2018 ᠣᠨ ᠳᠤ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠤᠷᠤᠨ ᠤ | ᠲᠢᠩᠬᠢᠮ ᠠᠴᠠ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠳᠤ ᠲᠠᠷᠢᠶᠠᠯᠠᠩ ᠮᠠᠯ ᠠᠵᠤ ᠠᠬᠤᠢ | ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭᠠᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠦᠨᠡᠨᠬᠦ | ᠴᠢᠩᠭᠠᠳᠬᠠᠭᠳᠠᠪᠠ᠃ ᠪᠦᠷᠢᠳᠬᠡᠯ ᠢ ᠦᠨᠳᠦᠰᠦᠯᠡᠪᠡᠯ᠂ 2018 ᠣᠨ ᠤ ᠡᠴᠦᠰ ᠪᠣᠯᠲᠠᠯ᠎ᠠ᠂ ᠪᠥᠬᠦ ᠣᠷᠣᠨ ᠳᠤ | ᠲᠠᠷᠢᠶᠠᠯᠠᠩ ᠮᠠᠯ ᠠᠵᠤ ᠠᠬᠤᠢ ᠶᠢᠨ ᠲᠤᠰᠬᠠᠶ ᠮᠡᠷᠭᠡᠵᠢᠯ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠪᠠᠶᠢᠭᠤᠯᠤᠮᠵᠢ 903 ᠪᠠᠶᠢᠵᠤ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠡᠰ ᠤᠨ 13᠂ | ᠠᠶᠢᠮᠠᠭ ᠬᠤᠲᠠ ᠶᠢᠨ ᠲᠡᠰ ᠤᠨ 120᠂ ᠬᠤᠰᠢᠭᠤ ᠰᠢᠶᠠᠨ ᠤ ᠲᠡᠰ ᠤᠨ 770 ᠪᠠᠶᠢᠨ᠎ᠠ᠂ ᠠᠯᠪᠠᠳᠠᠨ ᠤ | ᠬᠠᠮᠢᠶᠠᠷᠤᠯᠲᠠ ᠪᠠᠷ ᠯᠠᠪᠯᠠᠯᠲᠠ ᠪᠤᠯᠭᠠᠭᠰᠠᠨ ᠠᠵᠢᠯ ᠦᠢᠯᠡᠰ ᠤᠨ ᠨᠢᠭᠡᠴᠢ 35.4% ᠶᠢ ᠡᠵᠡᠯᠡᠵᠦ᠂ ᠪᠥᠬᠦ ᠲᠤᠭ᠎ᠠ | ᠪᠠᠷ ᠵᠣᠭᠤᠰ ᠰᠠᠯᠭᠠᠨ ᠥᠭᠬᠦ ᠠᠵᠢᠯ ᠦᠢᠯᠡᠰ ᠤᠨ ᠨᠢᠭᠡᠴᠢ 62.3% ᠶᠢ ᠡᠵᠡᠯᠡᠵᠦ᠂ ᠠᠵᠢᠯ ᠤᠨ ᠪᠠᠶᠢᠷᠢ ᠳᠤ | ᠪᠠᠶᠢᠭ᠎ᠠ ᠬᠠᠤᠯᠢ ᠬᠡᠷᠡᠭᠵᠢᠭᠦᠯᠬᠦ ᠠᠵᠢᠯᠲᠠᠨ 11583 ᠬᠥᠮᠦᠨ ᠪᠠᠶᠢᠨ᠎ᠠ᠂ ᠡᠭᠦᠨ ᠳᠤ ᠥᠪᠡᠷᠲᠡᠭᠡᠨ ᠵᠠᠰᠠᠬᠤ ᠣᠷᠣᠨ | ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠭᠡᠮ ᠤᠨ ᠪᠤᠯᠪᠠᠰᠤᠷᠠᠯ ᠤᠨ ᠭᠡᠷᠡᠴᠢᠯᠡᠯ ᠤᠨ ᠰᠢᠯᠭᠠᠯᠲᠠ ᠳᠤ | ᠬᠢᠷᠢ ᠲᠡᠩᠴᠡᠭᠰᠡᠨ ᠬᠥᠮᠦᠨ ᠤ ᠲᠤᠭ᠎ᠠ 6234 ᠨᠡᠷ᠎ᠡ ᠪᠠᠶᠢᠵᠦ᠂ ᠠᠵᠢᠯ ᠤᠨ ᠪᠠᠶᠢᠷᠢ ᠳᠤ ᠪᠠᠶᠢᠭ᠎ᠠ ᠬᠥᠮᠦᠨ ᠤ | ᠲᠤᠭᠠᠨ ᠤ 63.8% ᠶᠢ ᠡᠵᠡᠯᠡᠨ᠎ᠡ᠃ | ᠪᠦᠬᠦ ᠣᠷᠣᠨ ᠤ 117 ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠪᠠᠶᠢᠭᠤᠯᠤᠮᠵᠢ ᠶᠢ ᠴᠥᠮ ᠣᠷᠣᠨ ᠲᠣᠭᠠᠨ ᠤ ᠰᠠᠯᠠᠭ᠎ᠠ ᠮᠥᠴᠢᠷ ᠤᠨ ᠵᠥᠪᠰᠢᠶᠡᠷᠡᠯ ᠢᠶᠠᠷ ᠪᠠᠶᠢᠭᠤᠯᠵᠤ᠂ 12 | ᠠᠶᠢᠮᠠᠭ ᠬᠤᠲᠠ ᠨᠢ ᠴᠥᠮ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠪᠠᠶᠢᠭᠤᠯᠤᠮᠵᠢ ᠶᠢ ᠪᠠᠶᠢᠭᠤᠯᠵᠤ᠂ ᠬᠠᠷᠢᠶ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠨᠡᠶᠢᠲᠡ 105 | ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ ᠪᠠᠶᠢᠭᠤᠯᠪᠠ᠃ | ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠳᠤ | 117 ᠬᠠᠤᠯᠢ ᠬᠡᠷᠡᠭᠵᠢᠭᠦᠯᠬᠦ ᠲᠡᠷᠭᠡ ᠲᠠᠢ ᠪᠠᠶᠢᠵᠤ᠂ ᠭᠡᠷᠡᠴᠢ ᠠᠪᠬᠤ ᠲᠥᠬᠦᠭᠡᠷᠦᠮᠵᠢ ᠶᠢ 397 ᠢᠵᠢ᠂ ᠲᠦᠷᠭᠡᠨ | ᠬᠡᠮᠵᠢᠬᠦ ᠲᠥᠬᠦᠭᠡᠷᠦᠮᠵᠢ ᠶᠢ 17 ᠢᠵᠢ ᠲᠣᠬᠢᠷᠠᠭᠤᠯᠪᠠ᠃ 2018 ᠣᠨ ᠳᠤ᠂ ᠪᠥᠬᠦ ᠣᠷᠣᠨ ᠤ ᠡᠯ᠎ᠡ ᠱᠠᠲᠤᠨ ᠤ | ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠨᠢ ᠬᠠᠤᠯᠢ | ᠬᠡᠷᠡᠭᠵᠢᠭᠦᠯᠬᠦ ᠠᠵᠢᠯᠲᠠᠨ ᠢ ᠨᠡᠶᠢᠲᠡ 131689 ᠬᠥᠮᠦᠨ ᠤᠳᠠᠭ᠎ᠠ ᠬᠥᠳᠡᠯᠭᠡᠵᠦ᠂ 61539 ᠡᠷᠦᠬᠡ | ᠦᠶᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠢ ᠪᠠᠶᠢᠴᠠᠭᠠᠵᠤ᠂ 5491 ᠬᠡᠷᠡᠭ ᠢ ᠳᠠᠩᠰᠠᠯᠠᠵᠤ᠂ 4284 | ᠬᠡᠷᠡᠭ ᠢ ᠰᠢᠶᠳᠪᠦᠷᠢᠯᠡᠨ ᠳᠠᠭᠤᠰᠬᠠᠵᠤ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ 22.3 ᠲᠦᠮᠡᠨ | ᠲᠥᠭᠦᠷᠢᠭ ᠲᠤ ᠬᠦᠷᠴᠦ᠂ 95 ᠬᠡᠷᠡᠭ ᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠪᠡ᠃ |