ᠡᠯ᠎ᠡ ᠠᠶᠢᠮᠠᠭ ᠬᠤᠲᠠ᠂ ᠬᠠᠮᠢᠶ᠎ᠠ ᠪᠦᠬᠦᠢ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠤᠰᠬᠤᠨ ᠮᠠᠯᠵᠢᠬᠤ ᠣᠷᠤᠨ ᠤ ᠲᠣᠪᠴᠢᠶ᠎ᠠ᠂ ᠲᠢᠩᠬᠢᠮ ᠤᠨ ᠬᠠᠮᠢᠶ᠎ᠠ ᠪᠦᠬᠦᠢ ᠭᠠᠵᠠᠷ᠂ ᠲᠠᠰᠤᠭ᠂ ᠲᠣᠪᠴᠢᠶ᠎ᠠ᠂ | ᠲᠢᠩᠬᠢᠮ ᠤᠨ ᠬᠠᠮᠢᠶ᠎ᠠ ᠪᠦᠬᠦᠢ ᠨᠢᠭᠡᠴᠢ᠄ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠬᠦ ᠲᠤᠬᠠᠢ ᠨᠠᠮ ᠤᠨ ᠲᠥᠪ ᠬᠤᠷᠢᠶ᠎ᠠ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠰᠢᠨᠵᠢᠯᠡᠭᠡ ᠮᠡᠷᠭᠡᠵᠢᠯ ᠤᠨ | ᠲᠤᠯᠭᠠᠭᠤᠷᠢᠯᠠᠬᠤ ᠡᠷᠴᠢᠮ ᠢ ᠴᠢᠩᠭᠠᠷᠠᠭᠤᠯᠵᠤ᠂ ᠪᠥᠬᠦ ᠣᠷᠣᠨ ᠤ ᠠᠵᠤ ᠦᠶᠯᠡᠰ ᠢᠶᠠᠷ ᠶᠠᠳᠠᠭᠤ ᠶᠢ ᠲᠡᠳᠬᠦᠬᠦ᠂ | ᠨᠠᠷᠢᠯᠢᠭ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠪᠤᠲᠠᠲᠠᠢ ᠪᠦᠲᠦᠮᠵᠢ ᠶᠢ ᠠᠬᠢᠭᠤᠯᠬᠤ ᠶᠢᠨ | ᠲᠤᠰᠠᠳᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠤᠨ ᠤ ᠲᠢᠩᠬᠢᠮ ᠤᠨ ᠬᠠᠷᠢᠶ᠎ᠠ ᠨᠢᠭᠡᠴᠢ ᠶᠢᠨ ᠳᠣᠲᠣᠷ᠎ᠠ ᠠᠴᠠ ᠰᠢᠨᠵᠢᠯᠡᠭᠡ ᠮᠡᠷᠭᠡᠵᠢᠯ ᠤᠨ ᠠᠵᠢᠯᠲᠠᠨ ᠰᠣᠩᠭᠤᠨ | 20 ᠳᠠᠭᠠᠭᠠᠴᠢᠯᠠᠨ ᠬᠤᠯᠪᠤᠭᠠᠯᠠᠬᠤ ᠪᠠᠭ᠎ᠠ ᠳᠤᠭᠤᠶᠢᠯᠠᠩ ︵ᠳᠠᠭᠠᠯᠳᠤᠭᠤᠯᠤᠭᠰᠠᠨ ᠬᠦᠰᠦᠨᠦᠭᠲᠦ ᠠᠴᠠ ᠦᠵᠡ︶ | ᠬᠤᠪᠢᠶᠠᠵᠤ᠂ 20 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠢ ᠠᠵᠢᠯ ᠲᠥᠷᠥᠯ ᠢᠶᠠᠷ ᠨᠢ ᠳᠠᠭᠠᠭᠠᠴᠢᠯᠠᠨ | ᠬᠤᠯᠪᠤᠭᠠᠯᠠᠵᠤ᠂ ᠬᠠᠨᠳᠤᠯᠭᠠᠲᠤ ᠴᠢᠨᠠᠷᠲᠠᠶ ᠪᠠᠷ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠯᠡᠰ ᠢᠶᠠᠷ ᠶᠠᠳᠠᠭᠤ | ᠶᠢ ᠲᠡᠳᠬᠦᠬᠦ ᠰᠢᠨᠵᠢᠯᠡᠭᠡ ᠮᠡᠷᠭᠡᠵᠢᠯ ᠤᠨ ᠠᠵᠢᠯ ᠢ ᠦᠷᠨᠢᠭᠦᠯᠦᠨ᠎ᠡ᠃ ᠡᠳᠦᠭᠡ ᠬᠠᠮᠢᠶ᠎ᠠ ᠪᠦᠬᠦᠢ ᠵᠦᠶᠯᠡᠰ ᠢ | ᠮᠡᠳᠡᠭᠳᠡᠶ᠎ᠡ᠄ | ᠨᠢᠭᠡ᠂ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠭᠤᠤᠯ ᠡᠭᠦᠷᠭᠡ | ᠡᠯ᠎ᠡ ᠳᠠᠭᠠᠭᠠᠴᠢᠯᠠᠨ ᠬᠤᠯᠪᠤᠭᠠᠯᠠᠬᠤ ᠠᠵᠢᠯ ᠤᠨ ᠳᠤᠭᠤᠶᠢᠯᠠᠩ ᠨᠢ ᠲᠤᠬᠠᠢ ᠶᠢᠨ ᠭᠠᠵᠠᠷ ᠤᠨ ᠪᠠᠶᠢᠭᠠᠯᠢ ᠶᠢᠨ | ᠡᠬᠢ ᠪᠠᠶᠠᠯᠢᠭ᠂ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠵᠢᠴᠢ ᠬᠢᠵᠠᠭᠠᠷᠯᠠᠬᠤ ᠬᠦᠴᠦᠨ ᠵᠦᠢᠯ ᠢ | ᠭᠦᠢᠴᠡᠳ ᠣᠶᠢᠯᠠᠭᠠᠵᠤ᠂ ᠲᠤᠬᠠᠢ ᠶᠢᠨ ᠭᠠᠵᠠᠷ ᠤᠨ ᠪᠠᠶᠢᠳᠠᠯ ᠳᠤᠨᠢ ᠲᠤᠬᠢᠷᠠᠭᠤᠯᠤᠨ ᠣᠨᠴᠠᠯᠢᠭᠲᠤ ᠭᠤᠣᠯᠯᠠᠬᠤ | ᠠᠵᠤ ᠦᠢᠯᠡᠰ ᠤᠨ ᠬᠥᠭᠵᠢᠯᠲᠡ ᠶᠢ ᠲᠦᠯᠦᠪᠵᠢᠭᠦᠯᠦᠨ᠎ᠡ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ | ᠴᠣᠭᠴᠠ ᠶᠢ ᠬᠥᠲᠥᠯᠥᠨ ᠵᠢᠯᠣᠭᠤᠳᠴᠤ ᠶᠠᠳᠠᠭᠤ ᠬᠦᠴᠢᠷᠳᠡᠯᠲᠡᠢ ᠡᠷᠦᠬᠡ ᠲᠠᠢ ᠠᠰᠢᠭ ᠲᠤᠰᠠ ᠶᠢᠨ ᠬᠤᠯᠪᠣᠭᠠᠨ ᠤ | ᠲᠣᠭᠲᠠᠴᠠ ᠶᠢ ᠪᠠᠶᠢᠭᠤᠯᠤᠨ᠎ᠠ᠃ ᠲᠣᠰᠬᠤᠨ ᠳᠤ ᠬᠦᠷᠴᠦ ᠡᠷᠦᠬᠡ ᠳᠤ ᠣᠷᠣᠵᠤ ᠮᠡᠷᠭᠡᠵᠢᠯ ᠤᠨ ᠵᠢᠯᠣᠭᠤᠳᠣᠯᠭ᠎ᠠ ᠪᠠ | ᠪᠣᠯᠪᠠᠰᠤᠷᠠᠯ ᠢ ᠬᠠᠨᠳᠤᠯᠭᠠᠲᠤ ᠴᠢᠨᠠᠷᠲᠠᠶ ᠪᠠᠷ ᠥᠷᠨᠢᠭᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠳᠣᠲᠣᠭᠠᠳᠤ | ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠠᠵᠤ ᠦᠢᠯᠡᠰ ᠤᠨ ᠬᠥᠭᠵᠢᠯᠲᠡ ᠶᠢᠨ ︽ᠴᠢᠰᠤ ᠪᠦᠲᠦᠭᠡᠬᠦ︾ | ᠴᠢᠳᠠᠮᠵᠢ ᠶᠢ ᠴᠢᠩᠭᠠᠷᠠᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠤ ᠴᠢᠨᠠᠷᠯᠢᠭ | ᠬᠥᠭᠵᠢᠯᠲᠡ ᠶᠢ ᠲᠦᠯᠬᠢᠨ ᠠᠬᠢᠭᠤᠯᠬᠤ ᠳᠤ ᠮᠡᠷᠭᠡᠵᠢᠯ ᠤᠨ ᠯᠠᠪᠯᠠᠯᠲᠠ ᠪᠠ ᠮᠡᠷᠭᠡᠵᠢᠯ ᠤᠨ ᠪᠣᠯᠪᠠᠰᠤᠷᠠᠯ ᠬᠢᠬᠦ ᠵᠢᠴᠢ | ᠳᠡᠯᠭᠡᠷᠡᠭᠦᠯᠬᠦ ᠵᠢᠱᠢᠶ᠎ᠡ ᠦᠵᠡᠭᠦᠯᠬᠦ ᠦᠢᠯᠡᠴᠢᠯᠡᠭᠡ ᠬᠠᠩᠭᠠᠨ᠎ᠠ᠃ | ᠬᠤᠶᠠᠷ᠂ ᠠᠶᠢᠮᠠᠭ ᠬᠤᠲᠠ ᠬᠤᠰᠢᠭᠤ ᠰᠢᠶᠠᠨ ᠠᠴᠠ ᠬᠠᠮᠵᠢᠯᠴᠠᠬᠤ ᠠᠵᠢᠯ ᠢ ᠰᠠᠶᠢᠲᠤᠷ ᠬᠢᠬᠦ ᠬᠡᠷᠡᠭᠲᠡᠶ | ᠡᠯ᠎ᠡ ᠠᠶᠢᠮᠠᠭ ᠬᠤᠳᠠ᠂ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ | ᠶᠠᠳᠠᠭᠤ ᠬᠦᠴᠢᠷᠳᠡᠯᠲᠡᠶ ᠬᠤᠰᠢᠭᠤ ᠰᠢᠶᠠᠨ ᠳᠤ ᠲᠣᠮᠢᠯᠠᠨ ᠰᠠᠭᠤᠯᠭᠠᠬᠤ ᠲᠠᠷᠢᠶᠠᠯᠠᠩ ᠮᠠᠯ ᠠᠵᠤ ᠠᠬᠤᠢ ᠶᠢᠨ ᠠᠵᠤ | ᠦᠶᠯᠡᠰ ᠢᠶᠠᠷ ᠶᠠᠳᠠᠭᠤ ᠶᠢ ᠲᠡᠳᠬᠦᠬᠦ ᠰᠢᠨᠵᠢᠯᠡᠭᠡ ᠮᠡᠷᠭᠡᠵᠢᠯ ᠢ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠴᠢᠬᠤᠯᠠ | ᠴᠢᠨᠠᠷ ᠢ ᠭᠦᠢᠴᠡᠳ ᠲᠠᠨᠢᠬᠤ ᠬᠡᠷᠡᠭᠲᠡᠢ᠃ ᠲᠤᠰᠬᠠᠶ ᠬᠥᠮᠥᠨ ᠲᠣᠮᠢᠯᠠᠨ ᠲᠤᠰ ᠠᠵᠢᠯ ᠢ ᠬᠠᠷᠢᠭᠤᠴᠠᠭᠤᠯᠵᠤ᠂ | ᠳᠠᠭᠠᠭᠠᠴᠢᠯᠠᠨ ᠬᠤᠯᠪᠤᠭᠠᠯᠠᠬᠤ ᠳᠤᠭᠤᠶᠢᠯᠠᠩ ᠲᠠᠢ ᠰᠠᠨᠠᠭᠠᠴᠢᠯᠠᠭ᠎ᠠ ᠠᠴᠠ ᠪᠠᠨ ᠠᠵᠢᠯ ᠢᠶᠠᠨ ᠵᠣᠯᠭᠠᠯᠳᠤᠭᠤᠯᠵᠤ᠂ | ᠵᠣᠬᠢᠴᠠᠩᠭᠤᠶ ᠨᠥᠬᠦᠴᠡᠯ ᠬᠠᠩᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠠᠵᠢᠯᠲᠠᠨ ᠢ ᠵᠣᠬᠢᠴᠠᠭᠤᠯᠵᠤ᠂ | ᠬᠠᠮᠢᠶ᠎ᠠ ᠪᠦᠬᠦᠢ ᠲᠤᠭ᠎ᠠ ᠪᠠᠷᠢᠮᠲᠠ᠂ ᠪᠣᠯᠪᠠᠰᠤᠷᠠᠯ ᠤᠨ ᠪᠠᠭᠠᠵᠢ ᠬᠡᠷᠡᠭᠰᠡᠯ ᠪᠠ ᠲᠠᠯᠠᠪᠤᠷ ᠭᠠᠵᠠᠷ᠂ ᠵᠠᠮ ᠬᠠᠷᠢᠯᠴᠠᠭᠠᠨ | ᠤ ᠲᠥᠬᠦᠭᠡᠷᠦᠮᠵᠢ ᠵᠡᠷᠭᠡ ᠶᠢ ᠬᠠᠩᠭᠠᠨ᠎ᠠ᠃ ᠠᠶᠢᠮᠠᠭ ᠬᠤᠳᠠ᠂ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ | ᠶᠢᠨ ᠰᠠᠯᠠᠭ᠎ᠠ ᠮᠥᠴᠢᠷ ᠠᠴᠠ ᠪᠣᠳᠠᠲᠠᠢ ᠠᠵᠢᠯ ᠤᠨ ᠬᠡᠷᠡᠭᠴᠡᠭᠡ ᠱᠠᠭᠠᠷᠳᠠᠯᠭ᠎ᠠ ᠳᠤᠷᠠᠳᠴᠤ᠂ ᠳᠠᠭᠠᠭᠠᠴᠢᠯᠠᠨ | ᠬᠤᠯᠪᠤᠭᠠᠯᠠᠬᠤ ᠳᠤᠭᠤᠶᠢᠯᠠᠩ ᠯᠤᠭ᠎ᠠ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢᠶᠠᠷ ᠶᠠᠳᠠᠭᠤ ᠶᠢ | ᠲᠡᠳᠬᠦᠬᠦ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠢ ᠠᠵᠤ ᠦᠢᠯᠡᠰ ᠲᠠᠢ ᠪᠦᠲᠦᠮᠵᠢᠲᠡᠢ ᠵᠣᠯᠭᠠᠭᠤᠯᠬᠤ ᠶᠢ | ᠬᠠᠮᠲᠤᠪᠠᠷ ᠲᠦᠯᠬᠢᠨ ᠠᠬᠢᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠳᠤ ᠬᠦᠴᠦᠨ ᠪᠦᠬᠦᠢ | ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ᠃ | ᠭᠤᠷᠪᠠ᠂ ᠬᠠᠷᠢᠯᠴᠠᠭ᠎ᠠ ᠬᠤᠯᠪᠣᠭ᠎ᠠ ᠪᠠᠨ ᠴᠢᠩᠭᠠᠳᠬᠠᠵᠤ᠂ ᠠᠵᠢᠯ ᠤᠨ ᠵᠣᠯᠭᠠᠯᠲᠠ ᠶᠢ ᠰᠠᠶᠢᠲᠤᠷ ᠬᠢᠬᠦ | ᠬᠡᠷᠡᠭᠲᠡᠢ | ᠳᠠᠭᠠᠭᠠᠴᠢᠯᠠᠨ ᠬᠤᠯᠪᠤᠭᠠᠯᠠᠬᠤ ᠳᠤᠭᠤᠶᠢᠯᠠᠩ ᠨᠢ ᠬᠤᠰᠢᠭᠤ ᠰᠢᠶᠠᠨ ᠤ ᠠᠵᠤ ᠦᠢᠯᠡᠰ ᠤᠨ ᠬᠥᠭᠵᠢᠯᠲᠡ ᠶᠢᠨ | ᠵᠢᠭᠠᠨ ᠵᠢᠯᠣᠭᠤᠳᠤᠭᠴᠢ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ ᠤ ᠠᠵᠤ | ᠦᠢᠯᠡᠰ ᠤᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠤ ᠪᠦᠯᠬᠦᠮ ᠤᠨ ᠲᠠᠢ ᠬᠠᠷᠢᠯᠴᠠᠭ᠎ᠠ ᠬᠤᠯᠪᠣᠭ᠎ᠠ ᠪᠠ ᠠᠵᠢᠯ ᠤᠨ | ᠵᠣᠯᠭᠠᠯᠲᠠ ᠪᠠᠨ ᠴᠢᠩᠭᠠᠳᠬᠠᠨ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠢ ᠰᠣᠩᠭᠤᠬᠤ᠂ | ᠯᠠᠪᠯᠠᠭ᠎ᠠ ᠬᠢᠵᠦ ᠨᠤᠲᠠᠯᠠᠬᠤ᠂ ᠮᠡᠷᠭᠡᠵᠢᠯ ᠳᠡᠯᠭᠡᠷᠡᠭᠦᠯᠬᠦ᠂ ᠪᠣᠯᠪᠠᠰᠤᠷᠠᠯ ᠵᠡᠷᠭᠡ ᠳᠠᠭᠠᠭᠠᠴᠢᠯᠠᠨ ᠬᠤᠯᠪᠤᠭᠠᠯᠠᠬᠤ ᠠᠵᠢᠯ ᠢ | ᠬᠠᠮᠲᠤᠪᠠᠷ ᠵᠥᠪᠳᠡᠯᠴᠡᠨ ᠰᠠᠶᠢᠲᠤᠷ ᠬᠢᠬᠦ ᠬᠡᠷᠡᠭᠲᠡᠢ᠃ | ᠳᠥᠷᠪᠡ᠂ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ | ᠳᠠᠭᠠᠭᠠᠴᠢᠯᠠᠨ ᠬᠤᠯᠪᠤᠭᠠᠯᠠᠬᠤ ᠳᠤᠭᠤᠶᠢᠯᠠᠩ ᠨᠢ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠪᠠ | ᠬᠡᠷᠡᠭᠵᠢᠭᠦᠯᠬᠦ ᠨᠠᠷᠢᠨ ᠳᠦᠷᠢᠮ ᠢ ᠴᠢᠩᠭ᠎ᠠ ᠵᠢᠷᠤᠮᠯᠠᠨ᠂ ᠠᠵᠢᠯ ᠢᠶᠠᠨ ᠬᠠᠰᠢ ᠶᠠᠰᠢ ᠪᠠᠷ ᠥᠩᠭᠡᠷᠡᠭᠦᠯᠬᠦ ᠦᠭᠡᠢ᠂ | ᠬᠡᠯᠪᠡᠷᠢ ᠶᠢᠨ ᠦᠵᠡᠯ ᠭᠠᠷᠭᠠᠬᠤ ᠦᠭᠡᠢ᠂ ᠯᠠᠷᠵᠢᠶ᠎ᠠ ᠶᠠᠩᠪᠠ ᠲᠠᠲᠠᠬᠤ ᠦᠭᠡᠢ᠂ ᠬᠥᠮᠥᠨ ᠴᠥᠭᠡᠨ ᠬᠥᠰᠬᠡ ᠬᠦᠩᠭᠡᠨ᠂ | ᠠᠯᠢ ᠴᠢᠳᠠᠬᠤ ᠪᠠᠷ ᠠᠷᠪᠢᠯᠠᠨ ᠭᠠᠮᠨᠠᠵᠤ᠂ ᠱᠠᠭᠠᠷᠳᠠᠯᠭ᠎ᠠ ᠶᠣᠰᠣᠭᠠᠷ ᠴᠢᠩᠭ᠎ᠠ ᠵᠢᠤᠮᠯᠠᠨ ᠠᠵᠢᠯᠯᠠᠬᠤ ᠬᠡᠷᠡᠭᠲᠡᠶ᠃ | ᠳᠠᠭᠠᠭᠠᠴᠢᠯᠠᠨ ᠬᠤᠯᠪᠣᠭᠠᠯᠠᠬᠤ ᠨᠢᠭᠡᠴᠢ ᠨᠢ ᠳᠠᠭᠠᠭᠠᠴᠢᠯᠠᠨ ᠬᠤᠯᠪᠣᠭᠠᠯᠠᠬᠤ ᠠᠵᠢᠯ ᠢ ᠴᠢᠩᠭ᠎ᠠ ᠪᠥᠭᠡᠳ ᠪᠣᠳᠠᠲᠠᠶ ᠪᠠᠷ | ᠬᠢᠵᠦ᠂ ᠪᠦᠲᠦᠮᠵᠢᠲᠡᠶ ᠪᠠᠷ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠶ᠃ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠠᠴᠠ ᠳᠠᠭᠠᠭᠠᠴᠢᠯᠠᠨ ᠬᠤᠯᠪᠣᠭᠠᠯᠠᠬᠤ ᠪᠠᠶᠢᠭᠤᠯᠭ᠎ᠠ ᠨᠢᠭᠡᠴᠢ | ᠪᠣᠯᠤᠨ ᠳᠠᠭᠠᠭᠠᠴᠢᠯᠠᠨ ᠬᠤᠯᠪᠣᠭᠠᠯᠠᠬᠤ ᠳᠤᠭᠤᠶᠢᠯᠠᠩ ᠤᠨ ᠠᠵᠢᠯᠲᠠᠨ ᠤ ᠠᠵᠢᠯ ᠢ ᠮᠥᠷᠳᠡᠨ ᠰᠢᠯᠭᠠᠵᠤ᠂ ᠰᠢᠯᠭᠠᠨ | ᠦᠨᠡᠯᠡᠭᠰᠡᠨ ᠦᠷ᠎ᠡ ᠳ᠋ᠦᠩ ᠢᠶᠠᠨ ᠪᠠᠶᠢᠭᠤᠯᠭ᠎ᠠ ᠨᠢᠭᠡᠴᠢ ᠪᠣᠯᠤᠨ ᠰᠢᠨᠵᠢᠯᠡᠭᠡ ᠮᠡᠷᠭᠡᠵᠢᠯ ᠤᠨ ᠳᠠᠭᠠᠭᠠᠴᠢᠯᠠᠨ | ᠬᠤᠯᠪᠣᠭᠠᠯᠠᠬᠤ ᠠᠵᠢᠯᠲᠠᠨ ᠢ ᠰᠢᠯᠭᠠᠨ ᠬᠢᠨᠠᠬᠤ ᠴᠢᠬᠤᠯᠠ ᠦᠨᠳᠦᠰᠦᠯᠡᠯ ᠪᠣᠯᠭᠠᠨ᠎ᠠ᠃ | ᠳᠠᠭᠠᠯᠳᠤᠭᠤᠯᠤᠯ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠤᠨ ᠤ ᠲᠢᠩᠬᠢᠮ ᠠᠴᠠ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠳᠤ ᠲᠣᠮᠢᠯᠠᠨ | ᠰᠠᠭᠤᠯᠭᠠᠬᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠰᠢᠨᠵᠢᠯᠡᠭᠡ | ᠮᠡᠷᠭᠡᠵᠢᠯ ᠤᠨ ᠳᠠᠭᠠᠭᠠᠴᠢᠯᠠᠨ ᠬᠤᠯᠪᠣᠭᠠᠯᠠᠬᠤ ᠳᠤᠭᠤᠶᠢᠯᠠᠩ ᠤᠨ ᠠᠵᠢᠯᠲᠠᠨ ᠤ ᠨᠡᠷᠡᠰ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ | 2019 ᠣᠨ ᠤ 3 ᠰᠠᠷ᠎ᠠ ᠶᠢᠨ 7 ᠤ ᠡᠳᠦᠷ | ᠳᠠᠭᠠᠯᠳᠤᠭᠤᠯᠤᠯ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠤᠨ ᠤ ᠲᠢᠩᠬᠢᠮ ᠠᠴᠠ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠳᠤ ᠲᠣᠮᠢᠯᠠᠨ | ᠰᠠᠭᠤᠯᠭᠠᠬᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠰᠢᠨᠵᠢᠯᠡᠭᠡ | ᠮᠡᠷᠭᠡᠵᠢᠯ ᠤᠨ ᠳᠠᠭᠠᠭᠠᠴᠢᠯᠠᠨ ᠬᠤᠯᠪᠣᠭᠠᠯᠠᠬᠤ ᠳᠤᠭᠤᠶᠢᠯᠠᠩ ᠤᠨ ᠠᠵᠢᠯᠲᠠᠨ ᠤ ᠨᠡᠷᠡᠰ.xlsx |