ᠠᠷᠪᠠᠨ ᠨᠢᠭᠡ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠦᠢᠯᠡᠴᠢᠯᠡᠭᠡ | ᠵᠢᠯ ᠤᠨ ᠡᠴᠦᠰ ᠪᠣᠯᠲᠠᠯ᠎ᠠ ᠪᠥᠬᠦ ᠣᠷᠣᠨ ᠳᠤ ᠨᠡᠶᠢᠲᠡ 24613 ᠡᠷᠡᠭᠦᠯ ᠬᠠᠮᠠᠭᠠᠯᠠᠯ ᠤᠨ ᠪᠠᠶᠢᠭᠤᠯᠤᠮᠵᠢ | ᠲᠠᠢ᠂ ᠡᠭᠦᠨ ᠳᠤ ᠡᠮᠨᠡᠯᠭᠡ ᠶᠢᠨ ᠬᠤᠷᠢᠶ᠎ᠠ 818᠂ ᠮᠠᠯᠵᠢᠬᠤ ᠲᠠᠷᠢᠶᠠᠯᠠᠬᠤ ᠣᠷᠣᠨ ᠤ ᠡᠷᠡᠭᠦᠯ ᠬᠠᠮᠠᠭᠠᠯᠠᠯ ᠤᠨ | ᠬᠤᠷᠢᠶ᠎ᠠ 1301᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ 118᠂ ᠡᠬᠡ ᠨᠢᠯᠬᠠᠰ ᠤᠨ ᠡᠷᠡᠭᠦᠯ | ᠬᠠᠮᠠᠭᠠᠯᠠᠯ ᠤᠨ ᠪᠠᠶᠢᠭᠤᠯᠤᠮᠵᠢ 114᠂ ᠲᠤᠰᠬᠠᠶ ᠮᠡᠷᠭᠡᠵᠢᠯ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠡᠮᠨᠡᠯᠭᠡ | ᠶᠢᠨ ᠬᠤᠷᠢᠶ᠎ᠠ ︵ᠭᠠᠵᠠᠷ︶ 50 ᠪᠤᠢ᠃ ᠵᠢᠯ ᠤᠨ ᠡᠴᠦᠰ ᠪᠤᠯᠲᠠᠯ᠎ᠠ ᠪᠥᠬᠦ ᠣᠷᠣᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠨᠢᠭᠡᠴᠢ ᠶᠢᠨ ᠡᠪᠡᠳᠴᠢᠲᠡᠨ ᠤ ᠣᠷᠣ 15.9 ᠲᠦᠮᠡ ᠪᠠᠶᠢᠵᠤ᠂ ᠲᠦᠷᠦᠭᠦᠦ ᠵᠢᠯ ᠤᠨ ᠬᠢ ᠠᠴᠠ | 5.8% ᠪᠠᠷ ᠨᠡᠮᠡᠭᠳᠡᠪᠡ᠂ ᠡᠭᠦᠨ ᠳᠤ᠂ ᠡᠮᠨᠡᠯᠭᠡ ᠶᠢᠨ ᠬᠤᠷᠢᠶ᠎ᠠ ᠶᠢᠨ ᠡᠪᠡᠳᠴᠢᠲᠡᠨ ᠤ ᠣᠷᠣ 12.6 ᠲᠦᠮᠡ | ᠪᠠᠶᠢᠵᠤ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠪᠡᠳᠴᠢᠲᠡᠨ ᠤ ᠣᠷᠣ 2.2 ᠲᠦᠮᠡ | ᠪᠠᠶᠢᠵᠤ᠂ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠪᠡᠳᠴᠢᠲᠡᠨ ᠤ ᠣᠷᠣ 0.4 ᠲᠦᠮᠡ | ᠪᠠᠶᠢᠨ᠎ᠠ᠃ ᠪᠥᠬᠦ ᠣᠷᠣᠨ ᠳᠤ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ 18.8 ᠲᠦᠮᠡᠨ ᠬᠥᠮᠥᠨ ᠪᠠᠶᠢᠵᠤ᠂ | 4.2 % ᠢᠶᠠᠷ ᠨᠡᠮᠡᠭᠳᠡᠵᠡᠢ᠂ ᠡᠭᠦᠨ ᠳᠤ ᠠᠵᠢᠯ ᠡᠷᠬᠢᠯᠡᠬᠦ ᠡᠮᠴᠢ᠂ ᠲᠤᠰᠠᠯᠠᠬᠤ ᠡᠮᠴᠢ 7.3 ᠲᠦᠮᠡᠨ ᠬᠥᠮᠥᠨ᠂ | ᠳᠠᠩᠰᠠᠯᠠᠭᠤᠯᠤᠭᠰᠠᠨ ᠰᠤᠪᠢᠯᠠᠭᠴᠢ 7.6 ᠲᠦᠮᠡᠨ ᠬᠥᠮᠥᠨ ᠪᠠᠶᠢᠨ᠎ᠠ᠃ ᠮᠠᠯᠵᠢᠬᠤ ᠲᠠᠷᠢᠶᠠᠯᠠᠬᠤ ᠣᠷᠣᠨ ᠳᠤ | ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ 1.4 ᠲᠦᠮᠡᠨ ᠰᠠᠭᠤᠷᠢ ᠪᠠᠶᠢᠵᠤ᠂ ᠬᠥᠳᠡᠭᠡ ᠲᠣᠰᠬᠤᠨ ᠤ ᠡᠮᠴᠢ | ᠪᠠ ᠡᠷᠡᠭᠦᠯ ᠬᠠᠮᠠᠭᠠᠯᠠᠯ ᠤᠨ ᠠᠵᠢᠯᠲᠠᠨ 1.8 ᠲᠦᠮᠡᠨ ᠬᠦᠮᠦᠨ ᠪᠠᠶᠢᠨ᠎ᠠ᠃ | ᠵᠢᠯ ᠤᠨ ᠡᠴᠦᠰ ᠪᠤᠯᠲᠠᠯ᠎ᠠ ᠪᠥᠬᠦ ᠣᠷᠣᠨ ᠤ ᠬᠤᠲᠠ ᠪᠠᠯᠭᠠᠰᠤᠨ ᠳᠤ ᠡᠯ᠎ᠡ ᠵᠦᠶᠯ ᠤᠨ ᠨᠡᠶᠢᠭᠡᠮ | ᠲᠣᠭᠤᠷᠢᠭ ᠤᠨ ᠦᠶᠯᠡᠴᠢᠯᠡᠭᠡᠨ ᠤ ᠪᠡᠯᠡᠳᠭᠡᠯ ᠲᠦᠬᠦᠭᠡᠷᠦᠮᠵᠢ 4525 ᠪᠠᠶᠢᠵᠤ᠂ ᠲᠦᠷᠦᠭᠦᠦ ᠵᠢᠯ ᠤᠨ ᠬᠢ ᠠᠴᠠ | 1.3% ᠪᠠᠷ ᠨᠡᠮᠡᠭᠳᠡᠪᠡ᠃ ᠡᠭᠦᠨ ᠳᠤ᠂ ᠨᠡᠶᠢᠭᠡᠮ ᠲᠣᠭᠤᠷᠢᠭ ᠤᠨ ᠦᠶᠯᠡᠴᠢᠯᠡᠭᠡᠨ ᠤ ᠲᠥᠪ ︵ᠥᠷᠲᠡᠭᠡ︶ | 2070 ᠪᠤᠢ᠃ ᠪᠥᠬᠦ ᠣᠷᠣᠨ ᠤ ᠡᠯ᠎ᠡ ᠲᠥᠷᠥᠯ ᠤᠨ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠤᠨ ᠣᠷᠣ 1.7 | ᠲᠦᠮᠡ ᠪᠠᠶᠢᠵᠤ᠂ ᠡᠯ᠎ᠡ ᠲᠥᠷᠥᠯ ᠤᠨ ᠠᠰᠠᠷᠠᠮᠵᠢ ᠶᠢᠨ ᠬᠦᠷᠢᠶᠡᠯᠡᠩ ᠤᠨ ᠡᠷᠭᠦᠨ ᠲᠡᠵᠢᠭᠡᠭᠰᠡᠨ ᠬᠥᠮᠦᠨ ᠤ ᠲᠤᠭ᠎ᠠ | 0.9 ᠲᠦᠮᠡ ᠬᠦᠷᠴᠡᠶ᠃ ᠪᠦᠬᠦ ᠵᠢᠯ ᠳᠤ ᠨᠡᠶᠢᠲᠡ 163.9 ᠲᠦᠮᠡᠨ ᠬᠥᠮᠥᠨ ᠤᠯᠤᠰ ᠠᠴᠠ ᠠᠮᠢᠳᠤᠷᠠᠯ ᠤᠨ | ᠦᠨᠳᠦᠰᠦᠨ ᠪᠠᠲᠤᠯᠠᠭ᠎ᠠ ᠶᠢᠨ ᠲᠡᠳᠬᠦᠮᠵᠢ ᠶᠢ ᠬᠦᠷᠲᠡᠪᠡ᠃ ᠪᠦᠬᠦ ᠵᠢᠯ ᠳᠤ 18.3 ᠳ᠋ᠦᠩᠰᠢᠭᠤᠷ ᠲᠥᠭᠦᠷᠢᠭ ᠤᠨ | ᠨᠡᠶᠢᠭᠡᠮ ᠤᠨ ᠠᠰᠠᠷᠠᠮᠵᠢ ᠶᠢᠨ ᠪᠡᠯᠡ ᠮᠥᠩᠭᠦ ᠴᠤᠭᠯᠠᠭᠤᠯᠵᠤ᠂ 64.1 ᠳ᠋ᠦᠩᠰᠢᠭᠤᠷ ᠲᠥᠭᠦᠷᠢᠭ ᠤᠨ ᠨᠡᠶᠢᠭᠡᠮ ᠤᠨ | ᠠᠰᠠᠷᠠᠮᠵᠢ ᠶᠢᠨ ᠬᠤᠨᠵᠢᠪᠤᠷᠢᠲᠤ ᠰᠤᠭᠤᠯᠤᠭ᠎ᠠ ᠪᠣᠷᠣᠯᠠᠭᠤᠯᠵᠤ᠂ ᠲᠤᠰᠪᠤᠷᠢ 4.3% ᠪᠠ 2.3% ᠪᠠᠷ ᠨᠡᠮᠡᠭᠳᠡᠪᠡ᠃ | |