【ᠲᠠᠷᠢᠶᠠᠯᠠᠩ ᠤᠨ ᠮᠠᠰᠢᠨᠴᠢᠯᠠᠯᠲᠠ】2018 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠬᠥᠭᠵᠢᠯᠲᠡ ᠶᠢᠨ ᠲᠣᠶᠢᠮᠣ ᠪᠠᠶᠢᠳᠠᠯ
ᠨᠡᠶᠢᠲᠡᠯᠡᠭᠰᠡᠨ ᠴᠠᠭ᠄
2019/9/2
     2018 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠦᠶᠯᠡᠰ ᠦᠷᠭᠦᠯᠵᠢᠯᠡᠨ ᠡᠷᠡᠭᠦᠯ ᠪᠥᠭᠡᠳ ᠲᠣᠭᠲᠠᠭᠤᠨ ᠢᠶᠠᠷ ᠬᠥᠭᠵᠢᠪᠡ᠃ ᠵᠢᠱᠢᠯᠲᠡ ᠪᠠᠷ ᠪᠦᠬᠦ ᠣᠷᠣᠨ ᠤ ᠲᠠᠷᠢᠶᠠᠯᠠᠩ ᠤᠨ ᠮᠠᠰᠢᠨ ᠤ ᠶᠡᠷᠦᠩᠬᠡᠶ  ᠬᠥᠳᠡᠯᠭᠡᠭᠴᠢ ᠬᠦᠴᠦᠨ 3663.7 ᠲᠦᠮᠡᠨ ᠺᠢᠯᠣᠸᠠᠲ  ᠲᠤ ᠬᠦᠷᠪᠡ᠃ ᠲᠷᠠᠺᠲ᠋ᠣᠷ ᠤᠨ ᠲᠤᠭ᠎ᠠ 117.5 ᠲᠥᠮᠡᠨ ᠰᠠᠭᠤᠷᠢ ᠳᠤ ᠬᠦᠷᠴᠦ᠂ ᠡᠭᠦᠨ ᠳᠤ 20 ᠠᠴᠠ ᠳᠡᠭᠡᠭᠰᠢᠬᠢ ᠮᠤᠷᠢᠨ ᠤ ᠬᠦᠴᠦ ᠲᠠᠢ ᠲᠷᠠᠺᠲ᠋ᠣᠷ ᠨᠢ 82.4 ᠲᠥᠮᠡᠨ ᠰᠠᠭᠤᠷᠢ ᠬᠦᠷᠴᠦ᠂ ᠳᠡᠭᠡᠷ᠎ᠡ ᠵᠢᠯ ᠤᠨ ᠬᠢ  ᠠᠴᠠ 3.4% ᠪᠠᠷ ᠨᠡᠮᠡᠭᠳᠡᠪᠡ᠃ ᠬᠠᠳᠤᠵᠤ ᠬᠤᠷᠢᠶᠠᠬᠤ ᠬᠠᠮᠲᠤᠷᠠᠭᠰᠠᠨ ᠮᠠᠰᠢᠨ ᠰᠢᠨ᠎ᠡ ᠪᠠᠷ 3463 ᠰᠠᠭᠤᠷᠢ ᠨᠡᠮᠡᠭᠳᠡᠵᠦ᠂ ᠨᠡᠶᠢᠲᠡ 3.85  ᠲᠥᠮᠡᠨ ᠰᠠᠭᠤᠷᠢ ᠶᠢ ᠪᠠᠲᠤᠯᠠᠪᠠ᠃ ᠵᠢᠱᠢᠯᠲᠡ ᠪᠠᠷ ᠪᠥᠬᠦ ᠣᠷᠣᠨ ᠤ ᠲᠠᠷᠢᠮᠠᠯ ᠤᠨ ᠮᠠᠰᠢᠨ ᠢᠶᠠᠷ ᠬᠠᠭᠠᠯᠪᠤᠷᠢᠯᠠᠬᠤ᠂ ᠮᠠᠰᠢᠨ ᠢᠶᠠᠷ ᠲᠠᠷᠢᠬᠤ᠂ ᠮᠠᠰᠢᠨ ᠢᠶᠠᠷ ᠬᠤᠷᠢᠶᠠᠬᠤ ᠶᠡᠷᠦᠩᠬᠡᠶᠢᠯᠡᠭᠰᠡᠨ ᠮᠠᠰᠢᠨᠴᠢᠯᠠᠯᠲᠠ  ᠶᠢᠨ ᠬᠢᠷᠢ ᠬᠡᠮᠵᠢᠶ᠎ᠡ 84% ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.5% ᠪᠠᠷ ᠳᠡᠭᠡᠭᠰᠢᠯᠡᠪᠡ᠃ ᠪᠤᠭᠤᠳᠠᠢ᠂ ᠤᠰᠤᠨ ᠲᠤᠲᠤᠷᠭ᠎ᠠ ᠲᠠᠷᠢᠵᠤ ᠬᠤᠷᠢᠶᠠᠬᠤ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠬᠢᠷᠢ ᠬᠡᠮᠵᠢᠶ᠎ᠡ ᠶᠢ ᠦᠷᠭᠦᠯᠵᠢᠯᠡᠨ 95% ᠠᠴᠠ ᠳᠡᠭᠡᠭᠰᠢ ᠪᠠᠶᠢᠬᠤ ᠶᠢ ᠪᠠᠲᠤᠯᠠᠵᠤ᠂ ᠪᠠᠭᠤᠷᠠᠶ ᠭᠤᠭᠴᠤᠭ᠎ᠠ ᠪᠣᠯᠬᠤ ᠡᠷᠳᠡᠨᠢ ᠰᠢᠰᠢ᠂ ᠲᠥᠮᠥᠰᠥ ᠶᠢ ᠮᠠᠰᠢᠨ ᠢᠶᠠᠷ ᠬᠤᠷᠢᠶᠠᠬᠤ ᠬᠢᠷᠢ ᠬᠡᠮᠵᠢᠶ᠎ᠡ ᠲᠤᠰᠪᠥᠷᠢ 72.76% ᠪᠠ 77.9% ᠳᠤ ᠬᠦᠷᠴᠡᠢ᠃ ᠲᠠᠷᠢᠶᠠᠯᠠᠩ ᠤᠨ ᠮᠠᠰᠢᠨᠴᠢᠯᠠᠯᠲᠠ ᠶᠢᠨ ᠰᠢᠨ᠎ᠡ ᠮᠡᠷᠭᠡᠵᠢᠯ ᠤᠨ ᠬᠡᠷᠡᠭᠯᠡᠭᠡ ᠶᠢ ᠤᠯᠠᠮ ᠨᠢᠭᠡ ᠠᠯᠬᠤᠮ ᠥᠷᠭᠡᠳᠬᠡᠪᠡ᠃ ᠪᠥᠬᠦ ᠣᠷᠣᠨ ᠳᠤ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢᠨ ᠲᠠᠯᠠᠪᠠᠢ 2102.4 ᠲᠦᠮᠡᠨ ᠮᠦ᠂ ᠭᠦᠨ ᠬᠠᠭᠠᠯᠠᠪᠥᠷᠢᠯᠡᠵᠦ ᠲᠡᠭᠰᠢᠯᠡᠭᠰᠡᠨ ᠭᠠᠵᠠᠷ 1613.05 ᠲᠦᠮᠡᠨ ᠮᠦ᠃ ᠮᠠᠰᠢᠨᠴᠢᠯᠠᠭᠰᠠᠨ ᠨᠠᠷᠢᠯᠢᠭ ᠬᠡᠮᠵᠢᠶ᠎ᠡ ᠪᠠᠷ ᠲᠠᠷᠢᠬᠤ᠂ ᠤᠰᠤ ᠠᠷᠪᠢᠯᠠᠬᠤ ᠤᠰᠤᠯᠠᠯᠲᠠ᠂ ᠡᠰᠢ ᠰᠦᠷᠡᠯ ᠢ ᠲᠠᠷᠢᠶᠠᠨ ᠭᠠᠵᠠᠷ ᠲᠤᠨᠢ ᠪᠣᠴᠠᠭᠠᠬᠤ ᠵᠡᠷᠭᠡ ᠰᠢᠨ᠎ᠡ ᠮᠡᠷᠭᠡᠵᠢᠯ ᠢ ᠳᠡᠯᠭᠡᠷᠡᠭᠦᠯᠦᠭᠰᠡᠨ ᠲᠠᠯᠠᠪᠠᠢ 7027.4 ᠲᠦᠮᠡᠨ ᠮᠦ᠂ 2899.45 ᠲᠦᠮᠡᠨ ᠮᠦ ᠪᠠ 2839.73 ᠲᠦᠮᠡᠨ ᠮᠦ ᠳᠤ ᠬᠥᠷᠴᠠᠢ᠃ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ ᠦᠶᠯᠡᠴᠢᠯᠡᠭᠡ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠪᠠ᠃ ᠪᠦᠬᠦ ᠣᠷᠣᠨ ᠤ ᠲᠠᠷᠢᠶᠠᠯᠠᠩ ᠤᠨ ᠮᠠᠰᠢᠨ ᠤ ᠲᠤᠰᠬᠠᠶᠢᠵᠢᠭᠰᠠᠨ ᠬᠤᠷᠰᠢᠶᠠᠵᠢᠯ 2739 ᠡᠷᠦᠬᠡ ᠳᠤ ᠬᠦᠷᠴᠦ᠂ ᠳᠡᠭᠡᠷ᠎ᠡ ᠵᠢᠯ ᠤᠨ ᠬᠢ ᠠᠴᠠ 218 ᠡᠷᠦᠬᠡ ᠨᠡᠮᠡᠭᠳᠡᠭᠰᠡᠨ ᠪᠠᠶᠢᠨ᠎ᠠ᠃ ᠲᠠᠷᠢᠶᠠᠯᠠᠩ  ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠦᠷ᠎ᠡ ᠪᠦᠲᠦᠮᠵᠢ ᠨᠢ ᠲᠤᠩ ᠰᠠᠶᠢᠨ᠃ 2018 ᠣᠨ ᠳᠤ᠂ ᠲᠥᠪ ᠤᠨ ᠡᠳ᠋ ᠤᠨ ᠵᠠᠰᠠᠭ ᠠᠴᠠ ᠮᠠᠨ ᠤ ᠣᠷᠣᠨ ᠳᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠶᠢᠨ ᠮᠥᠩᠭᠦ 13.879 ᠳ᠋ᠦᠩᠰᠢᠭᠤᠷ ᠲᠥᠭᠦᠷᠢᠭ ᠲᠣᠬᠢᠷᠠᠭᠤᠯᠵᠤ ᠥᠭᠪᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 5153 ᠲᠦᠮᠡᠨ ᠲᠥᠭᠦᠷᠢᠭ ᠤᠨ ᠮᠠᠰᠢᠨ ᠬᠤᠳᠠᠯᠳᠤᠨ ᠠᠪᠬᠤ ᠨᠡᠮᠡᠨ ᠨᠥᠬᠦᠪᠥᠷᠢᠯᠡᠬᠦ ᠨᠥᠬᠦᠪᠥᠷᠢ ᠶᠢᠨ ᠪᠡᠯᠡ ᠮᠥᠩᠭᠦ ᠲᠤᠬᠢᠷᠠᠭᠤᠯᠵᠠᠢ᠃ᠪᠥᠬᠦ ᠣᠷᠣᠨ ᠳᠤ ᠨᠡᠶᠢᠲᠡ 6.42 ᠲᠦᠮᠡᠨ ᠰᠠᠭᠤᠷᠢ ᠮᠠᠰᠢᠨ ᠳᠤ ᠨᠥᠬᠦᠪᠥᠷᠢ ᠥᠭᠴᠦ᠂ 5.22 ᠲᠥᠮᠡᠨ ᠮᠠᠯᠵᠢᠬᠤ ᠲᠠᠷᠢᠶᠠᠯᠠᠬᠤ ᠡᠷᠦᠬᠡ ᠠᠰᠢᠭ ᠬᠦᠷᠲᠡᠪᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号