︵1986 ᠤᠨ ᠤ 6 ᠰᠠᠷ᠎ᠠ ᠶᠢᠨ 25 ᠡᠳᠦᠷ ᠤᠨ ᠵᠢᠷᠭᠤᠳᠣᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠵᠢᠷᠭᠤᠳᠤᠭᠠᠷ | ᠬᠤᠷᠠᠯᠳᠣᠭᠠᠨ ᠠᠴᠠ ᠪᠠᠳᠣᠯᠠᠪᠠ᠂ 1988 ᠤᠨ ᠤ 12 ᠰᠠᠷ᠎ᠡ ᠶᠢᠨ 29 ᠤ ᠡᠳᠦᠷ ᠤᠨ ᠲᠤᠯᠤᠳᠤᠭᠠᠷ ᠬᠤᠭᠤᠴᠠᠭᠠᠨ ᠤ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠪᠤᠳᠤᠭᠠᠷ | ᠬᠤᠷᠠᠯᠳᠤᠭᠠᠨ ᠤ ︽︿ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠭᠠᠵᠠᠷ ᠰᠢᠷᠦᠢ ᠶᠢᠨ ᠬᠠᠮᠢᠶᠠᠷᠤᠯᠳᠠ ᠶᠢᠨ | ᠬᠠᠤᠯᠢ﹀ ᠳᠤ ᠵᠠᠰᠠᠪᠤᠷᠢ ᠤᠷᠤᠭᠤᠯᠬᠤ ᠲᠤᠭᠳᠠᠭᠠᠯ︾ ᠢ ᠦᠨᠳᠦᠰᠦᠯᠡᠵᠦ ᠠᠩᠬ᠎ᠠ ᠤᠳᠠᠭ᠎ᠠ ᠵᠠᠰᠠᠪᠠ᠂ 1998 ᠤᠨ ᠤ 8 | ᠰᠠᠷ᠎ᠡ ᠶᠢᠨ 29 ᠤ ᠡᠳᠦᠷ ᠶᠢᠰᠦᠳᠦᠭᠡᠷ ᠬᠤᠭᠤᠴᠭᠠᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠲᠦᠷᠪᠡᠳᠦᠭᠡᠷ ᠬᠤᠷᠠᠯᠳᠤᠭᠠᠨ ᠠᠴᠠ ᠵᠠᠰᠠᠪᠤᠷᠢ ᠤᠷᠤᠭᠤᠯᠪᠠ᠂ 2004 ᠤᠨ ᠤ | 8 ᠰᠠᠷ᠎ᠡ ᠶᠢᠨ 28 ᠤ ᠡᠳᠦᠷ ᠤᠨ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯᠳᠤᠭᠠᠨ ᠤ ︽︿ᠪᠦᠭᠦᠳᠡ ᠨᠠᠶᠢᠷᠠᠮᠳᠠᠬᠤ | ᠲᠤᠮᠳᠠᠳᠦ ᠠᠷᠠᠳ ᠤᠯᠤᠰ ᠤᠨ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠤᠯᠢ﹀ ᠳᠤ ᠵᠠᠰᠠᠪᠤᠷᠢ ᠤᠷᠤᠭᠤᠯᠬᠤ ᠲᠤᠭᠳᠠᠭᠠᠯ︾ | ᠢ ᠦᠨᠳᠦᠰᠦᠯᠡᠨ ᠬᠤᠶᠠᠳᠡᠬᠢ ᠤᠳᠠᠭ᠎ᠠ ᠵᠠᠰᠠᠪᠠ︶ | | | ᠭᠠᠷᠴᠠᠭ | ᠨᠢᠭᠡᠳᠦᠭᠡᠷ ᠪᠦᠯᠦᠭ ᠶᠠᠷᠦᠩᠭᠡᠢ ᠲᠦᠷᠢᠮ | ᠬᠤᠶᠠᠳᠣᠭᠠᠷ ᠪᠦᠯᠦᠭ ᠭᠠᠵᠠᠷ ᠰᠢᠷᠦᠢ ᠶᠢᠨ ᠦᠮᠴᠢᠯᠡᠬᠦ ᠡᠷᠭᠡ ᠪᠠ ᠬᠡᠷᠡᠭᠯᠡᠬᠦ ᠡᠷᠭᠡ | ᠭᠤᠷᠪᠠᠳᠤᠭᠠᠷ ᠪᠦᠯᠦᠭ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ | ᠲᠦᠷᠪᠡᠳᠦᠭᠡᠷ ᠪᠦᠯᠦᠭ ᠲᠠᠷᠢᠶᠠᠨ ᠭᠠᠵᠠᠷ ᠢ ᠬᠠᠮᠠᠭᠠᠯᠠᠬᠤ | ᠲᠠᠪᠤᠳᠤᠭᠠᠷ ᠪᠦᠯᠦᠭ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ | ᠵᠢᠷᠭᠤᠳᠤᠭᠠᠷ ᠪᠦᠯᠦᠭ ᠬᠢᠨᠠᠯᠳᠠ ᠲᠠᠯᠪᠢᠵᠦ ᠪᠠᠶᠢᠴᠠᠭᠠᠬᠤ | ᠲᠤᠯᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠨᠠᠢᠮᠠᠳᠤᠭᠠᠷ ᠪᠦᠯᠦᠭ ᠲᠠᠭᠠᠯᠳᠣᠭᠤᠯᠣᠭᠰᠠᠨ ᠲᠦᠷᠢᠮ | | | ᠨᠢᠭᠡᠳᠦᠭᠡᠷ ᠪᠦᠯᠦᠭ ᠶᠠᠷᠦᠩᠭᠡᠢ ᠲᠦᠷᠢᠮ | ᠨᠢᠭᠡᠳᠦᠭᠡᠷ ᠵᠦᠢᠯ ᠭᠠᠵᠠᠷ ᠰᠢᠷᠦᠢ ᠶᠢᠨ ᠬᠠᠮᠢᠶᠠᠷᠤᠯᠳᠠ ᠶᠢ ᠴᠢᠩᠭᠠᠳᠬᠠᠵᠦ᠂ ᠭᠠᠵᠠᠷ ᠰᠢᠷᠦᠢ ᠶᠢᠨ ᠨᠡᠶᠢᠭᠡᠮ | ᠵᠢᠷᠦᠮ ᠤᠨ ᠨᠡᠶᠢᠳᠡ ᠶᠢᠨ ᠦᠮᠴᠢᠯᠡᠯ ᠢ ᠬᠠᠮᠠᠭᠠᠯᠠᠨ᠂ ᠭᠠᠵᠠᠷ ᠰᠢᠷᠦᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠨᠡᠭᠡᠭᠡᠨ | ᠠᠰᠢᠭᠯᠠᠵᠦ᠂ ᠭᠠᠵᠠᠷ ᠰᠢᠷᠦᠢ ᠶᠢ ᠵᠦᠢ ᠵᠤᠬᠢᠰᠲᠠᠢ ᠪᠠᠷ ᠠᠰᠢᠭᠯᠠᠨ᠂ ᠲᠠᠷᠢᠶᠠᠨ ᠭᠠᠵᠠᠷ ᠢ ᠦᠨᠡᠨ ᠬᠦ ᠬᠠᠮᠠᠭᠠᠯᠠᠵᠦ᠂ | ᠨᠡᠶᠢᠭᠡᠮ ᠠᠵᠦ ᠠᠬᠤᠢ ᠶᠢᠨ ᠦᠷᠬᠦᠯᠵᠢᠯᠡᠬᠦ ᠬᠦᠭᠵᠢᠯᠳᠡ ᠶᠢ ᠠᠬᠢᠭᠤᠯᠬᠤ ᠶᠢᠨ ᠲᠦᠯᠦᠭᠡ᠂ ᠦᠨᠳᠦᠰᠦᠨ ᠬᠠᠤᠯᠢ ᠶᠢ | ᠦᠨᠳᠦᠰᠦᠯᠡᠨ ᠲᠤᠰ ᠬᠠᠤᠯᠢ ᠶᠢ ᠲᠤᠭᠳᠠᠭᠠᠪᠠ᠃ | ᠬᠤᠶᠠᠳᠣᠭᠠᠷ ᠵᠦᠢᠯ ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠭᠠᠵᠠᠷ ᠰᠢᠷᠦᠢ ᠶᠢᠨ ᠨᠡᠶᠢᠭᠡᠮ | ᠵᠢᠷᠦᠮ ᠤᠨ ᠨᠡᠶᠢᠳᠡ ᠶᠢᠨ ᠦᠮᠴᠢᠯᠡᠯ᠂ ᠲᠤᠬᠠᠶᠢᠯᠠᠪᠠᠯ ᠠᠷᠠᠳ ᠨᠡᠶᠢᠳᠡ ᠶᠢᠨ ᠦᠮᠴᠢᠯᠡᠯ ᠪᠠ ᠬᠦᠳᠡᠯᠮᠦᠷᠢᠴᠢᠨ ᠲᠦᠮᠡᠨ ᠤ | ᠬᠠᠮᠳᠦ ᠶᠢᠨ ᠦᠮᠴᠢᠯᠡᠯ ᠢ ᠬᠡᠷᠡᠭᠵᠢᠬᠦᠯᠦᠨ᠎ᠡ᠃ | ᠠᠷᠠᠳ ᠨᠡᠶᠢᠳᠡ ᠶᠢᠨ ᠦᠮᠴᠢᠯᠡᠯ᠂ ᠲᠤᠬᠠᠶᠢᠯᠠᠪᠠᠯ ᠤᠯᠤᠰ ᠤᠨ ᠦᠮᠴᠢᠯᠡᠯ ᠤᠨ ᠭᠠᠵᠠᠷ ᠰᠢᠷᠦᠢ ᠶᠢᠨ ᠦᠮᠴᠢᠯᠡᠯ ᠤᠨ | ᠡᠷᠭᠡ ᠶᠢ ᠲᠦᠷᠦ ᠶᠢᠨ ᠶᠠᠪᠤᠳᠠᠯ ᠤᠨ ᠬᠤᠷᠢᠶ᠎ᠡ ᠠᠴᠠ ᠤᠯᠤᠰ ᠢ ᠲᠦᠯᠦᠭᠡᠯᠡᠨ ᠬᠡᠷᠡᠭᠵᠢᠬᠦᠯᠦᠨ᠎ᠡ᠃ | ᠶᠠᠮᠠᠷᠪᠠ ᠨᠢᠭᠡᠴᠢ᠂ ᠬᠤᠪᠢ ᠬᠦᠮᠦᠨ ᠭᠠᠵᠠᠷ ᠰᠢᠷᠦᠢ ᠶᠢ ᠡᠵᠡᠯᠡᠵᠦ᠂ ᠮᠠᠶᠢᠮᠠᠶᠢᠯᠠᠬᠤ ᠪᠤᠶᠤ ᠪᠤᠰᠤᠳ ᠬᠡᠯᠪᠡᠷᠢ ᠪᠠᠷ | ᠬᠠᠣᠯᠢ ᠪᠣᠰᠣ ᠪᠠᠷ ᠰᠢᠯᠵᠢᠬᠦᠯᠦᠪ ᠦᠭᠴᠦ ᠪᠤᠯᠬᠤ ᠦᠭᠡᠢ᠃ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠬᠠᠤᠯᠢ ᠶᠤᠰᠤᠭᠠᠷ | ᠰᠢᠯᠵᠢᠬᠦᠯᠦᠨ ᠦᠭᠴᠦ ᠪᠤᠯᠤᠨ᠎ᠠ᠃ | ᠤᠯᠤᠰ ᠠᠴᠠ ᠤᠯᠠᠨ ᠨᠡᠶᠢᠳᠡ ᠶᠢᠨ ᠠᠰᠢᠭ ᠲᠤᠰᠠ ᠶᠢᠨ ᠬᠡᠷᠡᠭᠴᠡᠭᠡ ᠶᠢᠨ ᠲᠦᠯᠦᠭᠡ ᠭᠠᠵᠠᠷ ᠰᠢᠷᠦᠢ ᠶᠢ ᠬᠠᠤᠯᠢ | ᠶᠤᠰᠤᠭᠠᠷ ᠲᠠᠳᠠᠪᠤᠷᠢᠯᠠᠬᠤ ᠪᠤᠶᠤ ᠲᠠᠳᠠᠪᠤᠷᠢᠯᠠᠨ ᠬᠡᠷᠡᠭᠯᠡᠵᠦ ᠪᠤᠯᠬᠤ ᠪᠦᠭᠡᠳ ᠨᠦᠬᠦᠪᠦᠷᠢ ᠦᠭᠬᠦᠨ᠎ᠡ᠃ ᠤᠯᠤᠰ ᠠᠴᠠ | ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠦᠨ᠎ᠡ ᠲᠦᠯᠦᠪᠤᠷᠢ ᠲᠠᠢ ᠪᠠᠷ ᠬᠡᠷᠡᠭᠯᠡᠬᠦ ᠲᠦᠷᠢᠮ ᠢ ᠬᠠᠤᠯᠢ ᠶᠤᠰᠤᠭᠠᠷ | ᠬᠡᠷᠡᠭᠵᠢᠬᠦᠯᠦᠨ᠎ᠡ᠃ ᠭᠡᠪᠡᠴᠦ ᠤᠯᠤᠰ ᠠᠴᠠ ᠬᠠᠤᠯᠢ ᠴᠠᠭᠠᠵᠠ ᠳᠤ ᠲᠤᠭᠳᠠᠭᠠᠭᠰᠠᠨ ᠬᠡᠪᠴᠢᠶᠠᠨ ᠲᠤᠳᠤᠷ᠎ᠡ ᠤᠯᠤᠰ ᠤᠨ | ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠰᠢᠯᠵᠢᠬᠦᠯᠦᠨ ᠤᠯᠭᠤᠭᠰᠠᠨ ᠪᠠᠶᠢᠪᠠᠯ ᠡᠬᠦᠨ ᠳᠤ ᠪᠠᠭᠳᠠᠬᠤ ᠦᠭᠡᠢ᠃ | | ᠭᠤᠷᠪᠠᠳᠤᠭᠠᠷ ᠵᠦᠢᠯ ᠭᠠᠵᠠᠷ ᠰᠢᠷᠦᠢ ᠶᠢ ᠲᠦᠢᠯ ᠢᠶᠠᠷ ᠨᠠᠨᠳᠢᠩᠨᠠᠵᠦ᠂ ᠵᠦᠢ ᠵᠤᠬᠢᠰᠲᠠᠢ ᠠᠰᠢᠭᠯᠠᠬᠤ ᠪᠠ | ᠲᠠᠷᠢᠶᠠᠨ ᠭᠠᠵᠠᠷ ᠢ ᠦᠨᠡᠨ ᠬᠦ ᠬᠠᠮᠠᠭᠠᠯᠠᠬᠤ ᠪᠤᠯ ᠮᠠᠨ ᠤ ᠤᠯᠤᠰ ᠤᠨ ᠦᠨᠳᠦᠰᠦᠨ ᠪᠤᠳᠤᠯᠭ᠎ᠠ ᠮᠦᠨ᠃ ᠡᠯ᠎ᠡ ᠱᠠᠳᠤᠨ ᠤ | ᠠᠷᠠᠳ ᠤᠨ ᠵᠠᠰᠠᠭ ᠤᠨ ᠤᠷᠳᠤᠨ ᠨᠤᠭᠤᠳ ᠠᠷᠭ᠎ᠠ ᠬᠡᠮᠵᠢᠶ᠎ᠡ ᠠᠪᠴᠦ ᠪᠠᠶᠢᠭᠠᠳ ᠪᠦᠬᠦ ᠲᠠᠯ᠎ᠠ ᠪᠠᠷ ᠲᠦᠯᠦᠪᠵᠢᠬᠦᠯᠦᠨ᠂ | ᠴᠢᠩᠭ᠎ᠠ ᠬᠠᠮᠢᠶᠠᠷᠴᠦ᠂ ᠭᠠᠵᠠᠷ ᠰᠢᠷᠦᠢ ᠶᠢᠨ ᠡᠬᠢ ᠪᠠᠶᠠᠯᠢᠭ ᠢ ᠬᠠᠮᠠᠭᠠᠯᠠᠨ᠂ ᠨᠡᠭᠡᠭᠡᠨ ᠠᠰᠢᠭᠯᠠᠵᠦ᠂ ᠭᠠᠵᠠᠷ ᠰᠢᠷᠦᠢ ᠶᠢ | ᠬᠠᠤᠯᠢ ᠪᠤᠰᠤ ᠪᠠᠷ ᠡᠵᠡᠯᠡᠨ ᠬᠡᠷᠡᠭᠯᠡᠬᠦ ᠠᠵᠢᠯᠯᠠᠭ᠎ᠠ ᠶᠢ ᠬᠤᠷᠢᠭᠯᠠᠨ ᠵᠤᠭᠰᠤᠭᠠᠬᠤ ᠬᠡᠷᠡᠭᠲᠠᠢ᠃ | ᠲᠦᠷᠪᠡᠳᠦᠭᠡᠷ ᠵᠦᠢᠯ ᠤᠯᠤᠰ ᠠᠴᠠ ᠭᠠᠵᠠᠷ ᠰᠢᠷᠦᠢ ᠶᠢᠨ ᠬᠡᠷᠡᠭᠯᠡᠯᠳᠡ ᠶᠢ ᠵᠠᠬᠢᠷᠤᠨ ᠬᠠᠮᠢᠶᠠᠷᠬᠤ ᠲᠦᠷᠢᠮ ᠢ | ᠬᠡᠷᠡᠭᠵᠢᠬᠦᠯᠦᠨ᠎ᠡ᠃ | ᠤᠯᠤᠰ ᠠᠴᠠ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠵᠦ᠂ ᠭᠠᠵᠠᠷ | ᠰᠢᠷᠦᠢ ᠶᠢᠨ ᠬᠡᠷᠡᠭᠯᠡᠯᠳᠡ ᠶᠢ ᠲᠤᠭᠳᠠᠭᠠᠵᠦ᠂ ᠭᠠᠵᠠᠷ ᠰᠢᠷᠦᠢ ᠶᠢ ᠲᠡᠷᠢᠶᠠᠯᠠᠩ ᠳᠤ ᠬᠡᠷᠡᠭᠯᠡᠬᠦ ᠭᠠᠵᠠᠷ᠂ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠪᠠ ᠠᠰᠢᠭᠯᠠᠭᠠᠳᠤᠢ ᠭᠠᠵᠠᠷ ᠭᠡᠵᠦ ᠬᠤᠪᠢᠶᠠᠨ᠎ᠠ᠃ ᠲᠠᠷᠢᠶᠠᠯᠠᠩ ᠳᠤ ᠬᠡᠷᠡᠭᠯᠡᠬᠦ ᠭᠠᠵᠠᠷ ᠢ | ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠨ ᠬᠤᠪᠢᠷᠠᠭᠠᠬᠤ ᠶᠢ ᠴᠢᠩᠭ᠎ᠠ ᠬᠢᠵᠠᠭᠠᠷᠯᠠᠵᠦ᠂ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠶᠡᠷᠦᠩᠭᠡᠢ ᠬᠡᠮᠵᠢᠶ᠎ᠡ ᠶᠢ ᠬᠢᠵᠠᠭᠠᠷᠯᠠᠵᠦ᠂ ᠲᠠᠷᠢᠶᠠᠨ ᠭᠠᠵᠠᠷ ᠲᠤ ᠤᠨᠴᠠᠭᠠᠢ | ᠬᠠᠮᠠᠭᠠᠯᠠᠯᠳᠠ ᠶᠠᠪᠤᠭᠤᠯᠤᠨ᠎ᠠ᠃ | ᠡᠮᠦᠨᠡᠬᠢ ᠪᠠᠳᠠᠭ ᠲᠤ ᠭᠡᠯᠡᠵᠦ ᠪᠠᠶᠢᠭ᠎ᠠ ᠲᠠᠷᠢᠶᠠᠯᠠᠩ ᠳᠤ ᠬᠡᠷᠡᠭᠯᠡᠬᠦ ᠭᠠᠵᠠᠷ ᠭᠡᠳᠡᠭ ᠨᠢ ᠲᠠᠷᠢᠶᠠᠨ ᠭᠠᠵᠠᠷ᠂ | ᠰᠢᠭᠤᠶᠢᠳᠦ ᠭᠠᠵᠠᠷ᠂ ᠪᠡᠯᠴᠢᠭᠡᠷ ᠭᠠᠵᠠᠷ᠂ ᠲᠠᠷᠢᠶᠠᠯᠠᠩ ᠤᠨ ᠤᠰᠤᠨ ᠠᠰᠢᠭᠯᠠᠯᠳᠠ ᠳᠤ ᠬᠡᠷᠡᠭᠯᠡᠬᠦ ᠭᠠᠵᠠᠷ᠂ ᠲᠡᠵᠢᠭᠡᠨ | ᠦᠷᠡᠵᠢᠬᠦᠯᠬᠦ ᠤᠰᠤᠨ ᠤ ᠭᠠᠳᠠᠷᠭᠤ ᠵᠡᠷᠭᠡ ᠶᠢ ᠪᠠᠭᠳᠠᠭᠠᠭᠰᠠᠨ ᠲᠠᠷᠢᠶᠠᠯᠠᠩ ᠤᠨ ᠦᠢᠯᠡᠳᠪᠦᠷᠢᠯᠡᠯ ᠳᠤ ᠰᠢᠭᠤᠳ ᠬᠡᠷᠡᠭᠯᠡᠬᠦ | ᠭᠠᠵᠠᠷ ᠰᠢᠷᠦᠢ ᠶᠢ ᠵᠢᠭᠠᠵᠦ ᠪᠠᠶᠢᠨ᠎ᠠ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠬᠡᠳᠡᠭ ᠨᠢ ᠬᠤᠳᠠ ᠬᠦᠳᠡᠭᠡ ᠶᠢᠨ | ᠤᠷᠤᠨ ᠰᠠᠭᠤᠴᠠ ᠪᠠ ᠨᠠᠶᠢᠳᠡ ᠶᠢᠨ ᠬᠡᠷᠡᠭᠯᠡᠬᠡᠨ ᠤ ᠲᠦᠬᠦᠭᠡᠷᠦᠮᠵᠢ ᠳᠤ ᠬᠡᠷᠡᠭᠯᠡᠬᠦ ᠭᠠᠵᠠᠷ᠂ ᠦᠢᠯᠡᠳᠪᠦᠷᠢ ᠠᠭᠤᠷᠬᠠᠢ ᠳᠤ | ᠬᠡᠷᠡᠭᠯᠡᠬᠦ ᠭᠠᠵᠠᠷ᠂ ᠵᠠᠮ ᠬᠠᠷᠢᠯᠴᠠᠭ᠎ᠠ ᠤᠰᠤᠨ ᠠᠰᠢᠭᠯᠠᠯᠳᠠ ᠶᠢᠨ ᠲᠦᠬᠦᠭᠡᠷᠦᠮᠵᠢ ᠳᠤ ᠬᠡᠷᠡᠭᠯᠡᠬᠦ ᠭᠠᠵᠠᠷ᠂ ᠵᠤᠭᠠᠴᠠᠯ ᠳᠤ | ᠬᠡᠷᠡᠭᠯᠡᠬᠦ ᠭᠠᠵᠠᠷ᠂ ᠵᠤᠭᠠᠴᠠᠯ ᠳᠤ ᠬᠡᠷᠡᠭᠯᠡᠬᠦ ᠭᠠᠵᠠᠷ᠂ ᠴᠡᠷᠢᠭ ᠤᠨ ᠶᠠᠪᠤᠳᠠᠯ ᠤᠨ ᠲᠦᠬᠦᠭᠡᠷᠦᠮᠵᠢ ᠳᠤ ᠬᠡᠷᠡᠭᠯᠡᠬᠦ ᠭᠠᠵᠠᠷ | ᠵᠡᠷᠭᠡ ᠶᠢ ᠪᠠᠭᠳᠠᠭᠠᠭᠰᠠᠨ ᠪᠠᠷᠢᠯᠭ᠎ᠠ᠂ ᠪᠠᠷᠢᠯᠭ᠎ᠠ ᠶᠢᠨ ᠡᠳ᠋ ᠢ ᠪᠠᠶᠢᠭᠤᠯᠬᠤ ᠳᠤ ᠬᠡᠷᠡᠭᠯᠡᠬᠦ ᠭᠠᠵᠠᠷ ᠰᠢᠷᠦᠢ ᠶᠢ ᠵᠢᠭᠠᠵᠦ ᠪᠠᠶᠢᠨ᠎ᠠ᠃ | ᠠᠰᠢᠭᠯᠠᠭᠠᠳᠦᠢ ᠭᠠᠵᠠᠷ ᠭᠡᠳᠡᠭ ᠨᠢ ᠲᠠᠷᠢᠶᠠᠯᠠᠩ ᠳᠤ ᠬᠡᠷᠡᠭᠯᠡᠬᠦ ᠭᠠᠵᠠᠷ ᠪᠠ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ | ᠭᠠᠵᠠᠷ ᠠᠴᠠ ᠪᠤᠰᠤᠳ ᠭᠠᠵᠠᠷ ᠰᠢᠷᠦᠢ ᠶᠢ ᠵᠢᠭᠠᠵᠦ ᠪᠠᠶᠢᠨ᠎ᠠ᠃ | ᠭᠠᠵᠠᠷ ᠰᠢᠷᠦᠢ ᠬᠡᠷᠡᠭᠯᠡᠬᠦ ᠨᠢᠭᠡᠴᠢ ᠪᠤᠯᠤᠨ ᠬᠤᠪᠢ ᠬᠦᠮᠦᠨ ᠡᠷᠭᠡᠪᠰᠢ ᠭᠠᠵᠠᠷ ᠰᠢᠷᠦᠢ ᠶᠢ ᠠᠰᠢᠭᠯᠠᠬᠤ ᠶᠡᠷᠦᠩᠭᠡᠢ | ᠲᠦᠯᠦᠪᠵᠢᠬᠦᠯᠭᠡ ᠳᠤ ᠲᠤᠭᠳᠠᠭᠠᠭᠰᠠᠨ ᠬᠡᠷᠡᠭᠯᠡᠯᠳᠡ ᠶᠢ ᠴᠢᠩᠭ᠎ᠠ ᠵᠢᠷᠦᠮᠯᠠᠨ ᠭᠠᠵᠠᠷ ᠰᠢᠷᠦᠢ ᠶᠢ ᠬᠡᠷᠡᠭᠯᠡᠬᠦ ᠬᠡᠷᠡᠭᠲᠠᠢ᠃ | ᠲᠠᠪᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠠᠴᠠ ᠪᠦᠬᠦ ᠤᠯᠤᠰ ᠤᠨ ᠭᠠᠵᠠᠷ ᠰᠢᠷᠦᠢ ᠶᠢ ᠬᠠᠮᠢᠶᠠᠷᠴᠦ ᠬᠢᠨᠠᠬᠤ ᠠᠵᠢᠯ ᠢ ᠨᠢᠭᠡᠳᠦᠯᠲᠠᠢ | ᠬᠠᠷᠢᠭᠤᠴᠠᠨ᠎ᠠ᠃ | ᠰᠢᠶᠠᠨ ᠤ ᠱᠠᠳᠤᠨ ᠠᠴᠠ ᠲᠡᠭᠡᠭᠰᠢᠬᠢ ᠣᠷᠣᠨ ᠨᠤᠳᠤᠭ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢ ᠪᠠᠶᠢᠭᠤᠯᠬᠤ ᠵᠢᠴᠢ ᠲᠠᠬᠦᠨ ᠤ ᠲᠤᠰᠢᠶᠠᠯ ᠬᠠᠷᠢᠭᠤᠴᠠᠯᠭ᠎ᠠ ᠶᠢ ᠮᠤᠵᠢ᠂ | ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠲᠦᠷᠦ ᠶᠢᠨ | ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠲᠤᠭᠳᠠᠭᠠᠯ ᠢ ᠦᠨᠳᠦᠰᠦᠯᠡᠨ ᠲᠤᠭᠳᠠᠭᠠᠨ᠎ᠠ᠃ | ᠵᠢᠷᠭᠤᠳᠤᠭᠠᠷ ᠵᠦᠢᠯ ᠶᠠᠮᠠᠷᠪᠠ ᠨᠢᠭᠡᠴᠢ᠂ ᠬᠤᠪᠢ ᠬᠦᠮᠦᠨ ᠴᠦᠮ ᠭᠠᠵᠠᠷ ᠰᠢᠷᠦᠢ ᠶᠢᠨ ᠬᠠᠮᠢᠶᠠᠷᠤᠯᠳᠠ ᠶᠢᠨ | ᠬᠠᠤᠯᠢ ᠴᠠᠭᠠᠵᠠ᠂ ᠬᠠᠤᠯᠢ ᠲᠦᠷᠢᠮ ᠢ ᠵᠢᠷᠦᠮᠯᠠᠨ ᠰᠠᠬᠢᠬᠤ ᠡᠬᠦᠷᠭᠡ ᠲᠠᠢ ᠪᠦᠭᠡᠳ ᠭᠠᠵᠠᠷ ᠰᠢᠷᠦᠢ ᠶᠢᠨ ᠬᠠᠮᠢᠶᠠᠷᠤᠯᠳᠠ ᠶᠢᠨ | ᠬᠠᠤᠯᠢ ᠴᠠᠭᠠᠵᠠ᠂ ᠬᠠᠤᠯᠢ ᠲᠤᠭᠳᠠᠭᠠᠯ ᠠᠴᠠ ᠵᠦᠷᠢᠴᠡᠭᠰᠡᠨ ᠠᠵᠢᠯᠯᠠᠭ᠎ᠠ ᠶᠢ ᠢᠯᠡᠴᠢᠯᠡᠨ ᠵᠠᠭᠠᠯᠳᠤᠬᠤ ᠡᠷᠭᠡ ᠲᠠᠢ᠃ | ᠲᠤᠯᠤᠳᠤᠭᠠᠷ ᠵᠦᠢᠯ ᠭᠠᠵᠠᠷ ᠰᠢᠷᠦᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠨᠡᠭᠡᠭᠡᠨ ᠠᠰᠢᠭᠯᠠᠬᠤ᠂ ᠭᠠᠵᠠᠷ | ᠰᠢᠷᠦᠢ ᠶᠢ ᠵᠦᠢ ᠵᠤᠬᠢᠰᠲᠠᠢ ᠠᠰᠢᠭᠯᠠᠬᠤ ᠵᠢᠴᠢ ᠬᠤᠯᠪᠤᠭᠳᠠᠯ ᠪᠦᠬᠦᠢ ᠰᠢᠨᠵᠢᠯᠡᠬᠦ ᠤᠬᠠᠭᠠᠨ ᠤ ᠰᠣᠳᠣᠯᠭᠠᠨ ᠬᠢᠬᠦ ᠵᠡᠷᠭᠡ | ᠲᠠᠯ᠎ᠠ ᠪᠠᠷ ᠢᠯᠡᠳᠳᠡ ᠠᠮᠵᠢᠯᠳᠠ ᠤᠯᠤᠭᠰᠠᠨ ᠨᠢᠭᠡᠴᠢ ᠪᠤᠯᠤᠨ ᠬᠤᠪᠢ ᠬᠦᠮᠦᠨ ᠢ ᠠᠷᠠᠳ ᠤᠨ ᠵᠠᠰᠠᠭ ᠤᠨ ᠤᠷᠳᠤᠨ ᠠᠴᠠ | ᠬᠦᠬᠢᠬᠦᠯᠦᠨ ᠱᠠᠩᠨᠠᠨ᠎ᠠ᠃ | | ᠬᠤᠶᠠᠳᠣᠭᠠᠷ ᠪᠦᠯᠦᠭ ᠭᠠᠵᠠᠷ ᠰᠢᠷᠦᠢ ᠶᠢᠨ ᠦᠮᠴᠢᠯᠡᠬᠦ ᠡᠷᠭᠡ ᠪᠠ ᠬᠡᠷᠡᠭᠯᠡᠬᠦ ᠡᠷᠭᠡ | ᠨᠠᠢᠮᠠᠳᠣᠭᠠᠷ ᠵᠦᠢᠯ ᠬᠤᠳᠠ ᠶᠢᠨ ᠲᠤᠭᠤᠷᠢᠭ ᠤᠨ ᠭᠠᠵᠠᠷ ᠰᠢᠷᠦᠢ ᠪᠤᠯ ᠤᠯᠤᠰ ᠤᠨ ᠦᠮᠴᠢᠯᠡᠯ ᠳᠤ | ᠬᠠᠷᠢᠶᠠᠯᠠᠭᠳᠠᠨ᠎ᠠ᠃ | ᠬᠦᠳᠡᠭᠡ ᠲᠤᠰᠬᠤᠨ ᠪᠠ ᠬᠤᠳᠠ ᠶᠢᠨ ᠲᠡᠬᠦᠷᠭᠡ ᠶᠢᠨ ᠭᠠᠵᠠᠷ ᠰᠢᠷᠦᠢ ᠶᠢᠨ ᠤᠯᠤᠰ ᠤᠨ ᠦᠮᠴᠢᠯᠡᠯ ᠳᠤ | ᠬᠠᠷᠢᠶᠠᠯᠠᠭᠳᠠᠨ᠎ᠠ ᠭᠡᠵᠦ ᠬᠠᠤᠯᠢ ᠴᠠᠭᠠᠵᠠ ᠳᠤ ᠲᠤᠭᠳᠠᠭᠠᠭᠰᠠᠨ ᠠᠴᠠ ᠪᠤᠰᠣᠳ ᠨᠢ ᠲᠠᠷᠢᠶᠠᠴᠢᠳ ᠤᠨ ᠬᠠᠮᠳᠦ ᠶᠢᠨ | ᠦᠮᠴᠢᠯᠡᠯ ᠳᠤ ᠬᠠᠷᠢᠶᠠᠯᠠᠭᠳᠠᠨ᠎ᠠ᠃ ᠤᠷᠤᠨ ᠰᠠᠭᠤᠴᠠ ᠶᠢᠨ ᠭᠠᠵᠠᠷ ᠪᠠ ᠬᠤᠪᠢᠨ ᠳᠠᠭᠠᠨ ᠦᠯᠡᠳᠡᠭᠡᠭᠰᠡᠨ ᠲᠡᠷᠢᠶ᠎ᠡ᠂ | ᠬᠤᠪᠢᠨ ᠳᠠᠭᠠᠨ ᠦᠯᠡᠳᠡᠭᠡᠭᠰᠡᠨ ᠠᠭᠤᠯᠠ ᠨᠢ ᠲᠠᠷᠢᠶᠠᠴᠢᠳ ᠤᠨ ᠬᠠᠮᠳᠦ ᠶᠢᠨ ᠦᠮᠴᠢᠯᠡᠯ ᠳᠤ ᠬᠠᠷᠢᠶᠠᠯᠠᠭᠳᠠᠨ᠎ᠠ᠃ | ᠶᠢᠰᠦᠳᠦᠭᠡᠷ ᠵᠦᠢᠯ ᠣᠯᠣᠰ ᠤᠨ ᠦᠮᠴᠢᠯᠡᠯ ᠤᠨ ᠭᠠᠵᠠᠷ ᠰᠢᠷᠦᠢ ᠪᠠ ᠲᠠᠷᠢᠶᠠᠴᠢᠳ ᠤᠨ ᠬᠠᠮᠳᠦ ᠶᠢᠨ | ᠦᠮᠴᠢᠯᠡᠯ ᠤᠨ ᠭᠠᠵᠠᠷ ᠰᠢᠷᠦᠢ ᠶᠢ ᠬᠠᠤᠯᠢ ᠶᠤᠰᠤᠭᠠᠷ ᠨᠢᠭᠡᠴᠢ ᠪᠤᠶᠤ ᠬᠤᠪᠢ ᠬᠦᠮᠦᠨ ᠳᠤ ᠦᠭᠴᠦ ᠬᠡᠷᠡᠭᠯᠡᠬᠦᠯᠬᠦ ᠪᠠᠷ | ᠲᠤᠭᠳᠠᠭᠠᠵᠦ ᠪᠤᠯᠤᠨ᠎ᠠ᠃ ᠭᠠᠵᠠᠷ ᠰᠢᠷᠦᠢ ᠶᠢ ᠬᠡᠷᠡᠭᠯᠡᠬᠦ ᠨᠢᠭᠡᠴᠢ ᠪᠠ ᠬᠤᠪᠢ ᠬᠦᠮᠦᠨ ᠭᠠᠵᠠᠷ ᠰᠢᠷᠦᠢ ᠶᠢ ᠬᠠᠮᠠᠭᠠᠯᠠᠬᠤ᠂ | ᠬᠠᠮᠢᠶᠠᠷᠬᠤ ᠪᠠ ᠵᠦᠢ ᠵᠤᠬᠢᠰᠲᠠᠢ ᠪᠠᠷ ᠠᠰᠢᠭᠯᠠᠬᠤ ᠡᠬᠦᠷᠭᠡ ᠲᠠᠢ᠃ | ᠠᠷᠪᠠᠳᠣᠭᠠᠷ ᠵᠦᠢᠯ ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠨᠢ ᠬᠠᠤᠯᠢ ᠶᠤᠰᠤᠭᠠᠷ | ᠭᠠᠴᠠᠭᠠᠨ ᠤ ᠲᠠᠷᠢᠶᠠᠴᠢᠳ ᠤᠨ ᠬᠠᠮᠳᠦ ᠶᠢᠨ ᠦᠮᠴᠢᠯᠡᠯ ᠳᠤ ᠬᠠᠷᠢᠶᠠᠯᠠᠭᠳᠠᠵᠦ ᠪᠠᠶᠢᠪᠠᠯ᠂ ᠭᠠᠴᠠᠭ᠎ᠠ ᠶᠢᠨ ᠬᠠᠮᠳᠦ ᠶᠢᠨ ᠠᠵᠦ | ᠠᠬᠤᠢ ᠶᠢᠨ ᠵᠤᠬᠢᠶᠠᠨ ᠪᠠᠶᠢᠭᠤᠯᠤᠯᠳᠠ ᠪᠤᠶᠤ ᠭᠠᠴᠠᠭᠠᠨ ᠤ ᠠᠷᠠᠳ ᠤᠨ ᠵᠦᠪᠯᠡᠯ ᠠᠴᠠ ᠡᠵᠡᠩᠨᠡᠵᠦ ᠬᠠᠮᠢᠶᠠᠷᠤᠨ᠎ᠠ᠃ | ᠨᠢᠭᠡᠨᠳᠡ ᠭᠠᠴᠠᠭ᠎ᠠ ᠶᠢᠨ ᠲᠤᠳᠤᠷᠠᠬᠢ ᠬᠤᠶᠠᠷ ᠠᠴᠠ ᠲᠡᠭᠡᠰᠢᠬᠢ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ | ᠵᠤᠬᠢᠶᠠᠨ ᠪᠠᠶᠢᠭᠤᠯᠤᠯᠳᠠ ᠶᠢᠨ ᠲᠠᠷᠢᠶᠠᠴᠢᠳ ᠤᠨ ᠬᠠᠮᠳᠦ ᠶᠢᠨ ᠦᠮᠴᠢᠯᠡᠯ ᠳᠤ ᠲᠤᠰ ᠲᠤᠰ ᠬᠠᠷᠢᠶᠠᠯᠠᠭᠳᠠᠵᠦ ᠪᠠᠶᠢᠪᠠᠯ᠂ | ᠭᠠᠴᠠᠭ᠎ᠠ ᠶᠢᠨ ᠲᠤᠳᠤᠷᠠᠬᠢ ᠲᠡᠳᠡᠭᠡᠷ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ | ᠪᠤᠶᠤ ᠭᠠᠴᠠᠭᠠᠨ ᠤ ᠠᠷᠠᠳ ᠤᠨ ᠲᠤᠭᠤᠶᠢᠯᠠᠩ ᠠᠴᠠ ᠡᠵᠡᠩᠨᠡᠵᠦ ᠬᠠᠮᠢᠶᠠᠷᠤᠨ᠎ᠠ᠃ ᠨᠢᠭᠡᠨᠳᠡ ᠰᠤᠮᠤ ︵ᠪᠠᠯᠭᠠᠰᠦ︶ ᠶᠢᠨ | ᠲᠠᠷᠢᠶᠠᠴᠢᠳ ᠤᠨ ᠬᠠᠮᠳᠦ ᠶᠢᠨ ᠦᠮᠴᠢᠯᠡᠯ ᠳᠤ ᠬᠠᠷᠢᠶᠠᠯᠠᠭᠳᠠᠵᠦ ᠪᠠᠶᠢᠪᠠᠯ᠂ ᠰᠤᠮᠤ ︵ᠪᠠᠯᠭᠠᠰᠦ︶ ᠶᠢᠨ ᠬᠦᠳᠡᠭᠡ | ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠠᠴᠠ ᠡᠵᠡᠩᠨᠡᠵᠦ ᠬᠠᠮᠢᠶᠠᠷᠤᠨ᠎ᠠ᠃ | ᠠᠷᠪᠠᠨ ᠨᠢᠭᠡᠳᠦᠭᠡᠷ ᠵᠦᠢᠯ ᠲᠠᠷᠢᠶᠠᠴᠢᠳ ᠤᠨ ᠬᠠᠮᠳᠦ ᠶᠢᠨ ᠦᠮᠴᠢᠯᠡᠯ ᠤ ᠭᠠᠵᠠᠷ ᠰᠢᠷᠦᠢ ᠶᠢ ᠰᠢᠶᠠᠨ ᠱᠠᠳᠤᠨ ᠤ | ᠠᠷᠠᠳ ᠤᠨ ᠵᠠᠰᠠᠭ ᠤᠨ ᠤᠷᠳᠤᠨ ᠠᠴᠠ ᠲᠠᠩᠰᠠᠯᠠᠨ ᠲᠡᠮᠳᠡᠭᠯᠡᠵᠦ᠂ ᠬᠢᠨᠠᠵᠦ ᠬᠠᠷᠭᠤᠭᠤᠯᠤᠭᠠᠳ ᠦᠨᠡᠮᠯᠡᠯ ᠤᠯᠭᠤᠨ᠂ | ᠦᠮᠴᠢᠯᠡᠯ ᠤᠨ ᠡᠷᠭᠡ ᠶᠢ ᠨᠢ ᠨᠤᠳᠠᠯᠠᠨ ᠲᠤᠭᠳᠠᠭᠠᠨ᠎ᠠ᠃ | ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠬᠠᠤᠯᠢ ᠶᠤᠰᠤᠭᠠᠷ ᠲᠠᠷᠢᠶᠠᠯᠠᠩ ᠤᠨ ᠪᠤᠰᠤ | ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠳᠤ ᠬᠦᠷᠪᠡᠯ᠂ ᠰᠢᠶᠠᠨ ᠤ ᠱᠠᠳᠤᠨ ᠤ ᠠᠷᠠᠳ ᠤᠨ ᠵᠠᠰᠠᠭ ᠤᠨ ᠣᠷᠳᠤᠨ ᠠᠴᠠ | ᠲᠠᠩᠰᠠᠯᠠᠨ ᠲᠡᠮᠳᠡᠭᠯᠡᠵᠦ᠂ ᠬᠢᠨᠠᠵᠦ ᠬᠠᠷᠭᠤᠭᠤᠯᠤᠭᠠᠳ ᠦᠨᠡᠮᠯᠡᠯ ᠤᠯᠭᠤᠨ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ | ᠭᠠᠵᠠᠷ ᠤᠨ ᠬᠡᠷᠡᠭᠯᠡᠬᠦ ᠡᠷᠭᠡ ᠶᠢ ᠨᠢ ᠨᠤᠳᠠᠯᠠᠨ ᠲᠤᠭᠳᠠᠭᠠᠨ᠎ᠠ᠃ | ᠨᠢᠭᠡᠴᠢ ᠪᠠ ᠬᠤᠪᠢ ᠬᠦᠮᠦᠨ ᠬᠠᠤᠯᠢ ᠶᠤᠰᠤᠭᠠᠷ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠬᠡᠷᠡᠭᠯᠡᠬᠦ ᠳᠤ | ᠬᠦᠷᠪᠡᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠠᠴᠠ ᠲᠠᠩᠰᠠᠯᠠᠨ ᠲᠡᠮᠳᠡᠭᠯᠡᠵᠦ᠂ ᠬᠢᠨᠠᠨ | ᠬᠠᠷᠭᠤᠭᠤᠯᠤᠭᠠᠳ ᠦᠨᠡᠮᠯᠡᠯ ᠤᠯᠭᠤᠨ᠂ ᠬᠡᠷᠡᠭᠯᠡᠬᠦ ᠡᠷᠭᠡ ᠶᠢ ᠨᠢ ᠨᠤᠳᠠᠯᠠᠨ ᠲᠤᠭᠳᠠᠭᠠᠨ᠎ᠠ᠃ ᠡᠬᠦᠨ ᠤ ᠲᠤᠳᠤᠷ᠎ᠡ᠂ | ᠲᠦᠪ ᠤᠨ ᠲᠦᠷᠦ ᠶᠢᠨ ᠪᠠᠶᠢᠭᠤᠯᠭ᠎ᠠ ᠶᠢᠨ ᠬᠡᠷᠡᠭᠯᠡᠬᠦ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠪᠤᠳᠠᠳᠠᠢ ᠪᠠᠷ | ᠲᠠᠩᠰᠠᠯᠠᠨ ᠲᠠᠮᠳᠡᠭᠯᠡᠵᠦ ᠬᠡᠷᠡᠴᠢ ᠪᠢᠴᠢᠭ ᠤᠯᠭᠤᠬᠤ ᠪᠠᠶᠢᠭᠤᠯᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠡ ᠠᠴᠠ | ᠲᠤᠭᠳᠠᠭᠠᠨ᠎ᠠ᠃ | ᠰᠢᠭᠤᠶᠢᠳᠦ ᠭᠠᠵᠠᠷ᠂ ᠨᠤᠳᠤᠭ ᠪᠡᠯᠴᠢᠭᠡᠷ ᠤᠨ ᠦᠮᠴᠢᠯᠡᠬᠦ ᠡᠷᠭᠡ ᠪᠤᠶᠤ ᠬᠡᠷᠡᠭᠯᠡᠬᠦ ᠡᠷᠭᠡ ᠶᠢ ᠨᠤᠳᠠᠯᠠᠨ ᠲᠤᠭᠳᠠᠭᠠᠬᠤ᠂ | ᠤᠰᠤᠨ ᠤ ᠭᠠᠳᠠᠷᠭᠤ᠂ ᠲᠠᠯᠠᠢ ᠶᠢᠨ ᠲᠠᠩ ᠢ ᠠᠰᠢᠭᠯᠠᠨ ᠲᠡᠵᠢᠭᠡᠨ ᠦᠷᠡᠵᠢᠬᠦᠯᠬᠦ ᠠᠵᠢᠯ ᠳᠤ ᠬᠡᠷᠡᠭᠯᠡᠬᠦ ᠡᠷᠭᠡ ᠶᠢ ᠨᠤᠳᠠᠯᠠᠨ | ᠲᠤᠭᠳᠠᠭᠠᠬᠤ ᠳᠤ ︽ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠤᠢ ᠰᠢᠭᠤᠢ ᠶᠢᠨ ᠬᠠᠤᠯᠢ︾᠂ ︽ᠪᠦᠭᠦᠳᠡ | ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠨᠤᠳᠤᠭ ᠪᠡᠯᠴᠢᠭᠡᠷ ᠤᠨ ᠬᠠᠤᠯᠢ︾ ᠪᠤᠯᠤᠨ ︽ᠪᠦᠭᠦᠳᠡ ᠨᠠᠶᠢᠷᠠᠮᠳᠠᠬᠤ | ᠲᠤᠮᠳᠠᠳᠦ ᠠᠷᠠᠳ ᠤᠯᠤᠰ ᠤᠨ ᠵᠢᠭᠠᠰᠤᠨ ᠠᠵᠦ ᠠᠬᠤᠢ ᠶᠢᠨ ᠬᠠᠤᠯᠢ︾ ᠶᠢᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ | ᠲᠤᠰ ᠲᠤᠰ ᠰᠢᠢᠳᠪᠦᠷᠢᠯᠡᠨ᠎ᠡ᠃ | ᠠᠷᠪᠠᠨ ᠬᠤᠶᠠᠳᠦᠭᠠᠷ ᠵᠦᠢᠯ ᠭᠠᠵᠠᠷ ᠰᠢᠷᠦᠢ ᠶᠢᠨ ᠡᠷᠭᠡ ᠶᠢᠨ ᠬᠠᠷᠢᠶᠠᠯᠠᠯ ᠪᠠ ᠬᠡᠷᠡᠭᠯᠡᠯᠳᠡ ᠶᠢ ᠬᠠᠤᠯᠢ ᠶᠤᠰᠤᠭᠠᠷ | ᠬᠤᠪᠢᠷᠠᠭᠠᠬᠤ ᠳᠤ ᠬᠦᠷᠪᠡᠯ᠂ ᠭᠠᠵᠠᠷ ᠰᠢᠷᠦᠢ ᠶᠢᠨ ᠡᠷᠭᠡ ᠶᠢᠨ ᠬᠠᠷᠢᠶᠠᠯᠠᠯ᠂ ᠬᠡᠷᠡᠭᠯᠡᠯᠳᠡ ᠶᠢ ᠬᠤᠪᠢᠷᠠᠭᠠᠬᠤ | ᠲᠠᠩᠰᠠᠯᠠᠯᠳᠠ ᠶᠢᠨ ᠭᠠᠷ ᠬᠦᠢᠴᠡᠳᠭᠡᠯ ᠬᠢᠬᠦ ᠬᠡᠷᠡᠭᠲᠠᠢ᠃ | ᠠᠷᠪᠠᠨ ᠭᠤᠷᠪᠠᠳᠦᠭᠠᠷ ᠵᠦᠢᠯ ᠬᠠᠤᠯᠢ ᠶᠤᠰᠤᠭᠠᠷ ᠲᠠᠩᠰᠠᠯᠠᠭᠤᠯᠤᠭᠰᠠᠨ ᠭᠠᠵᠠᠷ ᠰᠢᠷᠦᠢ ᠶᠢᠨ ᠦᠮᠴᠢᠯᠡᠬᠦ ᠡᠷᠬᠡ | ᠪᠠ ᠬᠡᠷᠡᠭᠯᠡᠬᠦ ᠡᠷᠭᠡ ᠶᠢ ᠬᠠᠤᠯᠢ ᠪᠠᠷ ᠬᠠᠮᠠᠭᠠᠯᠠᠨ᠎ᠠ᠂ ᠶᠠᠮᠠᠷᠪᠠ ᠨᠢᠭᠡᠴᠢ ᠪᠤᠯᠤᠨ ᠬᠤᠪᠢ ᠬᠦᠮᠦᠨ ᠬᠠᠯᠳᠠᠵᠦ ᠪᠤᠯᠬᠤ ᠦᠭᠡᠢ᠃ | | ᠠᠷᠪᠠᠨ ᠲᠦᠷᠪᠡᠳᠦᠭᠡᠷ ᠵᠦᠢᠯ ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠲᠤᠰ | ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠪᠦᠷᠢᠯᠳᠦᠬᠦᠨ ᠨᠠᠷ ᠲᠠᠭᠠᠭᠠᠴᠢᠯᠠᠨ ᠡᠵᠡᠩᠨᠡᠵᠦ᠂ | ᠲᠠᠷᠢᠮᠠᠯ ᠤᠨ ᠦᠢᠯᠡᠰ᠂ ᠤᠢ ᠰᠢᠭᠤᠢ ᠶᠢᠨ ᠠᠵᠦ ᠠᠬᠤᠢ᠂ ᠮᠠᠯ ᠠᠵᠦ ᠠᠬᠤᠢ᠂ ᠵᠢᠭᠠᠰᠤᠨ ᠠᠵᠦ ᠠᠬᠤᠢ ᠶᠢᠨ | ᠦᠢᠯᠡᠳᠪᠦᠷᠢᠯᠡᠯ ᠬᠢᠨ᠎ᠡ᠃ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠬᠤᠭᠤᠴᠠᠭ᠎ᠠ ᠨᠢ ᠭᠤᠴᠢᠨ ᠵᠢᠯ ᠪᠤᠯᠤᠨ᠎ᠠ᠃ | ᠲᠠᠭᠠᠭᠠᠴᠢᠯᠠᠭᠤᠯᠬᠤ ᠡᠳᠡᠭᠡᠳ ᠪᠠ ᠲᠠᠭᠠᠭᠠᠴᠢᠯᠠᠬᠤ ᠡᠳᠡᠭᠡᠳ ᠬᠤᠭᠤᠷᠤᠨᠳᠦ ᠪᠠᠨ ᠲᠠᠭᠠᠭᠠᠴᠢᠯᠠᠯᠳᠠ ᠶᠢᠨ ᠬᠡᠷ᠎ᠡ ᠲᠤᠭᠳᠠᠭᠠᠵᠦ᠂ | ᠬᠤᠶᠠᠷ ᠡᠳᠡᠭᠡᠳ ᠤᠨ ᠡᠷᠭᠡ ᠪᠠ ᠡᠬᠦᠷᠭᠡ ᠶᠢ ᠪᠤᠯᠵᠤᠨ ᠲᠤᠭᠳᠠᠭᠠᠬᠤ ᠬᠡᠷᠡᠭᠲᠠᠢ᠃ ᠭᠠᠵᠠᠷ ᠰᠢᠷᠦᠢ ᠶᠢ ᠲᠠᠭᠠᠭᠠᠴᠢᠯᠠᠨ | ᠡᠵᠡᠩᠨᠡᠭᠰᠡᠨ ᠲᠠᠷᠢᠶᠠᠴᠢᠳ ᠭᠠᠵᠠᠷ ᠰᠢᠷᠦᠢ ᠶᠢ ᠬᠠᠮᠠᠭᠠᠯᠠᠬᠤ᠂ ᠭᠠᠵᠠᠷ ᠰᠢᠷᠦᠢ ᠶᠢᠨ ᠲᠠᠭᠠᠭᠠᠴᠢᠯᠠᠯᠳᠠ ᠶᠢᠨ ᠭᠡᠷ᠎ᠡ ᠳᠤ | ᠪᠤᠯᠵᠤᠨ ᠲᠤᠭᠳᠠᠭᠠᠭᠰᠠᠨ ᠬᠡᠷᠡᠭᠯᠡᠯᠳᠡ ᠶᠤᠰᠤᠭᠠᠷ ᠭᠠᠵᠠᠷ ᠰᠢᠷᠦᠢ ᠶᠢ ᠵᠦᠢ ᠵᠤᠬᠢᠰᠲᠠᠢ ᠠᠰᠢᠭᠯᠠᠬᠤ ᠡᠬᠦᠷᠭᠡ ᠲᠠᠢ᠃ | ᠲᠠᠷᠢᠶᠠᠴᠢᠳ ᠤᠨ ᠭᠠᠵᠷ ᠰᠢᠷᠦᠢ ᠲᠠᠭᠠᠭᠠᠴᠢᠯᠠᠨ ᠡᠵᠡᠩᠨᠡᠬᠦ ᠡᠷᠭᠡ ᠶᠢ ᠬᠠᠤᠯᠢ ᠪᠠᠷ ᠬᠠᠮᠠᠭᠠᠯᠠᠨ᠎ᠠ᠃ | ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠬᠤᠭᠤᠴᠠᠭᠠᠨ ᠳᠤ ᠤᠨᠴᠠ ᠵᠠᠷᠢᠮ ᠲᠠᠭᠠᠭᠠᠴᠢᠯᠠᠨ ᠡᠵᠡᠩᠨᠡᠭᠴᠢᠳ ᠤᠨ | ᠬᠤᠭᠤᠷᠤᠨᠳᠤᠬᠢ ᠲᠠᠭᠠᠭᠠᠴᠢᠯᠠᠭᠰᠠᠨ ᠭᠠᠵᠠᠷ ᠰᠢᠷᠦᠢ ᠳᠤ ᠵᠤᠬᠢᠰᠲᠠᠢ ᠲᠤᠬᠢᠷᠠᠭᠤᠯᠤᠯᠳᠠ ᠬᠢᠬᠦ ᠳᠤ ᠬᠦᠷᠪᠡᠯ᠂ ᠡᠷᠭᠡᠪᠰᠢ | ᠭᠠᠴᠠᠭᠠᠨ ᠤ ᠠᠷᠠᠳ ᠤᠨ ᠬᠤᠷᠠᠯ ᠤᠨ ᠭᠤᠷᠪᠠᠨ ᠤ ᠬᠤᠶᠠᠷ ᠬᠤᠪᠢ ᠠᠴᠠ ᠲᠡᠭᠡᠭᠰᠢᠬᠢ ᠪᠦᠷᠢᠯᠳᠦᠬᠦᠨ ᠪᠤᠶᠤ ᠭᠤᠷᠪᠠᠨ ᠤ | ᠬᠤᠶᠠᠷ ᠬᠤᠪᠢ ᠠᠴᠠ ᠲᠡᠭᠡᠭᠰᠢᠬᠢ ᠭᠠᠴᠠᠭᠠᠨ ᠤ ᠠᠷᠠᠳ ᠤᠨ ᠲᠦᠯᠦᠭᠡᠯᠡᠭᠴᠢᠳ ᠢᠶᠠᠷ ᠵᠦᠪᠰᠢᠶᠡᠷᠡᠬᠦᠯᠬᠦ ᠬᠡᠷᠡᠭᠲᠠᠢ ᠪᠦᠭᠡᠳ | ᠰᠤᠮᠤ ᠠᠴᠠ ︵ᠪᠠᠯᠭᠠᠰᠦ︶ ᠶᠢᠨ ᠠᠷᠠᠳ ᠤᠨ ᠵᠠᠰᠠᠭ ᠤᠨ ᠤᠷᠳᠤᠨ ᠪᠠ ᠰᠢᠶᠠᠨ ᠤ ᠱᠠᠳᠤᠨ ᠤ ᠠᠷᠠᠳ ᠤᠨ ᠵᠠᠰᠠᠭ ᠤᠨ | ᠤᠷᠳᠤᠨ ᠤ ᠲᠠᠷᠢᠶᠠᠯᠠᠩ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠦ | ᠵᠦᠪᠰᠢᠶᠡᠷᠡᠬᠦᠯᠬᠦ ᠬᠡᠷᠡᠭᠲᠠᠢ᠃ | ᠠᠷᠪᠠᠨ ᠲᠠᠪᠤᠳᠤᠭᠠᠷ ᠵᠦᠢᠯ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠨᠢᠭᠡᠴᠢ ᠪᠤᠶᠤ ᠬᠤᠪᠢ ᠬᠦᠮᠦᠨ | ᠲᠠᠭᠠᠭᠠᠴᠢᠯᠠᠨ ᠡᠵᠡᠩᠨᠡᠵᠦ᠂ ᠲᠠᠷᠢᠮᠠᠯ ᠤᠨ ᠦᠢᠯᠡᠰ᠂ ᠤᠢ ᠰᠢᠭᠤᠢ ᠶᠢᠨ ᠠᠵᠦ ᠠᠬᠤᠢ᠂ ᠮᠠᠯ ᠠᠵᠦ ᠠᠬᠤᠢ᠂ ᠵᠢᠭᠠᠰᠤᠨ | ᠠᠵᠦ ᠠᠬᠤᠢ ᠶᠢᠨ ᠦᠢᠯᠡᠳᠪᠦᠷᠢᠯᠡᠯ ᠬᠢᠵᠦ ᠪᠤᠯᠤᠨ᠎ᠠ᠃ ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ | ᠲᠤᠰ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠠᠴᠠ ᠭᠠᠳᠠᠨᠠᠬᠢ ᠨᠢᠭᠡᠴᠢ ᠪᠤᠶᠤ ᠬᠤᠪᠢ ᠬᠦᠮᠦᠨ | ᠲᠠᠭᠠᠭᠠᠴᠢᠯᠠᠨ ᠡᠵᠡᠩᠨᠡᠵᠦ᠂ ᠲᠠᠷᠢᠮᠠᠯ ᠤᠨ ᠦᠢᠯᠡᠰ᠂ ᠤᠢ ᠰᠢᠭᠤᠢ ᠶᠢᠨ ᠠᠵᠦ ᠠᠬᠤᠢ᠂ ᠮᠠᠯ ᠠᠵᠦ ᠠᠬᠤᠢ᠂ ᠵᠢᠭᠠᠰᠣᠨ | ᠠᠵᠦ ᠠᠬᠤᠢ ᠶᠢᠨ ᠦᠢᠯᠡᠳᠪᠦᠷᠢᠯᠡᠯ ᠬᠢᠵᠦ ᠪᠤᠯᠤᠨ᠎ᠠ᠃ ᠲᠠᠭᠠᠭᠠᠴᠢᠯᠠᠭᠤᠯᠬᠤ ᠡᠳᠡᠭᠡᠳ ᠪᠠ ᠲᠠᠭᠠᠭᠠᠴᠢᠯᠠᠬᠤ ᠡᠳᠡᠭᠡᠳ | ᠬᠤᠭᠤᠷᠤᠨᠳᠦ ᠪᠠᠨ ᠲᠠᠭᠠᠭᠠᠴᠢᠯᠠᠯᠳᠠ ᠶᠢᠨ ᠭᠡᠷ᠎ᠡ ᠲᠤᠭᠳᠠᠭᠠᠵᠦ᠂ ᠬᠤᠶᠠᠷ ᠡᠳᠡᠭᠡᠳ ᠤᠨ ᠡᠷᠭᠡ ᠪᠠ ᠡᠬᠦᠷᠭᠡ ᠶᠢ ᠪᠤᠯᠵᠤᠨ | ᠲᠤᠭᠳᠠᠭᠠᠬᠤ ᠬᠡᠷᠡᠭᠲᠠᠢ᠃ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠬᠤᠭᠤᠴᠠᠭ᠎ᠠ ᠶᠢ ᠲᠠᠭᠠᠭᠠᠴᠢᠯᠠᠯᠳᠠ ᠶᠢᠨ ᠬᠡᠷ᠎ᠡ ᠳᠤ | ᠪᠤᠯᠵᠤᠨ ᠲᠤᠭᠳᠠᠭᠠᠨ᠎ᠠ᠃ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠭᠰᠡᠨ ᠨᠢᠭᠡᠴᠢ ᠪᠠ ᠬᠤᠪᠢ ᠬᠦᠮᠦᠨ ᠭᠠᠵᠷ ᠰᠢᠷᠦᠢ ᠶᠢ | ᠬᠠᠮᠠᠭᠠᠯᠠᠬᠤ ᠪᠠ ᠭᠠᠵᠠᠷ ᠰᠢᠷᠦᠢ ᠶᠢᠨ ᠲᠠᠭᠠᠭᠠᠴᠢᠯᠠᠯᠳᠠ ᠶᠢᠨ ᠬᠡᠷ᠎ᠡ ᠳᠤ ᠪᠤᠯᠵᠤᠨ ᠲᠤᠭᠳᠠᠭᠠᠭᠰᠠᠨ ᠬᠡᠷᠡᠭᠯᠡᠯᠳᠡ ᠶᠤᠰᠤᠭᠠᠷ | ᠵᠦᠢ ᠵᠤᠬᠢᠰᠲᠠᠢ ᠠᠰᠢᠭᠯᠠᠬᠤ ᠡᠬᠦᠷᠭᠡ ᠲᠠᠢ᠃ | ᠲᠠᠷᠢᠶᠡᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠲᠤᠰ ᠬᠠᠮᠳᠦ ᠶᠢᠨ ᠠᠵᠦ ᠠᠬᠤᠢ ᠶᠢᠨ ᠵᠤᠬᠢᠶᠠᠨ | ᠪᠠᠶᠢᠭᠤᠯᠤᠯᠳᠠ ᠠᠴᠠ ᠭᠠᠳᠠᠨᠠᠬᠢ ᠨᠢᠭᠡᠴᠢ ᠪᠤᠶᠤ ᠬᠤᠪᠢ ᠬᠦᠮᠦᠨ ᠲᠠᠭᠠᠭᠠᠴᠢᠯᠠᠨ ᠡᠵᠡᠩᠨᠡᠬᠦ ᠳᠤ ᠬᠦᠷᠪᠡᠯ᠂ ᠡᠷᠭᠡᠪᠰᠢ | ᠭᠠᠴᠠᠭᠠᠨ ᠤ ᠠᠷᠠᠳ ᠤᠨ ᠬᠤᠷᠠᠯ ᠤᠨ ᠭᠤᠷᠪᠠᠨ ᠤ ᠬᠤᠶᠠᠷ ᠬᠤᠪᠢ ᠠᠴᠠ ᠲᠡᠭᠡᠭᠰᠢᠬᠢ ᠪᠦᠷᠢᠯᠳᠦᠬᠦᠨ ᠪᠤᠶᠤ ᠭᠤᠷᠪᠠᠨ ᠤ | ᠬᠤᠶᠠᠷ ᠬᠤᠪᠢ ᠠᠴᠠ ᠲᠡᠭᠡᠭᠰᠢᠬᠢ ᠭᠠᠴᠠᠭᠠᠨ ᠤ ᠠᠷᠠᠳ ᠤᠨ ᠲᠦᠯᠦᠭᠡᠯᠡᠭᠴᠢᠳ ᠢᠶᠠᠷ ᠵᠦᠪᠰᠢᠶᠡᠷᠡᠬᠦᠯᠬᠦ ᠬᠡᠷᠡᠭᠲᠠᠢ ᠪᠦᠭᠡᠳ | ᠰᠤᠮᠤ ︵ᠪᠠᠯᠭᠠᠰᠦ︶ ᠶᠢᠨ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ ᠵᠦᠪᠰᠢᠶᠡᠷᠡᠬᠦᠯᠬᠦ ᠬᠡᠷᠡᠭᠲᠠᠢ᠃ | ᠠᠷᠪᠠᠨ ᠵᠢᠷᠭᠤᠳᠤᠭᠠᠷ ᠵᠦᠢᠯ ᠭᠠᠵᠠᠷ ᠰᠢᠷᠦᠢ ᠶᠢᠨ ᠦᠮᠴᠢᠯᠡᠬᠦ ᠡᠷᠭᠡ ᠪᠠ ᠬᠡᠷᠡᠭᠯᠡᠬᠦ ᠡᠷᠭᠡ ᠶᠢᠨ ᠲᠤᠬᠠᠢ | ᠮᠠᠷᠭᠤᠯᠳᠤᠭᠠᠨ ᠢ ᠲᠤᠬᠠᠢ ᠶᠢᠨ ᠬᠦᠮᠦᠰ ᠨᠢ ᠵᠦᠪᠳᠡᠯᠴᠡᠵᠦ ᠪᠠᠶᠢᠭᠠᠳ ᠰᠢᠢᠳᠪᠦᠷᠢᠯᠡᠨ᠎ᠡ᠃ ᠵᠦᠪᠳᠡᠯᠴᠡᠭᠡᠳ ᠪᠦᠳᠦᠬᠦ ᠦᠭᠡᠢ | ᠪᠤᠯ ᠠᠷᠠᠳ ᠤᠨ ᠵᠠᠰᠠᠭ ᠤᠨ ᠤᠷᠳᠤᠨ ᠠᠴᠠ ᠰᠢᠢᠳᠪᠦᠷᠢᠯᠡᠨ᠎ᠡ᠃ | ᠨᠢᠭᠡᠴᠢ ᠶᠢᠨ ᠬᠤᠭᠤᠷᠤᠨᠳᠦᠬᠢ ᠮᠠᠷᠭᠤᠯᠳᠤᠭᠠᠨ ᠢ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠰᠢᠢᠳᠪᠦᠷᠢᠯᠡᠨ᠎ᠡ᠃ ᠬᠤᠪᠢ ᠬᠦᠮᠦᠨ ᠤ ᠬᠤᠭᠤᠷᠤᠨᠳᠦᠬᠢ᠂ ᠬᠤᠪᠢ ᠬᠦᠮᠦᠨ ᠪᠤᠯᠤᠨ ᠨᠢᠭᠡᠴᠢ ᠶᠢᠨ | ᠬᠤᠭᠤᠷᠤᠨᠳᠤᠬᠢ ᠮᠠᠷᠭᠤᠯᠳᠤᠭᠠᠨ ᠢ ᠰᠤᠮᠤᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠪᠤᠶᠤ ᠰᠢᠶᠠᠨ ᠤ | ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠤᠨ ᠰᠢᠢᠳᠪᠦᠷᠢᠯᠡᠨ᠎ᠡ᠃ | ᠲᠤᠬᠠᠢ ᠶᠢᠨ ᠬᠦᠮᠦᠨ ᠨᠢ ᠬᠤᠯᠪᠤᠭᠳᠠᠯ ᠪᠦᠬᠦᠢ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠯᠡᠭᠰᠡᠨ | ᠲᠤᠭᠳᠠᠭᠠᠯ ᠢ ᠬᠦᠯᠢᠶᠡᠭᠦ ᠦᠭᠡᠢ ᠪᠤᠯ ᠰᠢᠢᠳᠪᠦᠷᠢᠯᠡᠭᠰᠡᠨ ᠲᠤᠭᠳᠠᠭᠠᠯ ᠤᠨ ᠮᠡᠳᠡᠭᠳᠡᠯ ᠢ ᠤᠯᠤᠭᠰᠠᠨ ᠡᠳᠦᠷ ᠠᠴᠠ ᠡᠬᠢᠯᠡᠵᠦ | ᠭᠤᠴᠢᠨ ᠡᠳᠦᠷ ᠤᠨ ᠲᠤᠳᠤᠷ᠎ᠡ ᠠᠷᠠᠳ ᠤᠨ ᠰᠢᠬᠦᠬᠦ ᠬᠤᠷᠢᠶᠠᠨ ᠳᠤ ᠵᠠᠭᠠᠯᠳᠤᠵᠦ ᠪᠤᠯᠤᠨ᠎ᠠ᠃ | ᠭᠠᠵᠠᠷ ᠰᠢᠷᠦᠢ ᠶᠢᠨ ᠦᠮᠴᠢᠯᠡᠬᠦ ᠡᠷᠭᠡ ᠪᠠ ᠬᠡᠷᠡᠭᠯᠡᠬᠦ ᠡᠷᠭᠡ ᠶᠢᠨ ᠲᠤᠬᠠᠢ ᠮᠠᠷᠭᠤᠯᠳᠤᠭᠠᠨ ᠢ ᠰᠢᠢᠳᠪᠦᠷᠢᠯᠡᠬᠦ ᠠᠴᠠ | ᠡᠮᠦᠨ᠎ᠡ᠂ ᠠᠯᠢ ᠡᠳᠡᠭᠡᠳ ᠨᠢ ᠴᠦ ᠭᠡᠳ ᠭᠠᠵᠠᠷ ᠰᠢᠷᠦᠢ ᠶᠢ ᠠᠰᠢᠭᠯᠠᠵᠦ ᠪᠠᠶᠢᠭ᠎ᠠ ᠤᠳᠤᠬᠢ ᠪᠠᠶᠢᠳᠠᠯ ᠢ ᠬᠤᠪᠢᠷᠠᠭᠤᠯᠵᠦ | ᠪᠤᠯᠬᠤ ᠦᠭᠡᠢ᠃ | | ᠭᠤᠷᠪᠠᠳᠤᠭᠠᠷ ᠪᠦᠯᠦᠭ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ | ᠠᠷᠪᠠᠨ ᠲᠤᠯᠤᠳᠤᠭᠠᠷ ᠵᠦᠢᠯ ᠡᠯ᠎ᠡ ᠱᠠᠳᠣᠨ ᠤ ᠠᠷᠠᠳ ᠤᠨ ᠵᠠᠰᠠᠭ ᠤᠨ ᠣᠷᠳᠤᠨ ᠨᠤᠭᠤᠳ ᠤᠯᠤᠰ ᠠᠷᠠᠳ ᠤᠨ | ᠠᠵᠦ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠦᠯᠦᠪᠵᠢᠬᠦᠯᠭᠡ᠂ ᠤᠯᠤᠰ ᠤᠨ ᠭᠠᠵᠠᠷ ᠰᠢᠷᠦᠢ ᠶᠢ ᠵᠠᠰᠠᠬᠤ ᠪᠠ ᠡᠬᠢ | ᠪᠠᠶᠠᠯᠢᠭ᠂ ᠤᠷᠴᠢᠨ ᠠᠬᠤᠢ ᠶᠢ ᠬᠠᠮᠠᠭᠠᠯᠠᠬᠤ ᠱᠠᠭᠠᠷᠳᠠᠯᠭ᠎ᠠ᠂ ᠭᠠᠵᠠᠷ ᠰᠢᠷᠦᠢ ᠶᠢᠨ ᠬᠠᠩᠭᠠᠯᠳᠠ ᠶᠢᠨ ᠴᠢᠳᠠᠪᠤᠷᠢ ᠵᠢᠴᠢ ᠡᠯ᠎ᠡ | ᠵᠦᠢᠯ ᠤᠨ ᠪᠦᠳᠦᠭᠡᠨ ᠪᠠᠶᠢᠭᠤᠯᠤᠯᠳᠠ ᠳᠤ ᠭᠠᠵᠠᠷ ᠰᠢᠷᠦᠢ ᠬᠡᠷᠡᠭᠰᠡᠬᠦ ᠱᠠᠭᠠᠷᠳᠠᠯᠭ᠎ᠠ ᠶᠢ ᠦᠨᠳᠦᠰᠦᠯᠡᠨ᠂ ᠭᠠᠵᠠᠷ ᠰᠢᠷᠦᠢ ᠶᠢ | ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠬᠤ ᠠᠵᠢᠯ ᠢ ᠵᠤᠬᠢᠶᠠᠨ ᠪᠠᠶᠢᠭᠤᠯᠬᠤ ᠬᠡᠷᠡᠭᠲᠠᠢ᠃ | ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢᠨ ᠲᠦᠯᠦᠪᠵᠢᠬᠦᠯᠬᠦ ᠬᠤᠭᠤᠴᠠᠭ᠎ᠠ ᠬᠢᠵᠠᠭᠠᠷ ᠢ | ᠲᠦᠷᠦ ᠶᠢᠨ ᠶᠠᠪᠤᠳᠠᠯ ᠤᠨ ᠬᠤᠷᠢᠶ᠎ᠡ ᠠᠴᠠ ᠲᠤᠭᠳᠠᠭᠠᠨ᠎ᠠ᠃ | ᠠᠷᠪᠠᠨ ᠨᠠᠢᠮᠠᠳᠤᠭᠠᠷ ᠵᠦᠢᠯ ᠲᠤᠤᠷᠠᠳᠦ ᠱᠠᠳᠣᠨ ᠤ ᠭᠠᠵᠠᠷ ᠰᠢᠷᠦᠢ ᠶᠢ ᠠᠰᠢᠭᠯᠠᠬᠤ ᠶᠡᠷᠦᠩᠭᠡᠢ | ᠲᠦᠯᠦᠪᠵᠢᠬᠦᠯᠭᠡ ᠪᠠᠨ ᠲᠡᠭᠡᠷ᠎ᠡ ᠨᠢᠭᠡ ᠱᠠᠳᠤᠨ ᠤ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ | ᠦᠨᠳᠦᠰᠦᠯᠡᠨ ᠨᠠᠶᠢᠷᠠᠭᠤᠯᠵᠦ ᠵᠤᠬᠢᠶᠠᠬᠤ ᠬᠡᠷᠡᠭᠲᠠᠢ᠃ | ᠣᠷᠣᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠤ ᠨᠠᠶᠢᠷᠠᠭᠤᠯᠤᠨ ᠵᠤᠬᠢᠶᠠᠭᠰᠠᠨ ᠭᠠᠵᠠᠷ | ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢᠨ ᠲᠤᠳᠤᠷᠡᠬᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ | ᠶᠡᠷᠦᠩᠭᠡᠢ ᠬᠡᠮᠵᠢᠶ᠎ᠡ ᠨᠢ ᠲᠡᠭᠡᠷ᠎ᠡ ᠨᠢᠭᠡ ᠱᠠᠳᠤᠨ ᠤ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ | ᠲᠤᠭᠳᠠᠭᠠᠭᠰᠠᠨ ᠬᠢᠵᠠᠭᠠᠷᠯᠠᠬᠤ ᠬᠦᠢᠴᠡᠳᠭᠡᠯ ᠲᠤᠭ᠎ᠠ ᠠᠴᠠ ᠬᠡᠳᠦᠷᠡᠵᠦ ᠪᠤᠯᠬᠤ ᠦᠭᠡᠢ᠂ ᠦᠯᠡᠳᠡᠭᠡᠬᠦ ᠲᠠᠷᠢᠶᠠᠨ ᠭᠠᠵᠠᠷ ᠤᠨ | ᠬᠡᠮᠵᠢᠶ᠎ᠡ ᠨᠢ ᠲᠡᠭᠡᠷ᠎ᠡ ᠨᠢᠭᠡ ᠱᠠᠳᠤᠨ ᠤ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠲᠤᠭᠳᠠᠭᠠᠭᠰᠠᠨ | ᠬᠢᠵᠠᠭᠠᠷᠯᠠᠬᠤ ᠬᠦᠢᠴᠡᠳᠭᠡᠯ ᠲᠤᠭ᠎ᠠ ᠠᠴᠠ ᠲᠤᠳᠠᠭᠤ ᠪᠠᠶᠢᠵᠦ ᠪᠤᠯᠬᠤ ᠦᠭᠡᠢ᠃ | ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠠᠷᠠᠳ ᠤᠨ ᠵᠠᠰᠠᠭ ᠤᠨ ᠤᠷᠳᠤᠨ ᠤ | ᠨᠠᠶᠢᠷᠠᠭᠤᠯᠤᠨ ᠵᠤᠬᠢᠶᠠᠭᠰᠠᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠬᠡ ᠨᠢ ᠲᠤᠰ ᠵᠠᠰᠠᠭ ᠵᠠᠬᠢᠷᠭᠠᠨ ᠤ | ᠤᠷᠤᠨ ᠤ ᠪᠠᠨ ᠲᠤᠳᠤᠷᠠᠬᠢ ᠲᠠᠷᠢᠶᠠᠨ ᠭᠠᠵᠠᠷ ᠤᠨ ᠪᠦᠬᠦ ᠬᠡᠮᠵᠢᠶ᠎ᠡ ᠬᠠᠰᠣᠭᠳᠠᠬᠤ ᠦᠭᠡᠢ ᠪᠠᠶᠢᠬᠤ ᠶᠢ ᠦᠨᠡᠨ ᠬᠦ ᠪᠠᠳᠤᠯᠠᠬᠤ | ᠬᠡᠷᠡᠭᠲᠠᠢ᠃ | ᠠᠷᠪᠠ ᠶᠢᠰᠦᠳᠦᠭᠡᠷ ᠵᠦᠢᠯ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠲᠤᠤᠷ᠎ᠡ | ᠵᠢᠭᠰᠠᠭᠠᠭᠰᠠᠨ ᠵᠠᠷᠴᠢᠮ ᠶᠤᠰᠤᠭᠠᠷ ᠨᠠᠶᠢᠷᠠᠭᠤᠯᠤᠨ ᠵᠤᠬᠢᠶᠠᠨ᠎ᠠ᠄ | ︵ᠨᠢᠭᠡ︶ ᠦᠨᠳᠦᠰᠦᠨ ᠲᠠᠷᠢᠶᠠᠨ ᠭᠠᠵᠠᠷ ᠢ ᠴᠢᠩᠭ᠎ᠠ ᠬᠠᠮᠠᠭᠠᠯᠠᠨ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠨ | ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠶᠢ ᠬᠢᠵᠠᠭᠠᠷᠯᠠᠨ᠎ᠠ᠃ | ︵ᠬᠤᠶᠠᠷ︶ ᠭᠠᠵᠠᠷ ᠰᠢᠷᠦᠢ ᠶᠢᠨ ᠠᠰᠢᠭᠯᠠᠯᠳᠠ ᠶᠢᠨ ᠨᠤᠷᠮ᠎ᠠ ᠶᠢ ᠲᠡᠭᠡᠭᠰᠢᠯᠡᠬᠦᠯᠦᠨ᠎ᠡ᠃ | ︵ᠭᠤᠷᠪᠠ︶ ᠡᠯ᠎ᠡ ᠲᠦᠷᠦᠯ ᠤᠨ᠂ ᠡᠯ᠎ᠡ ᠤᠷᠤᠨ ᠲᠤᠭᠤᠷᠢᠭ ᠤᠨ ᠬᠡᠷᠡᠭᠯᠡᠬᠦ ᠭᠠᠵᠠᠷ ᠢ ᠨᠢᠭᠡᠳᠦᠯᠲᠠᠢ ᠲᠦᠯᠦᠪᠯᠡᠨ | ᠲᠤᠬᠢᠷᠠᠭᠤᠯᠤᠨ᠎ᠠ᠃ | ︵ᠲᠦᠷᠪᠡ︶ ᠠᠮᠢ ᠠᠬᠤᠢ ᠶᠢᠨ ᠤᠷᠴᠢᠨ ᠠᠬᠤᠢ ᠶᠢ ᠬᠠᠮᠠᠭᠠᠯᠠᠨ ᠰᠠᠶᠢᠵᠢᠷᠠᠭᠤᠯᠵᠦ᠂ ᠭᠠᠵᠠᠷ ᠰᠢᠷᠦᠢ ᠶᠢᠨ | ᠦᠷᠬᠦᠯᠵᠢᠯᠡᠬᠦ ᠠᠰᠢᠭᠯᠠᠯᠳᠠ ᠶᠢ ᠪᠠᠳᠤᠯᠠᠨ᠎ᠠ᠃ | ︵ᠲᠠᠪᠤ︶ ᠲᠠᠷᠢᠶᠠᠨ ᠭᠠᠵᠠᠷ ᠢ ᠡᠵᠡᠯᠡᠵᠦ ᠬᠡᠷᠡᠭᠯᠡᠬᠦ ᠬᠡᠮᠵᠢᠶ᠎ᠡ ᠶᠢ ᠲᠠᠷᠢᠶᠠᠨ ᠭᠠᠵᠠᠷ ᠢ ᠨᠡᠭᠡᠭᠡᠨ ᠠᠰᠢᠭᠯᠠᠵᠦ ᠰᠡᠷᠬᠦᠭᠡᠨ | ᠬᠠᠭᠠᠯᠪᠤᠷᠢᠯᠠᠬᠤ ᠬᠡᠮᠵᠢᠶ᠎ᠡ ᠲᠠᠢ ᠲᠡᠩᠴᠡᠬᠦᠷᠢᠲᠠᠢ ᠪᠠᠶᠢᠯᠭᠠᠨ᠎ᠠ᠃ | ᠬᠤᠷᠢᠳᠤᠭᠠᠷ ᠵᠦᠢᠯ ᠰᠢᠶᠠᠨ ᠱᠠᠳᠤᠨ ᠤ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ | ᠭᠠᠵᠠᠷ ᠰᠢᠷᠦᠢ ᠶᠢᠨ ᠠᠰᠢᠭᠯᠠᠯᠳᠠ ᠶᠢᠨ ᠲᠤᠭᠤᠷᠢᠭ ᠢ ᠵᠠᠭᠠᠭᠯᠠᠨ ᠬᠤᠪᠢᠶᠠᠷᠢᠯᠠᠵᠦ᠂ ᠭᠠᠵᠠᠷ ᠰᠢᠷᠦᠢ ᠶᠢᠨ ᠬᠡᠷᠡᠭᠯᠡᠯᠳᠡ ᠶᠢ | ᠲᠤᠳᠤᠷᠬᠠᠢ ᠪᠤᠯᠭᠠᠬᠤ ᠬᠡᠷᠡᠭᠲᠠᠢ᠃ | ᠰᠤᠮᠤ ︵ᠪᠠᠯᠭᠠᠰᠤ︶ ᠶᠢᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠭᠠᠵᠠᠷ ᠰᠢᠷᠦᠢ ᠶᠢᠨ | ᠠᠰᠢᠭᠯᠠᠯᠳᠠ ᠶᠢᠨ ᠲᠤᠭᠤᠷᠢᠭ ᠢ ᠵᠠᠭᠠᠭᠯᠠᠨ ᠬᠤᠪᠢᠶᠠᠷᠢᠯᠠᠵᠦ᠂ ᠭᠠᠵᠠᠷ ᠰᠢᠷᠦᠢ ᠬᠡᠷᠡᠭᠯᠡᠬᠦ ᠨᠦᠬᠦᠴᠡᠯ ᠢ ᠦᠨᠳᠦᠰᠦᠯᠡᠨ ᠬᠡᠰᠡᠭ | ᠭᠠᠵᠠᠷ ᠰᠢᠷᠦᠢ ᠨᠢᠭᠡᠪᠦᠷᠢ ᠶᠢᠨ ᠬᠡᠷᠡᠭᠯᠡᠯᠳᠡ ᠶᠢ ᠲᠤᠳᠤᠷᠬᠠᠢ ᠲᠤᠭᠳᠠᠭᠠᠭᠠᠳ ᠢᠯᠡ ᠪᠠᠷ ᠵᠠᠷᠯᠠᠨ ᠨᠡᠶᠢᠳᠡᠯᠡᠬᠦ ᠬᠡᠷᠡᠭᠲᠠᠢ᠃ | ᠬᠤᠷᠢᠨ ᠨᠢᠭᠡᠳᠦᠭᠡᠷ ᠵᠦᠢᠯ ᠭᠠᠵᠠᠷ ᠰᠢᠷᠦᠢ ᠶᠢ ᠠᠰᠢᠭᠯᠠᠬᠤ ᠲᠦᠯᠦᠪᠵᠢᠬᠦᠯᠭᠡ ᠶᠢ ᠱᠠᠳᠤ ᠬᠤᠪᠢᠶᠠᠵᠦ ᠬᠢᠨᠠᠨ | ᠵᠦᠪᠰᠢᠶᠡᠷᠡᠨ᠎ᠡ᠃ | ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠭᠠᠵᠠᠷ ᠰᠢᠷᠦᠢ ᠶᠢ ᠠᠰᠢᠭᠯᠠᠬᠤ | ᠶᠡᠷᠦᠩᠭᠡᠢ ᠲᠦᠯᠦᠪᠵᠢᠬᠦᠯᠭᠡ ᠶᠢ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠬᠦᠯᠵᠦ ᠵᠦᠪᠰᠢᠶᠡᠷᠡᠬᠦᠯᠦᠨ᠎ᠡ᠃ | ᠮᠤᠵᠢ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠪᠠᠶᠢᠭ᠎ᠠ ᠬᠤᠳᠠ᠂ ᠵᠠᠭᠤᠨ | ᠲᠦᠮᠡ ᠠᠴᠠ ᠲᠡᠭᠡᠭᠰᠢᠬᠢ ᠬᠦᠮᠦᠨ ᠠᠮᠠ ᠲᠠᠢ ᠬᠤᠳᠠ ᠵᠢᠴᠢ ᠲᠦᠷᠦ ᠶᠢᠨ ᠶᠠᠪᠤᠳᠠᠯ ᠤᠨ ᠬᠤᠷᠢᠶᠠᠨ ᠠᠴᠠ ᠵᠢᠭᠠᠨ | ᠲᠤᠭᠳᠠᠭᠠᠭᠰᠠᠨ ᠬᠤᠳᠠ ᠶᠢᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠮᠤᠵᠢ᠂ ᠦᠪᠡᠷᠳᠡᠭᠡᠨ | ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠬᠢᠨᠠᠨ ᠪᠠᠶᠢᠴᠠᠭᠠᠯᠭᠠᠵᠦ ᠵᠦᠪᠰᠢᠶᠡᠷᠡᠬᠦᠯᠦᠭᠰᠡᠨ ᠤ ᠲᠠᠷᠠᠭ᠎ᠠ | ᠲᠦᠷᠦ ᠶᠢᠨ ᠶᠠᠪᠤᠳᠠᠯ ᠤ ᠬᠤᠷᠢᠶᠠᠨ ᠳᠤ ᠮᠡᠳᠡᠬᠦᠯᠵᠦ ᠵᠦᠪᠰᠢᠶᠡᠷᠡᠬᠦᠯᠦᠨ᠎ᠡ᠃ | ᠲᠤᠰ ᠵᠦᠢᠯ ᠤᠨ ᠬᠤᠶᠠᠳᠤᠭᠠᠷ ᠪᠠᠳᠠᠭ᠂ ᠭᠤᠷᠪᠠᠳᠤᠭᠠᠷ ᠪᠠᠳᠠᠭ ᠲᠤ ᠲᠤᠭᠳᠠᠭᠠᠭᠰᠠᠨ ᠠᠴᠠ ᠭᠠᠳᠠᠨᠠᠬᠢ ᠭᠠᠵᠠᠷ | ᠰᠢᠷᠦᠢ ᠶᠢ ᠠᠰᠢᠭᠯᠠᠵᠦ ᠶᠡᠷᠦᠩᠭᠡᠢ ᠲᠦᠯᠦᠪᠵᠢᠬᠦᠯᠭᠡ ᠶᠢ ᠲᠡᠭᠡᠭᠰᠢ ᠪᠠᠨ ᠱᠠᠳᠣ ᠲᠠᠷᠠᠭᠠᠯᠠᠨ ᠮᠤᠵᠢ᠂ ᠦᠪᠡᠷᠳᠡᠭᠡᠨ ᠵᠠᠰᠠᠬᠤ | ᠤᠷᠤᠨ᠂ ᠰᠢᠭᠤᠳ ᠬᠠᠷᠢᠶ᠎ᠡ ᠬᠤᠳᠠ ᠶᠢᠨ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ ᠵᠦᠪᠰᠢᠶᠡᠷᠡᠭᠦᠯᠦᠨ᠎ᠡ᠃ | ᠡᠬᠦᠨ ᠤ ᠲᠤᠳᠤᠷ᠎ᠡ᠂ ᠰᠤᠮᠤ ︵ᠪᠠᠯᠭᠠᠰᠦ︶ ᠶᠢᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ | ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠡᠷᠭᠡ ᠤᠯᠭᠤᠭᠰᠠᠨ ᠲᠤᠭᠤᠷᠢᠭ ᠲᠠᠢ ᠬᠤᠳᠠ᠂ | ᠦᠪᠡᠷᠳᠡᠭᠡᠨ ᠵᠠᠰᠠᠬᠤ ᠵᠸᠤ ᠶᠢᠨ ᠠᠷᠠᠳ ᠤᠨ ᠵᠠᠰᠠᠭ ᠤᠨ ᠤᠷᠳᠤᠨ ᠠᠴᠠ ᠵᠦᠪᠰᠢᠶᠡᠷᠡᠵᠦ ᠪᠤᠯᠤᠨ᠎ᠠ᠃ | ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠵᠦᠪᠰᠢᠶᠡᠷᠡᠬᠦᠯᠦᠭᠰᠡᠨ ᠤ ᠲᠠᠷᠠᠭ᠎ᠠ ᠡᠷᠭᠡᠪᠰᠢ | ᠴᠢᠩᠭ᠎ᠠ ᠬᠡᠷᠡᠭᠵᠢᠬᠦᠯᠬᠦ ᠬᠡᠷᠡᠭᠲᠠᠢ᠃ | ᠬᠤᠷᠢᠨ ᠬᠤᠶᠠᠳᠤᠭᠠᠷ ᠵᠦᠢᠯ ᠬᠤᠳᠠ ᠶᠢᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠨᠢ | ᠤᠯᠤᠰ ᠠᠴᠠ ᠲᠤᠭᠳᠠᠭᠠᠭᠰᠠᠨ ᠪᠡᠷᠢᠮᠵᠢᠶ᠎ᠠ ᠳᠤ ᠨᠡᠶᠢᠴᠡᠭᠰᠡᠨ ᠪᠠᠶᠢᠵᠦ᠂ ᠤᠳᠤ ᠪᠠᠶᠢᠭ᠎ᠠ ᠪᠦᠳᠦᠭᠡᠨ ᠪᠠᠶᠢᠭᠤᠯᠤᠯᠳᠠ ᠳᠤ | ᠬᠡᠷᠡᠭᠯᠡᠬᠦ ᠭᠠᠵᠠᠷ ᠢ ᠬᠦᠢᠴᠡᠳ ᠠᠰᠢᠭᠯᠠᠨ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠬᠦ ᠦᠭᠡᠢ ᠪᠤᠶᠤ ᠠᠯᠢ ᠴᠢᠳᠠᠬᠤ ᠪᠠᠷ | ᠪᠠᠭ᠎ᠠ ᠡᠵᠡᠯᠡᠬᠦ ᠬᠡᠷᠡᠭᠲᠠᠢ᠃ | ᠬᠤᠳᠠ ᠶᠢᠨ ᠶᠡᠷᠦᠩᠭᠡᠢ ᠲᠦᠯᠦᠪᠵᠢᠬᠦᠯᠭᠡ᠂ ᠠᠶᠢᠯ ᠲᠤᠰᠬᠤᠨ ᠪᠠ ᠪᠠᠯᠭᠠᠰᠦ ᠶᠢᠨ ᠲᠦᠯᠦᠪᠵᠢᠬᠦᠯᠭᠡ ᠨᠢ ᠭᠠᠵᠠᠷ | ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠲᠠᠢ ᠠᠪᠴᠠᠯᠳᠤᠭᠰᠠᠨ ᠪᠠᠶᠢᠬᠤ ᠬᠡᠷᠡᠭᠲᠠᠢ᠂ ᠬᠤᠳᠠ ᠶᠢᠨ ᠶᠡᠷᠦᠩᠭᠡᠢ | ᠲᠦᠯᠦᠪᠵᠢᠬᠦᠯᠭᠡ᠂ ᠠᠶᠢᠯ ᠲᠤᠰᠬᠤᠨ ᠪᠠ ᠪᠠᠯᠭᠠᠰᠦ ᠶᠢᠨ ᠲᠦᠯᠦᠪᠵᠢᠬᠦᠯᠭᠡ ᠲᠤᠳᠤᠷᠠᠬᠢ ᠪᠦᠳᠦᠭᠡᠨ ᠪᠠᠶᠢᠭᠤᠯᠤᠯᠳᠠ ᠳᠤ | ᠬᠡᠷᠡᠭᠯᠡᠬᠦ ᠭᠠᠵᠠᠷ ᠤᠨ ᠭᠡᠪᠴᠢᠶ᠎ᠡ ᠨᠢ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠲᠤᠭᠳᠠᠭᠠᠭᠰᠠᠨ | ᠬᠤᠳᠠ ᠪᠠ ᠠᠶᠢᠯ ᠲᠤᠰᠬᠤᠨ᠂ ᠪᠠᠯᠭᠠᠰᠦ ᠶᠢᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠠᠴᠠ | ᠬᠡᠳᠦᠷᠡᠵᠦ ᠪᠤᠯᠬᠤ ᠦᠭᠡᠢ᠃ | ᠬᠤᠳᠠ ᠶᠢᠨ ᠲᠦᠯᠦᠪᠵᠢᠬᠦᠯᠭᠡ ᠶᠢᠨ ᠲᠤᠭᠤᠷᠢᠭ ᠤᠨ ᠲᠤᠳᠤᠷ᠎ᠡ᠂ ᠠᠶᠢᠯ ᠲᠤᠰᠬᠤᠨ ᠪᠠ ᠪᠠᠯᠭᠠᠰᠦ ᠶᠢᠨ | ᠲᠦᠯᠦᠪᠵᠢᠬᠦᠯᠭᠡ ᠶᠢᠨ ᠲᠤᠭᠤᠷᠢᠭ ᠤᠨ ᠲᠤᠳᠤᠷ᠎ᠡ᠂ ᠬᠤᠳᠠ ᠪᠤᠯᠤᠨ ᠠᠶᠢᠯ ᠲᠤᠰᠬᠤᠨ᠂ ᠪᠠᠯᠭᠠᠰᠦ ᠶᠢᠨ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠨᠢ ᠬᠤᠳᠠ ᠶᠢᠨ ᠲᠦᠯᠦᠪᠵᠢᠬᠦᠯᠭᠡ᠂ ᠠᠶᠢᠯ ᠲᠤᠰᠬᠤᠨ ᠪᠠ ᠪᠠᠯᠭᠠᠰᠦ ᠶᠢᠨ | ᠲᠦᠯᠦᠪᠵᠢᠬᠦᠯᠭᠡ ᠳᠤ ᠨᠡᠶᠢᠴᠡᠭᠰᠡᠨ ᠪᠠᠶᠢᠬᠤ ᠬᠡᠷᠡᠭᠲᠠᠢ᠃ | ᠬᠤᠷᠢᠨ ᠭᠤᠷᠪᠠᠳᠦᠭᠠᠷ ᠵᠦᠢᠯ ᠭᠤᠤᠯ ᠮᠦᠷᠡᠨ᠂ ᠨᠠᠭᠤᠷ ᠲᠤᠭᠤᠷᠢᠮ ᠢ ᠶᠡᠷᠦᠩᠭᠡᠶᠢᠯᠡᠨ ᠵᠠᠰᠠᠬᠤ ᠪᠠ ᠨᠡᠭᠡᠭᠡᠨ | ᠠᠰᠢᠭᠯᠠᠬᠤ ᠲᠦᠯᠦᠪᠵᠢᠬᠦᠯᠭᠡ ᠨᠢ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠲᠠᠢ ᠠᠪᠴᠠᠯᠳᠤᠭᠰᠠᠨ | ᠪᠠᠶᠢᠬᠤ ᠬᠡᠷᠡᠭᠲᠠᠢ᠃ ᠭᠤᠤᠯ ᠮᠦᠷᠡᠨ᠂ ᠨᠠᠭᠤᠷ ᠲᠤᠭᠤᠷᠢᠮ᠂ ᠤᠰᠤᠨ ᠴᠦᠬᠦᠷᠦᠮ ᠤᠨ ᠬᠠᠮᠢᠶᠠᠷᠤᠯᠳᠠ ᠪᠠ | ᠬᠠᠮᠠᠭᠠᠯᠠᠯᠳᠠ ᠶᠢᠨ ᠬᠡᠪᠴᠢᠶᠡᠨ ᠲᠤᠳᠤᠷ᠎ᠡ ᠵᠢᠴᠢ ᠦᠶᠡᠷ ᠢ ᠲᠤᠭᠳᠠᠭᠠᠨ ᠬᠤᠷᠠᠭᠤᠯᠬᠤ ᠤᠷᠤᠨ ᠤ ᠲᠤᠳᠤᠷᠠᠬᠢ ᠭᠠᠵᠠᠷ | ᠰᠢᠷᠦᠢ ᠶᠢᠨ ᠠᠰᠢᠭᠯᠠᠯᠳᠠ ᠨᠢ ᠭᠤᠤᠯ ᠮᠦᠷᠡᠨ᠂ ᠨᠠᠭᠤᠷ ᠲᠤᠭᠤᠷᠢᠮ ᠢ ᠶᠡᠷᠦᠩᠭᠡᠶᠢᠯᠡᠨ ᠵᠠᠰᠠᠬᠤ ᠪᠠ ᠨᠡᠭᠡᠭᠡᠨ ᠠᠰᠢᠭᠯᠠᠬᠤ | ᠲᠦᠯᠦᠪᠵᠢᠬᠦᠯᠭᠡ ᠲᠠᠢ ᠨᠡᠶᠢᠴᠡᠵᠦ᠂ ᠭᠤᠤᠯ ᠤᠨ ᠵᠠᠮ᠂ ᠨᠠᠭᠤᠷ ᠲᠤᠭᠤᠷᠢᠮ ᠤᠨ ᠦᠶᠡᠷ ᠢ ᠤᠷᠤᠰᠬᠠᠨ ᠦᠩᠭᠡᠷᠡᠬᠦᠯᠬᠦ᠂ | ᠦᠶᠡᠷ ᠬᠤᠷᠠᠭᠤᠯᠬᠤ ᠪᠠ ᠤᠰᠤ ᠲᠠᠮᠵᠢᠭᠤᠯᠬᠤ ᠱᠠᠭᠠᠷᠳᠠᠯᠭ᠎ᠠ ᠲᠠᠢ ᠨᠡᠶᠢᠴᠡᠭᠰᠡᠨ ᠪᠠᠶᠢᠬᠤ ᠬᠡᠷᠡᠭᠲᠠᠢ᠃ | ᠬᠤᠷᠢᠨ ᠲᠦᠷᠪᠡᠳᠦᠭᠡᠷ ᠵᠦᠢᠯ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠭᠠᠵᠠᠷ | ᠰᠢᠷᠦᠢ ᠶᠢᠨ ᠠᠰᠢᠭᠯᠠᠯᠳᠠ ᠶᠢᠨ ᠲᠤᠬᠠᠢ ᠲᠦᠯᠦᠪᠯᠡᠭᠡᠳᠦ ᠬᠠᠮᠢᠶᠠᠷᠤᠯᠳᠠ ᠪᠠᠨ ᠴᠢᠩᠭᠠᠳᠬᠠᠵᠦ᠂ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠶᠡᠷᠦᠩᠭᠡᠢ ᠬᠡᠮᠵᠢᠶ᠎ᠡ ᠶᠢ ᠬᠢᠵᠠᠭᠠᠷᠯᠠᠬᠤ ᠬᠡᠷᠡᠭᠲᠠᠢ᠃ | ᠭᠠᠵᠠᠷ ᠰᠢᠷᠦᠢ ᠶᠢᠨ ᠠᠰᠢᠭᠯᠠᠯᠳᠠ ᠶᠢᠨ ᠤᠨ ᠤ ᠲᠦᠯᠦᠪᠯᠡᠭᠡ ᠶᠢ ᠤᠯᠤᠰ ᠠᠷᠠᠳ ᠤᠨ ᠠᠵᠦ ᠠᠬᠤᠢ ᠪᠠ | ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡ᠂ ᠤᠯᠤᠰ ᠤᠨ ᠠᠵᠦ ᠦᠢᠯᠡᠰ ᠤᠨ ᠲᠦᠷᠦ ᠶᠢᠨ ᠪᠤᠳᠤᠯᠭ᠎ᠠ᠂ ᠭᠠᠵᠠᠷ | ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠵᠢᠴᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠤᠨ | ᠭᠠᠵᠠᠷ ᠰᠢᠷᠦᠢ ᠶᠢᠨ ᠠᠰᠢᠭᠯᠠᠯᠳᠠ ᠶᠢᠨ ᠪᠤᠳᠠᠳᠦ ᠪᠠᠶᠢᠳᠠᠯ ᠢ ᠦᠨᠳᠦᠰᠦᠯᠡᠵᠦ ᠨᠠᠶᠢᠷᠠᠭᠤᠯᠤᠨ ᠵᠤᠬᠢᠶᠠᠨ᠎ᠠ᠃ ᠭᠠᠵᠠᠷ | ᠰᠢᠷᠦᠢ ᠶᠢᠨ ᠠᠰᠢᠭᠯᠠᠯᠳᠠ ᠶᠢᠨ ᠤᠨ ᠤ ᠲᠦᠯᠦᠪᠯᠡᠭᠡ ᠶᠢ ᠨᠠᠶᠢᠷᠠᠭᠤᠯᠤᠨ ᠵᠤᠬᠢᠶᠠᠵᠦ ᠬᠢᠨᠠᠨ ᠵᠦᠪᠰᠢᠶᠡᠷᠡᠬᠦ ᠵᠢᠷᠦᠮ ᠨᠢ ᠭᠠᠵᠠᠷ | ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠵᠦ ᠬᠢᠨᠠᠨ ᠵᠦᠪᠰᠢᠶᠡᠷᠡᠬᠦ ᠵᠢᠷᠦᠮ ᠲᠠᠢ | ᠠᠳᠠᠯᠢ᠂ ᠬᠢᠨᠠᠨ ᠵᠦᠪᠰᠢᠶᠡᠷᠡᠵᠦ ᠪᠠᠭᠤᠯᠭᠠᠭᠰᠠᠨ ᠤ ᠲᠠᠷᠠᠭ᠎ᠠ ᠡᠷᠭᠡᠪᠰᠢ ᠴᠢᠩᠭ᠎ᠠ ᠵᠢᠷᠦᠮᠯᠠᠨ ᠬᠡᠷᠡᠭᠵᠢᠬᠦᠯᠬᠦ ᠬᠡᠷᠡᠭᠲᠠᠢ᠃ | ᠬᠤᠷᠢᠨ ᠲᠠᠪᠤᠳᠤᠭᠠᠷ ᠵᠦᠢᠯ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ | ᠠᠷᠠᠳ ᠤᠨ ᠵᠠᠰᠠᠭ ᠤᠨ ᠣᠷᠳᠤᠨ ᠨᠤᠭᠤᠳ ᠭᠠᠵᠠᠷ ᠰᠢᠷᠦᠢ ᠶᠢᠨ ᠠᠰᠢᠭᠯᠠᠯᠳᠠ ᠶᠢᠨ ᠤᠨ ᠤ ᠲᠦᠯᠦᠪᠵᠢᠬᠦᠯᠭᠡ ᠶᠢ | ᠬᠡᠷᠡᠭᠵᠢᠬᠦᠯᠦᠭᠰᠡᠨ ᠪᠠᠶᠢᠳᠠᠯ ᠢ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡ ᠶᠢ | ᠬᠡᠷᠡᠭᠵᠢᠬᠦᠯᠦᠭᠰᠡᠨ ᠪᠠᠶᠢᠳᠠᠯ ᠤᠨ ᠢᠶᠠᠨ ᠠᠭᠤᠯᠭ᠎ᠠ ᠪᠤᠯᠭᠠᠭᠠᠳ ᠠᠳᠠᠯᠢ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠳᠤ ᠮᠡᠳᠡᠬᠦᠯᠬᠦ ᠬᠡᠷᠡᠭᠲᠠᠢ᠃ | ᠬᠤᠷᠢᠨ ᠵᠢᠷᠭᠤᠳᠤᠭᠠᠷ ᠵᠦᠢᠯ ᠨᠢᠭᠡᠨᠳᠡ ᠵᠦᠪᠰᠢᠶᠡᠷᠡᠬᠦᠯᠦᠭᠰᠡᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ | ᠲᠦᠯᠦᠪᠵᠢᠬᠦᠯᠭᠡ ᠳᠤ ᠵᠠᠰᠠᠪᠤᠷᠢ ᠤᠷᠤᠭᠤᠯᠬᠤ ᠳᠤ ᠬᠦᠷᠪᠡᠯ ᠡᠷᠭᠡᠪᠰᠢ ᠤᠤᠯ ᠤᠨ ᠵᠦᠪᠰᠢᠶᠡᠷᠡᠭᠰᠡᠨ ᠪᠠᠶᠢᠭᠤᠯᠭ᠎ᠠ ᠪᠠᠷ | ᠵᠦᠪᠰᠢᠶᠡᠷᠡᠬᠦᠯᠬᠦ ᠬᠡᠷᠡᠭᠲᠠᠢ᠃ ᠵᠦᠪᠰᠢᠶᠡᠷᠡᠬᠦᠯᠦᠭᠰᠡᠨ ᠦᠭᠡᠢ ᠪᠤᠯ ᠭᠠᠵᠠᠷ ᠰᠢᠷᠦᠢ ᠶᠢ ᠠᠰᠢᠭᠯᠠᠬᠤ ᠶᠡᠷᠦᠩᠭᠡᠢ | ᠲᠦᠯᠦᠪᠵᠢᠬᠦᠯᠭᠡ ᠳᠤ ᠲᠤᠭᠳᠠᠭᠠᠭᠰᠠᠨ ᠭᠠᠵᠠᠷ ᠰᠢᠷᠦᠢ ᠶᠢᠨ ᠬᠡᠷᠡᠭᠯᠡᠯᠳᠡ ᠶᠢ ᠬᠤᠪᠢᠷᠠᠭᠤᠯᠵᠦ ᠪᠤᠯᠬᠤ ᠦᠭᠡᠢ᠃ | ᠲᠦᠷᠦ ᠶᠢᠨ ᠶᠠᠪᠤᠳᠠᠯ ᠤᠨ ᠬᠤᠷᠢᠶᠠᠨ ᠤ ᠵᠦᠪᠰᠢᠶᠡᠷᠡᠭᠰᠡᠨ ᠡᠨᠧᠷᠬᠢ ᠶᠢᠨ ᠰᠣᠷᠪᠤᠯᠵᠢ᠂ ᠵᠠᠮ ᠬᠠᠷᠢᠯᠴᠠᠭ᠎ᠠ᠂ ᠤᠰᠤᠨ | ᠠᠰᠢᠭᠯᠠᠯᠳᠠ ᠵᠡᠷᠭᠡ ᠲᠤᠮᠤ ᠬᠡᠯᠪᠡᠷᠢ ᠶᠢᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠳᠤ ᠭᠠᠵᠠᠷ | ᠬᠡᠷᠡᠭᠯᠡᠬᠦ ᠠᠴᠠ ᠪᠤᠯᠵᠦ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠬᠤᠪᠢᠷᠠᠭᠤᠯᠬᠤ ᠴᠢᠬᠤᠯᠠ ᠲᠠᠢ | ᠪᠤᠯ᠂ ᠲᠦᠷᠦ ᠶᠢᠨ ᠶᠠᠪᠤᠳᠠᠯ ᠤᠨ ᠬᠤᠷᠢᠶᠠᠨ ᠤ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠢ ᠦᠨᠳᠦᠰᠦᠯᠡᠨ ᠭᠠᠵᠠᠷ ᠰᠢᠷᠦᠢ ᠶᠢ | ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠵᠠᠰᠠᠪᠤᠷᠢ ᠤᠷᠤᠭᠤᠯᠤᠨ᠎ᠠ᠃ | ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠠᠷᠠᠳ ᠤᠨ ᠵᠠᠰᠠᠭ ᠤᠨ ᠤᠷᠳᠤᠨ ᠤ | ᠵᠦᠪᠰᠢᠶᠡᠷᠡᠭᠰᠡᠨ ᠡᠨᠧᠷᠬᠢ ᠶᠢᠨ ᠰᠤᠷᠪᠤᠯᠵᠢ᠂ ᠵᠠᠮ ᠬᠠᠷᠢᠯᠴᠠᠭ᠎ᠠ᠂ ᠤᠰᠤᠨ ᠠᠰᠢᠭᠯᠠᠯᠳᠠ ᠵᠡᠷᠭᠡ ᠰᠠᠭᠤᠷᠢ | ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠳᠤ ᠭᠠᠵᠠᠷ ᠬᠡᠷᠡᠭᠯᠡᠬᠦ ᠠᠴᠠ ᠪᠤᠯᠵᠦ ᠭᠠᠵᠠᠷ ᠰᠢᠷᠦᠢ ᠶᠢ ᠠᠰᠢᠭᠯᠠᠬᠤ | ᠶᠡᠷᠦᠩᠭᠡᠢ ᠲᠦᠯᠦᠪᠵᠢᠬᠦᠯᠭᠡ ᠶᠢ ᠬᠤᠪᠢᠷᠠᠭᠤᠯᠬᠤ ᠴᠢᠬᠤᠯᠠ ᠲᠠᠢ ᠪᠤᠯ᠂ ᠮᠤᠵᠢ ᠶᠢᠨ ᠱᠠᠳᠤᠨ ᠤ ᠠᠷᠠᠳ ᠤᠨ ᠵᠠᠰᠠᠭ ᠤᠨ | ᠤᠷᠳᠤᠨ ᠤ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠵᠦᠪᠰᠢᠶᠡᠷᠡᠬᠦ ᠡᠷᠭᠡ ᠶᠢᠨ ᠬᠡᠪᠴᠢᠶᠡᠨ ᠳᠤ | ᠬᠠᠷᠢᠶᠠᠯᠠᠭᠳᠠᠵᠦ ᠪᠠᠶᠢᠪᠠᠯ᠂ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠣᠷᠳᠤᠨ ᠤ ᠵᠦᠪᠰᠢᠶᠡᠷᠡᠭᠰᠡᠨ ᠪᠢᠴᠢᠭ | ᠮᠠᠲ᠋ᠧᠷᠢᠶᠠᠯ ᠢ ᠦᠨᠳᠦᠰᠦᠯᠡᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠵᠠᠰᠠᠪᠤᠷᠢ ᠤᠷᠤᠭᠤᠯᠤᠨ᠎ᠠ᠃ | | ᠬᠤᠷᠢᠨ ᠲᠤᠯᠤᠳᠤᠭᠠᠷ ᠵᠦᠢᠯ ᠤᠯᠤᠰ ᠠᠴᠠ ᠭᠠᠵᠠᠷ ᠰᠢᠷᠦᠢ ᠶᠢᠨ ᠪᠠᠶᠢᠴᠠᠭᠠᠯᠳᠠ ᠬᠢᠬᠦ ᠲᠦᠷᠢᠮ ᠢ ᠪᠠᠶᠢᠭᠤᠯᠤᠨ᠎ᠠ᠃ | | ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠳᠠᠯᠢ ᠱᠠᠳᠤᠨ ᠤ ᠪᠠᠨ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ | ᠭᠠᠵᠠᠷ ᠰᠢᠷᠦᠢ ᠶᠢᠨ ᠪᠠᠶᠢᠴᠠᠭᠠᠯᠳᠠ ᠬᠢᠨ᠎ᠡ᠃ ᠭᠠᠵᠷ ᠰᠢᠷᠦᠢ ᠦᠮᠴᠢᠯᠡᠭᠴᠢ ᠪᠤᠶᠤ ᠬᠡᠷᠡᠭᠯᠡᠭᠴᠢ ᠨᠢ ᠪᠠᠶᠢᠴᠠᠭᠠᠯᠳᠠ ᠳᠤ | ᠬᠠᠮᠵᠢᠯᠴᠠᠬᠤ ᠶᠢᠨ ᠬᠠᠮᠳᠦ ᠬᠤᠯᠪᠤᠭᠳᠠᠯ ᠪᠦᠬᠦᠢ ᠮᠠᠲ᠋ᠧᠷᠢᠶᠠᠯ ᠢ ᠬᠠᠩᠭᠠᠵᠦ ᠦᠭᠬᠦ ᠬᠡᠷᠡᠭᠲᠠᠢ᠃ | ᠬᠤᠷᠢᠨ ᠨᠠᠢᠮᠠᠳᠦᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠤᠨ ᠤ ᠭᠠᠵᠠᠷ | ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠳᠠᠯᠢ ᠱᠠᠳᠣᠨ ᠤ ᠪᠠᠨ ᠬᠤᠯᠪᠤᠭᠳᠠᠯ ᠪᠦᠬᠦᠢ | ᠰᠠᠯᠠᠭ᠎ᠠ ᠮᠦᠴᠢᠷ ᠲᠠᠢ ᠬᠠᠮᠳᠣᠷᠠᠵᠦ᠂ ᠭᠠᠵᠠᠷ ᠰᠢᠷᠦᠢ ᠶᠢ ᠪᠠᠶᠢᠴᠠᠭᠠᠭᠰᠠᠨ ᠦᠷ᠎ᠡ ᠪᠦᠳᠦᠭᠡᠯ᠂ ᠲᠦᠯᠦᠪᠵᠢᠬᠦᠯᠦᠭᠰᠡᠨ | ᠭᠠᠵᠠᠷ ᠰᠢᠷᠦᠢ ᠶᠢᠨ ᠬᠡᠷᠡᠭᠯᠡᠯᠳᠡ ᠪᠠ ᠤᠯᠤᠰ ᠠᠴᠠ ᠲᠤᠭᠳᠠᠭᠠᠭᠰᠠᠨ ᠨᠢᠭᠡᠳᠦᠯᠲᠠᠢ ᠪᠠᠷᠢᠮᠵᠢᠶ᠎ᠡ ᠶᠢ ᠦᠨᠳᠦᠰᠦᠯᠡᠵᠦ ᠪᠠᠶᠢᠭᠠᠳ | ᠭᠠᠵᠷ ᠰᠢᠷᠦᠢ ᠶᠢᠨ ᠵᠡᠷᠭᠡ ᠲᠡᠰ ᠢ ᠦᠨᠡᠯᠡᠨ ᠲᠤᠭᠳᠠᠭᠠᠨ᠎ᠠ᠃ | ᠬᠤᠷᠢ ᠶᠢᠰᠦᠳᠦᠭᠡᠷ ᠵᠦᠢᠯ ᠣᠯᠣᠰ ᠠᠴᠠ ᠭᠠᠵᠠᠷ ᠰᠢᠷᠦᠢ ᠶᠢᠨ ᠲᠤᠭ᠎ᠠ ᠪᠦᠷᠢᠳᠭᠡᠯ ᠤᠨ ᠲᠦᠷᠢᠮ ᠢ | ᠪᠠᠶᠢᠭᠤᠯᠤᠨ᠎ᠠ᠃ | ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠯᠤᠨ ᠠᠳᠠᠯᠢ ᠱᠠᠳᠤᠨ ᠤ ᠲᠤᠭ᠎ᠠ ᠪᠦᠷᠢᠳᠭᠡᠯ ᠤᠨ ᠰᠠᠯᠠᠭ᠎ᠠ ᠮᠦᠴᠢᠷ ᠲᠤᠭ᠎ᠠ | ᠪᠦᠷᠢᠳᠭᠡᠯ ᠤᠨ ᠪᠠᠶᠢᠴᠠᠭᠠᠯᠳᠠ ᠬᠢᠬᠦ ᠲᠦᠰᠦᠯ ᠢ ᠬᠠᠮᠳᠦ ᠪᠠᠷ ᠲᠤᠭᠳᠠᠭᠠᠭᠠᠳ ᠭᠠᠵᠠᠷ ᠰᠢᠷᠦᠢ ᠶᠢᠨ ᠲᠤᠭ᠎ᠠ ᠪᠦᠷᠢᠳᠭᠡᠯ ᠢ | ᠬᠠᠤᠯᠢ ᠶᠤᠰᠤᠭᠠᠷ ᠬᠢᠵᠦ᠂ ᠭᠠᠵᠠᠷ ᠰᠢᠷᠦᠢ ᠶᠢᠨ ᠲᠤᠭ᠎ᠠ ᠪᠦᠷᠢᠳᠭᠡᠯ ᠤᠨ ᠮᠠᠲ᠋ᠧᠷᠢᠶᠠᠯ ᠢ ᠲᠤᠭᠳᠠᠮᠠᠯ ᠬᠤᠭᠤᠴᠠᠭ᠎ᠠ ᠲᠠᠢ ᠪᠠᠷ | ᠨᠡᠶᠢᠳᠡᠯᠡᠨ᠎ᠡ᠃ ᠭᠠᠵᠠᠷ ᠰᠢᠷᠦᠢ ᠦᠮᠴᠢᠯᠡᠭᠴᠢ ᠪᠤᠶᠤ ᠬᠡᠷᠡᠭᠯᠡᠭᠴᠢ ᠬᠤᠯᠪᠤᠭᠳᠠᠯ ᠪᠦᠬᠦᠢ ᠮᠠᠲ᠋ᠧᠷᠢᠶᠠᠯ ᠢ ᠬᠠᠩᠭᠠᠵᠦ ᠦᠭᠬᠦ | ᠬᠡᠷᠡᠭᠲᠠᠢ᠂ ᠬᠤᠳᠠᠯ ᠮᠡᠳᠡᠬᠦᠯᠵᠦ᠂ ᠲᠠᠷᠤᠭᠠᠳ ᠮᠡᠳᠡᠬᠦᠯᠬᠦ ᠦᠭᠡᠢ ᠪᠠᠶᠢᠵᠦ᠂ ᠮᠡᠳᠡᠬᠦᠯᠬᠦ ᠶᠢ ᠲᠡᠪᠴᠢᠵᠦ᠂ | ᠤᠳᠠᠭᠠᠰᠢᠷᠠᠭᠤᠯᠤᠨ ᠮᠡᠳᠡᠬᠦᠯᠵᠦ ᠪᠤᠯᠬᠤ ᠦᠭᠡᠢ᠃ | ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠯᠤᠨ ᠲᠤᠭ᠎ᠠ ᠪᠦᠷᠢᠳᠭᠡᠯ ᠤᠨ | ᠰᠠᠯᠠᠭ᠎ᠠ ᠮᠦᠴᠢᠷ ᠤᠨ ᠬᠠᠮᠳᠦᠪᠡᠷ ᠨᠡᠶᠢᠳᠡᠯᠡᠭᠰᠡᠨ ᠭᠠᠵᠠᠷ ᠰᠢᠷᠦᠢ ᠶᠢᠨ ᠲᠠᠯᠠᠪᠠᠢ ᠶᠢᠨ ᠲᠤᠭ᠎ᠠ ᠪᠦᠷᠢᠳᠭᠡᠯ ᠤᠨ ᠮᠠᠲ᠋ᠧᠷᠢᠶᠠᠯ | ᠪᠤᠯ ᠡᠯ᠎ᠡ ᠱᠠᠳᠤᠨ ᠤ ᠠᠷᠠᠳ ᠤᠨ ᠵᠠᠰᠠᠭ ᠤᠨ ᠣᠷᠳᠤᠨ ᠤ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ | ᠨᠠᠶᠢᠷᠠᠭᠤᠯᠤᠨ ᠵᠤᠬᠢᠶᠠᠬᠤ ᠦᠨᠳᠦᠰᠦ ᠪᠠᠷᠢᠮᠳᠠ ᠮᠦᠨ᠃ | ᠭᠤᠴᠢᠳᠤᠭᠠᠷ ᠵᠦᠢᠯ ᠤᠯᠤᠰ ᠠᠴᠠ ᠪᠦᠬᠦ ᠤᠯᠤᠰ ᠤᠨ ᠭᠠᠵᠠᠷ ᠰᠢᠷᠦᠢ ᠶᠢᠨ ᠬᠠᠮᠢᠶᠠᠷᠤᠯᠳᠠ ᠶᠢᠨ ᠮᠡᠳᠡᠭᠡ | ᠵᠠᠩᠬᠢ ᠶᠢᠨ ᠰᠢᠰᠲ᠋ᠧᠮ ᠢ ᠪᠠᠶᠢᠭᠤᠯᠵᠦ᠂ ᠭᠠᠵᠠᠷ ᠰᠢᠷᠦᠢ ᠠᠰᠢᠭᠯᠠᠵᠦ ᠪᠠᠶᠢᠭ᠎ᠠ ᠪᠠᠶᠢᠳᠠᠯ ᠢ ᠬᠦᠳᠡᠯᠦᠩᠬᠦᠢ ᠪᠠᠷ ᠬᠢᠨᠠᠵᠦ | ᠬᠡᠮᠵᠢᠨ᠎ᠡ᠃ | | ᠲᠦᠷᠪᠡᠳᠦᠭᠡᠷ ᠪᠦᠯᠦᠭ ᠲᠠᠷᠢᠶᠠᠨ ᠭᠠᠵᠠᠷ ᠢ ᠬᠠᠮᠠᠭᠠᠯᠠᠬᠤ | ᠭᠤᠴᠢᠨ ᠨᠢᠭᠡᠳᠦᠭᠡᠷ ᠵᠦᠢᠯ ᠣᠯᠣᠰ ᠠᠴᠠ ᠲᠠᠷᠢᠶᠠᠨ ᠭᠠᠵᠠᠷ ᠢ ᠬᠠᠮᠠᠭᠠᠯᠠᠵᠦ᠂ ᠲᠠᠷᠢᠶᠠᠨ ᠭᠠᠵᠠᠷ ᠢ ᠲᠠᠷᠢᠶᠠᠨ | ᠭᠠᠵᠠᠷ ᠪᠤᠰᠤ ᠪᠤᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠨ᠎ᠠ᠃ | ᠣᠯᠣᠰ ᠠᠴᠠ ᠲᠠᠷᠢᠶᠠᠨ ᠭᠠᠵᠠᠷ ᠢ ᠡᠵᠡᠯᠡᠵᠦ ᠬᠡᠷᠡᠭᠯᠡᠪᠡᠯ ᠨᠦᠬᠦᠪᠦᠷᠢ ᠦᠭᠬᠦ ᠲᠦᠷᠢᠮ ᠢ ᠬᠡᠷᠡᠭᠵᠢᠬᠦᠯᠦᠨ᠎ᠡ᠃ | ᠵᠦᠪᠰᠢᠶᠡᠷᠡᠯ ᠢᠶᠠᠷ ᠲᠠᠮᠵᠢᠨ ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠳᠤ ᠲᠠᠷᠢᠶᠠᠨ ᠭᠠᠵᠠᠷ ᠢ ᠡᠵᠡᠯᠡᠵᠦ | ᠬᠡᠷᠡᠭᠯᠡᠭᠰᠡᠨ ᠪᠠᠶᠢᠪᠠᠯ᠂ ︽ᠬᠡᠳᠦᠢ ᠡᠵᠡᠯᠡᠪᠡᠯ ᠤᠷᠤᠨ ᠳᠤᠨᠢ ᠲᠡᠳᠦᠢ ᠭᠠᠵᠠᠷ ᠬᠠᠭᠠᠯᠪᠤᠷᠢᠯᠠᠬᠤ︾ ᠵᠠᠷᠴᠢᠮ ᠤᠨ ᠶᠤᠰᠤᠭᠠᠷ᠂ | ᠲᠠᠷᠢᠶᠠᠨ ᠭᠠᠵᠠᠷ ᠢ ᠡᠵᠡᠯᠡᠵᠦ ᠬᠡᠷᠡᠭᠯᠡᠭᠰᠡᠨ ᠨᠢᠭᠡᠴᠢ ᠠᠴᠠ ᠬᠠᠷᠢᠭᠤᠴᠠᠵᠦ ᠪᠠᠶᠢᠭᠠᠳ ᠡᠵᠡᠯᠡᠵᠦ ᠬᠡᠷᠡᠭᠯᠡᠭᠰᠡᠨ ᠲᠠᠷᠢᠶᠠᠨ | ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ ᠲᠠᠢ ᠲᠡᠩᠴᠡᠬᠦ ᠲᠠᠷᠢᠶᠠᠨ ᠭᠠᠵᠠᠷ ᠢ ᠬᠠᠭᠠᠯᠪᠤᠷᠢᠯᠠᠬᠤ ᠬᠡᠷᠡᠭᠲᠠᠢ᠃ | ᠬᠠᠭᠠᠯᠪᠤᠷᠢᠯᠠᠬᠤ ᠨᠦᠬᠦᠴᠡᠯ ᠦᠭᠡᠢ ᠪᠤᠶᠤ ᠬᠠᠭᠠᠯᠪᠤᠷᠢᠯᠠᠭᠰᠠᠨ ᠲᠠᠷᠢᠶᠠᠨ ᠭᠠᠵᠠᠷ ᠨᠢ ᠱᠠᠭᠠᠷᠳᠠᠯᠭ᠎ᠠ ᠳᠤ ᠨᠡᠶᠢᠴᠡᠬᠦ ᠦᠭᠡᠢ | ᠪᠠᠶᠢᠪᠠᠯ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠲᠤᠭᠳᠠᠭᠠᠯ ᠶᠤᠰᠤᠭᠠᠷ ᠲᠠᠷᠢᠶᠠᠨ | ᠭᠠᠵᠠᠷ ᠬᠠᠭᠠᠯᠪᠤᠷᠢᠯᠠᠬᠤ ᠰᠦᠢᠳᠭᠡᠯ ᠲᠤᠰᠢᠶᠠᠬᠤ ᠬᠡᠷᠡᠭᠲᠠᠢ᠂ ᠲᠤᠰ ᠰᠦᠢᠳᠭᠡᠯ ᠤᠨ ᠵᠤᠭᠤᠰ ᠢ ᠰᠢᠨ᠎ᠡ ᠲᠠᠷᠢᠶᠠᠨ ᠭᠠᠵᠠᠷ | ᠬᠠᠭᠠᠯᠪᠤᠷᠢᠯᠠᠬᠤ ᠳᠤ ᠲᠤᠰᠬᠠᠢ ᠬᠡᠷᠡᠭᠯᠡᠨ᠎ᠡ᠃ | ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ | ᠤᠷᠳᠤᠨ ᠨᠤᠭᠤᠳ ᠲᠠᠷᠢᠶᠠᠨ ᠭᠠᠵᠠᠷ ᠬᠠᠭᠠᠯᠪᠤᠷᠢᠯᠠᠬᠤ ᠲᠦᠯᠦᠪᠯᠡᠭᠡ ᠲᠤᠭᠳᠠᠭᠠᠵᠦ᠂ ᠲᠠᠷᠢᠶᠠᠨ ᠭᠠᠵᠠᠷ ᠢ ᠡᠵᠡᠯᠡᠵᠦ | ᠬᠡᠷᠡᠭᠯᠡᠭᠰᠡᠨ ᠨᠢᠭᠡᠴᠢ ᠶᠢᠨ ᠲᠦᠯᠦᠪᠯᠡᠭᠡ ᠶᠤᠰᠤᠭᠠᠷ ᠲᠠᠷᠢᠶᠠᠨ ᠭᠠᠵᠠᠷ ᠬᠠᠭᠠᠯᠪᠤᠷᠢᠯᠠᠬᠤ ᠪᠤᠶᠤ ᠲᠦᠯᠦᠪᠯᠡᠭᠡ ᠶᠤᠰᠤᠭᠠᠷ | ᠲᠠᠷᠢᠶᠠᠨ ᠭᠠᠵᠠᠷ ᠬᠠᠭᠠᠯᠪᠤᠷᠢᠯᠠᠬᠤ ᠠᠵᠢᠯ ᠢ ᠵᠤᠬᠢᠶᠠᠨ ᠪᠠᠶᠢᠭᠤᠯᠬᠤ ᠳᠤᠨᠢ ᠬᠢᠨᠠᠯᠳᠠ ᠲᠠᠯᠪᠢᠬᠤ ᠶᠢᠨ ᠬᠠᠮᠳᠦ ᠲᠠᠬᠦᠨ ᠢ ᠨᠢ | ᠰᠢᠯᠭᠠᠨ ᠠᠪᠬᠤ ᠬᠡᠷᠡᠭᠲᠠᠢ᠃ | ᠭᠤᠴᠢᠨ ᠬᠤᠶᠠᠳᠣᠭᠠᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠠᠴᠠ | ᠲᠠᠷᠢᠶᠠᠨ ᠭᠠᠵᠠᠷ ᠢ ᠡᠵᠡᠯᠡᠵᠦ ᠬᠡᠷᠡᠭᠯᠡᠭᠰᠡᠨ ᠨᠢᠭᠡᠴᠢ ᠳᠤ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠲᠠᠷᠢᠯᠠᠭ᠎ᠠ ᠶᠢᠨ | ᠬᠦᠷᠦᠰᠦ ᠰᠢᠷᠦᠢ ᠶᠢ ᠰᠢᠨ᠎ᠡ ᠬᠠᠭᠠᠯᠪᠤᠷᠢᠯᠠᠬᠤ ᠲᠠᠷᠢᠶᠠᠨ ᠭᠠᠵᠠᠷ᠂ ᠴᠢᠨᠠᠷ ᠮᠠᠭᠤᠲᠠᠢ ᠭᠠᠵᠠᠷ ᠲᠤ ᠬᠡᠷᠡᠭᠯᠡᠬᠦᠯᠬᠦ ᠪᠤᠶᠤ | ᠪᠤᠰᠤᠳ ᠲᠠᠷᠢᠶᠠᠨ ᠭᠠᠵᠠᠷ ᠤᠨ ᠬᠦᠷᠦᠰᠦ ᠰᠢᠷᠦᠢ ᠶᠢ ᠰᠠᠶᠢᠵᠢᠷᠠᠭᠤᠯᠬᠤ ᠳᠤ ᠬᠡᠷᠡᠭᠯᠡᠬᠦᠯᠬᠦ ᠪᠠᠷ ᠱᠠᠭᠠᠷᠳᠠᠯᠭ᠎ᠠ ᠲᠠᠯᠪᠢᠵᠦ | ᠪᠤᠯᠤᠨ᠎ᠠ᠃ | ᠭᠤᠴᠢᠨ ᠭᠤᠷᠪᠠᠳᠤᠭᠠᠷ ᠵᠦᠢᠯ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ | ᠠᠷᠠᠳ ᠤᠨ ᠵᠠᠰᠠᠭ ᠤᠨ ᠤᠷᠳᠤᠨ ᠨᠤᠭᠤᠳ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠪᠠ ᠭᠠᠵᠠᠷ | ᠰᠢᠷᠦᠢ ᠶᠢᠨ ᠠᠰᠢᠭᠯᠠᠯᠳᠠ ᠶᠢᠨ ᠤᠨ ᠤ ᠲᠦᠯᠦᠪᠯᠡᠭᠡ ᠶᠢ ᠴᠢᠩᠭ᠎ᠠ ᠬᠡᠷᠡᠭᠵᠢᠬᠦᠯᠵᠦ᠂ ᠠᠷᠭ᠎ᠠ ᠬᠡᠮᠵᠢᠶ᠎ᠡ ᠠᠪᠴᠦ ᠪᠠᠶᠢᠭᠠᠳ | ᠲᠤᠰ ᠵᠠᠰᠠᠭ ᠵᠠᠬᠢᠷᠭᠠᠨ ᠤ ᠣᠷᠣᠨ ᠤ ᠪᠠᠨ ᠲᠤᠳᠤᠷᠠᠬᠢ ᠲᠠᠷᠢᠶᠠᠨ ᠭᠠᠵᠠᠷ ᠤᠨ ᠪᠦᠬᠦ ᠬᠡᠮᠵᠢᠶ᠎ᠡ ᠬᠠᠰᠣᠭᠳᠠᠬᠤ ᠦᠭᠡᠢ | ᠪᠠᠶᠢᠬᠤ ᠶᠢ ᠦᠨᠡᠨ ᠬᠦ ᠪᠠᠳᠤᠯᠠᠬᠤ ᠬᠡᠷᠡᠭᠲᠠᠢ᠃ ᠲᠠᠷᠢᠶᠠᠨ ᠭᠠᠵᠠᠷ ᠤᠨ ᠪᠦᠬᠦ ᠬᠡᠮᠵᠢᠶ᠎ᠡ ᠨᠢ ᠬᠠᠰᠣᠭᠳᠠᠭᠰᠠᠨ ᠪᠠᠶᠢᠪᠠᠯ᠂ | ᠲᠦᠷᠦ ᠶᠢᠨ ᠶᠠᠪᠤᠳᠠᠯ ᠤᠨ ᠬᠤᠷᠢᠶ᠎ᠡ ᠠᠴᠠ ᠵᠠᠷᠯᠢᠭᠳᠠᠵᠦ ᠪᠠᠶᠢᠭᠠᠳ ᠬᠠᠰᠣᠭᠳᠠᠭᠰᠠᠨ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ | ᠪᠠ ᠶᠠᠰᠣ ᠴᠢᠨᠠᠷ ᠯᠤᠭ᠎ᠠ ᠠᠳᠠᠯᠢᠬᠠᠨ ᠲᠠᠷᠢᠶᠠᠨ ᠭᠠᠵᠠᠷ ᠢ ᠲᠤᠭᠳᠠᠭᠰᠠᠨ ᠬᠤᠭᠤᠴᠠᠭᠠᠨ ᠤ ᠲᠤᠳᠤᠷ᠎ᠡ ᠵᠤᠬᠢᠶᠠᠨ ᠪᠠᠶᠢᠭᠤᠯᠵᠦ | ᠬᠠᠭᠠᠯᠪᠤᠷᠢᠯᠠᠭᠤᠯᠬᠤ ᠪᠦᠭᠡᠳ ᠲᠦᠷᠦ ᠶᠢᠨ ᠶᠠᠪᠤᠳᠠᠯ ᠤᠨ ᠬᠤᠷᠢᠶᠡᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠨᠢ ᠲᠠᠷᠢᠶᠠᠯᠠᠩ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠠᠢ | ᠬᠠᠮᠳᠣᠷᠠᠨ ᠰᠢᠯᠭᠠᠵᠦ ᠠᠪᠤᠨ᠎ᠠ᠃ ᠤᠨᠴᠠ ᠵᠠᠷᠢᠮ ᠮᠤᠵᠢ᠂ ᠰᠢᠭᠤᠳ ᠬᠠᠷᠢᠶ᠎ᠠ ᠬᠤᠳᠠ ᠶᠢᠨ ᠭᠠᠵᠠᠷ ᠰᠢᠷᠦᠢ ᠶᠢᠨ ᠪᠡᠯᠡᠳᠭᠡᠯ | ᠡᠬᠢ ᠰᠣᠷᠪᠤᠯᠵᠢ ᠨᠢ ᠦᠨᠡᠭᠡᠷ ᠲᠤᠳᠠᠮᠠᠭ ᠪᠠᠶᠢᠵᠦ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠰᠢᠨ᠎ᠡ ᠪᠠᠷ | ᠨᠡᠮᠡᠭᠳᠡᠬᠦᠯᠦᠭᠰᠡᠨ ᠤ ᠲᠠᠷᠠᠭ᠎ᠠ᠂ ᠰᠢᠨ᠎ᠡ ᠪᠠᠷ ᠬᠠᠭᠠᠯᠪᠤᠷᠢᠯᠠᠭᠰᠠᠨ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠨᠢ ᠡᠵᠡᠯᠡᠵᠦ | ᠬᠡᠷᠡᠭᠯᠡᠭᠰᠡᠨ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢ ᠨᠦᠬᠦᠵᠦ ᠬᠦᠷᠬᠦ ᠦᠭᠡᠢ ᠪᠠᠶᠢᠪᠠᠯ᠂ ᠡᠷᠭᠡᠪᠰᠢ ᠲᠦᠷᠦ ᠶᠢᠨ | ᠶᠠᠪᠤᠳᠠᠯ ᠤᠨ ᠬᠤᠷᠢᠶᠠᠨ ᠳᠤ ᠮᠡᠳᠡᠬᠦᠯᠵᠦ ᠵᠦᠪᠰᠢᠶᠡᠷᠡᠬᠦᠯᠦᠭᠡᠳ ᠲᠤᠰ ᠵᠠᠰᠠᠭ ᠵᠠᠬᠢᠷᠭᠠᠨ ᠤ ᠤᠷᠤᠨ ᠤ ᠪᠠᠨ ᠲᠤᠳᠤᠷᠠᠬᠢ | ᠬᠠᠭᠠᠯᠪᠤᠷᠢᠯᠠᠬᠤ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠠᠨ ᠬᠠᠰᠣᠭᠤᠯᠵᠦ ᠬᠡᠯᠳᠦᠷᠢᠬᠦᠯᠦᠭᠡᠳ᠂ ᠦᠭᠡᠷ᠎ᠡ ᠭᠠᠵᠠᠷ ᠲᠤ | ᠣᠴᠢᠵᠦ ᠬᠠᠭᠠᠯᠪᠤᠷᠢᠯᠠᠬᠤ ᠬᠡᠷᠡᠭᠲᠠᠢ᠃ | ᠭᠤᠴᠢᠨ ᠲᠦᠷᠪᠡᠳᠦᠭᠡᠷ ᠵᠦᠢᠯ ᠣᠯᠣᠰ ᠠᠴᠠ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠲᠦᠷᠢᠮ ᠢ | ᠬᠡᠷᠡᠭᠵᠢᠬᠦᠯᠦᠨ᠎ᠡ᠃ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠦᠨᠳᠦᠰᠦᠯᠡᠨ ᠲᠤᠤᠷ᠎ᠡ | ᠵᠢᠭᠰᠠᠭᠠᠭᠰᠠᠨ ᠲᠠᠷᠢᠶᠠᠨ ᠭᠠᠵᠠᠷ ᠤᠳ ᠢ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠤᠷᠤᠨ ᠳᠤ ᠤᠷᠤᠭᠤᠯᠵᠦ | ᠴᠢᠩᠭ᠎ᠠ ᠬᠠᠮᠢᠶᠠᠷᠬᠤ ᠬᠡᠷᠡᠭᠲᠠᠢ᠄ | ︵ᠨᠢᠭᠡ︶ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠦᠴᠢᠷ | ᠪᠤᠶᠤ ᠰᠢᠶᠠᠨ ᠤ ᠱᠠᠳᠣᠨ ᠠᠴᠠ ᠲᠡᠭᠡᠭᠰᠢᠬᠢ ᠣᠷᠣᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠢᠶᠠᠷ | ᠵᠦᠪᠰᠢᠶᠡᠷᠡᠬᠦᠯᠵᠦ ᠲᠤᠭᠳᠠᠭᠠᠭᠰᠠᠨ ᠠᠮᠤ ᠪᠤᠳᠠᠭ᠎ᠠ᠂ ᠬᠦᠪᠦᠩ᠃ ᠲᠤᠰᠤᠯᠢᠭ ᠲᠠᠷᠢᠮᠠᠯ ᠤᠨ ᠦᠢᠯᠡᠳᠪᠦᠷᠢᠯᠡᠯ ᠤᠨ ᠰᠠᠭᠤᠷᠢᠨ | ᠭᠠᠵᠠᠷ ᠤᠨ ᠲᠤᠳᠤᠷᠠᠬᠢ ᠲᠠᠷᠢᠶᠠᠨ ᠭᠠᠵᠠᠷ᠃ | ︵ᠬᠤᠶᠠᠷ︶ ᠤᠰᠤᠨ ᠠᠰᠢᠭᠯᠠᠯᠳᠠ ᠶᠢᠨ ᠪᠠ ᠬᠦᠷᠦᠰᠦ ᠰᠢᠷᠦᠢ ᠶᠢᠨ ᠬᠠᠮᠠᠭᠠᠯᠠᠯᠳᠠ ᠶᠢᠨ ᠲᠤᠬᠢᠲᠠᠢ ᠰᠠᠶᠢᠨ | ᠲᠦᠬᠦᠭᠡᠷᠦᠮᠵᠢ ᠲᠠᠢ ᠲᠠᠷᠢᠶᠠᠨ ᠭᠠᠵᠠᠷ᠂ ᠤᠳᠤ ᠶᠠᠭ ᠰᠠᠶᠢᠵᠢᠷᠠᠭᠤᠯᠬᠤ ᠲᠦᠯᠦᠪᠯᠡᠭᠡ ᠶᠢ ᠬᠡᠷᠡᠭᠵᠢᠬᠦᠯᠵᠦ ᠪᠠᠶᠢᠬᠤ ᠪᠠ | ᠰᠠᠶᠢᠵᠢᠷᠠᠭᠤᠯᠵᠦ ᠪᠤᠯᠬᠤ ᠲᠤᠮᠳᠠ᠂ ᠲᠤᠤᠷ᠎ᠡ ᠤᠨᠠᠯᠳᠠ ᠲᠠᠢ ᠲᠠᠷᠢᠶᠠᠨ ᠭᠠᠵᠠᠷ᠃ | ︵ᠭᠤᠷᠪᠠ︶ ᠢᠳᠡᠰᠢᠨ ᠨᠤᠭᠤᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ᠃ | ︵ᠲᠦᠷᠪᠡ︶ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠣᠳᠣᠯᠭᠠᠨ ᠬᠢᠬᠦ᠂ ᠵᠢᠭᠠᠨ ᠰᠤᠷᠭᠠᠬᠤ ᠲᠤᠷᠰᠢᠯᠳᠠ ᠬᠢᠬᠦ | ᠲᠠᠷᠢᠶᠠᠨ ᠭᠠᠵᠠᠷ᠃ | ︵ᠲᠠᠪᠤ︶ ᠲᠦᠷᠦ ᠶᠢᠨ ᠶᠠᠪᠤᠳᠠᠯ ᠤᠨ ᠬᠤᠷᠢᠶᠠᠨ ᠠᠴᠠ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠳᠠ ᠶᠢᠨ | ᠤᠷᠤᠨ ᠳᠤ ᠤᠷᠤᠭᠤᠯᠬᠤ ᠶᠤᠰᠤᠲᠠᠢ ᠭᠡᠵᠦ ᠲᠤᠭᠳᠠᠭᠠᠭᠰᠠᠨ ᠪᠤᠰᠤᠳ ᠲᠠᠷᠢᠶᠠᠨ ᠭᠠᠵᠠᠷ᠃ | ᠡᠯ᠎ᠡ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠵᠠᠭᠠᠭᠯᠠᠨ ᠲᠤᠭᠳᠠᠭᠠᠭᠰᠠᠨ | ᠦᠨᠳᠦᠰᠦᠨ ᠲᠠᠷᠢᠶᠠᠨ ᠭᠠᠵᠠᠷ ᠨᠢ ᠲᠤᠰ ᠵᠠᠰᠠᠭ ᠵᠠᠬᠢᠷᠭᠠᠨ ᠤ ᠤᠷᠤᠨ ᠤ ᠲᠤᠳᠤᠷᠠᠬᠢ ᠲᠠᠷᠢᠶᠠᠨ ᠭᠠᠵᠠᠷ ᠤᠨ 80 % ᠠᠴᠠ | ᠲᠡᠭᠡᠭᠰᠢᠬᠢ ᠶᠢ ᠡᠵᠡᠯᠡᠭᠰᠡᠨ ᠪᠠᠶᠢᠬᠤ ᠬᠡᠷᠡᠭᠲᠠᠢ᠃ | ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠤᠷᠤᠨ ᠢ ᠰᠤᠮᠤ ︵ᠪᠠᠯᠭᠠᠰᠦ︶ ᠪᠠᠷ ᠨᠢᠭᠡᠴᠢ ᠪᠤᠯᠭᠠᠨ | ᠵᠠᠭᠠᠭᠯᠠᠨ ᠲᠤᠭᠳᠠᠭᠠᠵᠦ᠂ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠠᠳᠠᠯᠢ ᠱᠠᠳᠤᠨ ᠤ ᠲᠠᠷᠢᠶᠠᠯᠠᠩ ᠤᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠤᠷᠠᠨ ᠵᠤᠬᠢᠶᠠᠨ ᠪᠠᠶᠢᠭᠤᠯᠵᠦ ᠬᠡᠷᠡᠭᠵᠢᠬᠦᠯᠦᠨ᠎ᠡ᠃ | ᠭᠤᠴᠢᠨ ᠲᠠᠪᠤᠳᠤᠭᠠᠷ ᠵᠦᠢᠯ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠠᠷᠭ᠎ᠠ ᠬᠡᠮᠵᠢᠶ᠎ᠡ | ᠠᠪᠴᠦ ᠪᠠᠶᠢᠭᠠᠳ ᠤᠰᠤ ᠵᠠᠯᠠᠬᠤ ᠪᠠᠷᠢᠯᠭ᠎ᠠ ᠶᠢᠨ ᠲᠦᠬᠦᠭᠡᠷᠦᠮᠵᠢ ᠶᠢ ᠬᠠᠮᠠᠭᠠᠯᠠᠵᠦ᠂ ᠬᠦᠷᠦᠰᠦ ᠰᠢᠷᠦᠢ ᠶᠢ ᠰᠠᠶᠢᠵᠢᠷᠠᠭᠤᠯᠤᠨ᠂ | ᠭᠠᠵᠠᠷ ᠤᠨ ᠰᠢᠮ᠎ᠡ ᠶᠢ ᠨᠡᠮᠡᠭᠳᠡᠬᠦᠯᠵᠦ᠂ ᠭᠠᠵᠠᠷ ᠰᠢᠷᠦᠢ ᠡᠯᠡᠰᠦᠵᠢᠬᠦ᠂ ᠬᠤᠵᠢᠷᠰᠢᠬᠤ᠂ ᠬᠦᠷᠦᠰᠦ ᠰᠢᠷᠦᠢ ᠢᠳᠡᠭᠳᠡᠬᠦ ᠪᠠ | ᠭᠠᠵᠠᠷ ᠰᠢᠷᠦᠢ ᠪᠤᠬᠢᠷᠳᠤᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠠᠢ᠃ | ᠭᠤᠴᠢᠨ ᠵᠢᠷᠭᠤᠳᠤᠭᠠᠷ ᠵᠦᠢᠯ ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠬᠢᠬᠦ ᠳᠡᠭᠡᠨ ᠡᠷᠭᠡᠪᠰᠢ ᠭᠠᠵᠠᠷ | ᠰᠢᠷᠦᠢ ᠶᠢ ᠭᠠᠮᠨᠠᠨ ᠬᠡᠷᠡᠭᠯᠡᠬᠦ ᠬᠡᠷᠡᠭᠲᠠᠢ᠂ ᠠᠳᠠᠷ ᠭᠠᠵᠠᠷ ᠢ ᠠᠰᠢᠭᠯᠠᠵᠦ ᠪᠤᠯᠬᠤ ᠳᠤ ᠬᠦᠷᠪᠡᠯ ᠲᠠᠷᠢᠶᠠᠨ ᠭᠠᠵᠠᠷ ᠢ ᠡᠵᠡᠯᠡᠨ | ᠬᠡᠷᠡᠭᠯᠡᠵᠦ ᠪᠤᠯᠬᠤ ᠦᠭᠡᠢ᠃ ᠮᠠᠭᠤ ᠭᠠᠵᠠᠷ ᠢ ᠠᠰᠢᠭᠯᠠᠵᠦ ᠪᠤᠯᠬᠤ ᠳᠤ ᠬᠦᠷᠪᠡᠯ ᠰᠠᠶᠢᠨ ᠭᠠᠵᠠᠷ ᠢ ᠡᠵᠡᠯᠡᠨ ᠬᠡᠷᠡᠭᠯᠡᠵᠦ | ᠪᠤᠯᠬᠤ ᠦᠭᠡᠢ᠃ | ᠲᠠᠷᠢᠶᠠᠨ ᠭᠠᠵᠠᠷ ᠢ ᠡᠵᠡᠯᠡᠨ ᠶᠤᠤ ᠭᠠᠷᠭᠠᠬᠤ᠂ ᠪᠤᠯᠠᠰᠢᠨ ᠭᠠᠵᠠᠷ ᠭᠠᠷᠭᠠᠬᠤ ᠪᠤᠶᠤ ᠲᠠᠷᠢᠶᠠᠨ ᠭᠠᠵᠠᠷ ᠲᠡᠭᠡᠷ᠎ᠡ | ᠲᠤᠷ᠎ᠡ ᠪᠠᠷ ᠢᠶᠠᠨ ᠭᠡᠷ ᠪᠠᠷᠢᠬᠤ᠂ ᠡᠯᠡᠰᠦ ᠮᠠᠯᠳᠠᠬᠤ᠂ ᠴᠢᠯᠠᠭᠤ ᠭᠠᠷᠭᠠᠬᠤ᠂ ᠠᠭᠤᠷᠬᠠᠢ ᠮᠠᠯᠳᠠᠬᠤ᠂ ᠰᠢᠷᠦᠢ ᠠᠪᠬᠤ ᠶᠢ | ᠴᠠᠭᠠᠵᠠᠯᠠᠨ᠎ᠠ᠃ | ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠤᠢ ᠵᠢᠮᠢᠰ ᠤᠨ ᠦᠢᠯᠡᠰ ᠢ ᠬᠦᠭᠵᠢᠬᠦᠯᠬᠦ ᠪᠡ ᠨᠠᠭᠤᠷ | ᠮᠠᠯᠳᠠᠵᠦ ᠵᠢᠭᠠᠰᠣ ᠲᠡᠵᠢᠭᠡᠬᠦ ᠶᠢ ᠴᠠᠭᠠᠵᠠᠯᠠᠨ᠎ᠠ᠃ | ᠭᠤᠴᠢᠨ ᠲᠤᠯᠤᠳᠤᠭᠠᠷ ᠵᠦᠢᠯ ᠶᠠᠮᠠᠷᠪᠠ ᠨᠢᠭᠡᠴᠢ ᠪᠤᠯᠤᠨ ᠬᠤᠪᠢ ᠬᠦᠮᠦᠨ ᠤ ᠲᠠᠷᠢᠶᠠᠨ ᠭᠠᠵᠠᠷ ᠢ ᠰᠣᠯᠠ | ᠪᠠᠶᠢᠯᠭᠠᠬᠤ᠂ ᠠᠳᠠᠷᠰᠢᠭᠤᠯᠬᠤ ᠶᠢ ᠴᠠᠭᠠᠵᠠᠯᠠᠨ᠎ᠠ᠃ ᠨᠢᠭᠡᠨᠳᠡ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠬᠢᠭᠰᠡᠨ | ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠳᠤ ᠡᠵᠡᠯᠡᠨ ᠬᠡᠷᠡᠭᠯᠡᠬᠦ ᠲᠠᠷᠢᠶᠠᠨ ᠭᠠᠵᠠᠷ ᠢ ᠨᠢᠭᠡ ᠵᠢᠯ ᠤᠨ ᠲᠤᠳᠤᠷ᠎ᠡ | ᠬᠡᠷᠡᠭᠯᠡᠭᠰᠡᠨ ᠦᠭᠡᠢ ᠪᠦᠭᠡᠳ ᠲᠡᠷᠡ ᠭᠠᠵᠠᠷ ᠲᠤ ᠲᠠᠷᠢᠶ᠎ᠠ ᠲᠠᠷᠢᠵᠦ ᠬᠤᠷᠢᠶᠠᠯᠳᠠ ᠠᠪᠴᠦ ᠪᠤᠯᠬᠤ ᠪᠠᠶᠢᠪᠠᠯ᠂ ᠤᠤᠯ ᠤᠨ ᠡᠨᠡ | ᠲᠠᠷᠢᠶᠠᠨ ᠭᠠᠵᠠᠷ ᠲᠡᠭᠡᠷ᠎ᠡ ᠲᠠᠷᠢᠶ᠎ᠠ ᠲᠠᠷᠢᠵᠦ ᠪᠠᠶᠢᠭᠰᠠᠨ ᠬᠠᠮᠳᠦ ᠨᠡᠶᠢᠳᠡ ᠪᠤᠶᠤ ᠬᠤᠪᠢ ᠬᠦᠮᠦᠨ ᠲᠠᠬᠢᠵᠦ ᠲᠠᠷᠢᠶ᠎ᠠ ᠲᠠᠷᠢᠬᠤ | ᠬᠡᠷᠡᠭᠲᠠᠢ᠂ ᠭᠠᠵᠠᠷ ᠬᠡᠷᠡᠭᠯᠡᠬᠦ ᠨᠢᠭᠡᠴᠢ ᠠᠴᠠ ᠵᠤᠬᠢᠶᠠᠨ ᠪᠠᠶᠢᠭᠤᠯᠵᠦ ᠪᠠᠶᠢᠭᠠᠳ ᠲᠠᠷᠢᠵᠦ ᠴᠦ ᠪᠤᠯᠤᠨ᠎ᠠ᠃ ᠨᠢᠭᠡ ᠵᠢᠯ ᠭᠠᠷᠦᠢ | ᠪᠤᠯᠤᠭᠠᠳ ᠪᠦᠳᠦᠭᠡᠨ ᠪᠠᠶᠢᠭᠤᠯᠤᠯᠳᠠ ᠶᠢᠨ ᠠᠵᠢᠯ ᠢᠶᠠᠨ ᠡᠬᠢᠯᠡᠬᠦᠯᠦᠭᠰᠡᠨ ᠦᠭᠡᠢ ᠪᠠᠶᠢᠪᠠᠯ᠂ ᠮᠤᠵᠢ᠂ ᠦᠪᠡᠷᠳᠡᠭᠡᠨ ᠵᠠᠰᠠᠬᠤ | ᠤᠷᠤᠨ᠂ ᠰᠢᠭᠤᠳ ᠬᠠᠷᠢᠶ᠎ᠠ ᠬᠤᠳᠠ ᠶᠢᠨ ᠲᠤᠭᠳᠠᠭᠠᠯ ᠶᠤᠰᠤᠭᠠᠷ ᠭᠠᠵᠠᠷ ᠰᠢᠷᠦᠢ ᠶᠢ ᠰᠣᠯᠠ ᠪᠠᠶᠢᠯᠭᠠᠭᠰᠠᠨ ᠰᠦᠢᠳᠭᠡᠯ | ᠲᠤᠰᠢᠶᠠᠬᠤ ᠬᠡᠷᠡᠭᠲᠠᠢ᠃ ᠬᠤᠶᠠᠷ ᠵᠢᠯ ᠲᠠᠷᠠᠭᠠᠯᠠᠨ ᠬᠡᠷᠡᠭᠯᠡᠭᠰᠡᠨ ᠦᠭᠡᠢ ᠪᠠᠶᠢᠪᠠᠯ᠂ ᠤᠤᠯ ᠤᠨ ᠵᠦᠪᠰᠢᠶᠡᠷᠡᠭᠰᠡᠨ | ᠪᠠᠶᠢᠭᠤᠯᠭ᠎ᠠ ᠪᠠᠷ ᠨᠢ ᠵᠦᠪᠰᠢᠶᠡᠷᠡᠬᠦᠯᠦᠭᠡᠳ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠣᠨ ᠠᠴᠠ | ᠭᠠᠵᠠᠷ ᠬᠡᠷᠡᠭᠯᠡᠬᠦ ᠨᠢᠭᠡᠴᠢ ᠶᠢᠨ ᠭᠠᠵᠠᠷ ᠰᠢᠷᠦᠢ ᠬᠡᠷᠡᠭᠯᠡᠬᠦ ᠡᠷᠭᠡ ᠶᠢ ᠨᠢ ᠦᠨ᠎ᠡ ᠲᠦᠯᠦᠪᠤᠷᠢ ᠦᠭᠡᠢ ᠪᠠᠷ ᠬᠤᠷᠢᠶᠠᠨ ᠠᠪᠤᠨ᠎ᠠ᠃ | ᠡᠨᠡ ᠭᠠᠵᠠᠷ ᠰᠢᠷᠦᠢ ᠤᠤᠯ ᠨᠢ ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠬᠢ ᠪᠠᠶᠢᠭᠰᠠᠨ ᠪᠤᠯ ᠤᠤᠯ ᠤᠨ ᠬᠦᠳᠡᠭᠡ | ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠳᠤ ᠲᠤᠰᠢᠶᠠᠨ ᠦᠭᠴᠦ ᠲᠠᠷᠢᠶᠠᠯᠠᠯᠭ᠎ᠠ ᠶᠢ ᠨᠢ | ᠰᠡᠷᠬᠦᠭᠡᠬᠦ ᠬᠡᠷᠡᠭᠲᠠᠢ᠃ | ᠬᠤᠳᠠ ᠶᠢᠨ ᠲᠦᠯᠦᠪᠵᠢᠬᠦᠯᠭᠡ ᠶᠢᠨ ᠲᠤᠭᠤᠷᠢᠭ ᠤᠨ ᠭᠡᠪᠴᠢᠶᠡᠨ ᠲᠤᠳᠤᠷ᠎ᠡ ᠰᠢᠯᠵᠢᠬᠦᠯᠦᠨ ᠬᠤᠳᠠᠯᠳᠤᠬᠤ | ᠬᠡᠯᠪᠡᠷᠢ ᠪᠠᠷ ᠭᠠᠵᠠᠷ ᠰᠢᠷᠦᠢ ᠬᠡᠷᠡᠭᠯᠡᠬᠦ ᠡᠷᠭᠡ ᠶᠢ ᠤᠯᠤᠭᠠᠳ ᠬᠡᠷ ᠪᠠᠶᠢᠰᠢᠩ ᠭᠠᠵᠠᠷ ᠰᠢᠷᠦᠢ ᠶᠢᠨ ᠬᠦᠷᠦᠩᠭᠡ ᠶᠢ ᠨᠡᠭᠡᠭᠡᠨ | ᠬᠦᠭᠵᠢᠬᠦᠯᠬᠦ ᠪᠠᠷ ᠪᠠᠶᠢᠭ᠎ᠠ ᠰᠣᠯᠠ ᠪᠠᠶᠢᠯᠭᠠᠭᠰᠠᠨ ᠭᠠᠵᠠᠷ ᠰᠢᠷᠦᠢ ᠶᠢ ᠪᠤᠯ ︽ᠪᠦᠬᠦᠳᠡ ᠨᠠᠶᠢᠷᠠᠮᠳᠠᠬᠤ ᠲᠤᠮᠳᠠᠳᠦ ᠠᠷᠠᠳ | ᠤᠯᠤᠰ ᠤᠨ ᠬᠤᠳᠠ ᠶᠢᠨ ᠬᠡᠷ ᠪᠠᠶᠢᠰᠢᠩ ᠭᠠᠵᠠᠷ ᠰᠢᠷᠦᠢ ᠶᠢᠨ ᠬᠦᠷᠦᠩᠭᠡ ᠶᠢᠨ ᠬᠠᠮᠢᠶᠠᠷᠤᠯᠳᠠ ᠶᠢᠨ ᠬᠠᠤᠯᠢ︾ ᠶᠢᠨ | ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠰᠢᠢᠳᠪᠦᠷᠢᠯᠡᠨ᠎ᠡ᠃ | ᠲᠠᠷᠢᠶᠠᠨ ᠭᠠᠵᠠᠷ ᠢ ᠲᠠᠭᠠᠭᠠᠴᠢᠯᠠᠨ ᠡᠵᠡᠩᠨᠡᠭᠰᠡᠨ ᠨᠢᠭᠡᠴᠢ ᠪᠤᠶᠤ ᠬᠤᠪᠢ ᠬᠦᠮᠦᠨ ᠬᠤᠶᠠᠷ ᠵᠢᠯ ᠲᠠᠷᠠᠭᠠᠯᠠᠨ | ᠲᠠᠷᠢᠶᠠᠯᠠᠬᠤ ᠦᠭᠡᠢ ᠪᠠᠷ ᠲᠠᠷᠢᠶᠠᠨ ᠭᠠᠵᠠᠷ ᠢ ᠠᠳᠠᠷᠰᠢᠭᠤᠯᠤᠭᠰᠠᠨ ᠪᠠᠶᠢᠪᠠᠯ᠂ ᠤᠤᠯ ᠤᠨ ᠲᠠᠭᠠᠭᠠᠴᠢᠯᠠᠭᠤᠯᠤᠭᠰᠠᠨ | ᠨᠢᠭᠡᠴᠢ ᠨᠢ ᠲᠠᠭᠠᠭᠠᠴᠢᠯᠠᠯᠳᠠ ᠶᠢᠨ ᠬᠡᠷ᠎ᠡ ᠪᠠᠨ ᠲᠠᠭᠤᠰᠬᠠᠵᠦ᠂ ᠲᠠᠭᠠᠭᠠᠴᠢᠯᠠᠭᠤᠯᠤᠭᠰᠠᠨ ᠲᠠᠷᠢᠶᠠᠨ ᠭᠠᠵᠠᠷ ᠢᠶᠠᠨ ᠬᠤᠷᠢᠶᠠᠨ | ᠠᠪᠬᠤ ᠬᠡᠷᠡᠭᠲᠠᠢ᠃ | ᠭᠤᠴᠢᠨ ᠨᠠᠢᠮᠠᠳᠣᠭᠠᠷ ᠵᠦᠢᠯ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠤᠰᠤᠭᠠᠷ᠂ ᠠᠮᠢ | ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠨ ᠰᠠᠶᠢᠵᠢᠷᠠᠭᠤᠯᠬᠤ᠂ ᠬᠦᠷᠦᠰᠦ ᠰᠢᠷᠦᠢ ᠢᠳᠡᠭᠳᠡᠬᠦ ᠪᠠ ᠭᠠᠵᠠᠷ ᠰᠢᠷᠦᠢ | ᠡᠯᠡᠰᠦᠵᠢᠬᠦ ᠶᠢ ᠰᠡᠷᠭᠡᠶᠢᠯᠡᠨ ᠵᠤᠭᠰᠤᠭᠠᠬᠤ ᠤᠷᠢᠳᠠᠯ ᠲᠤᠤᠷ᠎ᠡ᠂ ᠠᠰᠢᠭᠯᠠᠭᠠᠳᠦᠢ ᠭᠠᠵᠠᠷ ᠰᠢᠷᠦᠢ ᠶᠢ ᠨᠢᠭᠡᠴᠢ ᠪᠠ ᠬᠤᠪᠢ | ᠬᠦᠮᠦᠨ ᠤ ᠨᠡᠭᠡᠭᠡᠨ ᠠᠰᠢᠭᠯᠠᠬᠤ ᠶᠢ ᠤᠯᠤᠰ ᠠᠴᠠ ᠵᠤᠷᠢᠭᠵᠢᠭᠤᠯᠤᠨ᠎ᠠ᠃ ᠲᠠᠷᠢᠶᠠᠯᠠᠩ ᠳᠤ ᠬᠡᠷᠡᠭᠯᠡᠬᠦ ᠭᠠᠵᠠᠷ ᠪᠤᠯᠭᠠᠵᠦ | ᠨᠡᠭᠡᠭᠡᠨ ᠠᠰᠢᠭᠯᠠᠬᠤ ᠳᠤ ᠲᠤᠬᠢᠷᠠᠮᠵᠢᠲᠠᠢ ᠪᠠᠶᠢᠪᠠᠯ ᠡᠩ ᠲᠠᠷᠢᠬᠦᠨ ᠳᠤ ᠲᠠᠷᠢᠶᠠᠯᠠᠩ ᠳᠤ ᠬᠡᠷᠡᠭᠯᠡᠬᠦ ᠭᠠᠵᠠᠷ ᠪᠤᠯᠭᠠᠨ ᠨᠡᠭᠡᠭᠡᠨ | ᠠᠰᠢᠭᠯᠠᠬᠤ ᠬᠡᠷᠡᠭᠲᠠᠢ᠃ | ᠤᠯᠤᠰ ᠠᠴᠠ ᠨᠡᠭᠡᠭᠡᠨ ᠠᠰᠢᠭᠯᠠᠭᠴᠢᠳ ᠤᠨ ᠬᠠᠤᠯᠢ ᠶᠤᠰᠤᠨ ᠤ ᠡᠷᠭᠡ ᠠᠰᠢᠭ ᠢ ᠬᠠᠤᠯᠢ ᠶᠤᠰᠤᠭᠠᠷ ᠬᠠᠮᠠᠭᠠᠯᠠᠨ᠎ᠠ᠃ | | ᠭᠤᠴᠢ ᠶᠢᠰᠦᠳᠦᠭᠡᠷ ᠵᠦᠢᠯ ᠠᠰᠢᠭᠯᠠᠭᠠᠳᠦᠢ ᠭᠠᠵᠠᠷ ᠰᠢᠷᠦᠢ ᠶᠢ ᠬᠠᠭᠠᠯᠪᠤᠷᠢᠯᠠᠬᠤ ᠳᠤ ᠡᠷᠭᠡᠪᠰᠢ ᠰᠢᠨᠵᠢᠯᠡᠬᠦ | ᠤᠬᠠᠭᠠᠨᠴᠢ ᠨᠤᠳᠠᠯᠠᠯᠳᠠ ᠪᠠ ᠦᠨᠡᠯᠡᠨ ᠵᠢᠱᠢᠯᠳᠠ ᠬᠢᠵᠦ᠂ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ | ᠵᠠᠭᠠᠭᠯᠠᠨ ᠲᠤᠭᠳᠠᠭᠠᠭᠰᠠᠨ ᠬᠠᠭᠠᠯᠪᠤᠷᠢᠯᠠᠵᠦ ᠪᠤᠯᠬᠤ ᠤᠷᠤᠨ ᠤ ᠲᠤᠳᠤᠷ᠎ᠡ᠂ ᠬᠠᠤᠯᠢ ᠶᠤᠰᠤᠭᠠᠷ ᠵᠦᠪᠰᠢᠶᠡᠷᠡᠬᠦᠯᠦᠭᠰᠡᠨ ᠤ | ᠲᠠᠷᠠᠭ᠎ᠠ ᠬᠠᠭᠠᠯᠪᠤᠷᠢᠯᠠᠬᠤ ᠬᠡᠷᠡᠭᠲᠠᠢ᠃ ᠣᠢ ᠰᠢᠭᠤᠢ᠂ ᠡᠪᠡᠰᠦ ᠪᠡᠯᠴᠢᠭᠡᠷ ᠢ ᠡᠪᠳᠡᠵᠦ ᠲᠠᠷᠢᠶᠠᠨ ᠭᠠᠵᠠᠷ ᠪᠤᠯᠭᠠᠨ | ᠬᠠᠭᠠᠯᠪᠤᠷᠢᠯᠠᠬᠤ ᠶᠢ ᠴᠠᠭᠠᠵᠠᠯᠠᠨ᠎ᠠ᠂ ᠨᠠᠭᠤᠷ ᠢ ᠬᠦᠷᠢᠶᠡᠯᠡᠨ ᠲᠠᠷᠢᠶᠠᠨ ᠭᠠᠵᠠᠷ ᠭᠠᠷᠭᠠᠬᠤ ᠪᠠ ᠭᠤᠤᠯ ᠮᠦᠷᠡᠨ ᠤ ᠲᠠᠩ | ᠭᠠᠵᠠᠷ ᠢ ᠡᠵᠡᠯᠡᠬᠦ ᠶᠢ ᠴᠠᠭᠠᠵᠠᠯᠠᠨ᠎ᠠ᠃ | ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠨ ᠬᠠᠭᠠᠯᠪᠤᠷᠢᠯᠠᠭᠰᠠᠨ ᠪᠠ ᠬᠦᠷᠢᠶᠡᠯᠡᠨ ᠬᠠᠭᠠᠯᠪᠤᠷᠢᠯᠠᠭᠰᠠᠨ ᠭᠠᠵᠠᠷ | ᠰᠢᠷᠦᠢ ᠶᠢ ᠪᠤᠯ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠦᠨᠳᠦᠰᠦᠯᠡᠨ᠂ ᠲᠦᠯᠦᠪᠯᠡᠭᠡ ᠲᠠᠢ | ᠠᠯᠬᠤᠮ ᠲᠠᠷᠠᠭ᠎ᠠ ᠲᠠᠢ ᠪᠠᠷ ᠲᠠᠷᠢᠶᠠᠯᠠᠬᠤ ᠶᠢ ᠨᠢ ᠵᠤᠭᠰᠤᠭᠠᠨ᠂ ᠲᠠᠬᠢᠨ ᠤᠢ ᠰᠢᠭᠤᠢ᠂ ᠡᠪᠡᠰᠦ ᠪᠡᠯᠴᠢᠭᠡᠷ ᠨᠠᠭᠤᠷ | ᠲᠤᠭᠤᠷᠢᠮ ᠪᠤᠯᠭᠠᠬᠤ ᠬᠡᠷᠡᠭᠲᠠᠢ᠃ | ᠲᠦᠴᠢᠳᠦᠭᠡᠷ ᠵᠦᠢᠯ ᠬᠡᠷᠡᠭᠯᠡᠬᠦ ᠡᠷᠭᠡ ᠶᠢ ᠨᠢ ᠲᠤᠳᠤᠷᠬᠠᠢ ᠲᠤᠭᠳᠠᠭᠠᠭᠰᠠᠨ ᠦᠭᠡᠢ ᠤᠯᠤᠰ ᠤᠨ ᠦᠮᠴᠢᠯᠡᠯ ᠤᠨ | ᠠᠭᠯᠠᠭ ᠠᠭᠤᠯᠠ᠂ ᠠᠳᠠᠷ ᠭᠠᠵᠠᠷ᠂ ᠬᠤᠭᠤᠰᠤᠨ ᠲᠠᠩ ᠭᠠᠵᠠᠷ ᠢ ᠨᠡᠭᠡᠭᠡᠨ ᠠᠰᠢᠭᠯᠠᠭᠠᠳ ᠲᠠᠷᠢᠮᠠᠯ ᠤᠨ ᠦᠢᠯᠡᠰ᠂ ᠤᠢ | ᠰᠢᠭᠤᠢ ᠶᠢᠨ ᠠᠵᠦ ᠠᠬᠤᠢ᠂ ᠮᠠᠯ ᠠᠵᠦ ᠠᠬᠤᠢ᠂ ᠵᠢᠭᠠᠰᠤᠨ ᠠᠵᠦ ᠠᠬᠤᠢ ᠶᠢᠨ ᠦᠢᠯᠡᠳᠪᠦᠷᠢᠯᠡᠯ ᠬᠢᠬᠦ ᠳᠤ ᠬᠦᠷᠪᠡᠯ᠂ | ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠢᠶᠠᠷ ᠬᠠᠤᠯᠢ ᠶᠤᠰᠤᠭᠠᠷ ᠵᠦᠪᠰᠢᠶᠡᠷᠡᠬᠦᠯᠦᠭᠡᠳ᠂ | ᠨᠡᠭᠡᠭᠡᠨ ᠠᠰᠢᠭᠯᠠᠬᠤ ᠨᠢᠭᠡᠴᠢ ᠪᠤᠶᠤ ᠬᠤᠪᠢ ᠬᠦᠮᠦᠨ ᠳᠤ ᠦᠭᠴᠦ ᠤᠷᠳᠦ ᠬᠤᠭᠤᠴᠠᠭ᠎ᠠ ᠬᠡᠷᠡᠭᠯᠡᠬᠦᠯᠬᠦ ᠪᠠᠷ ᠲᠤᠭᠳᠠᠭᠠᠵᠦ | ᠪᠤᠯᠤᠨ᠎ᠠ᠃ | ᠲᠦᠴᠢᠨ ᠨᠢᠭᠡᠳᠦᠭᠡᠷ ᠵᠦᠢᠯ ᠤᠯᠤᠰ ᠠᠴᠠ ᠭᠠᠵᠠᠷ ᠰᠢᠷᠦᠢ ᠶᠢ ᠵᠠᠰᠠᠵᠦ ᠰᠠᠶᠢᠵᠢᠷᠠᠭᠤᠯᠬᠤ ᠶᠢ ᠵᠤᠷᠢᠭᠵᠢᠭᠤᠯᠤᠨ᠎ᠠ᠃ | ᠰᠢᠶᠠᠨ᠂ ᠰᠤᠮᠤ ︵ᠪᠠᠯᠭᠠᠰᠤ︶ ᠶᠢᠨ ᠠᠷᠠᠳ ᠤᠨ ᠵᠠᠰᠠᠭ ᠤᠨ ᠤᠷᠳᠤᠨ ᠨᠤᠭᠤᠳ ᠬᠦᠳᠡᠭᠡ ᠲᠤᠰᠬᠤᠨ ᠤ ᠬᠠᠮᠳᠦ ᠶᠢᠨ | ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢ ᠵᠤᠬᠢᠶᠠᠨ ᠪᠠᠶᠢᠭᠤᠯᠵᠦ ᠪᠠᠶᠢᠭᠠᠳ ᠭᠠᠵᠠᠷ ᠰᠢᠷᠦᠢ ᠶᠢ ᠠᠰᠢᠭᠯᠠᠬᠤ | ᠶᠡᠷᠦᠩᠭᠡᠢ ᠲᠦᠯᠦᠪᠵᠢᠬᠦᠯᠭᠡ ᠶᠤᠰᠤᠭᠠᠷ ᠲᠠᠷᠢᠶ᠎ᠠ᠂ ᠤᠰᠤ᠂ ᠵᠠᠮ᠂ ᠤᠢ᠂ ᠲᠤᠰᠬᠤᠨ ᠢ ᠶᠡᠷᠦᠩᠭᠡᠶᠢᠯᠡᠨ ᠵᠠᠰᠠᠵᠦ᠂ ᠲᠠᠷᠢᠶᠠᠨ | ᠭᠠᠵᠠᠷ ᠤᠨ ᠶᠠᠰᠤ ᠴᠢᠨᠠᠷ ᠢ ᠰᠠᠶᠢᠵᠢᠷᠠᠭᠤᠯᠤᠨ᠂ ᠦᠷ᠎ᠡ ᠠᠰᠢᠭ ᠲᠠᠢ ᠲᠠᠷᠢᠶᠠᠨ ᠭᠠᠵᠠᠷ ᠤᠨ ᠲᠠᠯᠠᠪᠠᠢ ᠶᠢ ᠨᠡᠮᠡᠭᠳᠡᠬᠦᠯᠵᠦ᠂ | ᠲᠠᠷᠢᠶᠠᠯᠠᠩ ᠤᠨ ᠦᠢᠯᠡᠳᠪᠦᠷᠢᠯᠡᠯ ᠤᠨ ᠨᠦᠬᠦᠴᠡᠯ ᠪᠠ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠵᠢᠷᠠᠭᠤᠯᠬᠤ ᠬᠡᠷᠡᠭᠲᠠᠢ᠃ | | ᠤᠷᠤᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠠᠷᠭ᠎ᠠ ᠬᠡᠮᠵᠢᠶ᠎ᠡ ᠠᠪᠴᠦ | ᠪᠠᠶᠢᠭᠠᠳ ᠲᠤᠮᠳᠠ᠂ ᠲᠤᠤᠷ᠎ᠡ ᠤᠨᠠᠯᠳᠠ ᠲᠠᠢ ᠲᠠᠷᠢᠶᠠᠨ ᠭᠠᠵᠠᠷ ᠢ ᠦᠭᠡᠷᠡᠴᠢᠯᠠᠨ ᠰᠠᠶᠢᠵᠢᠷᠠᠭᠤᠯᠵᠦ᠂ ᠰᠣᠯᠠ ᠭᠠᠵᠠᠷ ᠪᠠ | ᠬᠠᠶᠠᠭᠳᠠᠮᠠᠯ ᠭᠠᠵᠠᠷ ᠢ ᠵᠠᠰᠠᠬᠤ ᠬᠡᠷᠡᠭᠲᠠᠢ᠃ | ᠲᠦᠴᠢᠨ ᠬᠤᠶᠠᠳᠤᠭᠠᠷ ᠵᠦᠢᠯ ᠮᠠᠯᠳᠠᠵᠦ ᠡᠪᠳᠡᠭᠰᠡᠨ᠂ ᠴᠦᠮᠦᠷᠴᠦ ᠢᠪᠡᠷᠡᠭᠰᠡᠨ᠂ ᠲᠠᠷᠤᠵᠦ ᠡᠵᠡᠯᠡᠭᠰᠡᠨ | ᠵᠡᠷᠭᠡ ᠠᠴᠠ ᠪᠤᠯᠵᠦ ᠭᠠᠵᠠᠷ ᠰᠢᠷᠦᠢ ᠳᠤ ᠡᠪᠳᠡᠯᠡᠭᠡ ᠤᠴᠠᠷᠠᠭᠤᠯᠤᠭᠰᠠᠨ ᠪᠠᠶᠢᠪᠠᠯ᠂ ᠭᠠᠵᠠᠷ ᠬᠡᠷᠡᠭᠯᠡᠭᠰᠡᠨ ᠨᠢᠭᠡᠴᠢ ᠪᠠ ᠬᠤᠪᠢ | ᠬᠦᠮᠦᠨ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠰᠡᠷᠬᠦᠭᠡᠨ ᠬᠠᠭᠠᠯᠪᠤᠷᠢᠯᠠᠬᠤ ᠠᠵᠢᠯ ᠢ ᠬᠠᠷᠢᠭᠤᠴᠠᠬᠤ | ᠬᠡᠷᠡᠭᠲᠠᠢ᠃ ᠰᠡᠷᠭᠦᠭᠡᠨ ᠬᠠᠭᠠᠯᠪᠤᠷᠢᠯᠠᠬᠤ ᠨᠦᠬᠦᠴᠡᠯ ᠦᠭᠡᠢ ᠪᠤᠶᠤ ᠰᠡᠷᠬᠦᠭᠡᠨ ᠬᠠᠭᠠᠯᠪᠤᠷᠢᠯᠠᠭᠰᠠᠨ ᠨᠢ ᠱᠠᠭᠠᠷᠳᠠᠯᠭ᠎ᠠ ᠳᠤ | ᠨᠡᠶᠢᠴᠡᠬᠦ ᠦᠭᠡᠢ ᠪᠠᠶᠢᠪᠠᠯ᠂ ᠭᠠᠵᠠᠷ ᠰᠢᠷᠦᠢ ᠶᠢ ᠰᠡᠷᠬᠦᠭᠡᠨ ᠬᠠᠭᠠᠯᠪᠤᠷᠢᠯᠠᠬᠤ ᠰᠦᠢᠳᠭᠡᠯ ᠲᠤᠰᠢᠶᠠᠵᠦ᠂ ᠲᠤᠰ ᠰᠦᠢᠳᠭᠡᠯ ᠢ | ᠭᠠᠵᠠᠷ ᠰᠢᠷᠦᠢ ᠶᠢ ᠰᠡᠷᠬᠦᠭᠡᠨ ᠬᠠᠭᠠᠯᠪᠤᠷᠢᠯᠠᠬᠤ ᠳᠤ ᠲᠤᠰᠬᠠᠢ ᠬᠡᠷᠡᠭᠯᠡᠬᠦ ᠬᠡᠷᠡᠭᠲᠠᠢ᠃ ᠰᠡᠷᠬᠦᠭᠡᠨ ᠬᠠᠭᠠᠯᠪᠤᠷᠢᠯᠠᠭᠰᠠᠨ | ᠭᠠᠵᠠᠷ ᠢ ᠡᠩ ᠲᠠᠷᠢᠬᠦᠨ ᠳᠤ ᠲᠠᠷᠢᠶᠠᠯᠠᠩ ᠳᠤ ᠬᠡᠷᠡᠭᠯᠡᠬᠦ ᠬᠡᠷᠡᠭᠲᠠᠢ᠃ | | ᠲᠠᠪᠤᠳᠤᠭᠠᠷ ᠪᠦᠯᠦᠭ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ | ᠲᠦᠴᠢᠨ ᠭᠤᠷᠪᠠᠳᠣᠭᠠᠷ ᠵᠦᠢᠯ ᠶᠠᠮᠠᠷᠪᠠ ᠨᠢᠭᠡᠴᠢ ᠪᠤᠶᠤ ᠬᠤᠪᠢ ᠬᠦᠮᠦᠨ ᠪᠦᠳᠦᠭᠡᠨ ᠪᠠᠶᠢᠭᠤᠯᠤᠯᠳᠠ ᠳᠤ ᠭᠠᠵᠠᠷ | ᠰᠢᠷᠦᠢ ᠬᠡᠷᠡᠭᠯᠡᠬᠦ ᠴᠢᠬᠤᠯᠠ ᠲᠠᠢ ᠪᠤᠯᠪᠠᠯ᠂ ᠡᠷᠭᠡᠪᠰᠢ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠬᠡᠷᠡᠭᠯᠡᠬᠦ ᠪᠠᠷ ᠬᠠᠤᠯᠢ | ᠶᠤᠰᠤᠭᠠᠷ ᠭᠤᠶᠤᠴᠢᠯᠠᠬᠤ ᠬᠡᠷᠡᠭᠲᠠᠢ᠃ ᠭᠡᠪᠡᠴᠦ ᠰᠣᠮᠤ ᠪᠠᠯᠭᠠᠰᠤᠨ ᠤ ᠠᠵᠦ ᠠᠬᠤᠶᠢᠯᠠᠯ ᠡᠷᠬᠢᠯᠡᠬᠦ ᠪᠠ ᠭᠠᠴᠠᠭᠠᠨ ᠤ | ᠠᠷᠠᠳ ᠤᠨ ᠤᠷᠤᠨ ᠰᠠᠭᠤᠴᠠ ᠪᠠᠷᠢᠬᠤ ᠳᠤ ᠲᠤᠰ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢᠨ | ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠬᠡᠷᠡᠭᠯᠡᠬᠦ ᠪᠠᠷ ᠬᠠᠤᠯᠢ ᠶᠤᠰᠤᠭᠠᠷ ᠵᠦᠪᠰᠢᠶᠡᠷᠡᠬᠦᠯᠦᠭᠰᠡᠨ | ᠪᠠᠶᠢᠪᠠᠯ᠂ ᠡᠰᠡᠬᠦᠯ᠎ᠡ ᠰᠤᠮᠤ ︵ᠪᠠᠯᠭᠠᠰᠤ︶ ᠭᠠᠴᠠᠭ᠎ᠠ ᠶᠢᠨ ᠨᠠᠶᠢᠳᠡ ᠶᠢᠨ ᠬᠡᠷᠡᠭᠯᠡᠭᠡᠨ ᠤ ᠲᠦᠬᠦᠭᠡᠷᠦᠮᠵᠢ ᠪᠠ ᠨᠡᠶᠢᠳᠡ ᠶᠢᠨ | ᠠᠰᠠᠷᠠᠮᠵᠢ ᠶᠢᠨ ᠦᠢᠯᠡᠰ ᠤᠨ ᠪᠦᠳᠦᠭᠡᠨ ᠪᠠᠶᠢᠭᠤᠯᠤᠯᠳᠠ ᠳᠤ ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ | ᠰᠢᠷᠦᠢ ᠶᠢ ᠬᠡᠷᠡᠭᠯᠡᠬᠦ ᠪᠠᠷ ᠬᠠᠤᠯᠢ ᠶᠤᠰᠤᠭᠠᠷ ᠵᠦᠪᠰᠢᠶᠡᠷᠡᠬᠦᠯᠦᠭᠰᠡᠨ ᠪᠠᠶᠢᠪᠠᠯ ᠡᠬᠦᠨ ᠳᠤ ᠪᠠᠭᠳᠠᠬᠤ ᠦᠭᠡᠢ᠃ | ᠡᠮᠦᠨᠡᠬᠢ ᠪᠠᠳᠠᠭ ᠲᠤ ᠲᠤᠷᠠᠳᠤᠭᠰᠠᠨ ᠬᠡᠷᠡᠭᠯᠡᠬᠦ ᠪᠠᠷ ᠬᠠᠤᠯᠢ ᠶᠤᠰᠤᠭᠠᠷ ᠭᠤᠶᠤᠴᠢᠯᠠᠭᠰᠠᠨ ᠤᠯᠤᠰ ᠤᠨ | ᠦᠮᠴᠢᠯᠡᠯ ᠤᠨ ᠭᠠᠵᠠᠷ ᠰᠢᠷᠦᠢ ᠳᠤ ᠤᠯᠤᠰ ᠤᠨ ᠦᠮᠴᠢᠯᠡᠯ ᠤᠨ ᠭᠠᠵᠠᠷ ᠰᠢᠷᠦᠢ ᠪᠤᠯᠤᠨ ᠤᠯᠤᠰ ᠠᠴᠠ ᠲᠠᠳᠠᠪᠤᠷᠢᠯᠠᠭᠰᠠᠨ | ᠤᠤᠯ ᠨᠢ ᠲᠠᠷᠢᠶᠠᠴᠢᠳ ᠤᠨ ᠬᠠᠮᠳᠦ ᠶᠢᠨ ᠦᠮᠴᠢᠯᠡᠯ ᠳᠤ ᠪᠠᠶᠢᠭᠰᠠᠨ ᠭᠠᠵᠠᠷ ᠰᠢᠷᠦᠢ ᠪᠠᠭᠳᠠᠨ᠎ᠠ᠃ | ᠲᠦᠴᠢᠨ ᠲᠦᠷᠪᠡᠳᠦᠭᠡᠷ ᠵᠦᠢᠯ ᠪᠦᠳᠦᠭᠡᠨ ᠪᠠᠶᠢᠭᠤᠯᠤᠯᠳᠠ ᠳᠤ ᠡᠵᠡᠯᠡᠨ ᠬᠡᠷᠡᠭᠯᠡᠬᠦ ᠭᠠᠵᠠᠷ ᠰᠢᠷᠦᠢ ᠨᠢ | ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠵᠦ ᠬᠤᠪᠢᠷᠠᠭᠠᠬᠤ ᠶᠠᠪᠤᠳᠠᠯ ᠳᠤ | ᠬᠤᠯᠪᠤᠭᠳᠠᠪᠠᠯ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠠᠳ ᠬᠡᠷᠡᠭᠯᠡᠬᠦ ᠪᠠᠷ ᠬᠢᠨᠠᠨ ᠵᠦᠪᠰᠢᠶᠡᠷᠡᠬᠦᠯᠬᠦ ᠭᠠᠷ | ᠬᠦᠢᠴᠡᠳᠭᠡᠯ ᠬᠢᠬᠦ ᠬᠡᠷᠡᠭᠲᠠᠢ᠃ | ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ | ᠵᠦᠪᠰᠢᠶᠡᠷᠡᠭᠰᠡᠨ ᠵᠠᠮ᠂ ᠬᠤᠭᠤᠯᠠᠢ ᠤᠳᠠᠰᠦ ᠶᠢᠨ ᠪᠠᠷᠢᠯᠭ᠎ᠠ ᠪᠠ ᠲᠤᠮᠤ ᠬᠡᠯᠪᠡᠷᠢ ᠶᠢᠨ ᠰᠠᠭᠤᠷᠢ ᠲᠦᠬᠦᠭᠡᠷᠦᠮᠵᠢ ᠶᠢᠨ | ᠪᠦᠳᠦᠭᠡᠨ ᠪᠠᠶᠢᠭᠤᠯᠤᠯᠳᠠ ᠶᠢᠨ ᠵᠦᠢᠯᠡᠰ᠂ ᠲᠦᠷᠦ ᠶᠢᠨ ᠶᠠᠪᠤᠳᠠᠯ ᠤᠨ ᠬᠤᠷᠢᠶ᠎ᠡ ᠠᠴᠠ ᠵᠦᠪᠰᠢᠶᠡᠷᠡᠭᠰᠡᠨ ᠪᠦᠳᠦᠭᠡᠨ | ᠪᠠᠶᠢᠭᠤᠯᠤᠯᠳᠠ ᠶᠢᠨ ᠵᠦᠢᠯᠡᠰ ᠤᠨ ᠡᠵᠡᠯᠡᠨ ᠬᠡᠷᠡᠭᠯᠡᠬᠦ ᠭᠠᠵᠠᠷ ᠰᠢᠷᠦᠢ ᠨᠢ ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠵᠦ ᠬᠤᠪᠢᠷᠠᠭᠠᠬᠤ ᠶᠠᠪᠤᠳᠠᠯ ᠳᠤ ᠬᠤᠯᠪᠤᠭᠳᠠᠬᠤ ᠲᠦᠷᠦ ᠶᠢᠨ ᠶᠠᠪᠤᠳᠠᠯ ᠤᠨ | ᠬᠤᠷᠢᠶ᠎ᠡ ᠪᠠᠷ ᠵᠦᠪᠰᠢᠶᠡᠷᠡᠬᠦᠯᠦᠨ᠎ᠡ᠃ | ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠲᠤᠳᠠᠭᠠᠭᠰᠠᠨ ᠬᠤᠳᠠ ᠪᠠ ᠠᠶᠢᠯ ᠲᠤᠰᠬᠤᠨ᠂ | ᠪᠠᠯᠭᠠᠰᠣᠨ ᠤ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠬᠡᠪᠴᠢᠶ᠎ᠡ ᠬᠦᠷᠢᠶᠠᠨ ᠤ ᠲᠤᠳᠤᠷ᠎ᠡ᠂ ᠲᠤᠰ | ᠲᠦᠯᠦᠪᠵᠢᠬᠦᠯᠭᠡ ᠶᠢ ᠬᠡᠷᠡᠭᠵᠢᠬᠦᠯᠬᠦ ᠶᠢᠨ ᠲᠤᠰᠠᠳᠠ ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠳᠦᠭᠡᠨ ᠪᠠᠶᠢᠭᠤᠯᠤᠯᠳᠠ ᠳᠤ | ᠬᠡᠷᠡᠭᠯᠡᠬᠦ ᠪᠤᠯᠭᠠᠵᠦ ᠬᠤᠪᠢᠷᠠᠭᠠᠬᠤ ᠳᠤ ᠬᠦᠷᠪᠡᠯ᠂ ᠭᠠᠵᠠᠷ ᠰᠢᠷᠦᠢ ᠶᠢᠨ ᠠᠰᠢᠭᠯᠠᠯᠳᠠ ᠶᠢᠨ ᠤᠨ ᠤ ᠲᠦᠯᠦᠪᠯᠡᠭᠡ ᠶᠢᠨ | ᠶᠤᠰᠤᠭᠠᠷ ᠪᠦᠯᠦᠭ ᠤᠳᠠᠭ᠎ᠠ ᠬᠤᠪᠢᠶᠠᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠵᠦᠪᠰᠢᠶᠡᠷᠡᠭᠰᠡᠨ | ᠤᠤᠯ ᠤᠨ ᠪᠠᠶᠢᠭᠤᠯᠭ᠎ᠠ ᠪᠠᠷ ᠨᠢ ᠵᠦᠪᠰᠢᠶᠡᠷᠡᠬᠦᠯᠦᠨ᠎ᠡ᠃ ᠨᠢᠭᠡᠨᠳᠡ ᠵᠦᠪᠰᠢᠶᠡᠷᠡᠬᠦᠯᠦᠭᠰᠡᠨ ᠬᠤᠪᠢᠷᠠᠭᠠᠨ ᠬᠡᠷᠡᠭᠯᠡᠬᠦ | ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠡᠪᠴᠢᠶᠡᠨ ᠲᠤᠳᠤᠷᠠᠬᠢ ᠪᠤᠳᠠᠳᠠᠢ ᠪᠦᠳᠦᠭᠡᠨ ᠪᠠᠶᠢᠭᠤᠯᠤᠯᠳᠠ ᠶᠢᠨ ᠵᠦᠢᠯᠡᠰ ᠲᠤ | ᠬᠡᠷᠡᠭᠯᠡᠬᠦ ᠭᠠᠵᠠᠷ ᠢ ᠬᠤᠳᠠ᠂ ᠰᠢᠶᠠᠨ ᠤ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠬᠦᠯᠵᠦ ᠪᠤᠯᠤᠨ᠎ᠠ᠃ | ᠲᠤᠰ ᠵᠦᠢᠯ ᠤᠨ ᠬᠤᠶᠠᠳᠤᠭᠠᠷ ᠪᠠᠳᠠᠭ᠂ ᠭᠤᠷᠪᠠᠳᠣᠭᠠᠷ ᠪᠠᠳᠠᠭ ᠤᠨ ᠲᠤᠭᠳᠠᠭᠠᠯ ᠠᠴᠠ ᠪᠤᠰᠤᠳ ᠪᠦᠳᠦᠭᠡᠨ | ᠪᠠᠶᠢᠭᠤᠯᠤᠯᠳᠠ ᠶᠢᠨ ᠵᠦᠢᠯᠡᠰ ᠤᠨ ᠡᠵᠡᠯᠡᠨ ᠬᠡᠷᠡᠭᠯᠡᠬᠦ ᠭᠠᠵᠠᠷ ᠰᠢᠷᠦᠢ ᠨᠢ ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠨ ᠬᠤᠪᠢᠷᠠᠭᠠᠬᠤ ᠶᠠᠪᠤᠳᠠᠯ ᠳᠤ ᠬᠤᠯᠪᠤᠭᠳᠠᠪᠠᠯ᠂ ᠮᠤᠵᠢ᠂ ᠦᠪᠡᠷᠳᠡᠭᠡᠨ ᠵᠠᠰᠠᠬᠤ | ᠤᠷᠤᠨ᠂ ᠰᠢᠭᠤᠳ ᠬᠠᠷᠢᠶ᠎ᠠ ᠬᠤᠳᠠᠯ ᠤᠨ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠬᠦᠯᠦᠨ᠎ᠡ᠃ | ᠲᠦᠴᠢᠨ ᠲᠠᠪᠤᠳᠤᠭᠠᠷ ᠵᠦᠢᠯ ᠲᠤᠤᠷ᠎ᠡ ᠵᠢᠭᠰᠠᠭᠠᠭᠰᠠᠨ ᠭᠠᠵᠠᠷ ᠰᠢᠷᠦᠢ ᠶᠢ ᠲᠠᠳᠠᠪᠤᠷᠢᠯᠠᠬᠤ ᠳᠤ ᠬᠦᠷᠪᠡᠯ᠂ | ᠲᠦᠷᠦ ᠶᠢᠨ ᠶᠠᠪᠤᠳᠠᠯ ᠤᠨ ᠬᠤᠷᠢᠶ᠎ᠡ ᠪᠠᠷ ᠵᠦᠪᠰᠢᠶᠡᠷᠡᠬᠦᠯᠦᠨ᠎ᠡ᠄ | ︵ᠨᠢᠭᠡ︶ ᠦᠨᠳᠦᠰᠦᠨ ᠲᠠᠷᠢᠶᠠᠨ ᠭᠠᠵᠠᠷ᠃ | ︵ᠬᠤᠶᠠᠷ︶ ᠦᠨᠳᠦᠰᠦᠨ ᠲᠠᠷᠢᠶᠠᠨ ᠭᠠᠵᠠᠷ ᠠᠴᠠ ᠭᠠᠳᠠᠨᠠᠬᠢ 35 ᠡᠾᠧᠺᠲ᠋ᠠᠷ ᠠᠴᠠ ᠬᠡᠳᠤᠷᠡᠭᠰᠡᠨ ᠲᠠᠷᠢᠶᠠᠨ ᠭᠠᠵᠠᠷ᠃ | | ︵ᠭᠤᠷᠪᠠ︶ 70 ᠡᠾᠧᠺᠲ᠋ᠠᠷ ᠠᠴᠠ ᠬᠡᠳᠤᠷᠡᠭᠰᠡᠨ ᠪᠤᠰᠤᠳ ᠭᠠᠵᠠᠷ ᠰᠢᠷᠦᠢ᠃ | ᠡᠮᠦᠨᠡᠬᠢ ᠪᠠᠳᠠᠭ ᠤᠨ ᠲᠤᠭᠳᠠᠭᠠᠯ ᠳᠠᠬᠢ ᠭᠠᠵᠠᠷ ᠰᠢᠷᠦᠢ ᠠᠴᠠ ᠭᠠᠳᠠᠨᠠᠬᠢ ᠭᠠᠵᠠᠷ ᠰᠢᠷᠦᠢ ᠶᠢ ᠲᠠᠳᠠᠪᠤᠷᠢᠯᠠᠬᠤ ᠳᠤ | ᠬᠦᠷᠪᠡᠯ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ | ᠣᠷᠳᠣᠨ ᠢᠶᠠᠷ ᠵᠦᠪᠰᠢᠶᠡᠷᠡᠬᠦᠯᠬᠦ ᠶᠢᠨ ᠬᠠᠮᠳᠦ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠬᠦᠯᠵᠦ ᠲᠠᠩᠰᠠᠯᠠᠭᠤᠯᠤᠨ᠎ᠠ᠃ | ᠲᠠᠷᠢᠶᠠᠯᠠᠩ ᠳᠤ ᠬᠡᠷᠡᠭᠯᠡᠬᠦ ᠭᠠᠵᠠᠷ ᠢ ᠲᠠᠳᠠᠪᠤᠷᠢᠯᠠᠬᠤ ᠳᠤ ᠬᠦᠷᠪᠡᠯ᠂ ᠲᠤᠰ ᠬᠠᠤᠯᠢ ᠶᠢᠨ ᠲᠦᠴᠢᠨ ᠲᠦᠷᠪᠡᠳᠦᠭᠡᠷ | ᠵᠦᠢᠯ ᠤᠨ ᠲᠤᠭᠳᠠᠭᠠᠯ ᠶᠤᠰᠤᠭᠠᠷ ᠲᠡᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠠᠨ ᠬᠡᠷᠡᠭᠯᠡᠬᠦ ᠪᠠᠷ ᠬᠢᠨᠠᠨ ᠵᠦᠪᠰᠢᠶᠡᠷᠡᠬᠦᠯᠬᠦ | ᠭᠠᠷ ᠬᠦᠢᠴᠡᠳᠭᠡᠯ ᠢ ᠣᠷᠢᠳᠠᠪᠡᠷ ᠬᠢᠬᠦ ᠬᠡᠷᠡᠭᠲᠠᠢ᠃ ᠡᠬᠦᠨ ᠤ ᠲᠤᠳᠤᠷ᠎ᠡ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠠᠨ | ᠬᠡᠷᠡᠭᠯᠡᠬᠦ ᠪᠠᠷ ᠲᠦᠷᠦ ᠶᠢᠨ ᠶᠠᠪᠤᠳᠠᠯ ᠤᠨ ᠬᠤᠷᠢᠶ᠎ᠡ ᠪᠠᠷ ᠵᠦᠪᠰᠢᠶᠡᠷᠡᠬᠦᠯᠦᠭᠰᠡᠨ ᠪᠠᠶᠢᠪᠠᠯ᠂ ᠭᠠᠵᠠᠷ ᠲᠠᠳᠠᠪᠤᠷᠢᠯᠠᠬᠤ ᠶᠢ ᠬᠢᠨᠠᠨ | ᠵᠦᠪᠰᠢᠶᠡᠷᠡᠬᠦᠯᠬᠦ ᠭᠠᠷ ᠬᠦᠢᠴᠡᠳᠭᠡᠯ ᠢ ᠵᠡᠷᠭᠡ ᠳᠤᠨᠢ ᠬᠢᠵᠦ᠂ ᠭᠠᠵᠠᠷ ᠲᠠᠳᠠᠪᠤᠷᠢᠯᠠᠬᠤ ᠶᠢ ᠬᠢᠨᠠᠨ ᠵᠦᠪᠰᠢᠶᠡᠷᠡᠬᠦᠯᠬᠦ ᠭᠠᠷ | ᠬᠦᠢᠴᠡᠳᠭᠡᠯ ᠢ ᠠᠰ ᠲᠤᠨᠢ ᠲᠠᠬᠢᠵᠦ ᠬᠢᠬᠦ ᠦᠭᠡᠢ᠃ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ | ᠬᠤᠳᠠ ᠶᠢᠨ ᠠᠷᠠᠳ ᠤᠨ ᠵᠠᠰᠠᠭ ᠤᠨ ᠤᠷᠳᠤᠨ ᠭᠠᠵᠠᠷ ᠲᠠᠳᠠᠪᠤᠷᠢᠯᠠᠬᠤ ᠶᠢ ᠵᠦᠪᠰᠢᠶᠡᠷᠡᠬᠦ ᠡᠷᠭᠡ ᠮᠡᠳᠡᠯ ᠤᠨ ᠬᠡᠪᠴᠢᠶᠡᠨ | ᠲᠤᠳᠤᠷ᠎ᠡ ᠪᠠᠨ ᠲᠠᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠠᠨ ᠬᠡᠷᠡᠭᠯᠡᠬᠦ ᠶᠢ ᠵᠦᠪᠰᠢᠶᠡᠷᠡᠭᠰᠡᠨ ᠪᠠᠶᠢᠪᠠᠯ᠂ ᠭᠠᠵᠠᠷ | ᠲᠠᠳᠠᠪᠤᠷᠢᠯᠠᠬᠤ ᠶᠢ ᠬᠢᠨᠠᠨ ᠵᠦᠪᠰᠢᠶᠡᠷᠡᠬᠦ ᠭᠠᠷ ᠬᠦᠢᠴᠡᠳᠭᠡᠯ ᠢ ᠵᠡᠷᠭᠡ ᠳᠤᠨᠢ ᠬᠢᠵᠦ᠂ ᠭᠠᠵᠠᠷ ᠲᠠᠳᠠᠪᠤᠷᠢᠯᠠᠬᠤ ᠶᠢ ᠬᠢᠨᠠᠨ | ᠵᠦᠪᠰᠢᠶᠡᠷᠡᠬᠦ ᠭᠠᠷ ᠬᠦᠢᠴᠡᠳᠭᠡᠯ ᠢ ᠠᠰ ᠲᠤᠨᠢ ᠲᠠᠬᠢᠵᠦ ᠬᠢᠬᠦ ᠦᠭᠡᠢ᠃ ᠭᠠᠵᠠᠷ ᠲᠠᠳᠠᠪᠤᠷᠢᠯᠠᠬᠤ ᠶᠢ ᠵᠦᠪᠰᠢᠶᠡᠷᠡᠬᠦ ᠡᠷᠭᠡ | ᠮᠡᠳᠡᠯ ᠤᠨ ᠬᠡᠪᠴᠢᠶᠡᠨ ᠠᠴᠠ ᠲᠠᠪᠠᠭᠰᠠᠨ ᠪᠠᠶᠢᠪᠠᠯ᠂ ᠲᠤᠰ ᠵᠦᠢᠯ ᠤᠨ ᠨᠢᠭᠡᠳᠦᠭᠡᠷ ᠪᠠᠳᠠᠭ ᠤᠨ ᠲᠤᠭᠳᠠᠭᠠᠯ ᠶᠤᠰᠤᠭᠠᠷ | ᠭᠠᠵᠠᠷ ᠲᠠᠳᠠᠪᠤᠷᠢᠯᠠᠬᠤ ᠶᠢ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠢ ᠠᠰ ᠲᠤᠨᠢ ᠬᠢᠬᠦ ᠬᠡᠷᠡᠭᠲᠠᠢ᠃ | ᠲᠦᠴᠢᠨ ᠵᠢᠷᠭᠤᠳᠤᠭᠠᠷ ᠵᠦᠢᠯ ᠤᠯᠤᠰ ᠠᠴᠠ ᠭᠠᠵᠠᠷ ᠰᠢᠷᠦᠢ ᠶᠢ ᠲᠠᠳᠠᠪᠤᠷᠢᠯᠠᠬᠤ ᠳᠤ ᠬᠦᠷᠪᠡᠯ᠂ ᠬᠠᠤᠯᠢ ᠳᠤ | ᠲᠤᠭᠳᠠᠭᠠᠭᠰᠠᠨ ᠵᠢᠷᠦᠮ ᠶᠤᠰᠤᠭᠠᠷ ᠵᠦᠪᠰᠢᠶᠡᠷᠡᠬᠦᠯᠦᠭᠰᠡᠨ ᠤ ᠲᠠᠷᠠᠭ᠎ᠠ᠂ ᠰᠢᠶᠠᠨ ᠤ ᠱᠠᠳᠣᠨ ᠠᠴᠠ ᠲᠡᠭᠡᠭᠰᠢᠬᠢ ᠤᠷᠤᠨ | ᠨᠤᠳᠤᠭ ᠤᠨ ᠠᠷᠠᠳ ᠤᠨ ᠵᠠᠰᠠᠭ ᠤᠨ ᠤᠷᠳᠤᠨ ᠠᠴᠠ ᠠᠯᠪᠠᠨ ᠵᠠᠷ ᠨᠡᠶᠢᠳᠡᠯᠡᠬᠦ ᠶᠢᠨ ᠬᠠᠮᠳᠦ ᠵᠤᠬᠢᠶᠠᠨ ᠪᠠᠶᠢᠭᠤᠯᠵᠦ | ᠬᠡᠷᠡᠭᠵᠢᠬᠦᠯᠦᠨ᠎ᠡ᠃ | ᠭᠠᠵᠠᠷ ᠰᠢᠷᠦᠢ ᠪᠠᠨ ᠲᠠᠳᠠᠪᠤᠷᠢᠯᠠᠭᠳᠠᠭᠰᠠᠨ ᠦᠮᠴᠢᠯᠡᠯ ᠤᠨ ᠡᠷᠭᠡ ᠪᠦᠬᠦᠢ ᠬᠦᠮᠦᠨ᠂ ᠬᠡᠷᠡᠭᠯᠡᠬᠦ ᠡᠷᠭᠡ ᠪᠦᠬᠦᠢ | ᠬᠦᠮᠦᠨ ᠠᠯᠪᠠᠨ ᠵᠠᠷ ᠲᠤ ᠲᠤᠭᠳᠠᠭᠠᠭᠰᠠᠨ ᠬᠤᠭᠤᠴᠠᠭᠠᠨ ᠤ ᠲᠤᠳᠤᠷ᠎ᠡ ᠭᠠᠵᠠᠷ ᠰᠢᠷᠦᠢ ᠶᠢᠨ ᠡᠷᠭᠡ ᠶᠢᠨ ᠬᠠᠷᠢᠶᠠᠯᠠᠯ ᠤᠨ | ᠦᠨᠡᠮᠯᠡᠯ ᠢᠶᠠᠨ ᠠᠪᠴᠦ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠬᠦᠷᠴᠦ ᠭᠠᠵᠠᠷ ᠰᠢᠷᠦᠢ ᠲᠠᠳᠠᠪᠤᠷᠢᠯᠠᠭᠰᠠᠨ ᠲᠦᠯᠦᠪᠦᠷᠢ ᠠᠪᠬᠤ | ᠲᠠᠩᠰᠠᠯᠠᠯᠳᠠ ᠬᠢᠯᠭᠡᠬᠦ ᠬᠡᠷᠡᠭᠲᠠᠢ᠃ | ᠲᠦᠴᠢᠨ ᠲᠤᠯᠤᠳᠤᠭᠠᠷ ᠵᠦᠢᠯ ᠭᠠᠵᠠᠷ ᠰᠢᠷᠦᠢ ᠶᠢ ᠲᠠᠳᠠᠪᠤᠷᠢᠯᠠᠭᠰᠠᠨ ᠪᠠᠶᠢᠪᠠᠯ᠂ ᠲᠠᠳᠠᠪᠤᠷᠢᠯᠠᠨ ᠠᠪᠤᠭᠰᠠᠨ | ᠭᠠᠵᠠᠷ ᠰᠢᠷᠦᠢ ᠶᠢᠨ ᠤᠤᠯ ᠬᠡᠷᠡᠭᠯᠡᠯᠳᠡ ᠶᠤᠰᠤᠭᠠᠷ ᠲᠦᠯᠦᠪᠤᠷᠢ ᠦᠭᠬᠦ ᠬᠡᠷᠡᠭᠲᠠᠢ᠃ | ᠲᠠᠷᠢᠶᠠᠨ ᠭᠠᠵᠠᠷ ᠢ ᠲᠠᠳᠠᠪᠤᠷᠢᠯᠠᠭᠰᠠᠨ ᠲᠦᠯᠦᠪᠤᠷᠢ ᠰᠦᠢᠳᠭᠡᠯ ᠳᠤ ᠭᠠᠵᠠᠷ ᠰᠢᠷᠦᠢ ᠶᠢᠨ ᠲᠦᠯᠦᠪᠤᠷᠢ᠂ | ᠲᠦᠪᠬᠢᠨᠡᠬᠦᠯᠬᠦ ᠨᠦᠬᠦᠪᠦᠷᠢ ᠰᠦᠢᠳᠭᠡᠯ ᠵᠢᠴᠢ ᠭᠠᠵᠠᠷ ᠲᠡᠭᠡᠷᠡᠬᠢ ᠲᠠᠭᠠᠯᠳᠠ ᠶᠠᠭᠤᠮ᠎ᠠ ᠪᠠ ᠲᠠᠷᠢᠶᠠᠨ ᠴᠢᠬᠢ ᠶᠢᠨ ᠲᠦᠯᠦᠪᠤᠷᠢ | ᠰᠦᠢᠳᠭᠡᠯ ᠪᠠᠭᠳᠠᠨ᠎ᠠ᠃ ᠲᠠᠷᠢᠶᠠᠨ ᠭᠠᠵᠠᠷ ᠢ ᠲᠠᠳᠠᠪᠤᠷᠢᠯᠠᠭᠰᠠᠨ ᠲᠦᠯᠦᠪᠤᠷᠢ ᠰᠦᠢᠳᠭᠡᠯ ᠤᠨ ᠬᠡᠮᠵᠢᠶ᠎ᠡ ᠨᠢ ᠲᠤᠰ ᠲᠠᠷᠢᠶᠠᠨ | ᠭᠠᠵᠠᠷ ᠢ ᠲᠠᠳᠠᠪᠤᠷᠢᠯᠠᠬᠤ ᠠᠴᠠ ᠡᠮᠦᠨᠡᠬᠢ ᠭᠤᠷᠪᠠᠨ ᠵᠢᠯ ᠤᠨ ᠲᠤᠮᠳᠠᠴᠢ ᠵᠢᠯ ᠤᠨ ᠦᠢᠯᠡᠳᠬᠦᠨ ᠤ ᠦᠷᠳᠡᠭ ᠤ ᠬᠢᠨᠢ | ᠵᠢᠷᠭᠤᠭᠠᠨ ᠲᠠᠬᠢᠨ ᠠᠴᠠ ᠠᠷᠪᠠᠨ ᠲᠠᠬᠢᠨ ᠪᠤᠯᠤᠨ᠎ᠠ᠃ ᠲᠠᠷᠢᠶᠠᠨ ᠭᠠᠵᠠᠷ ᠢ ᠲᠠᠳᠠᠪᠤᠷᠢᠯᠠᠭᠰᠠᠨ ᠤ ᠲᠦᠪᠬᠢᠨᠡᠬᠦᠯᠬᠦ ᠨᠦᠬᠦᠪᠦᠷᠢ | ᠰᠦᠢᠳᠭᠡᠯ ᠢ ᠲᠦᠪᠬᠢᠨᠡᠬᠦᠯᠬᠦ ᠴᠢᠬᠤᠯᠠ ᠲᠠᠢ ᠲᠠᠷᠢᠶᠠᠯᠠᠩ ᠤᠨ ᠬᠦᠮᠦᠨ ᠠᠮᠠ ᠶᠢᠨ ᠲᠤᠭ᠎ᠠ ᠪᠠᠷ ᠪᠤᠳᠤᠨ᠎ᠠ᠃ ᠲᠦᠪᠬᠢᠨᠡᠬᠦᠯᠬᠦ | ᠴᠢᠬᠤᠯᠠ ᠲᠠᠢ ᠬᠦᠮᠦᠨ ᠠᠮᠠ ᠶᠢᠨ ᠲᠤᠭ᠎ᠠ ᠶᠢ ᠪᠤᠯ ᠲᠠᠳᠠᠪᠤᠷᠢᠯᠠᠬᠤ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢ ᠲᠠᠷᠢᠶᠠᠨ | ᠭᠠᠵᠠᠷ ᠪᠠᠨ ᠲᠠᠳᠠᠪᠤᠷᠢᠯᠠᠭᠳᠠᠭᠰᠠᠨ ᠨᠢᠭᠡᠴᠢ ᠶᠢᠨ ᠲᠠᠷᠢᠶᠠᠨ ᠭᠠᠵᠠᠷ ᠢᠶᠠᠨ ᠲᠠᠳᠠᠪᠤᠷᠢᠯᠠᠭᠳᠠᠬᠤ ᠠᠴᠠ ᠡᠮᠦᠨᠡᠬᠢ ᠬᠦᠮᠦᠨ | ᠪᠦᠷᠢ ᠳᠤ ᠨᠤᠭᠳᠠᠵᠦ ᠪᠠᠶᠢᠭᠰᠠᠨ ᠲᠤᠮᠳᠠᠴᠢ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠠᠷ ᠬᠤᠪᠢᠶᠠᠭᠠᠳ ᠪᠤᠳᠤᠵᠦ ᠭᠠᠷᠭᠠᠨ᠎ᠠ᠃ | ᠲᠦᠪᠬᠢᠨᠡᠬᠦᠯᠬᠦ ᠴᠢᠬᠤᠯᠠ ᠲᠠᠢ ᠲᠠᠷᠢᠶᠠᠯᠠᠩ ᠤᠨ ᠬᠦᠮᠦᠨ ᠠᠮᠠ ᠨᠢᠭᠡᠪᠤᠷᠢ ᠶᠢᠨ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ | ᠪᠠᠷᠢᠮᠵᠢᠶ᠎ᠡ ᠨᠢ ᠲᠤᠰ ᠲᠠᠷᠢᠶᠠᠨ ᠭᠠᠵᠠᠷ ᠤᠨ ᠲᠠᠳᠠᠪᠤᠷᠢᠯᠠᠭᠳᠠᠬᠤ ᠠᠴᠠ ᠡᠮᠦᠨᠡᠬᠢ ᠭᠤᠷᠪᠠᠨ ᠵᠢᠯ ᠤᠨ ᠲᠤᠮᠳᠠᠴᠢ ᠵᠢᠯ ᠤᠨ | ᠦᠢᠯᠡᠳᠬᠦᠨ ᠤ ᠦᠷᠳᠡᠭ ᠤᠨ ᠬᠢᠨᠢ ᠲᠦᠷᠪᠡ ᠠᠴᠠ ᠵᠢᠷᠭᠤᠭᠠᠨ ᠲᠠᠬᠢᠨ ᠪᠤᠯᠤᠨ᠎ᠠ᠃ ᠭᠡᠪᠡᠴᠦ ᠲᠠᠳᠠᠪᠤᠷᠢᠯᠠᠭᠳᠠᠰᠠᠨ ᠲᠠᠷᠢᠶᠠᠨ | ᠭᠠᠵᠠᠷ ᠤᠨ ᠡᠾᠧᠺᠲ᠋ᠠᠷ ᠪᠦᠷᠢ ᠶᠢᠨ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ ᠬᠠᠮᠤᠭ ᠦᠨᠳᠦᠷ ᠬᠡᠮᠵᠢᠶ᠎ᠡ ᠨᠢ | ᠲᠠᠳᠠᠪᠤᠷᠢᠯᠠᠭᠳᠠᠬᠤ ᠠᠴᠠ ᠡᠮᠦᠨᠡᠬᠢ ᠭᠤᠷᠪᠠᠨ ᠵᠢᠯ ᠤᠨ ᠲᠤᠮᠳᠠᠴᠢ ᠵᠢᠯ ᠤᠨ ᠦᠢᠯᠡᠳᠬᠦᠨ ᠤ ᠦᠷᠳᠡᠭ ᠤᠨ ᠠᠷᠪᠠᠨ ᠲᠠᠪᠤᠨ | ᠲᠠᠬᠢᠨ ᠠᠴᠠ ᠭᠡᠳᠦᠷᠡᠵᠦ ᠪᠤᠯᠬᠤ ᠦᠭᠡᠢ᠃ | ᠪᠤᠰᠤᠳ ᠭᠠᠵᠠᠷ ᠰᠢᠷᠦᠢ ᠶᠢ ᠲᠠᠳᠠᠪᠤᠷᠢᠯᠠᠬᠤ ᠶᠢᠨ ᠭᠠᠵᠠᠷ ᠰᠢᠷᠦᠢ ᠶᠢᠨ ᠲᠦᠯᠦᠪᠤᠷᠢ ᠰᠦᠢᠳᠭᠡᠯ ᠪᠠ ᠲᠦᠪᠬᠢᠨᠡᠬᠦᠯᠬᠦ | ᠨᠦᠬᠦᠪᠦᠷᠢ ᠰᠦᠢᠳᠭᠡᠯ ᠤᠨ ᠪᠠᠷᠢᠮᠵᠢᠶ᠎ᠡ ᠶᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠠᠴᠠ | ᠲᠠᠷᠢᠶᠠᠨ ᠭᠠᠵᠠᠷ ᠢ ᠲᠠᠳᠠᠪᠤᠷᠢᠯᠠᠬᠤ ᠲᠦᠯᠦᠪᠤᠷᠢ ᠰᠦᠢᠳᠭᠡᠯ ᠪᠠ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ | ᠪᠠᠷᠢᠮᠵᠢᠶ᠎ᠠ ᠪᠠᠷ ᠯᠠᠪᠯᠠᠯᠳᠠ ᠪᠤᠯᠭᠠᠵᠦ ᠲᠤᠭᠳᠠᠭᠠᠨ᠎ᠠ᠃ | ᠲᠠᠳᠠᠪᠤᠷᠢᠯᠠᠭᠳᠠᠭᠰᠠᠨ ᠭᠠᠵᠠᠷ ᠰᠢᠷᠦᠢ ᠲᠡᠭᠡᠷᠡᠬᠢ ᠲᠠᠭᠠᠯᠳᠠ ᠶᠠᠭᠤᠮ᠎ᠠ ᠪᠠ ᠲᠠᠷᠢᠶᠠᠨ ᠴᠢᠬᠢ ᠶᠢᠨ ᠲᠦᠯᠦᠪᠤᠷᠢ ᠶᠢᠨ | ᠪᠠᠷᠢᠮᠵᠢᠶ᠎ᠡ ᠶᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠠᠴᠠ ᠲᠤᠭᠳᠠᠭᠠᠨ᠎ᠠ᠃ | ᠬᠤᠳᠠ ᠶᠢᠨ ᠲᠡᠬᠦᠷᠭᠡ ᠶᠢᠨ ᠢᠳᠡᠰᠢᠨ ᠨᠤᠭᠤᠭᠠᠨ ᠤ ᠭᠠᠵᠠᠷ ᠢ ᠲᠠᠳᠠᠪᠤᠷᠢᠯᠠᠬᠤ ᠳᠤ ᠬᠦᠷᠪᠡᠯ᠂ ᠭᠠᠵᠠᠷ ᠬᠡᠷᠡᠭᠯᠡᠬᠦ | ᠨᠢᠭᠡᠴᠢ ᠨᠢ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠰᠢᠨ᠎ᠡ ᠢᠳᠡᠰᠢᠨ ᠨᠤᠭᠤᠭᠠᠨ ᠤ ᠭᠠᠵᠠᠷ ᠭᠠᠷᠭᠠᠬᠤ | ᠪᠦᠳᠦᠭᠡᠨ ᠪᠠᠶᠢᠭᠤᠯᠤᠯᠳᠠ ᠶᠢᠨ ᠰᠠᠭᠤᠷᠢ ᠮᠦᠩᠬᠦ ᠲᠤᠰᠢᠶᠠᠬᠤ ᠬᠡᠷᠡᠭᠲᠠᠢ᠃ | ᠲᠤᠰ ᠵᠦᠢᠯ ᠤᠨ ᠬᠤᠶᠠᠳᠤᠭᠠᠷ ᠪᠠᠳᠠᠭ ᠤᠨ ᠲᠤᠭᠳᠠᠭᠠᠯ ᠶᠤᠰᠤᠭᠠᠷ ᠭᠠᠵᠠᠷ ᠰᠢᠷᠦᠢ ᠶᠢᠨ ᠲᠦᠯᠦᠪᠤᠷᠢ ᠰᠦᠢᠳᠭᠡᠯ | ᠪᠠ ᠲᠦᠪᠬᠢᠨᠡᠬᠦᠯᠬᠦ ᠨᠦᠬᠦᠪᠦᠷᠢ ᠰᠦᠢᠳᠭᠡᠯ ᠢ ᠦᠭᠬᠦᠭᠰᠡᠨ ᠪᠠᠶᠢᠳᠠᠯ᠎ᠠ ᠲᠦᠪᠬᠢᠨᠡᠬᠦᠯᠬᠦ ᠴᠢᠬᠤᠯᠠ ᠲᠠᠢ ᠲᠠᠷᠢᠶᠠᠴᠢᠳ ᠤᠨ | ᠤᠤᠯ ᠤᠨ ᠠᠮᠢᠳᠣᠷᠠᠯ ᠤᠨ ᠬᠢᠷᠢ ᠬᠡᠮᠵᠢᠶ᠎ᠡ ᠶᠢ ᠪᠠᠰᠠ ᠪᠠᠳᠤᠯᠠᠵᠦ ᠴᠢᠳᠠᠬᠤ ᠦᠭᠡᠢ ᠪᠠᠶᠢᠪᠠᠯ᠂ ᠮᠤᠵᠢ᠂ ᠦᠪᠡᠷᠳᠡᠭᠡᠨ ᠵᠠᠰᠠᠬᠤ | ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠬᠦᠯᠦᠭᠡᠳ ᠲᠦᠪᠬᠢᠨᠡᠬᠦᠯᠬᠦ | ᠨᠦᠬᠦᠪᠦᠷᠢ ᠰᠦᠢᠳᠭᠡᠯ ᠢ ᠨᠡᠮᠡᠭᠳᠡᠬᠦᠯᠵᠦ ᠪᠤᠯᠤᠨ᠎ᠠ᠃ ᠭᠡᠪᠡᠴᠦ ᠭᠠᠵᠠᠷ ᠰᠢᠷᠦᠢ ᠶᠢᠨ ᠲᠦᠯᠦᠪᠤᠷᠢ ᠰᠦᠢᠳᠭᠡᠯ ᠪᠠ | ᠲᠦᠪᠬᠢᠨᠡᠬᠦᠯᠬᠦ ᠨᠦᠬᠦᠪᠦᠷᠢ ᠰᠦᠢᠳᠭᠡᠯ ᠤᠨ ᠨᠡᠶᠢᠯᠡᠪᠤᠷᠢ ᠨᠢ ᠭᠠᠵᠠᠷ ᠰᠢᠷᠦᠢ ᠶᠢᠨ ᠲᠠᠳᠠᠪᠤᠷᠢᠯᠠᠭᠳᠠᠬᠤ ᠠᠴᠠ ᠡᠮᠦᠨᠡᠬᠢ | ᠭᠤᠷᠪᠠᠨ ᠵᠢᠯ ᠤᠨ ᠲᠤᠮᠳᠠᠴᠢ ᠵᠢᠯ ᠤᠨ ᠦᠢᠯᠡᠳᠬᠦᠨ ᠤ ᠦᠷᠳᠡᠭ ᠤᠨ ᠬᠢᠨᠢ ᠭᠤᠴᠢᠨ ᠲᠠᠬᠢᠨ ᠠᠴᠠ ᠬᠡᠳᠦᠷᠡᠵᠦ ᠪᠤᠯᠬᠤ | ᠦᠭᠡᠢ᠃ | ᠤᠨᠴᠠᠭᠠᠢ ᠪᠠᠶᠢᠳᠠᠯ ᠤᠨ ᠲᠤᠤᠷ᠎ᠡ᠂ ᠲᠦᠷᠦ ᠶᠢᠨ ᠶᠠᠪᠤᠳᠠᠯ ᠤᠨ ᠬᠤᠷᠢᠶ᠎ᠡ ᠠᠴᠠ ᠨᠡᠶᠢᠭᠡᠮ᠂ ᠠᠵᠦ ᠠᠬᠤᠢ ᠶᠢᠨ | ᠬᠦᠭᠵᠢᠯᠳᠡ ᠶᠢᠨ ᠬᠢᠷᠢ ᠬᠡᠮᠵᠢᠶ᠎ᠡ ᠶᠢ ᠦᠨᠳᠦᠰᠦᠯᠡᠨ ᠲᠠᠷᠢᠶᠠᠨ ᠭᠠᠵᠠᠷ ᠢ ᠲᠠᠳᠠᠪᠤᠷᠢᠯᠠᠬᠤ ᠶᠢᠨ ᠭᠠᠵᠠᠷ ᠰᠢᠷᠦᠢ ᠶᠢᠨ | ᠲᠦᠯᠦᠪᠤᠷᠢ ᠰᠦᠢᠳᠭᠡᠯ ᠪᠠ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ ᠪᠠᠷᠢᠮᠵᠢᠶ᠎ᠡ ᠶᠢ ᠲᠡᠭᠡᠭᠰᠢᠯᠡᠬᠦᠯᠵᠦ ᠪᠤᠯᠤᠨ᠎ᠠ᠃ | ᠲᠦᠴᠢᠨ ᠨᠠᠢᠮᠠᠳᠣᠭᠠᠷ ᠵᠦᠢᠯ ᠪᠤᠰᠤᠳ ᠭᠠᠵᠠᠷ ᠰᠢᠷᠦᠢ ᠶᠢ ᠲᠠᠳᠠᠪᠤᠷᠢᠯᠠᠬᠤ ᠶᠢᠨ ᠭᠠᠵᠠᠷ ᠰᠢᠷᠦᠢ ᠶᠢᠨ | ᠲᠦᠯᠦᠪᠤᠷᠢ ᠰᠦᠢᠳᠭᠡᠯ ᠪᠠ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ ᠪᠠᠷᠢᠮᠵᠢᠶ᠎ᠠ ᠶᠢ ᠮᠤᠵᠢ᠂ ᠦᠪᠡᠷᠳᠡᠭᠡᠨ ᠵᠠᠰᠠᠬᠤ | ᠤᠷᠤᠨ᠂ ᠰᠢᠭᠤᠳ ᠬᠠᠷᠢᠶ᠎ᠠ ᠬᠤᠳᠠ ᠠᠴᠠ ᠲᠠᠷᠢᠶᠠᠨ ᠭᠠᠵᠠᠷ ᠢ ᠲᠠᠳᠠᠪᠤᠷᠢᠯᠠᠬᠤ ᠲᠦᠯᠦᠪᠤᠷᠢ ᠰᠦᠢᠳᠭᠡᠯ ᠪᠠ ᠲᠦᠪᠬᠢᠨᠡᠬᠦᠯᠬᠦ | ᠨᠦᠬᠦᠪᠦᠷᠢ ᠰᠦᠢᠳᠭᠡᠯ ᠤᠨ ᠪᠠᠷᠢᠮᠵᠢᠶ᠎ᠠ ᠪᠠᠷ ᠯᠠᠪᠯᠠᠯᠳᠠ ᠪᠤᠯᠭᠠᠵᠦ ᠲᠤᠭᠳᠠᠭᠠᠨ᠎ᠠ᠃ | ᠲᠦᠴᠢ ᠶᠢᠰᠦᠳᠦᠭᠡᠷ ᠵᠦᠢᠯ ᠭᠠᠵᠠᠷ ᠢᠶᠠᠨ ᠲᠠᠳᠠᠪᠤᠷᠢᠯᠠᠭᠳᠠᠭᠰᠠᠨ ᠬᠦᠳᠡᠭᠡ ᠲᠤᠰᠬᠤᠨ ᠤ ᠬᠠᠮᠳᠦ ᠶᠢᠨ ᠠᠵᠦ | ᠠᠬᠤᠢ ᠶᠢᠨ ᠵᠤᠬᠢᠶᠠᠨ ᠪᠠᠶᠢᠭᠤᠯᠤᠯᠳᠠ ᠨᠤᠭᠤᠳ ᠭᠠᠵᠠᠷ ᠰᠢᠷᠦᠢ ᠲᠠᠳᠠᠪᠤᠷᠢᠯᠠᠭᠰᠠᠨ ᠲᠦᠯᠦᠪᠤᠷᠢ ᠰᠦᠢᠳᠭᠡᠯ ᠤᠨ ᠤᠷᠤᠯᠭ᠎ᠠ | ᠵᠠᠷᠤᠯᠭ᠎ᠠ ᠶᠢᠨ ᠪᠠᠶᠢᠳᠠᠯ ᠢᠶᠠᠨ ᠲᠤᠰ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠪᠦᠷᠢᠯᠳᠦᠬᠦᠨ | ᠨᠠᠷ ᠲᠠᠭᠠᠨ ᠨᠡᠶᠢᠳᠡᠯᠡᠵᠦ᠂ ᠬᠢᠨᠠᠯᠳᠠ ᠶᠢ ᠨᠢ ᠬᠦᠯᠢᠶᠡᠬᠦ ᠬᠡᠷᠡᠭᠲᠠᠢ᠃ | ᠭᠠᠵᠠᠷ ᠰᠢᠷᠦᠢ ᠲᠠᠳᠠᠪᠤᠷᠢᠯᠠᠭᠳᠠᠭᠰᠠᠨ ᠨᠢᠭᠡᠴᠢ ᠶᠢᠨ ᠭᠠᠵᠠᠷ ᠲᠠᠳᠠᠪᠤᠷᠢᠯᠠᠭᠰᠠᠨ ᠲᠦᠯᠦᠪᠤᠷᠢ ᠰᠦᠢᠳᠭᠡᠯ ᠪᠠ | ᠬᠤᠯᠪᠤᠭᠳᠠᠯ ᠪᠦᠬᠦᠢ ᠪᠤᠰᠤᠳ ᠰᠦᠢᠳᠭᠡᠯ ᠢ ᠡᠵᠡᠯᠡᠨ ᠠᠪᠬᠤ᠂ ᠨᠡᠬᠦᠯᠭᠡᠨ ᠬᠡᠷᠡᠭᠯᠡᠬᠦ ᠶᠢ ᠴᠠᠭᠠᠵᠠᠯᠠᠨ᠎ᠠ᠃ | ᠲᠠᠪᠢᠳᠣᠭᠠᠷ ᠵᠦᠢᠯ ᠣᠷᠣᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ | ᠭᠠᠵᠠᠷ ᠢᠶᠠᠨ ᠲᠠᠳᠠᠪᠤᠷᠢᠯᠠᠭᠳᠠᠭᠰᠠᠨ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠪᠠ | ᠲᠠᠷᠢᠶᠠᠴᠢᠳ ᠤᠨ ᠨᠡᠭᠡᠭᠡᠨ ᠡᠵᠡᠩᠨᠡᠬᠦ᠂ ᠠᠵᠦ ᠠᠬᠤᠶᠢᠯᠠᠯ ᠡᠷᠬᠢᠯᠡᠬᠦ ᠶᠢ ᠲᠡᠮᠵᠢᠬᠦ ᠬᠡᠷᠡᠭᠲᠠᠢ᠃ | ᠲᠠᠪᠢᠨ ᠨᠢᠭᠡᠳᠦᠭᠡᠷ ᠵᠦᠢᠯ ᠲᠤᠮᠤ ᠲᠤᠮᠳᠠ ᠬᠡᠯᠪᠡᠷᠢ ᠶᠢᠨ ᠤᠰᠤᠨ ᠠᠰᠢᠭᠯᠠᠯᠳᠠ᠂ ᠤᠰᠤᠨ ᠴᠠᠬᠢᠯᠭᠠᠨ ᠤ | ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠳᠤ ᠲᠠᠳᠠᠪᠤᠷᠢᠯᠠᠭᠰᠠᠨ ᠭᠠᠵᠠᠷ ᠰᠢᠷᠦᠢ ᠳᠤ ᠦᠭᠬᠦ ᠲᠦᠯᠦᠪᠤᠷᠢ ᠰᠦᠢᠳᠭᠡᠯ ᠤᠨ | ᠪᠠᠷᠢᠮᠵᠢᠶ᠎ᠡ ᠪᠠ ᠨᠡᠬᠦᠳᠡᠯᠴᠢᠨ ᠠᠷᠠᠳ ᠢ ᠲᠦᠪᠬᠢᠨᠡᠬᠦᠯᠬᠦ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠡ ᠠᠴᠠ ᠠᠰ ᠲᠤᠨᠢ | ᠲᠤᠭᠳᠠᠭᠠᠨ᠎ᠠ᠃ | ᠲᠠᠪᠢᠨ ᠬᠤᠶᠠᠳᠣᠭᠠᠷ ᠵᠦᠢᠯ ᠪᠦᠳᠦᠭᠡᠨ ᠪᠠᠶᠢᠭᠤᠯᠬᠤ ᠵᠦᠢᠯᠡᠰ ᠤᠨ ᠪᠤᠯᠤᠮᠵᠢ ᠶᠢᠨ ᠲᠤᠬᠠᠢ ᠰᠣᠳᠤᠯᠭᠠᠨ ᠤ | ᠨᠤᠳᠠᠯᠠᠯᠳᠠ ᠬᠢᠬᠦ ᠦᠶ᠎ᠡ ᠳᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠭᠠᠵᠠᠷ | ᠰᠢᠷᠦᠢ ᠶᠢ ᠠᠰᠢᠭᠯᠠᠬᠤ ᠶᠡᠷᠦᠩᠭᠡᠢ ᠲᠦᠯᠦᠪᠯᠡᠭᠡ᠂ ᠭᠠᠵᠠᠷ ᠰᠢᠷᠦᠢ ᠶᠢᠨ ᠠᠰᠢᠭᠯᠠᠯᠳᠠ ᠶᠢᠨ ᠣᠨ ᠤ ᠲᠦᠯᠦᠪᠯᠡᠭᠡ ᠪᠤᠯᠤᠨ | ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠪᠠᠷᠢᠮᠵᠢᠶ᠎ᠡ ᠶᠢ ᠦᠨᠳᠦᠰᠦᠯᠡᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ | ᠭᠠᠵᠠᠷ ᠤᠨ ᠲᠤᠬᠠᠢ ᠬᠤᠯᠪᠤᠭᠳᠠᠯ ᠪᠦᠬᠦᠢ ᠶᠠᠪᠤᠳᠠᠯ ᠤᠳ ᠢ ᠬᠢᠨᠠᠨ ᠪᠠᠶᠢᠴᠠᠭᠠᠬᠤ ᠶᠢᠨ ᠬᠠᠮᠳᠦ ᠰᠠᠨᠠᠯ ᠢᠶᠠᠨ ᠲᠤᠷᠠᠳᠴᠦ | ᠪᠤᠯᠤᠨ᠎ᠠ᠃ | ᠲᠠᠪᠢᠨ ᠭᠤᠷᠪᠠᠳᠣᠭᠠᠷ ᠵᠦᠢᠯ ᠨᠢᠭᠡᠨᠳᠡ ᠵᠦᠪᠰᠢᠶᠡᠷᠡᠬᠦᠯᠦᠭᠰᠡᠨ ᠪᠦᠳᠦᠭᠡᠨ ᠪᠠᠶᠢᠭᠤᠯᠤᠯᠳᠠ ᠶᠢᠨ ᠵᠦᠢᠯᠡᠰ ᠲᠤ | ᠤᠯᠤᠰ ᠤᠨ ᠦᠮᠴᠢᠯᠡᠯ ᠤᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠴᠢᠬᠤᠯᠠ ᠲᠠᠢ ᠪᠠᠶᠢᠪᠠᠯ᠂ | ᠪᠦᠳᠦᠭᠡᠨ ᠪᠠᠶᠢᠭᠤᠯᠬᠤ ᠨᠢᠭᠡᠴᠢ ᠨᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠦᠷᠢᠮ ᠳᠤ ᠲᠤᠭᠳᠠᠭᠠᠭᠰᠠᠨ | ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠠᠪᠴᠦ᠂ ᠵᠦᠪᠰᠢᠶᠡᠷᠡᠬᠦ ᠡᠷᠭᠡ ᠪᠦᠬᠦᠢ ᠰᠢᠶᠠᠨ ᠤ ᠱᠠᠳᠤᠨ ᠠᠴᠠ ᠲᠡᠭᠡᠭᠰᠢᠬᠢ | ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ | ᠬᠦᠷᠴᠦ ᠪᠦᠳᠦᠭᠡᠨ ᠪᠠᠶᠢᠭᠤᠯᠤᠯᠳᠠ ᠳᠤ ᠭᠠᠵᠠᠷ ᠬᠡᠷᠡᠭᠯᠡᠬᠦ ᠭᠤᠶᠤᠴᠢᠯᠠᠯ ᠭᠠᠷᠭᠠᠵᠦ᠂ ᠭᠠᠵᠠᠷ ᠰᠢᠷᠦᠢ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ ᠪᠠᠶᠢᠴᠠᠭᠠᠯᠭᠠᠭᠠᠳ ᠲᠤᠰ ᠱᠠᠳᠤᠨ ᠤ ᠠᠷᠠᠳ ᠤᠨ | ᠵᠠᠰᠠᠭ ᠤᠨ ᠤᠷᠳᠤᠨ ᠳᠤ ᠮᠡᠳᠡᠬᠦᠯᠵᠦ ᠵᠦᠪᠰᠢᠶᠡᠷᠡᠬᠦᠯᠬᠦ ᠬᠡᠷᠡᠭᠲᠠᠢ᠃ | ᠲᠠᠪᠢᠨ ᠲᠦᠷᠪᠡᠳᠦᠭᠡᠷ ᠵᠦᠢᠯ ᠪᠦᠳᠦᠭᠡᠨ ᠪᠠᠶᠢᠭᠤᠯᠬᠤ ᠨᠢᠭᠡᠴᠢ ᠨᠢ ᠤᠯᠤᠰ ᠤᠨ ᠦᠮᠴᠢᠯᠡᠯ ᠤᠨ ᠭᠠᠵᠠᠷ | ᠰᠢᠷᠦᠢ ᠶᠢ ᠬᠡᠷᠡᠭᠯᠡᠬᠦ ᠳᠡᠭᠡᠨ ᠰᠢᠯᠵᠢᠬᠦᠯᠦᠨ ᠬᠤᠳᠠᠯᠳᠤᠬᠤ ᠵᠡᠷᠭᠡ ᠲᠦᠯᠦᠪᠤᠷᠢ ᠲᠠᠢ ᠪᠠᠷ ᠬᠡᠷᠡᠭᠯᠡᠬᠦ ᠬᠡᠯᠪᠡᠷᠢ ᠪᠠᠷ ᠭᠠᠵᠠᠷ | ᠰᠢᠷᠦᠢ ᠶᠢ ᠤᠯᠬᠤ ᠬᠡᠷᠡᠭᠲᠠᠢ᠃ ᠭᠡᠪᠡᠴᠦ ᠲᠤᠤᠷ᠎ᠡ ᠵᠢᠭᠰᠠᠭᠠᠭᠰᠠᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ | ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠢᠶᠠᠷ ᠬᠠᠤᠯᠢ ᠶᠤᠰᠤᠭᠠᠷ ᠵᠦᠪᠰᠢᠶᠡᠷᠡᠬᠦᠯᠦᠭᠡᠳ | ᠰᠢᠯᠵᠢᠬᠦᠯᠦᠨ ᠤᠯᠭᠤᠬᠤ ᠬᠡᠯᠪᠡᠷᠢ ᠪᠠᠷ ᠤᠯᠵᠦ ᠪᠤᠯᠤᠨ᠎ᠠ᠄ | ︵ᠨᠢᠭᠡ︶ ᠲᠦᠷᠦ ᠶᠢᠨ ᠪᠠᠶᠢᠭᠤᠯᠭ᠎ᠠ ᠶᠢᠨ ᠬᠡᠷᠡᠭᠯᠡᠬᠦ ᠭᠠᠵᠠᠷ ᠪᠠ ᠴᠡᠷᠢᠭ ᠤᠨ ᠶᠠᠪᠤᠳᠠᠯ ᠳᠤ ᠬᠡᠷᠡᠭᠯᠡᠬᠦ ᠭᠠᠵᠠᠷ᠃ | ︵ᠬᠤᠶᠠᠷ︶ ᠬᠤᠳᠠ ᠶᠢᠨ ᠰᠠᠭᠤᠷᠢ ᠲᠦᠬᠦᠭᠡᠷᠦᠮᠵᠢ ᠳᠤ ᠬᠡᠷᠡᠭᠯᠡᠬᠦ ᠭᠠᠵᠠᠷ ᠪᠠ ᠨᠡᠶᠢᠳᠡ ᠶᠢᠨ ᠠᠰᠠᠷᠠᠮᠵᠢ ᠶᠢᠨ | ᠦᠢᠯᠡᠰ ᠲᠤ ᠬᠡᠷᠡᠭᠯᠡᠬᠦ ᠭᠠᠵᠠᠷ᠃ | ︵ᠭᠤᠷᠪᠠ︶ ᠤᠯᠤᠰ ᠠᠴᠠ ᠭᠤᠤᠯᠳᠠᠯᠭ᠎ᠠ ᠲᠠᠢ ᠪᠠᠷ ᠲᠡᠳᠬᠦᠨ ᠲᠡᠮᠵᠢᠵᠦ ᠪᠠᠶᠢᠭ᠎ᠠ ᠡᠨᠧᠷᠬᠢ ᠶᠢᠨ ᠰᠣᠷᠪᠤᠯᠵᠢ᠂ ᠵᠠᠮ | ᠬᠠᠷᠢᠯᠴᠠᠭ᠎ᠠ᠂ ᠤᠰᠤᠨ ᠠᠰᠢᠭᠯᠠᠯᠳᠠ ᠵᠡᠷᠭᠡ ᠰᠠᠭᠤᠷᠢ ᠲᠦᠬᠦᠭᠡᠷᠦᠮᠵᠢ ᠳᠤ ᠬᠡᠷᠡᠭᠯᠡᠬᠦ ᠭᠠᠵᠠᠷ᠃ | ︵ᠲᠦᠷᠪᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠦᠷᠢᠮ ᠳᠤ ᠲᠤᠭᠳᠠᠭᠠᠭᠰᠠᠨ ᠪᠤᠰᠤᠳ ᠵᠦᠢᠯ ᠤᠨ | ᠬᠡᠷᠡᠭᠯᠡᠬᠦ ᠭᠠᠵᠠᠷ᠃ | ᠲᠠᠪᠢᠨ ᠲᠠᠪᠤᠳᠤᠭᠠᠷ ᠵᠦᠢᠯ ᠰᠢᠯᠵᠢᠬᠦᠯᠦᠨ ᠬᠤᠳᠠᠯᠳᠤᠬᠤ ᠵᠡᠷᠭᠡ ᠲᠦᠯᠦᠪᠤᠷᠢ ᠲᠠᠢ ᠪᠠᠷ ᠬᠡᠷᠡᠭᠯᠡᠬᠦ ᠬᠡᠯᠪᠡᠷᠢ ᠪᠠᠷ | ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠬᠡᠷᠡᠭᠯᠡᠬᠦ ᠡᠷᠭᠡ ᠶᠢ ᠤᠯᠤᠭᠰᠠᠨ ᠪᠦᠳᠦᠭᠡᠨ ᠪᠠᠶᠢᠭᠤᠯᠬᠤ ᠨᠢᠭᠡᠴᠢ ᠨᠢ | ᠲᠦᠷᠦ ᠶᠢᠨ ᠶᠠᠪᠤᠳᠠᠯ ᠤᠨ ᠬᠤᠷᠢᠶᠠᠨ ᠤ ᠲᠤᠭᠳᠠᠭᠠᠭᠰᠠᠨ ᠪᠠᠷᠢᠮᠵᠢᠶ᠎ᠡ ᠪᠠ ᠠᠷᠭ᠎ᠠ ᠶᠤᠰᠤᠭᠠᠷ ᠭᠠᠵᠷ ᠰᠢᠷᠦᠢ ᠬᠡᠷᠡᠭᠯᠡᠬᠦ | ᠡᠷᠭᠡ ᠶᠢ ᠰᠢᠯᠵᠢᠬᠦᠯᠦᠨ ᠬᠤᠳᠠᠯᠳᠤᠬᠤ ᠮᠦᠩᠬᠦ ᠵᠡᠷᠭᠡ ᠭᠠᠵᠠᠷ ᠰᠢᠷᠦᠢ ᠶᠢ ᠲᠦᠯᠦᠪᠤᠷᠢ ᠲᠠᠢ ᠪᠠᠷ ᠬᠡᠷᠡᠭᠯᠡᠬᠦ ᠰᠦᠢᠳᠭᠡᠯ | ᠪᠤᠯᠤᠨ ᠪᠤᠰᠤᠳ ᠰᠦᠢᠳᠭᠡᠯ ᠢ ᠲᠤᠰᠢᠶᠠᠭᠰᠠᠨ ᠤ ᠲᠠᠷᠠᠭ᠎ᠠ ᠰᠠᠶ᠋ᠢ ᠭᠠᠵᠠᠷ ᠰᠢᠷᠦᠢ ᠶᠢ ᠬᠡᠷᠡᠭᠯᠡᠵᠦ ᠪᠤᠯᠤᠨ᠎ᠠ᠃ | ᠲᠤᠰ ᠬᠠᠤᠯᠢ ᠶᠢ ᠬᠡᠷᠡᠭᠵᠢᠬᠦᠯᠦᠭᠰᠡᠨ ᠡᠳᠦᠷ ᠠᠴᠠ ᠡᠬᠢᠯᠡᠵᠦ᠂ ᠰᠢᠨ᠎ᠡ ᠪᠠᠷ ᠨᠡᠮᠡᠭᠳᠡᠭᠰᠡᠨ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠭᠠᠵᠠᠷ ᠰᠢᠷᠦᠢ ᠶᠢ ᠲᠦᠯᠦᠪᠤᠷᠢ ᠲᠠᠢ ᠪᠠᠷ ᠬᠡᠷᠡᠭᠯᠡᠬᠦ ᠰᠦᠢᠳᠭᠡᠯ ᠤᠨ 30 % | ᠬᠤᠪᠢ ᠶᠢ ᠲᠡᠭᠡᠭᠰᠢ ᠲᠦᠪ ᠤᠨ ᠡᠳ᠋ ᠤᠨ ᠵᠠᠰᠠᠭ ᠲᠤ ᠲᠤᠰᠢᠶᠠᠵᠦ᠂ 70 % ᠬᠤᠪᠢ ᠶᠢ ᠬᠤᠯᠪᠤᠭᠳᠠᠯ ᠪᠦᠬᠦᠢ ᠤᠷᠤᠨ | ᠨᠤᠳᠤᠭ ᠤᠨ ᠠᠷᠠᠳ ᠤᠨ ᠵᠠᠰᠠᠭ ᠤᠨ ᠤᠷᠳᠤᠨ ᠳᠤ ᠦᠯᠡᠳᠡᠭᠡᠨ ᠦᠭᠬᠦᠨ᠎ᠡ᠂ ᠡᠳᠡᠭᠡᠷ ᠢ ᠴᠦᠮ ᠲᠠᠷᠢᠶᠠᠨ ᠭᠠᠵᠠᠷ ᠢ ᠨᠡᠭᠡᠭᠡᠨ | ᠠᠰᠢᠭᠯᠠᠬᠤ ᠳᠤ ᠲᠤᠰᠬᠠᠢ ᠬᠡᠷᠡᠭᠯᠡᠨ᠎ᠡ᠃ | ᠲᠠᠪᠢᠨ ᠵᠢᠷᠭᠤᠳᠤᠭᠠᠷ ᠵᠦᠢᠯ ᠪᠦᠳᠦᠭᠡᠨ ᠪᠠᠶᠢᠭᠤᠯᠬᠤ ᠨᠢᠭᠡᠴᠢ ᠨᠢ ᠤᠯᠤᠰ ᠤᠨ ᠦᠮᠴᠢᠯᠡᠯ ᠤᠨ ᠭᠠᠵᠠᠷ | ᠰᠢᠷᠦᠢ ᠶᠢ ᠬᠡᠷᠡᠭᠯᠡᠬᠦ ᠶᠢ ᠬᠦᠷᠪᠡᠯ᠂ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠰᠢᠯᠵᠢᠬᠦᠯᠦᠨ ᠬᠤᠳᠠᠯᠳᠤᠬᠤ ᠵᠡᠷᠭᠡ | ᠲᠦᠯᠦᠪᠤᠷᠢ ᠲᠠᠢ ᠪᠠᠷ ᠬᠡᠷᠡᠭᠯᠡᠬᠦ ᠬᠡᠷ᠎ᠡ ᠶᠢᠨ ᠪᠤᠯᠵᠤᠯ ᠪᠤᠶᠤ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠰᠢᠯᠵᠢᠬᠦᠯᠦᠨ | ᠤᠯᠭᠤᠬᠤ ᠶᠢ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠲᠤᠭᠳᠠᠭᠠᠯ ᠶᠤᠰᠤᠭᠠᠷ ᠭᠠᠵᠠᠷ ᠰᠢᠷᠦᠢ ᠶᠢ ᠬᠡᠷᠡᠭᠯᠡᠬᠦ ᠬᠡᠷᠡᠭᠲᠠᠢ᠃ | ᠡᠨᠡ ᠭᠠᠵᠠᠷ ᠰᠢᠷᠦᠢ ᠶᠢᠨ ᠪᠦᠳᠦᠭᠡᠨ ᠪᠠᠶᠢᠭᠤᠯᠤᠯᠳᠠ ᠶᠢᠨ ᠬᠡᠷᠡᠭᠯᠡᠯᠳᠡ ᠶᠢ ᠦᠨᠡᠭᠡᠷ ᠬᠤᠪᠢᠷᠠᠭᠤᠯᠬᠤ ᠴᠢᠬᠤᠯᠠ ᠲᠠᠢ ᠪᠠᠶᠢᠪᠠᠯ᠂ | ᠬᠤᠯᠪᠤᠭᠳᠠᠯ ᠪᠦᠬᠦᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ | ᠰᠠᠯᠠᠭ᠎ᠠ ᠮᠦᠴᠢᠷ ᠤᠨ ᠵᠦᠪᠰᠢᠶᠡᠷᠡᠯ ᠢ ᠤᠯᠵᠦ᠂ ᠭᠠᠵᠠᠷ ᠬᠡᠷᠡᠭᠯᠡᠬᠦ ᠶᠢ ᠵᠦᠪᠰᠢᠶᠡᠷᠡᠭᠰᠡᠨ ᠤᠤᠯ ᠤᠨ ᠠᠷᠠᠳ ᠤᠨ ᠵᠠᠰᠠᠭ ᠤᠨ | ᠤᠷᠳᠤᠨ ᠳᠤ ᠮᠡᠳᠡᠬᠦᠯᠵᠦ ᠵᠦᠪᠰᠢᠶᠡᠷᠡᠬᠦᠯᠬᠦ ᠬᠡᠷᠡᠭᠲᠠᠢ᠃ ᠡᠬᠦᠨ ᠳᠤ ᠬᠤᠳᠠ ᠶᠢᠨ ᠲᠦᠯᠦᠪᠵᠢᠬᠦᠯᠭᠡ ᠶᠢᠨ ᠲᠤᠭᠤᠷᠢᠭ ᠤᠨ | ᠲᠤᠳᠤᠷ᠎ᠡ ᠭᠠᠵᠠᠷ ᠰᠢᠷᠦᠢ ᠶᠢᠨ ᠬᠡᠷᠡᠭᠯᠡᠯᠳᠡ ᠶᠢ ᠬᠤᠪᠢᠷᠠᠭᠤᠯᠬᠤ ᠳᠤ ᠬᠦᠷᠪᠡᠯ᠂ ᠮᠡᠳᠡᠬᠦᠯᠵᠦ ᠵᠦᠪᠰᠢᠶᠡᠷᠡᠬᠦᠯᠬᠦ ᠠᠴᠠ ᠪᠠᠨ | ᠡᠮᠦᠨ᠎ᠡ ᠤᠷᠢᠳ ᠢᠶᠠᠷ ᠬᠤᠯᠪᠤᠭᠳᠠᠯ ᠪᠦᠬᠦᠢ ᠬᠤᠳᠠ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ | ᠰᠠᠯᠠᠭ᠎ᠠ ᠮᠦᠴᠢᠷ ᠤᠨ ᠵᠦᠪᠰᠢᠶᠡᠷᠡᠯ ᠢ ᠤᠯᠬᠤ ᠬᠡᠷᠡᠭᠲᠠᠢ᠃ | ᠲᠠᠪᠢᠨ ᠲᠤᠯᠤᠳᠦᠭᠠᠷ ᠵᠦᠢᠯ ᠪᠦᠳᠦᠭᠡᠨ ᠪᠠᠶᠢᠭᠤᠯᠤᠯᠳᠠ ᠶᠢᠨ ᠵᠦᠢᠯᠡᠰ ᠤᠨ ᠪᠠᠷᠢᠯᠭ᠎ᠠ ᠪᠠᠷᠢᠬᠤ ᠪᠠ ᠭᠠᠵᠠᠷ | ᠰᠢᠨᠵᠢᠯᠡᠭᠡᠨ ᠤ ᠬᠠᠶᠢᠨ ᠪᠠᠶᠢᠴᠠᠭᠠᠯᠳᠠ ᠬᠢᠬᠦ ᠳᠤ ᠤᠯᠤᠰ ᠤᠨ ᠦᠮᠴᠢᠯᠡᠯ ᠤ ᠭᠠᠵᠠᠷ ᠰᠢᠷᠦᠢ ᠪᠤᠶᠤ ᠲᠠᠷᠢᠶᠠᠴᠢᠳ ᠤᠨ | ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠲᠦᠷ ᠬᠡᠷᠡᠭᠯᠡᠬᠦ ᠴᠢᠬᠤᠯᠠ ᠲᠠᠢ ᠪᠤᠯ᠂ ᠰᠢᠶᠠᠨ ᠤ ᠱᠠᠳᠣᠨ ᠠᠴᠠ | ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠠᠴᠠ ᠵᠦᠪᠰᠢᠶᠡᠷᠡᠯ ᠤᠯᠭᠤᠨ᠎ᠠ᠃ ᠡᠬᠦᠨ ᠳᠤ ᠬᠤᠳᠠ ᠶᠢᠨ ᠲᠦᠯᠦᠪᠵᠢᠬᠦᠯᠭᠡ ᠶᠢᠨ ᠲᠤᠭᠤᠷᠢᠭ ᠲᠤᠳᠤᠷᠠᠬᠢ | ᠭᠠᠵᠠᠷ ᠢ ᠲᠦᠷ ᠬᠡᠷᠡᠭᠯᠡᠬᠦ ᠳᠤ ᠬᠦᠷᠪᠡᠯ᠂ ᠮᠡᠳᠡᠬᠦᠯᠵᠦ ᠵᠦᠪᠰᠢᠶᠡᠷᠡᠬᠦᠯᠬᠦ ᠠᠴᠠ ᠪᠠᠨ ᠡᠮᠦᠨ᠎ᠡ ᠤᠷᠢᠳᠠᠪᠡᠷ ᠬᠤᠯᠪᠤᠭᠳᠠᠯ | ᠪᠦᠬᠦᠢ ᠬᠤᠳᠠ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ | ᠵᠦᠪᠰᠢᠶᠡᠷᠡᠯ ᠢ ᠤᠯᠬᠤ ᠬᠡᠷᠡᠭᠲᠠᠢ᠃ ᠭᠠᠵᠠᠷ ᠰᠢᠷᠦᠢ ᠶᠢ ᠬᠡᠷᠡᠭᠯᠡᠭᠴᠢᠳ ᠭᠠᠵᠠᠷ ᠰᠢᠷᠦᠢ ᠶᠢᠨ ᠡᠷᠭᠡ ᠶᠢᠨ ᠬᠠᠷᠢᠶᠠᠯᠠᠯ ᠢ | ᠦᠨᠳᠦᠰᠦᠯᠡᠨ ᠬᠤᠯᠪᠤᠭᠳᠠᠯ ᠪᠦᠬᠦᠢ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ | ᠪᠤᠶᠤ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ᠂ ᠭᠠᠴᠠᠭᠠᠨ ᠤ ᠠᠷᠠᠳ ᠤᠨ | ᠵᠦᠪᠯᠡᠯ ᠯᠦᠭᠡ ᠭᠠᠵᠠᠷ ᠰᠢᠷᠦᠢ ᠶᠢ ᠲᠦᠷ ᠬᠡᠷᠡᠭᠯᠡᠬᠦ ᠬᠡᠷ᠎ᠡ ᠲᠤᠭᠳᠠᠭᠠᠬᠤ ᠶᠢᠨ ᠬᠠᠮᠳᠦ ᠬᠡᠷ᠎ᠡ ᠳᠤ ᠪᠤᠯᠵᠤᠨ ᠲᠤᠭᠳᠠᠭᠠᠭᠰᠠᠨ | ᠶᠤᠰᠤᠭᠠᠷ ᠭᠠᠵᠠᠷ ᠰᠢᠷᠦᠢ ᠶᠢ ᠲᠦᠷ ᠬᠡᠷᠡᠭᠯᠡᠬᠦ ᠲᠦᠯᠦᠪᠤᠷᠢ ᠰᠦᠢᠳᠭᠡᠯ ᠦᠭᠬᠦ ᠬᠡᠷᠡᠭᠲᠠᠢ᠃ | ᠭᠠᠵᠠᠷ ᠰᠢᠷᠦᠢ ᠶᠢ ᠲᠦᠷ ᠬᠡᠷᠡᠭᠯᠡᠭᠴᠢᠳ ᠭᠠᠵᠠᠷ ᠰᠢᠷᠦᠢ ᠶᠢ ᠲᠦᠷ ᠬᠡᠷᠡᠭᠯᠡᠬᠦ ᠬᠡᠷ᠎ᠡ ᠳᠤ ᠪᠤᠯᠵᠤᠨ ᠲᠤᠭᠳᠠᠭᠠᠭᠰᠠᠨ | ᠬᠡᠷᠡᠭᠯᠡᠯᠳᠡ ᠶᠤᠰᠤᠭᠠᠷ ᠭᠠᠵᠠᠷ ᠰᠢᠷᠦᠢ ᠶᠢ ᠬᠡᠷᠡᠭᠯᠡᠬᠦ ᠬᠡᠷᠡᠭᠲᠠᠢ᠂ ᠡᠬᠦᠷᠢᠳᠡ ᠶᠢᠨ ᠴᠢᠨᠠᠷᠲᠠᠢ ᠪᠠᠷᠢᠯᠭ᠎ᠠ ᠪᠠᠷᠢᠵᠦ ᠪᠤᠯᠬᠤ ᠦᠭᠡᠢ᠃ | | ᠭᠠᠵᠠᠷ ᠰᠢᠷᠦᠢ ᠶᠢ ᠲᠦᠷ ᠬᠡᠷᠡᠭᠯᠡᠬᠦ ᠬᠤᠭᠤᠴᠠᠭ᠎ᠠ ᠶᠢ ᠡᠩ ᠤᠨ ᠪᠠᠶᠢᠳᠠᠯ ᠳᠤ ᠬᠤᠶᠠᠷ ᠵᠢᠯ ᠠᠴᠠ ᠬᠡᠳᠦᠷᠡᠬᠦᠯᠬᠦ | ᠦᠭᠡᠢ᠃ | ᠲᠠᠪᠢᠨ ᠨᠠᠢᠮᠠᠳᠦᠭᠠᠷ ᠵᠦᠢᠯ ᠲᠤᠤᠷ᠎ᠡ ᠵᠢᠭᠰᠠᠭᠠᠭᠰᠠᠨ ᠦᠢᠯᠡ ᠪᠠᠶᠢᠳᠠᠯ ᠤᠳ ᠤᠨ ᠨᠢᠭᠡ ᠨᠢ ᠪᠠᠶᠢᠪᠠᠯ᠂ | ᠬᠤᠯᠪᠤᠭᠳᠠᠯ ᠪᠦᠬᠦᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ | ᠰᠠᠯᠠᠭ᠎ᠠ ᠮᠦᠴᠢᠷ ᠠᠴᠠ ᠭᠠᠵᠠᠷ ᠬᠡᠷᠡᠭᠯᠡᠬᠦ ᠶᠢ ᠵᠦᠪᠰᠢᠶᠡᠷᠡᠭᠰᠡᠨ ᠤᠤᠯ ᠤᠨ ᠠᠷᠠᠳ ᠤᠨ ᠵᠠᠰᠠᠭ ᠤᠨ ᠣᠷᠳᠤᠨ ᠪᠤᠶᠤ | ᠵᠦᠪᠰᠢᠶᠡᠷᠡᠬᠦ ᠡᠷᠭᠡ ᠪᠦᠬᠦᠢ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ ᠵᠦᠪᠰᠢᠶᠡᠷᠡᠬᠦᠯᠦᠭᠡᠳ ᠤᠯᠤᠰ ᠤᠨ | ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠪᠤᠴᠠᠭᠠᠨ ᠠᠪᠴᠦ ᠪᠤᠯᠤᠨ᠎ᠠ᠄ | ︵ᠨᠢᠭᠡ︶ ᠨᠡᠶᠢᠳᠡ ᠶᠢᠨ ᠠᠰᠢᠭ ᠲᠤᠰᠠ ᠶᠢᠨ ᠲᠦᠯᠦᠭᠡ ᠭᠠᠵᠠᠷ ᠰᠢᠷᠦᠢ ᠬᠡᠷᠡᠭᠯᠡᠬᠦ ᠴᠢᠬᠤᠯᠠ ᠲᠠᠢ ᠪᠤᠯᠤᠭᠰᠠᠨ᠃ | ︵ᠬᠤᠶᠠᠷ︶ ᠬᠤᠳᠠ ᠶᠢᠨ ᠲᠦᠯᠦᠪᠵᠢᠬᠦᠯᠭᠡ ᠶᠢ ᠬᠡᠷᠡᠭᠵᠢᠬᠦᠯᠵᠦ ᠬᠤᠳᠠ ᠶᠢᠨ ᠬᠠᠭᠤᠴᠢᠨ ᠲᠤᠭᠤᠷᠢᠭ ᠢ | ᠦᠭᠡᠷᠡᠴᠢᠯᠡᠨ ᠪᠠᠶᠢᠭᠤᠯᠬᠤ ᠶᠢᠨ ᠲᠦᠯᠦᠭᠡ ᠭᠠᠵᠠᠷ ᠰᠢᠷᠦᠢ ᠶᠢ ᠲᠤᠬᠢᠷᠠᠭᠤᠯᠤᠨ ᠬᠡᠷᠡᠭᠯᠡᠬᠦ ᠴᠢᠬᠤᠯᠠ ᠲᠠᠢ ᠪᠤᠯᠤᠭᠰᠠᠨ᠃ | ︵ᠭᠤᠷᠪᠠ︶ ᠭᠠᠵᠠᠷ ᠰᠢᠷᠦᠢ ᠶᠢ ᠰᠢᠯᠵᠢᠬᠦᠯᠦᠨ ᠬᠤᠳᠠᠯᠳᠤᠬᠤ ᠵᠡᠷᠭᠡ ᠲᠦᠯᠦᠪᠤᠷᠢ ᠲᠠᠢ ᠪᠠᠷ ᠬᠡᠷᠡᠭᠯᠡᠬᠦ ᠬᠡᠷ᠎ᠡ ᠳᠤ | ᠪᠤᠯᠵᠤᠨ ᠲᠤᠭᠳᠠᠭᠠᠭᠰᠠᠨ ᠬᠡᠷᠡᠭᠯᠡᠬᠦ ᠬᠤᠭᠤᠴᠠᠭ᠎ᠠ ᠨᠢ ᠲᠦᠬᠦᠷᠦᠭᠰᠡᠨ ᠪᠠᠶᠢᠳᠠᠯ᠎ᠠ ᠭᠠᠵᠠᠷ ᠰᠢᠷᠦᠢ ᠬᠡᠷᠡᠭᠯᠡᠭᠴᠢ ᠬᠤᠭᠤᠴᠠᠭ᠎ᠠ | ᠤᠷᠳᠤᠳᠬᠠᠬᠤ ᠪᠠᠷ ᠭᠤᠶᠤᠴᠢᠯᠠᠭᠰᠠᠨ ᠦᠭᠡᠢ ᠪᠤᠶᠤ ᠬᠤᠭᠤᠴᠠᠭ᠎ᠠ ᠤᠷᠳᠤᠳᠬᠠᠬᠤ ᠭᠤᠶᠤᠴᠢᠯᠠᠯ ᠨᠢ ᠡᠰᠡ | ᠵᠦᠪᠰᠢᠶᠡᠷᠡᠭᠳᠡᠭᠰᠡᠨ᠃ | ︵ᠲᠦᠷᠪᠡ︶ ᠨᠢᠭᠡᠴᠢ ᠨᠢ ᠬᠠᠰᠣᠭᠳᠠᠭᠰᠠᠨ᠂ ᠨᠡᠬᠦᠭᠰᠡᠨ ᠵᠡᠷᠭᠡ ᠰᠢᠯᠳᠠᠭᠠᠨ ᠠᠴᠠ ᠪᠤᠯᠵᠦ ᠤᠤᠯ ᠤᠨ ᠬᠤᠪᠢᠶᠠᠷᠢᠯᠠᠨ | ᠤᠯᠤᠭᠰᠠᠨ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠬᠡᠷᠡᠭᠯᠡᠬᠦ ᠪᠠᠨ ᠪᠤᠯᠢᠭᠰᠠᠨ᠃ | ︵ᠲᠠᠪᠤ︶ ᠵᠠᠰᠠᠮᠠᠯ ᠵᠠᠮ᠂ ᠲᠠᠮᠦᠷ ᠵᠠᠮ᠂ ᠨᠢᠰᠭᠡᠯ ᠤᠨ ᠪᠠᠭᠤᠳᠠᠯ᠂ ᠠᠭᠤᠷᠬᠠᠢ ᠵᠡᠷᠭᠡ ᠶᠢ ᠬᠢᠨᠠᠨ ᠵᠦᠪᠰᠢᠶᠡᠷᠡᠯ ᠢᠶᠠᠷ | ᠲᠠᠮᠵᠢᠭᠤᠯᠤᠭᠠᠳ ᠬᠡᠷᠡᠭᠴᠡᠭᠡ ᠠᠴᠠ ᠭᠠᠷᠭᠠᠭᠰᠠᠨ᠃ | ᠡᠮᠦᠨᠡᠬᠢ ᠪᠠᠳᠠᠭ ᠤᠨ ︵ᠨᠢᠭᠡ︶ ᠳ᠋ᠤᠭᠡᠷ ᠵᠤᠷᠪᠤᠰ᠂ ︵ᠬᠤᠶᠠᠷ︶ ᠳ᠋ᠤᠭᠠᠷ ᠵᠤᠷᠪᠤᠰ ᠤᠨ ᠲᠤᠭᠳᠠᠭᠠᠯ ᠶᠤᠰᠤᠭᠠᠷ | ᠤᠯᠤᠰ ᠤᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠪᠤᠴᠠᠭᠠᠵᠦ ᠠᠪᠬᠤ ᠳᠤ ᠬᠦᠷᠪᠡᠯ᠂ ᠭᠠᠵᠠᠷ | ᠰᠢᠷᠦᠢ ᠶᠢᠨ ᠬᠡᠷᠡᠭᠯᠡᠬᠦ ᠡᠷᠭᠡ ᠲᠠᠢ ᠬᠦᠮᠦᠨ ᠳᠤ ᠵᠤᠬᠢᠬᠤ ᠲᠦᠯᠦᠪᠤᠷᠢ ᠦᠭᠬᠦ ᠬᠡᠷᠡᠭᠲᠠᠢ᠃ | ᠲᠠᠪᠢ ᠶᠢᠰᠦᠳᠦᠭᠡᠷ ᠵᠦᠢᠯ ᠰᠣᠮᠤ ᠪᠠᠯᠭᠠᠰᠣᠨ ᠤ ᠠᠵᠦ ᠠᠬᠤᠶᠢᠯᠠᠯ᠂ ᠰᠤᠮᠤ ︵ᠪᠠᠯᠭᠠᠰᠣ︶ ᠭᠠᠴᠠᠭ᠎ᠠ ᠶᠢᠨ | ᠤᠯᠠᠨ ᠨᠡᠶᠢᠳᠡ ᠶᠢᠨ ᠲᠦᠬᠦᠭᠡᠷᠦᠮᠵᠢ᠂ ᠨᠡᠶᠢᠳᠡ ᠶᠢᠨ ᠠᠰᠠᠷᠠᠮᠵᠢ ᠶᠢᠨ ᠦᠢᠯᠡᠰ᠂ ᠬᠦᠳᠡᠭᠡ ᠲᠤᠰᠬᠤᠨ ᠤ ᠠᠷᠠᠳ ᠤᠨ | ᠣᠷᠣᠨ ᠰᠠᠭᠤᠴᠠ ᠵᠡᠷᠭᠡ ᠰᠤᠮᠤ ︵ᠪᠠᠯᠭᠠᠰᠣ︶ ᠭᠠᠴᠠᠭ᠎ᠠ ᠶᠢᠨ ᠪᠦᠳᠦᠭᠡᠨ ᠪᠠᠶᠢᠭᠤᠯᠤᠯᠳᠠ ᠬᠢᠬᠦ ᠳᠡᠭᠡᠨ ᠠᠶᠢᠯ ᠲᠤᠰᠬᠤᠨ | ᠪᠠ ᠪᠠᠯᠭᠠᠰᠣᠨ ᠤ ᠲᠦᠯᠦᠪᠵᠢᠬᠦᠯᠭᠡ ᠶᠤᠰᠤᠭᠠᠷ ᠵᠦᠢ ᠵᠤᠬᠢᠰᠲᠠᠢ ᠪᠠᠶᠢᠷᠢᠰᠢᠭᠤᠯᠤᠨ᠂ ᠪᠦᠬᠦ ᠲᠠᠯ᠎ᠠ ᠪᠠᠷ ᠨᠡᠭᠡᠭᠡᠨ | ᠬᠦᠭᠵᠢᠬᠦᠯᠵᠦ᠂ ᠢᠵᠢ ᠪᠦᠷᠢᠯᠳᠦᠬᠦᠯᠦᠨ ᠪᠦᠳᠦᠭᠡᠨ ᠪᠠᠶᠢᠭᠤᠯᠬᠤ ᠬᠡᠷᠡᠭᠲᠠᠢ᠃ ᠪᠦᠳᠦᠭᠡᠨ ᠪᠠᠶᠢᠭᠤᠯᠤᠯᠳᠠ ᠳᠤ ᠭᠠᠵᠠᠷ | ᠬᠡᠷᠡᠭᠯᠡᠬᠦ ᠳᠡᠭᠡᠨ ᠰᠤᠮᠤ ︵ᠪᠠᠯᠭᠠᠰᠣ︶ ᠶᠢᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠪᠤᠯᠤᠨ ᠭᠠᠵᠠᠷ | ᠰᠢᠷᠦᠢ ᠶᠢᠨ ᠠᠰᠢᠭᠯᠠᠯᠳᠠ ᠶᠢᠨ ᠤᠨ ᠤ ᠲᠦᠯᠦᠪᠯᠡᠭᠡ ᠳᠤ ᠨᠡᠶᠢᠴᠡᠬᠦᠯᠬᠦ ᠬᠡᠷᠡᠭᠲᠠᠢ ᠪᠦᠭᠡᠳ ᠲᠤᠰ ᠬᠠᠤᠯᠢ ᠶᠢᠨ ᠲᠦᠴᠢᠨ | ᠲᠦᠷᠪᠡᠳᠦᠭᠡᠷ ᠵᠦᠢᠯ᠂ ᠵᠢᠷᠠᠳᠤᠭᠠᠷ ᠵᠦᠢᠯ᠂ ᠵᠢᠷᠠᠨ ᠨᠢᠭᠡᠳᠦᠭᠡᠷ ᠵᠦᠢᠯ᠂ ᠵᠢᠷᠠᠨ ᠬᠤᠶᠠᠳᠤᠭᠠᠷ ᠵᠦᠢᠯ ᠤᠨ ᠲᠤᠭᠳᠠᠭᠠᠯ | ᠶᠤᠰᠤᠭᠠᠷ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠬᠢᠬᠦ ᠬᠡᠷᠡᠭᠲᠠᠢ᠃ | ᠵᠢᠷᠠᠳᠤᠭᠠᠷ ᠵᠦᠢᠯ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠨᠤᠭᠤᠳ | ᠰᠤᠮᠤ ︵ᠪᠠᠯᠭᠠᠰᠣ︶ ᠶᠢᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠲᠤᠭᠳᠠᠭᠠᠭᠰᠠᠨ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠠᠰᠢᠭᠯᠠᠨ ᠠᠵᠦ ᠠᠬᠤᠶᠢᠯᠠᠯ ᠡᠷᠬᠢᠯᠡᠬᠦ ᠪᠤᠶᠤ ᠭᠠᠵᠠᠷ ᠰᠢᠷᠦᠢ ᠶᠢᠨ ᠬᠡᠷᠡᠭᠯᠡᠬᠦ | ᠡᠷᠭᠡ ᠪᠠᠷ ᠢᠶᠠᠨ ᠬᠤᠪᠢ ᠤᠷᠤᠬᠤ᠂ ᠬᠤᠯᠪᠤᠭᠠᠯᠠᠨ ᠡᠵᠡᠩᠨᠡᠬᠦ ᠵᠡᠷᠭᠡ ᠬᠡᠯᠪᠡᠷᠢ ᠪᠠᠷ ᠪᠤᠰᠤᠳ ᠨᠢᠭᠡᠴᠢ᠂ ᠬᠤᠪᠢ ᠬᠦᠮᠦᠨ ᠲᠠᠢ | ᠬᠠᠮᠳᠤᠷᠠᠨ ᠠᠵᠦ ᠠᠬᠤᠶᠢᠯᠠᠯ ᠡᠷᠬᠢᠯᠡᠬᠦ ᠳᠤ ᠬᠦᠷᠪᠡᠯ᠂ ᠬᠤᠯᠪᠤᠭᠳᠠᠯ ᠪᠦᠬᠦᠢ ᠵᠦᠪᠰᠢᠶᠡᠷᠡᠬᠦᠯᠦᠭᠰᠡᠨ ᠪᠢᠴᠢᠭ ᠮᠠᠲ᠋ᠧᠷᠢᠶᠠᠯ ᠢ | ᠠᠪᠴᠦ᠂ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠭᠠᠵᠠᠷ | ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠬᠤ ᠬᠡᠷᠡᠭᠲᠠᠢ᠂ | ᠰᠢᠶᠠᠨ ᠤ ᠱᠠᠳᠣᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠣᠷᠳᠤᠨ ᠨᠢ ᠮᠤᠵᠢ᠂ ᠦᠪᠡᠷᠳᠡᠭᠡᠨ | ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠲᠤᠭᠳᠠᠭᠠᠭᠰᠠᠨ ᠵᠦᠪᠰᠢᠶᠡᠷᠡᠬᠦ ᠡᠷᠭᠡ ᠮᠡᠳᠡᠯ ᠤᠨ ᠭᠡᠪᠴᠢᠶ᠎ᠡ ᠶᠤᠰᠤᠭᠠᠷ | ᠵᠦᠪᠰᠢᠶᠡᠷᠡᠯ ᠤᠯᠭᠤᠨ᠎ᠠ᠃ ᠡᠬᠦᠨ ᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠨ ᠬᠡᠷᠡᠭᠯᠡᠬᠦ ᠲᠠᠢ ᠬᠤᠯᠪᠤᠭᠳᠠᠪᠠᠯ᠂ ᠲᠤᠰ | ᠬᠠᠤᠯᠢ ᠶᠢᠨ ᠲᠦᠴᠢᠨ ᠲᠦᠷᠪᠡᠳᠦᠭᠡᠷ ᠵᠦᠢᠯ ᠤᠨ ᠲᠤᠭᠳᠠᠭᠠᠯ ᠶᠤᠰᠤᠭᠠᠷ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠬᠢᠬᠦ | ᠬᠡᠷᠡᠭᠲᠠᠢ᠃ | ᠡᠮᠦᠨᠡᠬᠢ ᠪᠠᠳᠠᠭ ᠤᠨ ᠲᠤᠭᠳᠠᠭᠠᠯ ᠶᠤᠰᠤᠭᠠᠷ ᠠᠵᠦ ᠠᠬᠤᠶᠢᠯᠠᠯ ᠡᠷᠬᠢᠯᠡᠬᠦ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ | ᠭᠠᠵᠠᠷ ᠢ ᠡᠷᠭᠡᠪᠰᠢ ᠴᠢᠩᠭ᠎ᠠ ᠬᠢᠵᠠᠭᠠᠷᠯᠠᠬᠤ ᠬᠡᠷᠡᠭᠲᠠᠢ᠃ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ | ᠬᠤᠳᠠ ᠨᠤᠭᠤᠳ ᠰᠣᠮᠣ ᠪᠠᠯᠭᠠᠰᠣᠨ ᠤ ᠠᠵᠦ ᠠᠬᠤᠶᠢᠯᠠᠯ ᠤᠨ ᠠᠳᠠᠯᠢ ᠪᠤᠰᠤ ᠠᠵᠢᠯ ᠲᠦᠷᠦᠯ ᠪᠤᠯᠤᠨ ᠡᠵᠡᠩᠨᠡᠬᠦ | ᠬᠡᠪᠴᠢᠶ᠎ᠡ ᠶᠢ ᠦᠨᠳᠦᠰᠦᠯᠡᠵᠦ ᠭᠠᠵᠠᠷ ᠬᠡᠷᠡᠭᠯᠡᠬᠦ ᠪᠠᠷᠢᠮᠵᠢᠶ᠎ᠡ ᠶᠢ ᠲᠤᠰ ᠲᠤᠰ ᠲᠤᠭᠳᠠᠭᠠᠵᠦ ᠪᠤᠯᠤᠨ᠎ᠠ᠃ | ᠵᠢᠷᠠᠨ ᠨᠢᠭᠡᠳᠦᠭᠡᠷ ᠵᠦᠢᠯ ᠰᠣᠮᠣ ︵ᠪᠠᠯᠭᠠᠰᠣ︶ ᠭᠠᠴᠠᠭ᠎ᠠ ᠶᠢᠨ ᠤᠯᠠᠨ ᠨᠠᠶᠢᠳᠡ ᠶᠢᠨ ᠲᠦᠬᠦᠭᠡᠷᠦᠮᠵᠢ᠂ | ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠦᠳᠦᠭᠡᠨ ᠪᠠᠶᠢᠭᠤᠯᠤᠯᠳᠠ ᠳᠤ ᠭᠠᠵᠠᠷ ᠰᠢᠷᠦᠢ ᠬᠡᠷᠡᠭᠯᠡᠬᠦ ᠴᠢᠬᠤᠯᠠ ᠲᠠᠢ | ᠪᠠᠶᠢᠪᠠᠯ᠂ ᠰᠤᠮᠤ ︵ᠪᠠᠯᠭᠠᠰᠤ︶ ᠶᠢᠨ ᠠᠷᠠᠳ ᠤᠨ ᠵᠠᠰᠠᠭ ᠤᠨ ᠤᠷᠳᠤᠨ ᠢᠶᠠᠷ ᠬᠢᠨᠠᠨ ᠬᠠᠷᠭᠤᠭᠤᠯᠤᠭᠤᠯᠤᠭᠠᠳ᠂ ᠰᠢᠶᠠᠨ ᠤ | ᠱᠠᠳᠣᠨ ᠠᠴᠠ ᠲᠡᠭᠡᠭᠰᠢᠬᠢ ᠣᠷᠣᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠵᠦ᠂ ᠰᠢᠶᠠᠨ ᠤ ᠱᠠᠳᠤᠨ ᠠᠴᠠ ᠲᠡᠭᠡᠭᠰᠢ | ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠨᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ | ᠬᠤᠳᠠ ᠶᠢᠨ ᠲᠤᠭᠳᠠᠭᠠᠭᠰᠠᠨ ᠵᠦᠪᠰᠢᠶᠡᠷᠡᠬᠦ ᠡᠷᠭᠡ ᠮᠡᠳᠡᠯ ᠤᠨ ᠬᠡᠪᠴᠢᠶ᠎ᠡ ᠶᠤᠰᠤᠭᠠᠷ ᠵᠦᠪᠰᠢᠶᠡᠷᠡᠯ ᠤᠯᠭᠤᠨ᠎ᠠ᠃ ᠡᠬᠦᠨ ᠳᠤ | ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠵᠦ ᠬᠡᠷᠡᠭᠯᠡᠬᠦ ᠲᠠᠢ ᠬᠤᠯᠪᠤᠭᠳᠠᠪᠠᠯ᠂ ᠲᠤᠰ ᠬᠠᠤᠯᠢ ᠶᠢᠨ ᠲᠦᠴᠢᠨ ᠲᠦᠷᠪᠡᠳᠦᠭᠡᠷ | ᠵᠦᠢᠯ ᠤᠨ ᠲᠤᠭᠳᠠᠭᠠᠯ ᠶᠤᠰᠤᠭᠠᠷ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠬᠢᠨ᠎ᠡ᠃ | ᠵᠢᠷᠠᠨ ᠬᠤᠶᠠᠳᠦᠭᠠᠷ ᠵᠦᠢᠯ ᠬᠦᠳᠡᠭᠡ ᠲᠤᠰᠬᠤᠨ ᠤ ᠭᠠᠴᠠᠭᠠᠨ ᠤ ᠠᠷᠠᠳ ᠤᠨ ᠨᠢᠭᠡ ᠡᠷᠦᠭᠡ ᠳᠤ ᠨᠢᠭᠡ ᠯᠡ | ᠤᠷᠤᠨ ᠰᠠᠭᠤᠴᠠ ᠶᠢᠨ ᠭᠠᠵᠠᠷ ᠲᠠᠢ ᠪᠠᠶᠢᠵᠦ ᠪᠤᠯᠤᠨ᠎ᠠ᠂ ᠲᠠᠬᠦᠨ ᠤ ᠤᠷᠤᠨ ᠰᠠᠭᠤᠴᠠ ᠶᠢᠨ ᠭᠠᠵᠠᠷ ᠤᠨ ᠲᠠᠯᠠᠪᠠᠢ ᠨᠢ ᠮᠤᠵᠢ᠂ | ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠲᠤᠭᠳᠠᠭᠠᠭᠰᠠᠨ ᠪᠠᠷᠢᠮᠵᠢᠶ᠎ᠡ ᠠᠴᠠ ᠭᠡᠳᠦᠷᠡᠵᠦ ᠪᠤᠯᠬᠤ | ᠦᠭᠡᠢ᠃ | ᠬᠦᠳᠡᠭᠡ ᠲᠤᠰᠬᠤᠨ ᠤ ᠭᠠᠴᠠᠭᠠᠨ ᠤ ᠠᠷᠠᠳ ᠣᠷᠣᠨ ᠰᠠᠭᠤᠴᠠ ᠪᠠᠷᠢᠬᠤ ᠳᠠᠭᠠᠨ ᠰᠤᠮᠤ ︵ᠪᠠᠯᠭᠠᠰᠣ︶ ᠶᠢᠨ ᠭᠠᠵᠠᠷ | ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠨᠡᠶᠢᠴᠡᠬᠦᠯᠬᠦ ᠬᠡᠷᠡᠭᠲᠠᠢ ᠪᠦᠭᠡᠳ ᠠᠯᠢ ᠪᠤᠯᠬᠤ ᠪᠠᠷ ᠤᠭ ᠤᠨ | ᠤᠷᠤᠨ ᠰᠠᠭᠤᠴᠠ ᠶᠢᠨ ᠭᠠᠵᠠᠷ ᠪᠤᠯᠤᠨ ᠲᠤᠰᠬᠤᠨ ᠤ ᠲᠤᠳᠤᠷᠠᠬᠢ ᠰᠤᠯᠠ ᠭᠠᠵᠠᠷ ᠢ ᠬᠡᠷᠡᠭᠯᠡᠬᠦ ᠬᠡᠷᠡᠭᠲᠠᠢ᠃ | ᠬᠦᠳᠡᠭᠡ ᠲᠤᠰᠬᠤᠨ ᠤ ᠭᠠᠴᠠᠭᠠᠨ ᠤ ᠠᠷᠠᠳ ᠣᠷᠣᠨ ᠰᠠᠭᠤᠴᠠ ᠳᠤ ᠬᠡᠷᠡᠭᠯᠡᠬᠦ ᠭᠠᠵᠠᠷ ᠢ ᠰᠤᠮᠤ ︵ᠪᠠᠯᠭᠠᠰᠣ︶ ᠶᠢᠨ | ᠠᠷᠠᠳ ᠤᠨ ᠵᠠᠰᠠᠭ ᠤᠨ ᠤᠷᠳᠤᠨ ᠢᠶᠠᠷ ᠬᠢᠨᠠᠨ ᠬᠠᠷᠭᠤᠭᠤᠯᠤᠭᠠᠳ᠂ ᠰᠢᠶᠠᠨ ᠱᠠᠳᠣᠨ ᠤ ᠠᠷᠠᠳ ᠤᠨ ᠵᠠᠰᠠᠭ ᠤᠨ | ᠣᠷᠳᠤᠨ ᠢᠶᠠᠷ ᠵᠦᠪᠰᠢᠶᠡᠷᠡᠬᠦᠯᠦᠨ᠎ᠡ᠃ ᠡᠬᠦᠨ ᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠨ ᠬᠡᠷᠡᠭᠯᠡᠬᠦ ᠳᠤ | ᠬᠤᠯᠪᠤᠭᠳᠠᠪᠠᠯ᠂ ᠲᠤᠰ ᠬᠠᠤᠯᠢ ᠶᠢᠨ ᠲᠦᠴᠢᠨ ᠲᠦᠷᠪᠡᠳᠦᠭᠡᠷ ᠵᠦᠢᠯ ᠤᠨ ᠲᠤᠭᠳᠠᠭᠠᠯ ᠶᠤᠰᠤᠭᠠᠷ ᠬᠢᠨᠠᠨ ᠵᠦᠪᠰᠢᠶᠡᠷᠡᠬᠦᠯᠬᠦ | ᠭᠠᠷ ᠬᠦᠢᠴᠡᠳᠭᠡᠯ ᠬᠢᠨ᠎ᠡ᠃ | ᠬᠦᠳᠡᠭᠡ ᠲᠤᠰᠬᠤᠨ ᠤ ᠭᠠᠴᠠᠭᠠᠨ ᠤ ᠠᠷᠠᠳ ᠣᠷᠣᠨ ᠰᠠᠭᠤᠴᠠ ᠪᠠᠨ ᠬᠤᠳᠠᠯᠳᠤᠵᠦ᠂ ᠲᠦᠷᠢᠶᠡᠰᠦᠯᠡᠬᠦᠯᠦᠭᠰᠡᠨ ᠤ | ᠲᠠᠷᠠᠭ᠎ᠠ ᠲᠠᠬᠢᠨ ᠤᠷᠤᠨ ᠰᠠᠭᠤᠴᠠ ᠶᠢᠨ ᠭᠠᠵᠠᠷ ᠠᠪᠬᠤ ᠪᠠᠷ ᠭᠤᠶᠤᠴᠢᠯᠠᠯ ᠭᠠᠷᠭᠠᠪᠠᠯ ᠵᠦᠪᠰᠢᠶᠡᠷᠡᠬᠦ ᠦᠭᠡᠢ᠃ | ᠵᠢᠷᠠᠨ ᠭᠤᠷᠪᠠᠳᠤᠭᠠᠷ ᠵᠦᠢᠯ ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ | ᠡᠷᠭᠡ ᠶᠢ ᠰᠢᠯᠵᠢᠬᠦᠯᠦᠨ ᠬᠤᠳᠠᠯᠳᠤᠬᠤ᠂ ᠰᠢᠯᠵᠢᠬᠦᠯᠦᠨ ᠦᠭᠬᠦ ᠪᠤᠶᠤ ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠳᠤ | ᠲᠦᠷᠢᠶᠡᠰᠦᠯᠡᠨ ᠬᠡᠷᠡᠭᠯᠡᠬᠦᠯᠵᠦ ᠪᠤᠯᠬᠤ ᠦᠭᠡᠢ᠃ ᠭᠡᠪᠡᠴᠦ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ | ᠨᠡᠶᠢᠴᠡᠬᠦ ᠪᠦᠭᠡᠳ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠠᠤᠯᠢ ᠶᠤᠰᠤᠭᠠᠷ ᠤᠯᠤᠭᠰᠠᠨ ᠠᠵᠦ ᠠᠬᠤᠶᠢᠯᠠᠯ | ᠲᠠᠮᠪᠠᠷᠠᠬᠤ᠂ ᠨᠡᠶᠢᠯᠡᠬᠦ ᠵᠡᠷᠭᠡ ᠪᠠᠶᠢᠳᠠᠯ ᠠᠴᠠ ᠪᠤᠯᠵᠦ ᠭᠠᠵᠠᠷ ᠰᠢᠷᠦᠢ ᠶᠢᠨ ᠬᠡᠷᠡᠭᠯᠡᠬᠦ ᠡᠷᠭᠡ ᠪᠠᠨ ᠬᠠᠤᠯᠢ ᠶᠤᠰᠤᠭᠠᠷ | ᠰᠢᠯᠵᠢᠬᠦᠯᠦᠭᠰᠡᠨ ᠪᠠᠶᠢᠪᠠᠯ ᠡᠬᠦᠨ ᠳᠤ ᠪᠠᠭᠳᠠᠬᠤ ᠦᠭᠡᠢ᠃ | ᠵᠢᠷᠠᠨ ᠲᠦᠷᠪᠡᠳᠦᠭᠡᠷ ᠵᠦᠢᠯ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ | ᠲᠤᠭᠳᠠᠭᠠᠬᠤ ᠠᠴᠠ ᠡᠮᠦᠨ᠎ᠡ ᠨᠢᠭᠡᠨᠳᠡ ᠪᠠᠶᠢᠭᠤᠯᠤᠭᠳᠠᠭᠰᠠᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ | ᠲᠦᠯᠦᠪᠵᠢᠬᠦᠯᠭᠡ ᠳᠤ ᠲᠤᠭᠳᠠᠭᠠᠭᠰᠠᠨ ᠬᠡᠷᠡᠭᠯᠡᠯᠳᠡ ᠳᠤ ᠦᠯᠦ ᠨᠡᠶᠢᠴᠡᠬᠦ ᠪᠠᠷᠢᠯᠭ᠎ᠠ᠂ ᠪᠠᠷᠢᠯᠭ᠎ᠠ ᠶᠢᠨ ᠡᠳ᠋ ᠢ ᠲᠠᠬᠢᠨ | ᠪᠠᠶᠢᠭᠤᠯᠵᠦ᠂ ᠦᠷᠭᠡᠳᠭᠡᠨ ᠪᠠᠶᠢᠭᠤᠯᠵᠦ ᠪᠤᠯᠬᠤ ᠦᠭᠡᠢ᠃ | ᠵᠢᠷᠠᠨ ᠲᠠᠪᠤᠳᠤᠭᠠᠷ ᠵᠦᠢᠯ ᠲᠤᠤᠷ᠎ᠡ ᠵᠢᠭᠰᠠᠭᠠᠭᠰᠠᠨ ᠦᠢᠯᠡ ᠪᠠᠶᠢᠳᠠᠯ ᠤᠳ ᠤᠨ ᠨᠢᠭᠡ ᠨᠢ ᠪᠠᠶᠢᠪᠠᠯ᠂ ᠬᠦᠳᠡᠭᠡ | ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠠᠴᠠ ᠭᠠᠵᠠᠷ ᠬᠡᠷᠡᠭᠯᠡᠬᠦ ᠶᠢ ᠵᠦᠪᠰᠢᠶᠡᠷᠡᠭᠰᠡᠨ | ᠤᠤᠯ ᠤᠨ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ ᠵᠦᠪᠰᠢᠶᠡᠷᠡᠬᠦᠯᠦᠭᠡᠳ ᠭᠠᠵᠠᠷ ᠰᠢᠷᠦᠢ ᠶᠢᠨ ᠬᠡᠷᠡᠭᠯᠡᠬᠦ | ᠡᠷᠭᠡ ᠶᠢ ᠪᠤᠴᠠᠭᠠᠨ ᠠᠪᠴᠦ ᠪᠤᠯᠤᠨ᠎ᠠ᠄ | ︵ᠨᠢᠭᠡ︶ ᠰᠤᠮᠤ ︵ᠪᠠᠯᠭᠠᠰᠤ︶ ᠭᠠᠴᠠᠭ᠎ᠠ ᠶᠢᠨ ᠤᠯᠠᠨ ᠨᠡᠶᠢᠳᠡ ᠶᠢᠨ ᠲᠦᠬᠦᠭᠡᠷᠦᠮᠵᠢ ᠪᠠ ᠨᠡᠶᠢᠳᠡ ᠶᠢᠨ | ᠠᠰᠠᠷᠠᠮᠵᠢ ᠶᠢᠨ ᠦᠢᠯᠡᠰ ᠤᠨ ᠪᠦᠳᠦᠭᠡᠨ ᠪᠠᠶᠢᠭᠤᠯᠤᠯᠳᠠ ᠳᠤ ᠭᠠᠵᠠᠷ ᠰᠢᠷᠦᠢ ᠬᠡᠷᠡᠭᠯᠡᠬᠦ ᠴᠢᠬᠤᠯᠠ ᠲᠠᠢ ᠪᠤᠯᠤᠭᠰᠠᠨ᠃ | ︵ᠬᠤᠶᠠᠷ︶ ᠭᠠᠵᠠᠷ ᠰᠢᠷᠦᠢ ᠶᠢ ᠵᠦᠪᠰᠢᠶᠡᠷᠡᠭᠰᠡᠨ ᠬᠡᠷᠡᠭᠯᠡᠯᠳᠡ ᠶᠢᠨ ᠶᠤᠰᠤᠭᠠᠷ ᠡᠰᠡ ᠬᠡᠷᠡᠭᠯᠡᠭᠰᠡᠨ᠃ | ︵ᠭᠤᠷᠪᠠ︶ ᠬᠠᠰᠣᠭᠳᠠᠭᠰᠠᠨ᠂ ᠨᠡᠬᠦᠭᠰᠡᠨ ᠵᠡᠷᠭᠡ ᠰᠢᠯᠳᠠᠭᠠᠨ ᠠᠴᠠ ᠪᠤᠯᠵᠦ ᠭᠠᠵᠠᠷ ᠰᠢᠷᠦᠢ ᠶᠢ ᠬᠡᠷᠡᠭᠯᠡᠬᠦ ᠪᠠᠨ | ᠪᠤᠯᠢᠭᠰᠠᠨ᠃ | ᠡᠮᠦᠨᠡᠬᠢ ᠪᠠᠳᠠᠭ ᠤᠨ ︵ᠨᠢᠭᠡ︶ ᠳ᠋ᠤᠭᠡᠷ ᠵᠤᠷᠪᠤᠰ ᠤᠨ ᠲᠤᠭᠳᠠᠭᠠᠯ ᠶᠤᠰᠤᠭᠠᠷ ᠲᠠᠷᠢᠶᠠᠴᠢᠳ ᠤᠨ ᠬᠠᠮᠳᠦ ᠶᠢᠨ | ᠦᠮᠴᠢᠯᠡᠯ ᠤᠨ ᠭᠠᠵᠠᠷ ᠰᠢᠷᠦᠢ ᠶᠢ ᠪᠤᠴᠠᠭᠠᠵᠦ ᠠᠪᠤᠭᠰᠠᠨ ᠪᠠᠶᠢᠪᠠᠯ᠂ ᠭᠠᠵᠠᠷ ᠰᠢᠷᠦᠢ ᠬᠡᠷᠡᠭᠯᠡᠬᠦ ᠡᠷᠭᠡ ᠪᠦᠬᠦᠢ ᠬᠦᠮᠦᠨ ᠳᠤ | ᠵᠦᠢ ᠵᠤᠬᠢᠰᠲᠠᠢ ᠲᠦᠯᠦᠪᠤᠷᠢ ᠦᠭᠬᠦ ᠬᠡᠷᠡᠭᠲᠠᠢ᠃ | | ᠵᠢᠷᠭᠤᠳᠤᠭᠠᠷ ᠪᠦᠯᠦᠭ ᠬᠢᠨᠠᠯᠳᠠ ᠲᠠᠯᠪᠢᠵᠦ ᠪᠠᠶᠢᠴᠠᠭᠠᠬᠤ | ᠵᠢᠷᠠᠨ ᠵᠢᠷᠭᠤᠳᠤᠭᠠᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ | ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠭᠠᠵᠠᠷ ᠰᠢᠷᠦᠢ ᠶᠢᠨ ᠬᠠᠮᠢᠶᠠᠷᠤᠯᠳᠠ ᠶᠢᠨ | ᠬᠠᠤᠯᠢ ᠴᠠᠭᠠᠵᠠ᠂ ᠬᠠᠤᠯᠢ ᠲᠦᠷᠢᠮ ᠢ ᠵᠦᠷᠢᠴᠡᠭᠰᠡᠨ ᠠᠵᠢᠯᠯᠠᠭ᠎ᠠ ᠳᠤ ᠬᠢᠨᠠᠯᠳᠠ ᠲᠠᠯᠪᠢᠵᠦ ᠪᠠᠶᠢᠴᠠᠭᠠᠯᠳᠠ ᠬᠢᠨ᠎ᠡ᠃ | ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠢᠨᠠᠯᠳᠠ ᠲᠠᠯᠪᠢᠵᠦ ᠪᠠᠶᠢᠴᠠᠭᠠᠬᠤ ᠠᠵᠢᠯᠳᠠᠳ ᠭᠠᠵᠠᠷ ᠰᠢᠷᠦᠢ ᠶᠢᠨ | ᠬᠠᠮᠢᠶᠠᠷᠤᠯᠳᠠ ᠶᠢᠨ ᠬᠠᠤᠯᠢ ᠴᠠᠭᠠᠵᠠ᠂ ᠬᠠᠤᠯᠢ ᠲᠦᠷᠢᠮ ᠢ ᠲᠤᠭᠤᠷᠠᠳᠠᠯ᠎ᠠ ᠮᠡᠳᠡᠵᠦ᠂ ᠡᠬᠦᠷᠭᠡ ᠲᠤᠰᠢᠶᠠᠯ ᠳᠠᠭᠠᠨ ᠦᠨᠡᠨᠴᠢ | ᠰᠢᠳᠤᠷᠭᠤ ᠪᠠᠶᠢᠵᠦ᠂ ᠬᠠᠤᠯᠢ ᠶᠢ ᠭᠤᠤᠯᠴᠢ ᠪᠠᠷ ᠬᠡᠷᠡᠭᠵᠢᠬᠦᠯᠬᠦ ᠬᠡᠷᠡᠭᠲᠠᠢ᠃ | ᠵᠢᠷᠠᠨ ᠲᠣᠯᠣᠳᠣᠭᠠᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠤᠨ ᠤ ᠭᠠᠵᠠᠷ | ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠬᠢᠨᠠᠯᠳᠠ ᠲᠠᠯᠪᠢᠵᠦ ᠪᠠᠶᠢᠴᠠᠭᠠᠬᠤ ᠲᠤᠰᠢᠶᠠᠯ | ᠬᠠᠷᠢᠭᠤᠴᠠᠯᠭ᠎ᠠ ᠪᠠᠨ ᠬᠦᠢᠴᠡᠳᠭᠡᠬᠦ ᠦᠶ᠎ᠡ ᠳᠤ ᠲᠤᠤᠷ᠎ᠡ ᠵᠢᠭᠰᠠᠭᠠᠭᠰᠠᠨ ᠠᠷᠭ᠎ᠠ ᠬᠡᠮᠵᠢᠶ᠎ᠡ ᠨᠦᠭᠦᠳ ᠢ ᠠᠪᠬᠤ ᠡᠷᠭᠡ ᠲᠠᠢ᠄ | ︵ᠨᠢᠭᠡ︶ ᠪᠠᠶᠢᠴᠠᠭᠠᠭᠳᠠᠵᠦ ᠪᠠᠶᠢᠭ᠎ᠠ ᠨᠢᠭᠡᠴᠢ ᠪᠤᠶᠤ ᠬᠤᠪᠢ ᠬᠦᠮᠦᠨ ᠳᠤ ᠭᠠᠵᠠᠷ ᠰᠢᠷᠦᠢ ᠶᠢᠨ ᠡᠷᠭᠡ ᠶᠢᠨ ᠲᠤᠬᠠᠢ | ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠪᠠ ᠮᠠᠲ᠋ᠧᠷᠢᠶᠠᠯ ᠢ ᠬᠠᠩᠭᠠᠯᠭᠠᠬᠤ ᠱᠠᠭᠠᠷᠳᠠᠯᠭ᠎ᠠ ᠲᠠᠯᠪᠢᠵᠦ᠂ ᠲᠠᠳᠡᠭᠡᠷ ᠢ | ᠪᠠᠶᠢᠴᠠᠭᠠᠨ ᠦᠵᠡᠬᠦ ᠪᠤᠶᠤ ᠬᠠᠭᠤᠯᠪᠤᠷᠢᠯᠠᠵᠦ ᠠᠪᠬᠤ᠃ | ︵ᠬᠤᠶᠠᠷ︶ ᠪᠠᠶᠢᠴᠠᠭᠠᠭᠳᠠᠵᠦ ᠪᠠᠶᠢᠭ᠎ᠠ ᠨᠢᠭᠡᠴᠢ ᠪᠤᠶᠤ ᠬᠤᠪᠢ ᠬᠦᠮᠦᠨ ᠢ ᠭᠠᠵᠠᠷ ᠰᠢᠷᠦᠢ ᠶᠢᠨ ᠡᠷᠭᠡ ᠶᠢᠨ | ᠬᠤᠯᠪᠤᠭᠳᠠᠯ ᠪᠦᠬᠦᠢ ᠠᠰᠠᠭᠤᠳᠠᠯ ᠤᠨ ᠲᠠᠯ᠎ᠠ ᠪᠠᠷ ᠲᠤᠳᠤᠷᠬᠠᠶᠢᠯᠠᠯᠳᠠ ᠬᠢᠯᠭᠡᠬᠦ ᠪᠠᠷ ᠱᠠᠭᠠᠷᠳᠠᠬᠤ᠃ | ︵ᠭᠤᠷᠪᠠ︶ ᠪᠠᠶᠢᠴᠠᠭᠠᠭᠳᠠᠵᠦ ᠪᠠᠶᠢᠭ᠎ᠠ ᠨᠢᠭᠡᠴᠢ ᠪᠤᠶᠤ ᠬᠤᠪᠢ ᠬᠦᠮᠦᠨ ᠤ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ | ᠭᠠᠵᠠᠷ ᠰᠢᠷᠦᠢ ᠶᠢᠨ ᠲᠤᠬᠠᠢ ᠶᠢᠨ ᠭᠠᠵᠠᠷ ᠲᠤ ᠤᠴᠢᠵᠦ ᠬᠠᠶᠢᠨ ᠬᠡᠮᠵᠢᠬᠦ᠃ | ︵ᠲᠦᠷᠪᠡ︶ ᠭᠠᠵᠠᠷ ᠰᠢᠷᠦᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠨᠢᠭᠡᠴᠢ ᠪᠤᠶᠤ ᠬᠤᠪᠢ ᠬᠦᠮᠦᠨ ᠢ | ᠵᠠᠷᠯᠢᠭᠳᠠᠵᠦ ᠪᠠᠶᠢᠭᠠᠳ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠤᠯᠢ ᠴᠠᠭᠠᠵᠠ᠂ ᠬᠠᠤᠯᠢ ᠲᠦᠷᠢᠮ ᠠᠴᠠ ᠵᠦᠷᠢᠴᠡᠭᠰᠡᠨ | ᠠᠵᠢᠯᠯᠠᠭ᠎ᠠ ᠶᠢ ᠨᠢ ᠵᠤᠭᠰᠤᠭᠠᠬᠤ᠃ | ᠵᠢᠷᠠᠨ ᠨᠠᠢᠮᠠᠳᠦᠭᠠᠷ ᠵᠦᠢᠯ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠢᠨᠠᠯᠳᠠ ᠲᠠᠯᠪᠢᠵᠦ ᠪᠠᠶᠢᠴᠠᠭᠠᠬᠤ | ᠠᠵᠢᠯᠳᠠᠳ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠵᠦ᠂ ᠲᠤᠬᠠᠢ ᠶᠢᠨ ᠭᠠᠵᠠᠷ ᠲᠤ ᠤᠴᠢᠵᠦ ᠬᠠᠶᠢᠨ ᠬᠡᠮᠵᠢᠬᠦ᠂ | ᠬᠤᠯᠪᠤᠭᠳᠠᠯ ᠪᠦᠬᠦᠢ ᠨᠢᠭᠡᠴᠢ ᠪᠤᠶᠤ ᠬᠤᠪᠢ ᠬᠦᠮᠦᠨ ᠢᠶᠠᠷ ᠪᠢᠴᠢᠭ ᠮᠠᠲ᠋ᠧᠷᠢᠶᠠᠯ᠂ ᠮᠠᠲ᠋ᠧᠷᠢᠶᠠᠯ ᠬᠠᠩᠭᠠᠯᠭᠠᠬᠤ᠂ | ᠲᠤᠳᠤᠷᠬᠠᠶᠢᠯᠠᠯᠳᠠ ᠬᠢᠯᠭᠡᠬᠦ ᠪᠠᠷ ᠱᠠᠭᠠᠷᠳᠠᠬᠤ ᠴᠢᠬᠤᠯᠠ ᠲᠠᠢ ᠪᠤᠯ᠂ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠢᠨᠠᠯᠳᠠ | ᠲᠠᠯᠪᠢᠵᠦ ᠪᠠᠶᠢᠴᠠᠭᠠᠯᠳᠠ ᠬᠢᠬᠦ ᠬᠡᠷᠡᠴᠢ ᠲᠡᠮᠳᠡᠭ ᠢᠶᠠᠨ ᠭᠠᠷᠭᠠᠵᠦ ᠦᠵᠡᠬᠦᠯᠬᠦ ᠬᠡᠷᠡᠭᠲᠠᠢ᠃ | ᠵᠢᠷᠨ ᠶᠢᠰᠦᠳᠦᠭᠡᠷ ᠵᠦᠢᠯ ᠭᠠᠵᠠᠷ ᠰᠢᠷᠦᠢ ᠶᠢᠨ ᠬᠠᠮᠢᠶᠠᠷᠤᠯᠳᠠ ᠶᠢᠨ ᠲᠠᠯ᠎ᠠ ᠪᠠᠷ ᠬᠢ ᠬᠠᠤᠯᠢ ᠠᠴᠠ ᠵᠦᠷᠢᠴᠡᠭᠰᠡᠨ | ᠠᠵᠢᠯᠯᠠᠭ᠎ᠠ ᠳᠤ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠯᠳᠠ ᠲᠠᠯᠪᠢᠵᠦ ᠪᠠᠶᠢᠴᠠᠭᠠᠯᠳᠠ ᠬᠢᠬᠦ ᠦᠶ᠎ᠡ ᠳᠤ | ᠬᠤᠯᠪᠤᠭᠳᠠᠯ ᠪᠦᠬᠦᠢ ᠨᠢᠭᠡᠴᠢ ᠪᠤᠯᠤᠨ ᠬᠤᠪᠢ ᠬᠦᠮᠦᠨ ᠲᠠᠮᠵᠢᠨ ᠬᠠᠮᠵᠢᠯᠴᠠᠬᠤ ᠬᠡᠷᠡᠭᠲᠠᠢ ᠪᠦᠭᠡᠳ ᠠᠵᠢᠯ ᠤᠨ ᠲᠠᠯ᠎ᠠ ᠪᠠᠷ | ᠲᠦᠬᠦᠮ ᠦᠵᠡᠬᠦᠯᠬᠦ ᠬᠡᠷᠡᠭᠲᠠᠢ᠂ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠢᠨᠠᠯᠳᠠ ᠲᠠᠯᠪᠢᠵᠦ ᠪᠠᠶᠢᠴᠠᠭᠠᠬᠤ | ᠠᠵᠢᠯᠳᠠᠳ ᠤᠨ ᠡᠬᠦᠷᠭᠡ ᠲᠤᠰᠢᠶᠠᠯ ᠢᠶᠠᠨ ᠬᠠᠤᠯᠢ ᠶᠤᠰᠤᠭᠠᠷ ᠬᠦᠢᠴᠡᠳᠭᠡᠬᠦ ᠶᠢ ᠲᠡᠪᠴᠢᠬᠦ ᠪᠠ ᠬᠠᠷᠰᠢᠯᠠᠵᠦ ᠪᠤᠯᠬᠤ ᠦᠭᠡᠢ᠃ | | ᠲᠠᠯᠠᠳᠤᠭᠠᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ | ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠬᠢᠨᠠᠯᠳᠠ ᠲᠠᠯᠪᠢᠵᠦ ᠪᠠᠶᠢᠴᠠᠭᠠᠬᠤ | ᠠᠵᠢᠯ ᠤᠨ ᠲᠤᠮᠳᠠ ᠪᠠᠨ ᠲᠦᠷᠦ ᠶᠢᠨ ᠠᠵᠢᠯᠳᠠᠨ ᠤ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠤᠯᠵᠦ ᠮᠡᠳᠡᠭᠡᠳ᠂ | ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦ ᠬᠡᠷᠡᠭᠲᠠᠢ ᠪᠠᠶᠢᠪᠠᠯ ᠬᠠᠤᠯᠢ ᠶᠤᠰᠤᠭᠠᠷ ᠰᠢᠢᠳᠪᠦᠷᠢᠯᠡᠬᠦ ᠬᠡᠷᠡᠭᠲᠠᠢ᠃ | ᠦᠪᠡᠷᠳᠡᠭᠡᠨ ᠰᠢᠢᠳᠪᠦᠷᠢᠯᠡᠬᠦ ᠡᠷᠭᠡ ᠦᠭᠡᠢ ᠪᠤᠯ ᠠᠳᠠᠯᠢ ᠱᠠᠳᠤᠨ ᠤ ᠪᠤᠶᠤ ᠲᠡᠭᠡᠳᠦ ᠱᠠᠳᠤᠨ ᠤ ᠠᠷᠠᠳ ᠤᠨ ᠵᠠᠰᠠᠭ ᠤᠨ | ᠤᠷᠳᠤᠨ ᠤ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠵᠠᠰᠠᠭ ᠵᠠᠬᠢᠷᠭᠠᠨ ᠤ ᠰᠢᠳᠭᠡᠯ ᠦᠭᠬᠦ | ᠰᠠᠨᠠᠭᠤᠯᠭ᠎ᠠ ᠶᠢᠨ ᠪᠢᠴᠢᠭ ᠲᠡᠪᠰᠢᠬᠦᠯᠬᠦ ᠬᠡᠷᠡᠭᠲᠠᠢ᠂ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ | ᠪᠠᠶᠢᠭᠤᠯᠭ᠎ᠠ ᠨᠢ ᠬᠠᠤᠯᠢ ᠶᠤᠰᠤᠭᠠᠷ ᠰᠢᠢᠳᠪᠦᠷᠢᠯᠡᠬᠦ ᠬᠡᠷᠡᠭᠲᠠᠢ᠃ | ᠲᠠᠯᠠᠨ ᠨᠢᠭᠡᠳᠦᠭᠡᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ | ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠬᠢᠨᠠᠯᠳᠠ ᠲᠠᠯᠪᠢᠵᠦ ᠪᠠᠶᠢᠴᠠᠭᠠᠬᠤ | ᠠᠵᠢᠯ ᠤᠨ ᠲᠤᠮᠳᠠ ᠪᠠᠨ ᠭᠠᠵᠠᠷ ᠰᠢᠷᠦᠢ ᠶᠢᠨ ᠬᠠᠮᠢᠶᠠᠷᠤᠯᠳᠠ ᠶᠢᠨ ᠲᠠᠯ᠎ᠠ ᠪᠠᠷ ᠬᠠᠤᠯᠢ ᠠᠴᠠ ᠵᠦᠷᠢᠴᠡᠨ ᠶᠠᠯ᠎ᠠ ᠪᠤᠯᠵᠦ | ᠪᠦᠷᠢᠯᠳᠦᠭᠰᠡᠨ ᠠᠵᠢᠯᠯᠠᠭ᠎ᠠ ᠪᠠᠶᠢᠬᠤ ᠶᠢ ᠤᠯᠵᠦ ᠮᠡᠳᠡᠪᠡᠯ᠂ ᠤᠤᠯ ᠤᠨ ᠬᠡᠷᠡᠭ ᠢ ᠬᠤᠯᠪᠤᠭᠳᠠᠯ ᠪᠦᠬᠦᠢ ᠪᠠᠶᠢᠭᠤᠯᠭ᠎ᠠ ᠳᠤ | ᠰᠢᠯᠵᠢᠬᠦᠯᠦᠨ ᠦᠭᠴᠦ᠂ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠬᠦᠯᠬᠦ ᠬᠡᠷᠡᠭᠲᠠᠢ᠃ ᠬᠠᠷᠠᠬᠠᠨ ᠶᠠᠯ᠎ᠠ | ᠪᠤᠯᠵᠦ ᠪᠦᠷᠢᠯᠳᠦᠭᠰᠡᠨ ᠦᠭᠡᠢ ᠪᠤᠯ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦ ᠬᠡᠷᠡᠭᠲᠠᠢ᠃ | ᠲᠠᠯᠠᠨ ᠬᠤᠶᠠᠳᠦᠭᠠᠷ ᠵᠦᠢᠯ ᠲᠤᠰ ᠬᠠᠤᠯᠢ ᠶᠢᠨ ᠲᠤᠭᠳᠠᠭᠠᠯ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦ | ᠶᠤᠰᠤᠲᠠᠢ ᠪᠠᠶᠢᠳᠠᠯ᠎ᠠ ᠬᠤᠯᠪᠤᠭᠳᠠᠯ ᠪᠦᠬᠦᠢ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠠᠴᠠ ᠵᠠᠰᠠᠭ ᠵᠠᠬᠢᠷᠭᠠᠨ ᠤ ᠰᠢᠳᠭᠡᠯ ᠦᠭᠬᠦ ᠦᠭᠡᠢ ᠪᠠᠶᠢᠪᠠᠯ᠂ ᠲᠡᠭᠡᠳᠦ ᠱᠠᠳᠤᠨ ᠤ ᠠᠷᠠᠳ ᠤᠨ ᠵᠠᠰᠠᠭ ᠤᠨ | ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠬᠤᠯᠪᠤᠭᠳᠠᠯ ᠪᠦᠬᠦᠢ | ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢ ᠵᠠᠷᠯᠢᠭᠳᠠᠵᠦ ᠪᠠᠶᠢᠭᠠᠳ ᠵᠠᠰᠠᠭ | ᠵᠠᠬᠢᠷᠭᠠᠨ ᠤ ᠰᠢᠳᠭᠡᠯ ᠦᠭᠬᠦ ᠲᠤᠭᠳᠠᠭᠠᠯ ᠭᠠᠷᠭᠠᠭᠤᠯᠬᠤ ᠪᠤᠶᠤ ᠰᠢᠭᠤᠳ ᠵᠠᠰᠠᠭ ᠵᠠᠬᠢᠷᠭᠠᠨ ᠤ ᠰᠢᠳᠭᠡᠯ ᠦᠭᠬᠦ ᠶᠢᠨ ᠬᠠᠮᠳᠦ | ᠬᠤᠯᠪᠤᠭᠳᠠᠯ ᠪᠦᠬᠦᠢ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ | ᠬᠠᠷᠢᠭᠤᠴᠠᠯᠭᠠᠳᠠᠨ ᠳᠤ ᠵᠠᠰᠠᠭ ᠵᠠᠬᠢᠷᠭᠠᠨ ᠤ ᠰᠢᠳᠭᠡᠯ ᠦᠭᠬᠦ ᠡᠷᠭᠡ ᠲᠠᠢ᠃ | | ᠲᠤᠯᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠲᠠᠯᠠᠨ ᠭᠤᠷᠪᠠᠳᠦᠭᠠᠷ ᠵᠦᠢᠯ ᠭᠠᠵᠠᠷ ᠰᠢᠷᠦᠢ ᠶᠢ ᠮᠠᠶᠢᠮᠠᠶᠢᠯᠠᠬᠤ ᠪᠤᠶᠤ ᠪᠤᠰᠤᠳ ᠬᠡᠯᠪᠡᠷᠢ ᠪᠠᠷ ᠬᠠᠤᠯᠢ | ᠪᠤᠰᠤ ᠪᠠᠷ ᠰᠢᠯᠵᠢᠬᠦᠯᠦᠨ ᠦᠭᠬᠦᠭᠰᠡᠨ ᠪᠠᠶᠢᠪᠠᠯ᠂ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠤᠨ ᠤ | ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠶᠢ ᠵᠦᠷᠢᠴᠡᠵᠦ ᠤᠯᠤᠭᠰᠠᠨ | ᠤᠯᠵᠠ ᠠᠰᠢᠭ ᠢ ᠨᠢ ᠬᠤᠷᠢᠶᠠᠵᠦ ᠠᠪᠤᠨ᠎ᠠ᠃ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠠᠴᠠ | ᠵᠦᠷᠢᠴᠡᠨ ᠲᠠᠷᠢᠶᠠᠯᠠᠩ ᠳᠤ ᠬᠡᠷᠡᠭᠯᠡᠬᠦ ᠭᠠᠵᠠᠷ ᠢ ᠲᠤᠷ᠎ᠡ ᠪᠠᠷ ᠢᠶᠠᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠨ | ᠬᠤᠪᠢᠷᠠᠭᠠᠭᠰᠠᠨ ᠪᠠᠶᠢᠪᠠᠯ᠂ ᠬᠠᠤᠯᠢ ᠪᠤᠰᠤ ᠪᠠᠷ ᠰᠢᠯᠵᠢᠬᠦᠯᠦᠨ ᠦᠭᠬᠦᠭᠰᠡᠨ ᠭᠠᠵᠠᠷ ᠰᠢᠷᠦᠢ ᠲᠡᠭᠡᠷ᠎ᠡ ᠰᠢᠨ᠎ᠡ ᠪᠠᠷ | ᠪᠠᠶᠢᠭᠤᠯᠤᠭᠰᠠᠨ ᠪᠠᠷᠢᠯᠭ᠎ᠠ ᠪᠠ ᠪᠤᠰᠤᠳ ᠲᠦᠬᠦᠭᠡᠷᠦᠮᠵᠢ ᠶᠢ ᠬᠤᠭᠤᠴᠠᠭ᠎ᠠ ᠲᠤᠭᠳᠠᠭᠠᠨ ᠨᠤᠷᠠᠭᠠᠯᠭᠠᠨ ᠠᠷᠢᠯᠠᠭᠠᠭᠤᠯᠵᠦ᠂ | ᠭᠠᠵᠠᠷ ᠰᠢᠷᠦᠢ ᠶᠢᠨ ᠤᠭ ᠤᠨ ᠪᠠᠶᠢᠳᠠᠯ ᠢ ᠨᠢ ᠰᠡᠷᠬᠦᠭᠡᠯᠭᠡᠨ᠎ᠡ᠃ ᠭᠠᠵᠠᠷ ᠰᠢᠷᠦᠢ ᠶᠢ ᠠᠰᠢᠭᠯᠠᠬᠤ ᠶᠡᠷᠦᠩᠭᠡᠢ | ᠲᠦᠯᠦᠪᠵᠢᠬᠦᠯᠭᠡ ᠳᠤ ᠨᠡᠶᠢᠴᠡᠵᠦ ᠪᠠᠶᠢᠪᠠᠯ᠂ ᠬᠠᠤᠯᠢ ᠪᠤᠰᠤ ᠪᠠᠷ ᠰᠢᠯᠵᠢᠬᠦᠯᠦᠨ ᠦᠭᠬᠦᠭᠰᠡᠨ ᠭᠠᠵᠠᠷ ᠰᠢᠷᠦᠢ ᠲᠡᠭᠡᠷ᠎ᠡ | ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠪᠠ ᠪᠤᠰᠤᠳ ᠲᠦᠬᠦᠭᠡᠷᠦᠮᠵᠢ ᠶᠢ ᠨᠢ ᠬᠤᠷᠢᠶᠠᠨ ᠠᠪᠤᠨ᠎ᠠ᠃ ᠵᠤᠭᠤᠰ ᠢᠶᠠᠷ | ᠲᠤᠷᠭᠠᠬᠤ ᠪᠠᠷ ᠨᠡᠶᠢᠯᠡᠬᠦᠯᠦᠨ ᠰᠢᠳᠭᠡᠵᠦ ᠪᠤᠯᠤᠨ᠎ᠠ᠃ ᠰᠢᠭᠤᠳ ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠤᠭᠴᠢ ᠪᠠ | ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠰ ᠲᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ᠃ ᠶᠠᠯ᠎ᠠ | ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃ | ᠲᠠᠯᠠᠨ ᠳᠦᠷᠪᠡᠳᠦᠭᠡᠷ ᠵᠦᠢᠯ ᠲᠤᠰ ᠬᠠᠤᠯᠢ ᠶᠢᠨ ᠲᠤᠭᠳᠠᠭᠠᠯ ᠠᠴᠠ ᠵᠦᠷᠢᠴᠡᠵᠦ᠂ ᠲᠠᠷᠢᠶᠠᠨ ᠭᠠᠵᠠᠷ ᠢ ᠡᠵᠡᠯᠡᠨ | ᠶᠤᠤ ᠭᠠᠷᠭᠠᠭᠰᠠᠨ᠂ ᠪᠤᠯᠠᠰᠢᠨ ᠭᠠᠵᠠᠷ ᠭᠠᠷᠭᠠᠭᠰᠠᠨ ᠪᠤᠶᠤ ᠲᠠᠷᠢᠶᠠᠨ ᠭᠠᠵᠠᠷ ᠲᠡᠭᠡᠷ᠎ᠡ ᠲᠤᠷ᠎ᠡ ᠪᠠᠷ ᠢᠶᠠᠨ ᠬᠡᠷ ᠪᠠᠷᠢᠭᠰᠠᠨ᠂ | ᠡᠯᠡᠰᠦ ᠮᠠᠯᠳᠠᠭᠰᠠᠨ᠂ ᠴᠢᠯᠠᠭᠤ ᠭᠠᠷᠭᠠᠭᠰᠠᠨ᠂ ᠠᠭᠤᠷᠬᠠᠢ ᠮᠠᠯᠳᠠᠭᠰᠠᠨ᠂ ᠰᠢᠷᠦᠢ ᠠᠪᠤᠭᠰᠠᠨ ᠵᠡᠷᠭᠡ ᠠᠴᠠ ᠪᠤᠯᠵᠦ | ᠲᠠᠷᠢᠶᠠᠯᠬᠤ ᠨᠦᠬᠦᠴᠡᠯ ᠢ ᠡᠪᠳᠡᠭᠰᠡᠨ᠂ ᠡᠰᠡᠬᠦᠯ᠎ᠡ ᠭᠠᠵᠠᠷ ᠰᠢᠷᠦᠢ ᠶᠢ ᠨᠡᠭᠡᠭᠡᠨ ᠠᠰᠢᠭᠯᠠᠭᠰᠠᠨ ᠠᠴᠠ ᠪᠤᠯᠤᠭᠠᠳ ᠭᠠᠵᠠᠷ | ᠰᠢᠷᠦᠢ ᠶᠢ ᠡᠯᠡᠰᠦᠵᠢᠬᠦᠯᠦᠭᠰᠡᠨ᠂ ᠬᠤᠵᠢᠷᠰᠢᠭᠤᠯᠤᠭᠰᠠᠨ ᠪᠠᠶᠢᠪᠠᠯ᠂ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ | ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ | ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠬᠤ ᠪᠤᠶᠤ ᠵᠠᠰᠠᠭᠤᠯᠵᠦ᠂ ᠵᠤᠭᠤᠰ ᠢᠶᠠᠷ ᠲᠣᠷᠭᠠᠬᠤ ᠪᠠᠷ | ᠨᠡᠶᠢᠯᠡᠬᠦᠯᠦᠨ ᠰᠢᠳᠭᠡᠵᠦ ᠪᠤᠯᠤᠨ᠎ᠠ᠃ ᠶᠠᠯ᠎ᠠ ᠪᠤᠯᠵᠦ ᠪᠦᠷᠢᠯᠳᠦᠭᠰᠡᠨ ᠪᠠᠶᠢᠠᠪᠯ ᠬᠠᠤᠯᠢ ᠶᠤᠰᠤᠭᠠᠷ ᠡᠷᠡᠭᠦᠦ ᠶᠢᠨ | ᠬᠠᠷᠢᠭᠤᠴᠠᠯᠭ᠎ᠠ ᠨᠡᠭᠡᠮᠵᠢᠯᠡᠨ᠎ᠡ᠃ | ᠲᠠᠯᠠᠨ ᠲᠠᠪᠤᠳᠦᠭᠠᠷ ᠵᠦᠢᠯ ᠲᠤᠰ ᠬᠠᠤᠯᠢ ᠶᠢᠨ ᠲᠤᠭᠳᠠᠭᠠᠯ ᠠᠴᠠ ᠵᠦᠷᠢᠴᠡᠵᠦ᠂ ᠭᠠᠵᠠᠷ ᠰᠢᠷᠦᠢ ᠶᠢ ᠰᠡᠷᠬᠦᠭᠡᠨ | ᠬᠠᠭᠠᠯᠪᠤᠷᠢᠯᠠᠬᠤ ᠡᠬᠦᠷᠭᠡ ᠪᠠᠨ ᠬᠦᠢᠴᠡᠳᠭᠡᠬᠦ ᠶᠢ ᠲᠡᠪᠴᠢᠭᠰᠡᠨ ᠪᠠᠶᠢᠪᠠᠯ᠂ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ | ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ | ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠤᠨ᠎ᠠ᠃ ᠬᠤᠭᠤᠴᠠᠭ᠎ᠠ ᠬᠡᠳᠦᠷᠡᠭᠰᠡᠨ ᠪᠠᠶᠢᠳᠠᠯ᠎ᠠ | ᠵᠠᠯᠠᠷᠠᠭᠤᠯᠤᠭᠰᠠᠨ ᠦᠭᠡᠢ ᠪᠠᠶᠢᠪᠠᠯ ᠵᠠᠷᠯᠢᠭᠳᠠᠵᠦ ᠪᠠᠶᠢᠭᠠᠳ ᠰᠡᠷᠬᠦᠭᠡᠨ ᠬᠠᠭᠠᠯᠪᠤᠷᠢᠯᠠᠬᠤ ᠰᠦᠢᠳᠭᠡᠯ ᠲᠤᠰᠢᠶᠠᠯᠭᠠᠭᠠᠳ᠂ | ᠭᠠᠵᠠᠷ ᠰᠢᠷᠦᠢ ᠶᠢ ᠲᠠᠬᠢᠨ ᠬᠠᠭᠠᠯᠪᠤᠷᠢᠯᠠᠬᠤ ᠳᠤ ᠲᠤᠰᠬᠠᠢ ᠬᠡᠷᠡᠭᠯᠡᠨ᠎ᠡ ᠵᠤᠭᠤᠰ ᠢᠶᠠᠷ ᠲᠤᠷᠭᠠᠬᠤ ᠪᠠᠷ ᠰᠢᠳᠭᠡᠵᠦ ᠪᠤᠯᠤᠨ᠎ᠠ᠃ | | ᠲᠠᠯᠠᠨ ᠵᠢᠷᠭᠤᠳᠤᠭᠠᠷ ᠵᠦᠢᠯ ᠵᠦᠪᠰᠢᠶᠡᠷᠡᠯ ᠤᠯᠤᠭᠰᠠᠨ ᠦᠭᠡᠢ ᠪᠤᠶᠤ ᠮᠡᠭᠡᠯᠡᠬᠦ ᠠᠷᠭ᠎ᠠ ᠪᠠᠷ ᠵᠦᠪᠰᠢᠶᠡᠷᠡᠯ | ᠤᠯᠤᠭᠠᠳ ᠭᠠᠵᠠᠷ ᠰᠢᠷᠦᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠪᠠᠶᠢᠪᠠᠯ᠂ ᠰᠢᠶᠠᠨ ᠤ ᠱᠠᠳᠣᠨ ᠠᠴᠠ ᠲᠡᠭᠡᠭᠰᠢᠬᠢ | ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠠᠴᠠ ᠵᠠᠷᠯᠢᠭᠳᠠᠵᠦ ᠪᠠᠶᠢᠭᠠᠳ ᠬᠠᠤᠯᠢ ᠪᠤᠰᠤ ᠪᠠᠷ ᠬᠡᠷᠡᠭᠯᠡᠭᠰᠡᠨ ᠭᠠᠵᠠᠷ ᠰᠢᠷᠦᠢ ᠶᠢ ᠪᠤᠴᠠᠭᠠᠯᠭᠠᠨ᠎ᠠ᠂ ᠭᠠᠵᠷ | ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠠᠴᠠ ᠵᠦᠷᠢᠴᠡᠨ ᠲᠠᠷᠢᠶᠠᠯᠠᠩ ᠳᠤ ᠬᠡᠷᠡᠭᠯᠡᠬᠦ ᠭᠠᠵᠠᠷ ᠢ | ᠲᠤᠷ᠎ᠡ ᠪᠠᠷ ᠢᠶᠠᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠨ ᠬᠤᠪᠢᠷᠭᠠᠭᠰᠠᠨ ᠪᠠᠶᠢᠪᠠᠯ᠂ ᠬᠠᠤᠯᠢ ᠪᠤᠰᠤ ᠪᠠᠷ | ᠡᠵᠡᠯᠡᠨ ᠬᠡᠷᠡᠭᠯᠡᠭᠰᠡᠨ ᠭᠠᠵᠠᠷ ᠰᠢᠷᠦᠢ ᠲᠡᠭᠡᠷ᠎ᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠪᠠ ᠪᠤᠰᠤᠳ ᠲᠦᠬᠦᠭᠡᠷᠦᠮᠵᠢ ᠶᠢ | ᠬᠤᠭᠤᠴᠠᠭ᠎ᠠ ᠲᠤᠭᠳᠠᠭᠠᠨ ᠨᠤᠷᠠᠭᠠᠯᠭᠠᠨ ᠠᠷᠢᠯᠠᠭᠠᠭᠤᠯᠵᠦ᠂ ᠭᠠᠵᠠᠷ ᠰᠢᠷᠦᠢ ᠶᠢᠨ ᠤᠭ ᠤᠨ ᠪᠠᠶᠢᠳᠠᠯ ᠢ ᠨᠢ ᠰᠡᠷᠬᠦᠭᠡᠯᠭᠡᠨ᠎ᠡ᠂ | ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠨᠡᠶᠢᠴᠡᠵᠦ ᠪᠠᠶᠢᠪᠠᠯ᠂ ᠬᠠᠤᠯᠢ ᠪᠤᠰᠤ ᠪᠠᠷ ᠡᠵᠡᠯᠡᠨ | ᠬᠡᠷᠡᠭᠯᠡᠭᠰᠡᠨ ᠭᠠᠵᠠᠷ ᠰᠢᠷᠦᠢ ᠲᠡᠭᠡᠷ᠎ᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠪᠠ ᠪᠤᠰᠤᠳ ᠲᠦᠬᠦᠭᠡᠷᠦᠮᠵᠢ ᠶᠢ ᠨᠢ ᠬᠤᠷᠢᠶᠠᠨ | ᠠᠪᠴᠦ᠂ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠳᠭᠡᠵᠦ ᠪᠤᠯᠤᠨ᠎ᠠ᠃ ᠭᠠᠵᠠᠷ ᠰᠢᠷᠦᠢ ᠶᠢ ᠬᠠᠤᠯᠢ ᠪᠤᠰᠤ ᠪᠠᠷ | ᠡᠵᠡᠯᠡᠨ ᠬᠡᠷᠡᠭᠯᠡᠭᠰᠡᠨ ᠨᠢᠭᠡᠴᠢ ᠶᠢᠨ ᠰᠢᠭᠤᠳ ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠤᠭᠴᠢ ᠪᠠ ᠰᠢᠭᠤᠳ | ᠬᠠᠷᠢᠭᠤᠴᠠᠯᠭ᠎ᠠ ᠲᠠᠢ ᠪᠤᠰᠤᠳ ᠬᠦᠮᠦᠰ ᠲᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ᠃ ᠶᠠᠯ᠎ᠠ ᠪᠤᠯᠵᠦ | ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃ | ᠵᠦᠪᠰᠢᠶᠡᠷᠡᠭᠰᠡᠨ ᠲᠤᠭ᠎ᠠ ᠬᠡᠮᠵᠢᠶ᠎ᠡ ᠠᠴᠠ ᠲᠠᠪᠠᠭᠤᠯᠤᠨ ᠭᠠᠵᠠᠷ ᠰᠢᠷᠦᠢ ᠶᠢ ᠡᠵᠡᠯᠡᠨ ᠬᠡᠷᠡᠭᠯᠡᠭᠰᠡᠨ ᠪᠠᠶᠢᠪᠠᠯ᠂ ᠢᠯᠡᠭᠦᠦ | ᠡᠵᠡᠯᠡᠭᠰᠡᠨ ᠭᠠᠵᠠᠷ ᠰᠢᠷᠦᠢ ᠶᠢ ᠨᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠪᠠᠷ ᠲᠤᠭᠠᠴᠠᠵᠦ | ᠰᠢᠢᠳᠪᠦᠷᠢᠯᠡᠨ᠎ᠡ᠃ | ᠲᠠᠯᠠᠨ ᠲᠤᠯᠤᠳᠦᠭᠠᠷ ᠵᠦᠢᠯ ᠬᠦᠳᠡᠭᠡ ᠲᠤᠰᠬᠤᠨ ᠤ ᠭᠠᠴᠠᠭᠠᠨ ᠤ ᠠᠷᠠᠳ ᠵᠦᠪᠰᠢᠶᠡᠷᠡᠯ ᠤᠯᠤᠭᠰᠠᠨ ᠦᠭᠡᠢ | ᠪᠤᠶᠤ ᠮᠡᠭᠡᠯᠡᠬᠦ ᠠᠷᠭ᠎ᠠ ᠪᠠᠷ ᠵᠦᠪᠰᠢᠶᠡᠷᠡᠯ ᠤᠯᠤᠭᠠᠳ ᠭᠠᠵᠠᠷ ᠰᠢᠷᠦᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠵᠦ ᠤᠷᠤᠨ | ᠰᠠᠭᠤᠴᠠ ᠪᠠᠷᠢᠭᠰᠠᠨ ᠪᠠᠶᠢᠪᠠᠯ᠂ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ | ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠠᠤᠯᠢ ᠪᠤᠰᠤ ᠪᠠᠷ | ᠡᠵᠡᠯᠡᠨ ᠬᠡᠷᠡᠭᠯᠡᠭᠰᠡᠨ ᠭᠠᠵᠠᠷ ᠰᠢᠷᠦᠢ ᠶᠢ ᠪᠤᠴᠠᠭᠠᠯᠭᠠᠵᠦ᠂ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠲᠡᠭᠡᠷ᠎ᠡ | ᠰᠢᠨ᠎ᠡ ᠪᠠᠷ ᠪᠠᠷᠢᠭᠰᠠᠨ ᠭᠡᠷ ᠪᠠᠶᠢᠰᠢᠩ ᠢ ᠨᠢ ᠬᠤᠭᠤᠴᠠᠭ᠎ᠠ ᠲᠤᠭᠳᠠᠭᠠᠨ ᠨᠤᠷᠠᠭᠠᠯᠭᠠᠨ ᠠᠷᠢᠯᠠᠭᠠᠭᠤᠯᠤᠨᠠ᠃ | ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠲᠤᠭᠳᠠᠭᠠᠭᠰᠠᠨ ᠪᠠᠷᠢᠮᠵᠢᠶ᠎ᠡ ᠠᠴᠠ | ᠭᠡᠳᠦᠷᠡᠭᠰᠡᠨ ᠪᠠᠶᠢᠪᠠᠯ᠂ ᠢᠯᠡᠭᠦᠦ ᠡᠵᠡᠯᠡᠭᠰᠡᠨ ᠭᠠᠵᠠᠷ ᠰᠢᠷᠦᠢ ᠶᠢ ᠨᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ | ᠰᠢᠷᠦᠢ ᠪᠠᠷ ᠲᠤᠭᠠᠴᠠᠵᠦ ᠰᠢᠢᠳᠪᠦᠷᠢᠯᠡᠨ᠎ᠡ᠃ | ᠲᠠᠯᠠᠨ ᠨᠠᠢᠮᠠᠳᠦᠭᠠᠷ ᠵᠦᠢᠯ ᠭᠠᠵᠠᠷ ᠰᠢᠷᠦᠢ ᠶᠢ ᠲᠠᠳᠠᠪᠤᠷᠢᠯᠠᠬᠤ᠂ ᠭᠠᠵᠠᠷ ᠰᠢᠷᠦᠢ ᠶᠢ ᠬᠡᠷᠡᠭᠯᠡᠬᠦ ᠶᠢ ᠵᠦᠪᠰᠢᠶᠡᠷᠡᠬᠦ | ᠡᠷᠭᠡ ᠦᠭᠡᠢ ᠨᠢᠭᠡᠴᠢ ᠪᠤᠶᠤ ᠬᠤᠪᠢ ᠬᠦᠮᠦᠨ ᠭᠠᠵᠠᠷ ᠰᠢᠷᠦᠢ ᠶᠢᠨ ᠡᠵᠡᠯᠡᠨ ᠬᠡᠷᠡᠭᠯᠡᠬᠦ ᠶᠢ ᠬᠠᠤᠯᠢ ᠪᠤᠰᠤ ᠪᠠᠷ | ᠵᠦᠪᠰᠢᠶᠡᠷᠡᠭᠰᠡᠨ ᠪᠠ ᠵᠦᠪᠰᠢᠶᠡᠷᠡᠬᠦ ᠡᠷᠭᠡ ᠮᠡᠳᠡᠯ ᠤᠨ ᠬᠡᠪᠴᠢᠶ᠎ᠡ ᠠᠴᠠ ᠪᠠᠨ ᠲᠠᠪᠠᠵᠦ᠂ ᠭᠠᠵᠠᠷ ᠰᠢᠷᠦᠢ ᠡᠵᠡᠯᠡᠨ | ᠬᠡᠷᠡᠭᠯᠡᠬᠦ ᠶᠢ ᠬᠠᠤᠯᠢ ᠪᠤᠰᠤ ᠪᠠᠷ ᠵᠦᠪᠰᠢᠶᠡᠷᠡᠭᠰᠡᠨ᠂ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ | ᠲᠤᠭᠳᠠᠭᠠᠭᠰᠠᠨ ᠬᠡᠷᠡᠭᠯᠡᠯᠳᠡ ᠠᠴᠠ ᠵᠦᠷᠢᠴᠡᠨ ᠭᠠᠵᠠᠷ ᠬᠡᠷᠡᠭᠯᠡᠬᠦ ᠶᠢ ᠵᠦᠪᠰᠢᠶᠡᠷᠡᠭᠰᠡᠨ᠂ ᠡᠰᠡᠬᠦᠯ᠎ᠡ ᠭᠠᠵᠠᠷ ᠰᠢᠷᠦᠢ ᠶᠢ | ᠡᠵᠡᠯᠡᠨ ᠬᠡᠷᠡᠭᠯᠡᠬᠦ᠂ ᠲᠠᠳᠠᠪᠤᠷᠢᠯᠠᠬᠤ ᠶᠢ ᠬᠠᠤᠯᠢ ᠳᠤ ᠲᠤᠭᠳᠠᠭᠠᠭᠰᠠᠨ ᠵᠢᠷᠦᠮ ᠠᠴᠠ ᠵᠦᠷᠢᠴᠡᠨ ᠵᠦᠪᠰᠢᠶᠡᠷᠡᠭᠰᠡᠨ ᠪᠠᠶᠢᠪᠠᠯ᠂ | ᠵᠦᠪᠰᠢᠶᠡᠷᠡᠭᠰᠡᠨ ᠪᠢᠴᠢᠭ ᠮᠠᠲ᠋ᠧᠷᠢᠶᠠᠯ ᠨᠢ ᠬᠦᠴᠦᠨ ᠦᠭᠡᠢ ᠪᠤᠯᠤᠨ᠎ᠠ᠃ ᠭᠠᠵᠠᠷ ᠰᠢᠷᠦᠢ ᠲᠠᠳᠠᠪᠤᠷᠢᠯᠠᠬᠤ᠂ ᠭᠠᠵᠠᠷ ᠰᠢᠷᠦᠢ | ᠬᠡᠷᠡᠭᠯᠡᠬᠦ ᠶᠢ ᠬᠠᠤᠯᠢ ᠪᠤᠰᠤ ᠪᠠᠷ ᠵᠦᠪᠰᠢᠶᠡᠷᠡᠭᠰᠡᠨ ᠰᠢᠭᠤᠳ ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠤᠭᠴᠢ ᠪᠠ ᠰᠢᠭᠤᠳ | ᠬᠠᠷᠢᠭᠤᠴᠠᠯᠭ᠎ᠠ ᠲᠠᠢ ᠪᠤᠰᠤᠳ ᠬᠦᠮᠦᠰ ᠲᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠢᠳᠭᠡᠯ ᠦᠭᠬᠦᠨ᠎ᠡ᠃ ᠶᠠᠯ᠎ᠠ ᠪᠤᠯᠵᠦ | ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃ ᠬᠠᠤᠯᠢ ᠪᠤᠰᠤ ᠪᠠᠷ | ᠵᠦᠪᠰᠢᠶᠡᠷᠡᠭᠰᠡᠨ᠂ ᠬᠡᠷᠡᠭᠯᠡᠬᠦᠯᠦᠭᠰᠡᠨ ᠭᠠᠵᠠᠷ ᠰᠢᠷᠦᠢ ᠶᠢ ᠨᠢ ᠪᠤᠴᠠᠭᠠᠨ ᠠᠪᠬᠤ ᠬᠡᠷᠡᠭᠲᠠᠢ᠂ ᠬᠤᠯᠪᠤᠭᠳᠠᠯ ᠪᠦᠬᠦᠢ | ᠲᠤᠬᠠᠢ ᠶᠢᠨ ᠬᠦᠮᠦᠨ ᠨᠢ ᠪᠤᠴᠠᠭᠠᠵᠦ ᠦᠭᠬᠦ ᠶᠢ ᠲᠡᠪᠴᠢᠪᠡᠯ᠂ ᠭᠠᠵᠠᠷ ᠰᠢᠷᠦᠢ ᠶᠢ ᠬᠠᠤᠯᠢ ᠪᠤᠰᠤ ᠪᠠᠷ ᠡᠵᠡᠯᠡᠨ | ᠬᠡᠷᠡᠭᠯᠡᠭᠰᠡᠨ ᠢᠶᠠᠷ ᠲᠤᠭᠠᠴᠠᠵᠦ ᠰᠢᠢᠳᠪᠦᠷᠢᠯᠡᠨ᠎ᠡ᠃ | ᠭᠠᠵᠠᠷ ᠰᠢᠷᠦᠢ ᠲᠠᠳᠠᠪᠤᠷᠢᠯᠠᠬᠤ᠂ ᠭᠠᠵᠠᠷ ᠰᠢᠷᠦᠢ ᠬᠡᠷᠡᠭᠯᠡᠬᠦ ᠶᠢ ᠬᠠᠤᠯᠢ ᠪᠤᠰᠤ ᠪᠠᠷ ᠵᠦᠪᠰᠢᠶᠡᠷᠡᠭᠡᠳ ᠲᠤᠬᠠᠢ ᠶᠢᠨ | ᠬᠦᠮᠦᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠤᠰᠤᠭᠠᠷ ᠲᠦᠯᠦᠪᠤᠷᠢ ᠶᠢᠨ ᠬᠠᠷᠢᠭᠤᠴᠠᠯᠭ᠎ᠠ ᠡᠬᠦᠷᠭᠡᠯᠡᠬᠦ | ᠬᠡᠷᠡᠭᠲᠠᠢ᠃ | ᠲᠠᠯᠨ ᠶᠢᠰᠦᠳᠦᠭᠡᠷ ᠵᠦᠢᠯ ᠭᠠᠵᠠᠷ ᠰᠢᠷᠦᠢ ᠲᠠᠳᠠᠪᠤᠷᠢᠯᠠᠭᠳᠠᠭᠰᠠᠨ ᠨᠢᠭᠡᠴᠢ ᠶᠢᠨ ᠭᠠᠵᠠᠷ ᠰᠢᠷᠦᠢ | ᠲᠠᠳᠠᠪᠤᠷᠢᠯᠠᠭᠰᠠᠨ ᠲᠦᠯᠦᠪᠤᠷᠢ ᠰᠦᠢᠳᠭᠡᠯ ᠪᠠ ᠬᠤᠯᠪᠤᠭᠳᠠᠯ ᠪᠦᠬᠦᠢ ᠪᠤᠰᠤᠳ ᠰᠦᠢᠳᠭᠡᠯ ᠢ ᠡᠵᠡᠯᠡᠨ ᠬᠡᠷᠡᠭᠯᠡᠵᠦ᠂ | ᠨᠡᠬᠦᠯᠭᠡᠨ ᠬᠡᠷᠡᠭᠯᠡᠭᠡᠳ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ | ᠨᠡᠭᠡᠮᠵᠢᠯᠡᠨ᠎ᠡ᠃ ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠦᠭᠡᠢ ᠪᠤᠯ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠢᠳᠭᠡᠯ | ᠦᠭᠬᠦᠨ᠎ᠡ᠃ | ᠨᠠᠶᠠᠳᠤᠭᠠᠷ ᠵᠦᠢᠯ ᠣᠯᠣᠰ ᠤᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠬᠠᠤᠯᠢ ᠶᠤᠰᠤᠭᠠᠷ | ᠪᠤᠴᠠᠭᠠᠵᠦ ᠠᠪᠬᠤ ᠳᠤ ᠲᠤᠬᠠᠢ ᠶᠢᠨ ᠬᠦᠮᠦᠨ ᠨᠢ ᠭᠠᠵᠠᠷ ᠰᠢᠷᠦᠢ ᠲᠤᠰᠢᠶᠠᠬᠤ ᠶᠢ ᠲᠡᠪᠴᠢᠭᠰᠡᠨ᠂ ᠭᠠᠵᠠᠷ ᠰᠢᠷᠦᠢ ᠶᠢ ᠲᠦᠷ | ᠬᠡᠷᠡᠭᠯᠡᠬᠦ ᠬᠤᠭᠤᠴᠠᠭ᠎ᠠ ᠲᠦᠬᠦᠷᠦᠭᠰᠡᠨ ᠪᠠᠶᠢᠳᠠᠯ᠎ᠠ ᠪᠤᠴᠠᠭᠠᠵᠦ ᠦᠭᠬᠦ ᠶᠢ ᠲᠡᠪᠴᠢᠭᠰᠡᠨ᠂ ᠡᠰᠡᠬᠦᠯ᠎ᠡ ᠤᠯᠤᠰ ᠤᠨ | ᠦᠮᠴᠢᠯᠡᠯ ᠤᠨ ᠭᠠᠵᠠᠷ ᠰᠢᠷᠦᠢ ᠶᠢ ᠵᠦᠪᠰᠢᠶᠡᠷᠡᠭᠰᠡᠨ ᠬᠡᠷᠡᠭᠯᠡᠯᠳᠡ ᠶᠤᠰᠤᠭᠠᠷ ᠬᠡᠷᠡᠭᠯᠡᠭᠰᠡᠨ ᠦᠭᠡᠢ ᠪᠠᠶᠢᠪᠠᠯ᠂ ᠰᠢᠶᠠᠨ ᠤ | ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠭᠠᠵᠠᠷ ᠰᠢᠷᠦᠢ ᠶᠢ ᠨᠢ ᠪᠤᠴᠠᠭᠠᠯᠭᠠᠵᠦ᠂ ᠵᠤᠭᠤᠰ ᠢᠶᠠᠷ | ᠲᠤᠷᠭᠠᠨ᠎ᠠ᠃ | ᠨᠠᠶᠠᠨ ᠨᠢᠭᠡᠳᠦᠭᠡᠷ ᠵᠦᠢᠯ ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ | ᠡᠷᠭᠡ ᠶᠢ ᠲᠤᠷ᠎ᠡ ᠪᠠᠷ ᠢᠶᠠᠨ ᠰᠢᠯᠵᠢᠬᠦᠯᠦᠨ ᠬᠤᠳᠠᠯᠳᠤᠵᠦ᠂ ᠰᠢᠯᠵᠢᠬᠦᠯᠦᠨ ᠦᠭᠴᠦ᠂ ᠡᠰᠡᠬᠦᠯ᠎ᠡ ᠲᠦᠷᠢᠶᠡᠰᠦᠯᠡᠨ | ᠭᠠᠷᠭᠠᠭᠠᠳ ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠳᠤ ᠬᠡᠷᠡᠭᠯᠡᠬᠦᠯᠦᠭᠰᠡᠨ ᠪᠠᠶᠢᠪᠠᠯ᠂ ᠰᠢᠶᠠᠨ ᠤ ᠱᠠᠳᠣᠨ ᠠᠴᠠ | ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠵᠦ᠂ ᠬᠠᠤᠯᠢ ᠠᠴᠠ ᠵᠦᠷᠢᠴᠡᠵᠦ ᠤᠯᠤᠭᠰᠠᠨ | ᠤᠯᠵᠠ ᠠᠰᠢᠭ ᠢ ᠨᠢ ᠬᠤᠷᠢᠶᠠᠨ ᠠᠪᠴᠦ᠂ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠢᠳᠭᠡᠨ᠎ᠡ᠃ | ᠨᠠᠶᠠᠨ ᠬᠤᠶᠠᠳᠦᠭᠠᠷ ᠵᠦᠢᠯ ᠲᠤᠰ ᠬᠠᠤᠯᠢ ᠶᠢᠨ ᠲᠤᠭᠳᠠᠭᠠᠯ ᠶᠤᠰᠤᠭᠠᠷ ᠭᠠᠵᠠᠷ ᠰᠢᠷᠦᠢ ᠶᠢᠨ ᠡᠷᠭᠡ ᠶᠢᠨ | ᠬᠠᠷᠢᠶᠠᠯᠠᠯ ᠪᠠ ᠬᠡᠷᠡᠭᠯᠡᠯᠳᠡ ᠶᠢ ᠬᠤᠪᠢᠷᠠᠭᠠᠬᠤ ᠲᠠᠩᠰᠠᠯᠠᠯᠳᠠ ᠬᠢᠯᠭᠡᠭᠰᠡᠨ ᠦᠭᠡᠢ ᠪᠠᠶᠢᠪᠠᠯ᠂ ᠰᠢᠶᠠᠨ ᠤ ᠱᠠᠳᠤᠨ ᠠᠴᠠ | ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠬᠢᠯᠭᠡᠨ᠎ᠡ᠃ | ᠨᠠᠶᠠᠨ ᠭᠤᠷᠪᠠᠳᠦᠭᠠᠷ ᠵᠦᠢᠯ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠲᠡᠭᠡᠷ᠎ᠡ ᠰᠢᠨ᠎ᠡ ᠪᠠᠷ | ᠪᠠᠶᠢᠭᠤᠯᠤᠭᠰᠠᠨ ᠪᠠᠷᠢᠯᠭ᠎ᠠ ᠪᠠ ᠪᠤᠰᠤᠳ ᠲᠦᠬᠦᠭᠡᠷᠦᠮᠵᠢ ᠶᠢ ᠲᠤᠰ ᠬᠠᠤᠯᠢ ᠶᠢᠨ ᠲᠤᠭᠳᠠᠭᠠᠯ ᠶᠤᠰᠤᠭᠠᠷ ᠬᠤᠭᠤᠴᠠᠭ᠎ᠠ | ᠲᠤᠭᠳᠠᠭᠠᠨ ᠨᠤᠷᠭᠠᠨ ᠠᠷᠢᠯᠭᠠᠭᠤᠯᠬᠤ ᠪᠠᠷ ᠵᠠᠷᠯᠢᠭᠳᠠᠭᠰᠠᠨ ᠪᠠᠶᠢᠪᠠᠯ᠂ ᠪᠦᠳᠦᠭᠡᠨ ᠪᠠᠶᠢᠭᠤᠯᠬᠤ ᠨᠢᠭᠡᠴᠢ ᠪᠤᠶᠤ ᠬᠤᠪᠢ | ᠬᠦᠮᠦᠨ ᠨᠢ ᠪᠠᠷᠢᠯᠭ᠎ᠠ ᠶᠢᠨ ᠠᠵᠢᠯ ᠢᠶᠠᠨ ᠲᠡᠷᠡ ᠲᠤᠤᠷ᠎ᠡ ᠨᠢ ᠵᠤᠭᠰᠤᠭᠠᠵᠦ ᠦᠪᠡᠷᠳᠡᠭᠡᠨ ᠨᠤᠷᠭᠠᠨ ᠠᠷᠢᠯᠭᠠᠬᠤ ᠬᠡᠷᠡᠭᠲᠠᠢ᠃ | ᠪᠠᠷᠢᠯᠭ᠎ᠠ ᠶᠢᠨ ᠠᠵᠢᠯ ᠢᠶᠠᠨ ᠦᠷᠬᠦᠯᠵᠢᠯᠡᠨ ᠬᠢᠵᠦ ᠪᠠᠶᠢᠪᠠᠯ᠂ ᠰᠢᠳᠭᠡᠬᠦ ᠲᠤᠭᠳᠠᠭᠠᠯ ᠭᠠᠷᠭᠠᠭᠰᠠᠨ ᠪᠠᠶᠢᠭᠤᠯᠭ᠎ᠠ ᠬᠤᠷᠢᠭᠯᠠᠨ | ᠵᠤᠭᠰᠤᠭᠠᠬᠤ ᠡᠷᠭᠡ ᠲᠠᠢ᠃ ᠪᠦᠳᠦᠭᠡᠨ ᠪᠠᠶᠢᠭᠤᠯᠬᠤ ᠨᠢᠭᠡᠴᠢ ᠪᠤᠶᠤ ᠬᠤᠪᠢ ᠬᠦᠮᠦᠨ ᠵᠠᠷᠯᠢᠭᠳᠠᠵᠦ ᠪᠠᠶᠢᠭᠠᠳ ᠬᠤᠭᠤᠴᠠᠭ᠎ᠠ | ᠲᠤᠭᠳᠠᠭᠠᠨ ᠨᠤᠷᠭᠠᠨ ᠠᠷᠢᠯᠭᠠᠭᠤᠯᠬᠤ ᠵᠠᠰᠠᠭ ᠵᠠᠬᠢᠷᠭᠠᠨ ᠤ ᠰᠢᠢᠳᠭᠡᠯ ᠦᠭᠬᠦ ᠲᠤᠭᠳᠠᠭᠠᠯ ᠢ ᠬᠦᠯᠢᠶᠡᠬᠦ ᠦᠭᠡᠢ ᠪᠤᠯ᠂ | ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠨᠤᠷᠭᠠᠨ ᠠᠷᠢᠯᠭᠠᠭᠤᠯᠬᠤ ᠲᠤᠭᠳᠠᠭᠠᠯ ᠢ ᠬᠦᠯᠢᠶᠡᠨ ᠠᠪᠤᠭᠰᠠᠨ | ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠲᠤᠳᠤᠷ᠎ᠡ ᠠᠷᠠᠳ ᠤᠨ ᠰᠢᠬᠦᠬᠦ ᠬᠤᠷᠢᠶᠠᠨ ᠳᠤ ᠵᠠᠭᠠᠯᠳᠤᠵᠦ ᠪᠤᠯᠤᠨ᠎ᠠ᠃ | ᠬᠤᠭᠤᠴᠠᠭ᠎ᠠ ᠨᠢ ᠲᠦᠬᠦᠷᠦᠭᠰᠡᠨ ᠪᠠᠶᠢᠳᠠᠯ᠎ᠠ ᠵᠠᠭᠠᠯᠳᠣᠭᠰᠠᠨ ᠦᠭᠡᠢ ᠪᠦᠭᠡᠳ ᠦᠪᠡᠷᠳᠡᠭᠡᠨ ᠪᠠᠰᠠ ᠨᠤᠷᠭᠠᠨ ᠠᠷᠢᠯᠭᠠᠭᠰᠠᠨ | ᠦᠭᠡᠢ ᠪᠠᠶᠢᠪᠠᠯ᠂ ᠰᠢᠢᠳᠭᠡᠯ ᠦᠭᠬᠦ ᠲᠤᠭᠳᠠᠭᠠᠯ ᠭᠠᠷᠭᠠᠭᠰᠠᠨ ᠪᠠᠶᠢᠭᠤᠯᠭ᠎ᠠ ᠨᠢ ᠬᠠᠤᠯᠢ ᠶᠤᠰᠤᠭᠠᠷ ᠠᠷᠠᠳ ᠤᠨ ᠰᠢᠬᠦᠬᠦ | ᠬᠤᠷᠢᠶᠠᠨ ᠳᠤ ᠭᠤᠶᠤᠴᠢᠯᠠᠯ ᠭᠠᠷᠭᠠᠵᠦ ᠠᠯᠪᠠᠳᠠᠨ ᠬᠦᠢᠴᠡᠳᠭᠡᠬᠦᠯᠦᠨ᠎ᠡ᠂ ᠵᠠᠷᠣᠳᠠᠯ ᠰᠦᠢᠳᠭᠡᠯ ᠢ ᠨᠢ ᠬᠠᠤᠯᠢ ᠠᠴᠠ | ᠵᠦᠷᠢᠴᠡᠭᠰᠡᠳ ᠲᠠᠭᠠᠭᠠᠨ᠎ᠠ᠃ | ᠨᠠᠶᠠᠨ ᠳᠦᠷᠪᠡᠳᠦᠭᠡᠷ ᠵᠦᠢᠯ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠤᠨ ᠠᠵᠢᠯᠳᠠᠳ ᠡᠬᠦᠷᠭᠡ ᠲᠤᠰᠢᠶᠠᠯ ᠳᠠᠭᠠᠨ ᠣᠰᠣᠯᠳᠠᠵᠦ᠂ ᠡᠷᠭᠡ ᠲᠤᠰᠢᠶᠠᠯ ᠢᠶᠠᠨ ᠲᠤᠷ᠎ᠡ ᠪᠠᠷ ᠢᠶᠠᠨ ᠬᠡᠷᠡᠭᠯᠡᠵᠦ᠂ | ᠬᠤᠪᠢ ᠶᠢᠨ ᠨᠠᠶᠢᠷ ᠬᠠᠷᠠᠵᠦ ᠭᠡᠮ ᠬᠢᠭᠡᠳ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠤᠰᠤᠭᠠᠷ ᠡᠷᠡᠭᠦᠦ ᠶᠢᠨ | ᠬᠠᠷᠢᠭᠤᠴᠠᠯᠭ᠎ᠠ ᠨᠡᠭᠡᠮᠵᠢᠯᠡᠨ᠎ᠡ᠃ ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠦᠭᠡᠢ ᠪᠤᠯ ᠬᠠᠤᠯᠢ ᠶᠤᠰᠤᠭᠠᠷ ᠵᠠᠰᠠᠭ | ᠵᠠᠬᠢᠷᠭᠠᠨ ᠤ ᠰᠢᠢᠳᠭᠡᠯ ᠦᠭᠬᠦᠨ᠎ᠡ᠃ | | ᠨᠠᠢᠮᠠᠳᠤᠭᠠᠷ ᠪᠦᠯᠦᠭ ᠲᠠᠭᠠᠯᠳᠣᠭᠤᠯᠣᠭᠰᠠᠨ ᠲᠦᠷᠢᠮ | ᠨᠠᠶᠠᠨ ᠲᠠᠪᠤᠳᠦᠭᠠᠷ ᠵᠦᠢᠯ ᠲᠤᠮᠳᠠᠳᠦ ᠭᠠᠳᠠᠭᠠᠳᠦ ᠶᠢᠨ ᠪᠡᠯᠡ ᠨᠡᠶᠢᠯᠡᠬᠦᠯᠦᠨ ᠡᠵᠡᠩᠨᠡᠭᠰᠡᠨ ᠠᠵᠦ ᠠᠬᠤᠶᠢᠯᠠᠯ᠂ | ᠲᠤᠮᠳᠠᠳᠦ ᠭᠠᠳᠠᠭᠠᠳᠦ ᠶᠢᠨ ᠬᠤᠷᠰᠢᠨ ᠡᠵᠡᠩᠨᠡᠭᠰᠡᠨ ᠠᠵᠦ ᠠᠬᠤᠶᠢᠯᠠᠯ᠂ ᠭᠠᠳᠠᠭᠠᠳᠦ ᠪᠡᠯᠡ ᠶᠢᠨ ᠠᠵᠦ ᠠᠬᠤᠶᠢᠯᠠᠯ ᠤᠳ | ᠭᠠᠵᠠᠷ ᠰᠢᠷᠦᠢ ᠬᠡᠷᠡᠭᠯᠡᠬᠦ ᠳᠤ ᠲᠤᠰ ᠬᠠᠤᠯᠢ ᠶᠢ ᠬᠡᠷᠡᠭᠯᠡᠨ᠎ᠡ᠃ ᠬᠠᠤᠯᠢ ᠴᠠᠭᠠᠵᠠ ᠳᠤ ᠠᠰᠳᠠᠭᠠᠨ ᠲᠤᠭᠳᠠᠭᠠᠯ ᠲᠠᠢ ᠪᠠᠶᠢᠪᠠᠯ | ᠲᠡᠷᠡ ᠲᠤᠭᠳᠠᠭᠠᠯ ᠢ ᠬᠡᠷᠡᠭᠵᠢᠬᠦᠯᠦᠨ᠎ᠡ᠃ | ᠨᠠᠶᠠᠨ ᠵᠢᠷᠭᠤᠳᠦᠭᠠᠷ ᠵᠦᠢᠯ ᠲᠤᠰ ᠬᠠᠤᠯᠢ ᠶᠢ 1999 ᠤᠨ ᠤ 1 ᠰᠠᠷ᠎ᠡ ᠶᠢᠨ 1 ᠤ ᠡᠳᠦᠷ ᠠᠴᠠ ᠡᠬᠢᠯᠡᠵᠦ | ᠬᠡᠷᠡᠭᠵᠢᠬᠦᠯᠦᠨ᠎ᠡ᠃ | | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠠᠷᠠᠳ ᠤᠨ ᠵᠠᠰᠠᠭ ᠤᠨ ᠤᠷᠳᠤᠨ ᠤ ᠮᠣᠩᠭᠤᠯ | ᠰᠦᠯᠵᠢᠶ᠎ᠡ ᠠᠴᠠ ᠰᠢᠯᠵᠢᠭᠦᠯᠪᠠ᠃ |