ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠦᠯᠦᠨ ᠬᠦᠭᠵᠢᠭᠦᠯᠬᠦ ᠵᠢᠯᠤᠭᠤᠳᠬᠤ ᠲᠥᠪ ᠤᠨ ᠳᠠᠭᠠᠭᠠᠴᠢᠯᠠᠨ ᠬᠤᠯᠪᠤᠭᠠᠯᠠᠬᠤ ᠳᠤᠭᠤᠶᠢᠯᠠᠩ ᠨᠢ ᠠᠷᠤ ᠬᠤᠷᠴᠢᠨ ᠬᠤᠰᠢᠭᠤᠨ ᠳᠤ ᠬᠦᠷᠴᠦ ᠨᠠᠷᠢᠯᠢᠭ ᠤᠨᠤᠪᠴᠢᠲᠠᠢ ᠪᠠᠷ ᠶᠠᠳᠠᠭᠤ ᠶᠢ ᠳᠡᠳᠬᠦᠬᠦ ᠠᠵᠢᠯ ᠦᠷᠨᠢᠭᠦᠯᠪᠡ
ᠨᠡᠶᠢᠲᠡᠯᠡᠭᠰᠡᠨ ᠴᠠᠭ᠄
2019/7/24
     ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢᠶᠠᠷ ᠨᠠᠷᠢᠯᠢᠭ ᠣᠨᠣᠪᠴᠢᠲᠠᠢ  ᠶᠠᠳᠠᠭᠤ ᠶᠢ ᠲᠡᠳᠬᠦᠬᠦ ᠰᠢᠨᠵᠢᠯᠡᠭᠡ ᠮᠡᠷᠭᠡᠵᠢᠯ ᠤᠨ ᠲᠠᠭᠠᠭᠠᠴᠢᠯᠠᠨ ᠬᠤᠯᠪᠤᠭᠠᠯᠠᠬᠤ ᠠᠵᠢᠯ ᠢ ᠥᠷᠨᠢᠭᠦᠯᠬᠦ ᠲᠤᠬᠠᠶ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠱᠠᠭᠠᠷᠳᠠᠯᠭ᠎ᠠ ᠶᠣᠰᠣᠭᠠᠷ᠂ ᠠᠷᠤ ᠬᠤᠷᠴᠢᠨ ᠬᠤᠰᠢᠭᠤᠨ ᠤ ᠠᠵᠤ ᠦᠢᠯᠡᠰ ᠢᠶᠠᠷ ᠨᠠᠷᠢᠯᠢᠭ ᠤᠨᠤᠪᠴᠢᠲᠠᠢ ᠶᠠᠳᠠᠭᠤ ᠶᠢ ᠲᠡᠳᠬᠦᠬᠦ ᠰᠢᠨᠵᠢᠯᠡᠭᠡ ᠮᠡᠷᠭᠡᠵᠢᠯ ᠤᠨ ᠳᠠᠭᠠᠭᠠᠴᠢᠯᠠᠨ ᠬᠤᠯᠪᠣᠭᠠᠯᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠦᠯᠦᠭᠡ᠂ 3 ᠰᠠᠷ᠎ᠠ ᠶᠢᠨ 28 ᠤ ᠡᠳᠦᠷ ᠠᠴᠠ 30 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠦᠯᠦᠨ ᠬᠦᠭᠵᠢᠭᠦᠯᠬᠦ ᠵᠢᠯᠣᠭᠤᠳᠬᠤ ᠲᠥᠪ ᠠᠴᠠ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠳᠤᠭᠤᠶᠢᠯᠠᠩ ᠲᠣᠮᠢᠯᠠᠵᠤ᠂ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠳᠤ ᠬᠦᠷᠴᠦ᠂  ᠰᠢᠨᠵᠢᠯᠡᠭᠡ ᠮᠡᠷᠭᠡᠵᠢᠯ ᠤᠨ ᠳᠠᠭᠠᠭᠠᠴᠢᠯᠠᠨ ᠬᠤᠯᠪᠣᠭᠠᠯᠠᠬᠤ ᠠᠵᠢᠯ ᠥᠷᠨᠢᠭᠦᠯᠪᠡ᠃      3 ᠰᠠᠷ᠎ᠠ ᠶᠢᠨ 29 ᠤ ᠡᠳᠦᠷ᠂ ᠰᠢᠨᠵᠢᠯᠡᠭᠡ ᠮᠡᠷᠭᠡᠵᠢᠯ ᠤᠨ ᠳᠠᠭᠠᠭᠠᠴᠢᠯᠠᠨ ᠬᠤᠯᠪᠤᠭᠠᠯᠠᠬᠤ ᠳᠤᠭᠤᠶᠢᠯᠠᠩ ᠨᠢ ᠱᠤᠤᠭᠢᠨ ᠪᠠᠯᠭᠠᠰᠤᠨ ᠤ ᠬᠤᠯᠪᠣᠭ᠎ᠠ ᠭᠠᠴᠠᠭ᠎ᠠ ᠳᠤ ᠬᠦᠷᠴᠦ ᠶᠠᠳᠠᠭᠤ ᠬᠦᠴᠢᠷᠳᠡᠯᠲᠡᠶ ᠡᠷᠦᠬᠡ ᠳᠤ ᠭᠦᠨᠵᠡᠭᠡᠶᠢᠷᠡᠨ᠂ ᠡᠭᠦᠨ ᠤ ᠬᠠᠮᠲᠤ ᠲᠣᠰᠬᠤᠨ ᠳᠤ ᠰᠠᠭᠤᠭ᠎ᠠ ᠠᠵᠤ ᠦᠢᠯᠡᠰ ᠤᠨ ᠵᠢᠭᠠᠨ ᠵᠢᠯᠣᠭᠤᠳᠤᠭᠴᠢ ᠠᠴᠠ ᠬᠠᠪᠰᠤᠷᠤᠨ ᠲᠡᠳᠬᠦᠬᠦ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠣᠶᠢᠯᠠᠭᠠᠪᠠ᠃ 3 ᠰᠠᠷ᠎ᠠ ᠶᠢᠨ 30 ᠤ ᠡᠳᠦᠷ᠂ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠶᠢᠨ ᠬᠤᠷᠠᠯᠳᠤᠭᠤᠯᠤᠭᠰᠠᠨ ᠠᠵᠢᠯ ᠵᠣᠯᠭᠠᠭᠤᠯᠬᠤ ᠬᠤᠷᠠᠯ ᠳᠤ᠂ ᠳᠠᠭᠠᠭᠠᠴᠢᠯᠠᠨ ᠬᠤᠯᠪᠣᠭᠠᠯᠠᠬᠤ ᠠᠵᠢᠯ ᠢ ᠬᠡᠷᠬᠢᠨ ᠭᠦᠨᠵᠡᠭᠡᠶ ᠥᠷᠨᠢᠭᠦᠯᠬᠦ ᠲᠤᠬᠠᠶ ᠬᠤᠲᠠ᠂ ᠬᠤᠰᠢᠭᠤ ᠰᠢᠶᠠᠨ ᠠᠴᠠ ᠰᠠᠨᠠᠯ ᠢᠶᠠᠨ ᠭᠦᠨᠵᠡᠭᠡᠶ ᠰᠣᠯᠢᠯᠴᠠᠪᠠ᠃ ᠠᠵᠢᠯ ᠵᠣᠯᠭᠠᠭᠤᠯᠬᠤ ᠬᠤᠷᠠᠯ ᠳᠤ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠳᠣᠭᠤᠶᠢᠯᠠᠩ ᠤᠨ ᠭᠡᠰᠢᠭᠦᠨ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠭᠡᠷ᠂ ᠠᠵᠤ ᠦᠢᠯᠡᠰ ᠤᠨ ᠵᠢᠭᠠᠨ ᠵᠢᠯᠣᠭᠤᠳᠤᠭᠴᠢ᠂ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠮᠡᠷᠭᠡᠵᠢᠯ ᠤᠨ ᠲᠤᠰᠬᠠᠶ ᠮᠡᠷᠭᠡᠵᠢᠯᠲᠡᠨ ᠵᠡᠷᠭᠡ ᠣᠷᠤᠯᠴᠠᠵᠤ᠂ ᠬᠤᠷᠠᠯ ᠳᠡᠭᠡᠷ᠎ᠡ ᠲᠣᠭᠤᠷᠢᠭ᠂ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠰᠢᠨᠵᠢᠯᠡᠭᠡ ᠮᠡᠷᠭᠡᠵᠢᠯ ᠤᠨ ᠳᠠᠭᠠᠭᠠᠴᠢᠯᠠᠨ ᠬᠤᠯᠪᠤᠭᠠᠯᠠᠬᠤ ᠠᠵᠢᠯ ᠤᠨ ᠳᠤᠭᠤᠶᠢᠯᠠᠩ ᠢ ᠲᠣᠭᠲᠠᠭᠠᠪᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠰᠢᠨᠵᠢᠯᠡᠭᠡ ᠮᠡᠷᠭᠡᠵᠢᠯ ᠤᠨ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠭᠤᠤᠯ ᠡᠭᠦᠷᠭᠡ ᠪᠣᠯᠤᠨ ᠠᠷᠤ ᠬᠤᠷᠴᠢᠨ ᠬᠤᠰᠢᠭᠤᠨ ᠤ ᠦᠬᠡᠷ ᠤᠨ ᠠᠵᠤ ᠦᠶᠯᠡᠰ᠂ ᠡᠪᠡᠰᠦᠨ ᠤ ᠠᠵᠤ ᠦᠶᠯᠡᠰ ᠢ ᠬᠥᠭᠵᠢᠭᠦᠯᠬᠦ ᠠᠵᠢᠯ ᠤᠨ ᠭᠤᠤᠯᠳᠠᠯᠭ᠎ᠠ ᠶᠢᠨ ᠲᠣᠭᠤᠷᠢᠨ ᠳᠤ ᠰᠢᠨᠵᠢᠯᠡᠭᠡ ᠮᠡᠷᠭᠡᠵᠢᠯ ᠤᠨ ᠦᠶᠯᠡᠴᠢᠯᠡᠭᠡ ᠶᠢ ᠠᠵᠤ ᠦᠶᠯᠡᠰ ᠯᠦᠭᠡ ᠪᠦᠲᠦᠮᠵᠢᠲᠡᠶ ᠵᠣᠯᠭᠠᠭᠤᠯᠬᠤ ᠶᠢ ᠬᠡᠷᠬᠢᠨ ᠠᠬᠢᠭᠤᠯᠬᠤ ᠲᠤᠬᠠᠶ ᠵᠥᠪᠳᠡᠯᠴᠡᠭᠡ ᠬᠢᠪᠡ᠃ ᠲᠠᠷᠠᠭ᠎ᠠ ᠠᠯᠬᠤᠮ ᠳᠤ᠂ ᠳᠠᠭᠠᠭᠠᠴᠢᠯᠠᠨ ᠬᠤᠯᠪᠤᠭᠠᠯᠠᠬᠤ ᠳᠤᠭᠤᠶᠢᠯᠠᠩ ᠨᠢ ᠤᠯᠠᠭᠠᠨᠬᠠᠳᠠ ᠬᠤᠲᠠ᠂ ᠠᠷᠤ ᠬᠤᠷᠴᠢᠨ ᠬᠤᠰᠢᠭᠤᠨ ᠤ ᠠᠵᠤ ᠦᠢᠯᠡᠰ ᠤᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠤ ᠪᠦᠯᠬᠦᠮ ᠲᠠᠢ ᠬᠠᠮᠲᠤᠪᠠᠷ ᠠᠵᠤ ᠦᠢᠯᠡᠰ ᠢᠶᠠᠷ ᠨᠠᠷᠢᠯᠢᠭ ᠤᠨᠤᠪᠴᠢᠲᠠᠢ ᠶᠠᠳᠠᠭᠤ ᠶᠢ ᠲᠡᠳᠬᠦᠬᠦ ᠰᠢᠨᠵᠢᠯᠡᠭᠡ ᠮᠡᠷᠭᠡᠵᠢᠯ ᠤᠨ ᠲᠠᠭᠠᠭᠠᠴᠢᠯᠠᠨ ᠬᠤᠯᠪᠤᠭᠠᠯᠠᠬᠤ ᠠᠵᠢᠯ ᠤᠨ ᠬᠡᠷᠡᠭᠵᠢᠭᠦᠯᠬᠦ ᠲᠥᠰᠦᠯ ᠢ ᠰᠤᠳᠤᠯᠤᠨ ᠲᠣᠭᠲᠠᠭᠠᠨ᠎ᠠ᠃

 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号