ᠠᠳᠤᠭᠤᠨ ᠤ ᠡᠪᠡᠷᠯᠢᠭ ᠪᠦᠷᠬᠦᠪᠴᠢ ᠶᠢᠨ ᠦᠷᠪᠢᠰᠤᠯ ᠢ ᠭᠡᠷᠬᠢᠨ ᠵᠠᠰᠠᠬᠤ ᠪᠤᠢ
ᠨᠡᠶᠢᠲᠡᠯᠡᠭᠰᠡᠨ ᠴᠠᠭ᠄
2020/11/13
     ᠠᠳᠤᠭᠤᠨ ᠤ ᠡᠪᠡᠷᠯᠢᠭ ᠪᠦᠷᠬᠦᠪᠴᠢ ᠶᠢᠨ ᠦᠷᠪᠢᠰᠤᠯ ᠢ ᠵᠠᠰᠠᠬᠤ ᠠᠷᠭ᠎ᠠ ᠤᠯᠠᠨ ᠪᠠᠶᠢᠳᠠᠬ ᠴᠦ ᠤᠷᠳᠦ ᠴᠠᠬ ᠭᠡᠷᠡᠭᠰᠡᠬᠦ ᠪᠦᠭᠡᠳ ᠡᠮᠨᠡᠯ ᠤᠨ ᠳᠤᠰᠠ ᠠᠨᠠᠢ ᠪᠠᠶᠢᠳᠠᠬ᠃ ᠵᠠᠷᠢᠮ ᠭᠠᠵᠠᠷ ᠤᠨ ᠬᠢᠨ ᠡᠪᠡᠷᠯᠢᠭ ᠪᠦᠷᠬᠦᠪᠴᠢ ᠶᠢᠨ ᠦᠷᠪᠢᠰᠤᠯ ᠤᠯᠤᠬᠰᠠᠨ ᠮᠤᠷᠢᠨ ᠤ ᠨᠠᠮᠵᠢᠭᠤᠨ ᠰᠤᠳᠠᠯ ᠳᠤ ᠦᠵᠦᠮ ᠤᠨ ᠰᠢᠬᠢᠷᠳᠦ ᠢᠤᠳ᠋ᠳᠤ ᠺᠠᠯᠢ ᠶᠢᠨ ᠠᠭᠤᠰᠤᠮᠠᠯ ᠳᠠᠷᠢᠬᠤ ᠠᠷᠭ᠎ᠠ ᠶᠢ ᠳᠤᠷᠰᠢᠨ ᠭᠡᠷᠡᠭᠯᠡᠭᠡᠳ ᠰᠠᠶᠢᠨ ᠦᠷ᠎ᠠ ᠪᠦᠳᠤᠮᠵᠢ ᠤᠯᠳᠠᠬ᠃ ᠡᠬᠦᠨ ᠳᠤ ᠢᠤᠳ᠋ᠳᠦ ᠺᠠᠯᠢ 5g᠂ 5% ᠶᠢᠨ ᠰᠢᠬᠢᠷ ᠳᠠᠪᠤᠰᠦ ᠲᠠᠢ ᠤᠰᠦ 500ml ᠢ ᠠᠭᠤᠰᠬᠠᠭᠠᠳ ᠨᠠᠮᠵᠢᠭᠤᠨ ᠰᠤᠳᠠᠯ ᠳᠤᠨᠢ ᠳᠠᠷᠢᠨ᠎ᠠ᠃ ᠡᠳᠦᠷ ᠲᠤ ᠨᠢᠭᠡ ᠤᠳᠠᠭ᠎ᠠ᠂ ᠦᠷᠬᠦᠯᠵᠢᠯᠡᠨ 3 ~ 5 ᠡᠳᠦᠷ ᠳᠠᠷᠢᠨ᠎ᠠ᠃      ᠦᠵᠦᠮ ᠤᠨ ᠰᠢᠬᠢᠷᠳᠦ ᠢᠤᠳ᠋ᠳᠦ ᠺᠠᠯᠢ ᠶᠢᠨ ᠠᠭᠤᠰᠤᠮᠠᠯ ᠮᠤᠷᠢᠨ ᠤ ᠡᠪᠡᠷᠯᠢᠭ ᠪᠦᠷᠬᠦᠪᠴᠢ ᠶᠢᠨ ᠦᠷᠪᠢᠰᠤᠯ ᠢ ᠵᠠᠰᠠᠬᠤ ᠳᠤ ᠰᠠᠶᠢᠨ ᠳᠤᠬᠢᠷᠠᠵᠦ᠂ ᠨᠢᠳᠤᠨ ᠤ ᠡᠪᠡᠷᠯᠢᠭ ᠪᠦᠷᠬᠦᠪᠴᠢ ᠶᠢᠨ ᠢᠳᠡᠭᠡᠮᠤᠷᠳᠤᠬᠦ ᠦᠷᠪᠢᠰᠤᠯ ᠢ ᠵᠠᠰᠠᠬᠤ ᠳᠤ ᠳᠤᠬᠢᠷᠠᠬᠤ ᠦᠭᠡᠢ᠃      ᠦᠵᠦᠮ ᠤᠨ ᠰᠢᠬᠢᠷᠳᠦ ᠢᠤᠳ᠋ᠳᠤ ᠺᠠᠯᠢ ᠶᠢᠨ ᠠᠭᠤᠰᠤᠮᠠᠯ ᠢ ᠨᠠᠮᠵᠢᠭᠤᠨ ᠰᠤᠳᠠᠯ ᠳᠤᠨᠢ ᠠᠭᠠᠵᠢᠮᠬᠠᠨ ᠳᠠᠷᠢᠬᠤ ᠭᠡᠷᠡᠭᠳᠠᠢ᠂ ᠦᠭᠡᠢ ᠪᠤᠯ ᠮᠠᠯ ᠤᠨᠤᠭ᠎ᠠ ᠮᠠᠨᠠᠷᠠᠵᠦ ᠮᠡᠳᠡᠨ᠎ᠠ᠃      ᠦᠵᠦᠮ ᠤᠨ ᠰᠢᠬᠢᠷᠳᠦ ᠢᠤᠳ᠋ᠳᠦ ᠺᠠᠯᠢ ᠶᠢᠨ ᠠᠭᠤᠰᠤᠮᠠᠯ ᠢ ᠨᠠᠶᠢᠷᠠᠭᠤᠯᠤᠬᠰᠠᠨ ᠳᠠᠷᠤᠢ ᠳᠠᠭᠠᠨ ᠭᠡᠷᠡᠭᠯᠡᠬᠦ ᠭᠡᠷᠡᠭᠳᠠᠢ᠃ ᠤᠳᠠᠭᠠᠨ ᠳᠠᠯᠪᠢᠪᠠᠯ ᠦᠵᠦᠮ ᠤᠨ ᠰᠢᠬᠢᠷᠳᠦ ᠳᠠᠪᠤᠰᠤᠨ ᠠᠭᠤᠰᠤᠮᠠᠯ ᠳᠤᠳᠤᠷᠠᠬᠢ ᠪᠠᠭ᠎ᠠ ᠭᠡᠮᠵᠢᠶᠡᠨ ᠤ ᠰᠢᠬᠢᠷ ᠪᠤᠯᠤᠨ ᠢᠤᠳ᠋ᠳᠦ ᠺᠠᠯᠢ ᠨᠢ ᠠᠭᠠᠵᠢᠮ ᠢᠶᠠᠷ ᠤᠷᠪᠠᠯᠳᠤᠵᠦ ᠦᠢᠯᠡᠳᠤᠯ ᠢᠶᠠᠨ ᠠᠯᠳᠠᠬᠤ ᠪᠤᠯᠤᠨ᠎ᠠ᠃      ︵ᠢᠷᠡᠯᠲᠡ᠄ ᠰᠠᠨ᠎ᠠ ᠶᠢᠨ ᠨᠠᠶᠢᠷᠠᠭᠤᠯᠤᠭᠰᠠᠨ ︽ᠮᠠᠯ ᠵᠢᠭᠦᠷᠲᠡᠨ ᠤ ᠡᠪᠡᠳᠴᠢᠨ ᠢ ᠰᠡᠷᠭᠡᠶᠢᠯᠡᠨ ᠵᠠᠰᠠᠬᠤ ᠠᠰᠠᠭᠤᠯᠲᠠ ᠬᠠᠷᠢᠭᠤᠯᠲᠠ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠮᠠᠯ ᠵᠢᠭᠦᠷᠲᠡᠨ ᠤ ᠡᠪᠡᠳᠴᠢᠨ ᠢ ᠰᠡᠷᠭᠡᠶᠢᠯᠡᠨ ᠵᠠᠰᠠᠬᠤ ᠠᠰᠠᠭᠤᠯᠲᠠ ᠬᠠᠷᠢᠭᠤᠯᠲᠠ︾
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号