ᠣᠲᠤᠭ ᠤᠨ ᠡᠮᠦᠨᠡᠲᠦ ᠬᠤᠰᠢᠭᠤᠨ ᠤ ᠮᠢᠬᠠᠨ ᠬᠤᠨᠢᠨ ᠤ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠵᠠᠭᠪᠤᠷ
ᠨᠡᠶᠢᠲᠡᠯᠡᠭᠰᠡᠨ ᠴᠠᠭ᠄
2019/6/18
     ᠨᠢᠭᠡ᠂ ᠺᠣᠮᠫᠠᠨᠢ ᠶᠢᠨ ᠦᠨᠳᠦᠰᠦᠨ ᠪᠠᠶᠢᠳᠠᠯ      ᠣᠷᠳᠣᠰ ᠬᠤᠳᠠ ᠶᠢᠨ ᠾᠧᠩ ᠺᠧ ᠲᠠᠷᠢᠶᠠᠯᠠᠩ ᠮᠠᠯ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠨᠢ 2012 ᠣᠨ ᠳᠤ ᠪᠠᠶᠢᠭᠤᠯᠤᠭᠳᠠᠵᠤ᠂ ᠲᠠᠷᠢᠮᠠᠯ ᠤᠨ ᠵᠦᠢᠯᠡᠰ ᠬᠢᠭᠡᠳ ᠮᠢᠬᠠᠨ ᠦᠬᠡᠷ ᠮᠢᠬᠠᠨ ᠬᠤᠨᠢᠨ ᠤ ᠰᠢᠯᠢᠳᠡᠭ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠵᠢᠴᠢ ᠲᠡᠵᠢᠭᠡᠯᠭᠡ᠂ ᠦᠬᠡᠷ ᠬᠤᠨᠢ ᠶᠢ ᠨᠢᠲᠤᠯᠠᠵᠤ ᠨᠠᠷᠢᠯᠢᠭ ᠪᠣᠯᠪᠠᠰᠤᠷᠠᠭᠤᠯᠬᠤ᠂ ᠪᠦᠲᠦᠭᠡᠭᠳᠡᠬᠦᠨ ᠰᠤᠳᠤᠯᠤᠨ ᠨᠡᠭᠡᠭᠡᠬᠦ᠂ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠭ᠎ᠠ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠠᠵᠤ ᠠᠬᠤᠶᠢᠯᠠᠯ ᠪᠣᠯᠤᠨ᠎ᠠ᠃ ᠺᠣᠮᠫᠠᠨᠢ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠡᠵᠡᠩᠨᠡᠯᠲᠡ ᠶᠢᠨ ᠭᠤᠤᠯᠳᠠᠯᠭᠠᠲᠤ  ᠬᠦᠲᠦᠴᠢ ᠠᠵᠤ ᠠᠬᠤᠶᠢᠯᠠᠯ︾᠂ ︽ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠭᠰᠡᠨ ᠡᠵᠡᠩᠨᠡᠯᠲᠡ ᠶᠢᠨ ᠭᠤᠤᠯᠳᠠᠯᠭᠠᠲᠤ ᠬᠦᠲᠦᠴᠢ  ᠠᠵᠤ ᠠᠬᠤᠶᠢᠯᠠᠯ︾᠂ ︽ᠣᠷᠳᠣᠰ ᠬᠤᠲᠠ ᠶᠢᠨ ᠬᠤᠲᠠ ᠶᠢᠨ ᠳᠡᠰ ᠤᠨ ᠶᠠᠳᠠᠭᠤ ᠶᠢ ᠲᠡᠳᠬᠦᠬᠦ ᠬᠦᠲᠦᠴᠢ ᠠᠵᠤ ᠠᠬᠤᠶᠢᠯᠠᠯ︾ ᠢᠶᠠᠷ ᠬᠢᠨᠠᠨ ᠲᠣᠭᠲᠠᠭᠠᠭᠳᠠᠵᠠᠢ᠃ ᠺᠣᠮᠫᠠᠨᠢ ᠨᠢ ︽ᠠᠵᠤ ᠠᠬᠤᠶᠢᠯᠠᠯ + ᠨᠠᠮ ᠤᠨ ᠡᠭᠦᠷ + ᠬᠤᠷᠰᠢᠶᠠᠵᠢᠯ + ᠮᠠᠯᠴᠢᠨ ᠲᠠᠷᠢᠶᠠᠴᠢᠨ ᠡᠷᠦᠬᠡ︾ ᠪᠠᠷ ᠦᠨᠳᠦᠰᠦᠨ ᠬᠥᠭᠵᠢᠯᠲᠡ ᠶᠢᠨ ᠬᠡᠪ ᠵᠠᠭᠪᠤᠷ ᠪᠣᠯᠭᠠᠵᠤ᠂ ᠮᠠᠯᠴᠢᠨ ᠲᠠᠷᠢᠶᠠᠴᠢᠨ ᠤ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠶᠢ ᠴᠢᠷᠮᠠᠶᠢᠨ ᠳᠠᠶᠢᠴᠢᠯᠠᠵᠤ᠂ ᠮᠠᠨ ᠤ ᠬᠤᠲᠠ  ᠶᠢᠨ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠡᠷᠡᠭᠦᠯ ᠬᠥᠭᠵᠢᠯᠲᠡ ᠳᠤ ᠬᠤᠪᠢ ᠨᠡᠮᠡᠷᠢᠯᠡᠪᠡ᠃      ᠬᠤᠶᠠᠷ᠂ ᠶᠠᠳᠠᠭᠤ ᠶᠢ ᠳᠠᠶᠢᠴᠢᠯᠠᠵᠤ ᠶᠠᠳᠠᠭᠤ ᠶᠢ ᠪᠠᠭᠠᠰᠬᠠᠬᠤ ᠠᠷᠭ᠎ᠠ ᠬᠡᠮᠵᠢᠶ᠎ᠡ ᠵᠢᠴᠢ ᠦᠷ᠎ᠡ ᠪᠦᠲᠦᠮᠵᠢ      ︵ᠨᠢᠭᠡ︶ ᠦᠨ᠎ᠡ ᠬᠠᠩᠰᠢ ᠨᠢ ᠬᠠᠮᠠᠭᠠᠯᠠᠯᠲᠠ ᠲᠠᠢ᠂ ᠪᠣᠷᠣᠯᠠᠭᠤᠯᠬᠤ ᠵᠠᠮ ᠨᠢ ᠪᠠᠲᠤᠯᠠᠭ᠎ᠠ ᠲᠠᠢ᠃      ᠲᠤᠰ ᠺᠣᠮᠫᠠᠨᠢ ᠨᠢ ᠣᠲᠤᠭ ᠤᠨ ᠡᠮᠦᠨᠡᠲᠦ ᠬᠤᠰᠢᠭᠤᠨ ᠤ ᠬᠤᠨᠢᠨ ᠮᠢᠬᠠᠨ ᠤ ᠪᠦᠬᠦ ᠠᠵᠤ ᠦᠢᠯᠡᠰ ᠤᠨ ᠬᠡᠯᠬᠢᠶ᠎ᠡ ᠶᠢᠨ ᠮᠦᠷᠳᠡᠯᠳᠡ ᠶᠢᠨ ᠰᠢᠰᠲ᠋ᠧᠮ ᠤᠨ ᠤᠯᠠᠭᠠᠨ ᠢᠳᠡᠭᠡᠨ ᠪᠣᠯᠪᠠᠰᠤᠷᠠᠭᠤᠯᠬᠤ ᠲᠣᠭᠲᠠᠭᠠᠭᠰᠠᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠮᠠᠯᠴᠢᠨ ᠲᠠᠷᠢᠶᠠᠴᠢᠨ ᠡᠷᠦᠬᠡ ᠲᠠᠢ ᠡᠯᠳᠡᠪ ᠬᠤᠶᠠᠷ ᠢᠶᠠᠷ ᠢᠷᠡᠯᠲᠡ ᠨᠢ ᠮᠦᠷᠲᠡᠯᠲᠡ ᠲᠠᠢ ᠬᠤᠷᠠᠭ᠎ᠠ ᠶᠢᠨ ᠲᠡᠵᠢᠭᠡᠯᠭᠡ᠂ ᠨᠢᠲᠤᠯᠠᠯᠲᠠ ᠶᠢᠨ ᠭᠡᠷ᠎ᠡ ᠲᠤᠭᠲᠠᠵᠤ᠂ ᠬᠠᠮᠲᠤᠷᠠᠨ ᠠᠵᠢᠯᠯᠠᠬᠤ ᠨᠥᠬᠦᠴᠡᠯ᠂ ᠠᠷᠭ᠎ᠠ ᠬᠡᠯᠪᠡᠷᠢ᠂ ᠴᠠᠭ ᠬᠤᠭᠤᠴᠠᠭ᠎ᠠ᠂ ᠮᠢᠬᠠᠨ ᠬᠤᠨᠢᠨ ᠤ ᠭᠠᠷᠭᠠᠯᠲᠠ ᠶᠢᠨ ᠪᠠᠷᠢᠮᠵᠢᠶ᠎ᠠ᠂ ᠬᠢᠵᠢᠭ ᠪᠠᠶᠢᠴᠠᠭᠠᠬᠤ ᠠᠷᠭ᠎ᠠ᠂ ᠬᠤᠨᠢᠨ ᠮᠢᠬᠠᠨ ᠤ ᠬᠤᠳᠠᠯᠳᠤᠨ ᠠᠪᠬᠤ ᠦᠨ᠎ᠡ᠂ ᠲᠠᠩᠰᠠ ᠪᠠᠨ ᠳ᠋ᠦᠩᠨᠡᠨ ᠪᠣᠳᠣᠬᠤ ᠪᠠ ᠡᠷᠬᠡ ᠡᠭᠦᠷᠭᠡ ᠵᠡᠷᠭᠡ ᠶᠢ ᠪᠣᠯᠵᠣᠨ ᠲᠣᠭᠲᠠᠭᠠᠵᠤ᠂ ᠺᠤᠮᠫᠠᠨᠢ ᠨᠢ ᠨᠢᠲᠤᠯᠠᠯᠲᠠ ᠶᠢᠨ ᠠᠵᠢᠯ ᠲᠦᠷᠦᠯ ᠤᠨ ᠵᠠᠬ᠎ᠠ ᠳᠡᠯᠭᠡᠭᠦᠷ ᠤᠨ ᠦᠨ᠎ᠡ ᠠᠴᠠ ᠺᠢᠯᠣᠭ᠍ᠷᠠᠮ ᠪᠦᠷᠢ ᠳᠤ 3 ᠲᠥᠭᠦᠷᠢᠭ ᠢᠯᠡᠭᠦᠦ ᠦᠨ᠎ᠡ ᠪᠠᠷ ᠮᠠᠯᠵᠢᠬᠤ ᠡᠷᠦᠬᠡ ᠠᠴᠠ ᠮᠢᠬᠠᠨ ᠬᠤᠨᠢ ᠶᠢ ᠬᠤᠳᠠᠯᠳᠤᠨ ᠠᠪᠬᠤ ᠪᠤᠶᠤ ᠰᠠᠨ ᠳ᠋ᠤᠸᠠᠨ ᠳ᠋ᠢ ᠶᠢᠨ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠬᠠᠩᠰᠢ ᠠᠴᠠ ᠺᠢᠯᠣᠭ᠍ᠷᠠᠮ ᠪᠦᠷᠢ 1 ᠲᠥᠭᠦᠷᠢᠭ ᠢᠯᠡᠭᠦᠦ ᠪᠠᠷ ᠬᠦᠬᠡᠭᠴᠢᠨ ᠲᠠᠯ᠎ᠠ ᠶᠢᠨ ᠡᠬᠢ ᠢᠷᠡᠯᠲᠡ ᠨᠢ ᠮᠦᠷᠲᠡᠯᠲᠡ ᠲᠠᠢ ᠬᠤᠨᠢ ᠶᠢ ᠬᠤᠳᠠᠯᠳᠤᠨ ᠠᠪᠤᠨ᠎ᠠ᠃ ᠨᠢᠭᠡᠳᠦᠯᠲᠡᠶ ᠮᠡᠷᠭᠡᠵᠢᠯ᠂ ᠨᠢᠭᠡᠳᠦᠯᠲᠡᠶ ᠬᠠᠮᠢᠶᠠᠷᠤᠯᠲᠠ᠂ ᠨᠢᠭᠡᠳᠦᠯᠲᠡᠶ ᠬᠤᠳᠠᠯᠳᠤᠨ ᠠᠪᠬᠤ᠂ ᠨᠢᠭᠡᠳᠦᠯᠲᠡᠶ ᠨᠢᠲᠤᠯᠠᠬᠤ᠂ ᠨᠢᠭᠡᠳᠦᠯᠲᠡᠶ ᠪᠣᠯᠪᠠᠰᠤᠷᠠᠭᠤᠯᠬᠤ᠂ ᠨᠢᠭᠡᠳᠦᠯᠲᠡᠶ ᠪᠣᠭᠤᠳᠠᠯᠯᠠᠬᠤ᠂ ᠨᠢᠭᠡᠳᠦᠯᠲᠡᠶ ᠪᠣᠷᠣᠯᠠᠭᠤᠯᠬᠤ ᠪᠠᠷ ᠳᠠᠮᠵᠢᠨ ︽ᠳᠣᠯᠣᠭᠠᠨ ᠨᠢᠭᠡᠳᠦᠯᠲᠡᠶ︾ ᠪᠠᠷᠢᠮᠵᠢᠶ᠎ᠠ ᠪᠠᠷ ᠦᠢᠯᠡᠳᠪᠦᠷᠢᠯᠡᠵᠦ᠂ ᠪᠦᠲᠦᠭᠡᠭᠳᠡᠭᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠣᠲᠤᠭ ᠤᠨ ᠡᠮᠦᠨᠡᠲᠦ ᠬᠤᠰᠢᠭᠤᠨ ᠤ ᠣᠷᠣᠨ ᠨᠤᠲᠤᠭ ᠤᠨ ︽ᠭᠠᠵᠠᠷ ᠵᠦᠶ ᠶᠢᠨ ᠢᠯᠡᠷᠬᠡᠶᠢᠯᠡᠯᠲᠦ ᠲᠥᠷᠥᠯ ᠲᠡᠮᠳᠡᠭ︾ ᠢ ᠪᠤᠢ ᠪᠣᠯᠭᠠᠨ᠎ᠠ᠃  ᠮᠠᠯᠴᠢᠨ ᠲᠠᠷᠢᠶᠠᠴᠢᠳ ᠤᠨ ᠦᠢᠯᠡᠳᠪᠦᠷᠢᠯᠡᠯ ᠢ ᠬᠥᠭᠵᠢᠭᠦᠯᠬᠦ ᠰᠠᠭᠤᠷᠢᠨ ᠭᠠᠵᠠᠷ ᠢ ᠪᠦᠷᠢᠯᠳᠦᠭᠦᠯᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠢ ᠨᠡᠭᠡᠭᠡᠨ ᠬᠦᠭᠵᠢᠭᠦᠯᠵᠦ ᠨᠡᠷᠡᠲᠦ ᠲᠡᠮᠳᠡᠭ ᠤᠨ ᠠᠵᠤ ᠦᠢᠯᠡᠰ ᠢ ᠬᠦᠭᠵᠢᠭᠦᠯᠬᠦ ᠳᠤ᠂ ︽ᠵᠠᠬᠢᠶᠠᠯᠠᠭ᠎ᠠ ᠶᠢᠨ ᠬᠠᠭᠤᠳᠠᠰᠤ + ᠭᠡᠷ᠎ᠡ + ᠦᠨ᠎ᠡ ᠬᠠᠩᠰᠢ ᠶᠢ ᠬᠠᠮᠠᠭᠠᠯᠠᠬᠤ ᠬᠡᠯᠪᠡᠷᠢ︾  ᠶᠢᠨ ᠠᠰᠢᠭ ᠲᠤᠰᠠ ᠶᠢ ᠬᠤᠯᠪᠣᠬᠤ ᠵᠠᠭᠪᠤᠷ ᠢᠶᠠᠷ᠂ ᠬᠠᠮᠠᠭᠠᠯᠠᠬᠤ ᠦᠨ᠎ᠡ ᠬᠠᠩᠰᠢ ᠶᠢ ᠲᠣᠭᠲᠠᠭᠠᠨ᠎ᠠ᠃ 2018 ᠣᠨ ᠳᠤ᠂ 10000 ᠰᠢᠬᠠᠮ ᠬᠤᠨᠢ ᠶᠢᠨ ᠵᠠᠬᠢᠶᠠᠯᠠᠭ᠎ᠠ ᠶᠢᠨ ᠭᠡᠷ᠎ᠡ ᠲᠣᠭᠲᠠᠵᠤ᠂ 216 ᠮᠠᠯᠴᠢᠨ ᠲᠠᠷᠢᠶᠠᠴᠢᠨ ᠡᠷᠦᠬᠡ ᠶᠢ ᠳᠠᠶᠢᠴᠢᠯᠠᠪᠠ᠂ ᠡᠭᠦᠨ ᠳᠤ 68 ᠶᠠᠳᠠᠭᠤ ᠬᠦᠴᠢᠷᠳᠡᠯᠲᠡᠶ ᠡᠷᠦᠬᠡ ᠪᠠᠶᠢᠵᠤ᠂ ᠮᠠᠯᠴᠢᠨ ᠲᠠᠷᠢᠶᠠᠴᠢᠨ ᠤ ᠣᠷᠤᠯᠭ᠎ᠠ ᠶᠢᠨ ᠨᠡᠮᠡᠭᠳᠡᠯ ᠨᠢ 900 ᠲᠦᠮᠡ ᠠᠴᠠ ᠳᠡᠭᠡᠭᠰᠢ ᠬᠦᠷᠴᠡᠢ᠃      ︵ᠬᠤᠶᠠᠷ︶ ᠢᠳᠡᠪᠬᠢᠲᠠᠢ ᠪᠠᠷ ᠦᠢᠯᠡᠴᠢᠯᠡᠨ᠂ ᠬᠠᠮᠵᠢᠯᠴᠠᠭ᠎ᠠ ᠪᠠᠨ ᠠᠬᠢᠭᠤᠯᠵᠤ᠂ ᠠᠵᠤ ᠦᠢᠯᠡᠰ ᠤᠨ ᠬᠡᠯᠬᠢᠶᠡᠰᠦ ᠶᠢ ᠤᠷᠲᠤᠳᠬᠠᠨ᠎ᠠ᠃      ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠣᠯᠠᠨ ᠤᠳᠠᠭ᠎ᠠ ᠬᠤᠪᠢᠷᠠᠭᠤᠯᠤᠨ ᠥᠷᠲᠡᠭ ᠨᠡᠮᠡᠭᠳᠡᠭᠦᠯᠬᠦ  ᠶᠢ ᠪᠡᠶᠡᠯᠡᠭᠦᠯᠬᠦ᠂ ᠮᠠᠯᠴᠢᠨ ᠲᠠᠷᠢᠶᠠᠴᠢᠨ ᠡᠷᠦᠬᠡ ᠶᠢᠨ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠶᠢ ᠡᠭᠦᠷᠭᠡᠯᠡᠬᠦ ᠶᠢ ᠪᠠᠭᠠᠰᠬᠠᠬᠤ ᠠᠵᠢᠯ ᠤᠨ ᠰᠡᠳᠬᠢᠴᠡ ᠪᠠᠷ᠂ ᠾᠧᠩ ᠺᠧ ᠲᠠᠷᠢᠶᠠᠯᠠᠩ ᠮᠠᠯ ᠠᠵᠤ ᠠᠬᠤᠢ ᠶᠢᠨ ᠺᠣᠮᠫᠠᠨᠢ ᠨᠢ ︽ᠬᠤᠷᠰᠢᠶᠠᠵᠢᠯ + ᠰᠠᠭᠤᠷᠢᠨ ᠭᠠᠵᠠᠷ + ᠲᠠᠷᠢᠶᠠᠴᠢᠨ ᠡᠷᠦᠬᠡ + ᠵᠠᠬ᠎ᠠ ᠳᠡᠯᠭᠡᠭᠦᠷ᠂ ᠵᠠᠬᠢᠶᠠᠯᠠᠭ᠎ᠠ ᠶᠢᠨ ᠦᠶᠯᠡᠳᠪᠦᠷᠢᠯᠡᠯ ᠪᠣᠯᠤᠨ ᠪᠤᠴᠠᠭᠠᠨ ᠲᠦᠷᠢᠶᠡᠰᠦᠯᠡᠭᠦᠯᠦᠨ ᠳᠠᠭᠠᠭᠠᠴᠢᠯᠠᠬᠤ︾ ᠵᠡᠷᠭᠡ ᠠᠵᠤ ᠦᠢᠯᠡᠰᠵᠢᠭᠰᠡᠨ ᠡᠵᠡᠩᠨᠡᠯᠲᠡ ᠶᠢᠨ ᠬᠡᠯᠪᠡᠷᠢ ᠪᠠᠷ ᠳᠠᠮᠵᠢᠨ᠂ ᠬᠦᠲᠦᠴᠢ ᠠᠵᠤ ᠠᠬᠤᠶᠢᠯᠠᠯ ᠪᠣᠯᠤᠨ ᠲᠡᠵᠢᠭᠡᠯᠭᠡ ᠶᠢᠨ ᠡᠷᠦᠬᠡ ᠶᠢᠨ ᠨᠢᠭᠲᠠ ᠬᠤᠯᠪᠣᠯᠳᠤᠭᠰᠠᠨ᠂ ᠬᠠᠷᠢᠯᠴᠠᠨ ᠠᠰᠢᠭ ᠬᠦᠷᠲᠡᠭᠡᠬᠦ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠬᠥᠭᠵᠢᠯᠲᠡ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠤᠨ ᠬᠤᠤᠰ ᠠᠮᠵᠢᠯᠲᠠ ᠶᠢ ᠪᠡᠶᠡᠯᠡᠭᠦᠯᠦᠭᠰᠡᠨ ᠪᠠᠶᠢᠨ᠎ᠠ᠃ ᠣᠳᠣᠬᠠᠨ ᠳᠤ᠂ ᠾᠧᠩ ᠺᠧ ᠲᠠᠷᠢᠶᠠᠯᠠᠩ ᠮᠠᠯ ᠠᠵᠤ ᠠᠬᠤᠢ ᠶᠢᠨ ᠺᠣᠮᠫᠠᠨᠢ ᠨᠢᠭᠡᠨᠲᠡ 534 ᠮᠠᠯᠴᠢᠨ ᠲᠠᠷᠢᠶᠠᠴᠢᠨ ᠤ ᠭᠡᠷ ᠪᠦᠯᠢ ᠲᠠᠢ ︽ᠬᠠᠷᠢᠯᠴᠠᠨ ᠬᠠᠮᠵᠢᠯᠴᠠᠵᠤ ᠬᠠᠮᠲᠤ ᠪᠠᠷ ᠪᠠᠶᠢᠭᠤᠯᠬᠤ ᠬᠡᠯᠡᠯᠴᠡᠭᠡᠷ︾ ᠲᠣᠭᠲᠠᠵᠤ᠂ 196 ᠮᠠᠯᠴᠢᠨ ᠲᠠᠷᠢᠶᠠᠴᠢᠨ ᠲᠠᠢ ︽ᠬᠠᠮᠲᠤᠷᠠᠯᠴᠠᠭᠠᠨ ᠤ ᠰᠠᠨᠠᠮᠵᠢ ᠶᠢᠨ ᠬᠡᠯᠡᠯᠴᠡᠭᠡᠷ︾ ᠲᠣᠭᠲᠠᠵᠤ᠂ ᠬᠠᠮᠲᠤᠷᠠᠨ ᠠᠵᠢᠯᠯᠠᠭᠰᠠᠨ ᠮᠠᠯᠵᠢᠬᠤ ᠡᠷᠦᠬᠡ ᠳᠤ ᠴᠥᠮ ᠨᠢᠭᠡᠳᠦᠯᠲᠡᠶ ᠲᠡᠵᠢᠭᠡᠯᠭᠡ ᠶᠢᠨ ᠡᠭᠦᠯᠳᠡᠷ᠂ ᠨᠢᠭᠡᠳᠦᠯᠲᠡᠶ ᠲᠡᠵᠢᠭᠡᠯ ᠪᠣᠷᠳᠣᠭᠠᠨ ᠤ ᠪᠠᠷᠢᠮᠵᠢᠶ᠎ᠠ᠂ ᠨᠢᠭᠡᠳᠦᠯᠲᠡᠶ ᠬᠢᠵᠢᠭ ᠢ ᠰᠡᠷᠭᠡᠶᠢᠯᠡᠬᠦ᠂ ᠨᠢᠭᠡᠳᠦᠯᠲᠡᠶ ᠳᠠᠩᠰᠠ ᠡᠪᠬᠡᠮᠡᠯ ᠤᠨ ᠬᠠᠮᠢᠶᠠᠷᠤᠯᠲᠠ᠂ ᠨᠢᠭᠡᠳᠦᠯᠲᠡᠶ ᠮᠡᠷᠭᠡᠵᠢᠯ ᠤᠨ ᠵᠠᠭᠪᠤᠷ᠂ ᠨᠢᠭᠡᠳᠦᠯᠲᠡᠶ ᠪᠦᠲᠦᠭᠡᠭᠳᠡᠭᠦᠨ ᠤ ᠪᠣᠷᠣᠯᠠᠭᠤᠯᠭ᠎ᠠ ᠵᠡᠷᠭᠡ ᠪᠠᠷᠢᠮᠵᠢᠶᠠᠵᠢᠭᠰᠠᠨ ᠲᠠᠷᠢᠶᠠᠯᠠᠩ ᠮᠠᠯ ᠠᠵᠤ ᠠᠬᠤᠢ ᠶᠢᠨ ᠦᠶᠯᠡᠳᠪᠦᠷᠢᠯᠡᠯ ᠢ ᠬᠡᠷᠡᠭᠵᠢᠭᠦᠯᠪᠡ᠃      ︵ᠭᠤᠷᠪᠠ︶ ᠤᠶᠢᠷ᠎ᠠ ᠣᠷᠴᠢᠮ ᠳᠤ ᠪᠠᠨ ᠠᠵᠢᠯᠯᠠᠵᠤ᠂ ᠣᠷᠣᠯᠭ᠎ᠠ ᠨᠢ ᠲᠣᠭᠲᠠᠭᠤᠨ ᠢᠶᠠᠷ ᠨᠡᠮᠡᠭᠳᠡᠪᠡ᠃      ᠺᠣᠮᠫᠠᠨᠢ ᠨᠢ ᠦᠢᠯᠡᠳᠪᠦᠷᠢᠯᠡᠬᠦ ᠬᠡᠯᠪᠡᠷᠢ ᠶᠢᠨ ᠠᠵᠤ ᠠᠬᠤᠶᠢᠯᠠᠯ ᠳᠤ ᠬᠠᠷᠢᠶᠠᠯᠠᠭᠳᠠᠵᠤ᠂ ᠺᠣᠮᠫᠠᠨᠢ ᠶᠢᠨ ᠬᠦᠭᠵᠢᠯᠲᠡ ᠶᠢᠨ ᠶᠠᠪᠤᠴᠠ ᠳᠤ ᠶᠡᠭᠡ ᠬᠡᠮᠵᠢᠶᠡᠨ ᠤ ᠨᠢᠭᠡᠳᠦᠭᠡᠷ ᠹᠷᠣᠨᠲ ᠤᠨ ᠦᠶᠯᠡᠳᠪᠦᠷᠢ ᠶᠢᠨ ᠲᠠᠰᠤᠭ ᠤᠨ ᠠᠵᠢᠯᠴᠢᠨ ᠬᠡᠷᠡᠭᠰᠡᠵᠦ ᠨᠢᠲᠤᠯᠠᠬᠤ᠂ ᠰᠠᠯᠭᠠᠬᠤ᠂ ᠪᠣᠭᠤᠳᠠᠯᠯᠠᠬᠤ᠂ ᠲᠡᠭᠡᠭᠡᠪᠦᠷᠢᠯᠡᠬᠦ ᠵᠡᠷᠭᠡ ᠠᠵᠢᠯ ᠢ ᠬᠢᠬᠦ ᠴᠢᠬᠤᠯᠠᠲᠠᠶ ᠪᠠᠶᠢᠳᠠᠭ᠃ ᠠᠩᠬ᠎ᠠ ᠡᠬᠢᠯᠡᠬᠦ ᠳᠡᠭᠡᠨ ᠺᠣᠮᠫᠠᠨᠢ ᠨᠢ ᠠᠵᠢᠯᠲᠠᠨ ᠡᠯᠰᠡᠬᠦ ᠳᠤ ᠲᠤᠬᠠᠶ ᠶᠢᠨ ᠭᠠᠵᠠᠷ ᠤᠨ ᠮᠠᠯᠴᠢᠳ ᠢᠶᠠᠷ ᠭᠤᠤᠯ ᠪᠣᠯᠭᠠᠵᠤ᠂ ᠶᠠᠳᠠᠭᠤ ᠬᠦᠴᠢᠷᠳᠡᠯᠲᠡᠶ ᠮᠠᠯᠴᠢᠨ ᠲᠠᠷᠢᠶᠠᠴᠢᠨ ᠢ ᠤᠷᠢᠳ ᠢᠶᠠᠷ ᠰᠤᠩᠭᠤᠨ ᠬᠡᠷᠡᠭᠯᠡᠵᠡᠢ᠃ ᠣᠳᠣᠬᠢ ᠱᠠᠲᠤᠨ ᠳᠤ ᠺᠣᠮᠫᠠᠨᠢ ᠶᠢᠨ ᠦᠶᠯᠡᠳᠪᠦᠷᠢ ᠶᠢᠨ ᠲᠠᠰᠤᠭ ᠤᠨ ᠠᠵᠢᠯᠴᠢᠨ ᠤ ᠳᠣᠲᠣᠷ᠎ᠠ ᠲᠤᠬᠠᠶ ᠶᠢᠨ ᠭᠠᠵᠠᠷ ᠤᠨ ᠮᠠᠯᠴᠢᠨ 25 ᠪᠠᠶᠢᠵᠤ᠂ 12 ᠬᠥᠮᠥᠨ ᠨᠢ ᠶᠠᠳᠠᠭᠤ ᠬᠦᠴᠢᠷᠳᠡᠯᠲᠡᠶ ᠬᠥᠮᠥᠨ ᠠᠮᠠ ᠪᠣᠯᠤᠨ᠎ᠠ᠃ ᠰᠤᠯᠠ ᠠᠵᠢᠯ ᠬᠢᠵᠦ ᠦᠬᠡᠷ ᠬᠤᠨᠢ ᠪᠠᠭᠤᠯᠭᠠᠬᠤ ᠠᠵᠢᠯᠴᠢᠨ 4 ᠪᠠᠶᠢᠵᠤ᠂ ᠡᠭᠦᠨ ᠳᠤ 1 ᠨᠢ ᠶᠠᠳᠠᠭᠤ ᠬᠦᠴᠢᠷᠳᠡᠯᠲᠡᠶ ᠬᠥᠮᠥᠨ ᠠᠮᠠ ᠪᠣᠯᠤᠨ᠎ᠠ᠃      ︵ᠳᠥᠷᠪᠡ︶  ᠨᠠᠶᠢᠳᠠᠨ ᠬᠠᠮᠢᠶᠠᠷᠤᠭᠤᠯᠤᠨ ᠣᠷᠣᠯᠠᠨ ᠲᠡᠵᠢᠭᠡᠯᠭᠡᠵᠦ᠂ ᠨᠠᠷᠢᠯᠢᠭ ᠣᠨᠣᠪᠴᠢᠲᠠᠢ ᠪᠠᠷ ᠶᠠᠳᠠᠭᠤ  ᠶᠢ ᠲᠡᠳᠬᠦᠬᠦ ᠶᠢ ᠠᠬᠢᠭᠤᠯᠤᠨ᠎ᠠ᠃       ᠬᠦᠲᠦᠴᠢ ᠠᠵᠤ ᠠᠬᠤᠶᠢᠯᠠᠯ ᠤᠨ ᠬᠦᠴᠦᠨ ᠢ ᠭᠦᠶᠴᠡᠳ ᠠᠭᠤᠳᠠᠯᠵᠤ᠂ ᠨᠠᠷᠢᠯᠢᠭ ᠣᠨᠣᠪᠴᠢᠲᠠᠶ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠳᠤ ᠢᠳᠡᠪᠬᠢᠲᠡᠶ ᠣᠷᠣᠯᠴᠠᠨ᠂ ᠲᠠᠰᠤᠷᠠᠯᠲᠠ ᠥᠬᠡᠶ ᠰᠡᠳᠬᠢᠮᠵᠢ ᠪᠠᠨ ᠰᠢᠨᠡᠳᠬᠡᠵᠦ᠂ ᠠᠵᠤ ᠠᠬᠤᠶᠢᠯᠠᠯ ᠬᠢᠭᠡᠳ ᠶᠠᠳᠠᠭᠤ ᠬᠦᠴᠢᠷᠳᠡᠯᠲᠡᠶ ᠡᠷᠦᠬᠡ ᠶᠢᠨ ᠠᠰᠢᠭ ᠲᠤᠰᠠ ᠶᠢ ᠬᠤᠯᠪᠣᠬᠤ ᠰᠢᠨ᠎ᠡ ᠵᠠᠭᠪᠤᠷ ᠢ ᠰᠦᠪᠡᠭᠴᠢᠯᠡᠨ ᠪᠠᠶᠢᠭᠤᠯᠵᠤ᠂ ᠨᠠᠷᠢᠯᠢᠭ ᠣᠨᠣᠪᠴᠢᠲᠠᠶ ᠪᠠᠷ ᠶᠠᠳᠠᠭᠤ ᠶᠢ ᠲᠡᠳᠬᠦᠬᠦ ᠳᠤ ᠳᠠᠬᠢᠨ ᠬᠦᠴᠦᠯᠡᠬᠦ ᠬᠡᠷᠡᠭᠲᠡᠶ᠃ ᠬᠥᠳᠡᠯᠮᠦᠷᠢᠯᠡᠬᠦ ᠴᠢᠳᠠᠪᠤᠷᠢ ᠥᠬᠡᠶ᠂ ᠲᠡᠵᠢᠭᠡᠯᠭᠡ ᠶᠢᠨ ᠨᠥᠬᠦᠴᠡᠯ ᠥᠬᠡᠶ᠂ ᠮᠡᠷᠭᠡᠵᠢᠯ ᠥᠬᠡᠶ ᠪᠠ ᠬᠠᠮᠢᠶᠠᠷᠤᠯᠲᠠ ᠶᠢᠨ ᠲᠤᠷᠰᠢᠯᠭ᠎ᠠ ᠥᠬᠡᠶ ᠶᠠᠳᠠᠭᠤ ᠬᠦᠴᠢᠷᠳᠡᠯᠲᠡᠶ ᠡᠷᠦᠬᠡ ᠳᠤ ᠴᠢᠭᠯᠡᠭᠦᠯᠦᠨ ︽ᠨᠠᠶᠢᠳᠠᠨ ᠬᠠᠮᠢᠶᠠᠷᠤᠭᠤᠯᠬᠤ + ᠣᠷᠣᠯᠠᠨ ᠲᠡᠵᠢᠭᠡᠬᠦ + ᠠᠰᠢᠭ ᠬᠤᠪᠢᠶᠠᠬᠤ︾ ᠬᠡᠯᠪᠡᠷᠢ ᠶᠢᠨ ᠠᠰᠢᠭ ᠲᠤᠰᠠ ᠶᠢ ᠬᠤᠯᠪᠣᠬᠤ ᠵᠠᠭᠪᠤᠷ ᠢ ᠪᠠᠶᠢᠭᠤᠯᠪᠠ᠂ ᠵᠢᠱᠢᠶᠡᠯᠡᠪᠡᠯ᠄ ᠨᠠᠩᠰᠤ ᠪᠠᠯᠭᠠᠰᠤᠨ ᠤ ᠳᠠᠪᠰᠢᠯᠲᠤ᠂ ᠺᠣᠮᠫᠠᠨᠢ ᠨᠢ ᠲᠡᠭᠦᠨ ᠲᠠᠢ ᠬᠡᠯᠡᠯᠴᠡᠭᠡᠷ ᠲᠣᠭᠲᠠᠵᠤ᠂ 2 ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ ᠪᠠᠯᠠ ᠮᠥᠩᠭᠦ ᠪᠠᠷ 40 ᠬᠤᠨᠢ ᠬᠤᠳᠠᠯᠳᠤᠨ ᠠᠪᠴᠤ᠂ ᠠᠵᠤ ᠠᠬᠤᠶᠢᠯᠠᠯ ᠳᠤ ᠨᠠᠶᠢᠳᠠᠨ ᠬᠠᠮᠢᠶᠠᠷᠤᠭᠤᠯᠤᠨ ᠣᠷᠣᠯᠠᠨ ᠲᠡᠵᠢᠭᠡᠯᠭᠡᠵᠦ᠂ ᠵᠢᠯ ᠪᠦᠷᠢ 6 ᠮᠢᠩᠭᠠᠨ ᠲᠥᠭᠦᠷᠢᠭ ᠠᠴᠠ ᠳᠤᠲᠠᠭᠤ ᠥᠬᠡᠶ ᠠᠰᠢᠭ ᠣᠷᠣᠯᠭ᠎ᠠ ᠬᠤᠪᠢᠶᠠᠷᠢᠯᠠᠵᠤ᠂ ᠶᠠᠳᠠᠭᠤ ᠬᠦᠴᠢᠷᠳᠡᠯᠲᠡᠶ ᠡᠷᠦᠬᠡ ᠶᠢ ᠾᠧᠩ ᠺᠧ ᠲᠠᠷᠢᠶᠠᠯᠠᠩ ᠮᠠᠯ ᠠᠵᠤ ᠠᠬᠤᠢ ᠶᠢᠨ ᠺᠣᠮᠫᠠᠨᠢ ᠶᠢᠨ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠵᠤ᠂ ᠠᠰᠢᠭ ᠡᠳ᠋ᠯᠡᠨ᠂ ᠣᠷᠣᠯᠭ᠎ᠠ ᠶᠢ ᠨᠢ ᠨᠡᠮᠡᠭᠳᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠶᠢ ᠪᠠᠲᠤᠯᠠᠪᠠ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号