2019 ᠣᠨ ᠤ 4 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠦᠷᠦᠰᠦ ᠰᠢᠷᠣᠶ | ᠪᠣᠷᠳᠣᠭᠤᠷ ᠤᠨ ᠠᠵᠢᠯ ᠤᠨ ᠥᠷᠲᠡᠭᠡ ᠶᠢᠨ ᠵᠧᠩ ᠬᠠᠢ ᠴᠦᠨ ᠦᠷᠲᠡᠭᠡᠨ ᠳᠠᠷᠤᠭ᠎ᠠ ᠪᠣᠯᠣᠨ ᠪᠣᠷᠳᠣᠭᠤᠷ ᠤᠨ | ᠰᠠᠯᠠᠭ᠎ᠠ ᠶᠢᠨ ᠭᠤᠤ ᠹᠠᠨ ᠱᠧᠨ ᠰᠠᠯᠠᠭᠠᠨ ᠳᠠᠷᠤᠭ᠎ᠠ ᠤᠯᠠᠭᠠᠨᠴᠠᠪ ᠬᠤᠲᠠ ᠳᠤ ᠬᠦᠷᠴᠦ᠂ ᠤᠯᠠᠭᠠᠨᠴᠠᠪ ᠬᠤᠲᠠ ᠶᠢᠨ | ᠬᠦᠷᠦᠰᠦ ᠰᠢᠷᠣᠶ ᠪᠣᠷᠳᠣᠭᠤᠷ ᠤᠨ ᠠᠵᠢᠯ ᠤᠨ ᠥᠷᠲᠡᠭᠡ ᠶᠢᠨ ᠰᠢᠨ᠎ᠡ ᠬᠡᠯᠪᠡᠷᠢ ᠶᠢᠨ ᠪᠣᠷᠳᠣᠭᠤᠷ ᠤᠨ | ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠤᠨ ᠠᠬᠢᠯᠲᠠ ᠶᠢᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠦ᠂ | ᠰᠢᠨ᠎ᠡ ᠬᠡᠯᠪᠡᠷᠢ ᠶᠢᠨ ᠪᠣᠷᠳᠣᠭᠤᠷ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠤᠨ ᠲᠣᠬᠢᠷᠠᠭᠤᠯᠤᠯᠲᠠ | ᠪᠠᠶᠢᠷᠢᠯᠠᠭᠤᠯᠤᠯᠲᠠ᠂ ᠪᠣᠷᠳᠣᠭᠤᠷ ᠬᠠᠩᠭᠠᠬᠤ ᠪᠡᠯᠡᠳᠬᠡᠯ ᠵᠢᠴᠢ ᠲᠤᠷᠰᠢᠯᠲᠠ ᠶᠢᠨ ᠵᠢᠱᠢᠶ᠎ᠡ ᠦᠵᠡᠭᠦᠯᠬᠦ ᠭᠠᠵᠠᠷ ᠤᠨ | ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠵᠡᠷᠭᠡ ᠶᠢ ᠨᠠᠷᠢᠨ ᠠᠰᠠᠭᠤᠨ ᠯᠠᠪᠯᠠᠵᠤ᠂ ᠰᠢᠨ᠎ᠡ ᠬᠡᠯᠪᠡᠷᠢ ᠶᠢᠨ | ᠪᠣᠷᠳᠣᠭᠤᠷ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠤᠨ ᠴᠢᠬᠤᠯᠠ ᠴᠢᠨᠠᠷ ᠢ ᠴᠢᠬᠤᠯᠠᠴᠢᠯᠠᠬᠤ ᠶᠢᠨ ᠬᠠᠮᠲᠦ | ᠲᠤᠷᠰᠢᠯᠲᠠ ᠶᠢᠨ ᠭᠠᠵᠠᠷ ᠢ ᠬᠡᠷᠬᠢᠨ ᠰᠣᠩᠭᠤᠬᠤ᠂ ᠲᠤᠷᠰᠢᠯᠲᠠ ᠶᠢᠨ ᠪᠣᠷᠳᠣᠭᠤᠷ ᠤᠨ ᠶᠠᠰᠤ ᠴᠢᠨᠠᠷ ᠢ ᠰᠠᠶᠢᠲᠤᠷ | ᠠᠳᠬᠤᠬᠤ᠂ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠵᠢᠷᠤᠮᠵᠢᠭᠤᠯᠬᠤ ᠵᠡᠷᠭᠡ ᠲᠠᠯ᠎ᠠ ᠪᠠᠷ ᠪᠣᠳᠠᠲᠠᠶ | ᠵᠢᠯᠣᠭᠤᠳᠬᠤ ᠰᠠᠨᠠᠯ ᠳᠤᠷᠠᠳᠴᠤ᠂ ᠤᠯᠠᠭᠠᠨᠴᠠᠪ ᠬᠤᠲᠠ ᠶᠢᠨ ᠬᠦᠷᠦᠰᠦ ᠰᠢᠷᠣᠶ ᠪᠣᠷᠳᠣᠭᠤᠷ ᠤᠨ ᠠᠵᠢᠯ ᠤᠨ | ᠥᠷᠲᠡᠭᠡ ᠶᠢᠨ ᠬᠠᠮᠢᠶ᠎ᠠ ᠪᠦᠬᠦᠢ ᠬᠤᠰᠢᠭᠤ ᠰᠢᠶᠠᠨ ᠢ ᠵᠣᠬᠢᠶᠠᠨ ᠪᠠᠢᠭᠤᠯᠵᠤ ᠰᠢᠨ᠎ᠡ ᠬᠡᠯᠪᠡᠷᠢ ᠶᠢᠨ ᠪᠣᠷᠳᠣᠭᠤᠷ ᠤᠨ | ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃ | 4 ᠰᠠᠷ᠎ᠠ ᠶᠢᠨ 17 ᠤ ᠡᠳᠦᠷ ᠤᠯᠠᠭᠠᠨᠴᠠᠪ ᠬᠤᠲᠠ ᠶᠢᠨ ᠰᠢᠩ ᠾᠧ ᠰᠢᠶᠠᠨ ᠳᠤ ᠬᠦᠷᠴᠦ᠂ ᠰᠢᠶᠠᠨ ᠤ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ 2019 ᠣᠨ ᠤ ᠲᠠᠷᠢᠶᠠᠨ ᠭᠠᠵᠠᠷ ᠢ ᠬᠠᠮᠠᠭᠠᠯᠠᠬᠤ ᠵᠢᠴᠢ | ᠶᠠᠰᠤ ᠴᠢᠨᠠᠷ ᠢ ᠳᠡᠭᠡᠭᠰᠢᠯᠡᠭᠦᠯᠬᠦ ᠪᠠ ᠬᠢᠮᠢ ᠶᠢᠨ ᠪᠣᠷᠳᠣᠭᠤᠷ ᠤᠨ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ | ᠨᠡᠮᠡᠭᠳᠡᠭᠦᠯᠬᠦ ᠲᠥᠷᠥᠯ ᠵᠦᠢᠯ ᠤᠨ ᠠᠵᠢᠯ ᠤᠨ ᠠᠬᠢᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠬᠢᠮᠢ ᠶᠢᠨ ᠪᠣᠷᠳᠣᠭᠤᠷ ᠤᠨ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠣᠷᠣᠨ ᠤ | ᠪᠦᠲᠦᠭᠡᠨ ᠪᠠᠢᠭᠤᠯᠤᠯᠲᠠ᠂ ᠬᠥᠷᠥᠰᠥ ᠰᠢᠷᠣᠶ ᠶᠢ ᠬᠡᠮᠵᠢᠵᠦ ᠨᠠᠶᠢᠷᠠᠯᠭᠠᠲᠤ ᠪᠣᠷᠳᠣᠭᠤᠷ ᠣᠷᠣᠭᠤᠯᠬᠤ ᠮᠡᠷᠭᠡᠵᠢᠯ ᠤᠨ | ᠳᠡᠯᠭᠡᠷᠡᠭᠦᠯᠦᠯᠲᠡ᠂ ᠲᠠᠷᠢᠶᠠᠨ ᠭᠠᠵᠠᠷ ᠤᠨ ᠬᠦᠷᠦᠰᠦᠨ ᠤ ᠬᠦᠴᠦᠨ ᠤ ᠦᠨᠡᠯᠡᠯᠲᠡ ᠵᠡᠷᠭᠡ ᠲᠥᠷᠥᠯ ᠵᠦᠢᠯ ᠤᠨ | ᠠᠵᠢᠯ ᠤᠨ ᠠᠭᠤᠯᠭ᠎ᠠ ᠳᠤ ᠪᠣᠳᠠᠲᠠᠶ ᠵᠢᠯᠣᠭᠤᠳᠬᠤ ᠰᠠᠨᠠᠯ ᠳᠤᠷᠠᠳᠬᠤ ᠶᠢᠨ ᠬᠠᠮᠲᠤ ᠲᠥᠷᠥᠯ ᠵᠦᠢᠯ ᠤᠨ ᠪᠠᠯᠠ | ᠮᠥᠩᠭᠦ ᠶᠢ ᠬᠡᠷᠡᠭᠯᠡᠬᠦ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠤᠬᠠᠭᠤᠯᠭ᠎ᠠ ᠪᠣᠯᠪᠠᠰᠤᠷᠠᠯ ᠢ | ᠴᠢᠩᠭᠠᠳᠬᠠᠬᠤ ᠵᠡᠷᠭᠡ ᠲᠠᠯ᠎ᠠ ᠶᠢ ᠣᠨᠴᠠᠭᠠᠶᠢᠯᠠᠨ ᠴᠢᠬᠤᠯᠠᠴᠢᠯᠠᠵᠤ᠂ ᠰᠢᠩ ᠾᠧ ᠰᠢᠶᠠᠨ ᠤ ᠲᠠᠷᠢᠶᠠᠨ ᠭᠠᠵᠠᠷ ᠢ | ᠬᠠᠮᠠᠭᠠᠯᠠᠬᠤ ᠵᠢᠴᠢ ᠶᠠᠰᠤ ᠴᠢᠨᠠᠷ ᠢ ᠳᠡᠭᠡᠭᠰᠢᠯᠡᠭᠦᠯᠬᠦ ᠪᠠ ᠬᠢᠮᠢ ᠶᠢᠨ ᠪᠣᠷᠳᠣᠭᠤᠷ ᠤᠨ ᠬᠡᠮᠵᠢᠶ᠎ᠡ ᠶᠢ ᠪᠠᠭᠠᠰᠬᠠᠵᠤ ᠦᠷ᠎ᠡ | ᠠᠰᠢᠭ ᠢ ᠨᠡᠮᠡᠭᠳᠡᠭᠦᠯᠬᠦ ᠲᠥᠷᠥᠯ ᠵᠦᠢᠯ ᠢ ᠰᠠᠶᠢᠲᠤᠷ ᠵᠣᠬᠢᠶᠠᠨ ᠪᠠᠶᠢᠭᠤᠯᠤᠨ ᠶᠠᠪᠤᠭᠳᠠᠭᠤᠯᠬᠤ ᠳᠤ ᠴᠢᠩᠭ᠎ᠠ | ᠬᠦᠴᠦᠲᠡᠶ ᠠᠬᠢᠭᠤᠯᠬᠤ ᠦᠢᠯᠡᠳᠦᠯ ᠦᠵᠡᠭᠦᠯᠪᠡ᠃ |