ᠲᠡᠵᠢᠭᠡᠯ ᠪᠣᠷᠳᠤᠭ᠎ᠠ ᠶᠢᠨ ᠦᠢᠯᠡᠳᠪᠥᠷᠢᠯᠡᠯ | 2018 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠵᠢᠭᠡᠯ ᠪᠣᠷᠳᠤᠭ᠎ᠠ ᠶᠢᠨ | ᠶᠡᠷᠥᠩᠬᠡᠢ ᠭᠠᠷᠤᠯᠲᠠ 350.9 ᠲᠦᠮᠡᠨ ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 7.3% ᠪᠠᠷ | ᠨᠡᠮᠡᠭᠳᠡᠪᠡ᠃ ᠶᠡᠷᠦᠩᠬᠡᠶ ᠦᠢᠯᠡᠳᠪᠥᠷᠢᠯᠡᠯ ᠤᠨ ᠥᠷᠲᠡᠭ 96.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 13.4% ᠪᠠᠷ ᠨᠡᠮᠡᠭᠳᠡᠵᠦ᠂ ᠡᠵᠡᠩᠨᠡᠯᠲᠡ ᠶᠢᠨ ᠣᠷᠣᠯᠭ᠎ᠠ 96.5 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.2% ᠢᠶᠠᠷ ᠨᠡᠮᠡᠭᠳᠡᠪᠡ᠃ ᠪᠥᠲᠦᠭᠡᠭᠳᠡᠭᠦᠨ ᠤ | ᠲᠥᠷᠥᠯ ᠢᠶᠠᠷ ᠢᠯᠭᠠᠪᠠᠯ᠄ ᠨᠠᠶᠢᠷᠠᠯᠭᠠᠲᠤ ᠲᠡᠵᠢᠭᠡᠯ ᠪᠣᠷᠳᠣᠭᠠᠨ ᠤ ᠭᠠᠷᠤᠯᠲᠠ 290 ᠲᠦᠮᠡᠨ ᠲᠣᠨ ᠬᠦᠷᠴᠦ᠂ | ᠠᠳᠠᠯᠢ ᠬᠤᠭᠤᠴᠠᠭᠠᠨ ᠤ ᠬᠢ ᠠᠴᠠ 12.7% ᠪᠠᠷ ᠨᠡᠮᠡᠭᠳᠡᠪᠡ᠃ ᠠᠭᠰᠢᠭᠠᠮᠠᠯ ᠲᠡᠵᠢᠭᠡᠯ ᠪᠣᠷᠳᠣᠭᠠᠨ ᠤ ᠭᠠᠷᠤᠯᠲᠠ | 58 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.6% ᠪᠠᠷ ᠪᠠᠭᠤᠷᠠᠪᠠ᠃ ᠨᠡᠮᠡᠯᠲᠡ | ᠡᠳᠡᠲᠦ ᠬᠤᠯᠢᠮᠠᠭ ᠪᠣᠷᠳᠣᠭᠠᠨ ᠤ ᠭᠠᠷᠤᠯᠲᠠ 3.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ | ᠠᠴᠠ 8.4% ᠪᠠᠷ ᠪᠠᠭᠤᠷᠠᠪᠠ᠃ ᠪᠥᠲᠦᠭᠡᠭᠳᠡᠭᠦᠨ ᠤ ᠲᠥᠷᠥᠯ ᠵᠦᠶᠯ ᠢᠶᠠᠷ ᠢᠯᠭᠠᠪᠠᠯ᠄ ᠭᠠᠭ᠋ᠠᠶ ᠶᠢᠨ ᠲᠡᠵᠢᠭᠡᠯ | ᠪᠣᠷᠳᠣᠭᠠᠨ ᠤ ᠭᠠᠷᠤᠯᠲᠠ 67.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 34. | 3% ᠪᠠᠷ ᠨᠡᠮᠡᠭᠳᠡᠪᠡ᠃ ᠥᠨᠳᠡᠭᠡᠨ ᠬᠡᠷᠡᠭᠴᠡᠭᠡᠲᠦ ᠵᠢᠭᠦᠷᠲᠡᠨ ᠤ ᠲᠡᠵᠢᠭᠡᠯ ᠪᠣᠷᠳᠣᠭᠠᠨ ᠤ ᠭᠠᠷᠤᠯᠲᠠ 23.9 | ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4% ᠪᠠᠷ ᠨᠡᠮᠡᠭᠳᠡᠪᠡ᠃ ᠮᠢᠬᠠᠨ ᠬᠡᠷᠡᠭᠴᠡᠭᠡᠲᠦ | ᠵᠢᠭᠦᠷᠲᠡᠨ ᠤ ᠲᠡᠵᠢᠭᠡᠯ ᠪᠣᠷᠳᠣᠭᠠᠨ ᠤ ᠭᠠᠷᠤᠯᠲᠠ 26.6 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 1.5% ᠪᠠᠷ ᠨᠡᠮᠡᠭᠳᠡᠪᠡ᠃ ᠬᠡᠪᠢᠭᠴᠢ ᠠᠮᠢᠲᠠᠨ ᠤ ᠲᠡᠵᠢᠭᠡᠯ ᠪᠣᠷᠳᠣᠭᠠᠨ ᠤ ᠭᠠᠷᠤᠯᠲᠠ 227 ᠲᠦᠮᠡᠨ | ᠲᠣᠨ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠪᠡ᠃ | ᠲᠡᠵᠢᠭᠡᠯ ᠪᠣᠷᠳᠣᠭᠠᠨ ᠤ ᠨᠡᠮᠡᠯᠲᠡ ᠡᠳ᠋ ᠤᠨ ᠭᠠᠷᠤᠯᠲᠠ 87.4 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 46.2% ᠢᠶᠠᠷ ᠨᠡᠮᠡᠭᠳᠡᠵᠦ᠂ ᠡᠵᠡᠩᠨᠡᠯᠲᠡ ᠶᠢᠨ ᠣᠷᠣᠯᠭ᠎ᠠ 75.5 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.6% ᠪᠠᠷ ᠨᠡᠮᠡᠭᠳᠡᠵᠦ᠂ ᠶᠡᠷᠦᠩᠬᠡᠶ | ᠦᠢᠯᠡᠳᠪᠥᠷᠢᠯᠡᠯ ᠤᠨ ᠥᠷᠲᠡᠭ 74.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ | ᠠᠴᠠ 13.3% ᠪᠠᠷ ᠨᠡᠮᠡᠭᠳᠡᠪᠡ᠃ ᠪᠥᠬᠦ ᠣᠷᠣᠨ ᠤ ᠲᠡᠵᠢᠭᠡᠯ ᠪᠣᠷᠳᠤᠭ᠎ᠠ ᠦᠶᠯᠡᠳᠪᠦᠷᠢᠯᠡᠬᠦ ᠠᠵᠤ ᠠᠬᠤᠶᠢᠯᠠᠯ ᠤᠨ | ᠡᠳ᠋ᠰᠢᠭᠦᠯᠬᠦ ᠴᠢᠳᠠᠪᠤᠷᠢ ᠨᠢ ᠳᠠᠩ ᠡᠭᠡᠯᠵᠢ ᠳᠤ400 ᠲᠦᠮᠡᠨ ᠲᠣᠨ ᠠᠴᠠ ᠳᠡᠭᠡᠭᠰᠢ ᠳᠤ ᠬᠦᠷᠴᠦ᠂ ᠠᠵᠢᠯᠯᠠᠵᠤ | ᠪᠠᠶᠢᠭ᠎ᠠ ᠬᠥᠮᠦᠨ ᠤ ᠲᠤᠭ᠎ᠠ ᠨᠢ 1.5 ᠲᠦᠮᠡᠨ ᠬᠥᠮᠦᠨ ᠳᠤ ᠬᠦᠷᠴᠡᠢ᠃ ᠵᠢᠯ ᠤᠨ ᠪᠣᠳᠠᠲᠠᠶ ᠭᠠᠷᠤᠯᠲᠠ 5 ᠲᠦᠮᠡᠨ | ᠲᠣᠨ ᠢ ᠳᠠᠪᠠᠭᠰᠠᠨ ᠠᠵᠤ ᠠᠬᠤᠶᠢᠯᠠᠯ 13 ᠪᠣᠯᠵᠤ᠂ ᠭᠠᠷᠤᠯᠲᠠ ᠨᠢ ᠶᠡᠷᠥᠩᠬᠡᠢ ᠭᠠᠷᠤᠯᠲᠠ ᠶᠢᠨ 50% ᠶᠢ | ᠡᠵᠡᠯᠡᠪᠡ᠃ | ᠲᠡᠵᠢᠭᠡᠯ ᠪᠤᠷᠳᠤᠭ᠎ᠠ ᠶᠢᠨ ᠵᠠᠰᠠᠭ ᠵᠠᠬᠢᠷᠭᠠᠨ ᠤ ᠵᠥᠪᠰᠢᠶᠡᠷᠡᠯ | 2018 ᠣᠨ ᠤ ᠡᠴᠦᠰ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠵᠢᠭᠡᠯ | ᠪᠣᠷᠳᠤᠭ᠎ᠠ ᠦᠶᠯᠡᠳᠪᠦᠷᠢᠯᠡᠬᠦ ᠠᠵᠤ ᠠᠬᠤᠶᠢᠯᠠᠯ 334 ᠡᠷᠦᠬᠡ ᠪᠠᠶᠢᠵᠤ᠂ 385 ᠡᠷᠦᠬᠡ ᠨᠢ ᠦᠢᠯᠡᠳᠪᠥᠷᠢᠯᠡᠯ ᠤᠨ | ᠵᠥᠪᠰᠢᠶᠡᠷᠡᠯ ᠤᠨ ᠦᠨᠡᠮᠯᠡᠯ ᠣᠯᠵᠠᠢ᠂ ᠡᠭᠦᠨ ᠳᠤ ᠬᠤᠤᠰ ᠦᠨᠡᠮᠯᠡᠯ ᠲᠠᠢ ᠠᠵᠤ ᠠᠬᠤᠶᠢᠯᠠᠯ 31᠂ ᠭᠤᠷᠪᠠᠨ | ᠦᠨᠡᠮᠯᠡᠯ ᠲᠠᠢ ᠠᠵᠤ ᠠᠬᠤᠶᠢᠯᠠᠯ 7᠂ ᠳᠥᠷᠪᠡᠨ ᠦᠨᠡᠮᠯᠡᠯ ᠲᠠᠢ ᠠᠵᠤ ᠠᠬᠤᠶᠢᠯᠠᠯ 2 ᠡᠷᠦᠬᠡ ᠪᠠᠶᠢᠨ᠎ᠠ᠃ | ᠦᠢᠯᠡᠳᠪᠥᠷᠢᠯᠡᠯ ᠤᠨ ᠵᠥᠪᠰᠢᠶᠡᠷᠡᠯ ᠤᠨ ᠦᠨᠡᠮᠯᠡᠯ ᠤᠯᠤᠭᠰᠠᠨ ᠠᠵᠤ ᠠᠬᠤᠶᠢᠯᠠᠯ ᠳᠤ ᠲᠡᠵᠢᠭᠡᠯ ᠪᠣᠷᠳᠣᠭᠠᠨ ᠤ | ᠨᠡᠮᠡᠯᠲᠡ ᠡᠳ᠋ ᠤᠨ ᠦᠢᠯᠡᠳᠪᠥᠷᠢᠯᠡᠯ ᠤᠨ ᠵᠥᠪᠰᠢᠶᠡᠷᠡᠯ ᠤᠨ ᠦᠨᠡᠮᠯᠡᠯ ᠲᠠᠢ ᠨᠢ 39᠂ ᠬᠤᠯᠢᠮᠠᠭ ᠪᠤᠷᠳᠤᠭ᠎ᠠ ᠶᠢᠨ | ᠨᠡᠮᠡᠯᠲᠡ ᠡᠳ᠋ ᠤᠨ ᠦᠢᠯᠡᠳᠪᠥᠷᠢᠯᠡᠯ ᠤᠨ ᠵᠥᠪᠰᠢᠶᠡᠷᠡᠯ ᠤᠨ ᠦᠨᠡᠮᠯᠡᠯ ᠲᠠᠢ ᠨᠢ 28᠂ ᠨᠡᠮᠡᠯᠲᠡ ᠡᠳᠡᠳᠦ ᠬᠤᠯᠢᠮᠠᠭ | ᠪᠣᠷᠳᠤᠭ᠎ᠠ ᠶᠢᠨ ᠦᠢᠯᠡᠳᠪᠥᠷᠢᠯᠡᠯ ᠤᠨ ᠵᠥᠪᠰᠢᠶᠡᠷᠡᠯ ᠤᠨ ᠦᠨᠡᠮᠯᠡᠯ ᠲᠠᠢ ᠨᠢ 30᠂ ᠭᠠᠭᠴᠠ ᠲᠥᠷᠦᠯ ᠤᠨ | ᠪᠣᠷᠳᠤᠭ᠎ᠠ ᠦᠶᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠲᠠᠢ ᠨᠢ 63᠂ ᠨᠠᠶᠢᠷᠠᠯᠭᠠᠳᠤ ᠪᠣᠷᠳᠤᠭ᠎ᠠ᠂ ᠠᠭᠰᠢᠭᠠᠮᠠᠯ | ᠪᠣᠷᠳᠤᠭ᠎ᠠ᠂ ᠨᠠᠷᠢᠯᠢᠭ ᠪᠣᠷᠳᠤᠭ᠎ᠠ ᠶᠢᠨ ᠨᠥᠬᠦᠪᠥᠷᠢ ᠪᠤᠷᠳᠤᠭ᠎ᠠ ᠶᠢᠨ ᠦᠢᠯᠡᠳᠪᠥᠷᠢᠯᠡᠯ ᠤᠨ ᠵᠥᠪᠰᠢᠶᠡᠷᠡᠯ ᠤᠨ | ᠦᠨᠡᠮᠯᠡᠯ ᠲᠠᠢ ᠨᠢ 63 ᠡᠷᠦᠬᠡ ᠪᠣᠢ᠃ | ᠲᠡᠵᠢᠭᠡᠯ ᠪᠣᠷᠳᠣᠭᠠᠨ ᠤ ᠶᠠᠰᠤ ᠴᠢᠨᠠᠷ ᠤᠨ ᠠᠶᠤᠯᠭᠦᠢ ᠶᠢᠨ ᠬᠠᠮᠢᠶᠠᠷᠤᠯᠲᠠ ᠶᠢᠨ ᠳᠦᠷᠢᠮᠵᠢᠯ ᠤᠨ ᠵᠢᠱᠢᠶ᠎ᠡ | ᠦᠵᠡᠭᠦᠯᠬᠦ ᠠᠵᠤ ᠠᠬᠤᠶᠢᠯᠠᠯ ᠢ ᠡᠭᠦᠰᠬᠡᠨ ᠪᠠᠶᠢᠭᠤᠯᠬᠤ | 2018 ᠣᠨ ᠤ ᠡᠴᠦᠰ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠶᠠᠮᠤᠨ ᠤ | ᠲᠡᠰ ᠤᠨ ︽ᠲᠡᠵᠢᠭᠡᠯ ᠪᠣᠷᠳᠣᠭᠠᠨ ᠤ ᠶᠠᠰᠤ ᠴᠢᠨᠠᠷ ᠤᠨ ᠠᠶᠤᠯᠭᠦᠢ ᠶᠢᠨ ᠬᠠᠮᠢᠶᠠᠷᠤᠯᠲᠠ ᠶᠢᠨ ᠳᠥᠷᠢᠮᠵᠢᠯ︾ ᠤᠨ | ᠵᠢᠱᠢᠶ᠎ᠡ ᠦᠵᠡᠭᠦᠯᠬᠦ ᠠᠵᠤ ᠠᠬᠤᠶᠢᠯᠠᠯ ᠢ 6᠂ ᠣᠷᠣᠨ ᠤ ᠲᠡᠰ ᠤᠨ ︽ᠲᠡᠵᠢᠭᠡᠯ ᠪᠣᠷᠳᠣᠭᠠᠨ ᠤ ᠶᠠᠰᠤ ᠴᠢᠨᠠᠷ ᠤᠨ | ᠠᠶᠤᠯᠭᠦᠢ ᠶᠢᠨ ᠬᠠᠮᠢᠶᠠᠷᠤᠯᠲᠠ ᠶᠢᠨ ᠳᠥᠷᠢᠮᠵᠢᠯ︾ ᠤᠨ ᠵᠢᠱᠢᠶ᠎ᠡ ᠦᠵᠡᠭᠦᠯᠬᠦ ᠠᠵᠤ ᠠᠬᠤᠶᠢᠯᠠᠯ ᠢ 21 ᠡᠭᠦᠰᠬᠡᠨ | ᠪᠠᠶᠢᠭᠤᠯᠪᠠ᠃ | ᠪᠣᠷᠳᠣᠭᠠᠨ ᠤ ᠶᠠᠰᠤ ᠴᠢᠨᠠᠷ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ | ᠬᠠᠤᠯᠢ ᠲᠣᠭᠲᠠᠭᠠᠯ ᠶᠣᠰᠣᠭᠠᠷ ᠦᠢᠯᠡᠳᠪᠦᠷᠢᠯᠡᠯ ᠤᠨ ᠵᠥᠪᠰᠢᠶᠡᠷᠡᠯ ᠢ ᠬᠡᠷᠡᠭᠵᠢᠭᠦᠯᠵᠦ᠂ ᠲᠡᠵᠢᠭᠡᠯ ᠪᠣᠷᠳᠤᠭ᠎ᠠ | ᠦᠢᠯᠡᠳᠪᠦᠷᠢᠯᠡᠬᠦ ᠵᠠᠰᠠᠭ ᠵᠠᠬᠢᠷᠭᠠᠨ ᠤ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠳᠦᠷᠢᠮ᠂ ᠳᠡᠰ ᠳᠠᠷᠠᠭᠠᠯᠠᠯ ᠢ | ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠬᠢᠨᠠᠨ ᠬᠠᠷᠭᠤᠭᠤᠯᠲᠠ ᠶᠢᠨ ᠰᠢᠨᠵᠢᠯᠡᠬᠦ ᠤᠬᠠᠭᠠᠨᠴᠢ ᠴᠢᠨᠠᠷ᠂ | ᠳᠥᠷᠢᠮᠵᠢᠯ ᠳᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ | ᠲᠡᠵᠢᠭᠡᠯ ᠪᠣᠷᠳᠣᠭᠠᠨ ᠤ ᠶᠠᠰᠤ ᠴᠢᠨᠠᠷ ᠤᠨ ᠠᠶᠤᠯᠭᠦᠢ ᠶᠢᠨ ᠬᠠᠮᠢᠶᠠᠷᠤᠯᠲᠠ ᠶᠢᠨ ᠳᠥᠷᠢᠮᠵᠢᠯ ᠢ ᠪᠦᠬᠦ ᠲᠠᠯ᠎ᠠ | ᠪᠠᠷ ᠨᠠᠶᠢᠳᠠᠪᠦᠷᠢᠵᠢᠭᠤᠯᠤᠨ᠂ ᠲᠡᠵᠢᠭᠡᠯ ᠪᠣᠷᠳᠣᠭᠠᠨ ᠤ ᠦᠶᠯᠡᠳᠪᠦᠷᠢᠯᠡᠯ ᠤᠨ ᠪᠦᠬᠦ ᠶᠠᠪᠤᠴᠠ ᠳᠠᠬᠢ ᠶᠠᠰᠤ ᠴᠢᠨᠠᠷ ᠤᠨ | ᠠᠶᠤᠯᠭᠦᠢ ᠶᠢᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠬᠤ ᠪᠠ ᠬᠠᠤᠯᠢ ᠪᠠᠷ ᠲᠣᠭᠲᠠᠭᠠᠭᠰᠠᠨ ᠡᠭᠦᠷᠭᠡ | ᠬᠠᠷᠢᠭᠤᠴᠠᠯᠭ᠎ᠠ ᠪᠠᠨ ᠭᠦᠶᠴᠡᠳᠬᠡᠬᠦ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃ | ᠢᠳᠡᠪᠬᠢᠲᠡᠢ ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠴᠠᠭᠠᠬᠤ ᠪᠠ ᠴᠣᠬᠢᠯᠲᠠ ᠥᠭᠬᠦ ᠳᠤ | ᠬᠠᠮᠲᠤᠷᠠᠨ ᠬᠥᠳᠡᠯᠦᠯᠴᠡᠬᠦ ᠶᠢ ᠥᠷᠨᠢᠭᠦᠯᠪᠡ᠃ 2018 ᠣᠨ ᠳᠤ ᠡᠯ᠎ᠡ ᠲᠥᠷᠥᠯ ᠤᠨ ᠲᠡᠵᠢᠭᠡᠯ ᠪᠣᠷᠳᠣᠭᠠᠨ ᠤ | ᠦᠯᠢᠭᠡᠷ ᠡᠳ᠋ 3651 ᠶᠢ ᠰᠣᠭᠤᠴᠢᠨ ᠪᠠᠶᠢᠴᠠᠭᠠᠵᠤ᠂ ᠬᠢᠷᠢ ᠲᠡᠩᠴᠡᠭᠰᠡᠨ ᠨᠣᠷᠮ᠎ᠠ ᠨᠢ ᠳᠤᠮᠳᠠᠴᠢ ᠪᠠᠷ 93.7%᠃ | ᠲᠡᠵᠢᠭᠡᠯ ᠪᠣᠷᠳᠣᠭᠠᠨ ᠤ ᠠᠵᠤ ᠠᠬᠤᠶᠢᠯᠠᠯ ᠢ ᠨᠡᠶᠢᠳᠡᠮ ᠬᠢᠨᠠᠨ ᠪᠠᠶᠢᠴᠠᠭᠠᠵᠤ ᠰᠤᠭᠤᠴᠢᠨ ᠬᠡᠮᠵᠢᠵᠦ ᠰᠢᠯᠭᠠᠬᠤ ᠠᠵᠢᠯ | ᠢ 2 ᠤᠳᠠᠭ᠎ᠠ ᠵᠣᠬᠢᠶᠠᠨ ᠪᠠᠶᠢᠭᠤᠯᠵᠤ᠂1 ᠤᠳᠠᠭ᠎ᠠ ᠨᠢ ᠭᠤᠷᠪᠠᠳᠤᠭᠠᠷ ᠡᠲᠡᠭᠡᠳ ᠤᠨ ᠲᠠᠰᠢᠷᠠᠮ ᠢᠶᠠᠷ ᠰᠤᠭᠤᠴᠢᠨ | ᠪᠠᠶᠢᠴᠠᠭᠠᠵᠤ᠂ 1 ᠤᠳᠠᠭ᠎ᠠ ᠨᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ ᠣᠨᠳᠣᠤ ᠭᠠᠵᠠᠷ ᠲᠤ | ᠰᠤᠭᠤᠴᠢᠨ ᠪᠠᠶᠢᠴᠠᠭᠠᠵᠤ᠂ ᠬᠢᠷᠢ ᠲᠡᠩᠴᠡᠬᠦ ᠦᠭᠡᠢ ᠪᠥᠲᠦᠭᠡᠭᠳᠡᠭᠦᠨ ᠳᠤ ᠬᠦᠴᠦᠲᠡᠶ ᠴᠣᠬᠢᠯᠲᠠ ᠥᠭᠴᠦ᠂ | ᠲᠡᠵᠢᠭᠡᠯ ᠪᠣᠷᠳᠣᠭᠠᠨ ᠤ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢ ᠪᠠᠲᠤᠯᠠᠪᠠ᠃ | ᠳᠦᠷᠢᠮᠵᠢᠭᠰᠡᠨ ᠮᠥᠷᠳᠡᠯᠲᠡ ᠲᠠᠢ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠪᠡ᠃ | ᠭᠤᠷᠪᠠᠳᠤᠭᠠᠷ ᠲᠡᠰ ᠤᠨ ᠲᠡᠵᠢᠭᠡᠯ ᠪᠣᠷᠳᠣᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ︽212︾ | ᠲᠣᠭᠤᠷᠢᠨ ᠪᠠᠶᠢᠴᠠᠭᠠᠬᠤ ᠳᠦᠷᠢᠮ ᠶᠣᠰᠣᠭᠠᠷ᠂ ᠲᠡᠵᠢᠭᠡᠯ ᠪᠣᠷᠳᠤᠭ᠎ᠠ ᠦᠶᠯᠡᠳᠪᠦᠷᠢᠯᠡᠬᠦ᠂ ᠬᠡᠷᠡᠭᠯᠡᠬᠦ ᠪᠠ ᠡᠵᠡᠩᠨᠡᠬᠦ | ᠭᠤᠭᠴᠤᠭ᠎ᠠ ᠳᠤ ᠨᠡᠶᠢᠳᠡᠮ ᠤᠨ ᠪᠠᠶᠢᠴᠠᠭᠠᠯᠲᠠ ᠬᠢᠵᠦ᠂ ᠡᠳᠦᠷ ᠲᠣᠲᠤᠮ ᠤᠨ ᠬᠢᠨᠠᠯᠲᠠ ᠬᠠᠮᠢᠶᠠᠷᠤᠯᠲᠠ ᠨᠢ | ︽ᠪᠠᠶᠢᠩᠭᠤᠵᠢᠭᠤᠯᠬᠤ᠂ ᠣᠷᠣᠮᠵᠢᠭᠤᠯᠬᠤ᠂ ᠨᠢᠭᠡᠵᠢᠭᠦᠯᠬᠦ︾ ᠵᠠᠭᠪᠤᠷ ᠢ ᠪᠦᠷᠢᠯᠳᠦᠭᠦᠯᠪᠡ᠃ ᠨᠡᠶᠢᠲᠡ 12028 | ᠭᠠᠷᠤᠶ ᠤᠳᠠᠭ᠎ᠠ ᠲᠣᠭᠤᠷᠢᠨ ᠪᠠᠶᠢᠴᠠᠭᠠᠵᠤ᠂ ᠲᠡᠵᠢᠭᠡᠯ ᠪᠣᠷᠳᠤᠭ᠎ᠠ ᠦᠢᠯᠡᠳᠪᠥᠷᠢᠯᠡᠬᠦ᠂ ᠡᠵᠡᠩᠨᠡᠬᠦ᠂ ᠬᠡᠷᠡᠭᠯᠡᠬᠦ ᠠᠵᠤ | ᠠᠬᠤᠶᠢᠯᠠᠯ ᠢ 4643 ᠤᠳᠠᠭ᠎ᠠ ᠪᠠᠶᠢᠴᠠᠭᠠᠪᠠ᠃ 106 ᠭᠠᠭ᠋ᠠᠢ ᠶᠢᠨ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠠᠵᠤ | ᠠᠬᠤᠶᠢᠯᠠᠯ᠂ 2308 ᠭᠠᠭ᠋ᠠᠢ ᠶᠢᠨ ᠲᠡᠵᠢᠭᠡᠯ ᠪᠣᠷᠳᠤᠭ᠎ᠠ ᠡᠵᠡᠩᠨᠡᠬᠦ ᠳᠡᠯᠭᠡᠭᠦᠷ᠂ 19969 ᠭᠠᠭ᠋ᠠᠢ ᠲᠡᠵᠢᠭᠡᠬᠦ | ᠲᠠᠯᠠᠪᠠᠢ ᠶᠢ ᠨᠡᠶᠢᠳᠡᠮ ᠪᠠᠶᠢᠴᠠᠭᠠᠵᠠᠢ᠃ | ︽ᠬᠠᠷ᠎ᠠ ᠮᠢᠬᠠᠯᠠᠭᠤᠯᠬᠤ ᠬᠠᠨᠳᠠ︾ ᠶᠢ ᠲᠤᠰᠬᠠᠶ ᠴᠡᠭᠴᠡᠯᠡᠨ ᠵᠠᠰᠠᠬᠤ ᠠᠵᠢᠯ | ᠳᠡᠭᠡᠳᠦ ᠳᠣᠣᠷᠠᠳᠤ ᠱᠠᠲᠤ᠂ ᠣᠷᠣᠨ ᠪᠦᠰᠡ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ | ᠲᠣᠭᠲᠠᠴᠠ ᠶᠢ ᠴᠢᠩᠭᠠᠳᠬᠠᠵᠤ᠂ ᠢᠳᠡᠪᠬᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠦᠬᠡᠷ ᠬᠤᠨᠢᠨ ᠤ ︽ᠬᠠᠷ᠎ᠠ | ᠮᠢᠬᠠᠯᠠᠭᠤᠯᠬᠤ ᠬᠠᠨᠳᠠ︾ ᠶᠢᠨ ᠠᠰᠠᠭᠤᠳᠠᠯ ᠢ ᠡᠷᠡᠰ ᠬᠤᠷᠢᠭᠯᠠᠵᠤ᠂ 2018 ᠣᠨ ᠳᠤ ᠲᠡᠵᠢᠭᠡᠯ ᠪᠣᠷᠳᠤᠭ᠎ᠠ | ᠦᠶᠯᠡᠳᠪᠦᠷᠢᠯᠡᠬᠦ᠂ ᠡᠵᠡᠩᠨᠡᠬᠦ ᠠᠵᠤ ᠠᠬᠤᠶᠢᠯᠠᠯ ᠪᠠ ᠲᠡᠵᠢᠭᠡᠯᠭᠡ ᠶᠢᠨ ᠲᠠᠯᠠᠪᠠᠢ 4821 ᠡᠷᠦᠬᠡ ︵ᠤᠳᠠᠭ᠎ᠠ︶ ᠶᠢ | ᠪᠠᠶᠢᠴᠠᠭᠠᠪᠠ᠃ ᠲᠡᠵᠢᠭᠡᠯᠭᠡ ᠶᠢᠨ ᠭᠤᠭᠴᠤᠭ᠎ᠠ ᠳᠠᠬᠢ ︽ᠬᠠᠷ᠎ᠠ ᠮᠢᠬᠠᠯᠠᠭᠤᠯᠬᠤ ᠬᠠᠨᠳᠠ︾ ᠵᠢᠴᠢ ︽β— | ᠬᠥᠭᠡᠷᠦᠭᠦᠯᠬᠦ ᠡᠮ ᠤᠨ ᠲᠥᠷᠥᠯ ᠤᠨ ᠬᠤᠷᠢᠭᠠᠲᠤ ᠪᠣᠳᠠᠰ︾ ᠤᠨ ᠬᠢᠨᠠᠨ ᠬᠡᠮᠵᠢᠯᠲᠡ ᠳᠤ ᠨᠡᠶᠢᠲᠡ 3791 | ᠲᠡᠵᠢᠭᠡᠯᠭᠡ ᠶᠢᠨ ᠲᠠᠯᠠᠪᠠᠢ ︵ᠡᠷᠦᠬᠡ︶ ᠶᠢ ᠪᠠᠶᠢᠴᠠᠭᠠᠵᠤ᠂ ᠠᠮᠢᠳᠤ ᠮᠠᠯ ᠤᠨ ᠰᠢᠭᠡᠰᠦᠨ ᠦᠯᠢᠭᠡᠷ ᠶᠠᠩᠵᠤ ᠶᠢ | 17262 ᠬᠤᠪᠢ ᠶᠢ ᠰᠤᠭᠤᠴᠢᠨ ᠪᠠᠶᠢᠴᠠᠭᠠᠵᠤ᠂ ᠬᠢᠷᠢ ᠲᠡᠩᠴᠡᠭᠰᠡᠨ ᠨᠣᠷᠮ᠎ᠠ ᠨᠢ 99.9% ᠳᠤ ᠬᠦᠷᠴᠡᠶ᠃ | ᠰᠢᠯᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠶᠢᠨ ᠲᠤᠰᠠᠳᠠ᠂ ᠢᠯᠠ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠬᠡᠯᠪᠡᠷᠢ ᠪᠠᠷ ᠳᠠᠮᠵᠢᠨ ᠭᠤᠷᠪᠠᠳᠤᠭᠠᠷ ᠡᠲᠡᠭᠡᠳ ᠤᠨ ᠪᠠᠶᠢᠴᠠᠭᠠᠨ ᠰᠢᠯᠭᠠᠬᠤ | ᠪᠠᠶᠢᠭᠤᠯᠤᠮᠵᠢ ᠶᠢ ᠬᠤᠳᠠᠯᠳᠤᠨ ᠠᠪᠴᠤ ᠬᠢᠨᠠᠨ ᠬᠡᠮᠵᠢᠵᠦ ᠰᠤᠭᠤᠴᠢᠨ ᠪᠠᠶᠢᠴᠠᠭᠠᠯᠲᠠ ᠬᠢᠵᠦ᠂ ᠲᠡᠵᠢᠭᠡᠯᠭᠡ ᠶᠢᠨ | ᠭᠤᠭᠴᠤᠭ᠎ᠠ ᠳᠠᠬᠢ ᠪᠣᠷᠳᠣᠵᠤ ᠲᠠᠷᠭᠤᠯᠠᠭᠤᠯᠬᠤ ᠦᠬᠡᠷ ᠬᠤᠨᠢᠨ ᠤ ︽ᠬᠠᠷ᠎ᠠ ᠮᠢᠬᠠᠯᠠᠭᠤᠯᠬᠤ ᠬᠠᠨᠳᠠ︾ ᠶᠢ | ᠲᠤᠰᠬᠠᠶ ᠬᠢᠨᠠᠨ ᠬᠡᠮᠵᠢᠵᠦ 500 ᠬᠤᠪᠢ ᠰᠢᠭᠡᠰᠦᠨ ᠦᠯᠢᠭᠡᠷ ᠶᠠᠩᠵᠤ ᠶᠢ ᠰᠤᠭᠤᠴᠢᠨ ᠪᠠᠶᠢᠴᠠᠭᠠᠵᠤ᠂ ᠪᠥᠬᠦᠨ ᠢ | ᠮᠠᠰᠢᠨ ᠢᠶᠠᠷ ᠬᠡᠮᠵᠢᠭᠡᠳ ᠠᠷᠭ᠎ᠠ ᠴᠢᠨᠠᠷ ᠢᠯᠡᠷᠡᠭᠰᠡᠨ ᠥᠬᠡᠶ᠃ |