ᠭᠤᠷᠪᠠ᠂ ᠠᠵᠤ ᠦᠢᠯᠡᠳᠪᠦᠷᠢ ᠪᠠ ᠪᠠᠷᠢᠯᠭ᠎ᠠ ᠶᠢᠨ ᠦᠢᠯᠡᠰ | ᠪᠦᠬᠦ ᠵᠢᠯ ᠤᠨ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠲᠥᠷᠥᠬᠦᠦ ᠵᠢᠯ ᠤᠨ ᠬᠢ ᠠᠴᠠ 6.9% ᠪᠠᠷ | ᠨᠡᠮᠡᠭᠳᠡᠪᠡ᠃ ᠡᠭᠦᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ 7.1% | ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠳᠣᠲᠣᠷ᠎ᠠ᠂ ᠠᠵᠤ ᠠᠬᠤᠢ ᠶᠢᠨ | ᠲᠥᠷᠥᠯ ᠵᠦᠢᠯ ᠢᠶᠠᠷ ᠬᠤᠪᠢᠶᠠᠵᠤ ᠦᠵᠡᠪᠡᠯ᠂ ᠤᠯᠤᠰ ᠠᠴᠠ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ | ᠥᠷᠲᠡᠭ 7.8% ᠪᠠᠷ ᠨᠡᠮᠡᠭᠳᠡᠵᠦ᠂ ᠬᠠᠮᠲᠤ ᠶᠢᠨ ᠠᠵᠤ ᠠᠬᠤᠶᠢᠯᠠᠯ 12.8% ᠪᠠᠷ ᠨᠡᠮᠡᠭᠳᠡᠵᠦ᠂ ᠬᠤᠪᠢ | ᠣᠷᠣᠭᠤᠯᠬᠤ ᠳᠦᠷᠢᠮᠲᠦ ᠠᠵᠤ ᠠᠬᠤᠶᠢᠯᠠᠯ ᠤᠨ ᠨᠡᠮᠡᠭᠳᠡᠯ ᠥᠷᠲᠡᠭ 7.8% ᠪᠠᠷ ᠨᠡᠮᠡᠭᠳᠡᠵᠦ᠂ ᠭᠠᠳᠠᠭᠠᠳᠤ ᠶᠢᠨ | ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ | ᠨᠡᠮᠡᠭᠳᠡᠯ ᠥᠷᠲᠡᠭ 4.2% ᠢᠶᠠᠷ ᠨᠡᠮᠡᠭᠳᠡᠪᠡ᠃ ᠲᠥᠷᠥᠯ ᠵᠦᠢᠯ ᠢᠶᠠᠷ ᠨᠢ ᠦᠵᠡᠪᠡᠯ᠂ ᠠᠭᠤᠷᠬᠠᠶ ᠮᠠᠯᠲᠠᠬᠤ ᠦᠢᠯᠡᠰ | 1.0% ᠪᠠᠷ ᠨᠡᠮᠡᠭᠳᠡᠵᠦ᠂ ᠦᠢᠯᠡᠳᠬᠦ ᠠᠵᠢᠯ ᠲᠦᠷᠦᠯ 8.9% ᠪᠠᠷ ᠨᠡᠮᠡᠭᠳᠡᠵᠦ᠂ ᠴᠠᠬᠢᠯᠭᠠᠨ ᠬᠦᠴᠦ᠂ ᠢᠯᠴᠢ | ᠶᠢᠨ ᠬᠦᠴᠦᠨ᠂ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠠᠵᠢᠯ ᠲᠦᠷᠦᠯ | 13.8% ᠪᠠᠷ ᠨᠡᠮᠡᠭᠳᠡᠪᠡ᠃ ᠬᠡᠪᠴᠢᠶ᠎ᠡ ᠠᠴᠠ ᠳᠡᠭᠡᠭᠰᠢᠬᠢ ᠠᠵᠤ ᠦᠶᠯᠡᠳᠪᠦᠷᠢ ᠶᠢᠨ ᠳᠣᠲᠣᠷ᠎ᠠ᠂ ᠬᠥᠩᠭᠡᠨ ᠠᠵᠤ | ᠦᠶᠯᠡᠳᠪᠦᠷᠢ ᠶᠢᠨ ᠨᠡᠮᠡᠭᠳᠡᠯ ᠥᠷᠲᠡᠭ 1.4% ᠪᠠᠷ ᠪᠠᠭᠤᠷᠠᠪᠠ᠃ ᠬᠦᠨᠳᠦ ᠠᠵᠤ ᠦᠶᠯᠡᠳᠪᠦᠷᠢ ᠶᠢᠨ ᠨᠡᠮᠡᠭᠳᠡᠯ | ᠥᠷᠲᠡᠭ 8.2% ᠢᠶᠠᠷ ᠨᠡᠮᠡᠭᠳᠡᠪᠡ᠃ | ᠭᠤᠣᠯ ᠪᠣᠯᠬᠤ ᠠᠵᠤ ᠦᠶᠯᠡᠳᠪᠦᠷᠢ ᠶᠢᠨ ᠪᠦᠲᠦᠭᠡᠭᠳᠡᠭᠦᠨ ᠤ ᠭᠠᠷᠤᠯᠲᠠ ᠠᠴᠠ ᠦᠵᠡᠪᠡᠯ᠂ ᠪᠦᠬᠦ ᠣᠷᠣᠨ ᠤ | ᠨᠡᠭᠦᠷᠡᠰᠦᠨ ᠤ ᠭᠠᠷᠤᠯᠲᠠ 97560.3 ᠲᠦᠮᠡᠨ ᠲᠣᠨ ᠳᠤ ᠬᠦᠷᠴᠦ᠂ ᠲᠥᠷᠥᠬᠦᠦ ᠵᠢᠯ ᠤᠨ ᠬᠢ ᠠᠴᠠ 7.7% | ᠪᠠᠷ ᠨᠡᠮᠡᠭᠳᠡᠪᠡ᠃ ᠬᠡᠦᠷᠡᠰᠦ ᠦᠢᠯᠡᠳᠪᠦᠷᠢᠯᠡᠬᠦ ᠬᠡᠮᠵᠢᠶ᠎ᠡ ᠶᠢ 3374.1 ᠲᠦᠮᠡᠨ ᠲᠣᠨ ᠳᠤ ᠬᠦᠷᠴᠦ᠂ 10.8% | ᠪᠠᠷ ᠨᠡᠮᠡᠭᠳᠡᠪᠡ᠃ ᠴᠠᠬᠢᠯᠭᠠᠨ ᠭᠠᠷᠭᠠᠭᠰᠠᠨ ᠬᠡᠮᠵᠢᠶ᠎ᠡ 5003.0 ᠳ᠋ᠦᠩᠰᠢᠭᠤᠷ ᠺᠢᠯᠣᠸᠠᠲ ᠴᠠᠭ ᠲᠤ ᠬᠦᠷᠴᠦ᠂ | 13.4% ᠪᠠᠷ ᠨᠡᠮᠡᠭᠳᠡᠪᠡ᠂ ᠡᠭᠦᠨ ᠳᠤ ᠰᠠᠯᠬᠢᠨ ᠬᠦᠴᠦᠨ ᠤ ᠴᠠᠬᠢᠯᠭᠠᠨ ᠭᠠᠷᠭᠠᠭᠰᠠᠨ ᠬᠡᠮᠵᠢᠶ᠎ᠡ 632.4 | ᠳ᠋ᠦᠩᠰᠢᠭᠤᠷ ᠺᠢᠯᠣᠸᠠᠲ ᠴᠠᠭ ᠲᠤ ᠬᠦᠷᠴᠦ᠂ 16.0% ᠪᠠᠷ ᠨᠡᠮᠡᠭᠳᠡᠪᠡ᠃ ᠪᠣᠯᠣᠳ ᠮᠠᠲ᠋ᠧᠷᠢᠶᠠᠯ ᠤᠨ ᠭᠠᠷᠤᠯᠲᠠ | 2259.5 ᠲᠦᠮᠡᠨ ᠲᠣᠨ ᠳᠤ ᠬᠦᠷᠴᠦ᠂ 12.8% ᠪᠠᠷ ᠨᠡᠮᠡᠭᠳᠡᠪᠡ᠃ ᠬᠦᠩᠭᠡᠨᠴᠠᠭᠠᠨ ᠮᠠᠲ᠋ᠧᠷᠢᠶᠠᠯ ᠤᠨ | ᠭᠠᠷᠤᠯᠲᠠ 169.9 ᠲᠦᠮᠡᠨ ᠲᠣᠨ ᠳᠤ ᠬᠦᠷᠴᠦ᠂ 18.5% ᠪᠠᠷ ᠨᠡᠮᠡᠭᠳᠡᠪᠡ᠃ | ᠪᠦᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠭᠤᠣᠯ | ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠶᠢ 14023.1 ᠳ᠋ᠦᠩᠰᠢᠭᠤᠷ ᠲᠥᠭᠦᠷᠢᠭ ᠢ | ᠪᠡᠶᠡᠯᠡᠭᠦᠯᠵᠦ᠂ ᠲᠥᠷᠥᠬᠦᠦ ᠵᠢᠯ ᠤᠨ ᠬᠢ ᠠᠴᠠ 12.8 % ᠪᠠᠷ ᠨᠡᠮᠡᠭᠳᠡᠪᠡ᠃ 1409.4 ᠳ᠋ᠦᠩᠰᠢᠭᠤᠷ | ᠲᠥᠭᠦᠷᠢᠭ ᠤᠨ ᠠᠰᠢᠭ ᠣᠯᠵᠠᠪᠤᠷᠢ ᠶᠢ ᠪᠡᠶᠡᠯᠡᠭᠦᠯᠵᠦ᠂ 7.5 % ᠪᠠᠷ ᠨᠡᠮᠡᠭᠳᠡᠪᠡ᠃ ᠭᠤᠣᠯ ᠡᠵᠡᠩᠨᠡᠯᠲᠡ ᠶᠢᠨ | ᠲᠤᠬᠠᠶᠢᠯᠠᠭᠰᠠᠨ ᠠᠵᠢᠯ ᠤᠨ ᠣᠷᠣᠯᠭ᠎ᠠ ᠶᠢᠨ ᠠᠰᠢᠭ ᠣᠯᠵᠠᠪᠤᠷᠢ ᠶᠢᠨ ᠨᠤᠷᠮ᠎ᠠ ᠨᠢ 10.1% ᠪᠣᠯᠤᠨ᠎ᠠ᠃ ᠪᠦᠬᠦ | ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠪᠦᠲᠦᠭᠡᠭᠳᠡᠭᠦᠨ ᠤ | ᠪᠣᠷᠣᠯᠠᠭᠤᠯᠤᠯᠲᠠ ᠶᠢᠨ ᠨᠤᠷᠮ᠎ᠠ 99.2% ᠲᠤ ᠬᠥᠷᠪᠡ᠃ | ᠪᠦᠬᠦ ᠵᠢᠯ ᠤᠨ ᠪᠠᠷᠢᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠨᠢ ᠲᠥᠷᠥᠬᠦᠦ ᠵᠢᠯ ᠤᠨ ᠬᠢ ᠠᠴᠠ | 2.1% ᠪᠠᠷ ᠪᠠᠭᠤᠷᠠᠪᠠ᠃ ᠪᠥᠬᠦ ᠣᠷᠣᠨ ᠤ ᠪᠠᠷᠢᠯᠭ᠎ᠠ ᠶᠢᠨ ᠦᠢᠯᠡᠰ ᠤᠨ ᠬᠢᠷᠢ ᠬᠡᠮ ᠤᠨ ᠵᠡᠷᠭᠡ ᠳᠡᠰ ᠲᠠᠢ | ᠪᠠᠷᠢᠯᠭ᠎ᠠ ᠶᠢᠨ ᠠᠵᠤ ᠠᠬᠤᠶᠢᠯᠠᠯ ᠨᠢ 1147 ᠪᠠᠶᠢᠵᠤ᠂ ᠲᠦᠷᠦᠭᠦᠦ ᠵᠢᠯ ᠤᠨ ᠬᠢ ᠠᠴᠠ 137 ᠡᠷᠦᠬᠡ | ᠨᠡᠮᠡᠭᠳᠡᠵᠡᠶ᠃ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠭᠡᠷ ᠪᠠᠶᠢᠰᠢᠩ ᠤᠨ ᠪᠠᠷᠢᠭᠰᠠᠨ ᠲᠠᠯᠠᠪᠠᠢ 5369.2 | ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ 1.4% ᠪᠠᠷ ᠪᠠᠭᠤᠷᠠᠪᠠ᠃ ᠪᠠᠷᠢᠯᠭ᠎ᠠ ᠳᠠᠭᠤᠰᠤᠭᠰᠠᠨ | ᠲᠠᠯᠠᠪᠠᠢ 1699.8 ᠲᠦᠮᠡᠨ ᠲᠡᠭᠰᠢ ᠳᠥᠷᠪᠡᠯᠵᠢᠨ ᠮᠧᠲᠷ ᠬᠦᠷᠴᠦ᠂ 16.3% ᠪᠠᠷ ᠪᠠᠭᠤᠷᠠᠪᠠ᠃ ᠭᠡᠷ | ᠪᠠᠶᠢᠰᠢᠩ ᠤᠨ ᠪᠠᠷᠢᠯᠭ᠎ᠠ ᠳᠠᠭᠤᠰᠬᠠᠭᠰᠠᠨ ᠨᠤᠷᠮ᠎ᠠ 31.7% ᠳᠤ ᠬᠦᠷᠴᠡᠶ᠃ ᠪᠦᠬᠦ ᠵᠢᠯ ᠳᠤ ᠪᠠᠷᠢᠯᠭ᠎ᠠ ᠶᠢᠨ | ᠦᠢᠯᠡᠰ ᠤᠨ ᠬᠢᠷᠢ ᠬᠡᠮ ᠤᠨ ᠵᠡᠷᠭᠡ ᠳᠡᠰ ᠲᠠᠢ ᠪᠠᠷᠢᠯᠭ᠎ᠠ ᠶᠢᠨ ᠠᠵᠤ ᠠᠬᠤᠶᠢᠯᠠᠯ 36.5 ᠳ᠋ᠦᠩᠰᠢᠭᠤᠷ ᠲᠥᠭᠦᠷᠢᠭ | ᠤᠨ ᠠᠰᠢᠭ ᠣᠯᠵᠠᠪᠤᠷᠢ ᠶᠢ ᠪᠡᠶᠡᠯᠡᠭᠦᠯᠵᠦ᠂ ᠲᠥᠷᠥᠬᠦᠦ ᠵᠢᠯ ᠤᠨ ᠬᠢ ᠠᠴᠠ 35.5% ᠪᠠᠷ ᠪᠠᠭᠤᠷᠠᠪᠠ᠃ |