ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠦᠷᠲᠡᠭᠡ ᠠᠵᠤ ᠦᠢᠯᠡᠰ ᠢᠶᠠᠷ ᠨᠠᠷᠢᠯᠢᠭ ᠣᠨᠤᠪᠴᠢᠲᠠᠢ ᠶᠠᠳᠠᠭᠤ ᠶᠢ ᠲᠡᠳᠬᠦᠬᠦ ᠳᠠᠭᠠᠭᠠᠴᠢᠯᠠᠨ ᠬᠤᠯᠪᠤᠭᠠᠯᠠᠬᠤ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019/7/1
     ᠦᠪᠡᠷᠲᠡᠭᠡᠨ ᠵᠠᠰᠠᠬᠤ ᠣᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠠᠵᠤ ᠦᠢᠯᠡᠰ ᠢᠶᠠᠷ ᠨᠠᠷᠢᠯᠢᠭ ᠤᠨᠤᠪᠴᠢᠲᠠᠢ ᠶᠠᠳᠠᠭᠤ ᠶᠢ ᠲᠡᠳᠬᠦᠬᠦ ᠰᠢᠨᠵᠢᠯᠡᠭᠡ ᠮᠡᠷᠭᠡᠵᠢᠯ ᠤᠨ ᠳᠠᠭᠠᠭᠠᠴᠢᠯᠠᠨ ᠬᠤᠯᠪᠤᠭᠠᠯᠠᠬᠤ ᠠᠵᠢᠯ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠦᠪᠡᠷᠲᠡᠭᠡᠨ ᠵᠠᠰᠠᠬᠤ ᠤᠷᠤᠨ ᠤ ᠲᠠᠷᠢᠶᠠᠯᠭᠩ ᠤᠨ ᠮᠡᠷᠭᠡᠵᠢᠯ ᠢ ᠳᠡᠯᠭᠡᠷᠡᠭᠦᠯᠬᠦ ᠦᠷᠲᠡᠭᠡ ᠨᠢ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢ ᠳᠠᠭᠠᠭᠠᠴᠢᠯᠠᠨ ᠬᠤᠯᠪᠤᠭᠠᠯᠠᠬᠤ ᠪᠠᠷ ᠬᠠᠷᠢᠭᠤᠴᠠᠪᠠ᠃ 3 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠥᠷᠲᠡᠭᠡ ᠬᠦᠬᠡᠬᠤᠲᠠ ᠳᠤ ᠠᠵᠤ ᠦᠢᠯᠡᠰ ᠢᠶᠠᠷ ᠨᠠᠷᠢᠯᠢᠭ ᠤᠨᠣᠪᠴᠢᠲᠠᠢ ᠶᠠᠳᠠᠭᠤ ᠶᠢ ᠲᠡᠳᠬᠦᠬᠦ  ᠰᠢᠨᠵᠢᠯᠡᠭᠡ ᠮᠡᠷᠭᠡᠵᠢᠯ ᠤᠨ ᠳᠠᠭᠠᠭᠠᠴᠢᠯᠠᠨ ᠬᠤᠯᠪᠤᠭᠠᠯᠠᠬᠤ ᠰᠠᠭᠤᠳᠠᠯ ᠤᠨ ᠬᠤᠷᠠᠯ ᠢ ᠬᠤᠷᠠᠯᠳᠤᠭᠤᠯᠪᠠ᠃ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠡᠳ᠋ ᠬᠤᠰᠢᠭᠤᠨ ᠳᠠᠷᠤᠭ᠎ᠠ ᠵᠧᠦ ᠸᠧᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠭᠡ ᠮᠡᠷᠭᠡᠵᠢᠯ  ᠤᠨ ᠲᠣᠪᠴᠢᠶ᠎ᠠ ᠶᠢᠨ ᠳᠠᠷᠤᠭ᠎ᠠ ᠸᠠᠩ ᠵᠢᠶᠦ᠋ᠨ ᠹᠧᠩ᠂ ᠳᠡᠳ᠋ ᠲᠣᠪᠴᠢᠶᠠᠨ ᠳᠠᠷᠤᠭ᠎ᠠ ᠰᠢᠤᠢ ᠬᠤᠩ ᠷᠤ᠋ ᠰᠠᠭᠤᠳᠠᠯ ᠤᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠳᠡᠳ᠋ ᠲᠣᠪᠴᠢᠶᠠᠨ ᠳᠠᠷᠤᠭ᠎ᠠ ᠰᠢᠤᠢ ᠬᠤᠩ ᠷᠤ᠋ ᠠᠴᠠ ᠣᠰᠣᠨ ᠲᠤᠲᠤᠷᠭ᠎ᠠ᠂ ᠰᠢᠷ᠎ᠠ ᠪᠤᠷᠴᠠᠭ᠂ ᠲᠥᠮᠥᠰᠥ ᠪᠣᠯᠤᠨ ᠡᠪᠡᠰᠦᠨ ᠡᠮ ᠵᠡᠷᠭᠡ ᠲᠠᠷᠢᠮᠠᠯ ᠤᠨ ᠲᠦᠷᠦᠯ ᠤᠨ ᠲᠣᠭᠤᠷᠢᠨ ᠳᠤ ᠠᠵᠤ ᠦᠢᠯᠡᠰ ᠢᠶᠠᠷ ᠨᠠᠷᠢᠯᠢᠭ ᠣᠨᠤᠪᠴᠢᠲᠠᠢ ᠶᠠᠳᠠᠭᠤ ᠶᠢ ᠲᠡᠳᠬᠦᠬᠦ ᠳᠤ ᠰᠢᠨᠵᠢᠯᠡᠭᠡ ᠮᠡᠷᠭᠡᠵᠢᠯ ᠤᠨ ᠵᠢᠯᠤᠭᠤᠳᠤᠯᠭ᠎ᠠ ᠪᠠ ᠰᠠᠨᠠᠭᠤᠯᠭ᠎ᠠ ᠦᠷᠨᠢᠭᠦᠯᠬᠦ ᠶᠢ ᠳᠤᠷᠠᠳᠴᠠᠢ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠥᠷᠲᠡᠭᠡ ᠶᠢᠨ ᠦᠷᠲᠡᠭᠡᠨ ᠳᠠᠷᠤᠭ᠎ᠠ ᠮᠧᠩ ᠳ᠋ᠧ ᠴᠢᠬᠤᠯᠠᠴᠢᠯᠠᠭᠰᠠᠨ ᠨᠢ᠄ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠨᠢ ᠮᠠᠨ ᠤ ᠦᠷᠲᠡᠭᠡ ᠶᠢᠨ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠰᠢᠨᠵᠢᠯᠡᠭᠡ ᠮᠡᠷᠭᠡᠵᠢᠯ ᠤᠨ ᠳᠠᠭᠠᠭᠠᠴᠢᠯᠠᠨ ᠬᠤᠯᠪᠤᠭᠠᠯᠠᠬᠤ ᠡᠳᠡᠭᠡᠳ ᠪᠣᠯᠬᠤ ᠪᠠᠷ ᠪᠠᠷᠠᠬᠤ ᠥᠬᠡᠶ᠂ ᠮᠦᠨ ᠴᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠰᠢᠰᠲ᠋ᠧᠮ ᠤᠨ ︽ᠳᠥᠷᠪᠡᠨ ᠱᠠᠲᠤᠨ ᠤ ᠬᠤᠯᠪᠣᠭᠠᠯᠠᠨ ᠡᠭᠦᠳᠬᠦ︾ ᠴᠡᠭ ᠲᠤ ᠰᠠᠭᠤᠭ᠎ᠠ ᠦᠶᠯᠡᠴᠢᠯᠡᠭᠡᠨ ᠤ ᠵᠢᠱᠢᠶ᠎ᠡ ᠦᠵᠡᠭᠦᠯᠬᠦ ᠴᠡᠭ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠦᠶᠯᠡᠳᠪᠦᠷᠢᠯᠡᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠢᠨᠵᠢᠯᠡᠭᠡ ᠮᠡᠷᠭᠡᠵᠢᠯ ᠤᠨ ᠳᠠᠭᠠᠭᠠᠴᠢᠯᠠᠨ ᠬᠤᠯᠪᠤᠭᠠᠯᠠᠬᠤ ᠲᠥᠯᠥᠪᠯᠡᠭᠡ ᠶᠢᠨ ᠨᠠᠷᠢᠨ ᠪᠣᠳᠠᠲᠠᠶ ᠲᠥᠰᠦᠯ ᠢ ᠰᠤᠳᠤᠯᠤᠨ ᠲᠣᠭᠲᠠᠭᠠᠬᠤ ᠬᠡᠷᠡᠭᠲᠡᠶ᠃ ᠬᠠᠪᠤᠷ ᠤᠨ ᠲᠠᠷᠢᠶᠠᠯᠠᠭ᠎ᠠ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ  ᠤᠨ ᠮᠡᠷᠭᠡᠵᠢᠯ ᠳᠡᠯᠭᠡᠷᠡᠭᠦᠯᠬᠦ ᠥᠷᠲᠡᠭᠡ ᠠᠴᠠ ᠰᠢᠯᠢᠳᠡᠭ ᠲᠤᠰᠬᠠᠶ ᠮᠡᠷᠭᠡᠵᠢᠯᠲᠡᠨ ᠤ ᠪᠦᠯᠬᠦᠮ ᠢ ᠵᠣᠬᠢᠶᠠᠨ ᠪᠠᠶᠢᠭᠤᠯᠵᠤ᠂ ᠲᠣᠰᠬᠤᠨ ᠳᠤ ᠬᠦᠷᠴᠦ ᠡᠷᠦᠬᠡ ᠳᠤ ᠭᠦᠨᠵᠡᠭᠡᠶᠢᠷᠡᠨ᠂ ᠬᠠᠨᠳᠤᠯᠭᠠᠲᠤ ᠴᠢᠨᠠᠷᠲᠠᠶ ᠮᠡᠷᠭᠡᠵᠢᠯ ᠤᠨ ᠪᠣᠯᠪᠠᠰᠤᠷᠠᠯ ᠵᠢᠯᠣᠭᠤᠳᠬᠤ ᠶᠢᠨ ᠦᠶᠯᠡᠴᠢᠯᠡᠭᠡ ᠥᠷᠨᠢᠭᠦᠯᠵᠦ᠂ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠳᠤ ᠬᠦᠴᠦᠲᠡᠶ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃

 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号