【ᠨᠡᠶᠢᠭᠡᠮ ᠤᠨ ᠠᠵᠤ ᠠᠬᠤᠢ】2018 ᠣᠨ ᠤ ᠥᠪᠥᠷ ᠮᠣᠩᠭᠤᠯ ᠤᠨ ᠭᠤᠤᠯ ᠪᠣᠯᠬᠤ ᠲᠤᠭ᠎ᠠ ᠪᠠᠷᠢᠮᠲᠠ ᠶᠢᠨ ᠭᠦᠶᠴᠡᠳᠬᠡᠯ ᠲᠤᠭ᠎ᠠ — ᠠᠷᠠᠳ ᠤᠨ ᠠᠮᠢᠳᠤᠷᠠᠯ ᠪᠠ ᠨᠡᠶᠢᠭᠡᠮ ᠤᠨ ᠪᠠᠲᠤᠯᠠᠭ᠎ᠠ
ᠨᠡᠶᠢᠲᠡᠯᠡᠭᠰᠡᠨ ᠴᠠᠭ᠄
2019/8/21
     ᠶᠢᠰᠦ᠂ ᠠᠷᠠᠳ ᠤᠨ ᠠᠮᠢᠳᠤᠷᠠᠯ ᠪᠠ ᠨᠡᠶᠢᠭᠡᠮ ᠤᠨ ᠪᠠᠲᠤᠯᠠᠭ᠎ᠠ      ᠪᠦᠬᠦ ᠵᠢᠯ ᠳᠤ ᠪᠦᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 28376 ᠲᠥᠭᠦᠷᠢᠭ ᠲᠤ ᠬᠦᠷᠴᠦ᠂ ᠲᠥᠷᠥᠬᠦᠦ ᠵᠢᠯ ᠤᠨ ᠬᠢ ᠠᠴᠠ 8.3% ᠪᠠᠷ ᠨᠡᠮᠡᠭᠳᠡᠵᠦ᠂ ᠦᠨ᠎ᠡ ᠬᠠᠩᠰᠢ  ᠶᠢᠨ ᠬᠦᠴᠦᠨ ᠵᠦᠢᠯ ᠢ ᠬᠠᠰᠤᠭᠰᠠᠨ ᠤ ᠲᠠᠷᠠᠭ᠎ᠠ ᠪᠣᠳᠠᠲᠠᠶ ᠪᠠᠷ 6.4% ᠪᠠᠷ ᠨᠡᠮᠡᠭᠳᠡᠪᠡ᠃ ᠪᠦᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ ᠶᠢ 19665 ᠲᠥᠭᠦᠷᠢᠭ ᠪᠠᠶᠢᠵᠤ᠂ 3.8% ᠪᠠᠷ ᠨᠡᠮᠡᠭᠳᠡᠪᠡ᠃      ᠪᠠᠶᠢᠩᠭᠤ ᠰᠠᠭᠤᠭ᠎ᠠ ᠭᠠᠵᠠᠷ ᠣᠷᠣᠨ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 38305 ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 7.4% ᠪᠠᠷ ᠨᠡᠮᠡᠭᠳᠡᠨ᠂ ᠦᠨ᠎ᠡ ᠬᠠᠩᠰᠢ ᠶᠢᠨ ᠬᠦᠴᠦᠨ ᠵᠦᠶᠯ ᠢ ᠬᠠᠰᠤᠭᠰᠠᠨ ᠤ ᠳᠠᠷᠠᠭ᠎ᠠ ᠪᠣᠳᠠᠲᠠᠶ ᠪᠠᠷ 5.5% ᠪᠠᠷ ᠨᠡᠮᠡᠭᠳᠡᠪᠡ᠃ ᠭᠤᠣᠯ ᠣᠷᠣᠯᠭ᠎ᠠ ᠶᠢᠨ ᠪᠦᠲᠦᠴᠡ ᠠᠴᠠ ᠦᠵᠡᠪᠡᠯ᠂ ᠴᠠᠯᠢᠩ ᠤᠨ ᠴᠢᠨᠠᠷᠲᠠᠶ ᠣᠷᠣᠯᠭ᠎ᠠ 23302 ᠲᠥᠭᠦᠷᠢᠭ ᠲᠤ ᠬᠦᠷᠴᠦ᠂ 7.3% ᠪᠠᠷ ᠨᠡᠮᠡᠭᠳᠡᠪᠡ᠃ ᠡᠵᠡᠩᠨᠡᠯᠲᠡ ᠶᠢᠨ ᠴᠡᠪᠡᠷ ᠣᠷᠣᠯᠭ᠎ᠠ 7128 ᠲᠥᠭᠦᠷᠢᠭ ᠲᠤ ᠬᠦᠷᠴᠦ᠂ 12.3% ᠪᠠᠷ ᠨᠡᠮᠡᠭᠳᠡᠪᠡ᠃ ᠡᠳ᠋ ᠬᠥᠷᠥᠩᠭᠡ ᠶᠢᠨ ᠴᠡᠪᠡᠷ ᠣᠷᠣᠯᠭ᠎ᠠ 2070 ᠲᠥᠭᠦᠷᠢᠭ ᠲᠤ ᠬᠦᠷᠴᠦ᠂ 13.5% ᠪᠠᠷ ᠨᠡᠮᠡᠭᠳᠡᠪᠡ᠃ ᠰᠢᠯᠵᠢᠭᠦᠯᠦᠭᠰᠡᠨ ᠴᠡᠪᠡᠷ ᠣᠷᠣᠯᠭ᠎ᠠ 5805 ᠲᠥᠭᠦᠷᠢᠭ ᠲᠤ ᠬᠦᠷᠴᠦ᠂ 0.3% ᠪᠠᠷ ᠨᠡᠮᠡᠭᠳᠡᠪᠡ᠃ ᠬᠤᠲᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ ᠨᠢ 24437 ᠲᠥᠭᠦᠷᠢᠭ ᠬᠦᠷᠴᠦ᠂ 3.4% ᠪᠠᠷ ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 13803 ᠲᠥᠭᠦᠷᠢᠭ ᠪᠠᠶᠢᠵᠤ᠂ ᠲᠦᠷᠦᠭᠦᠦ ᠵᠢᠯ ᠤᠨ ᠬᠢ ᠠᠴᠠ 9.7% ᠪᠠᠷ ᠨᠡᠮᠡᠭᠳᠡᠨ᠂ ᠦᠨ᠎ᠡ ᠬᠠᠩᠰᠢ ᠶᠢᠨ ᠬᠦᠴᠦᠨ ᠵᠦᠶᠯ ᠢ ᠬᠠᠰᠤᠭᠰᠠᠨ ᠤ ᠳᠠᠷᠠᠭ᠎ᠠ ᠪᠣᠳᠠᠲᠠᠶ ᠪᠠᠷ 7.7% ᠪᠠᠷ ᠨᠡᠮᠡᠭᠳᠡᠪᠡ᠃ ᠭᠤᠣᠯ ᠣᠷᠣᠯᠭ᠎ᠠ ᠶᠢᠨ ᠪᠦᠲᠦᠴᠡ  ᠠᠴᠠ ᠦᠵᠡᠪᠡᠯ᠂ ᠴᠠᠯᠢᠩ ᠤᠨ ᠴᠢᠨᠠᠷᠲᠠᠶ ᠣᠷᠣᠯᠭ᠎ᠠ 2897 ᠲᠥᠭᠦᠷᠢᠭ ᠲᠤ ᠬᠦᠷᠴᠦ᠂ 9.3% ᠪᠠᠷ ᠨᠡᠮᠡᠭᠳᠡᠪᠡ᠃ ᠡᠵᠡᠩᠨᠡᠯᠲᠡ ᠶᠢᠨ ᠴᠡᠪᠡᠷ ᠣᠷᠣᠯᠭ᠎ᠠ 7181 ᠲᠥᠭᠦᠷᠢᠭ ᠲᠤ ᠬᠦᠷᠴᠦ᠂ 12.5% ᠪᠠᠷ ᠨᠡᠮᠡᠭᠳᠡᠪᠡ᠃ ᠡᠳ᠋ ᠬᠥᠷᠥᠩᠭᠡ ᠶᠢᠨ ᠴᠡᠪᠡᠷ ᠣᠷᠣᠯᠭ᠎ᠠ ᠨᠢ 520 ᠲᠥᠭᠦᠷᠢᠭ ᠪᠠᠶᠢᠵᠤ᠂ 1.1% ᠪᠠᠷ ᠨᠡᠮᠡᠭᠳᠡᠪᠡ᠃ ᠰᠢᠯᠵᠢᠭᠦᠯᠦᠭᠰᠡᠨ ᠴᠡᠪᠡᠷ ᠣᠷᠣᠯᠭ᠎ᠠ 3205 ᠲᠥᠭᠦᠷᠢᠭ ᠲᠤ ᠬᠦᠷᠴᠦ᠂ 5.6% ᠪᠠᠷ ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ  ᠤ ᠵᠠᠷᠤᠯᠭ᠎ᠠ ᠶᠢ 12661 ᠲᠥᠭᠦᠷᠢᠭ ᠲᠣᠬᠢᠷᠠᠭᠤᠯᠵᠤ᠂ 3.9% ᠪᠠᠷ ᠨᠡᠮᠡᠭᠳᠡᠪᠡ᠃ ᠪᠥᠬᠦ ᠰᠠᠭᠤᠭᠠᠯᠢ ᠠᠷᠠᠳ  ᠤᠨ ᠡᠩᠭᠧᠯ ᠤᠨ ᠢᠯᠡᠳᠬᠡᠮᠵᠢ ᠨᠢ 27.1% ᠪᠠᠶᠢᠵᠤ᠂ ᠲᠦᠷᠦᠭᠦᠦ ᠵᠢᠯ ᠤᠨ ᠬᠢ ᠠᠴᠠ 0.4 ᠵᠠᠭᠤᠨ ᠤ ᠬᠤᠪᠢ ᠪᠠᠭᠤᠷᠠᠪᠠ᠃ ᠡᠭᠦᠨ ᠳᠤ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠭᠡᠷ ᠪᠦᠯᠢ ᠶᠢᠨ ᠡᠩᠭᠧᠯ ᠤᠨ ᠢᠯᠡᠳᠬᠡᠮᠵᠢ ᠲᠤᠭ᠎ᠠ ᠨᠢ 26.9% ᠪᠠᠶᠢᠵᠤ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠭᠡᠷ ᠪᠦᠯᠢ ᠶᠢᠨ ᠡᠩᠭᠧᠯ ᠤᠨ ᠢᠯᠡᠳᠬᠡᠮᠵᠢ ᠨᠢ 27.5% ᠪᠠᠶᠢᠵᠤ᠂ ᠲᠤᠰ ᠲᠤᠰ ᠲᠦᠷᠦᠭᠦᠦ ᠵᠢᠯ ᠤᠨ ᠬᠢ ᠠᠴᠠ 0.5% ᠪᠠ 0.3% ᠪᠠᠭᠤᠷᠠᠪᠠ᠃      ᠵᠢᠯ ᠤᠨ ᠡᠴᠦᠰ ᠲᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 749.9 ᠲᠦᠮᠡ ᠳᠤ ᠬᠦᠷᠴᠦ᠂ 0.9%  ᠪᠠᠷ ᠨᠡᠮᠡᠭᠳᠡᠪᠡ᠃ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 733.5 ᠲᠦᠮᠡ ᠳᠤ ᠬᠦᠷᠴᠦ᠂ ᠲᠥᠷᠥᠬᠦᠦ ᠵᠢᠯ ᠤᠨ ᠬᠢ  ᠠᠴᠠ 5.6% ᠪᠠᠷ ᠨᠡᠮᠡᠭᠳᠡᠪᠡ᠂ ᠡᠭᠦᠨ ᠤ ᠳᠣᠲᠣᠷ᠎ᠠ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ ᠣᠷᠣᠯᠴᠠᠭᠰᠠᠨ ᠠᠵᠢᠯ ᠠᠴᠠ ᠪᠠᠨ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠨ ᠤ ᠲᠤᠭ᠎ᠠ 284.6 ᠲᠦᠮᠡ ᠳᠤ ᠬᠦᠷᠴᠦ᠂ 10.7% ᠪᠠᠷ ᠨᠡᠮᠡᠭᠳᠡᠪᠡ᠃ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 2164.4 ᠲᠦᠮᠡ ᠳᠤ ᠬᠦᠷᠴᠦ᠂ 0.1% ᠪᠠᠷ ᠨᠡᠮᠡᠭᠳᠡᠪᠡ᠃ ᠡᠭᠦᠨ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 1659.1 ᠲᠦᠮᠡ ᠳᠤ ᠬᠦᠷᠴᠦ᠂ 0.4% ᠪᠠᠷ ᠪᠠᠭᠤᠷᠠᠪᠠ᠃ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠲᠤᠭ᠎ᠠ 505.3 ᠲᠦᠮᠡᠨ ᠬᠥᠮᠦᠨ ᠳᠤ ᠬᠦᠷᠴᠦ᠂ 2.1% ᠪᠠᠷ ᠨᠡᠮᠡᠭᠳᠡᠪᠡ᠃ ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 255.5 ᠲᠦᠮᠡᠨ ᠬᠥᠮᠦᠨ ᠳᠤ ᠬᠦᠷᠴᠦ᠂ 3.4% ᠪᠠᠷ ᠨᠡᠮᠡᠭᠳᠡᠪᠡ᠃ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠤᠭᠰᠠᠨ ᠬᠥᠮᠦᠨ ᠤ ᠲᠤᠭ᠎ᠠ 4.9 ᠲᠦᠮᠡ ᠳᠤ ᠬᠦᠷᠴᠦ᠂ 7.9% ᠪᠠᠷ ᠪᠠᠭᠤᠷᠠᠪᠠ᠃ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠨᠡᠶᠢᠭᠡᠮᠴᠢᠯᠡᠨ ᠲᠠᠷᠬᠠᠭᠠᠬᠤ ᠨᠣᠷᠮ᠎ᠠ 100% ᠳᠤ ᠬᠦᠷᠪᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号