| | 2018 ᠣᠨ ᠤ ᠮᠠᠯᠴᠢᠨ ᠲᠠᠷᠢᠶᠠᠴᠢᠨ ᠤ ᠳᠠᠷᠤᠭᠠᠰᠤ ᠡᠭᠦᠷᠭᠡᠯᠡᠯ ᠢ ᠬᠢᠨᠠᠨ ᠬᠠᠮᠢᠶᠠᠷᠬᠤ ᠠᠵᠢᠯ ᠤᠨ ᠬᠢᠨᠠᠨ | ᠵᠢᠯᠤᠭᠤᠳᠤᠯᠭ᠎ᠠ ᠶᠢ ᠰᠠᠶᠢᠲᠤᠷ ᠬᠢᠬᠦ ᠶᠢᠨ ᠲᠥᠯᠥᠭᠡ᠂ ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ | ᠬᠠᠮᠠᠭᠠᠯᠠᠵᠤ᠂ ᠳᠠᠷᠤᠭᠠᠰᠤ ᠶᠢ ᠬᠦᠩᠬᠡᠯᠡᠵᠦ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢᠨ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠲᠠᠷᠢᠶᠠᠯᠠᠩ ᠬᠥᠳᠡᠭᠡ ᠲᠤᠰᠬᠤᠨ ᠤ ᠶᠠᠮᠤᠨ ᠤ | ᠲᠠᠷᠢᠶᠠᠴᠢᠨ ᠤ ᠳᠠᠷᠤᠭᠠᠰᠤ ᠡᠭᠦᠷᠭᠡᠯᠡᠯ ᠤᠨ ᠬᠢᠨᠠᠨ ᠬᠠᠮᠢᠶᠠᠷᠤᠯᠲᠠ ᠶᠢᠨ ᠠᠯᠪᠠᠨ ᠭᠡᠷ ᠤᠨ ᠲᠠᠷᠬᠠᠭᠠᠭᠰᠠᠨ ︽2018 | ᠣᠨ ᠤ ᠲᠠᠷᠢᠶᠠᠴᠢᠳ ᠤᠨ ᠳᠠᠷᠤᠭᠠᠰᠤ ᠡᠭᠦᠷᠭᠡᠯᠡᠯ ᠢ ᠲᠤᠰᠬᠠᠶ ᠵᠥᠢᠯ ᠢᠶᠠᠷ ᠵᠠᠰᠠᠬᠤ᠂ ᠠᠵᠢᠯ ᠢ ᠬᠢᠨᠠᠨ ᠵᠢᠯᠣᠭᠤᠳᠬᠤ ᠵᠢᠴᠢ | ᠬᠢᠨᠠᠨ ᠰᠢᠯᠭᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠲᠠᠷᠢᠶᠠᠯᠠᠩ ᠡᠭᠦᠷᠭᠡᠯᠡᠯ ᠠᠯᠪᠠᠨ ︹ 2018 ︺ 22 | ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠣᠷᠴᠢᠮ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠶ ᠶᠢᠨ ᠡᠵᠡᠩᠨᠡᠯᠲᠡ ᠬᠠᠮᠢᠶᠠᠷᠤᠯᠲᠠ ᠶᠢᠨ ᠦᠷᠲᠡᠭᠡ ᠨᠢ ᠲᠤᠰᠬᠠᠶ ᠪᠢᠴᠢᠭ ᠮᠠᠲ᠋ᠧᠷᠢᠶᠠᠯ ᠪᠠᠭᠤᠯᠭᠠᠵᠤ᠂ ᠡᠯ᠎ᠡ ᠠᠶᠢᠮᠠᠭ | ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠬᠠᠮᠢᠶᠠᠷᠤᠯᠲᠠ ᠶᠢᠨ ᠰᠠᠯᠠᠭ᠎ᠠ ᠮᠥᠴᠢᠷ ᠢ 2018 ᠣᠨ ᠤ | ᠮᠠᠯᠴᠢᠨ ᠲᠠᠷᠢᠶᠠᠴᠢᠨ ᠤ ᠳᠠᠷᠤᠭᠠᠰᠤ ᠡᠭᠦᠷᠭᠡᠯᠡᠯ ᠢ ᠬᠢᠨᠠᠨ ᠬᠠᠮᠢᠶᠠᠷᠬᠤ ᠠᠵᠢᠯ ᠤᠨ ᠬᠢᠨᠠᠨ ᠵᠢᠯᠤᠭᠤᠳᠤᠯᠭ᠎ᠠ ᠶᠢ ᠨᠠᠷᠢᠨ | ᠬᠢᠨᠠᠮᠠᠭᠠᠶ ᠰᠠᠶᠢᠲᠤᠷ ᠬᠢᠬᠦ ᠶᠢ ᠱᠠᠭᠠᠷᠳᠠᠵᠤ᠂ ᠮᠠᠯᠴᠢᠨ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ | ᠬᠠᠮᠠᠭᠠᠯᠠᠬᠤ ᠬᠡᠷᠡᠭᠲᠡᠢ᠃ | ᠨᠢᠭᠡ ᠳᠤ᠂ ᠮᠠᠯᠴᠢᠨ ᠲᠠᠷᠢᠶᠠᠴᠢᠨ ᠤ ᠳᠠᠷᠤᠭᠠᠰᠤ ᠡᠭᠦᠷᠭᠡᠯᠡᠯ ᠢ ᠬᠢᠨᠠᠨ ᠬᠠᠮᠢᠶᠠᠷᠬᠤ ᠠᠵᠢᠯ ᠤᠨ ᠬᠢᠨᠠᠨ | ᠵᠢᠯᠤᠭᠤᠳᠤᠯᠭ᠎ᠠ ᠶᠢᠨ ᠠᠭᠤᠯᠭ᠎ᠠ᠄ ᠡᠯ᠎ᠡ ᠠᠶᠢᠮᠠᠭ ᠬᠤᠲᠠ ᠨᠢ ᠲᠦᠷᠢᠮ ᠳᠤᠭᠲᠠᠭᠠᠯ ᠤᠨ ᠪᠠᠶᠢᠭᠤᠯᠤᠯᠲᠠ᠂ ᠭᠤᠤᠯᠳᠠᠯᠭᠠᠳᠤ | ᠠᠵᠢᠯ᠂ ᠬᠢᠨᠠᠯᠲᠠ ᠲᠠᠯᠪᠢᠵᠤ ᠪᠠᠶᠢᠴᠠᠭᠠᠬᠤ ᠪᠤᠯᠤᠨ ᠠᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠵᠡᠷᠭᠡ ᠶᠢᠨ ᠲᠣᠭᠤᠷᠢᠨ ᠳᠤ | ᠮᠠᠯᠴᠢᠨ ᠲᠠᠷᠢᠶᠠᠴᠢᠨ ᠤ ᠳᠠᠷᠤᠭᠠᠰᠤ ᠡᠭᠦᠷᠭᠡᠯᠡᠯ ᠢ ᠬᠢᠨᠠᠨ ᠬᠠᠮᠢᠶᠠᠷᠬᠤ ᠠᠵᠢᠯ ᠢ ᠬᠢᠨᠠᠨ ᠵᠢᠯᠤᠭᠤᠳᠤᠨ᠎ᠠ᠃ ᠲᠦᠷᠢᠮ | ᠳᠣᠭᠳᠠᠭᠠᠯ ᠤᠨ ᠪᠠᠶᠢᠭᠤᠯᠤᠯᠲᠠ ᠶᠢᠨ ᠠᠭᠤᠯᠭ᠎ᠠ ᠳᠤ᠂ ᠠᠶᠢᠮᠠᠭ ᠬᠤᠲᠠ ᠶᠢᠨ ᠳᠠᠷᠤᠭᠠᠰᠤ ᠶᠢ ᠬᠥᠩᠭᠡᠯᠡᠬᠦ ᠠᠵᠢᠯ ᠤᠨ | ᠪᠠᠶᠢᠭᠤᠯᠤᠮᠵᠢ ᠶᠢ ᠲᠤᠬᠢᠷᠠᠭᠤᠯᠬᠤ ᠪᠠ ᠪᠤᠳᠠᠳᠤ ᠠᠵᠢᠯ ᠢ ᠰᠤᠳᠤᠯᠤᠨ ᠪᠠᠶᠢᠷᠢᠯᠠᠭᠤᠯᠬᠤ ᠵᠡᠷᠭᠡ ᠪᠠᠭᠲᠠᠨ᠎ᠠ : ᠭᠤᠤᠯᠳᠠᠯᠭᠠᠳᠤ | ᠠᠵᠢᠯ ᠭᠡᠪᠡᠯ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠳᠤᠷ᠎ᠠ ᠪᠠᠷ ᠢᠶᠠᠨ ᠰᠦᠢᠳᠬᠡᠯ ᠬᠤᠷᠢᠶᠠᠬᠤ | ᠳᠤᠷ᠎ᠠ ᠪᠠᠷ ᠢᠶᠠᠨ ᠬᠤᠪᠢᠶᠠᠷᠯᠠᠨ ᠨᠤᠭᠲᠠᠭᠤᠯᠬᠤ ᠠᠰᠠᠭᠤᠳᠠᠯ ᠢ ᠵᠠᠰᠠᠬᠤ᠂ ᠭᠠᠴᠠᠭ᠎ᠠ ᠲᠣᠰᠬᠤᠨ ᠤ ᠱᠠᠲᠤᠨ ᠠᠴᠠ ᠵᠤᠬᠢᠶᠠᠨ | ᠪᠠᠶᠢᠭᠤᠯᠵᠦ ᠳᠠᠷᠤᠭᠠᠰᠤ ᠡᠭᠦᠷᠭᠡᠯᠡᠯ ᠢ ᠴᠡᠭᠴᠡᠯᠡᠨ ᠵᠠᠰᠠᠬᠤ᠂ ᠨᠢᠭᠡ ᠤᠴᠢᠷ ᠢ ᠨᠢᠭᠡ ᠵᠥᠪᠯᠡᠵᠦ ᠪᠡᠯᠡ ᠮᠥᠩᠭᠦ ᠪᠠ | ᠬᠥᠳᠡᠯᠮᠦᠷᠢ ᠬᠦᠴᠦ ᠶᠢ ᠬᠤᠷᠠᠮᠳᠤᠭᠤᠯᠬᠤ᠂ᠮᠠᠯᠴᠢᠨ ᠲᠠᠷᠢᠶᠠᠴᠢᠨ ᠤ ᠳᠠᠷᠤᠭᠠᠰᠤ ᠡᠭᠦᠷᠭᠡᠯᠡᠯ ᠢ ᠶᠡᠷᠦᠩᠬᠡᠶᠢᠯᠡᠨ ᠵᠠᠰᠠᠬᠤ᠂ | ᠮᠠᠯᠴᠢᠨ ᠲᠠᠷᠢᠶᠠᠴᠢᠨ ᠤ ᠳᠠᠷᠤᠭᠠᠰᠤ ᠡᠭᠦᠷᠭᠡᠯᠡᠯ ᠢ ᠬᠢᠨᠠᠨ ᠰᠢᠯᠭᠠᠬᠤ ᠵᠡᠷᠭᠡ ᠪᠠᠭᠲᠠᠨ᠎ᠠ᠃ ᠬᠢᠨᠠᠯᠲᠠ ᠲᠠᠯᠪᠢᠵᠤ ᠪᠠᠶᠢᠴᠠᠭᠠᠬᠤ | ᠠᠵᠢᠯ ᠳᠤ᠂ ᠮᠠᠯᠴᠢᠨ ᠲᠠᠷᠢᠶᠠᠴᠢᠨ ᠤ ᠳᠠᠷᠤᠭᠠᠰᠤ ᠡᠭᠦᠷᠭᠡᠯᠡᠯ ᠳᠤ ᠣᠨ ᠤ ᠪᠠᠶᠢᠴᠠᠭᠠᠯᠲᠠ ᠬᠢᠵᠦ᠂ ᠠᠰᠠᠭᠤᠳᠠᠯ ᠢ | ᠪᠠᠶᠢᠴᠠᠭᠠᠨ ᠰᠢᠢᠳᠪᠥᠷᠢᠯᠡᠬᠦ᠂ ᠪᠠᠶᠢᠴᠠᠭᠠᠭᠰᠠᠨ ᠪᠠᠶᠢᠳᠠᠯ ᠢᠶᠠᠨ ᠳᠡᠭᠡᠭᠰᠢ ᠮᠡᠳᠡᠭᠦᠯᠬᠦ ᠪᠠ ᠨᠡᠪᠲᠡᠷᠡᠭᠦᠯᠬᠦ ᠠᠵᠢᠯ ᠢ ᠵᠣᠬᠢᠶᠠᠨ | ᠪᠠᠶᠢᠭᠤᠯᠤᠨ ᠦᠷᠨᠢᠭᠦᠯᠬᠦ᠂ ᠳᠠᠷᠤᠭᠠᠰᠤ ᠡᠭᠦᠷᠭᠡᠯᠡᠯ ᠤᠨ ᠲᠤᠬᠠᠢ ᠵᠠᠬᠢᠳᠠᠯ ᠰᠤᠷᠪᠤᠯᠵᠢᠯᠠᠭ᠎ᠠ ᠶᠢ ᠱᠠᠯᠠᠪᠳᠠᠨ ᠰᠢᠢᠳᠪᠥᠷᠢᠯᠡᠵᠦ | ᠪᠠᠶᠢᠴᠠᠭᠠᠨ ᠰᠢᠢᠳᠪᠦᠷᠢᠯᠡᠬᠦ ᠵᠡᠷᠭᠡ ᠪᠠᠭᠲᠠᠨ᠎ᠠ᠃ ᠠᠵᠢᠯ ᠤᠨ ᠲᠠᠯ᠎ᠠ ᠪᠠᠷ ᠬᠢ ᠰᠢᠨ᠎ᠡ ᠶᠢ ᠡᠭᠦᠳᠬᠦ ᠳᠤ ᠡᠯ᠎ᠡ ᠠᠶᠢᠮᠠᠭ ᠬᠤᠳᠠ | ᠂ ᠬᠤᠰᠢᠭᠤ ᠰᠢᠶᠠᠨ ᠠᠴᠠ ᠥᠪᠡᠷᠰᠡᠳ ᠤᠨ ᠪᠠᠶᠢᠳᠠᠯ ᠳᠠᠭᠠᠨ ᠳᠣᠬᠢᠷᠠᠭᠤᠯᠤᠨ ᠣᠨᠴᠠᠯᠢᠭ ᠲᠠᠢ᠂ ᠭᠢᠯᠠᠰ ᠴᠡᠭ ᠲᠠᠢ | ᠰᠢᠨ᠎ᠡ ᠶᠢ ᠡᠭᠦᠳᠬᠦ ᠴᠢᠨᠠᠷᠲᠠᠶ ᠠᠵᠢᠯ ᠢ ᠦᠷᠨᠢᠭᠦᠯᠬᠦ ᠵᠡᠷᠭᠡ ᠪᠠᠭᠲᠠᠨ᠎ᠠ᠃ | ᠬᠤᠶᠠᠷ ᠲᠤ᠂ ᠬᠢᠨᠠᠨ ᠵᠢᠯᠣᠭᠤᠳᠬᠤ ᠠᠯᠬᠤᠮ ᠳᠠᠷᠠᠭ᠎ᠠ | 1. ᠠᠶᠢᠮᠠᠭ ᠬᠤᠲᠠ ᠥᠪᠡᠷᠰᠡᠳ ᠢᠶᠠᠨ ᠦᠨᠡᠯᠡᠬᠦ | ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠬᠠᠮᠢᠶᠠᠷᠤᠯᠲᠠ ᠶᠢᠨ ᠦᠷᠲᠡᠭᠡ ᠨᠢ ︽ | ᠲᠠᠷᠢᠶᠠᠴᠢᠳ ᠤᠨ ᠳᠠᠷᠤᠭᠠᠰᠤ ᠡᠭᠦᠷᠭᠡᠯᠡᠯ ᠢ ᠬᠥᠩᠭᠡᠷᠡᠭᠦᠯᠬᠦ ᠠᠵᠢᠯ ᠢ ᠬᠢᠨᠠᠨ ᠵᠢᠯᠤᠭᠤᠳᠬᠤ ᠦᠨᠡᠯᠡᠯᠲᠡ ᠶᠢᠨ ᠬᠦᠰᠦᠨᠦᠭᠲᠦ︾ | ᠶᠢᠨ ᠠᠭᠤᠯᠭ᠎ᠠ ᠶᠢ ᠦᠨᠳᠦᠰᠦᠯᠡᠵᠦ᠂ ᠲᠦᠷᠦᠯ ᠳᠠᠷᠠᠭᠠᠯᠠᠨ ᠥᠪᠡᠷ ᠢ ᠪᠠᠨ ᠦᠨᠡᠯᠡᠬᠦ ᠪᠠ ᠳ᠋ᠦᠩᠨᠡᠯᠲᠡ ᠬᠢᠵᠦ᠂ | ᠦᠨᠡᠯᠡᠯᠲᠡ ᠶᠢᠨ ᠬᠦᠰᠦᠨᠦᠭᠲᠦ ᠶᠢ ᠲᠠᠭᠯᠠᠬᠤ ᠶᠢᠨ ᠬᠠᠮᠲᠦ ᠬᠢᠨᠠᠨ ᠵᠢᠯᠤᠭᠤᠳᠤᠯᠭ᠎ᠠ ᠶᠢᠨ ᠥᠪᠡᠷ ᠤᠨ ᠦᠨᠡᠯᠡᠯᠲᠡ ᠶᠢᠨ | ᠮᠡᠳᠡᠭᠦᠯᠦᠯᠲᠠ ᠪᠢᠴᠢᠨ᠎ᠡ᠃ | 2. ᠶᠡᠷᠦᠩᠬᠡᠶᠢᠯᠡᠨ ᠦᠨᠡᠯᠡᠨ ᠳᠤᠭᠲᠠᠭᠠᠬᠤ | ᠥᠪᠡᠷᠲᠡᠭᠡᠨ ᠵᠠᠰᠠᠬᠤ ᠣᠷᠣᠨ ᠨᠢ ᠡᠯ᠎ᠡ ᠠᠶᠢᠮᠠᠭ ᠬᠤᠲᠠ ᠶᠢᠨ ᠥᠪᠡᠷ ᠤᠨ ᠦᠨᠡᠯᠡᠯᠲᠡ ᠶᠢᠨ ᠬᠤᠪᠢ ᠤᠯᠤᠭᠰᠠᠨ | ᠪᠠᠶᠢᠳᠠᠯ ᠪᠠ ᠬᠢᠨᠠᠨ ᠵᠢᠯᠤᠭᠤᠳᠤᠯᠭ᠎ᠠ ᠶᠢᠨ ᠥᠪᠡᠷ ᠤᠨ ᠦᠨᠡᠯᠡᠯᠲᠡ ᠶᠢᠨ ᠮᠡᠳᠡᠭᠦᠯᠦᠯᠲᠡ ᠳᠤ ᠬᠢᠭᠰᠡᠨ ᠶᠡᠷᠦᠩᠭᠡᠢ ᠦᠨᠡᠯᠡᠯᠲᠡ | ᠵᠢᠴᠢ ᠬᠤᠷᠢᠶᠠᠩᠭᠤᠶᠢᠯᠠᠯ ᠢ ᠦᠨᠳᠦᠰᠦᠯᠡᠵᠦ᠂ ᠡᠭᠦᠨ ᠤ ᠬᠠᠮᠳᠦ ᠬᠡᠰᠡᠭ ᠪᠥᠯᠦᠭ ᠠᠶᠢᠮᠠᠭ ᠬᠤᠳᠠ᠂ ᠬᠤᠰᠢᠭᠤ ᠰᠢᠶᠠᠨ ᠳᠤ | ᠭᠤᠣᠯᠳᠠᠯᠭ᠎ᠠ ᠲᠠᠢ ᠰᠤᠭᠤᠴᠢᠨ ᠪᠠᠶᠢᠴᠠᠭᠠᠯᠲᠠ ᠬᠢᠨ᠎ᠡ᠃ | 3. ᠪᠠᠶᠢᠳᠠᠯ ᠢ ᠨᠡᠪᠲᠡᠷᠡᠭᠦᠯᠬᠦ | ᠥᠪᠡᠷᠲᠡᠭᠡᠨ ᠵᠠᠰᠠᠬᠤ ᠣᠷᠣᠨ ᠨᠢ ᠶᠡᠷᠦᠩᠭᠡᠢ ᠰᠢᠯᠭᠠᠨ ᠲᠣᠭᠲᠠᠭᠠᠯᠲᠠ ᠪᠠ ᠰᠤᠭᠤᠴᠢᠨ ᠪᠠᠶᠢᠴᠠᠭᠠᠭᠰᠠᠨ ᠦᠷ᠎ᠡ | ᠳ᠋ᠦᠩ ᠢ ᠦᠨᠳᠦᠰᠦᠯᠡᠨ᠂ ᠮᠠᠯᠴᠢᠨ ᠲᠠᠷᠢᠶᠠᠴᠢᠨ ᠤ ᠳᠠᠷᠤᠭᠠᠰᠤ ᠡᠭᠦᠷᠭᠡᠯᠡᠯ ᠢ ᠬᠢᠨᠠᠨ ᠬᠠᠮᠢᠶᠠᠷᠬᠤ ᠠᠵᠢᠯ ᠢ ᠬᠢᠨᠠᠨ | ᠵᠢᠯᠤᠭᠤᠳᠤᠭᠰᠠᠨ ᠪᠠᠶᠢᠳᠠᠯ ᠢ ᠨᠡᠪᠲᠡᠷᠡᠭᠦᠯᠬᠦ ᠬᠡᠷᠡᠭᠲᠡᠶ᠃ | ᠭᠤᠷᠪᠠ ᠳᠤ᠂ ᠬᠢᠨᠠᠨ ᠵᠢᠯᠣᠭᠤᠳᠬᠤ ᠱᠠᠭᠠᠷᠳᠠᠯᠭ᠎ᠠ | ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠬᠠᠮᠢᠶᠠᠷᠤᠯᠲᠠ ᠶᠢᠨ ᠦᠷᠲᠡᠭᠡ ᠨᠢ ᠮᠠᠯᠴᠢᠨ ᠲᠠᠷᠢᠶᠠᠴᠢᠨ ᠤ | ᠳᠠᠷᠤᠭᠠᠰᠤ ᠡᠭᠦᠷᠭᠡᠯᠡᠯ ᠢ ᠬᠢᠨᠠᠨ ᠬᠠᠮᠢᠶᠠᠷᠬᠤ ᠠᠵᠢᠯ ᠤᠨ ᠬᠢᠨᠠᠨ ᠵᠢᠯᠤᠭᠤᠳᠤᠯᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠬᠢᠨᠠᠨ ᠵᠢᠯᠣᠭᠤᠳᠬᠤ ᠪᠠᠷ ᠳᠠᠮᠵᠢᠨ ᠮᠠᠯᠴᠢᠨ ᠲᠠᠷᠢᠶᠠᠴᠢᠨ ᠤ ᠳᠠᠷᠤᠭᠠᠰᠤ ᠡᠭᠦᠷᠭᠡᠯᠡᠯ ᠢ ᠬᠢᠨᠠᠨ ᠬᠠᠮᠢᠶᠠᠷᠬᠤ | ᠡᠭᠦᠷᠭᠡ ᠶᠢ ᠲᠤᠳᠤᠷᠬᠠᠶᠢᠯᠠᠵᠤ᠂ ᠮᠠᠯᠴᠢᠨ ᠲᠠᠷᠢᠶᠠᠴᠢᠨ ᠤ ᠳᠠᠷᠤᠭᠠᠰᠤ ᠡᠭᠦᠷᠭᠡᠯᠡᠯ ᠢ ᠬᠢᠨᠠᠨ ᠬᠠᠮᠢᠶᠠᠷᠬᠤ ᠡᠭᠦᠷᠭᠡ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠳᠠᠷᠤᠭᠠᠰᠤ ᠶᠢ ᠬᠥᠩᠭᠡᠷᠡᠭᠦᠯᠬᠦ ᠠᠵᠢᠯ ᠢ ᠭᠦᠨᠵᠡᠭᠡᠶ | ᠦᠷᠨᠢᠭᠦᠯᠦᠨ᠎ᠡ᠃ ᠠᠶᠢᠮᠠᠭ ᠬᠤᠲᠠ ᠶᠢᠨ ᠪᠤᠳᠠᠳᠤ ᠪᠠᠶᠢᠳᠠᠯ ᠢᠶᠠᠨ ᠦᠨᠳᠦᠰᠦᠯᠡᠨ ᠦᠪᠡᠷ ᠤᠨ ᠦᠨᠡᠯᠡᠯᠲᠡ ᠠᠴᠠ ᠬᠢᠨᠠᠨ | ᠵᠢᠯᠤᠭᠤᠳᠤᠯᠭ᠎ᠠ ᠶᠢᠨ ᠥᠪᠡᠷ ᠤᠨ ᠦᠨᠡᠯᠡᠯᠲᠡ ᠶᠢᠨ ᠮᠡᠳᠡᠭᠦᠯᠦᠯᠲᠡ ᠶᠢ ᠪᠥᠷᠢᠯᠳᠦᠭᠦᠯᠵᠦ᠂ ᠠᠵᠢᠯ ᠤᠨ ᠶᠠᠪᠤᠴᠠ ᠪᠠ ᠦᠷ᠎ᠡ | ᠪᠦᠲᠦᠮᠵᠢ ᠶᠢ ᠲᠤᠰᠬᠠᠬᠤ ᠬᠠᠮᠢᠶ᠎ᠠ ᠪᠥᠬᠦᠶ ᠮᠠᠲ᠋ᠧᠷᠢᠶᠠᠯ ᠢ ᠵᠥᠪ ᠣᠨᠣᠪᠴᠢᠲᠠᠶ ᠬᠠᠩᠭᠠᠨ᠎ᠠ᠃ ᠬᠢᠨᠠᠨ ᠵᠢᠯᠤᠭᠤᠳᠤᠯᠭ᠎ᠠ ᠶᠢᠨ | ᠥᠪᠡᠷ ᠤᠨ ᠦᠨᠡᠯᠡᠯᠲᠡ ᠶᠢᠨ ᠮᠡᠳᠡᠭᠦᠯᠦᠯᠲᠡ᠂ ︽ᠮᠠᠯᠴᠢᠨ ᠲᠠᠷᠢᠶᠠᠴᠢᠨ ᠤ ᠳᠠᠷᠤᠭᠠᠰᠤ ᠡᠭᠦᠷᠭᠡᠯᠡᠯ ᠤᠨ ᠬᠢᠨᠠᠯᠲᠠ ᠶᠢᠨ | ᠠᠵᠢᠯ ᠢ ᠬᠢᠨᠠᠨ ᠵᠢᠯᠤᠭᠤᠳᠤᠭᠰᠠᠨ ᠦᠨᠡᠯᠡᠯᠲᠡ ᠶᠢᠨ ᠬᠦᠰᠦᠨᠦᠭᠲᠦ︾ ᠪᠠ ᠬᠤᠯᠪᠣᠭᠳᠠᠯ ᠪᠦᠬᠦᠢ ᠮᠠᠲ᠋ᠧᠷᠢᠶᠠᠯ ᠢ 2018 | ᠣᠨ ᠤ 11 ᠰᠠᠷ᠎ᠠ ᠶᠢᠨ 15 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠶ ᠶᠢᠨ ᠡᠵᠡᠩᠨᠡᠨ ᠬᠠᠮᠢᠶᠠᠷᠤᠯᠲᠠ ᠶᠢᠨ ᠦᠷᠲᠡᠭᠡ ᠳᠤ ᠮᠡᠳᠡᠭᠦᠯᠦᠨ ᠬᠦᠷᠭᠡᠬᠦ ᠬᠡᠷᠡᠭᠲᠡᠢ᠃ |