ᠠᠰᠠᠭᠤᠯᠲᠠ᠄ ᠲᠤᠭᠤᠷᠪᠢᠭᠰᠠᠨ ᠠᠬᠤᠢ ᠪᠠᠶᠢᠳᠠᠯ ᠨᠢ ᠶᠠᠮᠠᠷ ᠪᠣᠶ︖ | ᠬᠠᠷᠢᠭᠤᠯᠲᠠ᠄ ᠲᠥᠮᠥᠰᠥ ᠪᠣᠯ ᠮᠠᠨ ᠤ ᠣᠷᠣᠨ ᠤ ᠳᠥᠷᠪᠡᠳᠦᠭᠡᠷ ᠲᠣᠮᠣ ᠠᠮᠤ ᠪᠤᠳᠠᠭᠠᠨ ᠤ ᠲᠠᠷᠢᠮᠠᠯ | ᠪᠣᠯᠤᠨ᠎ᠠ᠂ 2019 ᠣᠨ ᠤ ᠲᠥᠮᠥᠰᠥ ᠲᠠᠷᠢᠭᠰᠠᠨ ᠲᠠᠯᠠᠪᠠᠶ 29.74 ᠲᠦᠮᠡᠨ ᠾᠧᠺᠲ᠋ᠠᠷ ᠲᠤ ᠬᠦᠷᠴᠦ᠂ | ᠤᠨᠠᠯᠲᠠ ᠨᠢ 137.77 ᠲᠦᠮᠡᠨ ᠲᠣᠨ ᠳᠤ ᠬᠦᠷᠴᠡᠢ᠂ ᠡᠨᠡ ᠨᠢ ᠮᠠᠨ ᠤ ᠣᠷᠣᠨ ᠤ ᠠᠮᠤ ᠪᠤᠳᠠᠭᠠᠨ ᠤ | ᠦᠢᠯᠡᠳᠪᠦᠷᠢᠯᠡᠯ᠂ ᠪᠦᠲᠦᠴᠡ ᠶᠢᠨ ᠲᠣᠬᠢᠷᠠᠭᠤᠯᠤᠯᠲᠠ᠂ ᠭᠠᠮᠰᠢᠭ ᠢ ᠡᠰᠡᠷᠭᠦᠴᠡᠵᠦ ᠭᠠᠮᠰᠢᠭ ᠢ ᠪᠠᠭᠠᠰᠬᠠᠬᠤ᠂ ᠠᠵᠤ | ᠦᠢᠯᠡᠰ ᠢᠶᠠᠷ ᠶᠠᠳᠠᠭᠤ ᠶᠢ ᠲᠡᠳᠬᠦᠬᠦ ᠳᠤ ᠲᠦᠢᠯ ᠤᠨ ᠴᠢᠬᠤᠯᠠ ᠠᠴᠢ ᠬᠤᠯᠪᠤᠭᠳᠠᠯ ᠲᠠᠢ ᠶᠤᠮ᠃ 2019 ᠣᠨ ᠤ | 2 ᠰᠠᠷ᠎ᠠ ᠳᠤ᠂ ᠶᠡᠷᠦᠩᠬᠡᠶ ᠰᠠᠶᠢᠳ ᠯᠢ ᠺᠧ ᠴᠢᠶᠠᠩ ᠮᠠᠨ ᠤ ᠣᠷᠣᠨ ᠤ ᠤᠯᠠᠭᠠᠨᠴᠠᠪ ᠬᠤᠲᠠ ᠳᠤ ᠪᠠᠶᠢᠴᠠᠭᠠᠨ | ᠰᠤᠳᠤᠯᠵᠤ ᠰᠢᠨᠵᠢᠯᠡᠨ ᠪᠠᠶᠢᠴᠠᠭᠠᠬᠤ ᠳᠤ ᠪᠠᠨ ᠵᠢᠭᠠᠵᠤ ᠭᠠᠷᠭᠠᠭᠰᠠᠨ ᠨᠢ᠄ ︽ᠲᠥᠮᠥᠰᠥ ᠶᠢ ᠭᠤᠤᠯ ᠠᠮᠤ ᠪᠤᠳᠠᠭ᠎ᠠ | ᠪᠣᠯᠭᠠᠬᠤ ᠨᠢ ᠠᠯᠤᠰ ᠶᠡᠭᠡ ᠢᠷᠡᠭᠡᠳᠦᠶ ᠲᠠᠢ ᠶᠤᠮ᠂ ᠮᠠᠨ ᠤ ᠤᠯᠤᠰ ᠤᠨ ︿ᠬᠠᠳᠤᠭᠤᠷ ᠤᠨ ᠨᠤᠭᠤᠯᠤᠭ᠎ᠠ﹀ ᠭᠠᠵᠠᠷ | ᠣᠷᠣᠨ ᠲᠠᠢ ᠤᠶᠠᠯᠳᠤᠭᠤᠯᠤᠨ ᠡᠷᠳᠡᠨᠢ ᠰᠢᠰᠢ ᠶᠢᠨ ᠲᠠᠯᠠᠪᠠᠢ ᠶᠢ ᠳᠣᠭᠢᠷᠠᠭᠤᠯᠤᠨ ᠬᠠᠰᠤᠵᠤ᠂ ᠲᠠᠷᠢᠶᠠᠴᠢᠳ ᠤᠨ | ᠶᠠᠰᠤ ᠴᠢᠨᠠᠷ ᠢᠶᠠᠷ ᠰᠠᠶᠢᠨ᠂ ᠳᠠᠪᠠᠭᠤᠯᠢᠭ ᠲᠠᠯ᠎ᠠ ᠲᠠᠢ ᠲᠥᠮᠥᠰᠥ ᠲᠠᠷᠢᠬᠤ ᠪᠠᠨ ᠥᠷᠭᠡᠳᠬᠡᠬᠦ ᠶᠢ ᠰᠤᠳᠤᠯᠤᠨ | ᠳᠠᠮᠵᠢᠵᠤ᠂ ᠲᠤᠮᠤ ᠠᠵᠤ ᠦᠢᠯᠡᠰ ᠪᠣᠯᠭᠠᠨ ᠬᠦᠭᠵᠢᠭᠦᠯᠦᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ | ᠬᠦᠴᠦᠨ ᠨᠡᠮᠡᠷᠢᠯᠡᠬᠦ ᠬᠡᠷᠡᠭᠲᠡᠢ︾ ᠭᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠦᠮᠦᠰᠦ ᠶᠢᠨ ᠠᠵᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠰᠢᠢᠳᠪᠦᠷᠢᠲᠦ | ᠢᠯᠠᠯᠲᠠ ᠶᠢ ᠲᠡᠮᠡᠴᠡᠨ ᠤᠯᠬᠤ ᠪᠠ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠬᠦᠴᠦᠨ | ᠨᠡᠮᠡᠷᠢᠯᠡᠬᠦ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ︽ᠲᠦᠮᠦᠰᠦ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠲᠤᠬᠠᠶ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 35 ᠳ᠋ᠤᠭᠠᠷ ᠲᠣᠭᠠᠲᠤ︶ | ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ | ᠠᠰᠠᠭᠤᠯᠲᠠ᠄ ︽ᠰᠠᠨᠠᠯ︾ ᠤᠨ ᠶᠡᠷᠦᠩᠬᠡᠶ ᠱᠠᠭᠠᠷᠳᠠᠯᠭ᠎ᠠ ᠨᠢ ᠶᠠᠭᠤ ᠪᠣᠶ︖ | ᠬᠠᠷᠢᠭᠤᠯᠲᠠ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠶᠡᠷᠦᠩᠬᠡᠶ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ | ᠠᠬᠤᠢ ᠶᠢ ᠡᠩ ᠲᠡᠷᠢᠭᠦᠨ ᠳᠤ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ | ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠨ᠂ ᠠᠵᠤ ᠦᠢᠯᠡᠰ ᠤᠨ | ᠪᠠᠶᠢᠷᠢᠰᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠲᠥᠮᠥᠰᠥ ᠶᠢᠨ ᠳᠠᠪᠠᠭᠤᠯᠢᠭ | ᠣᠨᠴᠠᠯᠢᠭᠲᠤ ᠠᠵᠤ ᠦᠢᠯᠡᠰ ᠤᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠲᠤᠰᠬᠠᠶᠢᠵᠢᠭᠰᠠᠨ ᠪᠠ | ᠬᠡᠪᠴᠢᠶᠡᠵᠢᠭᠰᠡᠨ ᠠᠵᠤ ᠦᠢᠯᠡᠰ ᠤᠨ ᠪᠦᠯᠦᠭᠵᠢᠯ ᠢ ᠪᠤᠢ ᠪᠣᠯᠭᠠᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ | ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠨ | ᠨᠡᠮᠡᠭᠳᠡᠭᠦᠯᠵᠦ᠂ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠪᠣᠳᠠᠰ ᠤᠨ ᠲᠤᠨᠤᠭ ᠲᠦᠬᠦᠷᠦᠮᠵᠢ ᠶᠢ | ᠰᠠᠶᠢᠵᠢᠷᠠᠭᠤᠯᠵᠤ᠂ ᠲᠥᠮᠥᠰᠥ ᠶᠢᠨ ᠠᠵᠤ ᠦᠢᠯᠡᠰ ᠤᠨ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠮᠧᠬᠠᠨᠢᠭᠵᠢᠭᠰᠠᠨ᠂ | ᠨᠡᠷᠡᠲᠦ ᠲᠡᠮᠳᠡᠭᠵᠢᠭᠰᠡᠨ᠂ ᠮᠡᠳᠡᠭᠡ ᠵᠠᠩᠬᠢᠵᠢᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ | ᠠᠵᠤ ᠦᠢᠯᠡᠰ ᠢᠶᠠᠷ ᠶᠠᠳᠠᠭᠤ ᠶᠢ ᠲᠡᠳᠬᠦᠵᠦ ᠪᠠᠶᠠᠵᠢᠬᠤ ᠶᠢ ᠨᠢ ᠳᠠᠶᠢᠴᠢᠯᠠᠬᠤ ᠴᠢᠳᠠᠪᠤᠷᠢ ᠶᠢ ᠤᠯᠠᠮ ᠨᠢᠭᠡ ᠠᠯᠬᠤᠮ | ᠴᠢᠩᠭᠠᠷᠠᠭᠤᠯᠵᠤ᠂ ᠪᠦᠬᠦ ᠤᠯᠤᠰ ᠲᠤ ᠠᠯᠳᠠᠷᠰᠢᠭᠰᠠᠨ ᠴᠢᠨᠠᠷ ᠰᠠᠶᠢᠲᠠᠢ ᠪᠦᠭᠡᠳ ᠬᠤᠤᠷ ᠦᠭᠡᠶᠢᠳᠡᠭᠦᠯᠦᠭᠰᠡᠨ | ᠦᠷ᠎ᠡ ᠶᠢᠨ ᠲᠥᠮᠥᠰᠥ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠪᠣᠬᠢᠷᠲᠤᠯ ᠦᠭᠡᠶ ᠰᠣᠷᠭᠤᠭ ᠢᠳᠡᠭᠡᠨ ᠤ | ᠲᠥᠮᠥᠰᠥ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠲᠥᠮᠥᠰᠥ ᠶᠢ ᠨᠠᠷᠢᠯᠢᠭ ᠭᠦᠨ ᠡᠳ᠋ᠰᠢᠯᠡᠭᠦᠯᠦᠨ | ᠪᠣᠯᠪᠠᠰᠤᠷᠠᠭᠤᠯᠬᠤ ᠪᠠ ᠪᠦᠲᠦᠭᠡᠭᠳᠡᠬᠦᠨ ᠢ ᠭᠠᠳᠠᠭᠰᠢ ᠭᠠᠷᠭᠠᠬᠤ ᠰᠠᠭᠤᠷᠢᠨ ᠭᠠᠵᠠᠷ ᠤᠳ ᠢ ᠪᠠᠶᠢᠭᠤᠯᠤᠨ᠂ ᠮᠠᠨ ᠤ | ᠣᠷᠣᠨ ᠤ ᠲᠥᠮᠥᠰᠥ ᠶᠢᠨ ᠳᠠᠪᠠᠭᠤᠯᠢᠭ ᠭᠠᠷᠤᠯᠲᠠ ᠶᠢᠨ ᠣᠷᠣᠨ ᠤ ᠭᠤᠤᠯᠯᠠᠬᠤ ᠪᠠᠶᠢᠷᠢ ᠰᠠᠭᠤᠷᠢ ᠶᠢ ᠪᠠᠬᠢᠵᠢᠭᠦᠯᠦᠨ | ᠳᠡᠭᠡᠭᠰᠢᠯᠡᠭᠦᠯᠦᠨ᠎ᠡ᠃ | ᠠᠰᠠᠭᠤᠯᠲᠠ᠄ ︽ᠰᠠᠨᠠᠯ︾ ᠤᠨ ᠠᠵᠢᠯ ᠤᠨ ᠬᠠᠷᠠᠯᠲᠠ︖ | ᠬᠠᠷᠢᠭᠤᠯᠲᠠ᠄ 2025 ᠣᠨ ᠪᠣᠯᠬᠤ ᠳᠤ ᠳᠠᠷᠢᠬᠤ ᠲᠠᠯᠠᠪᠠᠶ ᠶᠢ 800 ᠲᠦᠮᠡᠨ ᠮᠥ ᠠᠴᠠ ᠳᠡᠭᠡᠭᠰᠢ ᠳᠤ | ᠬᠦᠷᠦᠭᠦᠯᠬᠦ ᠪᠠᠷ ᠴᠢᠷᠮᠠᠶᠢᠨ᠎ᠠ | ᠠᠩᠬ᠎ᠠ ᠡᠳ᠋ᠰᠢᠯᠡᠭᠦᠯᠦᠨ ᠪᠣᠯᠪᠠᠰᠤᠷᠠᠭᠤᠯᠬᠤ ᠪᠠ ᠨᠠᠷᠢᠯᠢᠭ ᠭᠦᠨ ᠪᠣᠯᠪᠠᠰᠤᠷᠠᠭᠤᠯᠵᠤ ᠤᠯᠠᠷᠢᠭᠤᠯᠬᠤ | ᠨᠣᠷᠮ᠎ᠠ ᠶᠢ 60% ᠣᠷᠴᠢᠮ ᠳᠤ ᠬᠦᠷᠦᠭᠦᠯᠦᠨ᠎ᠡ | ᠪᠦᠬᠦ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠭᠳᠡᠭᠦᠨ ᠤ ᠥᠷᠲᠡᠭ ᠢ 230 ᠳ᠋ᠦᠩᠰᠢᠭᠤᠷ | ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ | ᠬᠤᠤᠷ ᠦᠭᠡᠶᠢᠳᠡᠭᠦᠯᠦᠭᠰᠡᠨ ᠦᠷ᠎ᠡ ᠶᠢᠨ ᠲᠥᠮᠥᠰᠥ ᠶᠢᠨ ᠲᠦᠭᠡᠮᠡᠯᠵᠢᠭᠦᠯᠬᠦ ᠨᠣᠷᠮ᠎ᠠ ᠶᠢ 92% ᠲᠤ | ᠬᠦᠷᠦᠭᠦᠯᠦᠨ᠎ᠡ | ᠠᠯᠳᠠᠷᠰᠢᠭᠰᠠᠨ ᠲᠥᠮᠥᠰᠥ ᠶᠢᠨ ᠲᠠᠸᠠᠷ᠂ ᠲᠥᠮᠥᠰᠥ ᠶᠢᠨ ᠨᠠᠷᠠᠲᠤ ᠲᠡᠮᠳᠡᠭ ᠢ 5 ᠣᠷᠴᠢᠮ ᠪᠣᠶ ᠪᠣᠯᠭᠠᠨ᠎ᠠ | ᠪᠦᠬᠦ ᠤᠯᠤᠰ ᠲᠤ ᠠᠯᠳᠠᠷᠰᠢᠭᠰᠠᠨ ᠲᠦᠮᠦᠰᠦ ᠦᠢᠯᠡᠳᠪᠦᠷᠢᠯᠡᠬᠦ᠂ ᠰᠢᠨ᠎ᠡ ᠶᠢ ᠡᠭᠦᠳᠬᠦ᠂ ᠭᠦᠢᠯᠭᠡᠭᠡ ᠶᠢᠨ | ᠰᠠᠭᠤᠷᠢᠨ ᠭᠠᠵᠠᠷ ᠢ ᠪᠠᠶᠢᠭᠤᠯᠤᠨ᠎ᠠ | ᠠᠰᠠᠭᠤᠯᠲᠠ᠄ ︽ᠰᠠᠨᠠᠯ︾ ᠤᠨ ᠭᠤᠤᠯᠳᠠᠯᠭ᠎ᠠ ᠲᠠᠢ ᠠᠷᠭ᠎ᠠ ᠬᠡᠮᠵᠢᠶ᠎ᠡ︖ | ᠬᠠᠷᠢᠭᠤᠯᠲᠠ᠄ ᠨᠢᠭᠡ ᠳᠤ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ | ᠳᠠᠪᠠᠭᠤᠯᠢᠭ ᠠᠵᠤ ᠦᠢᠯᠡᠰ ᠤᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ᠲᠥᠮᠥᠰᠥᠨ ᠤ ᠠᠵᠤ ᠦᠢᠯᠡᠰ ᠤᠨ ᠣᠷᠣᠨ ᠪᠦᠰᠡ ᠶᠢᠨ ᠪᠠᠶᠢᠷᠢᠰᠢᠯ ᠢ ᠲᠣᠬᠢᠷᠠᠭᠤᠯᠤᠨ ᠰᠢᠯᠢᠳᠡᠭᠵᠢᠭᠦᠯᠵᠦ᠂ | ᠳᠠᠪᠠᠭᠤᠯᠢᠭ ᠣᠷᠣᠨ ᠪᠦᠰᠡ ᠶᠢᠨ ᠲᠥᠪᠯᠡᠷᠡᠯ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠲᠠᠷᠢᠶᠠᠯᠠᠩ ᠤᠨ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠬᠦᠯᠵᠦ᠂ ᠦᠷ᠎ᠡ ᠶᠢᠨ ᠲᠦᠮᠦᠰᠦ | ᠪᠣᠶᠢᠵᠢᠭᠤᠯᠬᠤ ᠶᠢ ᠴᠢᠩᠭᠠᠳᠬᠠᠵᠤ᠂ ᠰᠢᠨ᠎ᠡ ᠰᠣᠷᠭᠤᠭ ᠢᠳᠡᠭᠡᠨ ᠤ ᠲᠥᠮᠥᠰᠥ ᠶᠢ ᠰᠢᠯᠢᠳᠡᠭᠵᠢᠭᠦᠯᠦᠨ᠂ ᠨᠠᠷᠢᠯᠢᠭ | ᠪᠣᠯᠪᠠᠰᠤᠷᠠᠭᠤᠯᠬᠤ ᠲᠤᠰᠬᠠᠢ ᠬᠡᠷᠡᠭᠯᠡᠭᠡᠨ ᠤ ᠲᠥᠮᠥᠰᠥ ᠦᠢᠯᠡᠳᠪᠦᠷᠢᠯᠡᠨ᠎ᠡ᠃ | ᠬᠤᠶᠠᠷ ᠲᠤ ᠦᠷ᠎ᠡ ᠶᠢᠨ ᠲᠦᠮᠦᠰᠦ ᠶᠢᠨ ᠠᠵᠤ ᠦᠢᠯᠡᠰ ᠢ ᠬᠦᠴᠦᠷᠬᠡᠭᠵᠢᠭᠦᠯᠦᠨ᠎ᠡ | ᠰᠢᠨ᠎ᠡ ᠡᠭᠦᠯᠳᠡᠷ ᠢ ᠰᠣᠩᠭᠤᠨ ᠪᠤᠶᠢᠵᠢᠭᠤᠯᠵᠤ ᠰᠢᠨ᠎ᠡ ᠶᠢ ᠡᠭᠦᠳᠬᠦ ᠶᠢ ᠲᠦᠷᠭᠡᠳᠬᠡᠨ᠎ᠡ᠃ ᠰᠢᠨ᠎ᠡ | ᠡᠭᠦᠯᠳᠡᠷ ᠤᠨ ᠬᠤᠯᠪᠤᠭᠠᠯᠠᠨ ᠪᠣᠭᠤᠮᠲᠠ ᠰᠢᠪᠲᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ | ᠮᠠᠨ ᠤ ᠤᠷᠤᠨ ᠤ ᠦᠢᠯᠡᠳᠪᠦᠷᠢᠯᠡᠯ ᠤᠨ ᠨᠥᠬᠦᠴᠡᠯ ᠪᠣᠯᠤᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ | ᠵᠣᠬᠢᠴᠠᠭᠰᠠᠨ ᠴᠢᠨᠠᠷ ᠰᠠᠶᠢᠲᠠᠶ ᠰᠢᠨ᠎ᠡ ᠡᠭᠦᠯᠳᠡᠷ ᠢ ᠰᠣᠩᠭᠤᠨ ᠪᠤᠶᠢᠵᠢᠭᠤᠯᠵᠤ ᠳᠡᠯᠭᠡᠷᠡᠭᠦᠯᠬᠦ ᠶᠢ ᠲᠦᠷᠭᠡᠳᠬᠡᠨ᠎ᠡ᠃ | ᠦᠷ᠎ᠡ ᠶᠢᠨ ᠲᠥᠮᠥᠰᠥ ᠶᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ | ᠪᠠ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠤᠯᠤᠰ ᠤᠨ ᠰᠠᠶᠢᠨ ᠡᠭᠦᠯᠳᠡᠷ ᠤᠨ ᠲᠦᠮᠦᠰᠦ | ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠢᠳᠡᠪᠬᠢᠲᠡᠢ ᠵᠣᠬᠢᠶᠠᠨ ᠪᠠᠶᠢᠭᠤᠯᠤᠨ ᠠᠬᠢᠭᠤᠯᠵᠤ᠂ ᠤᠯᠤᠰ ᠠᠴᠠ ᠨᠠᠩ ᠣᠯᠠᠨ ᠰᠠᠶᠢᠨ ᠡᠭᠦᠯᠳᠡᠷ ᠤᠨ ᠲᠦᠮᠦᠰᠦ | ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠲᠦᠷᠦᠯ ᠵᠦᠢᠯ ᠢ ᠭᠤᠶᠤᠴᠢᠯᠠᠨ᠂ ᠦᠷ᠎ᠡ ᠶᠢᠨ | ᠲᠥᠮᠥᠰᠥ ᠶᠢᠨ ᠰᠠᠭᠤᠷᠢᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠦᠷ᠎ᠡ ᠶᠢᠨ ᠲᠥᠮᠥᠰᠥ ᠦᠷᠡᠵᠢᠭᠦᠯᠦᠨ | ᠪᠤᠶᠢᠵᠢᠭᠤᠯᠬᠤ ᠶᠢᠨ ᠣᠷᠣᠬᠤ ᠶᠢ ᠵᠥᠪᠰᠢᠶᠡᠷᠡᠬᠦ ᠳᠦᠷᠢᠮ ᠢ ᠪᠠᠶᠢᠭᠤᠯᠤᠨ᠎ᠠ᠃ | ᠦᠷ᠎ᠡ ᠶᠢᠨ ᠲᠦᠮᠦᠰᠦ ᠶᠢᠨ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠨᠢ ᠲᠡᠳᠬᠦᠨ | ᠲᠡᠮᠵᠢᠨ᠎ᠡ᠃ ᠪᠤᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠭᠰᠠᠨ ᠦᠷ᠎ᠡ ᠶᠢᠨ | ᠲᠥᠮᠥᠰᠥ ᠶᠢᠨ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠨᠢ ᠭᠤᠤᠯᠳᠠᠯᠭ᠎ᠠ ᠲᠠᠢ ᠲᠡᠳᠭᠦᠵᠦ᠂ | ᠦᠷ᠎ᠡ ᠶᠢᠨ ᠲᠥᠮᠥᠰᠥᠨ ᠤ ᠠᠵᠤ ᠠᠬᠤᠶᠢᠯᠠᠯ ᠤᠨ ᠨᠠᠶᠢᠯᠡᠨ ᠲᠠᠬᠢᠨᠲᠠ ᠵᠣᠬᠢᠶᠠᠨ ᠪᠠᠶᠢᠭᠤᠯᠬᠤ ᠶᠢ ᠨᠢ | ᠵᠣᠷᠢᠭᠵᠢᠭᠤᠯᠤᠨ᠂ ᠨᠡᠷ᠎ᠡ ᠠᠯᠳᠠᠷᠲᠠᠢ ᠦᠷ᠎ᠡ ᠶᠢᠨ ᠲᠥᠮᠥᠰᠥ ᠶᠢᠨ ᠠᠵᠤ ᠠᠬᠤᠶᠢᠯᠠᠯ ᠤᠨ ᠨᠡᠷᠡᠲᠦ ᠲᠡᠮᠳᠡᠭ ᠢ | ᠪᠤᠶᠢᠵᠢᠭᠤᠯᠵᠤ᠂ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠨᠢ ᠳᠡᠭᠡᠭᠰᠢᠯᠡᠭᠦᠯᠦᠨ᠎ᠡ᠃ | ᠦᠷ᠎ᠡ ᠶᠢᠨ ᠲᠥᠮᠥᠰᠥ ᠶᠢᠨ ᠶᠠᠰᠤ ᠴᠢᠨᠠᠷ ᠤᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠡ᠃ | ᠦᠷ᠎ᠡ ᠶᠢᠨ ᠲᠥᠮᠥᠰᠥ ᠶᠢᠨ ᠶᠠᠰᠤ ᠴᠢᠨᠠᠷ ᠢ ᠪᠦᠬᠦ ᠶᠠᠪᠤᠴᠠ ᠳᠤ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ | ᠪᠠᠶᠢᠴᠠᠭᠠᠨ ᠰᠢᠯᠭᠠᠬᠤ ᠡᠷᠴᠢᠮ ᠢ ᠴᠢᠩᠭᠠᠯᠠᠵᠤ᠂ ᠪᠠᠶᠢᠴᠠᠭᠠᠨ ᠰᠢᠯᠭᠠᠬᠤ ᠪᠦᠯᠦᠭ ᠤᠳᠠᠭ᠎ᠠ ᠶᠢ ᠨᠡᠮᠡᠭᠳᠡᠭᠦᠯᠦᠨ᠂ | ᠦᠷ᠎ᠡ ᠶᠢᠨ ᠲᠥᠮᠥᠰᠥ ᠶᠢᠨ ᠦᠢᠯᠡᠳᠪᠦᠷᠢᠯᠡᠯ ᠤᠨ ᠭᠡᠷᠡᠴᠢᠯᠡᠬᠦ ᠠᠵᠢᠯ ᠢ ᠢᠳᠡᠪᠬᠢᠲᠡᠶ ᠦᠷᠨᠢᠭᠦᠯᠦᠨ᠎ᠡ᠃ ᠦᠷ᠎ᠡ ᠶᠢᠨ | ᠲᠥᠮᠥᠰᠥ ᠶᠢᠨ ᠦᠢᠯᠡᠳᠪᠦᠷᠢᠯᠡᠯ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ᠭᠤᠷᠪᠠ ᠳᠤ ᠲᠥᠮᠥᠰᠥ ᠶᠢᠨ ᠴᠢᠨᠠᠷ ᠰᠠᠶᠢᠲᠠᠶ ᠪᠦᠭᠡᠳ ᠪᠣᠬᠢᠷᠲᠤᠯ ᠥᠬᠡᠶ ᠦᠢᠯᠡᠳᠪᠦᠷᠢᠯᠡᠯ ᠢ | ᠬᠡᠷᠡᠭᠵᠢᠭᠦᠯᠦᠨ᠎ᠡ | ᠪᠤᠷᠳᠤᠭᠤᠷ ᠢ ᠬᠢᠵᠠᠭᠠᠷᠯᠠᠵᠤ ᠦᠷ᠎ᠡ ᠠᠰᠢᠭ ᠢ ᠨᠡᠮᠡᠭᠳᠡᠭᠦᠯᠦᠨ᠎ᠡ᠃ ᠣᠷᠭᠠᠨᠢᠭ ᠪᠤᠷᠳᠤᠭᠤᠷ ᠢᠶᠠᠷ ᠣᠷᠭᠠᠨᠢᠭ | ᠪᠤᠰᠤ ᠪᠤᠷᠳᠤᠭᠤᠷ ᠢ ᠣᠷᠣᠯᠠᠭᠤᠯᠬᠤ᠂ ᠪᠣᠷᠳᠣᠭᠤᠷ ᠣᠷᠣᠭᠤᠯᠬᠤ ᠠᠷᠭ᠎ᠠ ᠬᠡᠯᠪᠡᠷᠢ ᠶᠢ ᠰᠠᠶᠢᠵᠢᠷᠠᠭᠤᠯᠬᠤ᠂ | ᠪᠣᠷᠳᠣᠭᠤᠷ ᠣᠷᠣᠭᠤᠯᠬᠤ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠵᠡᠷᠭᠡ ᠶᠡᠷᠦᠩᠬᠡᠶᠢᠯᠡᠭᠰᠡᠨ ᠠᠷᠭ᠎ᠠ | ᠬᠡᠮᠵᠢᠶ᠎ᠡ ᠪᠠᠷ ᠳᠠᠮᠵᠢᠭᠤᠯᠤᠨ ᠬᠢᠮᠢ ᠶᠢᠨ ᠪᠣᠷᠳᠣᠭᠤᠷ ᠤᠨ ᠬᠡᠮᠵᠢᠶ᠎ᠡ ᠶᠢ ᠪᠠᠭᠠᠰᠬᠠᠬᠤ ᠶᠢ ᠪᠡᠶᠡᠯᠡᠭᠦᠯᠦᠨ᠎ᠡ ᠃ | ᠡᠮ ᠢ ᠬᠢᠵᠠᠭᠠᠷᠯᠠᠵᠤ ᠬᠤᠤᠷᠳᠠᠯ ᠢ ᠪᠠᠭᠠᠰᠬᠠᠨ᠎ᠠ᠃ ᠡᠮ ᠰᠠᠴᠤᠬᠤ ᠪᠠᠭᠠᠵᠢ ᠲᠥᠬᠦᠭᠡᠷᠦᠮᠵᠢ ᠶᠢ | ᠰᠠᠶᠢᠵᠢᠷᠠᠭᠤᠯᠵᠤ᠂ ᠨᠢᠭᠡᠳᠦᠯᠲᠡᠶ ᠰᠡᠷᠭᠡᠶᠢᠯᠡᠨ ᠵᠠᠰᠠᠬᠤ ᠪᠠ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠶᠢ | ᠳᠡᠯᠭᠡᠷᠡᠭᠦᠯᠦᠨ᠂ ᠮᠧᠬᠠᠨᠢᠭ ᠢᠶᠠᠷ ᠲᠠᠩᠨᠠᠵᠤ ᠡᠪᠡᠰᠦ ᠠᠷᠢᠯᠭᠠᠬᠤ ᠶᠢ ᠨᠡᠮᠡᠭᠳᠡᠭᠦᠯᠵᠦ᠂ ᠥᠨᠳᠥᠷ ᠦᠷ᠎ᠡ ᠠᠰᠢᠭᠲᠤ | ᠠᠮᠢᠳᠤ ᠪᠣᠳᠠᠰ ᠤᠨ ᠲᠠᠷᠢᠶᠠᠨ ᠡᠮ ᠢ ᠢᠳᠡᠪᠬᠢᠲᠡᠢ ᠳᠡᠯᠭᠡᠷᠡᠭᠦᠯᠦᠨ᠂ ᠬᠢᠮᠢ ᠶᠢᠨ ᠲᠠᠷᠢᠶᠠᠨ ᠡᠮ ᠤᠨ ᠬᠡᠷᠡᠭᠯᠡᠯᠲᠡ ᠶᠢ | ᠪᠠᠭᠠᠰᠬᠠᠨ᠎ᠠ᠃ | ᠣᠰᠣᠯᠠᠯᠲᠠ ᠶᠢ ᠬᠢᠵᠠᠭᠠᠷᠯᠠᠨ ᠬᠤᠷᠣᠭᠳᠠᠯ ᠢ ᠪᠠᠭᠠᠰᠬᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠵᠡᠷᠭᠡ ᠲᠠᠷᠢᠶᠠᠯᠠᠩ ᠤᠨ ᠭᠤᠤᠯᠳᠠᠯᠭ᠎ᠠ ᠲᠠᠢ ᠲᠥᠷᠥᠯ ᠵᠦᠢᠯ ᠢᠶᠠᠷ ᠳᠠᠮᠵᠢᠭᠤᠯᠤᠨ᠂ | ᠰᠦᠷᠴᠢᠨ ᠤᠰᠤᠯᠠᠬᠤ ᠶᠢ ᠳᠤᠰᠤᠯᠭᠠᠨ ᠤᠰᠤᠯᠠᠬᠤ ᠪᠠᠷ ᠦᠭᠡᠷᠡᠴᠢᠯᠡᠬᠦ ᠶᠢ ᠲᠦᠯᠬᠢᠨ ᠠᠬᠢᠭᠤᠯᠵᠤ᠂ ᠤᠰᠤ ᠪᠠ | ᠪᠣᠷᠳᠣᠭᠤᠷ ᠢ ᠥᠨᠳᠥᠷ ᠦᠷ᠎ᠡ ᠠᠰᠢᠭᠲᠠᠢ ᠪᠠᠷ ᠨᠢᠭᠡ ᠴᠣᠭᠴᠠᠵᠢᠭᠤᠯᠬᠤ ᠮᠡᠷᠭᠡᠵᠢᠯ ᠢ ᠳᠡᠯᠭᠡᠷᠡᠭᠦᠯᠦᠨ᠎ᠡ᠃ | ᠪᠦᠷᠬᠦᠭᠦᠯ ᠢ ᠬᠢᠵᠠᠭᠠᠷᠯᠠᠨ ᠪᠣᠬᠢᠷᠲᠤᠯ ᠢ ᠪᠠᠭᠠᠰᠬᠠᠨ᠎ᠠ᠃ ᠤᠯᠤᠰ ᠤᠨ ᠰᠢᠨ᠎ᠡ ᠪᠠᠷᠢᠮᠵᠢᠶᠠᠲᠤ ᠰᠦᠯᠢᠶᠣᠣ | ᠪᠦᠷᠬᠦᠭᠦᠯ ᠢ ᠳᠡᠯᠭᠡᠷᠡᠭᠦᠯᠦᠨ ᠬᠡᠷᠡᠭᠯᠡᠵᠦ᠂ ᠠᠮᠢᠳᠤ ᠪᠣᠳᠠᠰ ᠤᠨ ᠵᠠᠳᠠᠷᠠᠯᠲᠤ ᠪᠦᠷᠬᠦᠭᠦᠯ ᠢ ᠬᠡᠷᠡᠭᠯᠡᠬᠦ ᠶᠢ ᠨᠢ | ᠵᠣᠷᠢᠭᠵᠢᠭᠤᠯᠤᠨ ᠬᠥᠲᠥᠯᠥᠨ ᠵᠢᠯᠤᠭᠤᠳᠴᠤ᠂ ᠥᠨᠳᠥᠷ ᠳᠠᠯᠠᠩᠲᠣ ᠪᠦᠷᠬᠦᠭᠦᠯ ᠥᠬᠡᠶ ᠳᠤᠰᠤᠯᠭᠠᠨ ᠤᠰᠤᠯᠠᠬᠤ | ᠮᠡᠷᠭᠡᠵᠢᠯ ᠢ ᠶᠡᠬᠡᠪᠡᠷ ᠳᠡᠯᠭᠡᠷᠡᠭᠦᠯᠦᠨ᠎ᠡ᠃ | ᠡᠭᠡᠯᠵᠢᠯᠡᠨ ᠲᠠᠷᠢᠵᠤ ᠡᠪᠡᠳᠴᠢᠨ ᠢ ᠡᠵᠡᠮᠳᠡᠨ᠎ᠡ᠃ ᠲᠥᠮᠥᠰᠥ ᠶᠢ 4 ᠵᠢᠯ ᠠᠴᠠ ᠳᠡᠭᠡᠭᠰᠢ ᠡᠭᠡᠯᠵᠢᠯᠡᠨ | ᠳᠠᠷᠢᠬᠤ ᠶᠢ ᠠᠯᠪᠠᠳᠠᠯᠭ᠎ᠠ ᠪᠠᠷ ᠴᠢᠩᠭ᠎ᠠ ᠬᠡᠷᠡᠭᠵᠢᠭᠦᠯᠦᠨ᠎ᠡ︔ ᠲᠠᠸᠠᠷ ᠤᠨ ᠲᠥᠮᠥᠰᠥ ᠶᠢ 3 ᠵᠢᠯ ᠠᠴᠠ ᠳᠡᠭᠡᠭᠰᠢ | ᠡᠭᠡᠯᠵᠢᠯᠡᠨ ᠲᠠᠷᠢᠬᠤ ᠶᠢ ᠬᠥᠲᠥᠯᠥᠨ ᠵᠢᠯᠣᠭᠤᠳᠤᠨ᠎ᠠ᠃ | ᠳᠥᠷᠪᠡ ᠳᠤ ᠲᠥᠮᠥᠰᠥ ᠶᠢ ᠪᠣᠯᠪᠠᠰᠤᠷᠠᠭᠤᠯᠵᠤ ᠤᠯᠠᠷᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠭᠠᠷᠤᠯᠲᠠ ᠶᠢᠨ ᠣᠷᠣᠨ ᠳᠤ ᠠᠩᠬ᠎ᠠ ᠡᠳ᠋ᠰᠢᠭᠦᠯᠦᠨ ᠪᠣᠯᠪᠠᠰᠤᠷᠠᠭᠤᠯᠬᠤ ᠶᠢ ᠨᠢ ᠵᠣᠷᠢᠭᠵᠢᠭᠤᠯᠤᠨ᠎ᠠ᠃ ᠠᠵᠤ | ᠠᠬᠤᠶᠢᠯᠠᠯ ᠢ ᠢᠳᠡᠪᠬᠢᠲᠡᠢ ᠣᠷᠣᠭᠤᠯᠤᠨ ᠠᠪᠴᠢᠷᠠᠵᠤ ᠠᠩᠬ᠎ᠠ ᠵᠡᠷᠭᠡ ᠶᠢᠨ ᠡᠳ᠋ᠰᠢᠭᠦᠯᠵᠦ ᠪᠣᠯᠪᠠᠰᠤᠷᠠᠭᠤᠯᠬᠤ ᠠᠵᠢᠯ ᠢ | ᠦᠷᠨᠢᠭᠦᠯᠵᠦ᠂ ᠦᠢᠯᠡᠳᠪᠦᠷᠢᠯᠡᠭᠰᠡᠨ ᠤ ᠳᠠᠷᠠᠭᠠᠬᠢ ᠲᠠᠸᠠᠷᠴᠢᠯᠠᠨ ᠰᠢᠢᠳᠪᠦᠷᠢᠯᠡᠬᠦ ᠴᠢᠳᠠᠪᠤᠷᠢ ᠪᠠ ᠬᠢᠷᠢ | ᠲᠦᠪᠰᠢᠨ ᠢ ᠳᠡᠭᠡᠭᠰᠢᠯᠡᠭᠦᠯᠦᠨ᠂ ᠴᠡᠪᠡᠷ ᠨᠣᠭᠤᠭ᠎ᠠ ᠶᠢ ᠵᠠᠬ᠎ᠠ ᠳᠡᠯᠭᠡᠭᠦᠷ ᠲᠤ ᠭᠠᠷᠭᠠᠬᠤ ᠶᠢ ᠪᠡᠶᠡᠯᠡᠭᠦᠯᠦᠨ᠎ᠡ᠃ | ᠨᠠᠷᠢᠯᠢᠭ ᠭᠦᠨ ᠪᠣᠯᠪᠠᠰᠤᠷᠠᠭᠤᠯᠬᠤ ᠶᠢ ᠲᠡᠳᠭᠦᠨ᠎ᠡ᠃ ᠪᠣᠯᠪᠠᠰᠤᠷᠠᠭᠤᠯᠬᠤ ᠬᠥᠲᠥᠴᠢ ᠠᠵᠤ ᠠᠬᠤᠶᠢᠯᠠᠯ ᠤᠨ ᠨᠠᠷᠢᠯᠢᠭ | ᠭᠦᠨ ᠪᠣᠯᠪᠠᠰᠤᠷᠠᠭᠤᠯᠬᠤ ᠴᠢᠳᠠᠪᠤᠷᠢ ᠪᠠᠨ ᠳᠡᠭᠡᠭᠰᠢᠯᠡᠭᠦᠯᠬᠦ ᠶᠢ ᠭᠤᠤᠯᠳᠠᠯᠭ᠎ᠠ ᠲᠠᠢ ᠳᠠᠮᠵᠢᠵᠤ᠂ ᠥᠨᠳᠥᠷ ᠨᠡᠮᠡᠯᠲᠡ | ᠥᠷᠲᠡᠭ ᠲᠠᠢ ᠪᠦᠲᠦᠭᠡᠭᠳᠡᠭᠦᠨ ᠪᠣᠯᠭᠠᠨ ᠪᠣᠯᠪᠠᠰᠤᠷᠠᠭᠤᠯᠬᠤ ᠠᠵᠢᠯ ᠢ ᠥᠷᠨᠢᠭᠦᠯᠦᠨ᠎ᠡ᠃ | ᠭᠤᠤᠯ ᠢᠳᠡᠭᠡᠨ ᠤ ᠪᠦᠲᠦᠭᠡᠭᠳᠡᠭᠦᠨ ᠪᠣᠯᠭᠠᠵᠤ ᠨᠡᠭᠡᠭᠡᠨ ᠬᠥᠭᠵᠢᠭᠦᠯᠬᠦ ᠶᠢ ᠳᠠᠮᠵᠢᠨ᠎ᠠ᠃ ᠲᠥᠮᠥᠰᠥ ᠪᠠᠷ | ᠭᠤᠤᠯ ᠢᠳᠡᠭᠡᠨ ᠤ ᠪᠦᠲᠦᠭᠡᠭᠳᠡᠭᠦᠨ ᠪᠣᠯᠭᠠᠨ ᠦᠢᠯᠡᠳᠪᠦᠷᠢᠯᠡᠬᠦ ᠠᠵᠤ ᠠᠬᠤᠶᠢᠯᠠᠯ ᠤᠨ ᠭᠤᠤᠯ ᠢᠳᠡᠭᠡᠨ ᠤ | ᠪᠦᠲᠦᠭᠡᠭᠳᠡᠬᠦᠨ ᠪᠣᠯᠭᠠᠬᠤ ᠪᠠᠷ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ᠎ᠠ᠃ | ᠲᠠᠪᠤ ᠳᠤ ᠲᠦᠮᠦᠰᠦ ᠶᠢᠨ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ | ᠪᠦᠯᠦᠭᠯᠡᠨ ᠬᠥᠭᠵᠢᠬᠦ ᠶᠢ ᠲᠦᠷᠭᠡᠳᠬᠡᠨ᠎ᠡ᠃ ᠭᠤᠤᠯ ᠭᠠᠷᠤᠯᠲᠠ ᠶᠢᠨ ᠣᠷᠣᠨ ᠤ ᠲᠦᠮᠦᠰᠦ ᠶᠢᠨ ᠠᠵᠤ | ᠦᠢᠯᠡᠰ ᠤᠨ ᠪᠦᠯᠦᠭᠵᠢᠯ ᠢ ᠪᠠᠶᠢᠭᠤᠯᠬᠤ ᠶᠢ ᠳᠡᠮᠵᠢᠵᠦ᠂ ᠳᠠᠪᠠᠭᠤᠯᠢᠭ ᠣᠷᠣᠨ ᠳᠤ ᠣᠲᠣ ᠦᠶ᠎ᠡ ᠶᠢᠨ | ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠵᠤ᠂ ᠵᠢᠭᠤᠯᠴᠢᠯᠠᠯ ᠤᠨ ᠠᠵᠤ ᠦᠢᠯᠡᠰ ᠢ | ᠵᠡᠷᠭᠡᠪᠡᠷ ᠬᠥᠭᠵᠢᠭᠦᠯᠦᠨ᠎ᠡ᠃ | ᠮᠠᠰᠢᠨᠴᠢᠯᠠᠯᠲᠠ ᠪᠠᠷ ᠠᠵᠢᠯᠯᠠᠬᠤ ᠢ ᠲᠦᠯᠬᠢᠨ ᠠᠬᠢᠭᠤᠯᠤᠨ᠎ᠠ᠃ ᠦᠢᠯᠡᠳᠪᠦᠷᠢᠯᠡᠯ ᠤᠨ ᠰᠢᠨ᠎ᠡ ᠬᠡᠯᠪᠡᠷᠢ ᠶᠢᠨ | ᠡᠵᠡᠩᠨᠡᠯᠲᠡ ᠶᠢᠨ ᠭᠤᠣᠯ ᠴᠣᠭᠴᠠ ᠶᠢᠨ ᠬᠢᠨ ᠲᠣᠮᠣ ᠬᠡᠯᠪᠡᠷᠢ ᠶᠢᠨ ᠮᠧᠬᠠᠨᠢᠭ ᠵᠢᠴᠢ ᠨᠢᠭᠡ ᠴᠤᠭᠴᠠᠵᠢᠭᠰᠠᠨ | ᠬᠤᠷᠢᠶᠠᠬᠤ ᠮᠠᠰᠢᠨ ᠮᠧᠬᠠᠨᠢᠭ ᠬᠤᠳᠠᠯᠳᠤᠨ ᠠᠪᠬᠤ ᠶᠢ ᠨᠢ ᠳᠠᠮᠵᠢᠵᠤ᠂ ᠲᠤᠰᠬᠠᠶᠢᠵᠢᠭᠰᠠᠨ ᠦᠢᠯᠡᠴᠢᠯᠡᠭᠡᠨ ᠤ | ᠵᠣᠬᠢᠶᠠᠨ ᠪᠠᠶᠢᠭᠤᠯᠤᠯᠲᠠ ᠶᠢᠨ ᠲᠣᠨᠤᠭ ᠲᠥᠬᠦᠭᠡᠷᠦᠮᠵᠢ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠳᠠᠮᠵᠢᠵᠤ᠂ | ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠨᠢ ᠥᠷᠭᠡᠳᠬᠡᠨ᠎ᠡ᠃ | ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠳᠤᠮᠳᠠᠳᠤ ᠤᠯᠤᠰ ᠤᠨ ᠲᠦᠮᠦᠰᠦ ᠶᠢᠨ | ᠠᠵᠤ ᠦᠢᠯᠡᠰ ᠤᠨ ᠢᠨᠲ᠋ᠧᠷ ᠰᠦᠯᠵᠢᠶᠡᠨ ᠤ ᠲᠣᠮᠣ ᠳ᠋ᠠᠶᠢᠲ᠋ᠠ ᠶᠢᠨ ᠲᠠᠪᠴᠠᠩ ᠢ ᠲᠡᠭᠦᠯᠳᠡᠷᠵᠢᠭᠦᠯᠬᠦ ᠶᠢ ᠳᠡᠮᠵᠢᠵᠦ᠂ | ᠲᠥᠮᠥᠰᠥᠨ ᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠮᠡᠳᠡᠭᠡ ᠵᠠᠩᠭᠢᠵᠢᠯᠲᠠ ᠶᠢᠨ ᠬᠡᠷᠡᠭᠯᠡᠯᠲᠡ ᠶᠢ ᠲᠦᠯᠬᠢᠨ | ᠠᠬᠢᠭᠤᠯᠤᠨ᠎ᠠ᠃ | ᠨᠠᠷᠠᠲᠤ ᠲᠡᠮᠳᠡᠭ ᠢ ᠡᠭᠦᠳᠦᠨ ᠪᠠᠶᠢᠭᠤᠯᠬᠤ ᠶᠢ ᠴᠢᠩᠭᠠᠳᠬᠠᠨ᠎ᠠ᠃ ᠲᠦᠮᠦᠰᠦ ᠶᠢᠨ ᠭᠤᠣᠯ | ᠦᠢᠯᠡᠳᠪᠦᠷᠢᠯᠡᠯ ᠤᠨ ᠣᠷᠣᠨ ᠤ ᠭᠠᠵᠠᠷ ᠵᠦᠶ ᠶᠢᠨ ᠢᠯᠡᠷᠬᠡᠶᠢᠯᠡᠯᠲᠦ ᠶᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ | ᠤᠯᠠᠭᠠᠨᠴᠠᠪ ᠬᠤᠲᠠ ᠶᠢᠨ ᠲᠥᠮᠥᠰᠥ ᠶᠢᠨ ᠤᠯᠤᠰ ᠤᠨ ᠣᠨᠴᠠ ᠰᠢᠯᠢᠳᠡᠭ ᠣᠷᠣᠨ ᠳᠤ ᠵᠢᠷᠤᠮᠵᠢᠭᠰᠠᠨ | ᠬᠠᠮᠢᠶᠠᠷᠤᠯᠲᠠ ᠬᠢᠬᠦ ᠶᠢ ᠴᠢᠩᠭᠠᠳᠬᠠᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠤᠨ | ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠂ ︽ᠮᠧᠩ ︵蒙︶ ᠦᠰᠦᠭᠲᠦ︾ ᠪᠦᠲᠦᠭᠡᠭᠳᠡᠭᠦᠨ ᠤ ᠨᠡᠷᠡᠲᠦ | ᠲᠡᠮᠳᠡᠭ ᠪᠠ ᠠᠵᠤ ᠠᠬᠤᠶᠢᠯᠠᠯ ᠤᠨ ᠨᠡᠷᠡᠲᠦ ᠲᠡᠮᠳᠡᠭ ᠢ ᠪᠤᠶᠢᠵᠢᠭᠤᠯᠤᠨ᠎ᠠ᠃ | ᠣᠯᠠᠨ ᠡᠰᠢᠵᠢᠭᠰᠡᠨ ᠡᠵᠡᠩᠨᠡᠯᠲᠡ ᠪᠣᠷᠣᠯᠠᠭᠤᠯᠭ᠎ᠠ ᠶᠢ ᠠᠬᠢᠭᠤᠯᠤᠨ᠎ᠠ᠃ ᠲᠤᠰᠬᠠᠶ ᠬᠡᠷᠡᠭᠯᠡᠭᠡᠨ ᠤ ᠡᠭᠦᠯᠳᠡᠷ ᠢ | ᠥᠪᠡᠷᠮᠢᠴᠡᠵᠢᠭᠦᠯᠦᠨ ᠪᠣᠷᠣᠯᠠᠭᠤᠯᠬᠤ ᠶᠢ ᠳᠡᠯᠭᠡᠷᠡᠭᠦᠯᠦᠨ᠎ᠡ᠃ ᠪᠣᠷᠣᠯᠠᠭᠤᠯᠬᠤ ᠦᠵᠦᠭᠦᠷ ᠢ ᠨᠡᠭᠡᠭᠡᠵᠦ᠂ ᠪᠣᠷᠣᠯᠠᠭᠤᠯᠬᠤ | ᠬᠡᠪ ᠵᠠᠭᠪᠤᠷ ᠤᠨ ᠰᠢᠨ᠎ᠡ ᠶᠢ ᠡᠭᠦᠳᠴᠦ᠂ ᠦᠢᠯᠡᠳᠪᠦᠷᠢᠯᠡᠯ ᠪᠣᠷᠣᠯᠠᠭᠤᠯᠭ᠎ᠠ ᠶᠢᠨ ᠵᠣᠯᠭᠠᠭᠤᠯᠬᠤ ᠶᠢ ᠠᠬᠢᠭᠤᠯᠤᠨ᠎ᠠ᠃ | ᠵᠢᠷᠭᠤᠭ᠎ᠠ ᠳᠤ ᠠᠵᠤ ᠦᠢᠯᠡᠰ ᠤᠨ ᠣᠷᠣᠯᠭ᠎ᠠ ᠶᠢ ᠨᠡᠮᠡᠭᠳᠡᠭᠦᠯᠦᠨ ᠳᠠᠶᠢᠴᠢᠯᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ | ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠵᠦ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠳᠡᠭᠡᠳᠦ | ᠲᠡᠰ ᠤᠨ ᠬᠤᠤᠷ ᠦᠭᠡᠶᠢᠳᠡᠭᠦᠯᠦᠭᠰᠡᠨ ᠦᠷ᠎ᠡ ᠶᠢᠨ ᠲᠥᠮᠥᠰᠥ ᠶᠢ ᠶᠡᠬᠡᠪᠡᠷ ᠳᠡᠯᠭᠡᠷᠡᠭᠦᠯᠦᠨ ᠬᠡᠷᠡᠭᠯᠡᠵᠦ᠂ | ᠦᠢᠯᠡᠳᠪᠦᠷᠢᠯᠡᠯ ᠢ ᠪᠠᠷᠢᠮᠵᠢᠶᠠᠵᠢᠭᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠰᠢᠨ᠎ᠡ ᠮᠡᠷᠭᠡᠵᠢᠯ᠂ | ᠰᠢᠨ᠎ᠡ ᠡᠭᠦᠯᠳᠡᠷ ᠢ ᠢᠳᠡᠪᠬᠢᠲᠡᠶ ᠬᠡᠷᠡᠭᠯᠡᠨ᠎ᠡ᠃ | ᠡᠭᠦᠯᠳᠡᠷ ᠢ ᠲᠣᠬᠢᠷᠠᠭᠤᠯᠤᠨ ᠰᠢᠯᠢᠳᠡᠭᠵᠢᠭᠦᠯᠵᠦ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠴᠢᠨᠠᠷ ᠰᠠᠶᠢᠲᠠᠶ | ᠰᠣᠷᠭᠤᠭ ᠢᠳᠡᠭᠡᠨ ᠤ ᠲᠥᠮᠥᠰᠥ ᠶᠢᠨ ᠡᠭᠦᠯᠳᠡᠷ ᠢ ᠭᠤᠤᠯᠳᠠᠯᠭ᠎ᠠ ᠲᠠᠢ ᠳᠡᠯᠭᠡᠷᠡᠭᠦᠯᠦᠨ᠎ᠡ︔ ᠳᠡᠭᠡᠳᠦ ᠲᠠᠰ ᠤᠨ | ᠡᠷᠡᠭᠦᠯᠵᠢᠭᠦᠯᠬᠦ ᠳᠤ ᠲᠤᠰᠬᠠᠶ ᠬᠡᠷᠡᠭᠯᠡᠬᠦ ᠡᠭᠦᠯᠳᠡᠷ ᠢ ᠵᠣᠬᠢᠰᠲᠠᠶ ᠳᠡᠯᠭᠡᠷᠡᠭᠦᠯᠦᠨ᠎ᠡ︔ ᠭᠠᠵᠠᠷ ᠣᠷᠣᠨ ᠤ ᠪᠠᠶᠢᠳᠠᠯ ᠳᠤ | ᠨᠢ ᠲᠤᠬᠢᠷᠠᠭᠤᠯᠤᠨ ᠪᠣᠯᠪᠠᠰᠤᠷᠠᠭᠤᠯᠬᠤ ᠳᠤ ᠲᠤᠰᠬᠠᠶ ᠬᠡᠷᠡᠭᠯᠡᠬᠦ ᠴᠢᠨᠠᠷ ᠰᠠᠶᠢᠲᠠᠶ ᠡᠭᠦᠯᠳᠡᠷ ᠢ ᠳᠡᠯᠭᠡᠷᠡᠭᠦᠯᠦᠨ᠎ᠡ᠃ | ᠶᠠᠰᠤ ᠴᠢᠨᠠᠷ ᠢ ᠳᠡᠭᠡᠭᠰᠢᠯᠡᠭᠦᠯᠦᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠪᠣᠬᠢᠷᠲᠤᠯ ᠦᠭᠡᠢ ᠪᠦᠭᠡᠳ | ᠣᠷᠭᠠᠨᠢᠭ᠂ ᠬᠠᠭᠤᠷᠠᠶ ᠲᠠᠷᠢᠶᠠᠯᠠᠭ᠎ᠠ ᠶᠢᠨ ᠠᠮᠢ ᠠᠬᠤᠢ ᠶᠢᠨ ᠰᠢᠨ᠎ᠡ ᠰᠣᠷᠭᠤᠭ ᠢᠳᠡᠭᠡᠨ ᠤ ᠲᠥᠮᠥᠰᠥ ᠶᠢ ᠶᠡᠬᠡᠪᠡᠷ | ᠬᠥᠭᠵᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠬᠡᠪᠴᠢᠶᠡᠵᠢᠭᠦᠯᠦᠨ ᠲᠠᠷᠢᠬᠤ ᠪᠠᠷ ᠣᠷᠣᠯᠭ᠎ᠠ ᠶᠢᠨ ᠨᠡᠮᠡᠭᠳᠡᠯ ᠢ ᠳᠠᠶᠢᠴᠢᠯᠠᠨ᠎ᠠ᠃ ᠲᠥᠮᠥᠰᠥ ᠡᠵᠡᠩᠨᠡᠬᠦ ᠡᠯ᠎ᠡ | ᠲᠥᠷᠥᠯ ᠤᠨ ᠭᠤᠤᠯ ᠴᠣᠭᠴᠠ ᠪᠣᠯᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ | ᠲᠦᠷᠭᠡᠳᠬᠡᠨ ᠪᠤᠶᠢᠵᠢᠭᠤᠯᠵᠤ᠂ ᠵᠣᠬᠢᠬᠤ ᠬᠡᠪᠴᠢᠶᠡᠵᠢᠯ ᠲᠠᠢ ᠦᠢᠯᠡᠳᠪᠦᠷᠢᠯᠡᠯ ᠢ ᠬᠥᠭᠵᠢᠭᠦᠯᠦᠨ᠎ᠡ᠃ | ᠬᠤᠯᠪᠤᠬᠤ ᠲᠣᠭᠲᠠᠴᠠ ᠶᠢ ᠲᠡᠭᠦᠯᠳᠡᠷᠵᠢᠭᠦᠯᠦᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠨ᠎ᠠ᠃ ︽ᠬᠥᠲᠥᠴᠢ | ᠠᠵᠤ ᠠᠬᠤᠶᠢᠯᠠᠯ + ᠬᠤᠷᠰᠢᠶ᠎ᠠ + ᠶᠠᠳᠠᠭᠤ ᠬᠦᠴᠢᠷᠳᠡᠯᠲᠡᠶ ᠮᠠᠯᠴᠢᠨ ᠲᠠᠷᠢᠶᠠᠴᠢᠨ ᠡᠷᠦᠬᠡ︾ ᠵᠡᠷᠭᠡ ᠠᠰᠢᠭ | ᠲᠤᠰᠠ ᠶᠢ ᠨᠢ ᠬᠤᠯᠪᠣᠬᠤ ᠵᠠᠭᠪᠤᠷ ᠢ ᠳᠡᠯᠭᠡᠷᠡᠭᠦᠯᠵᠦ᠂ ᠣᠯᠠᠨ ᠡᠰᠢᠲᠦ ᠠᠰᠢᠭ ᠲᠤᠰᠠ ᠶᠢ ᠬᠤᠯᠪᠣᠬᠤ | ᠲᠣᠭᠲᠠᠴᠠ ᠶᠢ ᠪᠠᠶᠢᠭᠤᠯᠤᠨ᠎ᠠ᠃ | ᠠᠰᠠᠭᠤᠯᠲᠠ᠄ ᠶᠠᠮᠠᠷ ᠶᠠᠮᠠᠷ ᠳᠡᠮᠵᠢᠬᠦ ᠲᠥᠷᠥ ᠶᠢᠨ ᠪᠣᠳᠣᠯᠭ᠎ᠠ ᠪᠠᠶᠢᠬᠤ ᠪᠣᠶ︖ | ᠬᠠᠷᠢᠭᠤᠯᠲᠠ᠄ ᠲᠥᠮᠥᠰᠥ ᠲᠠᠷᠢᠭᠴᠢᠳ ᠤᠨ ᠨᠡᠮᠡᠭᠦᠷᠢ᠃ ᠤᠯᠤᠰ ᠤᠨ ᠲᠥᠷᠥ ᠶᠢᠨ ᠪᠣᠳᠣᠯᠭ᠎ᠠ ᠶᠢᠨ ᠶᠡᠭᠡ | ᠪᠣᠷᠣ ᠲᠥᠯᠥᠪ ᠤᠨ ᠳᠣᠣᠷ᠎ᠠ᠂ ᠥᠪᠡᠷᠲᠡᠭᠡᠨ ᠵᠠᠰᠠᠬᠤ ᠣᠷᠣᠨ ᠠᠴᠠ ᠡᠷᠳᠡᠨᠢ ᠰᠢᠰᠢ ᠪᠣᠯᠤᠨ ᠰᠢᠷ᠎ᠠ ᠪᠤᠷᠴᠠᠭ ᠤᠨ | ᠦᠢᠯᠡᠳᠪᠦᠷᠢᠯᠡᠯ ᠤᠨ ᠨᠡᠮᠡᠭᠦᠷᠢ ᠪᠡᠯᠡ ᠮᠥᠩᠭᠦ ᠠᠴᠠ 5% ᠶᠢ ᠲᠣᠬᠢᠷᠠᠭᠤᠯᠵᠤ᠂ ᠨᠥᠬᠦᠴᠡᠯ ᠢ ᠬᠠᠩᠭᠠᠭᠰᠠᠨ | ᠲᠠᠷᠢᠶᠠᠴᠢᠨ ᠡᠷᠦᠬᠡ ᠪᠣᠯᠤᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠳᠤ ᠲᠠᠷᠢᠮᠠᠯ ᠤᠨ ᠨᠡᠮᠡᠭᠦᠷᠢ | ᠣᠯᠭᠤᠨ᠎ᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠡᠮᠡᠭᠦᠷᠢ᠃ ᠮᠠᠨ ᠤ ᠣᠷᠣᠨ ᠤ ᠰᠢᠨᠵᠢᠯᠡᠬᠦ | ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠪᠣᠯᠤᠨ ᠠᠵᠤ ᠠᠬᠤᠶᠢᠯᠠᠯ ᠤᠨ ᠰᠣᠩᠭᠤᠨ ᠪᠤᠶᠢᠵᠢᠭᠤᠯᠤᠭᠰᠠᠨ | ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠲᠠᠢ ᠴᠢᠨᠠᠷ ᠰᠠᠶᠢᠲᠠᠶ ᠰᠢᠨ᠎ᠡ ᠡᠭᠦᠯᠳᠡᠷ ᠲᠤ ᠨᠢᠭᠡ ᠯᠡ | ᠤᠳᠠᠭ᠎ᠠ ᠶᠢᠨ ᠴᠢᠨᠠᠷᠲᠠᠶ ᠱᠠᠩᠨᠠᠯ ᠣᠯᠭᠤᠨ᠎ᠠ᠃ | ᠲᠥᠮᠥᠰᠥ ᠪᠣᠯᠪᠠᠰᠤᠷᠠᠭᠤᠯᠬᠤ ᠵᠠᠬᠢᠶᠠᠯᠠᠭ᠎ᠠ ᠶᠢᠨ ᠨᠡᠮᠡᠭᠦᠷᠢ᠃ ᠪᠠᠷᠢᠮᠵᠢᠶᠠᠵᠢᠭᠤᠯᠤᠨ ᠲᠠᠷᠢᠭᠰᠠᠨ ᠮᠥᠷᠲᠡᠭᠡᠨ | ᠬᠦᠴᠦᠨ ᠲᠠᠢ ᠵᠠᠬᠢᠶᠠᠯᠠᠭ᠎ᠠ ᠶᠢᠨ ᠬᠠᠭᠤᠳᠠᠰᠤ ᠪᠦᠷᠢᠯᠳᠦᠭᠦᠯᠦᠭᠰᠡᠨ ᠪᠠᠶᠢᠪᠠᠯ ᠬᠤᠳᠠᠯᠳᠤᠨ ᠠᠪᠬᠤ ᠭᠤᠤᠯ | ᠴᠣᠭᠴᠠ ᠳᠤ ᠨᠡᠮᠡᠭᠦᠷᠢ ᠣᠯᠭᠤᠨ᠎ᠠ᠃ | ᠠᠰᠠᠭᠤᠯᠲᠠ᠄ ᠶᠠᠮᠠᠷ ᠶᠠᠮᠠᠷ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠶᠢᠬᠤ ᠪᠣᠶ︖ | ᠬᠠᠷᠢᠭᠤᠯᠲᠠ᠄ ᠨᠢᠭᠡ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠰᠠᠯᠠᠭ᠎ᠠ ᠮᠥᠴᠢᠷ ᠤᠨ ᠬᠦᠴᠦᠨ ᠢ ᠨᠢᠭᠡᠳᠦᠯᠲᠡᠶ | ᠲᠦᠯᠦᠪᠯᠡᠵᠦ᠂ ᠲᠡᠳᠬᠦᠬᠦ ᠠᠷᠭ᠎ᠠ ᠬᠡᠮᠵᠢᠶ᠎ᠡ ᠨᠡᠶᠢᠲᠡᠯᠡᠨ᠂ ᠭᠤᠤᠯ ᠭᠠᠷᠤᠯᠲᠠ ᠶᠢᠨ ᠣᠷᠣᠨ ᠤ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ | ᠲᠤᠰᠢᠶᠠᠯ ᠢᠶᠠᠨ ᠭᠦᠢᠴᠡᠳᠭᠡᠵᠦ᠂ ᠬᠠᠮᠵᠢᠯᠴᠠᠨ ᠢᠵᠢ ᠪᠦᠷᠢᠳᠦᠭᠦᠯᠦᠨ᠂ ᠢᠵᠢ ᠪᠦᠷᠢᠳᠦᠭᠦᠯᠦᠨ | ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠤᠭᠲᠠᠭᠠᠨ᠎ᠠ᠃ | ᠬᠤᠶᠠᠷ ᠲᠤ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ | ᠣᠷᠣᠨ ᠠᠴᠠ ᠠᠵᠤ ᠦᠢᠯᠡᠰ ᠤᠨ ᠬᠥᠭᠵᠢᠯᠲᠡ ᠶᠢᠨ ᠪᠡᠯᠡ ᠮᠥᠩᠭᠦ ᠪᠠᠷ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ | ᠭᠤᠤᠯ ᠭᠠᠷᠤᠯᠲᠠ ᠶᠢᠨ ᠣᠷᠣᠨ ᠤ ᠠᠷᠠᠳ ᠤᠨ ᠵᠠᠰᠠᠭ ᠤᠨ ᠣᠷᠳᠣᠨ ᠬᠠᠮᠢᠶ᠎ᠠ ᠪᠦᠬᠦᠢ ᠪᠡᠯᠡ ᠮᠥᠩᠭᠦ ᠪᠠ ᠲᠥᠷᠥᠯ | ᠵᠦᠢᠯ ᠢ ᠨᠢᠭᠡᠳᠦᠯᠲᠡᠶ ᠲᠦᠯᠦᠪᠯᠡᠨ᠂ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ | ᠭᠤᠤᠯᠳᠠᠯᠭ᠎ᠠ ᠲᠠᠢ ᠭᠠᠵᠠᠷ ᠣᠷᠣᠨ᠂ ᠵᠠᠩᠭᠢᠯᠠᠭ᠎ᠠ ᠶᠢᠨ ᠭᠤᠭᠴᠤᠭ᠎ᠠ ᠳᠤ ᠴᠢᠭᠯᠡᠭᠦᠯᠦᠨ ᠲᠡᠳᠬᠦᠬᠦ ᠲᠥᠷᠥ ᠶᠢᠨ | ᠪᠤᠳᠤᠯᠭ᠎ᠠ ᠶᠢ ᠨᠡᠶᠢᠲᠡᠯᠡᠨ᠎ᠡ᠃ | ᠭᠤᠷᠪᠠ ᠳᠤ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠷᠠᠭᠤᠯᠤᠨ᠎ᠠ᠃ ᠲᠦᠮᠦᠰᠦ ᠶᠢᠨ ᠠᠵᠤ | ᠦᠢᠯᠡᠰ ᠤᠨ ᠰᠠᠭᠤᠷᠢ ᠮᠥᠩᠭᠦ ᠳᠤ ᠲᠦᠰᠢᠭᠯᠡᠨ᠂ ᠲᠦᠮᠦᠰᠦ ᠶᠢᠨ ᠠᠵᠤ ᠦᠢᠯᠡᠰ ᠤᠨ ᠬᠥᠭᠵᠢᠯᠲᠡ ᠶᠢ ᠬᠦᠴᠦᠲᠡᠢ | ᠳᠠᠮᠵᠢᠨ᠎ᠠ᠃ ᠵᠢᠭᠡᠯᠡᠯᠭᠡ ᠪᠤᠶᠤ ᠢᠲᠡᠭᠡᠮᠵᠢ ᠣᠯᠭᠤᠬᠤ ᠬᠡᠮᠵᠢᠶ᠎ᠡ ᠶᠢ ᠵᠣᠬᠢᠴᠠᠭᠤᠯᠤᠨ ᠳᠡᠭᠡᠭᠰᠢᠯᠡᠭᠦᠯᠵᠦ᠂ ᠵᠢᠵᠢᠭ | ᠠᠵᠤ ᠠᠬᠤᠶᠢᠯᠠᠯ ᠳᠤ ᠳᠠᠬᠢᠨᠲᠠ ᠵᠢᠭᠡᠯᠡᠯᠭᠡ ᠦᠭᠴᠦ ᠳᠡᠮᠵᠢᠬᠦ ᠵᠡᠷᠭᠡ ᠶᠢ ᠰᠢᠨ᠎ᠡ ᠪᠠᠷ ᠨᠡᠮᠡᠭᠳᠡᠭᠦᠯᠵᠦ ᠵᠢᠵᠢᠭ ᠪᠢᠴᠢᠯ | ᠠᠵᠤ ᠠᠬᠤᠶᠢᠯᠠᠯ ᠢ ᠳᠡᠮᠵᠢᠨ᠂ ᠳᠠᠭᠠᠳᠬᠠᠯ ᠤᠨ ᠰᠢᠨ᠎ᠡ ᠨᠡᠷᠡᠳᠭᠦᠨ ᠢ ᠢᠳᠡᠪᠬᠢᠲᠡᠶ ᠰᠦᠪᠡᠭᠴᠢᠯᠡᠵᠦ᠂ | ᠬᠤᠭᠤᠴᠠᠭᠠᠲᠤ ᠪᠠᠷᠠᠭ᠎ᠠ ᠶᠢᠨ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠤᠨ᠎ᠠ᠃ | ᠳᠥᠷᠪᠡ ᠳᠤ ᠮᠡᠷᠭᠡᠵᠢᠯ ᠤᠨ ᠦᠢᠯᠡᠴᠢᠯᠡᠭᠡ ᠶᠢ ᠴᠢᠩᠭᠠᠳᠬᠠᠨ᠎ᠠ᠃ ᠦᠢᠯᠡᠳᠪᠦᠷᠢᠯᠡᠬᠦ ᠵᠢᠭᠠᠬᠤ ᠰᠤᠳᠤᠯᠬᠤ | ᠣᠯᠠᠨ ᠲᠠᠯ᠎ᠠ ᠶᠢᠨ ᠮᠡᠷᠭᠡᠵᠢᠯ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠠᠵᠤ ᠦᠢᠯᠡᠰ ᠤᠨ ᠬᠥᠭᠵᠢᠯᠲᠡ ᠳᠤ | ᠬᠦᠴᠦᠲᠡᠶ ᠮᠡᠷᠭᠡᠵᠢᠯ ᠤᠨ ᠦᠢᠯᠡᠴᠢᠯᠡᠭᠡᠨ ᠤ ᠲᠤᠯᠭᠠᠭᠤᠷᠢᠯᠠᠯ ᠬᠠᠩᠭᠠᠨ᠎ᠠ᠃ | ᠲᠠᠪᠤ ᠳᠤ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠳᠬᠠᠨ᠎ᠠ᠃ ᠬᠢᠨᠠᠯᠲᠠ ᠲᠠᠯᠪᠢᠵᠤ ᠰᠢᠯᠭᠠᠨ | ᠬᠢᠨᠠᠬᠤ ᠶᠢ ᠴᠢᠩᠭᠠᠷᠠᠭᠤᠯᠵᠤ᠂ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠤᠨ᠂ ᠬᠠᠷᠢᠭᠤᠴᠠᠯᠭ᠎ᠠ ᠶᠢ | ᠨᠠᠷᠢᠯᠢᠬᠵᠢᠭᠤᠯᠵᠤ᠂ ᠡᠯ᠎ᠡ ᠲᠦᠷᠦᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ | |