【ᠨᠡᠶᠢᠭᠡᠮ ᠤᠨ ᠠᠵᠤ ᠠᠬᠤᠢ】2018 ᠣᠨ ᠤ ᠥᠪᠥᠷ ᠮᠣᠩᠭᠤᠯ ᠤᠨ ᠭᠤᠤᠯ ᠪᠣᠯᠬᠤ ᠲᠤᠭ᠎ᠠ ᠪᠠᠷᠢᠮᠲᠠ ᠶᠢᠨ ᠭᠦᠶᠴᠡᠳᠬᠡᠯ ᠲᠤᠭ᠎ᠠ — ᠰᠤᠷᠭᠠᠨ ᠬᠥᠮᠦᠵᠢᠯ᠂ ᠰᠢᠨᠵᠢᠯᠡᠭᠡ ᠮᠡᠷᠭᠡᠵᠢᠯ ᠪᠠ ᠰᠣᠶᠣᠯ ᠪᠡᠶ᠎ᠡ ᠲᠠᠮᠢᠷ
ᠨᠡᠶᠢᠲᠡᠯᠡᠭᠰᠡᠨ ᠴᠠᠭ᠄
2019/8/21
     ᠠᠷᠪᠠ᠂ ᠰᠤᠷᠭᠠᠨ ᠬᠥᠮᠦᠵᠢᠯ᠂ ᠰᠢᠨᠵᠢᠯᠡᠭᠡ ᠮᠡᠷᠭᠡᠵᠢᠯ ᠪᠠ ᠰᠣᠶᠣᠯ ᠪᠡᠶ᠎ᠡ ᠲᠠᠮᠢᠷ      ᠵᠢᠯ ᠤᠨ ᠡᠴᠦᠰ ᠲᠤ ᠪᠥᠬᠦ ᠣᠷᠣᠨ ᠤ ᠰᠤᠳᠤᠯᠬᠤ ᠰᠤᠷᠤᠭᠴᠢ ᠬᠥᠮᠦᠵᠢᠭᠦᠯᠬᠦ ᠨᠢᠭᠡᠴᠢ 10᠂ ᠰᠤᠷᠭᠠᠭᠤᠯᠢ  ᠳᠤ ᠪᠠᠶᠢᠭ᠎ᠠ ᠰᠤᠳᠤᠯᠬᠤ ᠰᠤᠷᠤᠭᠴᠢ 2.1 ᠲᠦᠮᠡᠨ ᠬᠦᠮᠦᠨ᠂ 5.4% ᠪᠠᠷ ᠨᠡᠮᠡᠭᠳᠡᠪᠡ᠂ ᠡᠭᠦᠨ ᠳᠤ᠂ ᠴᠥᠭᠡᠨ ᠲᠣᠭᠠᠲᠤ ᠦᠨᠳᠦᠰᠦᠲᠡᠨ ᠤ ᠰᠤᠷᠭᠠᠭᠤᠯᠢ ᠳᠤ ᠪᠠᠶᠢᠭ᠎ᠠ ᠰᠤᠳᠤᠯᠬᠤ ᠰᠤᠷᠤᠭᠴᠢ 6095 ᠬᠦᠮᠦᠨ ᠪᠠᠶᠢᠵᠤ᠂ ᠴᠥᠭᠡᠨ ᠲᠣᠭᠠᠲᠤ ᠦᠨᠳᠦᠰᠦᠲᠡᠨ ᠤ ᠰᠤᠷᠭᠠᠭᠤᠯᠢ ᠳᠤ ᠪᠠᠶᠢᠭ᠎ᠠ ᠰᠤᠳᠤᠯᠬᠤ ᠰᠤᠷᠤᠭᠴᠢ ᠳᠣᠲᠣᠷ᠎ᠠ ᠮᠣᠩᠭᠤᠯ ᠦᠨᠳᠦᠰᠦᠲᠡᠨ ᠤ ᠰᠤᠳᠤᠯᠬᠤ ᠰᠤᠷᠤᠭᠴᠢ 5357 ᠬᠦᠮᠦᠨ ᠪᠠᠶᠢᠨ᠎ᠠ᠃ ᠵᠢᠯ ᠤᠨ ᠡᠴᠦᠰ ᠪᠣᠯᠲᠠᠯ᠎ᠠ ᠪᠥᠬᠦ ᠣᠷᠣᠨ  ᠳᠤ ᠡᠩ ᠤᠨ ᠳᠡᠭᠡᠲᠦ ᠰᠤᠷᠭᠠᠭᠤᠯᠢ ᠨᠡᠶᠢᠲᠡ 53 ᠰᠠᠭᠤᠷᠢ ᠪᠠᠶᠢᠵᠤ᠂ ᠰᠤᠷᠭᠠᠭᠤᠯᠢ ᠳᠤ ᠪᠠᠶᠢᠭ᠎ᠠ ᠰᠤᠷᠤᠭᠴᠢ 45.5 ᠲᠦᠮᠡᠨ ᠬᠦᠮᠦᠨ᠂ 1.6% ᠪᠠᠷ ᠨᠡᠮᠡᠭᠳᠡᠪᠡ᠂ ᠡᠭᠦᠨ ᠳᠤ᠂ ᠴᠥᠭᠡᠨ ᠲᠣᠭᠠᠲᠤ ᠦᠨᠳᠦᠰᠦᠲᠡᠨ ᠤ ᠰᠤᠷᠭᠠᠭᠤᠯᠢ ᠳᠤ ᠪᠠᠶᠢᠭ᠎ᠠ ᠰᠤᠷᠤᠭᠴᠢ 12.2 ᠲᠦᠮᠡᠨ ᠬᠦᠮᠦᠨ᠂ ᠴᠥᠭᠡᠨ ᠲᠣᠭᠠᠲᠤ ᠦᠨᠳᠦᠰᠦᠲᠡᠨ ᠤ ᠰᠤᠷᠭᠠᠭᠤᠯᠢ ᠳᠤ ᠪᠠᠶᠢᠭ᠎ᠠ ᠰᠤᠷᠤᠭᠴᠢ ᠳᠣᠲᠣᠷ᠎ᠠ ᠮᠣᠩᠭᠤᠯ ᠰᠤᠷᠤᠭᠴᠢ 10.6 ᠲᠦᠮᠡᠨ ᠬᠦᠮᠦᠨ ᠪᠠᠶᠢᠨ᠎ᠠ᠃ ᠵᠢᠯ  ᠤᠨ ᠡᠴᠦᠰ ᠪᠣᠯᠲᠠᠯ᠎ᠠ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ 299 ᠰᠠᠭᠤᠷᠢ ᠪᠠᠶᠢᠵᠤ᠂ ᠰᠤᠷᠭᠠᠭᠤᠯᠢ ᠳᠤ ᠪᠠᠶᠢᠭ᠎ᠠ ᠰᠤᠷᠤᠭᠴᠢ 42.1 ᠲᠦᠮᠡᠨ ᠬᠦᠮᠦᠨ᠂ 3.3% ᠪᠠᠷ ᠪᠠᠭᠤᠷᠠᠵᠠᠶ᠂ ᠡᠭᠦᠨ ᠳᠤ᠂ ᠴᠥᠭᠡᠨ ᠲᠣᠭᠠᠲᠤ ᠦᠨᠳᠦᠰᠦᠲᠡᠨ ᠤ ᠰᠤᠷᠤᠭᠴᠢ 12.9 ᠲᠦᠮᠡᠨ ᠬᠦᠮᠦᠨ᠂ ᠴᠥᠭᠡᠨ ᠲᠣᠭᠠᠲᠤ ᠦᠨᠳᠦᠰᠦᠲᠡᠨ ᠤ ᠰᠤᠷᠭᠠᠭᠤᠯᠢ ᠳᠤ ᠪᠠᠶᠢᠭ᠎ᠠ ᠰᠤᠷᠤᠭᠴᠢ ᠳᠣᠲᠣᠷ᠎ᠠ ᠮᠣᠩᠭᠤᠯ ᠰᠤᠷᠤᠭᠴᠢ 11.6 ᠲᠦᠮᠡᠨ ᠬᠦᠮᠦᠨ ᠪᠠᠶᠢᠨ᠎ᠠ᠃ ᠵᠢᠯ  ᠤᠨ ᠡᠴᠦᠰ ᠪᠣᠯᠲᠠᠯ᠎ᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 691 ᠰᠠᠭᠤᠷᠢ ᠪᠠᠶᠢᠵᠤ᠂ ᠰᠤᠷᠭᠠᠭᠤᠯᠢ ᠳᠤ ᠪᠠᠶᠢᠭ᠎ᠠ ᠰᠤᠷᠤᠭᠴᠢ 63.7 ᠲᠦᠮᠡᠨ ᠬᠦᠮᠦᠨ᠂ 2.9% ᠪᠠᠷ ᠨᠡᠮᠡᠭᠳᠡᠪᠡ᠂ ᠡᠭᠦᠨ ᠤ ᠳᠣᠲᠣᠷ᠎ᠠ ᠴᠥᠭᠡᠨ ᠲᠣᠭᠠᠲᠤ ᠦᠨᠳᠦᠰᠦᠲᠡᠨ ᠤ ᠰᠤᠷᠤᠭᠴᠢ 18.8 ᠲᠦᠮᠡᠨ ᠬᠦᠮᠦᠨ᠂ ᠴᠥᠭᠡᠨ ᠲᠣᠭᠠᠲᠤ ᠦᠨᠳᠦᠰᠦᠲᠡᠨ ᠤ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ᠳᠣᠲᠣᠷ᠎ᠠ ᠮᠣᠩᠭᠤᠯ ᠰᠤᠷᠤᠭᠴᠢ 16.7 ᠲᠦᠮᠡᠨ ᠬᠦᠮᠦᠨ ᠪᠠᠶᠢᠨ᠎ᠠ᠃ ᠵᠢᠯ ᠤᠨ ᠡᠴᠦᠰ ᠪᠣᠯᠲᠠᠯ᠎ᠠ ᠪᠠᠭ᠎ᠠ ᠰᠤᠷᠭᠠᠭᠤᠯᠢ 1655 ᠰᠠᠭᠤᠷᠢ ᠪᠠᠶᠢᠵᠤ᠂ ᠰᠤᠷᠭᠠᠭᠤᠯᠢ ᠳᠤ ᠪᠠᠶᠢᠭ᠎ᠠ ᠰᠤᠷᠤᠭᠴᠢ 134.2 ᠲᠦᠮᠡᠨ ᠬᠦᠮᠦᠨ  ᠂ 1.2% ᠢᠶᠠᠷ ᠨᠡᠮᠡᠭᠳᠡᠪᠡ᠃ ᠪᠥᠬᠦ ᠣᠷᠣᠨ ᠤ ᠴᠡᠴᠡᠷᠯᠢᠭ ᠲᠤ ᠪᠠᠶᠢᠭ᠎ᠠ ᠬᠡᠦᠬᠡᠳ  ᠤᠨ ᠲᠤᠭ᠎ᠠ 61.7 ᠲᠦᠮᠡᠨ ᠬᠥᠮᠦᠨ ᠳᠤ ᠬᠦᠷᠴᠦ᠂ 3.6% ᠪᠠᠷ ᠪᠠᠭᠤᠷᠠᠪᠠ᠃ ᠪᠥᠬᠦ ᠣᠷᠣᠨ ᠤ ᠠᠩᠬ᠎ᠠ ᠵᠡᠷᠭᠡ  ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠣᠷᠣᠭᠰᠠᠨ ᠪᠥᠬᠦ ᠨᠣᠷᠮ᠎ᠠ 98.46% ᠳᠤ ᠬᠦᠷᠴᠦ᠂ ᠪᠠᠭ᠎ᠠ ᠰᠤᠷᠭᠠᠭᠤᠯᠢ ᠶᠢᠨ ᠰᠤᠷᠬᠤ ᠨᠠᠰᠤᠨ ᠤ ᠬᠡᠦᠬᠡᠳ ᠤᠨ ᠰᠤᠷᠭᠠᠭᠤᠯᠢ ᠳᠤ ᠣᠷᠣᠭᠰᠠᠨ ᠨᠣᠷᠮ᠎ᠠ 100 % ᠳᠤ ᠬᠦᠷᠪᠡ᠃      ᠪᠦᠬᠦ ᠵᠢᠯ ᠳᠤ ᠰᠢᠨᠵᠢᠯᠡᠭᠡ ᠮᠡᠷᠭᠡᠵᠢᠯ ᠤᠨ ᠬᠦᠨᠳᠦ ᠴᠢᠬᠤᠯᠠ ᠦᠷ᠎ᠡ ᠪᠦᠲᠦᠭᠡᠯ  712 ᠵᠦᠢᠯ᠂ ᠡᠭᠦᠨ ᠤ ᠳᠣᠲᠣᠷ᠎ᠠ᠂ ᠰᠠᠭᠤᠷᠢ ᠣᠨᠣᠯ ᠤᠨ ᠦᠷ᠎ᠡ ᠪᠦᠲᠦᠭᠡᠯ 160 ᠵᠦᠢᠯ᠂ ᠬᠡᠷᠡᠭᠯᠡᠭᠡᠨ ᠤ ᠮᠡᠷᠭᠡᠵᠢᠯ ᠤᠨ ᠦᠷ᠎ᠡ ᠪᠦᠲᠦᠭᠡᠯ 540 ᠵᠦᠢᠯ᠂ ᠵᠥᠭᠡᠯᠡᠨ ᠰᠢᠨᠵᠢᠯᠡᠬᠦ ᠤᠬᠠᠭᠠᠨ ᠤ ᠦᠷ᠎ᠡ ᠪᠦᠲᠦᠭᠡᠯ 12 ᠵᠦᠢᠯ ᠪᠠᠶᠢᠨ᠎ᠠ᠃ ᠪᠦᠬᠦ ᠵᠢᠯ ᠳᠤ 16426 ᠬᠤᠪᠢ ᠲᠤᠰᠬᠠᠶ ᠠᠰᠢᠭ ᠤᠨ ᠭᠤᠶᠤᠴᠢᠯᠠᠯ ᠭᠠᠷᠭᠠᠵᠤ᠂ 9625 ᠬᠤᠪᠢ ᠲᠤᠰᠬᠠᠶ ᠠᠰᠢᠭ ᠤᠨ ᠡᠷᠬᠡ ᠣᠯᠭᠤᠪᠠ᠃ ᠨᠢᠭᠡ ᠵᠢᠯ ᠤᠨ ᠬᠤᠭᠤᠴᠠᠭᠠᠨ ᠳᠤ ᠡᠯ᠎ᠡ ᠲᠥᠷᠥᠯ ᠤᠨ ᠮᠡᠷᠭᠡᠵᠢᠯ ᠤᠨ ᠭᠡᠷ᠎ᠡ ᠶᠢᠨ ᠲᠤᠭ᠎ᠠ ᠶᠢ ᠨᠡᠶᠢᠲᠡ 6277 ᠲᠣᠭᠲᠠᠭᠠᠵᠤ᠂ ᠭᠡᠷ᠎ᠡ ᠶᠢᠨ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ 236.0 ᠳ᠋ᠦᠩᠰᠢᠭᠤᠷ ᠲᠥᠭᠦᠷᠢᠭ ᠲᠤ ᠬᠦᠷᠴᠦ᠂ 45.0% ᠪᠠᠷ ᠨᠡᠮᠡᠭᠳᠡᠪᠡ᠃ ᠡᠭᠦᠨ ᠳᠤ᠂ ᠣᠷᠣᠨ ᠤ ᠳᠣᠲᠣᠷᠠᠬᠢ ᠠᠷᠠᠯᠵᠢᠶ᠎ᠠ ᠪᠦᠲᠦᠭᠰᠡᠨ ᠮᠡᠷᠭᠡᠵᠢᠯ ᠤᠨ ᠵᠣᠭᠤᠰᠣᠨ ᠲᠤᠭ᠎ᠠ ᠨᠢ 13.1 ᠳ᠋ᠦᠩᠰᠢᠭᠤᠷ ᠲᠥᠭᠦᠷᠢᠭ᠂ ᠣᠷᠣᠨ ᠤ ᠭᠠᠳᠠᠨ᠎ᠠ ᠭᠠᠷᠭᠠᠬᠤ ᠮᠡᠷᠭᠡᠵᠢᠯ ᠤᠨ ᠠᠷᠠᠯᠵᠢᠶ᠎ᠠ ᠪᠦᠲᠦᠭᠰᠡᠨ ᠵᠣᠭᠤᠰᠣᠨ ᠲᠤᠭ᠎ᠠ ᠨᠢ 6.8 ᠳ᠋ᠦᠩᠰᠢᠭᠤᠷ ᠲᠥᠭᠦᠷᠢᠭ᠂ ᠣᠷᠣᠨ  ᠤ ᠭᠠᠳᠠᠨᠠᠬᠢ ᠮᠡᠷᠭᠡᠵᠢᠯ ᠤᠨ ᠦᠷ᠎ᠡ ᠪᠦᠲᠦᠭᠡᠯ ᠢ ᠰᠢᠩᠭᠡᠭᠡᠨ ᠠᠪᠬᠤ ᠳᠤ ᠪᠡᠯᠡ ᠣᠷᠣᠭᠤᠯᠤᠭᠰᠠᠨ ᠵᠣᠭᠤᠰᠣᠨ ᠲᠤᠭ᠎ᠠ ᠨᠢ 216.2 ᠳ᠋ᠦᠩᠰᠢᠭᠤᠷ ᠲᠥᠭᠦᠷᠢᠭ ᠲᠤ ᠬᠦᠷᠪᠡ᠃      ᠪᠥᠬᠦ ᠣᠷᠣᠨ ᠳᠤ  ᠪᠦᠲᠦᠭᠡᠭᠳᠡᠭᠦᠨ ᠤ ᠶᠠᠰᠤ ᠴᠢᠨᠠᠷ ᠢ ᠪᠠᠶᠢᠴᠠᠭᠠᠨ ᠰᠢᠯᠭᠠᠬᠤ ᠦᠨᠡᠮᠯᠡᠯ ᠲᠠᠢ ᠪᠠᠶᠢᠭᠤᠯᠤᠮᠵᠢ ᠨᠡᠶᠢᠲᠡ 57 ᠪᠠᠶᠢᠵᠤ᠂ ᠡᠭᠦᠨ ᠳᠤ᠂ ᠤᠯᠤᠰ ᠤᠨ ᠪᠠᠶᠢᠴᠠᠭᠠᠨ ᠰᠢᠯᠭᠠᠬᠤ ᠲᠥᠪ 8 ᠪᠣᠶ᠃      ᠵᠢᠯ ᠤᠨ ᠡᠴᠦᠰ ᠪᠣᠯᠲᠠᠯ᠎ᠠ ᠪᠥᠬᠦ ᠣᠷᠣᠨ ᠳᠤ 94 ᠤᠷᠠᠯᠢᠭ ᠲᠣᠭᠯᠠᠯᠲᠠ ᠶᠢᠨ ᠪᠦᠯᠬᠦᠮ ᠲᠠᠢ᠂ ᠡᠭᠦᠨ ᠳᠤ ᠤᠯᠠᠭᠠᠨᠮᠥ᠋ᠴᠢᠷ 76 ᠪᠤᠢ᠃ ᠣᠳᠣ 120 ᠰᠠᠭᠤᠷᠢ ᠰᠣᠶᠣᠯ ᠤᠨ ᠣᠷᠳᠣᠨ᠂ 117 ᠨᠡᠶᠢᠲᠡ ᠶᠢᠨ ᠨᠣᠮ ᠤᠨ ᠰᠠᠩ᠂ 110 ᠮᠦᠽᠧᠶ ᠲᠠᠢ᠃ ᠵᠢᠯ ᠤᠨ ᠡᠴᠦᠰ ᠪᠤᠯᠲᠠᠯ᠎ᠠ ᠪᠦᠬᠦ ᠣᠷᠣᠨ ᠤ ᠷᠠᠳᠢᠣ᠋ ᠨᠡᠪᠲᠡᠷᠡᠭᠦᠯᠭᠡ ᠶᠢᠨ ᠬᠥᠮᠥᠨ ᠠᠮᠠ ᠶᠢᠨ ᠶᠡᠷᠦᠩᠬᠡᠶᠢᠯᠡᠭᠰᠡᠨ ᠪᠦᠷᠬᠦᠴᠡ ᠶᠢᠨ ᠨᠤᠷᠮ᠎ᠠ 99.24%᠂ ᠲᠧᠯᠸᠢᠰ ᠤᠨ ᠬᠥᠮᠥᠨ ᠠᠮᠠ ᠶᠢᠨ ᠶᠡᠷᠦᠩᠬᠡᠶᠢᠯᠡᠭᠰᠡᠨ ᠪᠦᠷᠬᠦᠴᠡ ᠶᠢᠨ ᠨᠤᠷᠮ᠎ᠠ 99.22% ᠲᠤ ᠬᠥᠷᠪᠡ᠃ ᠵᠢᠯ ᠤᠨ ᠡᠴᠦᠰ ᠪᠤᠯᠲᠠᠯ᠎ᠠ ᠪᠥᠬᠦ ᠣᠷᠣᠨ  ᠤ ᠤᠲᠠᠰᠤᠲᠤ ᠷᠠᠳᠢᠣ᠋ ᠲᠧᠯᠸᠢᠰ ᠤᠨ ᠬᠡᠷᠡᠭᠯᠡᠭᠴᠢ 357.3 ᠲᠦᠮᠡᠨ ᠡᠷᠦᠬᠡ᠃ ᠪᠥᠬᠦ ᠵᠢᠯ ᠳᠤ 9 ᠦᠯᠢᠭᠡᠷᠲᠦ ᠺᠢᠨᠣ᠋᠂ 110 ᠮᠣᠩᠭᠤᠯ ᠣᠷᠴᠢᠭᠤᠯᠭ᠎ᠠ ᠶᠢᠨ ᠺᠢᠨᠣ᠋ ᠦᠶᠯᠡᠳᠪᠦᠷᠢᠯᠡᠪᠡ᠃      ᠨᠢᠭᠡ ᠵᠢᠯ ᠤᠨ ᠬᠤᠭᠤᠴᠠᠭᠠᠨ ᠳᠤ ᠪᠥᠬᠦ ᠣᠷᠣᠨ ᠤ ᠲᠠᠮᠢᠷᠴᠢᠳ ᠤᠯᠤᠰ ᠤᠨ ᠳᠣᠲᠣᠭᠠᠳᠤ ᠭᠠᠳᠠᠭᠠᠳᠤ ᠶᠢᠨ ᠴᠢᠬᠤᠯᠠ ᠶᠡᠭᠡ ᠤᠷᠤᠯᠳᠤᠭᠤᠨ ᠳᠤ 261 ᠮᠧᠳᠠᠯ ᠬᠦᠷᠲᠡᠪᠡ᠃ ᠡᠭᠦᠨ ᠳᠤ᠂ ᠤᠯᠤᠰ ᠤᠨ ᠭᠠᠳᠠᠭᠠᠳᠤ ᠶᠢᠨ ᠱᠠᠩᠨᠠᠯ 30᠂ ᠤᠯᠤᠰ ᠤᠨ ᠳᠣᠲᠣᠭᠠᠳᠤ ᠶᠢᠨ ᠱᠠᠩᠨᠠᠯ 231 ᠪᠤᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号