ᠲᠠᠷᠢᠶᠠᠯᠠᠬᠤ ᠠᠵᠢᠯ ᠡᠬᠢᠯᠡᠬᠦ ᠠᠴᠠ ᠡᠮᠦᠨ᠎ᠡ᠂ ᠲᠦᠷᠦᠭᠦᠦ ᠵᠢᠯ ᠤᠨ ᠦᠯᠡᠳᠡᠭᠡᠭᠰᠡᠨ ᠲᠠᠷᠢᠶᠠᠨ ᠦᠷ᠎ᠡ ᠪᠠᠨ | ᠰᠢᠯᠢᠵᠦ ᠰᠤᠩᠭᠤᠬᠤ ᠠᠵᠢᠯ ᠬᠢᠳᠡᠭ᠃ ᠲᠠᠷᠢᠶᠠᠨ ᠦᠷ᠎ᠡ ᠶᠢ ᠰᠠᠶᠢᠨ ᠰᠤᠩᠭᠤᠬᠤ ᠨᠢ ᠲᠡᠷᠢᠶᠡᠯᠡᠩ ᠤᠨ ᠬᠤᠷᠢᠶᠠᠯᠲᠠ | ᠲᠠᠢ ᠰᠢᠭᠤᠳ ᠬᠤᠯᠪᠤᠭᠳᠠᠬᠤ ᠤᠴᠢᠷ ᠠᠴᠠ ᠦᠷ᠎ᠡ ᠰᠤᠩᠭᠤᠬᠤ ᠠᠵᠢᠯ ᠢ ᠴᠠᠭ ᠬᠤᠭᠤᠴᠠᠭ᠎ᠠ ᠳᠤ ᠨᠢ | ᠲᠤᠬᠢᠷᠠᠭᠤᠯᠵᠤ᠂ ᠨᠠᠷᠢᠨ ᠬᠢᠨᠠᠮᠠᠭᠠᠢ ᠭᠦᠢᠴᠡᠳᠭᠡᠳᠡᠭ ᠪᠠᠶᠢᠨ᠎ᠠ᠃ ᠲᠠᠷᠢᠶᠠᠨ ᠦᠷ᠎ᠡ ᠰᠤᠩᠭᠤᠬᠤ ᠳᠤ ᠪᠠᠨ ᠦᠷ᠎ᠡ | ᠲᠠᠷᠢᠶᠠᠨ ᠤ ᠤᠬᠢ ᠰᠢᠯᠢᠳᠡᠭ ᠠᠴᠠ ᠰᠢᠯᠢᠵᠦ ᠰᠤᠩᠭᠤᠬᠤ᠂ ᠬᠤᠷᠤᠬᠠᠶᠢᠰᠢᠵᠤ ᠭᠡᠮᠳᠦᠭᠰᠡᠨ᠂ ᠢᠯᠵᠢᠷᠡᠵᠦ | ᠮᠠᠭᠤᠲᠠᠭᠰᠠᠨ ᠢ ᠨᠢ ᠢᠯᠭᠠᠵᠤ ᠠᠪᠤᠭᠠᠳ᠂ ᠲᠠᠷᠢᠬᠤ ᠦᠷ᠎ᠡ ᠪᠠᠨ ᠴᠢᠭᠢᠭ ᠰᠠᠯᠬᠢ ᠲᠠᠢ ᠭᠠᠵᠠᠷ ᠲᠠᠯᠪᠢᠬᠤ᠂ ᠨᠠᠷᠠ | ᠦᠵᠡᠭᠦᠯᠬᠦ ᠮᠡᠲᠦ ᠪᠠᠷ ᠪᠡᠯᠡᠳᠭᠡᠯ ᠬᠢᠳᠡᠭ᠃ | | | ︵ᠢᠷᠡᠯᠲᠡ᠄ ᠦᠪᠦᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠶᠢᠨ ᠬᠡᠪᠯᠡᠭᠰᠡᠨ ︽ᠮᠣᠩᠭᠤᠯ | ᠰᠤᠳᠤᠯᠤᠯ ᠤᠨ ᠨᠡᠪᠲᠡᠷᠬᠡᠢ ᠲᠤᠯᠢ ︵ᠵᠠᠩ ᠦᠢᠯᠡ︶︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶ | |