ᠨᠢᠭᠡ᠂ ᠬᠤᠷᠰᠢᠶᠠᠵᠢᠯ ᠤᠨ ᠦᠨᠳᠦᠰᠦᠨ ᠪᠠᠶᠢᠳᠠᠯ | ᠬᠠᠩᠭᠢᠨ ᠬᠤᠰᠢᠭᠤᠨ ᠤ ᠳ᠋ᠦᠸᠧ ᠹᠧᠩ ᠴᠠᠩ ᠯᠢᠦᠢ ᠲᠠᠷᠢᠮᠠᠯ ᠤᠨ ᠲᠤᠰᠬᠠᠢ ᠬᠤᠷᠰᠢᠶᠠᠵᠢᠯ ᠨᠢ ᠰᠢᠨ᠎ᠡ | ᠪᠠᠯᠭᠠᠰᠤᠨ ᠤ ᠵᠦᠩᠲᠦ ᠲᠣᠰᠬᠤᠨ ᠤ ᠯᠢᠦ ᠾᠸᠦ ᠠᠢ ᠠᠴᠠ ᠵᠦᠩᠲᠦ ᠲᠤᠰᠬᠤᠨ ᠤ ᠵᠢᠷᠭᠤᠭᠠᠨ ᠤᠷᠳᠤ ᠴᠠᠭᠠᠨ | ᠨᠣᠭᠤᠭ᠎ᠠ ᠶᠢᠨ ᠲᠠᠷᠢᠮᠠᠯ ᠤᠨ ᠡᠷᠦᠬᠡ ᠲᠠᠢ ᠬᠠᠮᠲᠤᠷᠠᠨ ᠡᠭᠦᠰᠭᠡᠨ ᠪᠠᠶᠢᠭᠤᠯᠤᠭᠰᠠᠨ ᠲᠠᠷᠢᠶᠠᠴᠢᠨ ᠤ ᠲᠤᠰᠬᠠᠢ | ᠬᠤᠷᠰᠢᠶ᠎ᠠ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠤᠯᠤᠨ᠎ᠠ᠃ 2017 ᠣᠨ ᠤ 4 ᠰᠠᠷ᠎ᠠ ᠳᠤ | ᠬᠠᠩᠭᠢᠨ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠳᠤ | ᠳᠠᠩᠰᠠᠯᠠᠭᠤᠯᠵᠤ᠂ ᠳᠠᠩᠰᠠᠯᠠᠯ ᠤᠨ ᠪᠡᠯᠡ ᠮᠥᠩᠭᠦ ᠨᠢ 10 ᠲᠦᠮᠡᠨ ᠲᠥᠭᠦᠷᠢᠭ᠃ 2018 ᠣᠨ ᠳᠤ | ᠬᠤᠷᠰᠢᠶᠠᠵᠢᠯ ᠨᠢ ᠵᠦᠩᠲᠦ ᠲᠣᠰᠬᠤᠨ ᠤ ᠳᠠᠪᠤᠰᠤᠯᠠᠭᠰᠠᠨ ᠨᠣᠭᠤᠭ᠎ᠠ ᠶᠢᠨ ᠠᠵᠤ ᠦᠢᠯᠡᠰ ᠤᠨ ᠬᠥᠭᠵᠢᠯᠲᠡ ᠶᠢ | ᠳᠠᠶᠢᠴᠢᠯᠠᠬᠤ ᠶᠢᠨ ᠲᠥᠯᠥᠭᠡ᠂ ᠵᠦᠩᠲᠦ ᠲᠣᠰᠬᠤᠨ ᠤ ᠲᠠᠷᠢᠶᠠᠴᠢᠨ ᠲᠠᠢ ᠬᠠᠮᠲᠤᠷᠠᠨ 120 ᠮᠦ ᠶᠢᠨ ᠤᠷᠳᠤ | ᠴᠠᠭᠠᠨ ᠨᠣᠭᠤᠭ᠎ᠠ ᠶᠢᠨ ᠲᠠᠷᠢᠮᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠦᠲᠦᠭᠡᠨ ᠪᠠᠶᠢᠭᠤᠯᠵᠦ᠂ ᠲᠤᠬᠠᠢ ᠶᠢᠨ | ᠭᠠᠵᠠᠷ ᠤᠨ ᠲᠠᠷᠢᠶᠠᠴᠢᠨ ᠡᠷᠦᠬᠡ ᠲᠠᠢ 250 ᠮᠦ ᠤᠷᠳᠤ ᠴᠠᠭᠠᠨ ᠨᠣᠭᠤᠭ᠎ᠠ ᠲᠠᠷᠢᠬᠤ ᠵᠠᠬᠢᠶᠠᠯᠠᠭ᠎ᠠ ᠶᠢᠨ ᠭᠡᠷ᠎ᠡ᠂ | 400 ᠮᠦ ᠨᠡᠷᠡᠲᠦ ᠲᠦᠮᠦᠰᠦᠨ ᠤ ᠪᠣᠬᠢᠷᠲᠤᠯ ᠦᠭᠡᠢ ᠲᠠᠷᠢᠮᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ | ᠪᠠᠶᠢᠭᠤᠯᠬᠤ ᠪᠠᠷ ᠲᠤᠭᠲᠠᠵᠤ᠂ ᠲᠤᠬᠠᠢ ᠶᠢᠨ ᠭᠠᠵᠠᠷ ᠤᠨ 35 ᠶᠠᠳᠠᠭᠤ ᠬᠦᠴᠢᠷᠳᠡᠯᠲᠡᠢ ᠡᠷᠦᠬᠡ ᠶᠢ ᠳᠠᠶᠢᠴᠢᠯᠠᠨ | ᠢᠳᠡᠰᠢᠨ ᠨᠣᠭᠤᠭᠠᠨ ᠤ ᠲᠠᠷᠢᠶᠠᠯᠠᠭ᠎ᠠ ᠶᠢ ᠬᠥᠭᠵᠢᠭᠦᠯᠵᠦ᠂ ᠬᠠᠪᠰᠤᠷᠤᠨ ᠲᠡᠳᠬᠦᠭᠰᠡᠨ ᠶᠠᠳᠠᠭᠤ ᠬᠦᠴᠢᠷᠳᠡᠯᠲᠡᠢ | ᠡᠷᠦᠬᠡ ᠨᠢ ᠲᠤᠬᠠᠢ ᠶᠢᠨ ᠵᠢᠯ ᠳᠡᠭᠡᠨ ᠶᠠᠳᠠᠭᠤ ᠠᠴᠠ ᠠᠩᠭᠢᠵᠢᠷᠠᠵᠤ ᠴᠢᠨᠡᠭᠡᠯᠢᠭᠵᠢᠭᠰᠡᠨ ᠪᠠᠶᠢᠨ᠎ᠠ᠃ | ᠬᠤᠶᠠᠷ᠂ ᠭᠤᠤᠯ ᠬᠢᠬᠦ ᠠᠷᠭ᠎ᠠ ᠵᠢᠴᠢ ᠦᠷ᠎ᠡ ᠠᠰᠢᠭ | ︵ᠨᠢᠭᠡ︶ ᠲᠤᠯᠤᠭᠠᠶᠢᠯᠠᠭᠴᠢ ᠠᠵᠤ ᠠᠬᠤᠶᠢᠯᠠᠯ ᠬᠢᠭᠡᠳ ᠮᠠᠯᠴᠢᠨ ᠲᠠᠷᠢᠶᠠᠴᠢᠨ ᠤ ᠠᠰᠢᠭ ᠲᠤᠰᠠ ᠶᠢ | ᠬᠤᠯᠪᠣᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠰᠢᠨ᠎ᠡ ᠶᠢ ᠡᠭᠦᠳᠬᠦ ᠰᠢᠰᠲ᠋ᠧᠮᠵᠢ ᠶᠢ | ᠴᠢᠩᠭᠠᠷᠠᠭᠤᠯᠬᠤ ᠵᠠᠷᠴᠢᠮ᠃ ᠬᠦᠲᠦᠴᠢ ᠠᠵᠤ ᠠᠬᠤᠶᠢᠯᠠᠯ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠᠷ | ᠳᠠᠮᠵᠢᠨ᠂ ᠬᠤᠷᠰᠢᠶᠠᠵᠢᠯ ᠢ ᠲᠠᠷᠢᠶᠠᠴᠢᠨ ᠡᠷᠦᠬᠡ ᠲᠠᠢ ᠬᠤᠯᠪᠤᠭᠠᠯᠠᠭᠤᠯᠬᠤ ᠠᠷᠭ᠎ᠠ ᠮᠠᠶ᠋ᠢᠭ ᠢᠶᠠᠷ᠂ ᠬᠤᠶᠠᠷ ᠲᠠᠯ᠎ᠠ ᠪᠠᠷ | ᠢᠶᠠᠨ ᠠᠰᠢᠭ ᠬᠦᠷᠲᠡᠵᠦ ᠬᠠᠮᠲᠤ ᠪᠠᠷ ᠬᠥᠭᠵᠢᠬᠦ ᠵᠠᠷᠴᠢᠮ ᠤᠨ ᠶᠣᠰᠣᠭᠠᠷ᠂ ᠬᠤᠷᠰᠢᠶᠠᠵᠢᠯ ᠪᠣᠯᠤᠨ ᠲᠠᠷᠢᠶᠠᠴᠢᠨ | ᠡᠷᠦᠬᠡ ᠶᠢᠨ ᠬᠤᠭᠤᠷᠣᠨᠳᠣ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠦ᠂ | ᠲᠠᠷᠢᠶᠠᠴᠢᠨ ᠡᠷᠦᠬᠡ ᠨᠢ ᠬᠤᠷᠰᠢᠶᠠᠵᠢᠯ ᠳᠤ ᠰᠠᠭᠤᠷᠢᠨ ᠭᠠᠵᠠᠷ ᠪᠣᠯᠵᠤ᠂ ᠬᠤᠷᠰᠢᠶᠠᠵᠢᠯ ᠨᠢ ᠲᠠᠷᠢᠶᠠᠴᠢᠨ ᠡᠷᠦᠬᠡ ᠶᠢᠨ | ᠵᠠᠬ᠎ᠠ ᠳᠡᠯᠭᠡᠭᠦᠷᠴᠢᠯᠡᠯᠲᠡ ᠳᠤ ᠦᠢᠯᠡᠴᠢᠯᠡᠵᠦ᠂ ᠬᠤᠷᠰᠢᠶᠠᠵᠢᠯ ᠪᠣᠯᠤᠨ ᠳᠠᠪᠤᠰᠤᠯᠠᠭᠰᠠᠨ ᠨᠣᠭᠤᠭ᠎ᠠ ᠶᠢᠨ ᠲᠠᠷᠢᠮᠠᠯ ᠤᠨ | ᠡᠷᠦᠬᠡ ᠨᠢ ᠲᠣᠭᠲᠠᠭᠤᠨ ᠠᠰᠢᠭ ᠣᠯᠵᠠ ᠶᠢᠨ ᠬᠤᠯᠪᠤᠭᠠᠯᠠᠭᠰᠠᠨ ᠲᠣᠭᠲᠠᠴᠠ ᠶᠢ ᠪᠦᠷᠢᠯᠳᠦᠭᠦᠯᠵᠠᠢ᠃ | ᠲᠣᠯᠤᠭᠠᠶᠢᠯᠠᠭᠴᠢ ᠠᠵᠤ ᠠᠬᠤᠶᠢᠯᠠᠯ ᠤᠨ ᠳᠠᠶᠢᠴᠢᠯᠠᠨ ᠳᠠᠭᠠᠭᠤᠯᠬᠤ ᠦᠶᠯᠡᠳᠦᠯ ᠢ ᠭᠦᠶᠴᠡᠳ ᠪᠠᠳᠠᠷᠠᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠰᠢᠨ᠎ᠡ ᠠᠷᠭ᠎ᠠ ᠵᠠᠮ ᠢ ᠪᠤᠢ ᠪᠤᠯᠭᠠᠵᠠᠢ᠃ 2018 | ᠣᠨ ᠳᠤ ᠬᠤᠷᠰᠢᠶᠠᠵᠢᠯ ᠨᠢ ᠲᠤᠬᠠᠶ ᠶᠢᠨ ᠭᠠᠵᠠᠷ ᠤᠨ 35 ᠲᠠᠷᠢᠶᠠᠴᠢᠨ ᠡᠷᠦᠬᠡ ᠲᠠᠢ ᠬᠤᠯᠪᠣᠭᠠᠯᠠᠨ ᠢᠳᠡᠰᠢᠨ | ᠨᠣᠭᠤᠭ᠎ᠠ ᠶᠢᠨ ᠲᠠᠷᠢᠮᠠᠯ ᠤᠨ ᠦᠶᠯᠡᠰ ᠢ ᠬᠥᠭᠵᠢᠭᠦᠯᠵᠦ᠂ ᠡᠷᠭᠢᠨ ᠲᠣᠭᠤᠷᠢᠨ ᠤ 110 ᠮᠠᠯᠴᠢᠨ ᠲᠠᠷᠢᠶᠠᠴᠢᠨ | ᠡᠷᠦᠬᠡ ᠶᠢ ᠳᠠᠶᠢᠴᠢᠯᠠᠨ ᠳᠠᠪᠤᠰᠤᠯᠠᠭᠰᠠᠨ ᠨᠣᠭᠤᠭ᠎ᠠ ᠶᠢᠨ ᠠᠵᠤ ᠦᠶᠯᠡᠰ ᠢ ᠬᠦᠭᠵᠢᠭᠦᠯᠵᠡᠢ᠃ ᠲᠥᠷᠥᠯ ᠵᠦᠶᠯ ᠢᠶᠠᠷ | ᠡᠷᠦᠬᠡ ᠶᠢ ᠳᠠᠶᠢᠴᠢᠯᠠᠵᠤ᠂ ᠵᠥᠪᠬᠡᠨ ᠢᠳᠡᠰᠢᠨ ᠨᠣᠭᠤᠭ᠎ᠠ ᠶᠢᠨ ᠲᠠᠷᠢᠮᠠᠯ ᠤᠨ ᠦᠶᠯᠡᠰ ᠠᠴᠠ ᠡᠷᠦᠬᠡ ᠪᠦᠷᠢ ᠶᠢᠨ | ᠣᠷᠣᠯᠭ᠎ᠠ ᠶᠢ ᠵᠢᠯ ᠳᠡᠭᠡᠨ 8000 ᠲᠥᠭᠦᠷᠢᠭ ᠨᠡᠮᠡᠭᠳᠡᠭᠦᠯᠪᠡ᠃ | ︵ᠬᠤᠶᠠᠷ︶ ᠠᠵᠤ ᠦᠢᠯᠡᠰᠵᠢᠭᠦᠯᠦᠨ ᠡᠵᠡᠩᠨᠡᠬᠦ ᠵᠠᠷᠴᠢᠮ᠃ ᠰᠢᠨ᠎ᠡ ᠪᠠᠯᠭᠠᠰᠤ ᠶᠢᠨ ᠵᠦᠩᠲᠦ ᠲᠣᠰᠬᠤᠨ ᠳᠤ | ᠳᠠᠪᠤᠰᠤᠯᠠᠭᠰᠠᠨ ᠨᠣᠭᠤᠭ᠎ᠠ ᠶᠢᠨ ᠠᠵᠤ ᠦᠢᠯᠡᠰ ᠢ ᠬᠥᠭᠵᠢᠭᠦᠯᠬᠦ ᠨᠢ ᠶᠠᠳᠠᠭᠤ ᠶᠢ ᠲᠡᠳᠬᠦᠬᠦ ᠶᠢᠨ ︽ᠴᠢᠰᠤ ᠶᠡᠭᠦᠯᠡᠬᠦ︾ | ᠠᠴᠠ ︽ᠴᠢᠰᠤ ᠪᠦᠲᠦᠭᠡᠬᠦ︾ ᠲᠡᠰᠢ ᠬᠤᠪᠢᠷᠠᠬᠤ ᠶᠢ ᠠᠬᠢᠭᠤᠯᠬᠤ ᠦᠨᠳᠦᠰᠦᠨ ᠠᠷᠭ᠎ᠠ ᠪᠣᠳᠣᠯᠭ᠎ᠠ ᠮᠥᠨ᠂ | ᠮᠥᠨᠴᠦ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ | ᠶᠢᠨ ᠦᠨᠳᠦᠰᠦᠨ ᠪᠠᠲᠤᠯᠠᠭ᠎ᠠ ᠪᠣᠯᠣᠨ᠎ᠠ᠃ ᠲᠣᠯᠤᠭᠠᠶᠢᠯᠠᠭᠴᠢ ᠠᠵᠤ ᠠᠬᠤᠶᠢᠯᠠᠯ᠂ ᠮᠠᠯᠴᠢᠨ ᠲᠠᠷᠢᠶᠠᠴᠢᠨ ᠤ ᠠᠵᠤ | ᠠᠬᠤᠢ ᠶᠢᠨ ᠬᠤᠷᠰᠢᠶᠠᠵᠢᠯ ᠤᠨ ᠵᠣᠬᠢᠶᠠᠨ ᠪᠠᠶᠢᠭᠤᠯᠤᠯᠲᠠ᠂ ᠦᠶᠯᠡᠳᠪᠦᠷᠢᠯᠡᠯ ᠤᠨ ᠲᠣᠮᠣ ᠡᠷᠦᠬᠡ ᠪᠠᠷ ᠭᠤᠤᠯ | ᠴᠣᠭᠴᠠ ᠪᠣᠯᠭᠠᠵᠤ᠂ ︽ᠣᠷᠣᠨ ᠪᠦᠰᠡ ᠶᠢᠨ ᠬᠥᠭᠵᠢᠯᠲᠡ᠂ ᠠᠵᠤ ᠦᠢᠯᠡᠰ ᠤᠨ ᠪᠦᠷᠬᠦᠯᠲᠡ᠂ ᠲᠣᠯᠣᠭᠠᠶᠢᠯᠠᠨ | ᠳᠠᠶᠢᠴᠢᠯᠠᠬᠤ︾ ᠰᠡᠳᠬᠢᠮᠵᠢ ᠶᠣᠰᠣᠭᠠᠷ᠂ ᠢᠳᠡᠰᠢᠨ ᠨᠣᠭᠤᠭ᠎ᠠ ᠶᠢᠨ ᠠᠵᠤ ᠦᠢᠯᠡᠰ ᠢ ᠲᠡᠳᠬᠦᠨ ᠳᠡᠮᠵᠢᠬᠦ ᠪᠠᠷ | ᠭᠤᠤᠯᠳᠠᠯᠭ᠎ᠠ ᠪᠣᠯᠭᠠᠵᠠᠢ᠃ ᠤᠯᠠᠨ ᠵᠦᠢᠯ ᠤᠨ ᠬᠡᠯᠪᠡᠷᠢ ᠶᠢᠨ ᠬᠡᠪᠴᠢᠶᠡᠵᠢᠭᠰᠡᠨ ᠡᠵᠡᠩᠨᠡᠯᠲᠡ ᠶᠢ ᠬᠡᠷᠡᠭᠵᠢᠭᠦᠯᠵᠦ᠂ | ᠶᠠᠳᠠᠭᠤ ᠬᠦᠴᠢᠷᠳᠡᠯᠲᠡᠶ ᠬᠥᠮᠥᠨ ᠠᠮᠠ ᠶᠢᠨ ᠣᠷᠣᠯᠭ᠎ᠠ ᠶᠢ ᠨᠡᠮᠡᠭᠳᠡᠭᠦᠯᠵᠦ᠂ ᠶᠠᠳᠠᠭᠤ ᠶᠢ ᠲᠡᠳᠬᠦᠬᠦ ᠪᠡᠯᠡ ᠮᠥᠩᠭᠦ | ᠶᠢᠨ ᠦᠷ᠎ᠡ ᠠᠰᠢᠭ ᠢ ᠶᠡᠬᠡᠰᠬᠡᠪᠡ᠃ | ︵ᠭᠤᠷᠪᠠ︶ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠦ᠂ ᠦᠨᠡᠨ ᠠᠴᠠ ᠵᠥᠪ ᠢ ᠡᠷᠢᠬᠦ ᠵᠠᠷᠴᠢᠮ ᠢ | ᠪᠠᠷᠢᠮᠲᠠᠯᠠᠨ᠎ᠠ᠃ ᠠᠵᠤ ᠠᠬᠤᠶ ᠨᠡᠶᠢᠭᠡᠮ ᠤᠨ ᠣᠷᠣᠨ ᠪᠦᠰᠡ ᠶᠢᠨ ᠬᠥᠭᠵᠢᠯᠲᠡ ᠶᠢᠨ ᠬᠡᠷᠡᠭᠴᠡᠭᠡ ᠶᠣᠰᠣᠭᠠᠷ᠂ | ᠪᠣᠲᠠᠲᠠᠢ ᠲᠠᠢ ᠤᠶᠠᠯᠳᠤᠭᠤᠯᠤᠨ᠂ ᠲᠤᠬᠠᠢ ᠶᠢᠨ ᠭᠠᠵᠠᠷ ᠤᠨ ᠪᠠᠶᠢᠳᠠᠯ ᠳᠤᠨᠢ ᠲᠣᠬᠢᠷᠠᠭᠤᠯᠵᠤ᠂ ᠭᠠᠴᠠᠭ᠎ᠠ ᠲᠣᠰᠬᠤᠨ᠂ | ᠡᠷᠦᠬᠡ ᠪᠦᠷᠢ ᠶᠢᠨ ᠪᠠᠶᠢᠳᠠᠯ ᠳᠤᠨᠢ ᠲᠤᠬᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ | ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠭᠤᠣᠯᠳᠠᠯᠭ᠎ᠠ ᠶᠢ ᠳᠣᠪᠤᠶᠢᠯᠭᠠᠨ᠂ ᠯᠠᠪᠳᠠᠭᠤᠨ ᠢᠶᠠᠷ ᠬᠡᠷᠡᠭᠵᠢᠭᠦᠯᠪᠡ᠃ | ᠶᠠᠳᠠᠭᠤ ᠶᠢ ᠳᠡᠳᠬᠦᠵᠦ ᠪᠤᠭᠤᠮᠲᠠ ᠰᠢᠪᠲᠤᠯᠬᠤ ᠬᠢᠭᠡᠳ ᠡᠷᠦᠬᠡ ᠳᠤ ᠬᠦᠷᠲᠡᠯ᠎ᠡ ᠶᠠᠳᠠᠭᠤ ᠠᠴᠠ | ᠠᠩᠭᠢᠵᠢᠷᠠᠭᠤᠯᠬᠤ ᠶᠢ ᠪᠦᠲᠦᠮᠵᠢᠲᠡᠶ ᠵᠣᠯᠭᠠᠭᠤᠯᠵᠤ᠂ ᠶᠠᠳᠠᠭᠤ ᠬᠦᠴᠢᠷᠳᠡᠯᠲᠡᠶ ᠲᠣᠰᠬᠤᠨ ᠤ ᠶᠠᠳᠠᠭᠤ ᠠᠴᠠ | ᠠᠩᠭᠢᠵᠢᠷᠠᠭᠤᠯᠬᠤ ᠲᠥᠯᠥᠪᠵᠢᠭᠦᠯᠭᠡ ᠶᠢ ᠨᠠᠶᠢᠷᠠᠭᠤᠯᠤᠨ ᠲᠤᠭᠲᠠᠭᠠᠬᠤ ᠪᠠ ᠶᠠᠳᠠᠭᠤ ᠬᠦᠴᠢᠷᠳᠡᠯᠲᠡᠶ ᠡᠷᠦᠬᠡ ᠶᠢᠨ | ᠳᠠᠩᠰᠠ ᠡᠪᠬᠡᠮᠡᠯ ᠪᠠᠶᠢᠭᠤᠯᠤᠨ ᠳᠠᠩᠰᠠᠯᠠᠬᠤ ᠶᠢ ᠵᠡᠷᠭᠡ ᠪᠠᠷ ᠲᠦᠯᠬᠢᠨ ᠠᠬᠢᠭᠤᠯᠵᠤ᠂ ᠭᠠᠴᠠᠭᠠᠨ ᠤ ᠪᠠᠶᠢᠳᠠᠯ ᠳᠤᠨᠢ | ᠲᠤᠬᠢᠷᠠᠭᠤᠯᠤᠨ ᠪᠣᠳᠣᠯᠭ᠎ᠠ ᠬᠡᠷᠡᠭᠵᠢᠭᠦᠯᠵᠦ᠂ ᠡᠷᠦᠬᠡ ᠳᠤ ᠲᠤᠬᠢᠷᠠᠭᠤᠯᠤᠨ ᠠᠷᠭ᠎ᠠ ᠠᠪᠴᠦ᠂ ᠶᠠᠳᠠᠭᠤ ᠬᠦᠴᠢᠷᠳᠡᠯᠲᠡᠶ | ᠶᠢᠨ ᠰᠠᠭᠤᠷᠢ ᠲᠤᠭ᠎ᠠ ᠨᠢ ᠲᠣᠳᠣᠷᠬᠠᠶ᠂ ᠶᠠᠳᠠᠭᠤ ᠶᠢ ᠲᠡᠳᠬᠦᠬᠦ ᠲᠥᠯᠥᠪᠵᠢᠭᠦᠯᠪᠡ ᠨᠢ ᠰᠢᠨᠵᠢᠯᠡᠬᠦ ᠤᠬᠠᠭᠠᠨᠴᠢ᠂ | ᠪᠣᠭᠤᠮᠲᠠ ᠰᠢᠪᠲᠤᠯᠤᠯᠲᠠ ᠶᠢᠨ ᠠᠷᠭ᠎ᠠ ᠬᠡᠮᠵᠢᠶ᠎ᠡ ᠨᠢ ᠬᠦᠴᠦᠨ ᠲᠡᠭᠦᠯᠳᠡᠷ ᠪᠠᠶᠢᠬᠤ ᠶᠢ ᠦᠨᠡᠨ ᠬᠦ ᠪᠡᠶᠡᠯᠡᠭᠦᠯᠵᠦ᠂ | ᠶᠠᠳᠠᠭᠤ ᠬᠦᠴᠢᠷᠳᠡᠯᠲᠡᠶ ᠬᠥᠮᠥᠨ ᠠᠮᠠ ᠶᠢ ᠨᠠᠷᠢᠯᠢᠭᠵᠢᠭᠤᠯᠤᠨ ᠬᠠᠮᠢᠶᠠᠷᠬᠤ ᠶᠢ ᠦᠨᠡᠨ ᠬᠦ ᠪᠡᠶᠡᠯᠡᠭᠦᠯᠦᠨ᠂ ᠶᠠᠳᠠᠭᠤ | ᠶᠢ ᠲᠡᠳᠬᠦᠬᠦ ᠡᠬᠢ ᠪᠠᠶᠠᠯᠢᠭ ᠢ ᠨᠠᠷᠢᠯᠢᠭ ᠣᠨᠣᠪᠴᠢᠲᠠᠢ ᠲᠣᠬᠢᠷᠠᠭᠤᠯᠵᠤ᠂ ᠶᠠᠳᠠᠭᠤ ᠬᠦᠴᠢᠷᠳᠡᠯᠲᠡᠶ ᠲᠠᠷᠢᠶᠠᠴᠢᠨ | ᠡᠷᠦᠬᠡ ᠶᠢ ᠨᠠᠷᠢᠯᠢᠭ ᠤᠨᠤᠪᠴᠢᠲᠠᠢ ᠪᠠᠷ ᠲᠡᠳᠬᠦᠨ ᠳᠡᠮᠵᠢᠪᠡ ᠃ | ︵ᠳᠥᠷᠪᠡ︶ ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠵᠤ᠂ ᠣᠯᠠᠨ ᠲᠦᠮᠡᠨ ᠣᠷᠣᠯᠴᠠᠬᠤ ᠵᠠᠷᠴᠢᠮ᠃ | ᠠᠵᠤ ᠦᠢᠯᠡᠰᠵᠢᠭᠦᠯᠦᠨ ᠶᠠᠳᠠᠭᠤ ᠶᠢ ᠲᠡᠳᠬᠦᠬᠦ ᠵᠦᠢᠯᠡᠰ ᠢ ᠰᠣᠩᠭᠤᠵᠤ ᠲᠣᠬᠢᠷᠠᠭᠤᠯᠬᠤ ᠳᠠᠭᠠᠨ ᠶᠠᠳᠠᠭᠤ | ᠬᠦᠴᠢᠷᠳᠡᠯ ᠲᠠᠢ ᠬᠥᠮᠥᠨ ᠠᠮᠠ ᠶᠢᠨ ᠰᠠᠨᠠᠯ᠂ ᠬᠦᠰᠡᠯ ᠡᠷᠡᠮᠡᠯᠵᠡᠯ ᠢ ᠢᠳᠡᠪᠬᠢᠲᠡᠶ ᠪᠠᠷ ᠬᠤᠷᠢᠶᠠᠨ ᠰᠣᠨᠣᠰᠴᠦ᠂ | ᠶᠠᠳᠠᠭᠤ ᠶᠢ ᠲᠡᠳᠬᠦᠬᠦ ᠬᠥᠮᠥᠨ ᠠᠮᠠ ᠶᠢᠨ ᠲᠦᠷᠦᠯ ᠵᠦᠢᠯ ᠤᠨ ᠬᠡᠷᠡᠭᠵᠢᠭᠦᠯᠦᠯᠲᠡ᠂ ᠦᠨᠡᠯᠡᠨ ᠵᠢᠱᠢᠵᠦ ᠰᠢᠯᠭᠠᠨ | ᠠᠪᠬᠤ ᠪᠠ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠶᠢᠨ ᠪᠦᠬᠦ ᠶᠠᠪᠤᠴᠠ ᠳᠤ ᠣᠷᠤᠯᠴᠠᠭᠤᠯᠵᠤ᠂ ᠶᠠᠳᠠᠭᠤ | ᠬᠦᠴᠢᠷᠳᠡᠯ ᠲᠠᠢ ᠬᠥᠮᠥᠨ ᠠᠮᠠ ᠶᠢᠨ ᠰᠠᠨᠠᠭᠠᠴᠢᠯᠠᠭᠠᠲᠤ ᠴᠢᠨᠠᠷ ᠪᠠ ᠢᠳᠡᠪᠬᠢᠵᠢᠯ ᠢ ᠬᠠᠮᠤᠭ ᠤᠨ ᠶᠡᠭᠡ ᠬᠡᠮᠵᠢᠶ᠎ᠡ ᠪᠠᠷ | ᠪᠠᠳᠠᠷᠠᠭᠤᠯᠪᠠ᠃ |