【ᠨᠡᠶᠢᠭᠡᠮ ᠤᠨ ᠠᠵᠤ ᠠᠬᠤᠢ】2018 ᠣᠨ ᠤ ᠥᠪᠥᠷ ᠮᠣᠩᠭᠤᠯ ᠤᠨ ᠭᠤᠤᠯ ᠪᠣᠯᠬᠤ ᠲᠤᠭ᠎ᠠ ᠪᠠᠷᠢᠮᠲᠠ ᠶᠢᠨ ᠭᠦᠶᠴᠡᠳᠬᠡᠯ ᠲᠤᠭ᠎ᠠ — ᠶᠡᠷᠦᠩᠭᠡᠢ ᠪᠠᠶᠢᠳᠠᠯ
ᠨᠡᠶᠢᠲᠡᠯᠡᠭᠰᠡᠨ ᠴᠠᠭ᠄
2019/8/21
     2018 ᠣᠨ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠣᠷᠣᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠢ ᠪᠠᠲᠤᠯᠠᠨ ᠤᠷᠤᠭᠰᠢ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠦᠵᠡᠯᠲᠡ ᠶᠢ ᠡᠷᠡᠰ ᠦᠢᠯᠡᠳᠦᠯᠭᠡᠵᠢᠭᠦᠯᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠵᠤ᠂ ᠴᠢᠨᠠᠷᠯᠢᠭ ᠬᠥᠭᠵᠢᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠬᠦᠴᠢᠷᠳᠡᠯ ᠪᠣᠯᠤᠨ ᠥᠷᠢᠰᠥᠯᠳᠦᠭᠡᠨ ᠢ ᠢᠳᠡᠪᠬᠢᠲᠡᠢ ᠠᠷᠭᠠᠴᠠᠵᠤ᠂ ᠬᠦᠴᠢᠷ ᠪᠡᠷᠬᠡ ᠶᠢ ᠲᠤᠭᠤᠯᠤᠨ ᠳᠠᠪᠠᠵᠤ᠂ ᠡᠷᠡᠮᠡᠬᠡᠶᠢᠯᠡᠨ ᠳᠠᠪᠰᠢᠭᠰᠠᠨ ᠠᠴᠠ᠂ ᠪᠦᠬᠦ ᠣᠷᠣᠨ ᠤ ᠠᠵᠤ ᠠᠬᠤᠢ ᠶᠡᠷᠦᠩᠬᠡᠢ ᠳᠡᠭᠡᠨ ᠲᠣᠭᠲᠠᠭᠤᠨ᠂ ᠲᠣᠭᠲᠠᠭᠤᠨ ᠢ ᠪᠠᠲᠤᠯᠠᠨ ᠤᠷᠤᠭᠰᠢ ᠳᠠᠪᠰᠢᠬᠤ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠵᠤ᠂ ᠠᠵᠤ ᠠᠬᠤᠢ ᠶᠢᠨ ᠪᠦᠲᠦᠴᠡ ᠲᠠᠰᠤᠷᠠᠯᠲᠠ ᠦᠭᠡᠢ ᠰᠢᠯᠢᠳᠡᠭᠵᠢᠵᠦ᠂ ᠶᠠᠰᠤ ᠴᠢᠨᠠᠷ ᠤᠨ ᠦᠷ᠎ᠡ ᠠᠰᠢᠭ ᠲᠠᠰᠤᠷᠠᠯᠲᠠ ᠦᠭᠡᠢ ᠳᠡᠭᠡᠭᠰᠢᠯᠡᠵᠦ᠂ ᠴᠢᠨᠠᠷᠯᠢᠭ ᠬᠥᠭᠵᠢᠯᠲᠡ ᠵᠦᠭ  ᠯᠠᠪᠳᠠᠭᠤᠨ ᠪᠠᠲᠤᠲᠠᠢ ᠪᠠᠷ ᠠᠯᠬᠤᠪᠠ᠃      ᠨᠢᠭᠡ᠂ ᠶᠡᠷᠦᠩᠭᠡᠢ ᠪᠠᠶᠢᠳᠠᠯ      ᠠᠩᠬ᠎ᠠ ᠠᠯᠬᠤᠮ ᠲᠣᠭᠠᠴᠠᠭᠠᠯᠠᠭᠰᠠᠨ ᠢᠶᠠᠷ᠂ ᠪᠥᠬᠦ ᠣᠷᠣᠨ ᠤ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ 17289.2 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠲᠦᠷᠦᠭᠦᠦ ᠵᠢᠯ ᠤᠨ ᠬᠢ ᠠᠴᠠ 5.3% ᠪᠠᠷ ᠨᠡᠮᠡᠭᠳᠡᠪᠡ᠃ ᠡᠭᠦᠨ ᠤ ᠳᠣᠲᠣᠷ᠎ᠠ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 1753.8 ᠳ᠋ᠦᠩᠰᠢᠭᠤᠷ ᠲᠥᠭᠦᠷᠢᠭ ᠲᠤ ᠬᠦᠷᠴᠦ᠂ 3.2% ᠢᠶᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 6807.3 ᠳ᠋ᠦᠩᠰᠢᠭᠤᠷ ᠲᠥᠭᠦᠷᠢᠭ ᠲᠤ ᠬᠦᠷᠴᠦ᠂ 5.1% ᠪᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 8728.1 ᠳ᠋ᠦᠩᠰᠢᠭᠤᠷ ᠲᠥᠭᠦᠷᠢᠭ ᠲᠤ ᠬᠦᠷᠴᠦ᠂ 6.0% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠬᠠᠷᠢᠴᠠᠯ ᠨᠢ 10.1᠄ 39.4᠄ 50.5 ᠪᠣᠯᠤᠨ᠎ᠠ᠃ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠶᠢᠨ ᠨᠤᠷᠮ᠎ᠠ ᠨᠢ ᠲᠤᠰᠪᠤᠷᠢ 6.7%᠂ 37.2% ᠪᠠ 56.1% ᠪᠣᠯᠤᠨ᠎ᠠ᠃ ᠬᠥᠮᠥᠨ ᠳᠤᠮᠳᠠᠴᠢ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ 68302 ᠲᠥᠭᠦᠷᠢᠭ ᠲᠤ ᠬᠦᠷᠴᠦ᠂ ᠲᠥᠷᠥᠬᠦᠦ ᠵᠢᠯ ᠤᠨ ᠬᠢ ᠠᠴᠠ 5.0% ᠪᠠᠷ ᠨᠡᠮᠡᠭᠳᠡᠪᠡ᠃      ᠵᠢᠯ ᠤᠨ ᠡᠴᠦᠰ ᠪᠣᠯᠲᠠᠯ᠎ᠠ᠂ ᠪᠥᠬᠦ ᠣᠷᠣᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ ᠲᠤᠭ᠎ᠠ 2534.0 ᠲᠦᠮᠡ ᠪᠠᠶᠢᠵᠤ᠂ ᠲᠦᠷᠦᠭᠦᠦ ᠵᠢᠯ ᠤᠨ ᠬᠢ ᠠᠴᠠ 5.4 ᠲᠦᠮᠡᠨ  ᠬᠦᠮᠦᠨ ᠠᠮᠠ ᠨᠡᠮᠡᠭᠳᠡᠪᠡ᠃ ᠡᠭᠦᠨ ᠳᠤ ᠬᠤᠲᠠ ᠪᠠᠯᠭᠠᠰᠤᠨ ᠤ ᠬᠥᠮᠥᠨ ᠠᠮᠠ 1589.1 ᠲᠦᠮᠡ᠂ ᠬᠥᠳᠡᠭᠡ ᠲᠣᠰᠬᠤᠨ ᠤ ᠬᠥᠮᠥᠨ ᠠᠮᠠ 944.9 ᠲᠦᠮᠡ ᠪᠠᠶᠢᠵᠤ᠂ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 62.7% ᠬᠦᠷᠴᠦ᠂ ᠲᠦᠷᠦᠭᠦᠦ ᠵᠢᠯ ᠤᠨ ᠬᠢ ᠠᠴᠠ 0.7% ᠳᠡᠭᠡᠭᠰᠢᠯᠡᠪᠡ᠃ ᠡᠷᠡᠭᠲᠡᠶ ᠬᠥᠮᠥᠨ 1306.2 ᠲᠦᠮᠡ᠂ ᠡᠮᠡᠭᠲᠡᠶ ᠬᠥᠮᠥᠨ 1227.8 ᠲᠦᠮᠡ ᠪᠠᠶᠢᠨ᠎ᠠ᠃ ᠪᠦᠬᠦ ᠵᠢᠯ ᠳᠤ ᠰᠢᠨ᠎ᠡ ᠪᠠᠷ ᠨᠡᠮᠡᠭᠳᠡᠭᠰᠡᠨ ᠬᠥᠮᠥᠨ ᠠᠮᠠ 21.1 ᠲᠦᠮᠡ ᠪᠠᠶᠢᠵᠤ᠂ ᠰᠢᠨ᠎ᠡ ᠪᠠᠷ ᠨᠡᠮᠡᠭᠳᠡᠭᠰᠡᠨ ᠨᠤᠷᠮ᠎ᠠ ᠨᠢ 8.35 ‰ ᠪᠣᠯᠤᠨ᠎ᠠ᠃ ᠦᠬᠦᠭᠰᠡᠨ ᠨᠢ 15.1 ᠲᠦᠮᠡ ᠪᠠᠶᠢᠵᠤ᠂ ᠦᠬᠦᠯᠲᠡ ᠶᠢᠨ ᠨᠣᠷᠮ᠎ᠠ ᠨᠢ 5.95‰ ᠪᠣᠯᠤᠨ᠎ᠠ᠃ ᠬᠥᠮᠥᠨ ᠠᠮᠠ ᠶᠢᠨ ᠠᠶᠠᠨᠳᠠᠭᠠᠨ ᠤ ᠦᠰᠦᠯᠲᠡ ᠶᠢᠨ ᠨᠤᠷᠮ᠎ᠠ 2.40 ‰ ᠪᠣᠯᠤᠨ᠎ᠠ᠃      ᠵᠢᠯ ᠤᠨ ᠡᠴᠦᠰ ᠪᠣᠯᠲᠠᠯ᠎ᠠ᠂ ᠪᠥᠬᠦ ᠣᠷᠣᠨ ᠤ ᠬᠤᠲᠠ ᠪᠠᠯᠭᠠᠰᠤ ᠶᠢᠨ ᠬᠤᠪᠢ ᠶᠢᠨ ᠪᠤᠰᠤ ᠡᠵᠡᠩᠨᠡᠯᠲᠡ ᠶᠢᠨ ᠨᠢᠭᠡᠴᠢ ᠶᠢᠨ ᠠᠵᠢᠯ ᠣᠯᠣᠭᠰᠠᠳ 275.3 ᠲᠦᠮᠡᠨ ᠬᠥᠮᠦᠨ᠃ ᠰᠢᠨ᠎ᠡ ᠪᠠᠷ ᠨᠡᠮᠡᠭᠳᠡᠭᠰᠡᠨ ᠬᠤᠲᠠ ᠪᠠᠯᠭᠠᠰᠤᠨ ᠳᠠᠬᠢ ᠠᠵᠢᠯ ᠣᠯᠤᠭᠰᠠᠳ 25.9 ᠲᠦᠮᠡᠨ ᠬᠥᠮᠦᠨ᠂ ᠠᠵᠢᠯ ᠠᠯᠳᠠᠭᠰᠠᠳ ᠳᠠᠬᠢ 6.0 ᠲᠦᠮᠡᠨ ᠬᠥᠮᠦᠨ ᠳᠠᠬᠢᠨ ᠠᠵᠢᠯ ᠣᠯᠪᠠ᠃ ᠵᠢᠯ ᠤᠨ ᠡᠴᠦᠰ ᠲᠤ ᠬᠤᠲᠠ ᠪᠠᠯᠭᠠᠰᠤᠨ ᠳᠠᠬᠢ ᠳᠠᠩᠰᠠᠯᠠᠭᠤᠯᠤᠭᠰᠠᠨ ᠠᠵᠢᠯ ᠠᠯᠳᠠᠭᠰᠠᠨ ᠨᠤᠷᠮ᠎ᠠ ᠨᠢ 3.58 %᠃      ᠪᠦᠬᠦ ᠵᠢᠯ ᠤᠨ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠨᠢ ᠲᠥᠷᠥᠬᠦᠦ ᠵᠢᠯ ᠤᠨ ᠬᠢ ᠠᠴᠠ 1.8 % ᠪᠠᠷ ᠥᠰᠴᠡᠶ᠃ ᠬᠤᠲᠠ ᠬᠥᠳᠡᠭᠡ ᠶᠢ ᠬᠤᠪᠢᠶᠠᠵᠤ ᠦᠵᠡᠪᠡᠯ᠂ ᠬᠤᠲᠠ ᠳᠤ 1.8% ᠪᠠᠷ ᠥᠰᠴᠦ᠂ ᠮᠠᠯᠵᠢᠬᠤ ᠲᠠᠷᠢᠶᠠᠯᠠᠬᠤ ᠣᠷᠣᠨ ᠳᠤ 1.9 % ᠪᠠᠷ ᠥᠰᠴᠡᠶ᠃ ᠲᠥᠷᠥᠯ ᠬᠤᠪᠢᠶᠠᠵᠤ ᠦᠵᠡᠪᠡᠯ᠂ ᠨᠠᠶᠮᠠᠨ ᠶᠡᠭᠡ ᠲᠥᠷᠥᠯ ᠤᠨ ᠦᠨ᠎ᠡ ᠬᠠᠩᠰᠢ ᠴᠥᠮ ᠥᠰᠬᠦ ᠬᠠᠨᠳᠤᠰᠢ ᠲᠠᠢ᠃ ᠢᠳᠡᠭᠡᠨ ᠠᠷᠢᠬᠢ ᠲᠠᠮᠠᠬᠢᠨ ᠤ ᠲᠥᠷᠥᠯ ᠤᠨ ᠦᠨ᠎ᠡ 2.0% ᠥᠰᠴᠦ᠂ ᠬᠤᠪᠴᠠᠰᠤ ᠵᠠᠰᠠᠯ ᠤᠨ ᠲᠥᠷᠥᠯ ᠤᠨ ᠦᠨ᠎ᠡ 1.7% ᠥᠰᠴᠦ᠂ ᠣᠷᠣᠨ ᠰᠠᠭᠤᠴᠠ  ᠶᠢᠨ ᠲᠥᠷᠥᠯ ᠤᠨ ᠦᠨ᠎ᠡ 2.3% ᠥᠰᠴᠦ᠂ ᠠᠮᠢᠳᠤᠷᠠᠯ ᠤᠨ ᠬᠡᠷᠡᠭᠯᠡᠭᠡᠨ ᠤ ᠲᠦᠷᠦᠯ ᠵᠢᠴᠢ ᠦᠶᠯᠡᠴᠢᠯᠡᠭᠡᠨ ᠤ ᠲᠥᠷᠥᠯ ᠤᠨ ᠦᠨ᠎ᠡ 1.1% ᠥᠰᠴᠦ᠂ ᠵᠠᠮ ᠬᠠᠷᠢᠯᠴᠠᠭ᠎ᠠ ᠪᠠ ᠮᠡᠳᠡᠭᠡ ᠬᠤᠯᠪᠣᠭᠠᠨ ᠤ ᠲᠥᠷᠥᠯ ᠤᠨ ᠦᠨ᠎ᠡ 1.4% ᠥᠰᠴᠦ᠂ ᠰᠣᠶᠣᠯ ᠰᠤᠷᠭᠠᠨ ᠬᠥᠮᠦᠵᠢᠯ ᠪᠠ ᠵᠤᠭ᠎ᠠ ᠴᠡᠩᠭᠡᠯ ᠤᠨ ᠲᠥᠷᠥᠯ ᠤᠨ ᠦᠨ᠎ᠡ 0.8% ᠥᠰᠴᠦ᠂ ᠡᠮᠴᠢᠯᠡᠭᠡ ᠡᠷᠡᠭᠦᠯᠵᠢᠯ ᠤᠨ ᠲᠥᠷᠥᠯ ᠤᠨ ᠦᠨ᠎ᠡ 2.7% ᠥᠰᠴᠦ᠂ ᠪᠤᠰᠤᠳ ᠬᠡᠷᠡᠭᠯᠡᠭᠡᠨ ᠤ ᠲᠦᠷᠦᠯ ᠪᠠ ᠦᠶᠯᠡᠴᠢᠯᠡᠭᠡᠨ ᠤ ᠲᠥᠷᠥᠯ ᠤᠨ ᠦᠨ᠎ᠡ 0.6% ᠥᠰᠴᠡᠶ᠃ ᠠᠵᠤ ᠦᠶᠯᠡᠳᠪᠦᠷᠢ ᠶᠢᠨ ᠦᠢᠯᠡᠳᠪᠦᠷᠢᠯᠡᠭᠴᠢᠳ  ᠤᠨ ᠬᠤᠪᠢ ᠠᠴᠠ ᠦᠵᠡᠪᠡᠯ᠂ ᠠᠵᠤ ᠦᠶᠯᠡᠳᠪᠦᠷᠢ ᠶᠢᠨ ᠦᠢᠯᠡᠳᠪᠦᠷᠢᠯᠡᠭᠴᠢᠳ ᠤᠨ ᠦᠢᠯᠡᠳᠪᠦᠷᠢ ᠠᠴᠠ ᠭᠠᠷᠭᠠᠬᠤ ᠦᠨ᠎ᠡ ᠪᠠ ᠬᠤᠳᠠᠯᠳᠤᠨ ᠠᠪᠬᠤ ᠦᠨ᠎ᠡ ᠲᠤᠰ ᠲᠤᠰ 3.2% ᠪᠠ 2.4% ᠪᠠᠷ ᠥᠰᠴᠡᠶ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠦᠨ᠎ᠡ 3.6% ᠪᠠᠷ ᠥᠰᠴᠦ᠂ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠭᠴᠢᠳ ᠤᠨ ᠦᠨ᠎ᠡ 2.0% ᠪᠠᠷ ᠥᠰᠴᠡᠶ᠃      ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠪᠠ᠃ ᠪᠦᠬᠦ ᠵᠢᠯ ᠳᠤ 1110 ᠲᠦᠮᠡᠨ ᠲᠣᠨ ᠨᠡᠭᠦᠷᠡᠰᠦ ᠳᠤᠲᠠᠭᠤ ᠮᠠᠯᠲᠠᠵᠤ᠂ ᠬᠤᠴᠣᠷᠤᠩᠭᠤᠶ ᠵᠢᠵᠢᠭ ᠢᠯᠴᠢ ᠶᠢᠨ ᠴᠠᠬᠢᠯᠭᠠᠨ ᠢ 11.8 ᠲᠦᠮᠡᠨ ᠺᠢᠯᠣᠸᠠᠲ ᠬᠠᠭᠠᠵᠤ ᠵᠣᠭᠰᠣᠭᠠᠪᠠ᠃ ᠵᠢᠯ ᠤᠨ ᠡᠴᠦᠰ ᠤᠨ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠬᠤ ᠪᠠᠷ ᠪᠠᠶᠢᠭ᠎ᠠ ᠲᠠᠯᠠᠪᠠᠢ ᠨᠢ ᠲᠥᠷᠥᠬᠦᠦ ᠵᠢᠯ ᠤᠨ ᠬᠢ ᠠᠴᠠ 1.9 % ᠪᠠᠷ ᠪᠠᠭᠠᠰᠪᠠ᠃ ᠵᠢᠯ ᠤᠨ ᠡᠴᠦᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠡᠳ᠋ ᠬᠥᠷᠥᠩᠭᠡ ᠶᠢᠨ ᠥᠷᠢᠲᠦᠯ ᠤᠨ ᠨᠤᠷᠮ᠎ᠠ 63.5% ᠳᠤ ᠬᠦᠷᠴᠦ᠂ ᠲᠥᠷᠥᠬᠦᠦ ᠵᠢᠯ ᠤᠨ ᠬᠢ ᠠᠴᠠ 0.7% ᠪᠠᠷ ᠪᠠᠭᠤᠷᠠᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠵᠠᠭᠤᠨ ᠲᠥᠭᠦᠷᠢᠭ ᠪᠦᠷᠢ ᠶᠢᠨ ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠶᠢᠨ ᠥᠪᠡᠷ ᠤᠨ ᠥᠷᠲᠡᠭ ᠨᠢ 77.4 ᠲᠥᠭᠦᠷᠢᠭ᠃ ᠪᠦᠬᠦ ᠵᠢᠯ ᠤᠨ ᠦᠢᠯᠡᠳᠬᠦ ᠦᠢᠯᠡᠰ ᠤᠨ ᠪᠡᠯᠡ ᠣᠷᠤᠭᠤᠯᠤᠯᠲᠠ ᠨᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠭᠡᠢ ᠲᠣᠭᠠᠨ ᠤ 18.1% ᠶᠢ ᠡᠵᠡᠯᠡᠵᠦ᠂ ᠲᠥᠷᠥᠬᠦᠦ ᠵᠢᠯ ᠤᠨ  ᠬᠢ ᠠᠴᠠ 0.5%ᠳᠡᠭᠡᠭᠰᠢᠯᠡᠪᠡ᠃ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠨᠢ ᠲᠥᠷᠥᠬᠦᠦ ᠵᠢᠯ ᠤᠨ ᠬᠢ ᠠᠴᠠ 28.4% ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ  ᠶᠢᠨ ᠶᠡᠷᠦᠩᠬᠡᠶ ᠲᠣᠭᠠᠨ ᠳᠠᠬᠢ ᠡᠵᠡᠯᠡᠬᠦ ᠬᠤᠪᠢ ᠶᠢᠨ ᠵᠢᠩ ᠨᠢ 1.6% ᠪᠣᠯᠵᠤ᠂ ᠲᠥᠷᠥᠬᠦᠦ ᠵᠢᠯ ᠤᠨ ᠬᠢ ᠠᠴᠠ 0.7%ᠳᠡᠭᠡᠭᠰᠢᠯᠡᠪᠡ᠃ ᠠᠵᠤ ᠦᠶᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠨᠢ ᠪᠦᠬᠦ ᠠᠵᠤ ᠦᠶᠯᠡᠳᠪᠦᠷᠢ ᠶᠢᠨ ᠪᠡᠯᠡ ᠣᠷᠣᠭᠤᠯᠤᠯᠲᠠ ᠶᠢᠨ 14.0% ᠶᠢ ᠡᠵᠡᠯᠡᠵᠦ᠂ ᠲᠥᠷᠥᠬᠦᠦ ᠵᠢᠯ ᠤᠨ ᠬᠢ  ᠠᠴᠠ 1.2%ᠳᠡᠭᠡᠭᠰᠢᠯᠡᠵᠡᠶ᠃ ᠡᠭᠦᠨ ᠳᠤ᠂ ᠦᠶᠯᠡᠳᠬᠦ ᠠᠵᠢᠯ ᠲᠦᠷᠦᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠪᠠᠯᠠ ᠣᠷᠣᠭᠤᠯᠤᠯᠲᠠ ᠨᠢ ᠦᠶᠯᠡᠳᠬᠦ ᠠᠵᠢᠯ ᠲᠦᠷᠦᠯ ᠤᠨ ᠪᠠᠯᠠ ᠣᠷᠣᠭᠤᠯᠤᠯᠲᠠ ᠶᠢᠨ 16.4% ᠶᠢ ᠡᠵᠡᠯᠡᠵᠦ᠂ ᠲᠦᠷᠦᠭᠦᠦ ᠵᠢᠯ ᠤᠨ ᠬᠢ ᠠᠴᠠ 5.1%ᠳᠡᠭᠡᠭᠰᠢᠯᠡᠪᠡ᠃  ᠳᠡᠭᠡᠲᠦ ᠮᠡᠷᠭᠡᠵᠢᠯ ᠤᠨ ᠦᠢᠯᠡᠳᠬᠦ ᠠᠵᠢᠯ ᠲᠦᠷᠦᠯ ᠤᠨ ᠪᠡᠯᠡ ᠣᠷᠣᠭᠤᠯᠤᠯᠲᠠ ᠨᠢ 20.0 % ᠪᠠᠷ ᠨᠡᠮᠡᠭᠳᠡᠵᠦ᠂ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ ᠨᠢ ᠲᠥᠷᠥᠬᠦᠦ ᠵᠢᠯ ᠤᠨ  ᠬᠢ ᠠᠴᠠ 6.2 % ᠢᠶᠠᠷ ᠨᠡᠮᠡᠭᠳᠡᠪᠡ᠃      ᠰᠢᠨ᠎ᠡ ᠬᠥᠳᠡᠯᠭᠡᠭᠴᠢ ᠡᠨᠧᠷᠭᠢ ᠰᠢᠨ᠎ᠡ ᠠᠵᠤ ᠦᠢᠯᠡᠰ ᠰᠢᠨ᠎ᠡ ᠠᠵᠤ ᠦᠢᠯᠡᠰ ᠤᠨ ᠪᠠᠶᠢᠳᠠᠯ ᠢ ᠲᠦᠷᠭᠡᠪᠴᠢᠯᠡᠨ ᠪᠣᠶᠢᠵᠢᠭᠤᠯᠪᠠ᠃ ᠪᠦᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠳᠣᠲᠣᠷ᠎ᠠ᠂ ᠨᠡᠭᠦᠷᠡᠰᠦᠨ ᠤ ᠪᠤᠰᠤ ᠠᠵᠤ ᠦᠢᠯᠡᠰ ᠤᠨ ᠨᠡᠮᠡᠭᠳᠡᠯ ᠥᠷᠲᠡᠭ ᠲᠥᠷᠥᠬᠦᠦ ᠵᠢᠯ ᠤᠨ ᠬᠢ ᠠᠴᠠ 9.7%  ᠪᠠᠷ ᠨᠡᠮᠡᠭᠳᠡᠵᠦ᠂ ᠨᠡᠭᠦᠷᠡᠰᠦᠨ ᠤ ᠠᠵᠤ ᠦᠢᠯᠡᠰ ᠤᠨ ᠨᠡᠮᠡᠭᠳᠡᠯ ᠥᠷᠲᠡᠭ ᠠᠴᠠ 8.1%ᠲᠦᠷᠭᠡᠨ᠃ ᠦᠢᠯᠡᠳᠬᠦ ᠠᠵᠢᠯ ᠲᠦᠷᠦᠯ ᠤᠨ ᠨᠡᠮᠡᠭᠳᠡᠯ ᠥᠷᠲᠡᠭ 8.9% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠳᠤ ᠡᠵᠡᠯᠡᠬᠦ ᠬᠤᠪᠢ ᠶᠢᠨ ᠵᠢᠩ ᠨᠢ 43.2%᠃ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠨᠡᠮᠡᠭᠳᠡᠯ ᠥᠷᠲᠡᠭ ᠲᠥᠷᠥᠬᠦᠦ ᠵᠢᠯ ᠤᠨ ᠬᠢ ᠠᠴᠠ 8.7% ᠪᠠᠷ ᠨᠡᠮᠡᠭᠳᠡᠵᠦ᠂ ᠳᠡᠭᠡᠲᠦ ᠰᠢᠨ᠎ᠡ ᠮᠡᠷᠭᠡᠵᠢᠯ ᠤᠨ ᠠᠵᠤ ᠦᠶᠯᠡᠳᠪᠦᠷᠢ ᠶᠢᠨ ᠨᠡᠮᠡᠭᠳᠡᠯ ᠥᠷᠲᠡᠭ 17.1% ᠪᠠᠷ ᠨᠡᠮᠡᠭᠳᠡᠪᠡ᠃ ᠪᠦᠬᠦ ᠵᠢᠯ ᠳᠤ ᠳᠠᠩ ᠲᠠᠯᠠᠰᠲᠤ ᠴᠠᠬᠢᠭᠤᠷ ᠤᠨ ᠭᠠᠷᠤᠯᠲᠠ 1.2 ᠲᠠᠬᠢᠨ ᠢᠶᠠᠷ ᠨᠡᠮᠡᠭᠳᠡᠵᠦ᠂ ᠬᠤᠪᠣᠷ ᠰᠢᠷᠣᠶ ᠶᠢᠨ ᠨᠢᠭᠡᠳᠦᠮᠡᠯ ᠪᠤᠳᠠᠰ ᠤᠨ ᠭᠠᠷᠤᠯᠲᠠ 45.9%  ᠪᠠᠷ ᠨᠡᠮᠡᠭᠳᠡᠵᠦ᠂ ᠪᠠᠯ ᠴᠢᠯᠠᠭᠤ ᠵᠢᠴᠢ ᠨᠡᠭᠦᠷᠡᠰᠦᠲᠥ᠋ᠷᠥᠭᠴᠢᠲᠦ ᠪᠦᠲᠦᠭᠡᠭᠳᠡᠬᠦᠨ ᠤ ᠭᠠᠷᠤᠯᠲᠠ 42.8% ᠪᠠᠷ ᠨᠡᠮᠡᠭᠳᠡᠵᠦ᠂ ᠰᠢᠨ᠎ᠡ ᠡᠨᠧᠷᠬᠢᠲᠦ ᠮᠠᠰᠢᠨ ᠲᠡᠷᠭᠡᠨ ᠤ ᠭᠠᠷᠤᠯᠲᠠ 11547 ᠰᠠᠭᠤᠷᠢ ᠳᠤ ᠬᠦᠷᠴᠡᠶ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号