︵2006 ᠣᠨ ᠤ 10 ᠰᠠᠷ᠎ᠠ ᠶᠢᠨ 31 ᠤ ᠡᠳᠦᠷ ᠤᠨ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠳᠦᠷᠪᠡᠳᠦᠭᠡᠷ | ᠬᠤᠷᠠᠯᠳᠤᠭᠠᠨ ᠠᠴᠠ ᠪᠠᠲᠤᠯᠠᠪᠠ 2006 ᠣᠨ ᠤ 10 ᠰᠠᠷ᠎ᠠ ᠶᠢᠨ 31 ᠤ ᠡᠳᠦᠷ ᠪᠦᠭᠦᠳᠡ ᠨᠠᠶᠢᠷᠠᠮᠳᠠᠬᠤ ᠳᠤᠮᠳᠠᠲᠤ | ᠠᠷᠠᠳ ᠤᠯᠣᠰ ᠤᠨ ᠲᠡᠷᠢᠭᠦᠯᠡᠭᠴᠢ ᠶᠢᠨ ᠲᠠᠪᠢᠨ ᠳᠣᠯᠣᠳᠤᠭᠠᠷ ᠵᠠᠷᠯᠢᠭ ᠢᠶᠠᠷ ᠨᠡᠶᠢᠲᠡᠯᠡᠪᠡ 2007 ᠣᠨ ᠤ 7 ᠰᠠᠷ᠎ᠠ ᠶᠢᠨ | 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ︶ | | ᠭᠠᠷᠴᠠᠭ | ᠨᠢᠭᠡᠳᠦᠭᠡᠷ ᠪᠦᠯᠦᠭ ᠶᠡᠷᠦᠩᠭᠡᠢ ᠳᠦᠷᠢᠮ | ᠬᠤᠶᠠᠳᠤᠭᠠᠷ ᠪᠦᠯᠦᠭ ᠪᠠᠶᠢᠭᠤᠯᠬᠤ ᠪᠠ ᠳᠠᠩᠰᠠᠯᠠᠬᠤ | ᠭᠤᠷᠪᠠᠳᠤᠭᠠᠷ ᠪᠦᠯᠦᠭ ᠪᠦᠷᠢᠯᠳᠦᠭᠦᠨ | ᠳᠦᠷᠪᠡᠳᠦᠭᠡᠷ ᠪᠦᠯᠦᠭ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ᠲᠠᠪᠤᠳᠤᠭᠠᠷ ᠪᠦᠯᠦᠭ ᠡᠳ᠋ ᠤᠨ ᠶᠠᠪᠤᠳᠠᠯ ᠤᠨ ᠬᠠᠮᠢᠶᠠᠷᠤᠯᠲᠠ | ᠵᠢᠷᠭᠤᠳᠤᠭᠠᠷ ᠪᠦᠯᠦᠭ ᠨᠡᠶᠢᠯᠡᠭᠦᠯᠬᠦ᠂ ᠰᠠᠯᠭᠠᠬᠤ᠂ ᠲᠠᠷᠬᠠᠭᠠᠬᠤ ᠪᠠ ᠢᠯᠭᠠᠷᠠᠭᠤᠯᠤᠨ ᠪᠣᠳᠤᠬᠤ | ᠳᠣᠯᠣᠳᠤᠭᠠᠷ ᠪᠦᠯᠦᠭ ᠳᠡᠳᠬᠦᠨ ᠳᠡᠮᠵᠢᠬᠦ ᠲᠦᠷᠥ ᠶᠢᠨ ᠪᠣᠳᠤᠯᠭ᠎ᠠ | ᠨᠠᠢᠮᠠᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠶᠢᠰᠦᠳᠦᠭᠡᠷ ᠪᠦᠯᠦᠭ ᠳᠠᠭᠠᠯᠳᠤᠭᠤᠯᠤᠭᠰᠠᠨ ᠳᠦᠷᠢᠮ | | | ᠨᠢᠭᠡᠳᠦᠭᠡᠷ ᠪᠥᠯᠦᠭ ᠶᠡᠷᠥᠩᠬᠡᠢ ᠳᠥᠷᠢᠮ | ᠨᠢᠭᠡᠳᠦᠭᠡᠷ ᠵᠥᠢᠯ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠨ ᠤ ᠬᠥᠭᠵᠢᠯᠲᠡ ᠶᠢ ᠳᠡᠮᠵᠢᠵᠦ᠂ ᠬᠥᠲᠦᠯᠦᠨ | ᠵᠢᠯᠤᠭᠤᠳᠴᠣ᠂ ᠲᠠᠷᠢᠶᠠᠴᠢᠨ ᠤ ᠲᠣᠰᠬᠠᠢ ᠠᠵᠢᠯ ᠤᠨ ᠬᠤᠷᠰᠢᠶᠠᠨ ᠤ ᠵᠣᠬᠢᠶᠠᠨ ᠪᠠᠶᠢᠭᠤᠯᠤᠯᠲᠠ ᠪᠠ ᠠᠵᠢᠯᠯᠠᠭ᠎ᠠ ᠶᠢ | ᠵᠢᠷᠦᠮᠵᠢᠭᠤᠯᠤᠨ᠂ ᠲᠠᠷᠢᠶᠠᠴᠢᠨ ᠤ ᠲᠣᠰᠬᠠᠢ ᠠᠵᠢᠯ ᠤᠨ ᠬᠤᠷᠰᠢᠶ᠎ᠠ ᠵᠢᠴᠢ ᠲᠡᠭᠦᠨ ᠤ ᠪᠥᠷᠢᠯᠳᠦᠭᠦᠨ ᠤ ᠬᠠᠤᠯᠢ ᠶᠤᠰᠤᠨ ᠤ | ᠡᠷᠬᠡ ᠠᠰᠢᠭ ᠢ ᠬᠠᠮᠠᠭᠠᠯᠠᠵᠤ᠂ ᠲᠠᠷᠢᠶᠠᠯᠠᠩ ᠪᠠ ᠬᠥᠳᠡᠭᠡ ᠲᠤᠰᠬᠤᠨ ᠤ ᠠᠵᠤ ᠠᠬᠤᠢ ᠶᠢᠨ ᠬᠥᠭᠵᠢᠯᠲᠡ ᠶᠢ | ᠠᠬᠢᠭᠤᠯᠬᠤ ᠶᠢᠨ ᠲᠥᠯᠦᠭᠡ ᠲᠤᠰ ᠬᠠᠤᠯᠢ ᠶᠢ ᠳᠤᠭᠳᠠᠭᠠᠪᠠ᠃ | ᠬᠤᠶᠠᠳᠤᠭᠠᠷ ᠵᠦᠢᠯ ᠲᠠᠷᠢᠶᠠᠴᠢᠨ ᠤ ᠳᠤᠰᠬᠠᠢ ᠠᠵᠢᠯ ᠤᠨ ᠬᠤᠷᠰᠢᠶ᠎ᠠ ᠪᠣᠯ ᠬᠥᠳᠡᠭᠡ ᠳᠤᠰᠬᠤᠨ ᠤ ᠭᠡᠷ ᠪᠥᠯᠢ ᠳᠤ | ᠳᠠᠭᠠᠭᠠᠴᠢᠯᠠᠭᠤᠯᠤᠨ ᠡᠵᠡᠩᠨᠡᠭᠦᠯᠬᠦ ᠶᠢᠨ ᠰᠠᠭᠤᠷᠢᠨ ᠳᠡᠭᠡᠷ᠎ᠡ᠂ ᠠᠳᠠᠯᠢ ᠲᠥᠷᠦᠯ ᠤᠨ ᠲᠠᠷᠢᠶᠠᠯᠠᠩ ᠤᠨ ᠪᠥᠳᠦᠭᠡᠭᠳᠡᠭᠦᠨ ᠢ | ᠦᠢᠯᠡᠳᠪᠥᠷᠢᠯᠡᠨ ᠡᠵᠡᠩᠨᠡᠭᠴᠢᠳ ᠪᠤᠶᠤ ᠠᠳᠠᠯᠢ ᠲᠥᠷᠦᠯ ᠤᠨ ᠲᠠᠷᠢᠶᠠᠯᠠᠩ ᠤᠨ ᠦᠢᠯᠡᠳᠪᠥᠷᠢᠯᠡᠯ ᠡᠵᠡᠩᠨᠡᠯᠲᠡ ᠶᠢᠨ | ᠦᠢᠯᠡᠴᠢᠯᠡᠭᠡ ᠬᠠᠩᠭᠠᠭᠴᠢᠳ᠂ ᠠᠰᠢᠭᠯᠠᠭᠴᠢᠳ ᠤᠨ ᠰᠠᠶᠢᠨ ᠳᠤᠷ᠎ᠠ ᠠᠴᠠ ᠪᠠᠨ ᠬᠤᠯᠪᠤᠭᠠᠯᠠᠵᠤ᠂ ᠠᠷᠠᠳᠴᠢᠯᠠᠯ ᠢᠶᠠᠷ | ᠬᠠᠮᠢᠶᠠᠷᠤᠭᠰᠠᠨ ᠬᠠᠪᠰᠣᠷᠣᠯᠴᠠᠬᠤ ᠴᠢᠨᠠᠷᠲᠠᠢ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠪᠤᠯᠤᠨ᠎ᠠ᠃ | ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠨᠢ ᠲᠡᠭᠦᠨ ᠤ ᠪᠥᠷᠢᠯᠳᠦᠭᠦᠨ ᠢᠶᠠᠷ ᠢᠶᠠᠨ ᠦᠢᠯᠡᠴᠢᠯᠡᠭᠡᠨ ᠤ ᠭᠤᠣᠯ | ᠳ᠋ᠦᠢᠰᠢᠶᠠᠩ ᠪᠤᠯᠭᠠᠵᠤ᠂ ᠲᠠᠷᠢᠶᠠᠯᠠᠩ ᠤᠨ ᠦᠢᠯᠡᠳᠪᠥᠷᠢᠯᠡᠯ ᠤᠨ ᠬᠡᠷᠡᠭᠰᠡᠯ ᠢ ᠬᠤᠳᠠᠯᠳᠤᠨ ᠠᠪᠬᠤ᠂ ᠲᠠᠷᠢᠶᠠᠯᠠᠩ ᠤᠨ | ᠪᠥᠳᠦᠭᠡᠭᠳᠡᠭᠦᠨ ᠢ ᠪᠤᠷᠤᠯᠠᠭᠤᠯᠬᠤ᠂ ᠪᠤᠯᠪᠠᠰᠤᠷᠠᠭᠤᠯᠬᠤ᠂ ᠲᠡᠭᠡᠭᠡᠪᠥᠷᠢᠯᠡᠬᠦ᠂ ᠬᠠᠳᠠᠭᠠᠯᠠᠬᠤ ᠵᠢᠴᠢ ᠲᠠᠷᠢᠶᠠᠯᠠᠩ ᠤᠨ | ᠦᠢᠯᠡᠳᠪᠥᠷᠢᠯᠡᠯ ᠡᠵᠡᠩᠨᠡᠯᠲᠡ ᠶᠢᠨ ᠬᠤᠯᠪᠤᠭᠳᠠᠯ ᠪᠥᠬᠦᠢ ᠮᠡᠷᠭᠡᠵᠢᠯ᠂ ᠮᠡᠳᠡᠭᠡ ᠵᠠᠩᠬᠢ ᠵᠡᠷᠭᠡ ᠦᠢᠯᠡᠴᠢᠯᠡᠭᠡ ᠶᠢ ᠬᠠᠩᠭᠠᠨ᠎ᠠ᠃ | | ᠭᠤᠷᠪᠠᠳᠤᠭᠠᠷ ᠵᠥᠢᠯ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠨᠢ ᠳᠣᠣᠷ᠎ᠠ ᠵᠢᠭᠰᠠᠭᠠᠭᠰᠠᠨ | ᠵᠠᠷᠴᠢᠮ ᠤᠳ ᠢ ᠵᠢᠷᠤᠮᠯᠠᠬᠤ ᠬᠡᠷᠡᠭᠲᠡᠢ᠄ | ︵ᠨᠢᠭᠡ︶ ᠪᠥᠷᠢᠯᠳᠦᠭᠦᠨ ᠨᠢ ᠲᠠᠷᠢᠶᠠᠴᠢᠨ ᠢᠶᠠᠷ ᠭᠤᠣᠯ ᠪᠣᠯᠭᠠᠬᠤ᠃ | ︵ᠬᠤᠶᠠᠷ︶ ᠪᠥᠷᠢᠯᠳᠦᠭᠦᠨ ᠳᠡᠭᠡᠨ ᠦᠢᠯᠡᠴᠢᠯᠡᠬᠦ ᠪᠠᠷ ᠵᠣᠷᠢᠯᠲᠠ ᠪᠠᠨ ᠪᠤᠯᠭᠠᠵᠤ᠂ ᠪᠥᠬᠦ ᠪᠥᠷᠢᠯᠳᠦᠭᠦᠨ ᠤ ᠬᠠᠮᠳᠤ ᠶᠢᠨ | ᠠᠰᠢᠭ ᠲᠤᠰᠠ ᠶᠢᠨ ᠲᠥᠯᠦᠭᠡ ᠠᠵᠢᠯᠯᠠᠬᠤ᠃ | ︵ᠭᠤᠷᠪᠠ︶ ᠰᠠᠶᠢᠨ ᠳᠤᠷ᠎ᠠ ᠠᠴᠠ ᠪᠠᠨ ᠬᠤᠷᠰᠢᠶ᠎ᠠ ᠳᠤ ᠤᠷᠤᠵᠤ᠂ ᠬᠤᠷᠰᠢᠶ᠎ᠠ ᠠᠴᠠ ᠭᠠᠷᠬᠤ ᠡᠷᠬᠡ ᠴᠢᠯᠦᠭᠡ ᠲᠠᠢ | ᠪᠠᠶᠢᠬᠤ᠃ | ︵ᠳᠥᠷᠪᠡ︶ ᠪᠥᠷᠢᠯᠳᠦᠭᠦᠨ ᠤ ᠪᠠᠶᠢᠷᠢ ᠰᠠᠭᠤᠷᠢ ᠨᠢ ᠠᠳᠠᠯᠢ ᠲᠡᠭᠰᠢ ᠪᠠᠶᠢᠵᠤ᠂ ᠠᠷᠠᠳᠴᠢᠯᠠᠯ ᠢᠶᠠᠷ ᠬᠠᠮᠢᠶᠠᠷᠬᠤ᠃ | ︵ᠲᠠᠪᠤ︶ ᠦᠯᠡᠳᠡᠪᠥᠷᠢ ᠶᠢ ᠭᠤᠤᠯᠳᠠᠭᠤ ᠪᠥᠷᠢᠯᠳᠦᠭᠦᠨ ᠬᠢᠭᠡᠳ ᠲᠠᠷᠢᠶᠠᠴᠢᠨ ᠤ ᠲᠣᠰᠬᠠᠢ ᠠᠵᠢᠯ ᠤᠨ ᠬᠤᠷᠰᠢᠶ᠎ᠠ | ᠯᠤᠭ᠎ᠠ ᠶᠢᠨ ᠠᠷᠠᠯᠵᠢᠶᠠᠨ ᠤ ᠬᠡᠮᠵᠢᠶᠡᠨ ︵ᠲᠤᠭᠠᠨ︶ ᠤ ᠬᠠᠷᠢᠴᠠᠯ ᠶᠣᠰᠣᠭᠠᠷ ᠪᠤᠴᠠᠭᠠᠬᠤ᠃ | ᠳᠥᠷᠪᠡᠳᠦᠭᠡᠷ ᠵᠦᠢᠯ ᠲᠠᠷᠢᠶᠠᠴᠢᠨ ᠤ ᠲᠣᠰᠬᠠᠢ ᠠᠵᠢᠯ ᠤᠨ ᠬᠤᠷᠰᠢᠶ᠎ᠠ ᠨᠢ ᠲᠤᠰ ᠬᠠᠤᠯᠢ ᠶᠢᠨ ᠶᠤᠰᠣᠭᠠᠷ | ᠳᠠᠩᠰᠠᠯᠠᠯᠲᠠ ᠬᠢᠵᠦ᠂ ᠬᠠᠤᠯᠢ ᠶᠢᠨ ᠬᠥᠮᠦᠨ ᠤ ᠬᠢᠷᠢ ᠬᠡᠮ ᠢ ᠣᠯᠣᠨ᠎ᠠ᠃ | ᠲᠠᠷᠢᠶᠠᠴᠢᠨ ᠤ ᠲᠣᠰᠬᠠᠢ ᠠᠵᠢᠯ ᠤᠨ ᠬᠤᠷᠰᠢᠶ᠎ᠠ ᠨᠢ ᠪᠥᠷᠢᠯᠳᠦᠭᠦᠨ ᠤ ᠭᠠᠷᠭᠠᠭᠰᠠᠨ ᠪᠡᠯᠡ᠂ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ᠂ ᠣᠯᠣᠰ ᠤᠨ ᠡᠳ᠋ ᠤᠨ ᠵᠠᠰᠠᠭ ᠤᠨ ᠰᠢᠭᠤᠳ ᠨᠥᠬᠦᠪᠥᠷᠢ᠂ ᠪᠤᠰᠤᠳ ᠤᠨ ᠬᠠᠨᠳᠢᠪᠯᠠᠭᠰᠠᠨ | ᠵᠢᠴᠢ ᠬᠠᠤᠯᠢ ᠶᠣᠰᠣ ᠪᠠᠷ ᠣᠯᠣᠭᠰᠠᠨ ᠪᠤᠰᠤᠳ ᠬᠥᠷᠦᠩᠭᠡ ᠪᠠᠷ ᠪᠥᠷᠢᠯᠳᠦᠭᠰᠡᠨ ᠡᠳ᠋ ᠬᠥᠷᠦᠩᠭᠡ ᠶᠢ ᠡᠵᠡᠮᠰᠢᠬᠦ᠂ ᠬᠡᠷᠡᠭᠯᠡᠬᠦ | ᠪᠠ ᠰᠢᠢᠳᠪᠥᠷᠢᠯᠡᠬᠦ ᠡᠷᠬᠡ ᠶᠢ ᠡᠳ᠋ᠯᠡᠬᠦ ᠪᠥᠭᠡᠳ ᠳᠡᠭᠡᠷ᠎ᠡ ᠳᠣᠷᠠᠳᠣᠭᠰᠠᠨ ᠡᠳ᠋ ᠬᠥᠷᠦᠩᠭᠡ ᠪᠠᠷ ᠥᠷᠢ ᠥᠭᠴᠡᠭᠡᠨ ᠳᠤ | ᠬᠠᠷᠢᠭᠤᠴᠠᠯᠭ᠎ᠠ ᠡᠭᠦᠷᠭᠡᠯᠡᠨ᠎ᠡ᠃ | ᠲᠠᠪᠣᠳᠤᠭᠠᠷ ᠵᠤᠶᠢᠯ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠨ ᠤ ᠪᠥᠷᠢᠯᠳᠦᠭᠦᠨ ᠨᠢ ᠳᠠᠩᠰᠠᠨ | ᠡᠷᠦᠬᠡ ᠳᠤ ᠲᠡᠮᠳᠡᠭᠯᠡᠵᠦ ᠪᠠᠶᠢᠭ᠎ᠠ ᠭᠠᠷᠭᠠᠭᠰᠠᠨ ᠪᠡᠯᠡ ᠶᠢᠨ ᠲᠤᠭ᠎ᠠ ᠪᠠ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠬᠤᠪᠢ ᠶᠢᠨ ᠲᠤᠭ᠎ᠠ ᠪᠠᠷ ᠬᠢᠵᠠᠭᠠᠷ ᠪᠤᠯᠭᠠᠵᠤ ᠲᠠᠷᠢᠶᠠᠴᠢᠨ ᠤ ᠳᠣᠰᠬᠠᠢ ᠠᠵᠢᠯ ᠤᠨ ᠬᠤᠷᠰᠢᠶ᠎ᠠ ᠳᠤ ᠬᠠᠷᠢᠭᠤᠴᠠᠯᠭ᠎ᠠ | ᠡᠭᠦᠷᠭᠡᠯᠡᠨ᠎ᠡ᠃ | ᠵᠢᠷᠭᠤᠳᠤᠭᠠᠷ ᠵᠥᠢᠯ ᠣᠯᠣᠰ ᠠᠴᠠ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠵᠢᠴᠢ ᠲᠡᠭᠦᠨ ᠤ | ᠪᠥᠷᠢᠯᠳᠦᠭᠦᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠂ ᠶᠠᠮᠠᠷᠪᠠ ᠨᠢᠭᠡᠴᠢ ᠪᠠ ᠬᠤᠪᠢ ᠬᠥᠮᠦᠨ ᠲᠡᠭᠦᠨ ᠳᠤ | ᠬᠠᠯᠳᠠᠵᠤ ᠪᠣᠯᠬᠤ ᠦᠭᠡᠢ᠃ | ᠳᠤᠯᠤᠳᠤᠭᠠᠷ ᠵᠥᠢᠯ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠨᠢ ᠦᠢᠯᠡᠳᠪᠥᠷᠢᠯᠡᠯ ᠡᠵᠡᠩᠨᠡᠯᠲᠡ ᠶᠢᠨ | ᠠᠵᠢᠯᠯᠠᠭ᠎ᠠ ᠬᠢᠬᠦ ᠳᠡᠭᠡᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠳᠣᠭᠳᠠᠭᠠᠯ ᠢ ᠵᠢᠷᠤᠮᠯᠠᠨ᠂ ᠨᠡᠶᠢᠭᠡᠮ ᠨᠡᠶᠢᠲᠡ ᠶᠢᠨ | ᠶᠤᠰᠤ ᠮᠣᠷᠠᠯ᠂ ᠬᠤᠳᠠᠯᠳᠤᠭᠠᠨ ᠤ ᠮᠤᠷᠠᠯ ᠢ ᠵᠢᠷᠣᠮᠯᠠᠵᠣ᠂ ᠦᠨᠡᠨᠴᠢ ᠢᠲᠡᠭᠡᠮᠵᠢ ᠲᠠᠢ ᠪᠠᠶᠢᠬᠤ ᠬᠡᠷᠡᠭᠲᠡᠢ᠃ | ᠨᠠᠢᠮᠠᠳᠤᠭᠠᠷ ᠵᠥᠢᠯ ᠣᠯᠣᠰ ᠠᠴᠠ ᠡᠳ᠋ ᠤᠨ ᠵᠠᠰᠠᠭ ᠤᠨ ᠳᠡᠮᠵᠢᠯᠭᠡ᠂ ᠭᠠᠶᠢᠯᠢ ᠳᠠᠲᠠᠪᠤᠷᠢ ᠶᠢᠨ ᠬᠠᠷᠠᠭᠠᠯᠵᠠᠯ ᠪᠠ | ᠮᠥᠩᠭᠦᠨ ᠭᠦᠢᠯᠭᠡᠭᠡ᠂ ᠰᠢᠨᠵᠢᠯᠡᠬᠦ ᠣᠬᠠᠭᠠᠨ ᠮᠡᠷᠭᠡᠵᠢᠯ᠂ ᠴᠢᠳᠠᠪᠤᠷᠢᠲᠠᠨ ᠤ ᠲᠠᠯ᠎ᠠ ᠪᠠᠷ ᠲᠠᠳᠭᠦᠨ ᠳᠡᠮᠵᠢᠬᠦ ᠵᠢᠴᠢ ᠠᠵᠤ | ᠦᠢᠯᠡᠰ ᠤᠨ ᠲᠥᠷᠦ ᠶᠢᠨ ᠪᠣᠳᠣᠯᠭ᠎ᠠ ᠪᠠᠷ ᠬᠥᠳᠦᠯᠦᠨ ᠵᠢᠯᠣᠭᠤᠳᠬᠤ ᠵᠡᠷᠭᠡ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ᠂ | ᠲᠠᠷᠢᠶᠠᠴᠢᠨ ᠤ ᠳᠤᠰᠬᠠᠢ ᠠᠵᠢᠯ ᠤᠨ ᠬᠤᠷᠰᠢᠶᠠᠨ ᠤ ᠬᠥᠭᠵᠢᠯᠲᠡ ᠶᠢ ᠠᠬᠢᠭᠤᠯᠤᠨ᠎ᠠ᠃ | ᠣᠯᠣᠰ ᠠᠴᠠ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠤ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠳᠤ | ᠦᠢᠯᠡᠴᠢᠯᠡᠭᠡ ᠬᠠᠩᠭᠠᠬᠤ ᠶᠢ ᠵᠤᠷᠢᠭᠵᠢᠭᠤᠯᠤᠨ ᠳᠡᠮᠵᠢᠨ᠎ᠡ᠃ | ᠶᠢᠰᠦᠳᠦᠭᠡᠷ ᠵᠥᠢᠯ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠤᠨ ᠨᠤᠭᠤᠳ ᠲᠠᠷᠢᠶᠠᠯᠠᠩ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ | ᠬᠤᠯᠪᠤᠭᠳᠠᠯ ᠪᠥᠬᠦᠢ ᠵᠤᠬᠢᠶᠠᠨ ᠪᠠᠶᠢᠭᠤᠯᠤᠯᠲᠠ ᠶᠢ ᠵᠤᠬᠢᠶᠠᠨ ᠪᠠᠶᠢᠭᠤᠯᠵᠤ᠂ ᠲᠣᠰ ᠬᠠᠤᠯᠢ ᠶᠢᠨ ᠲᠤᠭᠲᠠᠭᠠᠯ ᠶᠤᠰᠤᠭᠠᠷ | ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ᠂ ᠲᠠᠷᠢᠶᠠᠴᠢᠨ ᠤ ᠳᠤᠰᠬᠠᠢ ᠠᠵᠢᠯ ᠤᠨ | ᠬᠤᠷᠰᠢᠶᠠᠨ ᠤ ᠪᠥᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠵᠢᠭᠠᠨ ᠵᠢᠯᠤᠭᠤᠳᠴᠤ᠂ ᠲᠡᠳᠭᠦᠨ ᠳᠡᠮᠵᠢᠬᠦ ᠪᠠ ᠲᠡᠭᠦᠨ ᠳᠤ | ᠦᠢᠯᠡᠴᠢᠯᠡᠭᠡ ᠬᠠᠩᠭᠠᠬᠤ ᠬᠡᠷᠡᠭᠳᠡᠢ᠃ | | | ᠬᠤᠶᠠᠳᠤᠭᠠᠷ ᠪᠥᠯᠦᠭ ᠪᠠᠶᠢᠭᠤᠯᠬᠤ ᠪᠠ ᠳᠠᠩᠰᠠᠯᠠᠬᠤ | ᠠᠷᠪᠠᠳᠤᠭᠠᠷ ᠵᠥᠢᠯ ᠲᠠᠷᠢᠶᠠᠴᠢᠨ ᠤ ᠳᠣᠰᠬᠠᠢ ᠠᠵᠢᠯ ᠤᠨ ᠬᠤᠷᠰᠢᠶ᠎ᠠ ᠶᠢ ᠪᠠᠶᠢᠭᠤᠯᠬᠤ ᠳᠤ ᠳᠤᠤᠷ᠎ᠠ ᠵᠢᠭᠰᠠᠭᠠᠭᠰᠠᠨ | ᠨᠥᠬᠦᠴᠡᠯ ᠤᠳ ᠢ ᠪᠥᠷᠢᠯᠳᠦᠭᠦᠯᠦᠭᠰᠡᠨ ᠪᠠᠶᠢᠬᠤ ᠬᠡᠷᠡᠭᠲᠡᠢ᠄ | ︵ᠨᠢᠭᠡ︶ ᠲᠣᠰ ᠬᠠᠤᠯᠢ ᠶᠢᠨ ᠠᠷᠪᠠᠨ ᠳᠦᠷᠪᠡᠳᠦᠭᠡᠷ ᠵᠥᠢᠯ᠂ ᠠᠷᠪᠠᠨ ᠲᠠᠪᠤᠳᠤᠭᠠᠷ ᠵᠥᠢᠯ ᠤᠨ ᠳᠣᠭᠲᠠᠭᠠᠯ ᠳᠤ | ᠨᠡᠶᠢᠴᠡᠭᠰᠡᠨ ᠲᠠᠪᠤ ᠠᠴᠠ ᠳᠡᠭᠡᠭᠰᠢ ᠪᠥᠷᠢᠯᠳᠦᠭᠦᠨ ᠲᠠᠢ ᠪᠠᠶᠢᠬᠤ᠃ | ︵ᠬᠤᠶᠠᠷ︶ ᠲᠤᠰ ᠬᠠᠤᠯᠢ ᠶᠢᠨ ᠳᠤᠭᠲᠠᠭᠠᠯ ᠳᠤ ᠨᠡᠶᠢᠴᠡᠭᠰᠡᠨ ᠳᠥᠷᠢᠮ ᠲᠠᠢ ᠪᠠᠶᠢᠬᠤ᠃ | ︵ᠭᠤᠷᠪᠠ︶ ᠲᠤᠰ ᠬᠠᠤᠯᠢ ᠶᠢᠨ ᠳᠤᠭᠲᠠᠭᠠᠯ ᠳᠤ ᠨᠡᠶᠢᠴᠡᠭᠰᠡᠨ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠲᠠᠢ | ᠪᠠᠶᠢᠬᠤ᠃ | ︵ᠳᠥᠷᠪᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠳᠥᠷᠢᠮ ᠤᠨ ᠲᠤᠭᠲᠠᠭᠠᠯ ᠳᠤ ᠨᠡᠶᠢᠴᠡᠭᠰᠡᠨ ᠨᠡᠷᠡᠶᠢᠳᠤᠯ ᠪᠠ | ᠳᠥᠷᠢᠮ ᠳᠤ ᠳᠤᠭᠲᠠᠭᠠᠭᠰᠠᠨ ᠤᠷᠤᠨ ᠰᠠᠭᠤᠴᠠ ᠲᠠᠢ ᠪᠠᠶᠢᠬᠤ᠃ | ︵ᠲᠠᠪᠤ︶ ᠳᠥᠷᠢᠮ ᠤᠨ ᠳᠤᠭᠲᠠᠭᠠᠯ ᠳᠤ ᠨᠡᠶᠢᠴᠡᠭᠰᠡᠨ ᠪᠥᠷᠢᠯᠳᠦᠭᠦᠨ ᠪᠡᠯᠡ ᠭᠠᠷᠭᠠᠭᠰᠠᠨ ᠪᠠᠶᠢᠬᠤ᠃ | ᠠᠷᠪᠠᠨ ᠨᠢᠭᠡᠳᠦᠭᠡᠷ ᠵᠥᠢᠯ ᠲᠠᠷᠢᠶᠠᠴᠢᠨ ᠤ ᠳᠤᠰᠬᠠᠢ ᠠᠵᠢᠯ ᠤᠨ ᠬᠤᠷᠰᠢᠶ᠎ᠠ ᠶᠢ ᠪᠠᠶᠢᠭᠤᠯᠬᠤ ᠳᠤ ᠪᠥᠬᠦ | ᠪᠠᠶᠢᠭᠤᠯᠤᠭᠴᠢ ᠶᠢᠨ ᠤᠷᠤᠯᠴᠠᠭᠰᠠᠨ ᠪᠠᠶᠢᠭᠤᠯᠬᠤ ᠶᠡᠭᠡ ᠬᠤᠷᠠᠯ ᠢ ᠬᠤᠷᠠᠯᠳᠤᠭᠤᠯᠬᠤ ᠬᠡᠷᠡᠭᠲᠡᠢ᠃ ᠪᠠᠶᠢᠭᠤᠯᠬᠤ ᠦᠶ᠎ᠡ ᠳᠤ | ᠰᠠᠶᠢᠨ ᠳᠤᠷ᠎ᠠ ᠠᠴᠠ ᠪᠠᠨ ᠲᠤᠰ ᠬᠤᠷᠰᠢᠶᠠᠨ ᠤ ᠪᠥᠷᠢᠯᠳᠦᠭᠦᠨ ᠪᠤᠯᠤᠭᠰᠠᠳ ᠪᠣᠯ ᠪᠠᠶᠢᠭᠤᠯᠤᠭᠴᠢ ᠮᠦᠨ᠃ | ᠪᠠᠶᠢᠭᠤᠯᠬᠤ ᠶᠡᠭᠡ ᠬᠤᠷᠠᠯ ᠨᠢ ᠳᠤᠤᠷ᠎ᠠ ᠵᠢᠭᠰᠠᠭᠠᠭᠰᠠᠨ ᠡᠷᠬᠡ ᠲᠣᠰᠢᠶᠠᠯ ᠤᠳ ᠢ ᠬᠡᠷᠡᠭᠵᠢᠭᠦᠯᠦᠨ᠎ᠡ᠄ | ︵ᠨᠢᠭᠡ︶ ᠲᠤᠰ ᠬᠤᠷᠰᠢᠶᠠᠨ ᠤ ᠪᠠᠨ ᠳᠥᠷᠢᠮ ᠢ ᠪᠠᠳᠤᠯᠠᠬᠤ ᠳᠤ᠂ ᠪᠥᠬᠦ ᠪᠠᠶᠢᠭᠤᠯᠤᠭᠴᠢ ᠠᠴᠠ ᠳᠥᠷᠢᠮ ᠢ ᠰᠠᠨᠠᠯ | ᠨᠢᠭᠡᠳᠡᠢ ᠪᠠᠷ ᠪᠠᠳᠣᠯᠠᠬᠤ ᠬᠡᠷᠡᠭᠲᠡᠢ᠃ | ︵ᠬᠤᠶᠠᠷ︶ ᠬᠡᠷᠡᠭ ᠡᠷᠬᠢᠯᠡᠭᠴᠢᠳ ᠤᠨ ᠳᠠᠷᠤᠭ᠎ᠠ᠂ ᠬᠡᠷᠡᠭ ᠡᠷᠬᠢᠯᠡᠭᠴᠢ᠂ ᠭᠦᠢᠴᠡᠳᠭᠡᠬᠦ ᠬᠢᠨᠠᠭᠴᠢ ᠪᠤᠶᠤ ᠬᠢᠨᠠᠭᠴᠢᠳ ᠤᠨ | ᠵᠥᠪᠯᠡᠯ ᠤᠨ ᠪᠥᠷᠢᠯᠳᠦᠭᠦᠨ ᠢ ᠰᠣᠩᠭᠤᠵᠣ ᠭᠠᠷᠭᠠᠨ᠎ᠠ᠃ | ︵ᠭᠤᠷᠪᠠ︶ ᠪᠤᠰᠤᠳ ᠴᠢᠬᠤᠯᠠ ᠵᠥᠢᠯ ᠤᠳ ᠢ ᠬᠢᠨᠠᠨ ᠶᠠᠷᠢᠯᠴᠠᠨ᠎ᠠ᠃ | ᠠᠷᠪᠠᠨ ᠬᠤᠶᠠᠳᠤᠭᠠᠷ ᠵᠥᠢᠯ ᠲᠠᠷᠢᠶᠠᠴᠢᠨ ᠤ ᠳᠤᠰᠬᠠᠢ ᠠᠵᠢᠯ ᠤᠨ ᠬᠤᠷᠰᠢᠶᠠᠨ ᠤ ᠳᠥᠷᠢᠮ ᠳᠤ ᠳᠤᠤᠷ᠎ᠠ | ᠵᠢᠭᠰᠠᠭᠠᠭᠰᠠᠨ ᠵᠥᠢᠯ ᠤᠳ ᠢ ᠲᠤᠳᠤᠷᠬᠠᠢ ᠲᠡᠮᠳᠡᠭᠯᠡᠭᠰᠡᠨ ᠪᠠᠶᠢᠬᠤ ᠬᠡᠷᠡᠭᠳᠡᠢ᠄ | ︵ᠨᠢᠭᠡ︶ ᠨᠡᠷᠡᠶᠢᠳᠦᠯ ᠪᠠ ᠣᠷᠣᠨ ᠰᠠᠭᠤᠴᠠ᠃ | ︵ᠬᠤᠶᠠᠷ︶ ᠳᠤᠬᠠᠶᠢᠯᠠᠭᠰᠠᠨ ᠠᠵᠢᠯ ᠤᠨ ᠬᠡᠪᠴᠢᠶ᠎ᠠ᠃ | ︵ᠭᠤᠷᠪᠠ︶ ᠪᠥᠷᠢᠯᠳᠦᠭᠦᠨ ᠤ ᠬᠢᠷᠢ ᠬᠡᠮ ᠬᠢᠭᠡᠳ ᠬᠤᠷᠰᠢᠶᠠᠨ ᠳᠤ ᠣᠷᠣᠬᠤ᠂ ᠬᠤᠷᠰᠢᠶᠠᠨ ᠠᠴᠠ ᠭᠠᠷᠬᠤ ᠪᠠ ᠨᠡᠷ᠎ᠡ ᠶᠢ | ᠨᠢ ᠬᠠᠰᠣᠬᠤ᠃ | ︵ᠳᠥᠷᠪᠡ︶ ᠪᠥᠷᠢᠯᠳᠦᠭᠦᠨ ᠤ ᠡᠷᠬᠡ ᠪᠠ ᠡᠭᠦᠷᠭᠡ᠃ | ︵ᠲᠠᠪᠤ︶ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠵᠢᠴᠢ ᠲᠡᠭᠦᠨ ᠤ ᠪᠠᠶᠢᠭᠤᠯᠬᠤ ᠠᠷᠭ᠎ᠠ᠂ ᠡᠷᠬᠡ ᠲᠤᠰᠢᠶᠠᠯ᠂ | ᠲᠤᠰᠢᠶᠠᠯ ᠤᠨ ᠬᠤᠭᠤᠴᠠᠭ᠎ᠠ᠂ ᠬᠡᠷᠡᠭ ᠵᠥᠪᠯᠡᠬᠦ ᠳᠥᠷᠢᠮ᠃ | ︵ᠵᠢᠷᠭᠤᠭ᠎ᠠ︶ ᠪᠥᠷᠢᠯᠳᠦᠭᠦᠨ ᠤ ᠪᠡᠯᠡ ᠭᠠᠷᠭᠠᠭᠰᠠᠨ ᠬᠡᠯᠪᠡᠷᠢ᠂ ᠭᠠᠷᠭᠠᠭᠰᠠᠨ ᠪᠡᠯᠡ ᠶᠢᠨ ᠲᠤᠭ᠎ᠠ᠃ | ︵ᠳᠣᠯᠤᠭ᠎ᠠ︶ ᠡᠳ᠋ ᠤᠨ ᠶᠠᠪᠤᠳᠠᠯ ᠤᠨ ᠬᠠᠮᠢᠶᠠᠷᠤᠯᠲᠠ ᠪᠠ ᠦᠯᠡᠳᠡᠪᠥᠷᠢ ᠶᠢᠨ ᠬᠤᠪᠢᠶᠠᠷᠢᠯᠠᠯᠲᠠ᠂ ᠠᠯᠳᠠᠭᠳᠠᠯ ᠤᠨ | ᠰᠢᠢᠳᠪᠥᠷᠢᠯᠡᠯᠲᠡ᠃ | ︵ᠨᠠᠢᠮᠠ︶ ᠳᠥᠷᠢᠮ ᠳᠤ ᠵᠠᠰᠠᠪᠤᠷᠢ ᠤᠷᠤᠭᠤᠯᠬᠤ ᠵᠢᠷᠤᠮ᠃ | ︵ᠶᠢᠰᠦ︶ ᠳᠠᠷᠬᠠᠭᠠᠬᠤ ᠤᠴᠢᠷ ᠰᠢᠯᠳᠠᠭᠠᠨ ᠪᠠ ᠢᠯᠭᠠᠷᠠᠭᠤᠯᠤᠨ ᠪᠤᠳᠤᠬᠤ ᠠᠷᠭ᠎ᠠ᠃ | ︵ᠠᠷᠪᠠ︶ ᠵᠠᠷᠯᠠᠨ ᠮᠡᠳᠡᠭᠳᠡᠬᠦ ᠵᠥᠢᠯ ᠬᠢᠭᠡᠳ ᠨᠡᠶᠢᠲᠡᠯᠡᠬᠦ ᠬᠡᠯᠪᠡᠷᠢ᠃ | ︵ᠠᠷᠪᠠᠨ ᠨᠢᠭᠡ︶ ᠲᠣᠭᠲᠠᠭᠠᠬᠤ ᠴᠢᠬᠤᠯᠠᠲᠠᠢ ᠪᠤᠰᠤᠳ ᠵᠥᠢᠯ ᠤᠳ᠃ | ᠠᠷᠪᠠᠨ ᠭᠤᠷᠪᠠᠳᠤᠭᠠᠷ ᠵᠥᠢᠯ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠶᠢ ᠪᠠᠶᠢᠭᠤᠯᠬᠤ ᠳᠤ ᠦᠢᠯᠡᠳᠪᠥᠷᠢ | ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠤᠤᠷ᠎ᠠ ᠵᠢᠭᠰᠠᠭᠠᠭᠰᠠᠨ ᠪᠢᠴᠢᠭ | ᠮᠠᠲ᠋ᠧᠷᠢᠶᠠᠯ ᠤᠳ ᠢ ᠲᠣᠰᠢᠶᠠᠨ ᠥᠭᠴᠦ᠂ ᠪᠠᠶᠢᠭᠤᠯᠬᠤ ᠳᠠᠩᠰᠠᠯᠠᠯᠲᠠ ᠬᠢᠯᠭᠡᠬᠦ ᠪᠠᠷ ᠭᠤᠶᠤᠴᠢᠯᠠᠬᠤ ᠬᠡᠷᠡᠭᠲᠡᠢ᠃ | ︵ᠨᠢᠭᠡ︶ ᠳᠠᠩᠰᠠᠯᠠᠭᠤᠯᠬᠤ ᠭᠤᠶᠤᠴᠢᠯᠠᠯ ᠤᠨ ᠪᠢᠴᠢᠭ᠃ | ︵ᠬᠤᠶᠠᠷ︶ ᠪᠥᠬᠦ ᠪᠠᠶᠢᠭᠤᠯᠤᠭᠴᠢ ᠶᠢᠨ ᠭᠠᠷ ᠤᠨ ᠦᠰᠦᠭ ᠵᠢᠷᠤᠵᠤ᠂ ᠲᠠᠮᠠᠭ᠎ᠠ ᠳᠠᠷᠤᠭᠰᠠᠨ ᠪᠠᠶᠢᠭᠤᠯᠤᠭᠳᠠᠭᠰᠠᠨ ᠶᠡᠭᠡ | ᠬᠤᠷᠠᠯ ᠤᠨ ᠳᠤᠪᠴᠢ ᠲᠡᠮᠳᠡᠭᠯᠡᠯ᠃ | ︵ᠭᠤᠷᠪᠠ︶ ᠪᠥᠬᠦ ᠪᠠᠶᠢᠭᠤᠯᠤᠭᠴᠢ ᠶᠢᠨ ᠭᠠᠷ ᠤᠨ ᠦᠰᠦᠭ ᠵᠢᠷᠤᠵᠤ᠂ ᠲᠠᠮᠠᠭ᠎ᠠ ᠳᠠᠷᠤᠭᠰᠠᠨ ᠳᠥᠷᠢᠮ᠃ | ︵ᠳᠥᠷᠪᠡ︶ ᠬᠠᠤᠯᠢ ᠪᠠᠷ ᠳᠤᠭᠲᠠᠭᠠᠭᠰᠠᠨ ᠲᠥᠯᠦᠭᠡᠯᠡᠭᠴᠢ᠂ ᠬᠡᠷᠡᠭ ᠡᠷᠬᠢᠯᠡᠭᠴᠢ ᠶᠢᠨ ᠲᠤᠰᠢᠶᠠᠯ ᠡᠭᠦᠷᠭᠡᠯᠡᠭᠰᠡᠨ ᠪᠢᠴᠢᠭ | ᠮᠠᠲ᠋ᠧᠷᠢᠶᠠᠯ ᠬᠢᠭᠡᠳ ᠪᠡᠶ᠎ᠡ ᠶᠢᠨ ᠦᠨᠡᠮᠯᠡᠯ᠃ | ︵ᠲᠠᠪᠤ︶ ᠪᠡᠯᠡ ᠭᠠᠷᠭᠠᠭᠰᠠᠨ ᠪᠥᠷᠢᠯᠳᠦᠭᠦᠨ ᠤ ᠭᠠᠷ ᠤᠨ ᠦᠰᠦᠭ ᠵᠢᠷᠤᠵᠤ᠂ ᠲᠠᠮᠠᠭ᠎ᠠ ᠳᠠᠷᠤᠭᠰᠠᠨ ᠪᠡᠯᠡ ᠭᠠᠷᠭᠠᠭᠰᠠᠨ | ᠨᠠᠷᠢᠨ ᠳᠠᠩᠰᠠ᠃ | ︵ᠵᠢᠷᠭᠤᠭ᠎ᠠ︶ ᠤᠷᠤᠨ ᠰᠠᠭᠤᠴᠠ ᠶᠢᠨ ᠬᠡᠷᠡᠭᠯᠡᠯᠲᠡ ᠶᠢᠨ ᠭᠡᠷᠡᠴᠢᠯᠡᠯ᠃ | ︵ᠳᠤᠯᠤᠭ᠎ᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠳᠥᠷᠢᠮ ᠳᠤ ᠳᠤᠭᠲᠠᠭᠠᠭᠰᠠᠨ ᠪᠤᠰᠤᠳ ᠮᠠᠲ᠋ᠧᠷᠢᠶᠠᠯ ᠤᠳ᠃ | ᠳᠠᠩᠰᠠᠯᠠᠬᠤ ᠪᠠᠶᠢᠭᠤᠯᠭ᠎ᠠ ᠨᠢ ᠳᠠᠩᠰᠠᠯᠠᠭᠤᠯᠬᠤ ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ | ᠬᠤᠷᠢᠨ ᠡᠳᠦᠷ ᠤᠨ ᠳᠤᠲᠤᠷ᠎ᠠ ᠰᠢᠢᠳᠪᠥᠷᠢᠯᠡᠵᠦ ᠳᠠᠭᠤᠰᠬᠠᠭᠠᠳ᠂ ᠳᠠᠩᠰᠠᠯᠠᠬᠤ ᠨᠥᠬᠦᠴᠡᠯ ᠳᠤ ᠨᠡᠶᠢᠴᠡᠭᠰᠡᠨ | ᠭᠤᠶᠤᠴᠢᠯᠠᠭᠴᠢ ᠳᠤ ᠡᠵᠡᠩᠨᠡᠯᠲᠡ ᠶᠢᠨ ᠦᠨᠡᠮᠯᠡᠯ ᠣᠯᠭᠤᠬᠤ ᠬᠡᠷᠡᠭᠲᠡᠢ᠃ | ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠨ ᠤ ᠬᠠᠤᠯᠢ ᠪᠠᠷ ᠲᠤᠭᠲᠠᠭᠠᠭᠰᠠᠨ ᠳᠠᠩᠰᠠᠯᠠᠬᠤ ᠵᠥᠢᠯ ᠢ | ᠬᠤᠪᠢᠷᠠᠭᠤᠯᠪᠠᠯ᠂ ᠬᠤᠪᠢᠷᠠᠭᠤᠯᠬᠤ ᠳᠠᠩᠰᠠᠯᠠᠯᠲᠠ ᠬᠢᠯᠭᠡᠬᠦ ᠪᠠᠷ ᠭᠤᠶᠤᠴᠢᠯᠠᠬᠤ ᠬᠡᠷᠡᠭᠲᠡᠢ᠃ | ᠲᠠᠷᠢᠶᠠᠴᠢᠨ ᠤ ᠳᠤᠰᠬᠠᠢ ᠠᠵᠢᠯ ᠤᠨ ᠬᠤᠷᠰᠢᠶᠠᠨ ᠤ ᠳᠠᠩᠰᠠᠯᠠᠬᠤ ᠠᠷᠭ᠎ᠠ ᠶᠢ ᠲᠥᠷᠦ ᠶᠢᠨ ᠶᠠᠪᠤᠳᠠᠯ ᠤᠨ | ᠬᠤᠷᠢᠶᠠᠨ ᠠᠴᠠ ᠳᠣᠭᠲᠠᠭᠠᠨ᠎ᠠ᠃ ᠳᠠᠩᠰᠠᠯᠠᠯᠲᠠ ᠬᠢᠬᠦ ᠳᠤ ᠰᠦᠢᠳᠭᠡᠯ ᠬᠤᠷᠢᠶᠠᠵᠤ ᠪᠣᠯᠬᠤ ᠦᠭᠡᠢ᠃ | | | ᠭᠤᠷᠪᠠᠳᠤᠭᠠᠷ ᠪᠦᠯᠦᠭ ᠪᠦᠷᠢᠯᠳᠦᠭᠦᠨ | ᠠᠷᠪᠠᠨ ᠳᠥᠷᠪᠡᠳᠦᠭᠡᠷ ᠵᠦᠢᠯ ᠢᠷᠭᠡᠨ ᠤ ᠬᠡᠷᠡᠭ ᠤᠨ ᠠᠵᠢᠯᠯᠠᠭᠠᠨ ᠤ ᠴᠢᠳᠠᠪᠤᠷᠢ ᠪᠦᠬᠦᠢ ᠠᠷᠠᠳ ᠢᠷᠭᠡᠨ ᠬᠢᠭᠡᠳ | ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠶᠢᠨ ᠲᠤᠬᠠᠶᠢᠯᠠᠭᠰᠠᠨ ᠠᠵᠢᠯ ᠲᠠᠢ ᠰᠢᠭᠤᠳ ᠬᠤᠯᠪᠤᠭᠳᠠᠬᠤ | ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠡᠷᠬᠢᠯᠡᠵᠦ ᠪᠠᠶᠢᠭ᠎ᠠ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠪᠤᠶᠤ | ᠨᠡᠶᠢᠭᠡᠮ ᠤᠨ ᠪᠦᠯᠬᠦᠮ ᠤᠳ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠨ ᠤ ᠬᠠᠩᠭᠠᠭᠰᠠᠨ ᠦᠢᠯᠡᠴᠢᠯᠡᠭᠡ ᠶᠢ | ᠠᠰᠢᠭᠯᠠᠨ᠂ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠨ ᠤ ᠳᠦᠷᠢᠮ ᠢ ᠵᠦᠪᠰᠢᠶᠡᠷᠡᠨ ᠵᠢᠷᠤᠮᠯᠠᠵᠤ᠂ ᠳᠦᠷᠢᠮ ᠳᠤ | ᠲᠣᠭᠳᠠᠭᠠᠭᠰᠠᠨ ᠬᠤᠷᠰᠢᠶ᠎ᠠ ᠳᠤ ᠣᠷᠣᠬᠤ ᠭᠠᠷ ᠬᠦᠢᠴᠡᠳᠭᠡᠯ ᠢ ᠭᠦᠢᠴᠡᠳᠭᠡᠪᠡᠯ᠂ ᠲᠠᠷᠢᠶᠠᠴᠢᠨ ᠤ ᠲᠤᠰᠬᠠᠢ ᠠᠵᠢᠯ ᠤᠨ | ᠬᠤᠷᠰᠢᠶᠠᠨ ᠤ ᠪᠦᠷᠢᠯᠳᠦᠭᠦᠨ ᠪᠣᠯᠵᠤ ᠪᠤᠯᠤᠨ᠎ᠠ᠃ ᠭᠡᠪᠡᠴᠦ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ | ᠴᠢᠳᠠᠪᠦᠷᠢ ᠪᠦᠬᠦᠢ ᠨᠢᠭᠡᠴᠢ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠳᠤ ᠣᠷᠤᠯᠴᠠᠵᠤ ᠪᠣᠯᠬᠤ ᠦᠭᠡᠢ᠃ | ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠨᠢ ᠪᠦᠷᠢᠯᠳᠦᠭᠦᠨ ᠤ ᠪᠠᠨ ᠨᠡᠷ᠎ᠡ ᠶᠢᠨ ᠳᠠᠩᠰᠠ ᠶᠢ ᠪᠡᠯᠡᠳᠬᠡᠬᠦ ᠶᠢᠨ | ᠬᠠᠮᠲᠦ ᠲᠡᠭᠦᠨ ᠢᠶᠠᠨ ᠳᠠᠩᠰᠠᠯᠠᠬᠤ ᠪᠠᠶᠢᠭᠤᠯᠤᠯᠭ᠎ᠠ ᠳᠤ ᠮᠡᠳᠡᠭᠦᠯᠬᠦ ᠬᠡᠷᠡᠭᠲᠡᠢ᠃ | ᠠᠷᠪᠠᠨ ᠲᠠᠪᠤᠳᠤᠭᠠᠷ ᠵᠦᠢᠯ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠨ ᠤ ᠪᠦᠷᠢᠯᠳᠦᠭᠦᠨ ᠤ ᠳᠣᠲᠤᠷ᠎ᠠ | ᠠᠳᠠᠭ ᠲᠠᠭᠠᠨ ᠪᠦᠷᠢᠯᠳᠦᠭᠦᠨ ᠤ ᠪᠦᠬᠦ ᠲᠣᠭᠠᠨ ᠤ ᠵᠠᠭᠤᠨ ᠤ ᠨᠠᠶᠠ ᠶᠢ ᠡᠵᠡᠯᠡᠬᠦ ᠬᠡᠷᠡᠭᠲᠡᠢ᠃ | ᠪᠦᠷᠢᠯᠳᠦᠭᠦᠨ ᠤ ᠪᠦᠬᠦ ᠲᠤᠭ᠎ᠠ ᠨᠢ ᠬᠤᠷᠢᠨ ᠬᠦᠮᠦᠨ ᠬᠦᠷᠬᠦ ᠦᠭᠡᠢ ᠪᠠᠶᠢᠪᠠᠯ᠂ ᠨᠢᠭᠡ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠪᠤᠶᠤ ᠨᠡᠶᠢᠭᠡᠮ ᠤᠨ ᠪᠦᠯᠬᠦᠮ ᠤᠨ ᠪᠦᠷᠢᠯᠳᠦᠭᠦᠨ ᠪᠠᠶᠢᠵᠣ ᠪᠣᠯᠣᠨ᠎ᠠ᠃ ᠪᠦᠷᠢᠯᠳᠦᠭᠦᠨ ᠤ ᠪᠦᠬᠦ | ᠲᠤᠭ᠎ᠠ ᠨᠢ ᠬᠤᠷᠢᠨ ᠬᠦᠮᠦᠨ ᠠᠴᠠ ᠬᠡᠲᠦᠷᠡᠭᠰᠡᠨ ᠪᠠᠶᠢᠪᠠᠯ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠪᠠ | ᠨᠡᠶᠢᠭᠡᠮ ᠤᠨ ᠪᠦᠯᠭᠦᠮ ᠤᠨ ᠪᠦᠷᠢᠯᠳᠦᠭᠦᠨ ᠨᠢ ᠪᠦᠷᠢᠯᠳᠦᠭᠦᠨ ᠤ ᠪᠦᠬᠦ ᠲᠣᠭᠠᠨ ᠤ ᠵᠠᠭᠤᠨ ᠤ ᠲᠠᠪᠤ ᠠᠴᠠ ᠬᠡᠲᠦᠷᠡᠵᠦ ᠪᠣᠯᠬᠤ | ᠦᠭᠡᠢ᠃ | ᠠᠷᠪᠠᠨ ᠵᠢᠷᠭᠤᠳᠤᠭᠠᠷ ᠵᠦᠢᠯ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠨ ᠤ ᠪᠦᠷᠢᠯᠳᠦᠭᠦᠨ ᠨᠢ ᠳᠣᠣᠷ᠎ᠠ | ᠵᠢᠭᠰᠠᠭᠠᠭᠰᠠᠨ ᠡᠷᠬᠡ ᠨᠦᠭᠦᠳ ᠢ ᠡᠳ᠋ᠯᠡᠨ᠎ᠡ᠄ | ︵ᠨᠢᠭᠡ︶ ᠪᠦᠷᠢᠯᠳᠦᠭᠦᠨ ᠤ ᠶᠡᠭᠡ ᠬᠤᠷᠠᠯ ᠳᠤ ᠣᠷᠤᠯᠴᠠᠬᠤ ᠪᠦᠭᠡᠳ ᠪᠠᠲᠤᠯᠠᠬᠤ ᠡᠷᠬᠡ᠂ ᠰᠤᠩᠭᠤᠬᠤ ᠡᠷᠬᠡ ᠪᠠ | ᠰᠤᠩᠭᠤᠭᠳᠠᠬᠤ ᠡᠷᠬᠡ ᠶᠢ ᠡᠳ᠋ᠯᠡᠵᠦ᠂ ᠳᠦᠷᠢᠮ ᠤᠨ ᠲᠣᠭᠲᠠᠭᠠᠯ ᠶᠣᠰᠣᠭᠠᠷ ᠲᠤᠰ ᠬᠤᠷᠰᠢᠶ᠎ᠠ ᠳᠤ ᠠᠷᠠᠳᠴᠢᠯᠠᠭᠰᠠᠨ | ᠬᠠᠮᠢᠶᠠᠷᠤᠯᠲᠠ ᠶᠢ ᠬᠡᠷᠡᠭᠵᠢᠭᠦᠯᠦᠨ᠎ᠡ᠃ | ︵ᠬᠤᠶᠠᠷ︶ ᠲᠤᠰ ᠬᠤᠷᠰᠢᠶᠠᠨ ᠤ ᠬᠠᠩᠭᠠᠭᠰᠠᠨ ᠦᠢᠯᠡᠴᠢᠯᠡᠭᠡ ᠪᠠ ᠦᠢᠯᠡᠳᠪᠦᠷᠢᠯᠡᠯ ᠡᠵᠡᠩᠨᠡᠯᠲᠡ ᠶᠢᠨ ᠲᠦᠭᠦᠭᠡᠷᠦᠮᠵᠢ ᠶᠢ | ᠬᠠᠩᠭᠠᠨ᠎ᠠ᠃ | ︵ᠭᠤᠷᠪᠠ︶ ᠳᠦᠷᠢᠮ ᠤᠨ ᠲᠣᠭᠲᠠᠭᠠᠯ ᠪᠤᠶᠤ ᠪᠦᠷᠢᠯᠳᠦᠭᠦᠨ ᠤ ᠶᠡᠭᠡ ᠬᠤᠷᠠᠯ ᠤᠨ ᠰᠢᠢᠳᠪᠦᠷᠢ ᠶᠣᠰᠤᠭᠠᠷ ᠦᠯᠡᠳᠡᠪᠦᠷᠢ ᠶᠢ | ᠬᠤᠪᠢᠶᠠᠨ ᠡᠳ᠋ᠯᠡᠨ᠎ᠡ᠃ | ︵ᠳᠥᠷᠪᠡ︶ ᠲᠤᠰ ᠬᠤᠷᠰᠢᠶᠠᠨ ᠤ ᠳᠦᠷᠢᠮ᠂ ᠪᠦᠷᠢᠯᠳᠦᠭᠦᠨ ᠤ ᠨᠡᠷ᠎ᠡ ᠶᠢᠨ ᠳᠠᠩᠰᠠ᠂ ᠪᠦᠷᠢᠯᠳᠦᠭᠦᠨ ᠤ ᠶᠡᠭᠡ ᠬᠤᠷᠠᠯ | ᠪᠣᠶᠣ ᠪᠦᠷᠢᠯᠳᠦᠭᠦᠨ ᠤ ᠲᠦᠯᠦᠭᠡᠯᠡᠭᠴᠢᠳ ᠤᠨ ᠶᠡᠭᠡ ᠬᠤᠷᠠᠯ ᠤᠨ ᠲᠡᠮᠳᠡᠭᠯᠡᠯ᠂ ᠬᠡᠷᠡᠭ ᠡᠷᠬᠢᠯᠡᠭᠴᠢᠳ ᠤᠨ ᠵᠦᠪᠯᠡᠯ ᠤᠨ | ᠬᠤᠷᠠᠯᠳᠤᠭᠠᠨ ᠤ ᠰᠢᠢᠳᠪᠦᠷᠢ᠂ ᠬᠢᠨᠠᠭᠴᠢᠳ ᠤᠨ ᠵᠦᠪᠯᠡᠯ ᠤᠨ ᠬᠤᠷᠠᠯᠳᠤᠭᠠᠨ ᠤ ᠰᠢᠢᠳᠪᠦᠷᠢ᠂ ᠡᠳ᠋ ᠤᠨ ᠶᠠᠪᠤᠳᠠᠯ ᠤᠨ | ᠨᠢᠭᠲᠠᠯᠠᠨ ᠪᠤᠳᠤᠯᠲᠠ ᠶᠢᠨ ᠮᠡᠳᠡᠭᠦᠯᠦᠯᠲᠡ ᠪᠠ ᠨᠢᠭᠲᠠᠯᠠᠨ ᠪᠣᠳᠤᠯᠲᠠ ᠶᠢᠨ ᠳᠠᠩᠰᠠ ᠬᠠᠷ᠎ᠠ ᠶᠢ ᠪᠠᠶᠢᠴᠠᠭᠠᠨ ᠦᠵᠡᠨ᠎ᠡ᠃ | ︵ᠲᠠᠪᠤ︶ ᠳᠦᠷᠢᠮ ᠳᠤ ᠲᠣᠭᠲᠠᠭᠠᠭᠰᠠᠨ ᠪᠤᠰᠤᠳ ᠡᠷᠬᠡ ᠨᠦᠭᠦᠳ᠃ | ᠠᠷᠪᠠᠨ ᠳᠣᠯᠤᠳᠤᠭᠠᠷ ᠵᠦᠢᠯ ᠲᠠᠷᠢᠶᠠᠴᠢᠨ ᠤ ᠲᠤᠰᠬᠠᠢ ᠬᠤᠷᠰᠢᠶᠠᠨ ᠤ ᠪᠦᠷᠢᠯᠳᠦᠭᠦᠨ ᠤ ᠶᠡᠭᠡ ᠬᠤᠷᠠᠯ ᠨᠢ | ᠰᠤᠩᠭᠤᠬᠤ ᠪᠠ ᠪᠠᠲᠤᠯᠠᠬᠤ ᠳᠠᠭᠠᠨ ᠨᠢᠭᠡ ᠬᠦᠮᠦᠨ ᠪᠤᠶᠤ ᠨᠢᠭᠡ ᠫᠢᠶᠤᠤ ᠥᠭᠬᠦ ᠳᠦᠷᠢᠮ ᠢ ᠭᠡᠷᠡᠭᠵᠢᠭᠦᠯᠵᠦ᠂ ᠪᠦᠷᠢᠯᠳᠦᠭᠦᠨ | ᠨᠢᠭᠡᠪᠦᠷᠢ ᠨᠢᠭᠡ ᠫᠢᠶᠤᠤ ᠶᠢᠨ ᠦᠨᠳᠦᠰᠦᠨ ᠪᠠᠲᠤᠯᠠᠬᠤ ᠡᠷᠬᠡ ᠶᠢ ᠡᠳ᠋ᠯᠡᠨ᠎ᠡ᠃ | ᠪᠡᠯᠡ ᠭᠠᠷᠭᠠᠭᠰᠠᠨ ᠲᠤᠭ᠎ᠠ ᠪᠤᠶᠤ ᠲᠤᠰ ᠬᠤᠷᠰᠢᠶ᠎ᠠ ᠯᠤᠭ᠎ᠠ ᠠᠷᠠᠯᠵᠢᠶᠠᠯᠠᠭᠰᠠᠨ ᠬᠡᠮᠵᠢᠶ᠎ᠡ ︵ᠲᠤᠭ᠎ᠠ︶ ᠪᠠᠷ ᠨᠡᠯᠢᠶᠡᠳ | ᠶᠡᠭᠡ ᠪᠦᠷᠢᠯᠳᠦᠭᠦᠨ ᠨᠢ ᠳᠦᠷᠢᠮ ᠤᠨ ᠲᠣᠭᠲᠠᠭᠠᠯ ᠶᠣᠰᠤᠭᠠᠷ ᠳᠠᠭᠠᠯᠳᠤᠭᠰᠠᠨ ᠪᠠᠲᠤᠯᠠᠬᠤ ᠡᠷᠬᠡ ᠶᠢ ᠡᠳ᠋ᠯᠡᠵᠦ ᠪᠣᠯᠣᠨ᠎ᠠ᠃ | ᠲᠤᠰ ᠬᠤᠷᠰᠢᠶᠠᠨ ᠤ ᠳᠠᠭᠠᠯᠳᠤᠭᠰᠠᠨ ᠪᠠᠲᠤᠯᠠᠬᠤ ᠡᠷᠬᠡ ᠶᠢᠨ ᠫᠢᠶᠤᠤ ᠶᠢᠨ ᠪᠦᠬᠦ ᠲᠤᠭ᠎ᠠ ᠨᠢ ᠲᠤᠰ ᠬᠤᠷᠰᠢᠶᠠᠨ ᠤ | ᠪᠦᠷᠢᠯᠳᠦᠬᠦᠨ ᠤ ᠪᠠᠲᠤᠯᠠᠬᠤ ᠡᠷᠬᠡ ᠶᠢᠨ ᠪᠦᠬᠦ ᠫᠢᠶᠣᠣ ᠶᠢᠨ ᠲᠣᠭᠠᠨ ᠤ ᠵᠠᠭᠤᠨ ᠤ ᠬᠤᠷᠢ ᠠᠴᠠ ᠬᠡᠲᠦᠷᠡᠵᠦ ᠪᠣᠯᠬᠤ ᠦᠭᠡᠢ᠃ | ᠳᠠᠭᠠᠯᠳᠤᠭᠰᠠᠨ ᠪᠠᠲᠤᠯᠠᠬᠤ ᠡᠷᠬᠡ ᠶᠢ ᠡᠳ᠋ᠯᠡᠭᠰᠡᠨ ᠪᠦᠷᠢᠯᠳᠦᠬᠦᠨ ᠬᠢᠭᠡᠳ ᠲᠡᠭᠦᠨ ᠤ ᠡᠳ᠋ᠯᠡᠭᠰᠡᠨ ᠳᠠᠭᠠᠯᠳᠤᠭᠰᠠᠨ ᠪᠠᠲᠤᠯᠠᠬᠤ | ᠡᠷᠬᠡ ᠶᠢᠨ ᠲᠤᠭ᠎ᠠ ᠶᠢ ᠪᠦᠷᠢᠯᠳᠦᠭᠦᠨ ᠤ ᠶᠡᠭᠡ ᠬᠤᠷᠠᠯ ᠢ ᠬᠤᠷᠠᠯᠳᠤᠭᠤᠯᠬᠤ ᠪᠦᠷᠢ ᠬᠤᠷᠠᠯ ᠳᠤ ᠣᠷᠤᠯᠴᠠᠭᠰᠠᠨ | ᠪᠦᠷᠢᠯᠳᠦᠬᠦᠨ ᠢ ᠮᠡᠳᠡᠭᠳᠡᠬᠦ ᠬᠡᠷᠡᠭᠲᠡᠢ᠃ | ᠳᠦᠷᠢᠮ ᠳᠤ ᠳᠠᠭᠠᠯᠳᠤᠭᠰᠠᠨ ᠪᠠᠲᠤᠯᠠᠬᠤ ᠡᠷᠬᠡ ᠶᠢᠨ ᠬᠡᠷᠡᠭᠯᠡᠬᠦ ᠬᠡᠪᠴᠢᠶ᠎ᠡ ᠶᠢ ᠬᠢᠵᠠᠭᠠᠷᠯᠠᠵᠤ ᠪᠣᠯᠣᠨ᠎ᠠ᠃ | ᠠᠷᠪᠠᠨ ᠨᠠᠢᠮᠠᠳᠤᠭᠠᠷ ᠵᠦᠢᠯ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠨ ᠤ ᠪᠦᠷᠢᠯᠳᠦᠭᠦᠨ ᠨᠢ ᠳᠣᠣᠷ᠎ᠠ | ᠵᠢᠭᠰᠠᠭᠠᠭᠰᠠᠨ ᠡᠭᠦᠷᠭᠡ ᠨᠦᠭᠦᠳ ᠢ ᠡᠭᠦᠷᠭᠡᠯᠡᠨ᠎ᠡ᠄ | ︵ᠨᠢᠭᠡ︶ ᠪᠦᠷᠢᠯᠳᠦᠭᠦᠨ ᠤ ᠶᠡᠭᠡ ᠬᠤᠷᠠᠯ᠂ ᠪᠦᠷᠢᠯᠳᠦᠭᠦᠨ ᠤ ᠲᠦᠯᠦᠭᠡᠯᠡᠭᠴᠢᠳ ᠤᠨ ᠶᠡᠭᠡ ᠬᠤᠷᠠᠯ ᠪᠠ ᠬᠡᠷᠡᠭ | ᠡᠷᠬᠢᠯᠡᠭᠴᠢᠳ ᠤᠨ ᠵᠦᠪᠯᠡᠯ ᠤᠨ ᠰᠢᠢᠳᠪᠦᠷᠢ ᠶᠢ ᠬᠡᠷᠡᠭᠵᠢᠭᠦᠯᠦᠨ᠎ᠡ᠃ | ︵ᠬᠤᠶᠠᠷ︶ ᠳᠦᠷᠢᠮ ᠳᠤ ᠲᠤᠭᠳᠠᠭᠠᠭᠰᠠᠨ ᠶᠣᠰᠤᠭᠠᠷ ᠲᠤᠰ ᠬᠤᠷᠰᠢᠶ᠎ᠠ ᠳᠤ ᠪᠡᠯᠡ ᠭᠠᠷᠭᠠᠨ᠎ᠠ᠃ | ︵ᠭᠤᠷᠪᠠ︶ ᠳᠦᠷᠢᠮ ᠳᠤ ᠲᠤᠭᠲᠠᠭᠠᠭᠰᠠᠨ ᠶᠤᠰᠤᠭᠠᠷ ᠲᠤᠰ ᠬᠤᠷᠰᠢᠶ᠎ᠠ ᠲᠠᠢ ᠠᠷᠠᠯᠵᠢᠶ᠎ᠠ ᠬᠢᠨ᠎ᠡ᠃ | ︵ᠳᠥᠷᠪᠡ︶ ᠳᠦᠷᠢᠮ ᠳᠤ ᠲᠤᠭᠲᠠᠭᠠᠭᠰᠠᠨ ᠶᠣᠰᠤᠭᠠᠷ ᠠᠯᠳᠠᠭᠳᠠᠯ ᠢ ᠡᠭᠦᠷᠭᠡᠯᠡᠨ᠎ᠡ᠃ | ︵ᠲᠠᠪᠤ︶ ᠳᠦᠷᠢᠮ ᠳᠤ ᠲᠣᠭᠲᠠᠭᠠᠭᠰᠠᠨ ᠪᠤᠰᠤᠳ ᠡᠭᠦᠷᠭᠡ ᠨᠦᠭᠦᠳ᠃ | ᠠᠷᠪᠠ ᠶᠢᠰᠦᠳᠦᠭᠡᠷ ᠵᠦᠢᠯ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠨ ᠤ ᠪᠦᠷᠢᠯᠳᠦᠭᠦᠨ ᠬᠤᠷᠰᠢᠶ᠎ᠠ ᠠᠴᠠ | ᠭᠠᠷᠬᠤ ᠪᠠᠷ ᠱᠠᠭᠠᠷᠳᠠᠪᠠᠯ᠂ ᠡᠳ᠋ ᠤᠨ ᠶᠠᠪᠤᠳᠠᠯ ᠤᠨ ᠣᠨ ᠳᠠᠭᠤᠰᠬᠤ ᠠᠴᠠ ᠭᠤᠷᠪᠠᠨ ᠰᠠᠷ᠎ᠠ ᠶᠢᠨ ᠡᠮᠦᠨ᠎ᠡ ᠬᠡᠷᠡᠭ | ᠡᠷᠬᠢᠯᠡᠭᠴᠢᠳ ᠤᠨ ᠳᠠᠷᠤᠭ᠎ᠠ ᠪᠤᠶᠤ ᠬᠡᠷᠡᠭ ᠡᠷᠬᠢᠯᠡᠭᠴᠢᠳ ᠤᠨ ᠵᠦᠪᠯᠡᠯ ᠳᠤ ᠳᠤᠷᠠᠳᠬᠤ ᠬᠡᠷᠡᠭᠲᠡᠢ᠃ ᠡᠭᠦᠨ ᠳᠤ ᠠᠵᠤ | ᠠᠬᠤᠶᠢᠯᠠᠯ᠂ ᠠᠵᠢᠯ ᠦᠢᠯᠡᠰ ᠤᠨ ᠨᠢᠭᠡᠴᠢ ᠪᠤᠶᠤ ᠨᠡᠶᠢᠭᠡᠮ ᠤᠨ ᠪᠦᠯᠭᠦᠮ ᠤᠨ ᠪᠦᠷᠢᠯᠳᠦᠭᠦᠨ ᠬᠤᠷᠰᠢᠶ᠎ᠠ ᠠᠴᠠ ᠭᠠᠷᠬᠤ ᠳᠤ | ᠡᠳ᠋ ᠤᠨ ᠶᠠᠪᠤᠳᠠᠯ ᠤᠨ ᠣᠨ ᠳᠠᠭᠤᠰᠬᠤ ᠠᠴᠠ ᠵᠢᠷᠭᠤᠭᠠᠨ ᠰᠠᠷ᠎ᠠ ᠶᠢᠨ ᠡᠮᠦᠨ᠎ᠡ ᠳᠤᠷᠠᠳᠬᠤ ᠬᠡᠷᠡᠭᠲᠡᠢ᠃ ᠳᠦᠷᠢᠮ ᠳᠤ | ᠠᠰᠲᠠᠭᠠᠨ ᠳᠣᠭᠲᠠᠭᠠᠯ ᠲᠠᠢ ᠪᠠᠶᠢᠪᠠᠯ ᠲᠡᠷᠡ ᠲᠣᠭᠲᠠᠭᠠᠯ ᠢ ᠳᠠᠭᠠᠨ᠎ᠠ᠃ ᠬᠤᠷᠰᠢᠶ᠎ᠠ ᠠᠴᠠ ᠭᠠᠷᠬᠤ ᠪᠦᠷᠢᠯᠳᠦᠭᠦᠨ ᠤ ᠬᠢᠷᠢ | ᠭᠡᠮ ᠨᠢ ᠡᠳ᠋ ᠤᠨ ᠶᠠᠪᠤᠳᠠᠯ ᠤᠨ ᠣᠨ ᠳᠠᠭᠤᠰᠬᠤ ᠦᠶ᠎ᠡ ᠳᠤ ᠳᠠᠭᠤᠰᠤᠨ᠎ᠠ᠃ | ᠬᠤᠷᠢᠳᠤᠭᠠᠷ ᠵᠦᠢᠯ ᠪᠦᠷᠢᠯᠳᠦᠭᠦᠨ ᠨᠢ ᠲᠡᠭᠦᠨ ᠤ ᠬᠢᠷᠢ ᠬᠡᠮ ᠳᠠᠭᠤᠰᠬᠤ ᠠᠴᠠ ᠡᠮᠦᠨ᠎ᠡ ᠲᠠᠷᠢᠶᠠᠴᠢᠨ ᠤ ᠲᠤᠰᠬᠠᠢ | ᠠᠵᠢᠯ ᠤᠨ ᠬᠤᠷᠰᠢᠶ᠎ᠠ ᠲᠠᠢ ᠲᠤᠭᠲᠠᠭᠠᠭᠰᠠᠨ ᠭᠡᠷ᠎ᠡ ᠪᠠᠨ ᠦᠷᠭᠦᠯᠵᠢᠯᠡᠨ ᠭᠦᠢᠴᠡᠳᠭᠡᠬᠦ ᠬᠡᠷᠡᠭᠲᠡᠢ᠃ ᠳᠦᠷᠢᠮ ᠳᠤ ᠠᠰᠲᠠᠭᠠᠨ | ᠲᠣᠭᠲᠠᠭᠠᠯ ᠲᠠᠢ ᠪᠤᠶᠤ ᠲᠤᠰ ᠬᠤᠷᠰᠢᠶ᠎ᠠ ᠲᠠᠢ ᠠᠰᠲᠠᠭᠠᠨ ᠪᠤᠯᠵᠤᠭ᠎ᠠ ᠲᠠᠢ ᠨᠢ ᠡᠭᠦᠨ ᠳᠤ ᠪᠠᠭᠲᠠᠬᠤ ᠦᠭᠡᠢ᠃ | ᠬᠤᠷᠢᠨ ᠨᠢᠭᠡᠳᠦᠭᠡᠷ ᠵᠦᠢᠯ ᠪᠦᠷᠢᠯᠳᠦᠭᠦᠨ ᠤ ᠬᠢᠷᠢ ᠬᠡᠮ ᠨᠢ ᠳᠠᠭᠤᠰᠤᠭᠰᠠᠨ ᠪᠠᠶᠢᠪᠠᠯ᠂ ᠲᠠᠷᠢᠶᠠᠴᠢᠨ ᠤ ᠲᠤᠰᠬᠠᠢ | ᠠᠵᠢᠯ ᠤᠨ ᠬᠤᠷᠰᠢᠶ᠎ᠠ ᠨᠢ ᠳᠦᠷᠢᠮ ᠳᠤ ᠲᠣᠭᠲᠠᠭᠠᠭᠰᠠᠨ ᠬᠡᠯᠪᠡᠷᠢ ᠪᠠ ᠬᠤᠭᠤᠴᠠᠭ᠎ᠠ ᠶᠣᠰᠤᠭᠠᠷ᠂ ᠲᠤᠰ ᠪᠦᠷᠢᠯᠳᠦᠭᠦᠨ ᠤ | ᠳᠠᠩᠰᠠᠨ ᠳᠤ ᠳᠡᠮᠳᠡᠭᠯᠡᠵᠦ ᠪᠠᠶᠢᠭ᠎ᠠ ᠪᠡᠯᠡ ᠭᠠᠷᠭᠠᠭᠰᠠᠨ ᠲᠤᠭ᠎ᠠ ᠪᠠ ᠨᠡᠶᠢᠲᠡ ᠶᠢᠨ ᠬᠤᠷᠠᠮᠳᠤᠯᠭ᠎ᠠ ᠶᠢᠨ ᠮᠦᠩᠭᠦ ᠶᠢᠨ | ᠬᠤᠪᠢ ᠶᠢᠨ ᠲᠤᠭ᠎ᠠ ᠶᠢ ᠪᠤᠴᠠᠭᠠᠵᠤ ᠥᠭᠬᠦ ᠬᠡᠷᠡᠭᠲᠡᠢ᠃ ᠪᠦᠷᠢᠯᠳᠦᠭᠦᠨ ᠤ ᠬᠢᠷᠢ ᠬᠡᠮ ᠨᠢ ᠳᠠᠭᠤᠰᠬᠤ ᠠᠴᠠ ᠡᠮᠦᠨᠡᠬᠢ | ᠬᠤᠪᠢᠶᠠᠷᠢᠯᠠᠵᠤ ᠪᠣᠯᠬᠤ ᠦᠯᠡᠳᠡᠪᠦᠷᠢ ᠶᠢ ᠲᠤᠰ ᠬᠠᠤᠯᠢ ᠶᠢᠨ ᠭᠤᠴᠢᠨ ᠳᠣᠯᠣᠳᠤᠭᠠᠷ ᠵᠦᠢᠯ ᠤᠨ ᠬᠤᠶᠠᠳᠤᠭᠠᠷ ᠪᠠᠳᠠᠭ ᠤᠨ | ᠲᠣᠭᠲᠠᠭᠠᠯ ᠶᠣᠰᠣᠭᠠᠷ ᠲᠡᠭᠦᠨ ᠳᠤ ᠪᠤᠴᠠᠭᠠᠵᠤ ᠥᠭᠬᠦ ᠬᠡᠷᠡᠭᠲᠡᠢ᠃ | | ᠳᠥᠷᠪᠡᠳᠦᠭᠡᠷ ᠪᠦᠯᠦᠭ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ᠬᠤᠷᠢᠨ ᠬᠤᠶᠠᠳᠤᠭᠠᠷ ᠵᠦᠢᠯ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠨ ᠤ ᠪᠦᠷᠢᠯᠳᠦᠭᠦᠨ ᠤ ᠶᠡᠭᠡ | ᠬᠤᠷᠠᠯ ᠨᠢ ᠪᠦᠬᠦ ᠪᠦᠷᠢᠯᠳᠦᠭᠦᠨ ᠢᠶᠠᠷ ᠪᠦᠷᠢᠯᠳᠦᠨ᠎ᠡ᠂ ᠲᠡᠷᠡ ᠪᠣᠯ ᠲᠣᠰ ᠬᠤᠷᠰᠢᠶᠠᠨ ᠤ ᠡᠷᠬᠡᠲᠦ ᠪᠠᠶᠢᠭᠤᠯᠭ᠎ᠠ ᠮᠦᠨ᠂ | ᠳᠣᠣᠷ᠎ᠠ ᠵᠢᠭᠰᠠᠭᠠᠭᠰᠠᠨ ᠡᠷᠬᠡ ᠲᠤᠰᠢᠶᠠᠯ ᠤᠳ ᠢ ᠭᠦᠢᠴᠡᠳᠬᠡᠨ᠎ᠡ᠄ | ︵ᠨᠢᠭᠡ︶ ᠳᠦᠷᠢᠮ ᠳᠤ ᠵᠠᠰᠠᠪᠤᠷᠢ ᠣᠷᠤᠭᠤᠯᠬᠤ᠃ | ︵ᠬᠤᠶᠠᠷ︶ ᠬᠡᠷᠡᠭ ᠡᠷᠬᠢᠯᠡᠭᠴᠢᠳ ᠤᠨ ᠳᠠᠷᠤᠭ᠎ᠠ᠂ ᠬᠡᠷᠡᠭ ᠡᠷᠬᠢᠯᠡᠭᠴᠢ᠂ ᠭᠦᠢᠴᠡᠳᠬᠡᠬᠦ ᠬᠢᠨᠠᠭᠴᠢ ᠪᠤᠶᠤ ᠬᠢᠨᠠᠭᠴᠢᠳ ᠤᠨ | ᠵᠦᠪᠯᠡᠯ ᠤᠨ ᠪᠦᠷᠢᠯᠳᠦᠭᠦᠨ ᠢ ᠰᠤᠩᠭᠤᠬᠤ ᠪᠠ ᠤᠭᠴᠤᠷᠠᠭᠤᠯᠤᠨᠠ᠃ | ︵ᠭᠤᠷᠪᠠ︶ ᠴᠢᠬᠤᠯᠠ ᠶᠡᠭᠡ ᠡᠳ᠋ ᠬᠦᠷᠦᠩᠭᠡ ᠶᠢ ᠰᠢᠢᠳᠪᠦᠷᠢᠯᠡᠬᠦ᠂ ᠭᠠᠳᠠᠭᠰᠢ ᠪᠡᠯᠡ ᠣᠷᠤᠭᠤᠯᠬᠤ᠂ ᠭᠠᠳᠠᠭᠰᠢ | ᠳᠠᠭᠠᠭᠠᠯᠲᠠ ᠬᠢᠬᠦ ᠪᠠ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭᠠᠨ ᠳᠠᠬᠢ ᠪᠤᠰᠤᠳ ᠴᠢᠬᠤᠯᠠ ᠶᠡᠭᠡ ᠵᠦᠢᠯ ᠤᠳ ᠢ | ᠲᠣᠭᠲᠠᠭᠠᠨ᠎ᠠ᠃ | ︵ᠳᠥᠷᠪᠡ︶ ᠲᠤᠬᠠᠶᠢᠯᠠᠭᠰᠠᠨ ᠠᠵᠢᠯ ᠤᠨ ᠣᠨ ᠤ ᠮᠡᠳᠡᠭᠦᠯᠦᠯᠲᠡ᠂ ᠦᠯᠡᠳᠡᠪᠦᠷᠢ ᠶᠢ ᠬᠤᠪᠢᠶᠠᠷᠢᠯᠠᠬᠤ ᠲᠦᠰᠦᠯ᠂ | ᠠᠯᠳᠠᠭᠳᠠᠯ ᠢ ᠰᠢᠢᠳᠪᠦᠷᠢᠯᠡᠬᠦ ᠲᠦᠰᠦᠯ ᠢ ᠵᠦᠪᠰᠢᠶᠡᠷᠡᠨ᠎ᠡ᠃ | ︵ᠲᠠᠪᠤ︶ ᠨᠡᠶᠢᠯᠡᠭᠦᠯᠬᠦ᠂ ᠰᠠᠯᠭᠠᠬᠤ᠂ ᠲᠠᠷᠬᠠᠭᠠᠬᠤ᠂ ᠢᠯᠭᠠᠷᠠᠭᠤᠯᠤᠨ ᠪᠣᠳᠤᠬᠤ ᠲᠤᠬᠠᠢ ᠰᠢᠢᠳᠪᠦᠷᠢ ᠭᠠᠷᠭᠠᠨ᠎ᠠ᠃ | ︵ᠵᠢᠷᠭᠤᠭ᠎ᠠ︶ ᠤᠷᠢᠵᠤ ᠬᠡᠷᠡᠭᠯᠡᠬᠦ ᠡᠵᠡᠩᠨᠡᠯᠲᠡ ᠬᠠᠮᠢᠶᠠᠷᠤᠯᠲᠠ ᠶᠢᠨ ᠠᠵᠢᠯᠲᠠᠨ ᠪᠠ ᠲᠤᠰᠬᠠᠢ ᠮᠡᠷᠭᠡᠵᠢᠯ ᠤᠨ ᠠᠵᠢᠯᠲᠠᠨ ᠤ | ᠲᠤᠭ᠎ᠠ᠂ ᠬᠢᠷᠢ ᠬᠡᠮ ᠪᠠ ᠲᠤᠰᠢᠶᠠᠯ ᠤᠨ ᠬᠤᠭᠤᠴᠠᠭ᠎ᠠ ᠶᠢ ᠲᠣᠭᠲᠠᠭᠠᠨ᠎ᠠ᠃ | ︵ᠳᠣᠯᠤᠭ᠎ᠠ︶ ᠪᠦᠷᠢᠯᠳᠦᠭᠦᠨ ᠤ ᠬᠤᠪᠢᠷᠠᠯᠲᠠ ᠶᠢᠨ ᠪᠠᠶᠢᠳᠠᠯ ᠤᠨ ᠲᠤᠬᠠᠢ ᠬᠡᠷᠡᠭ ᠡᠷᠬᠢᠯᠡᠭᠴᠢᠳ ᠤᠨ ᠳᠠᠷᠤᠭ᠎ᠠ ᠪᠤᠶᠤ ᠬᠡᠷᠡᠭ | ᠡᠷᠬᠢᠯᠡᠭᠴᠢᠳ ᠤᠨ ᠵᠦᠪᠯᠡᠯ ᠤᠨ ᠮᠡᠳᠡᠭᠦᠯᠦᠯᠲᠡ ᠶᠢ ᠰᠣᠨᠤᠰᠤᠨ᠎ᠠ᠃ | ︵ᠨᠠᠢᠮᠠ︶ ᠳᠦᠷᠢᠮ ᠳᠤ ᠲᠣᠭᠲᠠᠭᠠᠭᠰᠠᠨ ᠪᠤᠰᠣᠳ ᠡᠷᠬᠡ ᠲᠤᠰᠢᠶᠠᠯ ᠤᠳ᠃ | ᠬᠤᠷᠢᠨ ᠭᠤᠷᠪᠠᠳᠤᠭᠠᠷ ᠵᠦᠢᠯ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠪᠦᠷᠢᠯᠳᠦᠭᠦᠨ ᠤ ᠶᠡᠭᠡ ᠬᠤᠷᠠᠯ ᠢ | ᠬᠤᠷᠠᠯᠳᠤᠭᠤᠯᠬᠤ ᠳᠤ ᠬᠤᠷᠠᠯ ᠳᠤ ᠣᠷᠣᠯᠴᠠᠭᠰᠠᠨ ᠬᠦᠮᠦᠨ ᠤ ᠲᠤᠭ᠎ᠠ ᠨᠢ ᠪᠦᠷᠢᠯᠳᠦᠭᠦᠨ ᠤ ᠪᠦᠬᠦ ᠲᠣᠭᠠᠨ ᠤ ᠭᠤᠷᠪᠠᠨ ᠤ | ᠬᠤᠶᠠᠷ ᠠᠴᠠ ᠳᠡᠭᠡᠭᠰᠢᠬᠢ ᠲᠤᠭ᠎ᠠ ᠳᠤ ᠬᠦᠷᠦᠭᠰᠡᠨ ᠪᠠᠶᠢᠬᠤ ᠬᠡᠷᠡᠭᠲᠡᠢ᠃ | ᠪᠦᠷᠢᠯᠳᠦᠭᠦᠨ ᠤ ᠶᠡᠭᠡ ᠬᠤᠷᠠᠯ ᠰᠤᠩᠭᠤᠬᠤ ᠪᠠ ᠰᠢᠢᠳᠪᠦᠷᠢ ᠭᠠᠷᠭᠠᠬᠤ ᠳᠤ ᠲᠤᠰ ᠬᠤᠷᠰᠢᠶᠠᠨ ᠤ ᠪᠦᠷᠢᠯᠳᠦᠭᠦᠨ ᠤ | ᠪᠠᠲᠤᠯᠠᠬᠤ ᠡᠷᠬᠡ ᠶᠢᠨ ᠪᠦᠬᠦ ᠲᠤᠭ᠎ᠠ ᠶᠢᠨ ᠬᠠᠭᠠᠰ ᠠᠴᠠ ᠳᠡᠭᠡᠭᠰᠢᠬᠢ ᠲᠤᠭ᠎ᠠ ᠪᠠᠷ ᠪᠠᠲᠤᠯᠠᠭᠤᠯᠬᠤ ᠬᠡᠷᠡᠭᠲᠡᠢ᠃ ᠳᠦᠷᠢᠮ ᠳᠤ | ᠵᠠᠰᠠᠪᠤᠷᠢ ᠤᠷᠤᠭᠤᠯᠬᠤ ᠪᠤᠶᠤ ᠨᠡᠶᠢᠯᠡᠭᠦᠯᠬᠦ᠂ ᠰᠠᠯᠭᠠᠬᠤ᠂ ᠲᠠᠷᠬᠠᠭᠠᠬᠤ ᠰᠢᠢᠳᠪᠦᠷᠢ ᠭᠠᠷᠭᠠᠬᠤ ᠳᠤ ᠲᠤᠰ ᠬᠤᠷᠰᠢᠶᠠᠨ ᠤ | ᠪᠦᠷᠢᠯᠳᠦᠭᠦᠨ ᠤ ᠪᠠᠲᠤᠯᠠᠬᠤ ᠡᠷᠬᠡ ᠶᠢᠨ ᠪᠦᠬᠦ ᠲᠣᠭᠠᠨ ᠤ ᠭᠤᠷᠪᠠᠨ ᠤ ᠬᠤᠶᠠᠷ ᠠᠴᠠ ᠳᠡᠭᠡᠭᠰᠢᠬᠢ ᠲᠤᠭ᠎ᠠ ᠪᠠᠷ | ᠪᠠᠲᠤᠯᠠᠭᠤᠯᠬᠤ ᠬᠡᠷᠡᠭᠲᠡᠢ᠃ ᠳᠦᠷᠢᠮ ᠳᠤ ᠪᠠᠲᠤᠯᠠᠬᠤ ᠡᠷᠬᠡ ᠶᠢᠨ ᠲᠤᠭ᠎ᠠ ᠶᠢᠨ ᠲᠠᠯ᠎ᠠ ᠪᠠᠷ ᠨᠡᠯᠢᠶᠡᠳ ᠦᠨᠳᠦᠷ ᠲᠣᠭᠲᠠᠭᠠᠯ | ᠲᠠᠢ ᠪᠣᠯ ᠲᠡᠷᠡ ᠲᠣᠭᠲᠠᠭᠠᠯ ᠢ ᠳᠠᠭᠠᠨ᠎ᠠ᠃ | ᠬᠤᠷᠢᠨ ᠳᠥᠷᠪᠡᠳᠦᠭᠡᠷ ᠵᠦᠢᠯ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠨ ᠤ ᠪᠦᠷᠢᠯᠳᠦᠭᠦᠨ ᠤ ᠶᠡᠭᠡ | ᠬᠤᠷᠠᠯ ᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠬᠤᠷᠠᠯᠳᠤᠭᠤᠯᠵᠦ᠂ ᠬᠤᠷᠠᠯ ᠬᠤᠷᠠᠯᠳᠤᠭᠤᠯᠬᠤ ᠲᠤᠬᠠᠢ ᠳᠦᠷᠢᠮ ᠳᠤ | ᠲᠣᠭᠲᠠᠭᠠᠯ ᠭᠠᠷᠭᠠᠨ᠎ᠠ᠃ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠤᠷᠢᠨ ᠡᠳᠦᠷ ᠤᠨ ᠳᠣᠲᠤᠷ᠎ᠠ | ᠪᠦᠷᠢᠯᠳᠦᠭᠦᠨ ᠤ ᠳᠦᠷ ᠴᠠᠭ ᠤᠨ ᠶᠡᠭᠡ ᠬᠤᠷᠠᠯ ᠢ ᠬᠤᠷᠠᠯᠳᠤᠭᠤᠯᠬᠤ ᠬᠡᠷᠡᠭᠲᠡᠢ᠄ | ︵ᠨᠢᠭᠡ︶ ᠵᠠᠭᠤᠨ ᠤ ᠭᠤᠴᠢ ᠠᠴᠠ ᠳᠡᠭᠡᠭᠰᠢᠬᠢ ᠪᠦᠷᠢᠯᠳᠦᠭᠦᠨ ᠳᠤᠷᠠᠳᠤᠯᠭ᠎ᠠ ᠭᠠᠷᠭᠠᠭᠰᠠᠨ᠃ | ︵ᠬᠤᠶᠠᠷ︶ ᠭᠦᠢᠴᠡᠳᠬᠡᠬᠦ ᠬᠢᠨᠠᠭᠴᠢ ᠪᠤᠶᠤ ᠬᠢᠨᠠᠭᠴᠢᠳ ᠤᠨ ᠵᠦᠪᠯᠡᠯ ᠳᠤᠷᠠᠳᠤᠯᠭ᠎ᠠ ᠭᠠᠷᠭᠠᠭᠰᠠᠨ᠃ | ︵ᠭᠤᠷᠪᠠ︶ ᠳᠦᠷᠢᠮ ᠳᠤ ᠲᠣᠭᠲᠠᠭᠠᠭᠰᠠᠨ ᠪᠤᠰᠤᠳ ᠪᠠᠶᠢᠳᠠᠯ ᠤᠳ᠃ | ᠬᠤᠷᠢᠨ ᠲᠠᠪᠤᠳᠤᠭᠠᠷ ᠵᠦᠢᠯ ᠲᠠᠷᠢᠶᠠᠴᠢᠨ ᠤ ᠲᠣᠰᠬᠠᠢ ᠠᠵᠢᠯ ᠤᠨ ᠬᠤᠷᠰᠢᠶᠠᠨ ᠤ ᠪᠦᠷᠢᠯᠳᠦᠭᠦᠨ ᠨᠢ ᠵᠠᠭᠤ | ᠳᠠᠪᠢᠨ ᠬᠦᠮᠦᠨ ᠠᠴᠠ ᠬᠡᠲᠦᠷᠡᠭᠰᠡᠨ ᠪᠠᠶᠢᠪᠠᠯ᠂ ᠳᠦᠷᠢᠮ ᠤᠨ ᠲᠤᠭᠲᠠᠭᠠᠯ ᠶᠣᠰᠤᠭᠠᠷ ᠪᠦᠷᠢᠯᠳᠦᠭᠦᠨ ᠤ | ᠲᠦᠯᠦᠭᠡᠯᠡᠭᠴᠢᠳ ᠤᠨ ᠶᠡᠭᠡ ᠬᠤᠷᠠᠯ ᠢ ᠪᠠᠶᠢᠭᠤᠯᠵᠤ ᠪᠣᠯᠣᠨ᠎ᠠ᠃ ᠪᠦᠷᠢᠯᠳᠦᠭᠦᠨ ᠤ ᠲᠦᠯᠦᠭᠡᠯᠡᠭᠴᠢᠳ ᠤᠨ ᠶᠡᠭᠡ ᠬᠤᠷᠠᠯ ᠨᠢ | ᠳᠦᠷᠢᠮ ᠤᠨ ᠲᠤᠭᠳᠠᠭᠠᠯ ᠶᠤᠰᠤᠭᠠᠷ ᠪᠦᠷᠢᠯᠳᠦᠭᠦᠨ ᠤ ᠶᠡᠭᠡ ᠬᠤᠷᠠᠯ ᠤᠨ ᠬᠡᠰᠡᠭ ᠪᠤᠶᠤ ᠪᠦᠬᠦ ᠡᠷᠬᠡ ᠲᠤᠰᠢᠶᠠᠯ ᠢ | ᠬᠡᠷᠡᠭᠵᠢᠭᠦᠯᠵᠦ ᠪᠤᠯᠤᠨ᠎ᠠ᠃ | ᠬᠤᠷᠢᠨ ᠵᠢᠷᠭᠤᠳᠤᠭᠠᠷ ᠵᠦᠢᠯ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠨ ᠳᠤ ᠬᠡᠷᠡᠭ ᠡᠷᠬᠢᠯᠡᠭᠴᠢᠳ ᠤᠨ | ᠳᠠᠷᠤᠭ᠎ᠠ ᠨᠢᠭᠡ ᠬᠦᠮᠦᠨ ᠢ ᠭᠠᠷᠭᠠᠵᠤ᠂ ᠬᠡᠷᠡᠭ ᠡᠷᠬᠢᠯᠡᠭᠴᠢᠳ ᠤᠨ ᠵᠦᠪᠯᠡᠯ ᠢ ᠪᠠᠶᠢᠭᠤᠯᠵᠤ ᠪᠣᠯᠣᠨ᠎ᠠ᠃ ᠬᠡᠷᠡᠭ | ᠡᠷᠬᠢᠯᠡᠭᠴᠢᠳ ᠤᠨ ᠳᠠᠷᠤᠭ᠎ᠠ ᠪᠣᠯ ᠲᠤᠰ ᠬᠤᠷᠰᠢᠶᠠᠨ ᠤ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠣᠯᠣᠨ᠎ᠠ᠃ | ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠨᠢ ᠭᠦᠢᠴᠡᠳᠭᠡᠬᠦ ᠬᠢᠨᠠᠭᠴᠢ ᠪᠤᠶᠤ ᠬᠢᠨᠠᠭᠴᠢᠳ ᠤᠨ ᠵᠦᠪᠯᠡᠯ ᠢ | ᠪᠠᠶᠢᠭᠤᠯᠵᠦ ᠪᠤᠯᠤᠨ᠎ᠠ᠃ ᠬᠡᠷᠡᠭ ᠡᠷᠬᠢᠯᠡᠭᠴᠢᠳ ᠤᠨ ᠳᠠᠷᠤᠭ᠎ᠠ᠂ ᠬᠡᠷᠡᠭ ᠡᠷᠬᠢᠯᠡᠭᠴᠢ᠂ ᠵᠢᠩᠯᠢ ᠪᠠ ᠡᠳ᠋ ᠤᠨ ᠶᠠᠪᠤᠳᠠᠯ ᠤᠨ | ᠨᠢᠭᠲᠠᠯᠠᠨ ᠪᠤᠳᠤᠬᠤ ᠠᠵᠢᠯᠲᠠᠨ ᠨᠢ ᠬᠢᠨᠠᠭᠴᠢ ᠶᠢᠨ ᠲᠤᠰᠢᠶᠠᠯ ᠢ ᠬᠠᠪᠰᠤᠷᠭᠠᠨ ᠡᠭᠦᠷᠭᠡᠯᠡᠵᠦ ᠪᠣᠯᠬᠤ ᠦᠬᠡᠢ᠃ | ᠬᠡᠷᠡᠭ ᠡᠷᠬᠢᠯᠡᠭᠴᠢᠳ ᠤᠨ ᠵᠦᠪᠯᠡᠯ ᠤᠨ ᠳᠠᠷᠤᠭ᠎ᠠ᠂ ᠬᠡᠷᠡᠭ ᠡᠷᠬᠢᠯᠡᠭᠴᠢ᠂ ᠭᠦᠢᠴᠡᠳᠬᠡᠬᠦ ᠬᠢᠨᠠᠭᠴᠢ ᠪᠤᠶᠤ | ᠬᠢᠨᠠᠭᠴᠢᠳ ᠤᠨ ᠵᠦᠪᠯᠡᠯ ᠤᠨ ᠪᠦᠷᠢᠯᠳᠦᠭᠦᠨ ᠢ ᠪᠦᠷᠢᠯᠳᠦᠭᠦᠨ ᠤ ᠶᠡᠭᠡ ᠬᠤᠷᠠᠯ ᠠᠴᠠ ᠲᠤᠰ ᠬᠤᠷᠰᠢᠶᠠᠨ ᠤ ᠪᠦᠷᠢᠯᠳᠦᠭᠦᠨ ᠤ | ᠳᠤᠲᠤᠷ᠎ᠠ ᠠᠴᠠ ᠰᠤᠩᠭᠤᠨ ᠭᠠᠷᠭᠠᠵᠤ᠂ ᠲᠡᠳᠡ ᠲᠤᠰ ᠬᠠᠤᠯᠢ ᠪᠠ ᠳᠦᠷᠢᠮ ᠤᠨ ᠲᠤᠭᠲᠠᠭᠠᠯ ᠶᠤᠰᠤᠭᠠᠷ ᠡᠷᠬᠡ | ᠲᠤᠰᠢᠶᠠᠯ ᠢᠶᠠᠨ ᠬᠡᠷᠡᠭᠵᠢᠭᠦᠯᠵᠦ᠂ ᠪᠦᠷᠢᠯᠳᠦᠭᠦᠨ ᠤ ᠶᠡᠭᠡ ᠬᠤᠷᠠᠯ ᠳᠤ ᠬᠠᠷᠢᠭᠤᠴᠠᠨ᠎ᠠ᠃ | ᠬᠡᠷᠡᠭ ᠡᠷᠬᠢᠯᠡᠭᠴᠢᠳ ᠤᠨ ᠵᠦᠪᠯᠡᠯ ᠤᠨ ᠬᠤᠷᠠᠯ᠂ ᠬᠢᠨᠠᠭᠴᠢᠳ ᠤᠨ ᠵᠦᠪᠯᠡᠯ ᠪᠠᠲᠤᠯᠠᠯᠲᠠ ᠬᠢᠬᠦ ᠳᠤ ᠨᠢᠭᠡ ᠬᠦᠮᠦᠨ | ᠨᠢᠭᠡ ᠫᠢᠶᠤᠤ ᠥᠭᠬᠦ ᠳᠦᠷᠢᠮ ᠢ ᠬᠡᠷᠡᠭᠵᠢᠭᠦᠯᠦᠨ᠎ᠡ᠃ | ᠬᠤᠷᠢᠨ ᠳᠣᠯᠣᠳᠤᠭᠠᠷ ᠵᠦᠢᠯ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠨ ᠤ ᠪᠦᠷᠢᠯᠳᠦᠭᠦᠨ ᠤ ᠶᠡᠭᠡ | ᠬᠤᠷᠠᠯ᠂ ᠬᠡᠷᠡᠭ ᠡᠷᠬᠢᠯᠡᠭᠴᠢᠳ ᠤᠨ ᠵᠦᠪᠯᠡᠯ᠂ ᠬᠢᠨᠠᠭᠴᠢᠳ ᠤᠨ ᠵᠦᠪᠯᠡᠯ ᠨᠢ ᠵᠦᠪᠳᠡᠯᠴᠡᠭᠰᠡᠨ ᠪᠦᠬᠦ ᠵᠦᠢᠯ ᠤᠨ ᠢᠶᠠᠨ | ᠲᠣᠭᠲᠠᠭᠠᠯ ᠳᠤ ᠬᠤᠷᠠᠯ ᠤᠨ ᠲᠡᠮᠳᠡᠭᠯᠡᠯ ᠬᠢᠵᠦ᠂ ᠬᠤᠷᠠᠯ ᠳᠤ ᠣᠷᠤᠯᠴᠠᠭᠰᠠᠨ ᠪᠦᠷᠢᠯᠳᠦᠭᠦᠨ᠂ ᠬᠡᠷᠡᠭ ᠡᠷᠬᠢᠯᠡᠭᠴᠢ᠂ | ᠬᠢᠨᠠᠭᠴᠢ ᠬᠤᠷᠠᠯ ᠤᠨ ᠲᠡᠮᠳᠡᠭᠯᠡᠯ ᠳᠡᠭᠡᠷ᠎ᠡ ᠭᠠᠷ ᠤᠨ ᠦᠰᠦᠭ ᠵᠢᠷᠤᠬᠤ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠨ ᠤ ᠬᠡᠷᠡᠭ ᠡᠷᠬᠢᠯᠡᠭᠴᠢᠳ ᠤᠨ | ᠳᠠᠷᠤᠭ᠎ᠠ ᠪᠤᠶᠤ ᠬᠡᠷᠡᠭ ᠡᠷᠬᠢᠯᠡᠭᠴᠢᠳ ᠤᠨ ᠵᠦᠪᠯᠡᠯ ᠨᠢ ᠪᠦᠷᠢᠯᠳᠦᠭᠦᠨ ᠤ ᠶᠡᠭᠡ ᠬᠤᠷᠠᠯ ᠤᠨ ᠲᠣᠭᠲᠠᠭᠠᠯ ᠶᠣᠰᠤᠭᠠᠷ ᠵᠢᠩᠯᠢ | ᠪᠠ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠠᠵᠢᠯᠲᠠᠨ ᠢ ᠤᠷᠢᠨ ᠲᠣᠮᠢᠯᠠᠵᠤ ᠪᠤᠯᠤᠨ᠎ᠠ᠂ ᠬᠡᠷᠡᠭ ᠡᠷᠬᠢᠯᠡᠭᠴᠢᠳ ᠤᠨ | ᠳᠠᠷᠤᠭ᠎ᠠ ᠪᠤᠶᠤ ᠬᠡᠷᠡᠭ ᠡᠷᠬᠢᠯᠡᠭᠴᠢ ᠨᠢ ᠵᠢᠩᠯᠢ ᠶᠢᠨ ᠲᠤᠰᠢᠶᠠᠯ ᠢ ᠬᠠᠪᠰᠤᠷᠭᠠᠨ ᠡᠭᠦᠷᠭᠡᠯᠡᠵᠦ ᠪᠤᠯᠤᠨ᠎ᠠ᠃ ᠵᠢᠩᠯᠢ ᠨᠢ | ᠳᠦᠷᠢᠮ ᠤᠨ ᠲᠣᠭᠲᠠᠭᠠᠯ ᠪᠤᠶᠤ ᠬᠡᠷᠡᠭ ᠡᠷᠬᠢᠯᠡᠭᠴᠢᠳ ᠤᠨ ᠵᠦᠪᠯᠡᠯ ᠤᠨ ᠲᠤᠭᠲᠠᠭᠠᠯ ᠶᠤᠰᠤᠭᠠᠷ ᠪᠤᠰᠤᠳ ᠠᠵᠢᠯᠲᠠᠨ ᠢ | ᠤᠷᠢᠨ ᠲᠣᠮᠢᠯᠠᠵᠤ ᠪᠤᠯᠤᠨ᠎ᠠ᠃ | ᠵᠢᠩᠯᠢ ᠨᠢ ᠳᠦᠷᠢᠮ ᠤᠨ ᠲᠤᠭᠲᠠᠭᠠᠯ ᠪᠠ ᠬᠡᠷᠡᠭ ᠡᠷᠬᠢᠯᠡᠭᠴᠢᠳ ᠤᠨ ᠳᠠᠷᠤᠭ᠎ᠠ ᠪᠤᠶᠤ ᠬᠡᠷᠡᠭ ᠡᠷᠬᠢᠯᠡᠭᠴᠢᠳ ᠤᠨ | ᠵᠦᠪᠯᠡᠯ ᠤᠨ ᠣᠯᠭᠤᠭᠰᠠᠨ ᠡᠷᠬᠡ ᠶᠤᠰᠤᠭᠠᠷ ᠪᠤᠲᠠᠲᠠᠢ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠬᠠᠷᠢᠭᠤᠴᠠᠨ᠎ᠠ᠃ | ᠬᠤᠷᠢ ᠶᠢᠰᠦᠳᠦᠭᠡᠷ ᠵᠦᠢᠯ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠨ ᠤ ᠬᠡᠷᠡᠭ ᠡᠷᠬᠢᠯᠡᠭᠴᠢᠳ ᠤᠨ | ᠳᠠᠷᠤᠭ᠎ᠠ᠂ ᠬᠡᠷᠡᠭ ᠡᠷᠬᠢᠯᠡᠭᠴᠢ ᠪᠠ ᠬᠠᠮᠢᠶᠠᠷᠤᠯᠲᠠ ᠶᠢᠨ ᠠᠵᠢᠯᠲᠠᠨ ᠳᠣᠣᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠢ ᠬᠢᠵᠦ | ᠪᠣᠯᠬᠤ ᠦᠭᠡᠢ᠄ | ︵ᠨᠢᠭᠡ︶ ᠲᠤᠰ ᠬᠤᠷᠰᠢᠶᠠᠨ ᠤ ᠡᠳ᠋ ᠬᠦᠷᠦᠩᠭᠡ ᠶᠢ ᠡᠵᠡᠯᠡᠨ ᠠᠪᠬᠤ᠂ ᠨᠡᠭᠦᠯᠭᠡᠨ ᠬᠡᠷᠡᠭᠯᠡᠬᠦ ᠪᠤᠶᠤ ᠳᠠᠯᠳᠠᠭᠤᠷ | ᠬᠤᠪᠢᠶᠠᠯᠴᠠᠬᠤ᠃ | ︵ᠬᠤᠶᠠᠷ︶ ᠳᠦᠷᠢᠮ ᠤᠨ ᠲᠣᠭᠲᠠᠭᠠᠯ ᠠᠴᠠ ᠵᠦᠷᠢᠴᠡᠬᠦ ᠪᠤᠶᠤ ᠪᠦᠷᠢᠯᠳᠦᠭᠦᠨ ᠤ ᠶᠡᠭᠡ ᠬᠤᠷᠠᠯ ᠢᠶᠠᠷ ᠵᠦᠪᠰᠢᠶᠡᠷᠡᠭᠦᠯᠦᠭᠰᠡᠨ | ᠦᠬᠡᠢ ᠪᠠᠷ ᠲᠤᠰ ᠬᠤᠷᠰᠢᠶᠠᠨ ᠤ ᠪᠡᠯᠡ ᠮᠦᠩᠭᠦ ᠶᠢ ᠪᠤᠰᠤᠳ ᠲᠤ ᠵᠢᠭᠡᠯᠡᠬᠦᠯᠭᠦ ᠪᠤᠶᠤ ᠲᠤᠰ ᠬᠤᠷᠰᠢᠶᠠᠨ ᠤ ᠡᠳ᠋ | ᠬᠦᠷᠦᠩᠭᠡ ᠪᠠᠷ ᠪᠤᠰᠤᠳ ᠲᠤ ᠪᠠᠲᠤᠯᠠᠭ᠎ᠠ ᠬᠠᠩᠭᠠᠬᠤ᠃ | ︵ᠭᠤᠷᠪᠠ︶ ᠪᠤᠰᠤᠳ ᠤᠨ ᠲᠤᠰ ᠬᠤᠷᠰᠢᠶ᠎ᠠ ᠲᠠᠢ ᠠᠷᠠᠯᠵᠢᠶᠠᠯᠠᠭᠰᠠᠨ ᠦᠨ᠎ᠡ ᠵᠠᠰᠠᠬᠤ ᠵᠤᠭᠤᠰ ᠢ ᠬᠦᠯᠢᠶᠡᠨ ᠠᠪᠴᠦ | ᠬᠤᠪᠢᠨ ᠳᠤ ᠪᠠᠨ ᠪᠤᠯᠭᠠᠬᠤ᠃ | ︵ᠳᠥᠷᠪᠡ︶ ᠲᠤᠰ ᠬᠤᠷᠰᠢᠶᠠᠨ ᠤ ᠠᠵᠦ ᠠᠬᠤᠢ ᠶᠢᠨ ᠠᠰᠢᠭ ᠲᠤᠰᠠ ᠶᠢ ᠬᠤᠬᠢᠷᠠᠭᠤᠯᠬᠤ ᠪᠤᠰᠤᠳ | ᠠᠵᠢᠯᠯᠠᠭ᠎ᠠ ᠨᠤᠭᠤᠳ ᠢ ᠬᠢᠬᠦ᠃ | ᠬᠡᠷᠡᠭ ᠡᠷᠬᠢᠯᠡᠭᠴᠢᠳ ᠤᠨ ᠵᠦᠪᠯᠡᠯ ᠤᠨ ᠳᠠᠷᠤᠭ᠎ᠠ᠂ ᠬᠡᠷᠡᠭ ᠡᠷᠬᠢᠯᠡᠭᠴᠢ ᠪᠠ ᠬᠠᠮᠢᠶᠠᠷᠤᠯᠲᠠ ᠶᠢᠨ ᠠᠵᠢᠯᠲᠠᠨ ᠡᠮᠦᠨᠡᠬᠢ | ᠪᠠᠳᠠᠭ ᠤᠨ ᠲᠤᠭᠲᠠᠭᠠᠯ ᠠᠴᠠ ᠵᠦᠷᠢᠴᠡᠭᠡᠳ ᠣᠯᠣᠭᠰᠠᠨ ᠣᠷᠣᠯᠭ᠎ᠠ ᠶᠢ ᠲᠤᠰ ᠬᠤᠷᠰᠢᠶ᠎ᠠ ᠳᠤ ᠦᠮᠴᠢᠯᠡᠬᠦᠯᠬᠦ ᠬᠡᠷᠡᠭᠲᠡᠢ᠃ | ᠲᠤᠰ ᠬᠤᠷᠰᠢᠶ᠎ᠠ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ | ᠭᠤᠴᠢᠳᠣᠭᠠᠷ ᠵᠦᠢᠯ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠨ ᠤ ᠬᠡᠷᠡᠭ ᠡᠷᠬᠢᠯᠡᠭᠴᠢᠳ ᠤᠨ ᠳᠠᠷᠤᠭ᠎ᠠ᠂ | ᠬᠡᠷᠡᠭ ᠡᠷᠬᠢᠯᠡᠭᠴᠢ᠂ ᠵᠢᠩᠯᠢ ᠨᠢ ᠲᠤᠬᠠᠶᠢᠯᠠᠭᠰᠠᠨ ᠠᠵᠢᠯ ᠤᠨ ᠰᠢᠨᠵᠢ ᠴᠢᠨᠠᠷ ᠢᠶᠠᠷ ᠠᠳᠠᠯᠢ ᠪᠤᠰᠤᠳ ᠲᠠᠷᠢᠶᠠᠴᠢᠨ ᠤ | ᠲᠤᠰᠬᠠᠢ ᠠᠵᠢᠯ ᠤᠨ ᠬᠤᠷᠰᠢᠶᠠᠨ ᠤ ᠬᠡᠷᠡᠭ ᠡᠷᠬᠢᠯᠡᠭᠴᠢᠳ ᠤᠨ ᠳᠠᠷᠤᠭ᠎ᠠ᠂ ᠬᠡᠷᠡᠭ ᠡᠷᠬᠢᠯᠡᠭᠴᠢ᠂ ᠬᠢᠨᠠᠭᠴᠢ᠂ ᠵᠢᠩᠯᠢ ᠶᠢᠨ | ᠲᠤᠰᠢᠶᠠᠯ ᠢ ᠬᠠᠪᠰᠤᠷᠭᠠᠨ ᠡᠭᠦᠷᠭᠡᠯᠡᠵᠦ ᠪᠣᠯᠬᠤ ᠦᠭᠡᠢ᠃ | ᠭᠤᠴᠢᠨ ᠨᠢᠭᠡᠳᠦᠭᠡᠷ ᠵᠦᠢᠯ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠨ ᠤ ᠲᠤᠬᠠᠶᠢᠯᠠᠭᠰᠠᠨ ᠠᠵᠢᠯ ᠳᠤ | ᠬᠤᠯᠪᠤᠭᠳᠠᠬᠤ ᠠᠯᠪᠠᠨ ᠶᠠᠪᠤᠳᠠᠯ ᠢ ᠭᠦᠢᠴᠡᠳᠭᠡᠳᠡᠭ ᠠᠵᠢᠯᠲᠠᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠨ ᠤ ᠬᠡᠷᠡᠭ | ᠡᠷᠬᠢᠯᠡᠭᠴᠢᠳ ᠤᠨ ᠳᠠᠷᠤᠭ᠎ᠠ᠂ ᠬᠡᠷᠡᠭ ᠡᠷᠬᠢᠯᠡᠭᠴᠢ᠂ ᠬᠢᠨᠠᠭᠴᠢ᠂ ᠵᠢᠩᠯᠢ ᠪᠤᠶᠤ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ | ᠠᠵᠢᠯᠲᠠᠨ ᠤ ᠲᠤᠰᠢᠶᠠᠯ ᠢ ᠡᠭᠦᠷᠭᠡᠯᠡᠵᠦ ᠪᠣᠯᠬᠤ ᠦᠭᠡᠢ᠃ | | | ᠲᠠᠪᠤᠳᠤᠭᠠᠷ ᠪᠥᠯᠦᠭ ᠡᠳ᠋ ᠤᠨ ᠶᠠᠪᠤᠳᠠᠯ ᠤᠨ ᠬᠠᠮᠢᠶᠠᠷᠤᠯᠲᠠ | ᠭᠤᠴᠢᠨ ᠬᠤᠶᠠᠳᠤᠭᠠᠷ ᠵᠥᠢᠯ ᠲᠥᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠠᠴᠠ ᠣᠯᠣᠰ ᠤᠨ ᠬᠤᠯᠪᠤᠭᠳᠠᠯ ᠪᠥᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠳᠤᠭᠳᠠᠭᠠᠯ ᠶᠤᠰᠤᠭᠠᠷ᠂ | ᠲᠠᠷᠢᠶᠠᠴᠢᠨ ᠤ ᠳᠤᠰᠬᠠᠢ ᠠᠵᠢᠯ ᠤᠨ ᠬᠤᠷᠰᠢᠶᠠᠨ ᠤ ᠡᠳ᠋ ᠤᠨ ᠶᠠᠪᠤᠳᠠᠯ ᠤᠨ ᠨᠢᠭᠳᠠᠯᠠᠨ ᠪᠤᠳᠤᠬᠤ ᠳᠥᠷᠢᠮ ᠢ ᠳᠤᠭᠲᠠᠭᠠᠨ᠎ᠠ᠃ | ᠲᠠᠷᠢᠶᠠᠴᠢᠨ ᠤ ᠳᠤᠰᠬᠠᠢ ᠠᠵᠢᠯ ᠤᠨ ᠬᠤᠷᠰᠢᠶ᠎ᠠ ᠨᠢ ᠲᠥᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠤᠨ ᠳᠤᠭᠳᠠᠭᠠᠭᠰᠠᠨ ᠡᠳ᠋ ᠤᠨ ᠶᠠᠪᠤᠳᠠᠯ ᠤᠨ ᠨᠢᠭᠳᠠᠯᠠᠨ ᠪᠤᠳᠤᠬᠤ ᠳᠥᠷᠢᠮ ᠶᠤᠰᠤᠭᠠᠷ ᠨᠢᠭᠲᠠᠯᠠᠨ | ᠪᠤᠳᠤᠬᠤ ᠲᠤᠭᠠᠴᠠᠭ᠎ᠠ ᠬᠢᠬᠦ ᠬᠡᠷᠡᠭᠲᠡᠢ᠃ | ᠭᠤᠴᠢᠨ ᠭᠤᠷᠪᠠᠳᠤᠭᠠᠷ ᠵᠥᠢᠯ ᠲᠠᠷᠢᠶᠠᠴᠢᠨ ᠤ ᠳᠣᠰᠬᠠᠢ ᠠᠵᠢᠯ ᠤᠨ ᠬᠤᠷᠰᠢᠶᠠᠨ ᠤ ᠬᠡᠷᠡᠭ ᠡᠷᠬᠢᠯᠡᠭᠴᠢᠳ ᠤᠨ | ᠳᠠᠷᠤᠭ᠎ᠠ ᠪᠤᠶᠤ ᠬᠡᠷᠡᠭ ᠡᠷᠬᠢᠯᠡᠭᠴᠢᠳ ᠤᠨ ᠵᠥᠪᠯᠡᠯ ᠨᠢ ᠵᠢᠷᠦᠮ ᠤᠨ ᠳᠤᠭᠲᠠᠭᠠᠯ ᠶᠣᠰᠤᠭᠠᠷ ᠳᠤᠬᠠᠶᠢᠯᠠᠭᠰᠠᠨ ᠠᠵᠢᠯ ᠤᠨ | ᠣᠨ ᠤ ᠮᠡᠳᠡᠭᠦᠯᠦᠯᠲᠡ᠂ ᠦᠯᠡᠳᠡᠪᠥᠷᠢ ᠶᠢ ᠬᠤᠪᠢᠶᠠᠷᠢᠯᠠᠬᠤ ᠲᠥᠰᠦᠯ᠂ ᠠᠯᠳᠠᠭᠳᠠᠯ ᠢ ᠰᠢᠢᠳᠪᠥᠷᠢᠯᠡᠬᠦ ᠲᠥᠰᠦᠯ ᠬᠢᠭᠡᠳ | ᠡᠳ᠋ ᠤᠨ ᠶᠠᠪᠤᠳᠠᠯ ᠤᠨ ᠨᠢᠭᠳᠠᠯᠠᠨ ᠪᠤᠳᠤᠬᠤ ᠮᠡᠳᠡᠭᠦᠯᠦᠯᠲᠡ ᠶᠢ ᠵᠣᠬᠢᠶᠠᠨ ᠨᠠᠶᠢᠷᠠᠭᠤᠯᠵᠤ᠂ ᠪᠥᠷᠢᠯᠳᠦᠭᠦᠨ ᠤ ᠶᠡᠭᠡ ᠬᠤᠷᠠᠯ | ᠬᠤᠷᠠᠯᠳᠤᠬᠤ ᠠᠴᠠ ᠠᠷᠪᠠᠨ ᠲᠠᠪᠤᠨ ᠡᠳᠦᠷ ᠤᠨ ᠡᠮᠦᠨ᠎ᠡ ᠠᠯᠪᠠᠨ ᠭᠠᠵᠠᠷ ᠲᠤ ᠪᠡᠯᠡᠳᠭᠡᠨ ᠲᠠᠯᠪᠢᠭᠠᠳ᠂ ᠪᠥᠷᠢᠯᠳᠦᠭᠦᠨ ᠢᠶᠠᠷ | ᠪᠠᠶᠢᠴᠠᠭᠠᠨ ᠦᠵᠡᠭᠦᠯᠬᠦ ᠬᠡᠷᠡᠭᠲᠡᠢ᠃ | ᠭᠤᠴᠢᠨ ᠳᠥᠷᠪᠡᠳᠦᠭᠡᠷ ᠵᠥᠢᠯ ᠲᠠᠷᠢᠶᠠᠴᠢᠨ ᠤ ᠳᠤᠰᠬᠠᠢ ᠠᠵᠢᠯ ᠤᠨ ᠬᠤᠷᠰᠢᠶ᠎ᠠ ᠨᠢ ᠪᠥᠷᠢᠯᠳᠦᠭᠦᠨ ᠲᠠᠢ ᠪᠠᠨ | ᠬᠢᠭᠰᠡᠨ ᠠᠷᠠᠯᠵᠢᠶ᠎ᠠ ᠪᠤᠯᠤᠨ ᠲᠡᠭᠦᠨ ᠤ ᠬᠠᠩᠭᠠᠭᠰᠠᠨ ᠦᠢᠯᠡᠴᠢᠯᠡᠭᠡ ᠶᠢ ᠠᠰᠢᠭᠯᠠᠭᠰᠠᠨ ᠪᠥᠷᠢᠯᠳᠦᠭᠦᠨ ᠪᠤᠰᠤ ᠬᠥᠮᠦᠰ ᠲᠠᠢ | ᠬᠢᠭᠰᠡᠨ ᠠᠷᠠᠯᠵᠢᠶ᠎ᠠ ᠶᠢ ᠲᠣᠰ ᠲᠣᠰ ᠲᠤᠨᠢ ᠲᠣᠭᠠᠴᠠᠯᠠᠬᠤ ᠬᠡᠷᠡᠭᠲᠡᠢ᠃ | ᠭᠤᠴᠢᠨ ᠲᠠᠪᠤᠳᠤᠭᠠᠷ ᠵᠥᠢᠯ ᠲᠠᠷᠢᠶᠠᠴᠢᠨ ᠤ ᠳᠤᠰᠬᠠᠢ ᠠᠵᠢᠯ ᠤᠨ ᠬᠤᠷᠰᠢᠶ᠎ᠠ ᠨᠢ ᠳᠥᠷᠢᠮ ᠤᠨ ᠳᠤᠭᠲᠠᠭᠠᠯ | ᠪᠤᠶᠤ ᠪᠥᠷᠢᠯᠳᠦᠭᠦᠨ ᠤ ᠶᠡᠭᠡ ᠬᠤᠷᠠᠯ ᠤᠨ ᠰᠢᠢᠳᠪᠥᠷᠢ ᠶᠣᠰᠤᠭᠠᠷ ᠲᠤᠰ ᠵᠢᠯ ᠤᠨ ᠦᠯᠡᠳᠡᠪᠥᠷᠢ ᠠᠴᠠ ᠪᠠᠨ ᠨᠡᠶᠢᠲᠠ ᠶᠢᠨ | ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠴᠤ ᠪᠤᠯᠤᠨ᠎ᠠ᠃ ᠨᠡᠶᠢᠲᠠ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠠᠯᠳᠠᠭᠳᠠᠯ ᠢ ᠨᠥᠬᠦᠪᠥᠷᠢᠯᠡᠬᠦ᠂ ᠦᠢᠯᠡᠳᠪᠥᠷᠢᠯᠡᠯ ᠡᠵᠡᠩᠨᠡᠯᠲᠡ ᠶᠢ ᠥᠷᠭᠡᠳᠭᠡᠬᠦ ᠪᠤᠶᠤ ᠪᠥᠷᠢᠯᠳᠦᠭᠦᠨ ᠤ ᠭᠠᠷᠭᠠᠭᠰᠠᠨ ᠪᠡᠯᠡ | ᠮᠥᠩᠭᠦ ᠪᠤᠯᠭᠠᠬᠤ ᠳᠤ ᠬᠡᠷᠡᠭᠯᠡᠨ᠎ᠡ᠃ | ᠵᠢᠯ ᠪᠥᠷᠢ ᠶᠢᠨ ᠭᠠᠷᠭᠠᠵᠤ ᠠᠪᠬᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠳᠥᠷᠢᠮ ᠤᠨ ᠳᠤᠭᠲᠠᠭᠠᠯ | ᠶᠤᠰᠤᠭᠠᠷ ᠪᠥᠷᠢᠯᠳᠦᠭᠦᠨ ᠨᠢᠭᠡᠪᠥᠷᠢ ᠶᠢᠨ ᠬᠤᠪᠢ ᠶᠢᠨ ᠲᠤᠭ᠎ᠠ ᠪᠤᠯᠭᠠᠨ ᠬᠡᠮᠵᠢᠶᠡᠯᠡᠨ᠎ᠡ᠃ | ᠭᠤᠴᠢᠨ ᠵᠢᠷᠭᠤᠳᠤᠭᠠᠷ ᠵᠥᠢᠯ ᠲᠠᠷᠢᠶᠠᠴᠢᠨ ᠤ ᠳᠤᠰᠬᠠᠢ ᠠᠵᠢᠯ ᠤᠨ ᠬᠤᠷᠰᠢᠶ᠎ᠠ ᠨᠢ ᠪᠥᠷᠢᠯᠳᠦᠭᠦᠨ | ᠨᠢᠭᠡᠪᠥᠷᠢ ᠳᠤ ᠪᠥᠷᠢᠯᠳᠦᠭᠦᠨ ᠤ ᠳᠠᠩᠰᠠᠨ ᠡᠷᠦᠬᠡ ᠪᠠᠶᠢᠭᠤᠯᠵᠤ᠂ ᠭᠤᠤᠯᠳᠠᠭᠤ ᠳᠤᠤᠷ᠎ᠠ ᠵᠢᠭᠰᠠᠭᠠᠭᠰᠠᠨ | ᠠᠭᠤᠯᠭ᠎ᠠ ᠨᠤᠭᠤᠳ ᠢ ᠲᠡᠮᠳᠡᠭᠯᠡᠬᠦ ᠬᠡᠷᠡᠭᠲᠡᠢ᠃ | ︵ᠨᠢᠭᠡ︶ ᠲᠤᠰ ᠪᠥᠷᠢᠯᠳᠦᠭᠦᠨ ᠤ ᠭᠠᠷᠭᠠᠭᠰᠠᠨ ᠪᠡᠯᠡ ᠶᠢᠨ ᠲᠤᠭ᠎ᠠ᠃ | ︵ᠬᠤᠶᠠᠷ︶ ᠲᠣᠰ ᠪᠥᠷᠢᠯᠳᠦᠭᠦᠨ ᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠷ ᠬᠡᠮᠵᠢᠶᠡᠯᠡᠭᠰᠡᠨ ᠬᠤᠪᠢ ᠶᠢᠨ | ᠲᠤᠭ᠎ᠠ᠃ | ︵ᠭᠤᠷᠪᠠ︶ ᠲᠣᠰ ᠪᠥᠷᠢᠯᠳᠦᠭᠦᠨ ᠬᠢᠭᠡᠳ ᠲᠤᠰ ᠬᠤᠰᠢᠭᠤᠨ ᠤ ᠬᠤᠭᠤᠷᠤᠨᠳᠤ ᠠᠷᠠᠯᠵᠢᠶᠠᠯᠠᠭᠰᠠᠨ ᠬᠡᠮᠵᠢᠶ᠎ᠡ ︵ᠲᠤᠭ᠎ᠠ︶᠃ | ᠭᠤᠴᠢᠨ ᠳᠤᠯᠤᠳᠤᠭᠠᠷ ᠵᠥᠢᠯ ᠠᠯᠳᠠᠭᠳᠠᠯ ᠢ ᠨᠥᠬᠦᠪᠥᠷᠢᠯᠡᠵᠦ᠂ ᠨᠡᠶᠢᠲᠡ ᠶᠢᠨ ᠬᠤᠷᠠᠮᠳᠣᠭᠤᠯᠭ᠎ᠠ ᠶᠢᠨ ᠮᠥᠩᠭᠦ ᠶᠢ | ᠭᠠᠷᠭᠠᠨ ᠠᠪᠤᠭᠰᠠᠨ ᠤ ᠳᠠᠷᠠᠭᠠᠬᠢ ᠲᠣᠰ ᠵᠢᠯ ᠤᠨ ᠦᠯᠡᠳᠡᠪᠥᠷᠢ ᠪᠣᠯ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠨ ᠤ | ᠬᠤᠪᠢᠶᠠᠷᠢᠯᠠᠵᠤ ᠪᠣᠯᠬᠤ ᠦᠯᠡᠳᠡᠪᠥᠷᠢ ᠪᠣᠯᠣᠨ᠎ᠠ᠃ | ᠬᠤᠪᠢᠶᠠᠷᠢᠯᠠᠵᠤ ᠪᠣᠯᠬᠤ ᠦᠯᠡᠳᠡᠪᠥᠷᠢ ᠶᠢ ᠳᠤᠤᠷ᠎ᠠ ᠵᠢᠭᠰᠠᠭᠠᠭᠰᠠᠨ ᠳᠣᠭᠲᠠᠭᠠᠯ ᠶᠣᠰᠣᠭᠠᠷ ᠪᠥᠷᠢᠯᠳᠦᠭᠦᠨ ᠳᠤ | ᠪᠣᠴᠠᠭᠠᠬᠤ ᠪᠤᠶᠤ ᠬᠤᠪᠢᠶᠠᠷᠢᠯᠠᠨ᠎ᠠ᠃ ᠪᠣᠳᠠᠲᠠᠢ ᠬᠤᠪᠢᠶᠠᠷᠢᠯᠠᠯᠲᠠ ᠶᠢᠨ ᠠᠷᠭ᠎ᠠ ᠶᠢ ᠳᠥᠷᠢᠮ ᠤᠨ ᠳᠤᠭᠲᠠᠭᠠᠯ ᠪᠤᠶᠤ | ᠪᠥᠷᠢᠯᠳᠦᠭᠦᠨ ᠤ ᠶᠡᠭᠡ ᠬᠤᠷᠠᠯ ᠤᠨ ᠰᠢᠢᠳᠪᠥᠷᠢ ᠪᠠᠷ ᠳᠤᠭᠲᠠᠭᠠᠨ᠎ᠠ᠄ | ︵ᠨᠢᠭᠡ︶ ᠪᠥᠷᠢᠯᠳᠦᠭᠦᠨ ᠬᠢᠭᠡᠳ ᠲᠣᠰ ᠬᠤᠷᠰᠢᠶᠠᠨ ᠤ ᠬᠤᠭᠤᠷᠤᠨᠳᠤ ᠠᠷᠠᠯᠵᠢᠶᠠᠯᠠᠭᠰᠠᠨ ᠬᠡᠮᠵᠢᠶᠡᠨ ︵ᠲᠣᠭᠠᠨ︶ ᠤ | ᠬᠠᠷᠢᠴᠠᠯ ᠢᠶᠠᠷ ᠪᠤᠴᠠᠭᠠᠬᠤ ᠳᠤ ᠪᠤᠴᠠᠭᠠᠭᠰᠠᠨ ᠪᠥᠬᠦ ᠲᠤᠭ᠎ᠠ ᠶᠢ ᠬᠤᠪᠢᠶᠠᠷᠢᠯᠠᠵᠤ ᠪᠣᠯᠬᠤ ᠦᠯᠡᠳᠡᠪᠥᠷᠢ ᠶᠢᠨ ᠵᠠᠭᠤᠨ ᠤ | ᠵᠢᠷᠠ ᠠᠴᠠ ᠳᠤᠤᠷ᠎ᠠ ᠪᠠᠶᠢᠯᠭᠠᠵᠤ ᠪᠣᠯᠬᠤ ᠦᠭᠡᠢ᠃ | ︵ᠬᠤᠶᠠᠷ︶ ᠡᠮᠦᠨᠡᠬᠢ ᠵᠣᠷᠪᠣᠰ ᠤᠨ ᠳᠣᠭᠲᠠᠭᠠᠯ ᠶᠣᠰᠣᠭᠠᠷ ᠪᠤᠴᠠᠭᠠᠭᠰᠠᠨ ᠤ ᠳᠠᠷᠠᠭᠠᠬᠢ ᠦᠯᠡᠳᠡᠪᠥᠷᠢ ᠬᠡᠰᠡᠭ ᠢ | ᠪᠥᠷᠢᠯᠳᠦᠭᠦᠨ ᠤ ᠳᠠᠩᠰᠠᠨ ᠡᠷᠦᠬᠡ ᠳᠤ ᠲᠡᠮᠳᠡᠭᠯᠡᠵᠦ ᠪᠠᠶᠢᠭ᠎ᠠ ᠭᠠᠷᠭᠠᠭᠰᠠᠨ ᠪᠡᠯᠡ ᠶᠢᠨ ᠲᠤᠭ᠎ᠠ ᠪᠠ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠶᠢᠨ ᠲᠤᠭ᠎ᠠ ᠵᠢᠴᠢ ᠲᠣᠰ ᠬᠤᠷᠰᠢᠶᠠᠨ ᠤ ᠣᠯᠣᠰ ᠤᠨ ᠡᠳ᠋ ᠤᠨ ᠵᠠᠰᠠᠭ ᠤᠨ | ᠰᠢᠭᠤᠳ ᠨᠥᠬᠦᠪᠥᠷᠢ ᠶᠢ ᠬᠦᠯᠢᠶᠡᠨ ᠠᠪᠣᠭᠰᠠᠨ ᠪᠠ ᠪᠣᠰᠣᠳ ᠬᠠᠨᠳᠢᠪ ᠢᠶᠠᠷ ᠪᠥᠷᠢᠯᠳᠦᠭᠰᠡᠨ ᠡᠳ᠋ ᠬᠥᠷᠦᠩᠭᠡ ᠪᠠᠷ ᠳᠡᠭᠰᠢ | ᠬᠡᠮᠵᠢᠶᠡᠯᠡᠭᠡᠳ ᠪᠥᠷᠢᠯᠳᠦᠭᠦᠨ ᠤ ᠬᠤᠪᠢ ᠶᠢᠨ ᠲᠤᠭ᠎ᠠ ᠳᠤ ᠨᠤᠭᠳᠠᠭᠤᠯᠵᠤ᠂ ᠲᠣᠰ ᠬᠤᠷᠰᠢᠶᠠᠨ ᠤ ᠪᠥᠷᠢᠯᠳᠦᠭᠦᠨ ᠳᠤ | ᠬᠠᠷᠢᠴᠠᠯ ᠢᠶᠠᠷ ᠬᠤᠪᠢᠶᠠᠷᠢᠯᠠᠨ᠎ᠠ᠃ | ᠭᠤᠴᠢᠨ ᠨᠠᠢᠮᠠᠳᠤᠭᠠᠷ ᠵᠥᠢᠯ ᠭᠦᠢᠴᠡᠳᠭᠡᠬᠦ ᠬᠢᠨᠠᠭᠴᠢ ᠪᠤᠶᠤ ᠬᠢᠨᠠᠭᠴᠢᠳ ᠤᠨ ᠵᠥᠪᠯᠡᠯ ᠭᠠᠷᠭᠠᠭᠰᠠᠨ | ᠲᠠᠷᠢᠶᠠᠴᠢᠨ ᠤ ᠲᠣᠰᠬᠠᠢ ᠠᠵᠢᠯ ᠤᠨ ᠬᠤᠷᠰᠢᠶ᠎ᠠ ᠨᠢ ᠭᠦᠢᠴᠡᠳᠭᠡᠬᠦ ᠬᠢᠨᠠᠭᠴᠢ ᠪᠤᠶᠤ ᠬᠢᠨᠠᠭᠴᠢᠳ ᠤᠨ ᠵᠥᠪᠯᠡᠯ ᠠᠴᠠ ᠲᠣᠰ | ᠬᠤᠷᠰᠢᠶᠠᠨ ᠤ ᠡᠳ᠋ ᠤᠨ ᠶᠠᠪᠣᠳᠠᠯ ᠳᠤ ᠳᠤᠲᠤᠭᠠᠳᠤ ᠶᠢᠨ ᠬᠢᠨᠠᠨ ᠪᠣᠳᠣᠯᠲᠠ ᠬᠢᠵᠦ᠂ ᠬᠢᠨᠠᠨ ᠪᠣᠳᠣᠭᠰᠠᠨ ᠦᠷ᠎ᠡ ᠳ᠋ᠥᠩ ᠢ | ᠪᠥᠷᠢᠯᠳᠦᠭᠦᠨ ᠤ ᠶᠡᠭᠡ ᠬᠤᠷᠠᠯ ᠳᠤ ᠮᠡᠳᠡᠭᠦᠯᠬᠦ ᠬᠡᠷᠡᠭᠲᠡᠢ᠃ | ᠪᠥᠷᠢᠯᠳᠦᠭᠦᠨ ᠤ ᠶᠡᠭᠡ ᠬᠤᠷᠠᠯ ᠨᠢ ᠪᠠᠰᠠ ᠬᠢᠨᠠᠨ ᠪᠣᠳᠣᠬᠤ ᠪᠠᠶᠢᠭᠤᠯᠤᠮᠵᠢ ᠳᠤ ᠨᠠᠶᠢᠳᠠᠵᠤ ᠲᠣᠰ ᠬᠤᠷᠰᠢᠶᠠᠨ ᠤ | ᠡᠳ᠋ ᠤᠨ ᠶᠠᠪᠣᠳᠠᠯ ᠳᠤ ᠬᠢᠨᠠᠨ ᠪᠣᠳᠣᠯᠲᠠ ᠬᠢᠯᠭᠡᠵᠦ ᠪᠣᠯᠣᠨ᠎ᠠ᠃ | | | ᠵᠢᠷᠭᠤᠳᠤᠭᠠᠷ ᠪᠦᠯᠦᠭ ᠨᠡᠶᠢᠯᠡᠭᠦᠯᠬᠦ᠂ ᠰᠠᠯᠭᠠᠬᠤ᠂ ᠲᠠᠷᠬᠠᠭᠠᠬᠤ ᠪᠠ ᠢᠯᠭᠠᠷᠠᠭᠤᠯᠤᠨ ᠪᠣᠳᠤᠬᠤ | ᠭᠤᠴᠢ ᠶᠢᠰᠦᠳᠦᠭᠡᠷ ᠵᠦᠢᠯ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠶᠢ ᠨᠡᠶᠢᠯᠡᠭᠦᠯᠬᠦ ᠳᠤ ᠨᠡᠶᠢᠯᠡᠭᠦᠯᠬᠦ | ᠰᠢᠢᠳᠪᠦᠷᠢ ᠭᠠᠷᠭᠠᠭᠰᠠᠨ ᠡᠳᠦᠷ ᠠᠴᠠ ᠡᠬᠢᠯᠡᠨ ᠠᠷᠪᠠᠨ ᠡᠳᠦᠷ ᠤᠨ ᠳᠣᠲᠤᠷ᠎ᠠ ᠠᠪᠴᠠᠭᠠᠲᠠᠨ ᠳᠤ ᠮᠡᠳᠡᠭᠳᠡᠬᠦ ᠬᠡᠷᠡᠭᠲᠡᠢ᠃ | ᠨᠡᠶᠢᠯᠡᠬᠦ ᠡᠯ᠎ᠡ ᠲᠠᠯ᠎ᠠ ᠶᠢᠨ ᠠᠪᠴᠠᠭ᠎ᠠ᠂ ᠥᠭᠴᠡᠭᠡ ᠶᠢ ᠨᠡᠶᠢᠯᠡᠭᠦᠯᠦᠭᠰᠡᠨ ᠤ ᠳᠠᠷᠠᠭᠠᠬᠢ ᠦᠷᠭᠦᠯᠵᠢᠯᠡᠨ ᠦᠯᠡᠳᠡᠭᠰᠡᠨ ᠪᠤᠶᠤ | ᠰᠢᠨ᠎ᠡ ᠪᠠᠷ ᠪᠠᠶᠢᠭᠤᠯᠤᠭᠰᠠᠨ ᠵᠤᠬᠢᠶᠠᠨ ᠪᠠᠶᠢᠭᠤᠯᠤᠯᠲᠠ ᠵᠠᠯᠭᠠᠮᠵᠢᠯᠠᠬᠤ ᠬᠡᠷᠡᠭᠲᠡᠢ᠃ | ᠳᠦᠴᠢᠳᠦᠭᠡᠷ ᠵᠦᠢᠯ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠶᠢ ᠰᠠᠯᠭᠠᠬᠤ ᠳᠤ ᠲᠡᠭᠦᠨ ᠤ ᠡᠳ᠋ | ᠬᠦᠷᠦᠩᠭᠡ ᠶᠢ ᠨᠢ ᠵᠣᠬᠢᠴᠠᠩᠭᠤᠢ ᠪᠠᠷ ᠰᠠᠯᠭᠠᠬᠤ ᠪᠦᠭᠡᠳ ᠰᠠᠯᠭᠠᠬᠤ ᠰᠢᠢᠳᠪᠦᠷᠢ ᠭᠠᠷᠭᠠᠭᠰᠠᠨ ᠡᠳᠦᠷ ᠠᠴᠠ ᠡᠬᠢᠯᠡᠨ ᠠᠷᠪᠠᠨ | ᠡᠳᠦᠷ ᠤᠨ ᠳᠣᠲᠤᠷ᠎ᠠ ᠠᠪᠴᠠᠭᠠᠲᠠᠨ ᠳᠤ ᠮᠡᠳᠡᠭᠳᠡᠬᠦ ᠬᠡᠷᠡᠭᠲᠡᠢ᠃ ᠰᠠᠯᠭᠠᠬᠤ ᠠᠴᠠ ᠡᠮᠦᠨᠡᠬᠢ ᠥᠭᠴᠡᠭᠡ ᠳᠤ ᠰᠠᠯᠭᠠᠭᠰᠠᠨ ᠤ | ᠳᠠᠷᠠᠭᠠᠬᠢ ᠵᠣᠬᠢᠶᠠᠨ ᠪᠠᠶᠢᠭᠤᠯᠤᠯᠲᠠ ᠬᠤᠯᠪᠤᠭᠳᠠᠭᠰᠠᠨ ᠬᠠᠷᠢᠭᠤᠴᠠᠯᠭ᠎ᠠ ᠡᠭᠦᠷᠭᠡᠯᠡᠨ᠎ᠡ᠃ ᠭᠡᠪᠡᠴᠦ ᠰᠠᠯᠭᠠᠬᠤ ᠠᠴᠠ ᠡᠮᠦᠨ᠎ᠡ | ᠠᠪᠴᠠᠭᠠᠲᠠᠨ ᠲᠠᠢ ᠥᠭᠴᠡᠭᠡ ᠶᠢ ᠲᠦᠯᠦᠵᠦ ᠳᠠᠭᠤᠰᠬᠠᠬᠤ ᠪᠠᠷ ᠲᠣᠭᠲᠠᠭᠰᠠᠨ ᠪᠢᠴᠢᠭ ᠤᠨ ᠬᠡᠯᠡᠯᠴᠡᠭᠡᠷ ᠲᠤ ᠠᠰᠲᠠᠭᠠᠨ | ᠪᠣᠯᠵᠣᠯ ᠲᠠᠢ ᠨᠢ ᠡᠭᠦᠨ ᠳᠤ ᠪᠠᠭᠲᠠᠬᠤ ᠦᠭᠡᠢ᠃ | ᠳᠦᠴᠢᠨ ᠨᠢᠭᠡᠳᠦᠭᠡᠷ ᠵᠦᠢᠯ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠶᠢ ᠳᠤᠤᠷ᠎ᠠ ᠵᠢᠭᠰᠠᠭᠠᠭᠰᠠᠨ | ᠰᠢᠯᠲᠠᠭᠠᠨ ᠨᠤᠭᠤᠳ ᠠᠴᠠ ᠪᠣᠯᠵᠤ ᠲᠠᠷᠬᠠᠭᠠᠨ᠎ᠠ᠄ | ︵ᠨᠢᠭᠡ︶ ᠳᠦᠷᠢᠮ ᠳᠤ ᠲᠤᠭᠲᠠᠭᠠᠭᠰᠠᠨ ᠲᠠᠷᠬᠠᠭᠠᠬᠤ ᠤᠴᠢᠷ ᠰᠢᠯᠲᠠᠭᠠᠨ ᠭᠠᠷᠤᠭᠰᠠᠨ᠃ | ︵ᠬᠤᠶᠠᠷ︶ ᠪᠦᠷᠢᠯᠳᠦᠭᠦᠨ ᠤ ᠶᠡᠭᠡ ᠬᠤᠷᠠᠯ ᠠᠴᠠ ᠲᠠᠷᠬᠠᠭᠠᠬᠤ ᠰᠢᠢᠳᠪᠦᠷᠢ ᠭᠠᠷᠭᠠᠭᠰᠠᠨ᠃ | ︵ᠭᠤᠷᠪᠠ︶ ᠨᠡᠶᠢᠯᠡᠭᠦᠯᠬᠦ ᠪᠤᠶᠤ ᠰᠠᠯᠭᠠᠬᠤ ᠶᠢᠨ ᠰᠢᠯᠲᠠᠭᠠᠨ ᠠᠴᠠ ᠪᠣᠯᠵᠤ ᠲᠠᠷᠬᠠᠭᠠᠬᠤ ᠴᠢᠬᠤᠯᠠᠲᠠᠢ ᠪᠣᠯᠣᠭᠰᠠᠨ᠃ | ︵ᠳᠥᠷᠪᠡ︶ ᠡᠵᠡᠩᠨᠡᠯᠲᠡ ᠶᠢᠨ ᠦᠨᠡᠮᠯᠡᠯ ᠢ ᠨᠢ ᠬᠠᠤᠯᠢ ᠶᠣᠰᠤᠭᠠᠷ ᠬᠤᠷᠢᠶᠠᠨ ᠠᠪᠴᠦ ᠬᠦᠴᠦᠨ ᠦᠭᠡᠢ ᠪᠣᠯᠭᠠᠭᠰᠠᠨ ᠪᠤᠶᠤ | ᠬᠦᠴᠦᠨ ᠦᠭᠡᠢ ᠪᠣᠯᠭᠠᠭᠳᠠᠭᠰᠠᠨ᠃ | ᠡᠮᠦᠨᠡᠬᠢ ᠪᠠᠳᠠᠭ ᠤᠨ ᠨᠢᠭᠡᠳᠦᠭᠡᠷ ᠵᠤᠷᠪᠤᠰ᠂ ᠬᠤᠶᠠᠳᠤᠭᠠᠷ ᠵᠣᠷᠪᠤᠰ᠂ ᠳᠥᠷᠪᠡᠳᠦᠭᠡᠷ ᠵᠣᠷᠪᠤᠰ ᠤᠨ ᠰᠢᠯᠲᠠᠭᠠᠨ ᠠᠴᠠ | ᠪᠣᠯᠵᠤ ᠲᠠᠷᠬᠠᠭᠠᠭᠳᠠᠭᠰᠠᠨ ᠪᠠᠶᠢᠪᠠᠯ᠂ ᠲᠠᠷᠬᠠᠭᠠᠬᠤ ᠤᠴᠢᠷ ᠰᠢᠯᠲᠠᠭᠠᠨ ᠭᠠᠷᠤᠭᠰᠠᠨ ᠡᠳᠦᠷ ᠠᠴᠠ ᠡᠬᠢᠯᠡᠨ ᠠᠷᠪᠠᠨ ᠲᠠᠪᠤᠨ | ᠡᠳᠦᠷ ᠤᠨ ᠳᠣᠲᠤᠷ᠎ᠠ ᠪᠦᠷᠢᠯᠳᠦᠭᠦᠨ ᠤ ᠶᠡᠭᠡ ᠬᠤᠷᠠᠯ ᠠᠴᠠ ᠪᠦᠷᠢᠯᠳᠦᠭᠦᠨ ᠢ ᠰᠤᠩᠭᠤᠵᠤ ᠢᠯᠭᠠᠷᠠᠭᠤᠯᠤᠨ ᠪᠤᠳᠤᠬᠤ | ᠳᠤᠭᠤᠶᠢᠯᠠᠩ ᠪᠠᠶᠢᠭᠤᠯᠵᠦ᠂ ᠲᠠᠷᠬᠠᠭᠠᠬᠤ ᠢᠯᠭᠠᠷᠠᠭᠤᠯᠤᠨ ᠪᠣᠳᠣᠯᠲᠠ ᠶᠢ ᠡᠬᠢᠯᠡᠨ ᠬᠢᠬᠦ ᠬᠡᠷᠡᠭᠲᠡᠢ᠃ ᠬᠤᠭᠤᠴᠠᠭ᠎ᠠ | ᠬᠡᠲᠦᠷᠡᠲᠡᠯ᠎ᠡ ᠢᠯᠭᠠᠷᠠᠭᠤᠯᠤᠨ ᠪᠣᠳᠤᠬᠤ ᠳᠤᠭᠤᠶᠢᠯᠠᠩ ᠪᠠᠶᠢᠭᠤᠯᠤᠭᠰᠠᠨ ᠦᠭᠡᠢ ᠪᠠᠶᠢᠪᠠᠯ᠂ ᠪᠦᠷᠢᠯᠳᠦᠭᠦᠨ᠂ ᠠᠪᠴᠠᠭᠠᠲᠠᠨ | ᠨᠢ ᠠᠷᠠᠳ ᠤᠨ ᠰᠢᠬᠦᠬᠦ ᠬᠤᠷᠢᠶ᠎ᠠ ᠳᠤ ᠬᠤᠯᠪᠤᠭᠳᠠᠯ ᠪᠦᠬᠦᠢ ᠬᠦᠮᠦᠰ ᠢ ᠵᠢᠭᠠᠨ ᠲᠣᠭᠲᠠᠭᠠᠭᠠᠳ ᠢᠯᠭᠠᠷᠠᠭᠤᠯᠤᠨ ᠪᠣᠳᠤᠬᠤ | ᠳᠤᠭᠤᠶᠢᠯᠠᠩ ᠪᠠᠶᠢᠭᠤᠯᠵᠤ ᠢᠯᠭᠠᠷᠠᠭᠤᠯᠤᠨ ᠪᠣᠳᠤᠭᠤᠯᠬᠤ ᠪᠠᠷ ᠭᠤᠶᠤᠴᠢᠯᠠᠵᠤ ᠪᠣᠯᠣᠨ᠎ᠠ᠃ ᠠᠷᠠᠳ ᠤᠨ ᠰᠢᠬᠦᠬᠦ ᠬᠤᠷᠢᠶ᠎ᠠ | ᠡᠨᠡ ᠬᠦ ᠭᠤᠶᠤᠴᠢᠯᠠᠯ ᠢ ᠬᠦᠯᠢᠶᠡᠨ ᠠᠪᠴᠦ ᠰᠢᠢᠳᠪᠦᠷᠢᠯᠡᠬᠦ ᠬᠡᠷᠡᠭᠲᠡᠢ ᠪᠦᠭᠡᠳ ᠢᠯᠭᠠᠷᠠᠭᠤᠯᠤᠨ ᠪᠣᠳᠤᠬᠤ ᠳᠤᠭᠤᠶᠢᠯᠠᠩ ᠤᠨ | ᠪᠦᠷᠢᠯᠳᠦᠭᠦᠨ ᠢ ᠴᠠᠭ ᠲᠤᠬᠠᠢ ᠳᠤᠨᠢ ᠵᠢᠭᠠᠨ ᠲᠤᠭᠲᠠᠭᠠᠵᠤ ᠢᠯᠭᠠᠷᠠᠭᠤᠯᠤᠨ ᠪᠣᠳᠤᠭᠤᠯᠬᠤ ᠬᠡᠷᠡᠭᠲᠡᠢ᠃ | ᠳᠦᠴᠢᠨ ᠬᠤᠶᠠᠳᠤᠭᠠᠷ ᠵᠦᠢᠯ ᠢᠯᠭᠠᠷᠠᠭᠤᠯᠤᠨ ᠪᠣᠳᠤᠬᠤ ᠳᠤᠭᠤᠶᠢᠯᠠᠩ ᠨᠢ ᠪᠠᠶᠢᠭᠤᠯᠤᠭᠳᠠᠭᠰᠠᠨ ᠡᠳᠦᠷ ᠠᠴᠠ | ᠡᠬᠢᠯᠡᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠶᠢ ᠬᠦᠯᠢᠶᠡᠨ ᠠᠪᠴᠦ ᠬᠠᠮᠢᠶᠠᠷᠤᠨ᠂ ᠢᠯᠭᠠᠷᠠᠭᠤᠯᠤᠨ | ᠪᠤᠳᠤᠬᠤ ᠳᠤ ᠬᠤᠯᠪᠤᠭᠳᠠᠬᠤ ᠰᠢᠢᠳᠪᠦᠷᠢᠯᠡᠵᠦ ᠳᠠᠭᠤᠰᠬᠠᠭᠠᠳᠤᠢ ᠲᠤᠬᠠᠶᠢᠯᠠᠭᠰᠠᠨ ᠠᠵᠢᠯ ᠢ ᠬᠠᠷᠢᠭᠤᠴᠠᠨ ᠰᠢᠢᠳᠪᠦᠷᠢᠯᠡᠵᠦ᠂ | ᠡᠳ᠋ ᠬᠦᠷᠦᠩᠭᠡ ᠪᠠ ᠠᠪᠴᠠᠭ᠎ᠠ᠂ ᠥᠭᠴᠡᠭᠡ ᠶᠢ ᠡᠮᠬᠢᠯᠡᠨ ᠢᠯᠭᠠᠷᠠᠭᠤᠯᠵᠦ᠂ ᠥᠭᠴᠡᠭᠡ ᠶᠢ ᠲᠦᠯᠦᠭᠰᠡᠨ ᠤ ᠳᠠᠷᠠᠭᠠᠬᠢ | ᠦᠯᠡᠳᠡᠪᠦᠷᠢ ᠡᠳ᠋ ᠬᠦᠷᠦᠩᠭᠡ ᠶᠢ ᠬᠤᠪᠢᠶᠠᠷᠢᠯᠠᠵᠦ᠂ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠶᠢ ᠲᠥᠯᠦᠭᠡᠯᠡᠨ | ᠵᠠᠷᠭᠤᠯᠳᠤᠬᠤ᠂ ᠬᠦᠨᠳᠡᠯᠡᠨ ᠠᠴᠠ ᠳᠠᠰᠤᠯᠬᠤ ᠪᠤᠶᠤ ᠪᠤᠰᠤᠳ ᠬᠠᠣᠯᠢ ᠴᠠᠭᠠᠵᠠ ᠶᠢᠨ ᠵᠢᠷᠤᠮ ᠳᠤ ᠣᠷᠤᠯᠴᠠᠬᠤ ᠪᠦᠭᠡᠳ | ᠢᠯᠭᠠᠷᠠᠭᠤᠯᠤᠨ ᠪᠣᠳᠤᠯᠲᠠ ᠳᠠᠭᠤᠰᠬᠤ ᠥᠶ᠎ᠡ ᠳᠤ ᠳᠠᠩᠰᠠᠯᠠᠯᠲᠠ ᠶᠢ ᠬᠠᠰᠤᠭᠤᠯᠤᠨ᠎ᠠ᠃ | ᠳᠦᠴᠢᠨ ᠭᠤᠷᠪᠠᠳᠤᠭᠠᠷ ᠵᠦᠢᠯ ᠢᠯᠭᠠᠷᠠᠭᠤᠯᠤᠨ ᠪᠣᠳᠤᠬᠤ ᠳᠤᠭᠤᠶᠢᠯᠠᠩ ᠨᠢ ᠪᠠᠶᠢᠭᠤᠯᠤᠭᠳᠠᠭᠰᠠᠨ ᠡᠳᠦᠷ ᠠᠴᠠ | ᠡᠬᠢᠯᠡᠨ ᠠᠷᠪᠠᠨ ᠡᠳᠦᠷ ᠤᠨ ᠳᠣᠲᠤᠷ᠎ᠠ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠨ ᠤ ᠪᠦᠷᠢᠯᠳᠦᠭᠦᠨ ᠪᠠ | ᠠᠪᠴᠠᠭᠠᠲᠠᠨ ᠳᠤ ᠮᠡᠳᠡᠭᠳᠡᠬᠦ ᠬᠡᠷᠡᠭᠲᠡᠢ ᠪᠦᠭᠡᠳ ᠵᠢᠷᠠᠨ ᠡᠳᠦᠷ ᠤᠨ ᠳᠣᠲᠤᠷ᠎ᠠ ᠰᠣᠨᠢᠨ ᠳᠡᠭᠡᠷ᠎ᠡ ᠵᠠᠷᠯᠠᠨ ᠨᠡᠶᠢᠲᠡᠯᠡᠬᠦ ᠬᠡᠷᠡᠭᠲᠡᠢ | ᠃ ᠠᠪᠴᠠᠭᠠᠲᠠᠨ ᠨᠢ ᠮᠡᠳᠡᠭᠳᠡᠯ ᠢ ᠣᠯᠣᠭᠰᠠᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠤᠷ᠎ᠠ᠂ ᠮᠡᠳᠡᠭᠳᠡᠯ ᠢ | ᠣᠯᠣᠭᠰᠠᠨ ᠦᠭᠡᠢ ᠪᠠᠶᠢᠪᠠᠯ ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ ᠳᠦᠴᠢᠨ ᠲᠠᠪᠤᠨ ᠡᠳᠦᠷ ᠤᠨ ᠳᠤᠲᠤᠷ᠎ᠠ | ᠢᠯᠭᠠᠷᠠᠭᠤᠯᠤᠨ ᠪᠣᠳᠣᠬᠤ ᠳᠤᠭᠤᠶᠢᠯᠠᠩ ᠳᠤ ᠠᠪᠴᠠᠭ᠎ᠠ ᠪᠠᠨ ᠮᠡᠳᠡᠭᠦᠯᠬᠦ ᠬᠡᠷᠡᠭᠲᠡᠢ᠃ ᠬᠡᠷᠪᠡ ᠲᠤᠭᠲᠠᠭᠠᠭᠰᠠᠨ | ᠬᠤᠭᠤᠴᠠᠭᠠᠨ ᠤ ᠳᠤᠲᠤᠷ᠎ᠠ ᠪᠦᠬᠦ ᠪᠦᠷᠢᠯᠳᠦᠭᠦᠨ᠂ ᠠᠪᠴᠠᠭᠠᠲᠠᠨ ᠨᠢ ᠴᠦᠮ ᠮᠡᠳᠡᠭᠳᠡᠯ ᠢ ᠨᠢᠭᠡᠨᠲᠡ ᠣᠯᠣᠭᠰᠠᠨ ᠪᠠᠶᠢᠪᠠᠯ᠂ | ᠢᠯᠭᠠᠷᠠᠭᠤᠯᠤᠨ ᠪᠤᠳᠤᠬᠤ ᠳᠤᠭᠤᠶᠢᠯᠠᠩ ᠤᠨ ᠵᠠᠷᠯᠠᠨ ᠨᠡᠶᠢᠲᠡᠯᠡᠬᠦ ᠡᠭᠦᠷᠭᠡ ᠶᠢ ᠬᠡᠯᠲᠦᠷᠢᠭᠦᠯᠦᠨ᠎ᠡ᠃ | ᠠᠪᠴᠠᠭᠠᠲᠠᠨ ᠠᠪᠴᠠᠭ᠎ᠠ ᠪᠠᠨ ᠮᠡᠳᠡᠭᠦᠯᠬᠦ ᠳᠡᠭᠡᠨ ᠠᠪᠴᠠᠭ᠎ᠠ ᠶᠢᠨ ᠬᠤᠯᠪᠤᠭᠳᠠᠯ ᠪᠦᠬᠦᠢ ᠵᠦᠢᠯ ᠢ ᠲᠣᠳᠤᠷᠬᠠᠶᠢᠯᠠᠬᠤ | ᠬᠡᠷᠡᠭᠲᠡᠢ ᠪᠦᠭᠡᠳ ᠭᠡᠷᠡᠴᠢ ᠮᠠᠲ᠋ᠧᠷᠢᠶᠠᠯ ᠬᠠᠩᠭᠠᠬᠤ ᠬᠡᠷᠡᠭᠲᠡᠢ᠃ ᠢᠯᠭᠠᠷᠠᠭᠤᠯᠤᠨ ᠪᠣᠳᠤᠬᠤ ᠳᠤᠭᠤᠶᠢᠯᠠᠩ ᠨᠢ ᠠᠪᠴᠠᠭ᠎ᠠ ᠶᠢ | ᠳᠠᠩᠰᠠᠯᠠᠬᠤ ᠬᠡᠷᠡᠭᠲᠡᠢ᠃ | ᠠᠪᠴᠠᠭ᠎ᠠ ᠶᠢ ᠮᠡᠳᠡᠭᠦᠯᠬᠦ ᠬᠤᠭᠤᠴᠠᠭᠠᠨ ᠳᠤ ᠢᠯᠭᠠᠷᠠᠭᠤᠯᠤᠨ ᠪᠣᠳᠤᠬᠤ ᠳᠤᠭᠤᠶᠢᠯᠠᠩ ᠨᠢ ᠠᠪᠴᠠᠭᠠᠲᠠᠨ ᠳᠤ | ᠲᠦᠯᠦᠵᠦ ᠳᠠᠭᠤᠰᠬᠠᠵᠤ ᠪᠣᠯᠬᠤ ᠦᠭᠡᠢ᠃ | ᠳᠦᠴᠢᠨ ᠳᠦᠷᠪᠡᠳᠦᠭᠡᠷ ᠵᠦᠢᠯ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠨᠢ ᠲᠤᠰ ᠬᠠᠤᠯᠢ ᠶᠢᠨ | ᠳᠦᠴᠢᠨ ᠨᠢᠭᠡᠳᠦᠭᠡᠷ ᠵᠦᠢᠯ ᠤᠨ ᠨᠢᠭᠡᠳᠦᠭᠡᠷ ᠪᠠᠳᠠᠭ ᠲᠤ ᠲᠣᠭᠲᠠᠭᠠᠭᠰᠠᠨ ᠰᠢᠯᠲᠠᠭᠠᠨ ᠠᠴᠠ ᠪᠣᠯᠵᠦ ᠲᠠᠷᠬᠠᠭᠠᠭᠳᠠᠬᠤ᠂ | ᠡᠰᠡᠭᠦᠯ᠎ᠡ ᠠᠷᠠᠳ ᠤᠨ ᠰᠢᠭᠦᠬᠦ ᠬᠤᠷᠢᠶ᠎ᠠ ᠲᠠᠮᠫᠤᠷᠠᠭᠤᠯᠬᠤ ᠭᠤᠶᠤᠴᠢᠯᠠᠯ ᠢ ᠬᠦᠯᠢᠶᠡᠨ ᠠᠪᠴᠦ ᠰᠢᠢᠳᠪᠦᠷᠢᠯᠡᠵᠦ ᠪᠠᠶᠢᠭ᠎ᠠ | ᠦᠶ᠎ᠡ ᠳᠤ ᠪᠦᠷᠢᠯᠳᠦᠭᠦᠨ ᠤ ᠬᠤᠷᠰᠢᠶ᠎ᠠ ᠠᠴᠠ ᠭᠠᠷᠬᠤ ᠭᠠᠷ ᠭᠦᠢᠴᠡᠳᠭᠡᠯ ᠢ ᠬᠢᠵᠦ ᠪᠣᠯᠬᠤ ᠦᠭᠡᠢ᠃ | ᠳᠦᠴᠢᠨ ᠲᠠᠪᠤᠳᠤᠭᠠᠷ ᠵᠦᠢᠯ ᠢᠯᠭᠠᠷᠠᠭᠤᠯᠤᠨ ᠪᠣᠳᠤᠬᠤ ᠳᠤᠭᠤᠶᠢᠯᠠᠩ ᠨᠢ ᠲᠠᠷᠢᠶᠠᠴᠢᠨ ᠤ ᠲᠤᠰᠬᠠᠢ ᠠᠵᠢᠯ ᠤᠨ | ᠬᠤᠷᠰᠢᠶᠠᠨ ᠤ ᠠᠵᠢᠯᠲᠠᠳ ᠤᠨ ᠴᠠᠯᠢᠩ ᠬᠢᠭᠡᠳ ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠲᠦᠯᠦᠬᠦ᠂ ᠥᠷᠢᠳᠦᠵᠦ ᠪᠠᠶᠢᠭ᠎ᠠ | ᠭᠠᠶᠢᠯᠢ ᠶᠢᠨ ᠮᠦᠩᠭᠦ ᠪᠠ ᠪᠤᠰᠤᠳ ᠡᠯ᠎ᠡ ᠵᠦᠢᠯ ᠤᠨ ᠥᠷᠢ ᠥᠭᠴᠡᠭᠡ ᠶᠢ ᠲᠦᠯᠦᠬᠦ᠂ ᠵᠢᠴᠢ ᠦᠯᠡᠳᠡᠪᠦᠷᠢ ᠡᠳ᠋ | ᠬᠦᠷᠦᠩᠭᠡ ᠶᠢ ᠬᠤᠪᠢᠶᠠᠷᠢᠯᠠᠬᠤ ᠶᠢ ᠪᠠᠭᠲᠠᠭᠠᠭᠰᠠᠨ ᠲᠦᠯᠦᠬᠦ ᠲᠦᠰᠦᠯ ᠢ ᠬᠠᠷᠢᠭᠤᠴᠠᠨ ᠲᠤᠭᠲᠠᠭᠠᠵᠤ᠂ ᠪᠦᠷᠢᠯᠳᠦᠭᠦᠨ ᠤ | ᠶᠡᠭᠡ ᠬᠤᠷᠠᠯ ᠢᠶᠠᠷ ᠪᠠᠲᠤᠯᠠᠬᠤ ᠪᠤᠶᠤ ᠠᠷᠠᠳ ᠤᠨ ᠰᠢᠬᠦᠬᠦ ᠬᠤᠷᠢᠶ᠎ᠠ ᠳᠤ ᠭᠤᠶᠤᠴᠢᠯᠠᠵᠤ ᠨᠣᠲᠠᠯᠠᠭᠤᠯᠤᠭᠰᠠᠨ ᠤ ᠳᠠᠷᠠᠭ᠎ᠠ | ᠬᠡᠷᠡᠭᠵᠢᠭᠦᠯᠦᠨ᠎ᠡ᠃ | ᠢᠯᠭᠠᠷᠠᠭᠤᠯᠤᠨ ᠪᠣᠳᠤᠬᠤ ᠳᠤᠭᠤᠶᠢᠯᠠᠩ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠨ ᠤ ᠡᠳ᠋ ᠬᠦᠷᠦᠩᠭᠡ ᠨᠢ | ᠥᠷᠢ ᠥᠭᠴᠡᠭᠡ ᠪᠠᠨ ᠲᠦᠯᠦᠵᠦ ᠳᠡᠶᠢᠯᠬᠦ ᠦᠭᠡᠢ ᠪᠠᠶᠢᠬᠤ ᠶᠢ ᠣᠯᠵᠣ ᠮᠡᠳᠡᠪᠡᠯ᠂ ᠬᠠᠤᠯᠢ ᠶᠣᠰᠣᠭᠠᠷ ᠠᠷᠠᠳ ᠤᠨ ᠰᠢᠬᠦᠬᠦ | ᠬᠤᠷᠢᠶ᠎ᠠ ᠳᠤ ᠲᠠᠮᠫᠤᠷᠠᠭᠤᠯᠬᠤ ᠪᠠᠷ ᠭᠤᠶᠤᠴᠢᠯᠠᠬᠤ ᠬᠡᠷᠡᠭᠲᠡᠢ᠃ | ᠳᠦᠴᠢᠨ ᠵᠢᠷᠭᠤᠳᠤᠭᠠᠷ ᠵᠦᠢᠯ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠨᠢ ᠲᠠᠷᠬᠠᠭᠠᠬᠤ᠂ | ᠲᠠᠮᠫᠤᠷᠠᠭᠤᠯᠬᠤ ᠪᠠᠷ ᠢᠯᠭᠠᠷᠠᠭᠤᠯᠤᠨ ᠪᠤᠳᠤᠬᠤ ᠥᠶ᠎ᠡ ᠳᠤ᠂ ᠤᠯᠤᠰ ᠤᠨ ᠡᠳ᠋ ᠤᠨ ᠵᠠᠰᠠᠭ ᠤᠨ ᠰᠢᠭᠤᠳ ᠨᠥᠬᠦᠪᠦᠷᠢ ᠶᠢ | ᠬᠦᠯᠢᠶᠡᠨ ᠠᠪᠤᠭᠠᠳ ᠪᠦᠷᠢᠯᠳᠦᠭᠰᠡᠨ ᠡᠳ᠋ ᠬᠦᠷᠦᠩᠭᠡ ᠶᠢ ᠬᠤᠪᠢᠶᠠᠷᠢᠯᠠᠵᠤ ᠪᠣᠯᠬᠤ ᠦᠯᠡᠳᠡᠪᠦᠷᠢ ᠡᠳ᠋ ᠬᠦᠷᠦᠩᠭᠡ ᠪᠣᠯᠭᠠᠨ | ᠪᠦᠷᠢᠯᠳᠦᠭᠦᠨ ᠳᠤ ᠬᠤᠪᠢᠶᠠᠷᠢᠯᠠᠨ ᠦᠭᠴᠦ ᠪᠣᠯᠬᠤ ᠦᠭᠡᠢ᠂ ᠰᠢᠢᠳᠪᠦᠷᠢᠯᠡᠬᠦ ᠠᠷᠭ᠎ᠠ ᠶᠢ ᠲᠥᠷᠦ ᠶᠢᠨ ᠶᠠᠪᠤᠳᠠᠯ ᠤᠨ | ᠬᠤᠷᠢᠶ᠎ᠠ ᠠᠴᠠ ᠲᠣᠭᠲᠠᠭᠠᠨ᠎ᠠ᠃ | ᠳᠦᠴᠢᠨ ᠳᠣᠯᠣᠳᠤᠭᠠᠷ ᠵᠦᠢᠯ ᠢᠯᠭᠠᠷᠠᠭᠤᠯᠤᠨ ᠪᠤᠳᠤᠬᠤ ᠳᠤᠭᠤᠶᠢᠯᠠᠩ ᠤᠨ ᠪᠦᠷᠢᠯᠳᠦᠭᠦᠨ ᠨᠦᠭᠦᠳ ᠡᠭᠦᠷᠭᠡ | ᠲᠤᠰᠢᠶᠠᠯ ᠳᠠᠭᠠᠨ ᠦᠨᠡᠨᠴᠢ ᠰᠢᠳᠤᠷᠭᠤ ᠪᠠᠶᠢᠵᠤ᠂ ᠢᠯᠭᠠᠷᠠᠭᠤᠯᠤᠨ ᠪᠤᠳᠤᠬᠤ ᠡᠭᠦᠷᠭᠡ ᠪᠠᠨ ᠬᠠᠤᠯᠢ ᠶᠣᠰᠤᠭᠠᠷ ᠭᠦᠢᠴᠡᠳᠭᠡᠬᠦ | ᠬᠡᠷᠡᠭᠲᠡᠢ᠂ ᠵᠣᠷᠢᠭᠤᠳᠠ ᠪᠤᠶᠤ ᠬᠦᠨᠳᠦ ᠶᠡᠭᠡ ᠠᠯᠳᠠᠰᠢ ᠠᠴᠠ ᠪᠣᠯᠵᠤ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠨ ᠤ | ᠪᠦᠷᠢᠯᠳᠦᠭᠦᠨ ᠪᠣᠯᠣᠨ ᠠᠪᠴᠠᠭᠠᠲᠠᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠲᠥᠯᠥᠬᠦ ᠬᠠᠷᠢᠭᠤᠴᠠᠯᠭ᠎ᠠ ᠡᠭᠦᠷᠭᠡᠯᠡᠬᠦ | ᠭᠡᠷᠡᠭᠲᠡᠢ᠃ | ᠳᠦᠴᠢᠨ ᠨᠠᠢᠮᠠᠳᠤᠭᠠᠷ ᠵᠦᠢᠯ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠶᠢ ᠲᠠᠮᠫᠤᠷᠠᠭᠤᠯᠬᠤ ᠳᠤ ᠠᠵᠤ | ᠠᠬᠤᠶᠢᠯᠠᠯ ᠤᠨ ᠲᠠᠮᠫᠤᠷᠠᠯ ᠤᠨ ᠬᠠᠤᠯᠢ ᠶᠢᠨ ᠬᠤᠯᠪᠤᠭᠳᠠᠯ ᠪᠦᠬᠦᠢ ᠲᠣᠭᠲᠠᠭᠠᠯ ᠢ ᠬᠡᠷᠡᠭᠯᠡᠨ᠎ᠡ᠃ ᠭᠡᠪᠡᠴᠦ ᠲᠠᠮᠫᠤᠷᠠᠭᠰᠠᠨ ᠡᠳ᠋ | ᠬᠦᠷᠦᠩᠭᠡ ᠪᠠᠷ ᠲᠠᠮᠫᠤᠷᠠᠬᠤ ᠵᠠᠷᠤᠳᠠᠯ ᠪᠠ ᠨᠡᠶᠢᠲᠡ ᠶᠢᠨ ᠠᠰᠠᠷᠠᠮᠵᠢ ᠶᠢᠨ ᠥᠷᠢ ᠥᠭᠴᠡᠭᠡ ᠶᠢ ᠲᠥᠯᠦᠵᠦ ᠳᠠᠭᠤᠰᠬᠠᠭᠰᠠᠨ ᠤ | ᠳᠠᠷᠠᠭ᠎ᠠ᠂ ᠲᠠᠮᠫᠤᠷᠠᠬᠤ ᠠᠴᠠ ᠡᠮᠦᠨ᠎ᠡ ᠲᠠᠷᠢᠶᠠᠴᠢᠨ ᠪᠦᠷᠢᠯᠳᠦᠭᠦᠨ ᠲᠠᠢ ᠪᠠᠨ ᠨᠢᠭᠡᠨᠲᠡ ᠠᠷᠠᠯᠵᠢᠶ᠎ᠠ ᠬᠢᠭᠰᠡᠨ ᠪᠣᠯᠪᠠᠴᠦ | ᠬᠠᠷᠠᠬᠠᠨ ᠲᠠᠰᠤᠯᠤᠨ ᠪᠣᠳᠤᠵᠤ ᠳᠠᠭᠤᠰᠬᠠᠭᠠᠳᠤᠢ ᠵᠣᠭᠤᠰ ᠢ ᠡᠩ ᠲᠡᠷᠢᠭᠦᠨ ᠳᠤ ᠲᠦᠯᠦᠬᠦ ᠭᠡᠷᠡᠭᠲᠡᠢ᠃ | | | ᠲᠤᠯᠤᠳᠤᠭᠠᠷ ᠪᠥᠯᠦᠭ ᠲᠡᠳᠭᠦᠨ ᠳᠡᠮᠵᠢᠬᠦ ᠲᠥᠷᠦ ᠶᠢᠨ ᠪᠣᠳᠣᠯᠭ᠎ᠠ | ᠳᠥᠴᠢ ᠶᠢᠰᠦᠳᠦᠭᠡᠷ ᠵᠥᠢᠯ ᠣᠯᠣᠰ ᠠᠴᠠ ᠲᠠᠷᠢᠶᠠᠯᠠᠩ ᠪᠠ ᠬᠥᠳᠡᠭᠡ ᠲᠣᠰᠬᠤᠨ ᠤ ᠠᠵᠣ ᠠᠬᠤᠢ ᠶᠢ | ᠬᠥᠭᠵᠢᠭᠦᠯᠬᠦ ᠪᠥᠲᠦᠭᠡᠨ ᠪᠠᠶᠢᠭᠤᠯᠤᠯᠲᠠ ᠶᠢᠨ ᠵᠦᠢᠯᠡᠰ ᠢ ᠳᠡᠮᠵᠢᠵᠦ᠂ ᠨᠥᠬᠦᠴᠡᠯ ᠪᠥᠷᠢᠯᠳᠦᠭᠦᠯᠦᠭᠰᠡᠨ ᠬᠤᠯᠪᠤᠭᠳᠠᠯ ᠪᠥᠬᠦᠢ | ᠲᠠᠷᠢᠶᠠᠴᠢᠨ ᠤ ᠲᠣᠰᠬᠠᠢ ᠠᠵᠢᠯ ᠤᠨ ᠬᠤᠷᠰᠢᠶ᠎ᠠ ᠳᠤ ᠨᠠᠶᠢᠳᠠᠨ ᠳᠣᠬᠢᠷᠠᠭᠤᠯᠵᠤ ᠬᠡᠷᠡᠭᠵᠢᠭᠦᠯᠵᠦ ᠪᠣᠯᠣᠨ᠎ᠠ᠃ | ᠲᠠᠪᠢᠳᠣᠭᠠᠷ ᠵᠥᠢᠯ ᠲᠥᠪ ᠤᠨ ᠪᠠ ᠣᠷᠣᠨ ᠨᠣᠲᠤᠭ ᠤᠨ ᠡᠳ᠋ ᠤᠨ ᠵᠠᠰᠠᠭ ᠨᠢ ᠲᠣᠰ ᠲᠣᠰ ᠪᠡᠯᠡ ᠮᠥᠩᠭᠦ | ᠲᠣᠬᠢᠷᠠᠭᠤᠯᠵᠤ᠂ ᠲᠠᠷᠢᠶᠠᠴᠢᠨ ᠤ ᠲᠣᠰᠬᠠᠢ ᠠᠵᠢᠯ ᠤᠨ ᠬᠤᠷᠰᠢᠶᠠᠨ ᠤ ᠮᠡᠳᠡᠭᠡ ᠵᠠᠩᠬᠢ᠂ ᠪᠤᠯᠪᠠᠰᠤᠷᠠᠭᠤᠯᠤᠯ᠂ | ᠲᠠᠷᠢᠶᠠᠯᠠᠩ ᠤᠨ ᠪᠥᠲᠦᠭᠡᠭᠳᠡᠭᠦᠨ ᠤ ᠶᠠᠰᠤ ᠴᠢᠨᠠᠷ ᠤᠨ ᠪᠠᠷᠢᠮᠵᠢᠶ᠎ᠠ ᠬᠢᠭᠡᠳ ᠬᠡᠷᠡᠴᠢᠯᠡᠭᠡ᠂ ᠲᠠᠷᠢᠶᠠᠯᠠᠩ ᠤᠨ | ᠦᠢᠯᠡᠳᠪᠥᠷᠢᠯᠡᠯ ᠤᠨ ᠰᠠᠭᠤᠷᠢ ᠲᠥᠬᠦᠭᠡᠷᠦᠮᠵᠢ ᠶᠢᠨ ᠪᠥᠲᠦᠭᠡᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠡᠵᠡᠩᠨᠡᠨ | ᠪᠤᠷᠤᠯᠠᠭᠤᠯᠤᠯᠲᠠ ᠪᠠ ᠮᠡᠷᠭᠡᠵᠢᠯ ᠤᠨ ᠳᠡᠯᠭᠡᠷᠡᠭᠦᠯᠦᠯᠲᠡ ᠵᠡᠷᠭᠡ ᠦᠢᠯᠡᠴᠢᠯᠡᠭᠡ ᠦᠷᠨᠢᠭᠦᠯᠬᠦ ᠶᠢ ᠳᠡᠮᠵᠢᠬᠦ ᠬᠡᠷᠡᠭᠲᠡᠢ᠃ | ᠦᠨᠳᠦᠰᠦᠲᠡᠨ ᠤ ᠭᠠᠵᠠᠷ ᠣᠷᠣᠨ᠂ ᠵᠠᠬ᠎ᠠ ᠬᠢᠵᠠᠭᠠᠷ ᠤᠷᠤᠨ ᠪᠠ ᠶᠠᠳᠠᠭᠤ ᠬᠦᠴᠢᠷᠳᠡᠯᠲᠡᠢ ᠭᠠᠵᠠᠷ ᠤᠷᠤᠨ ᠤ ᠲᠠᠷᠢᠶᠠᠴᠢᠨ ᠤ | ᠲᠣᠰᠬᠠᠢ ᠠᠵᠢᠯ ᠤᠨ ᠬᠤᠷᠰᠢᠶ᠎ᠠ ᠪᠠ ᠣᠯᠣᠰ ᠬᠢᠭᠡᠳ ᠨᠡᠶᠢᠭᠡᠮ ᠤᠨ ᠪᠠᠴᠢᠮ ᠬᠡᠷᠡᠭᠴᠡᠭᠡ ᠲᠠᠢ ᠴᠢᠬᠤᠯᠠ ᠲᠠᠷᠢᠶᠠᠯᠠᠩ ᠤᠨ | ᠪᠥᠲᠦᠭᠡᠭᠳᠡᠭᠦᠨ ᠢ ᠦᠢᠯᠡᠳᠪᠥᠷᠢᠯᠡᠬᠦ ᠲᠠᠷᠢᠶᠠᠴᠢᠨ ᠤ ᠲᠣᠰᠬᠠᠢ ᠠᠵᠢᠯ ᠤᠨ ᠬᠤᠷᠰᠢᠶ᠎ᠠ ᠶᠢ ᠡᠩ ᠲᠡᠷᠢᠭᠦᠨ ᠳᠤ ᠲᠡᠳᠭᠦᠨ | ᠳᠡᠮᠵᠢᠬᠦ ᠬᠡᠷᠡᠭᠲᠡᠢ᠃ | ᠲᠠᠪᠢᠨ ᠨᠢᠭᠡᠳᠦᠭᠡᠷ ᠵᠥᠢᠯ ᠣᠯᠣᠰ ᠤᠨ ᠲᠥᠷᠦ ᠶᠢᠨ ᠪᠣᠳᠣᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠤ | ᠪᠠᠶᠢᠭᠤᠯᠤᠮᠵᠢ ᠨᠤᠭᠤᠳ ᠣᠯᠠᠨ ᠵᠥᠢᠯ ᠤᠨ ᠬᠡᠯᠪᠡᠷᠢ ᠮᠠᠶ᠋ᠢᠭ ᠢᠶᠠᠷ ᠲᠠᠷᠢᠶᠠᠴᠢᠨ ᠤ ᠳᠣᠰᠬᠠᠢ ᠠᠵᠢᠯ ᠤᠨ ᠬᠤᠷᠰᠢᠶ᠎ᠠ ᠳᠤ | ᠣᠯᠠᠨ ᠠᠷᠭ᠎ᠠ ᠵᠠᠮ ᠪᠥᠬᠦᠢ ᠪᠠᠯᠡ ᠮᠥᠩᠭᠦ ᠶᠢᠨ ᠳᠡᠮᠵᠢᠯᠭᠡ ᠬᠠᠩᠭᠠᠬᠤ ᠬᠡᠷᠡᠭᠲᠡᠢ᠃ ᠳᠡᠮᠵᠢᠬᠦ ᠪᠣᠳᠠᠲᠠᠢ ᠲᠥᠷᠦ ᠶᠢᠨ | ᠪᠣᠳᠣᠯᠭ᠎ᠠ ᠶᠢ ᠲᠥᠷᠦ ᠶᠢᠨ ᠶᠠᠪᠤᠳᠠᠯ ᠤᠨ ᠬᠤᠷᠢᠶ᠎ᠠ ᠠᠴᠠ ᠳᠣᠭᠲᠠᠭᠠᠨ᠎ᠠ᠃ | ᠣᠯᠣᠰ ᠠᠴᠠ ᠬᠤᠳᠠᠯᠳᠣᠭᠠᠨ ᠤ ᠴᠢᠨᠠᠷᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠨ ᠣᠯᠠᠨ | ᠵᠥᠢᠯ ᠤᠨ ᠬᠡᠯᠪᠡᠷᠢ ᠮᠠᠶ᠋ᠢᠭ ᠢᠶᠠᠷ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠳᠤ ᠮᠥᠩᠭᠦᠨ ᠭᠦᠢᠯᠭᠡᠭᠡᠨ ᠤ | ᠦᠢᠯᠡᠴᠢᠯᠡᠭᠡ ᠬᠠᠩᠭᠠᠬᠤ ᠶᠢ ᠵᠤᠷᠢᠭᠵᠢᠭᠤᠯᠤᠨ᠎ᠠ᠃ | ᠲᠠᠪᠢᠨ ᠬᠤᠶᠠᠳᠤᠭᠠᠷ ᠵᠥᠢᠯ ᠲᠠᠷᠢᠶᠠᠴᠢᠨ ᠤ ᠲᠣᠰᠬᠠᠢ ᠠᠵᠢᠯ ᠤᠨ ᠬᠤᠷᠰᠢᠶ᠎ᠠ ᠨᠢ ᠣᠯᠣᠰ ᠠᠴᠠ ᠲᠣᠭᠳᠠᠭᠠᠭᠰᠠᠨ | ᠲᠠᠷᠢᠶᠠᠯᠠᠩ ᠤᠨ ᠦᠢᠯᠡᠳᠪᠥᠷᠢᠯᠡᠯ᠂ ᠪᠣᠯᠪᠠᠰᠣᠷᠠᠭᠤᠯᠣᠯᠲᠠ᠂ ᠭᠦᠢᠯᠭᠡᠭᠡ᠂ ᠦᠢᠯᠡᠴᠢᠯᠡᠭᠡ ᠪᠠ ᠲᠠᠷᠢᠶᠠᠯᠠᠩ ᠳᠤ | ᠬᠤᠯᠪᠣᠭᠳᠠᠬᠤ ᠪᠣᠰᠣᠳ ᠠᠵᠣ ᠠᠬᠤᠢ ᠶᠢᠨ ᠠᠵᠢᠯ ᠲᠠᠢ ᠵᠣᠬᠢᠴᠠᠯᠳᠣᠭᠰᠠᠨ ᠭᠠᠶᠢᠯᠢ ᠳᠠᠲᠠᠪᠤᠷᠢ ᠶᠢᠨ ᠬᠠᠷᠠᠭᠠᠯᠵᠠᠯ ᠢ | ᠬᠦᠷᠲᠡᠨ᠎ᠡ᠃ | ᠲᠠᠷᠢᠶᠠᠴᠢᠨ ᠤ ᠲᠤᠰᠬᠠᠢ ᠠᠵᠢᠯ ᠤᠨ ᠬᠤᠷᠰᠢᠶᠠᠨ ᠤ ᠬᠥᠭᠵᠢᠯᠲᠡ ᠶᠢ ᠳᠡᠮᠵᠢᠬᠦ ᠪᠤᠰᠤᠳ ᠭᠠᠶᠢᠯᠢ ᠳᠠᠲᠠᠪᠤᠷᠢ ᠶᠢᠨ | ᠬᠠᠷᠠᠭᠠᠯᠵᠠᠯᠳᠦ ᠲᠥᠷᠦ ᠶᠢᠨ ᠪᠣᠳᠣᠯᠭ᠎ᠠ ᠶᠢ ᠲᠥᠷᠦ ᠶᠢᠨ ᠶᠠᠪᠤᠳᠠᠯ ᠠᠴᠠ ᠳᠤᠭᠲᠠᠭᠠᠨ᠎ᠠ᠃ | | | ᠨᠠᠢᠮᠠᠳᠤᠭᠠᠷ ᠪᠥᠯᠦᠭ ᠬᠠᠤᠯᠢ ᠶᠢᠨ ᠬᠠᠷᠢᠭᠤᠴᠠᠯᠭ᠎ᠠ | ᠲᠠᠪᠢᠨ ᠭᠤᠷᠪᠠᠳᠣᠭᠠᠷ ᠵᠥᠢᠯ ᠲᠠᠷᠢᠶᠠᠴᠢᠨ ᠤ ᠲᠣᠰᠬᠠᠢ ᠠᠵᠢᠯ ᠤᠨ ᠬᠤᠷᠰᠢᠶ᠎ᠠ ᠵᠢᠴᠢ ᠲᠡᠭᠦᠨ ᠤ | ᠪᠥᠷᠢᠯᠳᠦᠭᠦᠨ ᠤ ᠬᠠᠤᠯᠢ ᠶᠤᠰᠤᠨ ᠶᠢᠨ ᠡᠳ᠋ ᠬᠥᠷᠦᠩᠭᠡ ᠶᠢ ᠡᠵᠡᠯᠡᠨ ᠠᠪᠬᠤ᠂ ᠨᠡᠭᠦᠯᠭᠡᠨ ᠬᠡᠷᠡᠭᠯᠡᠬᠦ᠂ ᠳᠣᠮᠳᠠ ᠠᠴᠠ ᠨᠢ | ᠦᠯᠡᠳᠡᠭᠡᠬᠦ᠂ ᠳᠠᠯᠳᠠᠭᠤᠷ ᠬᠤᠪᠢᠶᠠᠯᠴᠠᠬᠤ ᠪᠤᠶᠤ ᠪᠤᠰᠤᠳ ᠬᠡᠯᠪᠡᠷᠢ ᠪᠠᠷ ᠲᠡᠭᠦᠨ ᠳᠤ ᠬᠠᠯᠳᠠᠵᠤ᠂ ᠲᠠᠷᠢᠶᠠᠴᠢᠨ ᠤ ᠲᠣᠰᠬᠠᠢ | ᠠᠵᠢᠯ ᠤᠨ ᠬᠤᠷᠰᠢᠶ᠎ᠠ ᠵᠢᠴᠢ ᠲᠡᠭᠦᠨ ᠤ ᠪᠥᠷᠢᠯᠳᠦᠭᠦᠨ ᠤ ᠦᠢᠯᠡᠳᠪᠥᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠬᠠᠤᠯᠢ | ᠪᠤᠰᠤ ᠪᠠᠷ ᠭᠠᠷ ᠳᠦᠷᠦᠨ᠂ ᠲᠠᠷᠢᠶᠠᠴᠢᠨ ᠤ ᠲᠣᠰᠬᠠᠢ ᠠᠵᠢᠯ ᠤᠨ ᠬᠤᠷᠰᠢᠶ᠎ᠠ ᠵᠢᠴᠢ ᠲᠡᠭᠦᠨ ᠤ ᠪᠥᠷᠢᠯᠳᠦᠭᠦᠨ ᠳᠤ ᠲᠡᠰᠭᠡᠨ | ᠨᠤᠭᠳᠠᠭᠤᠯᠵᠤ᠂ ᠲᠠᠷᠢᠶᠠᠴᠢᠨ ᠤ ᠲᠣᠰᠬᠠᠢ ᠠᠵᠢᠯ ᠤᠨ ᠬᠤᠷᠰᠢᠶ᠎ᠠ ᠵᠢᠴᠢ ᠲᠡᠭᠦᠨ ᠤ ᠪᠥᠷᠢᠯᠳᠦᠭᠦᠨ ᠢ ᠲᠥᠯᠦᠪᠥᠷᠢᠳᠦ | ᠦᠢᠯᠡᠴᠢᠯᠡᠭᠡ ᠬᠦᠯᠢᠶᠡᠨ ᠠᠪᠤᠭᠤᠯᠬᠤ ᠪᠠᠷ ᠠᠯᠪᠠᠳᠠᠵᠣ᠂ ᠲᠠᠷᠢᠶᠠᠴᠢᠨ ᠤ ᠲᠣᠰᠬᠠᠢ ᠠᠵᠢᠯ ᠤᠨ ᠬᠤᠷᠰᠢᠶ᠎ᠠ ᠳᠤ ᠠᠵᠤ | ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠤᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠲᠠᠪᠢᠨ ᠳᠦᠷᠪᠡᠳᠦᠭᠡᠷ ᠵᠥᠢᠯ ᠲᠠᠷᠢᠶᠠᠴᠢᠨ ᠤ ᠲᠣᠰᠬᠠᠢ ᠠᠵᠢᠯ ᠤᠨ ᠬᠤᠷᠰᠢᠶ᠎ᠠ ᠨᠢ ᠳᠠᠩᠰᠠᠯᠠᠬᠤ | ᠪᠠᠶᠢᠭᠤᠯᠭ᠎ᠠ ᠳᠤ ᠬᠤᠳᠠᠯ ᠬᠠᠭᠤᠷᠮᠠᠭ ᠳᠠᠩᠰᠠᠯᠠᠯᠲᠠ ᠶᠢᠨ ᠮᠠᠲ᠋ᠧᠷᠢᠶᠠᠯ ᠬᠠᠩᠭᠠᠭᠰᠠᠨ ᠪᠤᠶᠤ ᠪᠤᠰᠤᠳ ᠮᠡᠬᠡᠯᠡᠯ ᠤᠨ | ᠠᠷᠭ᠎ᠠ ᠪᠠᠷ ᠳᠠᠩᠰᠠᠯᠠᠭᠤᠯᠤᠭᠰᠠᠨ ᠪᠠᠶᠢᠪᠠᠯ᠂ ᠳᠠᠩᠰᠠᠯᠠᠬᠤ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠨ᠎ᠠ᠃ ᠦᠢᠯᠡ | ᠪᠠᠶᠢᠳᠠᠯ ᠨᠢ ᠬᠦᠨᠳᠦ ᠨᠤᠴᠢᠲᠠᠢ ᠪᠠᠶᠢᠪᠠᠯ᠂ ᠳᠠᠩᠰᠠᠯᠠᠯᠲᠠ ᠶᠢ ᠨᠢ ᠬᠦᠴᠦᠨ ᠦᠭᠡᠢ ᠪᠤᠯᠭᠠᠨ᠎ᠠ᠃ | ᠲᠠᠪᠢᠨ ᠲᠠᠪᠤᠳᠤᠭᠠᠷ ᠵᠥᠢᠯ ᠲᠠᠷᠢᠶᠠᠴᠢᠨ ᠤ ᠲᠣᠰᠬᠠᠢ ᠠᠵᠢᠯ ᠤᠨ ᠬᠤᠷᠰᠢᠶ᠎ᠠ ᠨᠢ ᠬᠠᠤᠯᠢ ᠶᠤᠰᠤᠭᠠᠷ | ᠬᠤᠯᠪᠤᠭᠳᠠᠯ ᠪᠥᠬᠦᠢ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠬᠠᠩᠭᠠᠭᠰᠠᠨ ᠡᠳ᠋ ᠤᠨ ᠶᠠᠪᠤᠳᠠᠯ ᠤᠨ ᠮᠡᠳᠡᠭᠦᠯᠦᠯᠲᠡ | ᠵᠡᠷᠭᠡ ᠮᠠᠲ᠋ᠧᠷᠢᠶᠠᠯ ᠳᠠᠭᠠᠨ ᠬᠤᠳᠠᠯ ᠬᠠᠭᠤᠷᠮᠠᠭ ᠲᠡᠮᠳᠡᠭᠯᠡᠯ ᠬᠢᠭᠰᠡᠨ ᠪᠣᠶᠣ ᠴᠢᠬᠤᠯᠠ ᠪᠤᠳᠠᠳᠤ ᠬᠡᠷᠡᠭ ᠢ ᠨᠢᠭᠤᠵᠤ | ᠳᠠᠯᠳᠠᠯᠠᠭᠰᠠᠨ ᠪᠠᠶᠢᠪᠠᠯ᠂ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | | | ᠶᠢᠰᠦᠳᠦᠭᠡᠷ ᠪᠥᠯᠦᠭ ᠳᠠᠭᠠᠯᠳᠣᠭᠤᠯᠤᠭᠰᠠᠨ ᠳᠥᠷᠢᠮ | ᠲᠠᠪᠢᠨ ᠵᠢᠷᠭᠤᠳᠣᠭᠠᠷ ᠵᠥᠢᠯ ᠲᠣᠰ ᠬᠠᠤᠯᠢ ᠶᠢ 2007 ᠣᠨ ᠤ 7 ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ |