【ᠠᠲᠠᠷ ᠬᠠᠭᠠᠯᠪᠤᠷᠢᠯᠠᠯᠲᠠ】2018 ᠣᠨ ᠤ ᠥᠪᠥᠷ ᠮᠣᠩᠭᠤᠯ ᠤᠨ ᠠᠲᠠᠷ ᠬᠠᠭᠠᠯᠪᠤᠷᠢᠯᠠᠯᠲᠠ ᠶᠢᠨ ᠬᠥᠭᠵᠢᠯᠲᠡ ᠶᠢᠨ ᠲᠣᠶᠢᠮᠣ ᠪᠠᠶᠢᠳᠠᠯ
ᠨᠡᠶᠢᠲᠡᠯᠡᠭᠰᠡᠨ ᠴᠠᠭ᠄
2019/9/3
     ᠨᠢᠭᠡ᠂ ᠦᠨᠳᠦᠰᠦᠨ ᠪᠠᠶᠢᠳᠠᠯ      ᠥᠪᠥᠷ ᠮᠣᠩᠭᠤᠯ ᠤᠨ ᠠᠲᠠᠷ ᠬᠠᠭᠠᠯᠪᠤᠷᠢᠯᠠᠯᠲᠠ ᠨᠢ ᠣᠳᠣᠬᠠᠨ ᠳᠤ ᠤᠯᠤᠰ ᠤᠨ  ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠢ 104 ᠪᠠᠶᠢᠵᠤ᠂ 10 ᠠᠶᠢᠮᠠᠭ ᠬᠤᠲᠠ ︵ᠬᠥᠬᠡᠬᠤᠲᠠ᠂ ᠦᠬᠠᠶ ᠬᠤᠲᠠ ᠠᠴᠠ ᠭᠠᠳᠠᠨ᠎ᠠ︶᠂ 46 ᠬᠤᠰᠢᠭᠤ ᠰᠢᠶᠠᠨ ᠬᠤᠲᠠ ᠲᠣᠭᠤᠷᠢᠭ ᠲᠤ ᠲᠠᠷᠬᠠᠵᠤ ᠪᠣᠶ᠃ ᠬᠠᠮᠢᠶᠠᠷᠤᠯᠲᠠ ᠶᠢᠨ ᠪᠠᠶᠢᠭᠤᠯᠤᠯ  ᠤᠨ ᠲᠠᠯ᠎ᠠ ᠪᠠᠷ ᠠᠶᠢᠮᠠᠭ ᠬᠤᠲᠠ ᠪᠣᠯᠤᠨ ᠬᠤᠰᠢᠭᠤ ᠰᠢᠶᠠᠨ ᠬᠤᠶᠠᠷ ᠱᠠᠲᠤᠨ ᠤ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠶᠢ ᠬᠡᠷᠡᠭᠵᠢᠭᠦᠯᠵᠦ ᠪᠤᠢ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠳᠤ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠢ ᠪᠠᠶᠢᠬᠤ ᠦᠭᠡᠢ᠃ ᠠᠶᠢᠮᠠᠭ ᠬᠤᠲᠠ ᠶᠢᠨ ᠨᠢᠭᠡᠳᠦᠭᠡᠷ ᠲᠡᠰ ᠤᠨ ᠬᠠᠮᠢᠶᠠᠷᠤᠯᠲᠠ ᠳᠤ 37 ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠢ ᠲᠠᠢ᠃ ᠬᠤᠰᠢᠭᠤ ᠰᠢᠶᠠᠨ ᠤ ᠨᠢᠭᠡᠳᠦᠭᠡᠷ ᠳᠡᠰ ᠤᠨ ᠬᠠᠮᠢᠶᠠᠷᠤᠯᠲᠠ ᠳᠤ 67 ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠢ ᠲᠠᠢ᠃      ᠬᠤᠶᠠᠷ᠂ ᠠᠲᠠᠷ ᠬᠠᠭᠠᠯᠪᠤᠷᠢᠯᠠᠯᠲᠠ ᠶᠢᠨ ᠥᠭᠡᠷᠡᠴᠢᠯᠡᠯᠲᠡ ᠶᠢᠨ ᠪᠠᠶᠢᠳᠠᠯ      ᠨᠢᠭᠡ ᠳᠤ᠂ ᠠᠲᠠᠷ ᠬᠠᠭᠠᠯᠪᠤᠷᠢᠯᠠᠯᠲᠠ ᠶᠢᠨ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠢ  ᠶᠢᠨ ᠨᠡᠶᠢᠭᠡᠮ ᠤᠨ ᠦᠶᠯᠡᠰ ᠡᠷᠬᠢᠯᠡᠬᠦ ᠡᠭᠦᠷᠭᠡ ᠴᠢᠳᠠᠪᠬᠢ ᠶᠢᠨ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠪᠡ᠃ 2018 ᠣᠨ ᠤ 11 ᠰᠠᠷ᠎ᠠ ᠶᠢᠨ 10 ᠤ ᠡᠳᠦᠷ ᠪᠣᠯᠲᠠᠯ᠎ᠠ᠂ ᠮᠠᠨ ᠤ ᠣᠷᠣᠨ ᠤ ᠠᠲᠠᠷ ᠬᠠᠭᠠᠯᠪᠤᠷᠢᠯᠠᠯᠲᠠ ᠶᠢᠨ 104 ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠢ ᠶᠢᠨ ᠡᠭᠦᠷᠭᠡᠯᠡᠵᠦ ᠪᠦᠬᠦᠢ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠬᠤᠷᠢᠶ᠎ᠠ᠂ ᠰᠠᠭᠤᠷᠢ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ ᠪᠣᠯᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠨᠡᠶᠢᠭᠡᠮ ᠤᠨ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠵᠡᠷᠭᠡ ᠡᠭᠦᠷᠭᠡ ᠴᠢᠳᠠᠪᠬᠢ ᠶᠢ ᠪᠦᠬᠦᠨ ᠢ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠮᠢᠶᠠᠷᠤᠯᠲᠠ ᠳᠤ ᠣᠷᠣᠭᠤᠯᠪᠠ᠃ ᠬᠤᠶᠠᠷ ᠲᠤ᠂ ᠠᠲᠠᠷ ᠬᠠᠭᠠᠯᠪᠤᠷᠢᠯᠠᠯᠲᠠ  ᠶᠢᠨ ᠭᠠᠵᠠᠷ ᠰᠢᠷᠣᠶ ᠶᠢᠨ ᠡᠷᠬᠡ ᠶᠢ ᠨᠤᠲᠠᠯᠠᠨ ᠳᠠᠩᠰᠠᠯᠠᠨ ᠦᠨᠡᠮᠯᠡᠯ ᠣᠯᠭᠤᠬᠤ ᠠᠵᠢᠯ ᠢ ᠤᠷᠤᠭᠰᠢᠲᠠᠢ ᠪᠡᠶᠡᠯᠡᠭᠦᠯᠪᠡ᠃ 2018 ᠣᠨ ᠤ ᠰᠡᠭᠦᠯᠴᠢ ᠪᠣᠯᠬᠤ ᠳᠤ᠂ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠪᠦᠷᠢᠳᠬᠡᠯ ᠢ ᠦᠨᠳᠦᠰᠦᠯᠡᠪᠡᠯ᠂ ᠪᠦᠬᠦ ᠣᠷᠣᠨ ᠤ ᠡᠷᠬᠡ ᠶᠢᠨ ᠬᠠᠷᠢᠶ᠎ᠠ ᠶᠢᠨ ᠪᠠᠶᠢᠴᠠᠭᠠᠯᠲᠠ  ᠶᠢᠨ ᠲᠠᠯᠠᠪᠠᠢ 4854.05 ᠲᠦᠮᠡᠨ ᠮᠦ᠂ ᠪᠦᠬᠦ ᠣᠷᠣᠨ ᠤ ᠠᠲᠠᠷ ᠬᠠᠭᠠᠯᠪᠤᠷᠢᠯᠠᠯᠲᠠ ᠶᠢᠨ ᠡᠷᠬᠡ ᠶᠢ ᠨᠤᠲᠠᠯᠠᠨ ᠳᠠᠩᠰᠠᠯᠠᠵᠤ ᠦᠨᠡᠮᠯᠡᠯ ᠤᠯᠭᠤᠭᠰᠠᠨ ᠲᠠᠯᠠᠪᠠᠢ 4226.44 ᠲᠦᠮᠡᠨ ᠮᠦ ᠶᠢ ᠪᠡᠶᠡᠯᠡᠭᠦᠯᠵᠦ᠂ ᠳᠠᠩᠰᠠᠯᠠᠨ ᠦᠨᠡᠮᠯᠡᠯ ᠣᠯᠭᠤᠬᠤ ᠨᠣᠷᠮ᠎ᠠ 91.41% ᠳᠤ ᠬᠦᠷᠴᠦ᠂ ᠤᠯᠤᠰ ᠠᠴᠠ ᠳᠠᠭᠠᠯᠭᠠᠭᠰᠠᠨ ᠠᠲᠠᠷ ᠬᠠᠭᠠᠯᠪᠤᠷᠢᠯᠠᠯᠲᠠ ᠶᠢᠨ ᠭᠠᠵᠠᠷ ᠰᠢᠷᠣᠶ ᠶᠢᠨ ᠡᠷᠬᠡ ᠶᠢ ᠨᠤᠲᠠᠯᠠᠨ ᠳᠠᠩᠰᠠᠯᠠᠵᠤ ᠦᠨᠡᠮᠯᠡᠯ ᠣᠯᠭᠤᠬᠤ ᠡᠭᠦᠷᠭᠡ ᠶᠢ ᠨᠢᠭᠡᠨᠲᠡ ᠪᠡᠶᠡᠯᠡᠭᠦᠯᠵᠡᠶ᠃ ᠭᠤᠷᠪᠠ ᠳᠤ᠂ ᠠᠲᠠᠷ ᠬᠠᠭᠠᠯᠪᠤᠷᠢᠯᠠᠯᠲᠠ ᠶᠢᠨ ᠣᠷᠣᠨ ᠢ ᠪᠥᠯᠦᠭᠯᠡᠯᠵᠢᠭᠦᠯᠬᠦ᠂ ᠲᠠᠷᠢᠶᠠᠯᠠᠩ ᠮᠠᠯ ᠠᠵᠤ ᠠᠬᠤᠢ ᠶᠢᠨ ᠲᠠᠯᠠᠪᠠᠢ ᠶᠢ ᠠᠵᠤ ᠠᠬᠤᠶᠢᠴᠢᠯᠠᠬᠤ ᠥᠭᠡᠷᠡᠴᠢᠯᠡᠯᠲᠡ ᠢᠳᠡᠪᠬᠢᠲᠡᠢ ᠠᠬᠢᠴᠠ ᠲᠠᠢ ᠪᠣᠯᠪᠠ᠃ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ᠂ ᠥᠭᠡᠷᠡᠴᠢᠯᠡᠯᠲᠡ ᠶᠢ ᠲᠥᠷᠥᠯ ᠬᠤᠪᠢᠶᠠᠨ ᠲᠦᠯᠬᠢᠨ ᠠᠬᠢᠭᠤᠯᠬᠤ ᠶᠢ ᠪᠠᠷᠢᠮᠲᠠᠯᠠᠵᠤ᠂ ᠠᠲᠠᠷ ᠬᠠᠭᠠᠯᠪᠤᠷᠢᠯᠠᠯᠲᠠ ᠶᠢᠨ ᠣᠷᠣᠨ ᠢ ᠪᠥᠯᠦᠭᠯᠡᠯᠵᠢᠭᠦᠯᠬᠦ᠂ ᠲᠠᠷᠢᠶᠠᠯᠠᠩ ᠮᠠᠯ ᠠᠵᠤ ᠠᠬᠤᠢ ᠶᠢᠨ ᠲᠠᠯᠠᠪᠠᠢ ᠶᠢ ᠠᠵᠤ  ᠠᠬᠤᠶᠢᠴᠢᠯᠠᠬᠤ ᠥᠭᠡᠷᠡᠴᠢᠯᠡᠯᠲᠡ ᠪᠦᠲᠦᠮᠵᠢᠲᠡᠶ ᠠᠬᠢᠴᠠ ᠲᠠᠢ ᠪᠣᠯᠪᠠ᠃      ᠭᠤᠷᠪᠠ᠂ ᠠᠲᠠᠷ ᠬᠠᠭᠠᠯᠪᠤᠷᠢᠯᠠᠯᠲᠠ ᠶᠢᠨ ᠣᠷᠣᠨ ᠤ ᠬᠥᠭᠵᠢᠯᠲᠡ ᠶᠢᠨ ᠪᠠᠶᠢᠳᠠᠯ      ᠠᠵᠤ ᠠᠬᠤᠶ ᠨᠡᠶᠢᠭᠡᠮ ᠤᠨ ᠠᠵᠢᠯᠯᠠᠭᠠᠨ ᠦᠷᠭᠦᠯᠵᠢᠯᠡᠨ ᠰᠠᠶᠢᠵᠢᠷᠠᠪᠠ᠃ ᠵᠢᠱᠢᠯᠲᠡ ᠪᠠᠷ ᠦᠢᠯᠡᠳᠪᠦᠷᠢᠯᠡᠯ  ᠤᠨ ᠶᠡᠷᠦᠩᠬᠡᠢ ᠥᠷᠲᠡᠭ ᠢ 126.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ 7.6% ᠪᠠᠷ ᠨᠡᠮᠡᠭᠳᠡᠵᠡᠢ᠃ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠲᠤᠰᠪᠥᠷᠢ 68.5 ᠳ᠋ᠦᠩᠰᠢᠭᠤᠷ ᠲᠥᠭᠦᠷᠢᠭ᠂ 29.8 ᠳ᠋ᠦᠩᠰᠢᠭᠤᠷ ᠲᠥᠭᠦᠷᠢᠭ᠂ 28.5 ᠳ᠋ᠦᠩᠰᠢᠭᠤᠷ ᠲᠥᠭᠦᠷᠢᠭ ᠲᠤ ᠬᠦᠷᠴᠦ᠂ ᠴᠥᠮ ᠨᠡᠮᠡᠭᠳᠡᠯ ᠲᠠᠢ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠲᠣᠭᠲᠠᠭᠤᠨ ᠢᠶᠠᠷ ᠬᠥᠭᠵᠢᠬᠦ ᠶᠢ ᠪᠠᠲᠤᠯᠠᠪᠠ᠃ 2018 ᠣᠨ ᠳᠤ᠂ ᠪᠦᠬᠦ ᠰᠢᠰᠲ᠋ᠧᠮ ᠤᠨ ᠲᠠᠷᠢᠮᠠᠯ ᠵᠦᠢᠯᠡᠰ ᠤᠨ ᠲᠠᠷᠢᠶᠠᠯᠠᠭ᠎ᠠ ᠶᠢᠨ ᠶᠡᠷᠦᠩᠬᠡᠶ ᠲᠠᠯᠠᠪᠠᠢ 1023 ᠲᠦᠮᠡᠨ ᠮᠦ ᠳᠤ ᠬᠦᠷᠴᠦ᠂ ᠡᠭᠦᠨ ᠳᠤ ᠠᠮᠤ ᠪᠤᠳᠠᠭᠠᠨ ᠤ ᠲᠠᠷᠢᠮᠠᠯ ᠤᠨ ᠲᠠᠷᠢᠶᠠᠯᠠᠭ᠎ᠠ ᠶᠢᠨ ᠲᠠᠯᠠᠪᠠᠢ 711 ᠲᠦᠮᠡᠨ ᠮᠦ ᠳᠤ ᠬᠦᠷᠴᠦ᠂ ᠲᠣᠰᠣᠯᠢᠭ ᠲᠠᠷᠢᠮᠠᠯ ᠤᠨ ᠲᠠᠷᠢᠶᠠᠯᠠᠭ᠎ᠠ ᠶᠢᠨ ᠲᠠᠯᠠᠪᠠᠢ183 ᠲᠦᠮᠡᠨ ᠮᠦ ᠳᠤ ᠬᠦᠷᠴᠡᠶ᠃ ᠠᠮᠤ ᠪᠤᠳᠠᠭᠠᠨ ᠤ ᠶᠡᠷᠦᠩᠬᠡᠶ ᠤᠨᠠᠯᠲᠠ ᠵᠢᠱᠢᠯᠲᠡ ᠪᠠᠷ 40 ᠳ᠋ᠦᠩᠰᠢᠭᠤᠷ ᠵᠢᠩ ᠳᠤ ᠬᠦᠷᠴᠦ᠂ 15.3% ᠪᠠᠷ ᠨᠡᠮᠡᠭᠳᠡᠵᠦ᠂ ᠲᠤᠰᠤᠯᠢᠭ ᠲᠠᠷᠢᠮᠠᠯ ᠤᠨ ᠶᠡᠷᠦᠩᠬᠡᠶ ᠤᠨᠠᠯᠲᠠ ᠵᠢᠱᠢᠯᠲᠡ ᠪᠠᠷ 5 ᠳ᠋ᠦᠩᠰᠢᠭᠤᠷ ᠵᠢᠩ  ᠳᠤ ᠬᠦᠷᠴᠦ᠂ 8.6% ᠪᠠᠷ ᠨᠡᠮᠡᠭᠳᠡᠨ᠎ᠡ᠃ ᠲᠠᠷᠢᠶᠠᠯᠠᠩ ᠤᠨ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠬᠡᠮᠵᠢᠶ᠎ᠡ 92% ᠲᠤ ᠬᠦᠷᠴᠦ᠂ ᠪᠥᠬᠦ ᠣᠷᠣᠨ ᠤ ᠬᠢ ᠠᠴᠠ 8.5% ᠥᠨᠳᠦᠷ᠃ ᠲᠠᠷᠢᠶᠠᠨ ᠭᠠᠵᠠᠷ ᠤᠨ ᠪᠦᠲᠦᠮᠵᠢᠲᠡᠶ ᠤᠰᠤᠯᠠᠯᠲᠠ ᠶᠢᠨ ᠲᠠᠯᠠᠪᠠᠢ 285 ᠲᠦᠮᠡᠨ ᠮᠦ ᠪᠠᠶᠢᠵᠤ᠂ ᠶᠡᠷᠦᠩᠬᠡᠶ ᠤᠰᠤᠯᠠᠯᠲᠠ ᠶᠢᠨ 27% ᠶᠢ ᠡᠵᠡᠯᠡᠨ᠎ᠡ᠃ ᠮᠠᠯᠵᠢᠯ ᠤᠨ ᠣᠨ ᠤ ᠪᠦᠷᠢᠳᠬᠡᠯ ᠢ ᠦᠨᠳᠦᠰᠦᠯᠡᠪᠡᠯ᠂ ᠮᠠᠯ ᠤᠨ  ᠵᠤᠭᠰᠤᠭ᠎ᠠ ᠲᠤᠭ᠎ᠠ 410 ᠲᠦᠮᠡᠨ ᠲᠤᠯᠤᠭᠠᠢ  ᠳᠤ ᠬᠦᠷᠴᠦ᠂ ᠳᠡᠭᠡᠷ᠎ᠡ ᠵᠢᠯ ᠤᠨ ᠬᠢ ᠲᠠᠢ ᠦᠨᠳᠦᠰᠦᠨ ᠳᠡᠭᠡᠨ ᠠᠳᠠᠯᠢ᠂ ᠡᠭᠦᠨ ᠳᠤ ᠬᠤᠨᠢᠨ ᠤ ᠵᠤᠭᠰᠤᠭ᠎ᠠ ᠲᠤᠭ᠎ᠠ 270.8  ᠲᠦᠮᠡᠨ ᠲᠤᠯᠤᠭᠠᠢ ᠳᠤ ᠬᠦᠷᠴᠡᠶ᠃ ᠪᠦᠬᠦ ᠵᠢᠯ ᠤᠨ ᠮᠢᠬᠠᠨ ᠤ ᠲᠥᠷᠥᠯ ᠤᠨ ᠶᠡᠷᠦᠩᠬᠡᠶ ᠭᠠᠷᠤᠯᠲᠠ ᠵᠢᠱᠢᠯᠲᠡ ᠪᠠᠷ 9 ᠲᠦᠮᠡᠨ ᠲᠣᠨ ᠳᠤ ᠬᠦᠷᠴᠦ᠂ ᠳᠡᠭᠡᠷ᠎ᠡ ᠵᠢᠯ ᠤᠨ ᠬᠢ ᠲᠠᠢ  ᠠᠳᠠᠯᠢ ᠪᠠᠶᠢᠵᠤ᠂ ᠦᠨᠢᠶᠡᠨ ᠰᠦ  ᠶᠢᠨ ᠭᠠᠷᠤᠯᠲᠠ 14 ᠲᠦᠮᠡᠨ ᠲᠣᠨ ᠳᠤ ᠬᠦᠷᠴᠦ᠂ 7.6% ᠪᠠᠷ ᠨᠡᠮᠡᠭᠳᠡᠨ᠎ᠡ᠃ ᠲᠠᠷᠢᠶᠠᠯᠠᠩ ᠮᠠᠯ ᠠᠵᠤ ᠠᠬᠤᠢ  ᠶᠢᠨ ᠦᠢᠯᠡᠳᠪᠦᠷᠢᠯᠡᠯ ᠤᠨ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠴᠢᠩᠭᠠᠳᠬᠠᠭᠳᠠᠪᠠ᠃ ᠨᠢᠭᠡ ᠳᠤ᠂ ᠰᠢᠷ᠎ᠠ ᠪᠤᠷᠴᠠᠭ ᠤᠨ ᠲᠠᠷᠢᠶᠠᠯᠠᠭ᠎ᠠ ᠶᠢᠨ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠤᠶᠠᠷ ᠲᠤ᠂ ᠡᠷᠳᠡᠨᠢ ᠰᠢᠰᠢ ᠶᠢᠨ ᠲᠠᠷᠢᠶᠠᠯᠠᠭ᠎ᠠ ᠶᠢᠨ ᠪᠠᠷᠢᠮᠵᠢᠶᠠᠵᠢᠯ ᠢ ᠲᠦᠯᠬᠢᠨ ᠠᠬᠢᠭᠤᠯᠪᠠ᠃ ᠭᠤᠷᠪᠠ ᠳᠤ᠂ ᠮᠠᠯ ᠠᠵᠤ ᠠᠬᠤᠢ ᠶᠢᠨ ᠪᠠᠷᠢᠮᠵᠢᠶᠠᠵᠢᠭᠰᠠᠨ  ᠲᠡᠵᠢᠭᠡᠯᠭᠡ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠪᠠ᠃ ᠰᠠᠴᠤᠷᠠᠭᠯᠠᠨ ᠳᠠᠶᠢᠴᠢᠯᠠᠬᠤ ᠦᠶᠯᠡᠳᠦᠯ ᠡᠳᠦᠷ ᠢᠷᠡᠬᠦᠶ᠎ᠡ ᠴᠢᠩᠭᠠᠷᠠᠵᠠᠢ᠃ 2018 ᠣᠨ ᠳᠤ᠂ ᠦᠶᠯᠡᠳᠪᠦᠷᠢᠯᠡᠯ  ᠤᠨ ᠮᠡᠷᠭᠡᠵᠢᠯ ᠢ ᠭᠠᠳᠠᠭᠰᠢ ᠭᠠᠷᠭᠠᠬᠤ ᠪᠠ ᠮᠡᠷᠭᠡᠵᠢᠯ ᠤᠨ ᠦᠶᠯᠡᠴᠢᠯᠡᠭᠡ ᠥᠷᠨᠢᠭᠦᠯᠬᠦ ᠪᠠᠷ ᠳᠠᠮᠵᠢᠨ᠂ 200 ᠲᠦᠮᠡᠨ ᠮᠦ ᠲᠠᠷᠢᠶᠠᠯᠠᠭ᠎ᠠ ᠶᠢᠨ ᠲᠠᠯᠠᠪᠠᠢ ᠶᠢ ᠬᠠᠮᠤᠷᠴᠤ᠂ ᠵᠢᠵᠢᠭ ᠲᠠᠷᠢᠶᠠᠴᠢᠨ ᠡᠷᠦᠬᠡ ᠶᠢᠨ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠠᠢ᠃ 100 ᠭᠠᠷᠤᠶ ᠢᠵᠢ ᠲᠣᠮᠣ ᠬᠡᠯᠪᠡᠷᠢ ᠶᠢᠨ ᠲᠠᠷᠢᠶᠠᠯᠠᠩ  ᠤᠨ ᠮᠠᠰᠢᠨ ᠬᠠᠩᠭᠠᠬᠤ ᠪᠠᠷ ᠳᠠᠮᠵᠢᠨ ᠣᠷᠣᠨ ᠠᠯᠤᠰᠯᠠᠨ ᠠᠵᠢᠯᠯᠠᠬᠤ ᠠᠵᠢᠯᠯᠠᠭ᠎ᠠ ᠥᠷᠨᠢᠭᠦᠯᠵᠦ᠂ ᠠᠵᠢᠯᠯᠠᠭᠰᠠᠨ ᠲᠠᠯᠠᠪᠠᠢ ᠨᠢ 100 ᠲᠦᠮᠡᠨ ᠮᠦ ᠠᠴᠠ ᠳᠡᠭᠡᠭᠰᠢ ᠳᠤ ᠬᠦᠷᠴᠦ᠂ ᠵᠢᠵᠢᠭ ᠲᠠᠷᠢᠶᠠᠴᠢᠨ ᠡᠷᠦᠬᠡ ᠶᠢᠨ ᠪᠠᠷᠢᠮᠵᠢᠶᠠᠵᠢᠭᠰᠠᠨ ᠦᠶᠯᠡᠳᠪᠦᠷᠢᠯᠡᠯ ᠢ ᠳᠠᠶᠢᠴᠢᠯᠠᠨ᠂ ᠭᠠᠵᠠᠷ ᠰᠢᠷᠣᠶ ᠶᠢᠨ ᠭᠠᠷᠤᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠂ ᠣᠷᠣᠯᠭ᠎ᠠ ᠶᠢ ᠨᠢ ᠨᠡᠮᠡᠭᠳᠡᠭᠦᠯᠪᠡ᠃ ᠠᠲᠠᠷ ᠬᠠᠭᠠᠯᠪᠤᠷᠢᠯᠠᠯᠲᠠ ᠶᠢᠨ ᠣᠷᠣᠨ ᠤ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠢᠳᠡᠭ ᠢᠳᠡᠭ ᠢᠶᠠᠷ ᠰᠠᠶᠢᠵᠢᠷᠠᠪᠠ᠃ ᠠᠩᠬ᠎ᠠ ᠠᠯᠬᠤᠮ ᠤᠨ ᠪᠦᠷᠢᠳᠬᠡᠯ ᠢ ᠦᠨᠳᠦᠰᠦᠯᠡᠪᠡᠯ᠂ 2018 ᠣᠨ ᠤ ᠡᠴᠦᠰ ᠲᠤ ᠪᠥᠬᠦ ᠣᠷᠣᠨ ᠤ ᠠᠲᠠᠷ ᠬᠠᠭᠠᠯᠪᠤᠷᠢᠯᠠᠯᠲᠠ ᠶᠢᠨ ᠠᠵᠤ ᠠᠬᠤᠶᠢᠯᠠᠯ ᠤᠨ ᠣᠳᠣ ᠶᠢᠨ ᠪᠠᠶᠢᠭ᠎ᠠ ᠠᠵᠢᠯᠲᠠᠨ ᠪᠦᠬᠦᠨ ᠴᠦᠮ ᠨᠠᠰᠤᠵᠢᠯ ᠤᠨ ᠠᠰᠠᠷᠠᠮᠵᠢ ᠶᠢᠨ ᠳᠠᠭᠠᠳᠬᠠᠯ  ᠳᠤ ᠣᠷᠣᠯᠴᠠᠵᠤ᠂ ᠡᠭᠦᠨ ᠳᠤ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠨᠢ 92.8% ᠪᠣᠯᠵᠠᠢ᠃ ᠠᠵᠢᠯ ᠠᠴᠠ ᠪᠠᠨ ᠠᠮᠠᠷᠠᠭᠰᠠᠨ ᠬᠥᠮᠦᠰ ᠢ ᠪᠦᠬᠦᠨ ᠢ ᠨᠠᠰᠤᠵᠢᠯ  ᠤᠨ ᠠᠰᠠᠷᠠᠮᠵᠢ ᠶᠢᠨ ᠳᠠᠭᠠᠳᠬᠠᠯ ᠤᠨ ᠨᠢᠭᠡᠳᠦᠯᠲᠡᠶ ᠲᠥᠯᠦᠪᠯᠡᠯᠭᠡᠨ ᠳᠤ ᠣᠷᠣᠭᠤᠯᠵᠤ᠂ ᠠᠵᠢᠯ ᠠᠴᠠ ᠪᠠᠨ ᠠᠮᠠᠷᠠᠭᠰᠠᠨ ᠴᠠᠯᠢᠩ ᠮᠥᠩᠭᠦ ᠶᠢ ᠲᠤᠬᠠᠶ ᠶᠢᠨ ᠭᠠᠵᠠᠷ ᠤᠨ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠲᠤᠭ᠎ᠠ ᠶᠣᠰᠣᠭᠠᠷ ᠨᠢ ᠣᠯᠭᠤᠪᠠ᠃ ᠠᠲᠠᠷ ᠬᠠᠭᠠᠯᠪᠤᠷᠢᠯᠠᠯᠲᠠ ᠶᠢᠨ ᠣᠷᠣᠨ ᠤ ᠶᠠᠰᠤ ᠴᠢᠨᠠᠷ ᠢ ᠮᠥᠷᠳᠡᠨ  ᠪᠠᠶᠢᠴᠠᠭᠠᠬᠤ ᠠᠵᠢᠯ ᠢ ᠡᠮᠬᠢ ᠵᠢᠷᠤᠮ ᠲᠠᠢ ᠥᠷᠨᠢᠭᠦᠯᠪᠡ᠃ 2018 ᠣᠨ ᠳᠤ᠂ ᠮᠠᠨ ᠤ ᠣᠷᠣᠨ ᠤ ᠠᠲᠠᠷ ᠬᠠᠭᠠᠯᠪᠤᠷᠢᠯᠠᠯᠲᠠ ᠶᠢᠨ ᠶᠠᠰᠤ ᠴᠢᠨᠠᠷ ᠢ ᠮᠥᠷᠳᠡᠨ ᠪᠠᠶᠢᠴᠠᠭᠠᠬᠤ ᠲᠥᠷᠥᠯ ᠵᠦᠶᠯ ᠨᠢ 5 ᠲᠥᠷᠦᠯ ᠵᠥᠢᠯ ᠤᠨ ᠪᠠᠶᠢᠭᠤᠯᠭ᠎ᠠ ᠨᠢᠭᠡᠴᠢ ᠶᠢ ᠰᠢᠯᠭᠠᠨ ᠠᠪᠬᠤ ᠳᠤ ᠬᠢᠷᠢ ᠲᠡᠩᠴᠡᠭᠰᠡᠨ ᠰᠠᠭᠤᠷᠢᠨ ᠳᠡᠭᠡᠷ᠎ᠡ᠂ 3 ᠲᠥᠷᠥᠯ ᠵᠦᠶᠯ ᠤᠨ ᠪᠦᠲᠦᠭᠡᠨ ᠪᠠᠶᠢᠭᠤᠯᠬᠤ ᠪᠠᠶᠢᠭᠤᠯᠭ᠎ᠠ ᠨᠢᠭᠡᠴᠢ ᠶᠢ ᠰᠢᠨ᠎ᠡ ᠪᠠᠷ ᠨᠡᠮᠡᠵᠠᠢ᠃ 2018 ᠣᠨ ᠤ 11 ᠰᠠᠷ᠎ᠠ ᠳᠤ᠂ ᠮᠠᠨ  ᠤ ᠣᠷᠣᠨ ᠤ 9 ᠠᠲᠠᠷ ᠬᠠᠭᠠᠯᠪᠤᠷᠢᠯᠠᠯᠲᠠ ᠶᠢᠨ ᠠᠵᠤ ᠠᠬᠤᠶᠢᠯᠠᠯ ᠨᠢ ᠥᠪᠥᠷ ᠮᠣᠩᠭᠤᠯ ᠤᠨ ᠦᠵᠡᠭᠦᠯᠦᠯᠭᠡ ᠶᠢᠨ ᠪᠦᠯᠬᠦᠮ ᠢ ᠪᠥᠷᠢᠯᠳᠦᠭᠦᠯᠵᠦ᠂ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ ᠳᠤ ᠣᠷᠣᠯᠴᠠᠪᠠ᠂ ᠡᠭᠦᠨ ᠳᠤ ᠠᠯᠳᠠᠷ ᠣᠷᠭᠠᠨᠢᠭ ᠬᠤᠨᠢᠨ ᠮᠢᠬ᠎ᠠ ᠨᠢ ᠲᠤᠰ ᠠᠷᠠᠯᠵᠢᠶᠠᠨ ᠤ ᠴᠤᠭᠯᠠᠭᠠᠨ ᠤ ︽ᠠᠷᠪᠠᠨ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ︾  ᠤ ᠢᠷᠠᠭᠤ ᠠᠯᠳᠠᠷ ᠢ ᠬᠦᠷᠲᠡᠪᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号