【ᠨᠡᠶᠢᠭᠡᠮ ᠤᠨ ᠠᠵᠤ ᠠᠬᠤᠢ】2018 ᠣᠨ ᠤ ᠥᠪᠥᠷ ᠮᠣᠩᠭᠤᠯ ᠤᠨ ᠭᠤᠤᠯ ᠪᠣᠯᠬᠤ ᠲᠤᠭ᠎ᠠ  ᠪᠠᠷᠢᠮᠲᠠ ᠶᠢᠨ ᠭᠦᠶᠴᠡᠳᠬᠡᠯ ᠲᠤᠭ᠎ᠠ — ᠭᠠᠳᠠᠭᠠᠳᠤ ᠠᠷᠠᠯᠵᠢᠶ᠎ᠠ
ᠨᠡᠶᠢᠲᠡᠯᠡᠭᠰᠡᠨ ᠴᠠᠭ᠄
2019/8/21
     ᠵᠢᠷᠭᠤᠭ᠎ᠠ᠂ ᠭᠠᠳᠠᠭᠠᠳᠤ ᠠᠷᠠᠯᠵᠢᠶ᠎ᠠ      ᠪᠦᠬᠦ ᠵᠢᠯ ᠤᠨ ᠪᠣᠭᠤᠮᠲᠠ ᠶᠢᠨ ᠣᠷᠣᠭᠤᠯᠵᠤ ᠭᠠᠳᠠᠭᠰᠢ ᠭᠠᠷᠭᠠᠭᠰᠠᠨ ᠪᠦᠬᠦ ᠲᠤᠭ᠎ᠠ 1034.4 ᠳ᠋ᠦᠩᠰᠢᠭᠤᠷ ᠲᠥᠭᠦᠷᠢᠭ ︵ᠠᠷᠠᠳ ᠤᠨ ᠵᠣᠭᠤᠰ᠂ ᠳᠣᠷᠣᠭᠰᠢ ᠠᠳᠠᠯᠢ︶ ᠲᠤ ᠬᠦᠷᠴᠦ᠂ ᠲᠥᠷᠥᠬᠦᠦ ᠵᠢᠯ ᠤᠨ ᠬᠢ  ᠠᠴᠠ 9.9% ᠪᠠᠷ ᠨᠡᠮᠡᠭᠳᠡᠪᠡ᠃ ᠡᠭᠦᠨ ᠳᠤ᠂ ᠭᠠᠳᠠᠭᠠᠳᠤ ᠳᠤ ᠭᠠᠷᠭᠠᠭᠰᠠᠨ ᠪᠦᠬᠦ ᠲᠤᠭ᠎ᠠ 378.6 ᠳ᠋ᠦᠩᠰᠢᠭᠤᠷ ᠲᠥᠭᠦᠷᠢᠭ ᠲᠤ ᠬᠦᠷᠴᠦ᠂ 14.4% ᠪᠠᠷ ᠨᠡᠮᠡᠭᠳᠡᠪᠡ᠃ ᠭᠠᠳᠠᠭᠠᠳᠤ ᠠᠴᠠ ᠣᠷᠣᠭᠤᠯᠤᠭᠰᠠᠨ ᠪᠦᠬᠦ ᠲᠤᠭ᠎ᠠ 655.7 ᠳ᠋ᠦᠩᠰᠢᠭᠤᠷ ᠲᠥᠭᠦᠷᠢᠭ ᠲᠤ ᠬᠦᠷᠴᠦ᠂ 7.5% ᠪᠠᠷ ᠨᠡᠮᠡᠭᠳᠡᠪᠡ᠃ ᠭᠤᠣᠯ ᠠᠷᠠᠯᠵᠢᠶᠠᠨ ᠤ ᠬᠡᠯᠪᠡᠷᠢ ᠠᠴᠠ ᠦᠵᠡᠪᠡᠯ᠂ ᠡᠩ ᠤᠨ ᠠᠷᠠᠯᠵᠢᠶᠠᠨ ᠤ ᠣᠷᠣᠭᠤᠯᠵᠤ ᠭᠠᠷᠭᠠᠭᠰᠠᠨ ᠬᠡᠮᠵᠢᠶ᠎ᠡ ᠨᠢ 582.1 ᠳ᠋ᠦᠩᠰᠢᠭᠤᠷ ᠲᠥᠭᠦᠷᠢᠭ ᠲᠤ ᠬᠦᠷᠴᠦ᠂ 8.3% ᠪᠠᠷ ᠨᠡᠮᠡᠭᠳᠡᠵᠦ᠂ ᠣᠷᠣᠭᠤᠯᠵᠤ ᠭᠠᠷᠭᠠᠭᠰᠠᠨ ᠪᠦᠬᠦ ᠲᠣᠭᠠᠨ ᠤ 56.3% ᠶᠢ ᠡᠵᠡᠯᠡᠪᠡ᠃ ᠬᠢᠯᠢ ᠶᠢᠨ ᠪᠠᠭ᠎ᠠ ᠲᠣᠭᠠᠨ ᠤ ᠠᠷᠠᠯᠵᠢᠶᠠᠨ ᠤ ᠣᠷᠣᠭᠤᠯᠵᠤ ᠭᠠᠷᠭᠠᠭᠰᠠᠨ ᠬᠡᠮᠵᠢᠶ᠎ᠡ 317.3 ᠳ᠋ᠦᠩᠰᠢᠭᠤᠷ ᠲᠥᠭᠦᠷᠢᠭ ᠲᠤ ᠬᠦᠷᠴᠦ᠂ 6.1% ᠪᠠᠷ ᠨᠡᠮᠡᠭᠳᠡᠪᠡ᠃ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠣᠷᠣᠭᠤᠯᠵᠤ ᠭᠠᠷᠭᠠᠭᠰᠠᠨ ᠬᠡᠮᠵᠢᠶ᠎ᠡ 41.3 ᠳ᠋ᠦᠩᠰᠢᠭᠤᠷ ᠲᠥᠭᠦᠷᠢᠭ ᠲᠤ ᠬᠦᠷᠴᠦ᠂ 82.1 %  ᠪᠠᠷ ᠨᠡᠮᠡᠭᠳᠡᠪᠡ᠃ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠳ ᠯᠤᠭ᠎ᠠ ᠶᠢᠨ ᠠᠷᠠᠯᠵᠢᠶᠠᠨ ᠤ ᠬᠡᠮᠵᠢᠶ᠎ᠡ 699.4 ᠳ᠋ᠦᠩᠰᠢᠭᠤᠷ ᠲᠥᠭᠦᠷᠢᠭ ᠲᠤ ᠬᠦᠷᠴᠦ᠂ ᠲᠥᠷᠥᠬᠦᠦ ᠵᠢᠯ ᠤᠨ ᠬᠢ ᠠᠴᠠ 14.5% ᠪᠠᠷ ᠨᠡᠮᠡᠭᠳᠡᠪᠡ᠃      ᠪᠦᠬᠦ ᠵᠢᠯ ᠳᠤ ᠪᠣᠳᠠᠲᠠᠶ ᠠᠰᠢᠭᠯᠠᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠰᠢᠭᠤᠳ ᠪᠡᠯᠡ ᠣᠷᠣᠭᠤᠯᠤᠯᠲᠠ ᠶᠢᠨ ᠲᠤᠭ᠎ᠠ 31.6 ᠳ᠋ᠦᠩᠰᠢᠭᠤᠷ ᠳ᠋ᠣᠯᠯᠠᠷ ᠲᠤ ᠬᠦᠷᠴᠦ᠂ ᠲᠥᠷᠥᠬᠦᠦ ᠵᠢᠯ ᠤᠨ ᠬᠢ ᠠᠴᠠ 0.3% ᠪᠠᠷ ᠨᠡᠮᠡᠭᠳᠡᠪᠡ᠃ ᠡᠭᠦᠨ ᠳᠤ᠂ ᠦᠶᠯᠡᠳᠬᠦ ᠠᠵᠢᠯ ᠲᠦᠷᠦᠯ ᠤᠨ ᠭᠠᠳᠠᠭᠠᠳᠤ ᠪᠡᠯᠡ ᠶᠢ 9.2 ᠳ᠋ᠦᠩᠰᠢᠭᠤᠷ ᠳ᠋ᠣᠯᠯᠠᠷ ᠪᠣᠳᠠᠲᠠᠶ ᠠᠰᠢᠭᠯᠠᠵᠤ᠂ 1.2 ᠳᠠᠬᠢᠨ ᠨᠡᠮᠡᠭᠳᠡᠪᠡ᠃ ᠵᠢᠯ ᠤᠨ ᠳᠣᠲᠣᠷ᠎ᠠ ᠪᠥᠬᠦ ᠣᠷᠣᠨ ᠤ ᠦᠶᠯᠡᠳᠪᠦᠷᠢ ᠬᠤᠳᠠᠯᠳᠤᠭᠠᠨ ᠤ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ 3511 ᠡᠷᠦᠬᠡ ᠪᠤᠢ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ 61 ᠠᠵᠤ ᠠᠬᠤᠶᠢᠯᠠᠯ ᠢ ᠰᠢᠨ᠎ᠡ ᠪᠠᠷ ᠪᠠᠶᠢᠭᠤᠯᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号