ᠥᠪᠥᠷ ᠮᠣᠩᠭᠤᠯ ᠨᠢ ᠥᠷᠭᠡᠨ ᠠᠭᠤᠳᠠᠮ ᠲᠠᠯ᠎ᠠ ᠨᠤᠲᠤᠭ ᠪᠠ ᠡᠯᠪᠡᠭ ᠪᠠᠶᠠᠯᠢᠭ ᠲᠡᠵᠢᠭᠡᠯ ᠪᠣᠷᠳᠣᠭᠠᠨ ᠤ | ᠡᠬᠢ ᠪᠠᠶᠠᠯᠢᠭ ᠲᠠᠢ ᠪᠠᠶᠢᠵᠤ᠂ ᠤᠯᠤᠰ ᠤᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ | ᠭᠠᠷᠭᠠᠬᠤ ᠴᠢᠬᠤᠯᠠ ᠰᠠᠭᠤᠷᠢᠨ ᠭᠠᠵᠠᠷ ᠪᠣᠯᠤᠨ᠎ᠠ᠃ ᠦᠨᠢᠶᠡᠨ ᠰᠦ᠂ ᠬᠤᠨᠢᠨ ᠮᠢᠬ᠎ᠠ᠂ ᠨᠣᠤᠰᠣ ᠨᠣᠯᠤᠤᠷ ᠤᠨ | ᠭᠠᠷᠤᠯᠲᠠ ᠨᠢ ᠴᠥᠮ ᠪᠥᠬᠦ ᠤᠯᠤᠰ ᠤᠨ ᠲᠡᠷᠢᠭᠦᠨ ᠳᠤ ᠣᠷᠣᠵᠤ᠂ ᠦᠬᠡᠷ ᠤᠨ ᠮᠢᠬᠠᠨ ᠤ ᠭᠠᠷᠤᠯᠲᠠ ᠨᠢ ᠪᠥᠬᠦ | ᠤᠯᠤᠰ ᠲᠤ ᠬᠤᠶᠠᠳᠤᠭᠠᠷ ᠲᠤ ᠣᠷᠣᠵᠤ᠂ ᠵᠢᠯ ᠪᠦᠷᠢ ᠣᠷᠣᠨ ᠠᠴᠠ ᠭᠠᠳᠠᠭᠰᠢ 500 ᠲᠦᠮᠡᠨ ᠲᠣᠨ ᠦᠨᠢᠶᠡᠨ | ᠰᠦ᠂ 150 ᠲᠦᠮᠡᠨ ᠲᠣᠨ ᠮᠢᠬᠠᠨ ᠤ ᠵᠦᠶᠯ ᠭᠠᠷᠭᠠᠬᠤ ᠴᠢᠳᠠᠪᠤᠷᠢ ᠲᠠᠢ ᠪᠠᠶᠢᠵᠤ᠂ ᠪᠥᠬᠦ ᠤᠯᠤᠰ ᠤᠨ 1 / 4 | ᠶᠢᠨ ᠬᠤᠨᠢᠨ ᠮᠢᠬ᠎ᠠ᠂ 1 / 5 ᠶᠢᠨ ᠦᠨᠢᠶᠡᠨ ᠰᠦ ᠨᠢ ᠴᠦᠮ ᠥᠪᠥᠷ ᠮᠣᠩᠭᠤᠯ ᠠᠴᠠ ᠢᠷᠡᠯᠲᠡ ᠲᠠᠢ᠃ 2018 | ᠣᠨ ᠠᠴᠠ ᠨᠠᠰᠢ᠂ ᠮᠠᠯᠵᠢᠬᠤ ᠲᠠᠷᠢᠶᠠᠯᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷᠯᠢᠭ ᠬᠥᠭᠵᠢᠯᠲᠡ | ᠶᠢᠨ 10 ᠶᠡᠭᠡ ᠠᠵᠢᠯᠯᠠᠭᠠᠨ ᠤ ᠭᠤᠷᠪᠠᠨ ᠵᠢᠯ ᠤᠨ ᠲᠥᠯᠥᠪᠯᠡᠭᠡ ᠶᠢᠨ ᠲᠣᠭᠤᠷᠢᠨ ᠳᠤ᠂ ᠣᠨ ᠤ ᠡᠭᠦᠷᠭᠡ ᠬᠠᠷᠠᠯᠲᠠ | ᠪᠠᠨ ᠨᠢᠭᠲᠠ ᠠᠩᠬᠠᠷᠴᠤ᠂ ᠠᠵᠢᠯ ᠤᠨ ᠬᠠᠷᠢᠭᠤᠴᠠᠯᠭᠠᠲᠤ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ ᠪᠤᠯᠤᠨ | ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠨ᠂ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠡᠯ᠎ᠡ ᠲᠦᠷᠦᠯ | ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠮᠠᠨ ᠤ ᠣᠷᠣᠨ ᠤ ᠮᠠᠯ ᠠᠵᠤ | ᠠᠬᠤᠢ ᠶᠢᠨ ᠣᠳᠣᠬᠢᠴᠢᠯᠠᠭᠰᠠᠨ ᠬᠥᠭᠵᠢᠯᠲᠡ ᠶᠢ ᠲᠦᠯᠬᠢᠨ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ | ᠦᠵᠡᠭᠦᠯᠪᠡ᠂ 2018 ᠣᠨ ᠳᠤ᠂ ᠪᠥᠬᠦ ᠣᠷᠣᠨ ᠤ ᠮᠢᠬᠠᠨ ᠤ ᠲᠥᠷᠥᠯ ᠤᠨ ᠶᠡᠷᠦᠩᠭᠡᠢ ᠭᠠᠷᠤᠯᠲᠠ 267.2 | ᠲᠦᠮᠡᠨ ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.8% ᠪᠠᠷ ᠨᠡᠮᠡᠭᠳᠡᠨ᠂ ᠪᠥᠬᠦ ᠵᠢᠯ ᠤᠨ ᠬᠤᠨᠢᠨ | ᠮᠢᠬ᠎ᠠ᠂ ᠦᠬᠡᠷ ᠤᠨ ᠮᠢᠬ᠎ᠠ᠂ ᠭᠠᠭ᠋ᠠᠶ ᠶᠢᠨ ᠮᠢᠬ᠎ᠠ ᠶᠢᠨ ᠭᠠᠷᠤᠯᠲᠠ ᠨᠢ ᠲᠤᠰ ᠲᠤᠰ 106.3 ᠲᠦᠮᠡᠨ ᠲᠣᠨ᠂ | 61.4 ᠲᠦᠮᠡᠨ ᠲᠣᠨ ᠪᠠ 71.8 ᠲᠦᠮᠡᠨ ᠲᠣᠨ ᠳᠤ ᠬᠦᠷᠴᠦ᠂ ᠦᠬᠡᠷ ᠬᠤᠨᠢᠨ ᠮᠢᠬ᠎ᠠ ᠶᠢᠨ ᠭᠠᠷᠤᠯᠲᠠ ᠨᠢ | ᠠᠳᠠᠯᠢ ᠬᠤᠭᠤᠴᠠᠭᠠᠨ ᠤ ᠬᠢ ᠠᠴᠠ 2.5% ᠪᠠᠷ ᠨᠡᠮᠡᠭᠳᠡᠨ᠂ ᠦᠨᠢᠶᠡᠨ ᠰᠦ ᠶᠢᠨ ᠭᠠᠷᠤᠯᠲᠠ ᠨᠢ 565.6 | ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.3% ᠪᠠᠷ ᠨᠡᠮᠡᠭᠳᠡᠵᠦ᠂ ᠰᠡᠷᠭᠦᠯᠲᠡ ᠶᠢᠨ | ᠴᠢᠨᠠᠷᠲᠠᠶ ᠨᠡᠮᠡᠭᠳᠡᠯ ᠢᠯᠡᠷᠡᠪᠡ᠃ | ᠰᠢᠯᠢᠳᠡᠭ ᠡᠭᠦᠯᠳᠡᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ᠂ ᠵᠠᠭᠤᠨ ᠲᠦᠮᠡᠨ ᠰᠠᠭᠠᠯᠢ ᠶᠢᠨ | ᠦᠨᠢᠶ᠎ᠡ᠂ ᠵᠠᠭᠤᠨ ᠲᠦᠮᠡᠨ ᠮᠢᠬᠠᠨ ᠦᠬᠡᠷ ᠪᠣᠯᠤᠨ ᠮᠢᠩᠭᠠᠨ ᠲᠦᠮᠡᠨ ᠮᠢᠬᠠᠨ ᠬᠤᠨᠢᠨ ᠤ ᠪᠣᠳᠠᠭᠠᠯᠢ ᠪᠡᠶ᠎ᠡ ᠶᠢᠨ | ᠴᠢᠳᠠᠪᠤᠷᠢ ᠶᠢ ᠳᠡᠭᠡᠭᠰᠢᠯᠡᠭᠦᠯᠬᠦ ᠪᠠᠷ ᠭᠤᠤᠯ ᠪᠣᠯᠭᠠᠭᠰᠠᠨ ︽ᠬᠤᠤᠰ ᠵᠠᠭᠤᠨ ᠮᠢᠩᠭᠠᠨ ᠲᠦᠮᠡ ᠶᠢᠨ ᠥᠨᠳᠥᠷ | ᠭᠠᠷᠤᠯᠲᠠ ᠶᠢ ᠡᠭᠦᠳᠦᠨ ᠪᠠᠶᠢᠭᠤᠯᠬᠤ ᠢᠨᠵᠧᠨᠧᠷᠢᠩ︾ ᠢ ᠶᠡᠬᠡᠪᠡᠷ ᠬᠡᠷᠡᠭᠵᠢᠭᠦᠯᠪᠡ᠃ ᠣᠳᠣᠬᠠᠨ ᠳᠤ ᠪᠥᠬᠦ ᠣᠷᠣᠨ | ᠤ ᠦᠷᠡᠰ ᠬᠤᠨᠢᠨ ᠤ ᠲᠠᠯᠠᠪᠠᠢ 457 ᠪᠣᠯᠵᠤ᠂ ᠵᠢᠯ ᠳᠤ 10 ᠲᠦᠮᠡᠨ ᠬᠤᠴᠠ ᠬᠠᠩᠭᠠᠬᠤ ᠦᠶᠯᠡᠳᠪᠦᠷᠢᠯᠡᠯ ᠤᠨ | ᠴᠢᠳᠠᠪᠤᠷᠢ ᠶᠢ ᠪᠦᠷᠢᠳᠦᠭᠦᠯᠵᠦ᠂ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠴᠢᠨᠠᠷ ᠰᠠᠶᠢᠲᠠᠶ ᠡᠭᠦᠯᠳᠡᠷ ᠤᠨ | ᠬᠤᠴᠠ ᠨᠢ ᠣᠷᠣᠨ ᠤ ᠳᠣᠲᠣᠷ᠎ᠠ ᠴᠡᠪᠡᠷ ᠬᠡᠭᠡᠯᠳᠦᠯᠭᠡ ᠬᠢᠬᠦ ᠪᠠ ᠨᠤᠲᠤᠭ ᠤᠰᠤᠨ ᠳᠤ ᠳᠠᠰᠬᠠᠬᠤ ᠪᠠᠷ ᠳᠠᠮᠵᠢᠨ᠂ | ᠦᠷᠡᠰ ᠬᠤᠨᠢ ᠬᠠᠩᠭᠠᠬᠤ ᠴᠢᠳᠠᠪᠤᠷᠢ ᠨᠢ ᠨᠢᠭᠡᠨᠲᠡ 5 ᠲᠦᠮᠡ ᠶᠢ ᠳᠠᠪᠠᠵᠤ᠂ ᠪᠥᠬᠦ ᠣᠷᠣᠨ ᠤ ᠭᠠᠳᠠᠭᠠᠲᠤ ᠠᠴᠠ | ᠤᠷᠤᠭᠤᠯᠬᠤ ᠦᠷᠡᠰ ᠮᠠᠯ ᠤᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠨᠢᠭᠡᠨᠲᠡ ᠬᠠᠩᠭᠠᠵᠤ ᠳᠡᠶᠢᠯᠬᠦ ᠪᠣᠯᠵᠠᠶ᠃ | ᠪᠦᠬᠦ ᠣᠷᠣᠨ ᠤ ᠦᠷ᠎ᠡ ᠶᠢᠨ ᠪᠤᠬ᠎ᠠ ᠶᠢᠨ ᠥᠷᠲᠡᠭᠡ 5 ᠪᠣᠯᠵᠤ᠂ ᠴᠢᠨᠠᠷ ᠰᠠᠶᠢᠲᠠᠶ ᠢᠴᠡᠭᠡᠯ ᠦᠷ᠎ᠡ ᠶᠢᠨ ᠰᠢᠩᠭᠡᠨ ᠤ | ᠵᠢᠯ ᠤᠨ ᠦᠶᠯᠡᠳᠪᠦᠷᠢᠯᠡᠬᠦ ᠴᠢᠳᠠᠪᠤᠷᠢ 1000 ᠲᠦᠮᠡᠨ ᠰᠠᠯᠪᠤᠷᠢ ᠳᠤ ᠬᠦᠷᠪᠡ᠃ ᠰᠢᠯᠢᠳᠡᠭ ᠡᠭᠦᠯᠳᠡᠷ ᠤᠨ ᠨᠣᠷᠮ᠎ᠠ | ᠨᠢ 90% ᠠᠴᠠ ᠳᠡᠭᠡᠭᠰᠢ ᠬᠦᠷᠴᠦ᠂ ᠮᠢᠬᠠᠨ ᠬᠤᠨᠢᠨ ᠤ ᠨᠢᠭᠡᠴᠢ ᠪᠤᠳᠠᠭᠠᠯᠢ ᠪᠡᠶ᠎ᠡ ᠶᠢᠨ ᠮᠢᠬᠠᠨ ᠭᠠᠷᠤᠯᠲᠠ ᠨᠢ | 1 — 2 ᠺᠢᠯᠣᠭ᠍ᠷᠠᠮ ᠳᠡᠭᠡᠭᠰᠢᠯᠡᠨ᠂ ᠮᠢᠬᠠᠨ ᠦᠬᠡᠷ ᠤᠨ ᠨᠢᠭᠡᠴᠢ ᠪᠤᠳᠠᠭᠠᠯᠢ ᠪᠡᠶ᠎ᠡ ᠶᠢᠨ ᠮᠢᠬᠠᠨ ᠭᠠᠷᠤᠯᠲᠠ ᠨᠢ 3 | ᠺᠢᠯᠣᠭ᠍ᠷᠠᠮ ᠳᠡᠭᠡᠭᠰᠢᠯᠡᠵᠦ᠂ ᠬᠤᠰᠲ᠋ᠠᠨ ᠰᠠᠭᠠᠯᠢ ᠶᠢᠨ ᠦᠨᠢᠶᠡᠨ ᠤ ᠪᠤᠳᠠᠭᠠᠯᠢ ᠪᠡᠶ᠎ᠡ ᠶᠢᠨ ᠦᠢᠯᠡᠳᠪᠦᠷᠢᠯᠡᠯ ᠤᠨ | ᠴᠢᠳᠠᠪᠤᠷᠢ ᠨᠢ 9 ᠲᠣᠨ ᠣᠷᠴᠢᠮ ᠳᠤ ᠬᠦᠷᠪᠡ᠃ | ᠮᠠᠯ ᠠᠵᠤ ᠠᠬᠤᠢ ᠶᠢᠨ ᠦᠶᠯᠡᠳᠪᠦᠷᠢᠯᠡᠯ ᠤᠨ ᠪᠠᠷᠢᠮᠵᠢᠶᠠᠵᠢᠭᠰᠠᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ᠂ ᠪᠡᠯᠴᠢᠭᠡᠷ ᠤᠨ ᠮᠠᠯ ᠠᠵᠤ ᠠᠬᠤᠶ ᠶᠢ ᠲᠣᠭᠲᠠᠭᠤᠨ ᠢᠶᠠᠷ | ᠬᠥᠭᠵᠢᠭᠦᠯᠵᠦ᠂ ᠲᠠᠷᠢᠶᠠᠯᠠᠬᠤ ᠣᠷᠣᠨ ᠤ ᠮᠠᠯ ᠠᠵᠤ ᠠᠬᠤᠶ ᠶᠢ ᠶᠡᠬᠡᠪᠡᠷ ᠬᠥᠭᠵᠢᠭᠦᠯᠵᠦ᠂ ︽ᠲᠠᠪᠤᠨ ᠶᠡᠭᠡ ᠰᠠᠭᠠᠯᠢ | ᠶᠢᠨ ᠦᠨᠢᠶ᠎ᠡ ᠶᠢᠨ ᠲᠡᠵᠢᠭᠡᠯᠭᠡ ᠶᠢᠨ ᠣᠷᠣᠨ︾᠂ ︽ᠭᠤᠷᠪᠠᠨ ᠶᠡᠭᠡ ᠮᠢᠬᠠᠨ ᠬᠤᠨᠢᠨ ᠤ ᠲᠡᠵᠢᠭᠡᠯᠭᠡ ᠶᠢᠨ | ᠣᠷᠣᠨ︾᠂ ︽ᠨᠣᠣᠯᠤᠷ ᠤᠨ ᠢᠮᠠᠭᠠᠨ ᠤ ᠡᠭᠦᠯᠳᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠣᠷᠣᠨ︾ ᠤ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠪᠠ᠃ 28 ᠰᠠᠭᠠᠯᠢ ᠶᠢᠨ ᠦᠨᠢᠶᠡᠨ ᠤ ᠲᠣᠮᠣ ᠰᠢᠶᠠᠨ᠂ 30 | ᠮᠢᠬᠠᠨ ᠦᠬᠡᠷ ᠤᠨ ᠲᠣᠮᠣ ᠰᠢᠶᠠᠨ᠂ 46 ᠮᠢᠬᠠᠨ ᠬᠤᠨᠢᠨ ᠤ ᠲᠣᠮᠣ ᠰᠢᠶᠠᠨ᠂ 27 ᠠᠮᠢᠳᠤ ᠭᠠᠭ᠋ᠠᠶ ᠶᠢᠨ ᠲᠣᠮᠣ | ᠰᠢᠶᠠᠨ ᠤ ᠪᠠᠷᠢᠮᠵᠢᠶᠠᠵᠢᠭᠰᠠᠨ ᠦᠶᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠵᠤ᠂ 2018 ᠣᠨ ᠳᠤ | ᠪᠠᠷᠢᠮᠵᠢᠶᠠᠵᠢᠭᠰᠠᠨ ᠦᠶᠯᠡᠳᠪᠦᠷᠢᠯᠡᠯ ᠤᠨ ᠰᠠᠭᠤᠷᠢᠨ ᠭᠠᠵᠠᠷ ᠤᠨ ᠮᠠᠯ ᠤᠨ ᠵᠣᠭᠰᠤᠭ᠎ᠠ ᠲᠤᠭ᠎ᠠ ᠶᠢ 3734.7 | ᠲᠦᠮᠡ ᠳᠤ ᠬᠦᠷᠭᠡᠵᠦ᠂ ᠳᠠᠪᠠᠭᠤᠯᠢᠭ ᠰᠠᠭᠤᠷᠢᠨ ᠭᠠᠵᠠᠷ ᠤᠨ ᠦᠨᠢᠶᠡᠨ ᠰᠦ᠂ ᠦᠬᠡᠷ ᠤᠨ ᠮᠢᠬ᠎ᠠ᠂ ᠬᠤᠨᠢᠨ ᠮᠢᠬ᠎ᠠ | ᠨᠢ ᠨᠢᠭᠡᠨᠲᠡ ᠪᠦᠬᠦ ᠣᠷᠣᠨ ᠤ ᠶᠡᠷᠦᠩᠭᠡᠢ ᠭᠠᠷᠤᠯᠲᠠ ᠶᠢᠨ 89%᠂ 72% ᠪᠠ 83% ᠶᠢ ᠡᠵᠡᠯᠡᠵᠦ᠂ | ᠳᠠᠪᠠᠭᠤᠯᠢᠭ ᠣᠷᠣᠨ ᠪᠦᠰᠡ ᠶᠢᠨ ᠦᠶᠯᠡᠳᠪᠦᠷᠢᠯᠡᠯ ᠤᠨ ᠴᠢᠳᠠᠪᠤᠷᠢ ᠪᠠ ᠲᠥᠪᠯᠡᠷᠡᠯ ᠤᠨ ᠬᠡᠮᠵᠢᠶ᠎ᠡ ᠢᠯᠡᠳᠲᠡ | ᠳᠡᠭᠡᠭᠰᠢᠯᠡᠪᠡ᠃ | ᠮᠠᠯ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠶᠢᠨ ᠲᠠᠯ᠎ᠠ ᠪᠠᠷ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ︽ᠲᠡᠵᠢᠭᠡᠬᠦ ᠶᠢᠨ ᠲᠥᠯᠥᠭᠡ ᠲᠠᠷᠢᠬᠤ᠂ ᠮᠠᠯᠵᠢᠬᠤ ᠶᠢᠨ ᠲᠥᠯᠥᠭᠡ ᠲᠠᠷᠢᠶᠠᠯᠠᠬᠤ᠂ | ᠬᠡᠪᠡᠯᠢ ᠪᠠᠷ ᠳᠠᠮᠵᠢᠭᠤᠯᠤᠨ ᠬᠤᠪᠢᠷᠠᠭᠤᠯᠬᠤ︾ ᠬᠥᠭᠵᠢᠯᠲᠡ ᠶᠢᠨ ᠰᠡᠳᠬᠢᠴᠡ ᠪᠠᠷ᠂ ᠲᠠᠷᠢᠶᠠᠯᠠᠩ ᠮᠠᠯ ᠠᠵᠤ ᠠᠬᠤᠶ | ᠶᠢ ᠤᠶᠠᠯᠳᠤᠭᠤᠯᠤᠭᠰᠠᠨ ᠬᠤᠤᠰ ᠳᠠᠪᠠᠭᠤᠯᠢᠭ ᠢ ᠭᠦᠶᠴᠡᠳ ᠠᠭᠤᠳᠠᠯᠵᠤ᠂ ᠲᠠᠷᠢᠵᠤ ᠲᠡᠵᠢᠭᠡᠬᠦ ᠬᠠᠷᠢᠴᠠᠭ᠎ᠠ ᠶᠢ | ᠰᠢᠯᠢᠳᠡᠭᠵᠢᠭᠦᠯᠦᠨ ᠲᠣᠬᠢᠷᠠᠭᠤᠯᠬᠤ ᠶᠢ ᠢᠳᠡᠪᠬᠢᠲᠡᠢ ᠲᠦᠯᠬᠢᠨ ᠠᠬᠢᠭᠤᠯᠵᠤ᠂ ᠠᠮᠤ ᠪᠤᠳᠠᠭ᠎ᠠ ᠡᠪᠡᠰᠦ ᠪᠣᠷᠳᠤᠭ᠎ᠠ ᠶᠢ | ᠬᠠᠮᠲᠤ ᠳᠤᠨᠢ ᠬᠠᠷᠠᠭᠠᠯᠵᠠᠬᠤ᠂ ᠲᠠᠷᠢᠵᠤ ᠲᠡᠵᠢᠭᠡᠬᠦ ᠶᠢ ᠨᠢᠭᠡ ᠴᠣᠭᠴᠠᠵᠢᠭᠤᠯᠤᠭᠰᠠᠨ ᠰᠢᠨ᠎ᠡ ᠬᠡᠯᠪᠡᠷᠢ ᠶᠢᠨ | ᠲᠠᠷᠢᠶᠠᠯᠠᠩ ᠮᠠᠯ ᠠᠵᠤ ᠠᠬᠤᠢ ᠶᠢᠨ ᠦᠶᠯᠡᠳᠪᠦᠷᠢᠯᠡᠯ ᠤᠨ ᠪᠦᠲᠦᠴᠡ ᠶᠢ ᠴᠢᠷᠮᠠᠶᠢᠨ ᠪᠠᠶᠢᠭᠤᠯᠵᠤ᠂ ᠡᠷᠳᠡᠨᠢ | ᠰᠢᠰᠢ ᠶᠢᠨ ᠭᠤᠣᠯ ᠪᠣᠯᠬᠤ ᠲᠠᠷᠢᠶᠠᠯᠠᠬᠤ ᠣᠷᠤᠨ ᠪᠠ ᠲᠠᠷᠢᠶᠠᠯᠠᠩ ᠮᠠᠯᠵᠢᠯ ᠰᠣᠯᠪᠢᠴᠠᠭᠰᠠᠨ ᠣᠷᠣᠨ ᠪᠦᠰᠡ ᠳᠤ᠂ | ᠡᠪᠡᠰᠦᠨ ᠲᠡᠵᠢᠭᠡᠯᠲᠦ ᠲᠠᠷᠢᠶᠠᠯᠠᠩ ᠮᠠᠯ ᠠᠵᠤ ᠠᠬᠤᠢ ᠶᠢᠨ ᠦᠶᠯᠡᠳᠪᠦᠷᠢᠯᠡᠯ ᠤᠨ ᠰᠠᠭᠤᠷᠢ ᠪᠠᠷ ᠨᠡᠯᠢᠶᠡᠳ ᠰᠠᠶᠢᠨ | ᠡᠷᠳᠡᠨᠢ ᠰᠢᠰᠢ ᠲᠠᠷᠢᠬᠤ ᠲᠣᠮᠣ ᠰᠢᠶᠠᠨ ᠢ ᠰᠣᠩᠭᠤᠵᠤ ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ | ᠲᠤᠷᠰᠢᠯᠲᠠ ᠶᠢᠨ ᠰᠢᠶᠠᠨ ᠢ ᠪᠥᠬᠦ ᠲᠠᠯ᠎ᠠ ᠪᠠᠷ ᠲᠦᠯᠬᠢᠨ ᠠᠬᠢᠭᠤᠯᠪᠠ᠃ ᠨᠤᠭᠤᠭᠠᠨ ᠳᠠᠷᠤᠰᠢᠨ ᠲᠡᠵᠢᠭᠡᠯ ᠪᠣᠷᠳᠤᠭ᠎ᠠ | ᠶᠢᠨ ᠬᠤᠷᠢᠶᠠᠵᠤ ᠬᠠᠲᠠᠭᠠᠬᠤ ᠨᠥᠬᠦᠪᠥᠷᠢ ᠥᠭᠬᠦ ᠪᠠᠷ ᠳᠠᠮᠵᠢᠨ᠂ ᠲᠡᠵᠢᠭᠡᠭᠴᠢ ᠶᠢ ᠵᠣᠷᠢᠭᠵᠢᠭᠤᠯᠤᠨ ᠦᠪᠡᠷᠰᠡᠳ ᠢᠶᠠᠨ | ᠲᠠᠷᠢᠬᠤ ᠪᠠ ᠵᠠᠬᠢᠶᠠᠯᠠᠭ᠎ᠠ ᠪᠠᠷ ᠲᠠᠷᠢᠬᠤ ᠵᠡᠷᠭᠡ ᠬᠡᠯᠪᠡᠷᠢ ᠪᠠᠷ ᠨᠤᠭᠤᠭᠠᠨ ᠳᠠᠷᠤᠰᠢᠨ ᠡᠷᠳᠡᠨᠢ ᠰᠢᠰᠢ ᠵᠡᠷᠭᠡ ᠲᠡᠵᠢᠭᠡᠯ | ᠪᠣᠷᠳᠤᠭ᠎ᠠ ᠶᠢᠨ ᠦᠶᠯᠡᠳᠪᠦᠷᠢᠯᠡᠯ ᠢ ᠬᠥᠭᠵᠢᠭᠦᠯᠵᠦ᠂ ᠴᠢᠨᠠᠷᠯᠢᠭ ᠲᠡᠵᠢᠭᠡᠯ ᠡᠪᠡᠰᠦ ᠪᠣᠷᠳᠤᠭ᠎ᠠ ᠶᠢᠨ ᠦᠶᠯᠡᠳᠪᠦᠷᠢᠯᠡᠯ | ᠤᠨ ᠬᠡᠪᠴᠢᠶ᠎ᠡ ᠶᠢ ᠥᠷᠭᠡᠳᠬᠡᠨ᠂ ᠲᠠᠷᠢᠮᠠᠯ ᠤᠨ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠪᠠ ᠮᠠᠯ ᠠᠵᠤ | ᠠᠬᠤᠢ ᠶᠢᠨ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠶᠢ ᠳᠠᠶᠢᠴᠢᠯᠠᠵᠤ᠂ ᠲᠠᠷᠢᠵᠤ | ᠲᠡᠵᠢᠭᠡᠬᠦ ᠶᠢᠨ ᠬᠤᠤᠰ ᠠᠮᠵᠢᠯᠲᠠ ᠶᠢ ᠪᠡᠶᠡᠯᠡᠭᠦᠯᠪᠡ᠃ 2018 ᠣᠨ ᠳᠤ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠣᠭᠤᠭᠠᠨ ᠳᠠᠷᠤᠰᠢᠨ ᠡᠷᠳᠡᠨᠢ ᠰᠢᠰᠢ ᠪᠠᠷ ᠭᠤᠤᠯ ᠪᠣᠯᠭᠠᠭᠰᠠᠨ ᠲᠡᠵᠢᠭᠡᠯ ᠪᠣᠷᠳᠤᠭ᠎ᠠ ᠶᠢᠨ | ᠲᠠᠷᠢᠮᠠᠯ ᠤᠨ ᠲᠠᠷᠢᠬᠤ ᠲᠠᠯᠠᠪᠠᠢ 1659.15 ᠲᠦᠮᠡᠨ ᠮᠦ ᠳᠤ ᠬᠦᠷᠴᠦ᠂ ᠡᠭᠦᠨ ᠳᠤ ᠨᠣᠭᠤᠭᠠᠨ ᠳᠠᠷᠤᠰᠢᠨ | ᠡᠷᠳᠡᠨᠢ ᠰᠢᠰᠢ ᠶᠢᠨ ᠲᠠᠷᠢᠬᠤ ᠲᠠᠯᠠᠪᠠᠢ 1320 ᠲᠦᠮᠡᠨ ᠮᠦ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 11.6% ᠪᠠᠷ ᠨᠡᠮᠡᠭᠳᠡᠵᠦ᠂ ᠨᠤᠭᠤᠭᠠᠨ ᠳᠠᠷᠤᠰᠢ ᠶᠢᠨ ᠬᠠᠳᠠᠭᠠᠯᠠᠮᠵᠢ ᠨᠢ 3000 ᠲᠦᠮᠡᠨ ᠲᠤᠨ ᠬᠦᠷᠴᠦ᠂ ᠮᠠᠯ | ᠠᠵᠤ ᠠᠬᠤᠢ ᠶᠢᠨ ᠬᠥᠭᠵᠢᠯᠲᠡ ᠳᠤ ᠠᠰᠢᠭᠲᠠᠢ ᠨᠥᠬᠦᠴᠡᠯ ᠢ ᠡᠭᠦᠳᠴᠦ ᠥᠭᠴᠡᠶ᠃ ᠡᠭᠦᠨ ᠤ ᠬᠠᠮᠲᠤ ᠨᠣᠭᠤᠭᠠᠨ | ᠳᠠᠷᠤᠰᠢᠨ ᠬᠡᠮᠵᠢᠶ᠎ᠡ ᠨᠡᠮᠡᠭᠳᠡᠭᠰᠡᠨ ᠨᠢ ᠮᠠᠯᠵᠢᠬᠤ ᠣᠷᠣᠨ ᠤ ᠭᠠᠩ ᠬᠠᠭᠰᠠᠷᠠᠭᠠᠨ ᠲᠠᠢ ᠲᠡᠮᠡᠴᠡᠬᠦ ᠳᠤ ᠬᠦᠴᠦᠲᠡᠶ | ᠲᠦᠰᠢᠭ ᠲᠤᠯᠭᠠᠭᠤᠷᠢ ᠬᠠᠩᠭᠠᠵᠠᠶ᠃ | ᠮᠠᠯ ᠠᠵᠤ ᠠᠬᠤᠢ ᠶᠢᠨ ᠪᠣᠬᠢᠷᠲᠤᠯ ᠦᠭᠡᠢ ᠬᠥᠭᠵᠢᠯᠲᠡ ᠶᠢ ᠲᠦᠯᠬᠢᠨ ᠠᠬᠢᠭᠤᠯᠬᠤ ᠲᠠᠯ᠎ᠠ ᠪᠠᠷ᠂ 2018 | ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠢ ᠪᠠᠶᠠᠯᠢᠭ ᠣᠷᠴᠢᠨ ᠲᠣᠭᠤᠷᠢᠨ ᠤ | ᠠᠴᠢᠶᠠᠯᠠᠬᠤ ᠴᠢᠳᠠᠪᠦᠷᠢ ᠶᠢᠨ ᠨᠢᠭᠡᠳᠦᠯᠲᠡᠶ ᠲᠦᠯᠦᠪᠵᠢᠭᠦᠯᠦᠭᠡ ᠶᠣᠰᠣᠭᠠᠷ᠂ ᠡᠬᠢ ᠡᠭᠦᠰᠦᠯ ᠠᠴᠠ ᠨᠢ ᠬᠡᠮᠵᠢᠶ᠎ᠡ ᠶᠢ | ᠪᠠᠭᠠᠰᠬᠠᠬᠤ᠂ ᠶᠠᠪᠤᠴᠠ ᠶᠢ ᠡᠵᠡᠮᠳᠡᠬᠦ᠂ ᠲᠡᠭᠦᠰᠬᠡᠯ ᠢ ᠠᠰᠢᠭᠯᠠᠬᠤ ᠵᠠᠰᠠᠯᠲᠠ ᠶᠢᠨ ᠠᠷᠭ᠎ᠠ ᠵᠠᠮ ᠢ ᠪᠠᠷᠢᠮᠲᠠᠯᠠᠵᠤ᠂ | ᠪᠦᠬᠦ ᠰᠢᠶᠠᠨ ᠢ ᠠᠬᠢᠭᠤᠯᠬᠤ ᠪᠠᠷ ᠭᠠᠷᠳᠠᠴᠠ ᠪᠣᠯᠭᠠᠵᠤ᠂ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ | ᠲᠡᠰ ᠳᠡᠪᠰᠢᠭᠦᠯᠬᠦ ᠪᠠ ᠪᠣᠬᠢᠷᠲᠤᠯ ᠦᠭᠡᠢ ᠬᠥᠭᠵᠢᠯᠲᠡ ᠶᠢ ᠲᠦᠯᠬᠢᠨ ᠠᠬᠢᠭᠤᠯᠪᠠ᠃ ︽ᠵᠠᠰᠠᠭ ᠤᠨ ᠣᠷᠳᠣᠨ ᠠᠴᠠ | ᠬᠥᠲᠥᠯᠥᠨ ᠵᠢᠯᠣᠭᠤᠳᠬᠤ᠂ ᠠᠵᠤ ᠠᠬᠤᠶᠢᠯᠠᠯ ᠭᠤᠤᠯ ᠢᠶᠠᠷ ᠴᠣᠭᠴᠠ ᠪᠣᠯᠭᠠᠬᠤ᠂ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠬᠤ᠂ ᠲᠤᠬᠠᠶ ᠶᠢᠨ ᠭᠠᠵᠠᠷ ᠲᠤᠨᠢ ᠲᠤᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ︾ | ᠵᠠᠷᠴᠢᠮ ᠶᠣᠰᠣᠭᠠᠷ᠂ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠡᠵᠢᠭᠡᠯᠭᠡ ᠶᠢᠨ ᠲᠠᠯᠠᠪᠠᠢ ᠶᠢᠨ ᠭᠤᠤᠯ ᠴᠣᠭᠴᠠ | ᠶᠢᠨ ᠬᠠᠷᠢᠭᠤᠴᠠᠯᠭ᠎ᠠ ᠶᠢ ᠴᠢᠩᠭᠠᠳᠬᠠᠨ᠂ ᠲᠥᠷᠥ ᠶᠢᠨ ᠪᠣᠳᠣᠯᠭ᠎ᠠ ᠪᠠᠷ ᠳᠡᠮᠵᠢᠬᠦ ᠡᠷᠴᠢᠮ ᠢᠶᠠᠨ ᠴᠢᠩᠭᠠᠳᠬᠠᠪᠠ᠃ | ᠨᠡᠶᠢᠭᠡᠮ ᠤᠨ ᠪᠡᠯᠡ ᠮᠥᠩᠭᠦ ᠶᠢ ᠲᠡᠳᠡᠨ ᠣᠷᠣᠯᠴᠠᠭᠤᠯᠵᠤ᠂ ᠭᠤᠷᠪᠠᠳᠠᠬᠢ ᠡᠲᠡᠭᠡᠳ ᠤᠨ ᠵᠠᠰᠠᠬᠤ ᠵᠠᠭᠪᠤᠷ ᠢ ᠬᠡᠷᠡᠭᠯᠡᠬᠦ | ᠶᠢ ᠵᠣᠷᠢᠭᠵᠢᠭᠤᠯᠤᠨ᠂ ᠠᠳᠠᠯᠢ ᠪᠤᠰᠤ ᠣᠷᠣᠨ ᠪᠦᠰᠡ᠂ ᠠᠳᠠᠯᠢ ᠪᠤᠰᠤ ᠮᠠᠯ ᠤᠨ ᠡᠭᠦᠯᠳᠡᠷ᠂ ᠠᠳᠠᠯᠢ ᠪᠤᠰᠤ | ᠬᠡᠪᠴᠢᠶ᠎ᠡ ᠶᠢ ᠦᠨᠳᠦᠰᠦᠯᠡᠨ᠂ ᠬᠢᠮᠳᠠ ᠪᠥᠭᠡᠳ ᠥᠨᠳᠥᠷ ᠦᠷ᠎ᠡ ᠪᠦᠲᠦᠮᠵᠢᠲᠡᠶ ᠰᠢᠶᠳᠪᠦᠷᠢᠯᠡᠬᠦ ᠵᠠᠭᠪᠤᠷ ᠢ | ᠭᠡᠷᠡᠭᠯᠡᠵᠦ᠂ ᠪᠠᠭᠠᠰᠤᠨ ᠪᠣᠷᠳᠣᠭᠤᠷ ᠢ ᠲᠠᠷᠢᠶᠠᠨ ᠭᠠᠵᠠᠷ ᠲᠤ ᠪᠤᠴᠠᠭᠠᠬᠤ ᠪᠠᠷ ᠭᠤᠤᠯ ᠪᠣᠯᠭᠠᠭᠰᠠᠨ ᠠᠰᠢᠭᠯᠠᠬᠤ | ᠲᠣᠭᠲᠠᠴᠠ ᠶᠢ ᠪᠠᠶᠢᠭᠤᠯᠬᠤ ᠶᠢ ᠲᠦᠯᠬᠢᠨ ᠠᠬᠢᠭᠤᠯᠵᠤ᠂ ᠮᠠᠯ ᠵᠢᠭᠦᠷᠲᠡᠨ ᠤ ᠪᠠᠭᠠᠰᠤ ᠢᠯᠭᠠᠳᠠᠰᠣ ᠶᠢ ᠲᠤᠬᠠᠶ ᠶᠢᠨ | ᠭᠠᠵᠠᠷ ᠲᠤᠨᠢ ᠠᠰᠢᠭᠯᠠᠬᠤ ᠶᠢ ᠪᠡᠶᠡᠯᠡᠭᠦᠯᠪᠡ᠃ 2018 ᠣᠨ ᠳᠤ ᠪᠥᠬᠦ ᠣᠷᠣᠨ ᠤ ᠮᠠᠯ ᠵᠢᠭᠦᠷᠲᠡᠨ ᠤ ᠪᠠᠭᠠᠰᠤ | ᠢᠯᠭᠠᠳᠠᠰᠤ ᠶᠢᠨ ᠪᠣᠬᠢᠷᠲᠤᠯ ᠤᠨ ᠶᠡᠷᠦᠩᠬᠡᠶᠢᠯᠡᠨ ᠠᠰᠢᠭᠯᠠᠬᠤ ᠨᠣᠷᠮ᠎ᠠ 78% ᠣᠷᠴᠢᠮ ᠬᠦᠷᠴᠦ᠂ | ᠬᠡᠪᠴᠢᠶᠡᠵᠢᠭᠰᠡᠨ ᠲᠡᠵᠢᠭᠡᠯᠭᠡ ᠶᠢᠨ ᠲᠠᠯᠠᠪᠠᠢ ᠶᠢᠨ ᠪᠠᠭᠠᠰᠤ ᠢᠯᠭᠠᠳᠠᠰᠤ ᠶᠢ ᠰᠢᠶᠳᠪᠦᠷᠢᠯᠡᠬᠦ ᠲᠤᠨᠤᠭ | ᠲᠦᠬᠦᠭᠡᠷᠦᠮᠵᠢ ᠶᠢᠨ ᠢᠵᠢ ᠪᠦᠷᠢᠳᠦᠭᠰᠡᠨ ᠨᠣᠷᠮ᠎ᠠ ᠨᠢ 88% ᠣᠷᠴᠢᠮ ᠬᠦᠷᠪᠡ᠃ |