︽ᠨᠢᠳᠤᠨᠤᠨ᠂ ᠮᠠᠨ ᠤ ᠪᠡᠶ᠎ᠡ ᠪᠠᠨ ᠳᠠᠭᠠᠭᠠᠵᠤ ᠪᠤᠶᠢᠵᠢᠭᠤᠯᠤᠭᠰᠠᠨ ᠬᠤᠶᠠᠷ ᠦᠬᠡᠷ ᠳᠡᠯᠡᠬᠡᠢ ᠶᠢᠨ ᠵᠠᠭᠤᠨ | ᠬᠦᠴᠦᠷᠬᠡᠭ ᠲᠤ ᠵᠢᠭᠰᠠᠭᠠᠭᠳᠠᠪᠠ᠂ ᠡᠨᠡ ᠪᠣᠯ ᠥᠪᠥᠷ ᠮᠣᠩᠭᠤᠯ ᠤᠨ ᠣᠮᠣᠭᠰᠢᠯ᠂ ᠨᠠᠩ ᠴᠤ ᠳᠤᠮᠳᠠᠳᠤ ᠤᠯᠤᠰ ᠤᠨ | ᠰᠦᠨ ᠦᠢᠯᠡᠰ ᠤᠨ ᠣᠮᠣᠭᠰᠢᠯ ᠪᠣᠯᠤᠨ᠎ᠠ᠃ ᠬᠠᠮᠤᠭ ᠲᠡᠷᠢᠭᠦᠨ ᠳᠤ ᠥᠪᠥᠷ ᠮᠣᠩᠭᠤᠯ ᠤᠨ ᠰᠦᠨ ᠦᠢᠯᠡᠰ ᠤᠨ | ᠬᠥᠭᠵᠢᠯ ᠮᠠᠨᠳᠤᠯ ᠢ ᠪᠡᠶᠡᠯᠡᠭᠦᠯᠵᠦ᠂ ᠪᠦᠬᠦ ᠤᠯᠤᠰ ᠢ ᠬᠥᠲᠥᠯᠥᠨ ᠳᠠᠭᠠᠭᠤᠯᠬᠤ ᠳᠤ ᠪᠢᠳᠡ ᠢᠲᠡᠭᠡᠯ ᠲᠡᠭᠦᠯᠳᠡᠷ | ᠪᠠᠶᠢᠨ᠎ᠠ︕︾ ᠭᠡᠵᠦ 4 ᠰᠠᠷ᠎ᠠ ᠶᠢᠨ 17 ᠤ ᠡᠳᠦᠷ᠂ ᠰᠠᠢ ᠺᠧ ᠰᠢᠩ ᠭᠡᠷ ᠤᠨ ᠲᠡᠵᠢᠭᠡᠪᠦᠷᠢ ᠶᠢᠨ ᠦᠷ᠎ᠡ ᠶᠢᠨ | ᠦᠢᠯᠡᠰ ᠪᠣᠯᠤᠨ ᠦᠷᠡᠵᠢᠭᠦᠯᠭᠡ ᠶᠢᠨ ᠠᠮᠢᠳᠤ ᠪᠣᠳᠠᠰ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ | ᠯᠢ ᠰᠢ ᠡᡁᠧ ᠰᠡᠳᠬᠢᠯ ᠳᠣᠭᠳᠣᠯᠤᠨ ᠲᠠᠨᠢᠯᠴᠠᠭᠤᠯᠪᠠ᠃ | 2013 ᠣᠨ ᠳᠤ᠂ ᠰᠠᠢ ᠺᠧ ᠰᠢᠩ ᠪᠦᠯᠦᠭᠯᠡᠯ ᠨᠢ ᠠᠮᠧᠷᠢᠺᠠ ᠶᠢᠨ ᠸᠧᠢ ᠰᠧ ᠺᠠᠩ ᠰᠢᠨ ᠵᠧᠦ ᠳᠤ | ᠳᠤᠮᠳᠠᠳᠤ ᠤᠯᠤᠰ ᠤᠨ ᠠᠩᠬᠠᠳᠠᠭᠴᠢ ᠬᠢᠯᠢ ᠶᠢᠨ ᠭᠠᠳᠠᠨᠠᠬᠢ ᠪᠡᠯᠡ ᠨᠡᠶᠢᠯᠡᠭᠦᠯᠦᠭᠰᠡᠨ ᠡᠭᠦᠯᠳᠡᠷ ᠤᠨ ᠪᠤᠬ᠎ᠠ ᠶᠢᠨ | ᠥᠷᠲᠡᠭᠡ — ᠰᠠᠢ ᠺᠧ ᠰᠢᠩ — S T ᠦᠷᠡᠵᠢᠭᠦᠯᠭᠡ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ | ᠺᠣᠮᠫᠠᠨᠢ ᠶᠢ ᠪᠠᠶᠢᠭᠤᠯᠵᠤ᠂ ᠪᠦᠬᠦ ᠪᠥᠮᠪᠥᠷᠴᠡᠭ ᠤᠨ ᠬᠠᠮᠤᠭ ᠤᠨ ᠥᠨᠳᠥᠷ ᠲᠡᠰ ᠤᠨ ᠬᠤᠰᠲ᠋ᠠᠨ ᠡᠭᠦᠯᠳᠡᠷ ᠤᠨ | ᠪᠤᠬ᠎ᠠ ᠶᠢ ᠨᠡᠶᠢᠲᠡ 24 ᠲᠤᠯᠤᠭᠠᠢ ᠲᠡᠵᠢᠭᠡᠵᠦ ᠪᠣᠶ᠃ ᠯᠢ ᠰᠢ ᠡᠾᠧ ᠳ᠋ᠣᠺᠲ᠋ᠣᠷ ᠠᠴᠠ ᠡᠨᠡ ᠬᠤᠶᠠᠷ ᠦᠬᠡᠷ ᠪᠣᠯ | ᠰᠠᠢ ᠺᠧ ᠰᠢᠩ — S T ᠺᠣᠮᠫᠠᠨᠢ ᠶᠢᠨ ᠪᠡᠶ᠎ᠡ ᠪᠠᠨ ᠳᠠᠭᠠᠭᠠᠵᠤ ᠪᠤᠶᠢᠵᠢᠭᠤᠯᠤᠭᠰᠠᠨ ᠡᠭᠦᠯᠳᠡᠷ ᠤᠨ ᠪᠤᠬ᠎ᠠ | ᠪᠣᠯᠤᠨ᠎ᠠ ᠭᠡᠵᠠᠢ᠃ 2018 ᠣᠨ ᠤ ᠠᠮᠧᠷᠢᠺᠠ ᠶᠢᠨ ᠬᠤᠰᠲ᠋ᠠᠨ ᠦᠬᠡᠷ ᠤᠨ ᠨᠡᠶᠢᠭᠡᠮᠯᠢᠭ ᠤᠨ ᠦᠨᠡᠯᠡᠯᠲᠡ ᠶᠢᠨ | ᠦᠷ᠎ᠡ ᠳ᠋ᠦᠩ ᠳᠤ᠂ 2013 ᠣᠨ ᠳᠤ ᠲᠥᠷᠥᠭᠰᠡᠨ ᠬᠤᠰᠲ᠋ᠠᠨ ᠰᠢᠯᠭᠠᠨ ᠪᠠᠲᠤᠯᠠᠭᠰᠠᠨ ᠡᠭᠦᠯᠳᠡᠷ ᠪᠤᠬ᠎ᠠ | ︽DESIGN︾ ᠪᠠ 2012 ᠣᠨ ᠳᠤ ᠲᠥᠷᠥᠭᠰᠡᠨ ᠬᠤᠰᠲ᠋ᠠᠨ ᠰᠢᠯᠭᠠᠨ ᠪᠠᠲᠤᠯᠠᠭᠰᠠᠨ ᠡᠭᠦᠯᠳᠡᠷ ᠤᠨ ᠪᠤᠬ᠎ᠠ | ︽DOC︾ ᠨᠢ ᠠᠩᠬ᠎ᠠ ᠤᠳᠠᠭ᠎ᠠ ᠳᠡᠯᠡᠬᠡᠢ ᠶᠢᠨ ᠵᠠᠭᠤᠨ ᠬᠦᠴᠦᠷᠬᠡᠭ ᠤᠨ ᠨᠡᠷᠡᠰ ᠤᠨ ᠵᠢᠭᠰᠠᠭᠠᠯᠲᠠ ᠳᠤ | ᠣᠷᠣᠵᠤ᠂ ᠪᠥᠬᠦ ᠪᠥᠮᠪᠥᠷᠴᠡᠭ ᠤᠨ 62 ᠳ᠋ᠤᠭᠠᠷ ᠪᠠ 87 ᠳ᠋ᠤᠭᠠᠷ ᠨᠡᠷᠡᠰ ᠲᠤ ᠵᠢᠭᠰᠠᠭᠠᠭᠳᠠᠪᠠ᠃ | ᠡᠭᠦᠯᠳᠡᠷ ᠪᠤᠶᠢᠵᠢᠭᠤᠯᠬᠤ ᠪᠣᠯ ᠪᠥᠬᠦᠶᠢᠯᠡ ᠰᠦᠨ ᠦᠢᠯᠡᠰ ᠤᠨ ᠠᠵᠤ ᠦᠢᠯᠡᠰ ᠤᠨ ᠬᠡᠯᠬᠢᠶ᠎ᠡ ᠶᠢᠨ ᠡᠬᠢ | ᠰᠤᠷᠪᠤᠯᠵᠢ ᠮᠥᠨ᠂ ᠡᠭᠦᠯᠳᠡᠷ ᠤᠨ ᠪᠤᠬ᠎ᠠ ᠶᠢᠨ ᠤᠳᠤᠮᠯᠠᠯ ᠤᠨ ᠴᠢᠨᠠᠷ ᠤᠨ ᠰᠠᠶᠢᠨ ᠮᠠᠭᠤ ᠨᠢ ᠨᠢᠭᠡ ᠤᠯᠤᠰ ᠤᠨ | ᠦᠬᠡᠷ ᠤᠨ ᠪᠦᠬᠦᠯᠢ ᠴᠣᠭᠴᠠ ᠶᠢᠨ ᠦᠢᠯᠡᠳᠪᠥᠷᠢᠯᠡᠯ ᠤᠨ ᠬᠢᠷᠢ ᠲᠦᠪᠰᠢᠨ ᠢ ᠰᠢᠭᠤᠳ ᠨᠥᠯᠥᠭᠡᠯᠡᠳᠡᠭ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠲᠤᠯᠤᠭᠠᠶᠢᠯᠠᠭᠴᠢ | ᠠᠵᠤ ᠠᠬᠤᠢᠯᠠᠯ ᠪᠣᠯᠤᠭᠰᠠᠨ ᠤ ᠬᠤᠪᠢ ᠳᠤ᠂ ᠰᠠᠢ ᠺᠧ ᠰᠢᠩ ᠪᠦᠯᠦᠭᠯᠡᠯ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠬᠦᠴᠦᠲᠡᠶ ᠳᠡᠮᠵᠢᠯᠭᠡ | ᠳᠣᠤᠷ᠎ᠠ᠂ ᠪᠡᠶ᠎ᠡ ᠪᠠᠨ ᠳᠠᠭᠠᠭᠠᠵᠤ ᠡᠭᠦᠯᠳᠡᠷ ᠤᠨ ᠪᠤᠬ᠎ᠠ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ | ᠰᠢᠯᠢᠳᠡᠭ ᠡᠭᠦᠯᠳᠡᠷ ᠤᠨ ᠪᠤᠬ᠎ᠠ ᠶᠢ ᠪᠡᠶ᠎ᠡ ᠪᠠᠨ ᠳᠠᠭᠠᠭᠠᠵᠤ ᠰᠣᠩᠭᠤᠨ ᠪᠤᠶᠢᠵᠢᠭᠤᠯᠬᠤ ᠲᠠᠯ᠎ᠠ ᠪᠠᠷ ᠨᠡᠯᠢᠶᠡᠳ ᠬᠦᠴᠦ | ᠲᠠᠯᠪᠢᠵᠦ᠂ ᠴᠥᠬᠦᠷᠡᠰᠢ ᠥᠬᠡᠶ ᠬᠠᠶᠢᠨ ᠰᠥᠪᠡᠭᠴᠢᠯᠡᠯᠲᠡ ᠪᠠ ᠰᠢᠨ᠎ᠡ ᠶᠢ ᠡᠭᠦᠳᠬᠦ ᠶᠢ ᠪᠠᠷᠢᠮᠲᠠᠯᠠᠬᠤ ᠪᠠᠷ ᠳᠠᠮᠵᠢᠨ᠂ | ᠣᠳᠣᠬᠠᠨ ᠳᠤ ᠨᠢᠭᠡᠨᠲᠡ ᠨᠢᠭᠡ ᠢᠵᠢ ᠨᠡᠯᠢᠶᠡᠳ ᠪᠦᠷᠢᠨ ᠲᠥᠬᠦᠷ ᠬᠦᠪᠦᠷᠡᠯ ᠰᠢᠯᠵᠢᠭᠦᠯᠬᠦ ᠪᠠᠷ ᠳᠠᠮᠵᠢᠨ | ᠡᠭᠦᠯᠳᠡᠷ ᠤᠨ ᠪᠤᠬ᠎ᠠ ᠪᠤᠶᠢᠵᠢᠭᠤᠯᠬᠤ ᠶᠠᠪᠤᠴᠠ ᠶᠢ ᠡᠵᠡᠮᠰᠢᠭᠰᠡᠨ ᠪᠠᠶᠢᠨ᠎ᠠ᠃ ᠣᠳᠣᠬᠠᠨ ᠳᠤ ᠪᠦᠬᠦ ᠪᠥᠮᠪᠥᠷᠴᠡᠭ ᠲᠤ | ᠭᠤᠷᠪᠠᠨ ᠭᠤᠣᠯᠯᠠᠭᠴᠢ ᠡᠭᠦᠯᠳᠡᠷ ᠤᠨ ᠪᠤᠬ᠎ᠠ ᠶᠢᠨ ᠥᠷᠲᠡᠭᠡ ᠶᠢ ᠪᠠᠶᠢᠭᠤᠯᠵᠤ᠂ ᠠᠽᠢᠶ᠎ᠠ ᠲᠢᠪ ᠤᠨ ᠬᠠᠮᠤᠭ ᠤᠨ | ᠶᠡᠭᠡ ᠰᠦᠨ ᠦᠨᠢᠶᠡᠨ ᠤ ᠬᠦᠢᠰᠦ ᠢᠯᠭᠠᠯ ᠢ ᠡᠵᠡᠮᠳᠡᠭᠰᠡᠨ ᠢᠴᠡᠭᠡᠯ ᠦᠷ᠎ᠡ ᠶᠢᠨ ᠰᠢᠩᠭᠡᠨ ᠤ ᠦᠢᠯᠡᠳᠪᠥᠷᠢᠯᠡᠯ ᠤᠨ | ᠰᠠᠭᠤᠷᠢᠨ ᠭᠠᠵᠠᠷ ᠢ ᠪᠠᠶᠢᠭᠤᠯᠵᠤ᠂ 17 ᠵᠦᠢᠯ ᠤᠨ ᠡᠭᠦᠳᠦᠯᠲᠡ ᠶᠢᠨ ᠲᠤᠰᠬᠠᠢ ᠠᠰᠢᠭ ᠢ ᠪᠡᠶ᠎ᠡ ᠪᠠᠨ ᠳᠠᠭᠠᠭᠠᠨ | ᠰᠤᠳᠤᠯᠤᠨ ᠨᠡᠭᠡᠭᠡᠵᠦ᠂ ᠮᠡᠷᠭᠡᠵᠢᠯ ᠤᠨ ᠰᠢᠨ᠎ᠡ ᠡᠭᠦᠳᠦᠯᠲᠡ ᠪᠠᠷ ᠠᠬᠢᠭᠤᠯᠤᠯ ᠪᠣᠯᠭᠠᠵᠤ᠂ ᠳᠤᠮᠳᠠᠳᠤ ᠤᠯᠤᠰ ᠤᠨ | ᠨᠢᠭᠡᠳᠦᠭᠡᠷ ᠦᠶ᠎ᠡ ᠶᠢᠨ ᠰᠢᠯᠢᠳᠡᠭ ᠡᠭᠦᠯᠳᠡᠷ ᠤᠨ ᠪᠤᠬ᠎ᠠ ᠶᠢ ᠬᠠᠮᠤᠭ ᠤᠨ ᠲᠡᠷᠢᠭᠦᠨ ᠳᠤ ᠪᠤᠶᠢᠵᠢᠭᠤᠯᠵᠤ᠂ ᠰᠦᠨ | ᠦᠨᠢᠶᠡᠨ ᠤ ᠦᠷ᠎ᠡ ᠶᠢᠨ ᠦᠢᠯᠡᠰ ᠤᠨ ᠵᠠᠬ᠎ᠠ ᠳᠡᠯᠭᠡᠭᠦᠷ ᠢ ᠡᠵᠡᠯᠡᠬᠦ ᠨᠤᠷᠮ᠎ᠠ ᠨᠢ 7 ᠵᠢᠯ ᠳᠠᠷᠠᠭᠠᠯᠠᠨ ᠪᠦᠬᠦ | ᠤᠯᠤᠰ ᠤᠨ ᠨᠢᠭᠡᠳᠦᠭᠡᠷ ᠪᠠᠶᠢᠷᠢ ᠶᠢ ᠪᠠᠲᠤᠯᠠᠵᠤ᠂ ᠰᠠᠢ ᠺᠧ ᠰᠢᠩ ᠪᠧᠨ ᠲᠧᠩ ᠠᠷᠪᠠᠨ ᠬᠤᠶᠠᠳᠤᠭᠠᠷ ᠮᠠᠯᠵᠢᠯ ᠤᠨ | ᠲᠠᠯᠠᠪᠠᠢ ᠨᠢ ᠤᠯᠤᠰ ᠤᠨ ᠰᠦᠨ ᠦᠨᠢᠶᠡᠨ ᠤ ᠭᠤᠤᠯᠯᠠᠭᠴᠢ ᠡᠭᠦᠯᠳᠡᠷ ᠪᠤᠶᠢᠵᠢᠭᠤᠯᠬᠤ ᠲᠠᠯᠠᠪᠠᠢ ᠳᠤ ᠵᠢᠭᠰᠠᠭᠠᠭᠳᠠᠪᠠ᠃ | | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠮᠠᠯ ᠠᠵᠤ | ᠠᠬᠤᠢ ᠶᠢᠨ ᠭᠠᠵᠠᠷ ᠤᠨ ᠳᠠᠷᠤᠭ᠎ᠠ ᠪᠠᠶᠠᠨ ᠲᠠᠨᠢᠯᠴᠠᠭᠤᠯᠬᠤ ᠳᠠᠭᠠᠨ᠂ ︽ᠮᠠᠨ ᠤ ᠣᠷᠣᠨ ᠨᠢ 2019 ᠣᠨ ᠤ | ᠰᠦᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠤ ᠲᠥᠯᠥᠪᠯᠡᠭᠡ ᠳᠡᠭᠡᠨ ᠰᠢᠯᠢᠳᠡᠭ ᠡᠭᠦᠯᠳᠡᠷ ᠤᠨ | ᠪᠤᠬ᠎ᠠ ᠶᠢ ᠲᠦᠷᠭᠡᠨ ᠪᠤᠶᠢᠵᠢᠭᠤᠯᠬᠤ ᠬᠡᠷᠡᠭᠲᠡᠶ ᠭᠡᠵᠦ ᠳᠤᠷᠠᠳᠤᠭᠰᠠᠨ ᠪᠠᠶᠢᠨ᠎ᠠ᠂ ᠰᠠᠢ ᠺᠧ ᠰᠢᠩ ᠪᠦᠯᠦᠭᠯᠡᠯ ᠤᠨ ᠬᠢᠨ | ᠨᠢ ᠳᠡᠯᠡᠬᠡᠶ ᠶᠢᠨ ᠲᠡᠷᠢᠭᠦᠨ ᠤ ᠤᠳᠤᠮᠯᠠᠯ ᠤᠨ ᠴᠢᠨᠠᠷ ᠪᠦᠬᠦᠢ ᠴᠢᠨᠠᠷ ᠰᠠᠶᠢᠲᠠᠶ ᠰᠢᠯᠢᠳᠡᠭ ᠡᠭᠦᠯᠳᠡᠷ ᠤᠨ ᠪᠤᠬ᠎ᠠ ᠶᠢ | ᠪᠡᠶ᠎ᠡ ᠪᠠᠨ ᠳᠠᠭᠠᠭᠠᠵᠤ ᠪᠤᠶᠢᠵᠢᠭᠤᠯᠬᠤ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠨ᠎ᠠ᠃ ᠡᠨᠡ ᠵᠢᠯ ᠤᠨ ᠮᠠᠨ ᠤ | ᠬᠠᠷᠠᠯᠲᠠ ᠪᠣᠯ ᠪᠦᠬᠦ ᠣᠷᠣᠨ ᠳᠤ ᠳᠡᠯᠡᠬᠡᠶ ᠶᠢᠨ ᠨᠡᠷᠡᠰ ᠤᠨ ᠵᠢᠭᠰᠠᠭᠠᠯᠲᠠ ᠶᠢᠨ ᠡᠮᠦᠨ᠎ᠡ 100 ᠨᠡᠷᠡᠰ ᠳᠣᠲᠣᠷ᠎ᠠ 2 | ᠲᠣᠯᠣᠭᠠᠶ ᠬᠤᠰᠲ᠋ᠡᠨ ᠡᠭᠦᠯᠳᠡᠷ ᠤᠨ ᠪᠤᠬ᠎ᠠ᠂ ᠡᠮᠦᠨ᠎ᠡ 200 ᠨᠡᠷᠡᠰ ᠳᠣᠲᠣᠷ᠎ᠠ 5 ᠲᠣᠯᠣᠭᠠᠶ᠂ ᠤᠯᠤᠰ ᠤᠨ | ᠳᠣᠲᠣᠭᠠᠳᠤ ᠶᠢᠨ ᠨᠡᠷᠡᠰ ᠤᠨ ᠵᠢᠭᠰᠠᠭᠠᠯᠲᠠ ᠶᠢᠨ ᠡᠮᠦᠨ᠎ᠡ 10 ᠨᠡᠷᠡᠰ ᠳᠣᠲᠣᠷ᠎ᠠ 4 ᠲᠣᠯᠣᠭᠠᠶ᠂ ᠡᠮᠦᠨ᠎ᠡ 100 | ᠨᠡᠷᠡᠰ ᠳᠣᠲᠣᠷ᠎ᠠ 40 ᠲᠣᠯᠣᠭᠠᠶ ᠶᠢ ᠪᠤᠶᠢᠵᠢᠭᠤᠯᠤᠨ᠎ᠠ᠃ ᠤᠯᠤᠰ ᠤᠨ ᠳᠣᠲᠣᠭᠠᠳᠤ ᠶᠢᠨ ᠡᠮᠦᠨ᠎ᠡ 100 ᠨᠡᠷᠡᠰ ᠤᠨ | ᠳᠣᠲᠣᠷ᠎ᠠ ᠰᠦ ᠮᠢᠬᠠᠨ ᠤ ᠬᠤᠣᠰ ᠬᠡᠷᠡᠭᠴᠡᠭᠡᠳᠦ ᠡᠭᠦᠯᠳᠡᠷ ᠤᠨ ᠪᠤᠬ᠎ᠠ 30 ᠲᠣᠯᠣᠭᠠᠢ ᠶᠢ ᠪᠤᠶᠢᠵᠢᠭᠤᠯᠵᠦ᠂ | ᠬᠤᠶᠢᠴᠢ ᠦᠶ᠎ᠡ ᠶᠢ ᠨᠢ ᠬᠡᠮᠵᠢᠨ ᠲᠤᠭᠲᠠᠭᠠᠬᠤ ᠰᠠᠨ ᠡᠾᠧ ᠡᠭᠦᠯᠳᠡᠷ ᠤᠨ ᠪᠤᠬ᠎ᠠ ᠶᠢ 70 ᠲᠣᠯᠣᠭᠠᠶ ᠣᠷᠴᠢᠮ | ᠪᠤᠶᠢᠵᠢᠭᠤᠯᠤᠨ᠎ᠠ︾ ᠭᠡᠪᠡ᠃ | | | | | | | | | |