ᠨᠢᠭᠡ᠂ ᠠᠵᠤ ᠠᠬᠤᠶᠢᠯᠠᠯ ᠤᠨ ᠦᠨᠳᠦᠰᠦᠨ ᠪᠠᠶᠢᠳᠠᠯ | | ᠢ ᠯᠢ ᠪᠦᠯᠦᠭᠯᠡᠯ ᠪᠣᠯ ᠥᠪᠥᠷ ᠮᠣᠩᠭᠤᠯ ᠤᠨ ᠬᠥᠪᠴᠢ ᠡᠯᠡᠰᠦ ᠠᠴᠠ ᠭᠠᠷᠴᠤ ᠢᠷᠡᠭᠰᠡᠨ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠪᠣᠬᠢᠷᠲᠤᠯ ᠦᠭᠡᠢ ᠮᠥᠩᠭᠦᠨ ᠭᠦᠢᠯᠭᠡᠭᠡᠨ ᠤ ᠲᠥᠯᠥᠭᠡ ᠵᠢᠳᠬᠦᠭᠰᠡᠨ | ᠲᠣᠮᠣ ᠬᠡᠯᠪᠡᠷᠢ ᠶᠢᠨ ᠠᠮᠢ ᠠᠬᠤᠢ ᠶᠢᠨ ᠠᠵᠤ ᠠᠬᠤᠶᠢᠯᠠᠯ ᠪᠣᠯᠤᠨ᠎ᠠ᠃ ᠲᠤᠰ ᠠᠵᠤ ᠠᠬᠤᠶᠢᠯᠠᠯ ᠨᠢ ᠠᠮᠢ ᠠᠬᠤᠢ | ᠶᠢᠨ ᠠᠵᠤ ᠦᠢᠯᠡᠰ ᠢ ᠬᠥᠭᠵᠢᠭᠦᠯᠬᠦ ᠶᠢᠨ ᠬᠠᠮᠲᠤ᠂ ᠪᠠᠷᠠᠭᠤᠨ ᠣᠷᠣᠨ ᠤ ᠴᠥᠭᠡᠨ ᠲᠣᠭᠠᠲᠤ ᠦᠨᠳᠦᠰᠦᠲᠡᠨ ᠤ | ᠭᠠᠵᠠᠷ ᠣᠷᠣᠨ ᠤ ᠶᠠᠳᠠᠭᠤ ᠶᠢ ᠲᠡᠳᠬᠦᠬᠦ ᠦᠢᠯᠡᠰ ᠤᠨ ᠲᠥᠯᠥᠭᠡ ᠦᠷᠭᠦᠯᠵᠢᠯᠡᠨ ᠴᠢᠷᠮᠠᠶᠢᠵᠤ᠂ ᠤᠷᠢᠳ ᠬᠤᠵᠢᠳ | ᠳᠤᠮᠳᠠᠳᠤ ᠤᠯᠤᠰ ᠠᠴᠠ ᠵᠠᠰᠠᠭ ᠤᠨ ᠣᠷᠳᠣᠨ ᠤ ︽ᠤᠯᠤᠰ ᠤᠨ ᠭᠠᠵᠠᠷ ᠰᠢᠷᠣᠢ ᠶᠢ ᠨᠣᠭᠤᠭᠠᠷᠠᠭᠤᠯᠬᠤ ᠱᠠᠩᠨᠠᠯ︾᠂ | ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠬᠤᠪᠢ ᠨᠡᠮᠡᠷᠢ ᠦᠵᠡᠭᠦᠯᠦᠭᠰᠡᠨ ᠱᠠᠩᠨᠠᠯ︾᠂ | ︽ᠲᠦᠮᠡᠨ ᠠᠵᠤ ᠠᠬᠤᠶᠢᠯᠠᠯ ᠠᠴᠠ ᠲᠦᠮᠡᠨ ᠲᠣᠰᠬᠤᠨ ᠢ ᠬᠠᠪᠰᠣᠷᠬᠤ ᠰᠢᠯᠢᠳᠡᠭ ᠠᠵᠤ ᠠᠬᠤᠶᠢᠯᠠᠯ ᠤᠨ | ᠱᠠᠩᠨᠠᠯ︾᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ︽ᠪᠦᠬᠦ ᠪᠥᠮᠪᠥᠷᠴᠡᠭ ᠤᠨ ᠡᠯᠡᠰᠦ ᠶᠢ ᠵᠠᠰᠠᠬᠤ | ᠤᠳᠤᠷᠢᠳᠤᠭᠴᠢ ᠶᠢᠨ ᠱᠠᠩᠨᠠᠯ︾ ᠪᠣᠯᠤᠨ ︽ᠳᠡᠯᠡᠬᠡᠢ ᠶᠢᠨ ᠪᠥᠮᠪᠥᠷᠴᠡᠭ ᠤᠨ ᠬᠠᠮᠠᠭᠠᠯᠠᠭᠴᠢ ᠶᠢᠨ ᠨᠠᠰᠤᠨ ᠲᠤᠷᠰᠢᠳᠠ | ᠶᠢᠨ ᠠᠮᠵᠢᠯᠲᠠ ᠶᠢᠨ ᠱᠠᠩᠨᠠᠯ︾ ᠢ ᠬᠦᠷᠲᠡᠵᠡᠢ᠃ ᠠᠳᠠᠯ ᠦᠢᠯᠡᠰ ᠪᠤᠰᠬᠠᠭᠰᠠᠨ 30 ᠵᠢᠯ ᠤᠨ ᠲᠤᠷᠰᠢ᠂ | ︽ᠨᠣᠭᠤᠭᠠᠷᠠᠭᠤᠯᠬᠤ ᠪᠠ ᠪᠠᠶᠠᠵᠢᠬᠤ ᠶᠢ ᠤᠶᠠᠯᠳᠤᠭᠤᠯᠬᠤ᠂ ᠠᠮᠢ ᠠᠬᠤᠶ ᠪᠠ ᠠᠵᠤ ᠦᠢᠯᠡᠰ ᠢ ᠤᠶᠠᠯᠳᠤᠭᠤᠯᠬᠤ᠂ | ᠠᠵᠤ ᠠᠬᠤᠶᠢᠯᠠᠯ ᠤᠨ ᠬᠥᠭᠵᠢᠯᠲᠡ ᠪᠠ ᠠᠮᠢ ᠠᠬᠤᠢ ᠶᠢᠨ ᠵᠠᠰᠠᠯᠲᠠ ᠶᠢ ᠤᠶᠠᠯᠳᠤᠭᠤᠯᠬᠤ︾ ᠬᠥᠭᠵᠢᠯᠲᠡ ᠶᠢᠨ | ᠵᠠᠭᠪᠤᠷ ᠲᠤ ᠲᠦᠰᠢᠭᠯᠡᠨ᠂ ︽ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠳᠡᠮᠵᠢᠯᠭᠡ᠂ ᠠᠵᠤ | ᠠᠬᠤᠶᠢᠯᠠᠯ ᠤᠨ ᠠᠵᠤ ᠦᠢᠯᠡᠰᠵᠢᠯᠲᠡ ᠶᠢᠨ ᠪᠡᠯᠡ ᠤᠷᠤᠭᠤᠯᠤᠯᠲᠠ᠂ ᠶᠠᠳᠠᠭᠤ ᠬᠦᠴᠢᠷᠳᠡᠯᠲᠡᠢ ᠡᠷᠦᠬᠡ ᠶᠢᠨ ᠵᠠᠬ᠎ᠠ | ᠳᠡᠯᠭᠡᠭᠦᠷᠴᠢᠯᠡᠯᠲᠡ ᠳᠤ ᠣᠷᠣᠯᠴᠠᠬᠤ᠂ ᠠᠮᠢ ᠠᠬᠤᠶ ᠶᠢ ᠦᠷᠭᠦᠯᠵᠢᠯᠡᠨ ᠰᠠᠶᠢᠵᠢᠷᠠᠭᠤᠯᠬᠤ︾ ᠡᠯᠡᠰᠦ ᠵᠠᠰᠠᠬᠤ ᠠᠮᠢ | ᠠᠬᠤᠢ ᠶᠢᠨ ᠠᠵᠤ ᠦᠢᠯᠡᠰ ᠤᠨ ᠶᠠᠳᠠᠭᠤ ᠶᠢ ᠲᠡᠳᠬᠦᠬᠦ ᠲᠣᠭᠲᠠᠴᠠ ᠶᠣᠰᠣᠭᠠᠷ᠂ ︽ᠠᠮᠢ ᠠᠬᠤᠶ ᠶᠢ ᠵᠠᠰᠠᠨ | ᠰᠡᠷᠭᠦᠭᠡᠬᠦ᠂ ᠠᠵᠤ ᠦᠢᠯᠡᠰ ᠢᠶᠠᠷ ᠳᠠᠶᠢᠴᠢᠯᠠᠬᠤ᠂ ᠨᠡᠭᠦᠳᠡᠯ ᠠᠷᠠᠳ ᠢ ᠬᠠᠪᠰᠤᠷᠤᠨ ᠲᠡᠳᠬᠦᠬᠦ᠂ ᠰᠤᠷᠭᠠᠨ | ᠬᠥᠮᠦᠵᠢᠭᠦᠯᠵᠦ ᠪᠣᠯᠪᠠᠰᠤᠷᠠᠭᠤᠯᠬᠤ᠂ ᠵᠠᠮ ᠵᠠᠰᠠᠵᠤ ᠬᠥᠭᠦᠷᠭᠡ ᠪᠠᠶᠢᠭᠤᠯᠬᠤ᠂ ᠠᠵᠢᠯ ᠣᠯᠵᠤ ᠠᠳᠠᠯ ᠦᠢᠯᠡᠰ | ᠴᠣᠭᠴᠠᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ︾ ᠵᠡᠷᠭᠡ ᠪᠦᠬᠦ ᠲᠠᠯ᠎ᠠ ᠪᠠᠷ ᠬᠠᠪᠰᠤᠷᠤᠨ | ᠲᠡᠳᠬᠦᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠨ᠂ 30 ᠭᠠᠷᠤᠶ ᠳ᠋ᠦᠩᠰᠢᠭᠤᠷ ᠲᠥᠭᠦᠷᠢᠭ ᠤᠨ ᠨᠡᠶᠢᠲᠡ | ᠶᠢᠨ ᠠᠰᠠᠷᠠᠮᠵᠢ ᠶᠢᠨ ᠴᠢᠨᠠᠷᠲᠠᠶ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ 300 ᠭᠠᠷᠤᠶ ᠳ᠋ᠦᠩᠰᠢᠭᠤᠷ | ᠲᠥᠭᠦᠷᠢᠭ ᠤᠨ ᠠᠵᠤ ᠦᠢᠯᠡᠰ ᠲᠤ ᠪᠡᠯᠡ ᠣᠷᠣᠭᠤᠯᠵᠤ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ | ᠦᠢᠯᠡᠰ ᠢ ᠠᠭᠤᠰᠤᠯᠴᠠᠭᠤᠯᠤᠨ ᠬᠠᠷᠢᠯᠴᠠᠨ ᠨᠥᠬᠦᠪᠥᠷᠢᠯᠡᠭᠰᠡᠨ ᠡᠯᠡᠰᠦᠨ ᠴᠦᠯ ᠤᠨ ᠠᠮᠢ ᠠᠬᠤᠢ ᠶᠢᠨ ᠡᠷᠭᠢᠯᠭᠡᠨᠳᠦ | ᠠᠵᠤ ᠠᠬᠤᠢ ᠶᠢᠨ ᠠᠵᠤ ᠦᠢᠯᠡᠰ ᠢ ᠬᠥᠭᠵᠢᠭᠦᠯᠵᠦ᠂ ᠬᠥᠪᠴᠢ ᠡᠯᠡᠰᠦ ᠶᠢᠨ ᠣᠷᠣᠨ ᠤ 10.2 ᠲᠦᠮᠡᠨ | ᠠᠷᠠᠳ ᠤᠨ ᠶᠠᠳᠠᠭᠤ ᠠᠴᠠ ᠠᠩᠭᠢᠵᠢᠷᠠᠬᠤ ᠶᠢ ᠳᠠᠶᠢᠴᠢᠯᠠᠪᠠ᠃ | | ᠬᠤᠶᠠᠷ᠂ ᠠᠮᠢ ᠠᠬᠤᠢ ᠶᠢᠨ ᠠᠵᠤ ᠦᠢᠯᠡᠰ ᠤᠨ ᠶᠠᠳᠠᠭᠤ ᠶᠢ ᠲᠡᠳᠬᠦᠬᠦ ᠵᠠᠭᠪᠤᠷ ᠬᠢᠭᠡᠳ ᠦᠷ᠎ᠡ ᠠᠰᠢᠭ | | ︵ᠨᠢᠭᠡ︶ ᠲᠠᠷᠢᠶᠠᠴᠢᠨ ᠠᠵᠢᠯᠴᠢᠨ ᠤ ᠬᠤᠯᠪᠣᠭᠠᠲᠤ ᠠᠩᠭᠢ ᠪᠠᠶᠢᠭᠤᠯᠬᠤ ᠪᠠ ᠬᠥᠳᠡᠯᠮᠦᠷᠢ ᠬᠦᠴᠦ ᠳᠤ | ᠠᠵᠢᠯ ᠣᠯᠭᠤᠬᠤ ᠠᠷᠭ᠎ᠠ ᠪᠠᠷ 3 ᠲᠦᠮᠡ ᠭᠠᠷᠤᠢ ᠬᠥᠮᠦᠨ ᠠᠮᠠ ᠶᠢ ᠶᠠᠳᠠᠭᠤ ᠠᠴᠠ ᠲᠡᠳᠭᠦᠭᠰᠡᠨ ᠪᠠᠶᠢᠨ᠎ᠠ᠃ | 232 ᠨᠡᠷᠡᠰ ᠡᠯᠡᠰᠦ ᠶᠢ ᠵᠠᠰᠠᠬᠤ ᠬᠥᠯᠥᠰᠥᠨ ᠠᠵᠢᠯᠴᠢᠨ ᠤ ᠬᠤᠯᠪᠣᠭᠠᠲᠤ ᠠᠩᠭᠢ ᠶᠢ ᠵᠣᠬᠢᠶᠠᠨ ᠪᠠᠶᠢᠭᠤᠯᠵᠤ᠂ | ᠡᠯᠡᠰᠦ ᠶᠢ ᠵᠠᠰᠠᠬᠤ᠂ ᠮᠣᠳᠣ ᠲᠠᠷᠢᠬᠤ᠂ ᠡᠪᠡᠰᠦ ᠲᠠᠷᠢᠬᠤ᠂ ᠡᠮ ᠤᠨ ᠮᠠᠲ᠋ᠧᠷᠢᠶᠠᠯ ᠲᠠᠷᠢᠬᠤ ᠪᠠᠷ ᠳᠠᠮᠵᠢᠨ | ᠬᠥᠳᠡᠯᠮᠦᠷᠢ ᠬᠦᠴᠦ ᠳᠤ ᠠᠵᠢᠯ ᠤᠯᠭᠤᠨ ᠶᠠᠳᠠᠭᠤ ᠶᠢ ᠳᠡᠳᠬᠦᠵᠦ᠂ ᠨᠡᠶᠢᠲᠡ 10 ᠳ᠋ᠦᠩᠰᠢᠭᠤᠷ ᠲᠥᠭᠦᠷᠢᠭ ᠤᠨ | ᠬᠦᠳᠡᠯᠮᠦᠷᠢ ᠬᠦᠴᠦᠨ ᠤ ᠬᠥᠯᠦᠰᠦ ᠮᠦᠩᠭᠦ ᠵᠠᠷᠤᠴᠠᠭᠤᠯᠵᠤ᠂ 3 ᠲᠦᠮᠡ ᠭᠠᠷᠤᠶ ᠬᠥᠯᠥᠰᠥᠨ ᠠᠵᠢᠯᠴᠢᠨ ᠢ | ᠳᠠᠶᠢᠴᠢᠯᠠᠵᠤ ᠠᠰᠢᠭ ᠬᠦᠷᠲᠡᠭᠡᠵᠦ᠂ ᠨᠢᠭᠡ ᠬᠥᠮᠥᠨ ᠬᠦᠳᠡᠯᠮᠦᠷᠢᠯᠡᠵᠦ᠂ ᠨᠢᠭᠡ ᠡᠷᠦᠬᠡ ᠶᠠᠳᠠᠭᠤ ᠠᠴᠠ | ᠠᠩᠭᠢᠵᠢᠷᠠᠬᠤ ᠶᠢ ᠪᠡᠶᠡᠯᠡᠭᠦᠯᠪᠡ᠃ | ︵ᠬᠤᠶᠠᠷ︶ ᠠᠵᠤ ᠠᠬᠤᠶᠢᠯᠠᠯ ᠨᠢ ᠠᠵᠤ ᠦᠶᠯᠡᠳᠪᠦᠷᠢ ᠶᠢᠨ ᠬᠦᠷᠢᠶᠡᠯᠡᠩ ᠢᠶᠠᠷ ᠳᠠᠮᠵᠢᠨ 5 ᠲᠦᠮᠡ | ᠭᠠᠷᠤᠢ ᠬᠥᠮᠥᠨ ᠢ ᠳᠠᠶᠢᠴᠢᠯᠠᠨ ᠠᠵᠢᠯ ᠣᠯᠭᠤᠵᠣ ᠦᠢᠯᠡᠰ ᠪᠣᠰᠬᠠᠭᠰᠠᠨ ᠪᠠᠶᠢᠨ᠎ᠠ᠃ 2004 ᠣᠨ ᠠᠴᠠ 2011 | ᠣᠨ ᠪᠣᠯᠲᠠᠯ᠎ᠠ᠂ ᠤᠷᠢᠳ ᠬᠤᠵᠢᠳ ᠬᠥᠪᠴᠢ ᠡᠯᠡᠰᠦ ᠶᠢᠨ ᠵᠠᠬ᠎ᠠ ᠪᠠᠷ ᠳᠠᠯᠠᠳ ᠬᠤᠰᠢᠭᠤᠨ ᠤ ᠡᠷᠭᠢᠯᠭᠡᠨᠲᠦ ᠠᠵᠤ | ᠠᠬᠤᠢ ᠶᠢᠨ ᠠᠵᠤ ᠦᠶᠯᠡᠳᠪᠦᠷᠢ ᠶᠢᠨ ᠬᠦᠷᠢᠶᠡᠯᠡᠩ᠂ ᠬᠠᠩᠭᠢᠨ ᠬᠤᠰᠢᠭᠤᠨ ᠤ ᠬᠥᠪᠴᠢ ᠠᠮᠢ ᠠᠬᠤᠢ ᠶᠢᠨ ᠠᠵᠤ | ᠦᠶᠯᠡᠳᠪᠦᠷᠢ ᠶᠢᠨ ᠬᠦᠷᠢᠶᠡᠯᠡᠩ ᠵᠡᠷᠭᠡ ᠬᠤᠶᠠᠷ ᠲᠣᠮᠣ ᠠᠵᠤ ᠦᠶᠯᠡᠳᠪᠦᠷᠢ ᠶᠢᠨ ᠬᠦᠷᠢᠶᠡᠯᠡᠩ ᠢ ᠪᠠᠶᠢᠭᠤᠯᠵᠤ᠂ | ᠬᠠᠩᠭᠢᠨ ᠬᠤᠰᠢᠭᠤ᠂ ᠳᠠᠯᠠᠳ ᠬᠤᠰᠢᠭᠤ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ 55290 ᠬᠥᠮᠦᠨ ᠤ | ᠠᠵᠢᠯ ᠣᠯᠵᠤ ᠠᠳᠠᠯ ᠦᠢᠯᠡᠰ ᠪᠣᠰᠬᠠᠬᠤ ᠶᠢ ᠳᠠᠶᠢᠴᠢᠯᠠᠵᠤ᠂ 5152 ᠬᠥᠮᠦᠨ ᠤ ᠠᠵᠢᠯ ᠣᠯᠭᠤᠯᠲᠠ ᠶᠢ | ᠰᠢᠭᠤᠳ ᠰᠢᠢᠳᠪᠦᠷᠢᠯᠡᠪᠡ᠂ ᠡᠭᠦᠨ ᠳᠤ ᠬᠠᠩᠭᠢᠨ ᠬᠤᠰᠢᠭᠤᠨ ᠤ ᠬᠥᠪᠴᠢ ᠠᠮᠢ ᠠᠬᠤᠢ ᠶᠢᠨ ᠠᠵᠤ ᠦᠶᠯᠡᠳᠪᠦᠷᠢ | ᠶᠢᠨ ᠬᠦᠷᠢᠶᠡᠯᠡᠩ ᠨᠢ 315 ᠡᠷᠦᠬᠡ ᠶᠠᠳᠠᠭᠤ ᠬᠦᠴᠢᠷᠳᠡᠯᠲᠡᠢ ᠭᠡᠷ ᠪᠦᠯᠢ ᠶᠢᠨ ᠦᠷ᠎ᠡ ᠬᠡᠦᠬᠡᠳ ᠤᠨ ᠠᠵᠢᠯ | ᠣᠯᠭᠤᠯᠲᠠ ᠶᠢ ᠰᠢᠢᠳᠪᠦᠷᠢᠯᠡᠪᠡ᠃ | ︵ᠭᠤᠷᠪᠠ︶ ᠰᠢᠬᠢᠷ ᠡᠪᠡᠰᠦᠨ ᠤ ᠠᠵᠤ ᠦᠶᠯᠡᠰ ᠢᠶᠠᠷ ᠶᠠᠳᠠᠭᠤ ᠶᠢ ᠳᠡᠳᠬᠦᠪᠡ᠃ ᠰᠢᠬᠢᠷ ᠡᠪᠡᠰᠦ ᠲᠠᠷᠢᠬᠤ | ᠪᠠ ᠰᠢᠬᠢᠷ ᠡᠪᠡᠰᠦᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠣᠯ ᠢ ᠯᠢ ᠪᠦᠯᠦᠭᠯᠡᠯ ᠤᠨ ᠡᠯᠡᠰᠦ ᠶᠢ ᠵᠠᠰᠠᠵᠤ | ᠶᠠᠳᠠᠭᠤ ᠶᠢ ᠲᠡᠳᠬᠦᠬᠦ ᠴᠢᠬᠤᠯᠠ ᠠᠷᠭ᠎ᠠ ᠬᠡᠯᠪᠡᠷᠢ ᠪᠣᠯᠣᠨ ᠬᠤᠷᠴᠠ ᠵᠡᠪᠰᠡᠭ ᠮᠥᠨ᠃ ︽ᠺᠣᠮᠫᠠᠨᠢ + ᠲᠠᠷᠢᠶᠠᠴᠢᠨ | ᠡᠷᠦᠬᠡ︾᠂ ︽ᠠᠵᠤ ᠠᠬᠤᠶᠢᠯᠠᠯ + ᠰᠠᠭᠤᠷᠢᠨ ᠭᠠᠵᠠᠷ︾ ᠤᠨ ᠬᠡᠯᠪᠡᠷᠢ ᠪᠠᠷ ᠳᠠᠮᠵᠢᠨ᠂ ︽ᠦᠷ᠎ᠡ ᠴᠢᠬᠢ ᠶᠢ | ᠡᠷᠦᠬᠡ ᠳᠤ ᠬᠦᠷᠲᠡᠯ᠎ᠡ ᠬᠠᠩᠭᠠᠵᠤ᠂ ᠮᠡᠷᠭᠡᠵᠢᠯ ᠤᠨ ᠦᠢᠯᠡᠴᠢᠯᠡᠭᠡ ᠶᠢ ᠡᠷᠦᠬᠡ ᠳᠤ ᠬᠦᠷᠲᠡᠯ᠎ᠡ ᠬᠦᠷᠭᠡᠵᠦ᠂ | ᠪᠦᠲᠦᠭᠡᠭᠳᠡᠬᠦᠨ ᠢ ᠨᠢ ᠡᠷᠦᠬᠡ ᠳᠤ ᠬᠦᠷᠲᠡᠯ᠎ᠡ ᠬᠤᠷᠢᠶᠠᠨ ᠠᠪᠬᠤ︾ ᠭᠡᠬᠦ ︽ᠭᠤᠷᠪᠠ ᠶᠢ ᠡᠷᠦᠬᠡ ᠳᠤ ᠬᠦᠷᠲᠡᠯ᠎ᠡ︾ | ᠵᠠᠭᠪᠤᠷ ᠢ ᠬᠡᠷᠡᠭᠯᠡᠵᠦ᠂ 132 ᠲᠦᠮᠡᠨ ᠮᠦ ᠰᠢᠬᠢᠷ ᠡᠪᠡᠰᠦ ᠶᠢ ᠬᠠᠭᠠᠰ ᠬᠡᠭᠡᠷᠡᠯᠡᠨ ᠤᠷᠭᠤᠭᠤᠯᠵᠤ᠂ ᠤᠷᠢᠳ | ᠬᠤᠵᠢᠳ 5500 ᠭᠠᠷᠤᠢ ᠬᠥᠮᠦᠨ ᠢ ᠳᠠᠶᠢᠴᠢᠯᠠᠵᠤ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠪᠠ᠃ | ︵ᠳᠥᠷᠪᠡ︶ ᠠᠮᠢ ᠠᠬᠤᠢ ᠶᠢᠨ ᠨᠡᠭᠦᠳᠡᠯ ᠠᠷᠠᠳ ᠢ ᠶᠠᠳᠠᠭᠤ ᠠᠴᠠ ᠳᠡᠳᠬᠦᠪᠡ᠃ ᠠᠵᠤ ᠠᠬᠤᠶᠢᠯᠠᠯ ᠠᠴᠠ | ᠤᠷᠢᠳ ᠬᠤᠵᠢᠳ ᠶᠠᠠ ᠬᠠᠢ ᠽᠢ ᠨᠡᠭᠦᠳᠡᠯ ᠠᠷᠠᠳ ᠤᠨ ᠰᠢᠨ᠎ᠡ ᠲᠣᠰᠬᠤᠨ᠂ ᠬᠥᠪᠴᠢ ᠶᠢᠨ ᠮᠠᠯᠴᠢᠳ ᠤᠨ ᠰᠢᠨ᠎ᠡ | ᠲᠣᠰᠬᠤᠨ᠂ ᠬᠠᠩᠭᠢᠨ ᠨᠠᠭᠤᠷ ᠤᠨ ᠢ ᠯᠢ ᠰᠢᠨ᠎ᠡ ᠲᠣᠰᠬᠤᠨ 3 ᠠᠮᠢ ᠠᠬᠤᠢ ᠶᠢᠨ ᠨᠡᠭᠦᠳᠡᠯ ᠠᠷᠠᠳ ᠤᠨ | ᠲᠣᠰᠬᠤᠨ ᠢ ᠪᠦᠲᠦᠭᠡᠨ ᠪᠠᠶᠢᠭᠤᠯᠵᠤ᠂ ᠨᠡᠶᠢᠲᠡ 333 ᠡᠷᠦᠬᠡ ᠠᠷᠠᠳ ᠲᠠᠢ᠃ ᠣᠷᠣᠨ ᠨᠤᠲᠤᠭ ᠤᠨ ᠵᠠᠰᠠᠭ ᠤᠨ | ᠣᠷᠳᠣᠨ ᠢ ᠬᠠᠪᠰᠤᠷᠤᠨ ᠳᠤᠭᠤᠶᠢᠲᠠᠯᠠ ᠡᠯᠡᠰᠦᠨ ᠴᠦᠯ ᠤᠨ ᠣᠨᠴᠠᠯᠢᠭᠲᠤ ᠪᠠᠯᠭᠠᠰᠤ ᠶᠢ ᠪᠦᠲᠦᠭᠡᠨ ᠪᠠᠶᠢᠭᠤᠯᠵᠤ᠂ | ᠠᠮᠢ ᠠᠬᠤᠢ ᠶᠢᠨ ᠨᠡᠭᠦᠳᠡᠯ ᠠᠷᠠᠳ 3360 ᠡᠷᠦᠬᠡ ᠲᠠᠢ᠃ | ︵ᠲᠠᠪᠤ︶ ᠭᠡᠷᠡᠯ ᠴᠡᠨᠡᠭ ᠤᠨ ᠠᠵᠤ ᠦᠶᠯᠡᠰ ᠢᠶᠠᠷ ᠶᠠᠳᠠᠭᠤ ᠶᠢ ᠳᠡᠳᠬᠦᠪᠡ᠃ 2017 ᠣᠨ ᠳᠤ᠂ ᠢ ᠯᠢ | ᠪᠦᠯᠦᠭᠯᠡᠯ ᠨᠢ ︽ᠭᠡᠷᠡᠯ ᠴᠡᠨᠡᠭ ᠤᠨ ᠪᠦᠷᠢᠯᠳᠦᠭᠦᠨ ᠲᠣᠨᠤᠭ ᠤᠨ ᠤᠬᠢᠶᠠᠯᠲᠠ + ᠬᠠᠪᠲᠠᠰᠤᠨ ᠳᠤᠤᠷ᠎ᠠ ᠲᠠᠷᠢᠵᠤ | ᠠᠷᠠᠴᠢᠯᠠᠬᠤ︾ ᠨᠠᠷᠢᠯᠢᠭ ᠣᠨᠤᠪᠴᠢᠲᠠᠢ ᠪᠠᠷ ᠶᠠᠳᠠᠭᠤ ᠶᠢ ᠲᠡᠳᠬᠦᠬᠦ ᠢᠨᠵᠧᠨᠧᠷᠢᠩ ᠢ ᠪᠦᠬᠦ ᠲᠠᠯ᠎ᠠ ᠪᠠᠷ | ᠬᠡᠷᠡᠭᠵᠢᠭᠦᠯᠵᠦ᠂ ᠡᠷᠭᠢᠯᠭᠡᠨᠲᠦ ᠮᠠᠶ᠋ᠢᠭ ᠤᠨ ᠶᠠᠳᠠᠭᠤ ᠶᠢ ᠲᠡᠳᠬᠦᠬᠦ ᠠᠷᠭ᠎ᠠ ᠬᠡᠯᠪᠡᠷᠢ ᠶᠢ ᠠᠪᠴᠤ᠂ ᠶᠠᠳᠠᠭᠤ | ᠬᠦᠴᠢᠷᠳᠡᠯᠲᠡᠢ ᠡᠷᠦᠬᠡ ᠨᠢᠭᠡᠪᠦᠷᠢ ᠳᠤᠮᠳᠠᠴᠢ ᠪᠠᠷ 4MWp ᠪᠦᠷᠢᠯᠳᠦᠭᠦᠨ ᠲᠣᠨᠤᠭ ᠤᠨ ᠤᠬᠢᠶᠠᠯᠲᠠ ᠪᠤᠯᠤᠨ | ᠬᠠᠪᠲᠠᠰᠤᠨ ᠳᠤᠤᠷ᠎ᠠ ᠲᠠᠷᠢᠵᠤ ᠠᠷᠠᠴᠢᠯᠠᠬᠤ ᠶᠢ ᠳᠠᠭᠠᠭᠠᠴᠢᠯᠠᠵᠤ᠂ ᠰᠠᠶ᠎ᠠ ᠸᠠᠲ ᠪᠦᠷᠢ 1500 — 2000 | ᠲᠥᠭᠦᠷᠢᠭ᠂ ᠵᠢᠯ ᠳᠡᠭᠡᠨ ᠳᠥᠷᠪᠡ ᠤᠳᠠᠭ᠎ᠠ ᠤᠬᠢᠶᠠᠵᠤ᠂ ᠡᠷᠦᠬᠡ ᠪᠦᠷᠢ ᠳᠤ ᠳᠤᠮᠳᠠᠴᠢ ᠪᠠᠷ 3.5 ᠲᠦᠮᠡᠨ | ᠲᠥᠭᠦᠷᠢᠭ ᠤᠨ ᠣᠷᠤᠯᠭ᠎ᠠ ᠶᠢ ᠨᠡᠮᠡᠭᠳᠡᠭᠦᠯᠵᠦ᠂ 57 ᠶᠠᠳᠠᠭᠤ ᠬᠦᠴᠢᠷᠳᠡᠯᠲᠡᠢ ᠡᠷᠦᠬᠡ ᠶᠢ ᠶᠠᠳᠠᠭᠤ ᠠᠴᠠ | ᠠᠩᠭᠢᠵᠢᠷᠠᠬᠤ ᠶᠢ ᠳᠠᠶᠢᠴᠢᠯᠠᠪᠠ᠃ |