2018 ᠣᠨ ᠳᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ | ᠠᠵᠢᠯ ᠨᠢ ᠴᠢᠨᠠᠷᠯᠢᠭ ᠬᠥᠭᠵᠢᠯᠲᠡ ᠶᠢᠨ ᠠᠷᠪᠠᠨ ᠶᠡᠭᠡ ᠠᠵᠢᠯᠯᠠᠭ᠎ᠠ ᠶᠢᠨ ᠭᠤᠷᠪᠠᠨ ᠵᠢᠯ ᠤᠨ ᠲᠥᠯᠥᠪᠯᠡᠭᠡ ᠶᠢᠨ | ᠲᠣᠭᠤᠷᠢᠨ ᠳᠤ᠂ ᠲᠠᠷᠢᠶᠠᠯᠠᠩ ᠮᠠᠯ ᠠᠵᠤ ᠠᠬᠤᠢ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠤᠨ | ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠦᠨ | ᠬᠡᠷᠡᠭᠯᠡᠬᠦ ᠶᠢ ᠲᠦᠷᠭᠡᠳᠬᠡᠨ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠳ ᠢ ᠬᠥᠮᠦᠵᠢᠭᠦᠯᠬᠦ ᠶᠢ | ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ | ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠠᠢ᠃ | ᠨᠢᠭᠡ᠂ ᠰᠢᠨᠵᠢᠯᠡᠭᠡ ᠮᠡᠷᠭᠡᠵᠢᠯ ᠤᠨ ᠬᠠᠮᠢᠶᠠᠷᠤᠯᠲᠠ ᠶᠢᠨ ᠠᠵᠢᠯ ᠰᠢᠨ᠎ᠡ ᠰᠢᠪᠲᠤᠯᠤᠯᠲᠠ ᠲᠠᠢ ᠪᠣᠯᠪᠠ᠃ | ᠲᠢᠩᠬᠢᠮ ᠤᠨ ᠬᠠᠷᠢᠶ᠎ᠠ ᠨᠢᠭᠡᠴᠢ ᠶᠢ ᠵᠣᠬᠢᠶᠠᠨ ᠪᠠᠶᠢᠭᠤᠯᠤᠨ 2018 ᠣᠨ ᠤ ᠥᠪᠡᠷᠲᠡᠭᠡᠨ ᠵᠠᠰᠠᠬᠤ ᠣᠷᠣᠨ ᠤ ᠡᠯ᠎ᠡ | ᠲᠥᠷᠥᠯ ᠤᠨ ᠰᠢᠨᠵᠢᠯᠡᠭᠡ ᠮᠡᠷᠭᠡᠵᠢᠯ ᠤᠨ ᠲᠥᠷᠥᠯ ᠵᠦᠶᠯ ᠢ 16 ᠬᠤᠪᠢ ᠭᠤᠶᠤᠴᠢᠯᠠᠨ ᠮᠡᠳᠡᠭᠦᠯᠵᠦ᠂ 7 ᠬᠤᠪᠢ | ᠲᠥᠷᠥᠯ ᠵᠦᠶᠯ ᠨᠢ ᠵᠥᠪᠰᠢᠶᠡᠷᠡᠭᠳᠡᠪᠡ᠃ ︽ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠡᠯᠪᠡᠭ ᠬᠤᠷᠢᠶᠠᠯᠲᠠ ᠶᠢᠨ ᠱᠠᠩᠨᠠᠯ ᠢ ᠬᠢᠨᠠᠨ ᠲᠣᠭᠲᠠᠭᠠᠬᠤ ᠰᠢᠰᠲ᠋ᠧᠮ︾ ᠭᠡᠬᠦ ᠵᠥᠭᠡᠯᠡᠨ ᠲᠤᠨᠤᠭ ᠤᠨ ᠲᠠᠪᠴᠠᠩ ᠢ | ᠨᠡᠭᠡᠭᠡᠨ ᠠᠰᠢᠭᠯᠠᠭᠰᠠᠨ ᠪᠥᠭᠡᠳ 2018 ᠣᠨ ᠤ ᠲᠠᠷᠢᠶᠠᠯᠠᠩ ᠮᠠᠯ ᠠᠵᠤ ᠠᠬᠤᠢ ᠶᠢᠨ ᠡᠯᠪᠡᠭ ᠬᠤᠷᠢᠶᠠᠯᠲᠠ ᠶᠢᠨ | ᠱᠠᠩᠨᠠᠯ ᠢ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠪᠠ᠃ ᠲᠠᠷᠢᠶᠠᠯᠠᠩ ᠬᠥᠳᠡᠭᠡ | ᠲᠣᠰᠬᠤᠨ ᠤ ᠶᠠᠮᠤᠨ ᠤ ᠮᠢᠬᠠᠨ ᠬᠤᠨᠢᠨ ᠤ ᠤᠳᠤᠮᠯᠠᠯ ᠤᠨ ᠭᠤᠤᠯᠳᠠᠯᠭᠠᠲᠤ ᠲᠤᠷᠰᠢᠯᠲᠠ ᠶᠢᠨ ᠲᠠᠰᠤᠭ᠂ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠴᠠᠭᠠᠨ ᠢᠳᠡᠭᠡ ᠪᠣᠯᠪᠠᠰᠤᠷᠠᠭᠤᠯᠬᠤ ᠭᠤᠤᠯᠳᠠᠯᠭᠠᠲᠤ ᠲᠤᠷᠰᠢᠯᠲᠠ ᠶᠢᠨ | ᠲᠠᠰᠤᠭ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠡᠵᠢᠭᠡᠯ ᠡᠪᠡᠰᠦ ᠵᠠᠶᠢᠯᠠᠵᠤ ᠪᠤᠶᠢᠵᠢᠭᠤᠯᠬᠤ᠂ | ᠪᠣᠯᠪᠠᠰᠤᠷᠠᠭᠤᠯᠬᠤ ᠪᠠ ᠠᠰᠢᠭᠯᠠᠬᠤ ᠭᠤᠤᠯᠳᠠᠯᠭᠠᠲᠤ ᠲᠤᠷᠰᠢᠯᠲᠠ ᠶᠢᠨ ᠲᠠᠰᠤᠭ ᠪᠠ ᠢᠰᠬᠡᠭᠰᠡᠨ ᠴᠠᠭᠠᠨ ᠢᠳᠡᠭᠡ | ᠪᠣᠯᠪᠠᠰᠤᠷᠠᠭᠤᠯᠬᠤ ᠮᠡᠷᠭᠡᠵᠢᠯ ᠤᠨ ᠬᠤᠷᠠᠮᠠᠯ ᠰᠤᠳᠤᠯᠭᠠᠨ ᠤ ᠰᠠᠭᠤᠷᠢᠨ ᠭᠠᠵᠠᠷ ᠵᠡᠷᠭᠡ 5 ᠲᠥᠷᠦᠯ ᠵᠥᠢᠯ ᠢ | ᠵᠣᠬᠢᠶᠠᠨ ᠪᠠᠶᠢᠭᠤᠯᠵᠤ ᠭᠤᠶᠤᠴᠢᠯᠠᠨ ᠮᠡᠳᠡᠭᠦᠯᠪᠡ᠃ | ᠬᠤᠶᠠᠷ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠶᠯᠡᠴᠢᠯᠡᠭᠡᠨ ᠰᠢᠨ᠎ᠡ ᠦᠷ᠎ᠡ ᠪᠦᠲᠦᠮᠵᠢ ᠣᠯᠪᠠ᠃ | ᠤᠯᠤᠰ ᠤᠨ 8 ᠲᠠᠷᠢᠶᠠᠯᠠᠩ ᠤᠨ ᠴᠢᠬᠤᠯᠠ ᠶᠡᠭᠡ ᠮᠡᠷᠭᠡᠵᠢᠯ ᠤᠨ ᠬᠠᠮᠵᠢᠯᠴᠠᠨ ᠳᠡᠯᠭᠡᠷᠡᠭᠦᠯᠬᠦ ᠲᠥᠯᠥᠪᠯᠡᠭᠡ ᠶᠢᠨ ᠨᠢᠭᠡ | ᠪᠣᠯᠬᠤ ᠲᠤᠷᠰᠢᠯᠲᠠ ᠶᠢᠨ ᠴᠡᠭ ᠤᠨ ᠲᠥᠷᠥᠯ ᠵᠦᠶᠯ ᠤᠨ ᠠᠵᠢᠯ ᠢ ᠳᠠᠭᠠᠭᠠᠴᠢᠯᠠᠨ ᠠᠪᠴᠤ᠂ ᠰᠢᠨᠵᠢᠯᠡᠭᠡ ᠮᠡᠷᠭᠡᠵᠢᠯ | ᠤᠨ ᠵᠢᠱᠢᠶ᠎ᠡ ᠦᠵᠡᠭᠦᠯᠬᠦ 261 ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠲᠠᠷᠢᠶᠠᠯᠠᠩ ᠤᠨ ᠮᠡᠷᠭᠡᠵᠢᠯ ᠤᠨ | ᠦᠶᠯᠡᠴᠢᠯᠡᠭᠡᠨ ᠤ ᠠᠵᠢᠯᠲᠠᠨ 6000 ᠬᠥᠮᠦᠨ ᠢ ᠪᠤᠯᠪᠠᠰᠤᠷᠠᠯ ᠳᠤ ᠤᠷᠤᠯᠴᠠᠭᠤᠯᠵᠤ᠂ ᠣᠨᠴᠠ ᠤᠷᠢᠭᠰᠠᠨ | ᠲᠠᠷᠢᠶᠠᠯᠠᠩ ᠤᠨ ᠮᠡᠷᠭᠡᠵᠢᠯᠲᠡᠨ 291 ᠬᠥᠮᠦᠨ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠦᠨ | ᠳᠡᠯᠭᠡᠷᠡᠭᠦᠯᠬᠦ ᠪᠦᠯᠬᠦᠮ 10 ᠶᠢ ᠵᠣᠬᠢᠶᠠᠨ ᠪᠠᠶᠢᠭᠤᠯᠵᠤ᠂ ︽ᠲᠤᠰᠬᠠᠶ ᠮᠡᠷᠭᠡᠵᠢᠯᠲᠡᠨ—ᠮᠡᠷᠭᠡᠵᠢᠯ ᠤᠨ | ᠵᠢᠯᠣᠭᠤᠳᠣᠭᠴᠢ—ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠬᠡ︾ ᠶᠢᠨ ᠦᠶᠯᠡᠴᠢᠯᠡᠭᠡᠨ ᠤ ᠵᠠᠭᠪᠤᠷ ᠢ | ᠪᠤᠢ ᠪᠣᠯᠭᠠᠬᠤ ᠶᠢᠨ ᠬᠠᠮᠲᠤ ᠲᠥᠭᠡᠮᠡᠯᠵᠢᠭᠦᠯᠦᠨ ᠳᠡᠯᠭᠡᠷᠡᠭᠦᠯᠪᠡ᠃ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ | ᠮᠡᠷᠭᠡᠵᠢᠯ ᠤᠨ ᠵᠢᠱᠢᠶ᠎ᠡ ᠦᠵᠡᠭᠦᠯᠬᠦ ᠲᠣᠭᠤᠷᠢᠭ 41 ᠶᠢ ᠡᠭᠦᠰᠬᠡᠨ ᠪᠠᠶᠢᠭᠤᠯᠵᠤ᠂ 71 ᠭᠤᠤᠯᠯᠠᠬᠤ ᠡᠭᠦᠯᠳᠡᠷ᠂ | ᠴᠢᠨᠠᠷ ᠰᠠᠶᠢᠲᠠᠶ ᠪᠣᠬᠢᠷᠲᠤᠯ ᠥᠬᠡᠶ ᠥᠨᠳᠥᠷ ᠦᠷ᠎ᠡ ᠠᠰᠢᠭᠲᠤ ᠦᠶᠯᠡᠳᠪᠦᠷᠢᠯᠡᠯ ᠤᠨ ᠮᠡᠷᠭᠡᠵᠢᠯ 70 ᠭᠠᠷᠤᠶ | ᠲᠥᠷᠦᠯ ᠢ ᠵᠢᠱᠢᠶ᠎ᠡ ᠦᠵᠡᠭᠦᠯᠦᠨ ᠲᠥᠭᠡᠮᠡᠯᠵᠢᠭᠦᠯᠦᠨ ᠳᠡᠯᠭᠡᠷᠡᠭᠦᠯᠵᠦ᠂ ᠪᠥᠬᠦ ᠣᠷᠣᠨ ᠤ ︽ᠬᠠᠮᠤᠭ ᠤᠨ ᠭᠤᠶᠤ | ᠲᠠᠷᠢᠶᠠᠯᠠᠩ ᠤᠨ ᠮᠡᠷᠭᠡᠵᠢᠯᠲᠡᠨ︾ ᠪᠠ ︽ᠰᠢᠯᠢᠳᠡᠭ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠬᠡ︾ ᠶᠢ | ᠰᠢᠯᠭᠠᠷᠠᠭᠤᠯᠤᠯᠲᠠ ᠶᠢᠨ ᠣᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ | ᠭᠤᠷᠪᠠ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠢ ᠬᠥᠮᠦᠵᠢᠭᠦᠯᠦᠨ ᠰᠢᠨ᠎ᠡ | ᠪᠠᠶᠢᠳᠠᠯ ᠢ ᠡᠭᠦᠳᠪᠡ᠃ ᠪᠥᠬᠦ ᠵᠢᠯ ᠳᠤ ᠪᠣᠯᠪᠠᠰᠤᠷᠠᠯ ᠤᠨ ᠠᠩᠭᠢ ᠨᠡᠶᠢᠲᠡ 228 ᠬᠤᠭᠤᠴᠠᠭ᠎ᠠ ᠡᠷᠬᠢᠯᠡᠵᠦ᠂ | ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ 17675 ᠬᠥᠮᠦᠨ ᠬᠥᠮᠦᠵᠢᠭᠦᠯᠵᠦ᠂ | ᠥᠪᠡᠷᠲᠡᠭᠡᠨ ᠵᠠᠰᠠᠬᠤ ᠣᠷᠣᠨ ᠤ ᠲᠡᠰ ᠤᠨ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ | ᠬᠥᠮᠦᠵᠢᠭᠦᠯᠬᠦ ᠶᠡᠷᠦᠩᠬᠡᠶᠢᠯᠡᠭᠰᠡᠨ ᠲᠥᠷᠥᠯ ᠤᠨ ᠰᠠᠭᠤᠷᠢᠨ ᠭᠠᠵᠠᠷ ᠢ ᠭᠤᠶᠤᠴᠢᠯᠠᠨ ᠮᠡᠳᠡᠭᠦᠯᠬᠦ᠂ ᠰᠢᠯᠢᠨ ᠰᠣᠩᠭᠤᠵᠣ | ᠬᠥᠮᠦᠷᠭᠡᠯᠡᠬᠦ ᠠᠵᠢᠯ ᠢ ᠢᠳᠡᠪᠬᠢᠲᠡᠢ ᠥᠷᠨᠢᠭᠦᠯᠵᠦ᠂ 26 ᠶᠡᠷᠦᠩᠬᠡᠶᠢᠯᠡᠭᠰᠡᠨ ᠲᠥᠷᠥᠯ ᠤᠨ ᠰᠠᠭᠤᠷᠢᠨ ᠭᠠᠵᠠᠷ ᠢ | ᠰᠢᠯᠢᠨ ᠰᠣᠩᠭᠤᠵᠣ᠂ ᠡᠭᠦᠨ ᠳᠤ 3 ᠰᠠᠭᠤᠷᠢᠨ ᠭᠠᠵᠠᠷ ᠢ ᠨᠢᠭᠡᠨᠲᠡ ︽ᠪᠥᠬᠦ ᠤᠯᠤᠰ ᠤᠨ ᠰᠢᠨ᠎ᠡ ᠬᠡᠯᠪᠡᠷᠢ ᠶᠢᠨ | ᠠᠵᠢᠯ ᠮᠡᠷᠭᠡᠵᠢᠯ ᠤᠨ ᠲᠠᠷᠢᠶᠠᠴᠢᠨ ᠢ ᠬᠥᠮᠦᠵᠢᠭᠦᠯᠬᠦ ᠶᠡᠷᠦᠩᠬᠡᠶᠢᠯᠡᠭᠰᠡᠨ ᠲᠥᠷᠥᠯ ᠤᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ ︵ᠲᠦᠷᠦᠭᠦᠦ ᠪᠦᠯᠦᠭ︶︾ ᠢᠶᠠᠷ ᠲᠤᠭᠲᠠᠭᠠᠭᠳᠠᠨ᠂ 6 ᠰᠠᠭᠤᠷᠢᠨ ᠭᠠᠵᠠᠷ ᠢ ᠨᠢ ᠨᠢᠭᠡᠨᠲᠡ ︽ᠪᠥᠬᠦ | ᠤᠯᠤᠰ ᠤᠨ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠲᠠᠷᠢᠶᠠᠴᠢᠨ ᠢ ᠬᠥᠮᠦᠵᠢᠭᠦᠯᠬᠦ ᠶᠡᠷᠦᠩᠬᠡᠶᠢᠯᠡᠭᠰᠡᠨ ᠲᠥᠷᠥᠯ | ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ︵ᠬᠤᠶᠠᠳᠤᠭᠠᠷ ᠪᠥᠯᠦᠭ︶︾ ᠢᠶᠠᠷ ᠲᠠᠨᠢᠯᠴᠠᠭᠤᠯᠤᠭᠳᠠᠪᠠ᠃ | ᠳᠥᠷᠪᠡ᠂ ᠲᠠᠷᠢᠶᠠᠯᠠᠩ ᠮᠠᠯ ᠠᠵᠤ ᠠᠬᠤᠢ ᠶᠢᠨ ᠭᠧᠨ ᠰᠢᠯᠵᠢᠭᠦᠯᠦᠭᠰᠡᠨ ᠬᠢᠨᠠᠯᠲᠠ ᠬᠠᠮᠢᠶᠠᠷᠤᠯᠲᠠ ᠰᠢᠨ᠎ᠡ | ᠳᠡᠭᠲᠡᠷ ᠲᠤ ᠭᠠᠷᠪᠠ᠃ ᠲᠠᠷᠢᠶᠠᠯᠠᠩ ᠮᠠᠯ ᠠᠵᠤ ᠠᠬᠤᠢ ᠶᠢᠨ ᠭᠧᠨ ᠰᠢᠯᠵᠢᠭᠦᠯᠦᠭᠰᠡᠨ ᠬᠢᠨᠠᠯᠲᠠ ᠬᠠᠮᠢᠶᠠᠷᠤᠯᠲᠠ ᠶᠢᠨ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠣᠷᠣᠨ ᠤ 8 ᠭᠤᠤᠯᠳᠠᠯᠭ᠎ᠠ ᠲᠠᠢ ᠠᠶᠢᠮᠠᠭ ᠬᠤᠲᠠ ᠶᠢᠨ 30 | ᠬᠤᠰᠢᠭᠤ ᠰᠢᠶᠠᠨ ᠤ 45 ᠰᠢᠶᠠᠩ ᠪᠠᠯᠭᠠᠰᠤ ᠶᠢᠨ ᠲᠠᠷᠢᠮᠠᠯ ᠤᠨ ᠦᠷ᠎ᠡ ᠶᠢᠨ ᠵᠠᠬ᠎ᠠ ᠳᠡᠯᠭᠡᠭᠦᠷ ᠲᠤ ᠪᠠᠶᠢᠴᠠᠭᠠᠯᠲᠠ | ᠬᠢᠵᠦ᠂ ᠭᠤᠤᠯᠳᠠᠯᠭ᠎ᠠ ᠲᠠᠢ ᠲᠥᠷᠥᠯ ᠵᠦᠶᠯ ᠢ 1000 ᠭᠠᠷᠤᠶ ᠵᠢᠭᠰᠠᠭᠠᠨ ᠪᠠᠶᠢᠴᠠᠭᠠᠵᠤ᠂ ᠲᠠᠷᠢᠮᠠᠯ ᠤᠨ ᠦᠷ᠎ᠡ | ᠶᠢᠨ ᠦᠯᠢᠭᠡᠷ ᠡᠳ᠋ ᠢ 565 ᠬᠤᠪᠢ ᠰᠤᠭᠤᠴᠢᠨ ᠠᠪᠴᠠᠶ᠃ 40 ᠬᠤᠪᠢ ᠬᠠᠤᠯᠢ ᠵᠥᠷᠢᠴᠡᠭᠰᠡᠨ ᠰᠦᠪᠡᠭᠴᠢ ᠶᠢ | ᠰᠢᠯᠵᠢᠭᠦᠯᠦᠨ ᠲᠤᠰᠢᠶᠠᠵᠤ᠂ 44 ᠬᠠᠤᠯᠢ ᠵᠥᠷᠢᠴᠡᠭᠰᠡᠨ ᠠᠵᠢᠯᠯᠠᠭ᠎ᠠ ᠶᠢ ᠲᠤᠬᠠᠢ ᠶᠢᠨ ᠲᠠᠯᠠᠪᠠᠢ ᠳᠤᠨᠢ ᠴᠡᠭᠴᠡᠯᠡᠨ | ᠵᠠᠯᠠᠷᠠᠭᠤᠯᠪᠠ᠃ | ᠲᠠᠪᠤ᠂ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠢ ᠠᠰᠢᠭᠯᠠᠬᠤ ᠪᠠ ᠣᠷᠴᠢᠨ ᠲᠣᠭᠤᠷᠢᠨ ᠢ | ᠬᠠᠮᠠᠭᠠᠯᠠᠬᠤ ᠠᠵᠢᠯ ᠰᠢᠨ᠎ᠡ ᠠᠬᠢᠴᠠ ᠲᠠᠢ ᠪᠣᠯᠪᠠ᠃ ᠪᠥᠬᠦ ᠣᠷᠣᠨ ᠳᠤ 93 ᠰᠦᠯᠢᠶᠣᠣ ᠪᠥᠷᠬᠦᠭᠦᠯ ᠤᠨ | ᠦᠯᠡᠳᠡᠭᠳᠡᠯ ᠢ ᠬᠢᠨᠠᠨ ᠬᠡᠮᠵᠢᠬᠦ ᠴᠡᠭ ᠢ ᠪᠠᠶᠢᠭᠤᠯᠬᠤ ᠶᠢᠨ ᠬᠠᠮᠲᠤ ᠤᠷᠲᠤ ᠬᠤᠭᠤᠴᠠᠭ᠎ᠠ ᠪᠠᠷ ᠣᠷᠣᠨ ᠲᠣᠭᠲᠠᠭᠠᠨ | ᠬᠢᠨᠠᠨ ᠬᠡᠮᠵᠢᠬᠦ ᠠᠵᠢᠯ ᠢ ᠥᠷᠨᠢᠭᠦᠯᠵᠦ᠂ 90 ᠲᠦᠮᠡᠨ ᠮᠦ ᠰᠦᠯᠢᠶᠣᠣ ᠪᠥᠷᠬᠦᠭᠦᠯ ᠢ ᠬᠤᠷᠢᠶᠠᠨ ᠠᠪᠴᠤ ᠵᠢᠱᠢᠶ᠎ᠡ | ᠦᠵᠡᠭᠦᠯᠦᠨ᠂ ᠲᠠᠷᠢᠶᠠᠯᠠᠩ ᠤᠨ ᠰᠦᠯᠢᠶᠣᠣ ᠪᠥᠷᠬᠦᠭᠦᠯ ᠢ ᠬᠤᠷᠢᠶᠠᠨ ᠠᠪᠴᠤ ᠠᠰᠢᠭᠯᠠᠬᠤ᠂ ᠠᠮᠢᠳᠤ ᠪᠤᠳᠠᠰ ᠤᠨ | ᠵᠠᠳᠠᠷᠠᠯᠳᠤ ᠰᠦᠯᠢᠶᠣᠣ ᠪᠥᠷᠭᠦᠭᠦᠯ ᠤᠨ ᠲᠤᠷᠰᠢᠯᠲᠠ ᠪᠠ ᠰᠦᠯᠢᠶᠣᠣ ᠪᠥᠷᠬᠦᠭᠦᠯ ᠤᠨ ᠦᠯᠡᠳᠡᠭᠳᠡᠯ ᠢ ᠬᠢᠨᠠᠨ ᠬᠡᠮᠵᠢᠬᠦ | ᠪᠠᠷᠢᠮᠵᠢᠶ᠎ᠠ ᠶᠢᠨ ᠵᠠᠭᠪᠤᠷ ᠢ 3 ᠢᠵᠢ ᠪᠠᠶᠢᠭᠤᠯᠵᠤ᠂ ᠤᠯᠤᠰ ᠤᠨ ᠠᠮᠢ ᠠᠬᠤᠶ ᠣᠷᠴᠢᠨ ᠲᠣᠭᠤᠷᠢᠨ ᠤ ᠬᠢᠨᠠᠨ | ᠬᠡᠮᠵᠢᠬᠦ ᠰᠦᠯᠵᠢᠶᠡᠨ ᠤ ᠲᠠᠷᠢᠶᠠᠨ ᠭᠠᠵᠠᠷ ᠤᠨ ᠬᠥᠷᠥᠰᠥ ᠰᠢᠷᠣᠶ ᠶᠢᠨ ᠣᠷᠴᠢᠨ ᠤ ᠶᠠᠰᠤ ᠴᠢᠨᠠᠷ ᠤᠨ ᠬᠤᠪᠢᠶᠠᠷᠢ | ᠰᠦᠯᠵᠢᠶ᠎ᠡ ᠶᠢ ᠪᠠᠶᠢᠭᠤᠯᠵᠤ᠂ 1925 ᠤᠯᠤᠰ ᠤᠨ ᠡᠵᠡᠮᠰᠢᠯ ᠴᠡᠭ ᠢ ᠪᠠᠶᠢᠷᠢᠯᠠᠭᠤᠯᠤᠨ ᠳᠠᠭᠤᠰᠬᠠᠵᠤ᠂ ᠬᠥᠷᠥᠰᠥ | ᠰᠢᠷᠣᠶ ᠪᠠ ᠲᠠᠷᠢᠶᠠᠯᠠᠩ ᠤᠨ ᠪᠦᠲᠦᠭᠡᠭᠳᠡᠬᠦᠨ ᠤ ᠵᠠᠭᠪᠤᠷ ᠢ ᠨᠡᠶᠢᠲᠡ 3850 ᠴᠤᠭᠯᠠᠭᠤᠯᠪᠠ᠃ |