ᠬᠥᠳᠡᠭᠡ ᠲᠣᠰᠬᠤᠨ ᠢ ᠬᠠᠤᠯᠢ ᠪᠠᠷ ᠵᠠᠰᠠᠬᠤ ᠶᠢ ᠲᠦᠯᠬᠢᠨ ᠠᠬᠢᠭᠤᠯᠵᠤ ᠬᠠᠤᠯᠢ ᠪᠠᠷ ᠵᠠᠰᠠᠬᠤ ᠶᠢ ᠡᠷᠬᠡᠪᠰᠢ ᠪᠠᠷᠢᠮᠳᠠᠯᠠᠬᠤ ᠬᠡᠷᠡᠭᠲᠡᠢ
ᠨᠡᠶᠢᠲᠡᠯᠡᠭᠰᠡᠨ ᠴᠠᠭ᠄
2019/5/20
     ᠨᠢᠭᠡ ᠳᠤ᠂ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠮᠠᠯᠴᠢᠨ ᠲᠠᠷᠢᠶᠠᠴᠢᠨ ᠤ ᠡᠷᠬᠡ ᠠᠰᠢᠭ ᠢ ᠬᠠᠮᠠᠭᠠᠯᠠᠬᠤ᠂ ᠬᠥᠳᠡᠭᠡ ᠲᠣᠰᠬᠤᠨ ᠮᠠᠯᠵᠢᠬᠤ ᠣᠷᠣᠨ ᠤ ᠨᠡᠶᠢᠭᠡᠮ ᠤᠨ ᠵᠥᠷᠢᠴᠡᠯ ᠢ ᠰᠢᠢᠳᠪᠥᠷᠢᠯᠡᠬᠦ ᠵᠡᠷᠭᠡ ᠲᠠᠯ᠎ᠠ ᠳᠠᠬᠢ ᠡᠷᠬᠡ ᠬᠥᠨᠳᠦᠳᠦ ᠪᠠᠶᠢᠷᠢ ᠰᠠᠭᠤᠷᠢ ᠶᠢ ᠴᠢᠩᠭᠠᠳᠬᠠᠨ᠎ᠠ᠃     ᠬᠤᠶᠠᠷ ᠲᠤ᠂ ᠬᠥᠳᠡᠭᠡ ᠲᠣᠰᠬᠤᠨ ᠮᠠᠯᠵᠢᠬᠤ ᠣᠷᠣᠨ ᠤ ᠦᠨᠳᠦᠰᠦᠨ ᠱᠠᠲᠤᠨ ᠤ  ᠺᠠᠲᠠᠷᠴᠤᠳ ᠤᠨ ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠵᠦ᠂ ᠠᠷᠠᠳ ᠤᠨ ᠲᠥᠯᠥᠭᠡ ᠬᠠᠤᠯᠢ ᠪᠠᠷ ᠵᠠᠰᠠᠬᠤ ᠤᠬᠠᠮᠰᠠᠷ ᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠮᠠᠯ ᠠᠵᠤ ᠠᠬᠤᠶ ᠲᠠᠷᠢᠶᠠᠯᠠᠩ ᠳᠤ ᠬᠤᠯᠪᠣᠭᠳᠠᠬᠤ ᠡᠯ᠎ᠡ ᠵᠦᠢᠯ ᠤᠨ ᠠᠵᠢᠯ ᠢ ᠬᠠᠤᠯᠢᠵᠢᠭᠤᠯᠬᠤ ᠵᠠᠮ ᠳᠤ ᠣᠷᠣᠭᠤᠯᠬᠤ ᠬᠡᠷᠡᠭᠲᠡᠶ᠃      ᠭᠤᠷᠪᠠ ᠳᠤ᠂ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠬᠥᠳᠡᠭᠡ ᠲᠤᠰᠬᠤᠨ ᠮᠠᠯᠵᠢᠬᠤ ᠣᠷᠣᠨ ᠤ ᠦᠨᠳᠦᠰᠦᠨ ᠱᠠᠲᠤᠨ ᠳᠤ ᠬᠦᠷᠲᠡᠯ᠎ᠡ ᠭᠦᠨᠵᠡᠭᠡᠶᠢᠷᠡᠭᠦᠯᠦᠨ ᠲᠦᠯᠬᠢᠨ ᠠᠬᠢᠭᠤᠯᠵᠤ᠂ ᠬᠢᠨᠠᠨ ᠬᠠᠮᠢᠶᠠᠷᠬᠤ ᠠᠷᠭ᠎ᠠ ᠳᠤ ᠰᠢᠨ᠎ᠡ ᠶᠢ ᠡᠭᠦᠳᠴᠦ᠂ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢ ᠡᠮᠬᠢᠯᠡᠨ ᠴᠡᠭᠴᠡᠯᠡᠵᠦ᠂ ᠬᠠᠤᠯᠢ ᠬᠡᠷᠡᠭᠵᠢᠭᠦᠯᠬᠦ ᠬᠦᠴᠦᠨ ᠢᠶᠠᠨ ᠳᠣᠷᠣᠭᠰᠢᠯᠠᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠪᠠ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃      ᠲᠦᠷᠪᠡ ᠳᠤ᠂ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠵᠢᠭᠤᠷᠠᠯᠳᠤᠭᠠᠨ ᠢ ᠡᠶᠡᠳᠡᠭᠦᠯᠬᠦ᠂ ᠬᠤᠰᠢᠭᠤ᠂ ᠰᠢᠶᠠᠨ᠂ ᠲᠣᠭᠤᠷᠢᠭ ︵ᠬᠤᠲᠠ︶ ᠤᠨ ᠭᠠᠵᠠᠷ ᠰᠢᠷᠣᠶ ᠶᠢᠨ ᠬᠥᠨᠳᠡᠯᠡᠨ ᠠᠴᠠ ᠲᠠᠰᠤᠯᠬᠤ᠂ ᠬᠠᠤᠯᠢ ᠴᠠᠭᠠᠵᠠ ᠶᠢᠨ ᠪᠠᠲᠤᠯᠠᠭ᠎ᠠ ᠲᠠᠢ ᠬᠥᠳᠡᠭᠡ ᠲᠤᠰᠬᠤᠨ ᠮᠠᠯᠵᠢᠬᠤ ᠣᠷᠣᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃      ᠲᠠᠪᠤ ᠳᠤ᠂ ᠬᠥᠳᠡᠭᠡ ᠲᠣᠰᠬᠤᠨ ᠮᠠᠯᠵᠢᠬᠤ ᠣᠷᠣᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠵᠤ᠂ ᠮᠠᠯᠴᠢᠨ ᠲᠠᠷᠢᠶᠠᠴᠢᠨ ᠤ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠥᠷᠭᠡᠨ ᠤᠯᠠᠨ ᠮᠠᠯᠴᠢᠨ ᠲᠠᠷᠢᠶᠠᠴᠢᠨ ᠤ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠤᠬᠠᠮᠰᠠᠷ ᠢ ᠨᠡᠮᠡᠭᠳᠡᠭᠦᠯᠬᠦ ᠬᠡᠷᠡᠭᠲᠡᠶ᠃ ᠬᠥᠳᠡᠭᠡ ᠲᠣᠰᠬᠤᠨ ᠮᠠᠯᠵᠢᠬᠤ ᠣᠷᠣᠨ ᠤ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠳᠤ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠪᠠ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠬᠤ ᠪᠠᠨ ᠴᠢᠩᠭᠠᠳᠬᠠᠨ᠎ᠠ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号