ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠬᠠᠮᠢᠶᠠᠷᠤᠯᠲᠠ ᠶᠢᠨ ᠥᠷᠲᠡᠭᠡ ᠶᠢᠨ ︽ᠲᠠᠪᠤᠨ ᠲᠠᠯ᠎ᠠ ᠳᠤ ᠠᠩᠬᠠᠷᠤᠯ ᠢᠶᠠᠨ ᠬᠠᠨᠳᠣᠭᠤᠯᠬᠤ︾ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2019/5/20
      ᠺᠠᠳ᠋ᠷ ᠠᠵᠢᠯᠲᠠᠳ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠣᠯᠤᠨ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠬᠠᠮᠢᠶᠠᠷᠤᠯᠲᠠ ᠶᠢᠨ ᠦᠷᠲᠡᠭᠡ ᠨᠢ ᠰᠠᠬᠢᠯᠭ᠎ᠠ ᠪᠠᠲᠤ ᠶᠢᠨ ᠬᠢᠵᠠᠭᠠᠷᠯᠠᠯ ᠢ ᠬᠦᠯᠢᠶᠡᠬᠦ᠂ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠬᠤ᠂ ᠬᠡᠪ ᠰᠤᠷᠲᠠᠯ ᠤᠨ ᠪᠠᠶᠢᠭᠤᠯᠤᠯᠲᠠ᠂ ᠬᠠᠮᠢᠶᠠᠷᠤᠯᠲᠠ ᠪᠠᠨ ᠵᠢᠷᠦᠮᠵᠢᠭᠤᠯᠬᠤ ᠵᠡᠷᠭᠡ ᠲᠠᠯ᠎ᠠ ᠶᠢᠨ ᠠᠵᠢᠯ ᠢᠶᠠᠷ ᠳᠠᠮᠵᠢᠨ᠂ ᠦᠷ᠎ᠡ ᠠᠰᠢᠭ ᠰᠠᠶᠢᠲᠠᠶ ᠠᠷᠢᠭᠤᠨ ᠴᠢᠬᠡᠴᠢ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠰᠢᠨ᠎ᠡ ᠳᠦᠷᠢ ᠲᠥᠷᠬᠦ ᠶᠢ ᠪᠠᠶᠢᠭᠤᠯᠬᠤ ᠪᠠᠷ ᠴᠢᠷᠮᠠᠶᠢᠵᠦ ᠪᠠᠶᠢᠨ᠎ᠠ᠃        ᠨᠢᠭᠡ ᠳᠤ᠂ ᠰᠠᠬᠢᠯᠭ᠎ᠠ ᠪᠠᠲᠤ ᠶᠢᠨ ᠬᠢᠵᠠᠭᠠᠷᠯᠠᠯ ᠳᠤ ᠠᠩᠬᠠᠷᠤᠯ ᠢᠶᠠᠨ ᠬᠠᠨᠳᠣᠭᠤᠯᠵᠦ᠂ ᠲᠦᠷᠢᠮ ᠲᠣᠭᠲᠠᠭᠠᠯ ᠶᠣᠰᠣᠭᠠᠷ ᠨᠠᠮ ᠢ ᠵᠠᠰᠠᠬᠤ ᠶᠢ ᠴᠢᠩᠭᠠᠳᠬᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠤᠨ ᠰᠤᠷᠭᠠᠨ ᠬᠥᠮᠦᠵᠢᠯ ᠢ ᠴᠢᠩᠭᠠᠳᠬᠠᠵᠤ᠂ ᠨᠠᠮ ᠤᠨ ᠬᠡᠰᠢᠭᠦᠳ ᠤᠨ ᠨᠠᠮᠴᠢ ᠴᠢᠨᠠᠷ ᠤᠨ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠠ ᠵᠣᠬᠢᠶᠠᠨ ᠪᠠᠶᠢᠭᠤᠯᠤᠯᠲᠠ ᠶᠢᠨ ᠦᠵᠡᠯᠲᠡ ᠶᠢ ᠦᠨᠡᠨ ᠬᠦ ᠳᠡᠭᠡᠭᠰᠢᠯᠡᠭᠦᠯᠵᠦ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠣᠯᠤᠨ ᠠᠮᠢᠳᠤᠷᠠᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ ᠠᠵᠢᠯᠯᠠᠵᠤ᠂ ᠨᠠᠮ ᠤᠨ ᠳᠣᠲᠣᠭᠠᠳᠤ ᠶᠢᠨ ᠬᠢᠨᠠᠯᠲᠠ᠂ ᠣᠯᠠᠨ ᠲᠦᠮᠡᠨ ᠤ ᠬᠢᠨᠠᠯᠲᠠ ᠶᠢ ᠥᠪᠡᠷ ᠤᠨ ᠤᠬᠠᠮᠰᠠᠷ ᠠᠴᠠ ᠪᠠᠨ ᠬᠦᠯᠢᠶᠡᠵᠦ ᠠᠪᠤᠨ᠎ᠠ᠃      ᠬᠤᠶᠠᠷ ᠲᠤ᠂ ᠬᠠᠷᠢᠭᠤᠴᠠᠯᠭ᠎ᠠ ᠶᠢ ᠨᠡᠶᠢᠲᠡᠪᠦᠷᠢᠵᠢᠭᠤᠯᠬᠤ ᠳᠤ ᠠᠩᠬᠠᠷᠤᠯ ᠢᠶᠠᠨ ᠬᠠᠨᠳᠤᠭᠤᠯᠵᠤ᠂ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠨ᠎ᠠ᠃ ᠥᠷᠲᠡᠭᠡ ᠶᠢᠨ ᠨᠠᠮ ᠤᠨ ᠡᠭᠦᠷ ᠠᠴᠠ ᠪᠥᠬᠦ ᠥᠷᠲᠡᠭᠡ ᠶᠢᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠢᠯᠵᠠᠷᠠᠯ ᠢ ᠡᠰᠡᠷᠭᠦᠴᠡᠬᠦ ᠠᠵᠢᠯ ᠢ ᠨᠢᠭᠡᠳᠦᠯᠲᠡᠢ ᠤᠳᠤᠷᠢᠳᠴᠤ ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠭᠡᠬᠦ ᠶᠢ ᠪᠠᠷᠢᠮᠲᠠᠯᠠᠵᠤ᠂ ᠥᠷᠲᠡᠭᠡ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠰᠠᠯᠠᠭ᠎ᠠ ᠲᠡᠰᠤᠬ ᠤᠨ ᠬᠠᠷᠢᠭᠤᠴᠠᠯᠭᠠᠲᠠᠨ ᠠᠴᠠ ︽ᠨᠢᠭᠡ ᠪᠠᠶᠢᠷᠢ ᠬᠤᠶᠠᠷ ᠬᠠᠷᠢᠭᠤᠴᠠᠯᠭ᠎ᠠ︾ ᠶᠢ ᠴᠢᠩᠭ᠎ᠠ ᠭᠦᠢᠴᠡᠳᠬᠡᠬᠦ ᠬᠡᠷᠡᠭᠲᠡᠶ᠂ ᠨᠠᠮ ᠤᠨ ᠰᠤᠷᠲᠠᠯ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠤᠯᠤᠨ ᠲᠤᠬᠠᠶᠢᠯᠠᠭᠰᠠᠨ ᠠᠵᠢᠯ ᠢ ᠵᠡᠷᠭᠡᠪᠡᠷ ᠴᠢᠩᠭ᠎ᠠ ᠠᠳᠬᠤᠬᠤ ᠶᠢ ᠪᠡᠶᠡᠯᠡᠭᠦᠯᠬᠦ ᠬᠡᠷᠡᠭᠲᠡᠶ᠃      ᠭᠤᠷᠪᠠ ᠳᠤ᠂ ᠤᠬᠠᠭᠤᠯᠤᠨ ᠰᠤᠷᠲᠠᠯᠴᠢᠯᠠᠬᠤ ᠳᠤ ᠠᠩᠬᠠᠷᠤᠯ ᠢᠶᠠᠨ ᠬᠠᠨᠳᠤᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠴᠢᠩᠭᠠᠳᠬᠠᠨ᠎ᠠ᠃ ᠨᠠᠮ ᠤᠨ ᠰᠠᠬᠢᠯᠭ᠎ᠠ᠂ ᠵᠠᠰᠠᠭ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢ ᠭᠤᠣᠯᠳᠠᠯᠭ᠎ᠠ ᠲᠠᠢ ᠥᠷᠨᠢᠭᠦᠯᠵᠦ᠂ ᠨᠠᠮ ᠤᠨ ᠭᠡᠰᠢᠭᠦᠨ᠂ ᠺᠠᠳ᠋ᠷᠴᠤᠳ ᠤᠨ ᠨᠠᠮᠴᠢ ᠴᠢᠨᠠᠷ ᠤᠨ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠠ ᠵᠣᠬᠢᠶᠠᠨ ᠪᠠᠶᠢᠭᠤᠯᠤᠯᠲᠠ ᠶᠢᠨ ᠦᠵᠡᠯᠲᠡ ᠶᠢ ᠳᠡᠭᠡᠭᠰᠢᠯᠡᠭᠦᠯᠦᠨ᠎ᠡ᠃ ᠤᠯᠤᠰ ᠲᠦᠷᠦ ᠶᠢᠨ ᠰᠠᠬᠢᠯᠭ᠎ᠠ ᠪᠠᠲᠤ ᠶᠢᠨ ᠬᠥᠮᠦᠵᠢᠯ ᠢ ᠭᠦᠨᠵᠡᠭᠡᠶ ᠥᠷᠨᠢᠭᠦᠯᠵᠦ᠂ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠤᠯᠠᠨ ᠵᠦᠢᠯ ᠤᠨ ᠠᠷᠭ᠎ᠠ ᠬᠡᠯᠪᠡᠷᠢ ᠪᠠᠷ ᠰᠤᠷᠭᠠᠨ ᠬᠥᠮᠦᠵᠢᠯ ᠤᠨ ᠪᠣᠳᠠᠲᠤ ᠦᠷ᠎ᠡ ᠪᠥᠳᠥᠮᠵᠢᠳᠥ ᠴᠢᠨᠠᠷ ᠢ ᠳᠡᠭᠡᠭᠰᠢᠯᠡᠭᠦᠯᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠤᠯᠭ᠎ᠠ ᠨᠢᠭᠡᠴᠢ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠨ᠎ᠠ᠃      ᠳᠥᠷᠪᠡ ᠳᠤ᠂ ᠡᠳᠦᠷ ᠲᠤᠲᠤᠮ ᠤᠨ ᠬᠢᠨᠠᠨ ᠪᠠᠶᠢᠴᠠᠭᠠᠯᠲᠠ ᠳᠤ ᠠᠩᠬᠠᠷᠤᠯ ᠢᠶᠠᠨ ᠬᠠᠨᠳᠣᠭᠤᠯᠵᠤ᠂ ᠰᠠᠬᠢᠯᠭ᠎ᠠ ᠪᠠᠲᠤ ᠶᠢ ᠬᠡᠷᠡᠭᠵᠢᠭᠦᠯᠵᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠎ᠠ  ᠂ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠢ ᠡᠷᠡᠰ ᠪᠠᠶᠢᠴᠠᠭᠠᠨ ᠰᠢᠢᠳᠪᠥᠷᠢᠯᠡᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠠᠬᠢᠭᠤᠯᠤᠨ᠎ᠠ᠃ ︽ᠲᠦᠷᠪᠡᠨ ᠰᠤᠷᠲᠠᠯ︾ ᠤᠨ ᠠᠰᠠᠭᠤᠳᠠᠯ ᠲᠤᠪᠤᠶᠢᠮ᠎ᠠ᠂ ᠰᠠᠬᠢᠯᠭ᠎ᠠ ᠪᠠᠲᠤ ᠶᠢ ᠵᠥᠷᠢᠴᠡᠵᠦ ᠪᠠᠶᠢᠭ᠎ᠠ ᠠᠰᠠᠭᠤᠳᠠᠯ ᠭᠠᠷᠤᠭᠰᠠᠨ ᠰᠠᠯᠠᠭ᠎ᠠ ᠲᠠᠰᠤᠭ ᠪᠠ ᠬᠤᠪᠢ ᠬᠥᠮᠦᠨ ᠢ ᠱᠠᠳᠤ ᠱᠠᠳᠣ ᠪᠠᠷ ᠬᠠᠷᠢᠭᠤᠴᠠᠯᠭ᠎ᠠ ᠨᠡᠬᠡᠮᠵᠢᠯᠡᠵᠦ᠂ ᠬᠡᠷᠡᠭ ᠪᠠᠶᠢᠪᠠᠯ ᠵᠠᠪᠠᠯ ᠪᠠᠶᠢᠴᠠᠭᠠᠵᠤ᠂ ᠢᠯᠵᠢᠷᠠᠯ ᠳᠤᠷᠤᠶᠢᠲᠠᠯ ᠢ ᠵᠠᠪᠠᠯ ᠠᠷᠢᠯᠭᠠᠨ ᠰᠢᠢᠳᠭᠡᠨ᠎ᠡ᠃      ᠲᠠᠪᠤ ᠳᠤ᠂ ᠪᠠᠶᠢᠭᠤᠯᠭ᠎ᠠ ᠶᠢᠨ ᠣᠪᠣᠷ ᠰᠤᠷᠲᠠᠯ ᠤᠨ ᠪᠠᠶᠢᠭᠤᠯᠤᠯᠲᠠ ᠳᠤ ᠠᠩᠬᠠᠷᠤᠯ ᠢᠶᠠᠨ ᠬᠠᠨᠳᠤᠭᠤᠯᠵᠤ᠂ ᠤᠷᠳᠤ ᠬᠤᠭᠤᠴᠠᠭᠠᠳᠤ ᠪᠦᠲᠦᠮᠵᠢᠲᠡᠢ ᠲᠣᠭᠲᠠᠴᠠ ᠶᠢ ᠴᠢᠩᠭᠠᠳᠬᠠᠨ᠎ᠠ᠃ ︽ᠳᠥᠷᠪᠡᠨ ᠰᠤᠷᠲᠠᠯ︾ ᠢ ᠴᠢᠩᠭ᠎ᠠ ᠠᠳᠬᠤᠨ ᠵᠠᠰᠠᠨ ᠵᠠᠯᠠᠷᠠᠭᠤᠯᠵᠤ᠂ ᠨᠠᠮ ᠤᠨ ᠣᠯᠠᠨ ᠲᠦᠮᠡᠨᠴᠢ ᠱᠤᠭᠤᠮ ᠤᠨ ᠬᠥᠮᠦᠵᠢᠯ ᠤᠨ ᠦᠢᠯᠡᠳᠦᠯᠭᠡᠵᠢᠭᠦᠯᠬᠦ ᠠᠵᠢᠯᠯᠠᠭ᠎ᠠ ᠶᠢᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠭᠦᠨᠵᠡᠭᠡᠶᠢᠷᠡᠭᠦᠯᠵᠦ᠂ ︽ᠤᠯᠠᠨ ᠲᠦᠮᠡᠨ ᠲᠠᠢ ᠬᠠᠷᠢᠯᠴᠠᠬᠤ︾ ᠠᠵᠢᠯ ᠢ ᠢᠳᠡᠪᠬᠢᠲᠡᠶ ᠥᠷᠨᠢᠭᠦᠯᠦᠨ᠎ᠡ᠃ ᠠᠯᠢ ᠤᠯᠡᠠ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂  ᠪᠥᠬᠦ ᠥᠷᠲᠡᠭᠡᠨ ᠤ ᠺᠠᠳ᠋ᠷ᠂ ᠠᠵᠢᠯᠲᠠᠨ ᠠᠵᠢᠯᠴᠢᠨ ᠤ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠦᠨᠡᠨ ᠬᠦ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠣᠯᠤᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号