【ᠨᠡᠶᠢᠭᠡᠮ ᠤᠨ ᠠᠵᠤ ᠠᠬᠤᠢ】2018 ᠣᠨ ᠤ ᠥᠪᠥᠷ ᠮᠣᠩᠭᠤᠯ ᠤᠨ ᠭᠤᠤᠯ ᠪᠣᠯᠬᠤ ᠲᠤᠭ᠎ᠠ ᠪᠠᠷᠢᠮᠲᠠ ᠶᠢᠨ ᠭᠦᠶᠴᠡᠳᠬᠡᠯ ᠲᠤᠭ᠎ᠠ — ᠡᠬᠢ ᠪᠠᠶᠠᠯᠢᠭ᠂ ᠣᠷᠴᠢᠨ ᠲᠣᠭᠤᠷᠢᠨ
ᠨᠡᠶᠢᠲᠡᠯᠡᠭᠰᠡᠨ ᠴᠠᠭ᠄
2019/8/21
     ᠠᠷᠪᠠᠨ ᠬᠤᠶᠠᠷ᠂ ᠡᠬᠢ ᠪᠠᠶᠠᠯᠢᠭ᠂ ᠣᠷᠴᠢᠨ ᠲᠣᠭᠤᠷᠢᠨ      ᠠᠩᠬ᠎ᠠ ᠠᠯᠬᠤᠮ ᠤᠨ ᠪᠦᠷᠢᠳᠬᠡᠯ ᠢᠶᠠᠷ᠂ ᠪᠦᠬᠦ ᠵᠢᠯ ᠳᠤ 85.2 ᠲᠦᠮᠡᠨ ᠾᠧᠺᠲ᠋ᠠᠷ ᠮᠣᠳᠣ ᠲᠠᠷᠢᠵᠤ ᠣᠶᠢᠵᠢᠭᠤᠯᠪᠠ᠃ ᠡᠭᠦᠨ ᠳᠤ ᠬᠥᠮᠦᠨ ᠤ ᠬᠦᠴᠦ ᠪᠠᠷ 31.4 ᠲᠦᠮᠡᠨ ᠡᠾᠧᠺᠲ᠋ᠠᠷ ᠮᠣᠳᠣ ᠲᠠᠷᠢᠵᠤ᠂ ᠨᠢᠰᠬᠡᠯ ᠢᠶᠠᠷ 6.1 ᠲᠦᠮᠡᠨ ᠡᠾᠧᠺᠲ᠋ᠠᠷ ᠮᠣᠳᠣ ᠲᠠᠷᠢᠵᠤ᠂ ᠠᠭᠤᠯᠠ ᠶᠢ ᠪᠢᠲᠡᠭᠦᠮᠵᠢᠯᠡᠨ ᠪᠣᠶᠢᠵᠢᠭᠤᠯᠤᠭᠰᠠᠨ ᠲᠠᠯᠠᠪᠠᠢ 10.8 ᠲᠦᠮᠡᠨ ᠡᠾᠧᠺᠲ᠋ᠠᠷ ᠮᠣᠳᠣ ᠬᠦᠷᠴᠦ᠂ 27.7 ᠲᠦᠮᠡᠨ ᠡᠾᠧᠺᠲ᠋ᠠᠷ ᠳᠤᠮᠳᠠ᠂ ᠨᠢᠯᠬ᠎ᠠ ᠣᠢ ᠶᠢ ᠠᠷᠠᠴᠢᠯᠠᠨ ᠪᠣᠶᠢᠵᠢᠭᠤᠯᠪᠠ ︵ᠠᠵᠢᠯᠯᠠᠭᠤᠯᠪᠠ︶᠃ ᠲᠠᠷᠢᠶᠠᠯᠠᠬᠤ ᠶᠢ ᠵᠣᠭᠰᠣᠭᠠᠵᠤ ᠣᠶᠢᠵᠢᠭᠤᠯᠤᠭᠰᠠᠨ ᠲᠠᠯᠠᠪᠠᠢ 5.2 ᠲᠦᠮᠡᠨ ᠾᠧᠺᠲ᠋ᠠᠷ᠂ ᠪᠠᠶᠢᠭᠠᠯᠢ ᠶᠢᠨ ᠤᠢ ᠰᠢᠭᠤᠶ ᠶᠢᠨ ᠡᠬᠢ ᠪᠠᠶᠠᠯᠢᠭ ᠢ ᠬᠠᠮᠠᠭᠠᠯᠠᠬᠤ ᠢᠨᠵᠧᠨᠧᠷᠢᠩ ᠤᠨ ᠣᠶᠢᠵᠢᠭᠤᠯᠤᠭᠰᠠᠨ ᠲᠠᠯᠠᠪᠠᠢ 5.1 ᠲᠦᠮᠡᠨ ᠾᠧᠺᠲ᠋ᠠᠷ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠤᠨ ᠤᠶᠢᠵᠢᠭᠤᠯᠤᠭᠰᠠᠨ ᠲᠠᠯᠠᠪᠠᠢ 8.4 ᠲᠦᠮᠡᠨ ᠾᠧᠺᠲ᠋ᠠᠷ᠂ ︽ᠤᠮᠠᠷᠠᠲᠤ ᠶᠢᠨ ᠭᠤᠷᠪᠠᠨ ᠣᠷᠣᠨ︾  ᠤ ᠬᠠᠯᠬᠠᠪᠴᠢ ᠣᠢ ᠶᠢᠨ ᠲᠠᠪᠤᠳᠤᠭᠠᠷ ᠬᠤᠭᠤᠴᠠᠭᠠᠨ ᠤ ᠢᠨᠵᠧᠨᠧᠷᠢᠩ ᠤᠨ ᠣᠶᠢᠵᠢᠭᠤᠯᠣᠭᠰᠠᠨ ᠲᠠᠯᠠᠪᠠᠢ 10.6 ᠲᠦᠮᠡᠨ ᠾᠧᠺᠲ᠋ᠠᠷ ᠬᠦᠷᠪᠡ᠃ ᠵᠢᠯ ᠤᠨ ᠡᠴᠦᠰ ᠪᠤᠯᠲᠠᠯ᠎ᠠ ᠪᠥᠬᠦ ᠣᠷᠣᠨ ᠤ ᠣᠢ ᠰᠢᠭᠤᠶ ᠶᠢᠨ ᠲᠠᠯᠠᠪᠠᠢ 2614.9 ᠲᠦᠮᠡᠨ ᠾᠧᠺᠲ᠋ᠠᠷ ᠬᠦᠷᠴᠦ᠂ ᠣᠢ ᠰᠢᠭᠤᠶ ᠶᠢᠨ ᠪᠦᠷᠬᠦᠴᠡ 22.1% ᠬᠦᠷᠪᠡ᠃      ᠪᠥᠬᠦ ᠣᠷᠣᠨ ᠳᠤ ᠨᠢᠭᠡᠨᠲᠡ ᠲᠣᠭᠲᠠᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ 182 ᠪᠠᠶᠢᠨ᠎ᠠ᠃ ᠡᠭᠦᠨ ᠳᠤ᠂ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ 29᠂ ᠥᠪᠡᠷᠲᠡᠭᠡᠨ ᠵᠠᠰᠠᠬᠤ ᠣᠷᠣᠨ ᠤ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ 60 ᠪᠠᠶᠢᠨ᠎ᠠ᠃ ᠪᠠᠶᠢᠭᠠᠯᠢ ᠶᠢᠨ ᠬᠠᠮᠠᠭᠠᠯᠠᠯᠲᠠ  ᠶᠢᠨ ᠣᠷᠣᠨ ᠤ ᠲᠠᠯᠠᠪᠠᠢ 1267.1 ᠲᠦᠮᠡᠨ ᠾᠧᠺᠲ᠋ᠠᠷ᠂ ᠡᠭᠦᠨ ᠳᠤ᠂ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠠᠯᠠᠪᠠᠢ 426.2 ᠲᠦᠮᠡᠨ ᠾᠧᠺᠲ᠋ᠠᠷ ᠪᠠᠶᠢᠨ᠎ᠠ᠃      ᠪᠦᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠶᠡᠷᠦᠩᠬᠡᠶᠢᠯᠡᠭᠰᠡᠨ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠬᠡᠮᠵᠢᠶ᠎ᠡ 13.0% ᠪᠠᠷ ᠨᠡᠮᠡᠭᠳᠡᠵᠦ᠂ ᠡᠭᠦᠨ ᠳᠤ᠂ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠳᠣᠯᠣᠭᠠᠨ ᠶᠡᠭᠡ ᠠᠵᠢᠯ ᠲᠥᠷᠥᠯ ᠤᠨ ᠶᠡᠷᠦᠩᠬᠡᠶᠢᠯᠡᠭᠰᠡᠨ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠬᠡᠮᠵᠢᠶ᠎ᠡ 13.5% ᠪᠠᠷ ᠨᠡᠮᠡᠭᠳᠡᠪᠡ᠃ ᠭᠤᠣᠯ ᠪᠣᠯᠬᠤ ᠡᠨᠧᠷᠭᠢ ᠶᠢᠨ ᠬᠤᠷᠣᠭᠳᠠᠭᠤᠯᠤᠯ ᠤᠨ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠲᠤᠨ ᠪᠦᠷᠢ ᠲᠦᠭᠦᠬᠡᠶ ᠨᠡᠭᠦᠷᠡᠰᠦᠨ ᠤ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠡᠨᠧᠷᠭᠢ ᠶᠢᠨ ᠬᠤᠷᠣᠭᠳᠠᠭᠤᠯᠤᠯ ᠨᠢ1.4% ᠪᠠᠷ ᠪᠠᠭᠤᠷᠠᠵᠤ᠂ ᠲᠣᠨ ᠪᠦᠷᠢ ᠱᠦᠢᠨᠢ ᠶᠢᠨ ᠶᠡᠷᠦᠩᠬᠡᠶᠢᠯᠡᠭᠰᠡᠨ ᠡᠨᠧᠷᠭᠢ ᠶᠢᠨ ᠬᠤᠷᠣᠭᠳᠠᠭᠤᠯᠤᠯ ᠨᠢ 0.8% ᠪᠠᠷ ᠪᠠᠭᠤᠷᠠᠵᠤ᠂ ᠲᠣᠨ ᠪᠦᠷᠢ ᠪᠣᠯᠣᠳ ᠤᠨ ᠶᠡᠷᠦᠩᠬᠡᠶᠢᠯᠡᠭᠰᠡᠨ ᠡᠨᠧᠷᠭᠢ ᠶᠢᠨ ᠬᠤᠷᠣᠭᠳᠠᠭᠤᠯᠤᠯ ᠨᠢ 0.4 % ᠪᠠᠷ ᠨᠡᠮᠡᠭᠳᠡᠵᠦ᠂ ᠨᠢᠭᠡᠴᠢ ᠴᠠᠬᠢᠯᠠᠭᠤᠷ ᠴᠢᠯᠠᠭᠤ  ᠶᠢᠨ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠡᠨᠧᠷᠭᠢ ᠶᠢᠨ ᠬᠤᠷᠣᠭᠳᠠᠭᠤᠯᠤᠯ ᠨᠢ 0.7 % ᠪᠠᠷ ᠨᠡᠮᠡᠭᠳᠡᠪᠡ᠃      ᠲᠠᠶᠢᠯᠪᠤᠷᠢ᠄    〔1〕ᠲᠤᠰ ᠠᠯᠪᠠᠨ ᠮᠡᠳᠡᠭᠡ ᠳᠠᠬᠢ ᠲᠤᠭ᠎ᠠ ᠪᠠᠷᠢᠮᠲᠠ ᠨᠢ ᠴᠥᠮ ᠠᠩᠬ᠎ᠠ ᠠᠯᠬᠤᠮ ᠤᠨ ᠲᠤᠭ᠎ᠠ ᠪᠦᠷᠢᠳᠬᠡᠯ ᠪᠣᠯᠤᠨ᠎ᠠ᠃ ᠬᠡᠰᠡᠭ ᠲᠤᠭ᠎ᠠ ᠪᠠᠷᠢᠮᠲᠠ ᠨᠢ ᠳᠥᠷᠪᠡ ᠶᠢ ᠬᠠᠶᠠᠵᠤ ᠲᠠᠪᠤ ᠶᠢ ᠳᠡᠪᠰᠢᠭᠦᠯᠬᠦ ᠰᠢᠯᠲᠠᠭᠠᠨ ᠠᠴᠠ ᠪᠣᠯᠵᠤ᠂ ᠶᠡᠷᠦᠩᠬᠡᠶ ᠲᠤᠭ᠎ᠠ ᠨᠢ ᠡᠯ᠎ᠡ ᠬᠤᠪᠢᠶᠠᠷᠢ ᠶᠢᠨ ᠨᠡᠶᠢᠯᠡᠪᠦᠷᠢ ᠲᠠᠢ ᠲᠡᠩᠴᠡᠬᠦ ᠦᠬᠡᠢ ᠪᠠᠶᠢᠳᠠᠯ ᠣᠷᠤᠰᠢᠨ᠎ᠠ᠃    〔2〕ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ᠂ ᠡᠯ᠎ᠡ ᠠᠵᠤ ᠦᠢᠯᠡᠰ ᠤᠨ ᠨᠡᠮᠡᠭᠳᠡᠯ ᠥᠷᠲᠡᠭ ᠪᠠ ᠬᠥᠮᠥᠨ ᠳᠤᠮᠳᠠᠴᠢ ᠶᠢᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠬᠠᠷᠢᠴᠠᠯᠠᠰᠢᠭᠦᠢ ᠲᠤᠭ᠎ᠠ ᠶᠢ ᠣᠳᠣ ᠶᠢᠨ ᠦᠨ᠎ᠡ ᠪᠠᠷ ᠪᠣᠳᠣᠵᠤ᠂ ᠨᠡᠮᠡᠭᠳᠡᠯ ᠤᠨ ᠬᠤᠷᠳᠤᠴᠠ ᠶᠢ ᠦᠯᠦ ᠬᠤᠪᠢᠰᠬᠤ ᠦᠨ᠎ᠡ ᠪᠠᠷ ᠪᠣᠳᠤᠪᠠ᠃    〔3〕ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠭᠴᠢ ᠶᠢᠨ ᠦᠨ᠎ᠡ ᠭᠡᠳᠡᠭ ᠨᠢ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠭᠴᠢ ᠶᠢᠨ ᠪᠦᠲᠦᠭᠡᠭᠳᠡᠬᠦᠨ ᠢᠶᠠᠨ ᠰᠢᠭᠤᠳ ᠬᠤᠳᠠᠯᠳᠤᠬᠤ ᠦᠶ᠎ᠡ ᠶᠢᠨ ᠦᠨ᠎ᠡ ᠶᠢ ᠵᠢᠭᠠᠵᠤ ᠪᠠᠶᠢᠨ᠎ᠠ᠃    〔4〕ᠣᠷᠣᠨ ᠰᠠᠭᠤᠴᠠ ᠶᠢᠨ ᠲᠥᠷᠥᠯ ᠤᠨ ᠦᠨ᠎ᠡ ᠬᠠᠩᠰᠢ ᠳᠤ ᠲᠦᠷᠢᠶᠡᠰᠦᠨ ᠭᠡᠷ ᠪᠠᠶᠢᠰᠢᠩ ᠤᠨ ᠲᠦᠷᠢᠶᠡᠰᠦ᠂ ᠣᠷᠣᠨ ᠰᠠᠭᠤᠴᠠ ᠶᠢ ᠠᠷᠠᠴᠢᠯᠠᠨ ᠬᠠᠮᠠᠭᠠᠯᠠᠵᠤ ᠰᠡᠯᠪᠢᠨ ᠵᠠᠰᠠᠬᠤ ᠵᠢᠴᠢ ᠬᠠᠮᠢᠶᠠᠷᠤᠯᠲᠠ᠂ ᠤᠰᠤ ᠴᠠᠬᠢᠯᠭᠠᠨ ᠲᠦᠯᠡᠰᠢ ᠵᠡᠷᠭᠡ ᠶᠢᠨ ᠦᠨ᠎ᠡ ᠬᠠᠩᠰᠢ ᠪᠠᠭᠲᠠᠨ᠎ᠠ᠃    〔5〕ᠠᠵᠤ ᠦᠶᠯᠡᠳᠪᠦᠷᠢ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠲᠤ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ ᠠᠵᠤ ᠦᠢᠯᠡᠰ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ᠂ ᠠᠮᠢᠳᠤ ᠪᠣᠳᠠᠰ ᠤᠨ ᠠᠵᠤ ᠦᠢᠯᠡᠰ᠂ ᠳᠡᠭᠡᠲᠦ ᠲᠠᠰ ᠤᠨ ᠲᠣᠨᠣᠭᠯᠠᠯ ᠦᠢᠯᠡᠳᠬᠦ ᠠᠵᠤ ᠦᠢᠯᠡᠰ᠂ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ᠂ ᠰᠢᠨ᠎ᠡ ᠮᠠᠲ᠋ᠧᠷᠢᠶᠠᠯ ᠤᠨ ᠠᠵᠤ ᠦᠢᠯᠡᠰ᠂ ᠰᠢᠨ᠎ᠡ ᠡᠨᠧᠷᠭᠢᠲᠦ ᠮᠠᠰᠢᠨ ᠲᠡᠷᠭᠡᠨ ᠤ ᠠᠵᠤ ᠦᠢᠯᠡᠰ ᠵᠡᠷᠭᠡ ᠳᠣᠯᠣᠭᠠᠨ ᠶᠡᠭᠡ ᠠᠵᠤ ᠦᠢᠯᠡᠰ ᠲᠠᠬᠢ ᠠᠵᠤ ᠦᠶᠯᠡᠳᠪᠦᠷᠢ ᠶᠢᠨ ᠬᠠᠮᠢᠶ᠎ᠠ ᠪᠦᠬᠦᠢ ᠠᠵᠢᠯ ᠲᠥᠷᠥᠯ ᠪᠠᠭᠲᠠᠨ᠎ᠠ᠃    〔6〕ᠳᠡᠭᠡᠲᠦ ᠮᠡᠷᠭᠡᠵᠢᠯ ᠤᠨ ᠦᠢᠯᠡᠳᠬᠦ ᠠᠵᠢᠯ ᠲᠦᠷᠦᠯ ᠳᠤ ᠡᠮ ᠡᠮᠨᠡᠯᠭᠡ ᠦᠢᠯᠡᠳᠬᠦ ᠦᠢᠯᠡᠰ᠂ ᠠᠭᠠᠷ ᠠᠶᠠᠯᠠᠯ᠂ ᠰᠠᠨᠰᠠᠷ ᠤᠨ ᠨᠢᠰᠦᠭᠦᠷ ᠵᠢᠴᠢ ᠲᠣᠨᠤᠭ ᠲᠥᠬᠦᠭᠡᠷᠦᠮᠵᠢ ᠦᠢᠯᠡᠳᠬᠦ ᠠᠵᠢᠯ ᠲᠦᠷᠦᠯ᠂ ᠡᠯᠧᠺᠲᠷᠣᠨ ᠵᠢᠴᠢ ᠮᠡᠳᠡᠭᠡ ᠬᠤᠯᠪᠣᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠢᠯ ᠲᠦᠷᠦᠯ᠂ ᠺᠣᠮᠫᠢᠦ᠋ᠲ᠋ᠧᠷ ᠵᠢᠴᠢ ᠠᠯᠪᠠᠨ ᠠᠵᠢᠯ  ᠤᠨ ᠲᠣᠨᠤᠭ ᠲᠥᠬᠦᠭᠡᠷᠦᠮᠵᠢ ᠦᠢᠯᠡᠳᠬᠦ ᠠᠵᠢᠯ ᠲᠦᠷᠦᠯ᠂ ᠡᠮ ᠡᠮᠨᠡᠯᠭᠡ ᠶᠢᠨ ᠬᠡᠮᠵᠢᠭᠦᠷᠯᠢᠭ ᠲᠥᠬᠦᠭᠡᠷᠦᠮᠵᠢ ᠵᠢᠴᠢ ᠬᠡᠮᠵᠢᠭᠦᠷᠯᠢᠭ ᠬᠡᠮᠵᠢᠭᠦᠷ ᠦᠢᠯᠡᠳᠬᠦ ᠠᠵᠢᠯ ᠲᠦᠷᠦᠯ᠂ ᠮᠡᠳᠡᠭᠡ ᠵᠠᠩᠭᠢ ᠶᠢᠨ ᠬᠢᠮᠢ ᠶᠢᠨ ᠵᠦᠢᠯ ᠦᠢᠯᠡᠳᠬᠦ ᠠᠵᠢᠯ ᠲᠦᠷᠦᠯ ᠪᠠᠭᠲᠠᠨ᠎ᠠ᠃    〔7〕ᠲᠣᠨᠣᠭᠯᠠᠯ ᠦᠢᠯᠡᠳᠬᠦ ᠠᠵᠢᠯ ᠲᠦᠷᠦᠯ ᠳᠤ ᠲᠡᠮᠦᠷᠯᠢᠭ ᠪᠦᠲᠦᠭᠡᠭᠳᠡᠬᠦᠨ ᠤ ᠠᠵᠢᠯ ᠲᠦᠷᠦᠯ᠂ ᠨᠡᠶᠢᠳᠡᠮ ᠬᠡᠷᠡᠭᠯᠡᠬᠦ ᠲᠣᠨᠤᠭ ᠲᠥᠬᠦᠭᠡᠷᠦᠮᠵᠢ ᠦᠢᠯᠡᠳᠬᠦ ᠠᠵᠢᠯ ᠲᠦᠷᠦᠯ᠂ ᠲᠤᠰᠬᠠᠶ ᠬᠡᠷᠡᠭᠯᠡᠭᠡᠨ ᠤ ᠲᠣᠨᠤᠭ ᠲᠥᠬᠦᠭᠡᠷᠦᠮᠵᠢ ᠦᠢᠯᠡᠳᠬᠦ ᠠᠵᠢᠯ ᠲᠦᠷᠦᠯ᠂ ᠮᠠᠰᠢᠨ ᠲᠡᠷᠭᠡ ᠦᠢᠯᠡᠳᠬᠦ ᠠᠵᠢᠯ ᠲᠦᠷᠦᠯ᠂ ᠲᠡᠮᠦᠷ ᠵᠠᠮ᠂ ᠣᠩᠭᠤᠴᠠ ᠰᠠᠯ᠂ ᠠᠭᠠᠷ ᠠᠶᠠᠯᠠᠯ ᠰᠠᠨᠰᠠᠷ ᠤᠨ ᠠᠶᠠᠯᠠᠯ ᠪᠠ ᠪᠤᠰᠤᠳ ᠲᠡᠭᠡᠭᠡᠪᠦᠷᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠢᠯ ᠲᠦᠷᠦᠯ᠂ ᠴᠠᠬᠢᠯᠭᠠᠨ ᠮᠧᠬᠠᠨᠢᠭ ᠪᠠ ᠪᠠᠭᠠᠵᠢ ᠬᠡᠷᠡᠭᠰᠡᠯ ᠦᠢᠯᠡᠳᠬᠦ ᠠᠵᠢᠯ ᠲᠦᠷᠦᠯ᠂ ᠺᠣᠮᠫᠢᠦ᠋ᠲ᠋ᠧᠷ᠂ ᠮᠡᠳᠡᠭᠡ ᠬᠤᠯᠪᠣᠭ᠎ᠠ ᠪᠠ ᠪᠤᠰᠤᠳ ᠡᠯᠧᠺᠲᠷᠣᠨ ᠲᠣᠨᠤᠭ ᠲᠥᠬᠦᠭᠡᠷᠦᠮᠵᠢ ᠦᠢᠯᠡᠳᠬᠦ ᠠᠵᠢᠯ ᠲᠦᠷᠦᠯ᠂ᠬᠡᠮᠵᠢᠭᠦᠷᠯᠢᠭ ᠬᠡᠮᠵᠢᠭᠦᠷ ᠦᠢᠯᠡᠳᠬᠦ ᠠᠵᠢᠯ ᠲᠦᠷᠦᠯ ᠪᠠᠭᠲᠠᠨ᠎ᠠ᠃    〔8〕ᠲᠡᠭᠡᠲᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠳᠤ ᠡᠮ ᠡᠮᠨᠡᠯᠭᠡ ᠦᠢᠯᠡᠳᠬᠦ᠂ ᠠᠭᠠᠷ ᠤᠨ ᠠᠶᠠᠯᠠᠯ ᠰᠠᠨᠰᠠᠷ ᠤᠨ ᠨᠢᠰᠦᠭᠦᠷ ᠵᠢᠴᠢ ᠲᠥᠬᠦᠭᠡᠷᠦᠮᠵᠢ ᠦᠢᠯᠡᠳᠬᠦ ᠵᠡᠷᠭᠡ ᠵᠢᠷᠭᠤᠭᠠᠨ ᠶᠡᠭᠡ ᠲᠥᠷᠥᠯ ᠤᠨ ᠳᠡᠭᠡᠲᠦ ᠮᠡᠷᠭᠡᠵᠢᠯ ᠤᠨ ᠦᠢᠯᠡᠳᠬᠦ ᠠᠵᠢᠯ ᠲᠦᠷᠦᠯ ᠤᠨ ᠪᠡᠯᠡ ᠣᠷᠣᠭᠤᠯᠤᠯᠲᠠ ᠪᠠ ᠮᠡᠳᠡᠭᠡ ᠵᠠᠩᠭᠢ ᠶᠢᠨ ᠦᠢᠯᠡᠴᠢᠯᠡᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡ ᠵᠡᠷᠭᠡ ᠶᠢᠰᠦᠨ ᠶᠡᠭᠡ ᠲᠥᠷᠥᠯ ᠤᠨ ᠳᠡᠭᠡᠲᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ ᠪᠠᠭᠲᠠᠨ᠎ᠠ᠃    〔9〕ᠠᠵᠤ ᠦᠶᠯᠡᠳᠪᠦᠷᠢ ᠶᠢᠨ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠭᠡᠳᠡᠭ ᠨᠢ ᠠᠵᠤ ᠦᠶᠯᠡᠳᠪᠦᠷᠢ ᠶᠢᠨ ᠠᠵᠤ ᠠᠬᠤᠶᠢᠯᠠᠯ ᠰᠢᠨ᠎ᠡ ᠮᠡᠷᠭᠡᠵᠢᠯ᠂ ᠰᠢᠨ᠎ᠡ ᠤᠷ᠎ᠠ ᠮᠡᠷᠭᠡᠰᠢᠯ᠂ ᠰᠢᠨ᠎ᠡ ᠲᠣᠨᠤᠭ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ ᠠᠰᠢᠭᠯᠠ ᠣᠳᠣ ᠪᠠᠶᠢᠭ᠎ᠠ ᠲᠥᠬᠦᠭᠡᠷᠦᠮᠵᠢ᠂ ᠤᠷ᠎ᠠ ᠮᠡᠷᠭᠡᠰᠢᠯ ᠤᠨ ᠨᠥᠬᠦᠴᠡᠯ ᠵᠢᠴᠢ ᠦᠢᠯᠡᠳᠪᠦᠷᠢᠯᠡᠯ ᠤᠨ ᠦᠢᠯᠡᠴᠢᠯᠡᠭᠡ ᠵᠡᠷᠭᠡ ᠶᠢ ᠥᠭᠡᠷᠡᠴᠢᠯᠡᠨ ᠰᠠᠶᠢᠵᠢᠷᠠᠭᠤᠯᠵᠤ᠂ ᠠᠭᠤᠯᠤᠭᠳᠠᠬᠤᠨ ᠤ ᠮᠠᠶ᠋ᠢᠭᠲᠤ ᠬᠥᠭᠵᠢᠯᠲᠡ ᠶᠢ ᠪᠡᠶᠡᠯᠡᠭᠦᠯᠬᠦ ᠪᠡᠯᠡ ᠣᠷᠣᠭᠤᠯᠤᠯᠲᠠ ᠶᠢᠨ ᠠᠵᠢᠯᠯᠠᠭ᠎ᠠ ᠶᠢ ᠵᠢᠭᠠᠵᠤ ᠪᠠᠶᠢᠨ᠎ᠠ᠃    〔10〕ᠭᠤᠣᠯ ᠪᠣᠯᠬᠤ ᠠᠵᠤ ᠦᠶᠯᠡᠳᠪᠦᠷᠢ ᠶᠢᠨ ᠪᠦᠲᠦᠭᠡᠭᠳᠡᠭᠦᠨ ᠤ ᠭᠠᠷᠤᠯᠲᠠ ᠳᠤ᠂ ᠲᠦᠭᠦᠬᠡᠢ ᠨᠡᠭᠦᠷᠡᠰᠦ᠂ ᠬᠡᠦᠷᠡᠰᠦ᠂ ᠲᠦᠭᠦᠬᠡᠶ ᠴᠢᠯᠠᠭᠤᠨ ᠲᠣᠰᠣ᠂ ᠴᠠᠬᠢᠯᠭᠠᠨ ᠭᠠᠷᠭᠠᠬᠤ ᠬᠡᠮᠵᠢᠶ᠎ᠡ ᠨᠢ ᠨᠡᠶᠢᠭᠡᠮ ᠨᠡᠶᠢᠲᠡ ᠶᠢᠨ ᠪᠠᠷᠢᠮᠵᠢᠶ᠎ᠠ ᠪᠠᠶᠢᠵᠤ᠂ ᠪᠤᠰᠤᠳ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ  ᠤᠨ ᠪᠠᠷᠢᠮᠵᠢᠶ᠎ᠠ ᠪᠣᠯᠤᠨ᠎ᠠ᠃    〔11〕ᠠᠷᠠᠳ ᠤᠨ ᠳᠤᠮᠳᠠᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠭᠡᠳᠡᠭ ᠨᠢ ᠬᠠᠮᠲᠤ ᠨᠡᠶᠢᠲᠡ᠂ ᠬᠤᠪᠢ ᠶᠢᠨ ᠡᠵᠡᠩᠨᠡᠭᠰᠡᠨ᠂ ᠬᠤᠪᠢ ᠬᠥᠮᠦᠨ ᠤ ᠰᠢᠨᠵᠢ ᠴᠢᠨᠠᠷ ᠲᠠᠢ ᠳᠣᠲᠣᠭᠠᠳᠤ ᠪᠡᠯᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ᠲᠡᠭᠦᠨ ᠤ ᠬᠤᠪᠢ ᠡᠵᠡᠮᠳᠡᠭᠰᠡᠨ ︵ᠬᠠᠷᠢᠴᠠᠯᠠᠰᠢᠭᠦᠢ ᠬᠤᠪᠢ ᠡᠵᠡᠮᠳᠡᠭᠰᠡᠨ ᠪᠠ ᠬᠠᠷᠢᠴᠠᠩᠭᠤᠶ ᠪᠠᠷ ᠬᠤᠪᠢ ᠡᠵᠡᠮᠳᠡᠭᠰᠡᠨ ᠪᠠᠭᠲᠠᠨ᠎ᠠ︶ ᠠᠵᠤ ᠠᠬᠤᠶᠢᠯᠠᠯ ᠤᠨ ᠨᠢᠭᠡᠴᠢ ᠶᠢᠨ ᠲᠣᠭᠲᠠᠮᠠᠯ ᠬᠥᠷᠥᠩᠭᠡ ᠶᠢ ᠪᠠᠶᠢᠭᠤᠯᠤᠭᠰᠠᠨ ᠪᠤᠶᠤ ᠬᠤᠳᠠᠯᠳᠤᠨ ᠠᠪᠤᠭᠰᠠᠨ ᠪᠡᠯᠡ ᠣᠷᠣᠭᠤᠯᠤᠯᠲᠠ ᠶᠢ ᠵᠢᠭᠠᠵᠤ ᠪᠠᠶᠢᠨ᠎ᠠ᠃    〔12〕ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠪᠡᠯᠡ ᠣᠷᠣᠭᠤᠯᠤᠯᠲᠠ ᠳᠤ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢ ᠨᠡᠭᠡᠭᠡᠨ ᠠᠰᠢᠭᠯᠠᠬᠤ ᠪᠡᠯᠡ ᠣᠷᠣᠭᠤᠯᠤᠯᠲᠠ ᠠᠴᠠ ᠭᠠᠳᠠᠨ᠎ᠠ ᠪᠠᠰᠠ ᠪᠦᠲᠦᠭᠡᠨ ᠪᠠᠶᠢᠭᠤᠯᠬᠤ ᠨᠢᠭᠡᠴᠢ ᠶᠢᠨ ᠥᠪᠡᠷ ᠢᠶᠠᠨ ᠪᠠᠷᠢᠭᠰᠠᠨ ᠭᠡᠷ ᠪᠠᠶᠢᠰᠢᠩ ᠵᠢᠴᠢ ᠠᠳᠠᠯ ᠠᠬᠤᠢ ᠶᠢᠨ ᠬᠠᠮᠢᠶᠠᠷᠤᠯᠲᠠ᠂ ᠵᠠᠭᠤᠴᠢ ᠦᠢᠯᠡᠴᠢᠯᠡᠭᠡ ᠪᠠ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠪᠤᠰᠤᠳ ᠪᠡᠯᠡ ᠣᠷᠣᠭᠤᠯᠤᠯᠲᠠ  ᠶᠢ ᠪᠠᠭᠲᠠᠭᠠᠨ᠎ᠠ᠃    〔13〕︽ᠨᠢᠭᠡ ᠪᠦᠰᠡ ᠨᠢᠭᠡ ᠵᠠᠮ︾ ᠭᠡᠳᠡᠭ ᠨᠢ ︽ᠲᠣᠷᠭᠠᠨ ᠵᠠᠮ ᠤᠨ ᠠᠵᠤ ᠠᠬᠤᠢ ᠶᠢᠨ ᠪᠦᠰᠡ  ︾ ᠪᠠ ︽21 ᠳ᠋ᠦ᠋ᠭᠡᠷ ᠵᠠᠭᠤᠨ ᠤ ᠳᠠᠯᠠᠢ ᠳᠡᠭᠡᠷᠡᠬᠢ ᠲᠣᠷᠭᠠᠨ ᠵᠠᠮ︾ ᠢ ᠵᠢᠭᠠᠵᠤ ᠪᠠᠶᠢᠨ᠎ᠠ᠃    〔14〕ᠢᠨᠲ᠋ᠧᠷ ᠰᠦᠯᠵᠢᠶᠡᠨ ᠤ ᠥᠷᠭᠡᠨ ᠪᠦᠰᠡ ᠶᠢᠨ ᠬᠡᠷᠡᠭᠯᠡᠭᠴᠢ ᠭᠡᠳᠡᠭ ᠨᠢ ᠮᠡᠳᠡᠭᠦᠯᠦᠯᠲᠡ ᠶᠢᠨ ᠬᠤᠭᠤᠴᠠᠭᠠᠨ ᠡᠴᠦᠰ ᠲᠤ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠲᠤ ᠪᠦᠷᠢᠳᠬᠡᠭᠦᠯᠦᠨ ᠳᠠᠩᠰᠠᠯᠠᠭᠤᠯᠵᠤ᠂ xDSL᠂ FTTx + LAN᠂  FTTH/O ᠵᠢᠴᠢ ᠪᠤᠰᠤᠳ ᠥᠷᠭᠡᠨ ᠪᠦᠰᠡ ᠶᠢᠨ ᠵᠠᠯᠭᠠᠬᠤ ᠠᠷᠭ᠎ᠠ ᠮᠠᠶ᠋ᠢᠭ ᠪᠣᠯᠤᠨ ᠡᠩ ᠤᠨ ᠲᠤᠰᠬᠠᠶ ᠱᠤᠭᠤᠮ ᠢᠶᠠᠷ ᠳᠠᠮᠵᠢᠨ ᠤᠯᠠᠨ ᠨᠡᠶᠢᠲᠡ ᠶᠢᠨ ᠢᠨᠲ᠋ᠧᠷ ᠰᠦᠯᠵᠢᠶ᠎ᠡ ᠵᠠᠯᠭᠠᠵᠤ ᠣᠷᠣᠭᠤᠯᠬᠤ ᠬᠡᠷᠡᠭᠯᠡᠭᠴᠢ ᠶᠢ ᠵᠢᠭᠠᠵᠤ ᠪᠠᠶᠢᠨ᠎ᠠ᠃    〔15〕ᠰᠢᠯᠵᠢᠮᠡᠯ ᠢᠨᠲ᠋ᠧᠷ ᠰᠦᠯᠵᠢᠶᠡᠨ ᠤ ᠬᠡᠷᠡᠭᠯᠡᠭᠴᠢ ᠭᠡᠳᠡᠭ ᠨᠢ ᠮᠡᠳᠡᠭᠦᠯᠦᠯᠲᠡ ᠶᠢᠨ ᠬᠤᠭᠤᠴᠠᠭᠠᠨ ᠡᠴᠦᠰ ᠲᠤ ᠰᠦᠢᠳᠬᠡᠯ ᠪᠣᠳᠣᠬᠤ ᠰᠢᠰᠲ᠋ᠧᠮ ᠳᠤ ᠬᠡᠷᠡᠭᠯᠡᠬᠦ ᠮᠡᠳᠡᠭᠡ ᠵᠠᠩᠭᠢ ᠶᠢ ᠡᠵᠡᠮᠰᠢᠵᠦ᠂ 3G ᠪᠤᠶᠤ 4G  ᠶᠢᠨ ᠰᠦᠯᠵᠢᠶᠡᠨ ᠤ ᠡᠬᠢ ᠪᠠᠶᠠᠯᠢᠭ ᠢ ᠡᠵᠡᠯᠡᠨ ᠬᠡᠷᠡᠭᠯᠡᠵᠦ ᠪᠠᠶᠢᠭ᠎ᠠ ᠰᠦᠯᠵᠢᠶᠡᠨ ᠳᠤ ᠪᠠᠶᠢᠭ᠎ᠠ ᠬᠡᠷᠡᠭᠯᠡᠭᠴᠢ ᠶᠢ ᠵᠢᠭᠠᠵᠤ ᠪᠠᠶᠢᠨ᠎ᠠ᠃    〔16〕ᠤᠤᠯ ᠤᠨ ᠳᠠᠭᠠᠳᠬᠠᠯ ᠤᠨ ᠳᠠᠭᠠᠳᠬᠠᠯ ᠤᠨ ᠮᠦᠩᠭᠦ ᠶᠢᠨ ᠣᠷᠣᠯᠭ᠎ᠠ ᠭᠡᠳᠡᠭ ᠨᠢ ᠳᠠᠭᠠᠳᠬᠠᠯ ᠤᠨ ᠠᠵᠤ ᠠᠬᠤᠶᠢᠯᠠᠯ ᠤᠨ ᠨᠤᠲᠠᠯᠠᠨ ᠲᠣᠭᠲᠠᠭᠠᠭᠰᠠᠨ ᠤᠤᠯ ᠤᠨ ᠳᠠᠭᠠᠳᠬᠠᠯ ᠤᠨ ᠭᠡᠷ᠎ᠡ ᠶᠢᠨ ᠳᠠᠭᠠᠳᠬᠠᠯ ᠤᠨ ᠮᠥᠩᠭᠦ ᠶᠢᠨ ᠣᠷᠣᠯᠭ᠎ᠠ ᠶᠢ ᠵᠢᠭᠠᠵᠤ ᠪᠠᠶᠢᠨ᠎ᠠ᠃    〔17〕ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠶᠡᠷᠦᠩᠬᠡᠶᠢᠯᠡᠭᠰᠡᠨ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠬᠡᠮᠵᠢᠶ᠎ᠡ ᠶᠢᠨ ᠳ᠋ᠢᠶᠠᠮᠧᠲᠷ ᠢ ᠵᠦᠢ ᠵᠣᠬᠢᠰᠲᠠᠶ ᠬᠡᠮᠵᠢᠶ᠎ᠡ ᠪᠠᠷ ᠪᠤᠳᠤᠨ᠎ᠠ᠃ ᠭᠤᠣᠯ ᠡᠨᠧᠷᠭᠢ ᠶᠢᠨ ᠬᠤᠷᠣᠭᠳᠠᠭᠤᠯᠤᠯ ᠤᠨ ᠠᠵᠤ ᠦᠶᠯᠡᠳᠪᠦᠷᠢ ᠶᠢᠨ ᠠᠵᠤ ᠠᠬᠤᠶᠢᠯᠠᠯ ᠭᠡᠳᠡᠭ ᠪᠣᠯ ᠵᠢᠯ ᠤᠨ ᠶᠡᠷᠦᠩᠬᠡᠶ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠬᠡᠮᠵᠢᠶ᠎ᠡ ᠨᠢ 1 ᠲᠦᠮᠡᠨ ᠲᠣᠨ ᠪᠠᠷᠢᠮᠵᠢᠶᠠᠲᠤ ᠨᠡᠭᠦᠷᠡᠰᠦ ᠵᠢᠴᠢ ᠲᠡᠭᠦᠨ ᠠᠴᠠ ᠳᠡᠭᠡᠭᠰᠢᠬᠢ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠢ ᠵᠢᠭᠠᠵᠤ ᠪᠠᠶᠢᠨ᠎ᠠ᠃      ᠮᠠᠲ᠋ᠧᠷᠢᠶᠠᠯ ᠤᠨ ᠢᠷᠡᠯᠲᠡ᠄      ᠲᠤᠰ ᠠᠯᠪᠠᠨ ᠮᠡᠳᠡᠭᠡᠨ ᠳᠠᠬᠢ ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ᠂ ᠠᠵᠢᠯ ᠠᠯᠳᠠᠭᠰᠠᠳ ᠤᠨ ᠳᠠᠬᠢᠨ ᠠᠵᠢᠯ ᠣᠯᠭᠤᠯᠲᠠ᠂ ᠠᠵᠢᠯ ᠠᠯᠳᠠᠯᠲᠠ ᠶᠢᠨ ᠳᠠᠩᠰᠠᠯᠠᠭᠤᠯᠤᠭᠰᠠᠨ ᠨᠣᠷᠮ᠎ᠠ᠂ ᠨᠡᠶᠢᠭᠡᠮ  ᠤᠨ ᠪᠠᠲᠤᠯᠠᠭ᠎ᠠ ᠶᠢᠨ ᠲᠤᠭ᠎ᠠ ᠪᠠᠷᠢᠮᠲᠠ ᠨᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ  ᠶᠢᠨ ᠲᠢᠩᠬᠢᠮ ᠠᠴᠠ ᠢᠷᠡᠯᠲᠡ ᠲᠠᠢ᠃ ᠦᠨ᠎ᠡ ᠬᠠᠩᠰᠢ ᠶᠢᠨ ᠵᠢᠭᠠᠯᠲᠠ ᠲᠤᠭ᠎ᠠ᠂ ᠠᠷᠠᠳ ᠤᠨ ᠠᠮᠢᠳᠤᠷᠠᠯ᠂ ᠠᠮᠤ ᠪᠤᠳᠠᠭᠠᠨ ᠤ ᠲᠠᠷᠢᠮᠠᠯ ᠤᠨ ᠲᠠᠷᠢᠬᠤ ᠲᠠᠯᠠᠪᠠᠢ᠂ ᠠᠮᠤ ᠪᠤᠳᠠᠭᠠᠨ ᠤ ᠤᠨᠠᠯᠲᠠ᠂ ᠭᠠᠭ᠋ᠠᠶ ᠦᠬᠡᠷ ᠬᠤᠨᠢ ᠮᠠᠯ ᠵᠢᠭᠦᠷᠲᠡᠨ  ᠤ ᠮᠢᠬᠠᠨ ᠤ ᠭᠠᠷᠤᠯᠲᠠ᠂ ᠥᠨᠳᠡᠭᠡ ᠶᠢᠨ ᠭᠠᠷᠤᠯᠲᠠ᠂ ᠦᠨᠢᠶᠡᠨ ᠰᠦ ᠶᠢᠨ ᠭᠠᠷᠤᠯᠲᠠ᠂ ᠭᠠᠭ᠋ᠠᠶ ᠦᠬᠡᠷ ᠬᠤᠨᠢᠨ ᠤ ᠵᠣᠭᠰᠤᠭ᠎ᠠ ᠲᠤᠭ᠎ᠠ ᠨᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠥᠪᠥᠷ ᠮᠣᠩᠭᠤᠯ ᠤᠨ ᠪᠠᠶᠢᠴᠠᠭᠠᠯᠲᠠ  ᠶᠢᠨ ᠶᠡᠷᠦᠩᠬᠡᠶ ᠠᠩᠭᠢ ᠠᠴᠠ ᠢᠷᠡᠯᠲᠡ ᠲᠠᠢ᠃ ᠨᠡᠭᠦᠷᠡᠰᠦ ᠦᠢᠯᠡᠳᠪᠦᠷᠢᠯᠡᠬᠦ ᠴᠢᠳᠠᠪᠤᠷᠢ ᠪᠠᠨ ᠲᠠᠶᠠᠭᠳᠠᠭᠰᠠᠨ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠠᠴᠠ ᠢᠷᠡᠯᠲᠡ ᠲᠠᠢ᠃ ᠬᠤᠴᠣᠷᠤᠩᠭᠤᠶ ᠵᠢᠵᠢᠭ ᠢᠯᠴᠢ  ᠶᠢᠨ ᠴᠠᠬᠢᠯᠭᠠᠨ ᠢ ᠬᠠᠭᠠᠵᠤ ᠵᠣᠭᠰᠤᠭᠠᠬᠤ ᠲᠤᠭ᠎ᠠ ᠪᠠᠷᠢᠮᠲᠠ ᠨᠢ ᠡᠨᠧᠷᠭᠢ ᠶᠢᠨ ᠰᠤᠷᠪᠤᠯᠵᠢ ᠶᠢᠨ ᠲᠣᠪᠴᠢᠶ᠎ᠠ ᠠᠴᠠ ᠢᠷᠡᠯᠲᠡ ᠲᠠᠢ᠃ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠭ ᠤᠨ ᠶᠡᠷᠦᠩᠬᠡᠶ ᠬᠥᠳᠡᠯᠭᠡᠬᠦ ᠬᠦᠴᠦᠨ ᠤ ᠲᠤᠭ᠎ᠠ ᠪᠠᠷᠢᠮᠲᠠ ᠨᠢ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠠᠴᠠ ᠢᠷᠡᠯᠲᠡ ᠲᠠᠢ᠃ ᠭᠠᠳᠠᠭᠠᠳᠤ ᠠᠷᠠᠯᠵᠢᠶ᠎ᠠ ᠶᠢᠨ ᠲᠤᠭ᠎ᠠ ᠪᠠᠷᠢᠮᠲᠠ ᠨᠢ ᠬᠦᠬᠡᠬᠤᠲᠠ ᠶᠢᠨ ᠪᠣᠭᠤᠮᠲᠠ ᠠᠴᠠ ᠢᠷᠡᠯᠲᠡ  ᠲᠠᠢ᠃ ᠭᠠᠳᠠᠭᠠᠳᠤ ᠶᠢᠨ ᠪᠡᠯᠡ ᠮᠥᠩᠭᠦ ᠶᠢ ᠪᠣᠳᠠᠲᠠᠶ ᠠᠰᠢᠭᠯᠠᠭᠰᠠᠨ ᠲᠤᠭ᠎ᠠ ᠪᠠᠷᠢᠮᠲᠠ ᠨᠢ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠢᠷᠡᠯᠲᠡ ᠲᠠᠢ᠃ ᠳᠠᠩᠰᠠᠯᠠᠭᠰᠠᠨ ᠠᠵᠤ ᠠᠬᠤᠶᠢᠯᠠᠯ ᠤᠨ ᠲᠤᠭ᠎ᠠ ᠪᠠ ᠪᠦᠲᠦᠭᠡᠭᠳᠡᠬᠦᠨ  ᠤ ᠶᠠᠰᠤ ᠴᠢᠨᠠᠷ ᠢ ᠰᠢᠯᠭᠠᠨ ᠪᠠᠶᠢᠴᠠᠭᠠᠭᠰᠠᠨ ᠦᠨᠡᠮᠯᠡᠯ ᠲᠠᠢ ᠪᠠᠶᠢᠭᠤᠯᠤᠮᠵᠢ ᠶᠢᠨ ᠲᠤᠭ᠎ᠠ ᠪᠠᠷᠢᠮᠲᠠ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠢᠷᠡᠯᠲᠡ ᠲᠠᠢ᠃ ᠠᠶᠠᠨᠴᠢᠳ ᠪᠠ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ᠂ ᠠᠶᠠᠨᠴᠢᠳ ᠪᠠ ᠪᠠᠷᠠᠭ᠎ᠠ ᠲᠡᠭᠡᠭᠡᠪᠦᠷᠢᠯᠡᠬᠦ ᠡᠷᠭᠢᠯᠲᠡ ᠶᠢᠨ ᠬᠡᠮᠵᠢᠶ᠎ᠡ ᠶᠢᠨ ᠲᠤᠭ᠎ᠠ ᠪᠠᠷᠢᠮᠲᠠ  ᠶᠢ ᠵᠠᠮ ᠲᠡᠭᠡᠭᠡᠪᠦᠷᠢ ᠶᠢᠨ ᠲᠢᠩᠬᠢᠮ᠂ ᠲᠡᠮᠦᠷ ᠵᠠᠮ ᠤᠨ ᠰᠠᠯᠠᠭ᠎ᠠ ᠮᠥᠴᠢᠷ ᠪᠣᠯᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠰᠠᠯᠠᠭ᠎ᠠ ᠮᠥᠴᠢᠷ ᠠᠴᠠ ᠢᠷᠡᠯᠲᠡ ᠲᠠᠢ᠃ ᠮᠠᠰᠢᠨ ᠲᠡᠷᠭᠡᠨ ᠤ ᠲᠤᠭ᠎ᠠ ᠨᠢ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠢᠷᠡᠯᠲᠡ ᠲᠠᠢ᠃ ᠴᠠᠬᠢᠯᠭᠠᠨ ᠬᠤᠯᠪᠣᠭᠠᠨ ᠤ ᠲᠤᠭ᠎ᠠ᠂ ᠳ᠋ᠢᠶᠠᠩᠬᠤᠸᠠ ᠶᠢᠨ ᠲᠤᠭ᠎ᠠ᠂ ᠰᠢᠯᠵᠢᠮᠡᠯ ᠢᠨᠲ᠋ᠧᠷ ᠰᠦᠯᠵᠢᠶᠡᠨ ᠤ ᠲᠤᠭ᠎ᠠ ᠨᠢ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠢᠷᠡᠯᠲᠡ ᠲᠠᠢ᠃ ᠰᠢᠤᠳᠠᠨ ᠤ ᠲᠤᠬᠠᠶᠢᠯᠠᠭᠰᠠᠨ ᠠᠵᠢᠯ ᠤᠨ ᠬᠡᠮᠵᠢᠶ᠎ᠡ᠂ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ  ᠤᠨ ᠬᠡᠮᠵᠢᠶ᠎ᠡ ᠨᠢ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠢᠷᠡᠯᠲᠡ ᠲᠠᠢ᠃ ᠤᠷᠠᠯᠢᠭ ᠲᠣᠭᠯᠠᠯᠲᠠ ᠶᠢᠨ ᠪᠦᠯᠬᠦᠮ᠂ ᠰᠣᠶᠣᠯ ᠤᠨ ᠣᠷᠳᠣᠨ᠂ ᠣᠯᠠᠨ ᠨᠡᠶᠢᠲᠡ ᠶᠢᠨ ᠨᠣᠮ ᠤᠨ ᠰᠠᠩ᠂ ᠮᠦᠽᠧᠶ᠂ ᠵᠢᠭᠤᠯᠴᠢᠯᠠᠯ ᠤᠨ ᠲᠤᠭ᠎ᠠ ᠪᠠᠷᠢᠮᠲᠠ ᠨᠢ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠢᠷᠡᠯᠲᠡ ᠲᠠᠢ᠃ ᠡᠳ᠋ ᠤᠨ ᠵᠠᠰᠠᠭ ᠤᠨ ᠲᠤᠭ᠎ᠠ ᠪᠠᠷᠢᠮᠲᠠ ᠨᠢ ᠡᠳ᠋ ᠤᠨ ᠵᠠᠰᠠᠭ ᠤᠨ ᠲᠢᠩᠬᠢᠮ ᠠᠴᠠ ᠢᠷᠡᠯᠲᠡ ᠲᠠᠢ᠃ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ  ᠨᠢ ᠠᠷᠠᠳ ᠤᠨ ᠪᠠᠩᠬᠢ ᠶᠢᠨ ᠬᠥᠬᠡᠬᠤᠲᠠ ᠶᠢᠨ ᠲᠥᠪ ᠰᠠᠯᠪᠤᠷᠢ ᠪᠠᠩᠬᠢ ᠠᠴᠠ ᠢᠷᠡᠯᠲᠡ ᠲᠠᠢ᠃ ᠳᠠᠭᠠᠳᠬᠠᠯ ᠤᠨ ᠲᠤᠭ᠎ᠠ ᠪᠠᠷᠢᠮᠲᠠ ᠨᠢ ᠪᠠᠩᠬᠢ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠢᠷᠡᠯᠲᠡ ᠲᠠᠢ᠃ ᠡᠮᠴᠢᠯᠡᠭᠡᠨ ᠤ ᠪᠠᠲᠤᠯᠠᠭ᠎ᠠ ᠶᠢᠨ ᠲᠤᠭ᠎ᠠ ᠪᠠᠷᠢᠮᠲᠠ ᠨᠢ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠢᠷᠡᠯᠲᠡ  ᠲᠠᠢ᠃ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠲᠤᠭ᠎ᠠ᠂ ᠰᠤᠷᠤᠭᠴᠢ ᠶᠢᠨ ᠲᠤᠭ᠎ᠠ᠂ ᠰᠤᠷᠭᠠᠭᠤᠯᠢ ᠳᠤ ᠣᠷᠣᠬᠤ ᠨᠤᠷᠮ᠎ᠠ ᠨᠢ ᠰᠤᠷᠭᠠᠨ ᠬᠥᠮᠦᠵᠢᠯ ᠤᠨ ᠲᠢᠩᠬᠢᠮ ᠠᠴᠠ ᠢᠷᠡᠯᠲᠡ ᠲᠠᠢ᠃ ᠴᠢᠬᠤᠯᠠ ᠶᠡᠭᠡ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ᠂ ᠣᠨᠣᠯ ᠤᠨ ᠦᠷ᠎ᠡ ᠪᠦᠲᠦᠭᠡᠯ᠂ ᠮᠡᠷᠭᠡᠵᠢᠯ ᠤᠨ ᠦᠷ᠎ᠡ ᠪᠦᠲᠦᠭᠡᠯ ᠪᠠ ᠵᠥᠭᠡᠯᠡᠨ ᠰᠢᠨᠵᠢᠯᠡᠬᠦ ᠤᠬᠠᠭᠠᠨ ᠤ ᠦᠷ᠎ᠡ ᠪᠦᠲᠦᠭᠡᠯ ᠤᠨ ᠲᠤᠭ᠎ᠠ᠂ ᠲᠤᠰᠬᠠᠶ ᠠᠰᠢᠭ ᠤᠨ ᠲᠤᠭ᠎ᠠ᠂ ᠭᠡᠷ᠎ᠡ ᠶᠢᠨ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ᠢᠷᠡᠯᠲᠡ ᠲᠠᠢ᠃ ᠲᠧᠯᠸᠢᠰ ᠷᠠᠳᠢᠣ᠋ ᠨᠡᠪᠲᠡᠷᠡᠭᠦᠯᠭᠡ ᠶᠢᠨ ᠪᠦᠷᠬᠦᠴᠡ᠂ ᠬᠡᠷᠡᠭᠯᠡᠭᠴᠢ ᠶᠢᠨ ᠲᠤᠭ᠎ᠠ ᠨᠢ ᠷᠠᠳᠢᠣ᠋ ᠲᠧᠯᠸᠢᠰ ᠤᠨ ᠲᠣᠪᠴᠢᠶ᠎ᠠ  ᠠᠴᠠ ᠢᠷᠡᠯᠲᠡ ᠲᠠᠢ᠃ ᠪᠡᠶ᠎ᠡ ᠶᠢᠨ ᠲᠠᠮᠢᠷ ᠤᠨ ᠲᠤᠭ᠎ᠠ ᠪᠠᠷᠢᠮᠲᠠ ᠨᠢ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠢᠷᠡᠯᠲᠡ ᠲᠠᠢ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠲᠤᠭ᠎ᠠ ᠪᠠᠷᠢᠮᠲᠠ ᠨᠢ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠵᠥᠪᠯᠡᠯ ᠠᠴᠠ ᠢᠷᠡᠯᠲᠡ ᠲᠠᠢ᠃ ᠺᠢᠨᠣ᠋ ᠶᠢᠨ ᠲᠤᠭ᠎ᠠ ᠪᠠᠷᠢᠮᠲᠠ ᠨᠢ ᠺᠢᠨᠣ᠋ ᠶᠢᠨ ᠪᠦᠯᠦᠭᠯᠡᠯ ᠠᠴᠠ ᠢᠷᠡᠯᠲᠡ ᠲᠠᠢ᠃ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠪᠡᠯᠡᠳᠭᠡᠯ ᠲᠥᠬᠦᠭᠡᠷᠦᠮᠵᠢ ᠶᠢᠨ ᠲᠤᠭ᠎ᠠ᠂ ᠠᠰᠠᠷᠠᠮᠵᠢ ᠶᠢᠨ ᠪᠠᠶᠢᠭᠤᠯᠤᠮᠵᠢ᠂ ᠦᠨᠳᠦᠰᠦᠨ ᠠᠮᠢᠳᠤᠷᠠᠯ ᠤᠨ ᠪᠠᠲᠤᠯᠠᠭ᠎ᠠ᠂ ᠠᠰᠠᠷᠠᠮᠵᠢ ᠶᠢᠨ ᠬᠤᠨᠵᠢᠪᠤᠷᠢᠲᠤ ᠰᠤᠭᠤᠯᠤᠭ᠎ᠠ ᠶᠢᠨ ᠲᠤᠭ᠎ᠠ ᠨᠢ ᠠᠷᠠᠳ ᠤᠨ ᠶᠠᠪᠤᠳᠠᠯ ᠤᠨ ᠲᠢᠩᠬᠢᠮ ᠠᠴᠠ ᠢᠷᠡᠯᠲᠡ ᠲᠠᠢ᠃ ᠣᠢ ᠰᠢᠭᠤᠶ ᠶᠢᠨ ᠲᠤᠭ᠎ᠠ ᠪᠠᠷᠢᠮᠲᠠ ᠨᠢ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠢᠷᠡᠯᠲᠡ ᠲᠠᠢ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠤᠭ᠎ᠠ ᠵᠢᠴᠢ ᠲᠠᠯᠠᠪᠠᠢ ᠨᠢ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ ᠠᠴᠠ ᠢᠷᠡᠯᠲᠡ ᠲᠠᠢ᠃ ᠪᠤᠰᠤᠳ ᠲᠤᠭ᠎ᠠ ᠪᠠᠷᠢᠮᠲᠠ ᠨᠢ ᠴᠥᠮ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠢᠷᠡᠯᠲᠡ ᠲᠠᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号