【ᠨᠡᠶᠢᠭᠡᠮ ᠤᠨ ᠠᠵᠤ ᠠᠬᠤᠢ】2018 ᠣᠨ ᠤ ᠥᠪᠥᠷ ᠮᠣᠩᠭᠤᠯ ᠤᠨ ᠭᠤᠤᠯ ᠪᠣᠯᠬᠤ ᠲᠤᠭ᠎ᠠ  ᠪᠠᠷᠢᠮᠲᠠ ᠶᠢᠨ ᠭᠦᠶᠴᠡᠳᠬᠡᠯ ᠲᠤᠭ᠎ᠠ — ᠤᠯᠤᠰ ᠤᠨ ᠳᠣᠲᠣᠭᠠᠳᠤ ᠶᠢᠨ ᠠᠷᠠᠯᠵᠢᠶ᠎ᠠ
ᠨᠡᠶᠢᠲᠡᠯᠡᠭᠰᠡᠨ ᠴᠠᠭ᠄
2019/8/21
     ᠲᠠᠪᠤ᠂ ᠤᠯᠤᠰ ᠤᠨ ᠳᠣᠲᠣᠭᠠᠳᠤ ᠶᠢᠨ ᠠᠷᠠᠯᠵᠢᠶ᠎ᠠ      ᠪᠦᠬᠦ ᠵᠢᠯ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 7311.1 ᠳ᠋ᠦᠩᠰᠢᠭᠤᠷ ᠲᠥᠭᠦᠷᠢᠭ ᠲᠤ ᠬᠦᠷᠴᠦ᠂ ᠲᠥᠷᠥᠬᠦᠦ ᠵᠢᠯ ᠤᠨ ᠬᠢ ᠠᠴᠠ 6.3% ᠪᠠᠷ ᠨᠡᠮᠡᠭᠳᠡᠪᠡ᠃ ᠡᠵᠡᠩᠨᠡᠯᠲᠡ ᠶᠢᠨ ᠨᠢᠭᠡᠴᠢ ᠶᠢᠨ ᠪᠠᠶᠢᠭ᠎ᠠ ᠭᠠᠵᠠᠷ ᠢᠶᠠᠷ ᠨᠢ ᠬᠤᠪᠢᠶᠠᠪᠠᠯ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 6398.6 ᠳ᠋ᠦᠩᠰᠢᠭᠤᠷ ᠲᠥᠭᠦᠷᠢᠭ ᠲᠤ ᠬᠦᠷᠴᠦ᠂ 6.1% ᠪᠠᠷ ᠨᠡᠮᠡᠭᠳᠡᠪᠡ᠃ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 912.5 ᠳ᠋ᠦᠩᠰᠢᠭᠤᠷ ᠲᠥᠭᠦᠷᠢᠭ ᠲᠤ ᠬᠦᠷᠴᠦ᠂ 8.1% ᠪᠠᠷ ᠨᠡᠮᠡᠭᠳᠡᠪᠡ᠃ ᠬᠡᠷᠡᠭᠯᠡᠭᠡᠨ ᠤ ᠲᠥᠷᠥᠯ ᠵᠦᠢᠯ ᠤᠨ ᠪᠦᠷᠢᠳᠬᠡᠯ ᠢ ᠦᠨᠳᠦᠰᠦᠯᠡᠪᠡᠯ᠂ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 6207.2 ᠳ᠋ᠦᠩᠰᠢᠭᠤᠷ ᠲᠥᠭᠦᠷᠢᠭ ᠲᠤ ᠬᠦᠷᠴᠦ᠂ 6.0% ᠪᠠᠷ ᠨᠡᠮᠡᠭᠳᠡᠪᠡ᠃ ᠢᠳᠡᠭᠡᠨ ᠤᠮᠳᠠᠭᠠᠨ ᠤ ᠣᠷᠣᠯᠭ᠎ᠠ 1103.9 ᠳ᠋ᠦᠩᠰᠢᠭᠤᠷ ᠲᠥᠭᠦᠷᠢᠭ ᠲᠤ ᠬᠦᠷᠴᠦ᠂ 8.0% ᠪᠠᠷ ᠨᠡᠮᠡᠭᠳᠡᠪᠡ᠃      ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠵᠤ ᠠᠬᠤᠶᠢᠯᠠᠯ ᠤᠨ ᠲᠠᠸᠠᠷ ᠤᠨ ᠵᠢᠵᠢᠭᠯᠡᠨ ᠬᠤᠳᠠᠯᠳᠤᠬᠤ ᠬᠡᠮᠵᠢᠶ᠎ᠡ ᠶᠢᠨ ᠳᠣᠲᠣᠷ᠎ᠠ ᠠᠮᠤ ᠲᠣᠰᠣ᠂ ᠢᠳᠡᠭᠡᠨ᠂ ᠤᠮᠳᠠᠭᠠᠨ᠂ ᠠᠷᠢᠬᠢ ᠲᠠᠮᠠᠬᠢᠨ ᠤ ᠲᠥᠷᠥᠯ ᠤᠨ ᠵᠢᠵᠢᠭᠯᠡᠨ ᠬᠤᠳᠠᠯᠳᠤᠬᠤ ᠬᠡᠮᠵᠢᠶ᠎ᠡ ᠲᠥᠷᠥᠬᠦᠦ ᠵᠢᠯ ᠤᠨ ᠬᠢ ᠠᠴᠠ 3.5% ᠪᠠᠷ ᠨᠡᠮᠡᠭᠳᠡᠵᠦ᠂ ᠲᠡᠮᠦᠷᠯᠢᠭ᠂ ᠴᠠᠬᠢᠯᠭᠠᠨ ᠮᠠᠲ᠋ᠧᠷᠢᠶᠠᠯ ᠤᠨ ᠲᠥᠷᠥᠯ ᠤᠨ ᠵᠢᠵᠢᠭᠯᠡᠨ ᠬᠤᠳᠠᠯᠳᠤᠬᠤ ᠬᠡᠮᠵᠢᠶ᠎ᠡ 24.0% ᠪᠠᠷ ᠨᠡᠮᠡᠭᠳᠡᠵᠦ᠂ ᠬᠢᠲᠠᠳ ᠧᠦ᠋ᠷᠣᠫᠠ ᠡᠮ ᠤᠨ ᠲᠥᠷᠥᠯ ᠤᠨ ᠵᠢᠵᠢᠭᠯᠡᠨ ᠬᠤᠳᠠᠯᠳᠤᠬᠤ ᠬᠡᠮᠵᠢᠶ᠎ᠡ 12.9% ᠪᠠᠷ ᠨᠡᠮᠡᠭᠳᠡᠵᠦ᠂ ᠴᠢᠯᠠᠭᠤᠨ ᠲᠣᠰᠣ ᠵᠢᠴᠢ ᠲᠡᠭᠦᠨ ᠤ ᠪᠦᠲᠦᠭᠡᠭᠳᠡᠬᠦᠨ ᠤ ᠲᠥᠷᠥᠯ ᠤᠨ ᠵᠢᠵᠢᠭᠯᠡᠨ ᠬᠤᠳᠠᠯᠳᠤᠬᠤ ᠬᠡᠮᠵᠢᠶ᠎ᠡ 10.4% ᠪᠠᠷ ᠨᠡᠮᠡᠭᠳᠡᠵᠦ᠂ ᠭᠡᠷ  ᠤᠨ ᠴᠠᠬᠢᠯᠭᠠᠨ ᠬᠡᠷᠡᠭᠰᠡᠯ ᠪᠠ ᠳᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ ᠤᠨ ᠵᠢᠵᠢᠭᠯᠡᠨ ᠬᠤᠳᠠᠯᠳᠤᠬᠤ ᠬᠡᠮᠵᠢᠶ᠎ᠡ 2.8% ᠪᠠᠷ ᠨᠡᠮᠡᠭᠳᠡᠪᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号