2019 ᠣᠨ ᠤ 3 ᠰᠠᠷ᠎ᠠ ᠶᠢᠨ 19 ᠤ ᠡᠳᠦᠷ ᠠᠴᠠ 22 ᠤᠨ ᠡᠳᠦᠷ ᠪᠣᠯᠲᠠᠯ᠎ᠠ᠂ ᠥᠪᠥᠷ ᠮᠣᠩᠭᠤᠯ ᠤᠨ | ᠮᠠᠯ ᠤᠨ ᠡᠮ ᠢ ᠬᠢᠨᠠᠨ ᠪᠠᠶᠢᠴᠠᠭᠠᠬᠤ ᠭᠠᠵᠠᠷ ᠤᠨ ᠳᠠᠭᠠᠭᠠᠴᠢᠯᠠᠨ ᠬᠤᠯᠪᠤᠭᠠᠯᠠᠬᠤ ᠳᠤᠭᠤᠶᠢᠯᠠᠩ ᠨᠢ ᠮᠤᠷᠢᠨᠳᠠᠪᠠᠭ᠎ᠠ | ᠳᠠᠭᠤᠷ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠳᠤ ᠬᠦᠷᠴᠦ ᠲᠠᠷᠢᠶᠠᠯᠠᠩ ᠮᠠᠯ ᠠᠵᠤ ᠠᠬᠤᠢ ᠶᠢᠨ | ᠠᠵᠤ ᠦᠢᠯᠡᠰ ᠢᠶᠠᠷ ᠨᠠᠷᠢᠯᠢᠭ ᠣᠨᠤᠪᠴᠢᠲᠠᠢ ᠶᠠᠳᠠᠭᠤ ᠶᠢ ᠲᠡᠳᠬᠦᠬᠦ ᠠᠵᠢᠯ ᠥᠷᠨᠢᠭᠦᠯᠪᠡ᠃ ᠬᠥᠯᠥᠨ ᠪᠣᠶᠢᠷ ᠬᠤᠲᠠ | ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠮᠤᠷᠢᠨᠳᠠᠪᠠᠭ᠎ᠠ | ᠳᠠᠭᠤᠷ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠤᠨ ᠤ ᠲᠣᠪᠴᠢᠶ᠎ᠠ᠂ ᠰᠢᠨᠵᠢᠯᠡᠭᠡ ᠮᠡᠷᠭᠡᠵᠢᠯ ᠤᠨ ᠲᠣᠪᠴᠢᠶ᠎ᠠ ᠲᠠᠢ ᠬᠠᠮᠲᠤ ᠰᠠᠭᠤᠳᠠᠯ ᠤᠨ | ᠬᠤᠷᠠᠯ ᠬᠢᠬᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠨ᠂ | ᠮᠤᠷᠢᠨᠳᠠᠪᠠᠭ᠎ᠠ ᠳᠠᠭᠤᠷ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠠᠵᠤ ᠦᠶᠯᠡᠰ ᠢᠶᠠᠷ ᠶᠠᠳᠠᠭᠤ ᠶᠢ | ᠲᠡᠳᠬᠦᠬᠦ ᠦᠨᠳᠦᠰᠦᠨ ᠪᠠᠶᠢᠳᠠᠯ ᠢ ᠠᠩᠬ᠎ᠠ ᠠᠯᠬᠤᠮ ᠣᠶᠢᠯᠠᠭᠠᠪᠠ᠃ | ᠠᠵᠢᠯ ᠤᠨ ᠬᠤᠭᠤᠴᠠᠭᠠᠨ ᠳᠤ᠂ ᠳᠠᠭᠠᠭᠠᠴᠢᠯᠠᠨ ᠬᠤᠯᠪᠤᠭᠠᠯᠠᠬᠤ ᠳᠤᠭᠤᠶᠢᠯᠠᠩ ᠨᠢ ᠮᠤᠷᠢᠨᠳᠠᠪᠠᠭ᠎ᠠ ᠳᠠᠭᠤᠷ | ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠯᠡᠰ ᠢᠶᠠᠷ | ᠶᠠᠳᠠᠭᠤ ᠶᠢ ᠲᠡᠳᠬᠦᠬᠦ ᠬᠠᠮᠢᠶ᠎ᠠ ᠪᠦᠬᠦᠢ ᠬᠥᠮᠦᠰ ᠲᠠᠢ ᠭᠦᠨᠵᠡᠭᠡᠶ ᠶᠠᠷᠢᠯᠴᠠᠵᠤ᠂ ᠮᠤᠷᠢᠨᠳᠠᠪᠠᠭ᠎ᠠ ᠳᠠᠭᠤᠷ | ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠪᠡ ᠪᠠ 2019 ᠣᠨ ᠤ ᠶᠠᠳᠠᠭᠤ ᠶᠢ ᠲᠡᠳᠬᠦᠬᠦ ᠲᠥᠯᠥᠪᠯᠡᠭᠡ᠂ ᠲᠠᠷᠢᠶᠠᠯᠠᠩ ᠮᠠᠯ | ᠠᠵᠤ ᠠᠬᠤᠢ ᠶᠢᠨ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠬᠥᠭᠵᠢᠯᠲᠡ ᠶᠢᠨ ᠪᠠᠶᠢᠳᠠᠯ᠂ ᠲᠠᠷᠢᠶᠠᠯᠠᠩ ᠮᠠᠯ ᠠᠵᠤ | ᠠᠬᠤᠢ ᠶᠢᠨ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠳᠤ ᠣᠯᠤᠭᠰᠠᠨ ᠠᠮᠵᠢᠯᠲᠠ ᠪᠦᠲᠦᠮᠵᠢ ᠪᠠ ᠣᠷᠣᠰᠢᠵᠤ | ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠪᠠ᠃ ᠳᠠᠭᠠᠭᠠᠴᠢᠯᠠᠨ ᠬᠤᠯᠪᠤᠭᠠᠯᠠᠬᠤ ᠳᠤᠭᠤᠶᠢᠯᠠᠩ ᠨᠢ ᠨᠢᠷᠬᠢ ᠪᠠᠯᠭᠠᠰᠤ᠂ | ᠪᠣᠣ ᠱᠠᠨ ᠪᠠᠯᠭᠠᠰᠤᠨ ᠳᠤ ᠬᠦᠷᠴᠦ ᠠᠬᠤᠢ ᠲᠠᠯᠠᠪᠠᠢ ᠳᠤ ᠪᠠᠶᠢᠴᠠᠭᠠᠨ ᠰᠤᠳᠤᠯᠤᠯᠲᠠ ᠬᠢᠵᠦ᠂ ᠲᠠᠷᠢᠶᠠᠯᠠᠩ ᠮᠠᠯ | ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠪᠣᠯᠤᠨ ᠶᠠᠳᠠᠭᠤ ᠶᠢ ᠲᠡᠳᠬᠦᠬᠦ ᠠᠵᠢᠯ ᠢ | ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠦᠵᠡᠵᠦ᠂ ᠶᠠᠳᠠᠭᠤ ᠬᠦᠴᠢᠷᠳᠡᠯᠲᠡᠢ ᠲᠣᠰᠬᠤᠨ᠂ ᠶᠠᠳᠠᠭᠤ ᠬᠦᠴᠢᠷᠳᠡᠯᠲᠡᠢ | ᠡᠷᠦᠬᠡ ᠶᠢᠨ ᠦᠨᠳᠦᠰᠦᠨ ᠲᠠᠷᠬᠠᠯᠲᠠ ᠪᠣᠯᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠭᠤᠣᠯ ᠬᠦᠰᠡᠯ | ᠱᠠᠭᠠᠷᠳᠠᠯᠭ᠎ᠠ ᠶᠢ ᠣᠶᠢᠯᠠᠭᠠᠵᠠᠢ᠃ ᠪᠥᠸᠧ ᠶᠤᠸᠠᠨ ᠮᠥᠭᠦ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ᠂ | ᠳᠠᠭᠠᠭᠠᠴᠢᠯᠠᠨ ᠬᠤᠯᠪᠤᠭᠠᠯᠠᠬᠤ ᠳᠤᠭᠤᠶᠢᠯᠠᠩ ᠨᠢ ᠠᠬᠤᠢ ᠲᠠᠯᠠᠪᠠᠢ ᠶᠢᠨ ᠪᠠᠶᠢᠴᠠᠭᠠᠯᠲᠠ ᠬᠢᠵᠦ᠂ ᠲᠠᠨᠢᠯᠴᠠᠭᠤᠯᠭ᠎ᠠ ᠶᠢ | ᠰᠣᠨᠣᠰᠴᠤ᠂ ᠠᠰᠠᠭᠤᠨ ᠯᠠᠪᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠯᠡᠰ ᠬᠢᠭᠡᠳ ᠶᠠᠳᠠᠭᠤ | ᠬᠦᠴᠢᠷᠳᠡᠯᠲᠡᠶ ᠡᠷᠦᠬᠡ ᠶᠢᠨ ᠠᠰᠢᠭ ᠲᠤᠰᠠ ᠶᠢ ᠵᠠᠯᠭᠠᠯᠳᠤᠭᠤᠯᠬᠤ ᠲᠣᠭᠲᠠᠴᠠ ᠶᠢ ᠲᠡᠭᠦᠯᠳᠡᠷᠵᠢᠭᠦᠯᠦᠭᠰᠡᠨ ᠪᠠᠶᠢᠳᠠᠯ᠂ | ︽ᠡᠵᠡᠩᠨᠡᠯᠲᠡ ᠶᠢᠨ ᠭᠤᠤᠯ ᠴᠣᠭᠴᠠ + ᠶᠠᠳᠠᠭᠤ ᠬᠦᠴᠢᠷᠳᠡᠯᠲᠡᠶ ᠡᠷᠦᠬᠡ︾ ᠶᠢᠨ ᠶᠠᠳᠠᠭᠤ ᠶᠢ ᠲᠡᠳᠬᠦᠬᠦ | ᠵᠠᠭᠪᠤᠷ ᠤᠨ ᠠᠵᠢᠯᠯᠠᠭᠠᠨ ᠤ ᠪᠠᠶᠢᠳᠠᠯ᠂ ᠶᠠᠳᠠᠭᠤ ᠡᠷᠦᠭᠡ ᠶᠢ ᠪᠠᠭᠠᠰᠬᠠᠨ ᠶᠠᠳᠠᠭᠤ ᠡᠷᠦᠬᠡ ᠶᠢ ᠳᠠᠶᠢᠴᠢᠯᠠᠬᠤ | ᠬᠠᠷᠠᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠶᠢᠯᠠᠭᠠᠪᠠ᠃ ᠮᠤᠷᠢᠨᠳᠠᠪᠠᠭ᠎ᠠ ᠳᠠᠭᠤᠷ ᠦᠨᠳᠦᠰᠦᠲᠡᠨ ᠤ | ᠦᠪᠡᠷᠲᠡᠭᠡᠨ ᠵᠠᠰᠠᠬᠤ ᠬᠤᠰᠢᠭᠤᠨ ᠤ ᠲᠠᠷᠢᠶᠠᠴᠢᠳ ᠤᠨ ᠰᠢᠨᠵᠢᠯᠡᠭᠡ ᠮᠡᠷᠭᠡᠵᠢᠯ ᠤᠨ ᠪᠣᠯᠪᠠᠰᠤᠷᠠᠯ ᠤᠨ ᠲᠥᠪ | ︵ᠲᠠᠷᠢᠶᠠᠯᠠᠩ ᠤᠨ ᠷᠠᠳᠢᠣ᠋ ᠲᠧᠯᠸᠢᠰ ᠰᠤᠷᠭᠠᠭᠤᠯᠢ︶ ᠲᠤ᠂ ᠰᠤᠷᠭᠠᠭᠤᠯᠢ ᠡᠷᠬᠢᠯᠡᠬᠦ ᠬᠡᠪᠴᠢᠶ᠎ᠡ᠂ ᠬᠢᠴᠢᠶᠡᠯ ᠤᠨ | ᠪᠠᠶᠢᠷᠢᠯᠠᠭᠤᠯᠤᠯᠲᠠ᠂ ᠪᠠᠭᠰᠢ ᠶᠢᠨ ᠡᠩᠨᠡᠭᠡ ᠵᠡᠷᠭᠡ ᠲᠠᠯ᠎ᠠ ᠠᠴᠠ ᠣᠶᠢᠯᠠᠭᠠᠵᠤ᠂ ᠮᠤᠷᠢᠨᠳᠠᠪᠠᠭ᠎ᠠ ᠳᠠᠭᠤᠷ | ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ | ᠲᠠᠷᠢᠶᠠᠴᠢᠨ ᠢ ᠬᠥᠮᠦᠵᠢᠭᠦᠯᠬᠦ ᠪᠠ ᠬᠡᠷᠡᠭᠯᠡᠭᠡᠨ ᠤ ᠴᠢᠨᠠᠷᠲᠠᠶ ᠴᠢᠳᠠᠪᠤᠷᠢᠲᠠᠨ ᠢ ᠬᠥᠮᠦᠵᠢᠭᠦᠯᠬᠦ ᠪᠠᠶᠢᠳᠠᠯ ᠢ ᠪᠠᠶᠢᠴᠠᠭᠠᠨ | ᠦᠵᠡᠪᠡ᠃ | ᠳᠠᠷᠠᠭᠠᠴᠢ ᠶᠢᠨ ᠠᠯᠬᠤᠮ ᠳᠤ᠂ ᠬᠦᠯᠦᠨ ᠪᠣᠶᠢᠷ ᠬᠤᠲᠠ ᠪᠣᠯᠣᠨ ᠮᠤᠷᠢᠨᠳᠠᠪᠠᠭ᠎ᠠ ᠳᠠᠭᠤᠷ ᠦᠨᠳᠦᠰᠦᠲᠡᠨ ᠤ | ᠦᠪᠡᠷᠲᠡᠭᠡᠨ ᠵᠠᠰᠠᠬᠤ ᠬᠤᠰᠢᠭᠤ ᠯᠤᠭ᠎ᠠ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢᠶᠠᠷ ᠨᠠᠷᠢᠯᠢᠭ | ᠣᠨᠣᠪᠴᠢᠲᠠᠢ ᠶᠠᠳᠠᠭᠤ ᠶᠢ ᠲᠡᠳᠬᠦᠬᠦ ᠰᠢᠨᠵᠢᠯᠡᠭᠡ ᠮᠡᠷᠭᠡᠵᠢᠯ ᠤᠨ ᠳᠠᠭᠠᠭᠠᠴᠢᠯᠠᠨ ᠬᠤᠯᠪᠤᠭᠠᠯᠠᠬᠤ ᠠᠵᠢᠯ ᠤᠨ | ᠤᠷᠲᠤᠮᠵᠢᠲᠤ ᠲᠤᠭᠲᠠᠴᠠ ᠪᠤᠯᠤᠨ ᠪᠤᠲᠠᠲᠠᠢ ᠠᠵᠢᠯᠯᠠᠬᠤ ᠠᠷᠭ᠎ᠠ ᠠᠪᠴᠠᠯ ᠢ ᠬᠠᠮᠲᠤᠪᠡᠷ ᠶᠠᠷᠢᠯᠴᠠᠨ᠎ᠠ᠃ | | | |