ᠲᠤᠯᠤᠭ᠎ᠠ᠂ ᠵᠠᠮ ᠬᠠᠷᠢᠯᠴᠠᠭ᠎ᠠ᠂ ᠰᠢᠤᠳᠠᠨ ᠬᠤᠯᠪᠣᠭ᠎ᠠ ᠪᠠ ᠵᠢᠭᠤᠯᠴᠢᠯᠠᠯ ᠤᠨ ᠦᠢᠯᠡᠰ | ᠪᠦᠬᠦ ᠵᠢᠯ ᠳᠤ ᠪᠠᠷᠠᠭ᠎ᠠ ᠲᠡᠭᠡᠭᠡᠪᠦᠷᠢ ᠶᠢᠨ ᠶᠡᠷᠦᠩᠬᠡᠶ ᠬᠡᠮᠵᠢᠶ᠎ᠡ ᠶᠢ 24.8 ᠳ᠋ᠦᠩᠰᠢᠭᠤᠷ ᠲᠣᠨ ᠳᠤ ᠬᠦᠷᠴᠦ᠂ | ᠲᠥᠷᠥᠬᠦᠦ ᠵᠢᠯ ᠤᠨ ᠬᠢ ᠠᠴᠠ 9.0% ᠪᠠᠷ ᠨᠡᠮᠡᠭᠳᠡᠪᠡ᠃ ᠪᠠᠷᠠᠭ᠎ᠠ ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ | ᠶᠢ 5644.2 ᠳ᠋ᠦᠩᠰᠢᠭᠤᠷ ᠲᠣᠨ ᠺᠢᠯᠣᠮᠧᠲᠷ ᠲᠤ ᠬᠦᠷᠴᠦ᠂ 8.4% ᠪᠠᠷ ᠨᠡᠮᠡᠭᠳᠡᠪᠡ᠃ | ᠪᠦᠬᠦ ᠵᠢᠯ ᠳᠤ ᠠᠶᠠᠨᠴᠢᠳ ᠤᠨ ᠲᠡᠭᠡᠭᠡᠪᠦᠷᠢ ᠶᠢᠨ ᠶᠡᠷᠦᠩᠬᠡᠶ ᠬᠡᠮᠵᠢᠶ᠎ᠡ ᠶᠢ 14612.9 ᠲᠦᠮᠡ ᠬᠦᠮᠦᠨ ᠳᠤ | ᠬᠦᠷᠴᠦ᠂ ᠲᠥᠷᠥᠬᠦᠦ ᠵᠢᠯ ᠤᠨ ᠬᠢ ᠠᠴᠠ 9.0% ᠪᠠᠷ ᠪᠠᠭᠤᠷᠠᠪᠠ᠃ ᠠᠶᠠᠨᠴᠢᠳ ᠤᠨ ᠲᠡᠭᠡᠭᠡᠪᠦᠷᠢ ᠶᠢᠨ | ᠡᠷᠭᠢᠯᠲᠡ ᠶᠢᠨ ᠬᠡᠮᠵᠢᠶ᠎ᠡ ᠨᠢ 336.7 ᠳ᠋ᠦᠩᠰᠢᠭᠤᠷ ᠬᠥᠮᠥᠨ ᠺᠢᠯᠣᠮᠧᠲᠷ ᠲᠤ ᠬᠦᠷᠴᠦ᠂ 7.2% ᠢᠶᠠᠷ ᠪᠠᠭᠤᠷᠠᠪᠠ᠃ | | ᠵᠢᠯ ᠤᠨ ᠡᠴᠦᠰ ᠤᠨ ᠪᠥᠬᠦ ᠣᠷᠣᠨ ᠤ ᠠᠷᠠᠳ ᠤᠨ ᠬᠡᠷᠡᠭᠯᠡᠭᠡᠨ ᠤ ᠮᠠᠰᠢᠨ ᠲᠡᠷᠭᠡᠨ ᠤ ᠬᠠᠳᠠᠭᠠᠯᠠᠯᠲᠠ ᠶᠢᠨ | ᠬᠡᠮᠵᠢᠶ᠎ᠡ 548.0 ᠲᠦᠮᠡᠨ ᠰᠠᠭᠤᠷᠢ ᠬᠦᠷᠴᠦ᠂ ᠲᠦᠷᠦᠭᠦᠦ ᠵᠢᠯ ᠤᠨ ᠡᠴᠦᠰ ᠤᠨ ᠬᠢ ᠠᠴᠠ 10.0% ᠪᠠᠷ | ᠨᠡᠮᠡᠭᠳᠡᠪᠡ᠃ ᠡᠭᠦᠨ ᠳᠤ᠂ ᠲᠤᠰ ᠵᠢᠯ ᠤᠨ ᠰᠢᠨ᠎ᠡ ᠪᠠᠷ ᠳᠠᠩᠰᠠᠯᠠᠭᠤᠯᠤᠭᠰᠠᠨ ᠮᠠᠰᠢᠨ ᠲᠡᠷᠭᠡ 42.8 ᠲᠦᠮᠡᠨ | ᠰᠠᠭᠤᠷᠢ᠃ ᠵᠢᠯ ᠤᠨ ᠡᠴᠦᠰ ᠲᠤ ᠬᠤᠪᠢ ᠶᠢᠨ ᠮᠠᠰᠢᠨ ᠲᠡᠷᠭᠡ ᠶᠢᠨ ᠬᠠᠳᠠᠭᠠᠯᠠᠯᠲᠠ ᠶᠢᠨ ᠬᠡᠮᠵᠢᠶ᠎ᠡ 306.7 | ᠲᠦᠮᠡᠨ ᠰᠠᠭᠤᠷᠢ ᠳᠤ ᠬᠦᠷᠴᠦ᠂ 10.7% ᠪᠠᠷ ᠨᠡᠮᠡᠭᠳᠡᠪᠡ᠃ ᠡᠭᠦᠨ ᠳᠤ᠂ ᠲᠤᠰ ᠵᠢᠯ ᠳᠤ ᠳᠠᠩᠰᠠᠯᠠᠭᠤᠯᠤᠭᠰᠠᠨ | ᠮᠠᠰᠢᠨ ᠲᠡᠷᠭᠡ 22.1 ᠲᠦᠮᠡᠨ ᠰᠠᠭᠤᠷᠢ᠃ | ᠪᠦᠬᠦ ᠵᠢᠯ ᠤᠨ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠶᠡᠷᠦᠩᠬᠡᠶ ᠬᠡᠮᠵᠢᠶ᠎ᠡ ︵2015 | ᠣᠨ ᠤ ᠦᠯᠦ ᠬᠤᠪᠢᠰᠬᠤ ᠦᠨ᠎ᠡ ᠪᠠᠷ ᠪᠤᠳᠤᠨ᠎ᠠ︶ 1268.8 ᠳ᠋ᠦᠩᠰᠢᠭᠤᠷ ᠲᠥᠭᠦᠷᠢᠭ ᠲᠤ ᠬᠦᠷᠴᠦ᠂ | ᠲᠥᠷᠥᠬᠦᠦ ᠵᠢᠯ ᠤᠨ ᠬᠢ ᠠᠴᠠ 1.6 ᠲᠠᠬᠢᠨ ᠨᠡᠮᠡᠭᠳᠡᠪᠡ᠃ ᠪᠦᠬᠦ ᠵᠢᠯ ᠤᠨ ᠰᠢᠤᠳᠠᠨ ᠤ ᠲᠤᠬᠠᠶᠢᠯᠠᠭᠰᠠᠨ ᠠᠵᠢᠯ | ᠤᠨ ᠶᠡᠷᠦᠩᠬᠡᠶ ᠬᠡᠮᠵᠢᠶ᠎ᠡ ︵2010 ᠣᠨ ᠤ ᠦᠯᠦ ᠬᠤᠪᠢᠰᠬᠤ ᠦᠨ᠎ᠡ ᠪᠠᠷ ᠪᠤᠳᠤᠨ᠎ᠠ︶ 44.4 ᠳ᠋ᠦᠩᠰᠢᠭᠤᠷ | ᠲᠥᠭᠦᠷᠢᠭ ᠲᠤ ᠬᠦᠷᠴᠦ᠂ ᠲᠥᠷᠥᠬᠦᠦ ᠵᠢᠯ ᠤᠨ ᠬᠢ ᠠᠴᠠ 29.2% ᠢᠶᠠᠷ ᠨᠡᠮᠡᠭᠳᠡᠪᠡ᠃ ᠲᠦᠷᠭᠡᠨ ᠬᠦᠷᠭᠡᠬᠦ | ᠲᠤᠬᠠᠶᠢᠯᠠᠭᠰᠠᠨ ᠠᠵᠢᠯ ᠤᠨ ᠬᠡᠮᠵᠢᠶ᠎ᠡ 15182.3 ᠲᠦᠮᠡᠨ ᠵᠦᠶᠯ ᠪᠠᠶᠢᠵᠤ᠂ 37.6% ᠪᠠᠷ ᠨᠡᠮᠡᠭᠳᠡᠪᠡ᠃ | ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠤᠨ ᠣᠷᠣᠯᠭ᠎ᠠ 29.9 ᠳ᠋ᠦᠩᠰᠢᠭᠤᠷ ᠲᠥᠭᠦᠷᠢᠭ ᠬᠦᠷᠴᠦ᠂ 24.8% | ᠪᠠᠷ ᠨᠡᠮᠡᠭᠳᠡᠪᠡ᠃ ᠵᠢᠯ ᠤᠨ ᠡᠴᠦᠰ ᠲᠤ ᠲᠤᠰ ᠭᠠᠵᠠᠷ ᠤᠨ ᠲᠣᠭᠲᠠᠮᠠᠯ ᠳ᠋ᠢᠶᠠᠩᠬᠤᠸᠠ ᠬᠡᠷᠡᠭᠯᠡᠭᠴᠢ 213.2 | ᠲᠦᠮᠡᠨ ᠡᠷᠦᠬᠡ ᠳᠤ ᠬᠦᠷᠴᠦ᠂ 8.2% ᠢᠶᠠᠷ ᠪᠠᠭᠤᠷᠠᠪᠠ᠃ ᠰᠢᠯᠵᠢᠮᠡᠯ ᠳ᠋ᠢᠶᠠᠩᠬᠤᠸᠠ ᠬᠡᠷᠡᠭᠯᠡᠭᠴᠢ 3044.4 | ᠲᠦᠮᠡᠨ ᠡᠷᠦᠬᠡ ᠳᠤ ᠬᠦᠷᠴᠦ᠂ 7.2% ᠢᠶᠠᠷ ᠨᠡᠮᠡᠭᠳᠡᠪᠡ᠂ ᠡᠭᠦᠨ ᠳᠤ᠂ 4G ᠰᠢᠯᠵᠢᠮᠡᠯ ᠳ᠋ᠢᠶᠠᠩᠬᠤᠸᠠ | ᠬᠡᠷᠡᠭᠯᠡᠭᠴᠢ 2230.9 ᠲᠦᠮᠡᠨ ᠡᠷᠦᠬᠡ ᠳᠤ ᠬᠦᠷᠴᠦ᠂ 18.6% ᠪᠠᠷ ᠨᠡᠮᠡᠭᠳᠡᠪᠡ᠃ ᠵᠢᠯ ᠤᠨ ᠡᠴᠦᠰ ᠲᠤ | ᠢᠨᠲ᠋ᠧᠷ ᠰᠦᠯᠵᠢᠶᠡᠨ ᠤ ᠬᠡᠷᠡᠭᠯᠡᠭᠴᠢ 3178.6 ᠲᠦᠮᠡᠨ ᠡᠷᠦᠬᠡ ᠳᠤ ᠬᠦᠷᠴᠦ᠂ 11.4% ᠪᠠᠷ ᠨᠡᠮᠡᠭᠳᠡᠪᠡ᠃ | ᠡᠭᠦᠨ ᠳᠤ᠂ ᠰᠢᠯᠵᠢᠮᠡᠯ ᠢᠨᠲ᠋ᠧᠷ ᠰᠦᠯᠵᠢᠶᠡᠨ ᠤ ᠬᠡᠷᠡᠭᠯᠡᠭᠴᠢ 2550.3 ᠲᠦᠮᠡᠨ ᠡᠷᠦᠬᠡ ᠳᠤ ᠬᠦᠷᠴᠦ᠂ | 8.1% ᠪᠠᠷ ᠨᠡᠮᠡᠭᠳᠡᠪᠡ᠃ ᠢᠨᠲ᠋ᠧᠷ ᠰᠦᠯᠵᠢᠶᠡᠨ ᠤ ᠥᠷᠭᠡᠨ ᠪᠦᠰᠡᠲᠦ ᠰᠦᠯᠵᠢᠶ᠎ᠡ ᠶᠢᠨ ᠬᠡᠷᠡᠭᠯᠡᠭᠴᠢ 628.3 | ᠲᠦᠮᠡᠨ ᠡᠷᠦᠬᠡ ᠳᠤ ᠬᠦᠷᠴᠦ᠂ 27.2% ᠢᠶᠠᠷ ᠨᠡᠮᠡᠭᠳᠡᠪᠡ᠃ ᠰᠢᠯᠵᠢᠮᠡᠯ ᠢᠨᠲ᠋ᠧᠷ ᠰᠦᠯᠵᠢᠶᠡᠨ ᠤ ᠵᠠᠯᠭᠠᠵᠤ | ᠣᠷᠣᠭᠤᠯᠤᠭᠰᠠᠨ ᠤᠷᠤᠰᠴᠠ 14.3 ᠳ᠋ᠦᠩᠰᠢᠭᠤᠷ GB ᠳᠤ ᠬᠦᠷᠴᠦ᠂ ᠲᠦᠷᠦᠭᠦᠦ ᠵᠢᠯ ᠤᠨ ᠬᠢ ᠠᠴᠠ 2.2 | ᠳᠠᠬᠢᠨ ᠨᠡᠮᠡᠭᠳᠡᠵᠡᠶ᠃ | ᠪᠦᠬᠦ ᠵᠢᠯ ᠳᠤ ᠵᠢᠭᠤᠯᠴᠢᠯᠠᠭᠴᠢᠳ 13044.2 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ | ᠲᠥᠷᠥᠬᠦᠦ ᠵᠢᠯ ᠤᠨ ᠬᠢ ᠠᠴᠠ 12.0% ᠪᠠᠷ ᠨᠡᠮᠡᠭᠳᠡᠪᠡ᠃ ᠵᠢᠭᠤᠯᠴᠢᠯᠠᠯ ᠤᠨ ᠪᠦᠬᠦ ᠣᠷᠣᠯᠭ᠎ᠠ 4011.4 | ᠳ᠋ᠦᠩᠰᠢᠭᠤᠷ ᠲᠥᠭᠦᠷᠢᠭ ᠬᠦᠷᠴᠦ᠂ ᠲᠥᠷᠥᠬᠦᠦ ᠵᠢᠯ ᠤᠨ ᠬᠢ ᠠᠴᠠ 16.6% ᠪᠠᠷ ᠨᠡᠮᠡᠭᠳᠡᠪᠡ᠃ ᠡᠭᠦᠨ ᠳᠤ᠂ | ᠤᠯᠤᠰ ᠤᠨ ᠳᠣᠲᠣᠭᠠᠳᠤ ᠶᠢᠨ ᠵᠢᠭᠤᠯᠴᠢᠯᠠᠭᠰᠠᠳ 12856.1 ᠲᠦᠮᠡᠨ ᠬᠥᠮᠥᠨ ᠤᠳᠠᠭ᠎ᠠ ᠳᠤ ᠬᠦᠷᠴᠦ᠂ | 12.2% ᠢᠶᠠᠷ ᠨᠡᠮᠡᠭᠳᠡᠪᠡ᠃ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ 3924.0 | ᠳ᠋ᠦᠩᠰᠢᠭᠤᠷ ᠲᠥᠭᠦᠷᠢᠭ ᠬᠦᠷᠴᠦ᠂ 16.8% ᠪᠠᠷ ᠨᠡᠮᠡᠭᠳᠡᠪᠡ᠃ ᠬᠢᠯᠢ ᠪᠠᠷ ᠣᠷᠣᠵᠤ ᠢᠷᠡᠭᠰᠡᠨ | ᠵᠢᠭᠤᠯᠴᠢᠯᠠᠭᠴᠢᠳ ᠢ 188.1 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ 1.8% ᠪᠠᠷ ᠨᠡᠮᠡᠭᠳᠡᠪᠡ᠃ | ᠬᠢᠯᠢ ᠪᠠᠷ ᠣᠷᠣᠬᠤ ᠵᠢᠭᠤᠯᠴᠢᠯᠠᠯ ᠤᠨ ᠭᠤᠪᠢᠭᠤᠯᠭ᠎ᠠ 12.7 ᠳ᠋ᠦᠩᠰᠢᠭᠤᠷ ᠳ᠋ᠣᠯᠯᠠᠷ ᠲᠤ ᠬᠦᠷᠴᠦ᠂ 2.1% ᠪᠠᠷ | ᠨᠡᠮᠡᠭᠳᠡᠪᠡ᠃ |