ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ | 218 ᠳ᠋ᠤᠭᠠᠷ ᠲᠤᠭᠠᠳᠤ | | ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠦᠬᠡᠷ ᠬᠤᠨᠢ ᠢᠮᠠᠭ᠎ᠠ ᠨᠢᠳᠤᠯᠬᠤ ᠬᠠᠮᠢᠶᠠᠷᠤᠯᠲᠠ ᠶᠢᠨ | ᠠᠷᠭ᠎ᠠ︾ ᠶᠢ 2016 ᠣᠨ ᠤ 2 ᠳ᠋ᠤᠭᠠᠷ ᠰᠠᠷ᠎ᠠ ᠶᠢᠨ 24 ᠤ ᠡᠳᠦᠷ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ 66 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠨᠢᠭᠡᠨᠲᠡ ᠬᠢᠨᠠᠨ ᠵᠦᠪᠯᠡᠵᠦ ᠪᠠᠲᠤᠯᠠᠭᠠᠳ᠂ | ᠡᠳᠦᠭᠡ ᠨᠡᠶᠢᠲᠡᠯᠡᠪᠡ᠂ 2016 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠤᠷᠤᠨ ᠤ ᠤᠷᠤᠯᠠᠬᠴᠢ ᠲᠡᠷᠢᠭᠦᠯᠡᠭᠴᠢ ᠪᠦ᠋ ᠰᠢᠶᠣᠣ ᠯᠢᠨ | 2016 ᠣᠨ ᠤ 4 ᠳ᠋ᠤᠭᠡᠷ ᠰᠠᠷ᠎ᠠ ᠶᠢᠨ 1 ᠤ ᠡᠳᠦᠷ | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠦᠬᠡᠷ ᠬᠤᠨᠢ ᠢᠮᠠᠭ᠎ᠠ ᠨᠢᠳᠤᠯᠬᠤ ᠬᠠᠮᠢᠶᠠᠷᠤᠯᠲᠠ ᠶᠢ ᠴᠢᠩᠭᠠᠳᠬᠠᠵᠤ᠂ ᠦᠬᠡᠷ ᠬᠤᠨᠢ ᠢᠮᠠᠭ᠎ᠠ | ᠨᠢᠳᠣᠯᠬᠤ ᠠᠵᠢᠯᠯᠠᠭ᠎ᠠ ᠶᠢ ᠵᠢᠷᠤᠮᠵᠢᠭᠤᠯᠤᠨ᠂ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢᠨ ᠶᠠᠰᠤ ᠴᠢᠨᠠᠷ ᠢ ᠪᠠᠲᠤᠯᠠᠵᠤ᠂ | ᠦᠬᠡᠷ ᠬᠤᠨᠢ ᠢᠮᠠᠭ᠎ᠠ ᠨᠢᠳᠣᠯᠬᠤ ᠠᠵᠢᠯ ᠲᠦᠷᠦᠯ ᠤᠨ ᠡᠷᠡᠭᠦᠯ ᠢᠶᠠᠷ ᠬᠦᠭᠵᠢᠬᠦ ᠪᠠ ᠣᠯᠠᠨ ᠨᠡᠶᠢᠲᠡ ᠶᠢᠨ ᠪᠡᠶ᠎ᠡ | ᠮᠠᠬᠠᠪᠤᠳ ᠤᠨ ᠡᠷᠡᠭᠦᠯ ᠴᠢᠬᠢᠷᠠᠭ ᠢ ᠪᠠᠲᠤᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠢᠳᠡᠭᠡᠨ ᠤ ᠵᠦᠢᠯ ᠤᠨ ᠠᠮᠦᠷ ᠲᠥᠪᠰᠢᠨ ᠤ ᠬᠠᠤᠯᠢ︾᠂ ︽ᠠᠮᠢᠳᠤ ᠭᠠᠭ᠋ᠠᠢ ᠨᠢᠳᠤᠯᠬᠤ ᠬᠠᠮᠢᠶᠠᠷᠤᠯᠲᠠ ᠶᠢᠨ ᠳᠦᠷᠢᠮ︾᠂ | ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠢ ᠰᠡᠷᠭᠡᠶᠢᠯᠡᠬᠦ ᠳᠦᠷᠢᠮ︾ ᠪᠠ | ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠦᠪᠡᠷᠲᠡᠭᠡᠨ ᠵᠠᠰᠠᠬᠤ | ᠣᠷᠣᠨ ᠤ ᠪᠤᠲᠠᠲᠠᠢ ᠲᠠᠢ ᠪᠠᠨ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠤᠲᠤᠷᠠᠬᠢ ᠦᠬᠡᠷ ᠬᠤᠨᠢ | ᠢᠮᠠᠭ᠎ᠠ ᠨᠢᠳᠣᠯᠬᠤ ᠠᠵᠢᠯᠯᠠᠭ᠎ᠠ ᠵᠢᠴᠢ ᠲᠡᠭᠦᠨ ᠤ ᠬᠢᠨᠠᠯᠲᠠ ᠬᠠᠮᠢᠶᠠᠷᠤᠯᠲᠠ ᠳᠤ ᠲᠤᠰ ᠠᠷᠭ᠎ᠠ ᠶᠢ ᠵᠢᠷᠤᠮᠯᠡᠨ᠎ᠡ᠃ | ᠲᠤᠰ ᠠᠷᠭ᠎ᠠ ᠳᠤ ᠬᠡᠯᠡᠵᠦ ᠪᠠᠶᠢᠭ᠎ᠠ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠭᠡᠳᠡᠭ ᠨᠢ ᠦᠬᠡᠷ ᠬᠤᠨᠢ | ᠢᠮᠠᠭ᠎ᠠ ᠶᠢ ᠨᠢᠳᠤᠯᠤᠭᠰᠠᠨ ᠤ ᠳᠠᠷᠠᠭᠠᠬᠢ ᠡᠳ᠋ᠰᠢᠭᠦᠯᠦᠭᠡᠳᠦᠢ ᠭᠡᠨᠭᠭᠦᠳᠡᠭ᠂ ᠮᠢᠬ᠎ᠠ᠂ ᠥᠭᠡᠬᠦ᠂ ᠲᠤᠳᠣᠷ ᠡᠷᠬᠡᠲᠡᠨ᠂ ᠴᠢᠰᠤ᠂ | ᠶᠠᠰᠤ᠂ ᠲᠤᠯᠤᠭᠠᠢ᠂ ᠰᠢᠬᠢᠷ᠎ᠠ᠂ ᠠᠷᠠᠰᠤ᠂ ᠰᠡᠭᠦᠯ ᠵᠡᠷᠭᠡ ᠶᠢ ᠵᠢᠭᠠᠵᠤ ᠪᠣᠢ᠃ | ᠭᠤᠷᠪᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠠᠴᠠ ᠦᠬᠡᠷ ᠬᠤᠨᠢ ᠢᠮᠠᠭ᠎ᠠ ᠶᠢ ᠲᠣᠭᠲᠠᠭᠰᠠᠨ ᠭᠠᠵᠠᠷ ᠲᠤ | ᠨᠢᠳᠤᠯᠬᠤ᠂ ᠲᠦᠪᠯᠡᠷᠡᠭᠦᠯᠦᠨ ᠬᠢᠵᠢᠭ ᠪᠠᠶᠢᠴᠠᠭᠠᠬᠤ ᠳᠦᠷᠢᠮ ᠢ ᠬᠡᠷᠡᠭᠵᠢᠭᠦᠯᠦᠨ᠎ᠡ᠃ | ᠲᠣᠭᠲᠠᠭᠰᠠᠨ ᠭᠠᠵᠠᠷ ᠤᠨ ᠵᠦᠪᠰᠢᠶᠡᠷᠡᠯ ᠦᠭᠡᠢ ᠪᠠᠷ ᠶᠠᠮᠠᠷᠪᠠ ᠨᠢᠭᠡᠴᠡ ᠪᠣᠯᠣᠨ ᠬᠤᠪᠢ ᠬᠦᠮᠦᠨ ᠭᠡᠳ ᠦᠬᠡᠷ | ᠬᠤᠨᠢ ᠢᠮᠠᠭ᠎ᠠ ᠨᠢᠳᠤᠯᠬᠤ ᠠᠵᠢᠯ ᠢ ᠡᠷᠬᠢᠯᠡᠵᠦ ᠪᠣᠯᠬᠤ ᠦᠭᠡᠢ᠂ ᠡᠭᠦᠨ ᠳᠤ ᠮᠠᠯᠵᠢᠬᠤ ᠲᠠᠷᠢᠶᠠᠯᠠᠬᠤ ᠣᠷᠣᠨ ᠳᠠᠬᠢ ᠬᠤᠪᠢ | ᠬᠦᠮᠦᠨ ᠤ ᠦᠪᠡᠰᠦᠪᠡᠨ ᠨᠢᠳᠤᠯᠵᠤ ᠦᠪᠡᠰᠦᠪᠡᠨ ᠢᠳᠡᠬᠦ ᠶᠢ ᠪᠠᠭᠲᠠᠭᠠᠬᠤ ᠦᠭᠡᠢ᠃ | ︽ᠲᠠᠷᠢᠶᠠᠴᠢᠨ ᠠᠶᠢᠯ ᠤᠨ ᠪᠠᠶᠠᠰᠤᠯ︾᠂ ︽ᠮᠠᠯᠵᠢᠨ ᠠᠶᠢᠯ ᠤᠨ ᠵᠢᠭᠤᠯᠴᠢᠯᠠᠯ︾ ᠵᠡᠷᠭᠡ ᠳᠤ ᠬᠤᠯᠪᠣᠭᠳᠠᠭᠰᠠᠨ | ᠦᠬᠡᠷ ᠬᠤᠨᠢ ᠢᠮᠠᠭ᠎ᠠ ᠨᠢᠳᠤᠯᠬᠤ ᠶᠢ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ ᠠᠴᠠ ᠲᠤᠰ ᠭᠠᠵᠠᠷ ᠣᠷᠣᠨ ᠤ ᠪᠣᠳᠠᠳᠤ ᠪᠠᠶᠢᠳᠠᠯ ᠢᠶᠠᠨ ᠦᠨᠳᠦᠰᠦᠯᠡᠨ ᠬᠠᠮᠢᠶᠠᠷᠤᠯᠲᠠ ᠶᠢᠨ ᠠᠷᠭ᠎ᠠ ᠶᠢ | ᠲᠣᠭᠲᠠᠭᠠᠨ᠎ᠠ᠃ | ᠳᠥᠷᠪᠡᠳᠦᠭᠡᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ | ᠪᠣᠯ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠦᠷ ᠲᠥᠪᠰᠢᠨ ᠤ ᠬᠠᠷᠢᠭᠤᠴᠠᠯᠭ᠎ᠠ ᠶᠢᠨ ᠭᠤᠣᠯ | ᠴᠣᠭᠴᠠ ᠪᠣᠯᠬᠤᠷ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠵᠦ᠂ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠬᠦ | ᠬᠡᠷᠡᠭᠲᠡᠢ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠤᠰ | ᠵᠠᠰᠠᠭ ᠵᠠᠬᠢᠷᠭᠠᠨ ᠤ ᠣᠷᠣᠨ ᠤ ᠳᠤᠲᠤᠷᠠᠬᠢ ᠦᠬᠡᠷ ᠬᠤᠨᠢ ᠢᠮᠠᠭ᠎ᠠ ᠨᠢᠳᠤᠯᠬᠤ ᠬᠠᠮᠢᠶᠠᠷᠤᠯᠲᠠ ᠶᠢᠨ ᠠᠵᠢᠯ ᠢ ᠨᠢᠭᠡᠲᠦᠯᠲᠡᠢ | ᠵᠣᠬᠢᠶᠠᠨ ᠪᠠᠶᠢᠭᠤᠯᠵᠤ᠂ ᠤᠳᠤᠷᠢᠳᠴᠤ᠂ ᠵᠣᠬᠢᠴᠠᠭᠤᠯᠵᠤ᠂ ᠦᠬᠡᠷ ᠬᠤᠨᠢ ᠢᠮᠠᠭ᠎ᠠ ᠨᠢᠳᠤᠯᠬᠤ ᠶᠢ ᠬᠢᠨᠠᠨ ᠬᠠᠮᠢᠶᠠᠷᠬᠤ ᠪᠠ | ᠨᠢᠳᠤᠯᠬᠤ ᠮᠡᠷᠭᠡᠵᠢᠯ ᠤᠨ ᠵᠢᠯᠤᠭᠤᠳᠤᠯᠭ᠎ᠠ ᠬᠢᠬᠦ ᠳᠤ ᠬᠡᠷᠡᠭᠰᠡᠬᠦ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ | ᠲᠦᠰᠦᠪ ᠲᠤ ᠣᠷᠤᠭᠤᠯᠬᠤ ᠬᠡᠷᠡᠭᠲᠡᠢ᠃ | ᠵᠢᠷᠭᠤᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠬᠥᠭᠵᠢᠭᠦᠯᠦᠯᠲᠡ ᠦᠭᠡᠷᠡᠴᠢᠯᠡᠯᠲᠡ᠂ ᠠᠵᠤ ᠠᠬᠤᠢ ᠪᠠ ᠮᠡᠳᠡᠭᠡ | ᠵᠠᠩᠬᠢᠵᠢᠯᠲᠠ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ᠂ ᠦᠬᠡᠷ ᠬᠤᠨᠢ ᠢᠮᠠᠭ᠎ᠠ ᠨᠢᠳᠤᠯᠬᠤ ᠠᠵᠢᠯ | ᠲᠦᠷᠦᠯ ᠤᠨ ᠬᠥᠭᠵᠢᠯᠲᠡ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠡᠷᠡᠭᠲᠡᠢ᠃ | ᠳᠤᠯᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠮᠠᠯ | ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠲᠤᠰ ᠵᠠᠰᠠᠭ ᠵᠠᠬᠢᠷᠭᠠᠨ ᠤ ᠣᠷᠣᠨ ᠤ ᠲᠤᠳᠤᠷᠠᠬᠢ ᠦᠬᠡᠷ | ᠬᠤᠨᠢ ᠢᠮᠠᠭ᠎ᠠ ᠨᠢᠳᠤᠯᠬᠤ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠭᠰᠠᠨ ᠠᠮᠢᠲᠠᠨ ᠤ | ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠲᠤᠰ ᠵᠠᠰᠠᠭ ᠵᠠᠬᠢᠷᠭᠠᠨ ᠤ ᠣᠷᠣᠨ ᠤ ᠲᠤᠳᠤᠷᠠᠬᠢ ᠦᠬᠡᠷ | ᠬᠤᠨᠢ ᠢᠮᠠᠭ᠎ᠠ ᠨᠢᠳᠤᠯᠬᠤ ᠶᠢᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠭᠰᠠᠨ ᠠᠮᠢᠲᠠᠨ ᠤ | ᠬᠢᠵᠢᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠨᠢ ᠲᠤᠰ ᠵᠠᠰᠠᠭ ᠵᠠᠬᠢᠷᠭᠠᠨ ᠤ ᠣᠷᠣᠨ ᠤ ᠳᠤᠲᠤᠷᠠᠬᠢ ᠦᠬᠡᠷ ᠬᠤᠨᠢ | ᠢᠮᠠᠭ᠎ᠠ ᠨᠢᠳᠤᠯᠬᠤ ᠮᠡᠷᠭᠡᠵᠢᠯ ᠤᠨ ᠵᠢᠯᠤᠭᠤᠳᠤᠯᠭ᠎ᠠ ᠬᠢᠬᠦ ᠶᠢ ᠬᠠᠷᠢᠭᠤᠴᠠᠬᠤ ᠬᠡᠷᠡᠭᠲᠡᠢ᠃ | ᠢᠳᠡᠭᠡᠨ ᠤ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠠᠵᠤ ᠦᠢᠯᠡᠳᠪᠦᠷᠢ ᠬᠤᠳᠠᠯᠳᠤᠭᠠᠨ ᠤ ᠵᠠᠰᠠᠭ | ᠵᠠᠬᠢᠷᠭᠠᠨ ᠤ ᠬᠠᠮᠢᠶᠠᠷᠤᠯᠲᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ᠂ ᠣᠷᠴᠢᠨ ᠲᠣᠭᠤᠷᠢᠨ ᠤ ᠬᠠᠮᠠᠭᠠᠯᠠᠯᠲᠠ᠂ | ᠳᠤᠲᠤᠭᠠᠲᠤ ᠶᠢ ᠬᠠᠮᠠᠭᠠᠯᠠᠬᠤ᠂ ᠲᠦᠯᠦᠪᠵᠢᠭᠦᠯᠭᠡ᠂ ᠦᠨᠳᠦᠰᠦᠲᠡᠨ ᠤ ᠬᠡᠷᠡᠭ ᠡᠷᠬᠢᠯᠡᠬᠦ᠂ ᠬᠤᠲᠠ ᠶᠢᠨ ᠬᠠᠮᠢᠶᠠᠷᠤᠯᠲᠠ ᠵᠡᠷᠭᠡ | ᠰᠠᠯᠠᠭ᠎ᠠ ᠮᠦᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠶᠤᠰᠤᠭᠠᠷ᠂ ᠦᠬᠡᠷ ᠬᠤᠨᠢ ᠢᠮᠠᠭ᠎ᠠ ᠨᠢᠳᠤᠯᠬᠤ | ᠠᠵᠢᠯᠯᠠᠭ᠎ᠠ ᠯᠤᠭ᠎ᠠ ᠬᠠᠮᠢᠶᠠᠳᠠᠭᠰᠠᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠳ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢ ᠬᠠᠮᠵᠢᠯᠴᠠᠨ ᠦᠬᠡᠷ ᠬᠤᠨᠢ ᠢᠮᠠᠭ᠎ᠠ | ᠨᠢᠳᠤᠯᠬᠤ ᠶᠢᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ | ᠨᠠᠢᠮᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠠᠴᠠ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ | ᠨᠢᠳᠤᠯᠬᠤ ᠦᠢᠯᠡᠳᠪᠦᠷᠢ ︵ᠲᠠᠯᠠᠪᠠᠢ︶ ᠶᠢᠨ ᠮᠡᠷᠭᠡᠵᠢᠯ ᠳᠤ ᠰᠢᠨ᠎ᠡ ᠶᠢ ᠡᠭᠦᠳᠬᠦ ᠪᠠ ᠮᠡᠷᠭᠡᠵᠢᠯ ᠤᠨ ᠦᠭᠡᠷᠡᠴᠢᠯᠡᠯᠲᠡ | ᠬᠢᠬᠦ ᠶᠢ ᠬᠦᠲᠦᠯᠦᠨ ᠵᠢᠯᠤᠭᠤᠳᠴᠤ ᠵᠣᠷᠢᠬᠵᠢᠭᠤᠯᠤᠨ ᠳᠡᠮᠵᠢᠵᠦ᠂ ᠮᠧᠬᠠᠨᠢᠬᠵᠢᠭᠤᠯᠬᠤ᠂ ᠬᠡᠪᠴᠢᠶᠡᠵᠢᠭᠦᠯᠬᠦ᠂ | ᠪᠠᠷᠢᠮᠵᠢᠶᠠᠵᠢᠭᠤᠯᠬᠤ᠂ ᠨᠡᠷᠡᠲᠦ ᠲᠦᠷᠦᠯ ᠲᠡᠮᠲᠡᠭᠵᠢᠭᠦᠯᠬᠦ ᠪᠠ ᠮᠡᠳᠡᠭᠡ ᠵᠠᠩᠬᠢᠵᠢᠭᠤᠯᠬᠤ ᠪᠠᠶᠢᠭᠤᠯᠤᠯᠲᠠ ᠶᠢ ᠠᠬᠢᠭᠤᠯᠬᠤ | ᠬᠡᠷᠡᠭᠲᠡᠢ᠃ | ᠶᠢᠰᠦᠳᠦᠭᠡᠷ ᠵᠦᠢᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ | ᠦᠢᠯᠡᠳᠪᠦᠷᠢ ︵ᠲᠠᠯᠠᠪᠠᠢ︶ ᠶᠢᠨ ᠬᠡᠪᠴᠢᠶᠡᠵᠢᠯ᠂ ᠦᠢᠯᠡᠳᠪᠦᠷᠢᠯᠡᠯ ᠪᠠ ᠮᠡᠷᠭᠡᠵᠢᠯ ᠤᠨ ᠨᠦᠬᠦᠴᠡᠯ ᠵᠢᠴᠢ ᠶᠠᠰᠤ ᠴᠢᠨᠠᠷ ᠤᠨ | ᠠᠮᠦᠷ ᠲᠥᠪᠰᠢᠨ ᠤ ᠬᠠᠮᠢᠶᠠᠷᠤᠯᠲᠠ ᠶᠢᠨ ᠪᠠᠶᠢᠳᠠᠯ ᠢ ᠨᠢ ᠦᠨᠳᠦᠰᠦᠯᠡᠨ᠂ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ | ᠨᠢᠳᠤᠯᠬᠤ ᠦᠢᠯᠡᠳᠪᠦᠷᠢ ︵ᠲᠠᠯᠠᠪᠠᠢ︶ ᠶᠢ ᠲᠦᠷᠦᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠢ᠃ | ᠠᠷᠪᠠᠳᠤᠭᠠᠷ ᠵᠦᠢᠯ ᠬᠠᠤᠯᠢ ᠶᠤᠰᠤᠭᠠᠷ ᠪᠠᠶᠢᠭᠤᠯᠤᠭᠰᠠᠨ ᠦᠬᠡᠷ ᠬᠤᠨᠢ ᠢᠮᠠᠭ᠎ᠠ ᠨᠢᠳᠤᠯᠬᠤ ᠠᠵᠢᠯ ᠲᠦᠷᠦᠯ ᠤᠨ | ᠨᠡᠶᠢᠭᠡᠮᠯᠢᠭ ᠤᠳ ᠠᠵᠢᠯ ᠲᠦᠷᠦᠯ ᠤᠨ ᠦᠪᠡᠷ ᠢ ᠪᠠᠨ ᠱᠠᠭᠠᠷᠳᠠᠬᠤ ᠪᠠᠨ ᠴᠢᠩᠭᠠᠳᠬᠠᠵᠤ᠂ ᠠᠵᠢᠯ ᠲᠦᠷᠦᠯ ᠤᠨ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠪᠠᠨ ᠠᠬᠢᠭᠤᠯᠤᠨ᠂ ᠨᠡᠶᠢᠭᠡᠮᠯᠢᠭ ᠤᠨ ᠭᠡᠰᠢᠭᠦᠳ ᠲᠤ ᠮᠡᠳᠡᠭᠡ ᠵᠠᠩᠭᠢ᠂ ᠮᠡᠷᠭᠡᠵᠢᠯ᠂ | ᠪᠣᠯᠪᠠᠰᠤᠷᠠᠭᠤᠯᠤᠯ ᠵᠡᠷᠭᠡ ᠦᠢᠯᠡᠴᠢᠯᠡᠭᠡ ᠶᠢ ᠬᠠᠩᠭᠠᠵᠤ᠂ ᠮᠢᠬᠠᠨ ᠤ ᠢᠳᠡᠭᠡᠨ ᠤ ᠵᠦᠢᠯ ᠤᠨ ᠠᠮᠦᠷ ᠲᠥᠪᠰᠢᠨ ᠤ ᠮᠡᠳᠡᠯᠭᠡ ᠶᠢ | ᠤᠬᠠᠭᠤᠯᠤᠨ ᠲᠦᠭᠡᠮᠡᠯᠵᠢᠭᠦᠯᠬᠦ ᠬᠡᠷᠡᠭᠲᠡᠢ᠃ | ᠠᠷᠪᠠᠨ ᠨᠢᠭᠡᠳᠦᠭᠡᠷ ᠵᠦᠢᠯ ᠯᠠᠯᠦ ᠶᠢᠨ ᠦᠬᠡᠷ ᠬᠤᠨᠢ ᠢᠮᠠᠭ᠎ᠠ ᠨᠢᠳᠤᠯᠬᠤ ᠠᠵᠢᠯ ᠢ ᠡᠷᠬᠢᠯᠡᠭᠰᠡᠳ ᠨᠢ ᠲᠤᠰ | ᠠᠷᠭ᠎ᠠ ᠶᠢᠨ ᠲᠣᠭᠲᠠᠭᠠᠯ ᠳᠤ ᠨᠡᠶᠢᠴᠡᠬᠦ ᠠᠴᠠ ᠭᠠᠳᠠᠨ᠎ᠠ᠂ ᠪᠠᠰᠠ ᠤᠯᠤᠰ ᠪᠠ ᠦᠪᠡᠷᠲᠡᠭᠡᠨ ᠵᠠᠰᠠᠬᠤ ᠣᠷᠣᠨ ᠤ ᠯᠠᠯᠦ ᠶᠢᠨ | ᠢᠳᠡᠭᠡᠨ ᠤ ᠵᠦᠢᠯ ᠤᠨ ᠬᠠᠮᠢᠶᠠᠷᠤᠯᠲᠠ ᠳᠤ ᠬᠤᠯᠪᠣᠭᠳᠠᠭᠰᠠᠨ ᠲᠣᠭᠲᠠᠭᠠᠯ ᠪᠠ ᠴᠦᠬᠡᠨ ᠲᠣᠭᠠᠲᠤ ᠦᠨᠳᠦᠰᠦᠲᠡᠨ ᠤ | ᠯᠠᠯᠦ ᠶᠢᠨ ᠢᠳᠡᠭᠡᠨ ᠤ ᠵᠦᠢᠯ ᠢ ᠢᠳᠡᠬᠦ ᠵᠠᠩ ᠵᠠᠩᠰᠢᠯ ᠳᠤ ᠨᠡᠶᠢᠴᠡᠭᠰᠡᠨ ᠪᠠᠶᠢᠬᠤ ᠬᠡᠷᠡᠭᠲᠡᠢ᠃ | ᠬᠤᠶᠠᠳᠤᠭᠠᠷ ᠪᠦᠯᠦᠭ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ | ︵ᠲᠠᠯᠠᠪᠠᠢ︶ ᠶᠢ ᠪᠠᠶᠢᠭᠤᠯᠬᠤ | ᠠᠷᠪᠠᠨ ᠬᠤᠶᠠᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ | ︶ ᠨᠢ ᠳᠣᠣᠷ᠎ᠠ ᠵᠢᠭᠰᠠᠭᠠᠭᠰᠠᠨ ᠨᠦᠬᠦᠴᠡᠯ ᠢ ᠪᠦᠷᠢᠯᠳᠦᠭᠦᠯᠬᠦ ᠬᠡᠷᠡᠭᠲᠡᠢ᠄ | ︵ᠨᠢᠭᠡ︶ ︽ᠠᠮᠢᠲᠠᠨ ᠤ ᠬᠢᠵᠢᠭ ᠢ ᠰᠡᠷᠭᠡᠶᠢᠯᠡᠬᠦ ᠨᠦᠬᠦᠴᠡᠯ ᠢ ᠬᠢᠨᠠᠨ ᠪᠠᠶᠢᠴᠠᠭᠠᠬᠤ ᠠᠷᠭ᠎ᠠ︾ ᠶᠢᠨ ᠲᠣᠭᠲᠠᠭᠠᠯ ᠳᠤ | ᠨᠡᠶᠢᠴᠡᠭᠰᠡᠨ ᠪᠠᠶᠢᠬᠤ︔ | ︵ᠬᠤᠶᠠᠷ︶ ᠣᠷᠴᠢᠨ ᠲᠣᠭᠤᠷᠢᠨ ᠤ ᠨᠦᠯᠦᠭᠡᠯᠡᠯ ᠢ ᠦᠨᠡᠯᠡᠬᠦ ᠭᠠᠷᠳᠠᠮ ᠪᠣᠯᠣᠨ ᠲᠦᠯᠦᠪᠵᠢᠭᠦᠯᠦᠨ ᠭᠠᠵᠠᠷ | ᠰᠤᠩᠭᠤᠬᠤ ᠰᠠᠨᠠᠯ ᠤᠨ ᠪᠢᠴᠢᠭ ᠢ ᠬᠠᠤᠯᠢ ᠶᠤᠰᠤᠭᠠᠷ ᠤᠯᠤᠭᠰᠠᠨ ᠪᠠᠶᠢᠬᠤ︔ | ︵ᠭᠤᠷᠪᠠ︶ ᠨᠢᠳᠤᠯᠬᠤ ᠬᠡᠪᠴᠢᠶᠡᠵᠢᠯ ᠯᠦᠭᠡ ᠵᠣᠬᠢᠴᠠᠭᠰᠠᠨ᠂ ᠤᠰᠤᠨ ᠤ ᠴᠢᠨᠠᠷ ᠨᠢ ᠤᠯᠤᠰ ᠤᠨ ᠲᠣᠭᠲᠠᠭᠠᠭᠰᠠᠨ | ᠪᠠᠷᠢᠮᠵᠢᠶ᠎ᠠ ᠯᠤᠭ᠎ᠠ ᠨᠡᠶᠢᠴᠡᠭᠰᠡᠨ ᠤᠰᠤᠨ ᠤ ᠰᠤᠷᠪᠤᠯᠵᠢ ᠶᠢᠨ ᠨᠦᠬᠦᠴᠡᠯ ᠲᠠᠢ ᠪᠠᠶᠢᠬᠤ︔ | ︵ᠳᠥᠷᠪᠡ︶ ᠤᠯᠤᠰ ᠤᠨ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ ᠨᠢᠳᠤᠯᠬᠤ ᠳᠤ ᠪᠡᠯᠡᠳᠭᠡᠭᠰᠡᠨ ᠬᠠᠰᠢᠶ᠎ᠠ᠂ | ᠲᠤᠰᠠᠭᠠᠷᠯᠠᠭᠰᠠᠨ ᠬᠠᠰᠢᠶ᠎ᠠ᠂ ᠨᠢᠳᠤᠯᠬᠤ ᠳᠤ ᠪᠡᠯᠡᠳᠭᠡᠭᠰᠡᠨ ᠲᠠᠰᠤᠯᠭ᠎ᠠ᠂ ᠪᠠᠴᠢᠮ ᠨᠢᠳᠤᠯᠬᠤ ᠲᠠᠰᠤᠯᠭ᠎ᠠ᠂ ᠨᠢᠳᠤᠯᠬᠤ | ᠲᠠᠰᠤᠯᠭ᠎ᠠ᠂ ᠬᠢᠵᠢᠭ ᠪᠠᠶᠢᠴᠠᠭᠠᠨ ᠰᠢᠯᠭᠠᠬᠤ ᠲᠠᠰᠤᠭ ᠵᠢᠴᠢ ᠦᠬᠡᠷ ᠬᠤᠨᠢ ᠢᠮᠠᠭ᠎ᠠ ᠨᠢᠳᠤᠯᠬᠤ ᠪᠡᠯᠡᠳᠭᠡᠮᠵᠢ ᠲᠥᠭᠦᠭᠡᠷᠦᠮᠵᠢ | ᠪᠣᠯᠣᠨ ᠠᠴᠢᠬᠤ ᠪᠠᠭᠠᠵᠢ ᠲᠠᠢ ᠪᠠᠶᠢᠬᠤ︔ | ︵ᠲᠠᠪᠤ︶ ᠰᠢᠯᠭᠠᠨ ᠬᠢᠨᠠᠵᠤ ᠬᠢᠷᠢ ᠲᠡᠩᠴᠡᠭᠰᠡᠨ ᠪᠠ ᠠᠵᠤ ᠠᠬᠤᠶᠢᠯᠠᠯ ᠤᠨ ᠬᠡᠪᠴᠢᠶᠡᠵᠢᠯ ᠯᠦᠭᠡ ᠵᠣᠬᠢᠴᠠᠯᠳᠤᠭᠰᠠᠨ | ᠬᠢᠵᠢᠭ ᠪᠠᠶᠢᠴᠠᠭᠠᠨ ᠰᠢᠯᠭᠠᠬᠤ ᠠᠵᠢᠯᠲᠠᠨ ᠲᠠᠢ ᠪᠠᠶᠢᠬᠤ︔ | ︵ᠵᠢᠷᠭᠤᠭ᠎ᠠ︶ ᠬᠠᠤᠯᠢ ᠶᠤᠰᠤᠭᠠᠷ ᠡᠷᠡᠭᠦᠯ ᠮᠡᠨᠳᠦ ᠶᠢᠨ ᠭᠡᠷᠡᠴᠢ ᠤᠯᠤᠭᠰᠠᠨ᠂ ᠨᠢᠳᠤᠯᠬᠤ ᠬᠡᠪᠴᠢᠶᠡᠵᠢᠯ ᠪᠣᠯᠣᠨ | ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠨᠢᠳᠤᠯᠬᠤ ᠮᠡᠷᠭᠡᠵᠢᠯ ᠤᠨ ᠠᠵᠢᠯᠲᠠᠨ ᠲᠠᠢ ᠪᠠᠶᠢᠬᠤ︔ | ︵ᠳᠤᠯᠤᠭ᠎ᠠ︶ ᠤᠯᠤᠰ ᠤᠨ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ ᠬᠢᠵᠢᠭ ᠪᠠᠶᠢᠴᠠᠭᠠᠨ ᠰᠢᠯᠭᠠᠬᠤ | ᠲᠥᠭᠦᠭᠡᠷᠦᠮᠵᠢ᠂ ᠠᠷᠢᠭᠤᠳᠬᠠᠬᠤ ᠪᠡᠯᠡᠳᠭᠡᠮᠵᠢ᠂ ᠬᠦᠢᠲᠡᠨ ᠢᠶᠠᠷ ᠬᠠᠳᠠᠭᠠᠯᠠᠬᠤ ᠪᠡᠯᠡᠳᠭᠡᠮᠵᠢ᠂ ᠤᠬᠢᠶᠠᠯᠭ᠎ᠠ ᠬᠢᠬᠦ ᠪᠡᠯᠡᠳᠭᠡᠮᠵᠢ᠂ | ᠰᠦᠨ ᠤ ᠬᠦᠴᠢᠯ ᠢ ᠭᠠᠳᠠᠭᠰᠢᠯᠠᠭᠤᠯᠬᠤ ᠦᠢᠯᠡᠳᠪᠦᠷᠢ ᠶᠢᠨ ᠲᠠᠰᠤᠭ ᠲᠠᠢ ᠪᠠᠶᠢᠬᠤ︔ | ︵ᠨᠠᠢᠮᠠ︶ ᠡᠪᠡᠳᠴᠢᠨ ᠬᠢᠵᠢᠭ ᠲᠠᠢ ᠦᠬᠡᠷ ᠬᠤᠨᠢ ᠢᠮᠠᠭ᠎ᠠ ᠵᠢᠴᠢ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ | ᠬᠤᠣᠷ ᠦᠭᠡᠶᠢᠳᠡᠭᠦᠯᠦᠨ ᠰᠢᠢᠳᠪᠦᠷᠢᠯᠡᠬᠦ ᠪᠡᠯᠡᠳᠭᠡᠮᠵᠢ ᠪᠤᠶᠤ ᠬᠤᠣᠷ ᠦᠭᠡᠶᠢᠳᠡᠭᠦᠯᠦᠨ ᠰᠢᠢᠳᠪᠦᠷᠢᠯᠡᠬᠦ ᠲᠠᠯᠠᠪᠠᠢ ᠯᠤᠭ᠎ᠠ | ᠬᠤᠣᠷ ᠦᠭᠡᠶᠢᠳᠡᠭᠦᠯᠦᠨ ᠰᠢᠢᠳᠪᠦᠷᠢᠯᠡᠬᠦ ᠨᠠᠶᠢᠳᠠᠯᠭ᠎ᠠ ᠶᠢᠨ ᠭᠡᠷ᠎ᠡ ᠲᠣᠭᠲᠠᠭᠰᠠᠨ ᠪᠠᠶᠢᠬᠤ︔ | ︵ᠶᠢᠰᠦ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠦᠬᠦᠴᠡᠯ ᠲᠠᠢ ᠪᠠᠶᠢᠬᠤ᠃ | ᠠᠷᠪᠠᠨ ᠭᠤᠷᠪᠠᠳᠤᠭᠠᠷ ᠵᠦᠢᠯ ᠠᠯᠤᠰ ᠬᠢᠵᠠᠭᠠᠷ ᠪᠣᠯᠣᠨ ᠵᠠᠮ ᠬᠠᠷᠢᠯᠴᠠᠭ᠎ᠠ ᠳᠦᠭᠦᠮ ᠦᠭᠡᠢ ᠮᠠᠯᠵᠢᠬᠤ ᠲᠠᠷᠢᠶᠠᠯᠠᠬᠤ | ᠣᠷᠣᠨ ᠳᠤ ᠵᠦᠪᠬᠡᠨ ᠲᠤᠰ ᠭᠠᠵᠠᠷ ᠤᠨ ᠵᠠᠬ᠎ᠠ ᠳᠡᠯᠭᠡᠭᠦᠷ ︵ᠰᠤᠮᠤ ᠰᠢᠶᠠᠩ ᠪᠠᠯᠭᠠᠰᠤ ᠠᠴᠠ ᠳᠣᠷᠤᠭᠰᠢᠬᠢ︶ ᠲᠤ ᠦᠬᠡᠷ | ᠬᠤᠨᠢ ᠢᠮᠠᠭ᠎ᠠ ᠶᠢᠨ ᠠᠰᠢᠭ ᠰᠢᠮ᠎ᠡ ᠶᠢ ᠬᠠᠩᠭᠠᠬᠤ ᠵᠢᠵᠢᠭ ᠬᠡᠯᠪᠡᠷᠢ ᠶᠢᠨ ᠦᠬᠡᠷ ᠬᠤᠨᠢ ᠢᠮᠠᠭ᠎ᠠ ᠨᠢᠳᠤᠯᠬᠤ ᠲᠠᠯᠠᠪᠠᠢ ᠶᠢ | ᠪᠠᠶᠢᠭᠤᠯᠵᠤ ᠪᠣᠯᠣᠨ᠎ᠠ᠃ | ᠠᠷᠪᠠᠨ ᠳᠦᠷᠪᠡᠳᠦᠭᠡᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠵᠢᠵᠢᠭ ᠬᠡᠯᠪᠡᠷᠢ ᠶᠢᠨ | ᠲᠠᠯᠠᠪᠠᠢ ᠨᠢ ᠳᠣᠣᠷ᠎ᠠ ᠵᠢᠭᠰᠠᠭᠠᠭᠰᠠᠨ ᠨᠦᠬᠦᠴᠡᠯ ᠢ ᠪᠦᠷᠢᠯᠳᠦᠭᠦᠯᠬᠦ ᠬᠡᠷᠡᠭᠲᠡᠢ᠄ | ︵ᠨᠢᠭᠡ︶ ︽ᠠᠮᠢᠲᠠᠨ ᠤ ᠬᠢᠵᠢᠭ ᠢ ᠰᠡᠷᠭᠡᠶᠢᠯᠡᠬᠦ ᠨᠦᠬᠦᠴᠡᠯ ᠢ ᠬᠢᠨᠠᠨ ᠪᠠᠶᠢᠴᠠᠭᠠᠬᠤ ᠠᠷᠭ᠎ᠠ︾ ᠶᠢᠨ ᠲᠣᠭᠲᠠᠭᠠᠯ ᠳᠤ | ᠨᠡᠶᠢᠴᠡᠭᠰᠡᠨ ᠪᠠᠶᠢᠬᠤ︔ | ︵ᠬᠤᠶᠠᠷ︶ ᠲᠣᠭᠲᠠᠮᠠᠯ ᠨᠢᠳᠤᠯᠬᠤ ᠲᠠᠯᠠᠪᠤᠷ ᠲᠠᠢ ᠪᠠᠶᠢᠬᠤ︔ | ︵ᠭᠤᠷᠪᠠ︶ ᠲᠤᠰᠠᠭᠠᠷᠯᠠᠭᠰᠠᠨ ᠨᠢᠳᠤᠯᠬᠤ ᠳᠤ ᠪᠡᠯᠡᠳᠭᠡᠭᠰᠡᠨ ᠬᠠᠰᠢᠶ᠎ᠠ᠂ ᠲᠤᠰᠠᠭᠠᠷᠯᠠᠭᠰᠠᠨ ᠬᠠᠰᠢᠶ᠎ᠠ᠂ ᠨᠢᠳᠤᠯᠬᠤ ᠳᠤ | ᠪᠡᠯᠡᠳᠭᠡᠭᠰᠡᠨ ᠲᠠᠰᠤᠯᠭ᠎ᠠ᠂ ᠪᠠᠴᠢᠮ ᠨᠢᠳᠤᠯᠬᠤ ᠲᠠᠰᠤᠯᠭ᠎ᠠ᠂ ᠨᠢᠳᠤᠯᠬᠤ ᠲᠠᠰᠤᠯᠭ᠎ᠠ ᠲᠠᠢ ᠪᠠᠶᠢᠬᠤ︔ | ︵ᠳᠥᠷᠪᠡ︶ ᠠᠵᠤ ᠠᠬᠤᠶᠢᠯᠠᠯ ᠤᠨ ᠬᠡᠪᠴᠢᠶᠡᠵᠢᠯ ᠯᠦᠭᠡ ᠵᠣᠬᠢᠴᠠᠯᠳᠤᠭᠰᠠᠨ ᠰᠢᠯᠭᠠᠨ ᠬᠢᠨᠠᠵᠤ ᠬᠢᠷᠢ ᠲᠡᠩᠴᠡᠭᠰᠡᠨ | ᠬᠢᠵᠢᠭ ᠪᠠᠶᠢᠴᠠᠭᠠᠨ ᠰᠢᠯᠭᠠᠬᠤ ᠠᠵᠢᠯᠲᠠᠨ ᠲᠠᠢ ᠪᠠᠶᠢᠬᠤ︔ | ︵ᠲᠠᠪᠤ︶ ᠬᠠᠤᠯᠢ ᠶᠤᠰᠤᠭᠠᠷ ᠡᠷᠡᠭᠦᠯ ᠮᠡᠨᠳᠦ ᠶᠢᠨ ᠭᠡᠷᠡᠴᠢ ᠤᠯᠤᠭᠰᠠᠨ᠂ ᠨᠢᠳᠤᠯᠬᠤ ᠬᠡᠪᠴᠢᠶᠡᠵᠢᠯ ᠪᠣᠯᠣᠨ | ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠨᠢᠳᠤᠯᠬᠤ ᠮᠡᠷᠭᠡᠵᠢᠯ ᠤᠨ ᠠᠵᠢᠯᠲᠠᠨ ᠲᠠᠢ ᠪᠠᠶᠢᠬᠤ︔ | ︵ᠵᠢᠷᠭᠤᠭ᠎ᠠ︶ ᠦᠨᠳᠦᠰᠦᠨ ᠡᠷᠡᠭᠦᠯ ᠬᠠᠮᠠᠭᠠᠯᠠᠯ ᠤᠨ ᠨᠦᠬᠦᠴᠡᠯ ᠪᠣᠯᠣᠨ ᠪᠣᠬᠢᠷᠳᠤᠯ ᠢ ᠰᠡᠷᠭᠡᠶᠢᠯᠡᠨ ᠵᠠᠰᠠᠬᠤ | ᠪᠡᠯᠡᠳᠭᠡᠮᠵᠢ ᠲᠠᠢ ᠪᠠᠶᠢᠬᠤ︔ | ︵ᠳᠤᠯᠤᠭ᠎ᠠ︶ ᠡᠪᠡᠳᠴᠢᠨ ᠬᠢᠵᠢᠭ ᠲᠠᠢ ᠦᠬᠡᠷ ᠬᠤᠨᠢ ᠢᠮᠠᠭ᠎ᠠ ᠵᠢᠴᠢ ᠦᠬᠡᠷ ᠬᠤᠨᠢ ᠢᠮᠠᠭ᠎ᠠ ᠶᠢᠨ ᠠᠰᠢᠭ | ᠰᠢᠮ᠎ᠡ ᠶᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠪᠡᠯᠡᠳᠭᠡᠮᠵᠢ ᠲᠠᠢ ᠪᠣᠶᠣ ᠬᠤᠣᠷ ᠦᠭᠡᠶᠢᠳᠡᠭᠦᠯᠦᠨ ᠰᠢᠢᠳᠪᠦᠷᠢᠯᠡᠬᠦ | ᠲᠠᠯᠠᠪᠠᠢ ᠯᠤᠭ᠎ᠠ ᠬᠤᠣᠷ ᠦᠭᠡᠶᠢᠳᠡᠭᠦᠯᠦᠨ ᠰᠢᠢᠳᠪᠦᠷᠢᠯᠡᠬᠦ ᠨᠠᠶᠢᠳᠠᠯᠭ᠎ᠠ ᠶᠢᠨ ᠭᠡᠷ᠎ᠡ ᠲᠣᠭᠲᠠᠭᠰᠠᠨ ᠪᠠᠶᠢᠬᠤ︔ | ︵ᠨᠠᠢᠮᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠦᠬᠦᠴᠡᠯ ᠲᠠᠢ ᠪᠠᠶᠢᠬᠤ᠃ | ᠠᠷᠪᠠᠨ ᠲᠠᠪᠤᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ | ᠶᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ᠂ ᠦᠷᠭᠡᠳᠭᠡᠨ ᠪᠠᠶᠢᠭᠤᠯᠬᠤ ᠳᠤ ᠭᠤᠶᠤᠴᠢᠯᠠᠭᠴᠢ ᠠᠴᠠ | ᠦᠢᠯᠡᠳᠪᠦᠷᠢ ︵ᠲᠠᠯᠠᠪᠠᠢ︶ ᠶᠢᠨ ᠬᠠᠶ᠋ᠢᠭ ᠤᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠪᠢᠴᠢᠭ ᠢᠶᠠᠷ ᠭᠤᠶᠤᠴᠢᠯᠠᠯ | ᠭᠠᠷᠭᠠᠵᠤ᠂ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠠᠯ | ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠲᠤᠰ ᠠᠷᠭ᠎ᠠ ᠪᠣᠯᠣᠨ ᠦᠪᠡᠷᠲᠡᠭᠡᠨ ᠵᠠᠰᠠᠬᠤ ᠣᠷᠣᠨ ᠤ | ᠦᠬᠡᠷ ᠬᠤᠨᠢ ᠢᠮᠠᠭ᠎ᠠ ᠨᠢᠳᠤᠯᠬᠤ ᠠᠵᠢᠯ ᠲᠦᠷᠦᠯ ᠤᠨ ᠬᠥᠭᠵᠢᠯᠲᠡ ᠶᠢᠨ ᠲᠦᠯᠦᠪᠵᠢᠭᠦᠯᠭᠡ ᠶᠤᠰᠤᠭᠠᠷ᠂ ᠬᠤᠯᠪᠤᠭᠳᠠᠯ | ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠬᠢᠨᠠᠨ ᠪᠠᠶᠢᠴᠠᠭᠠᠵᠤ᠂ ᠪᠢᠴᠢᠭ ᠢᠶᠠᠷ ᠲᠣᠭᠲᠠᠭᠠᠯ ᠭᠠᠷᠭᠠᠨ᠎ᠠ᠂ ᠨᠦᠬᠦᠴᠡᠯ ᠳᠤ | ᠨᠡᠶᠢᠴᠡᠭᠰᠡᠨ ᠦᠭᠡᠢ ᠪᠠᠶᠢᠪᠠᠯ᠂ ᠪᠢᠴᠢᠭ ᠢᠶᠠᠷ ᠰᠢᠯᠲᠠᠭᠠᠨ ᠢ ᠨᠢ ᠲᠠᠶᠢᠯᠪᠤᠷᠢᠯᠠᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ | ︶ ᠶᠢ ᠪᠠᠶᠢᠭᠤᠯᠬᠤ ᠪᠠᠷᠢᠯᠭ᠎ᠠ ᠶᠢᠨ ᠠᠵᠢᠯ ᠳᠠᠭᠤᠰᠤᠭᠰᠠᠨ ᠤ ᠳᠠᠷᠠᠭ᠎ᠠ᠂ ᠭᠤᠶᠤᠴᠢᠯᠠᠭᠴᠢ ᠠᠴᠠ ᠰᠢᠯᠭᠠᠨ ᠬᠤᠷᠢᠶᠠᠬᠤ | ᠪᠢᠴᠢᠭ ᠤᠨ ᠭᠤᠶᠤᠴᠢᠯᠠᠯ ᠭᠠᠷᠭᠠᠵᠤ᠂ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠬᠦᠯᠢᠶᠡᠨ ᠠᠪᠤᠭᠰᠠᠨ ᠡᠳᠦᠷ ᠠᠴᠠ | ᠡᠬᠢᠯᠡᠨ ᠬᠤᠷᠢᠨ ᠡᠳᠦᠷ ᠤᠨ ᠳᠤᠲᠤᠷ᠎ᠠ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠰᠢᠯᠭᠠᠨ ᠬᠤᠷᠢᠶᠠᠨ᠎ᠠ᠂ | ᠰᠢᠯᠭᠠᠨ ᠬᠤᠷᠢᠬᠤ ᠳᠤ ᠬᠢᠷᠢ ᠲᠡᠩᠴᠡᠭᠰᠡᠨ ᠪᠠᠶᠢᠪᠠᠯ᠂ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠣᠭᠲᠠᠭᠰᠠᠨ | ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠨᠡᠮᠯᠡᠯ ᠪᠣᠯᠣᠨ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ | ᠨᠢᠳᠤᠯᠬᠤ ᠲᠡᠮᠲᠡᠭ ᠫᠠᠶᠢᠰᠠ ᠶᠢ ᠣᠯᠭᠤᠨ᠎ᠠ︔ ᠰᠢᠯᠭᠠᠨ ᠬᠤᠷᠢᠶᠠᠬᠤ ᠳᠤ ᠬᠢᠷᠢ ᠲᠡᠩᠴᠡᠭᠰᠡᠨ ᠦᠭᠡᠢ ᠪᠣᠯ᠂ | ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠰᠢᠯᠲᠠᠭᠠᠨ ᠢ ᠨᠢ ᠲᠠᠶᠢᠯᠪᠤᠷᠢᠯᠠᠬᠤ ᠬᠡᠷᠡᠭᠲᠡᠢ᠃ | ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠠᠯ | ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠰᠢᠯᠭᠠᠨ ᠬᠤᠷᠢᠶᠠᠬᠤ ᠳᠤ ᠬᠢᠷᠢ ᠲᠡᠩᠴᠡᠭᠰᠡᠨ ᠲᠣᠭᠲᠠᠭᠰᠠᠨ | ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠶᠢᠨ ᠨᠡᠷᠡᠰ ᠢ ᠴᠠᠭ ᠲᠣᠬᠠᠢ ᠳᠤᠨᠢ ᠨᠡᠶᠢᠭᠡᠮ | ᠨᠡᠶᠢᠲᠡ ᠳᠤ ᠨᠡᠶᠢᠲᠡᠯᠡᠬᠦ ᠬᠡᠷᠡᠭᠲᠡᠢ᠃ | ᠠᠷᠪᠠᠨ ᠳᠤᠯᠤᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠠᠯ | ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠪᠦᠬᠦ ᠣᠷᠣᠨ ᠤ ᠲᠣᠭᠲᠠᠭᠰᠠᠨ ᠭᠠᠵᠠᠷ ᠲᠤ ᠦᠬᠡᠷ ᠬᠤᠨᠢ | ᠢᠮᠠᠭ᠎ᠠ ᠨᠢᠳᠤᠯᠬᠤ ᠦᠨᠡᠮᠯᠡᠯ᠂ ᠲᠠᠮᠠᠭ᠎ᠠ᠂ ᠲᠡᠮᠲᠡᠭ ᠫᠠᠶᠢᠰᠠ ᠶᠢ ᠨᠢᠭᠡᠲᠦᠯᠲᠡᠢ ᠳ᠋ᠤᠭᠠᠷᠯᠠᠵᠤ᠂ ᠲᠣᠭᠲᠠᠭᠰᠠᠨ ᠭᠠᠵᠠᠷ ᠲᠤ ᠦᠬᠡᠷ | ᠬᠤᠨᠢ ᠢᠮᠠᠭ᠎ᠠ ᠨᠢᠳᠤᠯᠬᠤ ᠦᠨᠡᠮᠯᠡᠯ᠂ ᠮᠢᠬᠠᠨ ᠤ ᠵᠦᠢᠯ ᠤᠨ ᠶᠠᠰᠤ ᠴᠢᠨᠠᠷ ᠢ ᠪᠠᠶᠢᠴᠠᠭᠠᠨ ᠰᠢᠯᠭᠠᠵᠤ ᠬᠢᠷᠢ ᠲᠡᠩᠴᠡᠭᠰᠡᠨ | ᠦᠨᠡᠮᠯᠡᠯ᠂ ᠬᠢᠵᠢᠭ ᠪᠠᠶᠢᠴᠠᠭᠠᠨ ᠰᠢᠯᠭᠠᠵᠤ ᠬᠢᠷᠢ ᠲᠡᠩᠴᠡᠭᠰᠡᠨ ᠲᠤᠰᠬᠠᠢ ᠲᠠᠮᠠᠭ᠎ᠠ᠂ ᠬᠤᠣᠷ ᠦᠭᠡᠶᠢᠳᠡᠭᠦᠯᠦᠨ | ᠰᠢᠢᠳᠪᠦᠷᠢᠯᠡᠭᠰᠡᠨ ᠲᠠᠮᠠᠭ᠎ᠠ᠂ ᠲᠡᠮᠲᠡᠭ ᠫᠠᠶᠢᠰᠠ ᠵᠡᠷᠭᠡ ᠶᠢ ᠨᠢᠭᠡᠲᠦᠯᠲᠡᠢ ᠵᠣᠬᠢᠶᠠᠬᠤ ᠶᠢ ᠬᠠᠷᠢᠭᠤᠴᠠᠨ᠎ᠠ᠃ | ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠠᠯ | ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ | ᠨᠢᠳᠤᠯᠬᠤ ᠶᠢᠨ ᠦᠨᠡᠮᠯᠡᠯ᠂ ᠲᠠᠮᠠᠭ᠎ᠠ ᠪᠠ ᠲᠡᠮᠲᠡᠭ ᠫᠠᠶᠢᠰᠠ ᠶᠢᠨ ᠬᠠᠮᠢᠶᠠᠷᠤᠯᠲᠠ ᠬᠡᠷᠡᠭᠯᠡᠯᠲᠡ ᠶᠢᠨ ᠳᠦᠷᠢᠮ ᠢ ᠪᠠᠶᠢᠭᠤᠯᠵᠤ᠂ | ᠲᠤᠰ ᠵᠠᠰᠠᠭ ᠵᠠᠬᠢᠷᠭᠠᠨ ᠤ ᠣᠷᠣᠨ ᠤ ᠳᠤᠲᠤᠷᠠᠬᠢ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠨᠡᠮᠯᠡᠯ᠂ | ᠬᠢᠵᠢᠭ ᠪᠠᠶᠢᠴᠠᠭᠠᠨ ᠰᠢᠯᠭᠠᠵᠤ ᠬᠢᠷᠢ ᠲᠡᠩᠴᠡᠭᠰᠡᠨ ᠲᠤᠰᠬᠠᠢ ᠲᠠᠮᠠᠭ᠎ᠠ᠂ ᠬᠤᠣᠷ ᠦᠭᠡᠶᠢᠳᠡᠭᠦᠯᠦᠨ ᠰᠢᠢᠳᠪᠦᠷᠢᠯᠡᠭᠰᠡᠨ ᠲᠠᠮᠠᠭ᠎ᠠ᠂ | ᠲᠡᠮᠲᠡᠭ ᠫᠠᠶᠢᠰᠠ ᠵᠡᠷᠭᠡ ᠶᠢ ᠣᠯᠭᠤᠬᠤ ᠶᠢ ᠬᠠᠷᠢᠭᠤᠴᠠᠨ᠎ᠠ᠃ | ᠠᠷᠪᠠᠨ ᠨᠠᠢᠮᠠᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠨᠡᠮᠯᠡᠯ ᠳᠤ | ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠶᠢᠨ ᠨᠡᠷᠡᠶᠢᠳᠦᠯ᠂ ᠬᠠᠶ᠋ᠢᠭ᠂ | ᠬᠠᠤᠯᠢ ᠶᠤᠰᠤᠨ ᠤ ᠲᠦᠯᠦᠭᠡᠯᠡᠭᠴᠢ ︵ᠬᠠᠷᠢᠭᠤᠴᠠᠯᠭᠠᠲᠠᠨ︶ ᠨᠢᠳᠤᠯᠬᠤ ᠲᠦᠷᠦᠯ ᠵᠡᠷᠭᠡ ᠵᠦᠢᠯᠡᠰ ᠢ ᠲᠤᠳᠤᠷᠬᠠᠢ | ᠲᠡᠮᠲᠡᠭᠯᠡᠬᠦ ᠬᠡᠷᠡᠭᠲᠡᠢ᠃ | ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠲᠣᠭᠲᠠᠭᠰᠠᠨ | ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠲᠡᠮᠲᠡᠭ ᠫᠠᠶᠢᠰᠠ ᠶᠢ ᠦᠢᠯᠡᠳᠪᠦᠷᠢ ︵ᠲᠠᠯᠠᠪᠠᠢ︶ ᠶᠢᠨ ᠲᠣᠭᠤᠷᠢᠭ ᠤᠨ | ᠢᠯᠡᠷᠬᠡᠢ ᠭᠠᠵᠠᠷ ᠲᠤ ᠡᠯᠭᠦᠵᠦ ᠲᠠᠯᠪᠢᠬᠤ ᠬᠡᠷᠡᠭᠲᠡᠢ᠃ | ᠠᠷᠪᠠ ᠶᠢᠰᠦᠳᠦᠭᠡᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ | ᠨᠢ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠶᠢᠨ ᠦᠨᠡᠮᠯᠡᠯ᠂ ᠲᠠᠮᠠᠭ᠎ᠠ ᠪᠣᠯᠣᠨ ᠲᠡᠮᠲᠡᠭ ᠫᠠᠶᠢᠰᠠ ᠶᠢ | ᠳᠦᠷᠢᠶᠡᠰᠦᠯᠡᠬᠦ᠂ ᠵᠢᠭᠡᠯᠡᠭᠦᠯᠬᠦ ᠪᠠ ᠰᠢᠯᠵᠢᠭᠦᠯᠦᠨ ᠥᠭᠴᠦ ᠪᠣᠯᠬᠤ ᠦᠭᠡᠢ᠃ ᠶᠠᠮᠠᠷᠪᠠ ᠨᠢᠭᠡᠴᠡ ᠪᠣᠯᠣᠨ ᠬᠤᠪᠢ ᠬᠦᠮᠦᠨ | ᠭᠡᠳ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠶᠢᠨ ᠦᠨᠡᠮᠯᠡᠯ᠂ ᠲᠠᠮᠠᠭ᠎ᠠ ᠪᠣᠯᠣᠨ ᠲᠡᠮᠲᠡᠭ ᠫᠠᠶᠢᠰᠠ ᠶᠢ | ᠬᠠᠭᠤᠷᠮᠠᠭ ᠢᠶᠠᠷ ᠵᠣᠬᠢᠶᠠᠬᠤ᠂ ᠦᠭᠡᠷᠡᠴᠢᠯᠡᠨ ᠵᠣᠬᠢᠶᠠᠬᠤ᠂ ᠬᠠᠭᠤᠷᠮᠠᠭᠯᠠᠨ ᠬᠡᠷᠡᠭᠯᠡᠵᠦ ᠪᠣᠯᠬᠤ ᠦᠭᠡᠢ᠃ | ᠬᠤᠷᠢᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠶᠢᠨ | ᠨᠡᠷᠡᠶᠢᠳᠦᠯ᠂ ᠬᠠᠤᠯᠢ ᠶᠤᠰᠤᠨ ᠤ ᠲᠦᠯᠦᠭᠡᠯᠡᠭᠴᠢ ︵ᠬᠠᠷᠢᠭᠤᠴᠠᠯᠭᠠᠲᠠᠨ︶ ᠨᠢ ᠬᠤᠪᠢᠷᠠᠯᠲᠠ ᠭᠠᠷᠤᠭᠰᠠᠨ ᠪᠠᠶᠢᠪᠠᠯ᠂ | ᠡᠵᠡᠩᠨᠡᠯᠲᠡ ᠶᠢᠨ ᠦᠨᠡᠮᠯᠡᠯ ᠤᠯᠤᠭᠰᠠᠨ ᠡᠳᠦᠷ ᠠᠴᠠ ᠪᠠᠨ ᠡᠬᠢᠯᠡᠨ ᠬᠤᠷᠢᠨ ᠡᠳᠦᠷ ᠤᠨ ᠳᠤᠲᠤᠷ᠎ᠠ ᠲᠣᠭᠲᠠᠭᠰᠠᠨ | ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠨᠡᠮᠯᠡᠯ ᠢᠶᠠᠨ ᠬᠠᠯᠠᠬᠤ ᠭᠠᠷᠳᠠᠮ ᠢ ᠭᠦᠢᠴᠡᠳᠭᠡᠬᠦ ᠬᠡᠷᠡᠭᠲᠡᠢ᠃ | ᠬᠤᠷᠢᠨ ᠨᠢᠭᠡᠳᠦᠭᠡᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ | ᠨᠢ ᠬᠢᠵᠢᠭ ᠪᠠᠶᠢᠴᠠᠭᠠᠬᠤ ᠠᠵᠢᠯᠲᠠᠨ ᠪᠣᠯᠣᠨ ᠨᠢᠳᠤᠯᠬᠤ ᠮᠡᠷᠭᠡᠵᠢᠯ ᠤᠨ ᠠᠵᠢᠯᠲᠠᠨ ᠤ ᠬᠤᠪᠢ ᠬᠦᠮᠦᠨ ᠤ ᠰᠡᠷᠭᠡᠶᠢᠯᠡᠨ | ᠬᠠᠮᠠᠭᠠᠯᠠᠬᠤ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠡᠶ᠎ᠡ ᠶᠢᠨ ᠪᠠᠶᠢᠴᠠᠭᠠᠯᠲᠠ ᠬᠢᠵᠦ᠂ ᠠᠵᠢᠯ ᠤᠨ | ᠨᠦᠯᠦᠭᠡᠨ ᠤ ᠡᠪᠡᠳᠴᠢᠨ ᠣᠯᠬᠤ ᠠᠴᠠ ᠰᠡᠷᠭᠡᠶᠢᠯᠡᠬᠦ ᠬᠡᠷᠡᠭᠲᠡᠢ᠃ | ᠭᠤᠷᠪᠠᠳᠤᠭᠠᠷ ᠪᠦᠯᠦᠭ ᠦᠬᠡᠷ ᠬᠤᠨᠢ ᠢᠮᠠᠭ᠎ᠠ ᠶᠢ ᠲᠣᠭᠲᠠᠭᠰᠠᠨ ᠭᠠᠵᠠᠷ ᠲᠤ ᠨᠢᠳᠤᠯᠬᠤ | ᠬᠤᠷᠢᠨ ᠬᠤᠶᠠᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ | ᠲᠠᠯᠠᠪᠠᠢ︶ ᠨᠢ ᠤᠯᠤᠰ᠂ ᠦᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠢᠯ ᠲᠦᠷᠦᠯ ᠤᠨ ᠪᠠᠷᠢᠮᠵᠢᠶ᠎ᠠ᠂ | ᠮᠡᠷᠭᠡᠵᠢᠯ ᠤᠨ ᠵᠢᠷᠤᠮᠵᠢᠯ ᠪᠣᠯᠣᠨ ᠠᠵᠢᠯᠯᠠᠭᠠᠨ ᠤ ᠳᠦᠷᠢᠮ ᠶᠤᠰᠤᠭᠠᠷ ᠦᠢᠯᠡᠳᠪᠦᠷᠢᠯᠡᠯ ᠢᠶᠠᠨ ᠵᠣᠬᠢᠶᠠᠨ ᠪᠠᠶᠢᠭᠤᠯᠵᠤ᠂ ᠦᠬᠡᠷ | ᠬᠤᠨᠢ ᠢᠮᠠᠭ᠎ᠠ ᠨᠢᠳᠤᠯᠬᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ ᠶᠢᠨ ᠬᠠᠮᠲᠤ᠂ ᠨᠢᠳᠤᠯᠬᠤ ᠦᠢᠯᠡᠳᠪᠦᠷᠢ ᠶᠢᠨ | ᠲᠠᠰᠤᠭ ᠲᠤ ᠦᠬᠡᠷ ᠬᠤᠨᠢ ᠢᠮᠠᠭ᠎ᠠ ᠨᠢᠳᠤᠯᠬᠤ ᠬᠢᠵᠢᠭ ᠪᠠᠶᠢᠴᠠᠭᠠᠨ ᠰᠢᠯᠭᠠᠬᠤ ᠠᠵᠢᠯᠯᠠᠭᠠᠨ ᠤ ᠤᠷ᠎ᠠ ᠮᠡᠷᠭᠡᠰᠢᠯ ᠤᠨ | ᠴᠤᠪᠤᠷᠠᠯ ᠵᠢᠷᠤᠭ᠂ ᠣᠷᠣᠨ ᠪᠠᠶᠢᠷᠢ ᠶᠢᠨ ᠵᠢᠷᠤᠭ ᠢ ᠳᠤᠲᠤᠷᠬᠠᠶᠢᠯᠠᠬᠤ ᠬᠡᠷᠡᠭᠲᠡᠢ᠃ | ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠠᠮᠢᠲᠠᠨ ᠤ | ᠠᠰᠠᠷᠠᠮᠵᠢ ᠶᠢᠨ ᠱᠠᠭᠠᠷᠳᠠᠯᠭ᠎ᠠ ᠳᠤ ᠨᠡᠶᠢᠴᠡᠭᠰᠡᠨ ᠨᠢᠳᠤᠯᠬᠤ ᠠᠷᠭ᠎ᠠ ᠮᠠᠶ᠋ᠢᠭ ᠢ ᠬᠡᠷᠡᠭᠯᠡᠬᠦ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ | ᠲᠠᠯᠠᠪᠠᠢ︶ ᠳᠤ ᠨᠢᠳᠤᠯᠤᠭᠰᠠᠨ ᠦᠬᠡᠷ ᠬᠤᠨᠢ ᠢᠮᠠᠭ᠎ᠠ ᠳᠤ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ | ᠪᠠᠶᠢᠭᠤᠯᠤᠮᠵᠢ ᠶᠢᠨ ᠭᠠᠷᠭᠠᠭᠰᠠᠨ ︽ᠠᠮᠢᠲᠠᠨ ᠤ ᠬᠢᠵᠢᠭ ᠪᠠᠶᠢᠴᠠᠭᠠᠬᠤ ᠳᠤ ᠬᠢᠷᠢ ᠲᠡᠩᠴᠡᠭᠰᠡᠨ ᠭᠡᠷᠡᠴᠢ︾ ᠶᠢ | ᠳᠠᠭᠠᠯᠳᠤᠭᠤᠯᠬᠤ ᠶᠢᠨ ᠬᠠᠮᠲᠤ᠂ ᠮᠠᠯ ᠵᠢᠭᠦᠷᠲᠡᠨ ᠤ ᠢᠯᠭᠠᠬᠤ ᠲᠡᠮᠲᠡᠭ ᠢ ᠵᠡᠭᠦᠯᠭᠡᠬᠦ ᠬᠡᠷᠡᠭᠲᠡᠢ᠃ | ᠬᠤᠷᠢᠨ ᠳᠦᠷᠪᠡᠳᠦᠭᠡᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ | ᠲᠠᠯᠠᠪᠠᠢ︶ ᠨᠢ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢᠨ ᠶᠠᠰᠤ ᠴᠢᠨᠠᠷ ᠢ ᠤᠬᠤᠴᠢᠯᠠᠨ ᠮᠦᠷᠳᠡᠬᠦ ᠳᠦᠷᠢᠮ ᠢ | ᠪᠠᠶᠢᠭᠤᠯᠬᠤ ᠬᠡᠷᠡᠭᠲᠡᠢ᠃ ᠦᠬᠡᠷ ᠬᠤᠨᠢ ᠢᠮᠠᠭ᠎ᠠ ᠶᠢᠨ ᠦᠢᠯᠡᠳᠪᠦᠷᠢ ︵ᠲᠠᠯᠠᠪᠠᠢ︶ ᠳᠤ ᠣᠷᠤᠭᠤᠯᠵᠤ ᠢᠷᠡᠭᠰᠡᠨ ᠴᠠᠭ᠂ | ᠢᠷᠡᠯᠲᠡ᠂ ᠲᠤᠭ᠎ᠠ ᠲᠤᠯᠤᠭᠠᠢ᠂ ︽ᠠᠮᠢᠲᠠᠨ ᠤ ᠬᠢᠵᠢᠭ ᠪᠠᠶᠢᠴᠠᠭᠠᠬᠤ ᠳᠤ ᠬᠢᠷᠢ ᠲᠡᠩᠴᠡᠭᠰᠡᠨ ᠭᠡᠷᠡᠴᠢ︾᠂ ᠮᠠᠯ | ᠵᠢᠭᠦᠷᠲᠡᠨ ᠤ ᠢᠯᠭᠠᠬᠤ ᠲᠡᠮᠲᠡᠭ ᠵᠢᠴᠢ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢᠨ ᠦᠢᠯᠡᠳᠪᠦᠷᠢ ︵ᠲᠠᠯᠠᠪᠠᠢ︶ ᠠᠴᠠ | ᠭᠠᠷᠤᠭᠰᠠᠨ ᠴᠠᠭ᠂ ᠡᠭᠦᠯᠳᠡᠷ ᠤᠭᠰᠠᠭ᠎ᠠ᠂ ᠲᠤᠭ᠎ᠠ ᠬᠡᠮᠵᠢᠶ᠎ᠡ᠂ ᠭᠦᠢᠯᠭᠡᠭᠡᠨ ᠤ ᠬᠠᠨᠳᠤᠰᠢ ᠪᠣᠯᠣᠨ ᠬᠢᠵᠢᠭ ᠪᠠᠶᠢᠴᠠᠭᠠᠨ | ᠰᠢᠯᠭᠠᠬᠤ᠂ ᠬᠤᠣᠷ ᠦᠭᠡᠶᠢᠳᠡᠭᠦᠯᠦᠨ ᠰᠢᠢᠳᠪᠦᠷᠢᠯᠡᠬᠦ ᠵᠡᠷᠭᠡ ᠠᠭᠤᠯᠭ᠎ᠠ ᠶᠢ ᠦᠨᠡᠨ ᠪᠣᠲᠠᠲᠠᠢ ᠪᠠᠷ ᠲᠡᠮᠲᠡᠭᠯᠡᠬᠦ ᠶᠢᠨ ᠬᠠᠮᠲᠤ᠂ | ᠬᠠᠮᠢᠶ᠎ᠠ ᠪᠦᠬᠦᠢ ᠭᠡᠷᠡᠴᠢ ᠪᠠᠷᠢᠮᠲᠠ ᠶᠢ ᠬᠠᠳᠠᠭᠠᠯᠠᠬᠤ ᠬᠡᠷᠡᠭᠲᠡᠢ᠃ ᠲᠡᠮᠲᠡᠭᠯᠡᠯ ᠪᠣᠯᠣᠨ ᠭᠡᠷᠡᠴᠢ ᠪᠠᠷᠢᠮᠲᠠ ᠶᠢ ᠬᠠᠳᠠᠭᠠᠯᠠᠬᠤ | ᠬᠤᠭᠤᠴᠠᠭ᠎ᠠ ᠪᠠᠨ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢᠨ ᠴᠢᠨᠠᠷ ᠪᠠᠲᠤᠯᠠᠬᠤ ᠬᠤᠭᠤᠴᠠᠭ᠎ᠠ ᠳᠠᠭᠤᠰᠤᠭᠰᠠᠨ ᠤ | ᠳᠠᠷᠠᠭᠠᠬᠢ ᠵᠢᠷᠭᠤᠭᠠᠨ ᠰᠠᠷ᠎ᠠ ᠠᠴᠠ ᠳᠤᠲᠠᠭᠤ ᠪᠠᠶᠢᠯᠭᠠᠵᠤ ᠪᠣᠯᠬᠤ ᠦᠭᠡᠢ︔ ᠲᠤᠳᠤᠷᠬᠠᠢ ᠴᠢᠨᠠᠷ ᠪᠠᠲᠤᠯᠠᠬᠤ ᠬᠤᠭᠤᠴᠠᠭ᠎ᠠ | ᠪᠠᠶᠢᠬᠤ ᠦᠭᠡᠢ ᠪᠣᠯ᠂ ᠬᠠᠳᠠᠭᠠᠯᠠᠬᠤ ᠬᠤᠭᠤᠴᠠᠭ᠎ᠠ ᠶᠢ ᠬᠤᠶᠠᠷ ᠵᠢᠯ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ | ᠬᠤᠷᠢᠨ ᠲᠠᠪᠤᠳᠤᠭᠠᠷ ᠵᠦᠢᠯ ᠶᠠᠮᠠᠷᠪᠠ ᠨᠢᠭᠡᠴᠡ ᠪᠣᠯᠣᠨ ᠬᠤᠪᠢ ᠬᠦᠮᠦᠨ ᠭᠡᠳ ᠳᠤᠤᠷ᠎ᠠ ᠵᠢᠭᠰᠠᠭᠠᠭᠰᠠᠨ ᠦᠢᠯᠡ | ᠠᠵᠢᠯᠯᠠᠭ᠎ᠠ ᠲᠠᠢ ᠪᠠᠶᠢᠵᠤ ᠪᠣᠯᠬᠤ ᠦᠭᠡᠢ᠄ | ︵ᠨᠢᠭᠡ︶ ᠦᠬᠡᠷ ᠬᠤᠨᠢ ᠢᠮᠠᠭ᠎ᠠ᠂ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠳᠤ ᠤᠰᠤ ᠣᠷᠤᠭᠤᠯᠬᠤ ᠪᠣᠶᠣ | ᠪᠤᠰᠤᠳ ᠪᠤᠳᠠᠰ ᠣᠷᠤᠭᠤᠯᠵᠤ ᠪᠣᠯᠬᠤ ᠦᠭᠡᠢ︔ | ︵ᠬᠤᠶᠠᠷ︶ ᠴᠢᠬ ᠲᠣᠭᠲᠠᠭᠠᠭᠰᠠᠨ ᠦᠭᠡᠢ ᠪᠠᠷ ᠦᠬᠡᠷ ᠬᠤᠨᠢ ᠢᠮᠠᠭ᠎ᠠ ᠨᠢᠳᠤᠯᠬᠤ ᠠᠵᠢᠯ ᠡᠷᠬᠢᠯᠡᠵᠦ ᠪᠠᠶᠢᠬᠤ | ᠨᠢᠭᠡᠴᠡ ᠪᠤᠶᠤ ᠬᠤᠪᠢ ᠬᠦᠮᠦᠨ ᠳᠤ ᠦᠬᠡᠷ ᠬᠤᠨᠢ ᠢᠮᠠᠭ᠎ᠠ ᠨᠢᠳᠤᠯᠬᠤ ᠲᠠᠯᠠᠪᠤᠷ ᠪᠣᠶᠣ ᠦᠬᠡᠷ ᠬᠤᠨᠢ ᠢᠮᠠᠭ᠎ᠠ ᠶᠢᠨ ᠠᠰᠢᠭ | ᠰᠢᠮ᠎ᠡ ᠶᠢ ᠬᠠᠳᠠᠭᠠᠯᠠᠬᠤ ᠪᠡᠯᠡᠳᠭᠡᠮᠵᠢ ᠬᠠᠩᠭᠠᠵᠤ ᠪᠣᠯᠬᠤ ᠦᠭᠡᠢ︔ | ︵ᠭᠤᠷᠪᠠ︶ ᠦᠬᠡᠷ ᠬᠤᠨᠢ ᠢᠮᠠᠭ᠎ᠠ᠂ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠳᠤ ᠤᠰᠤ ᠣᠷᠤᠭᠤᠯᠤᠭᠰᠠᠨ | ᠪᠣᠶᠣ ᠪᠤᠰᠤᠳ ᠪᠤᠳᠠᠰ ᠣᠷᠤᠭᠤᠯᠤᠭᠰᠠᠨ ᠨᠢᠭᠡᠴᠡ ᠪᠣᠶᠣ ᠬᠤᠪᠢ ᠬᠦᠮᠦᠨ ᠳᠤ ᠲᠠᠯᠠᠪᠤᠷ ᠬᠠᠩᠭᠠᠵᠤ ᠪᠣᠯᠬᠤ ᠦᠭᠡᠢ᠃ | ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠤᠰᠤ | ᠣᠷᠤᠭᠤᠯᠤᠭᠰᠠᠨ ᠪᠤᠶᠤ ᠪᠤᠰᠤᠳ ᠪᠤᠳᠠᠰ ᠣᠷᠤᠭᠤᠯᠤᠭᠰᠠᠨ ᠦᠬᠡᠷ ᠬᠤᠨᠢ ᠢᠮᠠᠭ᠎ᠠ ᠶᠢ ᠨᠢᠳᠤᠯᠵᠤ ᠪᠣᠯᠬᠤ ᠦᠭᠡᠢ᠃ | ᠬᠤᠷᠢᠨ ᠵᠢᠷᠭᠤᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ | ᠲᠠᠯᠠᠪᠠᠢ︶ ᠨᠢ ᠦᠬᠡᠷ ᠬᠤᠨᠢ ᠢᠮᠠᠭ᠎ᠠ ᠨᠢᠳᠤᠯᠬᠤ ᠠᠮᠦᠷ ᠲᠥᠪᠰᠢᠨ ᠤ ᠦᠪᠡᠷ ᠢᠶᠠᠨ ᠪᠠᠶᠢᠴᠠᠭᠠᠬᠤ ᠳᠦᠷᠢᠮ ᠢ ᠪᠠᠶᠢᠭᠤᠯᠵᠤ᠂ | ᠦᠬᠡᠷ ᠬᠤᠨᠢ ᠢᠮᠠᠭ᠎ᠠ ᠨᠢᠳᠤᠯᠬᠤ ᠠᠮᠦᠷ ᠲᠥᠪᠰᠢᠨ ᠤ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠦᠨᠡᠯᠡᠬᠦ | ᠬᠡᠷᠡᠭᠲᠡᠢ᠃ ᠦᠢᠯᠡᠳᠪᠦᠷᠢᠯᠡᠯ ᠤᠨ ᠨᠦᠬᠦᠴᠡᠯ ᠨᠢ ᠬᠤᠪᠢᠷᠠᠯᠲᠠ ᠭᠠᠷᠴᠤ᠂ ᠦᠬᠡᠷ ᠬᠤᠨᠢ ᠢᠮᠠᠭ᠎ᠠ ᠨᠢᠳᠤᠯᠬᠤ ᠠᠮᠦᠷ | ᠲᠥᠪᠰᠢᠨ ᠤ ᠱᠠᠭᠠᠷᠳᠠᠯᠭ᠎ᠠ ᠳᠤ ᠨᠡᠶᠢᠴᠡᠬᠦ ᠦᠭᠡᠢ ᠪᠣᠯᠣᠭᠰᠠᠨ ᠪᠠᠶᠢᠪᠠᠯ᠂ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ | ᠨᠢᠳᠤᠯᠬᠤ ᠦᠢᠯᠡᠳᠪᠦᠷᠢ ︵ᠲᠠᠯᠠᠪᠠᠢ︶ ᠨᠢ ᠳᠠᠷᠦ᠋ᠢᠬᠠᠨ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ︔ ᠦᠬᠡᠷ | ᠬᠤᠨᠢ ᠢᠮᠠᠭ᠎ᠠ ᠶᠢᠨ ᠠᠰᠢᠭ ᠰᠢᠮ᠎ᠡ ᠶᠢᠨ ᠠᠮᠦᠷ ᠲᠥᠪᠰᠢᠨ ᠤ ᠠᠳᠡᠯ ᠡᠭᠦᠰᠬᠦ ᠳᠠᠯᠳᠠ ᠲᠥᠭᠰᠢᠭᠦᠷᠢ ᠲᠠᠢ ᠪᠠᠶᠢᠪᠠᠯ | ᠳᠠᠷᠦ᠋ᠢᠬᠠᠨ ᠨᠢᠳᠤᠯᠬᠤ ᠠᠵᠢᠯᠯᠠᠭ᠎ᠠ ᠪᠠᠨ ᠵᠣᠭᠰᠤᠭᠠᠬᠤ ᠶᠢᠨ ᠬᠠᠮᠲᠤ᠂ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠳᠤ | ᠮᠡᠳᠡᠭᠦᠯᠬᠦ ᠬᠡᠷᠡᠭᠲᠡᠢ᠃ | ᠬᠤᠷᠢᠨ ᠳᠤᠯᠤᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ | ᠲᠠᠯᠠᠪᠠᠢ︶ ᠨᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠮᠢᠲᠠᠨ ᠤ ᠡᠷᠡᠭᠦᠯ | ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠳᠤ ᠦᠬᠡᠷ ᠬᠤᠨᠢ ᠢᠮᠠᠭ᠎ᠠ ᠬᠤᠳᠠᠯᠳᠤᠨ ᠠᠪᠬᠤ᠂ ᠨᠢᠳᠤᠯᠬᠤ᠂ | ᠪᠤᠷᠤᠯᠠᠭᠤᠯᠬᠤ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠣᠬᠠᠢ ᠳᠤᠨᠢ ᠮᠡᠳᠡᠭᠦᠯᠦᠨ ᠬᠦᠷᠭᠡᠬᠦ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ | ︶ ᠨᠢ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ ᠡᠭᠡᠭᠦᠯᠦᠨ ᠠᠪᠬᠤ ᠳᠦᠷᠢᠮ ᠢ ᠪᠠᠶᠢᠭᠤᠯᠵᠤ᠂ ᠦᠬᠡᠷ ᠬᠤᠨᠢ | ᠢᠮᠠᠭ᠎ᠠ ᠶᠢᠨ ᠠᠰᠢᠭ ᠰᠢᠮ᠎ᠡ ᠳᠤ ᠣᠷᠤᠰᠢᠵᠤ ᠪᠠᠶᠢᠭ᠎ᠠ ᠠᠮᠦᠷ ᠲᠥᠪᠰᠢᠨ ᠤ ᠳᠠᠯᠳᠠ ᠭᠡᠮ ᠢ ᠢᠯᠡᠷᠡᠭᠦᠯᠦᠨ᠂ ᠣᠯᠠᠨ | ᠨᠡᠶᠢᠲᠡ ᠶᠢᠨ ᠡᠷᠡᠭᠦᠯ ᠮᠡᠨᠳᠦ ᠪᠣᠯᠣᠨ ᠠᠮᠢ ᠨᠠᠰᠤᠨ ᠤ ᠠᠮᠦᠷ ᠲᠥᠪᠰᠢᠨ ᠳᠤ ᠬᠤᠬᠢᠷᠠᠯ ᠤᠴᠠᠷᠠᠭᠤᠯᠬᠤ ᠪᠣᠯᠣᠮᠵᠢ ᠲᠠᠢ ᠪᠣᠯ | ᠳᠠᠷᠦ᠋ᠢᠬᠠᠨ ᠦᠢᠯᠡᠳᠪᠦᠷᠢᠯᠡᠯ ᠢᠶᠠᠨ ᠵᠣᠭᠰᠤᠭᠠᠵᠤ᠂ ᠪᠣᠷᠤᠯᠠᠭᠤᠯᠤᠭᠴᠢ ᠪᠣᠯᠣᠨ ᠬᠡᠷᠡᠭᠯᠡᠭᠴᠢ ᠳᠤ ᠮᠡᠳᠡᠭᠳᠡᠬᠦ ᠬᠡᠷᠡᠭᠲᠡᠢ᠂ | ᠨᠢᠭᠡᠨᠲᠡ ᠵᠠᠬ᠎ᠠ ᠳᠡᠯᠭᠡᠭᠦᠷ ᠲᠤ ᠭᠠᠷᠭᠠᠵᠤ ᠪᠣᠷᠤᠯᠠᠭᠤᠯᠤᠭᠰᠠᠨ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ ᠡᠭᠡᠭᠦᠯᠦᠨ | ᠠᠪᠬᠤ ᠶᠢᠨ ᠬᠠᠮᠲᠤ᠂ ᠡᠭᠡᠭᠦᠯᠦᠨ ᠠᠪᠤᠬᠰᠠᠨ ᠪᠠ ᠮᠡᠳᠡᠭᠳᠡᠭᠰᠡᠨ ᠪᠠᠶᠢᠳᠠᠯ ᠢᠶᠠᠨ ᠲᠡᠮᠲᠡᠭᠯᠡᠵᠦ᠂ ᠡᠭᠡᠭᠦᠯᠦᠨ ᠠᠪᠤᠬᠰᠠᠨ ᠦᠬᠡᠷ | ᠬᠤᠨᠢ ᠢᠮᠠᠭ᠎ᠠ ᠶᠢᠨ ᠠᠰᠢᠭ ᠰᠢᠮ᠎ᠡ ᠶᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠬᠡᠷᠡᠭᠲᠡᠢ᠃ | ᠬᠤᠷᠢ ᠶᠢᠰᠦᠳᠦᠭᠡᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ | ᠨᠢ ᠤᠯᠤᠰ ᠤᠨ ᠲᠣᠭᠲᠠᠭᠠᠯ ᠶᠤᠰᠤᠭᠠᠷ ᠡᠪᠡᠳᠴᠢᠨ ᠬᠢᠵᠢᠭ ᠲᠠᠢ ᠦᠬᠡᠷ ᠬᠤᠨᠢ ᠢᠮᠠᠭ᠎ᠠ ᠵᠢᠴᠢ ᠦᠬᠡᠷ ᠬᠤᠨᠢ ᠢᠮᠠᠭ᠎ᠠ ᠶᠢᠨ | ᠠᠰᠢᠭ ᠰᠢᠮ᠎ᠡ ᠶᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠬᠡᠷᠡᠭᠲᠡᠢ᠃ ᠬᠤᠣᠷ ᠦᠭᠡᠶᠢᠳᠡᠭᠦᠯᠦᠨ ᠰᠢᠢᠳᠪᠦᠷᠢᠯᠡᠬᠦ ᠵᠠᠷᠤᠳᠠᠯ | ᠪᠣᠯᠣᠨ ᠬᠤᠬᠢᠷᠠᠯ ᠢ ᠤᠯᠤᠰ ᠪᠠ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠤᠨ ᠲᠣᠭᠲᠠᠭᠠᠯ | ᠶᠤᠰᠤᠭᠠᠷ ᠨᠦᠬᠦᠪᠦᠷᠢᠯᠡᠬᠦ ᠬᠡᠷᠡᠭᠲᠡᠢ᠃ | ᠳᠦᠷᠪᠡᠳᠦᠭᠡᠷ ᠪᠦᠯᠦᠭ ᠲᠣᠭᠲᠠᠭᠰᠠᠨ ᠭᠠᠵᠠᠷ ᠲᠤ ᠨᠢᠲᠦᠯᠤᠬᠰᠠᠨ ᠦᠬᠡᠷ ᠬᠤᠨᠢ ᠢᠮᠠᠭ᠎ᠠ ᠶᠢᠨ ᠬᠢᠵᠢᠭ ᠢ | ᠪᠠᠶᠢᠴᠠᠭᠠᠨ ᠰᠢᠯᠭᠠᠬᠤ | ᠭᠤᠴᠢᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ | ᠨᠢᠲᠦᠯᠦᠬᠰᠠᠨ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢᠨ ᠶᠠᠰᠤ ᠴᠢᠨᠠᠷ ᠢ ᠡᠵᠡᠮᠳᠡᠬᠦ ᠰᠢᠰᠲ᠋ᠧᠮᠵᠢ ᠶᠢ ᠪᠠᠶᠢᠭᠤᠯᠵᠤ᠂ | ᠦᠬᠡᠷ ᠬᠤᠨᠢ ᠢᠮᠠᠭ᠎ᠠ ᠨᠢᠳᠤᠯᠵᠤ ᠬᠢᠵᠢᠭ ᠪᠠᠶᠢᠴᠠᠭᠠᠨ ᠰᠢᠯᠭᠠᠬᠤ ᠬᠠᠷᠢᠭᠤᠴᠠᠯᠭᠠᠲᠠᠨ ᠢ ᠲᠤᠳᠤᠷᠬᠠᠶᠢᠯᠠᠬᠤ ᠬᠡᠷᠡᠭᠲᠡᠢ᠃ | ᠭᠤᠴᠢᠨ ᠨᠢᠭᠡᠳᠦᠭᠡᠷ ᠵᠦᠢᠯ ᠰᠢᠯᠭᠠᠨ ᠬᠢᠨᠠᠬᠤ ᠳᠤ ᠬᠢᠷᠢ ᠲᠡᠩᠴᠡᠭᠰᠡᠨ ᠲᠣᠭᠲᠠᠭᠰᠠᠨ ᠭᠠᠵᠠᠷ ᠲᠤ ᠦᠬᠡᠷ ᠬᠤᠨᠢ | ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠶᠢᠨ ᠬᠢᠵᠢᠭ ᠪᠠᠶᠢᠴᠠᠭᠠᠨ ᠰᠢᠯᠭᠠᠬᠤ ᠠᠵᠢᠯᠲᠠᠨ ᠨᠢ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠲᠣᠭᠲᠠᠭᠠᠭᠰᠠᠨ ᠬᠢᠵᠢᠭ | ᠪᠠᠶᠢᠴᠠᠭᠠᠨ ᠰᠢᠯᠭᠠᠬᠤ ᠳᠦᠷᠢᠮ ᠲᠣᠭᠲᠠᠭᠠᠯ ᠶᠤᠰᠤᠭᠠᠷ᠂ ᠨᠢᠳᠤᠯᠤᠭᠰᠠᠨ ᠦᠬᠡᠷ ᠬᠤᠨᠢ ᠢᠮᠠᠭ᠎ᠠ ᠳᠤ ᠵᠡᠷᠭᠡᠪᠡᠷ ᠬᠢᠵᠢᠭ | ᠪᠠᠶᠢᠴᠠᠭᠠᠨ ᠰᠢᠯᠭᠠᠬᠤ ᠶᠢᠨ ᠬᠠᠮᠲᠤ᠂ ᠬᠢᠵᠢᠭ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠪᠢᠴᠢᠬᠦ ᠬᠡᠷᠡᠭᠲᠡᠢ᠃ | ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠶᠢᠨ ᠬᠢᠵᠢᠭ ᠪᠠᠶᠢᠴᠠᠭᠠᠨ | ᠰᠢᠯᠭᠠᠬᠤ ᠠᠵᠢᠯᠲᠠᠨ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠦᠴᠢᠷ ᠤᠨ ᠲᠣᠭᠲᠠᠭᠠᠯ ᠶᠤᠰᠤᠭᠠᠷ᠂ ᠬᠢᠵᠢᠭ ᠪᠠᠶᠢᠴᠠᠭᠠᠨ ᠰᠢᠯᠭᠠᠭᠰᠠᠨ ᠶᠠᠪᠤᠴᠠ ᠪᠣᠯᠣᠨ ᠦᠷ᠎ᠡ ᠳ᠋ᠦᠩ ᠢ ᠦᠨᠡᠨ | ᠪᠣᠲᠠᠲᠠᠢ ᠪᠠᠷ ᠲᠡᠮᠲᠡᠭᠯᠡᠬᠦ ᠶᠢᠨ ᠬᠠᠮᠲᠤ᠂ ᠬᠢᠵᠢᠭ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠳᠤ ᠬᠠᠷᠢᠭᠤᠴᠠᠯᠭ᠎ᠠ ᠡᠭᠦᠷᠭᠡᠯᠡᠬᠦ | ᠬᠡᠷᠡᠭᠲᠡᠢ᠃ | ᠭᠤᠴᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠢᠲᠠᠨ ᠤ | ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ | ᠦᠢᠯᠡᠳᠪᠦᠷᠢ ︵ᠲᠠᠯᠠᠪᠠᠢ︶ ᠳᠤ ᠠᠯᠪᠠᠨ ᠤ ᠮᠠᠯ ᠤᠨ ᠡᠮᠴᠢ ᠶᠢ ᠲᠣᠮᠢᠯᠠᠨ ᠰᠠᠭᠤᠯᠭᠠᠵᠤ᠂ ᠦᠬᠡᠷ ᠬᠤᠨᠢ ᠢᠮᠠᠭ᠎ᠠ ᠨᠢᠳᠤᠯᠵᠤ | ᠬᠢᠵᠢᠭ ᠪᠠᠶᠢᠴᠠᠭᠠᠨ ᠰᠢᠯᠭᠠᠬᠤ ᠶᠠᠪᠤᠴᠠ ᠶᠢ ᠲᠣᠭᠤᠷᠢᠨ ᠬᠢᠨᠠᠬᠤ ᠪᠠ ᠰᠤᠭᠤᠴᠠᠨ ᠪᠠᠶᠢᠴᠠᠭᠠᠬᠤ ᠬᠡᠷᠡᠭᠲᠡᠢ᠃ | ᠠᠯᠪᠠᠨ ᠤ ᠮᠠᠯ ᠤᠨ ᠡᠮᠴᠢ ᠠᠴᠠ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ | ᠲᠠᠯᠠᠪᠠᠢ︶ ᠶᠢᠨ ᠭᠠᠷᠭᠠᠭᠰᠠᠨ ᠬᠢᠵᠢᠭ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠶᠢ ᠬᠢᠨᠠᠨ ᠬᠠᠷᠭᠤᠭᠤᠯᠵᠤ᠂ ᠦᠯᠢᠭᠡᠷ ᠠᠪᠴᠤ | ᠪᠠᠶᠢᠴᠠᠭᠠᠨ ᠰᠢᠯᠭᠠᠬᠤ᠂ ᠲᠣᠭᠤᠷᠢᠨ ᠬᠢᠨᠠᠬᠤ ᠵᠡᠷᠭᠡ ᠠᠷᠭ᠎ᠠ ᠬᠡᠮᠵᠢᠶ᠎ᠡ ᠯᠦᠭᠡ ᠤᠶᠠᠯᠳᠤᠭᠤᠯᠵᠤ ᠢᠯᠭᠠᠨ ᠲᠣᠭᠲᠠᠭᠠᠨ᠂ | ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠳᠤ ︽ᠠᠮᠢᠲᠠᠨ ᠤ ᠬᠢᠵᠢᠭ | ᠪᠠᠶᠢᠴᠠᠭᠠᠬᠤ ᠳᠤ ᠬᠢᠷᠢ ᠲᠡᠩᠴᠡᠭᠰᠡᠨ ᠭᠡᠷᠡᠴᠢ︾ ᠭᠠᠷᠭᠠᠵᠤ ᠥᠭᠬᠦ ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠳᠤ ᠬᠢᠵᠢᠭ ᠪᠠᠶᠢᠴᠠᠭᠠᠨ ᠰᠢᠯᠭᠠᠭᠰᠠᠨ | ᠦᠭᠡᠢ ᠪᠣᠶᠣ ᠬᠢᠵᠢᠭ ᠪᠠᠶᠢᠴᠠᠭᠠᠨ ᠰᠢᠯᠭᠠᠬᠤ ᠳᠤ ᠬᠢᠷᠢ ᠲᠡᠩᠴᠡᠭᠰᠡᠨ ᠦᠭᠡᠢ ᠪᠣᠯ ᠲᠣᠭᠲᠠᠭᠰᠠᠨ ᠭᠠᠵᠠᠷ ᠲᠤ ᠦᠬᠡᠷ ᠬᠤᠨᠢ | ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠠᠴᠠ ᠭᠠᠷᠭᠠᠵᠤ ᠪᠣᠯᠬᠤ ᠦᠭᠡᠢ᠃ | ᠭᠤᠴᠢᠨ ᠳᠦᠷᠪᠡᠳᠦᠭᠡᠷ ᠵᠦᠢᠯ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ ᠪᠣᠷᠤᠯᠠᠭᠤᠯᠬᠤ᠂ ᠮᠢᠬᠠᠨ ᠢᠳᠡᠭᠡᠨ ᠤ | ᠵᠦᠢᠯ ᠦᠢᠯᠡᠳᠪᠦᠷᠢᠯᠡᠨ ᠡᠳ᠋ᠰᠢᠭᠦᠯᠬᠦ ᠠᠵᠢᠯ ᠢ ᠡᠷᠬᠢᠯᠡᠵᠦ ᠪᠠᠶᠢᠭ᠎ᠠ ᠨᠢᠭᠡᠴᠡ ᠪᠣᠯᠣᠨ ᠬᠤᠪᠢ ᠬᠦᠮᠦᠨ ᠵᠢᠴᠢ ᠢᠳᠡᠭᠡᠨ | ᠤᠮᠳᠠᠭᠠᠨ ᠤ ᠦᠢᠯᠡᠴᠢᠯᠡᠭᠡᠨ ᠤ ᠡᠵᠡᠩᠨᠡᠭᠴᠢ᠂ ᠨᠡᠶᠢᠲᠡ ᠶᠢᠨ ᠬᠤᠭᠤᠯᠠ ᠶᠢᠨ ᠨᠢᠭᠡᠴᠡ ᠨᠦᠭᠦᠳ ᠲᠣᠭᠲᠠᠭᠠᠯ ᠶᠤᠰᠤᠭᠠᠷ | ᠬᠢᠵᠢᠭ ᠪᠠᠶᠢᠴᠠᠭᠠᠭᠰᠠᠨ ᠦᠭᠡᠢ ᠪᠣᠶᠣ ᠬᠢᠵᠢᠭ ᠪᠠᠶᠢᠴᠠᠭᠠᠬᠤ ᠳᠤ ᠬᠢᠷᠢ ᠲᠡᠩᠴᠡᠭᠰᠡᠨ ᠦᠭᠡᠢ ᠦᠬᠡᠷ ᠬᠤᠨᠢ ᠢᠮᠠᠭ᠎ᠠ ᠶᠢᠨ | ᠠᠰᠢᠭ ᠰᠢᠮ᠎ᠡ ᠶᠢ ᠡᠵᠡᠩᠨᠡᠵᠦ ᠪᠣᠯᠬᠤ ᠦᠭᠡᠢ᠂ ᠡᠰᠡᠭᠦᠯ᠎ᠡ ᠪᠠᠶᠢᠴᠠᠭᠠᠨ ᠰᠢᠯᠭᠠᠭᠰᠠᠨ ᠦᠭᠡᠢ ᠪᠣᠶᠣ ᠪᠠᠶᠢᠴᠠᠭᠠᠨ ᠰᠢᠯᠭᠠᠬᠤ ᠳᠤ | ᠬᠢᠷᠢ ᠲᠡᠩᠴᠡᠭᠰᠡᠨ ᠦᠭᠡᠢ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ ᠦᠢᠯᠡᠳᠪᠦᠷᠢᠯᠡᠨ ᠡᠵᠡᠩᠨᠡᠵᠦ ᠪᠣᠯᠬᠤ ᠦᠭᠡᠢ᠃ | ᠲᠠᠪᠤᠳᠤᠭᠠᠷ ᠪᠦᠯᠦᠭ ᠬᠢᠨᠠᠯᠲᠠ ᠬᠠᠮᠢᠶᠠᠷᠤᠯᠲᠠ | ᠭᠤᠴᠢᠨ ᠲᠠᠪᠤᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠠᠯ | ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠤᠯᠤᠰ ᠤᠨ ᠦᠬᠡᠷ ᠬᠤᠨᠢ ᠢᠮᠠᠭ᠎ᠠ ᠨᠢᠳᠤᠯᠬᠤ ᠶᠠᠰᠤ | ᠴᠢᠨᠠᠷ ᠤᠨ ᠠᠮᠦᠷ ᠲᠥᠪᠰᠢᠨ ᠢ ᠬᠢᠨᠠᠨ ᠡᠵᠡᠮᠳᠡᠬᠦ ᠲᠦᠯᠦᠪᠯᠡᠭᠡ ᠶᠢ ᠦᠨᠳᠦᠰᠦᠯᠡᠵᠦ᠂ ᠦᠪᠡᠷᠲᠡᠭᠡᠨ ᠵᠠᠰᠠᠬᠤ ᠣᠷᠣᠨ ᠤ | ᠦᠬᠡᠷ ᠬᠤᠨᠢ ᠢᠮᠠᠭ᠎ᠠ ᠨᠢᠳᠤᠯᠬᠤ ᠶᠠᠰᠤ ᠴᠢᠨᠠᠷ ᠤᠨ ᠠᠮᠦᠷ ᠲᠥᠪᠰᠢᠨ ᠢ ᠬᠢᠨᠠᠨ ᠡᠵᠡᠮᠳᠡᠬᠦ ᠲᠦᠰᠦᠯ ᠢ ᠲᠣᠭᠲᠠᠭᠠᠬᠤ ᠪᠠ | ᠬᠡᠷᠡᠭᠵᠢᠭᠦᠯᠬᠦ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠨᠢᠳᠤᠯᠬᠤ ᠭᠤᠭᠴᠤᠭ᠎ᠠ ᠳᠠᠬᠢ ᠦᠬᠡᠷ ᠬᠤᠨᠢ ᠢᠮᠠᠭ᠎ᠠ ᠶᠢᠨ ᠠᠰᠢᠭ | ᠰᠢᠮ᠎ᠡ ᠶᠢᠨ ᠶᠠᠰᠤ ᠴᠢᠨᠠᠷ ᠤᠨ ᠠᠮᠦᠷ ᠲᠥᠪᠰᠢᠨ ᠤ ᠣᠨ ᠤ ᠰᠤᠭᠤᠴᠠᠨ ᠪᠠᠶᠢᠴᠠᠭᠠᠬᠤ ᠲᠦᠯᠦᠪᠯᠡᠭᠡ ᠶᠢ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ | ᠭᠤᠴᠢᠨ ᠵᠢᠷᠭᠤᠳᠤᠭᠠᠷ ᠵᠦᠢᠯ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠦᠬᠡᠷ | ᠬᠤᠨᠢ ᠢᠮᠠᠭ᠎ᠠ ᠨᠢᠳᠤᠯᠬᠤ ᠠᠵᠢᠯᠯᠠᠭ᠎ᠠ ᠳᠤ ᠬᠠᠤᠯᠢ ᠶᠤᠰᠤᠭᠠᠷ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠳᠤ ᠳᠣᠣᠷ᠎ᠠ | ᠵᠢᠭᠰᠠᠭᠠᠭᠰᠠᠨ ᠠᠷᠭ᠎ᠠ ᠬᠡᠮᠵᠢᠶ᠎ᠡ ᠶᠢ ᠠᠪᠴᠤ ᠪᠣᠯᠣᠨ᠎ᠠ᠄ | ︵ᠨᠢᠭᠡ︶ ᠦᠬᠡᠷ ᠬᠤᠨᠢ ᠢᠮᠠᠭ᠎ᠠ ᠨᠢᠳᠤᠯᠬᠤ ᠵᠡᠷᠭᠡ ᠬᠤᠯᠪᠣᠭᠳᠠᠯ ᠪᠦᠬᠦᠢ ᠲᠠᠯᠠᠪᠣᠷ ᠲᠤ ᠣᠴᠢᠵᠤ ᠲᠣᠬᠠᠢ ᠶᠢᠨ | ᠭᠠᠵᠠᠷ ᠲᠤᠨᠢ ᠬᠢᠨᠠᠨ ᠪᠠᠶᠢᠴᠠᠭᠠᠬᠤ ᠠᠵᠢᠯ ᠢ ᠬᠡᠷᠡᠭᠵᠢᠭᠦᠯᠬᠦ︔ | ︵ᠬᠤᠶᠠᠷ︶ ᠬᠤᠯᠪᠣᠭᠳᠠᠯ ᠪᠦᠬᠦᠢ ᠨᠢᠭᠡᠴᠡ ᠪᠣᠯᠣᠨ ᠬᠤᠪᠢ ᠬᠦᠮᠦᠨ ᠠᠴᠠ ᠪᠠᠶᠢᠳᠠᠯ ᠢ ᠣᠶᠢᠯᠠᠭᠠᠬᠤ︔ | ︵ᠭᠤᠷᠪᠠ︶ ᠬᠤᠯᠪᠣᠭᠳᠠᠯ ᠪᠦᠬᠦᠢ ᠲᠡᠮᠲᠡᠭᠯᠡᠯ᠂ ᠫᠢᠶᠤᠤ ᠪᠠᠷᠢᠮᠲᠠ ᠵᠢᠴᠢ ᠪᠤᠰᠤᠳ ᠮᠠᠲ᠋ᠧᠷᠢᠶᠠᠯ ᠢ ᠡᠷᠢᠵᠦ ᠦᠵᠡᠬᠦ᠂ | ᠪᠠᠭᠤᠯᠭᠠᠬᠤ︔ | ︵ᠳᠥᠷᠪᠡ︶ ᠦᠬᠡᠷ ᠬᠤᠨᠢ ᠢᠮᠠᠭ᠎ᠠ᠂ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠠᠴᠠ ᠲᠣᠭᠲᠠᠭᠠᠯ ᠶᠤᠰᠤᠭᠠᠷ | ᠦᠯᠢᠭᠡᠷ ᠠᠪᠬᠤ᠂ ᠦᠯᠡᠳᠡᠭᠡᠨ ᠰᠢᠯᠭᠠᠬᠤ᠂ ᠰᠤᠭᠤᠴᠠᠨ ᠪᠠᠶᠢᠴᠠᠭᠠᠬᠤ︔ | ︵ᠲᠠᠪᠤ︶ ᠬᠢᠨᠠᠯᠲᠠ ᠲᠠᠯᠪᠢᠵᠤ ᠰᠤᠭᠤᠴᠠᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠬᠤᠣᠷ ᠬᠦᠨᠦᠭᠡᠯ ᠲᠠᠢ | ᠪᠤᠳᠠᠰ ᠠᠭᠤᠯᠤᠭᠰᠠᠨ ᠪᠣᠶᠣ ᠠᠭᠤᠯᠵᠤ ᠪᠠᠶᠢᠬᠤ ᠰᠡᠵᠢᠭ ᠲᠠᠢ ᠦᠬᠡᠷ ᠬᠤᠨᠢ ᠢᠮᠠᠭ᠎ᠠ᠂ ᠦᠬᠡᠷ ᠬᠤᠨᠢ ᠢᠮᠠᠭ᠎ᠠ ᠶᠢᠨ ᠠᠰᠢᠭ | ᠰᠢᠮ᠎ᠡ ᠳᠤ ᠭᠡᠷᠡᠴᠢ ᠪᠠᠷᠢᠮᠲᠠ ᠶᠢ ᠬᠠᠮᠠᠭᠠᠯᠠᠬᠤ ᠠᠷᠭ᠎ᠠ ᠬᠡᠮᠵᠢᠶ᠎ᠡ ᠬᠡᠷᠡᠭᠯᠡᠬᠦ ᠬᠡᠷᠡᠭᠲᠡᠢ᠃ | ᠭᠤᠴᠢᠨ ᠳᠤᠯᠤᠳᠤᠭᠠᠷ ᠵᠦᠢᠯ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠬᠠᠤᠯᠢ | ᠬᠡᠷᠡᠭᠵᠢᠭᠦᠯᠦᠭᠴᠢ ᠨᠢ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠳᠡᠭᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠦᠨᠡᠮᠯᠡᠯ ᠢᠶᠠᠨ ᠭᠠᠷᠭᠠᠬᠤ ᠬᠡᠷᠡᠭᠲᠡᠢ᠃ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠬᠠᠤᠯᠢ | ᠶᠤᠰᠤᠭᠠᠷ ᠬᠢᠬᠦ ᠬᠢᠨᠠᠨ ᠪᠠᠶᠢᠴᠠᠭᠠᠯᠲᠠ ᠳᠤ ᠬᠤᠯᠪᠤᠭᠳᠠᠯ ᠪᠦᠬᠦᠢ ᠨᠢᠭᠡᠴᠡ ᠪᠣᠯᠣᠨ ᠬᠤᠪᠢ ᠬᠦᠮᠦᠨ ᠬᠠᠮᠵᠢᠯᠴᠠᠬᠤ ᠬᠡᠷᠡᠭᠲᠡᠢ᠂ | ᠲᠡᠪᠴᠢᠬᠦ ᠪᠠ ᠬᠠᠷᠰᠢᠯᠠᠵᠤ ᠪᠣᠯᠬᠤ ᠦᠭᠡᠢ᠃ | ᠭᠤᠴᠢᠨ ᠨᠠᠢᠮᠠᠳᠤᠭᠠᠷ ᠵᠦᠢᠯ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠬᠢᠨᠠᠨ | ᠪᠠᠶᠢᠴᠠᠭᠠᠬᠤ ᠳᠤᠮᠳᠠ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠲᠤᠰ | ᠠᠷᠭ᠎ᠠ ᠳᠤ ᠲᠣᠭᠲᠠᠭᠠᠭᠰᠠᠨ ᠨᠦᠬᠦᠴᠡᠯ ᠢ ᠪᠦᠷᠢᠯᠳᠦᠭᠦᠯᠬᠦ ᠪᠠᠨ ᠪᠣᠯᠢᠭᠰᠠᠨ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ | ᠬᠢᠵᠠᠭᠠᠷᠯᠠᠵᠦ ᠴᠡᠭᠴᠡᠯᠡᠨ ᠵᠠᠯᠠᠷᠠᠭᠤᠯᠬᠤ ᠬᠡᠷᠡᠭᠲᠡᠢ︔ ᠬᠤᠭᠤᠴᠠᠭ᠎ᠠ ᠨᠢ ᠦᠩᠭᠡᠷᠡᠭᠡᠳ ᠮᠦᠨᠬᠦ ᠲᠤᠰ ᠠᠷᠭ᠎ᠠ ᠳᠤ | ᠲᠣᠭᠲᠠᠭᠠᠭᠰᠠᠨ ᠨᠦᠬᠦᠴᠡᠯ ᠳᠤ ᠬᠦᠷᠴᠦ ᠳᠡᠶᠢᠯᠦᠭᠰᠡᠨ ᠦᠭᠡᠢ ᠪᠣᠯ᠂ ᠣᠣᠯ ᠤᠨ ᠦᠨᠡᠮᠯᠡᠯ ᠣᠯᠭᠤᠭᠰᠠᠨ ᠪᠠᠶᠢᠭᠤᠯᠭ᠎ᠠ ᠠᠴᠠ | ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠨᠡᠮᠯᠡᠯ ᠢ ᠬᠦᠴᠦᠨ ᠦᠭᠡᠢ ᠪᠣᠯᠭᠠᠬᠤ ᠪᠠ ᠲᠣᠭᠲᠠᠭᠰᠠᠨ | ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠲᠡᠮᠲᠡᠭ ᠫᠠᠶᠢᠰᠠ ᠶᠢ ᠨᠢ ᠬᠤᠷᠢᠶᠠᠨ ᠠᠪᠬᠤ ᠬᠡᠷᠡᠭᠲᠡᠢ᠃ | ᠭᠤᠴᠢ ᠶᠢᠰᠦᠳᠦᠭᠡᠷ ᠵᠦᠢᠯ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠬᠢᠨᠠᠨ | ᠪᠠᠶᠢᠴᠠᠭᠠᠬᠤ ᠳᠤ ᠦᠬᠡᠷ ᠬᠤᠨᠢ ᠢᠮᠠᠭ᠎ᠠ ᠨᠢᠳᠤᠯᠬᠤ ᠠᠵᠢᠯᠯᠠᠭ᠎ᠠ ᠨᠢ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠪᠠᠯ ᠬᠠᠤᠯᠢ | ᠶᠤᠰᠤᠭᠠᠷ ᠲᠣᠳᠤᠭᠠᠲᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ᠬᠡᠷᠡᠭᠲᠡᠢ᠃ | ᠵᠢᠷᠭᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠳᠦᠴᠢᠳᠦᠭᠡᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠦᠷᠢᠴᠡᠵᠦ᠂ ᠴᠢᠬ ᠲᠣᠭᠲᠠᠭᠠᠭᠰᠠᠨ ᠦᠭᠡᠢ ᠪᠠᠷ ᠦᠬᠡᠷ | ᠬᠤᠨᠢ ᠢᠮᠠᠭ᠎ᠠ ᠨᠢᠳᠤᠯᠬᠤ ᠠᠵᠢᠯᠯᠠᠭ᠎ᠠ ᠡᠷᠬᠢᠯᠡᠪᠡᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠲᠥᠷᠥ ᠶᠢᠨ ᠶᠠᠪᠤᠳᠠᠯ ᠤᠨ | ᠬᠤᠷᠢᠶ᠎ᠠ ᠶᠢᠨ ︽ᠠᠮᠢᠳᠤ ᠭᠠᠭ᠋ᠠᠢ ᠨᠢᠳᠤᠯᠬᠤ ᠬᠠᠮᠢᠶᠠᠷᠤᠯᠲᠠ ᠶᠢᠨ ᠳᠦᠷᠢᠮ︾ ᠤᠨ ᠬᠤᠷᠢᠨ ᠳᠦᠷᠪᠡᠳᠦᠭᠡᠷ ᠵᠦᠢᠯ ᠤᠨ | ᠨᠢᠭᠡᠳᠦᠭᠡᠷ ᠵᠣᠷᠪᠤᠰ ᠤᠨ ᠲᠣᠭᠲᠠᠭᠠᠯ ᠶᠤᠰᠤᠭᠠᠷ ᠰᠢᠳᠭᠡᠨ ᠲᠣᠷᠭᠠᠬᠤ ᠬᠡᠷᠡᠭᠲᠡᠢ᠃ | ᠬᠠᠭᠤᠷᠮᠠᠭ ᠢᠶᠠᠷ ᠵᠣᠬᠢᠶᠠᠭᠰᠠᠨ᠂ ᠦᠭᠡᠷᠡᠴᠢᠯᠡᠨ ᠵᠣᠬᠢᠶᠠᠭᠰᠠᠨ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ | ᠨᠢᠳᠣᠯᠬᠤ ᠦᠨᠡᠮᠯᠡᠯ ᠪᠤᠶᠤ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠲᠡᠮᠲᠡᠭ ᠫᠠᠶᠢᠰᠠ ᠶᠢ | ᠬᠠᠭᠤᠷᠮᠠᠭᠯᠠᠨ ᠬᠡᠷᠡᠭᠯᠡᠬᠦ ᠪᠤᠶᠤ ᠬᠡᠷᠡᠭᠯᠡᠪᠡᠯ᠂ ᠳᠡᠭᠡᠷᠡᠬᠢ ᠵᠣᠷᠪᠤᠰ ᠤᠨ ᠲᠣᠭᠲᠠᠭᠠᠯ ᠶᠤᠰᠤᠭᠠᠷ ᠰᠢᠳᠭᠡᠨᠲ᠋ᠣᠷᠭᠠᠬᠤ ᠬᠡᠷᠡᠭᠲᠡᠢ᠃ | ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠲᠣᠭᠲᠠᠭᠰᠠᠨ | ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠨᠡᠮᠯᠡᠯ ᠪᠤᠶᠤ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ | ᠲᠡᠮᠲᠡᠭ ᠫᠠᠶᠢᠰᠠ ᠶᠢ ᠳᠦᠷᠢᠶᠡᠰᠦᠯᠡᠭᠦᠯᠬᠦ᠂ ᠵᠢᠭᠡᠯᠡᠭᠦᠯᠬᠦ᠂ ᠰᠢᠯᠵᠢᠭᠦᠯᠦᠨ ᠥᠭᠭᠦᠭᠰᠡᠨ ᠪᠠᠶᠢᠪᠠᠯ᠂ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ | ᠪᠠᠶᠢᠭᠤᠯᠤᠮᠵᠢ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠠᠮᠢᠳᠤ ᠭᠠᠭ᠋ᠠᠢ ᠨᠢᠳᠤᠯᠬᠤ ᠬᠠᠮᠢᠶᠠᠷᠤᠯᠲᠠ ᠶᠢᠨ ᠳᠦᠷᠢᠮ︾ | ᠤᠨ ᠬᠤᠷᠢᠨ ᠳᠦᠷᠪᠡᠳᠦᠭᠡᠷ ᠵᠦᠢᠯ ᠤᠨ ᠭᠤᠷᠪᠠᠳᠤᠭᠠᠷ ᠵᠣᠷᠪᠤᠰ ᠤᠨ ᠲᠣᠭᠲᠠᠭᠠᠯ ᠶᠤᠰᠤᠭᠠᠷ ᠰᠢᠳᠭᠡᠨ ᠲᠣᠷᠭᠠᠬᠤ ᠬᠡᠷᠡᠭᠲᠡᠢ᠃ | | ᠳᠦᠴᠢᠨ ᠨᠢᠭᠡᠳᠦᠭᠡᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ | ᠨᠢ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠲᠥᠷᠥ ᠶᠢᠨ ᠶᠠᠪᠤᠳᠠᠯ | ᠤᠨ ᠬᠤᠷᠢᠶ᠎ᠠ ᠶᠢᠨ ︽ᠠᠮᠢᠳᠤ ᠭᠠᠭ᠋ᠠᠢ ᠨᠢᠳᠣᠯᠬᠤ ᠬᠠᠮᠢᠶᠠᠷᠤᠯᠲᠠ ᠶᠢᠨ ᠳᠦᠷᠢᠮ︾ ᠤᠨ ᠬᠤᠷᠢᠨ ᠲᠠᠪᠤᠳᠤᠭᠠᠷ ᠵᠦᠢᠯ ᠤᠨ | ᠲᠣᠭᠲᠠᠭᠠᠯ ᠶᠤᠰᠤᠭᠠᠷ ᠰᠢᠳᠭᠡᠨ ᠲᠣᠷᠭᠠᠬᠤ ᠬᠡᠷᠡᠭᠲᠡᠢ᠄ | ︵ᠨᠢᠭᠡ︶ ᠤᠯᠤᠰ᠂ ᠦᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠢᠯ ᠲᠦᠷᠦᠯ ᠤᠨ ᠪᠠᠷᠢᠮᠵᠢᠶ᠎ᠠ᠂ | ᠮᠡᠷᠭᠡᠵᠢᠯ ᠤᠨ ᠵᠢᠷᠤᠮᠵᠢᠯ ᠪᠣᠯᠣᠨ ᠠᠵᠢᠯᠯᠠᠭᠠᠨ ᠤ ᠳᠦᠷᠢᠮ ᠶᠤᠰᠤᠭᠠᠷ ᠦᠢᠯᠡᠳᠪᠦᠷᠢᠯᠡᠯ ᠢᠶᠠᠨ ᠵᠣᠬᠢᠶᠠᠨ ᠪᠠᠶᠢᠭᠤᠯᠤᠭᠰᠠᠨ | ᠦᠭᠡᠢ︔ | ︵ᠬᠤᠶᠠᠷ︶ ᠨᠢᠳᠤᠯᠬᠤ ᠦᠬᠡᠷ ᠬᠤᠨᠢ ᠢᠮᠠᠭ᠎ᠠ ᠶᠢᠨ ᠢᠷᠡᠯᠲᠡ᠂ ᠲᠤᠭ᠎ᠠ ᠲᠤᠯᠤᠭᠠᠢ ᠪᠣᠯᠣᠨ ᠦᠬᠡᠷ ᠬᠤᠨᠢ | ᠢᠮᠠᠭ᠎ᠠ ᠶᠢᠨ ᠠᠰᠢᠭ ᠰᠢᠮ᠎ᠡ ᠶᠢᠨ ᠭᠦᠢᠯᠭᠡᠭᠡᠨ ᠤ ᠬᠠᠨᠳᠤᠰᠢ ᠶᠢ ᠦᠨᠡᠨ ᠪᠤᠲᠠᠲᠠᠢ ᠪᠠᠷ ᠲᠡᠮᠲᠡᠭᠯᠡᠭᠰᠡᠨ ᠦᠭᠡᠢ︔ | ︵ᠭᠤᠷᠪᠠ︶ ᠤᠯᠤᠰ ᠤᠨ ᠲᠣᠭᠲᠠᠭᠠᠯ ᠶᠤᠰᠤᠭᠠᠷ ᠡᠪᠡᠳᠴᠢᠨ ᠬᠢᠵᠢᠭ ᠲᠠᠢ ᠦᠬᠡᠷ ᠬᠤᠨᠢ ᠢᠮᠠᠭ᠎ᠠ ᠵᠢᠴᠢ ᠦᠬᠡᠷ | ᠬᠤᠨᠢ ᠢᠮᠠᠭ᠎ᠠ ᠶᠢᠨ ᠠᠰᠢᠭ ᠰᠢᠮ᠎ᠡ ᠶᠢ ᠬᠤᠣᠷ ᠦᠭᠡᠶᠢᠳᠡᠭᠦᠯᠦᠨ ᠰᠢᠢᠳᠪᠦᠷᠢᠯᠡᠭᠰᠡᠨ ᠦᠭᠡᠢ᠃ | ᠳᠦᠴᠢᠨ ᠬᠤᠶᠠᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ | ᠲᠠᠯᠠᠪᠠᠢ︶ ᠨᠢ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠳᠤ ᠠᠮᠦᠷ ᠲᠥᠪᠰᠢᠨ ᠤ ᠳᠠᠯᠳᠠ ᠭᠡᠮ ᠣᠷᠤᠰᠢᠵᠤ᠂ ᠣᠯᠠᠨ | ᠨᠡᠶᠢᠲᠡ ᠶᠢᠨ ᠡᠷᠡᠭᠦᠯ ᠮᠡᠨᠳᠦ ᠪᠣᠯᠣᠨ ᠠᠮᠢ ᠨᠠᠰᠤᠨ ᠤ ᠠᠮᠦᠷ ᠲᠥᠪᠰᠢᠨ ᠳᠤ ᠬᠤᠬᠢᠷᠠᠯ ᠤᠴᠠᠷᠠᠭᠤᠯᠵᠤ ᠮᠡᠳᠡᠬᠦ | ᠪᠣᠯᠣᠮᠵᠢ ᠲᠠᠢ ᠪᠠᠶᠢᠬᠤ ᠶᠢ ᠢᠯᠡᠷᠡᠭᠦᠯᠦᠭᠰᠡᠨ ᠪᠠᠶᠢᠲᠠᠯ᠎ᠠ᠂ ᠦᠢᠯᠡᠳᠪᠦᠷᠢᠯᠡᠯ ᠢᠶᠠᠨ ᠵᠣᠭᠰᠤᠭᠠᠬᠤ᠂ ᠡᠭᠡᠭᠦᠯᠦᠨ ᠠᠪᠬᠤ ᠠᠷᠭ᠎ᠠ | ᠬᠡᠮᠵᠢᠶ᠎ᠠ ᠠᠪᠤᠭᠰᠠᠨ ᠦᠭᠡᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠲᠦᠮᠡᠨ ᠲᠦᠭᠦᠷᠢᠭ ᠠᠴᠠ ᠳᠡᠭᠡᠭᠰᠢ 3 ᠲᠦᠮᠡᠨ | ᠲᠦᠭᠦᠷᠢᠭ ᠠᠴᠠ ᠳᠤᠷᠤᠭᠰᠢᠬᠢ ᠵᠤᠭᠤᠰ ᠢᠶᠠᠷ ᠲᠣᠷᠭᠠᠬᠤ ᠬᠡᠷᠡᠭᠲᠡᠢ᠃ | ᠳᠦᠴᠢᠨ ᠭᠤᠷᠪᠠᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ | ᠲᠠᠯᠠᠪᠠᠢ︶ ᠨᠢ ᠮᠢᠬᠠᠨ ᠤ ᠵᠦᠢᠯ ᠤᠨ ᠶᠠᠰᠤ ᠴᠢᠨᠠᠷ ᠢ ᠪᠠᠶᠢᠴᠠᠭᠠᠨ ᠰᠢᠯᠭᠠᠭᠰᠠᠨ ᠦᠭᠡᠢ ᠪᠤᠶᠤ ᠮᠢᠬᠠᠨ ᠤ ᠵᠦᠢᠯ ᠤᠨ ᠶᠠᠰᠤ | ᠴᠢᠨᠠᠷ ᠢ ᠪᠠᠶᠢᠴᠠᠭᠠᠨ ᠰᠢᠯᠭᠠᠭᠠᠳ ᠬᠢᠷᠢ ᠲᠡᠩᠴᠡᠭᠰᠡᠨ ᠦᠭᠡᠢ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ ᠦᠢᠯᠡᠳᠪᠦᠷᠢ | ︵ᠲᠠᠯᠠᠪᠠᠢ︶ ᠠᠴᠠ ᠭᠠᠷᠭᠠᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ | ᠠᠮᠢᠳᠤ ᠭᠠᠭ᠋ᠠᠢ ᠨᠢᠳᠤᠯᠬᠤ ᠬᠠᠮᠢᠶᠠᠷᠤᠯᠲᠠ ᠶᠢᠨ ᠳᠦᠷᠢᠮ︾ ᠤᠨ ᠬᠤᠷᠢᠨ ᠵᠢᠷᠭᠤᠳᠤᠭᠠᠷ ᠵᠦᠢᠯ ᠤᠨ ᠲᠣᠭᠲᠠᠭᠠᠯ ᠶᠣᠰᠤᠭᠠᠷ | ᠰᠢᠳᠭᠡᠨ ᠲᠣᠷᠭᠠᠬᠤ ᠬᠡᠷᠡᠭᠲᠡᠢ᠃ | ᠳᠦᠴᠢᠨ ᠳᠦᠷᠪᠡᠳᠦᠭᠡᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠦᠷᠢᠴᠡᠵᠦ᠂ ᠲᠣᠭᠲᠠᠭᠰᠠᠨ ᠭᠠᠵᠠᠷ ᠲᠤ | ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶᠂ ᠪᠤᠰᠤᠳ ᠨᠢᠭᠡᠴᠡ ᠪᠣᠶᠣ ᠬᠤᠪᠢ ᠬᠦᠮᠦᠨ ᠦᠬᠡᠷ ᠬᠤᠨᠢ | ᠢᠮᠠᠭ᠎ᠠ᠂ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠳᠤ ᠤᠰᠤ ᠤᠷᠤᠭᠤᠯᠬᠤ ᠪᠤᠶᠤ ᠪᠤᠰᠤᠳ ᠪᠤᠳᠠᠰ ᠣᠷᠤᠭᠤᠯᠪᠠᠯ᠂ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠮᠢᠲᠠᠨ ᠤ ᠡᠷᠡᠭᠦᠯ ᠬᠠᠮᠠᠭᠠᠯᠠᠯ ᠳᠤ | ᠬᠢᠨᠠᠯᠲᠠ ᠲᠠᠯᠪᠢᠬᠤ ᠪᠠᠶᠢᠭᠤᠯᠤᠮᠵᠢ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠠᠮᠢᠳᠤ ᠭᠠᠭ᠋ᠠᠢ ᠨᠢᠳᠤᠯᠬᠤ | ᠬᠠᠮᠢᠶᠠᠷᠤᠯᠲᠠ ᠶᠢᠨ ᠳᠦᠷᠢᠮ︾ ᠤᠨ ᠬᠤᠷᠢᠨ ᠳᠤᠯᠤᠳᠤᠭᠠᠷ ᠵᠦᠢᠯ ᠤᠨ ᠨᠢᠭᠡᠳᠦᠭᠡᠷ ᠵᠣᠷᠪᠤᠰ ᠤᠨ ᠲᠣᠭᠲᠠᠭᠠᠯ ᠶᠤᠰᠤᠭᠠᠷ | ᠰᠢᠳᠭᠡᠨ ᠲᠣᠷᠭᠠᠬᠤ ᠬᠡᠷᠡᠭᠲᠡᠢ᠃ | ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠨᠢ ᠦᠬᠡᠷ ᠬᠤᠨᠢ | ᠢᠮᠠᠭ᠎ᠠ᠂ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠳᠤ ᠤᠰᠤ ᠤᠷᠤᠭᠤᠯᠬᠤ ᠪᠣᠶᠣ ᠪᠤᠰᠤᠳ ᠪᠤᠳᠠᠰ ᠣᠷᠤᠭᠤᠯᠪᠠᠯ᠂ | ᠳᠡᠭᠡᠷᠡᠬᠢ ᠵᠣᠷᠪᠤᠰ ᠤᠨ ᠲᠣᠭᠲᠠᠭᠠᠯ ᠶᠤᠰᠤᠭᠠᠷ ᠰᠢᠳᠭᠡᠨ ᠲᠣᠷᠭᠠᠬᠤ ᠠᠴᠠ ᠭᠠᠳᠠᠨ᠎ᠠ᠂ ᠪᠠᠰᠠ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ | ᠪᠠᠶᠢᠭᠤᠯᠤᠮᠵᠢ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠠᠮᠢᠳᠤ ᠭᠠᠭ᠋ᠠᠢ ᠨᠢᠳᠤᠯᠬᠤ ᠬᠠᠮᠢᠶᠠᠷᠤᠯᠲᠠ ᠶᠢᠨ ᠳᠦᠷᠢᠮ︾ | ᠤᠨ ᠬᠤᠷᠢᠨ ᠳᠤᠯᠤᠳᠤᠭᠠᠷ ᠵᠦᠢᠯ ᠤᠨ ᠬᠤᠶᠠᠳᠤᠭᠠᠷ ᠵᠣᠷᠪᠤᠰ ᠤᠨ ᠲᠣᠭᠲᠠᠭᠠᠯ ᠶᠤᠰᠤᠭᠠᠷ ᠰᠢᠳᠭᠡᠨ ᠲᠣᠷᠭᠠᠬᠤ ᠬᠡᠷᠡᠭᠲᠡᠢ᠃ | ᠳᠦᠴᠢᠨ ᠲᠠᠪᠤᠳᠤᠭᠠᠷ ᠵᠦᠢᠯ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠳᠤᠯᠬᠤ ᠦᠢᠯᠡᠳᠪᠦᠷᠢ ︵ | ᠲᠠᠯᠠᠪᠠᠢ︶ ᠨᠢ ᠤᠰᠤ ᠣᠷᠤᠭᠤᠯᠤᠭᠰᠠᠨ ᠪᠤᠶᠤ ᠪᠤᠰᠤᠳ ᠪᠤᠳᠠᠰ ᠣᠷᠤᠭᠤᠯᠤᠭᠰᠠᠨ ᠦᠬᠡᠷ ᠬᠤᠨᠢ ᠢᠮᠠᠭ᠎ᠠ ᠶᠢ | ᠨᠢᠳᠤᠯᠤᠭᠰᠠᠨ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠮᠢᠲᠠᠨ ᠤ | ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠠᠮᠢᠳᠤ ᠭᠠᠭ᠋ᠠᠢ | ᠨᠢᠳᠤᠯᠬᠤ ᠬᠠᠮᠢᠶᠠᠷᠤᠯᠲᠠ ᠶᠢᠨ ᠳᠦᠷᠢᠮ︾ ᠤᠨ ᠬᠤᠷᠢᠨ ᠨᠠᠢᠮᠠᠳᠤᠭᠠᠷ ᠵᠦᠢᠯ ᠤᠨ ᠲᠣᠭᠲᠠᠭᠠᠯ ᠶᠤᠰᠤᠭᠠᠷ ᠰᠢᠳᠭᠡᠨ | ᠲᠣᠷᠭᠠᠬᠤ ᠬᠡᠷᠡᠭᠲᠡᠢ᠃ | ᠳᠦᠴᠢᠨ ᠵᠢᠷᠭᠤᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠦᠷᠢᠴᠡᠵᠦ᠂ ᠶᠠᠮᠠᠷᠪᠠ ᠨᠢᠭᠡᠴᠡ ᠪᠤᠶᠤ ᠬᠤᠪᠢ | ᠬᠦᠮᠦᠨ ᠨᠢ ᠲᠣᠭᠲᠠᠭᠰᠠᠨ ᠭᠠᠵᠠᠷ ᠤᠨ ᠵᠦᠪᠰᠢᠶᠡᠷᠡᠯ ᠦᠭᠡᠢ ᠪᠠᠷ ᠦᠬᠡᠷ ᠬᠤᠨᠢ ᠢᠮᠠᠭ᠎ᠠ ᠨᠢᠳᠣᠯᠬᠤ ᠠᠵᠢᠯ ᠢ ᠡᠷᠬᠢᠯᠡᠵᠦ | ᠪᠠᠶᠢᠭ᠎ᠠ ᠨᠢᠭᠡᠴᠡ ᠪᠣᠶᠣ ᠬᠤᠪᠢ ᠬᠦᠮᠦᠨ ᠳᠤ ᠦᠬᠡᠷ ᠬᠤᠨᠢ ᠢᠮᠠᠭ᠎ᠠ ᠨᠢᠳᠤᠯᠬᠤ ᠲᠠᠯᠠᠪᠤᠷ ᠪᠣᠶᠣ ᠦᠬᠡᠷ ᠬᠤᠨᠢ ᠢᠮᠠᠭ᠎ᠠ ᠶᠢᠨ | ᠠᠰᠢᠭ ᠰᠢᠮ᠎ᠡ ᠶᠢ ᠬᠠᠳᠠᠭᠠᠯᠠᠬᠤ ᠪᠡᠯᠡᠳᠭᠡᠮᠵᠢ ᠬᠠᠩᠭᠠᠭᠰᠠᠨ᠂ ᠡᠰᠡᠭᠦᠯ᠎ᠡ ᠦᠬᠡᠷ ᠬᠤᠨᠢ ᠢᠮᠠᠭ᠎ᠠ᠂ ᠦᠬᠡᠷ ᠬᠤᠨᠢ ᠢᠮᠠᠭ᠎ᠠ ᠶᠢᠨ | ᠠᠰᠢᠭ ᠰᠢᠮ᠎ᠡ ᠳᠤ ᠤᠰᠤ ᠣᠷᠤᠭᠤᠯᠤᠭᠰᠠᠨ ᠪᠤᠶᠤ ᠪᠤᠰᠤᠳ ᠪᠤᠳᠠᠰ ᠣᠷᠤᠭᠤᠯᠤᠭᠰᠠᠨ ᠨᠢᠭᠡᠴᠡ ᠪᠤᠶᠤ ᠬᠤᠪᠢ ᠬᠦᠮᠦᠨ ᠳᠤ | ᠲᠠᠯᠠᠪᠤᠷ ᠬᠠᠩᠭᠠᠭᠰᠠᠨ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ | ᠠᠮᠢᠳᠤ ᠭᠠᠭ᠋ᠠᠢ ᠨᠢᠳᠤᠯᠬᠤ ᠬᠠᠮᠢᠶᠠᠷᠤᠯᠲᠠ ᠶᠢᠨ ᠳᠦᠷᠢᠮ︾ ᠤᠨ ᠭᠤᠴᠢᠳᠤᠭᠠᠷ ᠵᠦᠢᠯ ᠤᠨ ᠲᠣᠭᠲᠠᠭᠠᠯ ᠶᠤᠰᠤᠭᠠᠷ ᠰᠢᠳᠭᠡᠨ | ᠲᠣᠷᠭᠠᠬᠤ ᠬᠡᠷᠡᠭᠲᠡᠢ᠃ | ᠳᠦᠴᠢᠨ ᠳᠤᠯᠤᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠦᠷᠢᠴᠡᠵᠦ᠂ ᠦᠬᠡᠷ ᠬᠤᠨᠢ ᠢᠮᠠᠭ᠎ᠠ ᠶᠢᠨ | ᠠᠰᠢᠭ ᠰᠢᠮ᠎ᠡ ᠶᠢ ᠪᠣᠷᠤᠯᠠᠭᠤᠯᠬᠤ᠂ ᠮᠢᠬᠠᠨ ᠢᠳᠡᠭᠡᠨ ᠤ ᠵᠦᠢᠯ ᠦᠢᠯᠡᠳᠪᠦᠷᠢᠯᠡᠨ ᠡᠳ᠋ᠰᠢᠭᠦᠯᠬᠦ ᠠᠵᠢᠯ ᠢ ᠡᠷᠬᠢᠯᠡᠵᠦ ᠪᠠᠶᠢᠭ᠎ᠠ | ᠨᠢᠭᠡᠴᠡ ᠪᠤᠯᠤᠨ ᠬᠤᠪᠢ ᠬᠦᠮᠦᠨ ᠵᠢᠴᠢ ᠢᠳᠡᠭᠡᠨ ᠤᠮᠳᠠᠭᠠᠨ ᠤ ᠦᠢᠯᠡᠴᠢᠯᠡᠭᠡ ᠶᠢᠨ ᠡᠵᠡᠩᠨᠡᠭᠴᠢ᠂ ᠨᠡᠶᠢᠲᠡ ᠶᠢᠨ | ᠬᠤᠭᠤᠯᠠᠨ ᠤ ᠨᠢᠭᠡᠴᠡ ᠨᠢ ᠲᠣᠭᠲᠠᠭᠠᠯ ᠶᠤᠰᠤᠭᠠᠷ ᠬᠢᠵᠢᠭ ᠪᠠᠶᠢᠴᠠᠭᠠᠭᠰᠠᠨ ᠦᠭᠡᠢ ᠪᠣᠶᠣ ᠬᠢᠵᠢᠭ ᠪᠠᠶᠢᠴᠠᠭᠠᠬᠤ ᠳᠤ ᠬᠢᠷᠢ | ᠲᠡᠩᠴᠡᠭᠰᠡᠨ ᠦᠭᠡᠢ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠡᠵᠡᠩᠨᠡᠵᠦ ᠪᠠᠶᠢᠬᠤ᠂ ᠡᠰᠡᠭᠦᠯ᠎ᠡ ᠪᠠᠶᠢᠴᠠᠭᠠᠨ ᠰᠢᠯᠭᠠᠭᠰᠠᠨ | ᠦᠭᠡᠢ ᠪᠣᠶᠣ ᠪᠠᠶᠢᠴᠠᠭᠠᠨ ᠰᠢᠯᠭᠠᠭᠠᠳ ᠬᠢᠷᠢ ᠲᠡᠩᠴᠡᠭᠰᠡᠨ ᠦᠭᠡᠢ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ | ᠦᠢᠯᠡᠳᠪᠦᠷᠢᠯᠡᠨ ᠡᠵᠡᠩᠨᠡᠪᠡᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠢᠳᠡᠭᠡᠨ ᠤ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠵᠦᠢᠯ ᠤᠨ ᠠᠮᠦᠷ ᠲᠥᠪᠰᠢᠨ ᠤ ᠬᠠᠤᠯᠢ︾ ᠶᠢᠨ ᠵᠠᠭᠤ | ᠬᠤᠷᠢᠨ ᠭᠤᠷᠪᠠᠳᠤᠭᠠᠷ ᠵᠦᠢᠯ ᠤᠨ ᠲᠣᠭᠲᠠᠭᠠᠯ ᠶᠤᠰᠤᠭᠠᠷ ᠰᠢᠳᠭᠡᠨ ᠲᠣᠷᠭᠠᠬᠤ ᠬᠡᠷᠡᠭᠲᠡᠢ᠃ | ᠳᠦᠴᠢᠨ ᠨᠠᠢᠮᠠᠳᠤᠭᠠᠷ ᠵᠦᠢᠯ ᠦᠬᠡᠷ ᠬᠤᠨᠢ ᠢᠮᠠᠭ᠎ᠠ ᠨᠢᠳᠤᠯᠬᠤ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠦᠴᠢᠷ ᠵᠢᠴᠢ ᠲᠡᠭᠦᠨ ᠤ ᠠᠵᠢᠯᠲᠠᠳ ᠲᠤ ᠳᠣᠣᠷᠠᠬᠢ ᠠᠵᠢᠯᠯᠠᠭ᠎ᠠ ᠶᠢᠨ ᠨᠢᠭᠡ ᠨᠢ ᠪᠠᠶᠢᠪᠠᠯ᠂ ᠰᠢᠭᠤᠳ ᠬᠠᠷᠢᠭᠤᠴᠠᠵᠤ | ᠪᠠᠶᠢᠭ᠎ᠠ ᠭᠤᠣᠯᠴᠢᠯᠠᠨ ᠬᠠᠮᠢᠶᠠᠷᠤᠭᠴᠢ ᠪᠣᠯᠣᠨ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠦᠰ ᠲᠤ ᠬᠠᠤᠯᠢ ᠶᠤᠰᠤᠭᠠᠷ | ᠵᠠᠰᠠᠭ ᠵᠠᠬᠢᠷᠭᠠᠨ ᠤ ᠰᠢᠳᠭᠡᠯ ᠦᠭᠬᠦ ᠬᠡᠷᠡᠭᠲᠡᠢ︔ ᠶᠠᠯ᠎ᠠ ᠳᠤ ᠬᠦᠷᠦᠭᠰᠡᠨ ᠪᠤᠯ᠂ ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠄ | ︵ᠨᠢᠭᠡ︶ ᠲᠣᠭᠲᠠᠭᠠᠭᠰᠠᠨ ᠳᠡᠰ ᠳᠠᠷᠠᠭᠠᠯᠠᠯ ᠪᠣᠯᠣᠨ ᠨᠦᠬᠦᠴᠡᠯ ᠶᠣᠰᠤᠭᠠᠷ ᠲᠣᠭᠲᠠᠭᠰᠠᠨ ᠭᠠᠵᠠᠷ ᠲᠤ ᠦᠬᠡᠷ | ᠬᠤᠨᠢ ᠢᠮᠠᠭ᠎ᠠ ᠨᠢᠳᠤᠯᠬᠤ ᠦᠢᠯᠡᠳᠪᠦᠷᠢ ︵ᠲᠠᠯᠠᠪᠠᠢ︶ ᠶᠢ ᠬᠢᠨᠠᠨ ᠪᠠᠶᠢᠴᠠᠭᠠᠵᠤ᠂ ᠵᠥᠪᠰᠢᠶᠡᠷᠡᠭᠰᠡᠨ ᠦᠭᠡᠢ︔ | ︵ᠬᠤᠶᠠᠷ︶ ᠬᠠᠤᠯᠢ ᠶᠤᠰᠤᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠦᠭᠡᠢ ᠠᠴᠠ ᠪᠣᠯᠵᠤ ᠦᠬᠡᠷ | ᠬᠤᠨᠢ ᠢᠮᠠᠭ᠎ᠠ ᠶᠢᠨ ᠠᠰᠢᠭ ᠰᠢᠮ᠎ᠡ ᠳᠤ ᠶᠠᠰᠤ ᠴᠢᠨᠠᠷ ᠤᠨ ᠠᠮᠦᠷ ᠲᠥᠪᠰᠢᠨ ᠤ ᠠᠳᠡᠯ ᠭᠠᠷᠤᠭᠰᠠᠨ︔ | ︵ᠭᠤᠷᠪᠠ︶ ᠬᠠᠤᠯᠢ ᠠᠴᠠ ᠵᠦᠷᠢᠴᠡᠨ ᠨᠢᠳᠤᠯᠬᠤ᠂ ᠡᠵᠡᠩᠨᠡᠬᠦ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ | ᠬᠦᠯᠢᠶᠡᠨ ᠠᠪᠤᠭᠰᠠᠨ ᠪᠤᠶᠤ ᠣᠯᠵᠤ ᠮᠡᠳᠡᠭᠡᠳ ᠬᠠᠤᠯᠢ ᠶᠤᠰᠤᠭᠠᠷ ᠪᠠᠶᠢᠴᠠᠭᠠᠨ ᠰᠢᠳᠭᠡᠭᠰᠡᠨ ᠦᠭᠡᠢ︔ | ︵ᠳᠥᠷᠪᠡ︶ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠦᠷ ᠲᠥᠪᠰᠢᠨ ᠤ ᠠᠳᠡᠯ ᠢ | ᠨᠢᠭᠤᠨ ᠳᠠᠯᠳᠠᠯᠠᠭᠠᠳ ᠮᠡᠳᠡᠭᠦᠯᠦᠭᠰᠡᠨ ᠦᠭᠡᠢ︔ | ︵ᠲᠠᠪᠤ︶ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠤᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ | ᠭᠤᠶᠠᠴᠢᠯᠠᠨ ᠬᠠᠤᠯᠢ ᠶᠤᠰᠤ ᠶᠢ ᠵᠦᠷᠢᠴᠡᠭᠰᠡᠨ ᠪᠤᠰᠤᠳ ᠦᠢᠯᠡ ᠠᠵᠢᠯᠯᠠᠭ᠎ᠠ᠃ | ᠳᠤᠯᠤᠳᠤᠭᠠᠷ ᠪᠦᠯᠦᠭ ᠳᠠᠭᠠᠯᠳᠤᠭᠤᠯᠤᠯ ᠳᠦᠷᠢᠮ | ᠳᠦᠴᠢ ᠶᠢᠰᠦᠳᠦᠭᠡᠷ ᠵᠦᠢᠯ ᠦᠬᠡᠷ᠂ ᠬᠤᠨᠢ ᠢᠮᠠᠭ᠎ᠠ ᠠᠴᠠ ᠪᠤᠰᠤᠳ ᠭᠡᠷ ᠤᠨ ᠲᠡᠵᠢᠭᠡᠪᠦᠷᠢ ︵ᠠᠮᠢᠳᠤ ᠭᠠᠭ᠋ᠠᠢ ᠠᠴᠠ | ᠪᠣᠰᠣᠳ︶᠂ ᠭᠡᠷ ᠤᠨ ᠵᠢᠭᠦᠷᠲᠡᠨ ᠢ ᠨᠢᠳᠤᠯᠬᠤ ᠳᠤ ᠲᠤᠰ ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠲᠠᠪᠢᠳᠤᠭᠠᠷ ᠵᠦᠢᠯ ᠲᠤᠰ ᠠᠷᠭ᠎ᠠ ᠶᠢ 2016 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ |