ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ | ᠳᠠᠭᠠᠭᠠᠴᠢᠯᠠᠨ ᠬᠤᠯᠪᠣᠭᠠᠯᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠯᠠᠪᠳᠠᠭᠤᠨ ᠪᠠᠲᠤᠲᠠᠶ ᠠᠬᠢᠭᠤᠯᠬᠤ ᠶᠢᠨ | ᠲᠥᠯᠦᠭᠡ᠂ ᠠᠵᠢᠯ ᠤᠨ ᠲᠥᠰᠦᠯ ᠢᠶᠠᠨ ᠲᠡᠭᠦᠯᠳᠡᠷᠵᠢᠭᠦᠯᠬᠦ ᠶᠢᠨ ᠬᠠᠮᠲᠦ ᠠᠵᠢᠯ ᠤᠨ ᠭᠤᠤᠯᠳᠠᠯᠭ᠎ᠠ ᠪᠠᠨ ᠤᠯᠠᠮ ᠨᠢᠭᠡ | ᠠᠯᠬᠤᠮ ᠴᠢᠩᠭᠠᠷᠠᠭᠤᠯᠤᠨ᠎ᠠ᠃ 2019 ᠣᠨ 4 ᠰᠠᠷ᠎ᠠ ᠶᠢᠨ 15 ᠤ ᠦᠳᠡ ᠶᠢᠨ ᠬᠤᠶᠢᠨ᠎ᠠ᠂ ᠲᠠᠷᠢᠶᠠᠯᠠᠩ ᠮᠠᠯ | ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ 518 ᠬᠤᠷᠠᠯ ᠤᠨ ᠭᠡᠷ ᠲᠤ᠂ | ᠲᠢᠩᠬᠢᠮ ᠤᠨ ᠳᠡᠳ᠋ ᠳᠠᠷᠤᠭ᠎ᠠ ᠯᠢᠦ ᠶᠦᠩ ᡁᠢ ᠠᠴᠠ ᠰᠢᠨᠵᠢᠯᠡᠭᠡ ᠮᠡᠷᠭᠡᠵᠢᠯ ᠤᠨ ᠳᠠᠭᠠᠭᠠᠴᠢᠯᠠᠨ ᠬᠤᠯᠪᠣᠭᠠᠯᠠᠬᠤ | ᠠᠵᠢᠯ ᠢ ᠲᠦᠷᠭᠡᠳᠬᠡᠨ ᠠᠬᠢᠭᠤᠯᠬᠤ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ᠃ 20 | ᠳᠠᠭᠠᠭᠠᠴᠢᠯᠠᠨ ᠬᠤᠯᠪᠣᠭᠠᠯᠠᠬᠤ ᠨᠢᠭᠡᠴᠢ ᠶᠢᠨ ᠭᠤᠣᠯ ᠤᠳᠤᠷᠢᠳᠤᠯᠭ᠎ᠠ ᠪᠠ ᠳᠠᠭᠠᠭᠠᠴᠢᠯᠠᠨ ᠬᠤᠯᠪᠣᠭᠠᠯᠠᠬᠤ ᠠᠵᠢᠯ ᠤᠨ | ᠭᠤᠣᠯᠯᠠᠭᠴᠢ ᠬᠦᠴᠦᠨ ᠬᠤᠷᠠᠯ ᠳᠤ ᠣᠷᠣᠯᠴᠠᠭᠰᠠᠨ ᠪᠥᠭᠡᠳ ᠰᠢᠨᠵᠢᠯᠡᠭᠡ ᠮᠡᠷᠭᠡᠵᠢᠯ ᠤᠨ ᠳᠠᠭᠠᠭᠠᠴᠢᠯᠠᠨ | ᠬᠤᠯᠪᠣᠭᠠᠯᠠᠬᠤ ᠡᠮᠦᠨᠡᠬᠢ ᠬᠤᠭᠤᠴᠠᠭᠠᠨ ᠤ ᠠᠵᠢᠯ ᠤᠨ ᠲᠤᠬᠠᠢ ᠲᠤᠰ ᠲᠤᠰ ᠬᠠᠷᠢᠭᠤ ᠮᠡᠳᠡᠭᠦᠯᠦᠯᠲᠡ ᠬᠢᠪᠡ᠃ | ᠯᠢᠦ ᠲᠢᠩᠬᠢᠮ ᠤᠨ ᠳᠠᠷᠤᠭ᠎ᠠ ᠡᠯ᠎ᠡ ᠪᠠᠶᠢᠭᠤᠯᠭ᠎ᠠ ᠨᠢᠭᠡᠴᠢ ᠶᠢᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ | ᠳᠠᠷᠠᠭ᠎ᠠ᠂ ᠰᠢᠨᠵᠢᠯᠡᠭᠡ ᠮᠡᠷᠭᠡᠵᠢᠯ ᠤᠨ ᠳᠠᠭᠠᠭᠠᠴᠢᠯᠠᠨ ᠬᠤᠯᠪᠣᠭᠠᠯᠠᠬᠤ ᠡᠮᠦᠨᠡᠬᠢ ᠬᠤᠭᠤᠴᠠᠭᠠᠨ ᠤ ᠠᠵᠢᠯ ᠢ | ᠬᠤᠷᠢᠶᠠᠩᠭᠤᠶᠢᠯᠠᠨ ᠳ᠋ᠦᠩᠨᠡᠪᠡ᠃ ᠡᠯ᠎ᠡ ᠪᠠᠶᠢᠭᠤᠯᠭ᠎ᠠ ᠨᠢᠭᠡᠴᠢ ᠥᠪᠡᠷ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠳᠠᠭᠠᠭᠠᠴᠢᠯᠠᠨ ᠬᠤᠯᠪᠤᠭᠠᠯᠠᠬᠤ ᠠᠵᠢᠯ ᠢ ᠪᠦᠲᠦᠮᠵᠢᠲᠡᠶ | ᠥᠷᠨᠢᠭᠦᠯᠦᠭᠰᠡᠨ ᠪᠣᠯᠪᠠᠴᠤ ᠪᠠᠰᠠ ᠨᠡᠯᠢᠶᠡᠳ ᠪᠠᠭᠤᠷᠠᠶ ᠬᠦᠷᠦᠯᠴᠡᠬᠦ ᠦᠭᠡᠢ ᠲᠠᠯ᠎ᠠ ᠳᠤ ᠡᠯ᠎ᠡ ᠪᠠᠶᠢᠭᠤᠯᠭ᠎ᠠ | ᠨᠢᠭᠡᠴᠢ ᠠᠴᠠ ᠰᠢᠨᠵᠢᠯᠡᠭᠡ ᠮᠡᠷᠭᠡᠵᠢᠯ ᠤᠨ ᠳᠠᠭᠠᠭᠠᠴᠢᠯᠠᠨ ᠬᠤᠯᠪᠤᠭᠠᠯᠠᠬᠤ ᠠᠵᠢᠯ ᠢ ᠭᠦᠨᠵᠡᠭᠡᠶᠢᠷᠡᠭᠦᠯᠦᠨ᠂ | ᠪᠤᠳᠠᠳᠠᠶᠢᠴᠢᠯᠠᠨ ᠬᠢᠬᠦ ᠶᠢ ᠱᠠᠭᠠᠷᠳᠠᠵᠤ ᠪᠠᠶᠢᠨ᠎ᠠ ᠭᠡᠪᠡ᠃ ᠡᠯ᠎ᠡ ᠳᠠᠭᠠᠭᠠᠴᠢᠯᠠᠨ ᠬᠤᠯᠪᠤᠭᠠᠯᠠᠬᠤ ᠪᠠᠶᠢᠭᠤᠯᠭ᠎ᠠ ᠨᠢᠭᠡᠴᠢ | ᠦᠵᠡᠯ ᠰᠠᠨᠠᠭ᠎ᠠ ᠪᠠᠨ ᠨᠢᠭᠡᠳᠬᠡᠵᠦ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠰᠠᠭᠤᠷᠢ ᠲᠤᠭ᠎ᠠ ᠶᠢ | ᠲᠣᠳᠣᠷᠬᠠᠢ ᠣᠶᠢᠯᠠᠭᠠᠵᠤ᠂ ᠳᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠭᠦᠯᠬᠦ ᠶᠢ ᠱᠠᠭᠠᠷᠳᠠᠵᠤ᠂ | ᠳᠠᠭᠠᠭᠠᠴᠢᠯᠠᠨ ᠬᠤᠯᠪᠣᠭᠠᠯᠠᠬᠤ ᠬᠡᠷᠡᠭᠵᠢᠭᠦᠯᠬᠦ ᠲᠥᠰᠦᠯ ᠳᠠᠬᠢ ᠬᠡᠷᠡᠭᠵᠢᠭᠦᠯᠬᠦ ᠴᠠᠭ ᠢ ᠲᠣᠳᠣᠷᠬᠠᠢ ᠣᠶᠢᠯᠠᠭᠠᠨ ᠮᠡᠳᠡᠬᠦ | ᠬᠡᠷᠡᠭᠲᠡᠢ᠃ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠪᠦᠲᠦᠮᠵᠢᠲᠠᠢ ᠠᠷᠭ᠎ᠠ ᠬᠡᠮᠵᠢᠶ᠎ᠡ ᠪᠠ ᠠᠷᠭ᠎ᠠ ᠠᠪᠴᠠᠯ | ᠠᠪᠬᠤ ᠬᠡᠷᠡᠭᠲᠡᠶ᠃ | ᠯᠢᠦ ᠲᠢᠩᠬᠢᠮ ᠤᠨ ᠳᠠᠷᠤᠭ᠎ᠠ ᠬᠠᠮᠤᠭ ᠰᠡᠭᠦᠯ ᠳᠤ ᠴᠢᠬᠤᠯᠠᠴᠢᠯᠠᠭᠰᠠᠨ ᠨᠢ᠂ ᠲᠠᠷᠢᠶᠠᠯᠠᠩ ᠮᠠᠯ ᠠᠵᠤ | ᠠᠬᠤᠢ ᠶᠢᠨ ᠰᠢᠨᠵᠢᠯᠡᠭᠡ ᠮᠡᠷᠭᠡᠵᠢᠯ ᠤᠨ ᠳᠠᠭᠠᠭᠠᠴᠢᠯᠠᠨ ᠬᠤᠯᠪᠤᠭᠠᠯᠠᠬᠤ ᠪᠣᠯ ᠠᠵᠤ ᠦᠢᠯᠡᠰ ᠢᠶᠠᠷ ᠶᠠᠳᠠᠭᠤ ᠶᠢ | ᠲᠡᠳᠬᠦᠬᠦ ᠠᠵᠢᠯ ᠤᠨ ᠭᠤᠤᠯ ᠠᠭᠤᠯᠭ᠎ᠠ ᠮᠥᠨ᠂ ᠡᠭᠦᠷᠭᠡ ᠬᠦᠨᠳᠦ᠂ ᠴᠠᠭ ᠪᠠᠴᠢᠮ᠂ ᠡᠯ᠎ᠡ ᠪᠠᠶᠢᠭᠤᠯᠭ᠎ᠠ | ᠨᠢᠭᠡᠴᠢ ᠠᠴᠠ ᠳᠡᠭᠡᠲᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠢᠨᠠᠮᠠᠭᠠᠶ ᠰᠤᠳᠤᠯᠵᠤ᠂ ᠨᠢᠮᠪᠠᠶ ᠲᠥᠯᠥᠪᠯᠡᠵᠦ᠂ | ᠬᠦᠴᠦᠯᠡᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠳᠠᠭᠠᠭᠠᠴᠢᠯᠠᠨ | ᠬᠤᠯᠪᠤᠭᠠᠯᠠᠬᠤ ᠠᠵᠢᠯ ᠤᠨ ᠰᠠᠶᠢᠨ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃ | | | | | | |