ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠶᠠᠮᠤᠨ ᠤ ᠵᠠᠷᠯᠢᠭ 2010 ᠣᠨ ᠤ 6 | ᠲᠣᠭᠠᠲᠤ ︽ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ︾ ᠶᠢ ᠨᠢᠭᠡᠨᠲᠡ 2010 | ᠣᠨ ᠤ 1 ᠰᠠᠷ᠎ᠠ ᠶᠢᠨ 4 ᠤ ᠡᠳᠦᠷ ᠤᠨ ᠲᠠᠷᠢᠶᠠᠯᠠᠩ ᠤᠨ ᠶᠠᠮᠤᠨ ᠤ ᠨᠢᠭᠡᠳᠦᠭᠡᠷ ᠤᠳᠠᠭᠠᠨ ᠤ ᠪᠠᠶᠢᠩᠭᠤ ᠶᠢᠨ | ᠬᠤᠷᠠᠯᠳᠤᠭᠠᠨ ᠢᠶᠠᠷ ᠬᠢᠨᠠᠨ ᠪᠠᠲᠤᠯᠠᠭᠰᠠᠨ ᠢ ᠣᠳᠣ ᠨᠡᠶᠢᠲᠡᠯᠡᠪᠡ᠂ 2010 ᠣᠨ ᠤ 3 ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠦᠨ᠎ᠡ᠃ 2002 ᠣᠨ ᠤ 5 ᠰᠠᠷ᠎ᠠ ᠶᠢᠨ 24 ᠤ ᠡᠳᠦᠷ ᠤᠨ ᠲᠠᠷᠢᠶᠠᠯᠠᠩ ᠤᠨ ᠶᠠᠮᠤᠨ ᠤ ᠲᠠᠷᠬᠠᠭᠰᠠᠨ | ︽ᠠᠮᠢᠲᠠᠨ ᠤ ᠬᠢᠵᠢᠭ ᠪᠠᠶᠢᠴᠠᠭᠠᠯᠲᠠ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ︾ ︵ᠲᠠᠷᠢᠶᠠᠯᠠᠩ ᠤᠨ ᠶᠠᠮᠤᠨ ᠤ ᠵᠠᠷᠯᠢᠭ | 14 ᠲᠣᠭᠠᠲᠤ︶ ᠬᠠᠮᠲᠤᠳᠠ ᠨᠢ ᠬᠦᠴᠦᠨ ᠦᠭᠡᠢ ᠪᠣᠯᠣᠨ᠎ᠠ᠃ ᠰᠠᠶᠢᠳ ᠬᠠᠨ ᠴᠠᠩ ᠹᠦ᠋ ᠬᠤᠶᠠᠷ ᠮᠢᠩᠭ᠎ᠠ ᠠᠷᠪᠠᠨ ᠣᠨ ᠤ | ᠨᠢᠭᠡ ᠰᠠᠷ᠎ᠠ ᠶᠢᠨ ᠬᠤᠷᠢᠨ ᠨᠢᠭᠡᠨ ᠤ ᠡᠳᠦᠷ | ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ | | | ᠨᠢᠭᠡᠳᠦᠭᠡᠷ ᠪᠦᠯᠦᠭ ᠶᠡᠷᠦᠩᠬᠡᠢ ᠵᠠᠷᠴᠢᠮ | ᠨᠢᠭᠡᠳᠦᠭᠡᠷ ᠵᠦᠢᠯ ᠠᠮᠢᠲᠠᠨ ᠤ ᠬᠢᠵᠢᠭ ᠪᠠᠶᠢᠴᠠᠭᠠᠯᠲᠠ ᠤ ᠦᠢᠯᠡ ᠠᠵᠢᠯᠯᠠᠭ᠎ᠠ ᠶᠢ ᠵᠣᠬᠢᠴᠠᠭᠤᠯᠬᠤ᠂ ᠤᠷᠢᠳᠴᠢᠯᠠᠨ | ᠰᠡᠷᠭᠡᠶᠢᠯᠡᠬᠦ᠂ ᠬᠢᠵᠠᠭᠠᠯᠠᠬᠤ ᠪᠣᠯᠣᠨ ᠤᠰᠠᠳᠬᠠᠬᠤ ᠶᠢ ᠴᠢᠩᠭᠠᠳᠬᠠᠵᠤ᠂ ᠠᠮᠢᠲᠠᠨ ᠪᠣᠯᠣᠨ ᠠᠮᠢᠲᠠᠨ ᠤ ᠭᠠᠷᠤᠯ ᠲᠠᠢ | ᠪᠦᠲᠦᠭᠡᠭᠳᠡᠬᠦᠨ ᠤ ᠠᠶᠤᠯ ᠦᠭᠡᠢ ᠪᠠᠶᠢᠳᠠᠯ ᠢ ᠪᠠᠲᠤᠯᠠᠵᠤ᠂ ᠬᠥᠮᠥᠨ ᠤ ᠪᠡᠶ᠎ᠡ ᠶᠢᠨ ᠡᠷᠡᠭᠦᠯ ᠴᠢᠭᠢᠷᠠᠭ᠂ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠠᠶᠤᠯ ᠦᠭᠡᠢ ᠪᠠᠶᠢᠳᠠᠯ ᠢ ᠬᠠᠮᠠᠭᠠᠯᠠᠬᠤ ᠶᠢᠨ ᠲᠤᠯᠠᠳᠠ᠂ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠮᠢᠲᠠᠨ ᠤ ᠬᠢᠵᠢᠭ ᠠᠴᠠ ᠤᠷᠢᠳᠴᠢᠯᠠᠨ ᠰᠡᠷᠭᠡᠶᠢᠯᠡᠬᠦ ᠬᠠᠤᠯᠢ︾ ︵ᠳᠥᠭᠦᠮᠴᠢᠯᠡᠭᠡᠳ ︽ᠠᠮᠢᠲᠠᠨ ᠤ | ᠬᠢᠵᠢᠭ ᠠᠴᠠ ᠤᠷᠢᠳᠴᠢᠯᠠᠨ ᠰᠡᠷᠭᠡᠶᠢᠯᠡᠬᠦ ᠬᠠᠤᠯᠢ︾︶ ᠶᠢ ᠦᠨᠳᠦᠰᠦᠯᠡᠵᠦ ᠲᠤᠰ ᠬᠠᠤᠯᠢ ᠶᠢᠨ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠬᠡᠮᠵᠢᠶ᠎ᠡ ᠶᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠵᠠᠭᠠᠷ | ᠳᠣᠲᠣᠷᠠᠬᠢ ᠠᠮᠢᠲᠠᠨ ᠤ ᠬᠢᠵᠢᠭ ᠪᠠᠶᠢᠴᠠᠭᠠᠯᠲᠠ ᠶᠢᠨ ᠦᠢᠯᠡ ᠠᠵᠢᠯᠯᠠᠭᠠᠨ ᠳᠤ ᠬᠡᠷᠡᠭᠯᠡᠨ᠎ᠡ᠃ | ᠭᠤᠷᠪᠠᠳᠤᠭᠠᠷ ᠵᠦᠢᠯ ᠲᠠᠷᠢᠶᠠᠯᠠᠩ ᠤᠨ ᠶᠠᠮᠤᠨ ᠠᠴᠠ ᠪᠦᠬᠦ ᠤᠯᠤᠰ ᠤᠨ ᠠᠮᠢᠲᠠᠨ ᠤ ᠬᠢᠵᠢᠭ ᠪᠠᠶᠢᠴᠠᠭᠠᠯᠲᠠ ᠶᠢᠨ | ᠠᠵᠢᠯ ᠢ ᠭᠤᠣᠯᠯᠠᠨ ᠬᠠᠷᠢᠭᠤᠴᠠᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ | ᠭᠤᠣᠯᠯᠠᠭᠰᠠᠨ ᠪᠠᠶᠢᠭᠤᠯᠤᠯᠭ᠎ᠠ ᠠᠴᠠ ᠲᠤᠬᠠᠢ ᠶᠢᠨ ᠵᠠᠰᠠᠭ ᠵᠠᠬᠢᠷᠭᠠᠨ ᠤ ᠣᠷᠣᠨ ᠤ ᠠᠮᠢᠲᠠᠨ ᠤ ᠬᠢᠵᠢᠭ ᠪᠠᠶᠢᠴᠠᠭᠠᠯᠲᠠ ᠶᠢᠨ | ᠠᠵᠢᠯ ᠢ ᠭᠤᠣᠯᠯᠠᠨ ᠬᠠᠷᠢᠭᠤᠴᠠᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠭᠰᠠᠨ | ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠ ᠨᠢ ᠲᠤᠬᠠᠢ ᠶᠢᠨ ᠵᠠᠰᠠᠭ ᠵᠠᠬᠢᠷᠭᠠᠨ ᠤ ᠣᠷᠣᠨ ᠤ ᠠᠮᠢᠲᠠᠨ᠂ | ᠠᠮᠢᠲᠠᠨ ᠤ ᠭᠠᠷᠤᠯ ᠲᠠᠢ ᠪᠦᠲᠦᠭᠡᠭᠳᠡᠬᠦᠨ ᠤ ᠬᠢᠵᠢᠭ ᠤᠨ ᠪᠠᠶᠢᠴᠠᠭᠠᠯᠲᠠ ᠪᠣᠯᠣᠨ ᠬᠢᠨᠠᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ | ᠳᠥᠷᠪᠡᠳᠦᠭᠡᠷ ᠵᠦᠢᠯ ᠠᠮᠢᠲᠠᠨ ᠤ ᠬᠢᠵᠢᠭ ᠪᠠᠶᠢᠴᠠᠭᠠᠯᠲᠠ ᠶᠢᠨ ᠬᠦᠷᠢᠶ᠎ᠡ ᠬᠡᠪᠴᠢᠶ᠎ᠡ᠂ ᠣᠤᠶᠤᠺᠲ ᠪᠣᠯᠣᠨ ᠵᠢᠷᠤᠮ ᠢ | ᠲᠠᠷᠢᠶᠠᠯᠠᠩ ᠤᠨ ᠶᠠᠮᠤᠨ ᠠᠴᠠ ᠪᠣᠯᠪᠠᠰᠤᠷᠠᠭᠤᠯᠵᠤ᠂ ᠥᠭᠡᠷᠡᠴᠢᠯᠡᠬᠦ ᠶᠢᠨ ᠬᠠᠮᠲᠤ ᠨᠡᠶᠢᠲᠡᠯᠡᠨ᠎ᠡ᠃ | ᠲᠠᠪᠤᠳᠤᠭᠠᠷ ᠵᠦᠢᠯ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠠᠴᠠ ᠰᠢᠭᠤᠳ ᠲᠣᠮᠢᠯᠠᠭᠰᠠᠨ | ᠠᠯᠪᠠᠨ ᠶᠣᠰᠣᠨ ᠤ ᠮᠠᠯ ᠤᠨ ᠡᠮᠴᠢ ᠠᠴᠠ ︽ᠠᠮᠢᠲᠠᠨ ᠤ ᠬᠢᠵᠢᠭ ᠠᠴᠠ ᠤᠷᠢᠳᠴᠢᠯᠠᠨ ᠰᠡᠷᠭᠡᠶᠢᠯᠡᠬᠦ ᠬᠠᠤᠯᠢ︾ ᠪᠣᠯᠣᠨ | ᠲᠤᠰ ᠠᠷᠭ᠎ᠠ ᠬᠡᠮᠵᠢᠶᠡᠨ ᠤ ᠲᠣᠭᠲᠠᠭᠠᠯ ᠤᠨ ᠳᠠᠭᠠᠤ ᠠᠮᠢᠲᠠᠨ᠂ ᠠᠮᠢᠲᠠᠨ ᠤ ᠭᠠᠷᠤᠯ ᠲᠠᠢ ᠪᠦᠲᠦᠭᠡᠭᠳᠡᠬᠦᠨ ᠳᠤ ᠬᠢᠵᠢᠭ ᠤᠨ | ᠪᠠᠶᠢᠴᠠᠭᠠᠯᠲᠠ ᠬᠢᠵᠦ ᠭᠡᠷᠡᠴᠢᠯᠡᠭᠡ ᠣᠯᠭᠤᠨ ᠲᠡᠮᠳᠡᠭ ᠬᠠᠳᠠᠬᠤ ᠠᠵᠢᠯ ᠢ ᠭᠦᠢᠴᠡᠳᠬᠡᠨ᠎ᠡ᠃ | ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠠᠴᠠ ᠬᠢᠵᠢᠭ ᠤᠨ ᠪᠠᠶᠢᠴᠠᠭᠠᠯᠲᠠ ᠶᠢᠨ ᠠᠵᠢᠯ ᠤᠨ | ᠱᠠᠭᠠᠷᠳᠠᠯᠭ᠎ᠠ ᠶᠢ ᠦᠨᠳᠦᠰᠦᠯᠡᠵᠦ᠂ ᠮᠠᠯ ᠡᠮᠨᠡᠯᠭᠡ ᠶᠢᠨ ᠲᠤᠰᠬᠠᠢ ᠮᠡᠷᠭᠡᠵᠢᠯ ᠤᠨ ᠬᠥᠮᠥᠨ ᠤ ᠲᠣᠭᠲᠠᠭᠠᠵᠤ ᠠᠯᠪᠠᠨ | ᠶᠣᠰᠣᠨ ᠤ ᠮᠠᠯ ᠤᠨ ᠡᠮᠴᠢ ᠶᠢᠨ ᠬᠢᠵᠢᠭ ᠤᠨ ᠪᠠᠶᠢᠴᠠᠭᠠᠯᠲᠠ ᠶᠢᠨ ᠠᠵᠢᠯ ᠢ ᠬᠠᠪᠰᠤᠷᠤᠨ ᠭᠦᠢᠴᠡᠳᠬᠡᠯᠭᠡᠵᠦ ᠪᠣᠯᠣᠨ᠎ᠠ᠃ | ᠵᠢᠷᠭᠤᠳᠤᠭᠠᠷ ᠵᠦᠢᠯ ᠠᠮᠢᠲᠠᠨ ᠤ ᠬᠢᠵᠢᠭ ᠤᠨ ᠪᠠᠶᠢᠴᠠᠭᠠᠯᠲᠠ ᠨᠢ ᠶᠠᠪᠤᠴᠠ ᠶᠢᠨ ᠬᠢᠨᠠᠯᠲᠠ᠂ ᠡᠷᠡᠰᠳᠡᠯ ᠢ ᠬᠢᠵᠠᠭᠠᠯᠠᠬᠤ | ᠂ ᠪᠦᠰᠡᠴᠢᠯᠡᠭᠰᠡᠨ ᠪᠣᠯᠣᠨ ᠮᠥᠰᠬᠢᠯᠲᠡ ᠶᠢᠨ ᠬᠠᠮᠢᠶᠠᠷᠤᠯᠲᠠ ᠶᠢᠨ ᠤᠶᠠᠯᠳᠤᠭᠰᠠᠨ ᠵᠠᠷᠴᠢᠮ ᠤᠳ ᠢ ᠪᠠᠷᠢᠮᠲᠠᠯᠠᠨ᠎ᠠ᠃ | | | ᠬᠤᠶᠠᠳᠤᠭᠠᠷ ᠪᠦᠯᠦᠭ ᠬᠢᠵᠢᠭ ᠪᠠᠶᠢᠴᠠᠭᠠᠯᠲᠠ ᠶᠢᠨ ᠮᠡᠳᠡᠭᠦᠯᠭᠡ | ᠳᠣᠯᠣᠳᠤᠭᠠᠷ ᠵᠤᠷᠪᠤᠰ ᠠᠮᠢᠲᠠᠨ ᠤ ᠬᠢᠵᠢᠭ ᠪᠠᠶᠢᠴᠠᠭᠠᠯᠲᠠ ᠳᠤ ᠮᠡᠳᠡᠭᠦᠯᠭᠡ ᠶᠢᠨ ᠲᠣᠭᠲᠠᠯᠴᠠᠭ᠎ᠠ ᠶᠢ ᠪᠡᠶᠡᠯᠡᠭᠦᠯᠦᠨ᠎ᠡ᠃ | ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠ ᠬᠢᠵᠢᠭ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ ᠶᠢ | ᠦᠨᠳᠦᠰᠦᠯᠡᠵᠦ᠂ ᠠᠮᠢᠲᠠᠨ ᠤ ᠬᠢᠵᠢᠭ ᠪᠠᠶᠢᠴᠠᠭᠠᠯᠲᠠ ᠶᠢᠨ ᠮᠡᠳᠡᠭᠦᠯᠭᠡ ᠶᠢᠨ ᠴᠢᠭ ᠢ ᠲᠣᠬᠢᠷᠠᠮᠵᠢᠲᠠᠢ ᠪᠠᠶᠢᠷᠢᠯᠠᠭᠤᠯᠵᠤ | ᠨᠡᠶᠢᠭᠡᠮ ᠨᠡᠶᠢᠲᠡ ᠳᠤ ᠠᠮᠢᠲᠠᠨ ᠤ ᠬᠢᠵᠢᠭ ᠪᠠᠶᠢᠴᠠᠭᠠᠯᠲᠠ ᠶᠢᠨ ᠮᠡᠳᠡᠭᠦᠯᠭᠡ ᠶᠢᠨ ᠴᠢᠭ᠂ ᠬᠢᠵᠢᠭ ᠪᠠᠶᠢᠴᠠᠭᠠᠯᠲᠠ ᠶᠢᠨ | ᠬᠦᠷᠢᠶ᠎ᠡ ᠬᠡᠪᠴᠢᠶ᠎ᠡ ᠪᠣᠯᠣᠨ ᠬᠢᠵᠢᠭ ᠪᠠᠶᠢᠴᠠᠭᠠᠯᠲᠠ ᠶᠢᠨ ᠣᠤᠶᠤᠺᠲ ᠢᠶᠠᠨ ᠵᠠᠷᠯᠠᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠭᠤᠣᠯᠳᠠᠯᠭ᠎ᠠ ᠲᠠᠢ | ᠪᠠᠶᠢᠭᠤᠯᠤᠯᠭ᠎ᠠ ᠠᠮᠢᠲᠠᠨ ᠤ ᠬᠢᠵᠢᠭ ᠪᠠᠶᠢᠴᠠᠭᠠᠯᠲᠠ ᠶᠢᠨ ᠮᠡᠳᠡᠭᠦᠯᠭᠡ ᠶᠢᠨ ᠴᠢᠭ ᠤᠨ ᠪᠦᠲᠦᠭᠡᠨ ᠪᠠᠶᠢᠭᠤᠯᠤᠯᠲᠠ ᠪᠣᠯᠣᠨ | ᠬᠠᠮᠢᠶᠠᠷᠤᠯᠲᠠ ᠪᠠᠨ ᠴᠢᠩᠭᠠᠳᠬᠠᠪᠠᠯ ᠵᠣᠬᠢᠨ᠎ᠠ᠃ | ᠨᠠᠢᠮᠠᠳᠤᠭᠠᠷ ᠵᠤᠷᠪᠤᠰ ᠳᠠᠷᠠᠭᠠᠬᠢ ᠵᠢᠭᠰᠠᠭᠠᠭᠰᠠᠨ ᠠᠮᠢᠲᠠᠨ᠂ ᠠᠮᠢᠲᠠᠨ ᠤ ᠭᠠᠷᠤᠯ ᠲᠠᠢ ᠪᠦᠲᠦᠭᠡᠭᠳᠡᠬᠦᠨ ᠢ ᠤᠤᠯ | ᠭᠠᠷᠤᠯᠲᠠ ᠶᠢᠨ ᠣᠷᠣᠨ ᠠᠴᠠ ᠰᠠᠯᠭᠠᠬᠤ ᠳᠤ᠂ ᠪᠠᠷᠠᠭᠠᠨ ᠤ ᠡᠵᠡᠨ ᠨᠢ ᠲᠣᠭᠲᠠᠭᠰᠠᠨ ᠬᠤᠭᠤᠴᠠᠭᠠᠨ ᠤ ᠳᠣᠲᠣᠷ᠎ᠠ ᠪᠠᠶᠢᠭ᠎ᠠ | ᠭᠠᠵᠠᠷ ᠤᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠ ᠳᠤ ᠬᠢᠵᠢᠭ ᠤᠨ ᠪᠠᠶᠢᠴᠠᠭᠠᠯᠲᠠ ᠬᠢᠬᠦ ᠡᠷᠭᠦᠳᠡᠯ | ᠳᠡᠪᠰᠢᠭᠦᠯᠦᠨ᠎ᠡ᠄ | ︵ᠨᠢᠭᠡ︶ ᠠᠮᠢᠲᠠᠨ ᠤ ᠭᠠᠷᠤᠯ ᠲᠠᠢ ᠪᠦᠲᠦᠭᠡᠭᠳᠡᠬᠦᠨ ᠢ ᠬᠤᠳᠠᠯᠳᠤᠬᠤ᠂ ᠲᠡᠭᠡᠭᠡᠪᠦᠷᠢᠯᠡᠬᠦ ᠪᠣᠯᠣᠨ ᠨᠢᠲᠤᠯᠭᠠᠨ ᠤ | ᠵᠣᠷᠢᠭᠤᠯᠤᠯᠲᠠ ᠲᠠᠢ᠂ ᠦᠷᠭᠦᠯᠵᠢᠯᠡᠨ ᠲᠡᠵᠢᠭᠡᠬᠦ ᠵᠣᠷᠢᠭᠤᠯᠤᠯᠲᠠ ᠲᠠᠢ ᠠᠮᠢᠲᠠᠳ ᠢ ᠭᠤᠷᠪᠠᠨ ᠬᠤᠨᠤᠭ ᠤᠨ ᠡᠮᠦᠨ᠎ᠡ ᠬᠢᠵᠢᠭ | ᠪᠠᠶᠢᠴᠠᠭᠠᠯᠲᠠ ᠶᠢᠨ ᠡᠷᠭᠦᠳᠡᠯ ᠢᠶᠠᠨ ᠲᠤᠰᠢᠶᠠᠨ᠎ᠠ᠃ | ︵ᠬᠤᠶᠠᠷ︶ ᠰᠦᠨ ᠤ ᠪᠣᠯᠣᠨ ᠦᠷᠡᠵᠢᠯ ᠤᠨ ᠠᠮᠢᠲᠠᠨ ᠢ ᠪᠣᠷᠣᠯᠠᠭᠤᠯᠬᠤ᠂ ᠲᠡᠭᠡᠭᠡᠪᠦᠷᠢᠯᠡᠬᠦ ᠪᠣᠯᠣᠨ ᠦᠷ᠎ᠡ ᠶᠢᠨ | ᠰᠢᠩᠭᠡᠨ᠂ ᠥᠨᠳᠡᠭᠡ᠂ ᠦᠷ᠎ᠡ ᠬᠥᠪᠥᠷᠡᠯ᠂ ᠨᠡᠪᠴᠢᠭᠦᠯᠬᠦ ᠥᠨᠳᠡᠭᠡ ᠪᠣᠯᠣᠨ ᠦᠵᠡᠰᠬᠦᠯᠡᠩ᠂ ᠲᠣᠭᠯᠠᠯᠲᠠ᠂ ᠲᠡᠮᠡᠴᠡᠭᠡᠨ ᠳᠤ | ᠣᠷᠣᠯᠴᠠᠬᠤ ᠠᠮᠢᠲᠠᠳ ᠢ ᠠᠷᠪᠠᠨ ᠲᠠᠪᠤᠨ ᠬᠤᠨᠤᠭ ᠤᠨ ᠡᠮᠦᠨ᠎ᠡ ᠬᠢᠵᠢᠭ ᠤᠨ ᠪᠠᠶᠢᠴᠠᠭᠠᠯᠲᠠ ᠬᠢᠯᠭᠡᠬᠦ ᠪᠠᠷ ᠮᠡᠳᠡᠭᠦᠯᠦᠯᠭᠡ | ᠥᠭᠬᠦ ᠬᠡᠷᠡᠭᠲᠡᠢ᠃ | ︵ᠭᠤᠷᠪᠠ︶ ᠵᠢᠷᠤᠮ ᠳᠤ ᠵᠢᠭᠠᠭᠰᠠᠨ ᠡᠪᠡᠳᠴᠢᠨ ᠤ ᠪᠤᠰᠤ ᠤᠷᠤᠨ ᠳᠤ ᠬᠢᠯᠪᠠᠷᠬᠠᠨ ᠨᠡᠷᠪᠡᠭᠳᠡᠳᠡᠭ ᠠᠮᠢᠲᠠᠨ᠂ | ᠠᠮᠢᠲᠠᠨ ᠤ ᠭᠠᠷᠤᠯ ᠲᠠᠢ ᠪᠦᠲᠦᠭᠡᠭᠳᠡᠬᠦᠨ ᠢ ᠲᠡᠭᠡᠭᠡᠪᠦᠷᠢᠯᠡᠨ ᠤᠷᠤᠭᠤᠯᠬᠤ ᠦᠶ᠎ᠠ ᠳᠤ᠂ ᠪᠠᠷᠠᠭᠠᠨ ᠤ ᠡᠵᠡᠨ ᠨᠢ ᠵᠢᠷᠤᠮ ᠤᠨ | ᠳᠠᠭᠠᠤ ᠪᠠᠶᠢᠭ᠎ᠠ ᠭᠠᠵᠠᠷ ᠤᠨ ᠢᠶᠠᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠳᠤ ᠬᠢᠵᠢᠭ ᠤᠨᠪᠠᠶᠢᠴᠠᠭᠠᠯᠲᠠ | ᠬᠢᠯᠭᠡᠬᠦ ᠠᠴᠠ ᠭᠠᠳᠠᠨ᠎ᠠ ᠲᠡᠭᠡᠭᠡᠪᠦᠷᠢᠯᠡᠬᠦ ᠠᠴᠠ ᠭᠤᠷᠪᠠᠨ ᠬᠤᠨᠤᠭ ᠤᠨ ᠡᠮᠦᠨ᠎ᠡ ᠣᠷᠣᠭᠤᠯᠬᠤ ᠮᠤᠵᠢ ᠶᠢᠨ ᠳᠡᠰ ᠤᠨ ᠬᠢᠵᠢᠭ | ᠪᠠᠶᠢᠴᠠᠭᠠᠯᠲᠠ ᠶᠢᠨ ᠬᠢᠨᠠᠯᠲᠠ ᠶᠢᠨ ᠠᠯᠪᠠᠨ ᠳᠤ ᠬᠢᠵᠢᠭ ᠪᠠᠶᠢᠴᠠᠭᠠᠯᠭᠠᠬᠤ ᠪᠠᠷ ᠡᠷᠭᠦᠳᠡᠯ ᠳᠡᠪᠰᠢᠭᠦᠯᠬᠦ ᠬᠡᠷᠡᠭᠲᠡᠢ᠃ | ᠶᠢᠰᠦᠳᠦᠭᠡᠷ ᠵᠦᠢᠯ ᠬᠠᠤᠯᠢ ᠶᠢᠨ ᠳᠠᠭᠠᠤ ᠪᠠᠷᠢᠭᠰᠠᠨ ᠬᠡᠭᠡᠷ᠎ᠡ ᠶᠢᠨ ᠠᠮᠢᠲᠠᠨ ᠳᠤ ᠪᠠᠷᠢᠭᠰᠠᠨ ᠤ ᠳᠠᠷᠠᠭᠠᠬᠢ ᠭᠤᠷᠪᠠᠨ | ᠬᠤᠨᠤᠭ ᠤᠨ ᠳᠣᠲᠣᠷ᠎ᠠ ᠪᠠᠶᠢᠭ᠎ᠠ ᠭᠠᠵᠠᠷ ᠤᠨ ᠰᠢᠶᠠᠨ ᠤ ᠱᠠᠲᠤᠨ ᠠᠴᠠ ᠳᠡᠭᠡᠭᠰᠢᠬᠢ ᠠᠮᠢᠲᠠᠨ ᠤ ᠡᠷᠡᠭᠦᠯ ᠬᠠᠮᠠᠭᠠᠯᠠᠯ ᠤᠨ | ᠬᠢᠨᠠᠯᠲᠠ ᠶᠢᠨ ᠠᠯᠪᠠ ᠳᠤ ᠡᠷᠭᠦᠳᠡᠯ ᠭᠠᠷᠭᠠᠨ ᠬᠢᠵᠢᠭ ᠤᠨ ᠪᠠᠶᠢᠴᠠᠭᠠᠯᠲᠠ ᠬᠢᠯᠭᠡᠨ᠎ᠡ᠃ | ᠠᠷᠪᠠᠳᠤᠭᠠᠷ ᠵᠤᠷᠪᠤᠰ ᠨᠢᠲᠤᠯᠬᠤ ᠮᠠᠯ ᠢ 6 ᠴᠠᠭ ᠠᠴᠠ ᠡᠮᠦᠨ᠎ᠡ ᠪᠠᠶᠢᠭ᠎ᠠ ᠭᠠᠵᠠᠷ ᠤᠨ ᠠᠮᠢᠲᠠᠨ ᠤ ᠡᠷᠡᠭᠦᠯ | ᠬᠠᠮᠠᠭᠠᠯᠠᠯ ᠤᠨ ᠬᠢᠨᠠᠯᠲᠠ ᠶᠢᠨ ᠠᠯᠪᠠᠨ ᠳᠤ ᠬᠢᠵᠢᠭ ᠪᠠᠶᠢᠴᠠᠭᠠᠯᠲᠠ ᠶᠢᠨ ᠡᠷᠭᠦᠳᠡᠯ ᠳᠡᠪᠰᠢᠭᠦᠯᠦᠨ᠎ᠡ︔ ᠪᠠᠴᠢᠮ ᠨᠢᠲᠤᠯᠬᠤ | ᠠᠮᠢᠲᠠᠨ ᠢ ᠬᠡᠵᠢᠶ᠎ᠡ ᠴᠦ ᠡᠷᠭᠦᠳᠡᠯ ᠭᠠᠷᠭᠠᠵᠤ ᠪᠣᠯᠣᠨ᠎ᠠ᠃ | ᠠᠷᠪᠠᠨ ᠨᠢᠭᠡᠳᠦᠭᠡᠷ ᠵᠤᠷᠪᠤᠰ ᠬᠢᠵᠢᠭ ᠤᠨ ᠪᠠᠶᠢᠴᠠᠭᠠᠯᠲᠠ ᠬᠢᠬᠦ ᠶᠢ ᠬᠦᠰᠡᠭᠴᠢᠳ ᠬᠢᠵᠢᠭ ᠪᠠᠶᠢᠴᠠᠭᠠᠯᠲᠠ ᠶᠢᠨ | ᠮᠡᠳᠡᠭᠦᠯᠦᠯᠭᠡ ᠶᠢᠨ ᠬᠠᠭᠤᠳᠠᠰᠤ ᠶᠢ ᠲᠤᠰᠢᠶᠠᠨ᠎ᠠ︔ ᠮᠤᠵᠢ᠂ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ | ᠠᠯᠤᠰᠯᠠᠵᠤ ᠰᠦᠨ ᠬᠡᠷᠡᠭᠯᠡᠭᠡᠨ ᠤ ᠠᠮᠢᠲᠠᠨ᠂ ᠦᠷ᠎ᠡ ᠶᠢᠨ ᠬᠡᠷᠡᠭᠯᠡᠭᠡᠨ ᠤ ᠠᠮᠢᠲᠠᠨ ᠵᠢᠴᠢ ᠦᠷ᠎ᠡ ᠶᠢᠨ ᠰᠢᠩᠭᠡᠨ᠂ ᠦᠷ᠎ᠡ | ᠬᠥᠪᠥᠷᠡᠯ᠂ ᠦᠷ᠎ᠡ ᠶᠢᠨ ᠥᠨᠳᠡᠭᠡ ᠲᠡᠭᠡᠭᠡᠪᠦᠷᠢᠯᠡᠬᠦ ᠳᠤ ᠣᠷᠣᠭᠤᠯᠬᠤ ᠮᠤᠵᠢ᠂ ᠥᠪᠡᠷᠳᠡᠭᠡᠨ ᠵᠠᠰᠠᠬᠤ ᠤᠷᠤᠨ᠂ ᠰᠢᠭᠤᠳ | ᠬᠠᠷᠢᠶ᠎ᠠ ᠬᠤᠲᠠ ᠶᠢᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠪᠠᠶᠢᠭᠤᠯᠭ᠎ᠠ ᠠᠴᠠ ᠣᠯᠭᠤᠭᠰᠠᠨ ᠮᠤᠵᠢ᠂ | ᠥᠪᠡᠷᠳᠡᠭᠡᠨ ᠵᠠᠰᠠᠬᠤ ᠤᠷᠤᠨ ᠠᠯᠤᠰᠯᠠᠵᠤ ᠰᠦᠨ ᠬᠡᠷᠡᠭᠯᠡᠭᠡᠨ ᠤ ᠠᠮᠢᠲᠠᠨ᠂ ᠦᠷ᠎ᠡ ᠶᠢᠨ ᠬᠡᠷᠡᠭᠯᠡᠭᠡᠨ ᠤ ᠠᠮᠢᠲᠠᠨ | ᠲᠡᠭᠡᠭᠡᠪᠦᠷᠢᠯᠡᠬᠦ ᠶᠢ ᠵᠥᠪᠰᠢᠶᠡᠷᠡᠭᠰᠡᠨ ᠮᠠᠶᠢᠭᠲᠦ ᠶᠢ ᠲᠤᠰᠢᠶᠠᠬᠤ ᠬᠡᠷᠡᠭᠲᠡᠢ᠃ | ᠬᠢᠵᠢᠭ ᠤᠨ ᠪᠠᠶᠢᠴᠠᠭᠠᠯᠲᠠ ᠬᠢᠬᠦ ᠡᠷᠭᠦᠳᠡᠯ ᠢ ᠮᠡᠳᠡᠭᠦᠯᠭᠡ ᠶᠢᠨ ᠴᠢᠭ ᠲᠤ ᠬᠦᠷᠴᠦ ᠬᠦᠰᠦᠨᠦᠭᠲᠦ ᠲᠠᠭᠯᠠᠬᠤ᠂ ᠹᠠᠺᠰ᠂ | ᠤᠲᠠᠰᠤ ᠪᠠᠷ ᠮᠡᠳᠡᠭᠳᠡᠵᠦ ᠡᠷᠭᠦᠳᠡᠯ ᠭᠠᠷᠭᠠᠵᠤ ᠪᠣᠯᠣᠨ᠎ᠠ᠃ ᠤᠲᠠᠰᠤ ᠪᠠᠷ ᠡᠷᠭᠦᠳᠡᠯ ᠭᠠᠷᠭᠠᠭᠴᠢᠳ ᠭᠠᠵᠠᠷ ᠲᠤ ᠨᠢ ᠬᠦᠷᠴᠦ | ᠬᠢᠵᠢᠭ ᠪᠠᠶᠢᠴᠠᠭᠠᠯᠲᠠ ᠶᠢᠨ ᠮᠡᠳᠡᠭᠦᠯᠦᠯᠭᠡ ᠶᠢᠨ ᠬᠠᠭᠤᠳᠠᠰᠤ ᠶᠢ ᠲᠠᠭᠯᠠᠬᠤ ᠬᠡᠷᠡᠭᠲᠡᠢ᠃ | ᠠᠷᠪᠠᠨ ᠬᠤᠶᠠᠳᠤᠭᠠᠷ ᠵᠦᠢᠯ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠪᠠᠶᠢᠭᠤᠯᠭ᠎ᠠ ᠬᠢᠵᠢᠭ | ᠪᠠᠶᠢᠴᠠᠭᠠᠯᠲᠠ ᠶᠢᠨ ᠮᠡᠳᠡᠭᠦᠯᠭᠡ ᠶᠢ ᠠᠪᠴᠤ ᠬᠡᠯᠡᠯᠴᠡᠭᠰᠡᠨ ᠤ ᠳᠠᠷᠠᠭ᠎ᠠ ᠠᠯᠪᠠᠨ ᠲᠠᠯ᠎ᠠ ᠶᠢᠨ ᠮᠠᠯ ᠤᠨ ᠡᠮᠴᠢ ᠲᠣᠮᠢᠯᠠᠵᠤ | ᠭᠠᠵᠠᠷ ᠲᠤ ᠨᠢ ᠪᠤᠶᠤ ᠲᠣᠭᠲᠠᠭᠰᠠᠨ ᠴᠢᠭ ᠲᠤ ᠬᠦᠷᠴᠦ ᠬᠢᠵᠢᠭ ᠤᠨ ᠪᠠᠶᠢᠴᠠᠭᠠᠯᠲᠠ ᠬᠢᠨ᠎ᠡ︔ ᠮᠡᠳᠡᠭᠦᠯᠭᠡ ᠶᠢ ᠠᠪᠴᠤ | ᠬᠡᠯᠡᠯᠴᠡᠭᠰᠡᠨ ᠦᠭᠡᠢ ᠪᠣᠯ ᠤᠴᠢᠷ ᠰᠢᠯᠲᠠᠭᠠᠨ ᠢ ᠲᠠᠶᠢᠯᠪᠤᠷᠢᠯᠠᠨ᠎ᠠ᠃ | | | ᠭᠤᠷᠪᠠᠳᠤᠭᠠᠷ ᠪᠦᠯᠦᠭ ᠡᠭᠦᠰᠦᠯ ᠤᠨ ᠭᠠᠵᠠᠷ ᠤᠨ ᠬᠢᠵᠢᠭ ᠤᠨ ᠪᠠᠶᠢᠴᠠᠭᠠᠯᠲᠠ | ᠠᠷᠪᠠᠨ ᠭᠤᠷᠪᠠᠳᠤᠭᠠᠷ ᠵᠦᠢᠯ ᠠᠮᠢᠲᠠᠨ᠂ ᠠᠮᠢᠲᠠᠨ ᠤ ᠭᠠᠷᠤᠯ ᠲᠠᠢ ᠪᠦᠲᠦᠭᠡᠭᠳᠡᠬᠦᠨ ᠢ ᠠᠷᠠᠯᠵᠢᠶᠠᠯᠠᠬᠤ ᠪᠤᠶᠤ | ᠲᠡᠭᠡᠭᠡᠪᠦᠷᠢᠯᠡᠬᠦ ᠳᠤ ᠪᠠᠶᠢᠭ᠎ᠠ ᠭᠠᠵᠠᠷ ᠤᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠳᠤ ᠬᠦᠷᠴᠦ ᠠᠯᠪᠠᠨ | ᠶᠣᠰᠣᠨ ᠤ ᠮᠠᠯ ᠤᠨ ᠡᠮᠴᠢ ᠶᠢᠨ ᠰᠢᠯᠭᠠᠯᠲᠠ ᠶᠢ ᠥᠩᠭᠡᠷᠡᠭᠦᠯᠵᠦ ᠲᠡᠭᠦᠨᠴᠢᠯᠡᠨ ︽ᠠᠮᠢᠲᠠᠨ ᠤ ᠬᠢᠵᠢᠭ ᠲᠠᠬᠤᠯ ᠤᠨ | ᠪᠠᠶᠢᠴᠠᠭᠠᠯᠲᠠ ᠶᠢᠨ ᠬᠢᠷᠢ ᠳᠤ ᠨᠡᠶᠢᠴᠡᠭᠰᠡᠨ ᠦᠨᠡᠮᠯᠡᠬᠦ︾ ᠠᠪᠤᠭᠰᠠᠨ ᠬᠤᠶᠢᠨ᠎ᠠ ᠤᠭ ᠭᠠᠵᠠᠷ ᠠᠴᠠ ᠬᠥᠳᠡᠯᠵᠦ ᠪᠣᠯᠣᠨ᠎ᠠ᠃ | ᠠᠷᠪᠠᠨ ᠳᠥᠷᠪᠡᠳᠦᠭᠡᠷ ᠵᠤᠷᠪᠤᠰ ᠬᠤᠳᠠᠯᠳᠤᠬᠤ ᠪᠣᠯᠣᠨ ᠲᠡᠭᠡᠭᠡᠪᠦᠷᠢᠯᠡᠬᠦ ᠵᠣᠷᠢᠭᠤᠯᠤᠯᠲᠠ ᠲᠠᠢ ᠠᠮᠢᠲᠠᠳ ᠬᠢᠵᠢᠭ | ᠪᠠᠶᠢᠴᠠᠭᠠᠯᠲᠠ ᠶᠢ ᠥᠩᠭᠡᠷᠡᠭᠦᠯᠵᠦ ᠳᠠᠷᠠᠭᠠᠬᠢ ᠨᠥᠬᠦᠴᠡᠯ ᠢ ᠪᠦᠷᠢᠳᠦᠭᠦᠯᠦᠭᠰᠡᠨ ᠦᠶ᠎ᠡ ᠳᠤ ᠠᠯᠪᠠᠨ ᠶᠣᠰᠣᠨ ᠤ ᠮᠠᠯ ᠤᠨ | ᠡᠮᠴᠢ ᠠᠴᠠ ︽ᠠᠮᠢᠲᠠᠨ ᠤ ᠬᠢᠵᠢᠭ ᠪᠠᠶᠢᠴᠠᠭᠠᠯᠲᠠ ᠶᠢᠨ ᠬᠢᠷᠢ ᠳᠤ ᠨᠡᠶᠢᠴᠡᠭᠰᠡᠨ ᠦᠨᠡᠮᠯᠡᠬᠦ︾ ᠣᠯᠭᠤᠨ᠎ᠠ᠃ | ︵ᠨᠢᠭᠡ︶ ᠪᠢᠲᠡᠭᠦᠮᠵᠢᠯᠡᠭᠰᠡᠨ ᠪᠤᠰᠤ ᠣᠷᠣᠨ ᠪᠤᠶᠤ ᠡᠰᠡᠬᠦᠯ᠎ᠡ ᠠᠮᠢᠲᠠᠨ ᠤ ᠬᠢᠵᠢᠭ ᠡᠪᠡᠳᠴᠢᠨ ᠢᠯᠡᠷᠡᠭᠰᠡᠨ ᠦᠭᠡᠢ | ᠲᠡᠵᠢᠭᠡᠪᠦᠷᠢ ᠶᠢᠨ ᠹᠤᠷᠮ︔ | ︵ᠬᠤᠶᠠᠷ︶ ᠤᠯᠤᠰ ᠠᠴᠠ ᠲᠣᠭᠲᠠᠭᠠᠭᠰᠠᠨ ᠵᠢᠷᠤᠮ ᠤᠨ ᠳᠠᠭᠠᠤ ᠬᠢᠵᠢᠭ ᠪᠠᠶᠢᠴᠠᠭᠠᠯᠲᠠ ᠶᠢᠨ ᠬᠦᠴᠦᠲᠡᠢ ᠠᠷᠭ᠎ᠠ | ᠬᠡᠮᠵᠢᠶ᠎ᠡ ᠠᠪᠤᠭᠰᠠᠨ᠂ ᠲᠡᠭᠦᠨᠴᠢᠯᠡᠨ ᠦᠷ᠎ᠡ ᠳ᠋ᠦᠩ ᠲᠠᠢ ᠬᠠᠮᠠᠭᠠᠯᠠᠯᠲᠠ ᠶᠢᠨ ᠬᠤᠭᠤᠴᠠᠭᠠᠨ ᠳᠤ ᠪᠠᠶᠢᠭ᠎ᠠ︔ | ︵ᠭᠤᠷᠪᠠ︶ ᠺᠯᠢᠨᠢᠺ ᠤᠨ ᠦᠵᠡᠯᠭᠡ ᠪᠠᠷ ᠡᠷᠡᠭᠦᠯ ᠮᠡᠨᠳᠦ ᠲᠣᠭᠲᠠᠭᠠᠭᠳᠠᠭᠰᠠᠨ︔ | ︵ᠳᠥᠷᠪᠡ︶ ᠲᠠᠷᠢᠶᠠᠯᠠᠩ ᠤᠨ ᠶᠠᠮᠤᠨ ᠤ ᠲᠣᠭᠲᠠᠭᠠᠭᠰᠠᠨ ᠬᠢᠵᠢᠭ ᠲᠠᠬᠤᠯ ᠢ ᠯᠠᠪᠤᠷᠠᠲ᠋ᠣᠷᠢ ᠳᠤ ᠬᠢᠭᠰᠡᠨ | ᠰᠢᠨᠵᠢᠯᠡᠭᠡᠨ ᠤ ᠳ᠋ᠦᠩ ᠢ ᠬᠦᠯᠢᠶᠡᠨ ᠵᠥᠪᠰᠢᠶᠡᠷᠡᠨ᠎ᠡ︔ | ︵ᠲᠠᠪᠤ︶ ᠲᠡᠵᠢᠭᠡᠪᠦᠷᠢ ᠶᠢᠨ ᠹᠤᠷᠮ ᠤᠨ ᠬᠤᠯᠪᠣᠭᠳᠠᠯ ᠪᠦᠬᠦᠢ ᠲᠡᠮᠳᠡᠭᠯᠡᠯ ᠪᠣᠯᠣᠨ ᠮᠠᠯ ᠰᠢᠪᠠᠭᠤᠨ ᠤ ᠲᠡᠮᠳᠡᠭ ᠨᠢ | ᠲᠠᠷᠢᠶᠠᠯᠠᠩ ᠤᠨ ᠶᠠᠮᠤᠨ ᠤ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃ | ᠰᠦᠨ ᠤ ᠪᠣᠯᠣᠨ ᠦᠷ᠎ᠡ ᠶᠢᠨ ᠬᠡᠷᠡᠭᠯᠡᠭᠡᠨ ᠤ ᠠᠮᠢᠲᠠᠨ ᠬᠢᠭᠡᠳ ᠡᠩᠬᠦᠷᠡᠢ ᠠᠮᠢᠲᠠᠨ ᠨᠢ ᠲᠠᠷᠢᠶᠠᠯᠠᠩ ᠤᠨ ᠶᠠᠮᠤᠨ ᠤ | ᠲᠣᠭᠲᠠᠭᠠᠭᠰᠠᠨ ᠡᠷᠡᠭᠦᠯ ᠴᠢᠭᠢᠷᠠᠭ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ | ᠠᠷᠪᠠᠨ ᠲᠠᠪᠤᠳᠤᠭᠠᠷ ᠵᠦᠢᠯ ᠬᠠᠤᠯᠢ ᠵᠦᠢ ᠶᠢᠨ ᠳᠠᠭᠠᠤ ᠪᠠᠷᠢᠭᠰᠠᠨ ᠬᠡᠭᠡᠷ᠎ᠡ ᠶᠢᠨ ᠠᠮᠢᠲᠠᠨ ᠳᠤ ᠬᠢᠵᠢᠭ | ᠪᠠᠶᠢᠴᠠᠭᠠᠯᠲᠠ ᠶᠢᠨ ᠰᠢᠨᠵᠢᠯᠡᠭᠡ ᠪᠠᠷ ᠳᠠᠮᠵᠢᠵᠤ ᠳᠠᠷᠠᠭᠠᠬᠢ ᠨᠥᠬᠦᠴᠡᠯ ᠢ ᠬᠠᠩᠭᠠᠭᠰᠠᠨ ᠤ ᠳᠠᠷᠠᠭ᠎ᠠ ᠠᠯᠪᠠᠨ ᠶᠣᠰᠣᠨ ᠤ | ᠮᠠᠯ ᠤᠨ ᠡᠮᠴᠢ ᠠᠴᠠ ︽ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ ᠬᠢᠷᠢ ᠳᠤ ᠨᠡᠶᠢᠴᠡᠭᠰᠡᠨ ᠭᠡᠷᠡᠴᠢᠯᠡᠭᠡ︾ ᠭᠠᠷᠭᠠᠭᠤᠯᠵᠤ | ᠠᠪᠤᠭᠰᠠᠨᠤ ᠳᠠᠷᠠᠭ᠎ᠠ ᠰᠠᠶᠢ ᠲᠡᠵᠢᠭᠡᠵᠦ᠂ ᠡᠵᠡᠩᠨᠡᠵᠦ᠂ ᠲᠡᠭᠡᠭᠡᠪᠦᠷᠢᠯᠡᠵᠦ ᠪᠣᠯᠣᠨ᠎ᠠ᠃ ︵ᠨᠢᠭᠡ︶ ᠪᠢᠲᠡᠭᠦᠮᠵᠢᠯᠡᠭᠰᠡᠨ ᠪᠤᠰᠤ | ᠣᠷᠣᠨ ᠠᠴᠠ ᠢᠷᠡᠭᠰᠡᠨ︔ ︵ᠬᠤᠶᠠᠷ︶ ᠺᠯᠢᠨᠢᠺ ᠤᠨ ᠦᠵᠡᠯᠭᠡ ᠪᠠᠷ ᠡᠷᠡᠭᠦᠯ ᠮᠡᠨᠳᠦ ᠲᠣᠭᠲᠠᠭᠠᠭᠳᠠᠭᠰᠠᠨ︔ ︵ᠭᠤᠷᠪᠠ︶ | ᠲᠠᠷᠢᠶᠠᠯᠠᠩ ᠤᠨ ᠶᠠᠮᠤᠨ ᠤ ᠲᠣᠭᠲᠠᠭᠠᠭᠰᠠᠨ ᠬᠢᠵᠢᠭ ᠲᠠᠬᠤᠯ ᠢ ᠯᠠᠪᠤᠷᠠᠲ᠋ᠣᠷᠢ ᠳᠤ ᠬᠢᠭᠰᠡᠨ ᠰᠢᠨᠵᠢᠯᠡᠭᠡᠨ ᠤ ᠳ᠋ᠦᠩ ᠢ | ᠬᠦᠯᠢᠶᠡᠨ ᠵᠥᠪᠰᠢᠶᠡᠷᠡᠨ᠎ᠡ᠃ | ᠠᠷᠪᠠᠨ ᠵᠢᠷᠭᠤᠳᠤᠭᠠᠷ ᠵᠦᠢᠯ ᠦᠷ᠎ᠡ ᠶᠢᠨ ᠬᠡᠷᠡᠭᠯᠡᠭᠡᠨ ᠤ ᠠᠮᠢᠲᠠᠨ ᠤ ᠦᠷ᠎ᠡ ᠶᠢᠨ ᠰᠢᠩᠭᠡᠨ᠂ ᠥᠨᠳᠡᠭᠡ᠂ ᠦᠷ᠎ᠡ | ᠬᠥᠪᠥᠷᠡᠯ᠂ ᠦᠷ᠎ᠡ ᠶᠢᠨ ᠥᠨᠳᠡᠭᠡ ᠶᠢ ᠬᠤᠳᠠᠯᠳᠤᠬᠤ᠂ ᠲᠡᠭᠡᠭᠡᠪᠦᠷᠢᠯᠡᠬᠦ ᠳᠤ ᠬᠢᠵᠢᠭ ᠤᠨ ᠪᠠᠶᠢᠴᠠᠭᠠᠯᠲᠠ ᠶᠢ ᠥᠩᠭᠡᠷᠡᠭᠦᠯᠵᠦ | ᠳᠠᠷᠠᠭᠠᠬᠢ ᠨᠥᠬᠦᠴᠡᠯ ᠢ ᠪᠦᠷᠢᠳᠦᠭᠦᠯᠦᠭᠰᠡᠨ ᠦᠶ᠎ᠡ ᠳᠤ ᠠᠯᠪᠠᠨ ᠶᠣᠰᠣᠨ ᠤ ᠮᠠᠯ ᠤᠨ ᠡᠮᠴᠢ ᠠᠴᠠ ︽ᠠᠮᠢᠲᠠᠨ ᠤ ᠬᠢᠵᠢᠭ | ᠪᠠᠶᠢᠴᠠᠭᠠᠯᠲᠠ ᠶᠢᠨ ᠬᠢᠷᠢ ᠳᠤ ᠨᠡᠶᠢᠴᠡᠭᠰᠡᠨ ᠦᠨᠡᠮᠯᠡᠬᠦ︾ ᠣᠯᠭᠤᠨ᠎ᠠ᠃ | ︵ᠨᠢᠭᠡ︶ ᠪᠢᠲᠡᠭᠦᠮᠵᠢᠯᠡᠭᠰᠡᠨ ᠪᠤᠰᠤ ᠣᠷᠣᠨ ᠪᠤᠶᠤ ᠡᠰᠡᠬᠦᠯ᠎ᠡ ᠠᠮᠢᠲᠠᠨ ᠤ ᠬᠢᠵᠢᠭ ᠡᠪᠡᠳᠴᠢᠨ ᠢᠯᠡᠷᠡᠭᠰᠡᠨ ᠦᠭᠡᠢ | ᠲᠡᠵᠢᠭᠡᠪᠦᠷᠢ ᠶᠢᠨ ᠹᠤᠷᠮ︔ | ︵ᠬᠤᠶᠠᠷ︶ ᠬᠠᠩᠭᠠᠯᠭ᠎ᠠ ᠶᠢᠨ ᠠᠮᠢᠲᠠᠳ ᠨᠢ ᠤᠯᠤᠰ ᠠᠴᠠ ᠲᠣᠭᠲᠠᠭᠠᠭᠰᠠᠨ ᠵᠢᠷᠤᠮ ᠤᠨ ᠳᠠᠭᠠᠤ ᠬᠢᠵᠢᠭ | ᠪᠠᠶᠢᠴᠠᠭᠠᠯᠲᠠ ᠶᠢᠨ ᠬᠦᠴᠦᠲᠡᠢ ᠠᠷᠭ᠎ᠠ ᠬᠡᠮᠵᠢᠶ᠎ᠡ ᠠᠪᠤᠭᠰᠠᠨ᠂ ᠲᠡᠭᠦᠨᠴᠢᠯᠡᠨ ᠦᠷ᠎ᠡ ᠳ᠋ᠦᠩ ᠲᠠᠢ ᠬᠠᠮᠠᠭᠠᠯᠠᠯᠲᠠ ᠶᠢᠨ | ᠬᠤᠭᠤᠴᠠᠭᠠᠨ ᠳᠤ ᠪᠠᠶᠢᠭ᠎ᠠ︔ | ︵ᠭᠤᠷᠪᠠ︶ ᠬᠠᠩᠭᠠᠯᠭ᠎ᠠ ᠶᠢᠨ ᠠᠮᠢᠲᠠᠳ ᠨᠢ ᠠᠮᠢᠲᠠᠨ ᠤ ᠡᠷᠡᠭᠦᠯ ᠮᠡᠨᠳᠦ ᠶᠢᠨ ᠱᠠᠭᠠᠷᠳᠠᠯᠭ᠎ᠠ ᠳᠤ ᠲᠣᠬᠢᠷᠠᠭᠰᠠᠨ | ᠪᠠᠶᠢᠬᠤ︔ | ︵ᠳᠥᠷᠪᠡ︶ ᠲᠠᠷᠢᠶᠠᠯᠠᠩ ᠤᠨ ᠶᠠᠮᠤᠨ ᠤ ᠲᠣᠭᠲᠠᠭᠠᠭᠰᠠᠨ ᠬᠢᠵᠢᠭ ᠲᠠᠬᠤᠯ ᠢ ᠯᠠᠪᠤᠷᠠᠲ᠋ᠣᠷᠢ ᠳᠤ ᠬᠢᠭᠰᠡᠨ | ᠰᠢᠨᠵᠢᠯᠡᠭᠡᠨ ᠤ ᠳ᠋ᠦᠩ ᠢ ᠬᠦᠯᠢᠶᠡᠨ ᠵᠥᠪᠰᠢᠶᠡᠷᠡᠨ᠎ᠡ᠃ | ︵ᠲᠠᠪᠤ︶ ᠬᠠᠩᠭᠠᠯᠭ᠎ᠠ ᠶᠢᠨ ᠠᠮᠢᠲᠠᠳ ᠢ ᠠᠷᠠᠴᠢᠯᠠᠨ ᠲᠡᠵᠢᠭᠡᠭᠰᠡᠨ ᠲᠡᠮᠳᠡᠭᠯᠡᠯ ᠲᠠᠢ ᠬᠤᠯᠪᠣᠭ᠎ᠠ ᠲᠠᠢ ᠪᠢᠴᠢᠭ | ᠪᠠᠷᠢᠮᠲᠠ ᠪᠣᠯᠣᠨ ᠮᠠᠯ ᠰᠢᠪᠠᠭᠤᠨ ᠤ ᠲᠡᠮᠳᠡᠭ ᠨᠢ ᠲᠠᠷᠢᠶᠠᠯᠠᠩ ᠤᠨ ᠶᠠᠮᠤᠨ ᠤ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ | ᠃ | ᠠᠷᠪᠠᠨ ᠳᠣᠯᠣᠳᠤᠭᠠᠷ ᠵᠦᠢᠯ ᠶᠠᠰᠤ᠂ ᠡᠪᠡᠷ᠂ ᠠᠷᠠᠰᠤ᠂ ᠨᠣᠣᠰᠣ᠂ ᠨᠣᠣᠯᠤᠷ ᠤᠨ ᠵᠡᠷᠭᠡ ᠪᠦᠲᠦᠭᠡᠭᠳᠡᠬᠦᠨ ᠢ | ᠬᠤᠳᠠᠯᠳᠤᠬᠤ᠂ ᠲᠡᠭᠡᠭᠡᠪᠦᠷᠢᠯᠡᠬᠦ ᠳᠤ ᠬᠢᠵᠢᠭ ᠤᠨ ᠪᠠᠶᠢᠴᠠᠭᠠᠯᠲᠠ ᠶᠢ ᠥᠩᠭᠡᠷᠡᠭᠦᠯᠵᠦ ᠳᠠᠷᠠᠭᠠᠬᠢ ᠨᠥᠬᠦᠴᠡᠯ ᠢ | ᠪᠦᠷᠢᠳᠦᠭᠦᠯᠦᠭᠰᠡᠨ ᠦᠶ᠎ᠡ ᠳᠤ ᠠᠯᠪᠠᠨ ᠶᠣᠰᠣᠨ ᠤ ᠮᠠᠯ ᠤᠨ ᠡᠮᠴᠢ ᠠᠴᠠ ︽ᠠᠮᠢᠲᠠᠨ ᠤ ᠬᠢᠵᠢᠭ ᠪᠠᠶᠢᠴᠠᠭᠠᠯᠲᠠ ᠶᠢᠨ | ᠬᠢᠷᠢ ᠳᠤ ᠨᠡᠶᠢᠴᠡᠭᠰᠡᠨ ᠦᠨᠡᠮᠯᠡᠬᠦ︾ ᠣᠯᠭᠤᠨ᠎ᠠ᠃ | ︵ᠨᠢᠭᠡ︶ ᠪᠢᠲᠡᠭᠦᠮᠵᠢᠯᠡᠭᠰᠡᠨ ᠪᠤᠰᠤ ᠣᠷᠣᠨ ᠪᠤᠶᠤ ᠡᠰᠡᠬᠦᠯ᠎ᠡ ᠠᠮᠢᠲᠠᠨ ᠤ ᠬᠢᠵᠢᠭ ᠡᠪᠡᠳᠴᠢᠨ ᠢᠯᠡᠷᠡᠭᠰᠡᠨ ᠦᠭᠡᠢ | ᠲᠡᠵᠢᠭᠡᠪᠦᠷᠢ ᠶᠢᠨ ᠹᠤᠷᠮ ︵ᠡᠷᠦᠬᠡ︶︔ | ︵ᠬᠤᠶᠠᠷ︶ ᠬᠤᠯᠪᠣᠭᠳᠠᠬᠤ ᠳᠦᠷᠢᠮ ᠵᠢᠷᠤᠮ ᠤᠨ ᠳᠠᠭᠠᠤ ᠠᠷᠢᠭᠤᠳᠬᠠᠯ ᠬᠢᠵᠦ ᠬᠢᠷᠢ ᠳᠤ ᠬᠦᠷᠦᠭᠰᠡᠨ︔ | ︵ᠭᠤᠷᠪᠠ︶ ᠲᠠᠷᠢᠶᠠᠯᠠᠩ ᠤᠨ ᠶᠠᠮᠤᠨ ᠤ ᠲᠣᠭᠲᠠᠭᠠᠯ ᠤᠨ ᠳᠠᠭᠠᠤ ᠯᠠᠪᠤᠷᠠᠲ᠋ᠣᠷᠢ ᠶᠢᠨ ᠰᠢᠨᠵᠢᠯᠡᠭᠡ ᠬᠢᠬᠦ | ᠴᠢᠬᠤᠯᠠ ᠲᠠᠢ ᠪᠣᠯ ᠰᠢᠨᠵᠢᠯᠡᠭᠡᠨ ᠤ ᠦᠷ᠎ᠡ ᠳ᠋ᠦᠩ ᠨᠢ ᠱᠠᠭᠠᠷᠳᠠᠯᠭ᠎ᠠ ᠶᠢᠨ ᠳᠠᠭᠠᠤ ᠪᠠᠶᠢᠬᠤ ᠶᠣᠰᠣᠲᠠᠢ᠃ | ᠠᠷᠪᠠᠨ ᠨᠠᠢᠮᠠᠳᠤᠭᠠᠷ ᠵᠦᠢᠯ ᠬᠢᠵᠢᠭ ᠪᠠᠶᠢᠴᠠᠭᠠᠯᠲᠠ ᠢᠶᠠᠷ ᠬᠢᠷᠢ ᠳᠤ ᠬᠦᠷᠦᠭᠰᠡᠨ ᠦᠭᠡᠢ ᠠᠮᠢᠲᠠᠨ᠂ ᠠᠮᠢᠲᠠᠨ ᠤ | ᠭᠠᠷᠤᠯ ᠲᠠᠢ ᠪᠦᠲᠦᠭᠡᠭᠳᠡᠬᠦᠨ ᠢ ᠠᠯᠪᠠᠨ ᠶᠣᠰᠣᠨ ᠤ ᠮᠠᠯ ᠤᠨ ᠡᠮᠴᠢ ᠠᠴᠠ ᠬᠢᠵᠢᠭ ᠤᠨ ᠪᠠᠶᠢᠴᠠᠭᠠᠯᠲᠠ ᠶᠢᠨ ᠰᠢᠢᠳᠦᠯ ᠤᠨ | ᠮᠡᠳᠡᠭᠳᠡᠯ ᠪᠢᠴᠢᠭ ᠪᠠᠭᠤᠯᠭᠠᠬᠤ ᠶᠢᠨ ᠳᠠᠭᠠᠤ ᠪᠠᠷᠠᠭᠠᠨ ᠤ ᠡᠵᠡᠨ ᠢ ᠬᠢᠨᠠᠵᠤ ᠲᠠᠷᠢᠶᠠᠯᠠᠩ ᠤᠨ ᠶᠠᠮᠤᠨ ᠤ ᠲᠣᠭᠲᠠᠭᠠᠭᠰᠠᠨ | ᠲᠦ᠋ᠭᠨᠢᠭ ᠤᠨ ᠦᠵᠡᠭᠦᠯᠦᠯᠲᠡ ᠶᠢᠨ ᠳᠠᠭᠠᠤ ᠰᠢᠢᠳᠪᠦᠷᠢᠯᠡᠨ᠎ᠡ᠃ | ᠠᠷᠪᠠ ᠶᠢᠰᠦᠳᠦᠭᠡᠷ ᠵᠦᠢᠯ ᠮᠤᠵᠢ᠂ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ ᠲᠡᠵᠢᠭᠡᠬᠦ | ᠵᠣᠷᠢᠭᠤᠯᠤᠯᠲᠠ ᠲᠠᠢ ᠰᠦᠨ ᠤ ᠪᠤᠰᠤ᠂ ᠦᠷ᠎ᠡ ᠶᠢᠨ ᠬᠡᠷᠡᠭᠯᠡᠭᠡᠨ ᠤ ᠪᠤᠰᠤ ᠠᠮᠢᠲᠠᠳ ᠲᠤᠬᠠᠢ ᠶᠢᠨ ᠭᠠᠵᠠᠷ ᠲᠤ ᠬᠦᠷᠦᠭᠰᠡᠨ | ᠬᠤᠶᠢᠨ᠎ᠠ ᠪᠠᠷᠠᠭᠠᠨ ᠤ ᠡᠵᠡᠨ ᠪᠤᠶᠤ ᠡᠰᠡᠬᠦᠯ᠎ᠡ ᠲᠡᠭᠡᠭᠡᠪᠦᠷᠢᠯᠡᠭᠴᠢ ᠠᠴᠠ 24 ᠴᠠᠭ ᠤᠨ ᠳᠣᠲᠣᠷ᠎ᠠ ᠪᠠᠶᠢᠭ᠎ᠠ ᠭᠠᠵᠠᠷ ᠤᠨ | ᠰᠢᠶᠠᠨ ᠤ ᠱᠠᠲᠤᠨ ᠤ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠳᠤ ᠮᠡᠳᠡᠭᠦᠯᠭᠡ ᠥᠭᠴᠦ ᠲᠡᠭᠦᠨᠴᠢᠯᠡᠨ | ᠬᠢᠨᠠᠨ ᠰᠢᠯᠭᠠᠯᠲᠠ ᠶᠢ ᠬᠦᠯᠢᠶᠡᠨ᠎ᠡ᠃ | ᠬᠤᠷᠢᠳᠤᠭᠠᠷ ᠵᠦᠢᠯ ᠮᠤᠵᠢ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ ᠭᠠᠳᠠᠨ᠎ᠠ ᠠᠴᠠ | ᠣᠷᠣᠭᠤᠯᠬᠤ ᠰᠦᠨ ᠤ᠂ ᠦᠷ᠎ᠡ ᠶᠢᠨ ᠬᠡᠷᠡᠭᠯᠡᠭᠡᠨ ᠤ ᠠᠮᠢᠲᠠᠳ ᠭᠠᠵᠠᠷ ᠲᠠᠭᠠᠨ ᠢᠷᠡᠭᠰᠡᠨ ᠬᠤᠶᠢᠨ᠎ᠠ ᠪᠠᠶᠢᠭ᠎ᠠ | ᠭᠠᠵᠠᠷ ᠤᠨ ᠢᠶᠠᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠤ ᠬᠢᠨᠠᠯᠲᠠ ᠶᠢᠨ ᠳᠣᠣᠷ᠎ᠠ ᠲᠤᠰᠠᠭᠠᠷᠯᠠᠬᠤ | ᠲᠠᠯᠠᠪᠤᠷ ᠪᠤᠶᠤ ᠲᠡᠵᠢᠭᠡᠯ ᠤᠨ ᠹᠤᠷᠮ ᠳᠤ ︵ᠲᠡᠵᠢᠭᠡᠯ ᠤᠨ ᠲᠣᠭᠤᠷᠢᠭ︶ ᠲᠤᠰᠠᠭᠠᠷᠯᠠᠨ ᠠᠵᠢᠭᠯᠠᠵᠤ᠂ ᠶᠡᠭᠡ ᠳᠤᠮᠳᠠ | ᠣᠪᠣᠷ ᠤᠨ ᠠᠮᠢᠲᠠᠳ ᠤᠨ ᠲᠤᠰᠠᠭᠠᠷᠯᠠᠨ ᠠᠵᠢᠭᠯᠠᠬᠤ ᠬᠤᠭᠤᠴᠠᠭ᠎ᠠ ᠶᠢ 45 ᠬᠤᠨᠤᠭ᠂ ᠪᠠᠭ᠎ᠠ ᠣᠪᠣᠷ ᠤᠨ ᠠᠮᠢᠲᠠᠳ ᠤᠨ | ᠲᠤᠰᠠᠭᠠᠷᠯᠠᠨ ᠠᠵᠢᠭᠯᠠᠬᠤ ᠬᠤᠭᠤᠴᠠᠭ᠎ᠠ ᠶᠢ 30 ᠬᠤᠨᠤᠭ ᠪᠠᠶᠢᠯᠭᠠᠬᠤ ᠬᠡᠷᠡᠭᠲᠡᠢ᠃ ᠲᠤᠰᠠᠭᠠᠷᠯᠠᠨ ᠠᠵᠢᠭᠯᠠᠯᠲᠠ ᠶᠢ | ᠳᠠᠮᠵᠢᠵᠤ ᠬᠢᠷᠢ ᠳᠤ ᠨᠡᠶᠢᠴᠡᠪᠡᠯ ᠰᠦᠷᠦᠭ ᠲᠤ ᠨᠡᠶᠢᠯᠡᠭᠦᠯᠦᠨ ᠲᠡᠵᠢᠭᠡᠨ ᠠᠷᠠᠴᠢᠯᠠᠵᠤ ᠪᠣᠯᠣᠨ᠎ᠠ︔ ᠬᠢᠷᠢ ᠳᠤ ᠨᠡᠶᠢᠴᠡᠬᠦ ᠦᠭᠡᠢ | ᠪᠣᠯ ᠬᠤᠯᠪᠣᠭᠳᠠᠬᠤ ᠳᠦᠷᠢᠮ ᠵᠢᠷᠤᠮ ᠤᠨ ᠳᠠᠭᠠᠤ ᠰᠢᠢᠳᠪᠦᠷᠢᠯᠡᠬᠦ ᠬᠡᠷᠡᠭᠲᠡᠢ᠃ ᠲᠤᠰᠠᠭᠠᠷᠯᠠᠨ ᠠᠵᠢᠭᠯᠠᠵᠤ ᠬᠢᠷᠢ ᠳᠤ | ᠨᠡᠶᠢᠴᠡᠭᠰᠡᠨ ᠢ ᠦᠷᠭᠦᠯᠵᠢᠯᠡᠨ ᠮᠤᠵᠢ ᠶᠢᠨ ᠳᠣᠲᠣᠷ᠎ᠠ ᠦᠷᠭᠦᠯᠵᠢᠯᠡᠨ ᠲᠡᠭᠡᠭᠡᠪᠦᠷᠢᠯᠡᠬᠦ ᠭᠡᠪᠡᠯ ᠪᠠᠷᠠᠭᠠᠨ ᠤ ᠡᠵᠡᠨ ᠡᠷᠭᠦᠳᠡᠯ | ᠭᠠᠷᠭᠠᠨ ︽ᠠᠮᠢᠲᠠᠨ ᠤ ᠬᠢᠵᠢᠭ ᠪᠠᠶᠢᠴᠠᠭᠠᠯᠲᠠ ᠶᠢᠨ ᠬᠢᠷᠢ ᠳᠤ ᠨᠡᠶᠢᠴᠡᠭᠰᠡᠨ ᠦᠨᠡᠮᠯᠡᠬᠦ︾ ᠪᠠᠨ ᠰᠣᠯᠢᠭᠤᠯᠬᠤ ᠬᠡᠷᠡᠭᠲᠡᠢ᠃ | ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠ ᠨᠢ ︽ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ ᠬᠢᠷᠢ ᠳᠤ | ᠨᠡᠶᠢᠴᠡᠭᠰᠡᠨ ᠦᠨᠡᠮᠯᠡᠬᠦ︾ ᠥᠭᠬᠦ ᠳᠡᠭᠡᠨ ᠲᠥᠯᠥᠪᠦᠷᠢ ᠠᠪᠴᠤ ᠪᠣᠯᠬᠤ ᠦᠭᠡᠢ᠃ | | | ᠳᠥᠷᠪᠡᠳᠦᠭᠡᠷ ᠪᠦᠯᠦᠭ ᠨᠢᠲᠤᠯᠭᠠᠨ ᠤ ᠬᠢᠵᠢᠭ ᠤᠨ ᠪᠠᠶᠢᠴᠠᠭᠠᠯᠲᠠ | ᠬᠤᠷᠢᠨ ᠨᠢᠭᠡᠳᠦᠭᠡᠷ ᠵᠦᠢᠯ ᠰᠢᠶᠠᠨ ᠤ ᠱᠠᠲᠤᠨ ᠤ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠨᠢ | ᠬᠠᠤᠯᠢ ᠶᠣᠰᠣ ᠪᠠᠷ ᠨᠢᠲᠤᠯᠭᠠᠨ ᠤ ᠲᠠᠯᠠᠪᠤᠷ ︵ᠦᠢᠯᠡᠳᠪᠦᠷᠢ᠂ ᠴᠢᠭ︶ ᠲᠤ ᠠᠯᠪᠠᠨ ᠶᠣᠰᠣᠨ ᠤ ᠮᠠᠯ ᠤᠨ ᠡᠮᠴᠢ ᠲᠣᠮᠢᠯᠠᠨ | ᠰᠠᠭᠤᠯᠭᠠᠵᠤ ᠬᠢᠵᠢᠭ ᠤᠨ ᠪᠠᠶᠢᠴᠠᠭᠠᠯᠲᠠ ᠬᠢᠯᠭᠡᠬᠦ ᠬᠡᠷᠡᠭᠲᠡᠢ᠃ ᠨᠢᠲᠤᠯᠭᠠᠨ ᠤ ᠲᠠᠯᠠᠪᠤᠷ ︵ᠦᠢᠯᠡᠳᠪᠦᠷᠢ᠂ ᠴᠢᠭ︶ ᠨᠢ | ᠨᠢᠲᠤᠯᠭᠠᠨ ᠤ ᠬᠦᠷᠢᠶ᠎ᠡ ᠬᠡᠪᠴᠢᠶᠡᠨ ᠳᠡᠭᠡᠨ ᠲᠣᠬᠢᠷᠠᠭᠰᠠᠨ ᠠᠯᠪᠠᠨ ᠶᠣᠰᠣᠨ ᠤ ᠮᠠᠯ ᠤᠨ ᠡᠮᠴᠢ ᠶᠢᠨ ᠲᠠᠯᠠᠪᠤᠷ ᠲᠤ | ᠠᠵᠢᠯᠯᠠᠬᠤ ᠥᠷᠥᠭᠡ ᠪᠣᠯᠣᠨ ᠪᠠᠶᠢᠴᠠᠭᠠᠬᠤ ᠲᠠᠶᠢᠰᠠ ᠵᠡᠷᠭᠡ ᠲᠥᠬᠦᠭᠡᠷᠦᠮᠵᠢ ᠶᠢ ᠬᠠᠩᠭᠠᠬᠤ ᠬᠡᠷᠡᠭᠲᠡᠢ᠃ ᠲᠠᠯᠠᠪᠤᠷ ︵ | ᠦᠢᠯᠡᠳᠪᠦᠷᠢ᠂ ᠴᠢᠭ︶ ᠠᠴᠠ ᠭᠠᠷᠭᠠᠬᠤ ᠠᠮᠢᠲᠠᠨ ᠤ ᠪᠦᠲᠦᠭᠡᠭᠳᠡᠬᠦᠨ ᠨᠢ ᠠᠯᠪᠠᠨ ᠶᠣᠰᠣᠨ ᠤ ᠮᠠᠯ ᠤᠨ ᠡᠮᠴᠢ ᠶᠢᠨ ᠬᠢᠨᠠᠨ | ᠪᠠᠶᠢᠴᠠᠭᠠᠯᠲᠠ ᠳᠤ ᠬᠢᠷᠢ ᠳ᠋ᠡᠩᠴᠡᠪᠠᠯ ᠬᠢᠵᠢᠭ ᠤᠨ ᠪᠠᠶ᠋ᠢᠴᠠᠭᠠᠯᠲᠠ ᠶᠢᠨ ᠲᠡᠮᠳᠡᠭ ᠴᠣᠬᠤᠬᠤ ᠶᠢᠨ ᠳᠠᠭᠠᠤ ︽ᠠᠮᠢᠲᠠᠨ ᠤ | ᠬᠢᠵᠢᠭ ᠤᠨ ᠪᠠᠶᠢᠴᠠᠭᠠᠯᠲᠠ ᠶᠢᠨ ᠬᠢᠷᠢ ᠳᠤ ᠨᠡᠶᠢᠴᠡᠭᠰᠡᠨ ᠦᠨᠡᠮᠯᠡᠬᠦ︾ ᠳᠠᠭᠠᠯᠳᠤᠭᠤᠯᠤᠭᠰᠠᠨ ᠪᠠᠶᠢᠬᠤ ᠬᠡᠷᠡᠭᠲᠡᠢ᠃ | ᠬᠤᠷᠢᠨ ᠬᠤᠶᠠᠳᠤᠭᠠᠷ ᠵᠤᠷᠪᠤᠰ ᠨᠢᠲᠤᠯᠭᠠᠨ ᠤ ᠲᠠᠯᠠᠪᠤᠷ ︵ᠦᠢᠯᠡᠳᠪᠦᠷᠢ᠂ ᠴᠢᠭ︶ ᠲᠤ ᠣᠷᠣᠭᠤᠯᠬᠤ | ᠠᠮᠢᠲᠠᠳ ᠲᠤ ︽ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ ᠬᠢᠷᠢ ᠳᠤ ᠨᠡᠶᠢᠴᠡᠭᠰᠡᠨ ᠦᠨᠡᠮᠯᠡᠬᠦ︾ ᠳᠠᠭᠠᠯᠳᠤᠭᠤᠯᠬᠤ | ᠬᠡᠷᠡᠭᠲᠡᠢ ᠪᠥᠭᠡᠳ ᠲᠡᠭᠦᠨᠴᠢᠯᠡᠨ ᠲᠠᠷᠢᠶᠠᠯᠠᠩ ᠤᠨ ᠶᠠᠮᠤᠨ ᠤ ᠲᠣᠭᠲᠠᠭᠠᠭᠰᠠᠨ ᠮᠠᠯ ᠰᠢᠪᠠᠭᠤᠨ ᠤ ᠢᠯᠭᠠᠮᠵᠢ ᠲᠡᠮᠳᠡᠭ | ᠬᠠᠳᠠᠭᠰᠠᠨ ᠪᠠᠶᠢᠬᠤ ᠬᠡᠷᠡᠭᠲᠡᠢ᠃ | ᠠᠯᠪᠠᠨ ᠶᠣᠰᠣᠨ ᠤ ᠮᠠᠯ ᠤᠨ ᠡᠮᠴᠢ ᠠᠴᠠ ᠲᠠᠯᠠᠪᠤᠷ ᠲᠤ ᠣᠷᠣᠭᠤᠯᠬᠤ ᠠᠮᠢᠲᠠᠨ ᠤ ᠳᠠᠭᠠᠯᠳᠤᠭᠰᠠᠨ ︽ᠠᠮᠢᠲᠠᠨ ᠤ | ᠬᠢᠵᠢᠭ ᠤᠨ ᠪᠠᠶᠢᠴᠠᠭᠠᠯᠲᠠ ᠶᠢᠨ ᠬᠢᠷᠢ ᠳᠤ ᠨᠡᠶᠢᠴᠡᠭᠰᠡᠨ ᠦᠨᠡᠮᠯᠡᠬᠦ︾ ᠪᠣᠯᠣᠨ ᠮᠠᠯ ᠰᠢᠪᠠᠭᠤᠨ ᠤ ᠢᠯᠭᠠᠮᠵᠢ ᠲᠡᠮᠳᠡᠭ ᠢ | ᠬᠢᠨᠠᠨ ᠰᠢᠯᠭᠠᠵᠤ᠂ ᠨᠢᠲᠤᠯᠭᠠᠨ ᠳᠤ ᠪᠡᠯᠡᠳᠬᠡᠭᠰᠡᠨ ᠠᠮᠢᠲᠠᠨ ᠤ ᠡᠷᠡᠭᠦᠯ ᠮᠡᠨᠳᠦ ᠶᠢᠨ ᠪᠠᠶᠢᠳᠠᠯ ᠢ ᠬᠢᠨᠠᠨ ᠨᠢᠭᠲᠠᠯᠠᠵᠤ | ᠬᠠᠯᠳᠠᠪᠤᠷᠢᠲᠤ ᠡᠪᠡᠳᠴᠢᠨ ᠤ ᠰᠡᠵᠢᠭ ᠲᠠᠢ ᠠᠮᠢᠲᠠᠳ ᠢ ᠲᠤᠰᠠᠭᠠᠷᠯᠠᠨ ᠠᠵᠢᠭᠯᠠᠨ᠎ᠠ᠃ | ᠠᠯᠪᠠᠨ ᠶᠣᠰᠣᠨ ᠤ ᠮᠠᠯ ᠤᠨ ᠡᠮᠴᠢ ᠠᠴᠠ ᠲᠠᠷᠢᠶᠠᠯᠠᠩ ᠤᠨ ᠶᠠᠮᠤᠨ ᠤ ᠲᠣᠭᠲᠠᠭᠠᠯ ᠵᠢᠷᠤᠮ ᠤᠨ ᠳᠠᠭᠠᠤ ᠠᠮᠢᠲᠠᠨ ᠤ | ᠨᠢᠲᠤᠯᠭᠠᠨ ᠤ ᠶᠠᠪᠤᠴᠠ ᠳᠤᠮᠳᠠ ᠨᠢᠭᠡᠨ ᠵᠡᠷᠭᠡ ᠬᠢᠵᠢᠭ ᠤᠨ ᠰᠢᠯᠭᠠᠯᠲᠠ ᠬᠢᠬᠦ ᠪᠥᠭᠡᠳ ᠱᠠᠭᠠᠷᠳᠠᠯᠭ᠎ᠠ ᠲᠠᠢ ᠦᠶ᠎ᠡ ᠳᠤ | ᠯᠠᠪᠤᠷᠠᠲ᠋ᠣᠷᠢ ᠶᠢᠨ ᠰᠢᠨᠵᠢᠯᠡᠭᠡ ᠬᠢᠬᠦ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠬᠢᠵᠢᠭ ᠤᠨ ᠪᠠᠶᠢᠴᠠᠭᠠᠯᠲᠠ ᠳᠠᠷᠠᠭᠠᠬᠢ ᠱᠠᠭᠠᠷᠳᠠᠯᠭ᠎ᠠ ᠶᠢ ᠬᠠᠩᠭᠠᠭᠰᠠᠨ ᠦᠶ᠎ᠡ ᠳᠤ | ᠠᠯᠪᠠᠨ ᠶᠣᠰᠣᠨ ᠤ ᠮᠠᠯ ᠤᠨ ᠡᠮᠴᠢ ᠠᠴᠠ ︽ᠠᠮᠢᠲᠠᠨ ᠤ ᠬᠢᠵᠢᠭ ᠪᠠᠶᠢᠴᠠᠭᠠᠯᠲᠠ ᠶᠢᠨ ᠬᠢᠷᠢ ᠳᠤ ᠨᠡᠶᠢᠴᠡᠭᠰᠡᠨ ᠦᠨᠡᠮᠯᠡᠬᠦ︾ | ᠣᠯᠭᠤᠨ᠎ᠠ᠂ ᠶᠡᠭᠡ ᠪᠡᠶ᠎ᠡ ︵ᠭᠤᠤᠯᠤᠵᠠ︶ ᠪᠣᠯᠣᠨ ᠬᠡᠰᠡᠭᠴᠢᠯᠡᠨ ᠪᠠᠭᠯᠠᠭᠰᠠᠨ ᠠᠮᠢᠲᠠᠨ ᠤ ᠪᠦᠲᠦᠭᠡᠭᠳᠡᠬᠦᠨ ᠳᠤ ᠬᠢᠵᠢᠭ ᠤᠨ | ᠰᠢᠯᠭᠠᠯᠲᠠ ᠶᠢᠨ ᠲᠠᠮᠠᠭ᠎ᠠ ᠳᠠᠷᠤᠬᠤ ᠪᠤᠶᠤ ᠡᠰᠡᠬᠦᠯ᠎ᠡ ᠪᠤᠰᠤᠳ ᠬᠢᠵᠢᠭ ᠤᠨ ᠪᠠᠶᠢᠴᠠᠭᠠᠯᠲᠠ ᠶᠢᠨ ᠲᠡᠮᠳᠡᠭ ᠬᠠᠳᠠᠬᠤ ᠬᠡᠷᠡᠭᠲᠡᠢ | ᠄ | ︵ᠨᠢᠭᠡ︶ ᠵᠢᠷᠤᠮ ᠳᠤ ᠵᠢᠭᠠᠭᠰᠠᠨ ᠡᠪᠡᠳᠴᠢᠨ ᠪᠢᠰᠢ ᠪᠤᠶᠤ ᠰᠢᠮᠡᠭᠴᠢ ᠬᠤᠷᠣᠬᠠᠢ ᠶᠢᠨ ᠡᠪᠡᠳᠴᠢᠨ︔ | ︵ᠬᠤᠶᠠᠷ︶ ᠲᠠᠷᠢᠶᠠᠯᠠᠩ ᠤᠨ ᠶᠠᠮᠤᠨ ᠤ ᠲᠣᠭᠲᠠᠭᠠᠭᠰᠠᠨ ᠬᠢᠵᠢᠭ ᠤᠨ ᠪᠠᠶᠢᠴᠠᠭᠠᠯᠲᠠ ᠶᠢᠨ ᠬᠤᠯᠪᠣᠭᠳᠠᠬᠤ | ᠵᠢᠷᠤᠮ ᠤᠨ ᠱᠠᠭᠠᠷᠳᠠᠯᠭ᠎ᠠ ᠳᠤ ᠨᠡᠶᠢᠴᠡᠭᠰᠡᠨ︔ | ︵ᠭᠤᠷᠪᠠ︶ ᠲᠠᠷᠢᠶᠠᠯᠠᠩ ᠤᠨ ᠶᠠᠮᠤᠨ ᠤ ᠲᠣᠭᠲᠠᠭᠠᠯ ᠤᠨ ᠳᠠᠭᠠᠤ ᠯᠠᠪᠤᠷᠠᠲ᠋ᠣᠷᠢ ᠶᠢᠨ ᠰᠢᠨᠵᠢᠯᠡᠭᠡ ᠬᠢᠬᠦ | ᠴᠢᠬᠤᠯᠠ ᠲᠠᠢ ᠪᠣᠯ ᠰᠢᠨᠵᠢᠯᠡᠭᠡᠨ ᠤ ᠦᠷ᠎ᠡ ᠳ᠋ᠦᠩ ᠨᠢ ᠱᠠᠭᠠᠷᠳᠠᠯᠭ᠎ᠠ ᠶᠢᠨ ᠳᠠᠭᠠᠤ ᠪᠠᠶᠢᠬᠤ ᠶᠣᠰᠣᠲᠠᠢ᠃ ᠶᠠᠰᠤ᠂ ᠡᠪᠡᠷ᠂ | ᠠᠷᠠᠰᠤ ᠨᠣᠣᠰᠣ᠂ ᠨᠣᠣᠯᠤᠷ ᠤᠨ ᠬᠢᠵᠢᠭ ᠤᠨ ᠪᠠᠶᠢᠴᠠᠭᠠᠯᠲᠠ ᠨᠢ ᠲᠤᠰ ᠠᠷᠭ᠎ᠠ ᠬᠡᠮᠵᠢᠶᠡᠨ ᠤ ᠠᠷᠪᠠᠨ ᠳᠣᠯᠣᠳᠤᠭᠠᠷ | ᠵᠤᠷᠪᠤᠰ ᠤᠨ ᠬᠤᠯᠪᠣᠭᠳᠠᠯ ᠪᠦᠬᠦᠢ ᠵᠢᠷᠤᠮ ᠳᠤ ᠨᠡᠶᠢᠴᠡᠭᠰᠡᠨ ᠪᠠᠶᠢᠬᠤ ᠬᠡᠷᠡᠭᠲᠡᠢ᠃ | ᠬᠤᠷᠢᠨ ᠳᠥᠷᠪᠡᠳᠦᠭᠡᠷ ᠵᠦᠢᠯ ᠬᠢᠵᠢᠭ ᠤᠨ ᠪᠠᠶᠢᠴᠠᠭᠠᠯᠲᠠ ᠪᠠᠷ ᠬᠢᠷᠢ ᠳᠤ ᠬᠦᠷᠦᠭᠡ ᠦᠭᠡᠢ ᠠᠮᠢᠲᠠᠨ᠂ ᠠᠮᠢᠲᠠᠨ ᠤ | ᠭᠠᠷᠤᠯ ᠲᠠᠢ ᠪᠦᠲᠦᠭᠡᠭᠳᠡᠬᠦᠨ ᠳᠤ ᠠᠯᠪᠠᠨ ᠶᠣᠰᠣᠨ ᠤ ᠮᠠᠯ ᠤᠨ ᠡᠮᠴᠢ ᠠᠴᠠ ᠬᠢᠵᠢᠭ ᠤᠨ ᠪᠠᠶᠢᠴᠠᠭᠠᠯᠲᠠ ᠶᠢᠨ ᠰᠢᠢᠳᠦᠯ ᠤᠨ | ᠮᠡᠳᠡᠭᠳᠡᠯ ᠪᠢᠴᠢᠭ ᠪᠠᠭᠤᠯᠭᠠᠬᠤ ᠶᠢᠨ ᠳᠠᠭᠠᠤ ᠨᠢᠲᠤᠯᠭᠠᠨ ᠤ ᠲᠠᠯᠠᠪᠤᠷ ︵ᠦᠢᠯᠡᠳᠪᠦᠷᠢ᠂ ᠴᠢᠭ︶ ᠪᠤᠶᠤ ᠪᠠᠷᠠᠭᠠᠨ ᠤ ᠡᠵᠡᠨ ᠢ | ᠬᠢᠨᠠᠵᠤ ᠲᠠᠷᠢᠶᠠᠯᠠᠩ ᠤᠨ ᠶᠠᠮᠤᠨ ᠤ ᠲᠣᠭᠲᠠᠭᠠᠭᠰᠠᠨ ᠲᠦ᠋ᠭᠨᠢᠭ ᠤᠨ ᠦᠵᠡᠭᠦᠯᠦᠯᠲᠡ ᠶᠢᠨ ᠳᠠᠭᠠᠤ ᠰᠢᠢᠳᠪᠦᠷᠢᠯᠡᠨ᠎ᠡ᠃ | ᠬᠤᠷᠢᠨ ᠲᠠᠪᠤᠳᠤᠭᠠᠷ ᠵᠦᠢᠯ ᠠᠯᠪᠠᠨ ᠶᠣᠰᠣᠨ ᠤ ᠮᠠᠯ ᠤᠨ ᠡᠮᠴᠢ ᠠᠴᠠ ᠨᠢᠲᠤᠯᠭᠠᠨ ᠤ ᠲᠠᠯᠠᠪᠤᠷ ︵ᠦᠢᠯᠡᠳᠪᠦᠷᠢ᠂ | ᠴᠢᠭ︶ ᠲᠤ ᠣᠷᠣᠭᠤᠯᠤᠭᠰᠠᠨ ᠠᠮᠢᠲᠠᠨ ᠤ ᠳᠠᠭᠠᠯᠳᠤᠭᠰᠠᠨ ︽ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ ᠬᠢᠷᠢ ᠳᠤ | ᠨᠡᠶᠢᠴᠡᠭᠰᠡᠨ ᠦᠨᠡᠮᠯᠡᠬᠦ︾ ᠶᠢ ᠬᠤᠷᠢᠶᠠᠨ ᠠᠪᠴᠤ᠂ ᠨᠢᠲᠤᠯᠭᠠᠨ ᠤ ᠦᠶ᠎ᠡ ᠶᠢᠨ ᠬᠢᠵᠢᠭ ᠤᠨ ᠪᠠᠶᠢᠴᠠᠭᠠᠯᠲᠠ ᠶᠢᠨ ᠲᠡᠮᠳᠡᠭᠯᠡᠯ | ᠬᠢᠨ᠎ᠡ᠃ ᠬᠤᠷᠢᠶᠠᠵᠤ ᠠᠪᠤᠭᠰᠠᠨ ︽ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ ᠬᠢᠷᠢ ᠳᠤ ᠨᠡᠶᠢᠴᠡᠭᠰᠡᠨ ᠦᠨᠡᠮᠯᠡᠬᠦ︾ ᠶᠢ | ᠠᠷᠪᠠᠨ ᠬᠤᠶᠠᠷ ᠰᠠᠷ᠎ᠠ ᠠᠴᠠ ᠳᠡᠭᠡᠭᠰᠢ ᠬᠤᠭᠤᠴᠠᠭ᠎ᠠ ᠬᠠᠳᠠᠭᠠᠯᠠᠬᠤ ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠬᠢᠵᠢᠭ ᠤᠨ ᠪᠠᠶᠢᠴᠠᠭᠠᠯᠲᠠ ᠪᠠᠷ ᠬᠢᠷᠢ ᠳᠤ ᠬᠦᠷᠦᠭᠰᠡᠨ ᠠᠮᠢᠲᠠᠨ ᠤ ᠭᠠᠷᠤᠯ ᠲᠠᠢ | ᠪᠦᠲᠦᠭᠡᠭᠳᠡᠬᠦᠨ ᠨᠢ ᠣᠴᠢᠬᠤ ᠭᠠᠵᠠᠷ ᠲᠠᠭᠠᠨ ᠬᠦᠷᠦᠭᠰᠡᠨ ᠬᠤᠶᠢᠨ᠎ᠠ ᠲᠤᠬᠠᠢ ᠶᠢᠨ ᠭᠠᠵᠠᠷ ᠲᠤ ᠰᠢᠭᠤᠳ ᠰᠠᠯᠭᠠᠨ | ᠪᠣᠷᠣᠯᠠᠭᠤᠯᠬᠤ ᠭᠡᠪᠡᠯ ᠪᠠᠷᠠᠭ᠎ᠠ ᠡᠵᠡᠮᠰᠢᠭᠴᠢ ᠠᠴᠠ ᠲᠤᠰ ᠭᠠᠵᠠᠷ ᠤᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ | ᠠᠯᠪᠠᠨ ᠳᠤ ᠡᠷᠭᠦᠳᠡᠯ ᠳᠡᠪᠰᠢᠭᠦᠯᠵᠦ ᠭᠡᠷᠡᠴᠢᠯᠡᠭᠡ ᠪᠠᠨ ᠰᠣᠯᠢᠭᠤᠯᠬᠤ ᠬᠡᠷᠡᠭᠲᠡᠢ᠂ ᠭᠡᠷᠡᠴᠢᠯᠡᠭᠡ ᠪᠠᠨ ᠰᠣᠯᠢᠭᠤᠯᠬᠤ ᠳᠤ | ᠲᠥᠯᠥᠪᠦᠷᠢ ᠠᠪᠴᠤ ᠪᠣᠯᠬᠤ ᠦᠭᠡᠢ᠃ ᠭᠡᠷᠡᠴᠢᠯᠡᠭᠡ ᠰᠣᠯᠢᠭᠤᠯᠬᠤ ᠳᠤ ᠳᠠᠷᠠᠭᠠᠬᠢ ᠨᠥᠬᠦᠴᠡᠯ ᠢ ᠬᠠᠩᠭᠠᠭᠰᠠᠨ ᠪᠠᠶᠢᠬᠤ | ᠬᠡᠷᠡᠭᠲᠡᠢ᠄ | ︵ᠨᠢᠭᠡ︶ ᠠᠩᠬᠠᠨ ᠤ ᠣᠯᠭᠤᠭᠰᠠᠨ ᠬᠦᠴᠦᠨ ᠲᠠᠢ ᠬᠤᠭᠤᠴᠠᠭᠠᠨ ᠳᠠᠭᠠᠨ ᠪᠠᠶᠢᠭ᠎ᠠ ︽ᠠᠮᠢᠲᠠᠨ ᠤ ᠬᠢᠵᠢᠭ ᠤᠨ | ᠪᠠᠶᠢᠴᠠᠭᠠᠯᠲᠠ ᠶᠢᠨ ᠬᠢᠷᠢ ᠳᠤ ᠨᠡᠶᠢᠴᠡᠭᠰᠡᠨ ᠦᠨᠡᠮᠯᠡᠬᠦ︾ ᠶᠢ ᠬᠠᠩᠭᠠᠨ᠎ᠠ᠂ ᠬᠢᠵᠢᠭ ᠤᠨ ᠪᠠᠶᠢᠴᠠᠭᠠᠯᠲᠠ ᠶᠢᠨ ᠲᠡᠮᠳᠡᠭ ᠨᠢ | ᠪᠦᠷᠢᠨ ᠪᠦᠲᠦᠨ᠂ ᠭᠡᠷᠡᠴᠢᠯᠡᠭᠡ ᠪᠣᠯᠣᠨ ᠪᠠᠷᠠᠭ᠎ᠠ ᠨᠢ ᠬᠠᠷᠢᠯᠴᠠᠨ ᠲᠣᠬᠢᠷᠠᠭᠰᠠᠨ ᠪᠠᠶᠢᠬᠤ︔ | ︵ᠬᠤᠶᠠᠷ︶ ᠬᠤᠯᠪᠣᠭ᠎ᠠ ᠲᠠᠢ ᠤᠯᠤᠰ ᠣᠷᠣᠨ ᠤ ᠲᠣᠭᠲᠠᠭᠠᠭᠰᠠᠨ ᠴᠢᠨᠠᠷ ᠤᠨ ᠪᠠᠲᠤᠯᠠᠭ᠎ᠠ ᠲᠠᠢ ᠬᠤᠭᠤᠴᠠᠭᠠᠨ ᠤ | ᠳᠣᠲᠣᠷ᠎ᠠ ᠪᠠᠶᠢᠬᠤ ᠪᠥᠭᠡᠳ ᠡᠪᠳᠡᠷᠡᠵᠦ ᠭᠡᠮᠲᠦᠭᠰᠡᠨ ᠦᠭᠡᠢ ᠪᠠᠶᠢᠬᠤ᠃ | ᠬᠤᠷᠢᠨ ᠳᠣᠯᠣᠳᠤᠭᠠᠷ ᠵᠦᠢᠯ ᠬᠢᠵᠢᠭ ᠤᠨ ᠪᠠᠶᠢᠴᠠᠭᠠᠯᠲᠠ ᠪᠠᠷ ᠬᠢᠷᠢ ᠳᠤ ᠬᠦᠷᠦᠭᠰᠡᠨ ᠠᠮᠢᠲᠠᠨ ᠤ ᠭᠠᠷᠤᠯ ᠲᠠᠢ | ᠪᠦᠲᠦᠭᠡᠭᠳᠡᠬᠦᠨ ᠨᠢ ᠣᠴᠢᠬᠤ ᠭᠠᠵᠠᠷ ᠲᠠᠭᠠᠨ ᠬᠦᠷᠦᠭᠰᠡᠨ ᠬᠤᠶᠢᠨ᠎ᠠ ᠠᠭᠤᠯᠬᠤ ᠳᠤ ᠬᠠᠳᠠᠭᠠᠯᠠᠭᠳᠠᠬᠤ ᠪᠤᠶᠤ ᠴᠢᠨᠠᠭᠰᠢ | ᠵᠥᠭᠡᠭᠡᠪᠦᠷᠢᠯᠡᠬᠦ ᠪᠤᠶᠤ ᠲᠠᠷᠬᠠᠭᠠᠨ ᠪᠣᠷᠣᠯᠠᠭᠤᠯᠤᠭᠳᠠᠬᠤ ᠪᠣᠯ ᠪᠠᠷᠠᠭ᠎ᠠ ᠡᠵᠡᠮᠰᠢᠭᠴᠢ ᠠᠴᠠ ᠣᠷᠣᠭᠤᠯᠤᠭᠰᠠᠨ ᠭᠠᠵᠠᠷ ᠤᠨ ᠢᠶᠠᠨ | ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠰᠢᠨ᠎ᠡ ᠪᠠᠷ ᠬᠢᠵᠢᠭ ᠤᠨ ᠪᠠᠶᠢᠴᠠᠭᠠᠯᠲᠠ ᠶᠢᠨ ᠡᠷᠭᠦᠳᠡᠯ | ᠳᠡᠪᠰᠢᠭᠦᠯᠦᠨ ᠬᠢᠵᠢᠭ ᠤᠨ ᠪᠠᠶᠢᠴᠠᠭᠠᠯᠲᠠ ᠬᠢᠯᠭᠡᠬᠦ ᠬᠡᠷᠡᠭᠲᠡᠢ᠃ ᠣᠷᠣᠭᠤᠯᠤᠭᠰᠠᠨ ᠭᠠᠵᠠᠷ ᠤᠨ ᠰᠢᠶᠠᠨ ᠤ ᠱᠠᠲᠤᠨ ᠠᠴᠠ | ᠳᠡᠭᠡᠭᠰᠢᠬᠢ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠨᠢ ᠳᠠᠷᠠᠭᠠᠬᠢ ᠨᠥᠬᠦᠴᠡᠯ ᠳᠤ ᠨᠡᠶᠢᠴᠡᠭᠰᠡᠨ | ᠠᠮᠢᠲᠠᠨ ᠤ ᠭᠠᠷᠤᠯ ᠲᠠᠢ ᠪᠦᠲᠦᠭᠡᠭᠳᠡᠬᠦᠨ ᠳᠤ ︽ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ ᠬᠢᠷᠢ ᠳᠤ ᠨᠡᠶᠢᠴᠡᠭᠰᠡᠨ | ᠦᠨᠡᠮᠯᠡᠬᠦ︾ ᠣᠯᠭᠤᠨ᠎ᠠ᠃ | ︵ᠨᠢᠭᠡ︶ ᠠᠩᠬᠠᠨ ᠤ ᠣᠯᠭᠤᠭᠰᠠᠨ ᠬᠦᠴᠦᠨ ᠲᠠᠢ ᠬᠤᠭᠤᠴᠠᠭᠠᠨ ᠳᠠᠭᠠᠨ ᠪᠠᠶᠢᠭ᠎ᠠ ︽ᠠᠮᠢᠲᠠᠨ ᠤ ᠬᠢᠵᠢᠭ ᠤᠨ | ᠪᠠᠶᠢᠴᠠᠭᠠᠯᠲᠠ ᠶᠢᠨ ᠬᠢᠷᠢ ᠳᠤ ᠨᠡᠶᠢᠴᠡᠭᠰᠡᠨ ᠦᠨᠡᠮᠯᠡᠬᠦ︾ ᠶᠢ ᠬᠠᠩᠭᠠᠨ᠎ᠠ᠂ ᠬᠢᠵᠢᠭ ᠤᠨ ᠪᠠᠶᠢᠴᠠᠭᠠᠯᠲᠠ ᠶᠢᠨ ᠲᠡᠮᠳᠡᠭ ᠨᠢ | ᠪᠦᠷᠢᠨ ᠪᠦᠲᠦᠨ᠂ ᠭᠡᠷᠡᠴᠢᠯᠡᠭᠡ ᠪᠣᠯᠣᠨ ᠪᠠᠷᠠᠭ᠎ᠠ ᠨᠢ ᠬᠠᠷᠢᠯᠴᠠᠨ ᠲᠣᠬᠢᠷᠠᠭᠰᠠᠨ ᠪᠠᠶᠢᠬᠤ︔ | ︵ᠬᠤᠶᠠᠷ︶ ᠬᠤᠯᠪᠣᠭ᠎ᠠ ᠲᠠᠢ ᠤᠯᠤᠰ ᠣᠷᠣᠨ ᠤ ᠲᠣᠭᠲᠠᠭᠠᠭᠰᠠᠨ ᠴᠢᠨᠠᠷ ᠤᠨ ᠪᠠᠲᠤᠯᠠᠭ᠎ᠠ ᠲᠠᠢ ᠬᠤᠭᠤᠴᠠᠭᠠᠨ ᠤ | ᠳᠣᠲᠣᠷ᠎ᠠ ᠪᠠᠶᠢᠬᠤ ᠪᠥᠭᠡᠳ ᠡᠪᠳᠡᠷᠡᠵᠦ ᠭᠡᠮᠲᠦᠭᠰᠡᠨ ᠦᠭᠡᠢ ᠪᠠᠶᠢᠬᠤ᠃ | ︵ᠭᠤᠷᠪᠠ︶ ᠠᠭᠤᠯᠬᠤ ᠠᠴᠠ ᠣᠷᠣᠭᠤᠯᠵᠤ ᠭᠠᠷᠭᠠᠭᠰᠠᠨ ᠪᠦᠷᠢᠨ ᠲᠡᠮᠳᠡᠭᠯᠡᠯ ᠲᠠᠢ ᠪᠠᠶᠢᠬᠤ︔ | ︵ᠳᠥᠷᠪᠡ︶ ᠲᠠᠷᠢᠶᠠᠯᠠᠩ ᠤᠨ ᠶᠠᠮᠤᠨ ᠤ ᠲᠣᠭᠲᠠᠭᠠᠯ ᠤᠨ ᠳᠠᠭᠠᠤ ᠯᠠᠪᠤᠷᠠᠲ᠋ᠣᠷᠢ ᠶᠢᠨ ᠰᠢᠨᠵᠢᠯᠡᠭᠡ ᠬᠢᠬᠦ | ᠴᠢᠬᠤᠯᠠ ᠲᠠᠢ ᠪᠣᠯ ᠰᠢᠨᠵᠢᠯᠡᠭᠡᠨ ᠤ ᠦᠷ᠎ᠡ ᠳ᠋ᠦᠩ ᠨᠢ ᠱᠠᠭᠠᠷᠳᠠᠯᠭ᠎ᠠ ᠶᠢᠨ ᠳᠠᠭᠠᠤ ᠪᠠᠶᠢᠬᠤ ᠶᠣᠰᠣᠲᠠᠢ᠃ | | | ᠲᠠᠪᠤᠳᠤᠭᠠᠷ ᠪᠦᠯᠦᠭ ᠤᠰᠤᠨ ᠤ ᠣᠷᠴᠢᠨ ᠤ ᠠᠮᠢᠲᠠᠨ ᠤ ᠵᠢᠷᠠᠭᠠᠬᠠᠢ ᠶᠢᠨ ᠲᠥᠷᠥᠯ ᠤᠨ | ᠬᠢᠵᠢᠭ ᠤᠨ ᠪᠠᠶᠢᠴᠠᠭᠠᠯᠲᠠ | ᠬᠤᠷᠢᠨ ᠨᠠᠢᠮᠠᠳᠤᠭᠠᠷ ᠵᠦᠢᠯ ᠤᠰᠤᠨ ᠣᠷᠴᠢᠨ ᠤ ᠠᠮᠢᠲᠠᠨ ᠤ ᠲᠥᠷᠥᠭᠦᠯᠦᠭᠴᠢ ᠪᠡᠶ᠎ᠡ᠂ ᠨᠢᠯᠬ᠎ᠠ ᠪᠡᠶ᠎ᠡ᠂ ᠨᠢᠯᠬᠠᠨᠴᠠᠷ | ᠪᠡᠶ᠎ᠡ᠂ ᠦᠷ᠎ᠡ ᠲᠣᠭᠲᠠᠭᠰᠠᠨ ᠥᠨᠳᠡᠭᠡ᠂ ᠬᠥᠪᠥᠷᠡᠯ ᠥᠨᠳᠡᠭᠡ ᠪᠣᠯᠣᠨ ᠪᠤᠰᠤᠳ ᠤᠳᠤᠮᠰᠢᠯ ᠤᠨ ᠡᠭᠦᠯᠳᠡᠷᠵᠢᠭᠦᠯᠥᠯᠲᠡ ᠶᠢᠨ | ᠮᠠᠲ᠋ᠧᠷᠢᠶᠠᠯ ᠵᠡᠷᠭᠡ ᠤᠰᠤᠨ ᠤ ᠪᠦᠲᠦᠭᠡᠭᠳᠡᠬᠦᠨ ᠤ ᠵᠢᠷᠠᠭᠠᠬᠠᠢ ᠵᠡᠷᠭᠡ ᠶᠢ ᠪᠠᠷᠠᠭ᠎ᠠ ᠡᠵᠡᠮᠰᠢᠭᠴᠢ ᠬᠤᠳᠠᠯᠳᠤᠭᠠᠯᠠᠬᠤ ᠪᠤᠶᠤ | ᠲᠡᠭᠡᠭᠡᠪᠦᠷᠢᠯᠡᠬᠦ ᠳᠤ 20 ᠬᠤᠨᠤᠭ ᠤᠨ ᠡᠮᠦᠨ᠎ᠡ ᠪᠠᠶᠢᠭ᠎ᠠ ᠭᠠᠵᠠᠷ ᠤᠨ ᠰᠢᠶᠠᠨ ᠤ ᠱᠠᠲᠤᠨ ᠤ ᠠᠮᠢᠲᠠᠨ ᠤ ᠡᠷᠡᠭᠦᠯ | ᠬᠠᠮᠠᠭᠠᠯᠠᠯ ᠤᠨ ᠬᠢᠨᠠᠯᠲᠠ ᠶᠢᠨ ᠠᠯᠪᠠᠨ ᠳᠤ ᠬᠢᠵᠢᠭ ᠪᠠᠶᠢᠴᠠᠭᠠᠯᠭᠠᠬᠤ ᠪᠠᠷ ᠡᠷᠭᠦᠳᠡᠯ ᠳᠡᠪᠰᠢᠭᠦᠯᠦᠨ᠎ᠡ︔ ᠬᠢᠵᠢᠭ | ᠪᠠᠶᠢᠴᠠᠭᠠᠯᠲᠠ ᠪᠠᠷ ᠬᠢᠷᠢ ᠬᠦᠷᠴᠦ ︽ᠠᠮᠢᠲᠠᠨ ᠤ ᠬᠢᠵᠢᠭ ᠪᠠᠶᠢᠴᠠᠭᠠᠯᠲᠠ ᠶᠢᠨ ᠬᠢᠷᠢ ᠳᠤ ᠨᠡᠶᠢᠴᠡᠭᠰᠡᠨ ᠦᠨᠡᠮᠯᠡᠬᠦ︾ | ᠠᠪᠤᠭᠰᠠᠨ ᠬᠤᠶᠢᠨ᠎ᠠ ᠰᠠᠶᠢ ᠭᠠᠷᠤᠯᠲᠠ ᠶᠢᠨ ᠣᠷᠣᠨ ᠠᠴᠠ ᠪᠠᠨ ᠰᠠᠯᠵᠤ ᠪᠣᠯᠣᠨ᠎ᠠ᠃ | ᠬᠤᠷᠢ ᠶᠢᠰᠦᠳᠦᠭᠡᠷ ᠵᠦᠢᠯ ᠬᠠᠤᠯᠢ ᠶᠣᠰᠣ ᠪᠠᠷ ᠪᠠᠷᠢᠭᠰᠠᠨ ᠤᠰᠤᠨ ᠤ ᠵᠡᠷᠯᠢᠭ ᠠᠮᠢᠲᠠᠨ ᠤ ᠵᠢᠷᠠᠭᠠᠬᠠᠢ ᠵᠡᠷᠭᠡ ᠶᠢ | ᠲᠡᠵᠢᠭᠡᠬᠦ᠂ ᠬᠤᠳᠠᠯᠳᠤᠬᠤ ᠪᠤᠶᠤ ᠲᠡᠭᠡᠭᠡᠪᠦᠷᠢᠯᠡᠬᠦ ᠳᠤ ᠪᠠᠷᠠᠭ᠎ᠠ ᠡᠵᠡᠮᠰᠢᠭᠴᠢ 2 ᠬᠤᠨᠤᠭ ᠤᠨ ᠳᠣᠲᠣᠷ᠎ᠠ ᠪᠠᠶᠢᠭ᠎ᠠ ᠭᠠᠵᠠᠷ ᠤᠨ | ᠰᠢᠶᠠᠨ ᠤ ᠱᠠᠲᠤᠨ ᠤ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠳᠤ ᠬᠢᠵᠢᠭ ᠪᠠᠶᠢᠴᠠᠭᠠᠯᠭᠠᠬᠤ ᠪᠠᠷ | ᠡᠷᠭᠦᠳᠡᠯ ᠳᠡᠪᠰᠢᠭᠦᠯᠦᠨ᠎ᠡ︔ ᠬᠢᠵᠢᠭ ᠪᠠᠶᠢᠴᠠᠭᠠᠯᠲᠠ ᠪᠠᠷ ᠬᠢᠷᠢ ᠬᠦᠷᠴᠦ ︽ᠠᠮᠢᠲᠠᠨ ᠤ ᠬᠢᠵᠢᠭ ᠪᠠᠶᠢᠴᠠᠭᠠᠯᠲᠠ ᠶᠢᠨ | ᠬᠢᠷᠢ ᠳᠤ ᠨᠡᠶᠢᠴᠡᠭᠰᠡᠨ ᠦᠨᠡᠮᠯᠡᠬᠦ︾ ᠠᠪᠤᠭᠰᠠᠨ ᠬᠤᠶᠢᠨ᠎ᠠ ᠰᠠᠶᠢ ᠲᠡᠵᠢᠭᠡᠨ ᠠᠷᠠᠴᠢᠯᠠᠵᠤ ᠪᠠᠶᠢᠬᠤ ᠲᠠᠯᠠᠪᠤᠷ ᠲᠤ ᠦᠢᠬᠦ | ᠪᠤᠶᠤ ᠬᠤᠳᠠᠯᠳᠤᠵᠤ ᠲᠡᠭᠡᠭᠡᠪᠦᠷᠢᠯᠡᠵᠦ ᠪᠣᠯᠣᠨ᠎ᠠ᠃ | ᠬᠠᠤᠯᠢ ᠶᠣᠰᠣ ᠪᠠᠷ ᠪᠠᠷᠢᠭᠰᠠᠨ ᠤᠰᠤᠨ ᠤ ᠵᠡᠷᠯᠢᠭ ᠠᠮᠢᠲᠠᠨ ᠤ ᠵᠢᠷᠠᠭᠠᠬᠠᠢ ᠵᠡᠷᠭᠡ ᠳᠤ ᠬᠢᠵᠢᠭ ᠤᠨ ᠪᠠᠶᠢᠴᠠᠭᠠᠯᠲᠠ | ᠬᠢᠬᠦ ᠠᠴᠠ ᠡᠮᠦᠨ᠎ᠡ ᠪᠠᠷᠠᠭ᠎ᠠ ᠡᠵᠡᠮᠰᠢᠭᠴᠢ ᠨᠢ ᠳᠠᠷᠠᠭᠠᠬᠢ ᠨᠥᠬᠦᠴᠡᠯ ᠢ ᠬᠠᠩᠭᠠᠭᠰᠠᠨ ᠲᠦᠷ ᠵᠠᠭᠤᠷ᠎ᠠ ᠶᠢᠨ ᠬᠢᠵᠢᠭ | ᠪᠠᠶᠢᠴᠠᠭᠠᠯᠲᠠ ᠶᠢᠨ ᠪᠦᠰᠡ ᠳᠤ ᠲᠤᠰᠠᠭᠠᠷᠯᠠᠨ᠎ᠠ᠃ | ︵ᠨᠢᠭᠡ︶ ᠪᠤᠰᠤᠳ ᠲᠡᠵᠢᠭᠡᠨ ᠠᠷᠠᠴᠢᠯᠠᠬᠤ ᠲᠠᠯᠠᠪᠤᠷ ᠠᠴᠠ ᠹᠢᠽᠢᠺ ᠤᠨ ᠲᠤᠰᠠᠭᠠᠷᠯᠠᠬᠤ ᠲᠣᠨᠤᠭ | ᠲᠥᠬᠦᠭᠡᠷᠦᠮᠵᠢ ᠲᠠᠢ ᠪᠠᠶᠢᠬᠤ︔ | ︵ᠬᠤᠶᠠᠷ︶ ᠪᠡᠶ᠎ᠡ ᠳᠠᠭᠠᠭᠠᠭᠰᠠᠨ ᠤᠰᠤ ᠶᠢ ᠭᠠᠳᠠᠭᠰᠢᠯᠠᠭᠤᠯᠬᠤ ᠳᠣᠲᠣᠭᠰᠢᠯᠠᠭᠤᠯᠬᠤ ᠲᠥᠬᠦᠭᠡᠷᠦᠮᠵᠢ ᠬᠢᠭᠡᠳ | ᠪᠣᠬᠢᠷ ᠤᠰᠤ ᠶᠢ ᠬᠤᠣᠷᠳᠠᠯ ᠦᠭᠡᠢ ᠴᠡᠪᠡᠷᠯᠡᠬᠦ ᠲᠣᠨᠤᠭ ᠲᠥᠬᠦᠭᠡᠷᠦᠮᠵᠢ ᠲᠠᠢ ᠪᠥᠭᠡᠳ ᠵᠢᠭᠠᠰᠤᠴᠢᠯᠠᠬᠤ ᠲᠤᠰᠬᠠᠢ ᠪᠠᠭᠠᠵᠢ | ᠲᠣᠨᠤᠭ ᠲᠠᠢ ᠪᠠᠶᠢᠬᠤ︔ | ︵ᠭᠤᠷᠪᠠ︶ ᠲᠠᠷᠢᠶᠠᠯᠠᠩ ᠤᠨ ᠶᠠᠮᠤᠨ ᠠᠴᠠ ᠲᠣᠭᠲᠠᠭᠠᠭᠰᠠᠨ ᠬᠢᠵᠢᠭ ᠠᠴᠠ ᠤᠷᠢᠳᠴᠢᠯᠠᠨ ᠰᠡᠷᠭᠡᠶᠢᠯᠡᠬᠦ ᠪᠤᠰᠤᠳ | ᠨᠥᠬᠦᠴᠡᠯ ᠲᠠᠢ ᠪᠠᠶᠢᠬᠤ᠃ | ᠭᠤᠴᠢᠳᠤᠭᠠᠷ ᠵᠦᠢᠯ ᠤᠰᠤᠨ ᠤ ᠣᠷᠴᠢᠨ ᠤ ᠵᠢᠷᠠᠭᠠᠬᠠᠢ ᠵᠡᠷᠭᠡ ᠳᠤ ᠬᠢᠵᠢᠭ ᠤᠨ ᠪᠠᠶᠢᠴᠠᠭᠠᠯᠲᠠ ᠬᠢᠭᠡᠳ ᠳᠠᠷᠠᠭᠠᠬᠢ | ᠨᠥᠬᠦᠴᠡᠯ ᠳᠤ ᠬᠦᠷᠦᠭᠰᠡᠨ ᠢ ᠠᠯᠪᠠᠨ ᠶᠣᠰᠣᠨ ᠤ ᠮᠠᠯ ᠤᠨ ᠡᠮᠴᠢ ᠠᠴᠠ ︽ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ | ᠬᠢᠷᠢ ᠳᠤ ᠨᠡᠶᠢᠴᠡᠭᠰᠡᠨ ᠦᠨᠡᠮᠯᠡᠬᠦ︾ ᠣᠯᠭᠤᠨ᠎ᠠ᠃ | ︵ᠨᠢᠭᠡ︶ ᠲᠤᠰ ᠵᠢᠷᠠᠭᠠᠬᠠᠢ ᠦᠷᠡᠵᠢᠭᠦᠯᠦᠭᠴᠢ ᠲᠠᠯᠠᠪᠤᠷ ᠲᠤ ᠣᠶᠢᠷ᠎ᠠ ᠶᠢᠨ ᠬᠤᠭᠤᠴᠠᠭᠠᠨ ᠳᠤ ᠤᠰᠤᠨ ᠤ | ᠠᠮᠢᠲᠠᠨ ᠤ ᠬᠠᠯᠳᠠᠪᠤᠷᠢᠲᠤ ᠡᠪᠡᠳᠴᠢᠨ ᠢᠯᠡᠷᠡᠭᠡ ᠦᠭᠡᠢ︔ | ︵ᠬᠤᠶᠠᠷ︶ ᠺᠯᠢᠨᠢᠺ ᠤᠨ ᠦᠵᠡᠯᠭᠡ ᠪᠠᠷ ᠡᠷᠡᠭᠦᠯ ᠮᠡᠨᠳᠦ ᠲᠣᠭᠲᠠᠭᠠᠭᠳᠠᠭᠰᠠᠨ︔ | ︵ᠭᠤᠷᠪᠠ︶ ᠲᠠᠷᠢᠶᠠᠯᠠᠩ ᠤᠨ ᠶᠠᠮᠤᠨ ᠤ ᠲᠣᠭᠲᠠᠭᠠᠯ ᠤᠨ ᠳᠠᠭᠠᠤ ᠤᠰᠤᠨ ᠤ ᠠᠮᠢᠲᠠᠨ ᠤ ᠬᠠᠯᠳᠠᠪᠤᠷᠢᠲᠤ | ᠡᠪᠡᠳᠴᠢᠨ ᠤ ᠯᠠᠪᠤᠷᠠᠲ᠋ᠣᠷᠢ ᠶᠢᠨ ᠰᠢᠨᠵᠢᠯᠡᠭᠡ ᠬᠢᠬᠦ ᠴᠢᠬᠤᠯᠠ ᠲᠠᠢ ᠪᠣᠯ ᠰᠢᠨᠵᠢᠯᠡᠭᠡᠨ ᠤ ᠦᠷ᠎ᠡ ᠳ᠋ᠦᠩ ᠨᠢ ᠱᠠᠭᠠᠷᠳᠠᠯᠭ᠎ᠠ ᠶᠢᠨ | ᠳᠠᠭᠠᠤ ᠪᠠᠶᠢᠬᠤ ᠶᠣᠰᠣᠲᠠᠢ᠃ ᠬᠢᠵᠢᠭ ᠪᠠᠶᠢᠴᠠᠭᠠᠯᠲᠠ ᠳᠤ ᠬᠢᠷᠢ ᠳᠤ ᠬᠦᠷᠦᠭᠰᠡᠨ ᠦᠭᠡᠢ ᠪᠣᠯ ᠠᠮᠢᠲᠠᠨ ᠤ ᠡᠷᠡᠭᠦᠯ | ᠬᠠᠮᠠᠭᠠᠯᠠᠯ ᠤᠨ ᠬᠢᠨᠠᠯᠲᠠ ᠶᠢᠨ ᠠᠯᠪᠠᠨ ᠠᠴᠠ ᠪᠠᠷᠠᠭ᠎ᠠ ᠡᠵᠡᠮᠰᠢᠭᠴᠢ ᠶᠢ ᠬᠢᠨᠠᠵᠤ ᠲᠠᠷᠢᠶᠠᠯᠠᠩ ᠤᠨ ᠶᠠᠮᠤᠨ ᠤ ᠲᠣᠭᠲᠠᠭᠠᠭᠰᠠᠨ | ᠲᠦ᠋ᠭᠨᠢᠭ ᠤᠨ ᠦᠵᠡᠭᠦᠯᠦᠯᠲᠡ ᠶᠢᠨ ᠳᠠᠭᠠᠤ ᠰᠢᠢᠳᠪᠦᠷᠢᠯᠡᠨ᠎ᠡ᠃ | ᠭᠤᠴᠢᠨ ᠨᠢᠭᠡᠳᠦᠭᠡᠷ ᠵᠦᠢᠯ ᠮᠤᠵᠢ᠂ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠤᠰᠤᠨ | ᠣᠷᠴᠢᠨ ᠤ ᠠᠮᠢᠲᠠᠨ ᠤ ᠵᠢᠷᠠᠭᠠᠬᠠᠢ ᠶᠢᠨ ᠲᠥᠷᠥᠯ ᠢ ᠣᠷᠣᠭᠤᠯᠵᠤ ᠭᠠᠵᠠᠷ ᠲᠠᠭᠠᠨ ᠢᠷᠡᠭᠰᠡᠨ ᠬᠤᠶᠢᠨ᠎ᠠ ᠪᠠᠷᠠᠭᠠᠨ ᠤ ᠡᠵᠡᠨ | ᠪᠤᠶᠤ ᠡᠰᠡᠬᠦᠯ᠎ᠡ ᠲᠡᠭᠡᠭᠡᠪᠦᠷᠢᠯᠡᠭᠴᠢ ᠠᠴᠠ 24 ᠴᠠᠭ ᠤᠨ ᠳᠣᠲᠣᠷ᠎ᠠ ᠬᠤᠯᠪᠣᠭᠳᠠᠬᠤ ᠲᠣᠭᠲᠠᠭᠠᠯ ᠵᠢᠷᠤᠮ ᠤᠨ ᠳᠠᠭᠠᠤ | ᠮᠡᠳᠡᠭᠦᠯᠭᠡ ᠥᠭᠴᠦ ᠲᠤᠬᠠᠢ ᠶᠢᠨ ᠭᠠᠵᠠᠷ ᠤᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠤ ᠬᠢᠨᠠᠨ | ᠰᠢᠯᠭᠠᠯᠲᠠ ᠶᠢ ᠬᠦᠯᠢᠶᠡᠨ᠎ᠡ᠃ | | | ᠵᠢᠷᠭᠤᠳᠤᠭᠠᠷ ᠪᠦᠯᠦᠭ ᠵᠢᠷᠤᠮ ᠳᠤ ᠵᠢᠭᠠᠭᠰᠠᠨ ᠡᠪᠡᠳᠴᠢᠨ ᠤ ᠪᠤᠰᠤ ᠤᠷᠤᠨ ᠳᠠᠬᠢ ᠠᠮᠢᠲᠠᠨ ᠤ ᠬᠢᠵᠢᠭ ᠤᠨ | ᠪᠠᠶᠢᠴᠠᠭᠠᠯᠲᠠ | ᠭᠤᠴᠢᠨ ᠬᠤᠶᠠᠳᠤᠭᠠᠷ ᠵᠦᠢᠯ ᠵᠢᠷᠤᠮ ᠳᠤ ᠵᠢᠭᠠᠭᠰᠠᠨ ᠡᠪᠡᠳᠴᠢᠨ ᠤ ᠪᠤᠰᠤ ᠤᠷᠤᠨ ᠳᠤ ᠠᠮᠠᠷᠬᠠᠨ ᠬᠠᠯᠳᠠᠪᠤᠷᠢᠯᠠᠳᠠᠭ | ᠠᠮᠢᠲᠠᠨ᠂ ᠠᠮᠢᠲᠠᠨ ᠤ ᠭᠠᠷᠤᠯ ᠲᠠᠢ ᠪᠦᠲᠦᠭᠡᠭᠳᠡᠬᠦᠨ ᠲᠡᠭᠡᠭᠡᠪᠦᠷᠢᠯᠡᠬᠦ ᠳᠤ ᠤᠭ ᠭᠠᠵᠠᠷ ᠤᠨ ᠠᠮᠢᠲᠠᠨ ᠤ ᠡᠷᠡᠭᠦᠯ | ᠬᠠᠮᠠᠭᠠᠯᠠᠯ ᠤᠨ ᠬᠢᠨᠠᠯᠲᠠ ᠶᠢᠨ ᠠᠯᠪᠠᠨ ᠤ ᠭᠠᠷᠭᠠᠭᠰᠠᠨ ︽ᠠᠮᠢᠲᠠᠨ ᠤ ᠬᠢᠵᠢᠭ ᠪᠠᠶᠢᠴᠠᠭᠠᠯᠲᠠ ᠶᠢᠨ ᠬᠢᠷᠢ ᠳᠤ ᠨᠡᠶᠢᠴᠡᠭᠰᠡᠨ | ᠦᠨᠡᠮᠯᠡᠬᠦ︾ ᠳᠠᠭᠠᠯᠳᠤᠬᠤ ᠠᠴᠠ ᠭᠠᠳᠠᠨ᠎ᠠ ᠪᠠᠰᠠ ᠣᠷᠣᠭᠤᠯᠬᠤ ᠮᠤᠵᠢ᠂ ᠥᠪᠡᠷᠳᠡᠭᠡᠨ ᠵᠠᠰᠠᠬᠤ ᠤᠷᠤᠨ᠂ ᠰᠢᠭᠤᠳ | ᠬᠠᠷᠢᠶ᠎ᠠ ᠬᠤᠲᠠ ᠶᠢᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠳᠤ ᠬᠢᠵᠢᠭ ᠪᠠᠶᠢᠴᠠᠭᠠᠯᠲᠠ ᠶᠢᠨ ᠡᠷᠭᠦᠳᠡᠯ | ᠳᠡᠪᠰᠢᠭᠦᠯᠬᠦ ᠬᠡᠷᠡᠭᠲᠡᠢ᠂ ᠲᠡᠭᠦᠨᠴᠢᠯᠡᠨ ᠲᠤᠰ ᠠᠷᠭ᠎ᠠ ᠬᠡᠮᠵᠢᠶᠡᠨ ᠤ ᠭᠤᠴᠢᠨ ᠭᠤᠷᠪᠠᠳᠤᠭᠠᠷ᠂ ᠭᠤᠴᠢᠨ ᠳᠥᠷᠪᠡᠳᠦᠭᠡᠷ | ᠵᠦᠢᠯ ᠤᠨ ᠲᠣᠭᠲᠠᠭᠠᠯ ᠤᠨ ᠳᠠᠭᠠᠤ ᠣᠷᠣᠭᠤᠯᠬᠤ ᠭᠠᠵᠠᠷ ᠤᠨ ︽ᠠᠮᠢᠲᠠᠨ ᠤ ᠬᠢᠵᠢᠭ ᠪᠠᠶᠢᠴᠠᠭᠠᠯᠲᠠ ᠶᠢᠨ ᠬᠢᠷᠢ ᠳᠤ | ᠨᠡᠶᠢᠴᠡᠭᠰᠡᠨ ᠦᠨᠡᠮᠯᠡᠬᠦ︾ ᠶᠢ ᠭᠠᠷᠭᠠᠭᠤᠯᠤᠭᠰᠠᠨ ᠪᠠᠶᠢᠬᠤ ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠵᠢᠷᠤᠮ ᠳᠤ ᠵᠢᠭᠠᠭᠰᠠᠨ ᠡᠪᠡᠳᠴᠢᠨ ᠤ ᠪᠤᠰᠤ ᠤᠷᠤᠨ ᠳᠤ ᠠᠮᠠᠷᠬᠠᠨ | ᠬᠠᠯᠳᠠᠪᠤᠷᠢᠯᠠᠳᠠᠭ ᠠᠮᠢᠲᠠᠨ ᠣᠷᠣᠭᠤᠯᠬᠤ ᠳᠤ ᠣᠷᠣᠭᠤᠯᠬᠤ ᠮᠤᠵᠢ᠂ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ | ᠬᠤᠲᠠ ᠶᠢᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠤ ᠲᠣᠭᠲᠠᠭᠠᠭᠰᠠᠨ ᠲᠤᠰᠠᠭᠠᠷᠯᠠᠬᠤ ᠲᠠᠯᠠᠪᠤᠷ ᠲᠤ | ᠲᠠᠷᠢᠶᠠᠯᠠᠩ ᠤᠨ ᠶᠠᠮᠤᠨ ᠤ ᠲᠣᠭᠲᠠᠭᠠᠯ ᠵᠢᠷᠤᠮ ᠤᠨ ᠳᠠᠭᠠᠤ ᠵᠢᠷᠤᠮ ᠳᠤ ᠵᠢᠭᠠᠭᠰᠠᠨ ᠡᠪᠡᠳᠴᠢᠨ ᠤ ᠪᠤᠰᠤ ᠤᠷᠤᠨ ᠤ ᠬᠢᠵᠢᠭ | ᠪᠠᠶᠢᠴᠠᠭᠠᠯᠲᠠ ᠶᠢᠨ ᠱᠠᠭᠠᠷᠳᠠᠯᠭ᠎ᠠ ᠶᠢᠨ ᠳᠠᠭᠠᠤ ᠲᠤᠰᠠᠭᠠᠷᠯᠠᠨ ᠬᠢᠵᠢᠭ ᠤᠨ ᠪᠠᠶᠢᠴᠠᠭᠠᠯᠲᠠ ᠶᠠᠪᠤᠭᠳᠠᠭᠤᠯᠤᠨ᠎ᠠ᠃ ᠶᠡᠭᠡ | ᠳᠤᠮᠳᠠ ᠣᠪᠣᠷ ᠤᠨ ᠠᠮᠢᠲᠠᠳ ᠤᠨ ᠬᠢᠵᠢᠭ ᠪᠠᠶᠢᠴᠠᠭᠠᠯᠲᠠ ᠶᠢᠨ ᠬᠤᠭᠤᠴᠠᠭ᠎ᠠ 45 ᠡᠳᠦᠷ᠂ ᠪᠠᠭ᠎ᠠ ᠣᠪᠣᠷ ᠤᠨ | ᠠᠮᠢᠲᠠᠳ ᠤᠨ ᠬᠢᠵᠢᠭ ᠪᠠᠶᠢᠴᠠᠭᠠᠯᠲᠠ ᠶᠢᠨ ᠬᠤᠭᠤᠴᠠᠭ᠎ᠠ 30 ᠬᠤᠨᠤᠭ ᠪᠠᠶᠢᠨ᠎ᠠ᠃ ᠲᠤᠰᠠᠭᠠᠷᠯᠠᠭᠰᠠᠨ ᠬᠢᠵᠢᠭ ᠤᠨ | ᠪᠠᠶᠢᠴᠠᠭᠠᠯᠲᠠ ᠬᠢᠷᠢ ᠳᠤ ᠬᠦᠷᠦᠭᠰᠡᠨ ᠢ ᠣᠷᠣᠭᠤᠯᠬᠤ ᠮᠤᠵᠢ᠂ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ | ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠤ ᠠᠯᠪᠠᠨ ᠶᠣᠰᠣᠨ ᠤ ᠮᠠᠯ ᠤᠨ ᠡᠮᠴᠢ ᠠᠴᠠ ︽ᠠᠮᠢᠲᠠᠨ ᠤ | ᠬᠢᠵᠢᠭ ᠤᠨ ᠪᠠᠶᠢᠴᠠᠭᠠᠯᠲᠠ ᠶᠢᠨ ᠬᠢᠷᠢ ᠳᠤ ᠨᠡᠶᠢᠴᠡᠭᠰᠡᠨ ᠦᠨᠡᠮᠯᠡᠬᠦ︾ ᠣᠯᠭᠤᠨ᠎ᠠ︔ ᠬᠢᠷᠢ ᠬᠦᠷᠦᠭᠰᠡᠨ ᠦᠭᠡᠢ ᠶᠢ | ᠣᠷᠣᠭᠤᠯᠬᠤ ᠶᠢ ᠬᠤᠷᠢᠭᠯᠠᠵᠤ ᠲᠡᠭᠦᠨᠴᠢᠯᠡᠨ ᠬᠠᠤᠯᠢ ᠶᠢᠨ ᠳᠠᠭᠠᠤ ᠰᠢᠢᠳᠦᠨ᠎ᠡ᠃ | ᠭᠤᠴᠢᠨ ᠳᠥᠷᠪᠡᠳᠦᠭᠡᠷ ᠵᠦᠢᠯ ᠵᠢᠷᠤᠮ ᠳᠤ ᠵᠢᠭᠠᠭᠰᠠᠨ ᠡᠪᠡᠳᠴᠢᠨ ᠤ ᠪᠤᠰᠤ ᠤᠷᠤᠨ ᠳᠤ ᠠᠮᠠᠷᠬᠠᠨ | ᠬᠠᠯᠳᠠᠪᠤᠷᠢᠯᠠᠳᠠᠭ ᠠᠮᠢᠲᠠᠨ ᠤ ᠭᠠᠷᠤᠯ ᠲᠠᠢ ᠪᠦᠲᠦᠭᠡᠭᠳᠡᠬᠦᠨ ᠲᠡᠭᠡᠭᠡᠪᠦᠷᠢᠯᠡᠬᠦ ᠳᠤ ᠣᠷᠣᠭᠤᠯᠬᠤ ᠮᠤᠵᠢ ᠥᠪᠡᠷᠳᠡᠭᠡᠨ ᠵᠠᠰᠠᠬᠤ | ᠤᠷᠤᠨ᠂ ᠰᠢᠭᠤᠳ ᠬᠠᠷᠢᠶ᠎ᠠ ᠬᠤᠲᠠ ᠶᠢᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠤ ᠲᠣᠭᠲᠠᠭᠠᠭᠰᠠᠨ | ᠲᠤᠰᠬᠠᠢ ᠭᠠᠵᠠᠷ ᠲᠤ ᠲᠠᠷᠢᠶᠠᠯᠠᠩ ᠤᠨ ᠶᠠᠮᠤᠨ ᠤ ᠲᠣᠭᠲᠠᠭᠠᠯ ᠵᠢᠷᠤᠮ ᠤᠨ ᠳᠠᠭᠠᠤ ᠵᠢᠷᠤᠮ ᠳᠤ ᠵᠢᠭᠠᠭᠰᠠᠨ ᠡᠪᠡᠳᠴᠢᠨ ᠤ | ᠪᠤᠰᠤ ᠤᠷᠤᠨ ᠤ ᠬᠢᠵᠢᠭ ᠪᠠᠶᠢᠴᠠᠭᠠᠯᠲᠠ ᠶᠢᠨ ᠱᠠᠭᠠᠷᠳᠠᠯᠭ᠎ᠠ ᠶᠢᠨ ᠳᠠᠭᠠᠤ ᠬᠢᠵᠢᠭ ᠤᠨ ᠪᠠᠶᠢᠴᠠᠭᠠᠯᠲᠠ ᠶᠠᠪᠤᠭᠳᠠᠭᠤᠯᠤᠨ᠎ᠠ᠃ | ᠬᠢᠵᠢᠭ ᠪᠠᠶᠢᠴᠠᠭᠠᠯᠲᠠ ᠳᠤ ᠬᠢᠷᠢ ᠬᠦᠷᠪᠡᠯ ᠣᠷᠣᠭᠤᠯᠬᠤ ᠮᠤᠵᠢ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ | ᠬᠤᠲᠠ ᠶᠢᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠤ ᠠᠯᠪᠠᠨ ᠶᠣᠰᠣᠨ ᠤ ᠮᠠᠯ ᠤᠨ ᠡᠮᠴᠢ ᠠᠴᠠ ︽ | ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ ᠬᠢᠷᠢ ᠳᠤ ᠨᠡᠶᠢᠴᠡᠭᠰᠡᠨ ᠦᠨᠡᠮᠯᠡᠬᠦ︾ ᠣᠯᠭᠤᠨ᠎ᠠ︔ ᠬᠢᠷᠢ ᠬᠦᠷᠦᠭᠰᠡᠨ | ᠦᠭᠡᠢ ᠶᠢ ᠣᠷᠣᠭᠤᠯᠬᠤ ᠶᠢ ᠬᠤᠷᠢᠭᠯᠠᠵᠤ ᠲᠡᠭᠦᠨᠴᠢᠯᠡᠨ ᠬᠠᠤᠯᠢ ᠶᠢᠨ ᠳᠠᠭᠠᠤ ᠰᠢᠢᠳᠦᠨ᠎ᠡ᠃ | | | ᠳᠣᠯᠣᠳᠤᠭᠠᠷ ᠪᠦᠯᠦᠭ ᠰᠦᠨ ᠬᠡᠷᠡᠭᠯᠡᠭᠡᠨ ᠤ ᠦᠷ᠎ᠡ ᠶᠢᠨ ᠬᠡᠷᠡᠭᠯᠡᠭᠡᠨ ᠤ ᠠᠮᠢᠲᠠᠨ ᠤ ᠬᠢᠵᠢᠭ ᠤᠨ | ᠪᠠᠶᠢᠴᠠᠭᠠᠯᠲᠠ ᠶᠢ ᠵᠥᠪᠰᠢᠶᠡᠷᠡᠭᠦᠯᠬᠦ | ᠭᠤᠴᠢᠨ ᠲᠠᠪᠤᠳᠤᠭᠠᠷ ᠵᠦᠢᠯ ᠮᠤᠵᠢ᠂ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠠᠯᠤᠰᠯᠠᠵᠤ | ᠣᠷᠣᠭᠤᠯᠬᠤ ᠰᠦᠨ ᠬᠡᠷᠡᠭᠯᠡᠭᠡᠨ ᠤ ᠠᠮᠢᠲᠠᠨ᠂ ᠦᠷ᠎ᠡ ᠶᠢᠨ ᠬᠡᠷᠡᠭᠯᠡᠭᠡᠨ ᠤ ᠠᠮᠢᠲᠠᠨ ᠪᠣᠯᠣᠨ ᠦᠷ᠎ᠡ ᠶᠢᠨ ᠰᠢᠩᠭᠡᠨ᠂ ᠦᠷ᠎ᠡ | ᠬᠥᠪᠥᠷᠡᠯ᠂ ᠦᠷ᠎ᠡ ᠶᠢᠨ ᠥᠨᠳᠡᠭᠡ ᠶᠢ ᠪᠠᠷᠠᠭ᠎ᠠ ᠡᠵᠡᠮᠰᠢᠭᠴᠢ ᠠᠴᠠ ︽ᠮᠤᠵᠢ ᠠᠯᠤᠰᠯᠠᠵᠤ ᠣᠷᠣᠭᠤᠯᠬᠤ ᠰᠦᠨ ᠬᠡᠷᠡᠭᠯᠡᠭᠡᠨ ᠤ | ᠪᠣᠯᠣᠨ ᠦᠷ᠎ᠡ ᠶᠢᠨ ᠬᠡᠷᠡᠭᠯᠡᠭᠡᠨ ᠤ ᠠᠮᠢᠲᠠᠨ ᠤ ᠬᠢᠵᠢᠭ ᠪᠠᠶᠢᠴᠠᠭᠠᠯᠲᠠ ᠶᠢᠨ ᠬᠢᠨᠠᠨ ᠵᠥᠪᠰᠢᠶᠡᠷᠡᠬᠦ ᠬᠦᠰᠦᠨᠦᠭᠲᠦ︾ ᠶᠢ | ᠲᠠᠭᠯᠠᠵᠤ ᠣᠷᠣᠭᠤᠯᠬᠤ ᠮᠤᠵᠢ᠂ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ ᠠᠮᠢᠲᠠᠨ ᠤ ᠡᠷᠡᠭᠦᠯ | ᠬᠠᠮᠠᠭᠠᠯᠠᠯ ᠤᠨ ᠬᠢᠨᠠᠯᠲᠠ ᠶᠢᠨ ᠠᠯᠪᠠᠨ ᠳᠤ ᠡᠷᠭᠦᠳᠡᠯ ᠳᠡᠪᠰᠢᠭᠦᠯᠦᠨ ᠬᠢᠨᠠᠨ ᠵᠥᠪᠰᠢᠶᠡᠷᠡᠭᠰᠡᠨ ᠭᠠᠷᠳᠠᠮ ᠭᠠᠷᠭᠠᠭᠤᠯᠤᠨ᠎ᠠ᠃ | ᠭᠤᠴᠢᠨ ᠵᠢᠷᠭᠤᠳᠤᠭᠠᠷ ᠵᠦᠢᠯ ᠣᠷᠣᠭᠤᠯᠬᠤ ᠮᠤᠵᠢ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ | ᠬᠤᠲᠠ ᠶᠢᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠨᠢ ᠡᠷᠭᠦᠳᠡᠯ ᠬᠦᠯᠢᠶᠡᠵᠦ ᠠᠪᠤᠭᠰᠠᠨ ᠡᠳᠦᠷ ᠠᠴᠠ | ᠡᠬᠢᠯᠡᠵᠦ 10 ᠠᠵᠢᠯ ᠤᠨ ᠡᠳᠦᠷ ᠳᠣᠲᠣᠷ᠎ᠠ ᠣᠷᠣᠭᠤᠯᠵᠤ ᠪᠣᠯᠬᠤ ᠡᠰᠡᠬᠦ ᠰᠢᠢᠳᠦᠯ ᠭᠠᠷᠭᠠᠨ᠎ᠠ᠃ ᠳᠠᠷᠠᠭᠠᠬᠢ ᠨᠥᠬᠦᠴᠡᠯ ᠳᠤ | ᠨᠡᠶᠢᠴᠡᠭᠰᠡᠨ ᠪᠣᠯ ︽ᠮᠤᠵᠢ ᠠᠯᠤᠰᠯᠠᠵᠤ ᠣᠷᠣᠭᠤᠯᠬᠤ ᠰᠦᠨ ᠤ ᠬᠡᠷᠡᠭᠯᠡᠭᠡᠨ ᠤ ᠪᠣᠯᠣᠨ ᠦᠷ᠎ᠡ ᠶᠢᠨ ᠬᠡᠷᠡᠭᠯᠡᠭᠡᠨ ᠤ | ᠠᠮᠢᠲᠠᠨ ᠤ ᠬᠢᠵᠢᠭ ᠤᠨ ᠬᠢᠨᠠᠨ ᠰᠢᠯᠭᠠᠯᠲᠠ ᠶᠢᠨ ᠵᠥᠪᠰᠢᠶᠡᠷᠡᠯ ᠤᠨ ᠬᠦᠰᠦᠨᠦᠭᠲᠦ︾ ᠣᠯᠭᠤᠨ᠎ᠠ︔ ᠳᠠᠷᠠᠭᠠᠬᠢ | ᠨᠥᠬᠦᠴᠡᠯ ᠳᠤ ᠬᠦᠷᠬᠦ ᠦᠭᠡᠢ ᠪᠣᠯ ᠡᠷᠭᠦᠳᠡᠯ ᠭᠠᠷᠭᠠᠭᠴᠢ ᠳᠤ ᠪᠢᠴᠢᠭ ᠢᠶᠠᠷ ᠮᠡᠳᠡᠭᠳᠡᠵᠦ ᠤᠴᠢᠷ ᠰᠢᠯᠲᠠᠭᠠᠨ ᠢ | ᠲᠣᠳᠣᠷᠬᠠᠶᠢᠯᠠᠨ᠎ᠠ︔ | ︵ᠨᠢᠭᠡ︶ ᠭᠠᠷᠭᠠᠬᠤ ᠪᠤᠶᠤ ᠣᠷᠣᠭᠤᠯᠬᠤ ᠲᠡᠵᠢᠭᠡᠪᠦᠷᠢ ᠶᠢᠨ ᠹᠤᠷᠮ᠂ ᠲᠡᠵᠢᠭᠡᠪᠦᠷᠢ ᠶᠢᠨ ᠲᠣᠭᠤᠷᠢᠭ ᠨᠢ ︽ | ᠠᠮᠢᠲᠠᠨ ᠤ ᠬᠢᠵᠢᠭ ᠠᠴᠠ ᠤᠷᠢᠳᠴᠢᠯᠠᠨ ᠰᠡᠷᠭᠡᠶᠢᠯᠡᠬᠦ ᠨᠥᠬᠦᠴᠡᠯ ᠤᠨ ᠭᠡᠷᠡᠴᠢᠯᠡᠭᠡ︾ ᠠᠪᠤᠭᠰᠠᠨ ᠪᠠᠶᠢᠬᠤ︔ | ︵ᠬᠤᠶᠠᠷ︶ ᠣᠷᠣᠭᠤᠯᠬᠤ ᠲᠡᠵᠢᠭᠡᠪᠦᠷᠢ ᠶᠢᠨ ᠹᠤᠷᠮ᠂ ᠲᠡᠵᠢᠭᠡᠪᠦᠷᠢ ᠶᠢᠨ ᠲᠣᠭᠤᠷᠢᠭ ᠤᠨ ᠬᠠᠰᠢᠶᠠᠯᠠᠭᠰᠠᠨ | ᠠᠮᠢᠲᠠᠨ ᠨᠢ ᠠᠮᠢᠲᠠᠨ ᠤ ᠡᠷᠡᠭᠦᠯ ᠮᠡᠨᠳᠦ ᠶᠢᠨ ᠪᠠᠷᠢᠮᠵᠢᠶ᠎ᠠ ᠶᠢ ᠬᠠᠩᠭᠠᠭᠰᠠᠨ ᠪᠠᠶᠢᠬᠤ︔ | ︵ᠭᠤᠷᠪᠠ︶ ᠰᠦᠨ ᠤ ᠪᠣᠯᠣᠨ ᠦᠷ᠎ᠡ ᠶᠢᠨ ᠬᠡᠷᠡᠭᠯᠡᠭᠡᠨ ᠤ ᠠᠮᠢᠲᠠᠨ ᠢ ᠭᠠᠷᠭᠠᠬᠤ ᠬᠤᠯᠪᠣᠭᠳᠠᠯ ᠪᠦᠬᠦᠢ | ᠲᠡᠮᠳᠡᠭᠯᠡᠯ ᠨᠢ ᠲᠠᠷᠢᠶᠠᠯᠠᠩ ᠤᠨ ᠶᠠᠮᠤᠨ ᠤ ᠲᠣᠭᠲᠠᠭᠠᠯ ᠵᠢᠷᠤᠮ ᠤᠨ ᠳᠠᠭᠠᠤ ᠪᠠᠶᠢᠬᠤ︔ | ︵ᠳᠥᠷᠪᠡ︶ ᠭᠠᠷᠭᠠᠬᠤ ᠦᠷ᠎ᠡ ᠶᠢᠨ ᠰᠢᠩᠭᠡᠨ᠂ ᠦᠷ᠎ᠡ ᠬᠥᠪᠥᠷᠡᠯ᠂ ᠦᠷ᠎ᠡ ᠶᠢᠨ ᠥᠨᠳᠡᠭᠡ ᠨᠢ ᠠᠮᠢᠲᠠᠨ ᠤ ᠡᠷᠡᠭᠦᠯ | ᠮᠡᠨᠳᠦ ᠶᠢᠨ ᠪᠠᠷᠢᠮᠵᠢᠶ᠎ᠠ ᠶᠢ ᠬᠠᠩᠭᠠᠭᠰᠠᠨ ᠪᠠᠶᠢᠬᠤ᠃ | ᠭᠤᠴᠢᠨ ᠳᠣᠯᠣᠳᠤᠭᠠᠷ ᠵᠤᠷᠪᠤᠰ ᠪᠠᠷᠠᠭᠠᠨ ᠤ ᠡᠵᠡᠨ ᠠᠴᠠ ᠣᠷᠣᠭᠤᠯᠬᠤ ᠮᠤᠵᠢ᠂ ᠥᠪᠡᠷᠳᠡᠭᠡᠨ ᠵᠠᠰᠠᠬᠤ ᠤᠷᠤᠨ᠂ | ᠰᠢᠭᠤᠳ ᠬᠠᠷᠢᠶ᠎ᠠ ᠬᠤᠲᠠ ᠶᠢᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠤ ᠲᠠᠷᠬᠠᠭᠠᠵᠤ ᠴᠣᠬᠤᠭᠰᠠᠨ ︽ | ᠮᠤᠵᠢ ᠠᠯᠤᠰᠯᠠᠵᠤ ᠣᠷᠣᠭᠤᠯᠬᠤ ᠰᠦᠨ ᠤ ᠬᠡᠷᠡᠭᠯᠡᠭᠡᠨ ᠤ ᠪᠣᠯᠣᠨ ᠦᠷ᠎ᠡ ᠶᠢᠨ ᠬᠡᠷᠡᠭᠯᠡᠭᠡᠨ ᠤ ᠠᠮᠢᠲᠠᠨ ᠤ ᠬᠢᠵᠢᠭ ᠤᠨ ᠬᠢᠨᠠᠨ | ᠰᠢᠯᠭᠠᠯᠲᠠ ᠶᠢᠨ ᠵᠥᠪᠰᠢᠶᠡᠷᠡᠯ ᠤᠨ ᠬᠦᠰᠦᠨᠦᠭᠲᠦ︾ ᠶᠢ ᠠᠪᠴᠤ ᠲᠤᠰ ᠠᠷᠭ᠎ᠠ ᠬᠡᠮᠵᠢᠶᠡᠨ ᠤ ᠲᠣᠭᠲᠠᠭᠠᠯ ᠤᠨ ᠳᠠᠭᠠᠤ | ᠭᠠᠷᠬᠤ ᠭᠠᠵᠠᠷ ᠤᠨ ᠰᠢᠶᠠᠨ ᠤ ᠱᠠᠲᠤᠨ ᠤ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠳᠤ ᠡᠷᠭᠦᠳᠡᠯ | ᠥᠭᠴᠦ ᠬᠢᠵᠢᠭ ᠤᠨ ᠪᠠᠶᠢᠴᠠᠭᠠᠯᠲᠠ ᠬᠢᠯᠭᠡᠨ᠎ᠡ᠃ ᠭᠠᠷᠭᠠᠬᠤ ᠭᠠᠵᠠᠷ ᠤᠨ ᠰᠢᠶᠠᠨ ᠤ ᠱᠠᠲᠤᠨ ᠤ ᠠᠮᠢᠲᠠᠨ ᠤ ᠡᠷᠡᠭᠦᠯ | ᠬᠠᠮᠠᠭᠠᠯᠠᠯ ᠤᠨ ᠬᠢᠨᠠᠯᠲᠠ ᠶᠢᠨ ᠠᠯᠪᠠᠨ ᠨᠢ ᠲᠤᠰ ᠠᠷᠭ᠎ᠠ ᠬᠡᠮᠵᠢᠶ᠎ᠡ ᠳᠤ ᠳᠤᠷᠠᠳᠤᠭᠰᠠᠨ ᠵᠢᠷᠤᠮ ᠤᠨ ᠳᠠᠭᠠᠤ ᠬᠢᠵᠢᠭ ᠤᠨ | ᠪᠠᠶᠢᠴᠠᠭᠠᠯᠲᠠ ᠬᠢᠨ᠎ᠡ᠃ | ᠭᠤᠴᠢᠨ ᠨᠠᠢᠮᠠᠳᠤᠭᠠᠷ ᠵᠦᠢᠯ ᠮᠤᠵᠢ ᠠᠯᠤᠰᠯᠠᠵᠤ ᠣᠷᠣᠭᠤᠯᠬᠤ ᠰᠦᠨ ᠤ ᠬᠡᠷᠡᠭᠯᠡᠭᠡᠨ ᠤ ᠪᠣᠯᠣᠨ ᠦᠷ᠎ᠡ ᠶᠢᠨ | ᠬᠡᠷᠡᠭᠯᠡᠭᠡᠨ ᠤ ᠠᠮᠢᠲᠠᠨ ᠢ ︽ᠮᠤᠵᠢ ᠠᠯᠤᠰᠯᠠᠵᠤ ᠣᠷᠣᠭᠤᠯᠬᠤ ᠰᠦᠨ ᠤ ᠬᠡᠷᠡᠭᠯᠡᠭᠡᠨ ᠤ ᠪᠣᠯᠣᠨ ᠦᠷ᠎ᠡ ᠶᠢᠨ ᠬᠡᠷᠡᠭᠯᠡᠭᠡᠨ ᠤ | ᠠᠮᠢᠲᠠᠨ ᠤ ᠬᠢᠵᠢᠭ ᠤᠨ ᠬᠢᠨᠠᠨ ᠰᠢᠯᠭᠠᠯᠲᠠ ᠶᠢᠨ ᠵᠥᠪᠰᠢᠶᠡᠷᠡᠯ ᠤᠨ ᠬᠦᠰᠦᠨᠦᠭᠲᠦ︾ ᠶᠢᠨ ᠬᠦᠴᠦᠨ ᠲᠠᠢ ᠪᠠᠶᠢᠬᠤ | ᠬᠤᠭᠤᠴᠠᠭᠠᠨ ᠳᠤ ᠲᠡᠭᠡᠭᠡᠪᠦᠷᠢᠯᠡᠨ᠎ᠡ᠃ ᠬᠤᠭᠤᠴᠠᠭ᠎ᠠ ᠬᠡᠲᠦᠷᠡᠭᠰᠡᠨ ᠪᠠᠶᠢᠪᠠᠯ ᠪᠠᠷᠠᠭ᠎ᠠ ᠡᠵᠡᠮᠰᠢᠭᠴᠢ ᠠᠴᠠ ᠲᠠᠬᠢᠨ | ᠵᠥᠪᠰᠢᠶᠡᠷᠡᠭᠦᠯᠵᠦ ᠭᠠᠷᠳᠠᠮ ᠢ ᠪᠦᠷᠢᠳᠦᠭᠦᠯᠬᠦ ᠬᠡᠷᠡᠭᠲᠡᠢ᠃ | | | ᠨᠠᠢᠮᠠᠳᠤᠭᠠᠷ ᠪᠦᠯᠦᠭ ᠬᠢᠵᠢᠭ ᠤᠨ ᠪᠠᠶᠢᠴᠠᠭᠠᠯᠲᠠ ᠶᠢ ᠬᠢᠨᠠᠵᠤ ᠬᠠᠮᠢᠶᠠᠷᠬᠤ | ᠭᠤᠴᠢ ᠶᠢᠰᠦᠳᠦᠭᠡᠷ ᠵᠦᠢᠯ ᠨᠢᠲᠤᠯᠬᠤ᠂ ᠡᠵᠡᠩᠨᠡᠬᠦ᠂ ᠳᠡᠭᠡᠭᠡᠪᠦᠷᠢᠯᠡᠬᠦ ᠵᠢᠴᠢ ᠦᠵᠡᠭᠦᠯᠦᠯᠭᠡ᠂ ᠲᠤᠭᠯᠠᠯᠲᠠ ᠪᠠ | ᠤᠷᠤᠯᠳᠤᠭᠠᠨ ᠳᠤ ᠤᠷᠤᠯᠴᠠᠬᠤ ᠠᠮᠢᠲᠠᠳ ︽ᠠᠮᠢᠲᠠᠨ ᠤ ᠬᠢᠵᠢᠭ ᠪᠠᠶᠢᠴᠠᠭᠠᠯᠲᠠ ᠶᠢᠨ ᠬᠢᠷᠢ ᠳᠤ ᠨᠡᠶᠢᠴᠡᠭᠰᠡᠨ ᠦᠨᠡᠮᠯᠡᠬᠦ︾ | ᠳᠠᠭᠠᠯᠳᠤᠭᠰᠠᠨ ᠪᠠᠶᠢᠬᠤ ᠬᠡᠷᠡᠭᠲᠡᠢ︔ ᠠᠮᠢᠲᠠᠨ ᠤ ᠭᠠᠷᠤᠯ ᠲᠠᠢ ᠪᠦᠲᠦᠭᠡᠭᠳᠡᠬᠦᠨ ᠢ ᠡᠵᠡᠩᠨᠡᠬᠦ ᠲᠡᠭᠡᠭᠡᠪᠦᠷᠢᠯᠡᠬᠦ ᠳᠤ ︽ | ᠠᠮᠢᠲᠠᠨ ᠤ ᠬᠢᠵᠢᠭ ᠪᠠᠶᠢᠴᠠᠭᠠᠯᠲᠠ ᠶᠢᠨ ᠬᠢᠷᠢ ᠳᠤ ᠨᠡᠶᠢᠴᠡᠭᠰᠡᠨ ᠦᠨᠡᠮᠯᠡᠬᠦ︾ ᠪᠣᠯᠣᠨ ᠬᠢᠵᠢᠭ ᠪᠠᠶᠢᠴᠠᠭᠠᠯᠲᠠ ᠶᠢᠨ ᠲᠡᠮᠳᠡᠭ | ᠳᠠᠭᠠᠯᠳᠤᠭᠰᠠᠨ ᠪᠠᠶᠢᠬᠤ ᠬᠡᠷᠡᠭᠲᠡᠢ᠃ | ᠳᠤᠷᠠᠳᠤᠭᠰᠠᠨ ᠵᠦᠢᠯ ᠳᠤ ᠨᠡᠶᠢᠴᠡᠭᠰᠡᠨ ᠠᠮᠢᠲᠠᠨ᠂ ᠠᠮᠢᠲᠠᠨ ᠤ ᠭᠠᠷᠤᠯ ᠲᠠᠢ ᠪᠦᠲᠦᠭᠡᠭᠳᠡᠬᠦᠨ ᠳᠤ ᠠᠮᠢᠲᠠᠨ ᠤ | ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠨᠢ ᠪᠠᠶᠢᠴᠠᠭᠠᠯᠲᠠ ᠶᠢᠨ ᠭᠡᠷᠡᠴᠢᠯᠡᠭᠡ᠂ ᠲᠡᠮᠳᠡᠭ ᠢ ᠬᠢᠨᠠᠨ ᠰᠢᠯᠭᠠᠵᠤ᠂ | ᠠᠮᠢᠲᠠᠨ᠂ ᠠᠮᠢᠲᠠᠨ ᠤ ᠭᠠᠷᠤᠯ ᠲᠠᠢ ᠪᠦᠲᠦᠭᠡᠭᠳᠡᠬᠦᠨ ᠠᠴᠠ ᠳᠡᠭᠡᠵᠢ ᠠᠪᠴᠤ᠂ ᠦᠯᠡᠳᠡᠭᠡᠨ ᠰᠢᠨᠵᠢᠯᠡᠬᠦ᠂ ᠰᠤᠭᠤᠯᠤᠨ | ᠰᠢᠯᠭᠠᠵᠤ ᠪᠣᠯᠣᠨ᠎ᠠ᠃ ᠭᠡᠪᠡᠴᠦ ᠳᠠᠬᠢᠨ ᠰᠢᠯᠭᠠᠭᠰᠠᠨ ᠬᠤᠷᠢᠶᠠᠮᠵᠢ ᠠᠪᠴᠤ ᠪᠣᠯᠬᠤ ᠦᠭᠡᠢ᠃ | ᠳᠥᠴᠢᠳᠦᠭᠡᠷ ᠵᠦᠢᠯ ᠬᠢᠵᠢᠭ ᠪᠠᠶᠢᠴᠠᠭᠠᠬᠤ ᠶᠣᠰᠣᠲᠠᠢ ᠠᠲᠠᠯ᠎ᠠ ᠬᠢᠵᠢᠭ ᠤᠨ ᠪᠠᠶᠢᠴᠠᠭᠠᠯᠲᠠ ᠬᠢᠯᠭᠡᠭᠰᠡᠨ ᠦᠭᠡᠢ | ᠠᠮᠢᠲᠠᠨ ᠳᠤ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠠᠴᠠ ᠲᠤᠰ ᠵᠦᠢᠯ ᠤᠨ ᠬᠤᠶᠠᠳᠤᠭᠠᠷ | ᠵᠢᠭᠠᠯᠲᠠ ᠶᠢᠨ ᠳᠠᠭᠠᠤ ᠨᠥᠬᠦᠨ ᠰᠢᠯᠭᠠᠬᠤ ᠶᠢᠨ ᠳᠠᠭᠠᠤ ︽ᠠᠮᠢᠲᠠᠨ ᠤ ᠬᠢᠵᠢᠭ ᠠᠴᠠ ᠤᠷᠢᠳᠴᠢᠯᠠᠨ ᠰᠡᠷᠭᠡᠶᠢᠯᠡᠬᠦ ᠬᠠᠤᠯᠢ︾ | ᠶᠢᠨ ᠶᠣᠰᠣ ᠪᠠᠷ ᠰᠢᠢᠳᠪᠦᠷᠢᠯᠡᠬᠦ ᠶᠢᠨ ᠬᠠᠮᠲᠤ ᠰᠢᠢᠳᠬᠡᠯ ᠣᠨᠣᠭᠠᠨ᠎ᠠ᠃ ᠳᠠᠷᠠᠭᠠᠬᠢ ᠨᠥᠬᠦᠴᠡᠯ ᠳᠤ ᠬᠦᠷᠦᠭᠰᠡᠨ ᠢ | ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠ ᠠᠴᠠ ︽ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ ᠬᠢᠷᠢ ᠳᠤ | ᠨᠡᠶᠢᠴᠡᠭᠰᠡᠨ ᠦᠨᠡᠮᠯᠡᠬᠦ︾ ᠣᠯᠭᠤᠨ᠎ᠠ︔ ᠬᠢᠷᠢ ᠳᠤ ᠬᠦᠷᠦᠭᠰᠡᠨ ᠦᠭᠡᠢ ᠶᠢ ᠲᠠᠷᠢᠶᠠᠯᠠᠩ ᠤᠨ ᠶᠠᠮᠤᠨ ᠤ ᠬᠤᠯᠪᠣᠭᠳᠠᠬᠤ | ᠲᠣᠭᠲᠠᠭᠠᠯ ᠵᠢᠷᠤᠮ ᠤᠨ ᠳᠠᠭᠠᠤ ᠰᠢᠢᠳᠦᠨ᠎ᠡ᠃ | ︵ᠨᠢᠭᠡ︶ ᠠᠮᠢᠲᠠᠨ ᠰᠢᠪᠠᠭᠤᠨ ᠤ ᠢᠯᠭᠠᠮᠵᠢ ᠲᠡᠮᠳᠡᠭ ᠨᠢ ᠲᠠᠷᠢᠶᠠᠯᠠᠩ ᠤᠨ ᠶᠠᠮᠤᠨ ᠤ ᠲᠣᠭᠲᠠᠭᠠᠯ ᠳᠤ ᠨᠡᠶᠢᠴᠡᠭᠰᠡᠨ | ᠪᠠᠶᠢᠬᠤ︔ | ︵ᠬᠤᠶᠠᠷ︶ ᠺᠯᠢᠨᠢᠺ ᠤᠨ ᠦᠵᠡᠯᠭᠡ ᠪᠠᠷ ᠡᠷᠡᠭᠦᠯ ᠮᠡᠨᠳᠦ ᠲᠣᠭᠲᠠᠭᠠᠭᠳᠠᠭᠰᠠᠨ︔ | ︵ᠭᠤᠷᠪᠠ︶ ᠲᠠᠷᠢᠶᠠᠯᠠᠩ ᠤᠨ ᠶᠠᠮᠤᠨ ᠤ ᠲᠣᠭᠲᠠᠭᠠᠯ ᠤᠨ ᠳᠠᠭᠠᠤ ᠯᠠᠪᠤᠷᠠᠲ᠋ᠣᠷᠢ ᠶᠢᠨ ᠰᠢᠨᠵᠢᠯᠡᠭᠡ ᠬᠢᠬᠦ | ᠴᠢᠬᠤᠯᠠ ᠲᠠᠢ ᠪᠣᠯ ᠰᠢᠨᠵᠢᠯᠡᠭᠡᠨ ᠤ ᠦᠷ᠎ᠡ ᠳ᠋ᠦᠩ ᠨᠢ ᠱᠠᠭᠠᠷᠳᠠᠯᠭ᠎ᠠ ᠶᠢᠨ ᠳᠠᠭᠠᠤ ᠪᠠᠶᠢᠬᠤ ᠶᠣᠰᠣᠲᠠᠢ᠃ | ᠳᠥᠴᠢᠨ ᠨᠢᠭᠡᠳᠦᠭᠡᠷ ᠵᠦᠢᠯ ᠬᠢᠵᠢᠭ ᠪᠠᠶᠢᠴᠠᠭᠠᠬᠤ ᠶᠣᠰᠣᠲᠠᠢ ᠠᠲᠠᠯ᠎ᠠ ᠬᠢᠵᠢᠭ ᠤᠨ ᠪᠠᠶᠢᠴᠠᠭᠠᠯᠲᠠ ᠬᠢᠯᠭᠡᠭᠰᠡᠨ | ᠦᠭᠡᠢ ᠶᠠᠰᠤ᠂ ᠡᠪᠡᠷ᠂ ᠪᠣᠯᠪᠠᠰᠤᠷᠠᠭᠤᠯᠤᠭ᠎ᠠ ᠦᠭᠡᠢ ᠠᠷᠠᠰᠤ᠂ ᠨᠣᠣᠰᠣ᠂ ᠨᠣᠣᠯᠤᠷ ᠵᠡᠷᠭᠡ ᠪᠦᠲᠦᠭᠡᠭᠳᠡᠬᠦᠨ ᠤ ᠵᠦᠢᠯ | ᠳᠠᠷᠠᠭᠠᠬᠢ ᠨᠥᠬᠦᠴᠡᠯ ᠢ ᠬᠠᠩᠭᠠᠭᠰᠠᠨ ᠢ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠠᠴᠠ ︽ᠠᠮᠢᠲᠠᠨ ᠤ | ᠬᠢᠵᠢᠭ ᠤᠨ ᠪᠠᠶᠢᠴᠠᠭᠠᠯᠲᠠ ᠶᠢᠨ ᠬᠢᠷᠢ ᠳᠤ ᠨᠡᠶᠢᠴᠡᠭᠰᠡᠨ ᠦᠨᠡᠮᠯᠡᠬᠦ︾ ᠣᠯᠭᠤᠨ᠎ᠠ︔ ᠬᠢᠷᠢ ᠳᠤ ᠬᠦᠷᠦᠭᠡ ᠦᠭᠡᠢ ᠶᠢ | ᠬᠤᠷᠢᠶᠠᠮᠵᠢᠯᠠᠨ ᠠᠪᠴᠤ ᠤᠰᠠᠳᠬᠠᠨ᠎ᠠ᠃ ᠬᠠᠮᠲᠤᠳᠠ ᠨᠢ ︽ᠠᠮᠢᠲᠠᠨ ᠤ ᠬᠢᠵᠢᠭ ᠠᠴᠠ ᠤᠷᠢᠳᠴᠢᠯᠠᠨ | ᠰᠡᠷᠭᠡᠶᠢᠯᠡᠬᠦ ᠬᠠᠤᠯᠢ︾ ᠶᠢᠨ ᠳᠠᠭᠠᠤ ᠰᠢᠢᠳᠬᠡᠯ ᠣᠨᠣᠭᠠᠨ᠎ᠠ᠃ | ︵ᠨᠢᠭᠡ︶ ᠪᠠᠷᠠᠭ᠎ᠠ ᠡᠵᠡᠮᠰᠢᠭᠴᠢ ᠠᠴᠠ 5 ᠡᠳᠦᠷ ᠤᠨ ᠳᠣᠲᠣᠷ᠎ᠠ ᠭᠠᠷᠭᠠᠬᠤ ᠭᠠᠵᠠᠷ ᠤᠨ ᠠᠮᠢᠲᠠᠨ ᠤ ᠡᠷᠡᠭᠦᠯ | ᠬᠠᠮᠠᠭᠠᠯᠠᠯ ᠤᠨ ᠬᠢᠨᠠᠯᠲᠠ ᠶᠢᠨ ᠠᠯᠪᠠᠨ ᠠᠴᠠ ᠭᠠᠷᠭᠠᠭᠰᠠᠨ ᠪᠢᠲᠡᠭᠦᠮᠵᠢᠯᠡᠯ ᠤᠨ ᠪᠤᠰᠤ ᠣᠷᠣᠨ ᠤ ᠭᠡᠷᠡᠴᠢᠯᠡᠭᠡ ᠬᠠᠩᠭᠠᠨ᠎ᠠ︔ | ︵ᠬᠤᠶᠠᠷ︶ ᠭᠠᠳᠠᠷ ᠲᠠᠯ᠎ᠠ ᠠᠴᠠ ᠪᠠᠨ ᠡᠪᠳᠡᠷᠡᠵᠦ ᠭᠡᠮᠲᠦᠵᠦ ᠴᠢᠨᠠᠷ ᠬᠤᠪᠢᠷᠠᠭ᠎ᠠ ᠦᠭᠡᠢ ᠪᠠᠶᠢᠬᠤ︔ | ︵ᠭᠤᠷᠪᠠ︶ ᠬᠤᠯᠪᠣᠭᠳᠠᠬᠤ ᠳᠦᠷᠢᠮ ᠵᠢᠷᠤᠮ ᠤᠨ ᠳᠠᠭᠠᠤ ᠳᠠᠬᠢᠨ ᠠᠷᠢᠭᠤᠳᠬᠠᠯ ᠬᠢᠭᠰᠡᠨ︔ | ︵ᠳᠥᠷᠪᠡ︶ ᠲᠠᠷᠢᠶᠠᠯᠠᠩ ᠤᠨ ᠶᠠᠮᠤᠨ ᠤ ᠲᠣᠭᠲᠠᠭᠠᠯ ᠤᠨ ᠳᠠᠭᠠᠤ ᠯᠠᠪᠤᠷᠠᠲ᠋ᠣᠷᠢ ᠶᠢᠨ ᠰᠢᠨᠵᠢᠯᠡᠭᠡ ᠬᠢᠬᠦ | ᠴᠢᠬᠤᠯᠠ ᠲᠠᠢ ᠪᠣᠯ ᠰᠢᠨᠵᠢᠯᠡᠭᠡᠨ ᠤ ᠦᠷ᠎ᠡ ᠳ᠋ᠦᠩ ᠨᠢ ᠱᠠᠭᠠᠷᠳᠠᠯᠭ᠎ᠠ ᠶᠢᠨ ᠳᠠᠭᠠᠤ ᠪᠠᠶᠢᠬᠤ ᠶᠣᠰᠣᠲᠠᠢ᠃ | ᠳᠥᠴᠢᠨ ᠬᠤᠶᠠᠳᠤᠭᠠᠷ ᠵᠦᠢᠯ ᠬᠢᠵᠢᠭ ᠪᠠᠶᠢᠴᠠᠭᠠᠬᠤ ᠶᠣᠰᠣᠲᠠᠢ ᠠᠲᠠᠯ᠎ᠠ ᠬᠢᠵᠢᠭ ᠤᠨ ᠪᠠᠶᠢᠴᠠᠭᠠᠯᠲᠠ ᠬᠢᠯᠭᠡᠭᠡ | ᠦᠭᠡᠢ ᠦᠷ᠎ᠡ ᠶᠢᠨ ᠰᠢᠩᠭᠡᠨ᠂ ᠦᠷ᠎ᠡ ᠬᠥᠪᠥᠷᠡᠯ᠂ ᠦᠷ᠎ᠡ ᠶᠢᠨ ᠥᠨᠳᠡᠭᠡ ᠵᠡᠷᠭᠡ ᠨᠢ ᠳᠠᠷᠠᠭᠠᠬᠢ ᠨᠥᠬᠦᠴᠡᠯ ᠳᠤ ᠨᠡᠶᠢᠴᠡᠭᠰᠡᠨ | ᠲᠣᠬᠢᠶᠠᠯᠳᠤᠯ ᠳᠤ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠠᠴᠠ ︽ᠠᠮᠢᠲᠠᠨ ᠤ ᠬᠢᠵᠢᠭ ᠤᠨ | ᠪᠠᠶᠢᠴᠠᠭᠠᠯᠲᠠ ᠶᠢᠨ ᠬᠢᠷᠢ ᠳᠤ ᠨᠡᠶᠢᠴᠡᠭᠰᠡᠨ ᠦᠨᠡᠮᠯᠡᠬᠦ︾ ᠣᠯᠭᠤᠨ᠎ᠠ︔ ᠨᠡᠶᠢᠴᠡᠭᠰᠡᠨ ᠦᠭᠡᠢ ᠪᠣᠯ ᠬᠤᠷᠢᠶᠠᠮᠵᠢᠯᠠᠨ ᠠᠪᠴᠤ | ᠤᠰᠠᠳᠬᠠᠨ᠎ᠠ᠃ ᠬᠠᠮᠲᠤᠳᠠ ᠨᠢ ︽ᠠᠮᠢᠲᠠᠨ ᠤ ᠬᠢᠵᠢᠭ ᠠᠴᠠ ᠤᠷᠢᠳᠴᠢᠯᠠᠨ ᠰᠡᠷᠭᠡᠶᠢᠯᠡᠬᠦ ᠬᠠᠤᠯᠢ︾ ᠶᠢᠨ ᠳᠠᠭᠠᠤ ᠰᠢᠢᠳᠬᠡᠯ | ᠣᠨᠣᠭᠠᠨ᠎ᠠ᠃ | ︵ᠨᠢᠭᠡ︶ ᠪᠠᠷᠠᠭ᠎ᠠ ᠡᠵᠡᠮᠰᠢᠭᠴᠢ ᠠᠴᠠ 5 ᠡᠳᠦᠷ ᠤᠨ ᠳᠣᠲᠣᠷ᠎ᠠ ᠭᠠᠷᠭᠠᠬᠤ ᠭᠠᠵᠠᠷ ᠤᠨ ᠠᠮᠢᠲᠠᠨ ᠤ ᠡᠷᠡᠭᠦᠯ | ᠬᠠᠮᠠᠭᠠᠯᠠᠯ ᠤᠨ ᠬᠢᠨᠠᠯᠲᠠ ᠶᠢᠨ ᠠᠯᠪᠠᠨ ᠠᠴᠠ ᠭᠠᠷᠭᠠᠭᠰᠠᠨ ᠪᠢᠲᠡᠭᠦᠮᠵᠢᠯᠡᠯ ᠤᠨ ᠪᠤᠰᠤ ᠣᠷᠣᠨ ᠤ ᠭᠡᠷᠡᠴᠢᠯᠡᠭᠡ ᠪᠣᠯᠣᠨ ᠶᠡᠭᠡ | ᠪᠡᠶ᠎ᠡ ︵ᠭᠤᠤᠯᠤᠵᠠ︶ ᠶᠢᠨ ᠡᠷᠡᠭᠦᠯ ᠮᠡᠨᠳᠦ ᠶᠢᠨ ᠪᠠᠷᠢᠮᠵᠢᠶ᠎ᠠ ᠳᠤ ᠨᠡᠶᠢᠴᠡᠭᠰᠡᠨ ᠭᠡᠷᠡᠴᠢᠯᠡᠭᠡ ᠬᠠᠩᠭᠠᠨ᠎ᠠ︔ | ︵ᠬᠤᠶᠠᠷ︶ ᠲᠣᠭᠲᠠᠭᠠᠭᠰᠠᠨ ᠴᠢᠨᠠᠷ ᠤᠨ ᠪᠠᠲᠤᠯᠠᠭᠠᠲᠤ ᠬᠤᠭᠤᠴᠠᠭᠠᠨ ᠤ ᠳᠣᠲᠣᠷ᠎ᠠ ᠭᠠᠳᠠᠷ ᠲᠠᠯ᠎ᠠ ᠠᠴᠠ ᠪᠠᠨ | ᠡᠪᠳᠡᠷᠡᠵᠦ ᠭᠡᠮᠲᠦᠵᠦ ᠴᠢᠨᠠᠷ ᠬᠤᠪᠢᠷᠠᠭ᠎ᠠ ᠦᠭᠡᠢ ᠪᠠᠶᠢᠬᠤ︔ | ︵ᠭᠤᠷᠪᠠ︶ ᠲᠠᠷᠢᠶᠠᠯᠠᠩ ᠤᠨ ᠶᠠᠮᠤᠨ ᠤ ᠲᠣᠭᠲᠠᠭᠠᠯ ᠤᠨ ᠳᠠᠭᠠᠤ ᠯᠠᠪᠤᠷᠠᠲ᠋ᠣᠷᠢ ᠶᠢᠨ ᠰᠢᠨᠵᠢᠯᠡᠭᠡ ᠬᠢᠬᠦ | ᠴᠢᠬᠤᠯᠠ ᠲᠠᠢ ᠪᠣᠯ ᠰᠢᠨᠵᠢᠯᠡᠭᠡᠨ ᠤ ᠦᠷ᠎ᠡ ᠳ᠋ᠦᠩ ᠨᠢ ᠱᠠᠭᠠᠷᠳᠠᠯᠭ᠎ᠠ ᠶᠢᠨ ᠳᠠᠭᠠᠤ ᠪᠠᠶᠢᠬᠤ ᠶᠣᠰᠣᠲᠠᠢ᠃ | ᠳᠥᠴᠢᠨ ᠭᠤᠷᠪᠠᠳᠤᠭᠠᠷ ᠵᠦᠢᠯ ᠬᠠᠤᠯᠢ ᠶᠢᠨ ᠳᠠᠭᠠᠤ ᠬᠢᠵᠢᠭ ᠤᠨ ᠪᠠᠶᠢᠴᠠᠭᠠᠯᠲᠠ ᠬᠢᠯᠭᠡᠬᠦ ᠶᠣᠰᠣᠲᠠᠢ ᠠᠲᠠᠯ᠎ᠠ | ᠬᠢᠵᠢᠭ ᠤᠨ ᠪᠠᠶᠢᠴᠠᠭᠠᠯᠲᠠ ᠬᠢᠯᠭᠡᠭᠡ ᠦᠭᠡᠢ ᠮᠢᠬ᠎ᠠ᠂ ᠳᠣᠲᠣᠷ᠎ᠠ ᠡᠷᠬᠡᠲᠡᠨ᠂ ᠥᠭᠡᠬᠦ᠂ ᠲᠣᠯᠣᠭᠠᠢ᠂ ᠰᠢᠭᠢᠷ᠎ᠡ᠂ ᠴᠢᠰᠤ᠂ | ᠰᠢᠷᠪᠦᠰᠦ ᠵᠡᠷᠭᠡ ᠶᠢ ᠳᠠᠷᠠᠭᠠᠬᠢ ᠨᠥᠬᠦᠴᠡᠯ ᠳᠤ ᠨᠡᠶᠢᠴᠡᠭᠰᠡᠨ ᠲᠣᠬᠢᠶᠠᠯᠳᠤᠯ ᠳᠤ ᠠᠮᠢᠲᠠᠨ ᠤ ᠡᠷᠡᠭᠦᠯ ᠬᠠᠮᠠᠭᠠᠯᠠᠯ ᠤᠨ | ᠬᠢᠨᠠᠯᠲᠠ ᠶᠢᠨ ᠠᠯᠪᠠᠨ ᠠᠴᠠ ︽ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ ᠬᠢᠷᠢ ᠳᠤ ᠨᠡᠶᠢᠴᠡᠭᠰᠡᠨ ᠦᠨᠡᠮᠯᠡᠬᠦ︾ | ᠣᠯᠭᠤᠨ᠎ᠠ ᠲᠡᠭᠦᠨᠴᠢᠯᠡᠨ ︽ᠠᠮᠢᠲᠠᠨ ᠤ ᠬᠢᠵᠢᠭ ᠠᠴᠠ ᠤᠷᠢᠳᠴᠢᠯᠠᠨ ᠰᠡᠷᠭᠡᠶᠢᠯᠡᠬᠦ ᠬᠠᠤᠯᠢ︾ ᠶᠢᠨ ᠳᠠᠯᠠᠨ ᠨᠠᠢᠮᠠᠳᠤᠭᠠᠷ | ᠵᠦᠢᠯ ᠤᠨ ᠳᠠᠭᠠᠤ ᠰᠢᠢᠳᠬᠡᠯ ᠣᠨᠣᠭᠳᠠᠭᠤᠯᠤᠨᠠ︔ ᠨᠡᠶᠢᠴᠡᠭᠰᠡᠨ ᠦᠭᠡᠢ ᠪᠣᠯ ᠬᠤᠷᠢᠶᠠᠮᠵᠢᠯᠠᠨ ᠠᠪᠴᠤ ᠤᠰᠠᠳᠬᠠᠬᠤ ᠶᠢᠨ | ᠳᠠᠭᠠᠤ ︽ᠠᠮᠢᠲᠠᠨ ᠤ ᠬᠢᠵᠢᠭ ᠠᠴᠠ ᠤᠷᠢᠳᠴᠢᠯᠠᠨ ᠰᠡᠷᠭᠡᠶᠢᠯᠡᠬᠦ ᠬᠠᠤᠯᠢ︾ ᠶᠢᠨ ᠳᠠᠯᠠᠨ ᠵᠢᠷᠭᠤᠳᠤᠭᠠᠷ ᠵᠦᠢᠯ ᠤᠨ ᠳᠠᠭᠠᠤ | ᠰᠢᠢᠳᠬᠡᠯ ᠣᠨᠣᠭᠠᠨ᠎ᠠ᠄ | ︵ᠨᠢᠭᠡ︶ ᠪᠠᠷᠠᠭ᠎ᠠ ᠡᠵᠡᠮᠰᠢᠭᠴᠢ ᠠᠴᠠ 5 ᠡᠳᠦᠷ ᠤᠨ ᠳᠣᠲᠣᠷ᠎ᠠ ᠭᠠᠷᠭᠠᠬᠤ ᠭᠠᠵᠠᠷ ᠤᠨ ᠠᠮᠢᠲᠠᠨ ᠤ ᠡᠷᠡᠭᠦᠯ | ᠬᠠᠮᠠᠭᠠᠯᠠᠯ ᠤᠨ ᠬᠢᠨᠠᠯᠲᠠ ᠶᠢᠨ ᠠᠯᠪᠠᠨ ᠠᠴᠠ ᠭᠠᠷᠭᠠᠭᠰᠠᠨ ᠪᠢᠲᠡᠭᠦᠮᠵᠢᠯᠡᠯ ᠤᠨ ᠪᠤᠰᠤ ᠣᠷᠣᠨ ᠤ ᠭᠡᠷᠡᠴᠢᠯᠡᠭᠡ ᠬᠠᠩᠭᠠᠨ᠎ᠠ︔ | ︵ᠬᠤᠶᠠᠷ︶ ᠭᠠᠳᠠᠷ ᠲᠠᠯ᠎ᠠ ᠠᠴᠠ ᠪᠠᠨ ᠡᠪᠳᠡᠷᠡᠵᠦ ᠭᠡᠮᠲᠦᠵᠦ ᠴᠢᠨᠠᠷ ᠬᠤᠪᠢᠷᠠᠭ᠎ᠠ ᠦᠭᠡᠢ ᠪᠠᠶᠢᠬᠤ︔ | ︵ᠭᠤᠷᠪᠠ︶ ᠲᠠᠷᠢᠶᠠᠯᠠᠩ ᠤᠨ ᠶᠠᠮᠤᠨ ᠤ ᠲᠣᠭᠲᠠᠭᠠᠯ ᠤᠨ ᠳᠠᠭᠠᠤ ᠯᠠᠪᠤᠷᠠᠲ᠋ᠣᠷᠢ ᠶᠢᠨ ᠰᠢᠨᠵᠢᠯᠡᠭᠡ ᠬᠢᠬᠦ | ᠴᠢᠬᠤᠯᠠ ᠲᠠᠢ ᠪᠣᠯ ᠰᠢᠨᠵᠢᠯᠡᠭᠡᠨ ᠤ ᠦᠷ᠎ᠡ ᠳ᠋ᠦᠩ ᠨᠢ ᠱᠠᠭᠠᠷᠳᠠᠯᠭ᠎ᠠ ᠶᠢᠨ ᠳᠠᠭᠠᠤ ᠪᠠᠶᠢᠬᠤ ᠶᠣᠰᠣᠲᠠᠢ᠃ | ᠳᠥᠴᠢᠨ ᠳᠥᠷᠪᠡᠳᠦᠭᠡᠷ ᠵᠦᠢᠯ ᠲᠡᠮᠦᠷ ᠵᠠᠮ᠂ ᠵᠠᠰᠠᠮᠠᠯ ᠵᠠᠮ᠂ ᠤᠰᠤᠨ ᠵᠠᠮ᠂ ᠠᠭᠠᠷ ᠤᠨ ᠵᠠᠮ ᠢᠶᠠᠷ | ᠲᠡᠭᠡᠭᠡᠪᠦᠷᠢᠯᠡᠬᠦ ᠳᠤ ᠬᠢᠵᠢᠭ ᠤᠨ ᠪᠠᠶᠢᠴᠠᠭᠠᠯᠲᠠ ᠬᠢᠬᠦ ᠶᠣᠰᠣᠲᠠᠢ ᠠᠮᠢᠲᠠᠨ᠂ ᠠᠮᠢᠲᠠᠨ ᠤ ᠭᠠᠷᠤᠯ ᠲᠠᠢ ᠪᠦᠲᠦᠭᠡᠭᠳᠡᠬᠦᠨ ᠳᠤ | ᠠᠴᠢᠶ᠎ᠠ ᠲᠡᠭᠡᠭᠡᠪᠦᠷᠢᠯᠡᠭᠦᠯᠦᠭᠴᠢ ᠠᠴᠠ ᠪᠠᠷᠠᠭ᠎ᠠ ᠠᠴᠢᠶᠠᠯᠠᠭᠤᠯᠬᠤ ᠦᠶ᠎ᠡ ᠳᠡᠭᠡᠨ ︽ᠠᠮᠢᠲᠠᠨ ᠤ ᠬᠢᠵᠢᠭ ᠤᠨ | ᠪᠠᠶᠢᠴᠠᠭᠠᠯᠲᠠ ᠶᠢᠨ ᠬᠢᠷᠢ ᠳᠤ ᠨᠡᠶᠢᠴᠡᠭᠰᠡᠨ ᠦᠨᠡᠮᠯᠡᠬᠦ︾ ᠬᠠᠩᠭᠠᠨ᠎ᠠ᠃ ︽ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ | ᠬᠢᠷᠢ ᠳᠤ ᠨᠡᠶᠢᠴᠡᠭᠰᠡᠨ ᠦᠨᠡᠮᠯᠡᠬᠦ︾ ᠪᠠᠶᠢᠬᠤ ᠦᠭᠡᠢ ᠪᠣᠯ ᠠᠴᠢᠶᠠᠯᠠᠭᠴᠢ ᠠᠴᠠ ᠠᠴᠢᠶᠠᠯᠠᠵᠤ ᠥᠭᠴᠦ ᠪᠣᠯᠬᠤ ᠦᠭᠡᠢ᠃ | ᠳᠥᠴᠢᠨ ᠲᠠᠪᠤᠳᠤᠭᠠᠷ ᠵᠦᠢᠯ ᠪᠠᠷᠠᠭ᠎ᠠ ᠡᠵᠡᠮᠰᠢᠭᠴᠢ ᠪᠤᠶᠤ ᠠᠴᠢᠶᠠᠯᠠᠭᠴᠢ ᠲᠡᠭᠡᠭᠡᠪᠦᠷᠢᠯᠡᠬᠦ ᠠᠴᠠ ᠡᠮᠦᠨ᠎ᠡ ᠪᠤᠶᠤ | ᠪᠠᠭᠤᠯᠭᠠᠭᠰᠠᠨ ᠤ ᠳᠠᠷᠠᠭ᠎ᠠ ᠠᠮᠢᠲᠠᠨ᠂ ᠠᠮᠢᠲᠠᠨ ᠤ ᠭᠠᠷᠤᠯ ᠲᠠᠢ ᠪᠦᠲᠦᠭᠡᠭᠳᠡᠬᠦᠨ ᠢ ᠵᠥᠭᠡᠭᠡᠪᠦᠷᠢᠯᠡᠭᠰᠡᠨ ᠲᠡᠭᠡᠭᠡᠪᠦᠷᠢ ᠶᠢᠨ | ᠪᠠᠭᠠᠵᠢ ᠬᠢᠭᠡᠳ ᠲᠡᠵᠢᠭᠡᠬᠦ ᠳᠤ ᠬᠡᠷᠡᠭᠯᠡᠭᠰᠡᠨ ᠪᠠᠭᠠᠵᠢ ᠬᠡᠷᠡᠭᠰᠡᠯ᠂ ᠠᠴᠢᠶᠠᠯᠠᠬᠤ ᠳᠤ ᠬᠡᠷᠡᠭᠯᠡᠭᠰᠡᠨ ᠪᠠᠭᠠᠵᠢ ᠬᠡᠷᠡᠭᠰᠡᠯ ᠢ | ᠲᠠᠷᠢᠶᠠᠯᠠᠩ ᠤᠨ ᠶᠠᠮᠤᠨ ᠤ ᠲᠣᠭᠲᠠᠭᠠᠭᠰᠠᠨ ᠲᠦ᠋ᠭᠨᠢᠭ ᠤᠨ ᠦᠵᠡᠭᠦᠯᠦᠯᠲᠡ ᠶᠢᠨ ᠳᠠᠭᠠᠤ ᠠᠷᠢᠭᠤᠳᠬᠠᠯ ᠬᠢᠨ᠎ᠡ᠂ ᠲᠡᠭᠦᠨᠴᠢᠯᠡᠨ | ᠠᠷᠢᠯᠭᠠᠭᠰᠠᠨ ᠳᠡᠪᠢᠰᠬᠡᠷ ᠰᠢᠷᠢᠳᠡᠭ᠂ ᠢᠯᠭᠠᠳᠠᠰᠤ᠂ ᠪᠣᠬᠢᠷ ᠡᠳ᠋ ᠵᠦᠢᠯ ᠪᠦᠬᠦᠨ ᠢ ᠬᠤᠣᠷᠳᠠᠯ ᠦᠭᠡᠢ ᠰᠢᠢᠳᠪᠦᠷᠢᠯᠡᠨ᠎ᠡ᠃ | ᠳᠥᠴᠢᠨ ᠵᠢᠷᠭᠤᠳᠤᠭᠠᠷ ᠵᠦᠢᠯ ᠪᠢᠲᠡᠭᠦᠮᠵᠢᠯᠡᠭᠰᠡᠨ ᠣᠷᠣᠨ ᠤ ᠬᠤᠳᠠᠯᠳᠤᠭᠠᠨ ᠤ ᠵᠣᠷᠢᠭᠤᠯᠤᠯᠲᠠ ᠲᠠᠢ ᠥᠨᠳᠡᠭᠡ᠂ | ᠲᠦᠭᠦᠬᠡᠢ ᠰᠦ ᠶᠢᠨ ᠠᠶᠠᠨ ᠲᠡᠭᠡᠭᠡᠪᠦᠷᠢ ᠶᠢᠨ ᠬᠢᠨᠠᠯᠲᠠ ᠶᠢ ︽ᠬᠦᠨᠳᠦ ᠨᠣᠴᠢᠲᠠᠢ ᠬᠢᠵᠢᠭ ᠤᠨ ᠪᠠᠶᠢᠳᠠᠯ ᠢ ᠪᠠᠴᠢᠮ | ᠠᠷᠭᠠᠴᠠᠭᠠᠬᠤ ᠳᠦᠷᠢᠮ︾ ᠤᠨ ᠳᠠᠭᠠᠤ ᠰᠢᠢᠳᠦᠨ᠎ᠡ᠃ | ᠳᠥᠴᠢᠨ ᠳᠣᠯᠣᠳᠤᠭᠠᠷ ᠵᠦᠢᠯ ᠬᠢᠵᠢᠭ ᠤᠨ ᠪᠠᠶᠢᠴᠠᠭᠠᠯᠲᠠ ᠪᠠᠷ ᠬᠢᠷᠢ ᠳᠤ ᠨᠡᠶᠢᠴᠡᠭᠰᠡᠨ ᠠᠮᠢᠲᠠᠨ᠂ ᠠᠮᠢᠲᠠᠨ ᠤ | ᠭᠠᠷᠤᠯ ᠲᠠᠢ ᠪᠦᠲᠦᠭᠡᠭᠳᠡᠬᠦᠨ ᠲᠣᠭᠲᠠᠭᠰᠠᠨ ᠬᠤᠭᠤᠴᠠᠭᠠᠨ ᠳᠠᠭᠠᠨ ᠪᠠᠭᠲᠠᠵᠤ ᠣᠴᠢᠬᠤ ᠭᠠᠵᠠᠷ ᠲᠠᠭᠠᠨ ᠬᠦᠷᠬᠦ ᠬᠡᠷᠡᠭᠲᠡᠢ᠃ | ᠬᠢᠵᠢᠭ ᠤᠨ ᠪᠠᠶᠢᠴᠠᠭᠠᠯᠲᠠ ᠪᠠᠷ ᠬᠢᠷᠢ ᠳᠤ ᠨᠡᠶᠢᠴᠡᠭᠰᠡᠨ ᠠᠮᠢᠲᠠᠨ ᠠᠶᠠᠨ ᠲᠡᠭᠡᠭᠡᠪᠦᠷᠢ ᠶᠢᠨ ᠵᠠᠮ ᠳᠤᠮᠳᠠ ᠪᠠᠨ ᠡᠪᠡᠳᠴᠢᠨ ᠤ | ᠪᠠᠶᠢᠳᠠᠯ ᠢᠯᠡᠷᠡᠪᠡᠯ ᠬᠤᠯᠪᠣᠭᠳᠠᠯ ᠪᠦᠬᠦᠢ ᠳᠦᠷᠢᠮ ᠵᠢᠷᠤᠮ ᠤᠨ ᠳᠠᠭᠠᠤ ᠮᠡᠳᠡᠭᠦᠯᠭᠡ ᠪᠢᠴᠢᠵᠦ ᠰᠢᠢᠳᠪᠦᠷᠢᠯᠡᠭᠦᠯᠦᠨ᠎ᠡ᠃ | | | ᠶᠢᠰᠦᠳᠦᠭᠡᠷ ᠪᠦᠯᠦᠭ ᠶᠠᠯᠠᠳᠠᠨ ᠲᠣᠷᠭᠤᠭᠠᠬᠤ ᠵᠠᠷᠴᠢᠮ | ᠳᠥᠴᠢᠨ ᠨᠠᠢᠮᠠᠳᠤᠭᠠᠷ ᠵᠦᠢᠯ ᠲᠤᠰ ᠠᠷᠭ᠎ᠠ ᠬᠡᠮᠵᠢᠶᠡᠨ ᠤ ᠠᠷᠪᠠ ᠶᠢᠰᠦᠳᠦᠭᠡᠷ ᠵᠦᠢᠯ᠂ ᠭᠤᠴᠢᠨ ᠨᠢᠭᠡᠳᠦᠭᠡᠷ | ᠵᠦᠢᠯ ᠤᠨ ᠲᠣᠭᠲᠠᠭᠠᠯ ᠢ ᠵᠥᠷᠢᠴᠡᠵᠦ ᠮᠤᠵᠢ᠂ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠠᠯᠤᠰᠯᠠᠵᠤ᠂ | ᠲᠡᠵᠢᠭᠡᠬᠦ ᠵᠣᠷᠢᠭᠤᠯᠤᠯᠲᠠ ᠲᠠᠢ ᠣᠷᠣᠭᠤᠯᠬᠤ ᠰᠦᠨ ᠤ ᠬᠡᠷᠡᠭᠯᠡᠭᠡᠨ ᠤ ᠪᠤᠰᠤ᠂ ᠦᠷ᠎ᠡ ᠶᠢᠨ ᠬᠡᠷᠡᠭᠯᠡᠭᠡᠨ ᠤ ᠪᠤᠰᠤ ᠠᠮᠢᠲᠠᠨ | ᠪᠣᠯᠣᠨ ᠤᠰᠤᠨ ᠤ ᠣᠷᠴᠢᠨ ᠤ ᠠᠮᠢᠲᠠᠨ ᠤ ᠵᠢᠷᠠᠭᠠᠬᠠᠢ ᠶᠢᠨ ᠲᠥᠷᠥᠯ ᠶᠢ ᠣᠴᠢᠬᠤ ᠭᠠᠵᠠᠷ ᠲᠠᠭᠠᠨ ᠬᠦᠷᠦᠭᠰᠡᠨ ᠬᠤᠶᠢᠨ᠎ᠠ | ᠪᠠᠶᠢᠭ᠎ᠠ ᠭᠠᠵᠠᠷ ᠤᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠳᠤ ᠮᠡᠳᠡᠭᠦᠯᠦᠭᠰᠡᠨ ᠦᠭᠡᠢ ᠪᠣᠯ | ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠠᠴᠠ ᠲᠠᠪᠤᠨ ᠵᠠᠭᠤᠨ ᠲᠥᠭᠦᠷᠢᠭ ᠠᠴᠠ ᠳᠡᠭᠡᠭᠰᠢ᠂ ᠬᠤᠶᠠᠷ | ᠮᠢᠩᠭᠠᠨ ᠲᠥᠭᠦᠷᠢᠭ ᠠᠴᠠ ᠳᠣᠷᠣᠭᠰᠢ ᠲᠣᠷᠭᠤᠭᠤᠯᠢ ᠣᠨᠣᠭᠳᠠᠭᠤᠯᠤᠨᠠ᠃ | ᠳᠥᠴᠢ ᠶᠢᠰᠦᠳᠦᠭᠡᠷ ᠵᠦᠢᠯ ᠲᠤᠰ ᠠᠷᠭ᠎ᠠ ᠬᠡᠮᠵᠢᠶᠡᠨ ᠤ ᠬᠤᠷᠢᠳᠤᠭᠠᠷ ᠵᠤᠷᠪᠤᠰ ᠤᠨ ᠲᠣᠭᠲᠠᠭᠠᠯ ᠢ ᠵᠥᠷᠢᠴᠡᠵᠦ | ᠮᠤᠵᠢ᠂ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠠᠯᠤᠰᠯᠠᠵᠤ ᠣᠷᠣᠭᠤᠯᠬᠤ ᠰᠦᠨ ᠤ ᠬᠡᠷᠡᠭᠯᠡᠭᠡᠨ ᠤ᠂ | ᠦᠷ᠎ᠡ ᠶᠢᠨ ᠬᠡᠷᠡᠭᠯᠡᠭᠡᠨ ᠤ ᠠᠮᠢᠲᠠᠨ ᠣᠴᠢᠬᠤ ᠭᠠᠵᠠᠷ ᠲᠠᠭᠠᠨ ᠬᠦᠷᠦᠭᠰᠡᠨ ᠬᠤᠶᠢᠨ᠎ᠠ ᠲᠣᠭᠲᠠᠭᠠᠯ ᠵᠢᠷᠤᠮ ᠤᠨ ᠳᠠᠭᠠᠤ | ᠲᠤᠰᠠᠭᠠᠷᠯᠠᠨ ᠠᠵᠢᠭᠯᠠᠯᠲᠠ ᠬᠢᠭᠰᠡᠨ ᠦᠭᠡᠢ ᠪᠠᠶᠢᠪᠠᠯ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠠᠴᠠ | ᠵᠠᠷᠯᠢᠭᠳᠠᠨ ᠵᠠᠯᠠᠷᠠᠭᠤᠯᠵᠤ ᠬᠤᠶᠠᠷ ᠮᠢᠩᠭᠠᠨ ᠲᠥᠭᠦᠷᠢᠭ ᠠᠴᠠ ᠳᠣᠷᠣᠭᠰᠢ᠂ ᠨᠢᠭᠡ ᠲᠦᠮᠡᠨ ᠲᠥᠭᠦᠷᠢᠭ ᠠᠴᠠ ᠳᠣᠷᠣᠭᠰᠢ | ᠲᠣᠷᠭᠤᠭᠤᠯᠢ ᠣᠨᠣᠭᠳᠠᠭᠤᠯᠤᠨᠠ᠃ | ᠲᠠᠪᠢᠳᠤᠭᠠᠷ ᠵᠦᠢᠯ ᠲᠤᠰ ᠠᠷᠭ᠎ᠠ ᠬᠡᠮᠵᠢᠶᠡᠨ ᠤ ᠪᠤᠰᠤᠳ ᠲᠣᠭᠲᠠᠭᠠᠯ ᠵᠢᠷᠤᠮ ᠢ ᠵᠥᠷᠢᠴᠡᠪᠡᠯ ︽ᠠᠮᠢᠲᠠᠨ ᠤ | ᠬᠢᠵᠢᠭ ᠠᠴᠠ ᠤᠷᠢᠳᠴᠢᠯᠠᠨ ᠰᠡᠷᠭᠡᠶᠢᠯᠡᠬᠦ ᠬᠠᠤᠯᠢ︾ ᠶᠢᠨ ᠬᠤᠯᠪᠣᠭᠳᠠᠬᠤ ᠲᠣᠭᠲᠠᠭᠠᠯ ᠤᠨ ᠳᠠᠭᠠᠤ ᠰᠢᠢᠳᠬᠡᠯ | ᠣᠨᠣᠭᠳᠠᠭᠤᠯᠬᠤ ᠪᠣᠯᠣᠨ᠎ᠠ᠃ | | | ᠠᠷᠪᠠᠳᠤᠭᠠᠷ ᠪᠦᠯᠦᠭ ᠨᠡᠮᠡᠯᠲᠡ ᠳᠦᠷᠢᠮ | ᠲᠠᠪᠢᠨ ᠨᠢᠭᠡᠳᠦᠭᠡᠷ ᠵᠦᠢᠯ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠭᠡᠷᠡᠴᠢ ᠲᠠᠮᠠᠭ᠎ᠠ ᠲᠡᠮᠳᠡᠭ ᠤᠨ ᠬᠡᠪ | ᠵᠠᠭᠪᠤᠷ ᠢ ᠲᠠᠷᠢᠶᠠᠯᠠᠩ ᠤᠨ ᠶᠠᠮᠤᠨ ᠠᠴᠠ ᠨᠢᠭᠡᠳᠦᠯ ᠲᠠᠢ ᠦᠢᠯᠡᠳᠦᠨ᠎ᠡ᠃ | ᠲᠠᠪᠢᠨ ᠬᠤᠶᠠᠳᠤᠭᠠᠷ ᠵᠦᠢᠯ ᠤᠰᠤᠨ ᠤ ᠣᠷᠴᠢᠨ ᠤ ᠠᠮᠢᠲᠠᠨ ᠤ ᠵᠢᠷᠠᠭᠠᠬᠠᠢ ᠶᠢᠨ ᠲᠥᠷᠥᠯ ᠤᠨ ᠡᠭᠦᠰᠦᠯ | ᠭᠠᠵᠠᠷ ᠤᠨ ᠬᠢᠵᠢᠭ ᠤᠨ ᠪᠠᠶᠢᠴᠠᠭᠠᠯᠲᠠ ᠶᠢ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠠᠴᠠ ᠠᠳᠠᠯᠢ | ᠳᠡᠰ ᠤᠨ ᠵᠢᠭᠠᠰᠤᠨ ᠤ ᠠᠵᠢᠯ ᠲᠥᠷᠥᠯ ᠤᠨ ᠬᠠᠮᠢᠶᠠᠷᠤᠯᠲᠠ ᠶᠢᠨ ᠠᠯᠪᠠᠨ ᠳᠤ ᠨᠠᠶᠢᠳᠠᠵᠤ ᠭᠦᠢᠴᠡᠳᠬᠡᠨ᠎ᠡ᠃ ᠤᠰᠤᠨ ᠤ | ᠣᠷᠴᠢᠨ ᠤ ᠵᠢᠷᠠᠭᠠᠬᠠᠢ ᠶᠢᠨ ᠲᠥᠷᠥᠯ ᠠᠴᠠ ᠪᠤᠰᠤᠳ ᠤᠰᠤᠨ ᠤ ᠠᠮᠢᠲᠠᠨ ᠪᠣᠯᠣᠨ ᠪᠦᠲᠦᠭᠡᠭᠳᠡᠬᠦᠨ ᠳᠤ ᠬᠢᠵᠢᠭ ᠤᠨ | ᠪᠠᠶᠢᠴᠠᠭᠠᠯᠲᠠ ᠬᠢᠬᠦ ᠦᠭᠡᠢ᠃ | ᠲᠠᠪᠢᠨ ᠭᠤᠷᠪᠠᠳᠤᠭᠠᠷ ᠵᠦᠢᠯ ᠲᠤᠰ ᠠᠷᠭ᠎ᠠ ᠬᠡᠮᠵᠢᠶ᠎ᠡ ᠶᠢ 2010 ᠣᠨ ᠤ 3 ᠰᠠᠷ᠎ᠠ ᠶᠢᠨ 1 ᠠᠴᠠ ᠡᠬᠢᠯᠡᠵᠦ | ᠬᠡᠷᠡᠭᠵᠢᠭᠦᠯᠦᠨ᠎ᠡ᠃ ᠲᠠᠷᠢᠶᠠᠯᠠᠩ ᠤᠨ ᠶᠠᠮᠤᠨ ᠤ 2002 ᠣᠨ ᠤ 5 ᠰᠠᠷ᠎ᠠ ᠶᠢᠨ 24 ᠡᠳᠦᠷ ᠨᠡᠶᠢᠲᠡᠯᠡᠭᠰᠡᠨ | ︽ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ ᠬᠠᠮᠢᠶᠠᠷᠤᠯᠲᠠ ᠶᠢᠨ ᠳᠦᠷᠢᠮ︾ ︵ᠲᠠᠷᠢᠶᠠᠯᠠᠩ ᠤᠨ ᠶᠠᠮᠤᠨ ᠤ 14 | ᠲᠣᠭᠠᠲᠤ ᠵᠠᠷᠯᠢᠭ︶ ᠲᠤᠰ ᠠᠷᠭ᠎ᠠ ᠬᠡᠮᠵᠢᠶ᠎ᠡ ᠡᠬᠢᠯᠡᠵᠦ ᠬᠡᠷᠡᠭᠵᠢᠬᠦ ᠶᠢᠨ ᠳᠠᠭᠠᠤ ᠬᠦᠴᠦᠨ ᠦᠭᠡᠢ ᠪᠣᠯᠣᠨ᠎ᠠ᠃ | | | |