦᠬᠡᠷ᠂ ᠢᠳᠡᠰᠢᠨ ᠬᠤᠨᠢᠨ ᠤ ᠠᠵᠤ |
| ᠦᠢᠯᠡᠰ ᠢᠶᠠᠷ ᠭᠤᠤᠯᠳᠠᠯᠭ᠎ᠠ ᠪᠤᠯᠭᠠᠭᠰᠠᠨ ᠠᠮᠢ ᠠᠬᠤᠢ ᠶᠢᠨ ᠮᠠᠯ ᠠᠵᠤ ᠠᠬᠤᠢ ᠶᠢ ᠶᠡᠬᠡᠪᠡᠷ ᠬᠦᠭᠵᠢᠭᠦᠯᠵᠤ᠂ ︽ |
| ᠬᠤᠤᠰ ᠵᠠᠭᠤ ᠮᠢᠩᠭ᠎ᠠ ᠲᠦᠮᠡ ᠶᠢᠨ ᠦᠨᠳᠦᠷ ᠬᠤᠷᠢᠶᠠᠯᠲᠠ ᠭᠠᠷᠤᠯᠲᠠ ᠶᠢ ᠡᠭᠦᠳᠤᠨ ᠪᠠᠶᠢᠭᠤᠯᠬᠤ ᠶᠠᠰᠤ ᠴᠢᠨᠠᠷ ᠢ |
| ᠳᠡᠭᠡᠭᠰᠢᠯᠡᠭᠦᠯᠤᠨ ᠦᠷ᠎ᠡ ᠠᠰᠢᠭ ᠢ ᠨᠡᠮᠡᠭᠳᠡᠭᠦᠯᠬᠦ︾ ᠢᠨᠵᠧᠨᠧᠷᠢᠩ ᠢ ᠬᠦᠨᠵᠡᠭᠡᠢ ᠬᠡᠷᠡᠭᠵᠢᠭᠦᠯᠵᠤ᠂ ᠮᠠᠯ ᠤᠨ ᠡᠭᠦᠯᠳᠡᠷ |
| ᠰᠠᠶᠢᠵᠢᠷᠠᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠮᠠᠯᠵᠢᠬᠤ ᠤᠷᠤᠨ ᠤ ᠠᠮᠢ ᠠᠬᠤᠢ ᠶᠢᠨ ᠬᠡᠷ ᠪᠦᠯᠢ ᠶᠢᠨ |
| ᠮᠠᠯᠵᠢᠯ ᠤᠨ ᠲᠠᠯᠠᠪᠠᠢ ᠪᠠ ᠲᠠᠷᠢᠶᠠᠯᠠᠬᠤ ᠤᠷᠤᠨ ᠤ ᠪᠠᠷᠢᠮᠵᠢᠶᠠᠵᠢᠭᠤᠯᠤᠭᠰᠠᠨ ᠬᠡᠪᠴᠢᠶᠡᠲᠤ ᠲᠡᠵᠢᠭᠡᠨ ᠦᠷᠡᠵᠢᠭᠦᠯᠬᠦ |
| ᠲᠠᠯᠠᠪᠠᠢ ᠶᠢ ᠲᠦᠷᠭᠡᠳᠬᠡᠨ ᠬᠦᠭᠵᠢᠬᠦᠯᠵᠤ᠂ ᠤᠳᠤ ᠦᠶ᠎ᠡ ᠶᠢᠨ ᠮᠠᠯ ᠠᠵᠤ ᠠᠬᠤᠢ ᠶᠢᠨ ᠬᠦᠭᠵᠢᠯᠲᠠ ᠶᠢᠨ ᠬᠢᠷᠢ |
| ᠬᠡᠮᠵᠢᠶ᠎ᠡ ᠶᠢ ᠳᠡᠭᠡᠭᠰᠢᠯᠡᠭᠦᠯᠦᠨ᠎ᠡ᠃ |
| ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠴᠢᠯᠡᠭᠰᠡᠨ ᠡᠵᠡᠩᠨᠡᠯᠲᠡ ᠶᠢ ᠢᠳᠡᠪᠬᠢᠲᠠᠢ ᠪᠠᠷ ᠲᠦᠯᠬᠢᠨ |
| ᠠᠬᠢᠭᠤᠯᠤᠨ᠎ᠠ᠃ ᠲᠤᠰᠬᠠᠢ ᠲᠤᠮᠦ ᠡᠷᠤᠬᠡ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ ᠲᠠᠷᠢᠶᠠᠴᠢᠨ |
| ᠮᠠᠯᠴᠢᠳ ᠤᠨ ᠬᠤᠷᠰᠢᠶ᠎ᠠ᠂ ᠠᠵᠤ ᠦᠢᠯᠡᠰᠴᠢᠯᠡᠭᠰᠡᠨ ᠲᠠᠭᠠᠭᠤᠯᠤᠭᠴᠢ ᠠᠵᠤ ᠠᠬᠤᠶᠢᠯᠠᠯ ᠵᠡᠷᠭᠡ ᠤᠯᠠᠨ ᠲᠦᠷᠦᠯ ᠤᠨ |
| ᠡᠵᠡᠩᠨᠡᠯᠲᠡ ᠶᠢᠨ ᠭᠤᠤᠯ ᠴᠤᠭᠴᠠ ᠶᠢ ᠲᠡᠳᠬᠦᠨ ᠬᠦᠭᠵᠢᠭᠦᠯᠵᠤ᠂ ᠰᠦ᠂ ᠮᠢᠬ᠎ᠠ᠂ ᠨᠤᠯᠤᠤᠷ᠂ ᠠᠮᠤ ᠪᠤᠳᠠᠭ᠎ᠠ |
| ᠪᠤᠷᠴᠠᠭ᠂ ᠲᠦᠮᠦᠰᠦ ᠵᠡᠷᠭᠡ ᠳᠠᠪᠠᠭᠤᠯᠢᠭ ᠤᠨᠴᠠᠯᠢᠭ ᠪᠦᠬᠦᠢ ᠠᠵᠤ ᠦᠢᠯᠡᠰ ᠢᠶᠠᠷ ᠭᠤᠤᠯᠳᠠᠯᠭ᠎ᠠ ᠲᠠᠢ |
| ᠭᠤᠤᠯᠯᠠᠭᠤᠯᠤᠨ᠂ ᠬᠤᠯᠪᠤᠭᠠᠯᠠᠭᠤᠯᠤᠨ ᠳᠠᠬᠢᠨ ᠵᠤᠬᠢᠶᠠᠨ ᠪᠠᠶᠢᠭᠤᠯᠬᠤ ᠪᠠᠷ ᠳᠠᠮᠵᠢᠭᠤᠯᠤᠨ ᠦᠢᠯᠡᠳᠪᠦᠷᠢᠯᠡᠵᠤ |
| ᠡᠳ᠋ᠰᠢᠭᠦᠯᠬᠦ ᠬᠡᠯᠪᠡᠷᠢ ᠶᠢᠨ᠂ ᠬᠦᠢᠯᠭᠡᠭᠡᠨ ᠠᠷᠠᠯᠵᠢᠶᠠᠯᠠᠬᠤ ᠬᠡᠯᠪᠡᠷᠢ ᠶᠢᠨ᠂ ᠲᠦᠭᠦᠷ ᠦᠢᠯᠡᠴᠢᠯᠡᠭᠡᠨ ᠤ ᠬᠡᠯᠪᠡᠷᠢ ᠶᠢᠨ |
| ᠨᠢᠭᠡ ᠪᠦᠯᠦᠭ ᠳᠠᠭᠠᠭᠤᠯᠤᠭᠴᠢ ᠠᠵᠤ ᠠᠬᠤᠶᠢᠯᠠᠯ ᠢ ᠲᠦᠷᠭᠡᠳᠬᠡᠨ ᠪᠤᠶᠢᠵᠢᠭᠤᠯᠵᠤ᠂ ᠬᠡᠪᠴᠢᠶᠡᠵᠢᠭᠦᠯᠦᠭᠰᠡᠨ᠂ |
| ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢᠶᠠᠷ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠴᠢᠯᠡᠯᠲᠡ ᠶᠢᠨ |
| ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ |
| ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠡᠵᠡᠩᠨᠠᠨ ᠪᠤᠷᠤᠯᠠᠭᠤᠯᠬᠤ ᠠᠷᠭ᠎ᠠ ᠵᠠᠮ ᠤᠨ |
| ᠪᠠᠶᠢᠭᠤᠯᠤᠯᠲᠠ ᠶᠢ ᠴᠢᠩᠭᠠᠳᠬᠠᠨ᠂ ᠠᠰᠢᠭ ᠲᠤᠰᠠ ᠪᠠᠷ ᠢᠶᠠᠨ ᠬᠤᠯᠪᠤᠯᠳᠤᠬᠤ ᠲᠤᠭᠲᠠᠴᠠ ᠶᠢ ᠲᠡᠬᠦᠯᠳᠡᠷᠵᠢᠭᠦᠯᠦᠨ᠂ |
| ᠲᠠᠷᠢᠶᠠᠴᠢᠨ ᠮᠠᠯᠴᠢᠳ ᠤᠨ ᠤᠷᠤᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠬᠡᠲᠤᠨ ᠵᠢᠯ ᠤᠨ ᠴᠢᠷᠮᠠᠶᠢᠯᠭ᠎ᠠ ᠪᠠᠷ |
| ᠳᠠᠮᠵᠢᠨ᠂ ᠪᠦᠬᠦ ᠤᠯᠤᠰ ᠲᠤ ᠨᠡᠷᠡᠲᠠᠢ ᠢᠳᠡᠰᠢᠨ ᠬᠤᠨᠢ ᠶᠢᠨ 5 ᠲᠦᠷᠦᠯ ᠲᠡᠮᠳᠡᠭ ᠢ ᠪᠤᠢ ᠪᠤᠯᠭᠠᠵᠤ᠂ 100 |
| ᠲᠦᠮᠡᠨ ᠲᠤᠯᠤᠭᠠᠢ ᠠᠴᠠ ᠳᠡᠭᠡᠭᠰᠢ ᠢᠳᠡᠰᠢᠨ ᠬᠤᠨᠢ ᠮᠠᠯᠯᠠᠬᠤ 5 ᠲᠤᠮᠤ ᠬᠡᠯᠪᠡᠷᠢ ᠶᠢᠨ ᠦᠢᠯᠡᠳᠪᠦᠷᠢᠯᠡᠯ ᠤᠨ |
| ᠬᠤᠯᠪᠤᠭᠠᠲᠤ ᠴᠤᠭᠴᠠ ᠶᠢ ᠪᠠᠶᠢᠭᠤᠯᠤᠨ᠂ ᠪᠤᠷᠤᠯᠠᠭᠤᠯᠤᠨ ᠬᠤᠳᠠᠯᠳᠤᠭᠰᠠᠨ ᠤᠷᠤᠯᠭ᠎ᠠ ᠨᠢ 10 ᠳ᠋ᠦᠩᠰᠢᠭᠤᠷ |
| ᠲᠦᠭᠦᠷᠢᠭ ᠠᠴᠠ ᠳᠡᠭᠡᠭᠰᠢᠬᠢ 5 ᠳᠠᠭᠠᠭᠤᠯᠬᠤ ᠠᠵᠤ ᠠᠬᠤᠶᠢᠯᠠᠯ ᠢ ᠪᠤᠶᠢᠵᠢᠭᠤᠯᠤᠨ᠎ᠠ᠃ |
| ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠰᠢᠰᠲ᠋ᠧᠮᠵᠢ ᠶᠢ ᠲᠦᠷᠭᠡᠳᠬᠡᠨ |
| ᠪᠠᠶᠢᠭᠤᠯᠤᠨ᠎ᠠ ᠃ ᠦᠮᠴᠢᠯᠡᠬᠦ ᠡᠷᠬᠡ ᠶᠢ ᠲᠤᠲᠤᠷᠬᠠᠶᠢᠯᠠᠬᠤ᠂ ᠳᠠᠭᠠᠭᠠᠴᠢᠯᠠᠯᠲᠠ ᠶᠢᠨ ᠡᠷᠬᠡ ᠶᠢ ᠲᠤᠭᠲᠠᠭᠤᠨ |
| ᠪᠠᠶᠢᠯᠭᠠᠬᠤ᠂ ᠡᠵᠡᠩᠨᠡᠯᠲᠠ ᠶᠢᠨ ᠡᠷᠬᠡ ᠶᠢ ᠠᠮᠢᠳᠤᠯᠢᠭ ᠪᠤᠯᠭᠠᠬᠤ ᠱᠠᠭᠠᠷᠳᠠᠯᠭ᠎ᠠ ᠶᠤᠰᠤᠭᠠᠷ᠂ ᠲᠠᠷᠢᠶᠠᠯᠠᠬᠤ ᠮᠠᠯᠵᠢᠬᠤ |
| ᠤᠷᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠦᠨ᠎ᠡ᠃ ᠲᠡᠷᠢᠶᠠᠯᠠᠬᠤ ᠮᠠᠯᠵᠢᠬᠤ |
| ᠤᠷᠤᠨ ᠤ ᠭᠠᠵᠠᠷ ᠰᠢᠷᠤᠢ᠂ ᠬᠠᠳᠤᠯᠠᠩ ᠪᠡᠯᠴᠢᠭᠡᠷ ᠤᠨ ᠬᠠᠮᠲᠤ ᠶᠢᠨ ᠦᠮᠴᠢᠯᠡᠯ ᠢ ᠪᠠᠷᠢᠮᠲᠠᠯᠠᠨ᠂ ᠲᠠᠷᠢᠶᠠᠴᠢᠨ |
| ᠮᠠᠯᠴᠢᠳ ᠤᠨ ᠳᠠᠭᠠᠭᠠᠴᠢᠯᠠᠵᠤ ᠪᠦᠬᠦᠢ ᠭᠠᠵᠠᠷ ᠰᠢᠷᠤᠢ ᠪᠠᠨ ᠡᠵᠡᠮᠰᠢᠬᠦ᠂ ᠬᠡᠷᠡᠭᠯᠡᠬᠦ᠂ ᠠᠰᠢᠭ ᠬᠦᠷᠲᠡᠬᠦ᠂ |
| ᠡᠷᠬᠢᠯᠳᠦᠬᠦᠯᠬᠦ ᠪᠠ ᠳᠠᠭᠠᠭᠠᠴᠢᠯᠠᠨ ᠡᠵᠡᠩᠨᠠᠵᠤ ᠪᠠᠶᠢᠭ᠎ᠠ ᠡᠷᠬᠡ ᠪᠠᠨ ᠪᠠᠷᠢᠴᠠᠭᠠᠯᠠᠬᠤ᠂ ᠳᠠᠭᠠᠭᠠᠯᠲᠠ ᠬᠢᠬᠦ ᠡᠷᠬᠡ ᠶᠢ |
| ᠬᠠᠤᠯᠢ ᠶᠤᠰᠤᠭᠠᠷ ᠬᠠᠮᠠᠭᠠᠯᠠᠵᠤ᠂ ᠬᠠᠮᠲᠤ ᠶᠢᠨ ᠤᠢ ᠮᠤᠳᠤᠨ ᠤ ᠭᠠᠵᠠᠷ ᠢ ᠬᠡᠷ ᠪᠦᠯᠢ ᠳᠤ ᠳᠠᠭᠠᠭᠠᠴᠢᠯᠠᠭᠤᠯᠤᠨ |
| ᠡᠵᠡᠩᠨᠡᠬᠦᠯᠬᠦ ᠳᠦᠷᠢᠮ ᠢ ᠲᠡᠭᠦᠯᠳᠡᠷᠵᠢᠭᠦᠯᠵᠤ᠂ ᠭᠠᠵᠠᠷ ᠰᠢᠷᠤᠢ ᠶᠢᠨ ᠡᠷᠬᠡ ᠶᠢ ᠨᠤᠲᠠᠯᠠᠨ ᠳᠠᠩᠰᠠᠯᠠᠵᠤ ᠦᠨᠡᠮᠯᠡᠯ |
| ᠤᠯᠭᠤᠬᠤ ᠲᠤᠷᠰᠢᠯᠲᠠ ᠶᠢᠨ ᠴᠢᠭ᠋ ᠤᠨ ᠠᠵᠢᠯ ᠢ ᠦᠷᠨᠢᠭᠦᠯᠦᠨ᠂ ᠲᠠᠷᠢᠶᠠᠯᠠᠬᠤ ᠮᠠᠯᠵᠢᠬᠤ ᠤᠷᠤᠨ ᠤ ᠬᠠᠮᠲᠤ ᠶᠢᠨ |
| ᠭᠠᠵᠠᠷ ᠰᠢᠷᠤᠢ ᠶᠢᠨ ᠦᠮᠴᠢᠯᠡᠬᠦ ᠡᠷᠬᠡ ᠶᠢ ᠨᠤᠲᠠᠯᠠᠨ ᠲᠠᠩᠰᠠᠯᠠᠵᠤ ᠦᠨᠡᠮᠯᠠᠯ ᠤᠯᠭᠤᠬᠤ ᠠᠵᠢᠯ ᠢ ᠦᠨᠳᠦᠰᠦᠨ ᠳᠤᠨᠢ |
| ᠪᠡᠶᠡᠯᠡᠭᠦᠯᠵᠤ᠂ ᠤᠷᠤᠨ ᠰᠠᠭᠤᠴᠠ ᠶᠢᠨ ᠰᠠᠭᠤᠷᠢ ᠭᠠᠵᠠᠷ ᠬᠢᠭᠡᠳ ᠬᠠᠮᠲᠤ ᠶᠢᠨ ᠪᠦᠲᠦᠬᠡᠨ ᠪᠠᠶᠢᠭᠤᠯᠤᠯᠲᠠ ᠳᠤ |
| ᠬᠡᠷᠡᠭᠯᠡᠬᠦ ᠭᠠᠵᠠᠷ ᠰᠢᠷᠤᠢ ᠶᠢᠨ ᠬᠡᠷᠡᠭᠯᠡᠬᠦ ᠡᠷᠬᠡ ᠶᠢ ᠳᠠᠩᠰᠠᠯᠠᠵᠤ ᠦᠨᠡᠮᠯᠠᠯ ᠤᠯᠭᠤᠬᠤ ᠠᠵᠢᠯ ᠢ ᠲᠦᠯᠬᠢᠨ |
| ᠠᠬᠢᠭᠤᠯᠤᠨ᠎ᠠ᠃ ᠬᠡᠷ ᠪᠦᠯᠢ ᠶᠢᠨ ᠡᠵᠡᠩᠨᠡᠯᠲᠡ ᠶᠢᠨ ᠦᠨᠳᠦᠰᠦᠨ ᠪᠠᠶᠢᠷᠢ ᠰᠠᠭᠤᠷᠢ ᠶᠢ ᠪᠠᠷᠢᠮᠲᠠᠯᠠᠨ᠂ ᠬᠡᠷ ᠪᠦᠯᠢ |
| ᠡᠵᠡᠩᠨᠡᠬᠦ᠂ ᠬᠠᠮᠲᠤ ᠡᠵᠡᠩᠨᠡᠬᠦ᠂ ᠬᠤᠷᠰᠢᠵᠤ ᠡᠵᠡᠩᠨᠡᠬᠦ ᠪᠠ ᠠᠵᠤ ᠠᠬᠤᠶᠢᠯᠠᠯ ᠡᠵᠡᠩᠨᠡᠬᠦ ᠬᠠᠮᠲᠤᠪᠠᠷ ᠬᠦᠭᠵᠢᠭᠰᠡᠨ |
| ᠲᠠᠷᠢᠶᠠᠯᠠᠩ ᠮᠠᠯ ᠠᠵᠤ ᠠᠬᠤᠢ ᠶᠢᠨ ᠡᠵᠡᠩᠨᠠᠯᠲᠡ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ ᠲᠦᠯᠬᠢᠨ |
| ᠠᠬᠢᠭᠤᠯᠤᠨ᠎ᠠ᠃ ᠭᠠᠵᠠᠷ ᠰᠢᠷᠤᠢ ᠬᠠᠳᠤᠯᠠᠩ ᠪᠡᠯᠴᠢᠭᠡᠷ ᠢ ᠡᠷᠬᠢᠯᠳᠦᠭᠦᠯᠬᠦ ᠦᠢᠯᠡᠴᠢᠯᠡᠭᠡᠨ ᠤ ᠲᠤᠤᠷ ᠰᠦᠯᠵᠢᠶ᠎ᠡ ᠶᠢ |
| ᠪᠦᠷᠢᠨᠰᠢᠭᠦᠯᠦᠨ᠂ ᠭᠠᠵᠠᠷ ᠰᠢᠷᠤᠢ ᠬᠠᠳᠤᠯᠠᠩ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠰᠢᠨ᠎ᠡ ᠮᠠᠶ᠋ᠢᠭ ᠤᠨ |
| ᠡᠵᠡᠩᠨᠡᠯᠲᠡ ᠶᠢᠨ ᠭᠤᠤᠯ ᠴᠤᠭᠴᠠ ᠲᠠᠰᠢ ᠡᠷᠬᠢᠯᠳᠦᠬᠦᠯᠬᠦ ᠵᠤᠷᠢᠭᠵᠢᠭᠤᠯᠤᠨ᠂ ᠤᠯᠠᠨ ᠵᠦᠢᠯ ᠤᠨ ᠬᠡᠯᠪᠡᠷᠢ ᠪᠦᠬᠦᠢ |
| ᠬᠡᠪᠴᠢᠶᠡᠵᠢᠭᠰᠡᠨ᠂ ᠡᠷᠴᠢᠮᠵᠢᠭᠰᠡᠨ ᠡᠵᠡᠩᠨᠡᠯᠲᠡ ᠶᠢ ᠬᠦᠭᠵᠢᠭᠦᠯᠵᠤ᠂ ᠪᠦᠬᠦ ᠶᠠᠪᠤᠴᠠ ᠶᠢ ᠬᠠᠮᠤᠷᠤᠭᠰᠠᠨ᠂ |
| ᠶᠡᠷᠦᠩᠭᠡᠶᠢᠯᠡᠨ ᠢᠵᠢ ᠪᠦᠷᠢᠳᠤᠬᠦᠯᠦᠭᠰᠡᠨ᠂ ᠳᠦᠭᠦᠮ ᠲᠦᠳᠡ ᠦᠨᠳᠦᠷ ᠦᠷ᠎ᠡ ᠪᠦᠲᠦᠮᠵᠢᠲᠠᠢ ᠲᠠᠷᠢᠶᠠᠯᠠᠩ ᠮᠠᠯ |
| ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ |
| ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠢ ᠶᠢ ᠪᠦᠬᠦ |
| ᠬᠦᠴᠦ ᠪᠠᠷ ᠢᠶᠠᠨ ᠰᠠᠶᠢᠲᠤᠷ ᠠᠳᠬᠤᠨ᠎ᠠ᠃ ᠦᠢᠯᠡᠳᠪᠦᠷᠢᠯᠡᠯ ᠤᠨ ᠤᠷᠴᠢᠨ ᠲᠤᠭᠤᠷᠢᠨ ᠤ ᠠᠶᠤᠯ ᠦᠭᠡᠢ ᠶᠢᠨ |
| ᠪᠤᠭᠤᠮᠲᠠ ᠶᠢ ᠴᠢᠩᠭ᠎ᠠ ᠠᠳᠬᠤᠵᠤ᠂ ᠲᠤᠰᠬᠠᠶᠢᠴᠢᠯᠠᠭᠰᠠᠨ᠂ ᠪᠠᠷᠢᠮᠵᠢᠶᠠᠵᠢᠭᠤᠯᠤᠭᠰᠠᠨ᠂ ᠨᠡᠶᠢᠲᠡ ᠳᠤ |
| ᠬᠤᠤᠷᠳᠠᠭᠤᠯᠤᠯ ᠦᠭᠡᠢ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠪᠠ ᠪᠤᠬᠢᠷᠳᠤᠯ ᠦᠭᠡᠢ |
| ᠢᠳᠡᠭᠡᠨ ᠤ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ |
| ᠲᠦᠯᠬᠢᠨ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠭᠠᠷᠤᠯᠲᠠ ᠶᠢᠨ |
| ᠭᠠᠵᠠᠷ ᠤᠨ ᠤᠷᠴᠢᠨ ᠲᠤᠭᠤᠷᠢᠨ ᠤ ᠪᠤᠬᠢᠷᠳᠤᠯ ᠢ ᠴᠢᠩᠭ᠎ᠠ ᠬᠢᠵᠠᠭᠠᠷᠯᠠᠨ ᠡᠵᠡᠮᠳᠡᠵᠤ᠂ ᠲᠠᠷᠢᠶᠠᠯᠠᠩ ᠮᠠᠯ ᠠᠵᠤ |
| ᠠᠬᠤᠢ ᠶᠢᠨ ᠤᠷᠴᠢᠨ ᠲᠤᠭᠤᠷᠢᠨ᠂ ᠤᠷᠤᠭᠤᠯᠤᠯᠲᠠ ᠡᠳ᠋ ᠵᠡᠷᠭᠡ ᠶᠢᠨ ᠶᠠᠰᠤ ᠴᠢᠨᠠᠷ ᠤᠨ ᠠᠶᠤᠯ ᠦᠬᠡᠢ ᠶᠢᠨ |
| ᠪᠠᠶᠢᠴᠠᠭᠠᠯᠲᠠ ᠶᠢ ᠴᠢᠩᠭᠠᠳᠬᠠᠨ᠂ ᠬᠠᠤᠯᠢ ᠬᠡᠷᠡᠭᠵᠢᠭᠦᠯᠬᠦ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ |
| ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠢ ᠶᠢ ᠰᠢᠯᠭᠠᠨ |
| ᠪᠠᠶᠢᠴᠠᠭᠠᠬᠤ ᠪᠠᠶᠢᠴᠠᠭᠠᠨ ᠬᠡᠮᠵᠢᠬᠦ ᠪᠠ ᠮᠦᠷᠳᠡᠨ ᠨᠡᠬᠡᠮᠵᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠨ᠂ |
| ᠦᠢᠯᠡᠳᠪᠦᠷᠢᠯᠡᠬᠦ ᠡᠬᠢ ᠡᠬᠦᠰᠦᠯ ᠠᠴᠠ ᠨᠢ ᠵᠠᠰᠠᠬᠤ ᠪᠠ ᠦᠢᠯᠡᠳᠪᠦᠷᠢᠯᠡᠵᠤ ᠪᠤᠷᠤᠯᠠᠭᠤᠯᠬᠤ ᠪᠦᠬᠦ ᠶᠠᠪᠤᠴᠠ ᠶᠢᠨ |
| ᠬᠢᠨᠠᠨ ᠬᠠᠮᠢᠶᠠᠷᠬᠤ ᠶᠢ ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠯ ᠤᠨ ᠴᠢᠩᠭ᠎ᠠ ᠵᠢᠷᠤᠮᠵᠢᠯ ᠢ ᠪᠠᠶᠢᠭᠤᠯᠤᠨ᠂ |
| ᠠᠷᠠᠳ ᠤᠯᠠᠨ ᠤ ︽ᠢᠳᠡᠭᠡᠨ ᠤᠮᠳᠠᠭᠠᠨ ᠤ ᠠᠶᠤᠯ ᠦᠭᠡᠢ︾ ᠶᠢ ᠦᠨᠡᠨᠬᠦ ᠪᠠᠲᠤᠯᠠᠨ᠎ᠠ᠃ ᠠᠮᠢ ᠠᠬᠤᠢ ᠶᠢᠨ ᠤᠭ |
| ᠭᠠᠷᠤᠯᠲᠠ ᠶᠢᠨ ᠭᠠᠵᠠᠷ ᠤᠨ ᠪᠦᠲᠦᠭᠡᠭᠳᠡᠬᠦᠨ ᠢ ᠬᠠᠮᠠᠭᠠᠯᠠᠬᠤ ᠪᠠ ᠨᠡᠶᠢᠲᠡ ᠳᠤ ᠬᠤᠤᠷᠳᠠᠭᠤᠯᠤᠯ ᠦᠭᠡᠢ |
| ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ᠂ ᠪᠤᠬᠢᠷᠳᠤᠯ ᠦᠬᠡᠢ ᠢᠳᠡᠭᠡᠨ᠂ ᠤᠷᠭᠠᠨᠢᠭ |
| ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ |
| ᠰᠢᠮ᠎ᠡ ᠶᠢᠨ ᠭᠠᠵᠠᠷ ᠵᠦᠢ ᠶᠢᠨ ᠲᠡᠮᠳᠡᠭ ᠢ ᠰᠢᠯᠭᠠᠨ ᠲᠤᠭᠲᠠᠭᠠᠬᠤ ᠶᠠᠪᠤᠳᠠᠯ ᠢ ᠴᠢᠩᠭᠠᠳᠬᠠᠨ᠂ ᠮᠠᠨ ᠤ ᠤᠷᠤᠨ ᠤ |
| ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠲᠦᠷᠦᠯ ᠲᠡᠮᠳᠡᠭ ᠤᠨ ᠠᠯᠳᠠᠷᠰᠢᠯ ᠪᠠ |
| ᠦᠷᠢᠰᠦᠯᠲᠦᠬᠦ ᠴᠢᠳᠠᠯ ᠢ ᠳᠡᠭᠡᠭᠰᠢᠯᠡᠭᠦᠯᠦᠨ᠎ᠡ᠃ |
| ᠰᠢᠨ᠎ᠡ ᠲᠡᠷᠢᠶᠡᠯᠠᠬᠤ ᠮᠠᠯᠵᠢᠬᠤ ᠤᠷᠤᠨ ᠤ ᠪᠦᠲᠦᠭᠡᠨ ᠪᠠᠶᠢᠭᠤᠯᠤᠯᠲᠠ ᠶᠢ ᠦᠨᠡᠨᠬᠦ ᠴᠢᠩᠭᠠᠳᠬᠠᠨ᠎ᠠ᠃ ᠬᠤᠲᠠ |
| ᠬᠦᠳᠡᠭᠡ ᠶᠢ ᠨᠢᠭᠡ ᠴᠤᠭᠴᠠᠵᠢᠭᠤᠯᠤᠨ ᠬᠦᠭᠵᠢᠭᠦᠯᠬᠦ ᠶᠢ ᠶᠡᠬᠡᠪᠡᠷ ᠲᠦᠯᠬᠢᠨ ᠠᠬᠢᠭᠤᠯᠵᠤ᠂ ᠰᠠᠭᠤᠷᠢ ᠪᠡᠯᠡᠳᠬᠡᠮᠵᠢ ᠶᠢ |
| ᠲᠠᠷᠢᠶᠠᠯᠠᠬᠤ ᠮᠠᠯᠵᠢᠬᠤ ᠤᠷᠤᠨ ᠲᠡᠰᠢ ᠤᠷᠳᠤᠳᠬᠠᠬᠤ᠂ ᠤᠯᠠᠨ ᠨᠡᠶᠢᠲᠡ ᠶᠢᠨ ᠦᠢᠯᠡᠴᠢᠯᠡᠭᠡᠨ ᠢᠶᠠᠷ ᠮᠠᠯᠵᠢᠬᠤ |
| ᠲᠠᠷᠢᠶᠠᠯᠠᠬᠤ ᠤᠷᠤᠨ ᠢ ᠬᠠᠮᠤᠷᠤᠭᠤᠯᠬᠤ᠂ ᠬᠤᠲᠠ ᠶᠢᠨ ᠪᠤᠯᠪᠠᠰᠤᠨ ᠢᠶᠠᠷ ᠮᠠᠯᠵᠢᠬᠤ ᠲᠠᠷᠢᠶᠠᠯᠠᠬᠤ ᠤᠷᠤᠨ ᠢ |
| ᠨᠦᠯᠦᠭᠡᠯᠡᠨ ᠲᠠᠶᠢᠴᠢᠯᠠᠬᠤ ᠶᠢ ᠠᠬᠢᠭᠤᠯᠤᠨ᠎ᠠ᠃ ᠤᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠯᠲᠠ ᠶᠢᠨ |
| ᠭᠤᠤᠯᠳᠠᠯᠭ᠎ᠠ ᠶᠢ ᠲᠡᠷᠢᠶᠠᠯᠠᠬᠤ ᠮᠠᠯᠵᠢᠬᠤ ᠤᠷᠤᠨ ᠳᠤ ᠲᠠᠯᠪᠢᠬᠤ ᠶᠢ ᠪᠠᠷᠢᠮᠲᠠᠯᠠᠨ᠂ 3 ᠵᠢᠯ ᠤᠨ ᠬᠤᠭᠤᠴᠠᠭᠠᠨ ᠳᠤ᠂ |
| ᠪᠦᠬᠦ ᠤᠷᠤᠨ ᠤ ᠬᠡᠪᠴᠢᠶᠡᠨ ᠳᠤ ᠲᠠᠷᠢᠶᠠᠯᠠᠬᠤ ᠮᠠᠯᠵᠢᠬᠤ ᠤᠷᠤᠨ ᠤ ᠨᠤᠷᠠᠬᠤ ᠠᠶᠤᠯᠲᠠᠢ ᠬᠡᠷ ᠪᠠᠶᠢᠰᠢᠩ ᠢ ᠵᠠᠰᠠᠨ |
| ᠰᠢᠨᠡᠳᠬᠡᠬᠦ᠂ ᠠᠶᠤᠯ ᠦᠭᠡᠢ ᠤᠤᠭᠤᠬᠤ ᠤᠰᠤ᠂ ᠭᠠᠴᠠᠭ᠎ᠠ ᠲᠤᠰᠬᠤᠨ ᠤ ᠵᠡᠬᠡᠯᠢ ᠭᠤᠳᠤᠮᠵᠢ ᠶᠢ ᠬᠠᠲᠠᠭᠤᠷᠠᠭᠤᠯᠬᠤ᠂ |
| ᠲᠤᠰᠬᠤᠨ ᠪᠤᠯᠭᠠᠨ ᠳᠤ ᠴᠠᠬᠢᠯᠭᠠᠨ ᠨᠡᠪᠲᠡᠷᠡᠭᠦᠯᠬᠦ᠂ ᠲᠤᠰᠬᠤᠨ ᠪᠤᠯᠭᠠᠨ ᠳᠤ ᠷᠠᠳᠢᠤ᠋ ᠨᠡᠪᠲᠡᠷᠡᠭᠦᠯᠭᠡ ᠲᠧᠯᠸᠢᠰ ᠪᠠ |
| ᠴᠢᠮᠡᠭᠡ ᠨᠡᠪᠲᠡᠷᠡᠭᠦᠯᠬᠡ ᠨᠡᠪᠲᠡᠷᠡᠭᠦᠯᠬᠦ᠂ ᠰᠤᠷᠭᠠᠭᠤᠯᠢ ᠶᠢᠨ ᠬᠡᠷ ᠪᠠᠶᠢᠷᠢ ᠶᠢᠨ ᠪᠦᠲᠦᠭᠡᠨ ᠪᠠᠶᠢᠭᠤᠯᠤᠯᠲᠠ ᠬᠢᠭᠡᠳ |
| ᠠᠠᠶᠤᠯ ᠦᠭᠡᠢ ᠪᠤᠯᠭᠠᠨ ᠵᠠᠰᠠᠨ ᠰᠢᠨᠡᠳᠬᠡᠬᠦ᠂ ᠭᠠᠴᠠᠭ᠎ᠠ ᠲᠤᠰᠬᠤᠨ ᠤ ᠪᠠᠷᠢᠮᠵᠢᠶᠠᠵᠢᠭᠤᠯᠤᠭᠰᠠᠨ ᠡᠷᠡᠬᠦᠯ |
| ᠬᠠᠮᠠᠭᠠᠯᠠᠯ ᠤᠨ ᠲᠠᠰᠤᠭ᠂ ᠭᠠᠴᠠᠭ᠎ᠠ ᠲᠤᠰᠬᠤᠨ ᠤ ᠰᠤᠶᠤᠯ ᠲᠤᠭᠯᠠᠭᠠᠮ ᠤᠨ ᠦᠷᠦᠭᠡ᠂ ᠠᠷᠠᠳ ᠲᠤ ᠳᠦᠭᠦᠮ |
| ᠬᠡᠯᠬᠢᠶ᠎ᠡ ᠬᠡᠲᠤ ᠳᠡᠯᠭᠡᠬᠦᠷ᠂ ᠲᠡᠷᠢᠶᠠᠯᠠᠬᠤ ᠮᠠᠯᠵᠢᠬᠤ ᠤᠷᠤᠨ ᠤ ᠪᠠᠶᠢᠡᠭᠭᠤ ᠰᠠᠭᠤᠭ᠎ᠠ ᠬᠦᠮᠦᠨ ᠠᠮᠠ ᠶᠢᠨ ᠨᠠᠰᠤᠵᠢᠯ |
| ᠡᠮᠨᠡᠯᠭᠡ ᠨᠠᠭᠠᠲᠤ ᠵᠠᠬ᠎ᠠ ᠶᠢᠨ ᠪᠠᠲᠤᠯᠭ᠎ᠠ ᠵᠡᠷᠭᠡ ᠨᠡᠶᠢᠭᠡᠮ ᠪᠠᠲᠤᠯᠭ᠎ᠠ ᠶᠢᠨ ︽ᠠᠷᠪᠠᠨ ᠪᠦᠬᠦᠨ ᠢ ᠬᠠᠮᠤᠷᠬᠤ︾ ᠶᠢ |
| ᠪᠶᠡᠯᠡᠭᠦᠯᠦᠨ᠂ ᠬᠤᠲᠠ ᠬᠦᠳᠡᠭᠡ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠡᠩᠴᠡᠭᠦᠷᠢᠰᠢᠯᠲᠡ ᠶᠢ |
| ᠠᠬᠢᠭᠤᠯᠤᠨ᠎ᠠ᠃ ᠲᠠᠷᠢᠶᠠᠯᠠᠬᠤ ᠮᠠᠯᠵᠢᠬᠤ ᠤᠷᠤᠨ ᠤ ᠵᠠᠰᠠᠮᠠᠯ ᠵᠠᠮ᠂ ᠤᠰᠤᠨ ᠠᠰᠢᠭᠯᠠᠯᠲᠠ᠂ ᠴᠠᠬᠢᠯᠭᠠᠨ ᠤ ᠲᠤᠤᠷ |
| ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠤᠯᠲᠠᠢ ᠲᠦᠯᠦᠪᠯᠡᠨ ᠲᠦᠯᠬᠢᠨ ᠠᠬᠢᠭᠤᠯᠵᠤ᠂ |
| ᠲᠡᠷᠢᠶᠠᠯᠠᠬᠤ ᠮᠠᠯᠵᠢᠬᠤ ᠤᠷᠤᠨ ᠤ ᠨᠠᠮᠤᠭ ᠤᠨ ᠬᠡᠢ ᠪᠤᠯᠤᠨ ᠠᠶᠤᠯ ᠦᠭᠡᠢ ᠤᠤᠭᠤᠬᠤ ᠤᠰᠤᠨ ᠤ ᠢᠨᠵᠧᠨᠧᠷᠢᠩ ᠢ |
| ᠰᠠᠶᠢᠲᠤᠷ ᠠᠳᠬᠤᠵᠤ᠂ ᠬᠦᠳᠡᠭᠡ ᠲᠤᠰᠬᠤᠨ ᠤ 1.5 ᠲᠦᠮᠡᠨ ᠡᠷᠦᠬᠡ ᠳᠤ ᠨᠠᠮᠤᠭ ᠤᠨ ᠬᠡᠢ ᠬᠡᠷᠡᠭᠯᠡᠭᠦᠯᠬᠦ ᠪᠦᠲᠦᠭᠡᠨ |
| ᠪᠠᠶᠢᠭᠤᠯᠤᠯᠲᠠ ᠬᠢᠵᠤ᠂ 80 ᠲᠦᠮᠡᠨ ᠬᠦᠮᠦᠨ ᠠᠮᠠ ᠶᠢᠨ ᠠᠶᠤᠯ ᠦᠭᠡᠢ ᠤᠤᠭᠤᠬᠤ ᠤᠰᠤᠨ ᠤ ᠠᠰᠠᠭᠤᠳᠠᠯ ᠢ |
| ᠰᠢᠢᠳᠪᠦᠷᠢᠯᠡᠨ᠎ᠡ᠂ ᠤᠷᠤᠰᠢᠨ ᠰᠠᠭᠤᠬᠤ ᠳᠤ ᠲᠤᠬᠢᠷᠠᠭᠰᠠᠨ ᠦᠵᠡᠰᠭᠦᠯᠡᠩᠲᠤ ᠰᠠᠶᠢᠬᠠᠨ ᠬᠦᠳᠡᠭᠡ ᠲᠤᠰᠬᠤᠨ ᠢ |
| ᠶᠡᠬᠡᠪᠡᠷ ᠪᠦᠲᠦᠭᠡᠨ ᠪᠠᠶᠢᠭᠤᠯᠵᠤ᠂ ᠰᠢᠨ᠎ᠡ ᠲᠠᠷᠢᠶᠠᠯᠠᠬᠤ ᠮᠠᠯᠵᠢᠬᠤ ᠤᠷᠤᠨ ᠤ ᠪᠦᠲᠦᠭᠡᠨ ᠪᠠᠶᠢᠭᠤᠯᠤᠯᠲᠠ ᠶᠢᠨ |
| ᠵᠢᠱᠢᠶ᠎ᠠ ᠦᠵᠡᠭᠦᠯᠬᠦ ᠢᠨᠵᠧᠨᠧᠷᠢᠩ ᠢ ᠬᠦᠨᠵᠡᠭᠡᠢ ᠲᠦᠯᠬᠢᠨ ᠠᠬᠢᠭᠤᠯᠵᠤ᠂ ᠲᠡᠷᠢᠶᠠᠯᠠᠬᠤ ᠮᠠᠯᠵᠢᠬᠤ ᠤᠷᠤᠨ ᠤ |
| ᠬᠦᠮᠦᠰ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠶᠡᠷᠦᠩᠭᠡᠶᠢᠯᠡᠨ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ |
| ᠦᠷᠨᠢᠭᠦᠯᠦᠨ᠂ ᠲᠡᠷᠢᠶᠠᠯᠠᠬᠤ ᠮᠠᠯᠵᠢᠬᠤ ᠤᠷᠤᠨ ᠤ ᠲᠦᠷᠰᠦ ᠪᠠᠶᠢᠳᠠᠯ ᠳᠤ ᠦᠨᠳᠦᠰᠦᠨ ᠴᠢᠨᠡᠷᠲᠠᠢ ᠬᠤᠪᠢᠷᠠᠯᠲᠠ |
| | ︵ᠳᠦᠷᠪᠡ︶ ᠠᠵᠤ ᠠᠬᠤᠢ ᠶᠢᠨ ᠪᠠᠶᠢᠭᠤᠯᠤᠯ ᠤᠨ ᠦᠭᠡᠷᠡᠴᠢᠯᠡᠯᠲᠡ ᠪᠠᠷ ᠭᠤᠤᠯᠳᠠᠯᠭ᠎ᠠ ᠪᠤᠯᠭᠠᠨ |
| ᠦᠭᠡᠷᠡᠴᠢᠯᠡᠯᠲᠡ ᠨᠡᠭᠡᠭᠡᠯᠲᠡ ᠶᠢ ᠬᠦᠨᠵᠡᠭᠡᠶᠢᠷᠡᠭᠦᠯᠦᠨ᠂ ᠬᠦᠭᠵᠢᠯᠲᠡ ᠶᠢᠨ ᠠᠮᠢᠵᠢᠷᠠᠯ ᠤᠨ ᠬᠦᠴᠦᠨ ᠪᠤᠯᠤᠨ |
| ᠬᠦᠳᠡᠯᠬᠡᠬᠦ ᠬᠦᠴᠦᠨ ᠢ ᠨᠡᠮᠡᠭᠳᠡᠭᠦᠯᠦᠨ᠎ᠡ᠃ |
| ᠠᠵᠤ ᠠᠬᠤᠢ ᠶᠢᠨ ᠪᠠᠶᠢᠭᠤᠯᠤᠯ ᠤᠨ ᠦᠭᠡᠷᠡᠴᠢᠯᠡᠯᠲᠡ ᠶᠢ ᠢᠳᠡᠪᠬᠢᠲᠠᠢ ᠪᠠᠷ ᠲᠦᠯᠬᠢᠨ ᠠᠬᠢᠭᠤᠯᠤᠨ᠎ᠠ᠃ |
| ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠢ ᠰᠢᠯᠤᠭᠤᠳᠬᠠᠨ᠂ ᠬᠦᠷᠦᠩᠭᠡ ᠶᠢ |
| ᠬᠠᠮᠢᠶᠠᠷᠬᠤ ᠪᠠᠷ ᠭᠤᠤᠯ ᠪᠤᠯᠭᠠᠨ ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢ |
| ᠴᠢᠩᠭᠠᠳᠬᠠᠨ᠂ ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ ᠪᠠᠶᠢᠷᠢᠰᠢᠭᠤᠯᠤᠯ ᠪᠠ ᠪᠦᠲᠦᠴᠡ ᠶᠢ |
| ᠰᠢᠯᠢᠳᠡᠭᠵᠢᠭᠦᠯᠦᠨ ᠲᠤᠬᠢᠷᠠᠭᠤᠯᠤᠨ᠎ᠠ᠃ ᠤᠯᠤᠰ ᠤᠨ ᠦᠮᠴᠢᠯᠡᠯᠲᠤ ᠠᠵᠤ ᠠᠬᠤᠶᠢᠯᠠᠯ ᠤᠨ ᠦᠭᠡᠷᠡᠴᠢᠯᠡᠯᠲᠡ ᠶᠢ |
| ᠬᠦᠨᠵᠡᠭᠡᠶᠢᠷᠡᠭᠦᠯᠦᠨ᠂ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠵᠤ᠂ ᠤᠯᠤᠰ ᠤᠨ |
| ᠦᠮᠴᠢᠯᠡᠯᠲᠤ ᠠᠵᠤ ᠠᠬᠤᠶᠢᠯᠠᠯ ᠤᠨ ᠦᠭᠡᠷᠡᠴᠢᠯᠡᠯᠲᠠ ᠳᠤ ᠠᠷᠠᠳ ᠤᠨ ᠬᠦᠷᠦᠩᠭᠡ ᠶᠢᠨ ᠤᠷᠤᠯᠴᠠᠬᠤ ᠶᠢ |
| ᠵᠤᠷᠢᠭᠵᠢᠭᠤᠯᠤᠨ᠂ ᠬᠤᠯᠢᠮᠠᠭ ᠦᠮᠴᠢᠯᠡᠯᠲᠤ ᠠᠵᠤ ᠠᠬᠤᠢ ᠶᠢ ᠢᠳᠡᠪᠬᠢᠲᠠᠢ ᠪᠠᠷ ᠬᠦᠭᠵᠢᠭᠦᠯᠦᠨ᠂ ᠤᠯᠤᠰ ᠤᠨ |
| ᠦᠮᠴᠢᠯᠡᠯ ᠤᠨ᠂ ᠬᠠᠮᠲᠤ ᠶᠢᠨ ᠪᠠ ᠠᠷᠠᠳ ᠤᠨ ᠬᠦᠷᠦᠩᠭᠡ ᠰᠤᠯᠪᠢᠴᠡᠨ ᠰᠲ᠋ᠤᠺ ᠡᠵᠡᠮᠰᠢᠬᠦ ᠪᠠ ᠬᠠᠷᠢᠯᠴᠠᠨ |
| ᠠᠭᠤᠰᠤᠯᠴᠠᠨ ᠨᠢᠭᠡᠳᠬᠦ ᠶᠢ ᠲᠦᠯᠬᠢᠨ ᠠᠬᠢᠭᠤᠯᠤᠨ᠎ᠠ᠃ ᠴᠠᠬᠢᠯᠭᠠᠨ ᠬᠦᠴᠦᠨ ᠤ ᠵᠠᠬ᠎ᠠ ᠳᠡᠯᠭᠡᠬᠦᠷ ᠤᠨ |
| ᠦᠭᠡᠷᠡᠴᠢᠯᠡᠯᠲᠡ ᠶᠢ ᠬᠦᠨᠵᠡᠭᠡᠶᠢᠷᠡᠭᠦᠯᠵᠤ᠂ ᠤᠯᠤᠰ ᠠᠴᠠ ᠮᠠᠨ ᠤ ᠤᠷᠤᠨ ᠳᠤ ᠴᠠᠬᠢᠯᠭᠠᠨ ᠬᠦᠴᠦᠨ ᠤ |
| ᠪᠠᠶᠢᠭᠤᠯᠤᠯ ᠤᠨ ᠦᠭᠡᠷᠡᠴᠢᠯᠡᠯᠲᠡ ᠶᠢᠨ ᠲᠤᠷᠰᠢᠯᠲᠠ ᠬᠢᠬᠦ ᠶᠢ ᠴᠢᠷᠮᠠᠶᠢᠨ ᠤᠯᠵᠤ᠂ ᠲᠤᠤᠷᠵᠢᠭᠤᠯᠬᠤ ᠪᠠ |
| ᠲᠡᠭᠡᠭᠡᠪᠦᠷᠢᠯᠡᠬᠦ ᠶᠢ ᠰᠠᠯᠭᠠᠬᠤ ᠰᠢᠨ᠎ᠡ ᠬᠡᠯᠪᠡᠷᠢ ᠮᠠᠶ᠋ᠢᠭ ᠢ ᠢᠳᠡᠪᠬᠢᠲᠠᠢ ᠰᠦᠪᠡᠭᠴᠢᠯᠡᠨ᠂ ᠴᠠᠬᠢᠯᠭᠠᠨ ᠦᠨ᠎ᠡ ᠶᠢᠨ ᠪᠤᠢ |
| ᠪᠤᠯᠬᠤ ᠲᠤᠭᠲᠠᠴᠠ ᠶᠢ ᠲᠡᠭᠦᠯᠳᠡᠷᠵᠢᠭᠦᠯᠵᠤ᠂ ᠦᠨ᠎ᠡ ᠦᠷᠢᠰᠦᠯᠳᠤᠨ ᠲᠤᠤᠷ ᠲᠤ ᠭᠠᠷᠬᠤ ᠶᠢ ᠲᠦᠯᠬᠢᠨ |
| ᠠᠬᠢᠭᠤᠯᠤᠨ᠎ᠠ᠃ ᠦᠪᠦᠷ ᠮᠤᠩᠭᠤᠯ ᠤᠨ ᠪᠠᠷᠠᠭᠤᠨ ᠬᠡᠰᠡᠭ ᠤᠨ ᠭᠠᠵᠠᠷ ᠤᠷᠤᠨ ᠤ ᠴᠠᠬᠢᠯᠭᠠᠨ ᠬᠦᠴᠦᠨ ᠤ ᠵᠠᠬ᠎ᠠ |
| ᠳᠡᠯᠭᠡᠬᠦᠷ ᠤᠨ ᠤᠯᠠᠨ ᠲᠡᠰᠢ ᠠᠷᠠᠯᠵᠢᠶᠠᠯᠠᠬᠤ ᠲᠤᠭᠲᠠᠴᠠ ᠶᠢ ᠲᠡᠭᠦᠯᠳᠡᠷᠵᠢᠭᠦᠯᠵᠤ᠂ ᠦᠪᠦᠷ ᠮᠤᠩᠭᠤᠯ ᠤᠨ ᠵᠡᠭᠦᠨ |
| ᠬᠡᠰᠡᠭ ᠤᠨ ᠭᠠᠵᠠᠷ ᠤᠷᠤᠨ ᠤ ᠲᠤᠮᠤ ᠬᠡᠷᠡᠭᠯᠡᠬᠦ ᠡᠷᠦᠬᠡ ᠳᠤ ᠰᠢᠭᠤᠳ ᠴᠠᠬᠢᠯᠭᠠᠨ ᠬᠠᠨᠭ᠍ᠭᠠᠬᠤ ᠶᠢ ᠡᠬᠢᠯᠡᠭᠦᠯᠵᠤ᠂ |
| ᠠᠵᠤ ᠠᠬᠤᠶᠢᠯᠠᠯ ᠤᠨ ᠬᠡᠷᠡᠭᠯᠡᠬᠦ ᠴᠠᠬᠢᠯᠭᠠᠨ ᠤ ᠦᠪᠡᠷ ᠤᠨ ᠦᠷᠲᠡᠭ ᠢ ᠪᠠᠭᠤᠷᠠᠭᠤᠯᠤᠨ᠎ᠠ᠃ ᠤᠷᠤᠨ ᠪᠦᠰᠡ |
| ᠠᠯᠤᠰᠯᠠᠭᠰᠠᠨ ᠴᠠᠬᠢᠯᠭᠠᠨ ᠬᠦᠴᠦᠨ ᠤ ᠵᠠᠬ᠎ᠠ ᠳᠡᠯᠭᠡᠬᠦᠷ ᠤᠨ ᠰᠢᠰᠲ᠋ᠧᠮᠵᠢ ᠶᠢ ᠪᠠᠶᠢᠭᠤᠯᠵᠤ᠂ ᠴᠠᠬᠢᠯᠭᠠᠨ ᠬᠦᠴᠦᠨ ᠤ |
| ᠵᠠᠬ᠎ᠠ ᠳᠡᠯᠭᠡᠬᠦᠷ ᠤᠨ ᠨᠡᠩ ᠶᠡᠭᠡ ᠬᠡᠪᠴᠢᠶᠡᠨ ᠤ ᠨᠡᠶᠢᠯᠡᠯ ᠢ ᠠᠬᠢᠭᠤᠯᠤᠨ᠎ᠠ᠃ ᠡᠳ᠋ ᠤᠨ ᠵᠠᠰᠠᠭ ᠭᠠᠶᠢᠯᠢ ᠶᠢᠨ |
| ᠪᠠᠶᠢᠭᠤᠯᠤᠯ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠂ ᠰᠠᠯᠠᠭ᠎ᠠ ᠮᠦᠴᠢᠷ ᠤᠨ ᠲᠦᠰᠦᠪ ᠤᠨ |
| ᠦᠭᠡᠷᠡᠴᠢᠯᠡᠯᠲᠡ ᠶᠢ ᠲᠦᠯᠬᠢᠨ ᠠᠬᠢᠭᠤᠯᠵᠤ᠂ ᠪᠦᠬᠦ ᠰᠢᠰᠲ᠋ᠧᠮ ᠤᠨ ᠵᠠᠰᠠᠭ ᠤᠨ ᠤᠷᠳᠤᠨ ᠤ ᠲᠦᠰᠦᠪ ᠤᠨ |
| ᠰᠢᠰᠲ᠋ᠧᠮᠵᠢ ᠶᠢ ᠪᠠᠶᠢᠭᠤᠯᠤᠨ᠎ᠠ᠃ ᠵᠠᠰᠠᠭ ᠤᠨ ᠤᠷᠳᠤᠨ ᠤ ᠬᠤᠭᠤᠷᠤᠨᠳᠤᠬᠢ ᠠᠵᠢᠯ ᠤᠨ ᠡᠷᠬᠡ ᠪᠤᠯᠤᠨ |
| ᠵᠠᠷᠤᠯᠭ᠎ᠠ ᠶᠢᠨ ᠬᠠᠷᠢᠭᠤᠴᠠᠯᠭ᠎ᠠ ᠶᠢ ᠵᠦᠢ ᠵᠤᠬᠢᠰᠲᠠᠢ ᠬᠤᠪᠢᠶᠠᠷᠢᠯᠡᠵᠤ᠂ ᠰᠢᠯᠵᠢᠭᠦᠯᠦᠨ ᠦᠭᠬᠦ ᠳᠦᠷᠢᠮ ᠢ ᠤᠯᠠᠮ |
| ᠨᠢᠭᠡ ᠠᠯᠬᠤᠮ ᠵᠢᠷᠤᠮᠵᠢᠭᠤᠯᠤᠨ᠂ ᠬᠤᠰᠢᠭᠤ ᠰᠢᠶᠠᠨ ᠤ ᠱᠠᠲᠤᠨ ᠤ ᠦᠨᠳᠦᠰᠦᠨ ᠡᠳ᠋ ᠤᠨ ᠬᠦᠴᠦᠨ ᠢ ᠪᠠᠲᠤᠯᠠᠬᠤ |
| ᠲᠤᠭᠲᠠᠴᠠ ᠶᠢ ᠲᠡᠭᠦᠯᠳᠡᠷᠵᠢᠭᠦᠯᠦᠨ᠎ᠡ ᠃ ᠤᠯᠤᠰ ᠤᠨ ᠱᠠᠭᠠᠷᠳᠠᠯᠭ᠎ᠠ ᠶᠤᠰᠤᠭᠠᠷ᠂ ᠡᠵᠡᠩᠨᠡᠯᠲᠡ ᠶᠢᠨ ᠭᠠᠶᠢᠯᠢ ᠶᠢ |
| ᠦᠷᠲᠡᠭ ᠨᠡᠮᠡᠭᠳᠡᠯ ᠤᠨ ᠭᠠᠶᠢᠯᠢ ᠪᠤᠯᠭᠠᠨ ᠲᠠᠲᠠᠪᠤᠷᠢᠯᠠᠬᠤ ᠵᠡᠷᠭᠡ ᠭᠠᠶᠢᠯᠢ ᠶᠢᠨ ᠳᠦᠷᠢᠮ ᠤᠨ ᠦᠭᠡᠷᠡᠴᠢᠯᠡᠯᠲᠡ ᠶᠢ |
| ᠤᠯᠠᠮ ᠨᠢᠭᠡ ᠠᠯᠬᠤᠮ ᠲᠦᠷᠦᠯ ᠬᠤᠪᠢᠶᠠᠨ ᠲᠦᠯᠬᠢᠨ ᠠᠬᠢᠭᠤᠯᠤᠨ᠎ᠠ᠃ ᠵᠠᠰᠠᠭ ᠤᠨ ᠤᠷᠳᠤᠨ ᠤ ᠴᠢᠨᠠᠷᠲᠠᠢ ᠦᠷᠢ |
| ᠦᠭᠴᠡᠭᠡ ᠶᠢᠨ ᠬᠠᠮᠢᠶᠠᠷᠤᠯᠲᠠ ᠶᠢᠨ ᠳᠦᠷᠢᠮ ᠢ ᠲᠤᠭᠲᠠᠭᠠᠵᠤ᠂ ᠵᠠᠰᠠᠭ ᠤᠨ ᠤᠷᠳᠤᠨ ᠤ ᠦᠷᠢ ᠦᠭᠴᠡᠭᠡ ᠵᠢᠭᠡᠯᠡᠬᠦ |
| ᠡᠷᠭᠡ ᠮᠡᠳᠡᠯ ᠪᠠ ᠬᠡᠪᠴᠢᠶ᠎ᠡ ᠶᠢ ᠵᠢᠷᠤᠮᠵᠢᠭᠤᠯᠵᠤ᠂ ᠦᠯᠡᠳᠡᠬᠡᠯ ᠦᠷᠢ ᠦᠭᠴᠡᠭᠡ ᠶᠢ ᠠᠯᠬᠤᠮ ᠠᠯᠬᠤᠮ ᠢᠶᠠᠷ |
| ᠰᠢᠢᠳᠪᠦᠷᠢᠯᠡᠨ᠂ ᠰᠢᠨ᠎ᠡ ᠪᠠᠷ ᠨᠡᠮᠡᠭᠳᠡᠬᠦ ᠦᠷᠢ ᠦᠭᠴᠡᠭᠡ ᠶᠢ ᠴᠢᠩᠭ᠎ᠠ ᠬᠢᠵᠠᠭᠠᠷᠯᠠᠨ ᠡᠵᠡᠮᠳᠡᠨ᠎ᠡ᠃ ᠡᠬᠢ |
| ᠪᠠᠶᠠᠯᠢᠭ ᠤᠨ ᠴᠢᠨᠠᠷᠲᠠᠢ ᠦᠢᠯᠡᠳᠭᠦᠨ ᠤ ᠦᠨ᠎ᠡ ᠬᠠᠨᠭ᠍ᠰᠢ ᠶᠢᠨ ᠦᠭᠡᠷᠡᠴᠢᠯᠡᠯᠲᠡ ᠶᠢ ᠲᠦᠯᠬᠢᠨ ᠠᠬᠢᠭᠤᠯᠵᠤ᠂ |
| ᠤᠯᠤᠰ ᠤᠨ ᠨᠡᠭᠦᠷᠡᠰᠦ ᠵᠡᠷᠭᠡ ᠡᠬᠢ ᠪᠠᠶᠠᠯᠢᠭ ᠤᠨ ᠭᠠᠶᠢᠯᠢ ᠶᠢ ᠦᠨ᠎ᠡ ᠪᠠᠷ ᠪᠤᠳᠤᠵᠤ ᠲᠠᠲᠠᠪᠤᠷᠢᠯᠠᠬᠤ |
| ᠦᠭᠡᠷᠡᠴᠢᠯᠡᠯᠲᠡ ᠶᠢ ᠨᠠᠶᠢᠳᠠᠪᠤᠷᠢᠵᠢᠭᠤᠯᠤᠨ᠂ ᠰᠠᠭᠤᠭᠠᠯᠢ ᠠᠷᠠᠳ ᠤᠨ ᠤᠰᠤ᠂ ᠴᠠᠬᠢᠯᠭᠠᠨ᠂ ᠬᠡᠢ ᠵᠡᠷᠭᠡ ᠱᠠᠲᠤᠯᠢᠭ |
| ᠦᠨ᠎ᠡ ᠬᠠᠨᠭ᠍ᠰᠢ ᠶᠢᠨ ᠳᠦᠷᠢᠮ ᠢ ᠲᠡᠭᠦᠯᠳᠡᠷᠵᠢᠭᠦᠯᠵᠤ᠂ ᠵᠠᠰᠠᠭ ᠵᠠᠬᠢᠷᠭᠠᠨ ᠤ ᠤᠷᠤᠨ ᠪᠦᠰᠡ ᠠᠯᠤᠰᠯᠠᠭᠰᠠᠨ ᠤᠰᠤ |
| ᠲᠠᠲᠠᠬᠤ ᠬᠦᠢᠴᠡᠳᠬᠡᠬᠦ ᠲᠤᠭ᠎ᠠ ᠶᠢᠨ ᠠᠷᠠᠯᠵᠢᠶᠠᠯᠠᠭ᠎ᠠ ᠶᠢ ᠠᠬᠢᠭᠤᠯᠵᠤ᠂ ᠭᠤᠤᠯ ᠪᠤᠯᠬᠤ ᠪᠤᠬᠢᠷ ᠪᠤᠳᠠᠰ |
| ᠭᠠᠳᠠᠭᠰᠢᠯᠠᠭᠤᠯᠬᠤ ᠰᠦᠢᠳᠬᠡᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ |
| ᠨᠡᠬᠡᠬᠡᠯᠲᠡᠲᠤ ᠠᠵᠤ ᠠᠬᠤᠢ ᠶᠢᠨ ᠬᠦᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠤᠰ ᠤᠨ |
| ᠳᠤᠲᠤᠭᠠᠲᠤ ᠬᠠᠭᠤᠷᠠᠢ ᠶᠢᠨ ᠬᠢᠯᠢ ᠳᠠᠭᠠᠤ ᠶᠢᠨ ᠨᠡᠬᠡᠬᠡᠯᠲᠡ ᠶᠢ ᠦᠷᠭᠡᠳᠬᠡᠬᠦ ᠪᠠᠶᠢᠯᠳᠤᠬᠤ ᠪᠤᠳᠤᠯᠭ᠎ᠠ ᠶᠢᠨ ᠠᠵᠠ |
| ᠲᠤᠬᠢᠶᠠᠯ ᠢ ᠵᠠᠪᠳᠤᠨ᠂ ᠤᠮᠠᠷᠠᠰᠢ ᠨᠡᠬᠡᠬᠡᠯᠲᠡ ᠬᠢᠬᠦ ᠴᠢᠬᠤᠯᠠ ᠬᠦᠬᠦᠷᠬᠡᠨ ᠪᠠᠬᠢᠯᠡᠯᠲᠡ ᠪᠤᠯᠤᠨ ᠠᠮᠢᠵᠢᠷᠠᠯ ᠤᠨ |
| ᠬᠦᠴᠦᠨ ᠢᠶᠠᠷ ᠪᠢᠯᠬᠠᠮ᠎ᠠ ᠬᠢᠯᠢ ᠳᠠᠭᠠᠤ ᠶᠢᠨ ᠠᠵᠤ ᠠᠬᠤᠢ ᠶᠢᠨ ᠪᠦᠰᠡ ᠶᠢ ᠲᠦᠷᠭᠡᠳᠬᠡᠨ ᠪᠠᠶᠢᠭᠤᠯᠵᠤ᠂ ᠨᠡᠭᠡᠭᠡᠯᠲᠡ |
| ᠬᠢᠵᠤ ᠬᠦᠭᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠤᠭᠤᠮᠲᠠ ᠶᠢᠨ ᠠᠵᠤ ᠠᠬᠤᠢ ᠶᠢ ᠶᠡᠬᠡᠪᠡᠷ |
| ᠬᠦᠭᠵᠢᠭᠦᠯᠦᠨ᠂ ᠮᠠᠨᠵᠤᠤᠷ ᠤᠨ ᠤᠯᠤᠰ ᠤᠨ ᠭᠤᠤᠯᠳᠠᠯᠭ᠎ᠠ ᠲᠠᠢ ᠨᠡᠭᠡᠭᠡᠨ ᠬᠦᠭᠵᠢᠭᠦᠯᠵᠤ ᠨᠡᠭᠡᠭᠡᠯᠲᠡ ᠬᠢᠬᠦ |
| ᠲᠤᠷᠰᠢᠯᠲᠠ ᠶᠢᠨ ᠤᠷᠤᠨ ᠪᠤᠯᠤᠨ ᠬᠦᠯᠦᠨ ᠪᠤᠶᠢᠷ ᠤᠨ ᠲᠤᠮᠳᠠᠲᠤ ᠤᠷᠤᠰ ᠮᠤᠩᠭᠤᠯ ᠤᠯᠤᠰ ᠤᠨ ᠬᠤᠷᠰᠢᠯᠴᠠᠬᠤ |
| ᠬᠤᠰᠢᠭᠤᠴᠢ ᠤᠷᠤᠨ ᠢ ᠲᠦᠯᠦᠪᠵᠢᠭᠦᠯᠵᠤ ᠪᠦᠲᠦᠭᠡᠨ ᠪᠠᠶᠢᠭᠤᠯᠬᠤ ᠶᠢ ᠲᠦᠷᠭᠡᠳᠭᠡᠨ ᠠᠬᠢᠭᠤᠯᠵᠤ᠂ ᠤᠯᠤᠰ ᠠᠴᠠ |
| ᠡᠷᠢᠶᠡᠨ ᠬᠤᠲᠠ ᠶᠢᠨ ᠤᠯᠤᠰ ᠤᠨ ᠭᠤᠤᠯᠳᠠᠯᠭ᠎ᠠ ᠲᠠᠢ ᠨᠡᠭᠡᠭᠡᠨ ᠬᠦᠭᠵᠢᠭᠦᠯᠵᠤ ᠨᠡᠭᠡᠭᠡᠯᠲᠡ ᠬᠢᠬᠦ ᠲᠤᠷᠰᠢᠯᠲᠠ ᠶᠢᠨ |
| ᠤᠷᠤᠨ ᠤ ᠲᠦᠰᠦᠯ ᠢ ᠵᠦᠪᠰᠢᠶᠡᠷᠡᠨ ᠬᠡᠷᠡᠭᠵᠢᠬᠦᠯᠬᠦ ᠶᠢ ᠢᠳᠡᠪᠬᠢᠯᠡᠨ ᠤᠯᠵᠤ᠂ ᠬᠢᠯᠢ ᠶᠢᠨ ᠴᠢᠯᠦᠭᠡᠲᠤ ᠠᠷᠠᠯᠵᠢᠶᠠᠨ ᠤ |
| ᠤᠷᠤᠨ ᠪᠤᠯᠤᠨ ᠬᠢᠯᠢ ᠠᠯᠤᠰᠯᠠᠭᠰᠠᠨ ᠠᠵᠤ ᠠᠬᠤᠢ ᠶᠢᠨ ᠬᠤᠷᠰᠢᠯᠴᠠᠬᠤ ᠤᠷᠤᠨ ᠢ ᠰᠦᠪᠡᠭᠴᠢᠯᠡᠨ ᠪᠠᠶᠢᠭᠤᠯᠵᠤ᠂ |
| ᠮᠠᠨᠵᠤᠤᠷ᠂ ᠡᠷᠢᠶᠡᠨ ᠬᠤᠲᠠ ᠶᠢ ᠴᠢᠯᠦᠭᠡᠲᠤ ᠠᠷᠠᠯᠵᠢᠶᠠᠨ ᠤ ᠤᠷᠤᠨ ︵ᠬᠦᠷᠢᠶᠡᠯᠡᠩ︶ ᠢᠶᠠᠷ ᠮᠡᠳᠡᠬᠦᠯᠵᠤ |
| ᠪᠠᠶᠢᠭᠤᠯᠬᠤ ᠠᠵᠢᠯ ᠢ ᠲᠦᠷᠭᠡᠭᠡᠨ ᠡᠬᠢᠯᠡᠬᠦᠯᠦᠨ᠎ᠡ᠃ ᠤᠷᠤᠰ ᠮᠤᠩᠭᠤᠯ ᠯᠤᠭ᠎ᠠ ᠶᠢᠨ ᠡᠳ᠋ᠰᠢᠬᠦᠯᠬᠡ ᠶᠢᠨ ᠠᠷᠠᠯᠵᠢᠶ᠎ᠠ᠂ |
| ᠡᠬᠢ ᠪᠠᠶᠠᠯᠢᠭ ᠨᠡᠬᠡᠬᠡᠭᠦ᠂ ᠰᠤᠶᠤᠯ ᠰᠤᠷᠭᠠᠨ ᠬᠦᠮᠦᠵᠢᠯ ᠵᠡᠷᠭᠡ ᠬᠦᠷᠢᠶᠡᠨ ᠤ ᠬᠤᠷᠰᠢᠯᠴᠠᠬᠤ ᠲᠤᠭᠲᠠᠴᠠ ᠶᠢ |
| ᠲᠡᠭᠦᠯᠲᠡᠷᠵᠢᠭᠦᠯᠦᠨ᠂ ᠬᠢᠯᠢ ᠪᠠᠷ ᠦᠡᠭᠭᠡᠷᠡᠭᠦᠯᠬᠦ ᠸᠢᠰᠠᠯᠠᠬᠤ ᠭᠠᠷᠳᠠᠮ ᠢ ᠳᠦᠭᠦᠮᠴᠢᠯᠡᠨ᠎ᠡ᠃ ᠡᠷᠬᠢᠨ ᠲᠤᠭᠤᠷᠢᠨ ᠤ |
| ᠮᠤᠵᠢ ᠤᠷᠤᠨ ᠬᠤᠲᠠ ᠯᠤᠭ᠎ᠠ ᠶᠢᠨ ᠠᠵᠤ ᠠᠬᠤᠢ ᠶᠢᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠂ |
| ᠳᠠᠯᠠᠢ ᠳᠠᠭᠠᠤ ᠶᠢᠨ ᠪᠠ ᠳᠤᠲᠤᠭᠠᠲᠤ ᠬᠠᠭᠤᠷᠠᠢ ᠶᠢᠨ ᠭᠠᠵᠠᠷ ᠤᠷᠤᠨ ᠯᠤᠭ᠎ᠠ ᠶᠢᠨ ᠬᠦᠨᠳᠡᠯᠡᠨ ᠬᠤᠯᠪᠤᠭᠠᠯᠠᠯ ᠢ |
| ᠲᠦᠯᠬᠢᠨ ᠠᠬᠢᠭᠤᠯᠵᠤ᠂ ᠰᠢᠶᠠᠩᠭᠠᠡᠭ ᠤᠤᠮᠸᠠ ᠲᠠᠶᠢᠸᠠᠨ ᠤᠷᠤᠨ ᠯᠤᠭ᠎ᠠ ᠶᠢᠨ ᠠᠵᠤ ᠠᠬᠤᠢ ᠠᠷᠠᠯᠵᠢᠶᠠᠨ ᠤ |
| ᠬᠤᠷᠰᠢᠯᠴᠠᠭ᠎ᠠ ᠶᠢ ᠬᠦᠨᠵᠡᠬᠡᠶᠢᠷᠡᠭᠦᠯᠦᠨ᠂ ᠪᠡᠭᠡᠵᠢᠩ ᠦᠪᠦᠷ ᠮᠤᠩᠭᠤᠯ ᠤᠨ ᠤᠷᠤᠨ ᠪᠦᠰᠡ ᠶᠢᠨ ᠬᠤᠷᠰᠢᠯᠴᠠᠬᠤ |
| ᠲᠤᠭᠲᠠᠴᠠ ᠶᠢᠨ ᠰᠢᠨ᠎ᠡ ᠶᠢ ᠡᠭᠦᠳᠴᠤ᠂ ᠪᠦᠸᠧᠬᠠᠢ ᠲᠠᠩᠬᠢᠰ ᠤᠨ ᠡᠷᠬᠢᠨ ᠲᠤᠭᠤᠷᠢᠨ ᠤ ᠠᠵᠤ ᠠᠬᠤᠢ ᠶᠢᠨ |
| ᠬᠦᠷᠢᠶ᠎ᠡ ᠳᠤ ᠰᠠᠨᠠᠭᠠᠴᠢᠯᠠᠭ᠎ᠠ ᠠᠴᠠ ᠪᠠᠨ ᠨᠡᠶᠢᠯᠡᠨ ᠤᠷᠤᠵᠤ᠂ ᠮᠠᠨ ᠤ ᠤᠷᠤᠨ ᠤ ᠠᠵᠤ ᠠᠬᠤᠢ ᠪᠠᠨ ᠪᠦᠬᠦ |
| ᠤᠯᠤᠰ ᠤᠨ ᠬᠦᠭᠵᠢᠯᠲᠡ ᠶᠢᠨ ᠶᠡᠭᠡ ᠲᠠᠯ᠎ᠠ ᠳᠤ ᠬᠦᠨᠵᠡᠭᠡᠢ ᠠᠭᠤᠰᠤᠯᠴᠠᠭᠤᠯᠬᠤ ᠶᠢ ᠲᠦᠯᠬᠢᠨ ᠠᠬᠢᠭᠤᠯᠤᠨ᠎ᠠ᠃ |
| ︵ᠲᠠᠪᠤ︶ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠬᠤ ᠪᠠ ᠰᠠᠶᠢᠵᠢᠷᠠᠭᠤᠯᠵᠤ᠂ ᠠᠷᠠᠳ ᠤᠯᠠᠨ ᠤ |
| ᠠᠮᠢᠳᠤᠷᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ |
| ᠠᠵᠤ ᠦᠢᠯᠡᠰ ᠴᠤᠭᠴᠠᠯᠠᠬᠤ ᠪᠠᠷ ᠠᠵᠢᠯ ᠤᠯᠭᠤᠬᠤ ᠢᠨᠵᠧᠨᠧᠷᠢᠩ ᠢ ᠯᠠᠪᠳᠠᠭᠤᠨ ᠢᠶᠠᠷ ᠲᠦᠯᠬᠢᠨ |
| ᠠᠬᠢᠭᠤᠯᠤᠨ᠎ᠠ᠃ ᠠᠵᠢᠯ ᠤᠯᠭᠤᠬᠤ ᠨᠡᠩ ᠢᠳᠡᠪᠬᠢᠲᠠᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠤ᠂ ᠬᠤᠲᠠ |
| ᠪᠠᠯᠭᠠᠰᠤᠨ ᠳᠤ ᠠᠵᠢᠯ ᠤᠯᠭᠤᠭᠰᠠᠨ ᠬᠦᠮᠦᠰ ᠢ 25 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠶᠢ ᠦᠨᠡᠨᠬᠦ |
| ᠪᠠᠲᠤᠯᠠᠨ᠎ᠠ᠃ ᠬᠦᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ᠂ ᠦᠢᠯᠡᠴᠢᠯᠡᠭᠡᠨ ᠤ ᠦᠢᠯᠡᠰ ᠪᠤᠯᠤᠨ |
| ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠢ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠢ ᠶᠡᠬᠡᠪᠡᠷ |
| ᠬᠦᠭᠵᠢᠭᠦᠯᠦᠨ᠂ ᠵᠠᠰᠠᠭ ᠤᠨ ᠤᠷᠳᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠬᠤᠳᠠᠯᠳᠤᠨ |
| ᠠᠪᠬᠤ ᠶᠢ ᠤᠯᠠᠮ ᠨᠢᠭᠡ ᠠᠯᠬᠤᠮ ᠨᠡᠮᠡᠭᠳᠡᠭᠦᠯᠦᠨ᠂ ᠤᠯᠠᠨ ᠨᠡᠶᠢᠲᠡ ᠶᠢᠨ ᠳᠠᠳᠤᠯᠭ᠎ᠠ ᠪᠤᠯᠪᠠᠰᠤᠷᠠᠭᠤᠯᠤᠯ ᠤᠨ |
| ᠰᠠᠭᠤᠷᠢᠨ ᠭᠠᠵᠠᠷ ᠪᠤᠯᠤᠨ ᠤᠶᠤᠲᠠᠳ ᠤᠨ ᠠᠲᠠᠯ ᠦᠢᠯᠡᠰ ᠴᠤᠭᠴᠠᠯᠠᠬᠤ ᠬᠦᠷᠢᠶᠡᠯᠡᠩ ᠤᠨ ᠪᠦᠲᠦᠭᠡᠨ |
| ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠠᠵᠤ ᠠᠬᠤᠶᠢᠯᠡᠯ ᠬᠤᠷᠰᠢᠯᠴᠠᠨ ᠮᠡᠷᠭᠡᠵᠢᠯ ᠤᠨ ᠴᠢᠳᠠᠪᠤᠷᠢ ᠶᠢᠨ |
| ᠪᠤᠯᠪᠠᠰᠤᠷᠠᠭᠤᠯᠤᠯ ᠦᠷᠨᠢᠭᠦᠯᠬᠦ᠂ ᠠᠵᠢᠯ ᠲᠠᠨᠢᠯᠴᠠᠭᠤᠯᠬᠤ᠂ ᠠᠵᠢᠯ ᠤᠯᠭᠤᠬᠤ ᠦᠢᠯᠡᠴᠢᠯᠡᠭᠡ ᠬᠢᠬᠦ᠂ ᠬᠦᠳᠡᠯᠮᠦᠷᠢ |
| ᠬᠦᠴᠦ ᠶᠢ ᠭᠠᠳᠠᠭᠰᠢ ᠬᠦᠷᠭᠡᠬᠦ ᠶᠢ ᠨᠢᠭᠡ ᠴᠤᠭᠴᠠᠵᠢᠭᠤᠯᠤᠭᠰᠠᠨ ᠠᠵᠢᠯᠯᠠᠭᠠᠨ ᠤ ᠬᠡᠯᠪᠡᠷᠢ ᠮᠠᠶ᠋ᠢᠭ ᠢ ᠰᠦᠪᠡᠭᠴᠢᠯᠡᠨ |
| ᠪᠠᠶᠢᠭᠤᠯᠵᠤ᠂ ᠳᠡᠭᠡᠲᠤ ᠰᠤᠷᠭᠠᠭᠤᠯᠢ ᠲᠡᠭᠦᠰᠦᠭᠰᠡᠳ ᠢᠯᠠᠩᠭᠤᠶ᠎ᠠ ᠶᠠᠳᠠᠭᠤ ᠬᠦᠴᠢᠷᠳᠡᠯᠲᠠᠢ ᠬᠡᠷ ᠪᠦᠯᠢ ᠪᠤᠯᠤᠨ |
| ᠮᠤᠩᠭᠤᠯ ᠬᠡᠯᠡ ᠪᠠᠷ ᠬᠢᠴᠢᠶᠡᠯᠯᠡᠭᠡᠳ ᠲᠡᠭᠦᠰᠦᠭᠰᠡᠳ ᠲᠤ ᠠᠵᠢᠯ ᠤᠯᠭᠤᠬᠤ ᠶᠢ ᠠᠬᠢᠭᠤᠯᠤᠨ᠂ ᠲᠠᠷᠢᠶᠠᠴᠢᠨ ᠮᠠᠯᠴᠢᠨ |
| ᠬᠦᠴᠦ ᠶᠠᠪᠤᠭᠰᠠᠳ᠂ ᠬᠤᠲᠠ ᠪᠠᠯᠭᠠᠰᠤ ᠶᠢᠨ ᠠᠵᠢᠯ ᠤᠯᠬᠤ ᠳᠤ ᠬᠦᠴᠢᠷᠲᠠᠢ ᠬᠦᠮᠦᠰ ᠪᠤᠯᠤᠨ ᠴᠡᠷᠢᠭ ᠤᠨ |
| ᠠᠯᠪᠠᠨ ᠠᠴᠠ ᠪᠠᠭᠤᠭᠰᠠᠳ ᠲᠤ ᠠᠵᠢᠯ ᠤᠯᠭᠤᠬᠤ ᠶᠢ ᠨᠢᠭᠡᠳᠤᠯᠲᠠᠢ ᠲᠦᠯᠦᠪᠯᠡᠨ ᠰᠠᠶᠢᠲᠤᠷ ᠬᠢᠨ᠎ᠡ᠃ ᠪᠡᠶ᠎ᠡ ᠪᠠᠨ |
| ᠳᠠᠭᠠᠭᠠᠵᠤ ᠠᠲᠠᠯ ᠦᠢᠯᠡᠰ ᠴᠤᠭᠴᠠᠯᠠᠬᠤ ᠶᠢ ᠢᠳᠡᠪᠬᠢᠲᠠᠢ ᠪᠠᠷ ᠵᠤᠷᠢᠭᠵᠢᠭᠤᠯᠤᠨ ᠳᠠᠮᠵᠢᠵᠤ᠂ ᠬᠠᠮᠢᠶ᠎ᠡ ᠪᠦᠬᠦᠢ |
| ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠳᠠᠯ ᠦᠢᠯᠡᠰ ᠴᠤᠭᠴᠠᠯᠠᠬᠤ ᠶᠢᠨ |
| ᠬᠤᠷᠢᠭ᠎ᠠ ᠴᠠᠭᠠᠵᠠ ᠶᠢ ᠳᠤᠷᠤᠭᠰᠢᠯᠠᠭᠤᠯᠤᠨ᠂ ᠠᠲᠠᠯ ᠦᠢᠯᠡᠰ ᠴᠤᠭᠴᠠᠯᠠᠬᠤ ᠳᠠᠬᠢ ᠦᠢᠯᠡᠴᠢᠯᠡᠭᠡᠨ ᠤ ᠰᠠᠭᠠᠳ |
| ᠦᠭᠡᠢ ᠨᠡᠪᠲᠡᠷᠡᠬᠦ ᠵᠠᠮ ᠢ ᠨᠡᠭᠡᠭᠡᠵᠤ᠂ ᠠᠲᠠᠯ ᠦᠢᠯᠡᠰ ᠴᠤᠭᠴᠠᠯᠠᠬᠤ ᠪᠠᠷ ᠠᠵᠢᠯ ᠤᠯᠭᠤᠯᠲᠠ ᠶᠢ ᠳᠠᠶᠢᠴᠢᠯᠠᠬᠤ ᠶᠢᠨ |
| ᠳᠠᠬᠢᠨ ᠢᠶᠠᠷ ᠨᠡᠮᠡᠭᠳᠡᠬᠦᠯᠬᠦ ᠦᠢᠯᠡᠳᠦᠯ ᠢ ᠪᠠᠳᠠᠷᠠᠭᠤᠯᠵᠤ᠂ ᠵᠠᠰᠠᠭ ᠤᠨ ᠤᠷᠳᠤᠨ ᠠᠴᠠ ᠠᠲᠠᠯ ᠦᠢᠯᠡᠰ |
| ᠴᠤᠭᠴᠠᠯᠠᠬᠤ ᠶᠢ ᠵᠤᠷᠢᠭᠵᠢᠭᠤᠯᠬᠤ᠂ ᠨᠡᠶᠢᠭᠡᠮ ᠠᠴᠠ ᠠᠲᠠᠯ ᠦᠢᠯᠡᠰ ᠴᠤᠭᠴᠠᠯᠠᠬᠤ ᠶᠢ ᠳᠡᠮᠵᠢᠬᠦ᠂ |
| ᠬᠦᠳᠡᠯᠮᠦᠷᠢᠯᠡᠭᠴᠢᠳ ᠵᠤᠷᠢᠭᠲᠠᠢ ᠪᠠᠷ ᠠᠲᠠᠯ ᠦᠢᠯᠡᠰ ᠴᠤᠭᠴᠠᠯᠠᠬᠤ ᠰᠢᠨ᠎ᠡ ᠲᠤᠭᠲᠠᠴᠠ ᠶᠢ ᠪᠤᠢ ᠪᠤᠯᠭᠠᠨ᠎ᠠ᠃ |
| ᠤᠷᠤᠯᠭ᠎ᠠ ᠶᠢᠨ ᠬᠤᠪᠢᠶᠠᠷᠢᠯᠡᠯᠲᠠ ᠶᠢᠨ ᠳᠦᠷᠢᠮ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠎ᠡ᠃ |
| ᠴᠠᠯᠢᠩ ᠢᠶᠠᠷ ᠰᠢᠢᠳᠪᠦᠷᠢᠯᠡᠬᠦ ᠬᠢᠬᠡᠳ ᠬᠡᠪ ᠤᠨ ᠶᠤᠰᠤᠭᠠᠷ ᠨᠡᠮᠡᠭᠳᠡᠭᠦᠯᠬᠦ ᠲᠤᠭᠲᠠᠴᠠ ᠶᠢ ᠪᠦᠷᠢᠨᠰᠢᠭᠦᠯᠦᠨ᠂ ᠴᠠᠯᠢᠩ |
| ᠦᠭᠬᠦ ᠪᠠᠲᠤᠯᠠᠭ᠎ᠠ᠂ ᠨᠠᠭᠠᠲᠤ ᠵᠠᠬ᠎ᠠ ᠶᠢᠨ ᠴᠠᠯᠢᠩ ᠪᠤᠯᠤᠨ ᠠᠵᠤ ᠠᠬᠤᠶᠢᠯᠠᠯ ᠤᠨ ᠴᠠᠯᠢᠩ ᠢ ᠬᠠᠮᠲᠤᠪᠠᠷ ᠵᠦᠪᠳᠡᠯᠴᠡᠬᠦ |
| ᠳᠦᠷᠢᠮ ᠢ ᠲᠡᠭᠦᠯᠳᠡᠷᠵᠢᠭᠦᠯᠦᠨ᠂ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠴᠠᠯᠢᠩ ᠪᠤᠯᠤᠨ ᠨᠡᠮᠡᠭᠦᠷᠢ |
| ᠨᠦᠬᠦᠪᠦᠷᠢ ᠶᠢᠨ ᠳᠦᠷᠢᠮ ᠤᠨ ᠦᠭᠡᠷᠡᠴᠢᠯᠡᠯᠲᠠ ᠶᠢ ᠬᠦᠨᠵᠡᠭᠡᠶᠢᠷᠡᠬᠦᠯᠵᠤ᠂ ᠳᠠᠬᠢᠨ ᠬᠤᠪᠢᠶᠠᠷᠢᠯᠡᠬᠤ ᠶᠢᠨ |
| ᠲᠤᠬᠢᠷᠠᠭᠤᠯᠬᠤ ᠲᠤᠭᠲᠠᠴᠠ ᠶᠢ ᠲᠡᠭᠦᠯᠳᠡᠷᠵᠢᠭᠦᠯᠦᠨ᠂ ᠤᠯᠠᠨ ᠨᠡᠶᠢᠲᠡ ᠶᠢᠨ ᠡᠬᠢ ᠪᠠᠶᠠᠯᠢᠭ ᠢ ᠬᠢᠮᠳᠠ ᠪᠠᠷ |
| ᠬᠤᠳᠠᠯᠳᠤᠭᠰᠠᠨ ᠤ ᠠᠰᠢᠭ ᠤᠯᠵᠠᠪᠤᠷᠢ ᠶᠢ ᠵᠦᠢ ᠵᠤᠬᠢᠰᠲᠠᠢ ᠪᠠᠷ ᠬᠠᠮᠲᠤᠪᠡᠷ ᠡᠳ᠋ᠯᠡᠬᠦ ᠶᠢ ᠠᠬᠢᠭᠤᠯᠤᠨ᠎ᠠ᠃ |
| ᠲᠠᠷᠢᠶᠠᠴᠢᠨ ᠮᠠᠯᠴᠢᠳ ᠤᠨ ᠭᠠᠵᠠᠷ ᠰᠢᠷᠤᠢ᠂ ᠤᠷᠤᠨ ᠰᠠᠭᠤᠴᠠ ᠶᠢᠨ ᠰᠠᠭᠤᠷᠢ ᠭᠠᠵᠠᠷ ᠪᠤᠯᠤᠨ ᠬᠠᠮᠲᠤ ᠶᠢᠨ ᠡᠳ᠋ |
| ᠬᠦᠷᠦᠩᠭᠡ ᠶᠢᠨ ᠡᠷᠭᠡ ᠠᠰᠢᠭ ᠢ ᠬᠠᠤᠯᠢ ᠶᠤᠰᠤᠭᠠᠷ ᠪᠠᠲᠤᠯᠠᠨ᠂ ᠲᠠᠷᠢᠶᠠᠴᠢᠨ ᠮᠠᠯᠴᠢᠳ ᠤᠨ ᠡᠳ᠋ ᠬᠦᠷᠦᠩᠭᠡ ᠶᠢᠨ |
| ᠴᠢᠨᠠᠷᠲᠠᠢ ᠤᠷᠤᠯᠭ᠎ᠠ ᠶᠢ ᠨᠡᠮᠡᠭᠳᠡᠭᠦᠯᠦᠨ᠎ᠡ᠃ ᠲᠠᠷᠢᠶᠠᠴᠢᠨ ᠮᠠᠯᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ |
| ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠤ᠂ ᠠᠮᠤ ᠪᠤᠳᠠᠭ᠎ᠠ ᠬᠤᠳᠠᠯᠳᠤᠨ ᠠᠪᠬᠤ |
| ᠨᠠᠭᠠᠲᠤ ᠵᠠᠬ᠎ᠠ ᠶᠢᠨ ᠦᠨ᠎ᠡ ᠪᠤᠯᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠲᠦᠷ |
| ᠬᠤᠳᠠᠯᠳᠤᠨ ᠠᠪᠴᠤ ᠬᠠᠳᠠᠭᠠᠯᠠᠬᠤ ᠳᠦᠷᠢᠮ ᠢ ᠦᠷᠭᠦᠯᠵᠢᠯᠡᠨ ᠬᠡᠷᠡᠭᠵᠢᠭᠦᠯᠵᠤ᠂ ᠲᠡᠷᠢᠶᠠᠴᠢᠨ ᠮᠠᠯᠴᠢᠳ ᠤᠨ |
| ᠲᠦᠷᠦ ᠶᠢᠨ ᠪᠤᠳᠤᠯᠭ᠎ᠠ ᠶᠢᠨ ᠴᠢᠨᠠᠷᠲᠠᠢ ᠤᠷᠤᠯᠭ᠎ᠠ ᠶᠢ ᠨᠡᠮᠡᠭᠳᠡᠭᠦᠯᠦᠨ᠎ᠡ᠃ |
| ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠬᠦᠯᠦᠨ᠎ᠡ᠃ ᠠᠷᠠᠳ |
| ᠢᠷᠭᠡᠳ ᠤᠨ ᠬᠢᠮᠳᠠ ᠤᠷᠤᠨ ᠰᠠᠭᠤᠴᠠ ᠶᠢᠨ ᠢᠨᠵᠧᠨᠧᠷᠢᠩ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ |
| ᠬᠦᠷᠦᠩᠭᠡ ᠶᠢᠨ ᠡᠷᠭᠡ ᠶᠢ ᠬᠠᠮᠲᠤᠪᠡᠷ ᠦᠮᠴᠢᠯᠡᠬᠦ ᠶᠢ ᠰᠦᠪᠡᠭᠴᠢᠯᠡᠭᠰᠡᠨ ᠤᠷᠤᠨ ᠰᠠᠭᠤᠴᠠ ᠶᠢ ᠬᠦᠭᠵᠢᠭᠦᠯᠵᠤ᠂ |
| ᠪᠤᠭᠤᠲᠤ ᠶᠢᠨ ᠬᠤᠶᠢᠲᠤ ᠬᠢᠷ᠎ᠠ ᠵᠡᠷᠭᠡ ᠲᠦᠬᠦᠮ ᠪᠦᠳᠦᠭᠦᠯᠢᠭ ᠤᠷᠤᠨ ᠰᠠᠭᠤᠴᠠ ᠶᠢᠨ ᠲᠤᠭᠤᠷᠢᠭ ᠢ ᠰᠢᠨᠡᠳᠬᠡᠨ |
| ᠵᠠᠰᠠᠬᠤ ᠲᠦᠷᠦᠯ ᠵᠦᠢᠯ ᠢ ᠲᠦᠷᠭᠷᠳᠬᠡᠨ ᠠᠬᠢᠭᠤᠯᠵᠤ᠂ ᠬᠤᠲᠠ ᠪᠠᠯᠭᠠᠰᠤ ᠶᠢᠨ ᠪᠠᠲᠤᠯᠠᠭ᠎ᠠ ᠶᠢᠨ ᠴᠢᠨᠠᠷᠲᠠᠢ ᠤᠷᠤᠨ |
| ᠰᠠᠭᠤᠴᠠ ᠶᠢ 24 ᠲᠦᠮᠡᠨ ᠢᠵᠢ ᠰᠢᠨ᠎ᠡ ᠪᠠᠷ ᠠᠵᠢᠯ ᠡᠬᠢᠯᠡᠨ ᠪᠦᠲᠦᠭᠡᠨ ᠪᠠᠶᠢᠭᠤᠯᠵᠤ᠂ ᠲᠠᠷᠢᠶᠠᠯᠠᠬᠤ ᠮᠠᠯᠵᠢᠬᠤ |
| ᠤᠷᠤᠨ ᠤ ᠨᠤᠷᠠᠬᠤ ᠠᠶᠤᠯᠲᠠᠢ ᠬᠡᠷ ᠪᠠᠶᠢᠰᠢᠩ ᠢ 13 ᠲᠦᠮᠡᠨ ᠡᠷᠦᠬᠡ ᠠᠴᠠ ᠳᠡᠭᠡᠭᠰᠢ ᠶᠢᠨ ᠬᠢ ᠶᠢ ᠰᠢᠨᠡᠳᠬᠡᠨ |
| ᠵᠠᠰᠠᠬᠤ ᠶᠢ ᠦᠨᠡᠨᠬᠦ ᠪᠠᠲᠤᠯᠠᠨ᠎ᠠ᠃ ᠦᠨᠳᠦᠰᠦᠨ ᠡᠮᠨᠡᠯᠭᠡ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ |
| ᠦᠷᠭᠡᠳᠬᠡᠨ᠂ ᠬᠤᠲᠠ ᠪᠠᠯᠭᠠᠰᠤ ᠶᠢᠨ ᠦᠨᠳᠦᠰᠦᠨ ᠡᠮᠨᠡᠯᠭᠡ ᠶᠢᠨ ᠳᠠᠭᠠᠳᠬᠠᠯ ᠳᠤ ᠤᠷᠤᠯᠴᠠᠬᠤ ᠨᠤᠷᠮ᠎ᠠ᠂ ᠬᠦᠳᠡᠭᠡ |
| ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠡᠨ ᠡᠮᠨᠡᠯᠬᠡ ᠳᠤ ᠤᠷᠤᠯᠴᠠᠬᠤ ᠨᠤᠷᠮ᠎ᠠ ᠶᠢ 95% ᠠᠴᠠ ᠳᠡᠭᠡᠭᠰᠢ ᠳᠤ |
| ᠲᠤᠭᠲᠠᠭᠤᠨ ᠪᠠᠶᠢᠯᠭᠠᠵᠤ᠂ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠬᠡ ᠪᠤᠯᠤᠨ ᠬᠤᠲᠠ |
| ᠪᠠᠯᠭᠠᠰᠤ ᠶᠢᠨ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠤᠨ ᠵᠠᠰᠠᠭ ᠤᠨ ᠤᠷᠳᠤᠨ ᠠᠴᠠ ᠲᠤᠰᠠᠯᠠᠬᠤ |
| ᠪᠠᠷᠢᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠤᠯᠤᠰ ᠤᠨ ᠨᠢᠭᠡᠳᠦᠯᠲᠠᠢ ᠪᠠᠶᠢᠷᠢᠯᠠᠭᠤᠯᠤᠯᠲᠠ |
| ᠶᠤᠰᠤᠭᠠᠷ᠂ ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠭᠰᠠᠨ ᠬᠦᠮᠦᠰ ᠤᠨ ᠦᠨᠳᠦᠰᠦᠨ ᠨᠠᠰᠤᠵᠢᠯ ᠤᠨ |
| ᠳᠠᠭᠠᠳᠬᠠᠯ ᠳᠤ ᠲᠤᠬᠢᠷᠠᠭᠤᠯᠤᠯᠲᠠ ᠬᠢᠬᠦ ᠠᠵᠢᠯ ᠢ ᠰᠠᠶᠢᠲᠤᠷ ᠬᠢᠵᠤ᠂ ᠠᠵᠤ ᠠᠬᠤᠶᠢᠯᠠᠯ ᠤᠨ ᠠᠵᠢᠯᠲᠠᠨ |
| ᠠᠵᠢᠯᠲᠠᠳ ᠤᠨ ᠦᠨᠳᠦᠰᠦᠨ ᠨᠠᠰᠤᠵᠢᠯ ᠤᠨ ᠳᠠᠭᠠᠳᠬᠠᠯ᠂ ᠬᠤᠲᠠ ᠪᠠᠯᠭᠠᠰᠤ ᠶᠢᠨ ᠦᠨᠳᠦᠰᠦᠨ ᠡᠮᠨᠡᠯᠭᠡ ᠶᠢᠨ |
| ᠳᠠᠭᠠᠳᠬᠠᠯ ᠤᠨ ᠬᠠᠷᠢᠴᠠᠭ᠎ᠠ ᠶᠢᠨ ᠰᠢᠯᠵᠢᠭᠦᠯᠦᠨ ᠦᠷᠭᠦᠯᠵᠢᠯᠡᠭᠦᠯᠭᠦ ᠠᠷᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ |
| ᠪᠦᠬᠦ ᠤᠷᠤᠨ ᠳᠤ ᠰᠠᠭᠠᠳ ᠦᠭᠡᠢ ᠦᠷᠭᠦᠯᠵᠢᠯᠡᠭᠦᠯᠬᠦ ᠶᠢ ᠪᠡᠶᠡᠯᠡᠭᠦᠯᠦᠨ᠎ᠡ᠃ ᠨᠡᠶᠢᠭᠡᠮ ᠤᠨ ᠲᠡᠩᠬᠡᠷᠡᠭᠦᠯᠦᠨ |
| ᠲᠤᠰᠠᠯᠠᠬᠤ ᠳᠦᠷᠢᠮ ᠢ ᠲᠡᠭᠦᠯᠳᠡᠷᠵᠢᠭᠦᠯᠦᠨ᠂ ᠬᠤᠲᠠ ᠬᠦᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ |
| ᠂ ᠲᠠᠷᠢᠶᠠᠯᠠᠬᠤ ᠮᠠᠯᠵᠢᠬᠤ ᠤᠷᠤᠨ ᠤ ︽ᠲᠠᠪᠤᠨ ᠪᠠᠲᠤᠯᠠᠭ᠎ᠠ︾ ᠪᠤᠯᠤᠨ ᠬᠤᠲᠠ ᠬᠦᠳᠡᠭᠡ ᠶᠢᠨ ᠡᠮᠨᠡᠯᠭᠡ ᠶᠢᠨ |
| ᠲᠡᠩᠭᠡᠷᠡᠬᠦᠯᠦᠨ ᠲᠤᠰᠠᠯᠠᠬᠤ ᠬᠢᠷᠢ ᠬᠡᠮᠵᠢᠶ᠎ᠡ ᠶᠢ ᠲᠤᠭᠲᠠᠭᠤᠨ ᠢᠶᠠᠷ ᠳᠡᠭᠡᠭᠰᠢᠯᠡᠬᠦᠯᠵᠤ᠂ ᠦᠨᠦᠴᠢᠨ ᠬᠡᠤᠭᠡᠳ᠂ ︽ |
| ᠭᠤᠷᠪᠠ ᠦᠭᠡᠢ︾ ᠬᠦᠮᠦᠰ ᠪᠤᠯᠤᠨ ︽ᠭᠤᠷᠪᠠᠨ ᠵᠦᠢᠯ ᠤᠨ ᠠᠷᠠᠳ︾ ᠢ ᠠᠰᠠᠷᠠᠬᠤ ᠪᠠᠷᠢᠮᠵᠢᠶ᠎ᠠ ᠶᠢ |
| | ᠶᠠᠳᠠᠭᠤ ᠶᠢ ᠲᠡᠳᠭᠦᠬᠦ ᠪᠠᠬᠢᠯᠡᠯᠲᠡ ᠲᠠᠭᠠᠷᠢᠬᠤ ᠢᠨᠵᠧᠨᠧᠷᠢᠩ ᠢ ᠶᠡᠬᠡᠪᠡᠷ ᠲᠦᠯᠬᠢᠨ ᠠᠬᠢᠭᠤᠯᠤᠨ᠎ᠠ᠃ |
| ᠶᠠᠳᠠᠭᠤ ᠶᠢ ᠲᠡᠳᠭᠦᠬᠦ ᠨᠡᠭᠡᠭᠡᠨ ᠬᠦᠭᠵᠢᠭᠦᠯᠬᠦ ᠠᠵᠢᠯ ᠤᠨ ᠲᠤᠭᠲᠠᠴᠠ ᠶᠢ ᠰᠢᠨ᠎ᠡ ᠪᠠᠷ ᠡᠭᠦᠳᠴᠤ᠂ ᠶᠠᠳᠠᠭᠤ ᠶᠢ |
| ᠲᠡᠳᠭᠦᠬᠦ ᠤᠷᠤᠭᠤᠯᠤᠯᠲᠠ ᠶᠢᠨ ᠡᠷᠴᠢᠮ ᠢ ᠨᠡᠮᠡᠭᠳᠡᠭᠦᠯᠦᠨ᠂ ᠵᠠᠯᠭᠠᠯᠳᠤᠭᠰᠠᠨ ᠬᠡᠰᠡᠭ ᠢᠶᠠᠷ ᠨᠡᠭᠡᠭᠡᠨ ᠬᠦᠭᠵᠢᠭᠦᠯᠬᠦ᠂ |
| ᠪᠦᠬᠦᠶᠢᠯᠡ ᠲᠤᠰᠬᠤᠨ ᠢᠶᠠᠷ ᠲᠦᠯᠬᠢᠨ ᠠᠬᠢᠭᠤᠯᠬᠤ᠂ ᠶᠠᠳᠠᠭᠤ ᠶᠢ ᠲᠡᠳᠭᠦᠨ ᠠᠷᠠᠳ ᠢ ᠨᠡᠭᠦᠯᠬᠡᠬᠦ ᠢᠨᠵᠧᠨᠧᠷᠢᠩ ᠢ |
| ᠬᠦᠨᠵᠡᠭᠡᠢ ᠬᠡᠷᠡᠭᠵᠢᠭᠦᠯᠵᠤ᠂ ᠠᠵᠢᠯ ᠲᠦᠷᠦᠯ ᠤᠨ ᠰᠢᠰᠲ᠋ᠧᠮ ᠢᠶᠠᠷ ᠲᠤᠰᠠᠯᠠᠬᠤ᠂ ᠲᠤᠭᠲᠠᠭᠰᠠᠨ ᠴᠢᠭ᠋ ᠢᠶᠠᠷ |
| ᠶᠠᠳᠠᠭᠤ ᠶᠢ ᠲᠡᠳᠭᠦᠬᠦ ᠪᠠ ᠤᠳᠤᠷᠢᠳᠬᠤ ᠺᠠᠳ᠋ᠷ ᠶᠠᠳᠠᠭᠤ ᠬᠦᠴᠢᠷᠳᠡᠯᠲᠠᠢ ᠬᠤᠰᠢᠭᠤ ᠰᠢᠶᠠᠨ ᠯᠦᠭᠡ ᠬᠠᠷᠢᠯᠴᠠᠬᠤ |
| ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠤ᠂ ᠨᠠᠷᠢᠯᠢᠭ ᠤᠨᠤᠪᠴᠢᠲᠠᠢ ᠪᠠᠷ ᠶᠠᠳᠠᠭᠤ ᠶᠢ ᠲᠡᠳᠭᠦᠬᠦ ᠶᠢ |
| ᠬᠡᠷᠡᠭᠵᠢᠭᠦᠯᠵᠤ᠂ ᠲᠦᠯᠦᠪᠵᠢᠭᠦᠯᠬᠡ᠂ ᠲᠦᠷᠦᠯ ᠵᠦᠢᠯ᠂ ᠺᠠᠳ᠋ᠷ ᠵᠡᠷᠭᠡ ︽ᠭᠤᠷᠪᠠ ᠶᠢ ᠲᠤᠰᠬᠤᠨ ᠬᠢᠭᠡᠳ |
| ᠡᠷᠦᠬᠡ ᠳᠤ ᠬᠦᠷᠦᠭᠦᠯᠬᠦ︾ ᠠᠵᠢᠯ ᠢ ᠪᠦᠬᠦ ᠲᠠᠯ᠎ᠠ ᠪᠠᠷ ᠡᠬᠢᠯᠡᠭᠦᠯᠦᠨ᠂ ᠶᠠᠳᠠᠭᠤ ᠬᠦᠴᠢᠷᠳᠡᠯᠲᠠᠢ ᠬᠦᠮᠦᠨ ᠠᠮᠠ ᠶᠢ |
| 40 ᠲᠦᠮᠡ ᠪᠠᠭᠠᠰᠬᠠᠬᠤ᠂ ᠶᠠᠳᠠᠭᠤ ᠬᠦᠴᠢᠷᠳᠡᠯᠲᠠᠢ ᠬᠦᠮᠦᠨ ᠠᠮᠠ ᠶᠢᠨ ᠬᠦᠮᠦᠨ ᠪᠦᠷᠢ ᠶᠢᠨ ᠳᠤᠮᠳᠠᠴᠢ |
| ᠤᠷᠤᠯᠭ᠎ᠠ ᠶᠢ 15% ᠠᠴᠠ ᠳᠡᠭᠡᠭᠰᠢ ᠪᠠᠷ ᠨᠡᠮᠡᠭᠳᠡᠭᠦᠯᠬᠦ᠂ ᠶᠠᠳᠠᠭᠤ ᠬᠦᠴᠢᠷᠳᠡᠯᠲᠠᠢ ᠭᠠᠵᠠᠷ ᠤᠷᠤᠨ ᠤ ᠤᠯᠠᠨ |
| ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠠᠷᠢᠮᠵᠢᠶ᠎ᠠ ᠶᠢᠨ ᠨᠡᠮᠡᠭᠳᠡᠯ ᠤᠨ ᠬᠡᠮᠵᠢᠶ᠎ᠡ ᠶᠢ ᠪᠦᠬᠦ ᠤᠷᠤᠨ ᠤ ᠳᠤᠮᠳᠠᠴᠢ |
| ᠬᠢᠷᠢ ᠬᠡᠮᠵᠢᠶ᠎ᠡ ᠠᠴᠠ ᠳᠡᠭᠡᠭᠦᠷ ᠪᠤᠯᠭᠠᠬᠤ ᠪᠠᠷ ᠴᠢᠷᠮᠠᠶᠢᠨ᠂ ᠴᠦᠬᠡᠨ ᠲᠤᠭᠠᠲᠤ ᠦᠨᠳᠦᠰᠦᠲᠡᠨ ᠤ ᠶᠠᠳᠠᠭᠤ |
| ᠬᠦᠴᠢᠷᠳᠡᠯᠲᠠᠢ ᠬᠦᠮᠦᠨ ᠠᠮᠠ ᠶᠢ ᠶᠠᠳᠠᠭᠤ ᠠᠴᠠ ᠨᠢ ᠠᠩᠬᠢᠵᠢᠷᠠᠭᠤᠯᠵᠤ ᠪᠠᠶᠠᠵᠢᠭᠤᠯᠬᠤ ᠠᠰᠠᠭᠤᠳᠠᠯ ᠢ ᠦᠨᠡᠨᠬᠦ |
| | ᠨᠡᠶᠢᠭᠡᠮ ᠤᠨ ᠦᠢᠯᠡᠰ ᠢ ᠲᠦᠷᠭᠡᠳᠬᠡᠨ ᠬᠦᠭᠵᠢᠭᠦᠯᠦᠨ᠎ᠡ᠃ ᠰᠤᠷᠭᠠᠨ ᠬᠦᠮᠦᠵᠢᠯ ᠤᠨ ᠬᠦᠷᠢᠶᠡᠨ ᠤ |
| ᠶᠡᠷᠦᠩᠬᠡᠶᠢᠯᠡᠭᠰᠡᠨ ᠦᠬᠡᠷᠡᠴᠢᠯᠡᠯᠲᠡ ᠶᠢ ᠬᠦᠨᠵᠡᠭᠡᠶᠢᠷᠡᠭᠦᠯᠦᠨ᠂ ᠰᠤᠷᠭᠠᠨ ᠬᠦᠮᠦᠵᠢᠯ ᠤᠨ ᠤᠷᠤᠭᠤᠯᠤᠯᠲᠠ ᠶᠢ |
| ᠨᠡᠮᠡᠭᠳᠡᠬᠦᠯᠵᠤ᠂ ᠪᠦᠬᠦ ᠤᠷᠤᠨ ᠤ ᠬᠤᠶᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ |
| ᠬᠦᠮᠦᠵᠢᠯ ᠤᠨ ᠭᠤᠷᠪᠠᠨ ᠵᠢᠯ ᠤᠨ ᠠᠵᠢᠯᠯᠠᠭ᠎ᠠ ᠶᠢᠨ ᠲᠦᠯᠦᠪᠯᠡᠭᠡ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ |
| ᠰᠤᠷᠭᠠᠭᠤᠯᠢ ᠶᠢ ᠪᠠᠷᠢᠮᠵᠢᠶᠠᠵᠢᠭᠤᠯᠬᠤ᠂ ᠳᠤᠮᠳᠠᠲᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ |
| ᠰᠠᠭᠤᠷᠢ ᠴᠢᠳᠠᠪᠤᠷᠢ ᠪᠠ ᠳᠡᠭᠡᠲᠤ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ ᠰᠢᠨ᠎ᠡ ᠶᠢ |
| ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠦᠨ᠎ᠡ᠃ ᠠᠯᠪᠠᠨ |
| ᠵᠢᠷᠤᠮ ᠤᠨ ᠰᠤᠷᠭᠠᠨ ᠬᠦᠮᠦᠵᠢᠯ ᠢ ᠲᠡᠩᠴᠡᠭᠦᠷᠢᠲᠠᠢ ᠬᠦᠭᠵᠢᠭᠦᠯᠬᠦ ᠶᠢ ᠲᠦᠯᠬᠢᠨ ᠠᠬᠢᠭᠤᠯᠵᠤ᠂ ᠬᠤᠲᠠ |
| ᠬᠦᠳᠡᠭᠡ ᠶᠢᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠡᠬᠢ ᠪᠠᠶᠠᠯᠢᠭ ᠢ ᠨᠢᠭᠡᠳᠦᠯᠲᠠᠢ ᠲᠦᠯᠦᠪᠯᠡᠨ᠂ ᠬᠤᠲᠠ |
| ᠤᠷᠤᠵᠤ ᠬᠦᠴᠦ ᠶᠠᠪᠤᠵᠤ ᠪᠠᠶᠢᠭ᠎ᠠ ᠬᠦᠮᠦᠰ ᠢ ᠳᠠᠭᠠᠵᠤ ᠨᠡᠭᠦᠭᠰᠡᠨ ᠦᠷ᠎ᠡ ᠬᠡᠤᠬᠡᠳ ᠤᠨ ᠰᠤᠷᠭᠠᠭᠤᠯᠢ ᠳᠤ |
| ᠤᠷᠤᠬᠤ ᠳᠤ ᠬᠦᠴᠢᠷ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠮᠠᠨ ᠤ ᠤᠷᠤᠨ ᠤ ᠠᠵᠤ ᠠᠬᠤᠢ ᠶᠢᠨ |
| ᠬᠡᠯᠪᠡᠷᠢ ᠪᠠᠨ ᠬᠤᠪᠢᠷᠠᠭᠤᠯᠬᠤ ᠪᠠ ᠨᠡᠶᠢᠭᠡᠮ ᠤᠨ ᠬᠡᠷᠡᠭᠴᠡᠭᠡ ᠳᠤ ᠲᠤᠬᠢᠷᠠᠯᠴᠠᠭᠰᠠᠨ ᠤᠳᠤ ᠦᠶ᠎ᠡ ᠶᠢᠨ ᠠᠵᠢᠯ |
| ᠮᠡᠷᠭᠡᠵᠢᠯ ᠤᠨ ᠰᠤᠷᠭᠠᠨ ᠬᠦᠮᠦᠵᠢᠯ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠳᠡᠭᠡᠲᠤ ᠰᠤᠷᠭᠠᠭᠤᠯᠢ ᠪᠤᠯᠤᠨ |
| ᠠᠵᠤ ᠠᠬᠤᠶᠢᠯᠠᠯ ᠤᠨ ᠦᠢᠯᠡᠳᠪᠦᠷᠢᠯᠡᠬᠦ ᠵᠢᠭᠠᠬᠤ ᠰᠤᠳᠤᠯᠬᠤ ᠬᠤᠷᠰᠢᠯᠴᠠᠭ᠎ᠠ ᠶᠢ ᠠᠬᠢᠭᠤᠯᠵᠤ᠂ ᠰᠢᠯᠭᠠᠯᠲᠠ ᠪᠠᠷ |
| ᠰᠤᠷᠤᠭᠴᠢ ᠡᠯᠰᠡᠬᠦ ᠲᠦᠷᠢᠮ ᠤᠨ ᠦᠭᠡᠷᠡᠴᠢᠯᠡᠯᠲᠡ ᠶᠢ ᠢᠳᠡᠪᠬᠢᠲᠠᠢ ᠪᠠᠷ ᠲᠦᠯᠬᠢᠨ ᠠᠬᠢᠭᠤᠯᠤᠨ᠎ᠠ᠃ ᠳᠡᠭᠡᠲᠤ |
| ᠰᠤᠷᠭᠠᠭᠤᠯᠢ ᠶᠢᠨ ᠴᠢᠳᠠᠪᠤᠷᠢᠲᠠᠨ ᠬᠦᠮᠦᠵᠢᠬᠦᠯᠬᠦ ᠲᠤᠭᠲᠠᠴᠠ ᠶᠢᠨ ᠰᠢᠨ᠎ᠡ ᠶᠢ ᠡᠭᠦᠳᠴᠤ᠂ ᠳᠡᠭᠡᠲᠤ ᠰᠤᠷᠭᠠᠭᠤᠯᠢ |
| ᠨᠤᠭᠤᠳ ᠤᠨ ᠤᠨᠴᠠᠯᠢᠭ ᠲᠠᠢ ᠪᠠᠷ ᠰᠤᠷᠭᠠᠭᠤᠯᠢ ᠡᠷᠬᠢᠯᠡᠬᠦ ᠶᠢ ᠳᠡᠮᠵᠢᠵᠤ᠂ ᠲᠡᠷᠢᠭᠦᠨ ᠤ ᠰᠤᠷᠭᠠᠭᠤᠯᠢ ᠶᠢ ᠡᠭᠦᠳᠦᠨ |
| ᠪᠠᠶᠢᠭᠤᠯᠬᠤ ᠪᠠᠷ ᠴᠢᠷᠮᠠᠶᠢᠨ᠎ᠠ᠃ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ ᠠᠵᠢᠯ ᠢ ᠰᠠᠶᠢᠲᠤᠷ ᠠᠳᠬᠤᠵᠤ᠂ |
| ᠲᠡᠷᠢᠶᠠᠯᠠᠬᠤ ᠮᠠᠯᠵᠢᠬᠤ ᠤᠷᠤᠨ ᠤ ᠬᠦᠴᠢᠷᠳᠡᠯᠲᠠᠢ ᠬᠡᠷ ᠪᠦᠯᠢ᠂ ᠬᠤᠲᠠ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ |
| ᠪᠠᠲᠤᠯᠠᠭ᠎ᠠ ᠬᠦᠷᠲᠡᠵᠤ ᠪᠠᠶᠢᠭ᠎ᠠ ᠬᠡᠷ ᠪᠦᠯᠢ ᠠᠴᠠ ᠶᠡᠭᠡ ᠰᠤᠷᠭᠠᠭᠤᠯᠢ ᠶᠢᠨ ᠵᠢᠩᠬᠢᠨᠢ ᠠᠩᠬᠢ᠂ ᠶᠡᠭᠡ ᠰᠤᠷᠭᠠᠭᠤᠯᠢ |
| ᠪᠤᠯᠤᠨ ᠳᠡᠬᠡᠲᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠰᠢᠯᠭᠠᠭᠤᠯᠤᠨ ᠤᠷᠤᠭᠰᠠᠨ ᠰᠤᠷᠤᠭᠴᠢᠳ ᠲᠤ |
| ᠬᠦᠴᠢᠷᠳᠡᠯ ᠤᠨ ᠲᠤᠰᠠᠯᠠᠮᠵᠢ ᠤᠯᠭᠤᠵᠤ᠂ ᠶᠠᠳᠠᠭᠤ ᠬᠦᠴᠢᠷᠳᠡᠯᠲᠠᠢ ᠬᠡᠷ ᠪᠦᠯᠢ ᠶᠢᠨ ᠰᠤᠷᠤᠭᠴᠢᠳ ᠢ ᠡᠬᠢᠯᠡᠯᠲᠡ ᠶᠢᠨ |
| ᠱᠤᠭᠤᠮ ᠳᠡᠭᠡᠷ᠎ᠡ ᠨᠢ ᠶᠠᠭᠠᠬᠢᠭᠰᠠᠨ ᠴᠤ ᠢᠯᠠᠭᠳᠠᠭᠤᠯᠬᠤ ᠦᠭᠡᠢ ᠪᠤᠯᠭᠠᠨ᠎ᠠ ᠃ ᠦᠨᠳᠦᠰᠦᠲᠡᠨ ᠤ ᠰᠤᠷᠭᠠᠨ |
| ᠬᠦᠮᠦᠵᠢᠯ ᠢ ᠡᠩ ᠲᠡᠷᠢᠭᠦᠨ ᠳᠤ ᠭᠤᠤᠯᠳᠠᠯᠭ᠎ᠠ ᠲᠠᠢ ᠬᠦᠭᠵᠢᠭᠦᠯᠦᠨ᠂ ᠦᠨᠳᠦᠰᠦᠲᠡᠨ ᠤ ᠰᠤᠷᠭᠠᠨ ᠬᠦᠮᠦᠵᠢᠯ ᠤᠨ |
| ᠬᠦᠭᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠬᠦᠯᠬᠦ ᠢᠨᠵᠧᠨᠧᠷᠢᠩ ᠢ ᠶᠡᠬᠡᠪᠡᠷ ᠲᠦᠯᠬᠢᠨ ᠠᠬᠢᠭᠤᠯᠵᠤ᠂ |
| ᠦᠨᠳᠦᠰᠦᠲᠡᠨ ᠤ ᠰᠤᠷᠭᠠᠨ ᠬᠦᠮᠦᠵᠢᠯ ᠤᠨ ᠴᠢᠳᠠᠪᠤᠷᠢᠲᠠᠨ ᠬᠦᠮᠦᠵᠢᠬᠦᠯᠬᠦ ᠵᠠᠭᠪᠤᠷ ᠤᠨ ᠦᠭᠡᠷᠡᠴᠢᠯᠡᠯᠲᠡ ᠶᠢ |
| ᠬᠢᠨᠠᠮᠠᠭᠠᠢ ᠵᠤᠬᠢᠶᠠᠨ ᠪᠠᠶᠢᠭᠤᠯᠤᠨ ᠬᠡᠷᠡᠭᠵᠢᠭᠦᠯᠵᠤ᠂ ᠮᠤᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ |
| ᠵᠠᠩᠬᠢᠵᠢᠭᠤᠯᠬᠤ᠂ ᠰᠦᠯᠵᠢᠶᠡᠵᠢᠭᠦᠯᠬᠦ ᠪᠠᠶᠢᠭᠤᠯᠤᠯᠲᠠ ᠶᠢ ᠲᠦᠷᠭᠡᠳᠬᠡᠨ᠎ᠡ᠃ ᠪᠠᠭᠰᠢᠯᠠᠭᠴᠢᠳ ᠤᠨ ᠡᠩᠨᠡᠭᠡ ᠪᠠ |
| ᠰᠤᠷᠭᠠᠨ ᠬᠦᠮᠦᠵᠢᠯ ᠤᠨ ᠮᠡᠳᠡᠭᠡ ᠵᠠᠩᠬᠢᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠂ ᠰᠤᠷᠭᠠᠨ ᠬᠦᠮᠦᠵᠢᠯ ᠤᠨ |
| ᠡᠬᠢ ᠪᠠᠶᠠᠯᠢᠭ ᠢ ᠲᠠᠷᠢᠶᠠᠯᠠᠬᠤ ᠮᠠᠯᠵᠢᠬᠤ ᠤᠷᠤᠨ ᠪᠤᠯᠤᠨ ᠶᠠᠳᠠᠭᠤ ᠬᠦᠴᠢᠷᠳᠡᠯᠲᠠᠢ ᠭᠠᠵᠠᠷ ᠤᠷᠤᠨ ᠲᠠᠰᠢ |
| ᠬᠡᠯᠪᠡᠶᠢᠯᠬᠡᠬᠦ ᠶᠢ ᠲᠦᠯᠬᠢᠨ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠦᠭᠵᠢᠯᠲᠡ ᠶᠢ |
| ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠦᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ 10 |
| ᠭᠤᠤᠯᠳᠠᠯᠭ᠎ᠠ ᠲᠠᠢ ᠡᠷᠡᠭᠦᠯ ᠬᠠᠮᠠᠭᠠᠯᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ |
| ᠦᠪᠦᠷ ᠮᠤᠩᠭᠤᠯ ᠤᠨ ᠡᠮᠨᠡᠯᠭᠡ ᠶᠢᠨ ᠬᠤᠷᠢᠶᠠᠨ ᠤ ᠡᠬᠦᠳᠡᠨ ᠡᠮᠨᠡᠯᠬᠡ ᠶᠢᠨ ᠠᠰᠠᠷ ᠵᠡᠷᠭᠡ 3 ᠲᠦᠷᠦᠯ ᠵᠦᠢᠯ ᠢ |
| ᠪᠠᠶᠢᠭᠤᠯᠤᠨ ᠪᠦᠲᠦᠭᠡᠬᠦ ᠶᠢᠨ ᠬᠠᠮᠲᠤ ᠠᠰᠢᠭᠯᠠᠯᠲᠠ ᠳᠤ ᠤᠷᠤᠭᠤᠯᠤᠨ ᠬᠡᠷᠡᠭᠯᠡᠬᠦᠯᠬᠦ᠂ ᠠᠨᠠᠭᠠᠬᠤ ᠤᠬᠠᠭᠠᠨ ᠤ ᠶᠡᠭᠡ |
| ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠬᠡ ᠶᠢᠨ ᠬᠤᠷᠢᠶ᠎ᠡ ᠵᠡᠷᠭᠡ 7 ᠲᠦᠷᠦᠯ ᠵᠦᠢᠯ ᠤᠨ ᠪᠠᠷᠢᠯᠭ᠎ᠠ |
| ᠡᠬᠢᠯᠡᠬᠦᠯᠵᠤ ᠪᠦᠲᠦᠭᠡᠨ ᠪᠠᠶᠢᠭᠤᠯᠬᠤ ᠶᠢ ᠦᠨᠡᠨᠬᠦ ᠪᠠᠲᠤᠯᠠᠨ᠎ᠠ᠃ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ |
| ᠬᠤᠷᠢᠶ᠎ᠠ ᠵᠡᠷᠭᠡ ᠦᠨᠳᠦᠰᠦᠨ ᠱᠠᠲᠤᠨ ᠤ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ |
| ᠦᠭᠡᠷᠡᠴᠢᠯᠡᠯᠲᠡ ᠶᠢ ᠬᠦᠨᠵᠡᠭᠡᠶᠢᠷᠡᠭᠦᠯᠵᠤ᠂ ᠦᠨᠳᠦᠰᠦᠨ ᠱᠠᠲᠤᠨ ᠤ ᠡᠮᠨᠡᠯᠭᠡ ᠡᠷᠡᠬᠦᠯ ᠬᠠᠮᠠᠭᠠᠯᠠᠯ ᠤᠨ |
| ᠦᠢᠯᠡᠴᠢᠯᠡᠭᠡᠨ ᠤ ᠲᠤᠤᠷ ᠰᠦᠯᠵᠢᠶ᠎ᠡ ᠪᠠ ᠡᠮᠴᠢᠯᠡᠭᠡ ᠶᠢᠨ ᠡᠩᠨᠡᠬᠡᠨ ᠤ ᠪᠠᠶᠢᠭᠤᠯᠤᠯᠲᠠ ᠶᠢ ᠴᠢᠩᠭᠠᠳᠬᠠᠨ᠂ ᠰᠦᠷᠢᠶ᠎ᠡ |
| ᠡᠪᠠᠳᠴᠢᠨ ᠵᠡᠷᠭᠡ ᠬᠦᠨᠲᠤ ᠶᠡᠭᠡ ᠡᠪᠳᠴᠢᠨ ᠡᠮᠬᠡᠭ ᠢ ᠰᠡᠷᠬᠡᠶᠢᠯᠡᠨ ᠬᠢᠵᠠᠭᠠᠷᠯᠠᠬᠤ ᠶᠢ ᠴᠢᠩᠭᠠᠳᠬᠠᠨ᠎ᠠ᠃ ᠮᠤᠩᠭᠤᠯ |
| ᠬᠢᠲᠠᠳ ᠡᠮ ᠡᠮᠨᠡᠯᠭᠡ ᠶᠢᠨ ᠦᠢᠯᠡᠰ ᠤᠨ ᠬᠦᠭᠵᠢᠯᠲᠡ ᠶᠢ ᠲᠦᠷᠭᠡᠳᠬᠡᠨ᠂ ᠪᠠᠶᠢᠷᠢᠰᠢᠭᠤᠯᠤᠯ ᠨᠢ ᠵᠦᠢ ᠵᠤᠬᠢᠰᠲᠠᠢ᠂ |
| ᠴᠢᠳᠠᠮᠵᠢ ᠪᠡ ᠪᠦᠷᠢᠨ ᠲᠡᠭᠦᠯᠳᠡᠷ ᠪᠦᠬᠦᠢ ᠮᠤᠩᠭᠤᠯ ᠬᠢᠲᠠᠳ ᠡᠮᠨᠡᠯᠭᠡ ᠶᠢᠨ ᠡᠮᠴᠢᠯᠡᠭᠡ᠂ ᠵᠢᠭᠠᠨ ᠰᠤᠷᠭᠠᠯᠲᠠ ᠪᠠ |
| ᠰᠢᠨᠵᠢᠯᠡᠬᠦ ᠤᠬᠠᠭᠠᠨ ᠤ ᠰᠤᠳᠤᠯᠤᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ |
| ᠰᠤᠷᠭᠠᠨ ᠬᠦᠮᠦᠵᠢᠯ᠂ ᠰᠤᠶᠤᠯ᠂ ᠡᠮᠨᠡᠯᠭᠡ ᠵᠡᠷᠭᠡ ᠨᠡᠶᠢᠭᠡᠮ ᠤᠨ ᠦᠢᠯᠡᠰ ᠤᠨ ᠬᠦᠭᠵᠢᠯᠲᠡ ᠳᠤ ᠨᠡᠶᠢᠭᠡᠮ ᠤᠨ |
| ᠬᠦᠷᠦᠩᠭᠡ ᠶᠢᠨ ᠤᠷᠤᠯᠴᠠᠬᠤ ᠶᠢ ᠵᠤᠷᠢᠭᠵᠢᠭᠤᠯᠤᠨ᠎ᠠ᠃ ᠲᠦᠯᠦᠪᠯᠡᠭᠡᠲᠤ ᠦᠷᠡᠵᠢᠯ ᠤᠨ ᠲᠤᠬᠠᠢ ᠤᠯᠤᠰ ᠤᠨ |
| ᠦᠨᠳᠦᠰᠦᠨ ᠪᠤᠳᠤᠯᠭ᠎ᠠ ᠶᠢ ᠪᠠᠷᠢᠮᠲᠠᠯᠠᠨ᠂ ᠳᠤᠤᠷ᠎ᠠ ᠦᠷᠡᠵᠢᠯ ᠤᠨ ᠬᠢᠷᠢ ᠬᠡᠮᠵᠢᠶ᠎ᠡ ᠶᠢ ᠦᠷᠬᠦᠯᠵᠢᠯᠡᠨ ᠲᠤᠭᠲᠠᠭᠤᠨ |
| ᠪᠠᠶᠢᠯᠭᠠᠵᠤ᠂ ᠨᠢᠭᠡ ᠨᠢ ᠦᠷ᠎ᠡ ᠶᠢᠨ ᠭᠠᠭᠴᠠ ᠪᠠᠶᠢᠬᠤ ᠡᠷ᠎ᠡ ᠡᠮ᠎ᠡ ᠬᠤᠶᠠᠳᠤᠭᠠᠷ ᠬᠡᠤᠭᠡᠳ ᠠᠪᠴᠤ ᠪᠤᠯᠬᠤ |
| ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠤ᠂ ᠲᠦᠷᠦᠯᠲᠡ ᠶᠢᠨ ᠳᠤᠲᠠᠭᠤ ᠲᠤᠷᠭᠤᠨ ᠤ ᠨᠢᠭᠡᠳᠤᠬᠡᠷ ᠳᠡᠰ ᠤᠨ |
| ᠤᠷᠢᠳᠴᠢᠯᠠᠨ ᠰᠡᠷᠬᠡᠶᠢᠯᠡᠬᠦ ᠢᠨᠵᠧᠨᠧᠷᠢᠩ ᠢ ᠦᠷᠨᠢᠭᠦᠯᠦᠨ᠂ ᠲᠦᠷᠦᠬᠦ ᠬᠦᠮᠦᠨ ᠠᠮᠠ ᠶᠢᠨ ᠴᠢᠨᠠᠷ ᠴᠢᠨᠰᠠᠭ᠎ᠠ ᠶᠢ |
| ᠳᠡᠭᠡᠭᠰᠢᠯᠡᠭᠦᠯᠦᠨ᠎ᠡ᠃ ᠪᠦᠬᠦ ᠠᠷᠠᠳ ᠤᠨ ᠪᠡᠶ᠎ᠡ ᠪᠤᠯᠪᠠᠰᠤᠷᠠᠭᠤᠯᠬᠤ ᠬᠦᠳᠡᠯᠬᠡᠬᠡᠨ ᠢ ᠦᠷᠭᠡᠨ ᠢᠶᠠᠷ ᠦᠷᠨᠢᠭᠦᠯᠦᠨ᠂ |
| ᠤᠯᠠᠨ ᠲᠦᠮᠡᠨ ᠤ ᠪᠡᠶ᠎ᠡ ᠲᠠᠮᠢᠷ ᠪᠤᠯᠤᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠵᠤᠬᠢᠴᠠᠩᠭᠤᠢ ᠪᠠᠷ ᠬᠦᠭᠵᠢᠬᠦ ᠶᠢ |
| ᠠᠬᠢᠭᠤᠯᠤᠨ᠎ᠠ᠃ ᠪᠦᠬᠦ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠡᠶ᠎ᠡ ᠲᠠᠮᠢᠷ ᠤᠨ ᠴᠤᠭᠯᠠᠭᠠᠨ ᠢ |
| ᠰᠠᠶᠢᠲᠤᠷ ᠡᠷᠬᠢᠯᠡᠵᠤ᠂ ᠬᠦᠮᠦᠨ ᠠᠮᠠ ᠶᠢᠨ ᠦᠳᠡᠭᠦᠰᠵᠢᠬᠦ ᠶᠢ ᠢᠳᠡᠪᠬᠢᠲᠠᠢ ᠪᠠᠷ ᠠᠷᠭᠠᠴᠠᠵᠤ᠂ ᠦᠳᠡᠭᠦᠰ ᠤᠨ |
| ᠦᠢᠯᠡᠰ ᠪᠤᠯᠤᠨ ᠨᠠᠰᠤᠲᠠᠶᠢᠴᠤᠳ ᠲᠤ ᠦᠢᠯᠡᠴᠢᠯᠡᠬᠦ ᠠᠵᠤ ᠦᠢᠯᠡᠰ ᠢ ᠲᠦᠷᠭᠡᠳᠬᠡᠨ ᠬᠦᠭᠵᠢᠭᠦᠯᠵᠤ᠂ ᠨᠡᠶᠢᠭᠡᠮ ᠤᠨ |
| ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠤ᠂ ᠨᠠᠰᠤᠵᠢᠯ ᠤᠨ ᠦᠢᠯᠡᠰ ᠤᠨ |
| ᠬᠦᠭᠵᠢᠯᠲᠡ ᠳᠤ ᠠᠷᠠᠳ ᠤᠨ ᠬᠦᠷᠦᠩᠭᠡ ᠶᠢᠨ ᠤᠷᠤᠯᠴᠠᠬᠤ ᠶᠢ ᠵᠤᠷᠢᠭᠵᠢᠭᠤᠯᠤᠨ ᠳᠡᠮᠵᠢᠵᠤ᠂ ᠴᠢᠳᠠᠮᠵᠢ ᠪᠠᠷ |
| ᠲᠡᠭᠦᠯᠳᠡᠷ᠂ ᠲᠦᠬᠦᠷ ᠪᠡᠯᠡᠳᠬᠡᠮᠵᠢ ᠨᠢ ᠪᠦᠷᠢᠨ ᠲᠡᠭᠦᠯᠳᠡᠷ ᠨᠢᠭᠡ ᠪᠦᠯᠦᠭ ᠶᠡᠷᠦᠩᠬᠡᠶᠢᠯᠡᠭᠰᠡᠨ ᠨᠠᠰᠤᠲᠠᠨ ᠠᠰᠠᠷᠠᠬᠤ |
| ᠦᠢᠯᠡᠴᠢᠯᠡᠬᠡᠨ ᠤ ᠲᠦᠪ ᠪᠤᠯᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠲᠦᠬᠡᠨ ᠪᠠᠶᠢᠭᠤᠯᠤᠨ᠎ᠠ᠃ |
| ᠡᠮᠡᠭᠲᠠᠶᠢᠴᠤᠳ ᠬᠡᠤᠭᠡᠳ ᠤᠨ ᠦᠢᠯᠡᠰ ᠤᠨ ᠡᠷᠡᠭᠦᠯ ᠢᠶᠠᠷ ᠬᠦᠭᠵᠢᠬᠦ ᠶᠢ ᠲᠦᠯᠬᠢᠨ ᠠᠬᠢᠭᠤᠯᠤᠨ᠎ᠠ᠃ |
| ︵ᠵᠢᠷᠭᠤᠭ᠎ᠠ︶ ᠠᠮᠢ ᠠᠬᠤᠢ ᠶᠢᠨ ᠣᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠨ᠂ ᠠᠮᠢ ᠠᠬᠤᠢ |
| ᠶᠢᠨ ᠪᠤᠯᠪᠠᠰᠣᠨ ᠤ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ |
| ᠠᠮᠢ ᠠᠬᠤᠢ ᠶᠢᠨ ᠪᠤᠯᠪᠠᠰᠣᠨ ᠤ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠠᠮᠢ ᠠᠬᠤᠢ ᠶᠢᠨ |
| ᠪᠦᠳᠦᠭᠡᠨ ᠪᠠᠶᠢᠭᠤᠯᠤᠯᠳᠠ ᠶᠢᠨ ᠬᠠᠷᠠᠯᠳᠠ ᠶᠢᠨ ᠦᠨᠡᠯᠡᠵᠣ ᠬᠢᠨᠠᠨ ᠰᠢᠯᠭᠠᠬᠤ ᠰᠢᠰᠲ᠋ᠧᠮᠵᠢ ᠶᠢ ᠪᠠᠶᠢᠭᠤᠯᠤᠨ᠂ ᠠᠮᠢ |
| ᠠᠬᠤᠢ ᠶᠢᠨ ᠣᠯᠠᠭᠠᠨ ᠱᠣᠭᠤᠮ ᠢ ᠢᠯᠭᠠᠨ ᠲᠤᠭᠳᠠᠭᠠᠵᠣ᠂ ᠡᠬᠢ ᠡᠭᠦᠰᠦᠯ ᠠᠴᠠ ᠨᠢ ᠬᠠᠮᠠᠭᠠᠯᠠᠬᠤ᠂ |
| ᠬᠤᠬᠢᠷᠠᠭᠤᠯᠣᠭᠰᠠᠨ ᠢ ᠲᠦᠯᠦᠭᠦᠯᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠣᠨ᠂ ᠣᠷᠴᠢᠨ ᠲᠣᠭᠤᠷᠢᠨ ᠢ |
| ᠵᠠᠰᠠᠬᠤ ᠪᠠ ᠠᠮᠢ ᠠᠬᠤᠢ ᠶᠢ ᠵᠠᠰᠠᠨ ᠰᠡᠷᠭᠦᠭᠡᠬᠦ ᠲᠦᠷᠢᠮ ᠢ ᠲᠡᠭᠦᠯᠳᠡᠷᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ |
| ᠤᠨ ᠡᠳ᠋ ᠬᠦᠷᠦᠩᠭᠡ ᠶᠢᠨ ᠦᠮᠴᠢᠯᠡᠬᠦ ᠡᠷᠬᠡ ᠪᠠ ᠬᠡᠷᠡᠭᠴᠡᠭᠡ ᠶᠢ ᠵᠠᠬᠢᠷᠣᠨ ᠬᠠᠮᠢᠶᠠᠷᠬᠤ ᠲᠦᠷᠢᠮ ᠢ ᠪᠦᠷᠢᠨᠰᠢᠭᠦᠯᠵᠣ |
| ᠂ ᠦᠢᠯᠡᠳᠪᠦᠷᠢᠯᠡᠯ ᠠᠮᠢᠳᠣᠷᠠᠯ᠂ ᠠᠮᠢ ᠠᠬᠤᠢ ᠶᠢᠨ ᠣᠷᠣᠨ ᠵᠠᠢ ᠶᠢᠨ ᠨᠡᠭᠡᠭᠡᠯᠳᠡ ᠶᠢ ᠵᠠᠬᠢᠷᠣᠨ ᠬᠠᠮᠢᠶᠠᠷᠬᠤ ᠵᠠᠭᠠᠭ ᠢ |
| ᠬᠤᠪᠢᠶᠠᠷᠢᠯᠠᠨ ᠲᠤᠭᠳᠠᠭᠠᠨ᠎ᠠ᠃ ᠣᠯᠣᠰ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ |
| ᠬᠠᠮᠢᠶᠠᠷᠣᠯᠳᠠ ᠶᠢ ᠴᠢᠩᠭᠠᠳᠬᠠᠨ᠂ ᠪᠠᠶᠢᠭᠠᠯᠢ ᠶᠢᠨ ᠡᠬᠢ ᠪᠠᠶᠠᠯᠢᠭ ᠤᠨ ᠬᠢᠨᠠᠨ ᠬᠠᠮᠢᠶᠠᠷᠬᠤ ᠲᠤᠭᠳᠠᠴᠠ ᠶᠢ |
| ᠲᠡᠭᠦᠯᠳᠡᠷᠵᠢᠭᠦᠯᠦᠨ᠎ᠡ᠃ ᠠᠮᠢ ᠠᠬᠤᠢ ᠶᠢᠨ ᠰᠢᠯᠢᠳᠡᠭ ᠭᠠᠵᠠᠷ ᠣᠷᠣᠨ ᠢᠶᠠᠷ ᠠᠨᠠᠢ ᠭᠠᠵᠠᠷ ᠣᠷᠣᠨ ᠳᠤ ᠣᠯᠠᠨ |
| ᠨᠡᠶᠢᠳᠡ ᠶᠢᠨ ᠠᠮᠢ ᠠᠬᠤᠢ ᠶᠢᠨ ᠪᠦᠳᠦᠭᠡᠭᠳᠡᠭᠦᠨ ᠤ ᠨᠦᠭᠦᠪᠦᠷᠢ ᠬᠠᠩᠭᠠᠯᠭᠠᠬᠤ ᠲᠤᠭᠳᠠᠴᠠ ᠶᠢ ᠰᠦᠪᠡᠭᠴᠢᠯᠡᠨ |
| ᠪᠠᠶᠢᠭᠤᠯᠵᠤ᠂ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠦ ᠣᠷᠣᠨ ᠳᠤ ᠰᠢᠯᠵᠢᠭᠦᠯᠦᠨ ᠣᠯᠭᠤᠬᠤ ᠲᠦᠷᠦ |
| ᠶᠢᠨ ᠪᠤᠳᠣᠯᠭ᠎ᠠ ᠶᠢ ᠨᠠᠶᠢᠳᠠᠪᠦᠷᠢᠵᠢᠭᠤᠯᠤᠨ᠂ ᠣᠢ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠲᠤ |
| ᠨᠦᠬᠦᠪᠦᠷᠢᠯᠡᠬᠦ ᠲᠦᠷᠢᠮ ᠢ ᠪᠦᠷᠢᠨᠰᠢᠭᠦᠯᠦᠨ᠎ᠡ᠃ ᠭᠤᠤᠯ ᠴᠣᠭᠴᠠ ᠪᠦᠬᠦᠢ ᠴᠢᠳᠠᠮᠵᠢᠲᠦ ᠣᠷᠣᠨ ᠤ ᠪᠦᠳᠦᠭᠡᠨ |
| ᠪᠠᠶᠢᠭᠤᠯᠤᠯᠳᠠ ᠶᠢᠨ ᠲᠤᠷᠰᠢᠯᠳᠠ ᠶᠢᠨ ᠴᠢᠭ᠋ ᠤᠨ ᠵᠢᠱᠢᠶ᠎ᠠ ᠦᠵᠡᠭᠦᠯᠬᠦ ᠶᠢ ᠦᠷᠭᠦᠯᠵᠢᠯᠡᠨ ᠦᠷᠨᠢᠭᠦᠯᠵᠤ᠂ ᠪᠠᠶᠢᠭᠠᠯᠢ |
| ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠦᠷᠢᠳᠦᠯ ᠤᠨ ᠬᠦᠰᠦᠨᠦᠭᠳᠦ ᠨᠠᠶᠢᠷᠠᠭᠤᠯᠤᠨ ᠵᠣᠬᠢᠶᠠᠬᠤ ᠶᠢ ᠬᠠᠶᠢᠨ |
| ᠰᠦᠪᠡᠭᠴᠢᠯᠡᠵᠤ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ᠂ ᠠᠮᠢ ᠠᠬᠤᠢ ᠶᠢᠨ ᠤᠷᠴᠢᠨ ᠲᠤᠭᠤᠷᠢᠨ ᠤ |
| ᠬᠠᠮᠠᠭᠠᠯᠠᠯᠳᠠ ᠵᠡᠷᠭᠡ ᠲᠠᠯ᠎ᠠ ᠶᠢᠨ ᠬᠢᠨᠠᠨᠰᠢᠯᠭᠠᠬᠤ ᠶᠢᠨ ᠴᠢᠬᠤᠯᠠ ᠪᠤᠯᠬᠤ ᠬᠡᠮᠵᠢᠶ᠎ᠡ ᠶᠢ ᠨᠡᠮᠡᠭᠳᠡᠭᠦᠯᠦᠨ᠎ᠡ᠃ |
| ᠠᠮᠢ ᠠᠬᠤᠢ ᠶᠢᠨ ᠬᠠᠮᠠᠭᠠᠯᠠᠯᠳᠠ ᠪᠠ ᠪᠦᠳᠦᠭᠡᠨ ᠪᠠᠶᠢᠭᠤᠯᠤᠯᠳᠠ ᠶᠢ ᠬᠦᠴᠦᠲᠠᠢ ᠠᠳᠬᠤᠨ᠎ᠠ᠃ ᠪᠡᠭᠡᠵᠢᠩ |
| ᠲᠢᠶᠠᠨᠵᠢᠨ ᠤ ᠡᠷᠭᠢᠨ ᠲᠤᠭᠤᠷᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠪᠠᠶᠢᠭᠠᠯᠢ ᠶᠢᠨ ᠣᠢ ᠶᠢ ᠬᠠᠮᠠᠭᠠᠯᠠᠬᠤ |
| ᠬᠤᠶᠠᠳᠣᠭᠠᠷ ᠬᠤᠭᠤᠴᠠᠭ᠎ᠠ ᠵᠡᠷᠭᠡ ᠭᠤᠤᠯᠳᠠᠯᠭ᠎ᠠ ᠲᠠᠢ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ |
| ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠤ᠂ ᠰᠢᠨ᠎ᠡ ᠨᠢᠭᠡᠨ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠣ ᠣᠢ |
| ᠮᠣᠲᠦ ᠶᠢ ᠰᠡᠷᠭᠦᠭᠡᠬᠦ ᠡᠭᠦᠷᠭᠡ ᠶᠢ ᠢᠳᠡᠪᠬᠢᠯᠡᠨ ᠣᠯᠵᠣ᠂ ᠭᠤᠣᠯᠳᠠᠯᠭ᠎ᠠ ᠲᠠᠢ ᠣᠷᠣᠨ ᠤ ᠨᠤᠭᠤᠭᠠᠷᠠᠭᠤᠯᠤᠯᠳᠠ ᠶᠢᠨ |
| ᠡᠷᠴᠢᠮ ᠢ ᠨᠡᠮᠡᠭᠳᠡᠭᠦᠯᠦᠨ᠂1000 ᠲᠦᠮᠡᠨ ᠮᠣ᠋ ᠶᠢᠨ ᠣᠢ ᠰᠢᠭᠤᠢ ᠶᠢᠨ ᠠᠮᠢ ᠠᠬᠤᠢ ᠶᠢᠨ ᠪᠦᠳᠦᠭᠡᠨ |
| ᠪᠠᠶᠢᠭᠤᠯᠤᠯᠳᠠ᠂ 650 ᠲᠦᠮᠡᠨ ᠮᠤ᠋ ᠬᠦᠷᠦᠰᠦ ᠰᠢᠷᠦᠢ ᠶᠢᠨ ᠢᠳᠡᠭᠳᠡᠯ ᠢ ᠵᠠᠰᠠᠬᠤ ᠶᠢ ᠪᠡᠶᠡᠯᠡᠭᠦᠯᠦᠨ᠎ᠡ᠃ ᠪᠠᠶᠢᠭᠠᠯᠢ |
| ᠶᠢᠨ ᠬᠠᠮᠠᠭᠠᠯᠠᠯᠳᠠ ᠶᠢᠨ ᠣᠷᠣᠨ ᠂ ᠠᠮᠢ ᠠᠬᠤᠢ ᠶᠢᠨ ᠴᠢᠳᠠᠮᠵᠢᠲᠦ ᠣᠷᠣᠨ ᠪᠠ ᠴᠢᠭᠢᠭᠯᠢᠭ ᠨᠤᠭᠤ ᠭᠠᠵᠠᠷ᠂ |
| ᠭᠡᠭᠡᠷ᠎ᠡ ᠶᠢᠨ ᠠᠮᠢᠳᠠᠨ ᠣᠷᠭᠤᠮᠠᠯ ᠤᠨ ᠬᠠᠮᠠᠭᠠᠯᠠᠯᠳᠠ ᠶᠢ ᠴᠢᠩᠭᠠᠳᠬᠠᠨ᠂ ᠣᠢ ᠰᠢᠭᠤᠢ᠂ ᠡᠯᠡᠰᠦ᠂ ᠡᠪᠡᠰᠦᠨ ᠤ |
| ᠠᠵᠣ ᠦᠢᠯᠡᠰ ᠢ ᠶᠡᠬᠡᠪᠡᠷ ᠬᠦᠭᠵᠢᠭᠦᠯᠦᠨ᠎ᠡ᠃ ᠠᠭᠤᠯᠠ ᠬᠦᠳᠡᠭᠡ ᠶᠢᠨ ᠠᠵᠣ ᠠᠬᠤᠢ ᠶᠢᠨ ᠵᠢᠱᠢᠶ᠎ᠠ ᠦᠵᠡᠭᠦᠯᠬᠦ |
| ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ ᠣᠯᠣᠰ ᠤᠨ ᠣᠢ ᠰᠢᠭᠤᠢ |
| ᠠᠷᠠᠴᠢᠯᠠᠨ ᠪᠤᠶᠢᠵᠢᠭᠤᠯᠬᠤ ᠪᠠ ᠣᠶᠢᠵᠢᠭᠤᠯᠬᠤ ᠳᠠᠬᠢ ᠨᠦᠬᠦᠪᠦᠷᠢ ᠣᠯᠭᠤᠬᠤ ᠲᠤᠷᠰᠢᠯᠳᠠ ᠶᠢᠨ ᠴᠢᠭ᠋ ᠢ |
| ᠦᠷᠭᠡᠳᠭᠡᠬᠦ ᠶᠢ ᠣᠯᠬᠤ ᠪᠠᠷ ᠢᠳᠠᠪᠬᠢᠯᠡᠨ ᠴᠢᠷᠮᠠᠶᠢᠨ᠎ᠠ᠃ ᠮᠠᠯᠵᠢᠬᠤ ᠶᠢ ᠵᠣᠭᠰᠣᠭᠠᠵᠣ ᠪᠡᠯᠴᠢᠭᠡᠷ ᠰᠡᠷᠭᠦᠭᠡᠬᠦ ᠪᠠ |
| ᠦᠨᠳᠦᠷ ᠬᠤᠷᠢᠶᠠᠯᠳᠠ ᠴᠢᠨᠠᠷ ᠰᠠᠶᠢᠲᠠᠢ ᠴᠠᠷᠭᠠᠰᠣᠨ ᠤ ᠵᠢᠱᠢᠶ᠎ᠠ ᠦᠵᠡᠭᠦᠯᠬᠦ ᠰᠠᠭᠤᠷᠢᠨ ᠭᠠᠵᠠᠷ ᠤᠨ ᠪᠦᠳᠦᠭᠡᠨ |
| ᠪᠠᠶᠢᠭᠤᠯᠤᠯᠳᠠ ᠶᠢ ᠵᠣᠬᠢᠶᠠᠨ ᠪᠠᠶᠢᠭᠤᠯᠤᠨ ᠶᠠᠪᠤᠭᠳᠠᠭᠤᠯᠵᠣ᠂ ᠨᠣᠳᠤᠭ ᠪᠡᠯᠴᠢᠭᠡᠷ ᠤᠨ ᠪᠦᠳᠦᠭᠡᠨ ᠪᠠᠶᠢᠭᠤᠯᠤᠯᠳᠠ |
| ᠶᠢᠨ ᠶᠡᠷᠦᠩᠬᠡᠢ ᠬᠡᠪᠴᠢᠶ᠎ᠡ ᠶᠢ 4000 ᠲᠦᠮᠡᠨ ᠮᠣ᠋ ᠠᠴᠠ ᠲᠡᠭᠡᠭᠰᠢ ᠪᠠᠶᠢᠯᠭᠠᠬᠤ ᠶᠢ ᠪᠠᠳᠣᠯᠠᠨ᠎ᠠ᠂ ᠨᠣᠳᠤᠭ |
| ᠪᠡᠯᠴᠢᠭᠡᠷ ᠲᠤ ᠲᠣᠰᠠᠯᠠᠵᠣ ᠱᠠᠩᠨᠠᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠱᠠᠲᠦ ᠦᠶ᠎ᠡ ᠶᠢᠨ |
| ᠴᠢᠨᠠᠷᠲᠠᠢ ᠮᠠᠯᠵᠢᠬᠤ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ |
| ᠦᠷᠭᠦᠯᠵᠢᠯᠡᠨᠬᠡᠷᠡᠭᠵᠢᠭᠦᠯᠵᠤ᠂ ᠨᠣᠳᠤᠭ ᠪᠡᠯᠴᠢᠭᠡᠷ ᠤᠨ ᠬᠠᠣᠯᠢ ᠬᠡᠷᠡᠭᠵᠢᠭᠦᠯᠵᠤ ᠬᠢᠨᠠᠯᠳᠠ ᠲᠠᠯᠪᠢᠵᠤ ᠪᠠᠶᠢᠴᠠᠭᠠᠬᠤ |
| | ᠡᠨᠧᠷᠬᠢ ᠠᠷᠪᠢᠯᠠᠵᠦ ᠪᠤᠬᠢᠷᠳᠣᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠰᠠᠶᠢᠳᠣᠷ ᠬᠢᠨ᠎ᠡ᠃ |
| ᠡᠨᠧᠷᠬᠢ ᠠᠷᠪᠢᠯᠠᠵᠤ ᠪᠤᠬᠢᠷᠳᠣᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠣ ᠵᠠᠬ᠎ᠠ ᠲᠡᠯᠭᠡᠭᠦᠷᠴᠢᠯᠡᠭᠰᠡᠨ ᠲᠤᠭᠳᠠᠴᠠ |
| ᠶᠢ ᠪᠠᠶᠢᠭᠤᠯᠤᠨ ᠲᠡᠭᠦᠯᠳᠡᠷᠵᠢᠭᠦᠯᠵᠤ᠂ ᠡᠨᠧᠷᠬᠢ ᠠᠷᠪᠢᠯᠠᠵᠣ ᠪᠣᠬᠢᠷᠳᠣᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ |
| ᠬᠠᠷᠠᠯᠳᠠᠳᠦ ᠬᠠᠷᠢᠭᠤᠴᠠᠯᠭ᠎ᠠ ᠶᠢᠨ ᠲᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠴᠢᠩᠭᠠᠷᠠᠭᠤᠯᠣᠨ᠂ |
| ᠡᠨᠧᠷᠬᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠪᠠ ᠡᠨᠧᠷᠬᠢ ᠶᠢᠨ ᠬᠤᠷᠤᠭᠳᠠᠭᠤᠯᠭᠠ ᠶᠢᠨ ᠡᠷᠴᠢᠮ ᠤᠨ ︽ᠬᠤᠣᠰ |
| ᠡᠵᠡᠮᠳᠡᠯ︾ ᠤᠨ ᠬᠢᠨᠠᠨ ᠰᠢᠯᠭᠠᠬᠤ ᠶᠢ ᠬᠡᠷᠡᠭᠵᠢᠭᠦᠯᠦᠨ᠎ᠡ᠃ ᠠᠶᠣᠯ ᠦᠭᠡᠢ᠂ ᠣᠷᠴᠢᠨ ᠲᠤᠭᠤᠷᠢᠨ ᠢ ᠬᠠᠮᠠᠭᠠᠯᠠᠬᠤ᠂ |
| ᠡᠨᠧᠷᠬᠢ ᠶᠢᠨ ᠬᠤᠷᠣᠭᠳᠠᠭᠤᠯᠭ᠎ᠠ ᠂ ᠭᠠᠵᠠᠷ ᠰᠢᠷᠦᠢ ᠵᠡᠷᠭᠡ ᠬᠢᠵᠠᠭᠠᠷᠯᠠᠯ ᠢ ᠴᠢᠩᠭᠠᠷᠠᠭᠤᠯᠣᠨ᠂ ᠡᠨᠧᠷᠬᠢ ᠶᠡᠭᠡ |
| ᠬᠤᠷᠣᠭᠳᠠᠭᠤᠯᠬᠤ᠂ ᠪᠤᠬᠢᠷᠳᠣᠯ ᠶᠡᠭᠡ ᠭᠠᠳᠠᠭᠰᠢᠯᠠᠭᠤᠯᠬᠤ ᠠᠵᠢᠯ ᠲᠦᠷᠦᠯ ᠤᠨ ᠲᠤᠤᠷ᠎ᠠ ᠬᠢᠷᠢ ᠬᠡᠮᠵᠢᠶ᠎ᠡ ᠪᠠᠷ |
| ᠲᠠᠪᠬᠤᠷᠳᠠᠭᠤᠯᠣᠨ ᠪᠦᠳᠦᠭᠡᠨ ᠪᠠᠶᠢᠭᠤᠯᠬᠤ ᠶᠢ ᠴᠢᠩᠭ᠎ᠠ ᠬᠢᠵᠠᠭᠠᠷᠯᠠᠵᠤ᠂ ᠬᠤᠴᠣᠷᠣᠩᠭᠤᠢ ᠦᠢᠯᠡᠳᠪᠦᠷᠢᠯᠡᠬᠦ |
| ᠴᠢᠳᠠᠪᠦᠷᠢ ᠶᠢ ᠲᠦᠷᠭᠡᠳᠭᠡᠨ ᠰᠢᠭᠰᠢᠭᠳᠡᠭᠦᠯᠵᠤ᠂ ︽12᠂ 5︾ ᠶᠢᠨ ᠲᠦᠯᠦᠪᠵᠢᠭᠦᠯᠭᠡ ᠶᠢᠨ ᠬᠤᠭᠤᠴᠠᠭᠠᠨ ᠤ |
| ᠬᠤᠴᠣᠷᠣᠩᠭᠤᠢ ᠦᠢᠯᠡᠳᠪᠦᠷᠢᠯᠡᠬᠦ ᠴᠢᠳᠠᠪᠦᠷᠢ ᠶᠢ ᠰᠢᠭᠰᠢᠭᠳᠡᠭᠦᠯᠬᠦ ᠬᠠᠷᠠᠯᠳᠠ ᠶᠢ ᠨᠢᠭᠡ ᠵᠢᠯ ᠣᠷᠢᠳᠴᠢᠯᠠᠨ |
| ᠪᠡᠶᠡᠯᠡᠭᠦᠯᠬᠦ ᠶᠢ ᠦᠨᠡᠨᠬᠦ ᠪᠠᠳᠣᠯᠠᠨ᠎ᠠ᠃ ᠪᠤᠬᠢᠷᠳᠣᠯ ᠭᠠᠳᠠᠭᠰᠢᠯᠠᠭᠤᠯᠬᠤ ᠡᠷᠬᠡ ᠶᠢ ᠲᠦᠯᠦᠪᠦᠷᠢ ᠲᠠᠢ ᠬᠡᠷᠡᠭᠯᠡᠭᠦᠯᠬᠦ ᠪᠠ |
| ᠠᠷᠠᠯᠵᠢᠶᠠᠯᠠᠬᠤ ᠲᠤᠷᠰᠢᠯᠳᠠ ᠶᠢ ᠢᠳᠡᠪᠬᠢᠲᠠᠢ ᠪᠠᠷ ᠲᠦᠯᠬᠢᠨ ᠠᠬᠢᠭᠤᠯᠵᠤ᠂ ᠲᠤᠤᠷ᠎ᠠ ᠨᠡᠭᠦᠷᠡᠰᠦᠳᠦ᠋ᠷᠦᠭᠴᠢᠲᠦ ᠠᠵᠣ |
| ᠠᠬᠤᠢ ᠶᠢᠨ ᠰᠢᠰᠲ᠋ᠧᠮᠵᠢ ᠶᠢ ᠲᠦᠷᠭᠡᠳᠭᠡᠨ ᠪᠤᠶᠢᠵᠢᠭᠤᠯᠵᠤ᠂ ᠨᠡᠭᠦᠷᠡᠰᠦᠳᠦ᠋ᠷᠦᠭᠴᠢ ᠶᠢ ᠰᠢᠩᠭᠡᠭᠡᠨ ᠠᠪᠬᠤ |
| ᠠᠷᠠᠯᠵᠢᠶ᠎ᠠ ᠶᠢ ᠲᠦᠯᠬᠢᠨ ᠠᠬᠢᠭᠤᠯᠤᠨ᠎ᠠ᠃ ᠡᠨᠧᠷᠬᠢ ᠠᠷᠪᠢᠯᠠᠵᠦ ᠪᠣᠬᠢᠷᠳᠣᠯ ᠭᠠᠳᠠᠭᠰᠢᠯᠠᠭᠤᠯᠬᠤ ᠬᠡᠮᠵᠢᠶ᠎ᠡ ᠶᠢ |
| ᠪᠠᠭᠠᠰᠬᠠᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠣᠨ ᠶᠡᠷᠦᠩᠬᠡᠶᠢᠯᠡᠭᠰᠡᠨ ᠦᠢᠯᠡᠴᠢᠯᠡᠭᠡᠨ ᠤ |
| ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠷᠪᠠᠨ ᠶᠡᠭᠡ ᠭᠤᠣᠯᠳᠠᠯᠭ᠎ᠠ ᠲᠠᠢ ᠡᠨᠧᠷᠬᠢ ᠠᠷᠪᠢᠯᠠᠬᠤ ᠢᠨᠵᠧᠨᠧᠷᠢᠩ ᠤᠨ |
| ᠪᠠᠶᠢᠭᠤᠯᠣᠯᠳᠡ ᠶᠢ ᠴᠢᠩᠭᠠᠳᠬᠠᠨ᠂ ᠡᠨᠧᠷᠬᠢ ᠠᠷᠪᠢᠯᠠᠨ ᠭᠠᠵᠠᠷ ᠲᠤ ᠭᠠᠮᠳᠠᠢ ᠬᠡᠯᠪᠡᠷᠢ ᠶᠢᠨ ᠪᠣᠬᠢᠷᠳᠣᠯ ᠦᠬᠡᠢ |
| ᠪᠠᠷᠢᠯᠭ᠎ᠠ ᠶᠢ ᠶᠡᠬᠡᠪᠡᠷ ᠬᠦᠭᠵᠢᠭᠦᠯᠵᠦ᠂ ᠵᠠᠰᠠᠭ ᠤᠨ ᠣᠷᠳᠣᠨ ᠠᠴᠠ ᠪᠡᠯᠡ ᠣᠷᠣᠭᠤᠯᠣᠨ ᠪᠦᠳᠦᠭᠡᠨ ᠪᠠᠶᠢᠭᠤᠯᠬᠤ |
| ᠬᠦᠷᠢᠶᠡᠨ ᠳᠤ ᠪᠣᠬᠢᠷᠳᠣᠯ ᠦᠬᠡᠢ ᠪᠠᠷᠢᠯᠭ᠎ᠠ ᠶᠢᠨ ᠪᠠᠷᠢᠮᠵᠢᠶ᠎ᠡ ᠶᠢ ᠠᠯᠪᠠᠳᠠᠯᠭ᠎ᠠ ᠪᠠᠷ ᠬᠡᠷᠡᠭᠵᠢᠭᠦᠯᠦᠨ᠎ᠡ᠃ |
| ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠶᠢ ᠴᠢᠩᠭᠠᠳᠬᠠᠨ᠎ᠠ᠃ ᠣᠷᠴᠢᠯ ᠠᠵᠦ |
| ᠠᠬᠤᠢ ᠶᠢ ᠶᠡᠬᠡᠪᠡᠷ ᠬᠦᠭᠵᠢᠭᠦᠯᠵᠦ᠂ ᠣᠷᠴᠢᠯ ᠠᠵᠦ ᠠᠬᠤᠢ ᠶᠢᠨ ᠵᠢᠱᠢᠶ᠎ᠡ ᠦᠵᠡᠬᠦᠯᠬᠦ ᠨᠢᠬᠡ ᠪᠦᠯᠦᠭ ᠠᠵᠦ |
| ᠠᠬᠤᠶᠢᠯᠠᠯ ᠪᠣᠯᠣᠨ ᠵᠢᠱᠢᠶ᠎ᠡ ᠦᠵᠡᠬᠦᠯᠬᠦ ᠬᠦᠷᠢᠶᠡᠯᠡᠩ ᠲᠣᠭᠤᠷᠢᠭ ᠢ ᠪᠦᠳᠦᠭᠡᠨ ᠪᠠᠶᠢᠭᠤᠯᠵᠦ᠂ ᠨᠣᠨᠳᠠᠭ ᠨᠡᠭᠦᠷᠡᠰᠦᠨ |
| ᠤ ᠦᠨᠡᠰᠦ᠂ ᠨᠡᠭᠦᠷᠡᠰᠦᠨ ᠴᠢᠯᠠᠭᠤ᠂ ᠲᠡᠮᠦᠷᠯᠢᠭ ᠬᠠᠶᠢᠯᠣᠭᠤᠯᠬᠤ ᠬᠢᠮᠢ ᠶᠢᠨ ᠠᠵᠦ ᠦᠢᠯᠡᠳᠪᠦᠷᠢ ᠶᠢᠨ ᠬᠠᠶᠠᠭᠳᠠᠯ |
| ᠰᠢᠭᠠᠷᠦ ᠵᠡᠷᠬᠡ ᠠᠵᠦ ᠦᠢᠯᠡᠳᠪᠦᠷᠢ ᠶᠢᠨ ᠬᠠᠶᠠᠭᠳᠠᠮᠠᠯ ᠪᠣᠳᠠᠰ ᠢ ᠠᠰᠢᠭᠯᠠᠬᠤ ᠶᠢ ᠲᠦᠯᠬᠢᠨ ᠠᠬᠢᠭᠤᠯᠣᠨ᠎ᠠ᠃ |
| ᠣᠰᠣᠨ ᠤ ᠡᠬᠢ ᠪᠠᠶᠠᠯᠢᠭ ᠤᠨ ᠬᠠᠮᠢᠶᠠᠷᠣᠯᠳᠡ ᠶᠢᠨ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠵᠦ᠂ ᠭᠠᠵᠠᠷ |
| ᠲᠣᠣᠷᠡᠬᠢ ᠣᠰᠣ ᠶᠢ ᠠᠷᠪᠢᠯᠠᠵᠦ ᠬᠠᠮᠠᠭᠠᠯᠠᠬᠤ ᠶᠢ ᠴᠢᠩᠭᠠᠳᠬᠠᠨ᠂ ᠭᠠᠵᠠᠷ ᠲᠣᠣᠷᠡᠬᠢ ᠣᠰᠣ ᠶᠢ ᠬᠡᠷᠡᠭᠯᠡᠨ ᠣᠰᠣ |
| ᠶᠡᠭᠡ ᠬᠤᠷᠣᠭᠳᠠᠭᠤᠯᠬᠤ ᠠᠵᠦ ᠦᠢᠯᠡᠰ ᠢ ᠬᠦᠭᠵᠢᠬᠦᠯᠬᠦ ᠶᠢ ᠴᠢᠩᠭ᠎ᠠ ᠴᠠᠭᠠᠵᠠᠯᠠᠨ᠎ᠠ᠃ ᠠᠭᠤᠷᠬᠠᠢ ᠶᠢᠨ ᠭᠠᠵᠠᠷ ᠤᠨ |
| ᠣᠷᠴᠢᠨ ᠲᠣᠭᠤᠷᠢᠨ᠂ ᠭᠠᠵᠠᠷ ᠤᠨ ᠭᠠᠮᠰᠢᠭ ᠬᠢᠭᠡᠳ ᠨᠡᠭᠦᠷᠡᠰᠦᠨ ᠠᠭᠤᠷᠬᠠᠢ ᠶᠢᠨ ᠭᠠᠯ ᠨᠣᠴᠣᠭᠰᠠᠨ ᠣᠷᠣᠨ᠂ |
| ᠲᠣᠷᠣᠭᠰᠢ ᠰᠠᠭᠤᠭᠰᠠᠨ ᠣᠷᠣᠨ ᠢ ᠵᠠᠰᠠᠬᠤ ᠶᠢ ᠴᠢᠩᠭᠠᠳᠬᠠᠨ᠂ ᠡᠯᠡᠰᠦ ᠮᠠᠩᠬ᠎ᠠ ᠡᠯᠡᠰᠦᠷᠬᠡᠭ ᠭᠠᠵᠠᠷ ᠪᠣᠯᠣᠨ |
| ᠬᠦᠷᠦᠰᠦ ᠰᠢᠷᠦᠢ ᠶᠢᠨ ᠢᠳᠡᠭᠳᠡᠯ ᠢ ᠵᠠᠰᠠᠬᠤ ᠪᠠ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ |
| ᠴᠢᠩᠭᠠᠷᠠᠭᠤᠯᠣᠨ᠎ᠠ᠃ ᠬᠡᠨ ᠠᠰᠢᠭ ᠬᠦᠷᠳᠡᠵᠦ ᠪᠠᠶᠢᠪᠠᠯ ᠲᠡᠭᠦᠨ ᠢᠶᠠᠷ ᠨᠦᠬᠦᠪᠦᠷᠢᠯᠡᠭᠦᠯᠬᠦ ᠵᠠᠷᠴᠢᠮ ᠢ ᠪᠠᠷᠢᠮᠳᠠᠯᠠᠨ᠂ |
| ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠳᠣ ᠣᠷᠣᠨ ᠤ ᠠᠮᠢ ᠠᠬᠤᠢ ᠳᠤ ᠨᠦᠬᠦᠪᠦᠷᠢᠯᠡᠬᠦ ᠲᠣᠭᠳᠠᠴᠠ ᠶᠢ |
| ᠲᠡᠭᠦᠯᠳᠡᠷᠵᠢᠭᠦᠯᠵᠦ᠂ ᠡᠬᠢ ᠪᠠᠶᠠᠯᠢᠭ ᠢ ᠨᠡᠬᠡᠬᠡᠨ ᠠᠰᠢᠭᠯᠠᠬᠤ ᠶᠢ ᠲᠠᠷᠢᠶᠠᠴᠢᠨ ᠮᠠᠯᠴᠢᠳ ᠤᠨ ᠠᠰᠢᠭ ᠲᠣᠰᠠ ᠯᠤᠭ᠎ᠠ |
| ᠵᠣᠯᠭᠠᠯᠳᠣᠭᠤᠯᠬᠤ ᠲᠣᠭᠳᠠᠴᠠ ᠶᠢ ᠪᠠᠶᠢᠭᠤᠯᠣᠨ᠂ ᠡᠶ᠎ᠡ ᠵᠣᠬᠢᠴᠠᠯ ᠲᠠᠢ ᠠᠭᠤᠷᠬᠠᠢ ᠶᠢᠨ ᠣᠷᠣᠨ᠂ ᠪᠣᠬᠢᠷᠳᠣᠯ ᠦᠬᠡᠢ |
| ᠠᠭᠤᠷᠬᠠᠢ ᠶᠢᠨ ᠣᠷᠣᠨ ᠢ ᠪᠦᠳᠦᠭᠡᠨ ᠪᠠᠶᠢᠭᠤᠯᠬᠤ ᠶᠢ ᠲᠦᠯᠬᠢᠨ ᠠᠬᠢᠭᠤᠯᠣᠨ᠎ᠠ᠃ ᠠᠭᠠᠷ ᠮᠠᠨᠳᠠᠯ ᠤᠨ ᠪᠣᠬᠢᠷᠳᠣᠯ ᠢ |
| ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠦᠯᠦᠪᠯᠡᠭᠡ ᠬᠢᠭᠡᠳ ᠲᠦᠬᠦᠷ ᠲᠦᠷᠦ ᠶᠢᠨ ᠪᠣᠳᠣᠯᠭ᠎ᠠ ᠶᠢ |
| ᠨᠠᠶᠢᠳᠠᠪᠣᠷᠢᠵᠢᠭᠤᠯᠵᠦ᠂ ᠠᠷᠢᠭᠤᠨ ᠴᠡᠪᠡᠷ ᠡᠨᠧᠷᠬᠢ ᠪᠠᠷ ᠣᠷᠣᠯᠠᠭᠤᠯᠬᠤ ᠶᠢ ᠲᠦᠷᠭᠡᠳᠭᠡᠨ ᠭᠡᠷᠡᠭᠵᠢᠭᠦᠯᠵᠦ᠂ ᠡᠯ᠎ᠡ |
| ᠵᠦᠢᠯ ᠤᠨ ᠪᠣᠬᠢᠷᠳᠣᠯ ᠢ ᠪᠦᠬᠦ ᠲᠠᠯ᠎ᠠ ᠪᠠᠷ ᠵᠠᠰᠠᠵᠦ᠂ ᠣᠯᠣᠰ ᠠᠴᠠ ᠪᠠᠭᠤᠯᠭᠠᠭᠰᠠᠨ ᠡᠬᠦᠷᠭᠡ ᠶᠢ ᠦᠨᠡᠨᠬᠦ |
| ᠪᠠᠳᠣᠯᠠᠭ᠎ᠠ ᠲᠠᠢ ᠪᠡᠶᠡᠯᠡᠭᠦᠯᠦᠨ᠎ᠡ᠃ ᠭᠤᠣᠯᠳᠠᠯᠭ᠎ᠠ ᠲᠠᠢ ᠰᠠᠪᠠ ᠭᠠᠵᠠᠷ᠂ ᠠᠵᠢᠯ ᠲᠦᠷᠦᠯ ᠤᠨ ᠣᠰᠣᠨ ᠤ ᠪᠣᠬᠢᠷᠳᠣᠯ |
| ᠢ ᠰᠡᠷᠭᠡᠶᠢᠯᠡᠨ ᠵᠠᠰᠠᠬᠤ ᠪᠠ ᠬᠦᠨᠳᠣ ᠲᠡᠮᠦᠷᠯᠢᠭ ᠤᠨ ᠪᠣᠬᠢᠷᠳᠣᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠂ ᠰᠠᠪᠠ |
| ᠭᠠᠵᠠᠷ᠂ ᠣᠷᠣᠨ ᠪᠦᠰᠡ ᠶᠢᠨ ᠣᠷᠴᠢᠨ ᠲᠣᠭᠤᠷᠢᠨ ᠤ ᠠᠶᠣᠯ ᠦᠬᠡᠢ ᠶᠢ ᠦᠨᠡᠨᠬᠦ ᠪᠠᠳᠣᠯᠠᠨ᠎ᠠ᠃ |
| ︵ᠲᠣᠯᠤᠭ᠎ᠠ︶ ᠰᠢᠨ᠎ᠡ ᠮᠠᠶ᠋ᠢᠭ ᠤᠨ ᠬᠤᠳᠠ ᠪᠠᠯᠭᠠᠰᠣᠴᠢᠯᠠᠬᠤ ᠵᠠᠮ ᠢᠶᠠᠷ ᠵᠠᠮᠨᠠᠵᠦ᠂ ᠬᠤᠳᠡ ᠬᠦᠳᠡᠭᠡ ᠶᠢᠨ |
| ᠵᠣᠬᠢᠴᠠᠩᠭᠤᠢ ᠪᠠᠷ ᠬᠦᠭᠵᠢᠬᠦ ᠶᠢ ᠠᠬᠢᠭᠤᠯᠣᠨ᠎ᠠ |
| ᠬᠤᠳᠡ ᠬᠦᠳᠡᠭᠡ ᠶᠢᠨ ᠲᠦᠯᠦᠪᠵᠢᠭᠦᠯᠭᠡ ᠶᠢᠨ ᠬᠦᠳᠦᠯᠦᠨ ᠵᠢᠯᠣᠭᠤᠳᠬᠤ ᠪᠠ ᠲᠣᠬᠢᠷᠠᠭᠤᠯᠣᠨ ᠡᠵᠡᠮᠳᠡᠬᠦ |
| ᠦᠢᠯᠡᠳᠣᠯ ᠢ ᠪᠠᠳᠠᠷᠠᠭᠤᠯᠣᠨ᠎ᠠ᠃ ᠬᠦᠮᠦᠨ ᠢᠶᠠᠷ ᠦᠨᠳᠣᠰᠣ ᠪᠣᠯᠭᠠᠬᠤ᠂ ᠠᠵᠦ ᠦᠢᠯᠡᠳᠪᠦᠷᠢᠵᠢᠭᠦᠯᠬᠦ᠂ ᠮᠡᠳᠡᠭᠡ |
| ᠵᠠᠩᠭᠢᠵᠢᠭᠤᠯᠬᠤ᠂ ᠬᠤᠳᠠ ᠪᠠᠯᠭᠠᠰᠣᠴᠢᠯᠠᠬᠤ᠂ ᠲᠡᠷᠢᠶᠠᠯᠠᠩ ᠮᠠᠯ ᠠᠵᠦ ᠠᠬᠤᠢ ᠶᠢᠨ ᠣᠳᠣᠬᠢᠴᠢᠯᠠᠬᠤ ᠶᠢ ᠵᠡᠷᠭᠡ ᠳᠤ |
| ᠨᠢ ᠬᠦᠭᠵᠢᠭᠦᠯᠬᠦ᠂ ᠰᠢᠨᠵᠢᠯᠡᠬᠦ ᠣᠬᠠᠭᠠᠨᠴᠢ ᠪᠠᠷ ᠪᠠᠶᠢᠷᠢᠯᠠᠭᠤᠯᠬᠤ᠂ ᠪᠣᠬᠢᠷᠳᠣᠯ ᠦᠬᠡᠢ ᠬᠦᠭᠵᠢᠬᠦᠯᠬᠦ᠂ ᠰᠣᠶᠣᠯ ᠢ |
| ᠣᠯᠠᠮᠵᠢᠯᠠᠬᠤ ᠰᠢᠨ᠎ᠡ ᠮᠠᠶ᠋ᠢᠭ ᠤᠨ ᠬᠤᠳᠠ ᠪᠠᠯᠭᠠᠰᠣᠴᠢᠯᠠᠬᠤ ᠵᠠᠮ ᠢᠶᠠᠷ ᠵᠠᠮᠨᠠᠬᠤ ᠶᠢ ᠪᠠᠷᠢᠮᠳᠠᠯᠠᠨ᠂ ᠬᠤᠳᠠ ᠪᠠᠯᠭᠠᠰᠤ |
| ᠶᠢᠨ ᠶᠡᠷᠦᠩᠬᠡᠢ ᠲᠦᠯᠦᠪᠵᠢᠭᠦᠯᠭᠡ ᠪᠤᠯᠤᠨ ᠡᠵᠡᠮᠰᠢᠯ ᠤᠨ ᠴᠢᠨᠠᠷᠲᠠᠢ ᠨᠠᠷᠢᠨ ᠲᠣᠳᠣᠷᠬᠠᠢ ᠲᠦᠯᠦᠪᠵᠢᠭᠦᠯᠭᠡ ᠶᠢ |
| ᠰᠢᠨᠵᠢᠯᠡᠬᠦ ᠣᠬᠠᠭᠠᠨᠴᠢ ᠪᠠᠷ ᠨᠠᠶᠢᠷᠠᠭᠤᠯᠤᠨ ᠵᠤᠬᠢᠶᠠᠵᠣ᠂ ᠶᠡᠭᠡ ᠲᠤᠮᠳᠠᠪᠠᠭᠠ ᠬᠤᠳᠠ ᠪᠠ ᠪᠠᠭ᠎ᠠ ᠬᠤᠳᠠ ᠪᠠᠯᠭᠠᠰᠣ |
| ᠶᠢᠨ ᠵᠣᠬᠢᠴᠠᠩᠭᠤᠢ ᠪᠠᠷ ᠬᠦᠭᠵᠢᠬᠦ᠂ ᠠᠵᠣ ᠦᠢᠯᠡᠰ ᠪᠣᠯᠣᠨ ᠬᠤᠳᠠ ᠪᠠᠯᠭᠠᠰᠦ ᠨᠡᠶᠢᠯᠡᠵᠦ ᠬᠦᠭᠵᠢᠬᠦ᠂ ᠬᠤᠳᠠ |
| ᠪᠠᠯᠭᠠᠰᠣᠴᠢᠯᠠᠯᠳᠠ ᠪᠠ ᠰᠢᠨ᠎ᠡ ᠲᠠᠷᠢᠶᠠᠯᠠᠬᠤ ᠮᠠᠯᠵᠢᠬᠤ ᠤᠷᠤᠨ ᠤ ᠪᠦᠳᠦᠭᠡᠨ ᠪᠠᠶᠢᠭᠤᠯᠤᠳᠠ ᠶᠢ ᠵᠤᠬᠢᠴᠠᠩᠭᠤᠢ ᠪᠠᠷ |
| ᠲᠦᠯᠬᠢᠨ ᠠᠬᠢᠭᠤᠯᠬᠤ ᠶᠢ ᠢᠳᠡᠪᠬᠢᠲᠠᠢ ᠪᠠᠷ ᠬᠦᠳᠦᠯᠦᠨ ᠵᠢᠯᠣᠭᠤᠳᠣᠨ᠎ᠠ᠃ ᠡᠷᠦᠬᠡ ᠠᠮᠠ ᠶᠢᠨ ᠬᠠᠷᠢᠶ᠎ᠠ᠂ ᠭᠠᠵᠠᠷ |
| ᠰᠢᠷᠦᠢ᠂ ᠣᠷᠣᠨ ᠰᠠᠭᠤᠴᠠ ᠂ ᠣᠯᠠᠨ ᠨᠡᠶᠢᠳᠡ ᠶᠢᠨ ᠦᠨᠳᠦᠰᠦᠨ ᠦᠢᠯᠡᠴᠢᠯᠡᠭᠡᠨ ᠵᠡᠷᠭᠡ ᠲᠦᠭᠦᠷ ᠲᠦᠷᠦ ᠶᠢᠨ |
| ᠪᠤᠳᠣᠯᠭ᠎ᠠ ᠶᠢ ᠰᠣᠳᠣᠯᠣᠨ ᠲᠣᠭᠳᠠᠭᠠᠵᠣ᠂ ᠲᠣᠷᠰᠢᠯᠳᠠ ᠶᠢᠨ ᠴᠢᠭ᠋ ᠢᠶᠠᠷ ᠵᠢᠱᠢᠶ᠎ᠠ ᠦᠵᠡᠭᠦᠯᠬᠦ ᠶᠢ ᠲᠦᠷᠭᠡᠳᠭᠡᠨ |
| ᠦᠷᠨᠢᠭᠦᠯᠵᠤ᠂ ᠲᠠᠷᠢᠶᠠᠯᠠᠩ ᠮᠠᠯ ᠠᠵᠤ ᠠᠬᠤᠢ ᠠᠴᠠ ᠰᠢᠯᠵᠢᠭᠰᠡᠨ ᠬᠦᠮᠦᠨ ᠠᠮᠠ ᠶᠢ ᠬᠤᠳᠠ ᠶᠢᠨ ᠠᠷᠠᠳ ᠪᠤᠯᠭᠠᠬᠤ |
| ᠶᠢ ᠲᠦᠯᠬᠢᠨ ᠠᠬᠢᠭᠤᠯᠵᠤ᠂ ᠣᠯᠠᠨ ᠨᠡᠶᠢᠳᠡ ᠶᠢᠨ ᠦᠨᠳᠦᠰᠦᠨ ᠦᠢᠯᠡᠴᠢᠯᠡᠭᠡᠨ ᠢ ᠡᠷᠬᠡ ᠲᠡᠭᠰᠢ ᠪᠠᠷ ᠬᠦᠷᠳᠡᠭᠡᠬᠦ |
| ᠶᠢᠨ ᠬᠠᠮᠲᠦ ᠡᠷᠦᠬᠡ ᠠᠮᠠ ᠶᠢᠨ ᠬᠠᠷᠢᠶ᠎ᠠ ᠶᠢᠨ ᠬᠦᠮᠦᠨ ᠠᠮᠠ ᠠᠴᠠ ᠪᠠᠶᠢᠩᠭᠤ ᠰᠠᠭᠤᠭ᠎ᠠ ᠬᠦᠮᠦᠨ ᠠᠮᠠ ᠲᠡᠰᠢ |
| ᠪᠦᠬᠦᠨ ᠢ ᠬᠠᠮᠣᠷᠣᠭᠤᠯᠬᠤ ᠶᠢ ᠪᠡᠶᠡᠯᠡᠭᠦᠯᠦᠨ᠎ᠡ᠃ |
| ᠬᠤᠳᠠ ᠪᠠᠯᠭᠠᠰᠦ ᠶᠢᠨ ᠪᠠᠶᠢᠷᠢᠰᠢᠭᠤᠯᠣᠯ ᠪᠤᠯᠤᠨ ᠬᠡᠯᠪᠡᠷᠢ ᠪᠠᠶᠢᠳᠠᠯ ᠢ ᠰᠢᠯᠢᠳᠡᠭᠵᠢᠭᠦᠯᠦᠨ᠎ᠡ᠃ ᠣᠯᠠᠨ ᠲᠦᠪ |
| ᠢᠶᠠᠷ ᠲᠠᠶᠢᠴᠢᠯᠠᠬᠤ᠂ ᠣᠯᠠᠨ ᠵᠠᠩᠬᠢᠯᠠᠭ᠎ᠠ ᠴᠢᠭ᠋ ᠢᠶᠠᠷ ᠲᠤᠯᠭᠠᠭᠤᠷᠢᠯᠠᠭᠤᠯᠬᠤ ᠶᠢ ᠪᠠᠷᠢᠮᠳᠠᠯᠠᠨ᠂ ᠶᠡᠭᠡ ᠪᠠᠷ ᠪᠠᠭ᠎ᠠ ᠶᠢ |
| ᠲᠠᠶᠢᠴᠢᠯᠠᠭᠰᠠᠨ᠂ ᠶᠡᠭᠡ ᠲᠣᠮᠳᠠ ᠪᠠᠭ᠎ᠠ ᠬᠤᠳᠠ ᠪᠠ ᠪᠠᠭ᠎ᠠ ᠬᠤᠳᠠ ᠪᠠᠯᠭᠠᠰᠦ ᠵᠣᠬᠢᠴᠠᠩᠭᠤᠢ ᠪᠠᠷ ᠬᠦᠭᠵᠢᠭᠰᠡᠨ |
| ᠬᠤᠳᠠ ᠪᠠᠯᠭᠠᠰᠣᠴᠢᠯᠠᠬᠤ ᠰᠢᠨ᠎ᠡ ᠪᠠᠶᠢᠷᠢᠰᠢᠯ ᠢ ᠴᠣᠭᠴᠠᠯᠠᠨ ᠪᠠᠶᠢᠭᠤᠯᠤᠨ᠎ᠠ᠃ ᠬᠦᠬᠡᠬᠤᠳᠠ ᠪᠣᠭᠤᠲᠦ ᠣᠷᠳᠣᠰ |
| ᠲᠡᠮᠡᠭᠡᠲᠦ ᠶᠢᠨ ᠬᠤᠳᠠ ᠶᠢᠨ ᠪᠦᠭᠡᠮᠨᠡᠷᠡᠯ ᠤᠨ ᠲᠤᠬᠠᠢ ᠣᠯᠣᠰ ᠤᠨ ᠲᠦᠯᠦᠪᠵᠢᠭᠦᠯᠭᠡ ᠶᠢ ᠨᠠᠶᠢᠳᠠᠪᠦᠷᠢᠵᠢᠭᠤᠯᠤᠨ᠂ |
| ᠬᠦᠬᠡᠬᠤᠳᠠ ᠪᠣᠭᠤᠲᠦ ᠣᠷᠳᠣᠰ ᠤᠨ ᠬᠤᠳᠠ ᠶᠢᠨ ᠪᠦᠭᠡᠮᠨᠡᠷᠡᠯ ᠤᠨ ᠪᠦᠳᠦᠭᠡᠨ ᠪᠠᠶᠢᠭᠤᠯᠤᠳᠠ ᠶᠢ ᠲᠦᠯᠬᠢᠨ |
| ᠠᠬᠢᠭᠤᠯᠵᠤ᠂ ᠴᠢᠳᠠᠮᠵᠢ ᠪᠠᠷ ᠢᠶᠠᠨ ᠬᠠᠷᠢᠯᠴᠠᠨ ᠨᠦᠬᠦᠪᠦᠷᠢᠯᠡᠬᠦ᠂ ᠠᠵᠣ ᠦᠢᠯᠡᠰ ᠢᠶᠠᠷ ᠢᠶᠠᠨ ᠬᠠᠷᠢᠯᠴᠠᠨ ᠲᠣᠰᠠᠯᠠᠬᠤ |
| ᠶᠢ ᠠᠬᠢᠭᠤᠯᠤᠨ᠂ ᠵᠡᠷᠭᠡᠴᠡᠨ ᠬᠤᠯᠪᠣᠯᠳᠣᠬᠤ ᠬᠡᠯᠪᠡᠷᠢ ᠪᠠ ᠪᠦᠯᠬᠦᠮ ᠪᠠᠶᠢᠭᠤᠯᠬᠤ ᠬᠡᠯᠪᠡᠷᠢ ᠶᠢᠨ ᠬᠦᠭᠵᠢᠯᠳᠡ ᠶᠢ |
| ᠪᠡᠶᠡᠯᠡᠭᠦᠯᠦᠨ᠂ ᠪᠦᠬᠦ ᠣᠷᠣᠨ ᠤ ᠬᠦᠭᠵᠢᠯᠳᠡ ᠶᠢ ᠣᠳᠣᠷᠢᠳᠣᠨ ᠲᠠᠭᠠᠭᠤᠯᠣᠭᠰᠠᠨ ᠴᠢᠬᠤᠯᠠ ᠨᠡᠮᠡᠭᠳᠡᠯ ᠤᠨ ᠲᠦᠢᠯ ᠢ |
| ᠪᠤᠢ ᠪᠤᠯᠭᠠᠨ᠎ᠠ᠃ ᠬᠦᠬᠡᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠬᠠᠮᠢᠶᠠᠷᠣᠯᠳᠠ ᠶᠢᠨ ᠬᠢᠷᠢ ᠬᠡᠮᠵᠢᠶ᠎ᠡ ᠶᠢ |
| ᠲᠡᠭᠡᠭᠰᠢᠯᠡᠭᠦᠯᠵᠤ᠂ ᠣᠷᠣᠨ ᠤ ᠲᠦᠪ ᠬᠤᠳᠠ ᠶᠢᠨ ᠵᠢᠱᠢᠶ᠎ᠠ ᠦᠵᠡᠭᠦᠯᠦᠨᠲ᠋ᠠᠶᠢᠴᠢᠯᠠᠨ ᠲᠠᠭᠠᠭᠤᠯᠬᠤ ᠦᠢᠯᠡᠳᠦᠯ ᠢ |
| ᠭᠦᠢᠴᠡᠳ ᠪᠠᠳᠠᠷᠠᠭᠤᠯᠣᠨ᠎ᠠ᠃ ᠠᠶᠢᠮᠠᠭ ᠬᠤᠳᠠ ᠶᠢᠨ ᠪᠠᠶᠢᠭ᠎ᠠ ᠭᠠᠵᠠᠷ ᠤᠨ ᠲᠦᠪ ᠬᠤᠳᠠ ᠶᠢᠨ ᠲᠤᠭᠤᠷᠢᠭ ᠢᠶᠠᠷ |
| ᠭᠤᠤᠯᠳᠠᠯᠭ᠎ᠠ ᠪᠤᠯᠭᠠᠨ᠂ ᠨᠡᠭᠡᠭᠡᠨ ᠬᠦᠭᠵᠢᠭᠦᠯᠬᠦ ᠬᠦᠴᠦᠯᠡᠴᠡ ᠶᠢ ᠰᠢᠨᠵᠢᠯᠡᠬᠦ ᠣᠬᠠᠭᠠᠨ ᠪᠠᠷ ᠲᠤᠬᠢᠷᠠᠭᠤᠯᠵᠣ᠂ |
| ᠨᠡᠭᠡᠭᠡᠨ ᠬᠦᠭᠵᠢᠭᠦᠯᠬᠦ ᠵᠠᠭᠠᠭ ᠢ ᠵᠦᠢ ᠵᠣᠬᠢᠰᠲᠠᠢ ᠢᠯᠭᠠᠨ ᠲᠤᠭᠳᠠᠭᠠᠵᠣ᠂ ᠣᠯᠣᠰ ᠤᠨ ᠭᠠᠵᠠᠷ ᠰᠢᠷᠦᠢ ᠶᠢᠨ |
| ᠣᠷᠣᠨ ᠵᠠᠢ ᠶᠢ ᠲᠡᠩᠴᠡᠭᠦᠷᠢᠲᠠᠢ ᠨᠡᠭᠡᠭᠡᠨ ᠬᠦᠭᠵᠢᠭᠦᠯᠬᠦ ᠶᠢ ᠲᠦᠯᠬᠢᠨ ᠠᠬᠢᠭᠤᠯᠵᠤ᠂ ᠣᠷᠣᠨ ᠪᠦᠰᠡ ᠶᠢᠨ |
| ᠴᠢᠨᠠᠷᠲᠠᠢ ᠲᠦᠪ ᠬᠤᠳᠠ ᠶᠢ ᠬᠦᠴᠦᠷᠭᠡᠭᠵᠢᠭᠦᠯᠦᠨ᠂ ᠣᠷᠣᠨ ᠪᠦᠰᠡ ᠶᠢᠨ ᠬᠦᠭᠵᠢᠯᠳᠡ ᠶᠢ ᠲᠠᠶᠢᠴᠢᠯᠠᠨ᠎ᠠ᠃ ᠰᠢᠶᠠᠨ |
| ᠤ ᠬᠤᠳᠠ ᠶᠢᠨ ᠪᠠᠭᠳᠠᠭᠠᠮᠵᠢ ᠶᠢ ᠦᠷᠭᠡᠳᠭᠡᠨ ᠴᠢᠨᠠᠷ ᠢ ᠲᠡᠭᠡᠭᠰᠢᠯᠡᠭᠦᠯᠬᠦ ᠪᠠᠷ ᠭᠤᠤᠯᠳᠠᠯᠭ᠎ᠠ ᠪᠤᠯᠭᠠᠨ᠂ ᠬᠤᠳᠠ ᠶᠢᠨ |
| ᠲᠡᠭᠦᠷᠭᠡ ᠪᠠᠯᠭᠠᠰᠦ ᠪᠤᠯᠤᠨ ᠭᠤᠣᠯᠳᠠᠯᠭ᠎ᠠ ᠲᠠᠢ ᠪᠠᠯᠭᠠᠰᠦ ᠶᠢᠨ ᠪᠦᠳᠦᠭᠡᠨ ᠪᠠᠶᠢᠭᠤᠯᠤᠯᠳᠠ ᠶᠢ ᠰᠠᠶᠢᠳᠣᠷ ᠠᠳᠬᠤᠵᠣ |
| ᠂ ᠬᠡᠪᠴᠢᠶ᠎ᠡ ᠨᠢ ᠵᠤᠬᠢᠰᠲᠠᠢ᠂ ᠴᠢᠳᠠᠮᠵᠢ ᠨᠢ ᠪᠦᠷᠢᠨ᠂ ᠪᠠᠶᠢᠷᠢᠰᠢᠯᠠᠭᠤᠯᠤᠯ ᠨᠢ ᠵᠦᠢ ᠵᠤᠬᠢᠰᠲᠠᠢ᠂ ᠠᠵᠢᠯᠯᠠᠵᠤ |
| ᠠᠮᠢᠳᠣᠷᠠᠬᠤ ᠳᠤ ᠴᠦᠮ ᠲᠤᠬᠢᠷᠠᠮᠵᠢᠲᠠᠢ ᠣᠨᠴᠠᠯᠢᠭᠲᠦ ᠬᠤᠳᠠ ᠪᠠᠯᠭᠠᠰᠦ ᠶᠢᠨ ᠰᠢᠰᠲ᠋ᠧᠮᠵᠢ ᠶᠢ ᠪᠤᠢ ᠪᠤᠯᠭᠠᠨ᠎ᠠ᠃ |
| ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠬᠠᠮᠢᠶᠠᠷᠣᠯᠳᠠ ᠶᠢᠨ ᠬᠢᠷᠢ ᠬᠡᠮᠵᠢᠶ᠎ᠡ ᠶᠢ ᠲᠡᠭᠡᠭᠰᠢᠯᠡᠭᠦᠯᠦᠨ᠎ᠡ᠃ |
| ᠭᠠᠵᠠᠷ ᠰᠢᠷᠣᠢ ᠶᠢᠨ ᠠᠰᠢᠭᠯᠠᠮᠵᠢ ᠶᠢ ᠲᠡᠭᠡᠭᠰᠢᠯᠡᠭᠦᠯᠦᠨ᠂ ᠨᠡᠮᠡᠭᠳᠡᠯ ᠢ ᠴᠢᠩᠭ᠎ᠠ ᠬᠢᠵᠠᠭᠠᠷᠯᠠᠵᠤ᠂ ᠦᠯᠡᠳᠡᠭᠡᠯ ᠢ |
| ᠠᠮᠢᠳᠣᠯᠢᠭᠵᠢᠭᠤᠯᠤᠨ᠂ ᠬᠤᠳᠠ ᠪᠠᠯᠭᠠᠰᠦ ᠶᠢᠨ ᠣᠷᠣᠨ ᠵᠠᠢ ᠶᠢᠨ ᠪᠦᠳᠦᠴᠡ ᠶᠢ ᠰᠢᠯᠢᠳᠡᠭᠵᠢᠭᠦᠯᠵᠤ᠂ ᠬᠤᠳᠠ ᠶᠢᠨ |
| ᠪᠢᠴᠢᠯ ᠣᠷᠣᠨ ᠵᠠᠢ ᠶᠢ ᠵᠠᠰᠠᠬᠤ ᠶᠠᠪᠤᠳᠠᠯ ᠢ ᠰᠠᠶᠢᠳᠣᠷ ᠬᠢᠵᠤ᠂ ᠬᠤᠳᠠ ᠶᠢᠨ ᠶᠠᠪᠤᠳᠠᠯ ᠤᠨ ᠰᠠᠭᠤᠷᠢ ᠪᠡᠯᠡᠳᠭᠡᠮᠵᠢ |
| ᠶᠢᠨ ᠲᠤᠤᠷ ᠰᠦᠯᠵᠢᠶᠡᠨ ᠤ ᠪᠠᠶᠢᠭᠤᠯᠤᠯᠳᠠ ᠶᠢ ᠴᠢᠩᠭᠠᠳᠬᠠᠨ᠂ ᠬᠦᠮᠦᠰ ᠤᠨ ᠣᠷᠣᠰᠢᠨ ᠰᠠᠭᠤᠬᠤ ᠣᠷᠴᠢᠨ |
| ᠲᠤᠭᠤᠷᠢᠨ ᠪᠠ ᠶᠠᠰᠣ ᠴᠢᠨᠠᠷ ᠢ ᠰᠠᠶᠢᠵᠢᠷᠠᠭᠤᠯᠣᠨ᠎ᠠ᠃ ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠪᠡᠯᠡ |
| ᠣᠷᠣᠭᠤᠯᠵᠤ ᠪᠡᠯᠡ ᠲᠤᠬᠢᠷᠠᠭᠤᠯᠬᠤ ᠢᠯᠡ ᠵᠢᠷᠦᠮᠵᠢᠭ᠌ᠰᠠᠨ ᠲᠤᠭᠳᠠᠴᠠ ᠶᠢ ᠪᠠᠶᠢᠭᠤᠯᠵᠤ᠂ ᠬᠤᠳᠠ ᠶᠢᠨ ᠨᠡᠶᠢᠳᠠ ᠶᠢᠨ |
| ᠬᠡᠷᠡᠭᠯᠡᠭᠡᠨ ᠤ ᠪᠡᠯᠡᠳᠭᠡᠮᠵᠢ ᠳᠤ ᠨᠡᠶᠢᠭᠡᠮ ᠤᠨ ᠬᠦᠷᠦᠩᠭᠡ ᠶᠢᠨ ᠣᠷᠣᠯᠴᠠᠵᠤ ᠡᠵᠡᠩᠨᠡᠬᠦ ᠶᠢ ᠵᠣᠷᠢᠭᠵᠢᠭᠤᠯᠤᠨ᠂ |
| ᠬᠤᠳᠠ ᠪᠠᠯᠭᠠᠰᠣ ᠶᠢᠨ ᠪᠦᠳᠦᠭᠡᠨ ᠪᠠᠶᠢᠭᠤᠯᠤᠯᠳᠠ ᠶᠢᠨ ᠬᠡᠲᠦ ᠶᠡᠭᠡ ᠦᠷᠢ ᠲᠠᠯᠪᠢᠬᠤ ᠠᠰᠠᠭᠤᠳᠠᠯ ᠢ ᠦᠨᠡᠨᠬᠦ |
| ᠰᠢᠢᠳᠪᠦᠷᠢᠯᠡᠨ᠎ᠡ᠃ ᠣᠶᠣᠨᠲᠦ ᠬᠤᠳᠠ ᠪᠣᠯᠣᠨ ᠨᠡᠶᠢᠭᠡᠮ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ |
| ᠲᠦᠷᠭᠡᠳᠭᠡᠨ᠂ ᠬᠤᠳᠠ ᠪᠠᠯᠭᠠᠰᠦ ᠶᠢᠨ ᠬᠦᠭᠵᠢᠯᠳᠡ ᠶᠢᠨ ᠠᠭᠤᠯᠤᠭᠳᠠᠬᠤᠨ ᠪᠠ ᠶᠡᠷᠦᠩᠬᠡᠶᠢᠯᠡᠭᠰᠡᠨ ᠦᠢᠯᠡᠴᠢᠯᠡᠭᠡᠨ |
| ᠤ ᠴᠢᠳᠠᠪᠦᠷᠢ ᠶᠢ ᠨᠡᠮᠡᠭᠳᠡᠭᠦᠯᠦᠨ᠎ᠡ᠃ |
| ᠰᠢᠶᠠᠨ ᠤ ᠬᠡᠪᠴᠢᠶᠠᠨ ᠤ ᠠᠵᠣ ᠠᠬᠤᠢ ᠶᠢ ᠬᠦᠭᠵᠢᠭᠦᠯᠦᠨ ᠪᠤᠵᠠᠭᠠᠶᠢᠷᠠᠭᠤᠯᠣᠨ᠎ᠠ᠃ ᠰᠢᠶᠠᠨ ᠤ ᠬᠡᠪᠴᠢᠶᠠᠨ |
| ᠤ ᠠᠵᠣ ᠠᠬᠤᠢ ᠶᠢᠨ ᠬᠦᠭᠵᠢᠯᠳᠡ ᠶᠢᠨ ᠲᠦᠯᠦᠪᠵᠢᠭᠦᠯᠭᠡ ᠶᠢ ᠬᠢᠨᠠᠮᠠᠭᠠᠢ ᠨᠠᠶᠢᠳᠠᠪᠦᠷᠢᠵᠢᠭᠤᠯᠵᠤ᠂ ᠲᠤᠬᠠᠢ ᠶᠢᠨ |
| ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠣᠨ ᠣᠨᠴᠠᠯᠢᠭᠲᠦ ᠠᠵᠣ ᠠᠬᠤᠢ ᠶᠢ ᠬᠦᠭᠵᠢᠭᠦᠯᠵᠤ᠂ ᠭᠤᠤᠯᠯᠠᠭᠴᠢ |
| ᠠᠵᠤ ᠦᠢᠯᠡᠰ ᠢ ᠪᠤᠶᠢᠵᠢᠭᠤᠯᠤᠨ᠂ ᠰᠠᠭᠤᠷᠢ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠳᠠ ᠪᠤᠯᠤᠨ ᠠᠮᠢ ᠠᠬᠤᠢ |
| ᠶᠢᠨ ᠣᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠵᠣ᠂ ᠬᠤᠳᠠ ᠬᠦᠳᠡᠭᠡ ᠶᠢᠨ ᠬᠦᠭᠵᠢᠯᠳᠡ ᠶᠢ |
| ᠨᠢᠭᠡᠳᠦᠯᠲᠠᠢ ᠲᠦᠯᠦᠪᠯᠡᠨ ᠬᠦᠭᠵᠢᠭᠦᠯᠬᠦ ᠳᠠᠬᠢ ᠰᠢᠶᠠᠨ ᠤ ᠬᠡᠪᠴᠢᠶᠠᠨ ᠤ ᠠᠵᠣ ᠠᠬᠤᠢ ᠶᠢᠨ ᠰᠠᠭᠤᠷᠢ ᠦᠢᠯᠡᠳᠦᠯ ᠢ |
| ᠭᠦᠢᠴᠡᠳ ᠪᠠᠳᠠᠷᠠᠭᠤᠯᠣᠨ᠎ᠠ᠃ ︽ᠡᠷᠬᠡ ᠶᠢ ᠦᠷᠭᠡᠳᠭᠡᠨ ᠰᠢᠶᠠᠨ ᠢ ᠬᠦᠴᠦᠷᠭᠡᠭᠵᠢᠭᠦᠯᠬᠦ︾ ᠦᠭᠡᠷᠡᠴᠢᠯᠡᠯᠳᠡ ᠶᠢᠨ |
| ᠲᠤᠷᠰᠢᠯᠳᠠ ᠶᠢᠨ ᠴᠢᠭ᠋ ᠤᠨ ᠠᠵᠢᠯ ᠢ ᠰᠠᠶᠢᠳᠣᠷ ᠠᠳᠬᠤᠨ᠂ ᠰᠢᠶᠠᠨ ᠤ ᠱᠠᠳᠣᠨ ᠤ ᠡᠳ᠋ ᠤᠨ ᠬᠦᠴᠦᠨ ᠤ |
| ᠪᠠᠳᠣᠯᠠᠭ᠎ᠠ ᠶᠢᠨ ᠲᠤᠭᠳᠠᠴᠠ ᠶᠢ ᠲᠡᠭᠦᠯᠳᠡᠷᠵᠢᠭᠦᠯᠵᠤ᠂ ᠠᠳᠠᠯᠢ ᠪᠤᠰᠤ ᠲᠦᠷᠦᠯ ᠬᠡᠯᠪᠡᠷᠢ ᠶᠢᠨ ᠬᠤᠰᠢᠭᠤ ᠰᠢᠶᠠᠨ ᠢ |
| ᠰᠣᠩᠭᠤᠨ ᠠᠵᠢᠯ ᠡᠷᠬᠡ ᠶᠢ ᠲᠣᠷᠣᠭᠰᠢ ᠪᠠᠭᠤᠯᠭᠠᠬᠤ ᠪᠠ ︽ᠦᠪᠡᠷᠳᠡᠭᠡᠨ ᠵᠠᠰᠠᠬᠤ ᠤᠷᠤᠨ ᠠᠴᠠ ᠰᠢᠭᠤᠳ |
| ᠬᠠᠮᠢᠶᠠᠷᠬᠤ ᠰᠢᠶᠠᠨ︾ ᠤ ᠡᠳ᠋ ᠤᠨ ᠵᠠᠰᠠᠭ ᠤᠨ ᠦᠭᠡᠷᠡᠴᠢᠯᠡᠯᠳᠡ ᠶᠢ ᠶᠠᠪᠤᠭᠤᠯᠵᠤ᠂ ︽ᠡᠳ᠋ ᠤᠨ ᠵᠠᠰᠠᠭ ᠤᠨ |
| ᠪᠠᠶᠢᠭᠤᠯᠤᠯ ᠢ ᠬᠤᠰᠢᠭᠤ ᠰᠢᠶᠠᠨ ᠬᠦᠷᠳᠡᠯ᠎ᠡ ᠬᠢᠨᠠᠨ ᠲᠤᠭᠳᠠᠭᠠᠬᠤ᠂ ᠰᠢᠯᠵᠢᠭᠦᠯᠦᠨ ᠣᠯᠭᠤᠬᠤ ᠶᠢ ᠲᠦᠰᠦᠭᠡᠯᠡᠨ |
| ᠪᠤᠳᠤᠬᠤ ᠶᠢᠨ ᠬᠠᠮᠲᠦ ᠬᠤᠰᠢᠭᠤ ᠰᠢᠶᠠᠨ ᠳᠤ ᠬᠦᠷᠳᠡᠯ᠎ᠡ ᠪᠠᠭᠤᠯᠭᠠᠬᠤ᠂ ᠤᠯᠤᠰ ᠤᠨ ᠬᠦᠮᠦᠷᠭᠡ ᠶᠢᠨ ᠪᠡᠯᠡ ᠮᠦᠩᠭᠦ |
| ᠶᠢ ᠬᠤᠰᠢᠭᠤ ᠰᠢᠶᠠᠨ ᠳᠤ ᠬᠦᠷᠳᠡᠯ᠎ᠡ ᠲᠤᠬᠢᠷᠠᠭᠤᠯᠬᠤ᠂ ᠡᠳ᠋ ᠤᠨ ᠵᠠᠰᠠᠭ ᠤᠨ ᠲᠦᠰᠦᠪ ᠪᠠ ᠲᠦᠰᠦᠪ ᠤᠨ |
| ᠭᠦᠢᠴᠡᠳᠭᠡᠯ ᠢ ᠬᠤᠰᠢᠭᠤ ᠰᠢᠶᠠᠨ ᠳᠤ ᠬᠦᠷᠳᠡᠯ᠎ᠡ ᠰᠢᠭᠤᠳ ᠬᠢᠬᠦ᠂ ᠣᠷᠣᠨ ᠨᠣᠳᠤᠭ ᠤᠨ ᠵᠠᠰᠠᠭ ᠤᠨ ᠣᠷᠳᠣᠨ ᠤ |
| ᠴᠢᠨᠠᠷᠲᠠᠢ ᠦᠷᠢ ᠰᠢᠷᠢ ᠶᠢ ᠬᠤᠰᠢᠭᠤ ᠰᠢᠶᠠᠨ ᠳᠤ ᠬᠦᠷᠳᠡᠯ᠎ᠡ ᠬᠠᠮᠢᠶᠠᠷᠬᠤ︾ ᠡᠳ᠋ ᠤᠨ ᠵᠠᠰᠠᠭ ᠤᠨ ᠬᠠᠮᠢᠶᠠᠷᠣᠯᠳᠠ |
| ᠶᠢᠨ ᠠᠷᠭ᠎ᠠ ᠮᠠᠶ᠋ᠢᠭ ᠢ ᠬᠡᠷᠡᠭᠵᠢᠭᠦᠯᠦᠨ᠎ᠡ᠃ |
| ᠣᠷᠣᠨ ᠪᠦᠰᠡ ᠶᠢᠨ ᠵᠤᠬᠢᠴᠠᠩᠭᠤᠢ ᠪᠠᠷ ᠬᠦᠭᠵᠢᠬᠦ ᠶᠢ ᠠᠬᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ |
| ᠭᠤᠤᠯ ᠴᠤᠭᠴᠠ ᠪᠦᠭᠦᠢ ᠴᠢᠳᠠᠮᠵᠢᠲᠦ ᠣᠷᠣᠨ ᠤ ᠲᠦᠯᠦᠪᠵᠢᠭᠦᠯᠭᠡ ᠪᠠᠷ ᠬᠤᠳᠠ ᠪᠠᠯᠭᠠᠰᠦ ᠬᠢᠭᠡᠳ ᠠᠵᠣ ᠦᠢᠯᠡᠰ |
| ᠵᠡᠷᠭᠡ ᠡᠯ᠎ᠡ ᠱᠠᠳᠣᠨ ᠤ ᠡᠯ᠎ᠡ ᠲᠦᠷᠦᠯ ᠤᠨ ᠲᠦᠯᠦᠪᠵᠢᠭᠦᠯᠭᠡ ᠶᠢ ᠶᠡᠷᠦᠩᠬᠡᠶᠢᠯᠡᠨ ᠵᠠᠬᠢᠷᠴᠣ᠂ ᠬᠦᠮᠦᠨ ᠠᠮᠠ ᠶᠢᠨ |
| ᠲᠠᠷᠬᠠᠯᠳᠠ᠂ ᠠᠵᠣ ᠠᠬᠤᠢ ᠶᠢᠨ ᠪᠠᠶᠢᠷᠢᠰᠢᠭᠤᠯᠤᠯ᠂ ᠣᠯᠣᠰ ᠤᠨ ᠭᠠᠵᠠᠷ ᠰᠢᠷᠣᠢ ᠶᠢᠨ ᠠᠰᠢᠭᠯᠠᠯᠳᠠ ᠪᠤᠯᠤᠨ |
| ᠬᠤᠳᠠ ᠪᠠᠯᠭᠠᠰᠣᠴᠢᠯᠠᠬᠤ ᠬᠦᠭᠵᠢᠯᠳᠡ ᠶᠢ ᠨᠢᠭᠡᠳᠦᠯᠲᠠᠢ ᠲᠦᠯᠦᠪᠯᠡᠨ ᠰᠦᠪᠡᠭᠴᠢᠯᠡᠵᠣ᠂ ᠣᠰᠣᠨ ᠤ ᠡᠬᠢ ᠪᠠᠶᠠᠯᠢᠭ |
| ᠢ ᠰᠢᠨᠵᠢᠯᠡᠬᠦ ᠣᠬᠠᠭᠠᠨᠴᠢ ᠪᠠᠷ ᠲᠤᠬᠢᠷᠠᠭᠤᠯᠵᠣ᠂ ᠡᠨᠧᠷᠬᠢ ᠠᠷᠪᠢᠯᠠᠵᠣ ᠪᠣᠬᠢᠷᠳᠣᠯ ᠭᠠᠳᠠᠭᠰᠢᠯᠠᠭᠤᠯᠬᠤ ᠬᠡᠮᠵᠢᠶ᠎ᠡ ᠶᠢ |
| ᠪᠠᠭᠠᠰᠬᠠᠬᠤ ᠭᠦᠢᠴᠡᠳᠭᠡᠬᠦ ᠲᠤᠭ᠎ᠠ ᠶᠢ ᠵᠦᠢ ᠵᠤᠬᠢᠰᠲᠠᠢ ᠲᠤᠭᠳᠠᠭᠠᠨ᠎ᠠ ᠃ ᠬᠠᠳᠣᠨ ᠭᠤᠣᠯ ᠬᠢᠭᠡᠳ ᠭᠤᠤᠯ ᠵᠠᠮ |
| ᠱᠣᠭᠤᠮ ᠲᠠᠭᠠᠦ ᠶᠢᠨ ᠠᠵᠣ ᠠᠬᠤᠢ ᠶᠢᠨ ᠪᠦᠰᠡ ᠶᠢᠨ ᠬᠦᠭᠵᠢᠯᠳᠡ ᠶᠢᠨ ᠬᠢᠷᠢ ᠬᠡᠮᠵᠢᠶ᠎ᠡ ᠶᠢ ᠲᠡᠭᠡᠭᠰᠢᠯᠡᠭᠦᠯᠵᠣ᠂ |
| ᠦᠪᠦᠷ ᠮᠣᠩᠭᠤᠯ ᠤᠨ ᠪᠠᠷᠠᠭᠤᠨ ᠬᠡᠰᠡᠭ ᠤᠨ 22 ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠬᠦᠷᠢᠶᠡᠯᠡᠩ |
| ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠬᠦᠴᠦᠯᠡᠨ ᠰᠠᠶᠢᠳᠣᠷ ᠠᠳᠬᠤᠵᠣ᠂ ᠦᠢᠯᠡᠳᠪᠦᠷᠢᠯᠡᠯ ᠤᠨ ᠴᠢᠬᠤᠯᠠ |
| ᠬᠦᠴᠦᠨ ᠵᠦᠢᠯ ᠢ ᠵᠦᠢ ᠵᠣᠬᠢᠰᠲᠠᠢ ᠲᠤᠬᠢᠷᠠᠭᠤᠯᠬᠤ ᠪᠠ ᠠᠵᠣ ᠦᠢᠯᠡᠰ ᠤᠨ ᠬᠠᠷᠢᠯᠴᠠᠨ ᠨᠦᠬᠦᠪᠦᠷᠢᠯᠡᠵᠣ |
| ᠬᠠᠮᠳᠣᠷᠠᠨ ᠬᠦᠳᠡᠯᠣᠯᠴᠡᠬᠦ ᠶᠢ ᠬᠦᠳᠦᠯᠦᠨ ᠵᠢᠯᠤᠭᠤᠳᠴᠣ᠂ ᠲᠦᠪᠯᠡᠷᠡᠵᠤ ᠴᠣᠭᠯᠠᠷᠠᠨ ᠡᠷᠴᠢᠮᠯᠢᠭ ᠬᠦᠭᠵᠢᠬᠦ ᠶᠢ |
| ᠠᠬᠢᠭᠤᠯᠤᠨ᠎ᠠ᠃ ᠵᠡᠭᠦᠨ ᠬᠡᠰᠡᠭ ᠤᠨ ᠠᠶᠢᠮᠠᠭ ᠬᠤᠳᠠ ᠶᠢᠨ ᠬᠦᠭᠵᠢᠯᠳᠡ ᠶᠢ ᠲᠦᠷᠭᠡᠳᠭᠡᠨ᠂ ᠭᠤᠤᠯᠳᠠᠯᠭ᠎ᠠ ᠲᠠᠢ |
| ᠠᠵᠤ ᠦᠢᠯᠡᠰ ᠤᠨ ᠬᠦᠭᠵᠢᠯᠳᠡ ᠶᠢᠨ ᠲᠦᠯᠦᠪᠵᠢᠭᠦᠯᠭᠡ ᠶᠢ ᠨᠠᠶᠢᠳᠠᠪᠦᠷᠢᠵᠢᠭᠤᠯᠵᠤ᠂ 13 ᠭᠤᠣᠯᠳᠠᠯᠭ᠎ᠠ ᠲᠠᠢ ᠠᠵᠣ |
| ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ᠭᠤᠤᠯᠯᠠᠬᠤ ᠠᠵᠣ |
| ᠦᠢᠯᠡᠰ ᠬᠢᠭᠡᠳ ᠠᠮᠢ ᠠᠬᠤᠢ ᠶᠢᠨ ᠬᠠᠮᠠᠭᠠᠯᠠᠯᠳᠠ᠂ ᠰᠢᠨ᠎ᠡ ᠲᠠᠷᠢᠶᠠᠯᠠᠬᠤ ᠮᠠᠯᠵᠢᠬᠤ ᠣᠷᠣᠨ ᠤ ᠪᠦᠳᠦᠭᠡᠨ |
| ᠪᠠᠶᠢᠭᠤᠯᠤᠯᠳᠠ ᠶᠢᠨ ᠵᠤᠬᠢᠴᠠᠩᠭᠤᠢ ᠬᠠᠮᠳᠣᠪᠡᠷ ᠬᠦᠭᠵᠢᠬᠦ ᠶᠢ ᠲᠦᠯᠬᠢᠨ ᠠᠬᠢᠭᠤᠯᠵᠤ᠂ ᠪᠡᠶ᠎ᠡ ᠪᠠᠨ ᠲᠠᠭᠠᠭᠠᠵᠣ |
| ᠬᠦᠭᠵᠢᠬᠦ ᠴᠢᠳᠠᠪᠣᠷᠢ ᠶᠢ ᠪᠣᠶᠢᠵᠢᠭᠤᠯᠣᠨ᠎ᠠ᠃ ᠬᠦᠭᠵᠢᠯᠳᠡ ᠶᠢᠨ ᠰᠠᠭᠤᠷᠢ ᠪᠠᠷ ᠪᠠᠭᠤᠷᠡᠢ ᠭᠠᠵᠠᠷ ᠣᠷᠣᠨ ᠢ |
| ᠬᠠᠪᠰᠣᠷᠣᠨ ᠲᠡᠳᠭᠦᠬᠦ ᠠᠵᠢᠯ ᠢ ᠦᠷᠭᠦᠯᠵᠢᠯᠡᠨ ᠰᠠᠶᠢᠳᠣᠷ ᠬᠢᠵᠤ᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ |
| ᠡᠷᠳᠡ ᠴᠢᠯᠦᠭᠡᠯᠡᠭᠳᠡᠭᠰᠡᠨ ᠣᠷᠣᠨ᠂ ᠬᠢᠯᠢ ᠶᠢᠨ ᠣᠷᠣᠨ ᠪᠠ ᠬᠦᠮᠦᠨ ᠠᠮᠠ ᠪᠠᠷ ᠨᠡᠯᠢᠶᠡᠳ ᠴᠦᠭᠡᠨ ᠦᠨᠳᠦᠰᠦᠳᠡᠨ |
| ᠤ ᠣᠷᠣᠨ ᠢ ᠲᠡᠳᠭᠦᠬᠦ ᠡᠷᠴᠢᠮ ᠢᠶᠠᠨ ᠨᠡᠮᠡᠭᠳᠡᠭᠦᠯᠦᠨ᠎ᠡ᠃ |
| ︵ᠨᠠᠢᠮᠠ︶ ᠦᠨᠳᠦᠰᠦᠳᠡᠨ ᠤ ᠰᠣᠶᠣᠯ ᠤᠨ ᠬᠦᠴᠦᠷᠬᠡᠭ ᠣᠷᠣᠨ ᠤ ᠪᠠᠶᠢᠭᠤᠯᠤᠯᠳᠠ ᠶᠢ ᠲᠦᠷᠭᠡᠳᠭᠡᠨ᠂ |
| ᠰᠣᠶᠣᠯ ᠤᠨ ᠶᠡᠭᠡ ᠬᠦᠭᠵᠢᠯᠳᠡ ᠴᠡᠴᠡᠭᠯᠡᠯᠳᠡ ᠶᠢ ᠲᠦᠯᠬᠢᠨ ᠠᠬᠢᠭᠤᠯᠤᠨ᠎ᠠ᠃ |
| ᠨᠡᠶᠢᠭᠡᠮ ᠵᠢᠷᠦᠮ ᠤᠨ ᠭᠤᠤᠯᠯᠠᠬᠤ ᠦᠷᠳᠡᠭ ᠤᠨ ᠦᠵᠡᠯᠳᠡ ᠶᠢ ᠦᠢᠯᠡᠳᠦᠯᠭᠡᠵᠢᠭᠦᠯᠦᠨ᠎ᠡ᠃ ᠲᠤᠮᠳᠠᠲᠦ |
| ᠣᠯᠣᠰ ᠤᠨ ᠣᠨᠴᠠᠯᠢᠭ ᠪᠦᠬᠦᠢ ᠨᠡᠶᠢᠭᠡᠮ ᠵᠢᠷᠦᠮ ᠪᠠ ᠲᠤᠮᠳᠠᠲᠦ ᠣᠯᠣᠰ ᠤᠨ ᠵᠡᠭᠦᠲᠦ ᠶᠢᠨ ᠲᠤᠬᠠᠢ ᠣᠬᠠᠭᠤᠯᠭ᠎ᠠ |
| ᠬᠦᠮᠦᠵᠢᠯ ᠢ ᠬᠦᠨᠵᠡᠭᠡᠶᠢᠷᠡᠭᠦᠯᠦᠨ᠂ ᠨᠡᠶᠢᠭᠡᠮ ᠵᠢᠷᠦᠮ ᠤᠨ ᠭᠤᠤᠯᠯᠠᠬᠤ ᠦᠷᠳᠡᠭ ᠤᠨ ᠦᠵᠡᠯᠳᠡ ᠶᠢ ᠬᠦᠮᠦᠵᠢᠭᠦᠯᠬᠦ |
| ᠪᠠ ᠦᠢᠯᠡᠳᠦᠯᠭᠡᠵᠢᠭᠦᠯᠬᠦ ᠠᠵᠢᠯᠯᠠᠭ᠎ᠠ ᠶᠢ ᠦᠷᠭᠡᠨ ᠢᠶᠠᠷ ᠦᠷᠨᠢᠭᠦᠯᠵᠤ᠂ ︽ᠭᠤᠷᠪᠠ ᠶᠢ ᠰᠠᠨᠠᠭᠠᠴᠢᠯᠠᠬᠤ︾ ᠶᠢ |
| ᠬᠦᠮᠦᠨ ᠤ ᠰᠡᠳᠭᠢᠯ ᠳᠤ ᠬᠠᠳᠠᠭᠰᠢᠭᠤᠯᠵᠤ᠂ ᠦᠨᠳᠦᠰᠦᠳᠡᠨ ᠨᠦᠭᠦᠳ ᠤᠨ ᠣᠯᠠᠨ ᠲᠦᠮᠡᠨ ᠤ ᠨᠢᠭᠳᠠᠷᠠᠨ |
| ᠪᠦᠯᠬᠦᠮᠳᠡᠵᠣ ᠱᠠᠯᠠᠮᠠᠭᠠᠶᠢᠯᠠᠨ ᠣᠷᠣᠭᠰᠢᠯᠠᠬᠤ ᠬᠦᠴᠦᠷᠬᠡᠭ ᠶᠡᠭᠡ ᠣᠶᠣᠨ ᠰᠠᠨᠠᠭᠠᠨ ᠤ ᠬᠦᠴᠦᠨ ᠢ ᠨᠢᠭᠳᠠᠷᠠᠭᠤᠯᠤᠨ᠎ᠠ |
| ᠃ ᠨᠡᠶᠢᠭᠡᠮ ᠤᠨ ᠶᠣᠰᠣ ᠰᠣᠷᠳᠠᠬᠤᠨ᠂ ᠡᠷᠬᠢᠯᠡᠭᠰᠡᠨ ᠠᠵᠢᠯ ᠤᠨ ᠶᠣᠰᠣ ᠰᠣᠷᠳᠠᠬᠤᠨ᠂ ᠭᠡᠷ ᠪᠦᠯᠢ ᠶᠢᠨ ᠶᠤᠰᠤ |
| ᠰᠣᠷᠳᠠᠬᠤᠨ ᠬᠢᠭᠡᠳ ᠬᠤᠪᠢ ᠬᠦᠮᠦᠨ ᠤ ᠵᠠᠩ ᠮᠣᠷᠠᠯ ᠤᠨ ᠬᠦᠮᠦᠵᠢᠯ ᠢ ᠴᠢᠩᠭᠠᠳᠬᠠᠨ᠂ ᠨᠠᠰᠣᠨ ᠳᠤ ᠦᠯᠦ |
| ᠬᠦᠷᠦᠭᠰᠡᠳ ᠤᠨ ᠦᠵᠡᠯ ᠰᠠᠨᠠᠭ᠎ᠠ ᠶᠤᠰᠤ ᠮᠣᠷᠠᠯ ᠤᠨ ᠪᠠᠶᠢᠭᠤᠯᠤᠯᠳᠠ ᠪᠠ ᠣᠶᠣᠳᠠᠳ ᠤᠨ ᠦᠵᠠᠯ ᠰᠠᠨᠠᠭ᠎ᠠ ᠣᠯᠣᠰ |
| ᠲᠦᠷᠦ ᠶᠢᠨ ᠬᠦᠮᠦᠵᠢᠯ ᠢ ᠲᠣᠪᠣᠶᠢᠮ᠎ᠠ ᠰᠠᠶᠢᠳᠣᠷ ᠠᠳᠬᠤᠵᠣ᠂ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ |
| ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠣᠯᠠᠨ ᠲᠦᠮᠡᠨᠴᠢ ᠴᠢᠨᠠᠷᠲᠠᠢ ᠣᠶᠣᠨ ᠤ ᠪᠤᠯᠪᠠᠰᠣᠨ ᠢ ᠡᠭᠦᠳᠦᠨ |
| ᠪᠠᠶᠢᠭᠤᠯᠬᠤ ᠠᠵᠢᠯᠯᠠᠭ᠎ᠠ ᠶᠢ ᠯᠠᠪᠳᠠᠭᠤᠨ ᠪᠠᠳᠣᠲᠠᠢ ᠦᠷᠨᠢᠭᠦᠯᠵᠤ᠂ ᠠᠷᠠᠳ ᠢᠷᠭᠡᠳ ᠤᠨ ᠶᠣᠰᠣ ᠮᠣᠷᠠᠯ ᠤᠨ ᠬᠡᠪ |
| ᠴᠢᠨᠠᠷ ᠪᠠ ᠨᠡᠶᠢᠭᠡᠮ ᠤᠨ ᠪᠤᠯᠪᠠᠰᠣᠨ ᠤ ᠬᠢᠷᠢ ᠬᠡᠮᠵᠢᠶ᠎ᠡ ᠶᠢ ᠲᠡᠭᠡᠭᠰᠢᠯᠡᠭᠦᠯᠦᠨ᠎ᠡ᠃ ᠰᠣᠨᠢᠨ ᠮᠡᠳᠡᠭᠡᠨ ᠤ |
| ᠵᠠᠭᠤᠴᠢᠯᠠᠭᠤᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠤ᠂ ᠣᠯᠠᠮᠵᠢᠯᠠᠯᠲᠦ ᠵᠠᠭᠤᠴᠢᠯᠠᠭᠤᠷ ᠪᠤᠯᠤᠨ ᠰᠢᠨ᠎ᠡ ᠪᠠᠷ |
| ᠪᠤᠢ ᠪᠤᠯᠤᠭᠰᠠᠨ ᠵᠠᠭᠤᠴᠢᠯᠠᠭᠤᠷ ᠤᠨ ᠨᠡᠶᠢᠯᠡᠵᠣ ᠬᠦᠭᠵᠢᠬᠦ ᠶᠢ ᠠᠬᠢᠭᠤᠯᠵᠤ᠂ ᠰᠦᠯᠵᠢᠶᠡᠨ ᠤ ᠬᠠᠮᠢᠶᠠᠷᠣᠯᠳᠠ ᠪᠠ |
| ᠶᠠᠷᠢᠶ᠎ᠠ ᠬᠡᠯᠡᠯᠴᠡᠭᠡᠨ ᠤ ᠬᠦᠳᠦᠯᠦᠨ ᠵᠢᠯᠣᠭᠤᠳᠬᠤ ᠠᠵᠢᠯ ᠢ ᠰᠠᠶᠢᠳᠣᠷ ᠬᠢᠵᠤ᠂ ᠭᠤᠤᠯ ᠵᠣᠷᠢᠭ ᠰᠠᠨᠠᠭ᠎ᠠ ᠶᠢ |
| ᠪᠠᠳᠠᠷᠠᠭᠤᠯᠣᠨ᠂ ᠲᠦᠪ ᠬᠦᠴᠦᠨ ᠵᠦᠢᠯ ᠢ ᠣᠯᠠᠮᠵᠢᠯᠠᠨ ᠲᠡᠯᠭᠡᠷᠡᠭᠦᠯᠦᠨ᠎ᠡ᠃ |
| ᠣᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠣᠯᠠᠨ |
| ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠪᠡᠯᠡᠳᠭᠡᠮᠵᠢ ᠶᠢᠨ ᠲᠤᠤᠷ ᠰᠦᠯᠵᠢᠶᠡᠨ ᠤ ᠪᠠᠶᠢᠭᠤᠯᠤᠯᠳᠠ ᠪᠠ |
| ᠬᠠᠮᠢᠶᠠᠷᠣᠯᠳᠠ ᠶᠢ ᠴᠢᠩᠭᠠᠳᠬᠠᠨ᠂ ᠦᠨᠳᠦᠰᠦᠨ ᠱᠠᠳᠣᠨ ᠤ ᠣᠯᠠᠨ ᠨᠡᠶᠢᠳᠡ ᠶᠢᠨ ᠰᠣᠶᠣᠯ ᠤᠨ ᠪᠡᠯᠡᠳᠭᠡᠮᠵᠢ ᠶᠢ |
| ᠬᠠᠮᠳᠣᠪᠡᠷ ᠪᠠᠶᠢᠭᠤᠯᠤᠨ ᠬᠠᠮᠳᠣᠪᠡᠷ ᠡᠳ᠋ᠯᠡᠬᠦ ᠶᠢ ᠲᠦᠯᠬᠢᠨ ᠠᠬᠢᠭᠤᠯᠵᠤ᠂ ᠰᠣᠶᠣᠯ ᠢᠶᠠᠷ ᠠᠷᠠᠳ ᠲᠤ ᠠᠰᠢᠭ |
| ᠬᠦᠷᠳᠡᠭᠡᠬᠦ ᠭᠤᠤᠯᠳᠠᠯᠭ᠎ᠠ ᠲᠠᠢ ᠢᠨᠵᠧᠨᠧᠷᠢᠩ ᠪᠤᠯᠤᠨ ᠰᠣᠶᠣᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ |
| ᠶᠢ ᠬᠡᠷᠡᠭᠵᠢᠭᠦᠯᠵᠤ᠂ ᠨᠣᠮ ᠤᠨ ᠰᠠᠩ᠂ ᠮᠦᠽᠸᠢ᠂ ᠰᠣᠶᠣᠯ ᠤᠨ ᠣᠷᠳᠣᠨ ᠢ ᠰᠦᠢᠳᠭᠡᠯ ᠬᠤᠷᠢᠶᠠᠬᠤ ᠦᠭᠡᠢ ᠪᠠᠷ |
| ᠨᠡᠶᠢᠭᠡᠮ ᠳᠤ ᠨᠡᠭᠡᠭᠡᠬᠦ ᠠᠵᠢᠯ ᠢ ᠰᠠᠶᠢᠳᠣᠷ ᠬᠢᠨ᠎ᠡ᠃ ᠣᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠵᠠᠰᠠᠭ |
| ᠤᠨ ᠣᠷᠳᠣᠨ ᠬᠤᠳᠠᠯᠳᠣᠨ ᠠᠪᠬᠤ ᠭᠠᠷᠴᠠᠭ ᠤᠨ ᠲᠦᠷᠢᠮ ᠢ ᠰᠦᠪᠡᠭᠴᠢᠯᠡᠨ ᠪᠠᠶᠢᠭᠤᠯᠵᠤ᠂ ᠣᠯᠠᠨ ᠨᠡᠶᠢᠳᠡ ᠶᠢᠨ |
| ᠰᠣᠶᠣᠯ ᠤᠨ ᠦᠢᠯᠡᠴᠢᠯᠡᠭᠡᠨ ᠢ ᠦᠨᠡᠯᠡᠨ ᠵᠢᠱᠢᠵᠣ ᠰᠢᠯᠭᠠᠷᠠᠭᠤᠯᠬᠤ ᠰᠢᠰᠲ᠋ᠧᠮᠵᠢ ᠶᠢ ᠲᠡᠭᠦᠯᠳᠡᠷᠵᠢᠭᠦᠯᠵᠤ᠂ ᠶᠠᠳᠠᠭᠤ |
| ᠬᠦᠴᠢᠷᠳᠡᠯᠲᠠᠢ ᠭᠠᠵᠠᠷ ᠣᠷᠣᠨ ᠤ ᠣᠯᠠᠨ ᠨᠡᠶᠢᠳᠡ ᠶᠢᠨ ᠰᠣᠶᠣᠯ ᠤᠨ ᠦᠢᠯᠡᠰ ᠤᠨ ᠬᠦᠭᠵᠢᠯᠳᠡ ᠶᠢ ᠲᠦᠷᠭᠡᠳᠭᠡᠨ᠂ |
| ᠣᠯᠠᠨ ᠨᠡᠶᠢᠳᠡ ᠶᠢᠨ ᠰᠣᠶᠣᠯ ᠤᠨ ᠦᠨᠳᠣᠰᠣᠨᠦᠢᠯᠡᠴᠢᠯᠡᠭᠡᠨ ᠤ ᠪᠠᠷᠢᠮᠵᠢᠶᠠᠵᠢᠭᠤᠯᠣᠯᠳᠠ᠂ ᠲᠡᠩᠴᠡᠭᠦᠷᠢᠵᠢᠯᠳᠡ ᠶᠢ |
| ᠠᠬᠢᠭᠤᠯᠤᠨ᠎ᠠ᠂ ᠴᠢᠬᠤᠯᠠ ᠶᠡᠭᠡ ᠲᠡᠦᠭᠡ ᠶᠢᠨ ᠲᠣᠷᠠᠰᠬᠠᠯᠲᠦ ᠵᠦᠢᠯᠡᠰ ᠢ ᠬᠠᠮᠠᠭᠠᠯᠠᠬᠤ ᠢᠨᠵᠧᠨᠧᠷᠢᠭ ᠢ |
| ᠬᠡᠷᠡᠭᠵᠢᠭᠦᠯᠵᠣ᠂ ᠪᠣᠳᠠᠰ ᠤᠨ ᠪᠣᠰᠣ ᠰᠣᠶᠣᠯ ᠤᠨ ᠦᠪ ᠢ ᠬᠠᠮᠠᠭᠠᠯᠠᠬᠤ ᠡᠷᠴᠢᠮ ᠢ ᠨᠡᠮᠡᠭᠳᠡᠭᠦᠯᠦᠨ᠂ ᠦᠨᠳᠦᠰᠦᠳᠡᠨ |
| ᠤ ᠰᠣᠶᠣᠯ ᠪᠠ ᠲᠠᠯ᠎ᠠ ᠨᠤᠳᠤᠭ ᠤᠨ ᠰᠣᠶᠣᠯ ᠢ ᠶᠡᠬᠡᠪᠷ ᠣᠯᠠᠮᠵᠢᠯᠠᠨ ᠪᠠᠳᠠᠷᠠᠭᠤᠯᠣᠨ᠎ᠠ᠃ ᠰᠣᠶᠣᠯ ᠤᠨ ᠪᠦᠳᠦᠭᠡᠯ ᠢ |
| ᠡᠭᠦᠳᠦᠨ ᠭᠠᠷᠭᠠᠬᠤ ᠠᠵᠢᠯ ᠢ ᠴᠢᠩᠭᠠᠳᠬᠠᠨ᠂ ᠭᠠᠵᠠᠷ ᠣᠷᠣᠨ ᠬᠢᠭᠡᠳ ᠦᠨᠳᠦᠰᠦᠳᠡᠨ ᠤ ᠣᠨᠴᠠᠯᠢᠭ ᠢᠶᠠᠷ ᠪᠠᠶᠠᠯᠢᠭ |
| ᠪᠦᠬᠦᠢ ᠨᠢᠭᠡ ᠪᠦᠯᠦᠭ ᠰᠣᠳᠣᠨ ᠪᠦᠳᠦᠭᠡᠯ ᠤᠳ ᠢ ᠪᠤᠢ ᠪᠤᠯᠭᠠᠨ᠎ᠠ᠃ ᠰᠣᠨᠢᠨ ᠮᠡᠳᠡᠭᠡ ᠬᠡᠪᠯᠡᠯ ᠬᠢᠭᠡᠳ ᠷᠠᠳᠢᠤ᠋ |
| ᠨᠡᠪᠳᠡᠷᠡᠭᠦᠯᠭᠡ ᠺᠢᠨᠤ᠋ ᠲᠧᠯᠸᠢᠰ ᠤᠨ ᠠᠵᠢᠯ ᠢ ᠰᠠᠶᠢᠳᠣᠷ ᠬᠢᠵᠤ᠂ ᠭᠦᠨ ᠣᠬᠠᠭᠠᠨ ᠨᠡᠶᠢᠭᠡᠮ ᠤᠨ ᠰᠢᠨᠵᠢᠯᠡᠬᠦ ᠣᠬᠠᠭᠠᠨ |
| ᠢ ᠴᠡᠴᠡᠭᠯᠡᠭᠦᠯᠦᠨ ᠬᠦᠭᠵᠢᠭᠦᠯᠦᠨ᠎ᠡ᠃ |
| ᠰᠣᠶᠣᠯ ᠤᠨ ᠠᠵᠤ ᠦᠢᠯᠡᠰ ᠢ ᠲᠦᠷᠭᠡᠳᠭᠡᠨ ᠬᠦᠭᠵᠢᠭᠦᠯᠦᠨ᠎ᠡ᠃ ᠦᠪᠡᠷᠳᠡᠭᠡᠨ ᠵᠠᠰᠠᠬᠤ ᠤᠷᠤᠨ ᠤ ᠰᠣᠶᠣᠯ |
| ᠤᠨ ᠠᠵᠤ ᠦᠢᠯᠡᠰ ᠤᠨ ᠣᠷᠳᠣᠪᠳᠣᠷ ᠪᠠ ᠣᠷᠳᠣ ᠬᠤᠭᠤᠴᠠᠭᠠᠨ ᠤ ᠬᠦᠭᠵᠢᠯᠳᠡ ᠶᠢᠨ ᠲᠦᠯᠦᠪᠵᠢᠭᠦᠯᠭᠡ ᠶᠢ ᠪᠦᠬᠦ |
| ᠲᠠᠯ᠎ᠠ ᠪᠠᠷ ᠬᠡᠷᠡᠭᠵᠢᠭᠦᠯᠵᠤ᠂ ᠰᠣᠶᠣᠯ ᠤᠨ ᠠᠵᠣ ᠦᠢᠯᠡᠰ ᠢ ᠲᠡᠳᠭᠦᠬᠦ ᠲᠦᠷᠦ ᠶᠢᠨ ᠪᠣᠳᠣᠯᠭ᠎ᠠ ᠶᠢ ᠬᠢᠨᠠᠮᠠᠭᠠᠢ |
| ᠨᠠᠶᠢᠳᠠᠪᠦᠷᠢᠵᠢᠭᠤᠯᠵᠤ᠂ ᠰᠣᠶᠣᠯ ᠤᠨ ᠠᠵᠣ ᠦᠢᠯᠡᠰ ᠤᠨ ᠬᠦᠷᠢᠶᠡᠯᠡᠩ ᠪᠠ ᠰᠣᠶᠣᠯ ᠤᠨ ᠭᠤᠤᠯᠳᠠᠯᠭ᠎ᠠ ᠲᠠᠢ |
| ᠢᠨᠵᠧᠨᠧᠷᠢᠩ ᠤᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ᠣᠨᠴᠠᠯᠢᠭᠲᠦ ᠰᠣᠶᠣᠯ ᠤᠨ ᠡᠬᠢ ᠪᠠᠶᠠᠯᠢᠭ ᠢ |
| ᠭᠦᠨᠵᠡᠭᠡᠢ ᠠᠭᠤᠳᠠᠯᠯᠠᠵᠤ᠂ ᠰᠣᠶᠣᠯ ᠬᠢᠭᠡᠳ ᠵᠢᠭᠤᠯᠴᠢᠯᠠᠯ᠂ ᠮᠦᠩᠭᠦᠨ ᠭᠦᠢᠯᠭᠡᠭᠡᠨ᠂ ᠰᠢᠨᠵᠢᠯᠡᠬᠦ ᠣᠬᠠᠭᠠᠨ |
| ᠮᠡᠷᠭᠡᠵᠢᠯ ᠤᠨ ᠭᠦᠨᠵᠡᠭᠡᠢ ᠠᠭᠤᠰᠣᠯᠴᠠᠯ ᠢ ᠠᠬᠢᠭᠤᠯᠵᠤ᠂ ᠦᠨᠳᠦᠰᠦᠳᠠᠨ ᠤ ᠣᠷᠠᠨ ᠰᠠᠶᠢᠬᠠᠨ ᠤ ᠲᠣᠭᠯᠠᠯᠳᠠ᠂ |
| ᠺᠢᠨᠣ᠋ ᠲᠧᠯᠸᠢᠰ᠂ ᠺᠠᠷᠲ᠋ᠣᠨ ᠵᠢᠷᠤᠭ ᠱᠤᠭ ᠵᠢᠷᠤᠭ ᠵᠡᠷᠭᠡ ᠠᠵᠣ ᠦᠢᠯᠡᠰ ᠢ ᠶᠡᠬᠡᠪᠡᠷ ᠬᠦᠭᠵᠢᠭᠦᠯᠦᠨ᠂ ᠠᠵᠤ ᠦᠢᠯᠡᠰ |
| ᠤᠨ ᠬᠡᠯᠬᠢᠶ᠎ᠡ ᠶᠢ ᠦᠷᠭᠡᠵᠢᠭᠦᠯᠦᠨ ᠣᠷᠳᠣᠳᠬᠠᠵᠤ᠂ ᠰᠣᠶᠣᠯ ᠤᠨ ᠠᠵᠣ ᠦᠢᠯᠡᠰ ᠤᠨ ᠰᠢᠯᠢᠳᠡᠭᠵᠢᠵᠣ ᠲᠡᠰ |
| ᠲᠡᠪᠰᠢᠬᠦ ᠶᠢ ᠲᠦᠯᠬᠢᠨ ᠠᠬᠢᠭᠤᠯᠤᠨ᠎ᠠ᠃ ᠣᠳᠣ ᠦᠶ᠎ᠡ ᠶᠢᠨ ᠰᠣᠶᠣᠯ ᠤᠨ ᠵᠠᠬ᠎ᠠ ᠲᠡᠯᠭᠡᠭᠦᠷ ᠤᠨ ᠰᠢᠰᠲ᠋ᠧᠮᠵᠢ ᠶᠢ |
| ᠪᠠᠶᠢᠭᠤᠯᠤᠨ ᠪᠦᠷᠢᠨᠰᠢᠭᠦᠯᠵᠤ᠂ ᠰᠣᠶᠣᠯ ᠤᠨ ᠵᠠᠬ᠎ᠠ ᠲᠡᠯᠭᠡᠭᠦᠷ ᠲᠤ ᠵᠦᠪᠰᠢᠶᠡᠷᠡᠨ ᠣᠷᠣᠭᠤᠯᠬᠤ ᠪᠠ ᠪᠣᠴᠠᠭᠠᠵᠦ |
| ᠭᠠᠷᠭᠠᠬᠤ ᠲᠤᠭᠳᠠᠴᠠ ᠶᠢ ᠲᠡᠭᠦᠯᠳᠡᠷᠵᠢᠭᠦᠯᠦᠨ᠂ ᠡᠯ᠎ᠡ ᠲᠦᠷᠦᠯ ᠤᠨ ᠵᠠᠬ᠎ᠠ ᠲᠡᠯᠭᠡᠭᠦᠷ ᠤᠨ ᠭᠤᠤᠯ ᠴᠣᠭᠴᠠ ᠶᠢᠨ |
| ᠭᠤᠤᠯᠴᠢ ᠪᠠᠷ ᠦᠷᠢᠰᠦᠯᠳᠦᠬᠦ᠂ ᠰᠢᠯᠢᠳᠡᠭ ᠨᠢ ᠦᠯᠡᠳᠡᠵᠣ ᠰᠢᠭᠠᠷᠣ ᠨᠢ ᠰᠢᠭᠰᠢᠭᠳᠡᠬᠦ ᠶᠢ ᠠᠬᠢᠭᠤᠯᠵᠤ᠂ ᠣᠯᠠᠨ ᠲᠡᠰ |
| ᠲᠠᠪᠬᠤᠷᠭ᠎ᠠ ᠪᠦᠬᠦᠢ ᠰᠣᠶᠣᠯ ᠤᠨ ᠪᠦᠳᠦᠭᠡᠭᠳᠡᠭᠦᠨ ᠪᠠ ᠴᠢᠬᠤᠯᠠ ᠬᠦᠴᠦᠨ ᠵᠦᠢᠯ ᠤᠨ ᠵᠠᠬ᠎ᠠ ᠲᠡᠯᠭᠡᠭᠦᠷ ᠤᠨ ᠪᠤᠢ |
| ᠪᠤᠯᠬᠤ ᠶᠢ ᠲᠦᠯᠬᠢᠨ ᠠᠬᠢᠭᠤᠯᠤᠨ᠎ᠠ᠃ ᠨᠡᠶᠢᠭᠡᠮ ᠤᠨ ᠬᠦᠷᠦᠩᠭᠡ ᠶᠢᠨ ᠰᠣᠶᠣᠯ ᠤᠨ ᠡᠬᠢ ᠪᠠᠶᠠᠯᠢᠭ ᠯᠤᠭ᠎ᠠ |
| ᠬᠠᠷᠢᠯᠴᠠᠨ ᠣᠶᠠᠯᠳᠣᠬᠤ ᠶᠢ ᠵᠣᠷᠢᠭᠵᠢᠭᠤᠯᠤᠨ᠂ ᠰᠣᠶᠣᠯ ᠤᠨ ᠲᠠᠭᠠᠭᠤᠯᠣᠭᠴᠢ ᠠᠵᠤ ᠠᠬᠤᠶᠢᠯᠠᠯ ᠢ ᠪᠤᠶᠢᠵᠢᠭᠤᠯᠤᠨ |
| ᠪᠤᠵᠠᠭᠠᠶᠢᠷᠠᠭᠤᠯᠵᠤ᠂ ᠲᠤᠮᠳᠠ ᠪᠠᠭ᠎ᠠ ᠵᠢᠵᠢᠭ ᠰᠣᠶᠣᠯ ᠤᠨ ᠠᠵᠤ ᠠᠬᠤᠶᠢᠯᠠᠯ ᠤᠨ ᠬᠦᠭᠵᠢᠯᠳᠡ ᠶᠢ ᠲᠡᠳᠭᠦᠨ᠎ᠡ᠃ |
| ᠰᠣᠶᠣᠯ ᠤᠨ ᠬᠦᠭᠵᠢᠯᠳᠡ ᠶᠢᠨ ᠰᠢᠨ᠎ᠡ ᠶᠢ ᠡᠭᠦᠳᠬᠦ ᠠᠮᠢᠵᠢᠷᠡᠯ ᠤᠨ ᠬᠦᠴᠦᠨ ᠢ ᠬᠦᠭᠵᠢᠭᠡᠨ᠎ᠡ᠃ ᠰᠣᠶᠣᠯ |
| ᠤᠨ ᠬᠤᠷᠸ᠎ᠠ ᠬᠠᠮᠢᠶᠠᠷᠣᠯᠳᠡ ᠶᠢᠨ ᠪᠠᠶᠢᠭᠤᠯᠣᠯ ᠤᠨ ᠦᠭᠡᠷᠡᠴᠢᠯᠡᠯᠳᠡ ᠶᠢ ᠭᠦᠨᠵᠡᠭᠡᠢ ᠲᠦᠯᠬᠢᠨ ᠠᠬᠢᠭᠤᠯᠵᠦ᠂ ᠵᠠᠰᠠᠭ |
| ᠤᠨ ᠣᠷᠳᠣᠨ ᠤ ᠰᠠᠯᠠᠭ᠎ᠠ ᠮᠦᠴᠢᠷ ᠤᠨ ᠰᠣᠶᠣᠯ ᠡᠷᠬᠢᠯᠡᠵᠦ ᠪᠠᠶᠢᠭᠰᠠᠨ ᠠᠴᠠ ᠨᠢ ᠰᠣᠶᠣᠯ ᠤᠨ ᠬᠠᠮᠢᠶᠠᠷᠣᠯᠳᠡ ᠬᠢᠬᠦ |
| ᠲᠡᠰᠢ ᠰᠢᠯᠵᠢᠬᠦᠯᠬᠦ ᠶᠢ ᠲᠦᠷᠭᠡᠳᠭᠡᠨ ᠠᠬᠢᠭᠤᠯᠵᠦ᠂ ᠣᠯᠣᠰ ᠤᠨ ᠦᠮᠴᠢᠯᠡᠯᠳᠣ ᠰᠣᠶᠣᠯ ᠤᠨ ᠬᠦᠷᠦᠩᠭᠡ ᠶᠢ ᠬᠢᠨᠡᠨ |
| ᠬᠠᠮᠢᠶᠠᠷᠬᠤ ᠪᠠᠶᠢᠭᠤᠯᠣᠯ ᠢ ᠪᠠᠶᠢᠭᠤᠯᠣᠨ ᠲᠡᠭᠦᠯᠳᠡᠷᠵᠢᠭᠦᠯᠵᠦ᠂ ᠬᠦᠮᠦᠨ᠂ ᠶᠠᠪᠣᠳᠠᠯ᠂ ᠬᠦᠷᠦᠩᠭᠡ᠂ ᠬᠦᠳᠦᠯᠦᠮᠵᠢ |
| ᠵᠡᠷᠬᠡ ᠬᠠᠮᠢᠶᠠᠷᠣᠯᠳᠡ ᠶᠢᠨ ᠬᠠᠷᠢᠯᠴᠠᠨ ᠨᠢᠭᠡᠳᠣᠯᠳᠡᠢ ᠪᠠᠶᠢᠬᠤ ᠶᠢ ᠬᠡᠷᠡᠭᠵᠢᠬᠦᠯᠵᠦ᠂ ᠰᠣᠶᠣᠯ ᠤᠨ ᠭᠤᠣᠯᠴᠢᠯᠠᠨ |
| ᠬᠠᠮᠢᠶᠠᠷᠬᠤ ᠰᠠᠯᠠᠭ᠎ᠠ ᠮᠦᠴᠢᠷ ᠬᠢᠭᠡᠳ ᠬᠠᠷᠢᠶ᠎ᠠ ᠪᠦᠬᠦᠢ ᠰᠣᠶᠣᠯ ᠤᠨ ᠠᠵᠦ ᠠᠬᠤᠶᠢᠯᠠᠯ ᠠᠵᠢᠯ ᠦᠢᠯᠡᠰ ᠤᠨ |
| ᠨᠢᠭᠡᠴᠡ ᠶᠢᠨ ᠬᠠᠷᠢᠴᠠᠭ᠎ᠠ ᠶᠢ ᠣᠯᠠᠮ ᠨᠢᠬᠡ ᠠᠯᠬᠤᠮ ᠰᠢᠯᠣᠭᠤᠳᠬᠠᠨ᠎ᠠ᠃ ᠦᠪᠡᠷᠳᠡᠭᠡᠨ ᠵᠠᠰᠠᠬᠤ ᠣᠷᠣᠨ ᠤ |
| ᠰᠣᠶᠣᠯ ᠤᠨ ᠵᠠᠬ᠎ᠠ ᠲᠡᠯᠭᠡᠭᠦᠷ ᠤᠨ ᠶᠡᠷᠦᠩᠬᠡᠶᠢᠯᠡᠭᠰᠡᠨ ᠬᠠᠥᠯᠢ ᠬᠡᠷᠡᠭᠵᠢᠬᠦᠯᠬᠦ ᠬᠠᠮᠢᠶᠠᠷᠣᠯᠳᠡ ᠶᠢᠨ ᠪᠠᠶᠢᠭᠤᠯᠣᠯ ᠢ |
| ᠠᠯᠬᠤᠮ ᠠᠯᠬᠤᠮ ᠢᠶᠠᠷ ᠰᠢᠯᠣᠭᠤᠳᠬᠠᠵᠦ᠂ ᠦᠪᠡᠷᠳᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠵᠡᠷᠬᠡ ᠲᠠᠪᠣᠨ |
| ᠶᠡᠭᠡ ᠰᠣᠶᠣᠯ ᠤᠨ ᠠᠵᠦ ᠠᠬᠤᠶᠢᠯᠠᠯ ᠤᠨ ᠪᠦᠯᠦᠭᠯᠡᠯ ᠤᠨ ᠣᠳᠣ ᠦᠶ᠎ᠡ ᠶᠢᠨ ᠠᠵᠦ ᠠᠬᠤᠶᠢᠯᠠᠯ ᠤᠨ ᠲᠦᠷᠢᠮ |
| ᠪᠠᠶᠢᠭᠤᠯᠬᠤ ᠶᠢ ᠲᠦᠷᠭᠡᠳᠭᠡᠨ ᠠᠬᠢᠭᠤᠯᠵᠦ᠂ ᠬᠠᠥᠯᠢ ᠶᠢᠨ ᠡᠷᠭᠡᠳᠡᠨ ᠠᠴᠠ ᠵᠠᠰᠠᠬᠤ ᠪᠦᠳᠦᠴᠡ ᠶᠢ |
| ᠲᠡᠭᠦᠯᠳᠡᠷᠵᠢᠭᠦᠯᠦᠨ᠎ᠡ᠃ ᠰᠣᠶᠣᠯ ᠤᠨ ︽ᠭᠠᠷᠴᠦ ᠶᠠᠪᠣᠬᠤ︾ ᠠᠯᠬᠤᠴᠡ ᠶᠢ ᠲᠦᠷᠭᠡᠳᠭᠡᠨ᠂ ᠰᠣᠶᠣᠯ ᠤᠨ ᠲᠠᠯ᠎ᠠ |
| ᠪᠠᠷ ᠰᠣᠯᠢᠯᠴᠠᠭ᠎ᠠ ᠬᠢᠵᠦ ᠬᠤᠷᠰᠢᠯᠴᠠᠬᠤ ᠶᠢ ᠣᠯᠠᠮ ᠨᠢᠬᠡ ᠠᠯᠬᠤᠮ ᠴᠢᠩᠭᠠᠳᠬᠠᠵᠦ᠂ ᠦᠪᠦᠷ ᠮᠤᠩᠭᠤᠯ ᠤᠨ |
| ᠦᠨᠳᠣᠰᠣᠳᠡᠨ ᠤ ᠰᠣᠶᠣᠯ ᠢ ᠦᠷᠭᠡᠨ ᠢᠶᠠᠷ ᠣᠬᠠᠭᠤᠯᠬᠤ ᠪᠠ ᠶᠡᠬᠡᠪᠡᠷ ᠲᠠᠨᠢᠯᠴᠠᠭᠤᠯᠵᠦ᠂ ᠰᠤᠶᠤᠯ ᠤᠨ ᠨᠦᠯᠦᠭᠡᠯᠡᠬᠦ |
| ᠬᠦᠴᠦᠨ ᠪᠠ ᠵᠦᠭᠡᠯᠡᠨ ᠪᠣᠳᠠᠳᠣ ᠬᠦᠴᠦᠨ ᠢ ᠲᠠᠰᠣᠷᠠᠯᠳᠠ ᠦᠬᠡᠢ ᠲᠡᠭᠡᠭᠰᠢᠯᠡᠬᠦᠯᠦᠨ᠎ᠡ᠃ |
| ︵ᠶᠢᠰᠦ︶ ᠨᠡᠶᠢᠬᠡᠮ ᠢ ᠵᠠᠰᠬᠤ ᠪᠠᠶᠢᠭᠤᠯᠣᠯ ᠤᠨ ᠰᠢᠨ᠎ᠡ ᠶᠢ ᠡᠭᠦᠳᠴᠦ᠂ ᠨᠡᠶᠢᠬᠡᠮ ᠤᠨ ᠡᠶ᠎ᠡ ᠵᠣᠬᠢᠴᠠᠯ ᠲᠠᠢ |
| ᠲᠣᠭᠳᠠᠭᠤᠨ ᠪᠠᠶᠢᠬᠤ ᠶᠢ ᠠᠬᠢᠭᠤᠯᠣᠨ᠎ᠠ |
| ᠦᠨᠳᠣᠰᠣᠳᠡᠨ ᠤ ᠪᠦᠯᠬᠦᠮᠳᠡᠯ ᠢ ᠣᠯᠠᠮ ᠨᠢᠬᠡ ᠠᠯᠬᠤᠮ ᠴᠢᠩᠭᠠᠳᠬᠠᠨ᠎ᠠ᠃ ᠦᠨᠳᠣᠰᠣᠳᠡᠨ ᠤ ᠣᠷᠣᠨ ᠤ |
| ᠦᠪᠡᠷᠳᠡᠭᠡᠨ ᠵᠠᠰᠠᠬᠤ ᠲᠦᠷᠢᠮ ᠢ ᠪᠠᠷᠢᠮᠳᠠᠯᠠᠨ ᠲᠡᠭᠦᠯᠳᠡᠷᠵᠢᠭᠦᠯᠵᠦ᠂ ᠦᠨᠳᠣᠰᠣᠳᠡᠨ ᠱᠠᠰᠢᠨ ᠰᠣᠷᠳᠠᠬᠤᠨ ᠤ ᠲᠣᠬᠠᠢ |
| ᠨᠠᠮ ᠤᠨ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠣᠷᠢᠵᠢᠭᠤᠯᠵᠦ᠂ ᠦᠨᠳᠤᠰᠣᠳᠠᠨ ᠤ |
| ᠪᠦᠯᠬᠦᠮᠳᠡᠯ ᠲᠠᠪᠰᠢᠯᠳᠠ ᠶᠢᠨ ᠣᠬᠠᠭᠤᠯᠭ᠎ᠠ ᠪᠠ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ |
| ᠴᠦᠬᠡᠨ ᠲᠣᠭᠠᠳᠣ ᠦᠨᠳᠣᠰᠣᠳᠡᠨ ᠤ ᠬᠠᠥᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠬᠦᠮᠦᠨ ᠠᠮᠠ ᠨᠡᠯᠢᠶᠡᠳ |
| ᠴᠦᠬᠡᠨ ᠦᠨᠳᠣᠰᠣᠳᠡᠨ ᠤ ᠬᠦᠭᠵᠢᠯᠳᠡ ᠶᠢ ᠲᠡᠳᠭᠦᠵᠦ᠂ ᠡᠷᠬᠡ ᠲᠡᠭᠰᠢ ᠪᠦᠯᠬᠦᠮᠳᠡᠨ ᠨᠢᠭᠳᠠᠷᠠᠭᠰᠠᠨ ᠬᠠᠷᠢᠯᠴᠠᠨ |
| ᠬᠠᠪᠰᠣᠷᠣᠯᠴᠠᠭᠰᠠᠨ ᠡᠶ᠎ᠡ ᠵᠣᠬᠢᠴᠠᠯ ᠲᠠᠢ ᠨᠡᠶᠢᠬᠡᠮ ᠵᠢᠷᠣᠮ ᠤᠨ ᠦᠨᠳᠣᠰᠣᠳᠡᠨ ᠤ ᠬᠠᠷᠢᠴᠠᠭ᠎ᠠ ᠶᠢ ᠪᠠᠬᠢᠵᠢᠭᠦᠯᠦᠨ |
| ᠬᠦᠭᠵᠢᠭᠦᠯᠵᠦ᠂ ᠦᠨᠳᠣᠰᠣᠳᠡᠨ ᠨᠦᠭᠦᠳ ᠤᠨ ᠠᠷᠠᠳ ᠲᠦᠮᠡᠨ ᠤ ᠬᠠᠮᠳᠣᠪᠡᠷ ᠪᠦᠯᠬᠦᠮᠳᠡᠨ ᠲᠡᠮᠡᠴᠡᠬᠦ᠂ ᠬᠠᠮᠳᠣᠪᠡᠷ |
| ᠴᠡᠴᠡᠭᠯᠡᠨ ᠬᠦᠭᠵᠢᠬᠦ ᠶᠢ ᠠᠬᠢᠭᠤᠯᠣᠨ᠎ᠠ᠃ ᠱᠠᠰᠢᠨ ᠰᠣᠷᠳᠠᠬᠤᠨ ᠤ ᠬᠡᠷᠡᠭ ᠶᠠᠪᠣᠳᠠᠯ ᠢ ᠬᠠᠥᠯᠢ ᠶᠣᠰᠣᠭᠠᠷ |
| ᠬᠠᠮᠢᠶᠠᠷᠴᠦ᠂ ᠱᠠᠰᠢᠨ ᠰᠣᠷᠳᠠᠬᠤᠨ ᠬᠢᠭᠡᠳ ᠨᠡᠶᠢᠭᠡᠮ ᠵᠢᠷᠣᠮᠳᠣ ᠨᠡᠶᠢᠭᠡᠮ ᠤᠨ ᠬᠠᠷᠢᠯᠴᠠᠨ ᠵᠣᠬᠢᠴᠠᠬᠤ ᠶᠢ |
| ᠢᠳᠡᠪᠬᠢᠳᠡᠢ ᠪᠠᠷ ᠬᠦᠳᠦᠯᠦᠨ ᠵᠢᠯᠣᠭᠤᠳᠴᠦ᠂ ᠱᠠᠰᠢᠨ ᠰᠣᠷᠳᠠᠬᠤᠨ ᠤ ᠡᠳᠡᠭᠡᠳ ᠤᠨ ᠬᠢᠨ ᠬᠢᠭᠡᠳ ᠱᠠᠰᠢᠨ |
| ᠰᠢᠳᠦᠳᠡᠭ ᠣᠯᠠᠨ ᠲᠦᠮᠡᠨ ᠤ ᠠᠵᠦ ᠠᠬᠤᠢ ᠶᠢᠨ ᠬᠦᠭᠵᠢᠯᠳᠡ᠂ ᠨᠡᠶᠢᠬᠡᠮ ᠤᠨ ᠡᠶ᠎ᠡ ᠵᠣᠬᠢᠴᠡᠯ ᠲᠠᠢ ᠪᠠᠶᠢᠬᠤ ᠶᠢ |
| ᠠᠬᠢᠭᠤᠯᠬᠤ ᠳᠠᠬᠢ ᠢᠳᠡᠪᠬᠢᠳᠡᠢ ᠦᠢᠯᠡᠳᠦᠯ ᠢ ᠪᠠᠳᠠᠷᠠᠭᠤᠯᠣᠨ᠎ᠠ᠃ |
| ᠨᠡᠶᠢᠭᠡᠮ ᠤᠨ ᠵᠣᠬᠢᠶᠡᠨ ᠪᠠᠶᠢᠭᠤᠯᠣᠯᠳᠡ ᠶᠢᠨ ᠠᠮᠢᠵᠢᠷᠡᠯ ᠤᠨ ᠬᠦᠴᠦᠨ ᠢ ᠨᠡᠮᠡᠭᠳᠡᠭᠦᠯᠦᠨ᠎ᠡ᠃ ᠵᠠᠰᠠᠭ ᠤᠨ |
| ᠣᠷᠳᠣᠨ ᠠᠴᠠ ᠵᠠᠰᠠᠬᠤ ᠪᠠ ᠨᠡᠶᠢᠭᠡᠮ ᠤᠨ ᠦᠪᠡᠷ ᠢ ᠪᠠᠨ ᠲᠣᠬᠢᠷᠠᠭᠤᠯᠬᠤ᠂ ᠰᠠᠭᠤᠭᠠᠯᠢ ᠠᠷᠠᠳ ᠤᠨ ᠦᠪᠡᠷᠳᠡᠭᠡᠨ |
| ᠵᠠᠰᠠᠬᠤ ᠰᠠᠶᠢᠨ ᠨᠦᠬᠦᠴᠡᠯᠳᠣᠯ ᠢ ᠴᠢᠷᠮᠠᠶᠢᠨ ᠠᠬᠢᠭᠤᠯᠣᠨ᠎ᠠ᠃ ︽ᠵᠠᠰᠠᠭ ᠪᠠ ᠨᠡᠶᠢᠭᠡᠮ ᠤᠨ ᠬᠢᠨ ᠢ ᠰᠠᠯᠭᠠᠬᠤ᠂ |
| ᠬᠠᠮᠢᠶᠠᠷᠬᠤ ᠪᠠ ᠡᠷᠬᠢᠯᠡᠬᠦ ᠶᠢ ᠰᠠᠯᠭᠠᠬᠤ︾ ᠵᠠᠷᠴᠢᠮ ᠤᠨ ᠶᠣᠰᠣᠭᠠᠷ᠂ ᠡᠯ᠎ᠡ ᠲᠦᠷᠦᠯ ᠤᠨ ᠡᠪᠯᠡᠯ᠂ ᠨᠡᠶᠢᠭᠡᠮᠯᠢᠭ᠂ |
| ᠰᠣᠳᠣᠯᠭᠠᠨ ᠤ ᠨᠡᠶᠢᠭᠡᠮᠯᠢᠭ ᠢ ᠬᠦᠳᠦᠯᠦᠨ ᠵᠢᠯᠣᠭᠤᠳᠴᠦ ᠪᠠᠶᠢᠭᠠᠳ ᠨᠠᠮ ᠵᠠᠰᠠᠭ ᠤᠨ ᠪᠠᠶᠢᠭᠤᠯᠣᠯᠭ᠎ᠠ᠂ ᠠᠵᠢᠯ |
| ᠦᠢᠯᠡᠰ ᠤᠨ ᠨᠢᠭᠡᠴᠡ ᠠᠴᠠ ᠲᠣᠶᠢᠯᠪᠣᠷᠢᠳᠡᠢ ᠰᠠᠯᠭᠠᠨ᠎ᠠ᠃ ᠵᠠᠰᠠᠭ ᠤᠨ ᠣᠷᠳᠣᠨ ᠨᠡᠶᠢᠭᠡᠮ ᠤᠨ ᠦᠢᠯᠡᠴᠢᠯᠡᠭᠡ ᠶᠢ |
| ᠬᠤᠳᠠᠯᠳᠣᠨ ᠠᠪᠬᠤ ᠲᠦᠷᠢᠮ ᠢ ᠪᠠᠶᠢᠭᠤᠯᠵᠦ᠂ ᠨᠡᠶᠢᠬᠡᠮ ᠤᠨ ᠵᠣᠬᠢᠶᠡᠨ ᠪᠠᠶᠢᠭᠤᠯᠣᠯᠳᠡ ᠶᠢᠨ ᠦᠪᠡᠷ ᠢ ᠪᠠᠨ |
| ᠲᠡᠭᠦᠯᠳᠡᠷᠵᠢᠬᠦᠯᠬᠦ ᠪᠠ ᠬᠦᠭᠵᠢᠬᠦᠯᠬᠦ ᠶᠢ ᠠᠬᠢᠭᠤᠯᠣᠨ᠎ᠠ᠃ ᠵᠠᠰᠠᠭ ᠤᠨ ᠣᠷᠳᠣᠨ ᠵᠢᠯᠣᠭᠤᠳᠬᠤ᠂ ᠨᠡᠶᠢᠬᠡᠮ ᠤᠨ ᠬᠢᠨ |
| ᠣᠷᠣᠯᠴᠠᠬᠤ᠂ ᠪᠡᠶ᠎ᠡ ᠪᠠᠨ ᠲᠠᠭᠠᠭᠠᠵᠦ ᠠᠵᠢᠯᠯᠠᠬᠤ ᠠᠵᠢᠯ ᠤᠨ ᠲᠣᠭᠳᠠᠴᠠ ᠶᠢ ᠪᠠᠶᠢᠭᠤᠯᠣᠨ᠂ ᠨᠡᠶᠢᠭᠡᠮ ᠤᠨ |
| ᠵᠣᠬᠢᠶᠠᠨ ᠪᠠᠶᠢᠭᠤᠯᠣᠯᠳᠡ ᠶᠢᠨ ᠵᠡᠷᠭᠡ ᠲᠡᠰ ᠢ ᠦᠨᠡᠯᠡᠨ ᠵᠢᠱᠢᠬᠦ ᠶᠢ ᠪᠦᠬᠦ ᠲᠠᠯ᠎ᠠ ᠪᠠᠷ ᠶᠠᠪᠣᠭᠤᠯᠵᠦ᠂ ᠨᠡᠶᠢᠬᠡᠮ ᠤᠨ |
| ᠵᠣᠬᠢᠶᠠᠨ ᠪᠠᠶᠢᠭᠤᠯᠣᠯᠳᠠ ᠠᠴᠠ ᠬᠠᠩᠭᠠᠬᠤ ᠳᠤ ᠲᠣᠬᠢᠷᠠᠬᠤ ᠣᠯᠠᠨ ᠨᠡᠶᠢᠳᠡ ᠶᠢᠨ ᠦᠢᠯᠡᠴᠢᠯᠡᠭᠡᠨ ᠪᠠ ᠰᠢᠢᠳᠪᠦᠷᠢᠯᠡᠬᠦ |
| ᠵᠦᠢᠯᠡᠰ ᠢ ᠨᠡᠶᠢᠭᠡᠮ ᠤᠨ ᠵᠣᠬᠢᠶᠡᠨ ᠪᠠᠶᠢᠭᠤᠯᠣᠯᠳᠡ ᠳᠤ ᠲᠣᠰᠢᠶᠡᠨ ᠡᠭᠦᠷᠭᠡᠯᠡᠭᠦᠯᠦᠨ᠎ᠡ᠃ ᠨᠡᠶᠢᠬᠡᠮ ᠤᠨ ᠠᠵᠢᠯ ᠤᠨ |
| ᠲᠣᠰᠬᠠᠢ ᠴᠢᠳᠠᠪᠣᠷᠢᠳᠡᠨ ᠬᠦᠮᠦᠵᠢᠭᠦᠯᠬᠦ ᠶᠢ ᠴᠢᠩᠭᠠᠳᠬᠠᠨ᠂ ᠨᠡᠶᠢᠬᠡᠮ ᠤᠨ ᠠᠵᠢᠯ ᠤᠨ ᠠᠵᠢᠯ ᠤᠨ ᠪᠠᠶᠢᠷᠢ |
| ᠪᠠᠶᠢᠷᠢᠯᠠᠭᠤᠯᠬᠤ ᠬᠦᠷᠢᠶ᠎ᠡ ᠶᠢ ᠦᠷᠭᠡᠵᠢᠭᠦᠯᠦᠨ᠎ᠡ᠃ |
| ᠣᠯᠠᠨ ᠨᠡᠶᠢᠳᠡ ᠶᠢᠨ ᠠᠮᠣᠷ ᠲᠦᠪᠰᠢᠨ ᠤ ᠰᠢᠰᠲ᠋ᠧᠮᠵᠢ ᠶᠢ ᠲᠡᠭᠦᠯᠳᠡᠷᠵᠢᠬᠦᠯᠦᠨ᠎ᠡ᠃ ︽ᠰᠣᠷᠪᠣᠯᠵᠢᠯᠠᠯ ᠢ |
| ᠶᠡᠭᠡᠪᠡᠷ ᠬᠦᠯᠢᠶᠡᠨ ᠠᠪᠬᠤ︾ ᠠᠵᠢᠯᠯᠠᠭ᠎ᠠ ᠶᠢ ᠬᠢᠨᠠᠮᠠᠭᠠᠢ ᠦᠷᠨᠢᠭᠦᠯᠵᠦ᠂ ᠣᠳᠣᠷᠢᠳᠬᠤ ᠺᠠᠳ᠋ᠷ ᠤᠨ ᠰᠣᠷᠪᠣᠯᠵᠢᠯᠠᠯ |
| ᠬᠦᠯᠢᠶᠡᠨ ᠠᠪᠬᠤ᠂ ᠲᠣᠷᠣᠭᠰᠢ ᠰᠣᠷᠪᠣᠯᠵᠢᠯᠠᠯ ᠬᠢᠬᠦ ᠪᠠ ᠲᠠᠭᠠᠭᠠᠨ ᠠᠪᠴᠦ ᠭᠦᠢᠴᠡᠳᠭᠡᠬᠦ ᠲᠦᠷᠢᠮ ᠢ |
| ᠲᠡᠭᠦᠯᠳᠡᠷᠵᠢᠭᠦᠯᠵᠦ᠂ ᠬᠠᠮᠳᠣᠷᠡᠨ ᠰᠣᠷᠪᠣᠯᠵᠢᠯᠠᠯ ᠬᠦᠯᠢᠶᠡᠨ ᠠᠪᠬᠤ ᠠᠵᠢᠯ ᠤᠨ ᠲᠣᠭᠳᠠᠴᠠ ᠶᠢ ᠲᠡᠭᠦᠯᠳᠡᠷᠵᠢᠭᠦᠯᠵᠦ᠂ |
| ᠵᠠᠬᠢᠳᠠᠯ ᠰᠣᠷᠪᠣᠯᠵᠢᠯᠠᠯ ᠤᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠶᠢ ᠰᠠᠶᠢᠳᠣᠷ ᠠᠳᠬᠤᠵᠦ᠂ ᠬᠠᠥᠯᠢ |
| ᠴᠠᠭᠠᠵᠠ ᠪᠠ ᠵᠠᠷᠭᠤ ᠳᠤ ᠬᠤᠯᠪᠣᠭᠳᠠᠭᠰᠠᠨ ᠵᠠᠬᠢᠳᠠᠯ ᠰᠣᠷᠪᠣᠯᠵᠢᠯᠠᠯ ᠢ ᠲᠠᠭᠤᠰᠬᠠᠬᠤ ᠲᠦᠷᠢᠮ ᠢ ᠪᠠᠶᠢᠭᠤᠯᠵᠦ᠂ |
| ᠣᠯᠠᠨ ᠲᠦᠮᠡᠨ ᠤ ᠠᠰᠠᠭᠤᠳᠠᠯ ᠢᠶᠠᠨ ᠲᠣᠰᠬᠠᠵᠦ ᠲᠡᠶᠢᠯᠬᠦ᠂ ᠵᠦᠷᠢᠴᠡᠯ ᠢ ᠰᠢᠢᠳᠪᠦᠷᠢᠯᠡᠵᠦ ᠲᠡᠶᠢᠯᠬᠦ᠂ ᠡᠷᠬᠡ ᠠᠰᠢᠭ |
| ᠢ ᠨᠢ ᠪᠠᠳᠣᠯᠠᠵᠦ ᠲᠡᠶᠢᠯᠬᠦ ᠪᠣᠯᠭᠠᠨ᠎ᠠ᠃ ᠶᠠᠰᠣ ᠴᠢᠨᠡᠷ ᠠᠶᠣᠯ ᠦᠬᠡᠢ ᠶᠢᠨ ᠬᠢᠨᠠᠯᠳᠠ ᠬᠠᠮᠢᠶᠠᠷᠣᠯᠳᠠ ᠶᠢ |
| ᠴᠢᠩᠭᠠᠳᠬᠠᠨ᠂ ᠢᠳᠡᠭᠡᠨ ᠪᠠ ᠡᠮ ᠤᠨ ᠵᠦᠢᠯ᠂ ᠭᠤᠣᠯᠳᠠᠯᠭ᠎ᠠ ᠲᠠᠢ ᠦᠢᠯᠡᠳᠬᠦᠨ᠂ ᠭᠤᠣᠯᠳᠠᠯᠭ᠎ᠠ ᠲᠠᠢ ᠠᠵᠢᠯ |
| ᠲᠦᠷᠦᠯ ᠪᠠ ᠭᠤᠣᠯᠳᠠᠯᠭ᠎ᠠ ᠲᠠᠢ ᠣᠷᠣᠨ ᠪᠦᠰᠡ ᠶᠢᠨ ᠲᠣᠭᠤᠷᠢᠨ ᠳᠤ ᠶᠠᠰᠣ ᠴᠢᠨᠠᠷ ᠠᠶᠣᠯ ᠦᠬᠡᠢ ᠶᠢᠨ ᠲᠣᠰᠬᠠᠢ |
| ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠭᠦᠯᠦᠨ᠎ᠡ᠃ ᠠᠶᠣᠯ ᠦᠬᠡᠢ ᠦᠢᠯᠡᠳᠪᠦᠷᠢᠯᠡᠯ ᠤᠨ ᠬᠢᠨᠡᠯᠳᠡ |
| ᠬᠠᠮᠢᠶᠠᠷᠣᠯᠳᠡ ᠶᠢ ᠴᠢᠩᠭᠠᠳᠬᠠᠨ᠂ ᠠᠶᠣᠯ ᠦᠬᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ |
| ᠨᠠᠶᠢᠳᠠᠪᠣᠷᠢᠵᠢᠭᠤᠯᠵᠦ᠂ ᠠᠶᠣᠯ ᠦᠬᠡᠢ ᠦᠢᠯᠡᠳᠪᠦᠷᠢᠯᠡᠯ ᠤᠨ ᠣᠷᠳᠣ ᠬᠤᠭᠤᠴᠠᠭᠠᠨ ᠤ ᠦᠷ᠎ᠡ ᠪᠦᠳᠦᠮᠵᠢᠳᠣ |
| ᠲᠣᠭᠳᠠᠴᠠ ᠶᠢ ᠪᠠᠶᠢᠭᠤᠯᠣᠨ᠎ᠠ᠃ ᠬᠦᠳᠡᠯᠮᠦᠷᠢ ᠶᠢᠨ ᠪᠠᠷᠢᠮᠵᠢᠶ᠎ᠠ ᠵᠢᠨᠰᠢᠰᠲ᠋ᠧᠮᠵᠢ ᠪᠣᠯᠣᠨ ᠬᠦᠳᠡᠯᠮᠦᠷᠢ ᠶᠢᠨ |
| ᠬᠠᠷᠢᠴᠠᠭ᠎ᠠ ᠶᠢ ᠵᠣᠬᠢᠴᠠᠭᠤᠯᠬᠤ ᠲᠣᠭᠳᠠᠴᠠ ᠶᠢ ᠲᠡᠭᠦᠯᠳᠡᠷᠵᠢᠭᠦᠯᠦᠨ᠂ ᠡᠶ᠎ᠡ ᠵᠣᠬᠢᠴᠠᠯ ᠲᠠᠢ ᠬᠦᠳᠡᠯᠮᠦᠷᠢ ᠶᠢᠨ |
| ᠬᠠᠷᠢᠴᠠᠭ᠎ᠠ ᠶᠢ ᠪᠠᠶᠢᠭᠤᠯᠣᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠣᠯᠳᠡ ᠶᠢᠨ ᠰᠠᠭᠤᠷᠢ ᠪᠠᠶᠢᠭᠤᠯᠣᠯᠳᠠ ᠶᠢ |
| ᠲᠦᠷᠭᠡᠳᠭᠡᠨ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠪᠠᠴᠢᠮ ᠪᠠᠶᠢᠳᠠᠯ ᠢ ᠠᠷᠭᠠᠴᠠᠨ ᠠᠪᠣᠷᠡᠨ |
| ᠲᠣᠰᠠᠯᠠᠬᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠭᠠᠮᠰᠢᠭ ᠢ ᠰᠡᠷᠭᠡᠶᠢᠯᠡᠨ ᠬᠤᠷᠢᠭᠯᠠᠬᠤ ᠪᠠ ᠲᠡᠩᠬᠡᠷᠡᠭᠦᠯᠦᠨ |
| ᠲᠡᠳᠭᠦᠭᠦ ᠴᠢᠳᠠᠪᠣᠷᠢ ᠪᠠᠨ ᠲᠡᠭᠡᠭᠰᠢᠯᠡᠭᠦᠯᠦᠨ᠎ᠡ᠃ ᠬᠠᠥᠯᠢ ᠪᠠᠷ ᠵᠠᠰᠠᠬᠤ ᠦᠪᠦᠷ ᠮᠣᠩᠭᠤᠯ ᠤᠨ ᠪᠠᠶᠢᠭᠤᠯᠣᠯᠳᠠ ᠶᠢ |
| ᠲᠦᠯᠬᠢᠨ ᠠᠬᠢᠭᠤᠯᠵᠦ᠂ ᠬᠠᠥᠯᠢ ᠲᠦᠭᠡᠮᠡᠯᠵᠢᠬᠦᠯᠬᠦ ᠬᠠᠥᠯᠢ ᠪᠠᠷ ᠵᠠᠰᠠᠬᠤ ᠠᠵᠢᠯ ᠢ ᠭᠦᠨᠵᠡᠭᠡᠶᠢᠷᠡᠭᠦᠯᠦᠨ᠎ᠡ᠃ ︽ |
| ᠠᠮᠣᠭᠤᠯᠠᠩ ᠲᠠᠶᠢᠪᠣᠩ ᠦᠪᠦᠷ ᠮᠣᠩᠭᠤᠯ ᠢ ᠡᠭᠦᠳᠦᠨ ᠪᠠᠶᠢᠭᠤᠯᠬᠤ ᠢᠨᠵᠧᠨᠧᠷᠢᠩ︾ ᠢ ᠭᠦᠨᠵᠡᠬᠡᠢ ᠬᠡᠷᠡᠭᠵᠢᠬᠦᠯᠵᠦ᠂ |
| ᠨᠡᠶᠢᠭᠡᠮ ᠤᠨ ᠠᠮᠣᠷ ᠢ ᠬᠠᠮᠠᠭᠠᠯᠠᠬᠤ ᠪᠡᠶᠡᠳᠣᠴᠢᠯᠡᠭᠰᠡᠨ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠲᠡᠭᠦᠯᠳᠡᠷᠵᠢᠬᠦᠯᠦᠨ᠂ |
| ᠡᠯ᠎ᠡ ᠲᠦᠷᠦᠯ ᠤᠨ ᠬᠠᠥᠯᠢ ᠠᠴᠠ ᠵᠦᠷᠢᠴᠡᠭᠰᠡᠨ ᠶᠠᠯᠠᠳᠣ ᠠᠵᠢᠯᠯᠠᠭ᠎ᠠ ᠳᠤ ᠴᠢᠩᠭ᠎ᠠ ᠴᠣᠬᠢᠯᠳᠡ ᠦᠭᠴᠦ᠂ ᠨᠡᠶᠢᠬᠡᠮ |
| ᠨᠡᠶᠢᠳᠡ ᠶᠢᠨ ᠠᠮᠣᠷ ᠲᠦᠪᠰᠢᠨ ᠢ ᠪᠠᠳᠣᠯᠠᠨ᠎ᠠ᠃ ᠬᠢᠯᠢ ᠶᠢᠨ ᠲᠣᠳᠣᠷ᠎ᠡ ᠭᠠᠳᠠᠨᠠᠬᠢ ᠡᠯ᠎ᠡ ᠵᠦᠢᠯ ᠤᠨ |
| ᠲᠠᠶᠢᠰᠣᠩᠨᠠᠭᠴᠢ ᠬᠦᠴᠦᠨ ᠤ ᠨᠡᠪᠴᠢᠯᠳᠡ ᠬᠢᠬᠦ᠂ ᠡᠪᠳᠡᠯᠬᠡ ᠬᠢᠬᠦ᠂ ᠨᠣᠷᠠᠭᠠᠯᠳᠠ ᠬᠢᠬᠦ ᠶᠢ ᠡᠰᠡᠷᠭᠦᠴᠡᠨ ᠬᠤᠷᠢᠭᠯᠠᠵᠦ |
| ᠂ ᠬᠢᠯᠢ ᠶᠢᠨ ᠲᠣᠳᠣᠷ᠎ᠡ ᠭᠠᠳᠠᠨᠠᠬᠢ ᠦᠨᠳᠣᠰᠣᠳᠡᠨ ᠤ ᠬᠠᠭᠠᠴᠠᠭᠤᠯᠬᠤ ᠬᠦᠴᠦᠨ ᠤ ᠠᠵᠢᠯᠯᠠᠭ᠎ᠠ ᠳᠤ ᠬᠠᠥᠯᠢ |
| ᠶᠣᠰᠣᠭᠠᠷ ᠴᠣᠬᠢᠯᠳᠡ ᠦᠭᠭᠦᠨ᠎ᠡ᠃ ᠣᠯᠣᠰ ᠤᠨ ᠪᠠᠳᠣᠯᠠᠨ ᠬᠠᠮᠠᠭᠠᠯᠠᠯᠳᠠ ᠶᠢᠨ ᠬᠦᠮᠦᠵᠢᠯ ᠢ ᠴᠢᠩᠭᠠᠳᠬᠠᠨ᠂ |
| ᠦᠪᠡᠷᠳᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠬᠢ ᠪᠣᠯᠣᠨ ᠵᠡᠪᠰᠡᠭᠳᠦ ᠴᠠᠭᠳᠠᠭ᠎ᠠ ᠶᠢᠨ ᠴᠡᠷᠢᠭ ᠠᠩᠬᠢ |
| ᠶᠢᠨ ᠪᠠᠶᠢᠭᠤᠯᠣᠯᠳᠠ ᠶᠢ ᠲᠡᠮᠵᠢᠵᠦ᠂ ᠴᠡᠷᠢᠭ ᠠᠷᠠᠳ ᠤᠨ ᠭᠦᠨᠵᠡᠭᠡᠢ ᠨᠡᠶᠢᠯᠡᠯᠴᠡᠨ ᠬᠦᠭᠵᠢᠬᠦ ᠶᠢ ᠲᠦᠯᠬᠢᠨ |
| ᠠᠬᠢᠭᠤᠯᠵᠦ᠂ ᠣᠯᠣᠰ ᠤᠨ ᠪᠠᠳᠣᠯᠠᠨ ᠬᠠᠮᠠᠭᠠᠯᠠᠯᠳᠠ ᠶᠢᠨ ᠲᠠᠶᠢᠴᠢᠯᠠᠯᠳᠠ ᠪᠣᠯᠣᠨ ᠪᠡᠯᠡᠳᠭᠡᠯ ᠬᠦᠴᠦᠨ ᠤ |
| ᠪᠠᠶᠢᠭᠤᠯᠣᠯᠳᠠ ᠶᠢ ᠰᠠᠶᠢᠳᠣᠷ ᠠᠳᠬᠤᠵᠦ᠂ ᠡᠬᠡ ᠣᠯᠣᠰ ᠤᠨ ᠣᠮᠠᠷᠠᠳᠣ ᠬᠢᠯᠢ ᠶᠢᠨ ᠠᠮᠣᠷ ᠲᠦᠪᠰᠢᠨ ᠤ |
| ᠰᠡᠷᠭᠡᠶᠢᠯᠡᠯᠳᠡ ᠶᠢᠨ ᠱᠣᠭᠤᠮ ᠢ ᠪᠠᠳᠣ ᠪᠠᠬᠢ ᠪᠠᠶᠢᠭᠤᠯᠣᠨ᠎ᠠ᠃ |
| ︵ᠠᠷᠪᠠ︶ ᠵᠠᠰᠠᠭ ᠤᠨ ᠣᠷᠳᠣᠨ ᠤ ᠡᠭᠦᠷᠭᠡ ᠴᠢᠳᠠᠪᠣᠷᠢ ᠶᠢ ᠲᠦᠷᠭᠡᠳᠭᠡᠨ ᠬᠤᠪᠢᠷᠠᠭᠤᠯᠵᠦ᠂ ᠵᠠᠰᠠᠭ ᠤᠨ |
| ᠣᠷᠳᠣᠨ ᠤ ᠨᠡᠶᠢᠳᠡ ᠳᠤ ᠢᠳᠡᠭᠡᠭᠦᠯᠬᠦ ᠬᠦᠴᠦᠨ ᠪᠠ ᠬᠡᠷᠡᠭᠵᠢᠬᠦᠯᠬᠦ ᠬᠦᠴᠦᠨ ᠢ ᠲᠡᠭᠡᠭᠰᠢᠯᠡᠬᠦᠯᠦᠨ᠎ᠡ |
| ᠨᠠᠮ ᠤᠨ ᠣᠯᠠᠨ ᠲᠦᠮᠡᠨᠴᠢ ᠱᠣᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠦᠷ᠎ᠡ ᠪᠦᠳᠦᠭᠡᠯ |
| ᠢ ᠪᠠᠬᠢᠵᠢᠬᠦᠯᠦᠨ ᠦᠷᠭᠡᠳᠭᠡᠵᠦ᠂ ᠴᠡᠭᠴᠡᠯᠡᠨ ᠰᠠᠶᠢᠵᠢᠷᠠᠭᠤᠯᠵᠦ ᠨᠠᠶᠢᠳᠠᠪᠣᠷᠢᠵᠢᠭᠤᠯᠬᠤ ᠪᠠ ᠲᠦᠷᠢᠮ ᠲᠣᠭᠳᠠᠭᠠᠯ |
| ᠪᠠᠶᠢᠭᠤᠯᠣᠨ ᠲᠣᠭᠳᠠᠭᠠᠬᠤ ᠶᠢ ᠴᠢᠬᠤᠯᠠ ᠶᠡᠭᠡ ᠡᠭᠦᠷᠬᠡ ᠪᠣᠯᠭᠠᠨ᠂ ᠵᠠᠰᠠᠭ ᠤᠨ ᠣᠷᠳᠣᠨ ᠤ ᠪᠣᠰᠣᠳ ᠠᠵᠢᠯ ᠯᠤᠭ᠎ᠠ |
| ᠵᠡᠷᠭᠡ ᠳᠤᠨᠢ ᠲᠦᠯᠬᠢᠨ ᠠᠬᠢᠭᠤᠯᠵᠦ᠂ ᠵᠡᠷᠭᠡ ᠳᠤᠨᠢ ᠨᠠᠶᠢᠳᠠᠪᠣᠷᠢᠵᠢᠭᠤᠯᠵᠦ᠂ ᠰᠣᠷᠳᠠᠯ ᠤᠨ ᠪᠠᠶᠢᠭᠤᠯᠣᠯᠳᠡ ᠶᠢᠨ |
| ᠰᠢᠨ᠎ᠡ ᠦᠷ᠎ᠡ ᠪᠦᠳᠦᠮᠵᠢ ᠪᠠᠷ ᠠᠷᠡᠳ ᠤᠨ ᠢᠳᠡᠭᠡᠯ ᠢ ᠣᠯᠬᠤ᠂ ᠬᠦᠭᠵᠢᠯᠳᠡ ᠶᠢ ᠲᠦᠯᠬᠢᠨ ᠠᠬᠢᠭᠤᠯᠬᠤ ᠶᠢ |
| ᠦᠨᠡᠨᠬᠦ ᠪᠠᠳᠣᠯᠠᠨ᠎ᠠ᠃ ᠵᠠᠰᠠᠭ ᠤᠨ ᠣᠷᠳᠣᠨ ᠬᠢᠭᠡᠳ ᠵᠠᠬ᠎ᠠ ᠲᠡᠯᠬᠡᠭᠦᠷ ᠤᠨ ᠬᠠᠷᠢᠴᠠᠭ᠎ᠠ ᠶᠢ ᠰᠠᠶᠢᠳᠣᠷ |
| ᠰᠢᠢᠳᠪᠦᠷᠢᠯᠡᠨ᠂ ᠵᠠᠰᠠᠭ ᠤᠨ ᠣᠷᠳᠣᠨ ᠤ ᠡᠭᠦᠷᠭᠡ ᠴᠢᠳᠠᠪᠣᠷᠢ ᠶᠢ ᠲᠦᠷᠭᠡᠳᠭᠡᠨ ᠬᠤᠪᠢᠷᠠᠭᠤᠯᠣᠨ᠎ᠠ᠃ ᠵᠠᠰᠠᠭ |
| ᠵᠠᠬᠢᠷᠭᠠᠨ ᠤ ᠬᠢᠨᠡᠨ ᠵᠦᠪᠰᠢᠶᠡᠷᠡᠬᠦ ᠲᠦᠷᠢᠮ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠵᠠᠰᠠᠭ ᠢ ᠴᠣᠮᠬᠠᠳᠬᠠᠨ |
| ᠡᠷᠬᠡ ᠶᠢ ᠲᠣᠷᠣᠭᠰᠢ ᠲᠠᠯᠪᠢᠬᠤ ᠶᠢ ᠦᠨᠡᠨ ᠪᠣᠳᠠᠳᠠᠢ ᠪᠠᠷ ᠲᠦᠯᠬᠢᠨ ᠠᠬᠢᠭᠤᠯᠵᠦ᠂ ᠵᠠᠰᠠᠭ ᠵᠠᠬᠢᠷᠭᠠᠨ ᠤ ᠬᠢᠨᠠᠨ |
| ᠵᠦᠪᠰᠢᠶᠡᠷᠡᠬᠦ ᠵᠦᠢᠯ ᠤᠳ ᠢ ᠶᠡᠭᠡ ᠬᠡᠪᠴᠢᠶ᠎ᠡ ᠪᠠᠷ ᠦᠭᠡᠶᠢᠰᠬᠡᠭᠦ ᠪᠠ ᠲᠣᠷᠣᠭᠰᠢ ᠲᠠᠯᠪᠢᠵᠦ᠂ ᠵᠠᠰᠠᠭ ᠵᠠᠬᠢᠷᠭᠠᠨ ᠤ |
| ᠬᠢᠨᠡᠨ ᠵᠦᠪᠰᠢᠶᠡᠷᠡᠬᠦ ᠠᠵᠢᠯ ᠤᠨ ᠲᠠᠷᠠᠭᠠᠯᠠᠯ ᠢ ᠲᠦᠬᠦᠮᠴᠢᠯᠡᠵᠦ᠂ ᠵᠠᠬ᠎ᠠ ᠲᠡᠯᠭᠡᠭᠦᠷ ᠤᠨ ᠲᠣᠭᠳᠠᠴᠠ ᠪᠠᠷ |
| ᠪᠦᠳᠦᠮᠵᠢᠳᠡᠢ ᠲᠣᠬᠢᠷᠠᠭᠤᠯᠭ᠎ᠠ ᠬᠢᠵᠦ ᠴᠢᠳᠠᠬᠤ ᠠᠵᠦ ᠠᠬᠤᠢ ᠶᠢᠨ ᠠᠵᠢᠯᠯᠠᠭ᠎ᠠ ᠪᠦᠬᠦᠨ ᠳᠤ ᠬᠢᠨᠡᠨ ᠵᠦᠪᠰᠢᠶᠡᠷᠡᠯ ᠢ |
| ᠴᠦᠮ ᠦᠭᠡᠶᠢᠰᠭᠡᠨ᠎ᠡ᠃ ᠦᠪᠡᠷᠳᠡᠭᠡᠨ ᠵᠠᠰᠠᠬᠤ ᠣᠷᠣᠨ ᠤ ︽8337︾ ᠬᠦᠭᠵᠢᠯᠳᠡ ᠶᠢᠨ ᠰᠡᠳᠬᠢᠴᠡ ᠳᠤ |
| ᠵᠢᠭᠰᠠᠭᠠᠭᠳᠠᠭᠰᠠᠨ ᠭᠤᠣᠯᠳᠠᠯᠭ᠎ᠠ ᠲᠠᠢ ᠲᠦᠯᠦᠪᠵᠢᠭᠦᠯᠦᠭᠰᠡᠨ ᠲᠦᠷᠦᠯ ᠵᠦᠢᠯ ᠤᠳ ᠤᠨ ᠡᠷᠭᠡᠪᠰᠢ ᠣᠯᠣᠰ ᠤᠨ |
| ᠬᠢᠨᠡᠨ ᠵᠦᠪᠰᠢᠶᠡᠷᠡᠯ ᠢ ᠣᠯᠬᠤ ᠴᠢᠬᠤᠯᠠ ᠲᠠᠢ ᠪᠠᠶᠢᠬᠤ ᠠᠴᠠ ᠪᠣᠰᠣᠳ ᠢ ᠨᠢ ᠴᠦᠮ ᠮᠡᠳᠡᠭᠦᠯᠦᠨ ᠲᠠᠩᠰᠠᠯᠠᠭᠤᠯᠬᠤ |
| ᠲᠦᠷᠢᠮ ᠢᠶᠠᠷ ᠰᠢᠢᠳᠪᠦᠷᠢᠯᠡᠬᠦ ᠪᠣᠯᠭᠠᠨ᠎ᠠ᠃ ᠠᠶᠢᠮᠠᠭ ᠬᠤᠳᠠ ᠬᠤᠰᠢᠭᠤ ᠰᠢᠶᠡᠨ ᠨᠦᠭᠦᠳ ᠴᠦ ᠭᠡᠳ ᠦᠭᠡᠶᠢᠰᠭᠡᠨ |
| ᠲᠣᠷᠣᠭᠰᠢ ᠪᠠᠭᠤᠯᠭᠠᠬᠤ ᠪᠠ ᠲᠣᠰᠴᠦ ᠠᠪᠬᠤ ᠠᠵᠢᠯ ᠢ ᠰᠠᠶᠢᠳᠣᠷ ᠬᠢᠬᠦ ᠬᠡᠷᠡᠭᠳᠡᠢ᠃ ᠦᠯᠡᠳᠡᠭᠡᠭᠰᠡᠨ ᠵᠠᠰᠠᠭ |
| ᠵᠠᠬᠢᠷᠭᠠᠨ ᠤ ᠬᠢᠨᠡᠨ ᠵᠦᠪᠰᠢᠶᠡᠷᠡᠬᠦ ᠵᠦᠢᠯᠡᠰ ᠲᠤ ᠭᠠᠷᠴᠠᠭ ᠨᠠᠶᠢᠷᠠᠭᠤᠯᠣᠨ ᠵᠣᠬᠢᠶᠠᠬᠤ ᠶᠢᠨ ᠬᠠᠮᠳᠣ ᠨᠡᠶᠢᠬᠡᠮ ᠳᠤ |
| ᠢᠯᠡ ᠪᠣᠯᠭᠠᠵᠦ᠂ ᠬᠢᠨᠡᠨ ᠵᠦᠪᠰᠢᠶᠡᠷᠡᠬᠦ ᠠᠵᠢᠯ ᠤᠨ ᠲᠠᠷᠠᠭᠠᠯᠠᠯ ᠢ ᠰᠢᠯᠢᠳᠡᠭᠵᠢᠬᠦᠯᠵᠦ᠂ ᠬᠢᠨᠡᠨ ᠵᠦᠪᠰᠢᠶᠡᠷᠡᠬᠦ ᠶᠠᠰᠣ |
| ᠴᠢᠨᠠᠷ ᠪᠣᠯᠣᠨ ᠦᠷ᠎ᠡ ᠪᠦᠳᠦᠮᠵᠢ ᠶᠢ ᠲᠡᠭᠡᠭᠰᠢᠯᠡᠬᠦᠯᠵᠦ᠂ ᠬᠦᠭᠵᠢᠯᠳᠡ ᠶᠢᠨ ᠣᠷᠴᠢᠨ ᠲᠣᠭᠤᠷᠢᠨ ᠢ ᠣᠯᠠᠮ ᠨᠢᠬᠡ |
| ᠠᠯᠬᠤᠮ ᠰᠠᠶᠢᠵᠢᠷᠠᠭᠤᠯᠣᠨ᠎ᠠ᠃ ᠵᠠᠰᠠᠭ ᠤᠨ ᠣᠷᠳᠣᠨ ᠤ ᠣᠯᠠᠨ ᠨᠡᠶᠢᠳᠡ ᠶᠢᠨ ᠦᠢᠯᠡᠴᠢᠯᠡᠭᠡᠨ᠂ ᠵᠠᠬ᠎ᠠ ᠲᠡᠯᠭᠡᠭᠦᠷ |
| ᠤᠨ ᠬᠢᠨᠡᠨ ᠬᠠᠮᠢᠶᠠᠷᠣᠯᠳᠠ᠂ ᠨᠡᠶᠢᠬᠡᠮ ᠤᠨ ᠬᠠᠮᠢᠶᠠᠷᠣᠯᠳᠡ᠂ ᠣᠷᠴᠢᠨ ᠲᠣᠭᠤᠷᠢᠨ ᠤ ᠬᠠᠮᠠᠭᠠᠯᠠᠯᠳᠠ ᠵᠡᠷᠭᠡ ᠡᠭᠦᠷᠭᠡ |
| ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠭᠡᠵᠦ᠂ ᠵᠠᠰᠠᠭ ᠤᠨ ᠣᠷᠳᠣᠨ ᠪᠢᠴᠢᠯ ᠬᠡᠷᠡᠭ ᠶᠠᠪᠣᠳᠠᠯ ᠳᠠᠬᠢ |
| ᠬᠠᠮᠢᠶᠠᠷᠣᠯᠳᠡ ᠪᠠᠨ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠦ᠂ ᠬᠦᠭᠵᠢᠯᠳᠡ ᠶᠢᠨ ᠪᠠᠶᠢᠯᠳᠣᠬᠤ ᠪᠣᠳᠣᠯᠭ᠎ᠠ᠂ |
| ᠲᠦᠯᠦᠪᠵᠢᠬᠦᠯᠬᠡ᠂ ᠲᠦᠷᠦ ᠶᠢᠨ ᠪᠣᠳᠣᠯᠭ᠎ᠠ᠂ ᠪᠠᠷᠢᠮᠵᠢᠶ᠎ᠠ ᠲᠣᠭᠳᠠᠭᠠᠬᠤ ᠪᠠ ᠬᠡᠷᠡᠭᠵᠢᠬᠦᠯᠬᠦ ᠶᠢ ᠦᠨᠡᠨᠬᠦ |
| ᠴᠢᠩᠭᠠᠳᠬᠠᠨ᠂ ᠶᠠᠪᠣᠴᠠ ᠳᠠᠬᠢ ᠪᠠ ᠡᠴᠦᠰ ᠤᠨ ᠳ᠋ᠦᠩ ᠤᠨ ᠬᠢᠨᠡᠯᠳᠡ ᠬᠠᠮᠢᠶᠠᠷᠣᠯᠳᠡ ᠪᠠᠨ ᠴᠢᠩᠭᠠᠷᠠᠭᠤᠯᠣᠨ᠎ᠠ᠃ |
| ᠵᠠᠰᠠᠭ ᠤᠨ ᠣᠷᠳᠣᠨ ᠤ ᠪᠠᠶᠢᠭᠤᠯᠣᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠂ ᠠᠵᠢᠯ ᠦᠢᠯᠡᠰ ᠤᠨ |
| ᠨᠢᠭᠡᠴᠡ ᠶᠢᠨ ᠲᠦᠷᠦᠯ ᠬᠤᠪᠢᠶᠠᠬᠤ ᠦᠭᠡᠷᠡᠴᠢᠯᠡᠯᠳᠡ ᠶᠢ ᠲᠦᠷᠭᠡᠳᠭᠡᠨ᠎ᠡ᠃ ᠬᠠᠥᠯᠢ ᠶᠣᠰᠣᠭᠠᠷ ᠵᠠᠰᠠᠭ ᠶᠠᠪᠣᠭᠤᠯᠬᠤ |
| ᠬᠢᠷᠢ ᠬᠡᠮᠵᠢᠶ᠎ᠡ ᠶᠢ ᠲᠡᠭᠡᠭᠰᠢᠯᠡᠬᠦᠯᠵᠦ᠂ ᠠᠷᠡᠳ ᠤᠨ ᠲᠦᠯᠦᠭᠡᠯᠡᠭᠴᠢᠳ ᠤᠨ ᠶᠡᠭᠡ ᠬᠤᠷᠡᠯ ᠬᠢᠭᠡᠳ ᠲᠡᠭᠦᠨ ᠤ |
| ᠪᠠᠶᠢᠩᠭᠤ ᠶᠢᠨ ᠬᠤᠷᠢᠶ᠎ᠡ᠂ ᠠᠷᠡᠳ ᠤᠨ ᠣᠯᠣᠰ ᠲᠦᠷᠦ ᠶᠢᠨ ᠵᠦᠪᠯᠡᠯᠭᠡᠨ ᠪᠣᠯᠣᠨ ᠨᠡᠶᠢᠬᠡᠮ ᠤᠨ ᠡᠯ᠎ᠡ ᠡᠳᠡᠭᠡᠳ ᠤᠨ |
| ᠬᠢᠨ ᠤ ᠬᠢᠨᠡᠯᠳᠡ ᠲᠠᠯᠪᠢᠬᠤ ᠶᠢ ᠣᠬᠠᠮᠰᠠᠷ ᠠᠴᠠ ᠪᠠᠨ ᠬᠦᠯᠢᠶᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠵᠦ |
| ᠦᠢᠯᠡᠳᠪᠦᠷᠢ ᠬᠤᠳᠠᠯᠳᠣᠭᠠᠨ ᠤ ᠬᠤᠯᠪᠣᠭ᠎ᠠ᠂ ᠨᠠᠮ ᠪᠦᠯᠦᠭ ᠤᠨ ᠪᠣᠰᠣ ᠬᠦᠮᠦᠰ ᠤᠨ ᠰᠠᠨᠠᠯ ᠢ ᠦᠷᠭᠡᠨ ᠢᠶᠠᠷ |
| ᠰᠣᠨᠣᠰᠣᠨ᠎ᠠ᠃ ᠵᠠᠰᠠᠭ ᠵᠠᠬᠢᠷᠭᠠᠨ ᠤ ᠬᠠᠥᠯᠢ ᠬᠡᠷᠡᠭᠵᠢᠬᠦᠯᠬᠦ ᠪᠠᠶᠢᠭᠤᠯᠣᠯ ᠤᠨ ᠦᠭᠡᠷᠡᠴᠢᠯᠡᠯᠳᠡ ᠶᠢ |
| ᠬᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠠᠥᠯᠢ ᠬᠡᠷᠡᠭᠵᠢᠬᠦᠯᠬᠦ ᠦᠢᠯᠡ ᠠᠵᠢᠯᠯᠠᠭ᠎ᠠ ᠶᠢ ᠪᠦᠬᠦ ᠲᠠᠯ᠎ᠠ ᠪᠠᠷ |
| ᠵᠢᠷᠣᠮᠵᠢᠭᠤᠯᠣᠨ᠎ᠠ᠃ ᠵᠢᠷᠣᠮᠵᠢᠯ ᠤᠨ ᠴᠢᠨᠠᠷᠳᠡᠢ ᠪᠢᠴᠢᠭ ᠮᠠᠲ᠋ᠧᠷᠢᠶᠡᠯ ᠢ ᠬᠢᠨᠡᠨ ᠪᠠᠶᠢᠴᠠᠭᠠᠬᠤ ᠲᠣᠭᠳᠠᠴᠠ ᠶᠢ |
| ᠲᠡᠭᠦᠯᠳᠡᠷᠵᠢᠭᠦᠯᠦᠨ ᠵᠢᠷᠣᠮᠵᠢᠭᠤᠯᠵᠦ᠂ ᠵᠠᠰᠠᠭ ᠵᠠᠬᠢᠷᠭᠠᠨ ᠤ ᠲᠦᠷᠢᠮ ᠲᠣᠭᠳᠠᠭᠠᠯ ᠪᠣᠯᠣᠨ ᠵᠢᠷᠣᠮᠵᠢᠯ ᠤᠨ ᠴᠢᠨᠡᠷᠳᠡᠢ |
| ᠪᠢᠴᠢᠭ ᠮᠠᠲ᠋ᠧᠷᠢᠶᠡᠯ ᠢ ᠲᠠᠩᠰᠠᠯᠠᠭᠤᠯᠣᠨ ᠬᠢᠨᠡᠨ ᠪᠠᠶᠢᠴᠠᠭᠠᠬᠤ ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠨᠡᠶᠢᠬᠡᠮ |
| ᠤᠨ ᠬᠠᠥᠯᠢ ᠲᠦᠭᠡᠮᠡᠯᠵᠢᠬᠦᠯᠬᠦ ᠬᠦᠮᠦᠵᠢᠯ ᠤᠨ ᠲᠣᠭᠳᠠᠴᠠ ᠶᠢ ᠪᠦᠷᠢᠨᠰᠢᠬᠦᠯᠵᠦ᠂ ᠪᠦᠬᠦ ᠠᠷᠡᠳ ᠤᠨ ᠬᠠᠥᠯᠢ ᠪᠠᠷ |
| ᠵᠠᠰᠠᠬᠤ ᠦᠵᠡᠯᠳᠡ ᠶᠢ ᠨᠡᠮᠡᠭᠳᠡᠭᠦᠯᠦᠨ᠎ᠡ᠃ ᠵᠠᠰᠠᠭ ᠤᠨ ᠶᠠᠪᠣᠳᠠᠯ ᠢ ᠢᠯᠡ ᠪᠣᠯᠭᠠᠬᠤ ᠡᠷᠴᠢᠮ ᠢ ᠨᠡᠮᠡᠭᠳᠡᠭᠦᠯᠵᠦ᠂ ᠡᠨᠡ |
| ᠵᠢᠯ ᠳᠤ ᠬᠠᠭᠠᠰ ᠠᠴᠠ ᠲᠡᠭᠡᠭᠰᠢᠬᠢ ᠠᠶᠢᠮᠠᠭ ᠬᠤᠳᠡ᠂ ᠬᠤᠰᠢᠭᠤ ᠰᠢᠶᠡᠨ ᠤ ︽ᠠᠯᠪᠠᠨ ᠤ ᠭᠤᠷᠪᠠᠨ ᠵᠦᠢᠯ ᠤᠨ |
| ᠵᠠᠷᠣᠳᠠᠯ︾ ᠢ ᠨᠡᠶᠢᠭᠡᠮ ᠳᠤ ᠢᠯᠡ ᠪᠣᠯᠭᠠᠨ᠎ᠠ᠃ ᠦᠪᠡᠷᠳᠡᠭᠡᠨ ᠵᠠᠰᠠᠬᠤ ᠣᠷᠣᠨ᠂ ᠠᠶᠢᠮᠠᠭ ᠬᠤᠳᠡ᠂ ᠬᠤᠰᠢᠭᠤ |
| ᠰᠢᠶᠡᠨ ᠭᠤᠷᠪᠠᠨ ᠱᠠᠳᠣᠨ ᠤ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠲᠠᠪᠴᠠᠩ ᠢ ᠲᠡᠭᠦᠯᠳᠡᠷᠵᠢᠬᠦᠯᠵᠦ᠂ ᠪᠦᠬᠦ |
| ᠣᠷᠣᠨ ᠤ ᠨᠢᠭᠡᠳᠣᠯᠳᠡᠢ ᠪᠠᠷ ᠰᠦᠯᠵᠢᠶᠡᠨ ᠲᠡᠭᠡᠷ᠎ᠡ ᠠᠵᠢᠯ ᠡᠷᠬᠢᠯᠡᠬᠦ ᠶᠡᠭᠡ ᠲᠠᠩᠬᠢᠮ ᠢ ᠪᠠᠶᠢᠭᠤᠯᠵᠦ᠂ |
| ᠲᠦᠪᠯᠡᠷᠡᠭᠦᠯᠦᠨ ᠭᠦᠢᠴᠡᠳᠭᠡᠬᠦ ᠪᠡ ᠰᠦᠯᠵᠢᠶᠡᠨ ᠲᠡᠭᠡᠷ᠎ᠡ ᠬᠢᠨᠡᠨ ᠵᠦᠪᠰᠢᠶᠡᠷᠡᠬᠦ ᠶᠢ ᠪᠦᠬᠦ ᠲᠠᠯ᠎ᠠ ᠪᠠᠷ ᠲᠦᠯᠬᠢᠨ |
| ᠠᠬᠢᠭᠤᠯᠣᠨ᠎ᠠ᠃ ᠦᠨᠳᠣᠰᠣᠨ ᠱᠠᠳᠣᠨ ᠤ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ |
| ᠲᠡᠭᠡᠭᠰᠢᠯᠡᠬᠦᠯᠦᠨ᠂ ᠣᠯᠠᠨ ᠲᠦᠮᠡᠨ ᠳᠤ ᠲᠦᠭᠦᠮ ᠲᠦᠳᠡ ᠲᠦᠷᠭᠡᠨ ᠦᠢᠯᠡᠴᠢᠯᠡᠭᠡ ᠬᠠᠩᠭᠠᠨ᠎ᠠ᠃ ᠴᠢᠬᠤᠯᠠ ᠶᠡᠭᠡ |
| ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠲᠣᠭᠳᠠᠭᠠᠬᠤ ᠲᠦᠷᠢᠮ ᠢ ᠪᠦᠷᠢᠨᠰᠢᠬᠦᠯᠵᠦ᠂ ᠣᠯᠠᠨ ᠲᠦᠮᠡᠨ ᠤ ᠠᠮᠢ |
| ᠪᠡᠶ᠎ᠡ ᠶᠢᠨ ᠠᠰᠢᠭ ᠲᠣᠰᠠ ᠳᠤ ᠬᠤᠯᠪᠣᠭᠳᠠᠬᠤ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠲᠣᠭᠳᠠᠭᠠᠬᠤ ᠳᠤ |
| ᠡᠷᠬᠡᠪᠰᠢ ᠣᠯᠠᠨ ᠲᠦᠮᠡᠨ ᠤ ᠰᠠᠨᠠᠯ ᠢ ᠬᠤᠷᠢᠶᠡᠵᠦ᠂ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠲᠣᠭᠳᠠᠭᠠᠬᠤ |
| ᠶᠢᠨ ᠰᠢᠨᠵᠢᠯᠡᠬᠦ ᠣᠬᠠᠭᠠᠨᠴᠢᠯᠠᠯᠳᠠ᠂ ᠠᠷᠡᠳᠴᠢᠯᠠᠯᠳᠠ ᠪᠠ ᠬᠠᠥᠯᠢ ᠲᠦᠷᠢᠮᠵᠢᠯᠳᠡ ᠶᠢᠨ ᠬᠢᠷᠢ ᠬᠡᠮᠵᠢᠶ᠎ᠡ ᠶᠢ |
| ᠲᠡᠭᠡᠭᠰᠢᠯᠡᠬᠦᠯᠦᠨ᠎ᠡ᠃ ᠭᠤᠷᠪᠠᠳᠣᠭᠠᠷ ᠣᠳᠠᠭᠠᠨ ᠤ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠢ |
| ᠬᠢᠨᠠᠮᠠᠭᠠᠢ ᠰᠠᠶᠢᠳᠣᠷ ᠬᠢᠵᠦ᠂ ᠪᠦᠬᠦ ᠪᠠᠶᠢᠳᠠᠯ ᠢ ᠨᠢ ᠣᠯᠠᠮ ᠨᠢᠬᠡ ᠠᠯᠬᠤᠮ ᠲᠣᠳᠣᠷᠬᠠᠢ ᠣᠶᠢᠯᠠᠭᠠᠨ᠎ᠠ᠃ ︽ᠶᠡᠭᠡ |
| ᠪᠠᠷ ᠨᠠᠶᠢᠳᠠᠪᠣᠷᠢᠵᠢᠭᠤᠯᠬᠤ︾ ᠠᠵᠢᠯᠯᠠᠭ᠎ᠠ ᠶᠢ ᠭᠦᠨᠵᠡᠬᠡᠢ ᠦᠷᠨᠢᠭᠦᠯᠵᠦ᠂ ᠴᠢᠬᠤᠯᠠ ᠶᠡᠭᠡ ᠰᠢᠢᠳᠪᠦᠷᠢᠳᠦ ᠪᠣᠳᠣᠯᠭ᠎ᠠ᠂ |
| ᠲᠣᠰᠬᠠᠢ ᠵᠦᠢᠯ ᠤᠨ ᠲᠦᠯᠦᠪᠵᠢᠭᠦᠯᠬᠡ᠂ ᠭᠤᠣᠯᠳᠠᠯᠭ᠎ᠠ ᠲᠠᠢ ᠲᠦᠷᠦᠯ ᠵᠦᠢᠯ ᠤᠨ ᠰᠢᠮᠳᠠᠭᠤᠯᠣᠨ ᠪᠠᠶᠢᠴᠠᠭᠠᠬᠤ |
| ᠪᠠ ᠲᠣᠬᠢᠷᠠᠭᠤᠯᠬᠤ ᠶᠢ ᠴᠢᠩᠭᠠᠳᠬᠠᠵᠦ᠂ ᠡᠯ᠎ᠡ ᠵᠦᠢᠯ ᠤᠨ ᠠᠵᠢᠯ ᠢ ᠨᠠᠶᠢᠳᠠᠪᠣᠷᠢᠵᠢᠭᠤᠯᠣᠨ ᠪᠣᠳᠠᠳᠠᠶᠢᠵᠢᠭᠤᠯᠬᠤ ᠶᠢ |
| ᠦᠨᠡᠨᠬᠦ ᠪᠠᠳᠣᠯᠠᠨ᠎ᠠ᠃ ︽ᠨᠠᠮ ᠵᠠᠰᠠᠭ ᠤᠨ ᠪᠠᠶᠢᠭᠤᠯᠣᠯᠭ᠎ᠠ ᠰᠠᠶᠢᠳᠣᠷ ᠭᠠᠮᠨᠠᠨ ᠠᠷᠪᠢᠯᠠᠵᠦ ᠪᠦᠷᠢᠯᠭᠡᠨ ᠰᠦᠢᠳᠭᠡᠬᠦ |
| ᠶᠢ ᠡᠰᠡᠷᠭᠦᠴᠡᠬᠦ ᠲᠣᠭᠳᠠᠭᠠᠯ ︾ ᠢ ᠴᠢᠩᠭ᠎ᠠ ᠵᠢᠷᠣᠮᠯᠠᠨ᠂ ︽ᠠᠯᠪᠠᠨ ᠤ ᠭᠤᠷᠪᠠᠨ ᠵᠦᠢᠯ ᠤᠨ ᠵᠠᠷᠣᠳᠠᠯ︾ ᠪᠠ ᠡᠩ |
| ᠤᠨ ᠴᠢᠨᠡᠷᠳᠡᠢ ᠵᠠᠷᠣᠯᠭ᠎ᠠ ᠶᠢ ᠣᠯᠠᠮ ᠨᠢᠬᠡ ᠠᠯᠬᠤᠮ ᠪᠠᠭᠠᠰᠬᠠᠵᠦ᠂ ᠵᠠᠰᠠᠭ ᠤᠨ ᠣᠷᠳᠣᠨ ᠤ ᠰᠢᠨᠵᠢ ᠲᠠᠢ ᠠᠰᠠᠷ |
| ᠲᠠᠩᠬᠢᠮ ᠪᠠᠭᠤᠳᠠᠯ ᠭᠠᠵᠠᠷ ᠢ ᠰᠢᠨ᠎ᠡ ᠪᠠᠷ ᠪᠠᠶᠢᠭᠤᠯᠬᠤ ᠦᠬᠡᠢ᠂ ᠡᠳ᠋ ᠤᠨ ᠵᠰᠠᠭ ᠠᠴᠠ ᠴᠠᠯᠢᠩ ᠬᠦᠯᠦᠰᠦ ᠶᠢ ᠨᠢ |
| ᠦᠭᠭᠦ ᠬᠦᠮᠦᠰ ᠢ ᠨᠡᠮᠡᠭᠳᠡᠭᠦᠯᠬᠦ ᠦᠬᠡᠢ᠂ ᠪᠠᠷᠢᠮᠵᠢᠶ᠎ᠠ ᠠᠴᠠ ᠬᠡᠳᠦᠷᠡᠭᠰᠡᠨ ᠠᠯᠪᠠᠯᠠᠬᠤ ᠭᠡᠷ ᠪᠠ ᠪᠠᠷᠢᠮᠵᠢᠶ᠎ᠠ ᠠᠴᠠ |
| ᠬᠡᠳᠦᠷᠡᠭᠰᠡᠨ ᠣᠷᠣᠨ ᠲᠤᠭ᠎ᠠ ᠠᠴᠠ ᠬᠡᠳᠦᠷᠡᠭᠰᠡᠨ ᠠᠯᠪᠠᠨ ᠤ ᠲᠡᠷᠭᠡ ᠶᠢ ᠪᠦᠬᠦ ᠲᠠᠯ᠎ᠠ ᠪᠠᠷ ᠢᠯᠭᠠᠷᠠᠭᠤᠯᠣᠨ᠎ᠠ᠃ |
| ᠠᠷᠢᠭᠤᠨ ᠴᠢᠭᠡᠴᠢ ᠪᠠᠷ ᠵᠠᠰᠠᠭ ᠪᠠᠷᠢᠬᠤ ᠪᠠ ᠢᠯᠵᠢᠷᠡᠮᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠦᠷᠨᠢᠬᠦᠯᠵᠦ᠂ |
| ᠵᠠᠰᠠᠭ ᠵᠠᠬᠢᠷᠭᠠᠨ ᠤ ᠡᠷᠬᠡ ᠳᠤ ᠬᠢᠵᠠᠭᠠᠷᠯᠠᠯ ᠬᠢᠵᠦ ᠬᠢᠨᠡᠯᠳᠡ ᠲᠠᠯᠪᠢᠬᠤ ᠶᠢ ᠴᠢᠩᠭᠠᠷᠠᠭᠤᠯᠣᠨ᠂ ᠲᠦᠷᠢᠮ ᠠᠴᠠ |
| ᠵᠦᠷᠢᠴᠡᠭᠰᠡᠨ ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢ ᠨᠡᠮᠡᠭᠳᠡᠭᠦᠯᠦᠨ᠂ |
| ᠣᠯᠠᠨ ᠨᠡᠶᠢᠳᠡ ᠶᠢᠨ ᠡᠬᠢ ᠪᠠᠶᠠᠯᠢᠭ ᠢ ᠠᠷᠠᠯᠵᠢᠶᠠᠯᠠᠬᠤ ᠲᠠᠪᠴᠠᠩ ᠤᠨ ᠪᠠᠶᠢᠭᠤᠯᠣᠯᠳᠠ ᠶᠢ ᠲᠦᠷᠭᠡᠳᠭᠡᠵᠦ᠂ |
| ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ᠂ ᠭᠤᠣᠯᠳᠠᠯᠭ᠎ᠠ ᠲᠠᠢ ᠲᠦᠷᠦᠯ ᠵᠦᠢᠯ᠂ ᠭᠤᠣᠯᠳᠠᠯᠭ᠎ᠠ ᠲᠠᠢ ᠪᠡᠯᠡ ᠮᠦᠩᠬᠦ |
| ᠳᠤ ᠬᠢᠨᠠᠨ ᠪᠣᠳᠣᠵᠦ ᠬᠢᠨᠠᠯᠳᠠ ᠲᠠᠯᠪᠢᠬᠤ ᠶᠢ ᠴᠢᠩᠭᠠᠳᠬᠠᠨ᠂ ᠢᠯᠵᠢᠷᠡᠯ ᠬᠢᠯᠪᠠᠷᠬᠠᠨ ᠡᠭᠦᠰᠬᠦ ᠣᠯᠠᠨᠳᠠ ᠡᠭᠦᠰᠬᠦ |
| ᠬᠦᠷᠢᠶ᠎ᠡ ᠬᠡᠪᠴᠢᠶᠡᠨ ᠤ ᠦᠭᠡᠷᠡᠴᠢᠯᠡᠯᠳᠡ ᠶᠢ ᠲᠦᠯᠬᠢᠨ ᠠᠬᠢᠭᠤᠯᠵᠦ᠂ ᠡᠷᠬᠡ ᠶᠢ ᠲᠦᠷᠢᠮ ᠤᠨ ︽ᠬᠤᠨᠣᠭᠤᠷᠢ︾ |
| | 2017 ᠣᠨ ᠳᠤ ᠪᠢᠳᠡ ᠦᠪᠡᠷᠳᠡᠭᠡᠨ ᠵᠠᠰᠠᠬᠤ ᠣᠷᠣᠨ ᠪᠠᠶᠢᠭᠤᠯᠣᠭᠳᠠᠭᠰᠠᠨ 70 ᠵᠢᠯ ᠤᠨ ᠣᠢ ᠶᠢᠨ |
| ᠦᠪᠡᠳᠡᠭᠰᠢ ᠶᠡᠭᠡ ᠪᠠᠶᠠᠷ ᠢ ᠣᠭᠳᠣᠬᠤ ᠪᠣᠯᠣᠨ᠎ᠠ᠃ ᠠᠷᠡᠳ ᠤᠨ ᠠᠮᠢᠳᠣᠷᠡᠯ ᠢ ᠡᠩ ᠲᠡᠷᠢᠬᠦᠨ ᠳᠤ ᠪᠠᠶᠢᠯᠭᠠᠬᠤ᠂ |
| ᠪᠣᠳᠠᠳᠠᠢ ᠶᠢ ᠡᠷᠬᠢᠮᠯᠡᠨ ᠠᠷᠪᠢᠯᠠᠨ ᠭᠠᠮᠨᠠᠬᠤ᠂ ᠴᠢᠳᠠᠯ ᠤᠨ ᠬᠢᠷᠢ ᠪᠠᠷ ᠢᠶᠠᠨ ᠬᠢᠬᠦ ᠵᠠᠷᠴᠢᠮ ᠤᠨ ᠶᠣᠰᠣᠭᠠᠷ᠂ ᠰᠠᠭᠤᠷᠢ |
| ᠪᠡᠯᠡᠳᠭᠡᠮᠵᠢ᠂ ᠠᠵᠦ ᠦᠢᠯᠡᠰ ᠤᠨ ᠬᠦᠭᠵᠢᠯᠳᠡ᠂ ᠬᠤᠳᠡ ᠬᠦᠳᠡᠭᠡ ᠶᠢᠨ ᠪᠦᠳᠦᠭᠡᠨ ᠪᠠᠶᠢᠭᠤᠯᠣᠯᠳᠠ᠂ ᠠᠮᠢ ᠠᠬᠤᠢ |
| ᠶᠢᠨ ᠬᠠᠮᠠᠭᠠᠯᠠᠯᠳᠠ᠂ ᠠᠷᠡᠳ ᠤᠨ ᠠᠮᠢᠳᠣᠷᠡᠯ ᠤᠨ ᠪᠠᠳᠣᠯᠠᠭ᠎ᠠ᠂ ᠦᠭᠡᠷᠡᠴᠢᠯᠡᠯᠳᠡ ᠨᠡᠭᠡᠭᠡᠯᠳᠡ ᠪᠣᠯᠣᠨ ᠣᠷᠣᠨ |
| ᠪᠦᠰᠡ ᠶᠢᠨ ᠵᠣᠬᠢᠴᠠᠩᠭᠤᠢ ᠪᠠᠷ ᠬᠦᠭᠵᠢᠬᠦ ᠶᠢ ᠠᠬᠢᠭᠤᠯᠬᠤ ᠵᠡᠷᠬᠡ ᠬᠦᠷᠢᠶ᠎ᠡ ᠬᠡᠪᠴᠢᠶᠡᠨ ᠤ ᠨᠢᠬᠡ ᠪᠦᠯᠦᠭ ᠴᠢᠬᠤᠯᠠ |
| ᠶᠡᠭᠡ ᠢᠨᠵᠧᠨᠧᠷᠢᠩ ᠪᠠ ᠲᠦᠷᠦᠯ ᠵᠦᠢᠯ ᠢ ᠰᠦᠪᠡᠭᠴᠢᠯᠡᠨ ᠬᠡᠷᠡᠭᠵᠢᠬᠦᠯᠵᠦ᠂ ᠦᠪᠡᠷᠳᠡᠭᠡᠨ ᠵᠠᠰᠠᠬᠤ ᠣᠷᠣᠨ ᠤ 70 |
| ᠵᠢᠯ ᠤᠨ ᠣᠢ ᠳᠤ ᠪᠡᠯᠡᠭ ᠪᠣᠯᠭᠠᠨ᠂ ᠦᠨᠳᠣᠰᠣᠳᠡᠨ ᠨᠦᠭᠦᠳ ᠤᠨ ᠣᠯᠠᠨ ᠲᠦᠮᠡᠨ ᠳᠤ ᠲᠡᠬᠦᠨ ᠤ ᠲᠣᠮᠳᠠ ᠠᠴᠠ |
| ᠪᠣᠳᠠᠳᠣ ᠠᠰᠢᠭ ᠬᠦᠷᠳᠡᠭᠡᠨ᠂ ᠨᠡᠶᠢᠭᠡᠮ ᠵᠢᠷᠣᠮᠳᠣ ᠪᠠᠶᠢᠭᠤᠯᠣᠯ ᠪᠠ ᠦᠨᠳᠣᠰᠣᠳᠡᠨ ᠤ ᠣᠷᠣᠨ ᠤ ᠦᠪᠡᠷᠳᠡᠭᠡᠨ |
| ᠵᠠᠰᠠᠬᠤ ᠲᠦᠷᠢᠮ ᠤᠨ ᠯᠣᠳᠣ ᠶᠡᠭᠡ ᠲᠠᠪᠠᠭᠤᠯᠢᠭ ᠴᠢᠨᠠᠷ ᠢ ᠭᠦᠢᠴᠡᠳ ᠬᠦᠷᠳᠡᠭᠡᠯᠭᠡᠨᠡ᠃ |
| ᠲᠦᠯᠦᠭᠡᠯᠡᠭᠴᠢᠳ ᠡ᠂ ᠨᠠᠮ ᠤᠨ ᠠᠷᠪᠠᠨ ᠨᠠᠶᠢᠮᠠᠳᠣᠭᠠᠷ ᠬᠤᠭᠤᠴᠠᠭᠠᠨ ᠤ ᠲᠦᠪ ᠬᠤᠷᠢᠶᠡᠨ ᠤ |
| ᠭᠤᠷᠪᠠᠳᠣᠭᠠᠷ ᠪᠦᠭᠦᠳᠡ ᠬᠤᠷᠡᠯ ᠠᠴᠠ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠠᠷᠠᠯᠳᠠ ᠶᠢ |
| ᠲᠣᠷᠠᠳᠣᠭᠰᠠᠨ ᠶᠠᠪᠣᠳᠠᠯ ᠨᠢ ᠬᠦᠮᠦᠰ ᠢ ᠵᠣᠷᠢᠭᠵᠢᠭᠤᠯᠣᠨ ᠬᠦᠴᠦᠯᠡᠨ ᠣᠷᠣᠭᠰᠢᠯᠠᠭᠤᠯᠵᠦ᠂ ᠦᠭᠡᠷᠡᠴᠢᠯᠡᠯᠳᠡ |
| ᠨᠡᠭᠡᠭᠡᠯᠳᠡ ᠪᠠ ᠣᠳᠣᠬᠢᠴᠢᠯᠠᠬᠤ ᠪᠦᠳᠦᠭᠡᠨ ᠪᠠᠶᠢᠭᠤᠯᠣᠯᠳᠡ ᠶᠢᠨ ᠰᠢᠨ᠎ᠡ ᠠᠶᠠᠨ ᠵᠠᠮ ᠢ ᠨᠡᠭᠡᠭᠡᠭᠰᠡᠨ ᠶᠣᠮ᠃ ᠪᠢᠳᠡ |
| ᠰᠢ ᠶᠢᠨ ᠫᠢᠩ ᠨᠦᠬᠦᠷ ᠢᠶᠠᠷ ᠶᠡᠷᠦᠩᠬᠡᠢ ᠱᠦᠵᠢ ᠪᠣᠯᠭᠠᠭᠰᠠᠨ ᠨᠠᠮ ᠤᠨ ᠲᠦᠪ ᠬᠤᠷᠢᠶᠡᠨ ᠤ ᠲᠣᠭᠤᠷᠢᠨ ᠳᠤ ᠨᠡᠩ |
| ᠨᠢᠭᠳᠠᠷᠠᠨ ᠪᠦᠯᠬᠦᠮᠳᠡᠵᠦ᠂ ᠢᠳᠡᠭᠡᠯ ᠵᠣᠷᠢᠭ ᠢᠶᠠᠨ ᠪᠠᠳᠣᠳᠬᠠᠨ᠂ ᠴᠤᠭ ᠰᠦᠯᠳᠡ ᠪᠠᠨ ᠪᠠᠳᠠᠷᠠᠭᠤᠯᠣᠨ᠂ ᠦᠨᠡᠨ ᠢ |
| ᠪᠠᠷᠢᠮᠳᠠᠯᠠᠨ ᠪᠣᠳᠠᠳᠠᠢ ᠶᠢ ᠡᠷᠬᠢᠮᠯᠡᠵᠦ᠂ ᠬᠦᠴᠢᠷ ᠢ ᠰᠦᠷᠦᠨ ᠣᠷᠣᠭᠰᠢᠯᠠᠨ᠂ ᠦᠭᠡᠷᠡᠴᠢᠯᠡᠯᠳᠡ ᠬᠢᠬᠦ ᠬᠦᠭᠵᠢᠬᠦᠯᠬᠦ |
| ᠲᠣᠭᠳᠠᠭᠤᠨ ᠪᠠᠶᠢᠯᠭᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠳᠣᠳᠠᠢ ᠰᠠᠶᠢᠳᠣᠷ ᠬᠢᠵᠦ᠂ ᠴᠢᠨᠡᠭᠡᠯᠢᠭ ᠨᠡᠶᠢᠭᠡᠮ |
| ᠢ ᠪᠦᠬᠦ ᠲᠠᠯ᠎ᠠ ᠪᠠᠷ ᠪᠠᠶᠢᠭᠤᠯᠣᠨ ᠪᠦᠳᠦᠭᠡᠬᠦ᠂ ᠮᠠᠨ ᠤ ᠣᠷᠣᠨ ᠤ ᠰᠢᠨᠵᠢᠯᠡᠬᠦ ᠣᠬᠠᠭᠠᠨᠴᠢ ᠪᠠᠷ ᠬᠦᠭᠵᠢᠭᠰᠡᠨ᠂ |
| ᠠᠷᠡᠳ ᠢ ᠪᠠᠶᠠᠵᠢᠭᠤᠯᠣᠨ ᠣᠷᠣᠨ ᠢᠶᠠᠨ ᠬᠦᠴᠦᠷᠭᠡᠭᠵᠢᠭᠦᠯᠦᠭᠰᠡᠨ ᠰᠢᠨ᠎ᠡ ᠪᠠᠶᠢᠳᠠᠯ ᠢ ᠬᠦᠴᠦᠯᠡᠨ ᠪᠣᠢ ᠪᠣᠯᠭᠠᠬᠤ ᠶᠢᠨ |
| ᠲᠦᠯᠦᠭᠡ ᠴᠢᠷᠮᠠᠶᠢᠨ ᠲᠡᠮᠡᠴᠡᠵᠡᠭᠡᠶ᠎ᠡ︕ |
| | | | | |